《5᠂ 4》 ᠤ ᠨᠤᠮ ᠤᠩᠰᠢᠵᠤ ᠂ ᠬᠦᠰᠡᠯ ᠳᠦ ᠵᠢᠬᠦᠷ ᠤᠷᠭᠤᠯᠤᠶ᠎ᠠ
2016.05.06 ᠲᠣᠰ ᠥᠷᠲᠡᠭᠡᠨ ᠦ ᠨᠠᠢᠷᠠᠭᠤᠯᠤᠭᠴᠢ

 

 

 

 

《5᠂ 4》ᠵᠠᠯᠠᠭᠤᠴᠤᠳ ᠤᠨ ᠪᠠᠶᠠᠷ ᠢ ᠪᠡᠯᠡᠭᠯᠡᠬᠦ  ᠂ ᠮᠠᠨ ᠤ ᠬᠤᠷᠢᠶᠠᠨ ᠤ ᠵᠠᠯᠠᠭᠤ ᠺᠠᠲᠠᠷ ᠴᠠᠭᠳᠠᠭ᠎ᠠ ᠨᠠᠷ ᠢ ᠨᠤᠮ ᠤᠩᠰᠢᠬᠤ ᠰᠠᠢᠨ ᠳᠠᠳᠬᠠᠯ ᠲᠠᠢ ᠪᠤᠯᠭᠠᠬᠤ ᠶᠢᠨ ᠳᠤᠯᠠᠳᠠ ᠂ 5 ᠰᠠᠷᠠᠢᠨ 4 ᠡᠳᠦᠷ ᠦᠨ ᠦᠳᠡ ᠶᠢᠨ ᠬᠤᠢᠨ᠎ᠠ ᠂ ᠪᠠᠢᠭᠤᠯᠭ᠎ᠠ ᠶᠢᠨ ᠨᠠᠮ ᠤᠨ ᠬᠤᠷᠢᠶᠠᠨ  ᠠᠴᠠ ᠮᠠᠨ ᠤ ᠬᠤᠷᠢᠶᠠᠨ ᠤ ᠵᠠᠯᠠᠭᠤ ᠺᠠᠲᠠᠷ ᠴᠠᠭᠳᠠᠭ᠎ᠠ ᠨᠠᠷ ᠢ ᠵᠤᠬᠢᠶᠠᠨ ᠪᠠᠢᠭᠤᠯᠵᠤ《ᠵᠠᠯᠠᠭᠤᠴᠤᠳ ᠢ ᠨᠤᠮ ᠤᠩᠰᠢᠬᠤ ᠶᠢ ᠤᠷᠢᠶᠠᠨᠯᠠᠨ᠂ ᠪᠢᠴᠢᠭ ᠦᠨ ᠰᠤᠷᠪᠤᠯᠵᠢᠲᠠᠨ ᠤ ᠰᠢᠬᠦᠬᠦ ᠬᠤᠷᠢᠶ᠎ᠠ ᠶᠢ ᠪᠠᠢᠭᠤᠯᠬᠤ》 ᠪᠠᠷ ᠭᠤᠤᠯ ᠰᠡᠳᠦᠪᠲᠦ ᠨᠤᠮ ᠤᠩᠰᠢᠬᠤ ᠬᠦᠳᠡᠯᠭᠡᠭᠡᠨ ᠦᠷᠨᠢᠬᠦᠯᠪᠡ ᠃

      ᠬᠦᠳᠡᠯᠭᠡᠭᠡᠨ ᠳᠤᠮᠳᠠ᠂ ᠪᠠᠢᠭᠤᠯᠭ᠎ᠠ ᠶᠢᠨ ᠨᠠᠮ ᠤᠨ ᠬᠤᠷᠢᠶ᠎ᠠ ᠺᠠᠲᠠᠷ ᠴᠠᠭᠳᠠᠭ᠎ᠠ ᠨᠠᠷ ᠢ ᠵᠤᠬᠢᠶᠠᠨ ᠪᠠᠢᠭᠤᠯᠤᠨ  ᠤᠷᠳᠤᠰ ᠬᠤᠳᠠ ᠶᠢᠨ ᠨᠤᠮ ᠤᠨ ᠰᠠᠩ ᠳᠤ ᠤᠴᠢᠵᠤ ᠨᠤᠮ ᠤᠩᠰᠢᠵᠤ ᠤᠢᠯᠭᠠᠯᠲᠠ ᠪᠠᠨ ᠰᠤᠯᠢᠴᠠᠬᠤ ᠠᠴᠠ ᠭᠠᠳᠠᠨ᠎ᠠ ᠂ ᠪᠠᠰᠠ ᠺᠠᠲᠠᠷ ᠴᠠᠭᠳᠠᠭ᠎ᠠ ᠨᠠᠷ ᠲᠤ ᠨᠤᠮ ᠤᠨ ᠰᠠᠩ ᠤᠨ ᠵᠢᠬᠡᠯᠡᠵᠦ ᠤᠩᠰᠢᠬᠤ ᠦᠨᠡᠮᠯᠡᠯ ᠦᠭᠭᠦᠪᠡ ᠃ ᠮᠠᠨ ᠤ ᠬᠤᠷᠢᠶᠠᠨ ᠤ ᠺᠠᠲᠠᠷ ᠴᠠᠭᠳᠠᠭᠠᠨ ᠤ ᠬᠤᠵᠢᠮ ᠨᠤᠮ ᠤᠩᠰᠢᠬᠤ ᠳᠤ ᠲᠦᠬᠦᠮ ᠪᠤᠯᠵᠤ ᠂ ᠺᠠᠲᠠᠷ ᠴᠠᠭᠳᠠᠭ᠎ᠠ ᠰᠤᠩᠭᠤᠯᠲᠠ ᠬᠢᠵᠦ ᠂ ᠮᠠᠨ ᠤ ᠬᠤᠷᠢᠶ᠎ᠠ ᠨᠢ 60 ᠭᠠᠷᠤᠢ ᠨᠤᠮ ᠨᠢᠬᠡᠳᠦᠯᠲᠠᠢ ᠬᠤᠳᠠᠯᠳᠤᠨ ᠠᠪᠤᠪᠠ ᠃ ᠡᠨᠡ ᠪᠦᠯᠦᠭ ᠨᠤᠮ ᠳᠡᠪᠲᠡᠷ ᠨᠢ ᠮᠠᠨ ᠤ ᠬᠤᠷᠢᠶᠠᠨ ᠤ《ᠵᠠᠯᠠᠭᠤᠴᠤᠳ ᠤᠨ ᠨᠤᠮ ᠤᠨ ᠰᠢᠷᠡᠬᠡ》 ᠶᠢᠨ ᠠᠩᠬᠠᠨ ᠤ ᠨᠢᠬᠡ ᠪᠦᠯᠦᠭ ᠤᠩᠰᠢᠬᠤ ᠨᠤᠮ ᠮᠦᠨ ᠂ ᠮᠠᠨ ᠤ ᠬᠤᠷᠢᠶᠠᠨ ᠤ ᠺᠠᠲᠠᠷ ᠴᠠᠭᠳᠠᠭᠠᠨ ᠤ ᠰᠤᠷᠤᠯᠴᠠᠯᠭ᠎ᠠ ᠰᠤᠯᠢᠴᠠᠬᠤ ᠳᠤ ᠬᠡᠷᠡᠭᠲᠡᠢ ᠃

      ᠮᠠᠨ ᠤ ᠬᠤᠷᠢᠶᠠᠨ ᠤ ᠰᠤᠶᠤᠯ ᠢᠶᠠᠷ ᠰᠢᠬᠦᠬᠦ ᠬᠤᠷᠢᠶ᠎ᠠ ᠪᠠᠢᠭᠤᠯᠬᠤ ᠶᠢ ᠤᠯᠠᠮ ᠨᠢᠬᠡ ᠠᠯᠬᠤᠮ ᠴᠢᠩᠭᠠᠳᠬᠠᠬᠤ ᠶᠢᠨ ᠲᠦᠯᠦᠬᠡ ᠂ ᠬᠦᠴᠦᠨ ᠲᠠᠯᠪᠢᠨ ᠪᠢᠴᠢᠭ ᠦᠨ ᠰᠤᠷᠪᠤᠯᠵᠢᠲᠠᠨ ᠤ ᠰᠢᠬᠦᠬᠦ ᠬᠤᠷᠢᠶ᠎ᠠ ᠪᠠᠢᠭᠤᠯᠤᠨ᠎ᠠ ᠃ ᠮᠠᠨ ᠤ ᠬᠤᠷᠢᠶ᠎ᠠ ᠲᠤᠬᠢᠷᠠᠮᠵᠢᠲᠠᠢ ᠴᠠᠭ ᠲᠤ ᠬᠠᠮᠳᠤ ᠨᠡᠢᠲᠡ ᠶᠢᠨ ᠰᠤᠷᠤᠯᠴᠠᠯᠭ᠎ᠠ ᠬᠢᠬᠦ ᠂ ᠰᠦᠯᠵᠢᠶᠡᠨ ᠳᠡᠭᠡᠷ᠎ᠠ ᠤᠢᠯᠭᠠᠯᠲᠠ ᠰᠤᠯᠢᠴᠠᠬᠤ ᠂ ᠳᠤᠭᠤᠢᠯᠠᠩ ᠬᠤᠪᠢᠶᠠᠵᠤ ᠶᠠᠷᠢᠯᠴᠠᠬᠤ᠂ ᠨᠤᠮ ᠤᠩᠰᠢᠯᠲᠠ ᠶᠢᠨ ᠮᠡᠳᠡᠯᠬᠡ ᠶᠢᠨ ᠤᠷᠤᠯᠳᠤᠭᠠᠨ ᠂ ᠨᠤᠮ ᠤᠩᠰᠢᠭᠰᠠᠨ ᠲᠦᠷᠦᠭᠳᠡᠯ ᠦᠨ ᠰᠤᠯᠢᠯᠴᠠᠭ᠎ᠠ ᠵᠡᠷᠬᠡ ᠤᠯᠠᠨ ᠲᠦᠷᠦᠯ ᠦᠨ ᠠᠷᠭ᠎ᠠ ᠮᠠᠶᠢᠭ ᠤᠨ ᠨᠤᠮ ᠤᠩᠰᠢᠬᠤ ᠬᠦᠳᠡᠯᠬᠡᠬᠡᠨ ᠦᠷᠨᠢᠬᠦᠯᠵᠦ᠂ ᠰᠤᠷᠤᠯᠴᠠᠯᠭ᠎ᠠ ᠶᠢᠨ ᠬᠡᠯᠪᠡᠷᠢᠲᠦ ᠰᠢᠬᠦᠬᠦ ᠬᠤᠷᠢᠶ᠎ᠠ ᠪᠠᠢᠭᠤᠯᠵᠤ ᠂ ᠨᠤᠮ ᠤᠩᠰᠢᠬᠤ ᠶᠢ ᠬᠦᠨᠳᠦᠳᠬᠡᠬᠦ ᠦᠷᠬᠡᠨ ᠤᠯᠠᠨ ᠵᠠᠯᠠᠭᠤ ᠺᠠᠲᠠᠷ ᠴᠠᠭᠳᠠᠭ᠎ᠠ ᠂ ᠰᠠᠢᠨ ᠳᠤᠷ᠎ᠠ ᠠᠴᠠ ᠪᠠᠨ ᠨᠤᠮ ᠤᠩᠰᠢᠬᠤ ᠰᠠᠢᠬᠠᠨ ᠳᠠᠳᠬᠠᠯ ᠲᠠᠢ ᠪᠤᠯᠬᠤ   ᠶᠢ ᠬᠦᠮᠦᠵᠢᠬᠦᠯᠵᠦ᠂ ᠤᠯᠠᠮ ᠨᠢᠬᠡ ᠠᠯᠬᠤᠮ ᠨᠤᠮ ᠤᠯᠠᠨ ᠤᠩᠰᠢᠬᠤ ᠂ ᠰᠠᠢᠨ ᠨᠤᠮ ᠤᠩᠰᠢᠬᠤ ᠰᠠᠢᠨ ᠤᠷᠴᠢᠨ ᠲᠤᠭᠤᠷᠢᠨ ᠪᠠ ᠬᠡᠪ ᠰᠤᠷᠳᠠᠯ ᠪᠤᠢ ᠪᠤᠯᠵᠤ ᠂ ᠪᠦᠬᠦ ᠬᠤᠷᠢᠶᠠᠨ ᠤ ᠵᠠᠯᠠᠭᠤ ᠺᠠᠲᠠᠷ ᠴᠠᠭᠳᠠᠭ᠎ᠠ ᠨᠢ ᠨᠤᠮ ᠤᠩᠰᠢᠬᠤ ᠠᠴᠠ ᠬᠠᠷᠠᠭ᠎ᠠ ᠪᠠᠨ ᠦᠷᠭᠡᠳᠬᠡᠵᠦ ᠂ ᠮᠡᠳᠡᠯᠬᠡ ᠪᠡᠨ ᠨᠡᠮᠡᠭᠳᠡᠬᠦᠯᠵᠦ ᠂ ᠰᠠᠨᠠᠭ᠎ᠠ ᠰᠡᠳᠬᠢᠯᠬᠡ ᠪᠡᠨ ᠪᠤᠯᠪᠠᠰᠤᠷᠠᠯᠭᠤᠵᠤ ᠂ ᠤᠯᠠᠮ ᠨᠢᠬᠡ ᠠᠯᠬᠤᠮ ᠵᠠᠯᠠᠭᠤ ᠺᠠᠲᠠᠷ ᠴᠠᠭᠳᠠᠭ᠎ᠠ ᠶᠢᠨ ᠠᠵᠢᠯ  ᠳᠤ ᠪᠠᠨ ᠬᠠᠯᠠᠭᠤᠨ ᠰᠡᠳᠬᠢᠯ ᠲᠠᠢ ᠪᠠ ᠰᠢᠨ᠎ᠠ ᠶᠢ ᠡᠭᠦᠳᠬᠦ ᠠᠮᠢᠵᠢᠷᠠᠯ ᠤᠨ ᠬᠦᠴᠦᠨ ᠢ ᠬᠥᠭᠵᠢᠭᠡᠨ᠎ᠡ ᠃

ᠦᠨᠡᠯᠡᠬᠦ 0ᠦᠨᠡᠯᠡᠯᠲᠡ ᠲᠠᠢ


( ᠨᠧᠲ ᠨᠠᠢᠵᠠ ᠵᠢᠨ ᠦᠨᠡᠯᠡᠯᠲᠡ ᠨᠢ ᠵᠦᠪᠭᠡᠨ ᠲᠡᠭᠦᠨ ᠊ᠤ᠌ ᠬᠤᠪᠢ ᠭᠦᠮᠦᠨ ᠊ᠤ᠌ ᠦᠵᠡᠯᠲᠡ ᠲᠡᠳᠦᠢ᠂ ᠲᠤᠰ ᠨᠧᠲ ᠦᠷᠳᠡᠭᠡ ᠲᠡᠭᠦᠨ ᠊ᠤ᠌ ᠦᠵᠡᠯᠲᠡ ᠵᠢ ᠵᠦᠪᠰᠢᠶᠡᠷᠡᠭᠰᠡᠨ ᠶᠠᠪᠤᠳᠠᠯ ᠤᠭᠳᠤ ᠪᠢᠰᠢ ᠶᠤᠮ᠃ )