【ᠬᠤᠶᠠᠷ ᠢ ᠰᠤᠷᠴᠤ ᠨᠢᠬᠡ ᠶᠢ ᠬᠢᠬᠦ】ᠰᠢ ᠵᠢᠨ ᠫᠢᠩ ᠶᠡᠷᠦᠩᠭᠡᠢ ᠱᠦᠵᠢ ᠶᠢᠨ ᠰᠢᠷᠢᠰ ᠴᠢᠬᠤᠯᠠ ᠶᠠᠷᠢᠶᠠᠨ ᠤ ᠤᠩᠰᠢᠬᠤ ᠪᠢᠴᠢᠭ(2016 ᠤᠨ ᠤ ᠬᠡᠪᠯᠡᠯ)
2016.05.31 ᠲᠣᠰ ᠥᠷᠲᠡᠭᠡᠨ ᠦ ᠨᠠᠢᠷᠠᠭᠤᠯᠤᠭᠴᠢ

(ᠭᠠᠷᠴᠠᠭ ᠂ ᠤᠷᠤᠰᠢᠯ᠂ ᠨᠢᠬᠡᠳᠦᠬᠡᠷ ᠳᠤᠰᠬᠠᠢ ᠰᠡᠳᠦᠪ)

《ᠬᠤᠶᠠᠷ ᠨᠢᠬᠡ ᠵᠠᠭᠤᠨ ᠵᠢᠯ》ᠳᠡᠮᠡᠴᠡᠬᠦ ᠬᠠᠷᠠᠯᠲᠠ  ᠶᠢ ᠪᠡᠶᠡᠯᠡᠬᠦᠯᠬᠦ ᠪᠠ ᠳᠤᠮᠳᠠᠳᠤ ᠶᠢᠨ ᠦᠨᠳᠦᠰᠦᠲᠡᠨ ᠦ ᠠᠭᠤᠤ ᠶᠡᠬᠡ ᠰᠡᠷᠭᠦᠨ ᠮᠠᠨᠳᠤᠯᠲᠠ  ᠶᠢᠨ ᠰᠢᠨᠵᠢᠯᠡᠬᠦ ᠤᠬᠠᠭᠠᠨᠴᠢ ᠵᠢᠯᠤᠭᠤᠳᠤᠯᠭ᠎ᠠ ᠪᠤᠯᠤᠨ ᠦᠢᠯᠡ ᠠᠵᠢᠯᠯᠠᠭᠠᠨ ᠤ ᠵᠢᠭᠠᠪᠤᠷᠢ

ᠨᠢᠬᠡ ᠂ ᠳᠤᠮᠳᠠᠳᠤ ᠶᠢᠨ ᠦᠨᠳᠦᠰᠦᠲᠡᠨ ᠦ ᠤᠢᠷ᠎ᠠ ᠦᠶ᠎ᠠ ᠶᠢᠨ ᠬᠠᠮᠤᠭ ᠶᠡᠬᠡ ᠬᠦᠰᠡᠯᠡᠩ—— ᠳᠤᠮᠳᠠᠳᠤ ᠶᠢᠨ ᠦᠨᠳᠦᠰᠦᠲᠡᠨ ᠦ ᠠᠭᠤᠤ ᠶᠡᠬᠡ ᠰᠡᠷᠭᠦᠨ ᠮᠠᠨᠳᠤᠯᠲᠠ ᠶᠢᠨ ᠳᠤᠮᠳᠠᠳᠤ ᠤᠯᠤᠰ ᠤᠨ ᠬᠦᠰᠡᠯᠡᠩ  ᠢ ᠪᠡᠶᠡᠯᠡᠬᠦᠯᠬᠦ ᠳᠤᠬᠠᠢ

1.ᠳᠤᠮᠳᠠᠳᠤ ᠤᠯᠤᠰ ᠤᠨ ᠬᠦᠰᠡᠯᠡᠩ ᠨᠢ ᠬᠡᠳᠦᠨ ᠦᠶ᠎ᠠ ᠶᠢᠨ ᠳᠤᠮᠳᠠᠳᠤ ᠤᠯᠤᠰ ᠤᠨ ᠬᠦᠮᠦᠨ ᠦ ᠤᠭ ᠤᠨ ᠬᠦᠰᠡᠯ

2.ᠳᠤᠮᠳᠠᠳᠤ ᠤᠯᠤᠰ ᠤᠨ ᠬᠦᠰᠡᠯᠡᠩ ᠪᠤᠯ ᠡᠴᠦᠰ ᠦᠨ ᠡᠴᠦᠰ ᠲᠦ ᠪᠡᠨ ᠠᠷᠠᠳ ᠲᠦᠮᠡᠨ ᠦ ᠬᠦᠰᠡᠯᠩ ᠮᠦᠨ

3.ᠳᠤᠮᠳᠠᠳᠤ ᠤᠯᠤᠰ ᠤᠨ ᠵᠠᠮ ᠢ ᠪᠠᠷᠢᠮᠳᠠᠯᠠᠵᠤ ᠂ ᠳᠤᠮᠳᠠᠳᠤ ᠤᠯᠤᠰ ᠤᠨ ᠵᠤᠷᠢᠭ ᠰᠠᠨᠠᠭ᠎ᠠ ᠶᠢ ᠪᠠᠳᠠᠷᠠᠭᠤᠯᠵᠤ ᠂ ᠳᠤᠮᠳᠠᠳᠤ ᠤᠯᠤᠰ ᠤᠨ ᠬᠦᠴᠦᠨ ᠢ ᠨᠢᠭᠳᠠᠷᠠᠭᠤᠯᠤᠨ᠎ᠠ

4.ᠪᠤᠳᠠᠳᠠᠢ ᠠᠵᠢᠯ ᠬᠢᠬᠦ ᠨᠢ ᠰᠠᠶᠢ ᠬᠦᠰᠡᠯᠡᠩ ᠢ ᠪᠡᠶᠡᠯᠡᠬᠦᠯᠵᠦ ᠳᠡᠢᠯᠦᠨ᠎ᠠ

5.ᠳᠤᠮᠳᠠᠳᠤ ᠤᠯᠤᠰ ᠤᠨ ᠬᠦᠰᠡᠯᠡᠩ ᠪᠤᠯᠤᠨ ᠳᠡᠯᠡᠬᠡᠢ ᠶᠢᠨ ᠠᠷᠠᠳ ᠲᠦᠮᠡᠨ ᠦ ᠰᠠᠢᠨ ᠰᠠᠢᠬᠠᠨ ᠬᠦᠰᠡᠯᠡᠩ ᠲᠠᠢ ᠬᠤᠯᠪᠤᠭ᠎ᠠ ᠲᠠᠢ ᠪᠠᠢᠳᠠᠭ

ᠬᠤᠶᠠᠷ ᠂ ᠳᠤᠮᠳᠠᠳᠤ ᠤᠯᠤᠰ ᠤᠨ ᠦᠨᠳᠦᠰᠦᠲᠡᠨ ᠦ ᠠᠭᠤᠤ ᠶᠡᠬᠡ ᠰᠡᠷᠭᠦᠨ ᠮᠠᠨᠳᠤᠯᠲᠠ ᠶᠢᠨ ᠡᠷᠬᠡᠪᠰᠢ ᠶᠠᠪᠤᠬᠤ ᠵᠠᠮ—— ᠳᠤᠮᠳᠠᠳᠤ ᠤᠯᠤᠰ ᠤᠨ ᠤᠨᠴᠠᠯᠢᠭ ᠪᠦᠬᠦᠢ ᠨᠡᠢᠭᠡᠮ ᠵᠢᠷᠦᠮ ᠢ ᠪᠠᠷᠢᠮᠳᠠᠯᠠᠬᠤ ᠪᠠ ᠬᠦᠭᠵᠢᠬᠦᠯᠬᠦ ᠳᠤᠬᠠᠢ

1.ᠳᠤᠮᠳᠠᠳᠤ ᠤᠯᠤᠰ ᠤᠨ ᠤᠨᠴᠠᠯᠢᠭ ᠪᠦᠬᠦᠢ ᠨᠡᠢᠭᠡᠮ ᠵᠢᠷᠦᠮᠪᠤᠯ ᠲᠡᠤᠬᠡᠨ ᠦᠷ᠎ᠠ ᠳ᠋ᠦᠩ ᠂ ᠠᠷᠠᠳ ᠲᠦᠮᠡᠨ ᠦ ᠰᠤᠩᠭᠤᠯᠲᠠ ᠮᠦᠨ

2.ᠳᠤᠮᠳᠠᠳᠤ ᠤᠯᠤᠰ ᠤᠨ ᠤᠨᠴᠠᠯᠢᠭ ᠪᠦᠬᠦᠢ ᠨᠡᠢᠬᠡᠮ ᠵᠢᠷᠦᠮ ᠨᠢ ᠵᠠᠮ ᠱᠤᠭᠤᠮ ᠂ ᠤᠨᠤᠯ ᠤᠨ ᠰᠢᠰᠲ᠋ᠧᠮ ᠂ ᠪᠠᠢᠭᠤᠯᠤᠯ ᠭᠤᠷᠪᠠᠨ ᠴᠤᠭᠴᠠ ᠠᠴᠠ ᠪᠦᠷᠢᠯᠳᠦᠭᠰᠡᠨ ᠶᠤᠮ

3.ᠳᠤᠮᠳᠠᠳᠤ ᠤᠯᠤᠰ ᠤᠨ ᠤᠨᠴᠠᠯᠢᠭ ᠪᠦᠬᠦᠢ ᠨᠡᠢᠬᠡᠮ ᠵᠢᠷᠦᠮ ᠪᠤᠯ ᠨᠡᠢᠭᠡᠮ ᠵᠢᠷᠦᠮ ᠪᠠᠢᠵᠤ ᠪᠤᠰᠤᠳ ᠵᠢᠷᠦᠮ ᠪᠢᠰᠢ ᠶᠤᠮ

4.ᠥᠭᠡᠷᠡᠴᠢᠯᠡᠯᠲᠡ ᠬᠢᠵᠦ ᠴᠢᠯᠦᠭᠡᠲᠠᠢ ᠶᠠᠪᠤᠯᠴᠠᠬᠤ ᠶᠢᠨ ᠡᠮᠦᠨ᠎ᠠ ᠬᠤᠢᠨ᠎ᠠ ᠬᠤᠶᠠᠷ ᠲᠡᠤᠬᠡᠲᠦ ᠴᠠᠭ ᠦᠶ᠎ᠠ ᠶᠢ ᠵᠦᠪ ᠤᠨᠤᠪᠴᠢᠲᠠᠢ ᠲᠠᠨᠢᠬᠤ ᠬᠡᠷᠡᠭᠲᠡᠢ

5.ᠤᠳᠤ ᠦᠶ᠎ᠠ ᠶᠢᠨ ᠳᠤᠮᠳᠠᠳᠤ ᠤᠯᠤᠰ ᠤᠨ ᠮᠠᠷᠺᠰ ᠤᠨ ᠦᠵᠡᠯ ᠢ ᠪᠠᠶᠠᠯᠢᠭᠵᠢᠭᠤᠯᠤᠨ ᠭᠦᠭᠵᠢᠬᠦᠯᠬᠦ ᠬᠡᠷᠡᠭᠲᠡᠢ

6.ᠳᠤᠮᠳᠠᠳᠤ ᠤᠯᠤᠰ ᠤᠨ ᠤᠨᠴᠠᠯᠢᠭ ᠪᠦᠬᠦᠢ ᠨᠡᠢᠬᠡᠮ ᠵᠢᠷᠦᠮ ᠬᠡᠬᠦ ᠶᠡᠬᠡ ᠬᠠᠭᠤᠳᠠᠰᠤ ᠶᠢ ᠦᠷᠬᠦᠯᠵᠢᠯᠡᠨ ᠪᠢᠴᠢᠬᠦ ᠬᠡᠷᠡᠭᠲᠡᠢ

ᠭᠤᠷᠪᠠ ᠂ ᠰᠢᠨ᠎ᠠ ᠲᠡᠤᠬᠡᠨ ᠨᠦᠬᠦᠴᠡᠯ ᠳᠤᠤᠷ᠎ᠠ ᠤᠯᠤᠰ ᠵᠠᠰᠠᠵᠤ ᠵᠠᠰᠠᠭ  ᠤᠨ ᠶᠠᠪᠤᠳᠠᠯ ᠡᠷᠬᠢᠯᠡᠬᠦ ᠶᠡᠷᠦᠩᠬᠡᠢ ᠪᠤᠳᠤᠯᠭ᠎ᠠ—— 《ᠲᠦᠷᠪᠡᠨ ᠪᠦᠬᠦ ᠳᠠᠯ᠎ᠠ》᠎ ᠶᠢᠨ ᠪᠠᠢᠯᠳᠤᠬᠤ ᠪᠤᠳᠤᠯᠭ᠎ᠠ ᠶᠢᠨ ᠪᠠᠢᠷᠢᠰᠢᠯ ᠢ ᠵᠤᠬᠢᠴᠠᠭᠤᠯᠤᠨ ᠠᠬᠢᠭᠤᠯᠬᠤ ᠳᠤᠬᠠᠢ

1.《ᠲᠦᠷᠪᠡᠨ ᠪᠦᠬᠦ ᠳᠠᠯ᠎ᠠ》᠎ ᠶᠢᠨ ᠪᠠᠢᠯᠳᠤᠬᠤ ᠪᠤᠳᠤᠯᠭ᠎ᠠ ᠶᠢᠨ ᠪᠠᠢᠷᠢᠰᠢᠯ ᠪᠤᠯ ᠴᠠᠭ ᠦᠶ᠎ᠠ ᠪᠠ ᠦᠢᠯᠡᠳᠦᠯᠬᠡ ᠬᠦᠭᠵᠢᠯᠲᠡ ᠨᠢ ᠨᠠᠮ ᠪᠤᠯᠤᠨ ᠤᠯᠤᠰ ᠤᠨ ᠠᠵᠢᠯ ᠤᠨ ᠰᠢᠨ᠎ᠠ ᠱᠠᠭᠠᠷᠳᠠᠯᠭ᠎ᠠ ᠮᠦᠨ

2.《ᠲᠦᠷᠪᠡᠨ ᠪᠦᠬᠦ ᠳᠠᠯ᠎ᠠ》᠎ ᠶᠢᠨ ᠪᠠᠢᠯᠳᠤᠬᠤ ᠪᠣᠳᠤᠯᠭ᠎ᠠ ᠶᠢᠨ ᠪᠠᠢᠷᠢᠰᠢᠯ ᠪᠤᠯ ᠳᠤᠳᠤᠭᠠᠳᠤ ᠳᠤ ᠪᠠᠨ ᠯᠤᠭᠢᠭ ᠤᠨ ᠬᠠᠷᠢᠴᠠᠭ᠎ᠠ ᠲᠠᠢ ᠤᠷᠭᠠᠨᠢᠭ ᠴᠤᠭᠴᠠ ᠮᠦᠨ

3.《ᠲᠦᠷᠪᠡᠨ ᠪᠦᠬᠦ ᠳᠠᠯ᠎ᠠ》᠎ ᠶᠢᠨ ᠪᠠᠢᠯᠳᠤᠬᠤ ᠪᠤᠳᠤᠯᠭ᠎ᠠ ᠶᠢᠨ ᠪᠠᠢᠷᠢᠰᠢᠯ ᠨᠢ ᠰᠢᠨᠵᠢᠯᠡᠬᠦ ᠤᠬᠠᠭᠠᠨᠴᠢ ᠲᠦᠯᠦᠪᠯᠡᠯᠡᠭᠡ ᠳᠤᠭᠳᠠᠭᠠᠯ ᠤᠨ ᠦᠵᠡᠯ ᠰᠠᠨᠠᠭ᠎ᠠ ᠠᠷᠭ᠎ᠠ ᠮᠠᠶᠢᠭ ᠲᠠᠢ

4.《ᠲᠦᠷᠪᠡᠨ ᠪᠦᠬᠦ ᠳᠠᠯ᠎ᠠ》᠎ ᠶᠢᠨ ᠪᠠᠢᠯᠳᠤᠬᠤ ᠪᠤᠳᠤᠯᠭ᠎ᠠ ᠶᠢᠨ ᠪᠠᠢᠷᠢᠰᠢᠯ ᠤᠨ ᠦᠡᠵᠡᠯ ᠰᠠᠨᠠᠭ᠎ᠠ ᠂ ᠵᠢᠯᠤᠭᠤᠳᠤᠯᠭ᠎ᠠ ᠶᠢᠨ ᠠᠵᠢᠯ ᠢ ᠰᠠᠢᠨ ᠳᠤᠷ᠎ᠠ ᠠᠴᠠ  ᠢᠶᠠᠨ ᠨᠢᠭᠡᠳᠭᠡᠨ᠎ᠡ

ᠲᠦᠷᠪᠡ ᠂ ᠨᠢᠬᠡᠳᠦᠬᠡᠷ ᠵᠠᠭᠤᠨ ᠵᠢᠯ ᠦᠨ ᠳᠡᠮᠡᠴᠡᠬᠦ ᠬᠠᠷᠠᠯᠲᠠ ᠶᠢ ᠴᠢᠷᠮᠠᠢᠨ ᠪᠡᠶᠡᠯᠡᠬᠦᠯᠬᠦ—— ᠪᠦᠬᠦ ᠳᠠᠯ᠎ᠠ ᠪᠠᠷ ᠴᠢᠨᠡᠬᠡᠯᠢᠭ ᠠᠮᠢᠳᠤᠷᠠᠯ ᠢ ᠪᠠᠢᠭᠤᠯᠬᠤ ᠳᠤᠬᠠᠢ

1.ᠮᠠᠨ ᠤ ᠨᠠᠮ ᠨᠢ ᠠᠷᠠᠳ ᠲᠦᠮᠡᠨ ᠂ ᠲᠡᠤᠬᠡ ᠳᠦ ᠲᠦᠪ ᠴᠢᠩᠭ᠎ᠠ ᠠᠮᠠᠯᠳᠤᠯᠭ᠎ᠠ ᠬᠢᠨ᠎ᠠ

2. ᠴᠢᠨᠡᠭᠡᠯᠢᠭ ᠨᠡᠢᠭᠡᠮ ᠢ ᠪᠦᠬᠦ ᠲᠠᠯ᠎ᠠ ᠪᠠᠷ ᠪᠦᠲᠦᠬᠡᠨ ᠪᠠᠢᠭᠤᠯᠬᠤ ᠰᠢᠨ᠎ᠠ ᠬᠠᠷᠠᠯᠲᠠ ᠱᠠᠭᠠᠷᠳᠠᠯᠭ᠎ᠠ ᠶᠢ ᠵᠦᠪ ᠤᠨᠤᠪᠴᠢᠲᠠᠢ ᠠᠳᠬᠤᠬᠤ ᠬᠡᠷᠡᠭᠲᠡᠢ 

3.ᠪᠦᠬᠦ ᠲᠠᠯ᠎ᠠ ᠶᠢᠨ ᠴᠢᠨᠡᠬᠡᠯᠢᠭ ᠪᠤᠯ ᠪᠦᠬᠦ ᠲᠠᠯ᠎ᠠ ᠪᠠᠷ ᠬᠦᠭᠵᠢᠭᠰᠡᠨ ᠴᠢᠨᠡᠬᠡᠯᠢᠭ ᠪᠤᠯᠤᠨ᠎ᠠ

4. ᠮᠠᠨ ᠤ ᠤᠯᠤᠰ ᠤᠨ ᠬᠦᠭᠵᠢᠯᠲᠡ ᠶᠢᠨ ᠴᠢᠬᠤᠯᠠ ᠪᠠᠢᠯᠳᠤᠬᠤ ᠪᠤᠳᠤᠯᠭ᠎ᠠ ᠶᠢᠨ ᠲᠤᠬᠢᠶᠠᠯ ᠤᠨ ᠬᠤᠭᠤᠴᠠᠭ᠎ᠠ ᠶᠢ ᠬᠠᠮᠭᠠᠯᠠᠬᠤ ᠪᠠ ᠰᠠᠢᠳᠤᠷ ᠠᠰᠢᠭᠯᠠᠬᠤ ᠬᠡᠷᠡᠭᠲᠡᠢ

5.ᠴᠢᠨᠡᠬᠡᠯᠢᠭ ᠨᠡᠢᠭᠡᠮ ᠢ ᠪᠦᠲᠦᠭᠡᠨ ᠪᠠᠢᠭᠤᠯᠬᠤ ᠶᠢ ᠬᠢᠵᠠᠭᠠᠷᠯᠠᠵᠤ ᠪᠠᠢᠬᠤ ᠴᠢᠬᠤᠯᠠ ᠬᠦᠴᠢᠷᠲᠡᠯᠲᠡᠢ ᠠᠰᠠᠭᠤᠳᠠᠯ ᠢ ᠰᠢᠢᠳᠪᠦᠷᠢᠯᠡᠬᠦ ᠬᠡᠷᠡᠭᠲᠡᠢ

ᠳᠠᠪᠤ ᠂ ᠤᠳᠤ ᠦᠶ᠎ᠠ ᠶᠢᠨ ᠳᠤᠮᠳᠠᠳᠤ ᠤᠯᠤᠰ ᠤᠨ ᠬᠤᠪᠢ ᠵᠠᠶᠠᠭ᠎ᠠ ᠶᠢ ᠳᠤᠭᠳᠠᠭᠠᠬᠤ ᠵᠠᠩᠬᠢᠯᠭ᠎ᠠ—— ᠥᠭᠡᠷᠡᠴᠢᠯᠡᠯᠲᠡ ᠶᠢ ᠪᠦᠬᠦ ᠳᠠᠯ᠎ᠠ ᠪᠠᠷ ᠬᠦᠨᠵᠡᠭᠡᠢᠷᠡᠬᠦᠯᠬᠦ ᠳᠤᠬᠠᠢ

1.ᠦᠬᠡᠷᠡᠴᠢᠯᠡᠯᠲᠡ ᠪᠤᠯ ᠨᠢᠬᠡ ᠬᠦᠨ ᠬᠦᠨᠵᠡᠬᠡᠢ ᠥᠭᠡᠷᠡᠴᠢᠯᠡᠯᠲᠡ ᠮᠦᠨ

2.ᠥᠭᠡᠷᠡᠴᠢᠯᠡᠯᠲᠡ ᠶᠢᠨ ᠶᠡᠷᠦᠩᠬᠡᠢ ᠱᠠᠭᠠᠷᠳᠠᠯᠭ᠎ᠠ ᠶᠢ ᠪᠦᠬᠦ ᠲᠠᠯ᠎ᠠ ᠪᠠᠷ ᠬᠦᠨᠵᠡᠭᠡᠢᠷᠡᠬᠦᠯᠬᠦ ᠶᠢ ᠠᠳᠬᠤᠬᠤ ᠬᠡᠷᠡᠭᠲᠡᠢ

3.ᠤᠯᠤᠰ ᠤᠨ ᠵᠠᠰᠠᠵᠤ ᠬᠠᠮᠢᠶᠠᠷᠠᠬᠤ ᠰᠢᠰᠲ᠋ᠧᠮ ᠪᠠ ᠵᠠᠰᠠᠵᠤ ᠬᠠᠮᠢᠶᠠᠷᠠᠬᠤ ᠴᠢᠳᠠᠪᠤᠷᠢ ᠶᠢᠨ ᠤᠳᠤᠬᠢᠴᠢᠯᠠᠯᠲᠠ ᠶᠢ ᠠᠬᠢᠭᠤᠯᠤᠨ᠎ᠠ

4.ᠠᠷᠠᠳ ᠲᠦᠮᠡᠨ ᠢ ᠨᠡᠭ ᠤᠯᠠᠨ ᠬᠠᠨᠤᠮᠵᠢ ᠬᠦᠷᠳᠡᠭᠡᠬᠦ ᠬᠡᠷᠡᠭᠲᠡᠢ

5.ᠦᠬᠡᠷᠡᠴᠢᠯᠡᠯᠲᠡ ᠶᠢ ᠪᠦᠬᠦ ᠳᠠᠯ᠎ᠠ ᠪᠠᠷ ᠬᠦᠨᠵᠡᠭᠡᠢᠷᠡᠬᠦᠯᠬᠦ ᠶᠢᠨ ᠴᠢᠬᠤᠯᠠ ᠬᠠᠷᠢᠴᠠᠭ᠎ᠠ ᠶᠢ ᠰᠠᠢᠳᠤᠷ ᠰᠢᠢᠳᠪᠦᠷᠢᠯᠡᠬᠦ ᠬᠡᠷᠡᠭᠲᠡᠢ

6.ᠥᠭᠡᠷᠡᠴᠢᠯᠡᠯᠲᠡ ᠶᠢᠨ ᠠᠬᠢᠭᠤᠯᠤᠭᠴᠢ ᠪᠠ ᠪᠤᠳᠠᠳᠠᠢ ᠠᠵᠢᠯ ᠬᠢᠭ᠍ᠴᠢ ᠪᠤᠯᠬᠤ ᠪᠠᠷ ᠴᠢᠷᠮᠠᠢᠬᠤ ᠬᠡᠷᠡᠭᠲᠡᠢ

ᠵᠢᠷᠭᠤᠭ᠎ᠠ ᠂ ᠬᠠᠤᠯᠢ ᠪᠠᠷ ᠳᠤᠮᠳᠠᠳᠤ ᠤᠯᠤᠰ ᠢ ᠵᠠᠰᠠᠬᠤ ᠪᠦᠲᠦᠬᠡᠨ ᠪᠠᠢᠭᠤᠯᠤᠯᠲᠠ ᠶᠢ ᠪᠦᠬᠦ ᠬᠦᠴᠦᠨ ᠢᠶᠡᠷ ᠲᠦᠯᠬᠢᠨ ᠠᠬᠢᠭᠤᠯᠬᠤ——ᠪᠦᠬᠦ ᠳᠠᠯ᠎ᠠ ᠪᠠᠷ ᠬᠠᠤᠯᠢ ᠶᠢ ᠦᠨᠳᠦᠰᠦᠯᠡᠵᠦ ᠤᠯᠤᠰ ᠢ ᠵᠠᠰᠠᠬᠤ ᠲᠤᠬᠠᠢ

1ᠨᠠᠮ ᠠᠷᠠᠳ ᠲᠦᠮᠡᠨ ᠢ ᠤᠳᠤᠷᠢᠳᠤᠨ ᠤᠯᠤᠰ ᠢ ᠵᠠᠰᠠᠬᠤ ᠦᠨᠳᠦᠰᠦᠨ ᠠᠷᠭ᠎ᠠ ᠪᠤᠳᠤᠯᠭ᠎ᠠ

2.ᠳᠤᠮᠳᠠᠳᠤ ᠤᠯᠤᠰ ᠤᠨ ᠤᠨᠴᠠᠯᠢᠭ ᠪᠦᠬᠦᠶ ᠨᠡᠢᠭᠡᠮ ᠵᠢᠷᠦᠮ ᠦᠨ ᠬᠠᠤᠯᠢ ᠪᠠᠷ ᠵᠠᠰᠠᠬᠤ ᠵᠠᠮ ᠢ ᠵᠠᠢᠯᠠᠰᠢ ᠦᠬᠡᠢ ᠶᠠᠪᠤᠬᠤ ᠬᠡᠷᠡᠭᠲᠡᠢ

3.ᠳᠤᠮᠳᠠᠳᠤ ᠤᠯᠤᠰ ᠤᠨ ᠤᠨᠴᠠᠯᠢᠭ ᠪᠦᠬᠦᠢ ᠨᠡᠢᠭᠡᠮ ᠵᠢᠷᠦᠮᠲᠦ ᠨᠡᠢᠭᠡᠮ ᠢ ᠬᠠᠤᠯᠢ ᠪᠠᠷ ᠵᠠᠰᠠᠬᠤ ᠰᠢᠰᠲ᠋ᠧᠮ ᠢ ᠪᠦᠲᠦᠭᠡᠨ ᠪᠠᠢᠭᠤᠯᠤᠨ᠎ᠠ

4.ᠨᠡᠢᠭᠡᠮ ᠦᠨ ᠲᠦᠪ ᠭᠤᠤᠯᠴᠢ ᠡᠷᠬᠡ ᠲᠡᠭᠰᠢ ᠂ ᠬᠠᠤᠯᠢ ᠶᠢᠨ ᠲᠦᠪ ᠭᠤᠤᠯᠴᠢ ᠡᠷᠬᠡ ᠲᠡᠭᠰᠢ ᠶᠢ ᠬᠠᠮᠠᠭᠠᠯᠠᠨ᠎ᠠ

5.ᠨᠠᠮ ᠤᠨ ᠤᠳᠤᠷᠢᠳᠤᠯᠭ᠎ᠠ ᠳᠤᠤᠷ᠎ᠠ ᠬᠠᠤᠯᠢ ᠶᠤᠰᠤᠭᠠᠷ ᠤᠯᠤᠰ ᠢ ᠵᠠᠰᠠᠵᠤ ᠂ ᠬᠠᠤᠯᠢ ᠪᠠᠷ ᠵᠠᠰᠠᠬᠤ ᠶᠢ ᠴᠢᠩᠭ᠎ᠠ ᠪᠠᠷᠢᠮᠳᠠᠯᠠᠨ᠎ᠠ

6.ᠤᠳᠤᠷᠢᠳᠤᠯᠭ᠎ᠠ ᠺᠠᠲᠠᠷ ᠨᠠᠷ ᠨᠢ ᠬᠠᠤᠯᠢ ᠶᠢ ᠬᠦᠨᠳᠦᠳᠬᠡᠬᠦ ᠬᠠᠤᠯᠢ ᠰᠤᠷᠬᠤ ᠬᠠᠤᠯᠢ ᠶᠢ ᠰᠠᠬᠢᠬᠤ ᠬᠠᠤᠯᠢ ᠶᠢ ᠬᠡᠷᠡᠭᠵᠢᠬᠦᠯᠬᠦ ᠵᠢᠱᠢᠶᠠᠴᠢ ᠪᠤᠯᠬᠤ ᠬᠡᠷᠡᠭᠲᠡᠢ

ᠳᠣᠯᠤᠭ᠎ᠠ᠂ ᠲᠡᠮᠦᠷ ᠳᠠᠪᠳᠠᠬᠤ ᠳᠤ ᠦᠪᠡᠷ ᠦᠨ ᠪᠡᠶ᠎ᠠ ᠬᠠᠳᠠᠭᠤ ᠪᠠᠢᠬᠤ ᠬᠡᠷᠡᠭᠲᠡᠢ—— ᠪᠦᠬᠦ ᠳᠠᠯ᠎ᠠ ᠪᠠᠷ ᠨᠠᠮ ᠢ ᠴᠢᠩᠭ᠎ᠠ ᠵᠠᠰᠠᠬᠤ ᠳᠤᠬᠠᠢ

1.ᠳᠤᠮᠳᠠᠳᠤ ᠤᠯᠤᠰ ᠤᠨ ᠡᠪ ᠬᠠᠮᠳᠤ ᠨᠠᠮ ᠪᠤᠯ ᠳᠤᠮᠳᠠᠳᠤ ᠤᠯᠤᠰ ᠤᠨ ᠤᠨᠴᠠᠯᠢᠭ ᠪᠦᠬᠦᠢ ᠨᠡᠢᠭᠡᠮ ᠵᠢᠷᠦᠮᠲᠦ ᠨᠡᠢᠭᠡᠮ ᠦᠨ ᠦᠢᠯᠡᠰ ᠦᠨ ᠪᠠᠲᠤ ᠴᠢᠩᠭ᠎ᠠ ᠤᠳᠤᠷᠢᠳᠬᠤ ᠭᠤᠤᠯ ᠪᠤᠯᠤᠨ᠎ᠠ

2.ᠨᠠᠮ ᠢ ᠬᠠᠮᠢᠶᠠᠷᠬᠤ ᠨᠠᠮ ᠢ ᠵᠠᠰᠠᠬᠤ  ᠶᠢ ᠰᠤᠯᠠᠷᠠᠭᠤᠯᠵᠤ ᠪᠤᠯᠬᠤ ᠦᠬᠡᠢ

3.ᠡᠪ ᠬᠠᠮᠳᠤ ᠨᠠᠮ ᠤᠨ ᠬᠡᠰᠢᠬᠦᠨ ᠦ ᠤᠶᠤᠨ ᠰᠠᠨᠠᠭᠠᠨ ᠤ《ᠰᠢᠮ᠎ᠡ ᠳᠡᠵᠢᠭᠡᠯ》᠎ ᠢ ᠨᠦᠬᠦᠪᠦᠷᠢᠯᠡᠬᠦ ᠬᠡᠷᠡᠭᠲᠡᠢ

4.ᠨᠠᠮ ᠪᠠ ᠠᠷᠠᠳ ᠲᠦᠮᠡᠨ ᠳᠦ ᠬᠡᠷᠡᠭᠴᠡᠭᠡᠲᠡᠢ ᠰᠠᠢᠨ ᠺᠠᠲᠠᠷ ᠢ ᠬᠦᠮᠦᠵᠢᠬᠦᠯᠦᠨ ᠰᠤᠩᠭᠤᠨ᠎ᠠ

5.ᠬᠡᠪ ᠰᠤᠷᠳᠠᠯ ᠤᠨ ᠪᠦᠲᠦᠭᠡᠨ ᠪᠠᠢᠭᠤᠯᠤᠯᠲᠠ ᠬᠡᠵᠢᠶᠡᠳᠡ ᠵᠠᠮ ᠳᠡᠭᠡᠷ᠎ᠠ ᠪᠠᠢᠨ᠎ᠠ

6.ᠲᠦᠷᠢᠮ ᠳᠤᠭᠳᠠᠭᠠᠯ ᠢᠶᠠᠷ ᠨᠠᠮ ᠢ ᠵᠠᠰᠠᠵᠤ ᠂ ᠡᠷᠭᠡ ᠶᠢ ᠬᠠᠮᠢᠶᠠᠷᠤᠨ ᠂ ᠺᠠᠲᠠᠷ ᠢ ᠵᠠᠰᠠᠨ᠎ᠠ

7.ᠪᠠᠳᠤ ᠴᠢᠩᠭ᠎ᠠ ᠰᠠᠬᠢᠯᠭ᠎ᠠ ᠪᠠᠲᠤ ᠪᠠᠷ ᠨᠠᠮ ᠤᠨ ᠪᠦᠯᠭᠦᠮᠳᠡᠯ ᠨᠢᠭᠳᠠᠷᠠᠯ ᠢ ᠪᠠᠲᠤᠯᠠᠨ᠎ᠠ

8.ᠦᠯᠦ ᠬᠦᠯᠢᠶᠡᠬᠦ ᠤᠪᠤᠷ ᠢᠶᠠᠷ ᠢᠯᠵᠠᠷᠠᠬᠤ ᠶᠢ ᠵᠠᠯᠬᠠᠭᠠᠨ ᠰᠢᠢᠳᠬᠡᠨ᠎ᠠ

9.ᠦᠷᠭᠡᠨ ᠤᠯᠠᠨ ᠺᠠᠳᠠᠷᠴᠤᠳ  ᠤᠨ ᠢᠳᠡᠪᠬᠢ ᠴᠢᠨᠠᠷ ᠂ ᠰᠠᠨᠠᠭᠠᠴᠢᠯᠭᠠᠲᠤ ᠴᠢᠨᠠᠷ ᠂ ᠰᠢᠨ᠎ᠡ ᠶᠢ ᠡᠭᠦᠳᠬᠦ ᠴᠢᠨᠠᠷ  ᠢ ᠭᠦᠢᠴᠡᠳ ᠳᠠᠢᠴᠢᠯᠠᠨ᠎ᠠ

ᠨᠠᠢ᠍ᠮᠠ ᠂ ᠰᠢᠨ᠎ᠡ ᠭᠦᠭᠵᠢᠯᠲᠡ ᠶᠢᠨ ᠤᠬᠠᠭᠳᠠᠭᠤᠨ ᠢᠶᠠᠷ ᠬᠦᠭᠵᠢᠯᠲᠡ ᠶᠢ ᠳᠠᠢᠴᠢᠯᠠᠨ᠎ᠠ —— ᠰᠢᠨ᠎ᠡ ᠶᠢ ᠡᠭᠦᠳᠬᠦ ᠂ ᠵᠤᠬᠢᠴᠠᠩᠭᠤᠢ ᠂ ᠪᠤᠬᠢᠷᠳᠤᠯ ᠦᠭᠡᠢ ᠂ ᠨᠡᠭᠡᠭᠡᠯᠲᠡ ᠲᠠᠢ ᠂ ᠬᠠᠮᠳᠤ ᠪᠠᠷ ᠡᠳᠡᠯᠡᠬᠦ ᠬᠦᠭᠵᠢᠯᠲᠡ ᠶᠢᠨ ᠦᠵᠡᠯᠲᠡ ᠶᠢ ᠪᠤᠢ ᠪᠤᠯᠭᠠᠬᠤ ᠳᠤᠬᠠᠢ

1.ᠠᠷᠠᠳ ᠲᠦᠮᠡᠨ ᠢᠶᠡᠷ ᠭᠤᠤᠯ ᠪᠤᠯᠭᠠᠭᠰᠠᠨ ᠭᠦᠭᠵᠢᠯᠲᠡ ᠶᠢᠨ ᠦᠵᠡᠯ ᠰᠠᠨᠠᠭ᠎ᠠ ᠶᠢ ᠪᠠᠷᠢᠮᠳᠠᠯᠠᠬᠤ ᠬᠡᠷᠡᠭᠲᠡᠢ

2.ᠮᠠᠨ ᠤ ᠤᠯᠤᠰ ᠤᠨ ᠭᠦᠭᠵᠢᠯᠲᠡ ᠶᠢᠨ ᠪᠦᠬᠦ ᠳᠠᠯ᠎ᠠ ᠲᠠᠢ ᠬᠤᠯᠪᠤᠭᠳᠠᠵᠤ ᠪᠠᠢᠭ᠎ᠠ ᠭᠦᠨ ᠭᠦᠨᠵᠡᠬᠡᠢ ᠦᠬᠡᠷᠡᠴᠢᠯᠡᠯᠲᠡ ᠮᠦᠨ

3.ᠰᠢᠨ᠎ᠠ ᠬᠦᠭᠵᠢᠯᠲᠡ ᠶᠢᠨ ᠦᠵᠡᠯᠲᠡ ᠶᠢᠨ ᠰᠢᠨᠵᠢᠯᠡᠬᠦ ᠤᠬᠠᠭᠠᠨᠴᠢ ᠳᠤᠳᠤᠭᠠᠳᠤ ᠠᠭᠤᠯᠤᠭᠳᠠᠬᠤᠨ ᠢ ᠵᠦᠪ ᠤᠨᠤᠪᠴᠢᠲᠠᠢ ᠠᠳᠬᠤᠬᠤ ᠬᠡᠷᠡᠭᠲᠡᠢ

4.ᠰᠢᠨ᠎ᠠ ᠬᠦᠭᠵᠢᠯᠲᠡ ᠶᠢᠨ ᠦᠵᠡᠯᠲᠡ ᠶᠢ ᠪᠠᠳᠤᠲᠠᠢ ᠪᠤᠢ ᠪᠤᠯᠭᠠᠬᠤ ᠪᠠ ᠰᠠᠢᠨ ᠲᠤᠷ᠎ᠠ ᠠᠴᠠ  ᠢᠶᠠᠨ ᠦᠢᠯᠡᠳᠦᠯᠭᠡᠵᠢᠭᠦᠯᠦᠯᠲᠡ ᠬᠢᠬᠦ ᠬᠡᠷᠡᠭᠲᠡᠢ

ᠶᠢᠰᠦ ᠂ ᠰᠢᠨ᠎ᠠ ᠠᠵᠤ ᠠᠬᠤᠢ ᠶᠢᠨ ᠬᠦᠭᠵᠢᠯᠲᠡ ᠶᠢᠨ ᠭᠡᠪ ᠪᠠᠢᠳᠠᠯ ᠢ ᠰᠠᠭᠠᠴᠢᠯᠭ᠎ᠠ ᠠᠴᠠ  ᠢᠶᠡᠨ ᠵᠤᠬᠢᠴᠠᠵᠤ ᠂ ᠡᠵᠡᠮᠳᠡᠵᠦ ᠂ ᠳᠠᠢᠴᠢᠯᠠᠨ᠎ᠠ

1.ᠮᠠᠨ ᠤ ᠤᠯᠤᠰ ᠤᠨ ᠠᠵᠤ ᠠᠬᠤᠢ ᠶᠢᠨ ᠬᠦᠭᠵᠢᠯᠲᠡ ᠶᠢᠨ ᠯᠤᠭᠢᠭ ᠢ ᠵᠦᠪ ᠤᠨᠤᠪᠴᠢᠲᠠᠢ ᠠᠳᠬᠤᠬᠤ ᠬᠡᠷᠡᠭᠲᠡᠢ

2.ᠭᠦᠭᠵᠢᠯᠲᠡ ᠶᠢᠨ ᠴᠢᠨᠠᠷ ᠪᠠ ᠦᠷ᠎ᠠ ᠪᠦᠳᠦᠮᠵᠢ ᠪᠡᠷ ᠭᠤᠤᠯ ᠪᠤᠯᠭᠠᠬᠤ ᠶᠢ ᠳᠡᠭᠡᠰᠢᠯᠡᠬᠦᠯᠬᠦ ᠬᠡᠷᠡᠭᠲᠡᠢ

3. ᠡᠳ᠋ ᠪᠠᠶᠠᠯᠢᠭ ᠤᠨ ᠲᠤᠭᠢᠷᠠᠭᠤᠯᠤᠯᠲᠠ ᠳᠤ ᠵᠠᠬ᠎ᠠ ᠳᠡᠯᠭᠡᠭᠦᠷ ᠦᠨ ᠰᠢᠢᠳᠪᠦᠷᠢᠯᠡᠬᠦ ᠦᠢᠯᠡᠳᠦᠯ ᠪᠠᠳᠠᠷᠠᠭᠤᠯᠬᠤ ᠪᠠ ᠵᠠᠰᠠᠭ ᠤᠨ ᠤᠷᠳᠤᠨ ᠤ ᠦᠢᠯᠡᠳᠦᠯ ᠢ ᠰᠠᠢᠳᠤᠷ ᠪᠠᠳᠠᠷᠠᠭᠤᠯᠬᠤ ᠬᠡᠷᠡᠭᠲᠡᠢ

4.ᠰᠢᠨ᠎ᠠ ᠶᠢ ᠡᠭᠦᠳᠬᠦ ᠪᠡᠷ ᠬᠦᠭᠵᠢᠯᠲᠡ ᠶᠢᠨ ᠬᠦᠳᠡᠯᠭᠡᠭᠦᠷ ᠪᠤᠯᠭᠠᠬᠤ  ᠪᠠᠢᠯᠳᠤᠬᠤ ᠪᠤᠳᠤᠯᠭ᠎ᠠ ᠶᠢ ᠲᠦᠷᠭᠡᠳᠬᠡᠬᠦ ᠬᠡᠷᠡᠭᠲᠡᠢ

5.ᠬᠠᠩᠭᠠᠯᠭ᠎ᠠ ᠶᠢᠨ ᠪᠦᠳᠦᠴᠡ ᠶᠢᠨ ᠴᠢᠨᠠᠷᠲᠠᠢ ᠦᠬᠡᠷᠡᠴᠢᠯᠡᠯᠲᠡ ᠶᠢ ᠲᠦᠯᠬᠢᠨ ᠠᠬᠢᠭᠤᠯᠬᠤ ᠬᠡᠷᠡᠭᠲᠡᠢ

6.《ᠲᠠᠷᠢᠶᠠᠯᠠᠩ ᠬᠦᠳᠡᠭᠡ ᠳᠤᠰᠬᠤᠨ ᠲᠠᠷᠢᠶᠠᠴᠢᠨ》᠎ ᠤ ᠠᠵᠢᠯ ᠢ ᠴᠢᠩᠭ᠎ᠠ ᠠᠳᠬᠤᠬᠤ ᠬᠡᠷᠡᠭᠲᠡᠢ

7.ᠬᠦᠮᠦᠨ ᠢᠶᠡᠷ ᠭᠤᠤᠯ ᠪᠤᠯᠭᠠᠭᠰᠠᠨ ᠰᠢᠨ᠎ᠠ ᠮᠠᠶᠢᠭ ᠤᠨ ᠬᠤᠳᠠ ᠪᠠᠯᠭᠠᠰᠤᠵᠢᠯᠲᠠ ᠶᠢ ᠲᠦᠯᠬᠢᠨ ᠠᠬᠢᠭᠤᠯᠤᠨ᠎ᠠ

ᠠᠷᠪᠠ ᠂ ᠮᠠᠨ ᠤ ᠤᠯᠤᠰ ᠤᠨ ᠨᠡᠢᠭᠡᠮ ᠵᠢᠷᠦᠮᠲᠦ ᠨᠡᠢᠭᠡᠮ ᠦᠨ ᠤᠯᠤᠰ ᠲᠦᠷᠦ ᠶᠢᠨ ᠪᠠᠢᠭᠤᠯᠤᠯ  ᠤᠨ ᠳᠠᠪᠠᠭᠤᠯᠢᠭ ᠴᠢᠨᠠᠷ ᠢ ᠭᠦᠢᠴᠡᠳ ᠪᠠᠳᠠᠷᠠᠭᠤᠯᠬᠤ—— ᠨᠡᠢᠭᠡᠮ ᠵᠢᠷᠦᠮ ᠦᠨ ᠠᠷᠠᠳᠴᠢᠯᠠᠭᠰᠠᠨ ᠤᠯᠤᠰ ᠲᠦᠷᠦ ᠶᠢ ᠬᠦᠭᠵᠢᠬᠦᠯᠬᠦ ᠳᠤᠬᠠᠢ

1.ᠳᠤᠮᠳᠠᠳᠤ ᠤᠯᠤᠰ ᠤᠨ ᠤᠨᠴᠠᠯᠢᠭ ᠪᠦᠬᠦᠢ ᠨᠡᠢᠭᠡᠮ ᠵᠢᠷᠦᠮᠲᠦ ᠤᠯᠤᠰ ᠲᠦᠷᠦ ᠶᠢᠨ ᠬᠦᠭᠵᠢᠯᠲᠡ ᠶᠢᠨ ᠵᠠᠮ ᠢᠶᠠᠷ ᠵᠠᠮᠨᠠᠬᠤ ᠶᠢ ᠪᠠᠷᠢᠮᠳᠠᠯᠠᠬᠤ ᠬᠡᠷᠡᠭᠲᠡᠢ

2.ᠮᠠᠨ ᠤ ᠤᠯᠤᠰ ᠤᠨ ᠤᠯᠤᠰ ᠤᠨ ᠪᠠᠢᠳᠠᠯ ᠳᠤᠭᠢᠷᠠᠬᠤ ᠨᠡᠢᠭᠡᠮ ᠵᠢᠷᠦᠮᠲᠤ ᠤᠯᠤᠰ ᠲᠦᠷᠦ ᠶᠢᠨ ᠪᠠᠢᠭᠤᠯᠤᠯ ᠢ ᠭᠦᠭᠵᠢᠬᠦᠯᠦᠨ᠎ᠠ

3.ᠠᠷᠠᠳ ᠲᠦᠮᠡᠨ ᠡᠵᠡᠨ ᠰᠠᠭᠤᠬᠤ ᠶᠢ ᠪᠠᠲᠤᠯᠠᠨ᠎ᠠ

4.ᠬᠠᠮᠤᠭ ᠠᠴᠠ ᠦᠷᠭᠡᠨ ᠳᠡᠯᠭᠡᠷ ᠡᠬᠡ ᠤᠷᠤᠨᠴᠢ ᠨᠢᠬᠡᠳᠦᠮᠡᠯ ᠹᠷᠣᠨᠲ᠋  ᠢ ᠪᠡᠬᠢᠵᠢᠭᠦᠯᠦᠨ ᠬᠦᠭᠵᠢᠬᠦᠯᠦᠨ᠎ᠠ

5.ᠵᠠᠰᠠᠭ ᠵᠠᠬᠢᠷᠭᠠᠨ ᠤ ᠪᠠᠢᠭᠤᠯᠤᠯ ᠤᠨ ᠦᠬᠡᠷᠡᠴᠢᠯᠡᠯᠲᠡ ᠶᠢᠨ ᠳᠠᠯ᠎ᠠ ᠪᠠᠷ ᠰᠢᠨ᠎ᠠ ᠠᠯᠬᠤᠮ ᠢ ᠠᠯᠬᠤᠨ᠎ᠠ

6.ᠨᠠᠮ ᠤᠨ ᠦᠨᠳᠦᠰᠦᠳᠦᠲᠡᠨ ᠦ ᠲᠦᠷᠦ ᠶᠢᠨ ᠪᠤᠳᠤᠯᠭ᠎ᠠ ᠂ ᠱᠠᠰᠢᠨ ᠰᠢᠳᠦᠯᠭᠡ ᠶᠢᠨ ᠲᠦᠷᠦ ᠶᠢᠨ ᠪᠤᠳᠤᠯᠭ᠎ᠠ ᠶᠢ ᠪᠦᠬᠦ ᠳᠠᠯ᠎ᠠ ᠪᠠᠷ ᠲᠤᠤᠱᠢᠯᠠᠭᠤᠯᠤᠨ᠎ᠠ

7.《ᠨᠢᠬᠡ ᠤᠯᠤᠰ ᠬᠤᠶᠠᠷ ᠪᠠᠢᠭᠤᠯᠤᠯ》᠎ ᠤᠨ ᠦᠢᠯᠡᠳᠦᠯᠬᠡ ᠶᠢ ᠡᠯᠪᠡᠭᠵᠢᠭᠦᠯᠦᠨ᠎ᠠ

ᠠᠷᠪᠠᠨ ᠨᠢᠬᠡ ᠂ ᠨᠡᠢᠭᠡᠮ ᠵᠢᠷᠦᠮ ᠦᠨ ᠭᠤᠤᠯ ᠦᠷᠳᠡᠭ ᠦᠨ ᠦᠵᠡᠯᠲᠡ ᠪᠡᠷ ᠤᠶᠤᠨ ᠰᠠᠨᠠᠭ᠎ᠠ ᠬᠦᠴᠦᠨ ᠴᠢᠳᠠᠯ ᠢ ᠨᠢᠭᠳᠠᠷᠠᠭᠤᠯᠬᠤ —— ᠨᠡᠢᠭᠡᠮ ᠵᠢᠷᠦᠮ ᠦᠨ ᠰᠤᠶᠤᠯ ᠤᠨ ᠬᠦᠴᠦᠷᠭᠡᠭ ᠤᠯᠤᠰ ᠢ ᠪᠠᠢᠭᠤᠯᠬᠤ ᠳᠤᠬᠠᠢ

1.ᠪᠤᠳᠠᠰ ᠤᠨ ᠰᠤᠶᠤᠯ ᠪᠠ ᠤᠶᠤᠨ ᠰᠠᠨᠠᠭᠠᠨ ᠤ ᠰᠤᠶᠤᠯ ᠵᠤᠬᠢᠴᠠᠩᠭᠤᠢ ᠬᠦᠭᠵᠢᠬᠦ ᠶᠢ ᠠᠬᠢᠭᠤᠯᠤᠨ᠎ᠠ

2.ᠨᠡᠢᠭᠡᠮ ᠵᠢᠷᠦᠮ ᠦᠨ ᠭᠤᠤᠯ ᠦᠷᠲᠡᠭ ᠦᠨ ᠦᠵᠡᠯᠲᠡ ᠶᠢ ᠬᠦᠮᠦᠵᠢᠬᠦᠯᠬᠦ ᠪᠠ ᠦᠢᠯᠡᠳᠦᠯᠭᠡᠵᠢᠬᠦᠯᠦᠨ᠎ᠠ

3.ᠦᠵᠡᠯ ᠤᠬᠠᠮᠰᠠᠷ ᠤᠨ ᠬᠡᠯᠪᠡᠷᠢ ᠶᠢᠨ ᠠᠵᠢᠯ ᠳᠠᠬᠢ ᠤᠳᠤᠷᠢᠳᠬᠤ ᠡᠷᠬᠡ ᠪᠠ ᠦᠬᠡ ᠬᠡᠯᠡᠬᠦ ᠡᠷᠬᠡ ᠶᠢ ᠪᠠᠲᠤ ᠡᠵᠡᠮᠰᠢᠬᠦ ᠬᠡᠷᠡᠭᠲᠡᠢ

4.ᠠᠷᠠᠳ ᠲᠦᠮᠡᠨ ᠢᠶᠡᠷ ᠭᠤᠤᠯ ᠪᠤᠯᠭᠠᠭᠰᠠᠨ ᠵᠤᠬᠢᠶᠠᠨ ᠪᠦᠳᠦᠭᠡᠬᠦ ᠤᠳᠤᠷᠢᠳᠤᠮᠵᠢ ᠶᠢ ᠪᠠᠷᠢᠮᠳᠠᠯᠠᠨ᠎ᠠ

5.ᠳᠤᠮᠳᠠᠳᠤ ᠶᠢᠨ ᠰᠢᠯᠢᠳᠡᠭ ᠤᠯᠠᠮᠵᠢᠯᠠᠯᠲᠤ ᠰᠤᠶᠤᠯ ᠢ ᠤᠯᠠᠮᠵᠢᠯᠠᠬᠤ ᠵᠠᠯᠭᠠᠮᠵᠢᠯᠠᠬᠤ ᠪᠠ ᠪᠠᠳᠠᠷᠠᠭᠤᠯᠤᠨ ᠳᠡᠯᠭᠡᠷᠡᠭᠦᠯᠦᠨ᠎ᠠ

6.ᠰᠦᠯᠵᠢᠶᠡᠨ ᠦ ᠤᠷᠴᠢᠨ ᠲᠤᠭᠤᠷᠢᠨ ᠢ ᠠᠷᠢᠭᠤᠨ ᠴᠡᠪᠡᠷ ᠪᠤᠯᠭᠠᠨ᠎ᠠ

7.ᠤᠯᠤᠰ ᠤᠨ ᠰᠤᠶᠤᠯ ᠵᠦᠭᠡᠯᠡᠨ ᠪᠤᠳᠠᠳᠤ ᠬᠦᠴᠦᠨ ᠢ ᠳᠡᠭᠡᠭᠰᠢᠯᠡᠬᠦᠯᠦᠨ᠎ᠠ

8.ᠳᠤᠮᠳᠠᠳᠤ ᠤᠯᠤᠰ ᠤᠨ ᠦᠯᠢᠭᠡᠷ ᠢ ᠰᠠᠢᠬᠠᠨ ᠶᠠᠷᠢᠨ᠎ᠠ

ᠠᠷᠪᠠᠨ ᠬᠤᠶᠠᠷ ᠂ ᠠᠷᠠᠳ ᠲᠦᠮᠡᠨ ᠢ ᠰᠠᠢᠨ ᠠᠮᠢᠳᠠᠷᠠᠭᠤᠯᠤᠨ᠎ᠠ—— ᠠᠷᠠᠳ ᠤᠨ ᠠᠮᠢᠳᠤᠷᠠᠯ ᠢ ᠰᠠᠢᠵᠢᠷᠠᠭᠤᠯᠬᠤ ᠪᠠ ᠨᠡᠢᠭᠡᠮ ᠦᠨ ᠬᠠᠮᠢᠶᠠᠷᠤᠯᠲᠠ ᠶᠢ ᠰᠢᠨ᠎ᠠ ᠶᠢ ᠡᠭᠦᠳᠬᠦ ᠶᠢᠨ ᠳᠤᠬᠠᠢ

1.ᠠᠵᠦ ᠠᠬᠤᠢ ᠶᠢᠨ ᠬᠦᠭᠵᠢᠯᠲᠡ ᠪᠠ ᠢᠷᠭᠡᠨ ᠦ ᠠᠮᠢᠳᠤᠷᠠᠯ ᠤᠨ ᠰᠠᠢᠵᠢᠷᠠᠯᠲᠠ ᠶᠢᠨ ᠰᠠᠢᠨ ᠡᠷᠬᠢᠯᠲᠡ ᠶᠢ ᠪᠡᠶᠡᠯᠡᠬᠦᠯᠦᠨ᠎ᠠ

2.ᠠᠷᠠᠳ ᠲᠦᠮᠡᠨ ᠦ ᠬᠠᠮᠤᠭ ᠰᠡᠳᠬᠢᠯ ᠳᠠᠯᠪᠢᠵᠤ ᠪᠠᠢᠭ᠎ᠠ ᠬᠠᠮᠤᠭ ᠤᠨ ᠰᠢᠭᠤᠳ ᠬᠠᠮᠤᠭ ᠤᠨ ᠪᠤᠳᠠᠳᠠᠢ ᠠᠰᠢᠭ ᠳᠤᠰᠠ ᠶᠢᠨ ᠠᠰᠠᠭᠤᠳᠠᠯ ᠢ ᠠᠳᠬᠤᠨ᠎ᠠ

3.ᠶᠠᠳᠠᠭᠤ ᠠᠴᠠ ᠠᠩᠵᠢᠷᠠᠬᠤ ᠰᠢᠪᠳᠤᠯᠲᠠ ᠶᠢᠨ ᠳᠠᠢᠨ ᠢ ᠡᠷᠬᠡᠪᠰᠢ ᠢᠯᠠᠬᠤ ᠬᠡᠷᠡᠭᠲᠡᠢ

4.ᠨᠡᠢᠭᠡᠮ ᠦᠨ ᠡᠶ᠎ᠠ ᠵᠤᠬᠢᠴᠠᠯ ᠢ ᠪᠠᠳᠤᠯᠠᠨ᠎ᠠ

5.ᠪᠦᠬᠦ ᠠᠷᠠᠳ ᠲᠦᠮᠡᠨ ᠦ ᠬᠠᠮᠳᠤ ᠪᠠᠷ ᠪᠠᠢᠭᠤᠯᠵᠤ ᠬᠠᠮᠳᠤ ᠪᠠᠷ ᠡᠳᠡᠯᠡᠬᠦ ᠨᠡᠢᠭᠡᠮ ᠢ ᠵᠠᠰᠠᠬᠤ ᠪᠠᠢᠷᠢᠰᠢᠭᠤᠯᠤᠯᠲᠠ ᠶᠢ ᠪᠠᠢᠭᠤᠯᠤᠨ᠎ᠠ

6.ᠤᠯᠤᠰ ᠤᠨ ᠠᠮᠤᠷ ᠲᠦᠪᠰᠢᠨ ᠦ ᠶᠡᠷᠦᠩᠬᠡᠢ ᠴᠤᠭᠴᠠ ᠶᠢᠨ ᠦᠵᠡᠯᠲᠡ ᠶᠢ ᠪᠠᠷᠢᠮᠳᠠᠯᠠᠨ᠎ᠠ

ᠠᠷᠪᠠᠨ ᠭᠤᠷᠪᠠ ᠂ ᠬᠦᠬᠡ ᠠᠭᠤᠯᠠ ᠬᠦᠬᠡᠮᠳᠦᠭ ᠤᠰᠤ ᠪᠤᠯ ᠳᠠᠷᠤᠢ ᠠᠯᠳᠠᠨ ᠠᠭᠤᠯᠠ ᠮᠦᠩᠭᠦᠨ ᠬᠠᠢᠷᠬᠠᠨ ᠮᠦᠨ —— ᠠᠮᠢ ᠠᠬᠤᠢ ᠶᠢᠨ ᠪᠤᠯᠪᠠᠰᠤᠨ ᠤ ᠪᠦᠲᠦᠭᠡᠨ ᠪᠠᠢᠭᠤᠯᠤᠯᠲᠠ ᠶᠢ ᠶᠡᠬᠡᠪᠡᠷ ᠲᠦᠯᠬᠢᠨ ᠠᠬᠢᠭᠤᠯᠬᠤ ᠳᠤᠬᠠᠢ

1.ᠠᠮᠢ ᠠᠬᠤᠢ ᠤᠷᠴᠢᠨ ᠲᠤᠭᠤᠷᠢᠨ ᠢ ᠶᠠᠭ ᠠᠮᠢ ᠨᠠᠰᠤ ᠲᠠᠢ ᠠᠳᠠᠯᠢ ᠦᠵᠡᠬᠦ ᠬᠡᠷᠡᠭᠲᠡᠢ

2.ᠠᠮᠢ ᠠᠬᠤᠢ ᠤᠷᠴᠢᠨ ᠲᠤᠭᠤᠷᠢᠨ ᠢ ᠬᠠᠮᠠᠭᠠᠯᠠᠬᠤ ᠨᠢ ᠳᠠᠷᠤᠢ ᠦᠢᠯᠡᠳᠪᠦᠷᠢᠯᠡᠯ ᠦᠨ ᠬᠦᠴᠦᠨ ᠢ ᠬᠠᠮᠠᠭᠠᠯᠠᠵᠤ ᠪᠠᠢᠬᠤ ᠮᠦᠨ

3.᠎ᠠᠮᠢ ᠠᠬᠤᠢ ᠶᠢᠨ ᠪᠦᠲᠦᠭᠡᠨ ᠪᠠᠢᠭᠤᠯᠤᠯᠲᠠ ᠶᠢ ᠰᠢᠰᠲ᠋ᠧᠮ ᠦᠨ ᠢᠨᠵᠧᠨᠧᠷᠢᠩ ᠦᠨ ᠦᠵᠡᠯ ᠰᠠᠨᠠᠭ᠎ᠠ ᠪᠠᠷ ᠠᠳᠬᠤᠨ᠎ᠠ

4.ᠠᠮᠢ ᠠᠬᠤᠢ ᠤᠷᠴᠢᠨ ᠳᠤᠭᠤᠷᠢᠨ ᠢ ᠬᠠᠮᠠᠭᠠᠯᠠᠬᠤ ᠲᠦᠷᠢᠮ ᠢ ᠴᠢᠩᠭ᠎ᠠ ᠬᠡᠷᠡᠭᠵᠢᠬᠦᠯᠬᠦ ᠬᠡᠷᠡᠭᠲᠡᠢ

ᠠᠷᠪᠠᠨ ᠲᠦᠷᠪᠡ ᠂ ᠨᠠᠮ ᠤᠨ ᠤᠳᠤᠷᠢᠳᠤᠯᠭ᠎ᠠ ᠶᠢ ᠳᠠᠭᠠᠵᠤ ᠳᠠᠢᠨ ᠳᠤ ᠢᠯᠠᠯᠲᠠ ᠤᠯᠳᠠᠭ ᠰᠢᠯᠢᠳᠡᠭ ᠠᠷᠠᠳ ᠤᠨ ᠴᠡᠷᠢᠭ ᠠᠩᠬᠢ ᠶᠢ ᠵᠤᠬᠢᠶᠠᠨ ᠪᠠᠢᠭᠤᠯᠤᠨ᠎ᠠ—— ᠪᠦᠬᠦ ᠳᠠᠯ᠎ᠠ ᠪᠠᠷ ᠤᠯᠤᠰ ᠤᠨ ᠪᠠᠳᠤᠯᠠᠨ ᠬᠠᠮᠠᠭᠠᠯᠠᠯᠲᠠ ᠪᠠ ᠴᠡᠷᠢᠭ ᠠᠩᠬᠢ ᠶᠢᠨ ᠪᠦᠲᠦᠭᠡᠨ ᠪᠠᠢᠭᠤᠯᠤᠯᠲᠠ ᠶᠢ ᠲᠦᠯᠬᠢᠨ ᠠᠬᠢᠭᠤᠯᠬᠤ ᠳᠤᠬᠠᠢ

1.ᠨᠠᠮ ᠤᠨ ᠰᠢᠨ᠎ᠠ ᠠᠬᠤᠢ ᠪᠠᠢᠳᠠᠯ ᠳᠤᠤᠷ᠎ᠠ ᠬᠦᠴᠦᠷᠬᠡᠭ ᠴᠡᠷᠢᠭ ᠦᠨ ᠬᠠᠷᠠᠯᠲᠠ ᠶᠢ ᠪᠠᠲᠤ ᠠᠳᠬᠤᠨ᠎ᠠ

2.ᠰᠢᠨ᠎ᠠ ᠠᠬᠤᠢ ᠪᠠᠢᠳᠠᠯ ᠤᠨ ᠳᠤᠤᠷ᠎ᠠ ᠴᠡᠷᠢᠭ ᠦᠨ ᠶᠠᠪᠤᠳᠠᠯ ᠤᠨ ᠪᠠᠢᠯᠳᠤᠬᠤ ᠪᠤᠳᠤᠯᠭ᠎ᠠ ᠶᠢᠨ ᠴᠢᠭᠯᠡᠯᠲᠡ ᠪᠡᠷ ᠶᠡᠷᠦᠩᠬᠡᠢᠯᠡᠨ ᠵᠠᠬᠢᠷᠬᠤ ᠶᠢ ᠪᠠᠷᠢᠮᠳᠠᠯᠠᠨ᠎ᠠ

3.ᠰᠢᠨ᠎ᠡ ᠲᠡᠤᠬᠡ ᠶᠢᠨ ᠨᠦᠬᠦᠴᠡᠯ ᠳᠤᠤᠷ᠎ᠠ ᠤᠯᠤᠰ ᠲᠦᠷᠦ ᠶᠢᠨ ᠴᠡᠷᠢᠭ ᠪᠠᠢᠭᠤᠯᠬᠤ ᠠᠷᠭ᠎ᠠ ᠪᠤᠳᠤᠯᠭ᠎ᠠ ᠶᠢ ᠳᠤᠤᠱᠢᠯᠠᠭᠤᠯᠬᠤ ᠬᠡᠷᠡᠭᠲᠡᠢ

4.ᠳᠠᠢᠨ ᠬᠢᠵᠦ ᠴᠢᠳᠠᠬᠤ ᠂ ᠢᠯᠭᠤᠭᠰᠠᠨ ᠳᠠᠢᠨ ᠬᠢᠵᠦ ᠴᠢᠳᠠᠬᠤ ᠴᠡᠷᠢᠭ ᠦᠨ ᠶᠠᠪᠤᠳᠠᠯ ᠤᠨ ᠳᠡᠮᠡᠴᠡᠯ ᠦᠨ ᠪᠡᠯᠡᠳᠬᠡᠯ ᠢ ᠦᠷᠭᠡᠳᠬᠡᠨ ᠬᠦᠨᠵᠡᠭᠡᠢᠷᠡᠬᠦᠯᠬᠦ ᠳᠦ ᠲᠦᠪᠯᠡᠷᠡᠬᠦ ᠬᠡᠷᠡᠭᠲᠡᠢ

5.ᠬᠦᠴᠦᠲᠦ ᠴᠡᠷᠢᠭ ᠦᠨ ᠬᠦᠴᠦᠷᠬᠡᠭᠵᠢᠬᠦᠯᠬᠦ ᠪᠠᠢᠯᠳᠤᠬᠤ ᠪᠤᠳᠤᠯᠭ᠎ᠠ ᠶᠢᠨ ᠦᠬᠡᠷᠡᠴᠢᠯᠡᠯᠲᠡ ᠶᠢ ᠪᠦᠬᠦ ᠳᠠᠯ᠎ᠠ  ᠪᠠᠷ ᠬᠡᠷᠡᠭᠵᠢᠬᠦᠯᠦᠨ᠎ᠠ

6.ᠬᠠᠤᠯᠢ ᠶᠤᠰᠤᠭᠠᠷ ᠴᠡᠷᠡᠭ ᠢ ᠵᠠᠰᠠᠬᠤ ᠂ ᠲᠦᠪ ᠴᠢᠩᠭ᠎ᠠ ᠪᠠᠷ ᠴᠡᠷᠢᠭ ᠢ ᠵᠠᠰᠠᠬᠤ ᠶᠢ ᠬᠦᠨᠵᠡᠭᠡᠢ ᠠᠬᠢᠭᠤᠯᠤᠨ᠎ᠠ

ᠠᠷᠪᠠᠨ ᠲᠠᠪᠤ ᠂ ᠬᠠᠮᠳᠤᠷᠠᠨ ᠠᠵᠢᠯᠯᠠᠵᠤ ᠬᠠᠮᠳᠤᠪᠠᠷ ᠠᠰᠢᠭ ᠬᠦᠷᠲᠡᠬᠦ ᠪᠡᠷ ᠭᠤᠤᠯ ᠪᠤᠯᠭᠠᠭᠰᠠᠨ ᠰᠢᠨ᠎ᠠ ᠮᠠᠶᠢᠭ ᠤᠨ ᠤᠯᠤᠰ ᠤᠨ ᠬᠤᠭᠤᠷᠤᠨᠳᠤᠬᠢ ᠬᠠᠷᠢᠴᠠᠭ᠎ᠠ ᠶᠢ ᠪᠠᠢᠭᠤᠯᠬᠤ ᠶᠢ ᠲᠦᠯᠬᠢᠨ ᠠᠬᠢᠭᠤᠯᠤᠨ᠎ᠠ —— ᠤᠯᠠᠨ ᠤᠯᠤᠰ ᠤᠨ ᠬᠠᠷᠢᠴᠠᠭ᠎ᠠ ᠪᠤᠯᠤᠨ ᠮᠠᠨ ᠤ ᠤᠯᠤᠰ ᠤᠨ ᠭᠠᠳᠠᠭᠠᠳᠤ ᠬᠠᠷᠢᠯᠴᠠᠭᠠᠨ ᠤ ᠪᠠᠢᠯᠳᠤᠬᠤ ᠪᠤᠳᠤᠯᠭ᠎ᠠ ᠶᠢᠨ ᠳᠤᠬᠠᠢ

1.ᠡᠩᠬᠡ ᠲᠠᠢᠪᠤᠩ ᠂ ᠬᠦᠭᠵᠢᠯᠲᠡ ᠂ ᠬᠠᠮᠳᠤᠷᠠᠯᠴᠠᠭ᠎ᠠ ᠂ ᠬᠠᠮᠳᠤᠪᠡᠷ ᠠᠰᠢᠭ ᠬᠦᠷᠲᠡᠬᠦ ᠪᠡᠷ ᠴᠠᠭ ᠦᠶ᠎ᠠ ᠶᠢᠨ ᠤᠷᠤᠰᠬᠠᠯ ᠪᠤᠯᠭᠠᠬᠤ

2.ᠡᠩᠬᠡ ᠲᠠᠢᠪᠤᠩ ᠬᠦᠭᠵᠢᠯᠲᠡ ᠶᠢᠨ ᠵᠠᠮ ᠢᠶᠠᠷ ᠵᠠᠢᠯᠠᠰᠢ ᠦᠬᠡᠢ ᠵᠠᠮᠨᠠᠬᠤ ᠬᠡᠷᠡᠭᠲᠡᠢ

3.ᠬᠦᠮᠦᠨ ᠲᠦᠷᠦᠯᠬᠢᠲᠡᠨ ᠦ ᠬᠤᠪᠢ ᠵᠠᠶᠠᠭ᠎ᠠ ᠨᠢᠬᠡᠲᠡᠢ ᠬᠠᠮᠳᠤ ᠶᠢᠨ ᠴᠤᠭᠴᠠ ᠶᠢ ᠡᠭᠦᠳᠦᠨ᠎ᠠ

4.《ᠨᠢᠬᠡ ᠪᠦᠰᠡ ᠨᠢᠬᠡ ᠵᠠᠮ》᠎ ᠤᠨ ᠪᠠᠢᠯᠳᠤᠬᠤ ᠪᠤᠳᠤᠯᠭ᠎ᠠ ᠶᠢ ᠢᠳᠡᠪᠬᠢᠲᠠᠢ ᠬᠡᠷᠡᠭᠵᠢᠬᠦᠯᠦᠨ᠎ᠠ

5.ᠡᠯ᠎ᠠ ᠳᠠᠯ᠎ᠠ ᠶᠢᠨ ᠬᠠᠷᠢᠴᠠᠭ᠎ᠠ ᠶᠢᠨ ᠪᠦᠬᠦ ᠳᠠᠯ᠎ᠠ ᠪᠠᠷ ᠬᠦᠭᠵᠢᠬᠦ ᠶᠢ ᠠᠬᠢᠭᠤᠯᠤᠨ᠎ᠠ

6.ᠤᠯᠤᠰ ᠤᠨ ᠭᠤᠤᠯ ᠠᠰᠢᠭ ᠳᠤᠰᠠ ᠶᠢ ᠡᠷᠡᠰ ᠬᠠᠮᠠᠭᠠᠯᠠᠨ᠎ᠠ

7.ᠪᠦᠬᠦ ᠪᠦᠮᠪᠦᠷᠴᠡᠭ ᠦᠨ ᠵᠠᠰᠠᠯᠲᠠ ᠶᠢᠨ ᠰᠢᠰᠲ᠋ᠧᠮ ᠦᠨ ᠦᠬᠡᠷᠡᠴᠢᠯᠡᠯᠲᠡ ᠶᠢ ᠳᠦᠯᠬᠢᠨ ᠠᠬᠢᠭᠤᠯᠤᠨ᠎ᠠ

8.ᠳᠤᠮᠳᠠᠳᠤ ᠤᠯᠤᠰ ᠤᠨ ᠴᠢᠯᠤᠭᠡᠲᠡᠢ ᠶᠠᠪᠤᠯᠴᠠᠬᠤ ᠡᠭᠦᠳᠡ ᠡᠭᠦᠷᠢᠳᠡ ᠬᠠᠭᠠᠬᠤ ᠦᠬᠡᠢ

ᠠᠷᠪᠠᠨ ᠵᠢᠷᠭᠤᠭ᠎ᠠ ᠂ ᠥᠭᠡᠷᠡᠴᠢᠯᠡᠯᠲᠡ ᠬᠦᠭᠵᠢᠯᠲᠡ ᠶᠢᠨ ᠦᠨᠳᠦᠰᠤᠨ ᠠᠰᠠᠭᠤᠳᠠᠯ ᠢ ᠰᠢᠢᠳᠪᠦᠷᠢᠯᠡᠬᠦ ᠴᠢᠳᠠᠪᠤᠷᠢ ᠪᠠᠨ ᠳᠡᠭᠡᠭᠰᠢᠯᠡᠬᠦᠯᠦᠨ᠎ᠠ—— ᠰᠢᠨᠵᠢᠯᠡᠬᠦ ᠤᠬᠠᠭᠠᠨᠴᠢ ᠦᠵᠡᠯ ᠰᠠᠨᠠᠭ᠎ᠠ ᠠᠷᠭ᠎ᠠ ᠬᠡᠯᠪᠡᠷᠢ ᠪᠤᠯᠤᠨ ᠠᠵᠢᠯᠯᠠᠬᠤ ᠠᠷᠭ᠎ᠠ ᠬᠡᠯᠪᠡᠷᠢ ᠶᠢᠨ ᠳᠤᠬᠠᠢ

1.ᠮᠠᠷᠺᠰ ᠤᠨ ᠦᠵᠡᠯ ᠦᠨ ᠭᠦᠨ ᠤᠬᠠᠭᠠᠨ ᠢ ᠰᠤᠷᠤᠯᠴᠠᠬᠤ ᠪᠠ ᠡᠵᠡᠮᠰᠢᠬᠦ ᠬᠡᠷᠡᠭᠲᠡᠢ

2.ᠪᠠᠢᠯᠳᠤᠬᠤ ᠪᠤᠳᠤᠯᠭ᠎ᠠ ᠶᠢᠨ ᠳᠤᠭᠳᠠᠮᠠᠯ ᠴᠢᠨᠠᠷ ᠢ ᠪᠠᠳᠤᠯᠠᠨ᠎ᠠ

3.ᠪᠠᠢᠯᠳᠤᠬᠤ ᠪᠤᠳᠤᠯᠭ᠎ᠠ ᠶᠢᠨ ᠰᠳᠬᠢᠭᠦᠢ ᠂ ᠲᠡᠤᠬᠡ ᠶᠢᠨ ᠰᠡᠳᠬᠢᠬᠦᠢ ᠂ ᠬᠤᠪᠢᠰᠤᠩᠭᠤᠢ ᠰᠡᠳᠭᠢᠬᠦᠢ ᠂ ᠰᠢᠨ᠎ᠠ ᠶᠢ ᠡᠭᠦᠳᠬᠦ ᠰᠡᠳᠬᠢᠬᠦᠢ ᠂ ᠬᠠᠮᠤᠭ ᠳᠤᠤᠷ᠎ᠠ ᠵᠠᠬ᠎ᠠ ᠶᠢᠨ ᠬᠤᠷᠢᠭ᠎ᠠ ᠱᠤᠭᠤᠮ  ᠤᠨ ᠰᠡᠳᠬᠢᠬᠦᠢ ᠶᠢᠨ ᠴᠢᠳᠠᠪᠤᠷᠢ ᠶᠢ ᠳᠡᠭᠡᠭᠰᠢᠯᠡᠬᠦᠯᠦᠨ᠎ᠠ

4.ᠪᠠᠢᠴᠠᠭᠠᠨ ᠰᠤᠳᠤᠯᠠᠬᠤ ᠪᠤᠯ ᠨᠢᠭᠡᠨ ᠦᠨᠳᠦᠰᠦᠨ ᠪᠤᠯᠪᠠᠰᠤᠷᠠᠯ ᠮᠦᠨ

5.ᠬᠠᠳᠠᠭᠠᠰᠤ ᠬᠠᠳᠠᠬᠤ ᠵᠤᠷᠢᠭ ᠰᠠᠨᠠᠭ᠎ᠠ ᠶᠢ ᠪᠠᠳᠠᠷᠠᠭᠤᠯᠤᠨ᠎ᠠ

6.ᠰᠤᠷᠤᠯᠴᠠᠬᠤ ᠪᠠᠷ ᠳᠠᠮᠵᠢᠵᠤ ᠢᠷᠡᠭᠡᠳᠦᠢ ᠦᠭᠡᠳᠡ ᠠᠯᠬᠤᠯᠤᠨ᠎ᠠ

 

ᠰᠢ ᠵᠢᠨ ᠫᠢᠩ ᠶᠡᠷᠦᠩᠬᠡᠢ ᠱᠦᠵᠢ ᠶᠢᠨ ᠰᠢᠷᠢᠰ ᠴᠢᠬᠤᠯᠠ ᠶᠠᠷᠢᠶᠠᠨ ᠤ ᠵᠤᠷᠢᠭ ᠰᠠᠨᠠᠭ᠎ᠠ ᠶᠢ ᠭᠦᠨᠵᠡᠭᠡᠢ ᠰᠤᠷᠤᠯᠴᠠᠬᠤ ᠶᠢ ᠳᠤᠤᠱᠢᠯᠠᠭᠤᠯᠵᠤ ᠂ 《ᠲᠦᠷᠪᠡᠨ ᠪᠦᠬᠦ ᠳᠠᠯ᠎ᠠ》ᠪᠠᠢᠯᠳᠤᠬᠤ ᠪᠤᠳᠤᠯᠭ᠎ᠠ ᠶᠢᠨ ᠪᠠᠢᠷᠢᠰᠢᠭᠤᠯᠤᠯᠲᠠ ᠶᠢ ᠵᠤᠬᠢᠴᠠᠯ ᠲᠠᠢ ᠲᠦᠯᠬᠢᠨ ᠠᠬᠢᠭᠤᠯᠵᠤ ᠂ 《ᠬᠤᠶᠠᠷ ᠨᠢᠬᠡ ᠵᠠᠭᠤᠨ ᠵᠢᠯ》᠎ ᠦᠨ ᠳᠡᠮᠡᠴᠡᠬᠦ ᠬᠠᠷᠠᠯᠲᠠ ᠪᠤᠯᠤᠨ ᠳᠤᠮᠳᠠᠳᠤ ᠶᠢᠨ ᠦᠨᠳᠦᠰᠦᠲᠡᠨ ᠦ ᠠᠭᠤᠤ ᠶᠡᠬᠡ ᠰᠡᠷᠭᠦᠨ ᠮᠠᠨᠳᠤᠯᠲᠠ ᠶᠢᠨ ᠳᠤᠮᠳᠠᠳᠤ ᠶᠢᠨ ᠬᠦᠰᠡᠯᠡᠭ ᠢ ᠪᠡᠶᠡᠯᠡᠬᠦᠯᠬᠦ ᠪᠡᠷ ᠳᠡᠮᠡᠴᠡᠨ᠎ᠠ

 

                    

                  《ᠰᠢ ᠵᠢᠨ ᠫᠢᠩ ᠶᠡᠷᠦᠩᠬᠡᠢ ᠱᠦᠵᠢ ᠶᠢᠨ ᠰᠢᠷᠢᠰ ᠴᠢᠬᠤᠯᠠ ᠶᠠᠷᠢᠶᠠᠨ ᠤ ᠤᠩᠰᠢᠬᠤ

ᠪᠢᠴᠢᠭ(ᠬᠤᠶᠠᠷ ᠮᠢᠩᠭ᠎ᠠ ᠠᠷᠪᠠᠨ ᠵᠢᠷᠭᠤᠭᠠᠨ ᠤᠨ ᠤ ᠬᠡᠪᠯᠡᠯ)》ᠤᠷᠤᠰᠢᠯ

  ᠬᠤᠶᠠᠷ ᠨᠢᠬᠡ ᠵᠠᠭᠤᠨ ᠵᠢᠯ᠎ ᠦᠨ ᠳᠡᠮᠡᠴᠡᠬᠦ ᠬᠠᠷᠠᠯᠲᠠ ᠪᠠ ᠳᠤᠮᠳᠠᠳᠤ ᠶᠢᠨ ᠦᠨᠳᠦᠰᠦᠲᠡᠨ

   ᠎ ᠦ ᠠᠭᠤᠤ ᠶᠡᠬᠡ ᠰᠡᠷᠭᠦᠨ ᠮᠠᠨᠳᠤᠯᠲᠠ ᠶᠢᠨ ᠰᠢᠨᠵᠢᠯᠡᠬᠦ ᠤᠬᠠᠭᠠᠨᠴᠢ ᠤᠨᠤᠯ ᠤᠨ᠎ ᠵᠢᠯᠤᠭᠤᠳᠤᠯᠭ᠎ᠠ

   ᠪᠠ᠎ ᠠᠵᠢᠯᠯᠠᠭᠠᠨ ᠤ᠎ ᠵᠢᠭᠠᠪᠤᠷᠢ

ᠨᠠᠮ ᠤᠨ ᠠᠷᠪᠠᠨ ᠨᠠᠢᠮᠠᠳᠤᠭᠠᠷ ᠶᠡᠬᠡ ᠬᠤᠷᠠᠯ ᠠᠴᠠ ᠨᠠᠰᠢ ᠂ ᠰᠢ ᠵᠢᠨ ᠫᠢᠩ ᠨᠦᠬᠦᠷ ᠢᠶᠡᠷ ᠶᠡᠷᠦᠩᠬᠡᠢ ᠱᠦᠵᠢ ᠪᠤᠯᠭᠠᠭᠰᠠᠨ ᠨᠠᠮ ᠤᠨ ᠲᠦᠪ ᠬᠤᠷᠢᠶ᠎ᠠ ᠬᠠᠮᠳᠤᠷᠠᠨ ᠪᠦᠬᠦ ᠤᠯᠤᠰ ᠤᠨ ᠡᠯ᠎ᠠ ᠦᠨᠳᠦᠰᠦᠲᠡᠨ ᠦ ᠠᠷᠠᠳ ᠲᠦᠮᠡᠨ ᠢ ᠳᠠᠢᠴᠢᠯᠠᠨ ᠂ 《ᠬᠤᠶᠠᠷ ᠨᠢᠭᠡ ᠵᠠᠭᠤᠨ ᠵᠢᠯ》᠎ ᠦᠨ ᠳᠡᠮᠡᠴᠡᠬᠦ ᠬᠠᠷᠠᠯᠲᠠ ᠪᠠ ᠳᠤᠮᠳᠠᠳᠤ ᠶᠢᠨ ᠦᠨᠳᠦᠰᠦᠲᠡᠨ ᠦ ᠠᠭᠤᠤ ᠶᠡᠬᠡ ᠮᠠᠨᠳᠤᠨ ᠰᠡᠷᠭᠦᠯᠲᠡ ᠶᠢᠨ ᠳᠤᠮᠳᠠᠳᠤ ᠶᠢᠨ ᠬᠦᠰᠡᠯᠡᠩ ᠳᠦ ᠲᠦᠪᠯᠡᠷᠡᠵᠦ ᠂ ᠳᠤᠭ ᠡᠷᠭᠦᠨ ᠴᠢᠭᠯᠡᠯ ᠳᠤᠭᠳᠠᠭᠠᠵᠤ ᠂ ᠬᠦᠳᠡᠯᠪᠦᠷᠢ ᠪᠢᠴᠢᠨ ᠲᠦᠯᠦᠪᠯᠡᠭᠡ ᠳᠤᠭᠳᠠᠵᠤ ᠂ ᠬᠦᠴᠢᠷᠳᠡᠯ ᠢ ᠳᠤᠭᠤᠯᠵᠤ ᠂ ᠰᠠᠭᠤᠷᠢ ᠪᠠᠨ ᠪᠡᠬᠢᠯᠡᠵᠦ ᠂ ᠤᠯᠤᠰ ᠵᠠᠰᠠᠵᠤ ᠵᠠᠰᠠᠭ ᠬᠠᠮᠢᠶᠠᠷᠬᠤ ᠰᠢᠨ᠎ᠠ ᠠᠬᠤᠢ ᠪᠠᠢᠳᠠᠯ ᠢ ᠨᠡᠭᠡᠭᠡᠵᠦ ᠂ ᠨᠠᠮ ᠪᠠ ᠤᠯᠤᠰ ᠤᠨ ᠦᠢᠯᠡᠰ ᠦᠨ ᠬᠦᠭᠵᠢᠯᠲᠡ ᠶᠢᠨ ᠰᠢᠨ᠎ᠠ ᠪᠠᠢᠳᠠᠯ  ᠢ ᠪᠤᠢ ᠪᠤᠯᠭᠠᠵᠤ ᠂ ᠦᠷᠭᠡᠨ ᠤᠯᠠᠨ ᠺᠠᠲᠠᠷ ᠠᠷᠠᠳ ᠲᠦᠮᠡᠨ ᠦ ᠴᠢᠩ ᠰᠡᠳᠬᠢᠯ ᠦᠨ ᠬᠦᠷᠢᠶᠡᠯᠡᠯ ᠢ ᠤᠯᠵᠤ ᠂ ᠤᠯᠠᠨ ᠤᠯᠤᠰ ᠤᠨ ᠨᠡᠢᠭᠡᠮ ᠳᠦ ᠴᠢᠬᠤᠯᠠ ᠶᠡᠬᠡ ᠨᠦᠯᠦᠭᠡ ᠦᠵᠡᠬᠦᠯᠪᠡ ᠃ ᠤᠯᠤᠰ ᠵᠠᠰᠠᠵᠤ ᠵᠠᠰᠠᠭ ᠵᠠᠰᠠᠬᠤ ᠰᠢᠨ᠎ᠠ ᠦᠢᠯᠡᠳᠦᠯᠬᠡ ᠳᠤᠮᠳᠠ ᠂ ᠰᠢ ᠵᠢᠨ ᠫᠢᠩ ᠶᠡᠷᠦᠩᠬᠡᠢ ᠱᠦᠵᠢ ᠶᠡᠷᠦ ᠶᠢᠨ ᠪᠤᠰᠤ ᠤᠨᠤᠯ ᠤᠨ ᠵᠤᠷᠢᠭ ᠰᠦᠰᠦ ᠂ ᠦᠨᠳᠦᠷ ᠤᠯᠤᠰ ᠲᠦᠷᠦ ᠶᠢᠨ ᠤᠶᠤᠨ ᠤᠬᠠᠭᠠᠨ᠂ ᠰᠢᠨᠲᠠᠷᠠᠰᠢ ᠦᠬᠡᠢ ᠲᠡᠤᠬᠡᠨ ᠬᠠᠷᠢᠭᠤᠴᠠᠯᠭ᠎ᠠ ᠡᠬᠦᠷᠭᠡᠯᠡᠬᠦ ᠵᠤᠷᠢᠭ ᠰᠠᠨᠠᠭ᠎ᠠ  ᠪᠠᠷ ᠂ ᠴᠠᠭ ᠦᠶ᠎ᠠ ᠶᠢᠨ ᠬᠠᠨᠳᠤᠰᠢ ᠶᠢ ᠪᠠᠷᠢᠵᠤ ᠂ ᠦᠢᠯᠡᠳᠦᠯᠬᠡ ᠶᠢᠨ ᠰᠢᠨ᠎ᠠ ᠱᠠᠭᠠᠷᠳᠠᠯᠭ᠎ᠠ ᠳᠤ ᠬᠠᠷᠢᠭᠤᠯᠲᠠ ᠦᠭᠴᠦ ᠂ ᠠᠷᠠᠳ ᠲᠦᠮᠡᠨ ᠦ ᠰᠢᠨ᠎ᠠ ᠬᠦᠰᠡᠯ ᠡᠷᠡᠮᠵᠢᠯᠡᠯ ᠳᠦ ᠨᠡᠢᠴᠡᠵᠦ ᠂ ᠦᠬᠡᠷᠡᠴᠢᠯᠡᠯᠲᠡ ᠬᠦᠭᠵᠢᠯᠲᠡ ᠶᠢᠨ ᠳᠤᠭᠳᠠᠭᠤᠨ ᠂ ᠳᠤᠳᠤᠭᠠᠳᠤ ᠵᠠᠰᠠᠭ ᠭᠠᠳᠠᠭᠠᠳᠤ ᠬᠠᠷᠢᠯᠴᠠᠭ᠎ᠠ ᠤᠯᠤᠰ ᠤᠨ ᠬᠠᠮᠠᠭᠠᠯᠠᠯᠲᠠ ᠂ ᠨᠠᠮ ᠵᠠᠰᠠᠬᠤ ᠤᠯᠤᠰ ᠵᠠᠰᠠᠬᠤ ᠴᠡᠷᠢᠭ ᠵᠠᠰᠠᠬᠤ ᠳᠤ ᠲᠦᠪᠯᠡᠷᠡᠨ ᠨᠢᠭᠡᠨ ᠰᠢᠷᠢᠰ ᠴᠢᠬᠤᠯᠠ ᠶᠠᠷᠢᠶ᠎ᠠ ᠨᠡᠢᠳᠡᠯᠡᠵᠦ ᠂ ᠤᠯᠤᠰ ᠵᠠᠰᠠᠵᠤ ᠵᠠᠰᠠᠭ ᠬᠠᠮᠢᠶᠠᠷᠠᠬᠤ ᠰᠢᠨ᠎ᠠ ᠦᠵᠡᠯ ᠰᠠᠨᠭ᠎ᠠ ᠰᠢᠨ᠎ᠠ ᠪᠠᠢᠯᠳᠤᠬᠤ ᠪᠤᠳᠤᠯᠭ᠎ᠠ  ᠶᠢᠨ ᠰᠢᠰᠲ᠋ᠧᠮ ᠪᠦᠷᠢᠯᠳᠦᠵᠦ ᠂ ᠨᠠᠮ ᠤᠨ ᠰᠢᠨᠵᠢᠯᠡᠬᠦ ᠤᠬᠠᠭᠠᠨᠴᠢ ᠤᠨᠤᠯ ᠢ ᠤᠯᠠᠮ ᠨᠢᠬᠡ ᠠᠯᠬᠤᠮ ᠡᠯᠪᠡᠭᠵᠢᠭᠦᠯᠦᠭᠰᠡᠨ ᠪᠠ ᠬᠦᠭᠵᠢᠬᠦᠯᠵᠦ ᠂ ᠮᠠᠨ ᠤ ᠰᠢᠨ᠎ᠠ ᠲᠡᠤᠬᠡᠨ ᠡᠬᠢᠯᠡᠯᠲᠡ ᠳᠡᠭᠡᠷ᠎ᠠ ᠰᠢᠨ᠎ᠠ ᠳᠡᠮᠡᠴᠡᠬᠦ ᠬᠠᠷᠠᠯᠲᠠ ᠶᠢ ᠪᠡᠶᠡᠯᠡᠬᠦᠯᠬᠦ ᠳᠦ ᠦᠨᠳᠦᠰᠦᠨ ᠵᠢᠷᠦᠮᠯᠡᠯ ᠬᠠᠩᠭᠠᠭᠰᠠᠨ ᠪᠠᠢᠨ᠎ᠠ ᠃

ᠰᠢ ᠵᠢᠨ ᠫᠢᠩ ᠶᠡᠷᠦᠩᠬᠡᠢ ᠱᠦᠵᠢ  ᠶᠢᠨ ᠰᠢᠷᠢᠰ ᠴᠢᠬᠤᠯᠠ ᠶᠠᠷᠢᠶ᠎ᠠ ᠨᠢ ᠂ ᠠᠭᠤᠯᠭ᠎ᠠ ᠪᠠᠶᠠᠯᠢᠭ ᠂ ᠦᠵᠡᠯ ᠰᠠᠨᠠᠭ᠎ᠠ ᠭᠦᠨᠵᠡᠬᠡᠢ ᠂ ᠦᠷᠭᠡᠨ ᠳᠡᠯᠬᠡᠷ ᠬᠦᠨ ᠬᠦᠨᠵᠡᠬᠡᠢ ᠂ ᠨᠢᠬᠡᠨ ᠰᠢᠰᠲ᠋ᠧᠮ ᠪᠦᠷᠢᠨ ᠰᠢᠨᠵᠢᠯᠡᠬᠦ ᠤᠬᠠᠭᠠᠨ ᠤ ᠤᠨᠤᠯ ᠤᠨ ᠰᠢᠰᠲ᠋ᠧᠮ ᠮᠦᠨ᠃ ᠡᠨᠡᠬᠦ ᠰᠢᠨᠵᠢᠯᠡᠬᠦ ᠤᠬᠠᠭᠠᠨ ᠤ ᠤᠨᠤᠯ ᠤᠨ ᠰᠢᠰᠲ᠋ᠧᠮ ᠳᠤᠮᠳᠠ ᠂ ᠳᠤᠮᠳᠠᠳᠤ ᠶᠢᠨ ᠦᠨᠳᠦᠰᠦᠲᠡᠨ ᠦ ᠠᠭᠤᠤ ᠶᠡᠬᠡ ᠰᠡᠷᠭᠦᠨ ᠮᠠᠨᠳᠤᠯᠲᠠ ᠶᠢ ᠪᠡᠶᠡᠯᠡᠬᠦᠯᠬᠦ ᠨᠢ ᠬᠦᠳᠦᠯᠦᠨ ᠵᠢᠯᠤᠭᠤᠳᠬᠤ ᠪᠠᠢᠷᠢᠨ ᠳᠡᠬᠡᠷᠡᠬᠢ ᠠᠤᠭ᠎ᠠ ᠶᠡᠬᠡ ᠳᠡᠮᠡᠴᠡᠬᠦ ᠬᠠᠷᠠᠯᠲᠠ ᠪᠠᠢᠵᠤ ᠂ ᠳᠤᠮᠳᠠᠳᠤ ᠤᠯᠤᠰ 13᠎ ᠳ᠋ᠦᠩᠰᠢᠭᠤᠷ ᠠᠷᠠᠳ ᠲᠦᠮᠡᠨ ᠦ ᠬᠠᠮᠳᠤ ᠶᠢᠨ ᠬᠦᠰᠡᠯ ᠢ ᠬᠤᠯᠪᠤᠵᠤ ᠂ ᠮᠠᠨ ᠤ ᠨᠠᠮ ᠤᠨ ᠤᠨᠤᠯ ᠪᠠ ᠦᠢᠯᠡᠳᠦᠯᠭᠡ ᠳᠡᠭᠡᠷᠡᠬᠢ ᠠᠭᠤᠤ ᠶᠡᠬᠡ ᠡᠭᠦᠳᠦᠨ ᠪᠦᠲᠦᠭᠡᠯᠲᠡ ᠶᠢ ᠢᠯᠡᠷᠡᠬᠦᠯᠦᠭᠰᠡᠨ ᠪᠠᠢᠨ᠎ᠠ ᠃ ᠨᠠᠮ ᠤᠨ ᠠᠷᠪᠠᠨ ᠨᠠᠢᠮᠠᠳᠤᠭᠠᠷ ᠶᠡᠬᠡ ᠬᠤᠷᠠᠯ ᠠᠴᠠ ᠨᠠᠰᠢ᠂ ᠮᠠᠨ ᠤ ᠨᠠᠮ ᠤᠨ ᠠᠯᠢᠪᠠ ᠤᠨᠤᠯ ᠪᠠ ᠦᠢᠯᠡᠳᠦᠯᠭᠡ ᠂ ᠴᠦᠮ ᠡᠨᠡᠬᠦ ᠡᠷᠬᠢᠮ ᠳᠡᠭᠡᠳᠦ ᠳᠡᠮᠡᠴᠡᠬᠦ ᠬᠠᠷᠠᠯᠲᠠ ᠳᠤ ᠲᠦᠪᠯᠡᠷᠡᠨ ᠨᠠᠷᠢᠨ ᠨᠢᠭᠳᠠ ᠶᠠᠪᠤᠭᠳᠠᠭᠤᠯᠵᠤ ᠪᠠᠢᠨ᠎ᠠ ᠃ ᠳᠤᠮᠳᠠᠳᠤ ᠤᠯᠤᠰ ᠤᠨ ᠤᠨᠴᠠᠯᠢᠭ ᠪᠦᠬᠦᠢ ᠨᠡᠢᠭᠡᠮ ᠵᠢᠷᠦᠮ ᠦᠨ ᠵᠠᠮ   ᠢ ᠦᠷᠬᠦᠯᠵᠢᠯᠡᠨ ᠪᠠᠷᠢᠮᠳᠠᠯᠠᠬᠤ ᠨᠢ ᠳᠤᠮᠳᠠᠳᠤ ᠶᠢᠨ ᠦᠨᠳᠦᠰᠦᠲᠡᠨ ᠦ ᠠᠭᠤᠤ ᠶᠬᠡ ᠰᠡᠭᠦᠨ ᠮᠠᠨᠳᠤᠯᠲᠠ ᠶᠢᠨ ᠵᠠᠢᠯᠠᠰᠢ ᠦᠬᠡᠢ ᠶᠠᠪᠤᠬᠤ ᠵᠠᠮ ᠮᠦᠨ ᠃ ᠴᠢᠨᠡᠭᠡᠯᠢᠭ ᠠᠮᠢᠳᠤᠷᠠᠯ ᠢ ᠪᠦᠬᠦ ᠲᠠᠯ᠎ᠠ ᠪᠠᠷ ᠪᠦᠲᠦᠭᠡᠨ ᠪᠠᠢᠭᠤᠯᠬᠤ  ᠂ ᠦᠬᠡᠷᠡᠴᠢᠯᠡᠯᠲᠡ ᠶᠢ ᠪᠦᠬᠦ ᠲᠠᠯ᠎ᠠ ᠪᠠᠷ ᠬᠦᠨᠵᠡᠭᠡᠢᠷᠡᠬᠦᠯᠬᠦ ᠂ ᠪᠦᠬᠦ ᠲᠠᠯ᠎ᠠ ᠪᠠᠷ ᠬᠠᠤᠯᠢ ᠶᠤᠰᠤᠭᠠᠷ ᠤᠯᠤᠰ ᠵᠠᠰᠠᠬᠤ ᠂ ᠪᠦᠬᠦ ᠳᠠᠯ᠎ᠠ ᠪᠠᠷ ᠲᠦᠪ ᠴᠢᠩᠭ᠎ᠠ ᠨᠠᠮ ᠵᠠᠰᠠᠬᠤ 《ᠲᠦᠷᠪᠡᠨ ᠪᠦᠬᠦ ᠲᠠᠯ᠎ᠠ》᠎ ᠶᠢᠨ ᠪᠠᠢᠯᠳᠤᠬᠤ ᠪᠤᠳᠤᠯᠭ᠎ᠠ ᠶᠢᠨ ᠳᠤᠬᠢᠷᠠᠭᠤᠯᠤᠯᠲᠠ ᠶᠢ ᠵᠤᠬᠢᠰᠲᠠᠢ ᠲᠦᠯᠬᠢᠨ ᠠᠬᠢᠭᠤᠯᠬᠤ ᠪᠤᠯ ᠳᠤᠮᠳᠠᠳᠤ ᠶᠢᠨ ᠦᠨᠳᠦᠰᠦᠲᠡᠨ ᠦ ᠠᠭᠤᠤ ᠶᠡᠬᠡ ᠰᠡᠷᠭᠦᠨ ᠮᠠᠨᠳᠤᠯᠲᠠ ᠶᠢ ᠪᠡᠶᠡᠯᠡᠬᠦᠯᠬᠦ ᠶᠢᠨ ᠴᠢᠬᠤᠯᠠ ᠪᠠᠳᠤᠯᠭ᠎ᠠ ᠮᠦᠨ ᠃ ᠰᠢᠨ᠎ᠠ ᠶᠢ ᠡᠭᠦᠳᠬᠦ ᠂ ᠵᠣᠬᠢᠴᠠᠩᠭᠤᠢ ᠂ ᠪᠤᠭᠢᠷᠳᠠᠯ ᠦᠬᠡᠢ ᠂ ᠡᠷᠬᠡ ᠴᠢᠯᠦᠭᠡᠲᠡᠢ ᠂ ᠬᠠᠮᠳᠤᠪᠠᠷ ᠡᠳᠡᠯᠡᠬᠦ ᠬᠦᠭᠵᠢᠯᠲᠡ ᠶᠢᠨ ᠦᠵᠡᠯᠲᠡ ᠶᠢ ᠪᠤᠢ ᠪᠤᠯᠭᠠᠵᠤ ᠂ ᠠᠵᠤ ᠠᠬᠤᠢ ᠂ ᠤᠯᠤᠰ ᠲᠦᠷᠦ ᠂ ᠰᠤᠶᠤᠯ ᠂ ᠨᠡᠢᠭᠡᠮ ᠂ ᠠᠮᠢ ᠠᠬᠤᠢ ᠶᠢᠨ ᠪᠤᠯᠪᠠᠰᠤᠨ ᠲᠠᠪᠤᠨ ᠤᠷᠤᠨ ᠨᠢᠭᠡ ᠴᠤᠭᠴᠠ  ᠶᠢᠨ ᠪᠦᠲᠦᠭᠡᠨ ᠪᠠᠢᠭᠤᠯᠤᠯᠲᠠ ᠶᠢ ᠨᠢᠬᠡᠳᠦᠯᠲᠡᠢ ᠲᠦᠯᠬᠢᠨ ᠠᠬᠢᠭᠤᠯᠵᠤ ᠂ ᠳᠤᠮᠳᠠᠳᠤ ᠶᠢᠨ ᠦᠨᠳᠦᠰᠦᠲᠡᠨ ᠦ ᠠᠭᠤᠤ ᠶᠡᠬᠡ ᠰᠡᠷᠭᠦᠨ ᠮᠠᠨᠳᠤᠯᠲᠠ ᠳᠤ ᠪᠠᠳᠤ ᠪᠡᠬᠢ ᠡᠳ᠋ ᠪᠤᠳᠠᠰ ᠤᠨ ᠰᠠᠭᠤᠷᠢ ᠪᠠᠢᠭᠤᠯᠵᠤ ᠂ ᠬᠦᠴᠦᠷᠭᠡᠭ ᠤᠶᠤᠨ ᠰᠠᠨᠠᠭᠠᠨ ᠤ ᠬᠦᠴᠦᠨ ᠢ ᠨᠢᠭᠳᠠᠷᠠᠭᠤᠯᠤᠨ᠎ᠠ ᠃ ᠤᠯᠤᠰ ᠤᠨ ᠬᠠᠮᠠᠭᠠᠯᠠᠯᠲᠠ ᠪᠠ ᠴᠡᠷᠢᠭ ᠠᠩᠭᠢ ᠶᠢᠨ ᠪᠦᠲᠦᠭᠡᠨ ᠪᠠᠢᠭᠤᠯᠤᠯᠲᠠ ᠶᠢ ᠴᠢᠩᠭᠠᠳᠬᠠᠵᠤ ᠂ ᠬᠠᠮᠳᠤᠷᠠᠯᠴᠠᠨ ᠠᠵᠢᠯᠯᠠᠵᠤ ᠬᠠᠮᠳᠤᠪᠠᠷ ᠠᠰᠢᠭ ᠤᠯᠬᠤ ᠪᠠᠷ ᠭᠤᠤᠯ ᠪᠤᠯᠭᠠᠭᠰᠠᠨ ᠰᠢᠨ᠎ᠠ ᠤᠯᠠᠨ ᠤᠯᠤᠰ ᠤᠨ ᠬᠠᠷᠢᠴᠠᠭ᠎ᠠ ᠶᠢ ᠪᠠᠢᠭᠤᠯᠬᠤ ᠶᠢ ᠠᠬᠢᠭᠤᠯᠵᠤ ᠂ ᠳᠤᠮᠳᠠᠳᠤ ᠶᠢᠨ ᠦᠨᠳᠦᠰᠦᠲᠡᠨ ᠦ ᠠᠭᠤᠤ ᠶᠡᠬᠡ ᠰᠡᠷᠭᠦᠨ ᠮᠠᠨᠳᠤᠯᠲᠠ ᠪᠡᠶᠡᠯᠡᠬᠦᠯᠬᠦ ᠳᠦ ᠰᠠᠢᠨ ᠰᠠᠢᠬᠠᠨ ᠬᠦᠭᠵᠢᠯᠲᠡ ᠶᠢᠨ ᠤᠷᠴᠢᠨ ᠲᠤᠭᠤᠷᠢᠨ ᠪᠤᠢ ᠪᠤᠯᠭᠠᠵᠤ ᠦᠭᠭᠦᠨ᠎ᠠ ᠃ ᠰᠢᠨᠵᠢᠯᠡᠬᠦ ᠤᠬᠠᠭᠠᠨᠴᠢ ᠦᠵᠡᠯ ᠰᠠᠨᠠᠭ᠎ᠠ ᠠᠷᠭ᠎ᠠ ᠬᠡᠯᠪᠡᠷᠢ ᠪᠠ ᠠᠵᠢᠯᠯᠠᠬᠤ ᠠᠷᠭ᠎ᠠ ᠬᠡᠯᠪᠡᠷᠢ ᠶᠢ ᠰᠤᠷᠤᠯᠴᠠᠨ ᠡᠵᠡᠮᠰᠢᠵᠦ ᠂ ᠦᠬᠡᠷᠡᠴᠢᠯᠡᠯᠲᠡ ᠬᠦᠭᠵᠢᠯᠲᠡ ᠶᠢᠨ ᠦᠨᠳᠦᠰᠦᠨ ᠠᠰᠠᠭᠤᠳᠠᠯ ᠢ ᠰᠢᠢᠳᠪᠦᠷᠢᠯᠡᠬᠦ ᠴᠢᠳᠠᠪᠦᠷᠢ ᠶᠢ ᠳᠠᠰᠤᠷᠤᠯᠲᠠ ᠦᠭᠡᠢ ᠳᠡᠭᠡᠭᠰᠢᠯᠡᠬᠦᠯᠵᠦ ᠂ ᠳᠤᠮᠳᠠᠳᠤ ᠶᠢᠨ ᠦᠨᠳᠦᠰᠦᠲᠡᠨ ᠦ ᠠᠭᠤᠤ ᠶᠡᠬᠡ ᠰᠡᠷᠭᠦᠨ ᠮᠠᠨᠳᠤᠯᠲᠠ  ᠶᠢ ᠪᠡᠶᠡᠯᠡᠬᠦᠯᠬᠦ ᠳᠦ ᠰᠢᠨᠵᠢᠯᠡᠬᠦ ᠤᠬᠠᠭᠠᠨᠴᠢ ᠶᠡᠷᠳᠢᠨᠴᠦ ᠶᠢᠨ ᠦᠵᠡᠯᠲᠡ ᠪᠠ ᠠᠷᠭ᠎ᠠ ᠶᠢᠨ ᠤᠨᠤᠯ ᠤᠨ ᠵᠢᠯᠤᠭᠤᠳᠤᠯᠭ᠎ᠠ ᠬᠠᠩᠭᠠᠨ᠎ᠠ ᠃ ᠡᠳᠡᠭᠡᠷ ᠴᠢᠬᠤᠯᠠ ᠠᠭᠤᠯᠭ᠎ᠠ ᠨᠢ ᠯᠤᠭᠢᠭ ᠨᠢᠭᠳᠠ ᠴᠢᠩᠭ᠎ᠠ ᠤᠷᠭᠠᠨᠢᠭ ᠪᠦᠬᠦᠯᠢ ᠴᠤᠭᠴᠠ ᠪᠤᠯᠵᠤ ᠪᠦᠷᠢᠯᠳᠦᠵᠦ ᠂ ᠰᠢᠨ᠎ᠠ ᠠᠬᠤᠢ ᠪᠠᠢᠳᠠᠯ ᠳᠤᠤᠷᠠᠬᠢ ᠨᠠᠮ ᠪᠠ ᠤᠯᠤᠰ ᠲᠦᠷᠦ ᠶᠢᠨ ᠦᠢᠯᠡᠰ ᠦᠨ ᠨᠢᠭᠡ ᠰᠢᠷᠢᠰ ᠴᠢᠬᠤᠯᠠ ᠤᠨᠤᠯ ᠪᠤᠯᠤᠨ ᠪᠤᠳᠠᠳᠠᠢ ᠠᠰᠠᠭᠤᠳᠠᠯ ᠳᠤ ᠬᠠᠷᠢᠭᠤᠯᠳᠠ ᠦᠭᠴᠦ ᠂ ᠦᠩᠭᠡᠷᠡᠭᠰᠡᠨ ᠢ ᠪᠠᠷᠢᠮᠳᠠᠯᠠᠭᠰᠠᠨ ᠮᠦᠷᠲᠡᠭᠡᠨ ᠤᠯᠠᠨ ᠰᠢᠨ᠎ᠠ ᠦᠭᠡ ᠶᠠᠷᠢᠵᠤ ᠂ ᠮᠠᠨ ᠤ ᠨᠠᠮ ᠠᠴᠠ ᠡᠪ ᠬᠠᠮᠳᠤ ᠨᠠᠮ ᠵᠠᠰᠠᠭ ᠪᠠᠷᠢᠬᠤ ᠵᠢᠮ᠎ᠠ ᠬᠠᠤᠯᠢ᠂ ᠨᠡᠢᠭᠡᠮ ᠵᠢᠷᠦᠮ ᠦᠨ ᠪᠦᠲᠦᠭᠡᠨ ᠪᠠᠢᠭᠤᠯᠤᠯᠲᠠ ᠶᠢᠨ ᠵᠢᠮ᠎ᠠ ᠬᠠᠤᠯᠢ ᠂ ᠬᠦᠮᠦᠨ ᠲᠦᠷᠦᠯᠬᠢᠲᠡᠨ ᠦ ᠨᠡᠢᠭᠡᠮ ᠦᠨ ᠭᠦᠭᠵᠢᠯᠲᠡ ᠶᠢᠨ ᠵᠢᠮ᠎ᠠ ᠬᠠᠤᠯᠢ ᠶᠢᠨ ᠳᠤᠬᠠᠢ ᠲᠠᠨᠢᠯᠲᠠ  ᠶᠢ ᠤᠯᠠᠮ ᠨᠢᠭᠡ ᠠᠯᠬᠤᠮ ᠭᠦᠨᠵᠡᠭᠡᠢᠷᠡᠬᠦᠯᠵᠦ ᠂ ᠳᠤᠮᠳᠠᠳᠤ ᠤᠯᠤᠰ ᠤᠨ ᠬᠤᠪᠢᠰᠬᠠᠯ ᠂ ᠪᠦᠲᠦᠭᠡᠨ ᠪᠠᠢᠭᠤᠯᠤᠯᠲᠠ ᠪᠤᠯᠤᠨ ᠦᠬᠡᠷᠡᠴᠢᠯᠡᠯᠲᠡ ᠶᠢᠨ ᠲᠡᠤᠬᠡᠨ ᠯᠤᠬᠢᠭ ᠂ ᠤᠨᠤᠯ ᠤᠨ ᠯᠤᠭᠢᠭ ᠪᠠ ᠦᠢᠯᠡᠳᠦᠯᠭᠡ ᠶᠢᠨ ᠯᠤᠬᠢᠭ ᠤᠨ ᠤᠶᠠᠯᠳᠤᠵᠤ ᠂ ᠮᠠᠷᠺᠰ ᠤᠨ ᠦᠵᠡᠯ ᠦᠨ ᠭᠦᠭᠵᠢᠯᠲᠡ ᠶᠢᠨ ᠰᠢᠨ᠎ᠠ ᠪᠠᠢᠳᠠᠯ ᠢ ᠪᠤᠢ ᠪᠤᠯᠭᠠᠵᠤ ᠂ ᠳᠤᠮᠳᠠᠳᠤ ᠤᠯᠤᠰ ᠤᠨ ᠤᠨᠴᠠᠯᠢᠭ ᠪᠦᠬᠦᠢ ᠨᠡᠢᠭᠡᠮ ᠵᠢᠷᠦᠮ ᠦᠨ ᠦᠢᠯᠡᠰ ᠦᠨ ᠰᠢᠨ᠎ᠠ ᠬᠠᠭᠤᠳᠠᠰᠤ ᠶᠢ ᠦᠷᠬᠦᠯᠵᠢᠯᠡᠨ ᠪᠢᠴᠢᠪᠡ ᠃

ᠰᠢ ᠵᠢᠨ ᠫᠢᠩ ᠶᠡᠷᠦᠩᠬᠡᠢ ᠱᠦᠵᠢ ᠶᠢᠨ ᠰᠢᠷᠢᠰ ᠴᠢᠬᠤᠯᠠ ᠶᠠᠷᠢᠶ᠎ᠠ ᠪᠤᠯ ᠳᠤᠮᠳᠠᠳᠤ ᠤᠯᠤᠰ ᠤᠨ ᠤᠨᠴᠠᠯᠢᠭ ᠪᠦᠬᠥᠢ ᠨᠡᠢᠭᠡᠮ ᠵᠢᠷᠦᠮ ᠦᠨ ᠤᠨᠤᠯ ᠤᠨ ᠰᠢᠰᠲ᠋ᠧᠮ ᠦᠨ ᠬᠠᠮᠤᠭ ᠰᠢᠨ᠎ᠠ ᠦᠷ᠎ᠠ ᠪᠦᠲᠦᠭᠡᠯ ᠮᠦᠨ ᠂ ᠮᠠᠷᠺᠰ ᠤᠨ ᠦᠵᠡᠯ ᠦᠨ ᠳᠤᠮᠳᠠᠳᠤ ᠤᠯᠤᠰ ᠤᠨ ᠪᠤᠯᠭᠠᠭᠰᠠᠨ ᠬᠠᠮᠤᠭ ᠰᠢᠨ᠎ᠠ ᠦᠷ᠎ᠠ ᠪᠦᠲᠦᠭᠡᠯ᠂ ᠮᠠᠰᠢ ᠤᠯᠠᠨ ᠰᠢᠨ᠎ᠠ ᠲᠡᠤᠬᠡᠨ ᠤᠨᠴᠠᠯᠢᠭ ᠲᠠᠢ ᠠᠭᠤᠤ ᠶᠡᠬᠡ ᠳᠡᠮᠡᠴᠡᠯ ᠢ ᠵᠢᠯᠤᠭᠤᠳᠬᠤ ᠠᠮᠢᠳᠤᠯᠢᠭ ᠮᠠᠷᠺᠰ ᠤᠨ ᠦᠵᠡᠯ ᠮᠦᠨ᠃ ᠨᠠᠮ ᠤᠨ ᠠᠷᠪᠠᠨ ᠨᠠᠢᠮᠠᠳᠤᠭᠠᠷ ᠶᠡᠬᠡ ᠬᠤᠷᠠᠯ ᠠᠴᠠ ᠨᠠᠰᠢ ᠂ ᠨᠠᠮ ᠪᠠ ᠤᠯᠤᠰ ᠲᠦᠷᠦ ᠶᠢᠨ ᠡᠯ᠎ᠠ ᠦᠢᠯᠡᠰ ᠨᠢ ᠲᠠᠰᠤᠷᠠᠯᠲᠠ ᠦᠬᠡᠢ ᠠᠮᠵᠢᠯᠲᠠ ᠤᠯᠵᠤ ᠂ ᠰᠢᠨ᠎ᠠ ᠪᠠᠢᠳᠠᠯ ᠢ ᠨᠡᠭᠡᠭᠡᠭᠰᠡᠨ ᠦ ᠦᠨᠳᠦᠰᠦ ᠪᠠᠯ ᠰᠢ ᠵᠢᠨ ᠫᠢᠩ ᠨᠦᠭᠦᠷ ᠢᠶᠡᠷ ᠶᠡᠷᠦᠩᠬᠡᠢ ᠱᠦᠵᠢ ᠪᠤᠯᠭᠠᠭᠰᠠᠨ ᠨᠠᠮ ᠤᠨ ᠲᠦᠪ ᠬᠤᠷᠢᠶᠠᠨ ᠤ ᠪᠠᠲᠤ ᠴᠢᠩᠭ᠎ᠠ ᠤᠳᠤᠷᠢᠳᠤᠯᠭ᠎ᠠ ᠂ ᠰᠢ ᠵᠢᠨ ᠫᠢᠩ ᠶᠡᠷᠦᠩᠬᠡᠢ ᠱᠦᠵᠢ ᠶᠢᠨ ᠰᠢᠷᠢᠰ ᠴᠢᠬᠤᠯᠠ ᠶᠠᠷᠢᠶᠠᠨ ᠤ ᠵᠤᠷᠢᠭ ᠰᠠᠨᠠᠭᠠᠨ ᠤ ᠰᠢᠨᠵᠢᠯᠡᠬᠦ ᠤᠬᠠᠭᠠᠨᠴᠢ ᠵᠢᠯᠤᠭᠤᠳᠤᠯᠭ᠎ᠠ ᠪᠤᠯᠤᠨ᠎ᠠ ᠃

ᠰᠢ ᠵᠢᠨ ᠫᠢᠩ ᠶᠡᠷᠦᠩᠬᠡᠢ ᠱᠦᠵᠢ ᠶᠢᠨ ᠰᠢᠷᠢᠰ ᠴᠢᠬᠤᠯᠠ ᠶᠠᠷᠢᠶᠠᠨ ᠤ ᠵᠤᠷᠢᠭ ᠰᠠᠨᠠᠭ᠎ᠠ ᠶᠢ ᠬᠦᠨᠵᠡᠭᠡᠢ ᠰᠤᠷᠤᠯᠴᠠᠬᠤ ᠪᠤᠯ ᠪᠦᠬᠦ ᠨᠠᠮ ᠤᠨ ᠨᠢᠭᠡᠨ ᠬᠦᠨᠳᠦ ᠤᠯᠤᠰ ᠲᠦᠷᠦ ᠶᠢᠨ ᠡᠭᠦᠷᠭᠡ ᠮᠦᠨ ᠃ ᠶᠠᠷᠢᠶᠠᠨ ᠤ ᠵᠤᠷᠢᠭ ᠰᠠᠨᠠᠭ᠎ᠠ ᠪᠠᠷ ᠪᠦᠬᠦ ᠨᠠᠮ ᠢ ᠵᠡᠪᠰᠡᠭᠯᠡᠵᠦ ᠂ ᠠᠷᠠᠳ ᠲᠦᠮᠡᠨ ᠢ ᠰᠤᠭᠠᠨ ᠬᠦᠮᠦᠵᠢᠬᠦᠯᠵᠦ ᠂ ᠤᠯᠠᠮ ᠨᠢᠬᠡ ᠠᠯᠬᠤᠮ ᠦᠵᠡᠯ ᠰᠠᠨᠠᠭ᠎ᠠ ᠦᠢᠯᠡ ᠬᠦᠳᠡᠯᠭᠡᠭᠡᠨ ᠢ ᠨᠢᠬᠡᠳᠦᠯᠲᠠᠢ ᠪᠤᠯᠭᠠᠵᠤ ᠂ ᠤᠷᠤᠭᠰᠢ ᠳᠠᠪᠰᠢᠬᠤ ᠬᠦᠴᠦᠨ ᠢ ᠨᠢᠭᠳᠠᠷᠠᠭᠤᠯᠬᠤ ᠶᠢ ᠪᠠᠷᠢᠮᠳᠠᠯᠠᠵᠤ ᠂ ᠤᠯᠠᠮ ᠨᠢᠬᠡ ᠠᠯᠬᠤᠮ ᠬᠦᠭᠵᠢᠯᠲᠡ ᠶᠢᠨ ᠶᠡᠬᠡ ᠬᠠᠨᠳᠤᠰᠢ  ᠶᠢ ᠠᠳᠬᠤᠵᠤ ᠂ ᠤᠷᠤᠭᠰᠢᠯᠠᠬᠤ ᠴᠢᠭᠯᠡᠯ ᠢ ᠳᠤᠳᠤᠷᠬᠠᠢ ᠪᠤᠯᠭᠠᠵᠤ ᠂ ᠤᠯᠠᠮ ᠨᠢᠬᠡ ᠠᠯᠬᠤᠮ ᠬᠦᠭᠵᠢᠯᠲᠡ ᠶᠢᠨ ᠰᠢᠨ᠎ᠠ ᠳᠠᠪᠠᠭᠤᠯᠢᠭ ᠢ ᠠᠳᠬᠤᠵᠤ ᠂ ᠠᠵᠢᠯ ᠦᠢᠯᠡᠰ ᠦᠨ ᠰᠢᠨ᠎ᠠ ᠪᠠᠢᠳᠠᠯ ᠢ ᠨᠡᠭᠡᠭᠡᠵᠦ ᠂ ᠨᠢᠬᠡᠳᠦᠬᠡᠷ ᠨᠢᠬᠡ ᠵᠠᠭᠤᠨ ᠵᠢᠯ ᠦᠨ ᠳᠡᠮᠡᠴᠡᠬᠦ ᠬᠠᠷᠠᠯᠲᠠ ᠂ ᠪᠦᠬᠦ ᠲᠠᠯ᠎ᠠ ᠪᠠᠷ ᠴᠢᠨᠡᠬᠡᠯᠢᠭ ᠠᠮᠢᠳᠤᠷᠠᠯ ᠢ ᠪᠦᠲᠦᠭᠡᠨ ᠪᠠᠢᠭᠤᠯᠬᠤ ᠶᠢ ᠳᠡᠮᠡᠴᠡᠨ ᠪᠡᠶᠡᠯᠡᠬᠦᠯᠵᠦ ᠂ ᠡᠭᠦᠨ ᠦ ᠤᠯᠠᠮ  ᠠᠴᠠ ᠬᠤᠶᠠᠳᠤᠭᠠᠷ ᠨᠢᠬᠡ ᠵᠠᠭᠤᠨ ᠵᠢᠯ ᠦᠨ ᠳᠡᠮᠡᠴᠡᠬᠦ ᠬᠠᠷᠠᠯᠲᠠ ᠂ ᠳᠤᠮᠳᠠᠳᠤ ᠶᠢᠨ ᠦᠨᠳᠦᠰᠦᠲᠡᠨ ᠦ ᠠᠭᠤᠤ ᠶᠡᠬᠡ ᠰᠡᠷᠬᠦᠨ ᠮᠠᠨᠳᠤᠯᠲᠠ ᠶᠢ ᠪᠡᠶᠡᠯᠡᠬᠦᠯᠦᠨ᠎ᠠ ᠃

ᠰᠢ ᠵᠢᠨ ᠫᠢᠩ ᠶᠡᠷᠦᠩᠬᠡᠢ ᠱᠦᠵᠢ ᠶᠢᠨ ᠴᠢᠬᠤᠯᠠ ᠶᠠᠷᠢᠶᠠᠨ ᠤ ᠵᠤᠷᠢᠭ ᠰᠠᠨᠠᠭ᠎ᠠ ᠶᠢ ᠬᠦᠨᠵᠡᠬᠡᠢ ᠰᠤᠷᠤᠯᠴᠠᠵᠤ ᠂ ᠪᠦᠬᠦᠯᠢ ᠴᠤᠭᠴᠠᠳᠤ ᠴᠢᠨᠠᠷ ᠂ ᠰᠢᠰᠲ᠋ᠧᠮᠲᠦ ᠴᠢᠨᠠᠷ ᠤᠨ ᠱᠠᠭᠠᠷᠳᠠᠯᠭ᠎ᠠ ᠶᠢ ᠳᠤᠪᠤᠢᠯᠭᠠᠵᠤ ᠂ ᠦᠨᠳᠦᠰᠦᠨ ᠦᠵᠡᠯᠲᠡ ᠪᠠ ᠵᠤᠷᠢᠭ ᠰᠠᠨᠠᠭᠠᠨ ᠤ ᠮᠦᠨ ᠴᠢᠨᠠᠷ ᠢ ᠪᠦᠬᠦ ᠲᠠᠯ᠎ᠠ ᠪᠠᠷ ᠬᠦᠴᠦᠨ ᠳᠠᠯᠪᠢᠨ ᠵᠦᠪ ᠤᠨᠤᠪᠴᠢᠲᠠᠢ ᠤᠢᠯᠭᠠᠵᠤ ᠂ ᠦᠵᠡᠯ ᠰᠠᠨᠠᠭᠠᠨ ᠤ ᠭᠤᠤᠯ ᠴᠢᠮᠦᠬᠡ ᠪᠤᠯᠤᠨ ᠭᠤᠤᠯ ᠠᠭᠤᠯᠭ᠎ᠠ ᠶᠢ ᠬᠦᠨᠵᠡᠭᠡᠢ ᠤᠢᠯᠭᠠᠬᠤ ᠳᠡᠭᠡᠷ᠎ᠠ ᠬᠦᠴᠦᠨ ᠲᠠᠯᠪᠢᠨ᠎ᠠ ᠃ ᠨᠠᠮ ᠤᠨ ᠤᠨᠤᠯ ᠤᠨ ᠰᠢᠨ᠎ᠠ ᠶᠢ ᠡᠭᠦᠳᠬᠦ ᠪᠠ ᠦᠢᠯᠡᠳᠦᠯᠭᠡ ᠶᠢᠨ ᠰᠢᠨ᠎ᠠ ᠶᠢ ᠡᠭᠦᠳᠬᠦ ᠶᠠᠪᠤᠴᠠ ᠶᠢ ᠨᠢᠭᠳᠠ ᠤᠶᠠᠯᠳᠤᠭᠤᠯᠵᠤ ᠂ ᠨᠠᠮ ᠢ ᠲᠦᠪ ᠬᠤᠷᠢᠶᠠᠨ ᠤ ᠤᠯᠤᠰ ᠵᠠᠰᠠᠵᠤ ᠵᠠᠰᠠᠭ ᠬᠠᠮᠢᠶᠠᠷᠠᠬᠤ ᠰᠢᠨ᠎ᠠ ᠦᠵᠡᠯᠲᠡ ᠰᠢᠨ᠎ᠠ ᠦᠵᠡᠯ ᠰᠠᠨᠠᠭ᠎ᠠ ᠰᠢᠨ᠎ᠠ ᠪᠠᠢᠯᠳᠤᠬᠤ ᠪᠤᠳᠤᠯᠭ᠎ᠠ  ᠶᠢ ᠰᠢᠰᠲ᠋ᠧᠮ ᠲᠠᠢ ᠰᠤᠷᠤᠯᠴᠠᠨ ᠤᠢᠯᠭᠠᠵᠤ ᠂ ᠤᠬᠠᠮᠰᠠᠷᠲᠤ ᠴᠢᠨᠠᠷ ᠪᠠ ᠡᠷᠡᠰ ᠪᠠᠳᠤ ᠴᠢᠨᠠᠷ ᠢ ᠳᠡᠭᠡᠭᠰᠢᠯᠡᠬᠦᠯᠬᠦ ᠶᠢ ᠲᠤᠤᠱᠢᠯᠠᠭᠤᠯᠤᠨ᠎ᠠ ᠃ ᠬᠦᠰᠡᠯᠡᠩ ᠢᠳᠡᠬᠡᠯ ᠵᠤᠷᠢᠭ ᠢ ᠳᠡᠭᠡᠭᠰᠢᠯᠡᠬᠦᠯᠵᠦ ᠂ ᠰᠢᠮ᠎ᠠ ᠳᠡᠵᠢᠭᠡᠯ ᠨᠦᠬᠦᠪᠦᠷᠢᠯᠡᠨ ᠂ ᠦᠨᠳᠤᠰᠦ ᠰᠠᠭᠤᠷᠢ ᠪᠠᠨ ᠪᠡᠬᠢᠵᠢᠬᠦᠯᠵᠦ ᠂ ᠶᠢᠷᠳᠢᠨᠴᠦ ᠶᠢᠨ ᠦᠵᠡᠯᠲᠡ ᠠᠮᠢᠳᠤᠷᠬᠤᠢ ᠶᠢᠨ ᠦᠵᠡᠯᠲᠡ ᠦᠷᠳᠡᠭ ᠦᠨ ᠦᠵᠡᠯᠲᠡ ᠬᠡᠬᠦ ᠠᠰᠠᠭᠤᠳᠠᠯ ᠢ ᠰᠠᠢᠳᠤᠷ ᠰᠢᠢᠳᠪᠦᠷᠢᠯᠡᠨ᠎ᠠ ᠃ ᠴᠢᠬᠤᠯᠠ ᠶᠠᠷᠢᠶᠠᠨ ᠤ ᠮᠠᠷᠺᠰ ᠤᠨ ᠦᠵᠡᠯ ᠦᠨ ᠵᠤᠭᠰᠤᠯᠲᠠ ᠦᠵᠡᠯᠲᠡ ᠠᠷᠭ᠎ᠠ ᠶᠢ ᠳᠤᠤᠱᠢᠯᠠᠭᠤᠯᠵᠤ ᠪᠠᠢᠬᠤ ᠡᠵᠡᠮᠰᠢᠵᠦ ᠂ ᠨᠠᠮ ᠪᠠᠢᠭᠤᠯᠬᠤ ᠨᠢ ᠲᠦᠪ ᠭᠤᠤᠯᠴᠢ ᠶᠢᠨ ᠲᠦᠯᠦᠭᠡ ᠂ ᠵᠠᠰᠠᠭ ᠪᠠᠷᠢᠬᠤ ᠨᠢ ᠠᠷᠠᠳ ᠤᠨ ᠲᠦᠯᠦᠬᠡ ᠳᠤᠳᠤᠷᠬᠠᠢ ᠵᠤᠭᠰᠤᠯᠲᠠ  ᠂ ᠬᠤᠪᠢᠰᠤᠩᠭᠤᠢ ᠪᠤᠳᠠᠰᠴᠢ ᠦᠵᠡᠯ ᠪᠠ ᠲᠡᠤᠬᠡ ᠶᠢᠨ ᠪᠤᠳᠠᠰᠴᠢ ᠦᠡᠵᠡᠯ ᠦᠨ ᠭᠤᠤᠯ ᠦᠨᠳᠦᠰᠦᠯᠡᠯ ᠂ ᠦᠨᠡᠨ ᠬᠡᠷᠡᠭ ᠡᠴᠡ ᠵᠦᠪ ᠢ ᠡᠷᠢᠬᠦ ᠂ ᠤᠯᠠᠨ ᠲᠦᠮᠡᠨᠴᠢ ᠱᠤᠭᠤᠮ ᠵᠡᠷᠬᠡ ᠦᠵᠡᠯ ᠰᠠᠨᠠᠨᠭᠠᠨ ᠤ ᠠᠷᠭ᠎ᠠ ᠪᠠ ᠠᠵᠢᠯᠯᠠᠬᠤ ᠠᠷᠭ᠎ᠠ ᠶᠢ ᠪᠠᠭᠳᠠᠭᠠᠵᠤ᠂ ᠦᠨᠭᠭᠡᠨ ᠲᠠᠯ᠎ᠠ ᠶᠢ ᠨᠢ ᠮᠡᠳᠡᠬᠦ ᠪᠡᠷ ᠪᠠᠷᠠᠬᠤ ᠦᠬᠡᠢ ᠳᠤᠳᠤᠭᠠᠳᠤ ᠬᠤᠯᠪᠤᠭ᠎ᠠ ᠶᠢ ᠮᠡᠳᠡᠬᠦ ᠬᠡᠷᠡᠭᠲᠡᠢ ᠃ ᠦᠨᠡᠨ ᠡᠴᠡ ᠵᠦᠪ ᠢ ᠡᠷᠢᠬᠦ ᠶᠢ ᠪᠠᠷᠢᠮᠳᠠᠯᠠᠵᠤ ᠂ ᠤᠨᠤᠯ ᠢ ᠪᠤᠳᠠᠳᠠᠢ ᠲᠠᠢ ᠤᠶᠠᠯᠳᠤᠭᠤᠯᠬᠤ ᠰᠤᠷᠤᠯᠴᠠᠬᠤ ᠰᠤᠷᠳᠠᠯ ᠢ ᠪᠠᠳᠠᠷᠠᠭᠤᠯᠵᠤ ᠂ ᠠᠰᠠᠭᠤᠳᠠᠯ ᠢᠶᠠᠷ ᠤᠳᠤᠷᠢᠳᠤᠮᠵᠢ ᠪᠤᠯᠭᠠᠬᠤ ᠂ ᠦᠢᠯᠡᠳᠦᠯᠬᠡ ᠪᠡᠷ ᠤᠳᠤᠷᠢᠳᠤᠮᠵᠢ ᠪᠤᠯᠭᠠᠬᠤ ᠂ ᠬᠡᠷᠡᠭᠵᠢᠬᠦᠯᠬᠡ ᠪᠡᠷ ᠤᠳᠤᠷᠢᠳᠤᠮᠵᠢ ᠪᠤᠯᠭᠠᠬᠤ ᠶᠢ ᠴᠢᠩᠭᠠᠳᠬᠠᠵᠤ ᠂ ᠺᠠᠲᠠᠷ ᠠᠷᠠᠳ ᠲᠦᠮᠡᠨ ᠦ ᠦᠵᠡᠯ ᠰᠠᠨᠠᠭᠠᠨ ᠤ ᠪᠤᠳᠠᠳᠠᠢ ᠪᠠᠢᠳᠠᠯ ᠪᠠ ᠠᠵᠢᠯ ᠤᠨ ᠪᠤᠳᠠᠳᠠᠢ ᠪᠠᠢᠳᠠᠯ ᠢ ᠨᠢᠭᠲᠠ ᠤᠶᠠᠯᠳᠤᠭᠤᠯᠵᠤ ᠂ ᠥᠭᠡᠷᠡᠴᠢᠯᠡᠯᠲᠡ ᠬᠦᠭᠵᠢᠯᠲᠡ ᠶᠢᠨ ᠳᠤᠭᠳᠠᠭᠤᠨ ᠪᠤᠳᠠᠳᠠᠢ ᠪᠠᠢᠳᠠᠯ ᠢ ᠤᠶᠠᠯᠳᠤᠭᠤᠯᠵᠤ ᠂ ᠬᠦᠮᠦᠰ ᠢ ᠨᠡᠩ ᠰᠠᠢᠨ ᠢᠶᠠᠷ ᠶᠠᠷᠢᠶᠠᠨ ᠤ ᠵᠤᠷᠢᠭ ᠰᠠᠨᠠᠭ᠎ᠠ ᠪᠠᠷ ᠵᠢᠯᠤᠭᠤᠳᠤᠨ ᠪᠤᠳᠠᠳᠠᠢ ᠠᠰᠠᠭᠤᠳᠠᠯ ᠢ ᠰᠢᠢᠳᠪᠦᠷᠢᠯᠡᠬᠦ ᠶᠢ ᠳᠠᠭᠠᠭᠤᠯᠵᠤ ᠂ ᠰᠤᠷᠤᠯᠴᠠᠭᠰᠠᠨ ᠦᠷ᠎ᠠ ᠪᠦᠲᠦᠮᠵᠢ ᠪᠡᠨ ᠳᠤᠬᠠᠢᠯᠠᠭᠰᠠᠨ ᠠᠵᠢᠯ ᠢᠶᠠᠨ ᠰᠠᠢᠠ ᠬᠢᠬᠦ ᠂ ᠠᠵᠢᠯ ᠦᠢᠯᠡᠰ ᠦᠨ ᠬᠦᠭᠵᠢᠯᠲᠡ ᠶᠢ ᠠᠬᠢᠭᠤᠯᠬᠤ ᠠᠮᠢᠳᠤᠯᠢᠭ ᠦᠢᠯᠡᠳᠦᠯᠭᠡ ᠪᠤᠯᠭᠠᠵᠤ ᠲᠡᠢᠯᠦᠨ᠎ᠠ ᠃

ᠰᠢ ᠵᠢᠨ ᠫᠢᠩ ᠶᠡᠷᠦᠩᠬᠡᠢ ᠱᠦᠵᠢ ᠶᠢᠨ ᠴᠢᠬᠤᠯᠠ ᠶᠠᠷᠢᠶᠠᠨ ᠤ ᠵᠤᠷᠢᠭ ᠰᠠᠨᠠᠭ᠎ᠠ ᠶᠢ ᠰᠤᠷᠤᠯᠴᠠᠨ ᠳᠤᠤᠱᠢᠯᠠᠭᠤᠯᠬᠤ ᠶᠢ ᠤᠯᠠᠮ ᠨᠢᠬᠡ ᠠᠯᠬᠤᠮ ᠬᠦᠨᠵᠡᠭᠡᠢᠷᠡᠬᠦᠯᠵᠦ ᠂ ᠶᠠᠷᠢᠶᠠᠨ ᠤ ᠵᠤᠷᠢᠭ ᠰᠠᠨᠠᠭ᠎ᠠ ᠪᠠᠷ ᠲᠠᠷᠢᠬᠢ ᠳᠤᠯᠤᠭᠠᠢ ᠪᠠᠨ ᠵᠡᠪᠰᠡᠭᠯᠡᠵᠦ ᠂ ᠦᠢᠯᠡᠳᠦᠯᠭᠡ ᠶᠢ ᠵᠢᠯᠤᠭᠤᠳᠤᠨ ᠂ ᠠᠵᠢᠯ ᠢ ᠲᠦᠯᠬᠢᠨ ᠠᠬᠢᠭᠤᠯᠵᠤ ᠂ ᠲᠦᠪ ᠦᠨ ᠤᠬᠠᠭᠤᠯᠬᠤ ᠬᠡᠯᠳᠡᠰ ᠡᠴᠡ 2014᠎ ᠤᠨ ᠤ 6᠎ ᠰᠠᠷ᠎ᠠ ᠳᠤ ᠨᠠᠢᠷᠠᠭᠤᠯᠤᠨ ᠪᠢᠴᠢᠭᠰᠡᠨ《ᠰᠢ ᠵᠢᠨ ᠫᠢᠩ ᠶᠡᠷᠦᠩᠬᠡᠢ ᠱᠦᠵᠢ ᠶᠢᠨ ᠴᠢᠬᠤᠯᠠ ᠶᠠᠷᠢᠶᠠᠨ ᠤ ᠤᠩᠰᠢᠬᠤ ᠪᠢᠴᠢᠭ》ᠨᠤᠮ ᠳᠤ ᠨᠡᠮᠡᠯᠲᠡ ᠪᠠ ᠳᠡᠯᠭᠡᠷᠡᠭᠦᠯᠲᠡ ᠬᠢᠭᠰᠡᠨ ᠪᠠᠢᠨ᠎ᠠ ᠃ ᠨᠡᠮᠡᠯᠲᠡ ᠪᠠ ᠳᠡᠯᠭᠡᠷᠡᠬᠦᠯᠲᠡ ᠬᠢᠭᠰᠡᠨ ᠦ ᠰᠡᠭᠦᠯᠡᠷ《ᠤᠩᠰᠢᠬᠤ ᠪᠢᠴᠢᠭ》᠎ ᠦᠨ ᠲᠦᠯᠦᠪ ᠪᠦᠲᠦᠴᠡ ᠨᠢ ᠰᠢ ᠵᠢᠨ ᠫᠢᠩ ᠱᠦᠵᠢ ᠶᠢᠨ ᠤᠯᠤᠰ ᠵᠠᠰᠠᠵᠤ ᠵᠠᠰᠠᠭ ᠬᠠᠮᠢᠶᠠᠷᠬᠤ ᠳᠤ ᠲᠦᠪᠯᠡᠷᠡᠨ ᠨᠢᠬᠡ ᠰᠢᠷᠢᠰ ᠰᠢᠨ᠎ᠠ ᠤᠬᠠᠭᠳᠠᠭᠤᠨ ᠰᠢᠨ᠎ᠠ ᠦᠵᠡᠯ ᠰᠠᠨᠠᠭ᠎ᠠ ᠰᠢᠨ᠎ᠠ ᠪᠠᠢᠯᠳᠤᠬᠤ ᠪᠤᠳᠤᠯᠭ᠎ᠠ ᠶᠢ ᠬᠦᠨᠵᠡᠬᠡᠢ ᠰᠤᠷᠤᠯᠴᠠᠨ ᠤᠢᠯᠭᠠᠬᠤ ᠪᠠᠷ ᠭᠤᠤᠯ ᠪᠤᠯᠭᠠᠨ ᠲᠥᠯᠦᠪᠯᠡᠵᠦ ᠂ ᠪᠦᠬᠦ ᠨᠤᠮ ᠤᠨ ᠭᠤᠤᠯ ᠦᠵᠡᠯᠲᠡ ᠪᠤᠯᠤᠨ ᠦᠬᠦᠯᠡᠯᠲᠡ ᠨᠢ ᠡᠬᠡ ᠪᠢᠴᠢᠭ ᠂ ᠤᠭ ᠵᠤᠬᠢᠶᠠᠯ ᠂ ᠦᠨᠳᠦᠰᠦᠯᠡᠯ  ᠳᠦ ᠨᠡᠢᠴᠡᠵᠦ ᠂ ᠦᠷᠭᠡᠨ ᠤᠯᠠᠨ ᠨᠠᠮ ᠤᠨ ᠬᠡᠰᠢᠬᠦᠨ ᠂ ᠺᠠᠲᠠᠷ ᠂ ᠤᠯᠠᠨ ᠲᠦᠮᠡᠨ ᠰᠢ ᠵᠢᠨ ᠫᠢᠩ ᠶᠡᠷᠦᠩᠬᠡᠢ ᠱᠦᠵᠢ ᠶᠢᠨ ᠴᠢᠬᠤᠯᠠ ᠶᠠᠷᠢᠶᠠᠨ ᠤ ᠵᠤᠷᠢᠭ ᠰᠠᠨᠠᠭ᠎ᠠ ᠶᠢ ᠰᠤᠷᠤᠯᠴᠠᠬᠤ ᠳᠤᠰᠠᠯᠠᠬᠤ ᠮᠠᠲ᠋ᠧᠷᠢᠶᠠᠯ ᠪᠤᠯᠵᠤ ᠪᠤᠯᠤᠨ᠎ᠠ ᠃

 

   《ᠰᠢ ᠵᠢᠨ ᠫᠢᠩ ᠶᠡᠷᠦᠩᠬᠡᠢ ᠱᠦᠵᠢ ᠶᠢᠨ ᠴᠢᠬᠤᠯᠠ ᠶᠠᠷᠢᠶᠠᠨ ᠤ ᠤᠩᠰᠢᠬᠤ ᠪᠢᠴᠢᠭ(2016᠎ ᠤᠨ ᠤ ᠬᠡᠪᠯᠡᠯ)》

    ᠨᠢᠬᠡ ᠂ ᠳᠤᠮᠳᠠᠳᠤ ᠶᠢᠨ ᠦᠨᠳᠦᠰᠦᠲᠡᠨ ᠦ ᠤᠢᠷ᠎ᠠ ᠦᠶ᠎ᠠ  ᠠᠴᠠ ᠨᠠᠰᠢᠬᠢ ᠬᠠᠮᠤᠭ ᠤᠨ ᠠᠭᠤᠤ ᠶᠡᠬᠡ ᠬᠦᠰᠡᠯᠩ

    ——ᠳᠤᠮᠳᠠᠳᠤ ᠶᠢᠨ ᠦᠨᠳᠦᠰᠦᠲᠡᠨ ᠦ ᠠᠭᠤᠤ ᠶᠡᠬᠡ ᠰᠡᠷᠬᠦᠨ ᠮᠠᠨᠳᠤᠯᠲᠠ ᠶᠢᠨ ᠳᠤᠮᠳᠠᠳᠤ ᠶᠢᠨ ᠬᠦᠰᠡᠯᠩ ᠦᠨ ᠲᠤᠬᠠᠢ

2012᠎ ᠤᠨ ᠤ 11᠎ ᠰᠠᠷᠠᠢᠨ 29᠎ ᠡᠳᠦᠷ᠂ ᠨᠠᠮ ᠤᠨ ᠠᠷᠪᠠᠨ ᠨᠠᠢᠮᠠᠳᠤᠭᠠᠷ ᠶᠡᠬᠡ ᠬᠤᠷᠠᠯ ᠪᠠᠷᠠᠭᠰᠠᠨ ᠤ ᠳᠠᠷᠠᠭ᠎ᠠ ᠤᠳᠠᠯ ᠦᠭᠡᠢ ᠂ ᠰᠢ ᠵᠢᠨ ᠫᠢᠩ ᠶᠡᠷᠦᠩᠬᠡᠢ ᠱᠦᠵᠢ ᠲᠦᠪ ᠬᠤᠷᠢᠶᠠᠨ ᠤ ᠤᠯᠤᠰ ᠲᠦᠷᠦ ᠶᠢᠨ ᠲᠤᠪᠴᠢᠶᠠᠨ ᠤ ᠪᠠᠢᠩᠭᠤ ᠶᠢᠨ ᠬᠤᠷᠢᠶ᠎ᠠ ᠪᠠ ᠲᠦᠪ ᠬᠤᠷᠢᠶᠠᠨ ᠤ ᠱᠦᠵᠢ ᠶᠢᠨ ᠬᠡᠯᠲᠡᠰ ᠦᠨ ᠨᠦᠬᠦᠷ ᠢ ᠳᠠᠭᠠᠭᠤᠯᠤᠨ ᠤᠯᠤᠰ ᠤᠨ ᠮᠦᠽᠧᠢ ᠳᠦ ᠤᠴᠢᠵᠤ ᠂ 《ᠰᠡᠷᠭᠦᠨ ᠮᠠᠨᠳᠤᠯᠲᠠ ᠶᠢᠨ ᠵᠠᠮ》ᠳᠡᠯᠭᠡᠨ ᠦᠵᠡᠬᠦᠯᠬᠡ ᠶᠢ ᠳᠤᠭᠤᠷᠢᠨ ᠦᠵᠡᠭᠰᠡᠨ ᠪᠠᠢᠨ᠎ᠠ ᠃ ᠰᠢ ᠵᠢᠨ ᠫᠢᠩ ᠶᠡᠷᠦᠩᠬᠡᠢ ᠱᠦᠵᠢ ᠵᠢᠭᠠᠵᠤ ᠭᠠᠷᠭᠠᠭᠰᠠᠨ ᠨᠢ ᠄ ᠌《ᠤᠳᠤᠬᠠᠨ ᠳᠤ ᠪᠦᠷ ᠳᠤᠮᠳᠠᠳᠤ ᠶᠢᠨ ᠬᠦᠰᠡᠯᠩ ᠢ ᠶᠠᠷᠢᠯᠴᠠᠵᠤ ᠪᠠᠢᠨ᠎ᠠ ᠂ ᠮᠢᠨᠤ ᠦᠵᠡᠬᠦ ᠪᠡᠷ ᠂ ᠳᠤᠮᠳᠠᠳᠤ ᠶᠢᠨ ᠦᠨᠳᠦᠰᠦᠲᠡᠨ ᠦ ᠠᠭᠤᠤ ᠶᠡᠬᠡ ᠰᠡᠷᠭᠦᠨ ᠮᠠᠨᠳᠤᠯᠲᠠ ᠶᠢ ᠪᠡᠶᠡᠯᠡᠬᠦᠯᠬᠦ ᠨᠢ ᠳᠤᠮᠳᠠᠳᠤ ᠶᠢᠨ ᠦᠨᠳᠦᠰᠦᠲᠡᠨ ᠦ ᠤᠢᠷ᠎ᠠ ᠦᠶ᠎ᠠ ᠠᠴᠠ ᠨᠠᠰᠢᠬᠢ ᠬᠠᠮᠤᠭ ᠠᠭᠤᠤ ᠶᠡᠬᠡ ᠬᠦᠰᠡᠯᠩ ᠮᠦᠨ》᠃ ᠡᠭᠦᠨ ᠦ ᠳᠠᠷᠠᠭ᠎ᠠ ᠂ ᠤᠯᠤᠰ ᠤᠨ ᠳᠤᠳᠤᠭᠠᠳᠤ ᠭᠠᠳᠠᠭᠠᠳᠤ ᠶᠢᠨ ᠤᠯᠠᠨ ᠴᠢᠬᠤᠯᠠ ᠳᠠᠯᠠᠪᠤᠷ ᠳᠡᠭᠡᠷ᠎ᠠ ᠂ ᠳᠤᠮᠳᠠᠳᠤ ᠶᠢᠨ ᠬᠦᠰᠡᠯᠩ ᠦᠨ ᠳᠤᠬᠠᠢ ᠬᠦᠨᠵᠡᠭᠡᠢ ᠥᠭᠦᠯᠡᠯᠲᠡ ᠬᠢᠭᠰᠡᠨ ᠪᠠᠢᠨ᠎ᠠ᠃ ᠳᠤᠮᠳᠠᠳᠤ ᠶᠢᠨ ᠦᠨᠳᠦᠰᠦᠲᠡᠨ ᠦ ᠠᠭᠤᠤ ᠶᠡᠬᠡ ᠰᠡᠷᠭᠦᠨ ᠮᠠᠨᠳᠤᠯᠲᠠ ᠶᠢᠨ ᠳᠤᠮᠳᠠᠳᠤ ᠶᠢᠨ ᠬᠦᠰᠡᠯᠩ ᠳᠤᠷᠠᠳᠤᠭᠳᠠᠭᠰᠠᠨ ᠤ ᠳᠠᠷᠠᠭ᠎ᠠ ᠂ ᠮᠠᠰᠢ ᠶᠡᠬᠡ ᠤᠷᠢᠶᠲᠠᠯᠠᠬᠤ ᠬᠦᠴᠦᠨ ᠪᠤᠯᠤᠨ ᠨᠦᠯᠦᠭᠡᠯᠡᠬᠦ ᠬᠦᠴᠦᠨ ᠭᠠᠷᠤᠭᠰᠠᠨ ᠪᠠᠢᠨ᠎ᠠ ᠃ ᠺᠠᠲᠠᠷ ᠤᠯᠠᠨ ᠲᠦᠮᠡᠨ ᠳᠤᠮᠳᠠᠳᠤ1᠎ ᠬᠦᠰᠡᠯᠡᠩ ᠢ ᠬᠦᠰᠡᠮᠵᠢᠯᠡᠨ ᠂ ᠨᠡᠢᠭᠡᠮ ᠦᠨ ᠶᠠᠷᠢᠶ᠎ᠠ ᠬᠡᠯᠡᠯᠴᠡᠬᠡ ᠪᠦᠷ ᠳᠤᠮᠳᠠᠳᠤ ᠶᠢᠨ ᠬᠦᠰᠡᠯᠩ ᠳᠡᠭᠡᠷ᠎ᠠ ᠲᠦᠪᠯᠡᠷᠡᠵᠦ ᠂ ᠰᠢᠶᠠᠩᠭᠠᠩ ᠣᠣᠮᠧᠨ ᠲᠠᠢᠸᠠᠨ ᠤ ᠠᠬ᠎ᠠ ᠳᠡᠭᠦᠦ ᠨᠠᠷ ᠳᠤᠮᠳᠠᠳᠤ ᠶᠢᠨ ᠬᠦᠰᠡᠯᠩ ᠳᠦ ᠰᠡᠳᠬᠢᠯ ᠢᠶᠡᠨ ᠬᠤᠯᠪᠤᠵᠤ ᠂ ᠭᠠᠳᠠᠭᠠᠳᠤ ᠳᠤ ᠰᠠᠭᠤᠭ᠎ᠠ ᠳᠤᠮᠳᠠᠳᠤ ᠶᠢᠨ ᠬᠦᠮᠦᠰ ᠳᠤᠮᠳᠠᠳᠤ ᠶᠢᠨ ᠬᠦᠰᠡᠯᠩ ᠢ ᠶᠠᠷᠢᠵᠤ ᠂ ᠤᠯᠠᠨ ᠤᠯᠤᠰ ᠤᠨ ᠨᠡᠢᠭᠡᠮ ᠳᠤᠮᠳᠠᠳᠤ ᠶᠢᠨ ᠬᠦᠰᠡᠯᠩ  ᠳᠦ ᠠᠩᠬᠠᠷᠤᠯ ᠢᠶᠠᠷ ᠳᠠᠯᠪᠢᠵᠤ ᠂ ᠳᠤᠮᠳᠠᠳᠤ ᠶᠢᠨ ᠬᠦᠰᠡᠯᠩ ᠨᠢ ᠳᠤᠮᠳᠠᠳᠤ ᠤᠯᠤᠰ ᠢᠷᠡᠭᠡᠳᠦᠢ ᠳᠦ ᠬᠦᠷᠬᠦ ᠢᠯᠡ ᠳᠤᠳᠤᠷᠬᠠᠢ ᠵᠢᠭᠠᠪᠤᠷᠢ ᠂ ᠳᠤᠮᠳᠠᠳᠤ ᠶᠢᠨ ᠦᠨᠳᠦᠰᠦᠲᠡᠨ ᠦ ᠦᠬᠢᠳ ᠬᠦᠪᠡᠭᠦᠳ ᠬᠠᠮᠳᠤᠷᠠᠨ ᠳᠡᠮᠡᠴᠡᠵᠦ ᠂ ᠢᠷᠡᠭᠡᠳᠦᠢ ᠶᠢ ᠨᠡᠭᠡᠭᠡᠭᠦ ᠶᠢ ᠵᠤᠷᠢᠭᠵᠢᠭᠤᠯᠬᠤ ᠵᠤᠷᠢᠭ ᠰᠠᠨᠠᠭᠠᠨ ᠤ ᠳᠤᠭ ᠮᠦᠨ ᠃

1.ᠳᠤᠮᠳᠠᠳᠤ ᠶᠢᠨ ᠬᠦᠰᠡᠯᠡᠩ ᠬᠡᠳᠦᠨ ᠦᠶ᠎ᠠ ᠶᠢᠨ ᠳᠤᠮᠳᠠᠳᠤ ᠤᠯᠤᠰ ᠤᠨ ᠬᠦᠮᠦᠨ ᠦ ᠬᠦᠰᠡᠯ ᠡᠷᠡᠮᠡᠯᠵᠡᠯ ᠢ ᠨᠢᠭᠲᠠᠷᠠᠭᠤᠯᠵᠤ ᠪᠠᠢᠨ᠎ᠠ

ᠭᠠᠭᠴᠠ ᠬᠦ ᠭᠡᠷᠡᠯ ᠰᠠᠴᠤᠷᠠᠩᠭᠤᠢ ᠡᠭᠦᠳᠦᠨ ᠪᠦᠲᠦᠭᠡᠵᠦ ᠦᠩᠭᠡᠷᠡᠭᠰᠡᠨ ᠦᠨᠳᠦᠰᠦᠲᠡᠨ ᠰᠠᠶᠢ ᠰᠡᠷᠭᠦᠨ ᠮᠠᠨᠳᠤᠯᠲᠠ ᠶᠢᠨ ᠤᠳᠬ᠎ᠠ ᠠᠭᠤᠯᠭ᠎ᠠ ᠶᠢ ᠤᠢᠯᠭᠠᠨ᠎ᠠ ᠃ ᠭᠠᠭᠴᠠ ᠬᠦ ᠬᠦᠴᠢᠷ ᠪᠡᠷᠬᠡᠰᠢᠶᠡᠯ ᠢ ᠦᠩᠭᠡᠷᠡᠭᠦᠯᠦᠭᠰᠡᠨ ᠦᠨᠳᠦᠰᠦᠲᠡᠨ ᠰᠠᠶᠢ ᠰᠡᠷᠭᠦᠨ ᠮᠠᠨᠳᠤᠯᠲᠠ  ᠳᠤ ᠬᠦᠨᠵᠡᠭᠡᠢ ᠬᠦᠰᠡᠯ ᠡᠷᠡᠮᠡᠯᠵᠡᠯ ᠲᠠᠢ ᠪᠠᠢᠳᠠᠭ ᠃ 《ᠰᠡᠷᠭᠦᠨ ᠮᠠᠨᠳᠤᠯᠲᠠ ᠶᠢᠨ ᠵᠠᠮ》ᠳᠡᠯᠭᠡᠨ ᠦᠵᠡᠬᠦᠯᠭᠡ ᠨᠢ ᠳᠤᠮᠳᠠᠳᠤ ᠶᠢᠨ ᠦᠨᠳᠦᠰᠦᠲᠡᠨ ᠦ ᠦᠴᠦᠬᠡᠳᠦᠷ ᠢ ᠡᠷᠭᠢᠴᠡᠬᠦᠯᠵᠦ ᠂ ᠳᠤᠮᠳᠠᠳᠤ ᠶᠢᠨ ᠦᠨᠳᠦᠰᠦᠲᠡᠨ ᠦ ᠦᠨᠦᠳᠦᠷ ᠢ ᠳᠡᠯᠭᠡᠨ ᠦᠵᠡᠬᠦᠯᠵᠦ ᠂ ᠳᠤᠮᠳᠠᠳᠤ ᠶᠢᠨ ᠦᠨᠳᠦᠰᠦᠲᠡᠨ ᠦ ᠮᠠᠷᠭᠠᠰᠢ ᠶᠢ ᠳᠤᠩᠬᠠᠯᠠᠵᠤ ᠂ ᠤᠢᠷ᠎ᠠ ᠦᠶ᠎ᠠ ᠶᠢᠨ 100᠎ ᠵᠢᠯ ᠦᠨ ᠳᠤᠮᠳᠠᠳᠤ ᠤᠯᠤᠰ ᠤᠨ ᠠᠷᠠᠳ ᠲᠦᠮᠡᠨ ᠦ ᠬᠦᠰᠡᠯ ᠵᠡᠭᠦᠳᠦ ᠪᠡᠨ ᠡᠷᠢᠬᠦ ᠂ ᠬᠦᠰᠡᠯ ᠵᠡᠬᠦᠳᠦ ᠪᠡᠨ ᠳᠠᠭᠤᠬᠤ ᠂ ᠬᠦᠰᠡᠯ ᠵᠡᠭᠦᠳᠦ ᠪᠡᠨ ᠪᠡᠶᠡᠯᠡᠬᠦᠯᠬᠦ ᠲᠡᠤᠬᠡᠨ ᠶᠠᠪᠤᠴᠠ ᠶᠢ ᠠᠮᠢᠳᠤᠯᠢᠭ ᠲᠠᠢᠯᠪᠤᠷᠢᠯᠠᠭᠰᠠᠨ ᠪᠠᠢᠨ᠎ᠠ ᠃ ᠰᠢ ᠵᠢᠨ ᠫᠢᠩ ᠶᠡᠷᠦᠩᠬᠡᠢ ᠱᠦᠵᠢ ᠭᠤᠷᠪᠠᠨ ᠰᠢᠯᠦᠭ ᠦᠨ ᠦᠬᠡ ᠪᠡᠷ ᠡᠰᠢ ᠳᠠᠳᠠᠵᠤ ᠡᠨᠡᠬᠦ ᠲᠡᠤᠬᠡᠨ ᠶᠠᠪᠤᠴᠠ  ᠶᠢ ᠠᠮᠢᠳᠤᠯᠢᠭ ᠶᠠᠷᠢᠭᠰᠠᠨ ᠪᠠᠢᠨ᠎ᠠ ᠃

ᠳᠤᠮᠳᠠᠳᠤ ᠶᠢᠨ ᠦᠨᠳᠦᠰᠦᠲᠡᠨ ᠦ ᠦᠴᠦᠭᠡᠳᠦᠷ ᠂ 《ᠰᠦᠷᠯᠢᠭ ᠪᠤᠭᠤᠮᠳᠠ ᠪᠡᠷᠬᠡᠲᠦ ᠵᠠᠮ ᠪᠤᠯᠤᠳ ᠰᠢᠭ ᠪᠡᠬᠢ ᠬᠠᠳᠠᠭᠤ》᠃ ᠤᠢᠷ᠎ᠠ ᠦᠶ᠎ᠠ ᠠᠴᠠ ᠨᠠᠰᠢ ᠂ ᠳᠤᠮᠳᠠᠳᠤ ᠶᠢᠨ ᠦᠨᠳᠦᠰᠦᠲᠡᠨ ᠳᠦ ᠤᠴᠠᠷᠠᠭᠰᠠᠨ ᠭᠠᠰᠠᠯᠠᠩ ᠵᠤᠪᠠᠯᠠᠩ ᠨᠢ ᠬᠦᠨᠳᠦ ᠬᠡᠴᠡᠭᠦᠦ ᠂ ᠦᠷᠡᠭᠳᠡᠯ ᠰᠦᠢᠳᠦᠯ ᠨᠢ ᠶᠡᠬᠡ ᠂ ᠳᠡᠯᠡᠬᠡᠢ ᠳᠡᠭᠡᠷ᠎ᠠ ᠴᠦ ᠭᠡᠰᠡᠨ ᠬᠤᠪᠤᠷ ᠶᠤᠮ᠃ ᠭᠡᠪᠡᠴᠦ ᠳᠤᠮᠳᠠᠳᠤ ᠤᠯᠤᠰ ᠤᠨ ᠠᠷᠠᠳ ᠲᠦᠮᠡᠨ ᠨᠤᠭᠤᠷᠠᠰᠢ ᠦᠬᠡᠢ ᠂ ᠲᠠᠰᠤᠷᠠᠯᠲᠠ ᠦᠬᠡᠢ ᠳᠡᠮᠡᠴᠡᠯ ᠬᠢᠭᠰᠡᠨ ᠪᠠᠢᠨ᠎ᠠ ᠃ ᠦᠨᠳᠦᠰᠦᠲᠡᠨ ᠦ ᠰᠡᠷᠭᠦᠯᠲᠡ ᠶᠢᠨ ᠲᠦᠯᠦᠬᠡ ᠂ ᠬᠡᠳᠦᠨ ᠦᠶ᠎ᠠ ᠶᠢᠨ ᠬᠦᠮᠦᠰ ᠡᠳᠦᠷ ᠪᠤᠯᠭᠠᠨ ᠪᠤᠳᠤᠵᠤ ᠰᠦᠨᠢ ᠪᠦᠷᠢ ᠵᠡᠭᠦᠳᠦᠯᠦᠨ ᠂ ᠪᠤᠮᠠᠨ ᠲᠦᠮᠡᠨ ᠬᠦᠮᠦᠨ ᠦ ᠰᠡᠳᠬᠢᠯ ᠦᠨ ᠵᠠᠩᠬᠢᠶᠠᠰᠤ ᠲᠠᠢᠯᠤᠭᠳᠠᠭ᠎ᠠ ᠦᠬᠡᠢ ᠃ ᠳᠡᠭᠡᠭᠰᠢ ᠳᠤᠷᠤᠭᠰᠢ ᠡᠷᠢᠯᠬᠢᠯᠡᠬᠦ ᠂ ᠬᠡᠴᠢᠨᠡᠨ ᠤᠯᠠᠨ ᠬᠦᠴᠢᠷ ᠪᠡᠷᠬᠡ  ᠪᠡᠷ ᠳᠠᠮᠵᠢᠵᠤ ᠂ ᠳᠤᠮᠳᠠᠳᠤ ᠶᠢᠨ ᠦᠨᠳᠦᠰᠦᠲᠡᠨ ᠳᠤᠮᠳᠠᠳᠤ ᠤᠯᠤᠰ ᠤᠨ ᠡᠪ ᠬᠠᠮᠳᠤ ᠨᠠᠮ ᠤᠨ ᠵᠦᠪ ᠤᠨᠤᠪᠴᠢᠲᠠᠢ ᠤᠳᠤᠷᠢᠳᠤᠯᠭ᠎ᠠ ᠳᠤᠤᠷ᠎ᠠ ᠂ ᠦᠪᠡᠷ ᠦᠨ ᠬᠤᠪᠢ ᠵᠠᠶᠠᠭ᠎ᠠ ᠪᠠᠨ ᠠᠳᠬᠤᠵᠤ ᠂ ᠰᠢᠨ᠎ᠠ ᠳᠤᠮᠳᠠᠳᠤ ᠤᠯᠤᠰ ᠢ ᠪᠠᠢᠭᠤᠯᠵᠤ ᠂ ᠨᠡᠢᠬᠡᠮ ᠵᠢᠷᠦᠮᠳᠤ ᠪᠠᠢᠭᠤᠯᠤᠯ ᠢ ᠳᠤᠭᠳᠠᠭᠠᠵᠤ ᠂ ᠦᠪᠡᠷ ᠦᠨ ᠤᠯᠤᠰ  ᠢᠶᠠᠨ ᠪᠠᠢᠭᠤᠯᠬᠤ ᠠᠭᠤᠤ ᠶᠡᠬᠡ ᠶᠠᠪᠤᠴᠠ ᠶᠢ ᠡᠬᠢᠯᠡᠭᠦᠯᠦᠭᠰᠡᠨ ᠪᠠᠢᠨ᠎ᠠ ᠃

ᠳᠤᠮᠳᠠᠳᠤ ᠶᠢᠨ ᠦᠨᠳᠦᠰᠦᠲᠡᠨ ᠦ ᠦᠨᠦᠳᠦᠷ ᠂ 《ᠬᠦᠮᠦᠨ ᠦ ᠶᠢᠷᠲᠢᠨᠴᠦ ᠶᠢᠨ ᠲᠦᠪ ᠶᠤᠰᠤ ᠬᠦᠴᠢᠷ ᠪᠡᠷᠬᠡᠰᠢᠶᠡᠯ ᠢ ᠦᠩᠭᠡᠷᠡᠭᠡᠳᠡᠭ》ᠭᠡᠵᠦ ᠬᠡᠯᠡᠵᠦ ᠪᠤᠯᠤᠨ᠎ᠠ ᠃ᠥᠭᠡᠷᠡᠴᠢᠯᠡᠯᠲᠡ ᠬᠢᠵᠦ ᠴᠢᠯᠦᠭᠡᠲᠠᠢ ᠶᠠᠪᠤᠯᠴᠠᠭᠰᠠᠨ ᠠᠴᠠ ᠨᠠᠰᠢ ᠂ ᠪᠢᠳᠡ ᠲᠡᠤᠬᠡᠨ ᠳᠤᠷᠰᠢᠯᠭ᠎ᠠ ᠶᠢ ᠳ᠋ᠦᠩᠨᠡᠵᠦ ᠂ ᠲᠠᠰᠤᠷᠠᠯᠲᠠ ᠦᠬᠡᠢ ᠬᠠᠳᠠᠭᠤᠵᠢᠯᠲᠠᠢ ᠰᠦᠪᠡᠭᠴᠢᠯᠡᠵᠦ ᠂ ᠳᠤᠮᠳᠠᠳᠤ ᠶᠢᠨ ᠦᠨᠳᠦᠰᠦᠲᠡᠨ ᠦ ᠠᠭᠤᠤ ᠶᠡᠬᠡ ᠰᠡᠷᠭᠦᠨ ᠮᠠᠨᠳᠤᠯᠲᠠ ᠶᠢᠨ ᠵᠦᠪ ᠵᠠᠮ ᠢ ᠡᠴᠦᠰ ᠲᠦ ᠪᠡᠨ ᠤᠯᠵᠤ ᠂ ᠳᠡᠯᠡᠬᠡᠢ ᠳ᠋ᠠᠬᠢᠨ ᠤ ᠠᠩᠬᠠᠷᠤᠯ ᠢ ᠳᠠᠳᠠᠭᠰᠠᠨ ᠠᠭᠤᠤ ᠶᠡᠬᠡ ᠠᠮᠵᠢᠯᠲᠠ ᠪᠦᠲᠦᠮᠵᠢ ᠤᠯᠪᠠ ᠃ ᠳᠤᠮᠳᠠᠳᠤ ᠤᠯᠤᠰ ᠤᠨ ᠤᠨᠴᠠᠯᠢᠭ ᠪᠦᠬᠦᠢ ᠨᠡᠢᠭᠡᠮ ᠵᠢᠷᠦᠮ ᠦᠨ ᠵᠠᠮ ᠳᠤ ᠂ ᠮᠠᠨ ᠤ ᠤᠯᠤᠰ ᠤᠨ ᠠᠵᠤ ᠠᠬᠤᠢ ᠶᠢᠨ ᠬᠦᠴᠦᠨ ᠂ ᠶᠡᠷᠦᠩᠬᠡᠢᠯᠡᠭᠰᠡᠨ ᠬᠦᠴᠦᠨ ᠶᠡᠬᠡᠪᠡᠷ ᠨᠡᠮᠡᠭᠳᠡᠵᠦ ᠂ ᠠᠷᠠᠳ ᠤᠨ ᠠᠮᠢᠳᠤᠷᠠᠯ ᠮᠡᠳᠡᠭᠳᠡᠮ᠎ᠠ ᠰᠠᠢᠵᠢᠷᠠᠵᠤ ᠂ ᠢᠳᠡᠵᠦ ᠡᠮᠦᠰᠬᠦ ᠳᠦ ᠪᠡᠨ ᠵᠦᠪ ᠦᠬᠡᠢ ᠪᠠᠢᠭᠰᠠᠨ ᠠᠴᠠ ᠶᠡᠷᠦᠩᠬᠡᠢ ᠳᠠᠯ᠎ᠠ ᠶᠢᠨ ᠴᠢᠨᠡᠭᠡᠯᠢᠭ ᠪᠤᠯᠬᠤ ᠠᠴᠠ ᠪᠦᠬᠦ ᠲᠠᠯ᠎ᠠ ᠶᠢᠨ ᠴᠢᠨᠡᠭᠡᠯᠢᠭ ᠠᠮᠢᠳᠤᠷᠠᠯ ᠳᠡᠰᠢ ᠦᠰᠦᠷᠦᠯᠲᠡ ᠬᠢᠭᠰᠡᠨ ᠢ ᠪᠡᠶᠡᠯᠡᠬᠦᠯᠪᠡ ᠃ ᠳᠡᠯᠡᠬᠡᠢ ᠳᠡᠭᠡᠷᠡᠬᠢ ᠪᠠᠢᠷᠢ ᠰᠠᠭᠤᠷᠢ ᠪᠠ ᠳᠡᠯᠡᠬᠡᠢ ᠳᠡᠭᠡᠷᠢᠬᠢ ᠨᠦᠯᠦᠭᠡᠯᠡᠬᠦ ᠬᠦᠴᠦᠨ ᠤᠷᠢᠳ ᠭᠠᠷᠤᠭ᠎ᠠ ᠦᠬᠡᠢ ᠳᠡᠭᠡᠭᠰᠢᠯᠡᠵᠦ ᠂ ᠳᠤᠮᠳᠠᠳᠤ ᠤᠯᠤᠰ ᠤᠨ ᠬᠦᠴᠦᠷᠭᠡᠭᠵᠢᠨ ᠮᠠᠨᠳᠤᠭᠰᠠᠨ ᠨᠢ ᠤᠯᠠᠨ ᠤᠯᠤᠰ ᠤᠨ ᠵᠠᠭᠤᠴᠢ ᠠᠴᠠ《ᠣᠢᠷ᠎ᠠ ᠶᠢᠨ ᠵᠢᠯ ᠬᠠᠮᠤᠭ ᠴᠢᠬᠤᠯᠠ ᠪᠦᠬᠦ ᠳᠡᠯᠡᠬᠡᠢ ᠶᠢᠨ ᠬᠤᠪᠢᠰᠤᠯᠲᠠ ᠮᠦᠨ》᠎ ᠭᠡᠵᠦ ᠬᠡᠯᠭᠰᠡᠨ ᠪᠠᠢᠨ᠎ᠠ ᠃

ᠳᠤᠮᠳᠠᠳᠤ ᠶᠢᠨ ᠦᠨᠳᠦᠰᠦᠲᠡᠨ ᠦ ᠮᠠᠷᠭᠠᠰᠢ᠂ 《ᠳᠠᠪᠠᠯᠭᠠᠨ ᠢ ᠳᠤᠭᠤᠯᠤᠨ ᠭᠠᠷᠬᠤ ᠴᠠᠭ ᠤᠳᠠᠯ ᠢᠷᠡᠨ᠎ᠠ》ᠭᠡᠵᠦ ᠬᠡᠯᠡᠵᠦ ᠪᠤᠯᠤᠨ᠎ᠠ ᠃ ᠬᠠᠷ᠎ᠠ ᠳᠠᠮᠠᠬᠢ ᠶᠢᠨ ᠪᠠᠢᠯᠳᠤᠭᠠᠨ ᠠᠴᠠ ᠨᠠᠰᠢ 170᠎ ᠭᠠᠷᠤᠢ ᠵᠢᠯ ᠦᠨ ᠳᠠᠰᠤᠷᠠᠯ ᠦᠬᠡᠢ ᠳᠡᠮᠡᠴᠡᠯ ᠢ ᠳᠠᠮᠵᠢᠵᠤ ᠂ ᠳᠤᠮᠳᠠᠳᠤ ᠶᠢᠨ ᠦᠨᠳᠦᠰᠦᠲᠡᠨ ᠦ ᠠᠭᠤᠤ ᠶᠡᠬᠡ ᠰᠡᠷᠭᠦᠨ ᠮᠠᠨᠳᠤᠯᠲᠠ ᠭᠡᠭᠡᠨ ᠰᠠᠷᠠᠭᠤᠯ ᠢᠷᠡᠭᠡᠳᠦᠢ ᠢᠯᠡᠷᠡᠭᠰᠡᠨ ᠪᠠᠢᠨ᠎ᠠ ᠃ ᠳᠤᠮᠳᠠᠳᠤ ᠤᠯᠤᠰ ᠤᠨ ᠠᠷᠠᠳ ᠲᠦᠮᠡᠨ ᠦ ᠰᠡᠳᠬᠢᠯ ᠳᠡᠬᠢ ᠦᠨᠳᠦᠰᠦᠲᠡᠨ ᠦ ᠰᠡᠷᠭᠦᠨ ᠮᠠᠨᠳᠤᠯᠲᠠ ᠶᠢᠨ ᠬᠦᠰᠡᠯᠡᠩ ᠦᠨᠡᠨ ᠪᠤᠯᠬᠤ ᠭᠡᠵᠦ ᠪᠠᠢᠨ᠎ᠠ ᠃ ᠰᠢ ᠵᠢᠨ ᠫᠢᠩ ᠶᠡᠷᠦᠩᠬᠡᠢ ᠱᠦᠵᠢ ᠶᠢᠨ ᠵᠢᠭᠠᠵᠤ ᠭᠠᠷᠭᠠᠭᠰᠠᠨ ᠰᠢᠬ ᠄《ᠤᠳᠤᠬᠠᠨ ᠳᠤ ᠂ ᠪᠢᠳᠡ ᠳᠤᠮᠳᠠᠳᠤ ᠶᠢᠨ ᠦᠨᠳᠦᠰᠦᠲᠡᠨ ᠦ ᠠᠭᠤᠤ ᠶᠡᠬᠡ ᠰᠡᠷᠭᠦᠨ ᠮᠠᠨᠳᠤᠯᠲᠠ ᠶᠢᠨ ᠬᠠᠷᠠᠯᠲᠠ ᠲᠠᠢ ᠲᠡᠤᠬᠡᠨ ᠠᠯᠢ ᠦᠶ᠎ᠠ ᠠᠴᠠ ᠴᠤ ᠤᠢᠷᠠᠳᠤᠵᠤ ᠂ ᠲᠡᠤᠬᠡᠨ ᠳᠡᠭᠡᠷᠡᠬᠢ ᠠᠯᠢ ᠦᠶ᠎ᠠ ᠠᠴᠠ ᠴᠤ ᠨᠡᠩ ᠢᠯᠡᠭᠦᠦ ᠢᠳᠡᠭᠡᠯ ᠲᠠᠢ ᠂ ᠨᠡᠩ ᠢᠯᠡᠬᠦᠦ ᠪᠤᠳᠠᠳᠤ ᠬᠦᠴᠦᠨ ᠲᠠᠢ ᠡᠨᠡᠬᠦ ᠬᠠᠷᠠᠯᠲᠠ ᠶᠢ ᠪᠡᠶᠡᠯᠡᠬᠦᠯᠵᠦ ᠪᠤᠯᠤᠨ᠎ᠠ ᠃ 》

ᠡᠨᠡᠬᠦ ᠭᠤᠷᠪᠠᠨ ᠰᠢᠯᠦᠭ ᠦᠨ ᠦᠬᠡ ᠨᠢ ᠳᠤᠮᠳᠠᠳᠤ ᠶᠢᠨ ᠦᠨᠳᠦᠰᠦᠲᠡᠨ ᠦ ᠦᠴᠦᠭᠡᠳᠦᠷ ᠂ ᠦᠨᠦᠳᠦᠷ ᠪᠠ ᠮᠠᠷᠭᠠᠰᠢ ᠶᠢ ᠳᠤᠮᠳᠠᠳᠤ ᠤᠯᠤᠰ ᠤᠨ ᠵᠠᠭᠤ ᠢᠯᠡᠭᠦᠦ ᠵᠢᠯ ᠦᠨ ᠰᠦᠷ ᠳᠠᠯᠠᠢᠴᠢᠲᠠᠢ ᠂ ᠯᠤᠲᠤ ᠶᠡᠬᠡ ᠬᠤᠪᠢᠷᠠᠯ ᠬᠤᠪᠢᠰᠤᠯ ᠤᠨ ᠲᠡᠤᠬᠡᠨ ᠵᠢᠷᠤᠭ ᠲᠤ ᠠᠭᠤᠰᠤᠭᠤᠯᠵᠤ ᠂ ᠦᠨᠳᠦᠰᠦᠲᠡᠨ ᠦ ᠰᠡᠷᠭᠦᠨ ᠮᠠᠨᠳᠤᠯᠲᠠ ᠶᠢᠨ ᠲᠦᠯᠦᠭᠡ ᠬᠡᠳᠦᠨ ᠦᠶ᠎ᠠ ᠶᠢᠨ ᠰᠢᠷᠭᠠᠭᠤ ᠬᠠᠳᠠᠭᠤᠵᠢᠯᠲᠠᠢ ᠳᠡᠮᠡᠴᠡᠭᠰᠡᠨ ᠶᠠᠪᠤᠴᠠ ᠳᠡᠮᠳᠡᠭᠯᠡᠭᠳᠡᠵᠦ ᠂ ᠭᠦᠨ ᠪᠤᠳᠤᠭᠤᠯᠵᠤ ᠭᠦᠨᠵᠡᠭᠡᠢ ᠰᠡᠳᠬᠢᠭᠦᠯᠵᠦ ᠂ ᠬᠦᠮᠦᠰ ᠢ ᠵᠤᠷᠢᠭᠵᠢᠭᠤᠯᠤᠨ ᠤᠷᠤᠭᠰᠢᠯᠠᠭᠤᠯᠳᠠᠭ ᠃ ᠳᠤᠮᠳᠠᠳᠤ ᠶᠢᠨ ᠬᠦᠰᠡᠯᠡᠩ ᠨᠢ ᠤᠢᠷ᠎ᠠ ᠦᠶ᠎ᠠ ᠠᠴᠠ ᠨᠠᠰᠢᠬᠢ ᠬᠡᠳᠦᠨ ᠦᠶ᠎ᠠ ᠶᠢᠨ ᠬᠦᠰᠡᠯ ᠢ ᠳᠤᠰᠬᠠᠵᠤ ᠂ ᠤᠯᠠᠮ ᠨᠢᠬᠡ ᠠᠯᠬᠤᠮ ᠳᠤᠮᠳᠠᠳᠤ ᠶᠢᠨ ᠦᠨᠳᠦᠰᠦᠲᠡᠨ ᠦ ᠲᠡᠤᠬᠡ ᠶᠢᠨ ᠬᠤᠪᠢ ᠵᠠᠶᠠᠭ᠎ᠠ ᠪᠠ ᠤᠳᠤ ᠦᠶ᠎ᠠ ᠶᠢᠨ ᠳᠤᠮᠳᠠᠳᠤ ᠤᠯᠤᠰ ᠤᠨ ᠬᠦᠭᠵᠢᠯᠲᠡ ᠶᠢᠨ ᠬᠠᠨᠳᠤᠰᠢ ᠶᠢ ᠢᠯᠡᠷᠡᠭᠦᠯᠵᠦ ᠂ ᠪᠦᠬᠦ ᠨᠠᠮ ᠪᠦᠬᠦ ᠤᠯᠤᠰ ᠤᠨ ᠡᠯ᠎ᠠ ᠦᠨᠳᠦᠰᠦᠲᠡᠨ ᠦ ᠬᠠᠮᠳᠤᠪᠠᠷ ᠳᠡᠮᠡᠴᠡᠬᠦ ᠬᠠᠷᠠᠯᠲᠠ ᠶᠢ ᠳᠤᠳᠤᠷᠬᠠᠢ ᠵᠢᠭᠠᠵᠤ ᠭᠠᠷᠭᠠᠵᠠᠢ ᠃ ᠡᠨᠡᠬᠦ ᠴᠢᠬᠤᠯᠠ ᠬᠠᠢᠯᠳᠤᠬᠤ ᠪᠤᠳᠤᠯᠭ᠎ᠠ ᠪᠤᠯ ᠂ ᠰᠢ ᠵᠢ ᠫᠢᠩ ᠨᠦᠬᠦᠷ ᠢᠶᠡᠷ  ᠶᠡᠷᠦᠩᠬᠡᠢ ᠱᠦᠵᠢ ᠪᠤᠯᠭᠠᠭᠰᠠᠨ ᠨᠠᠮ ᠢ ᠲᠦᠪ ᠬᠤᠷᠢᠶ᠎ᠠ ᠠᠷᠠᠳ ᠲᠦᠮᠡᠨ ᠳᠦ ᠠᠮᠠᠯᠳᠠᠭᠰᠠᠨ ᠲᠦᠪ ᠴᠢᠩᠭ᠎ᠠ ᠠᠮᠠᠯᠠᠯᠲᠠ᠂ ᠨᠠᠮ ᠪᠠ ᠤᠯᠤᠰ ᠤᠨ ᠢᠷᠡᠭᠡᠳᠦᠢ ᠳᠦ ᠬᠠᠨᠳᠤᠭᠤᠯᠤᠭᠰᠠᠨ ᠤᠯᠤᠰ ᠲᠦᠷᠦ ᠶᠢᠨ ᠳᠤᠩᠬᠠᠭ ᠂ ᠮᠠᠨ ᠤ ᠨᠠᠮ ᠤᠨ ᠦᠨᠳᠦᠷ ᠲᠡᠤᠬᠡ ᠶᠢᠨ ᠡᠭᠦᠷᠭᠡᠯᠡᠯ ᠪᠠ ᠡᠭᠦᠷᠭᠡ ᠬᠦᠬᠡᠬᠡᠴᠡᠯᠳᠤᠯᠭᠡ ᠶᠢ ᠭᠦᠢᠴᠡᠳ ᠢᠯᠡᠷᠡᠭᠦᠯᠵᠦ ᠂ ᠳᠤᠮᠳᠠᠳᠤ ᠤᠯᠤᠰ ᠤᠨ ᠤᠨᠴᠠᠯᠢᠭ ᠪᠦᠬᠦᠢ ᠨᠡᠢᠭᠡᠮ ᠵᠢᠷᠦᠮᠳᠦ ᠨᠡᠢᠭᠡᠮ ᠢ ᠪᠠᠷᠢᠮᠳᠠᠯᠠᠬᠤ ᠪᠠ ᠬᠦᠭᠵᠢᠬᠦᠯᠬᠦ ᠳᠦ ᠰᠢᠨ᠎ᠠ ᠠᠭᠤᠯᠤᠭᠳᠤᠭᠤᠨ ᠨᠡᠮᠡᠭᠰᠡᠨ ᠪᠠᠢᠨ᠎ᠠ ᠃

2.ᠳᠤᠮᠳᠠᠳᠤ ᠶᠢᠨ ᠬᠦᠰᠡᠯᠡᠩ ᠡᠴᠦᠰ ᠦᠨ ᠡᠴᠦᠰ ᠲᠡᠭᠡᠨ ᠠᠷᠠᠳ ᠲᠦᠮᠡᠨ ᠦ ᠬᠦᠰᠡᠯᠡᠩ ᠮᠦᠨ

ᠳᠤᠮᠳᠠᠳᠤ ᠶᠢᠨ ᠬᠦᠰᠡᠯᠡᠩ ᠬᠠᠷᠠᠴᠠ ᠦᠷᠭᠡᠨ ᠂ ᠠᠭᠤᠯᠭ᠎ᠠ ᠪᠠᠶᠠᠯᠢᠭ ᠂ ᠤᠳᠬ᠎ᠠ ᠬᠦᠨᠵᠡᠭᠡᠢ ᠪᠠᠢᠳᠠᠭ ᠃ ᠰᠢ ᠵᠢᠨ ᠫᠢᠩ ᠶᠡᠷᠦᠩᠬᠡᠢ ᠱᠦᠵᠢ ᠵᠢᠭᠠᠨ ᠭᠠᠷᠭᠠᠭᠰᠠᠨ ᠨᠢ᠄《ᠳᠤᠮᠳᠠᠳᠤ ᠶᠢᠨ ᠬᠦᠰᠡᠯᠡᠩ ᠦᠨ ᠮᠦᠨ ᠴᠢᠨᠠᠷ ᠪᠤᠯ ᠤᠯᠤᠰ ᠪᠠᠶᠠᠨ ᠬᠦᠴᠦᠷᠬᠡᠭ ᠂ ᠦᠨᠳᠦᠰᠦᠲᠡᠨ ᠮᠠᠨᠳᠦᠨ ᠬᠦᠭᠵᠢᠵᠦ ᠂ ᠠᠷᠠᠳ ᠲᠦᠮᠡᠨ ᠵᠤᠯ ᠵᠢᠷᠭᠠᠯᠲᠠᠢ ᠪᠤᠯᠤᠨ᠎ᠠ》᠃ ᠡᠨᠡᠬᠦ ᠬᠦᠰᠡᠯᠡᠩ ᠨᠢ ᠤᠯᠤᠰ ᠤᠨ ᠬᠦᠭᠡᠭᠡᠴᠡᠯᠳᠦᠯᠬᠡ ᠂ ᠦᠨᠳᠦᠰᠦᠲᠡᠨ ᠦ ᠡᠷᠡᠮᠡᠯᠵᠡᠯ ᠂ ᠠᠷᠠᠳ ᠲᠦᠮᠡᠨ ᠦ ᠬᠦᠰᠡᠯ ᠢ ᠨᠢᠭᠳᠠᠷᠠᠭᠤᠯᠵᠤ ᠂ ᠳᠤᠮᠳᠠᠳᠤ ᠶᠢᠨ ᠦᠨᠳᠦᠰᠦᠲᠡᠨ ᠪᠠ ᠳᠤᠮᠳᠠᠳᠤ ᠤᠯᠤᠰ ᠤᠨ ᠠᠷᠠᠳ ᠲᠦᠮᠡᠨ ᠦ ᠨᠡᠢᠲᠡ ᠶᠢᠨ ᠠᠰᠢᠭ ᠳᠤᠰᠠ ᠶᠢ ᠢᠯᠡᠷᠡᠭᠦᠯᠵᠦ ᠂ ᠳᠤᠮᠳᠠᠳᠤ  ᠶᠢᠨ ᠦᠬᠢᠳ ᠬᠦᠪᠡᠭᠦᠳ ᠪᠦᠷᠢ ᠶᠢᠨ ᠬᠠᠮᠳᠤ ᠶᠢᠨ ᠬᠦᠰᠡᠯ ᠡᠷᠡᠮᠡᠯᠵᠡᠯ ᠢ ᠳᠤᠰᠬᠠᠭᠰᠠᠨ ᠪᠠᠢᠨ᠎ᠠ ᠃ ᠶᠠᠭ ᠡᠢᠮᠦ ᠤᠴᠢᠷ ᠠᠴᠠ ᠳᠤᠮᠳᠠᠳᠤ ᠶᠢᠨ ᠬᠦᠰᠡᠯᠡᠩ ᠦᠷᠭᠡᠨ ᠳᠡᠯᠭᠡᠷ ᠪᠠᠭᠳᠠᠭᠠᠮᠵᠢᠲᠤ ᠴᠢᠨᠠᠷ ᠲᠠᠢ ᠪᠠᠢᠵᠤ ᠂ 13᠎ ᠳ᠋ᠦᠩᠰᠢᠭᠤᠷ ᠬᠦᠮᠦᠨ ᠦ ᠰᠡᠳᠬᠢᠯ ᠳᠡᠬᠢ ᠴᠤᠭ ᠪᠠᠳᠠᠷᠠᠩᠭᠤᠢ ᠳᠠᠢᠴᠢᠨ ᠢᠷᠠᠭᠤ ᠨᠠᠢᠷᠠᠭ ᠪᠤᠯᠵᠤ ᠂ ᠳᠤᠮᠳᠠᠳᠤ ᠶᠢᠨ ᠦᠨᠳᠦᠰᠦᠲᠡᠨ ᠦ ᠪᠦᠯᠬᠦᠮᠳᠡᠨ ᠳᠡᠮᠡᠴᠡᠬᠦ ᠬᠠᠮᠤᠭ ᠤᠨ ᠶᠡᠬᠡ ᠶᠡᠷᠦᠩᠬᠡᠢ ᠬᠤᠷᠢᠶᠠᠭᠴᠢ ᠮᠦᠨ ᠃

ᠳᠤᠮᠳᠠᠳᠤ ᠶᠢᠨ ᠬᠦᠰᠡᠯᠡᠩ ᠪᠤᠯ ᠤᠯᠤᠰ ᠤᠨ ᠰᠡᠳᠭᠢᠯᠬᠡ ᠂ ᠦᠨᠳᠦᠰᠦᠲᠡᠨ ᠦ ᠰᠡᠳᠬᠢᠯᠭᠡ ᠂ ᠠᠷᠠᠳ ᠲᠦᠮᠡᠨ ᠦ ᠰᠡᠳᠬᠢᠯᠬᠡ ᠶᠢ ᠨᠢᠬᠡᠳᠬᠡᠬᠦ ᠬᠦᠰᠡᠯᠡᠩ ᠮᠦᠨ ᠃ 《ᠭᠡᠷ ᠪᠤᠯ ᠬᠠᠮᠤᠭ ᠪᠠᠭ᠎ᠠ ᠤᠯᠤᠰ ᠂ ᠤᠯᠤᠰ ᠪᠤᠯ ᠤᠯᠠᠨ ᠲᠦᠮᠡᠨ ᠭᠡᠷ》᠃ ᠤᠯᠤᠰ ᠳᠠᠢᠪᠤᠩ ᠮᠦᠷᠲᠡᠭᠡᠨ ᠠᠷᠠᠳ ᠠᠮᠤᠭᠤᠯᠤᠩ᠂ ᠠᠷᠠᠳ ᠪᠠᠶᠠᠨ ᠮᠦᠷᠲᠡᠭᠡᠨ ᠤᠯᠤᠰ ᠬᠦᠴᠦᠷᠭᠡᠭ ᠃ ᠳᠤᠮᠳᠠᠳᠤ ᠶᠢᠨ ᠬᠦᠰᠡᠯᠡᠩ ᠦᠨ ᠬᠠᠮᠤᠭ ᠶᠡᠬᠡ ᠤᠨᠴᠠᠯᠢᠭ ᠪᠤᠯ ᠤᠯᠤᠰ ᠂ ᠦᠨᠳᠦᠰᠦᠲᠡᠨ ᠪᠠ ᠬᠤᠪᠢ ᠬᠦᠮᠦᠨ ᠢ ᠬᠤᠪᠢ ᠵᠠᠶᠠᠭᠠᠨ ᠤ ᠬᠠᠮᠳᠤ ᠶᠢᠨ ᠴᠤᠭᠴᠠ ᠪᠤᠯᠭᠠᠵᠤ ᠂ ᠤᠯᠤᠰ ᠤᠨ ᠠᠰᠢᠭ ᠳᠤᠰᠠ ᠂ ᠦᠨᠳᠦᠰᠦᠲᠡᠨ ᠦ ᠠᠰᠢᠭ ᠳᠤᠰᠠ ᠪᠠ ᠠᠯᠢᠪᠠ ᠬᠤᠪᠢ ᠬᠦᠮᠦᠨ ᠦ ᠪᠤᠳᠠᠳᠤ ᠠᠰᠢᠭ ᠳᠤᠰᠠ ᠶᠢ ᠨᠢᠭᠲᠠ ᠬᠤᠯᠪᠤᠵᠤ ᠂ ᠳᠤᠮᠳᠠᠳᠤ ᠶᠢᠨ ᠦᠨᠳᠦᠰᠦᠲᠡᠨ ᠦ《ᠭᠡᠷ ᠤᠯᠤᠰ ᠳᠡᠯᠡᠬᠡᠢ ᠳ᠋ᠠᠭᠢᠨ》ᠭᠡᠰᠡᠨ ᠰᠡᠳᠬᠢᠯᠭᠡ ᠶᠢ ᠢᠯᠡᠷᠡᠭᠦᠯᠵᠦ ᠪᠠᠢᠨ᠎ᠠ ᠃ ᠳᠤᠮᠳᠠᠳᠤ ᠶᠢᠨ ᠬᠦᠰᠡᠯᠡᠩ ᠢ ᠪᠡᠶᠡᠯᠡᠬᠦᠯᠬᠦ ᠨᠢ ᠳᠤᠮᠳᠠᠳᠤ ᠤᠯᠤᠰ ᠤᠨ ᠠᠵᠤ ᠠᠬᠤᠢ ᠶᠢᠨ ᠪᠤᠳᠠᠳᠤ ᠬᠦᠴᠦᠨ ᠪᠠ ᠶᠡᠷᠦᠩᠬᠡᠢᠯᠡᠭᠰᠡᠨ ᠬᠦᠴᠦᠨ ᠂ ᠳᠡᠯᠡᠬᠡᠢ ᠳᠡᠬᠢ ᠪᠠᠢᠷᠢ ᠰᠠᠭᠤᠷᠢ ᠪᠠ ᠳᠡᠯᠡᠬᠡᠢ ᠳᠡᠬᠢ ᠨᠥᠯᠦᠭᠡᠯᠡᠬᠦ ᠬᠦᠴᠦᠨ ᠶᠡᠬᠡᠪᠡᠷ ᠳᠡᠭᠡᠭᠰᠢᠯᠡᠵᠦ ᠪᠠᠢᠬᠤ ᠶᠢ ᠢᠯᠡᠳᠬᠡᠵᠦ ᠂ ᠳᠤᠮᠳᠠᠳᠤ ᠶᠢᠨ ᠦᠨᠳᠦᠰᠦᠲᠡᠨ ᠨᠡᠩ ᠪᠠᠳᠠᠷᠠᠩᠭᠤᠢ ᠦᠭᠡᠳᠡᠷᠭᠡᠭ ᠂ ᠪᠤᠯᠪᠠᠰᠤᠨ ᠪᠦᠭᠡᠳ ᠨᠡᠭᠡᠭᠡᠯᠲᠡ ᠲᠠᠢ ᠲᠦᠷᠢ ᠪᠠᠢᠳᠠᠯ ᠳᠤ ᠳᠡᠯᠡᠬᠡᠢ ᠶᠢᠨ ᠦᠨᠳᠦᠰᠦᠲᠡᠨ ᠦ ᠡᠩᠨᠡᠭᠡᠨ ᠳᠦ ᠰᠡᠬᠦᠢᠨ ᠰᠦᠨᠳᠡᠷᠡᠯᠡᠬᠦ ᠶᠢ ᠢᠯᠡᠳᠬᠡᠵᠦ ᠂ ᠳᠤᠮᠳᠠᠳᠤ ᠤᠯᠤᠰ ᠤᠨ ᠠᠷᠠᠳ ᠲᠦᠮᠡᠨ ᠨᠡᠩ ᠵᠤᠯ ᠵᠢᠷᠭᠠᠯᠲᠠᠢ ᠠᠮᠤᠷ ᠲᠦᠪᠰᠢᠨ ᠠᠮᠢᠳᠤᠷᠠᠬᠤ ᠶᠢ ᠢᠯᠡᠳᠬᠡᠵᠦ ᠪᠠᠢᠨ᠎ᠠ ᠃

 ᠳᠤᠮᠳᠠᠳᠤ  ᠶᠢᠨ ᠬᠦᠰᠡᠯᠡᠩ ᠪᠤᠯ ᠤᠯᠤᠰ ᠤᠨ ᠬᠦᠰᠡᠯᠡᠩ ᠂ ᠦᠨᠳᠦᠰᠦᠲᠡᠨ ᠦ ᠬᠦᠰᠡᠯᠡᠩ ᠂ ᠪᠠᠰᠠᠴᠤ ᠠᠯᠢᠪᠠ ᠳᠤᠮᠳᠠᠳᠤ ᠤᠯᠤᠰ ᠤᠨ ᠬᠦᠮᠦᠨ ᠢ ᠬᠦᠰᠡᠯᠡᠩ ᠮᠦᠨ ᠃ 《ᠶᠡᠬᠡ ᠶᠢ ᠤᠯᠤᠭᠰᠠᠳ ᠪᠠᠭ᠎ᠠ ᠶᠢ ᠴᠦ ᠪᠠᠭᠳᠠᠭᠠᠵᠤ ᠴᠢᠳᠠᠳᠠᠭ》᠃ 《ᠠᠤᠭ᠎ᠠ ᠶᠡᠬᠡ ᠬᠦᠤᠷᠨᠢᠯ ᠬᠡᠷᠡᠭ》ᠬᠡᠭᠦ ᠤᠯᠤᠰ ᠤᠨ ᠬᠦᠰᠡᠯᠡᠩ ᠂ ᠪᠠᠰᠠᠴᠤ《ᠪᠤᠳᠠᠳᠠᠢ ᠮᠦᠷᠲᠡᠭᠡᠨ ᠵᠢᠵᠢᠭ》ᠬᠤᠪᠢ ᠬᠦᠮᠦᠨ ᠢ ᠬᠦᠰᠡᠯᠡᠩ ᠮᠦᠨ ᠃ ᠲᠡᠤᠬᠡ ᠮᠠᠨ ᠳᠤ ᠬᠡᠯᠡᠵᠦ ᠦᠭᠭᠦᠭᠰᠡᠨ ᠨᠢ᠂ ᠠᠯᠢᠪᠠ ᠬᠦᠮᠦᠨ ᠦ ᠢᠷᠡᠭᠡᠳᠦᠢ ᠬᠤᠪᠢ ᠵᠠᠶᠠᠭ᠎ᠠ ᠨᠢ ᠪᠦᠷ ᠤᠯᠤᠰ ᠪᠠ ᠦᠨᠳᠦᠰᠦᠲᠡᠨ ᠦ ᠢᠷᠡᠭᠡᠳᠦᠢ ᠬᠤᠪᠢ ᠵᠠᠶᠠᠭ᠎ᠠ ᠲᠠᠢ ᠨᠢᠭᠲᠠ ᠬᠤᠯᠪᠤᠭᠳᠠᠵᠤ ᠪᠠᠢᠳᠠᠭ ᠃ ᠤᠯᠤᠰ ᠰᠠᠢᠨ ᠂ ᠦᠨᠳᠦᠰᠦᠲᠡᠨ ᠰᠠᠢᠨ ᠪᠤᠯ ᠪᠦᠭᠦᠳᠡᠭᠡᠷ ᠰᠠᠢᠨ ᠪᠤᠯᠳᠠᠭ ᠃ ᠳᠤᠮᠳᠠᠳᠤ ᠤᠯᠤᠰ ᠡᠢᠮᠦ ᠶᠡᠬᠡ ᠨᠢᠬᠡᠨ ᠤᠯᠤᠰ ᠂ ᠶᠠᠭ ᠶᠡᠬᠡ ᠳᠠᠯᠠᠢ ᠳᠤᠮᠳᠠᠬᠢ ᠬᠦᠯᠬᠡ ᠤᠩᠭᠤᠴᠠ ᠠᠳᠠᠯᠢ᠃ ᠡᠨᠡ ᠬᠦᠯᠬᠡ ᠤᠩᠭᠤᠴᠠᠨ ᠳᠡᠭᠡᠷ᠎ᠠ ᠪᠢᠳᠡ ᠪᠦᠬᠦᠨ《ᠵᠡᠭᠦᠳᠦᠨ ᠠᠩᠬᠢ》᠎ ᠶᠢᠨ ᠨᠢᠭᠡ ᠬᠡᠰᠢᠭᠦᠨ ᠪᠠᠢᠵᠤ ᠂ ᠪᠦᠷ ᠳᠤᠮᠳᠠᠳᠤ ᠶᠢᠨ ᠬᠦᠰᠡᠯᠡᠩ ᠦᠨ ᠤᠷᠤᠯᠴᠠᠭᠴᠢ ᠂ ᠪᠢᠴᠢᠭ᠍ᠴᠢ ᠂ ᠬᠠᠳᠠᠭᠤ ᠪᠡᠷᠭᠡᠰᠢᠶᠡᠯ ᠢ ᠬᠠᠮᠳᠤᠪᠡᠷ ᠲᠤᠭᠤᠯᠵᠤ ᠂ ᠰᠡᠳᠬᠢᠯ ᠨᠢᠬᠡᠳᠦᠨ ᠬᠦᠴᠦ  ᠪᠡᠨ ᠬᠠᠮᠳᠤᠳᠬᠠᠵᠤ ᠤᠷᠤᠭᠰᠢᠯᠠᠨ᠎ᠠ ᠃ ᠤᠳᠤ ᠴᠠᠭ ᠦᠶ᠎ᠠ ᠪᠤᠯ ᠬᠦᠰᠡᠯ ᠳᠡᠯᠭᠡᠭᠡᠬᠦ ᠴᠠᠭ ᠦᠶ᠎ᠠ ᠂ ᠬᠦᠮᠦᠨ ᠪᠦᠷᠢ ᠦᠪᠡᠷ ᠦᠨ ᠰᠠᠢᠬᠠᠨ ᠬᠦᠰᠡᠯᠡᠩ ᠲᠠᠢ ᠪᠠᠢᠳᠠᠭ ᠃ ᠳᠤᠮᠳᠠᠳᠤ ᠶᠢᠨ ᠬᠦᠰᠡᠯᠡᠩ ᠦᠨ ᠠᠭᠤᠵᠢᠮ ᠳᠠᠯᠠᠪᠠᠢ ᠂ ᠬᠤᠪᠢ ᠬᠦᠮᠦᠨ ᠦ ᠬᠦᠰᠡᠯᠡᠩ ᠳᠦ ᠪᠠᠳᠠᠷᠠᠨ ᠬᠦᠭᠵᠢᠬᠦ ᠤᠷᠤᠨ ᠵᠠᠢ ᠬᠠᠩᠭᠠᠨ᠎ᠠ ᠃ ᠬᠦᠮᠦᠨ ᠪᠦᠷᠢ ᠬᠦᠰᠡᠯᠡᠩ ᠦᠨ ᠲᠦᠯᠦᠭᠡ ᠳᠠᠰᠤᠷᠠᠯ ᠦᠬᠡᠢ ᠴᠢᠷᠮᠠᠢᠵᠤ ᠂ ᠮᠦᠨ ᠴᠦ ᠠᠭᠤᠤ ᠶᠡᠬᠡ ᠳᠤᠮᠳᠠᠳᠤ ᠶᠢᠨ ᠬᠦᠰᠡᠯᠡᠩ ᠢ ᠪᠡᠶᠡᠯᠡᠬᠦᠯᠬᠦ ᠳᠦ ᠨᠢᠬᠡ ᠬᠤᠪᠢ ᠬᠦᠴᠦ ᠡᠷᠭᠦᠵᠦ ᠪᠠᠢᠨ᠎ᠠ ᠃ ᠬᠦᠮᠦᠨ ᠪᠦᠷᠢ ᠶᠢᠨ ᠠᠮᠢᠳᠤᠷᠠᠯ ᠤᠨ ᠬᠦᠰᠡᠯ ᠢ ᠤᠯᠤᠰ ᠪᠠ ᠦᠨᠳᠦᠰᠦᠲᠡᠨ ᠦ ᠠᠭᠤᠤ ᠶᠡᠬᠡ ᠬᠦᠰᠡᠯᠡᠩ ᠲᠠᠢ ᠤᠶᠠᠯᠳᠤᠭᠤᠯᠪᠠᠯ ᠰᠠᠶᠢ ᠬᠦᠰᠡᠯᠡᠩ ᠲᠠᠢ ᠪᠠᠢᠬᠤ ᠵᠤᠷᠢᠭ ᠲᠠᠢ ᠪᠠᠢᠵᠤ ᠂ ᠬᠦᠰᠡᠯᠡᠩ ᠢᠶᠡᠨ ᠬᠦᠬᠡᠬᠡᠬᠦ ᠵᠤᠷᠢᠭᠲᠠᠢ ᠂ ᠬᠦᠰᠡᠯᠡᠩ ᠢᠶᠡᠨ ᠪᠡᠶᠡᠯᠡᠬᠦ ᠪᠡᠷ ᠴᠢᠷᠮᠠᠢᠵᠤ ᠂ ᠳᠤᠮᠳᠠᠳᠤ ᠶᠢᠨ ᠬᠦᠰᠡᠯᠡᠩ ᠢ ᠪᠡᠶᠡᠯᠡᠬᠦᠯᠬᠦ ᠶᠡᠬᠡ ᠬᠦᠴᠦᠨ ᠪᠤᠯᠵᠤ ᠨᠡᠢᠯᠬᠦ ᠶᠤᠮ ᠃

3.ᠳᠤᠮᠳᠠᠳᠤ ᠤᠯᠤᠰ ᠤᠨ ᠵᠠᠮ ᠢ ᠪᠠᠷᠢᠮᠳᠠᠯᠠᠵᠤ ᠂ ᠳᠤᠮᠳᠠᠳᠤ ᠤᠯᠤᠰ ᠤᠨ ᠵᠤᠷᠢᠭ ᠰᠠᠨᠠᠭ᠎ᠠ ᠶᠢ ᠪᠠᠳᠠᠷᠠᠭᠤᠯᠵᠤ ᠂ ᠳᠤᠮᠳᠠᠳᠤ ᠤᠯᠤᠰ ᠤᠨ ᠬᠦᠴᠦᠨ ᠢ ᠨᠢᠭᠳᠠᠷᠠᠭᠤᠯᠤᠨ᠎ᠠ

ᠰᠢ ᠵᠢᠨ ᠫᠢᠩ ᠶᠡᠷᠦᠩᠬᠡᠢ ᠱᠦᠵᠢ ᠵᠢᠭᠠᠵᠤ ᠭᠠᠷᠭᠠᠭᠰᠠᠨ ᠨᠢ ᠄ 《ᠳᠤᠮᠳᠠᠳᠤ ᠶᠢᠨ ᠬᠦᠰᠡᠯᠡᠩ ᠢ ᠪᠡᠶᠡᠯᠡᠬᠦᠯᠬᠦ ᠳᠦ ᠡᠷᠭᠡᠪᠰᠢ ᠳᠤᠮᠳᠠᠳᠤ ᠤᠯᠤᠰ ᠤᠨ ᠵᠠᠮ ᠢ ᠶᠠᠪᠤᠵᠤ ᠂ ᠳᠤᠮᠳᠠᠳᠤ ᠤᠯᠤᠰ ᠤᠨ ᠵᠤᠷᠢᠭ ᠰᠠᠨᠠᠭ᠎ᠠ ᠶᠢ ᠪᠠᠳᠠᠷᠠᠭᠤᠯᠵᠤ ᠂ ᠳᠤᠮᠳᠠᠳᠤ ᠤᠯᠤᠰ ᠤᠨ ᠬᠦᠴᠦᠨ ᠢ ᠨᠢᠭᠳᠠᠷᠠᠭᠤᠯᠤᠨ᠎ᠠ》᠃ ᠡᠨᠡ ᠨᠢ ᠮᠠᠨ ᠤ ᠨᠠᠮ ᠪᠦᠯᠬᠦᠮᠳᠡᠨ ᠠᠷᠠᠳ ᠲᠦᠮᠡᠨ ᠢ ᠳᠠᠭᠠᠭᠤᠯᠤᠨ ᠳᠤᠮᠳᠠᠳᠤ ᠤᠯᠤᠰ ᠤᠨ ᠤᠨᠴᠠᠯᠢᠭ ᠪᠦᠬᠦᠢ ᠨᠡᠢᠭᠡᠮ ᠵᠢᠷᠦᠮ ᠦᠨ ᠦᠢᠯᠡᠰ ᠢ ᠦᠷᠬᠦᠯᠵᠢᠯᠡᠨ ᠲᠦᠯᠬᠢᠨ ᠤᠷᠤᠭᠰᠢᠯᠠᠭᠤᠯᠵᠤ ᠂ ᠳᠤᠮᠳᠠᠳᠤ ᠶᠢᠨ ᠦᠨᠳᠦᠰᠦᠲᠡᠨ ᠦ ᠠᠭᠤᠤ ᠶᠡᠬᠡ ᠰᠡᠷᠭᠦᠨ ᠮᠠᠨᠳᠤᠯᠲᠠ ᠶᠢ ᠪᠡᠶᠡᠯᠡᠬᠦᠯᠬᠦ ᠳᠤᠮᠳᠠᠳᠤ ᠶᠢ ᠬᠦᠰᠡᠯᠡᠩ ᠦᠨ ᠲᠦᠯᠦᠭᠡ ᠳᠡᠮᠡᠴᠡᠬᠦ ᠴᠢᠭᠯᠡᠯ ᠢ ᠵᠢᠭᠠᠵᠤ ᠦᠭᠭᠦᠭᠰᠡᠨ ᠪᠠᠢᠨ᠎ᠠ ᠃

ᠳᠤᠮᠳᠠᠳᠤ ᠶᠢᠨ ᠬᠦᠰᠡᠯᠡᠩ ᠢ ᠪᠡᠶᠡᠯᠡᠬᠦᠯᠬᠦ ᠳᠦ ᠡᠷᠭᠡᠪᠰᠢ ᠳᠤᠮᠳᠠᠳᠤ ᠤᠯᠤᠰ ᠤᠨ ᠵᠠᠮ ᠢ ᠶᠠᠪᠤᠨ᠎ᠠ ᠂ ᠡᠨᠡ ᠨᠢ ᠪᠤᠯ ᠳᠤᠮᠳᠠᠳᠤ ᠤᠯᠤᠰ ᠤᠨ ᠤᠨᠴᠠᠯᠢᠭ ᠪᠦᠬᠦᠢ ᠨᠡᠢᠭᠡᠮ ᠵᠢᠷᠦᠮ ᠦᠨ ᠵᠠᠮ ᠮᠦᠨ ᠃ ᠵᠦᠪ ᠤᠨᠤᠪᠴᠢᠲᠠᠢ ᠵᠠᠮ ᠦᠭᠡᠢ ᠪᠤᠯ ᠶᠠᠮᠠᠷ ᠰᠠᠢᠬᠠᠨ ᠬᠦᠰᠡᠯ ᠡᠷᠡᠮᠡᠯᠵᠡᠯ ᠂ ᠬᠡᠳᠦᠢ ᠠᠭᠤᠤ ᠶᠡᠬᠡ ᠬᠦᠰᠡᠯᠡᠩ ᠴᠦ ᠭᠡᠰᠡᠨ ᠪᠦᠷ ᠪᠡᠶᠡᠯᠡᠭᠳᠡᠬᠦ ᠦᠬᠡᠢ ᠶᠤᠮ ᠃ ᠳᠤᠮᠳᠠᠳᠤ ᠤᠯᠤᠰ ᠤᠨ ᠤᠨᠴᠠᠯᠢᠭ ᠪᠦᠬᠦᠢ ᠨᠡᠢᠭᠡᠮ ᠵᠢᠷᠦᠮ ᠦᠨ ᠵᠠᠮ ᠨᠢ ᠬᠢᠯᠪᠠᠷ ᠪᠤᠰᠤ ᠢᠷᠡᠭᠰᠡᠨ ᠂ ᠲᠡᠷᠡ ᠨᠢ ᠦᠭᠡᠷᠡᠴᠢᠯᠡᠲᠡ ᠬᠢᠵᠦ ᠴᠢᠯᠦᠭᠡᠲᠡᠢ ᠶᠠᠪᠤᠯᠴᠠᠭᠰᠠᠨ ᠳᠤ 30᠎ ᠭᠠᠷᠤᠢ ᠵᠢᠯ ᠦᠨ ᠠᠭᠤᠤ ᠶᠡᠬᠡ ᠦᠢᠯᠡᠳᠦᠯᠭᠡ ᠳᠤᠮᠳᠠ ᠠᠴᠠ ᠪᠤᠢ ᠪᠤᠯᠭᠰᠠᠨ ᠶᠤᠮ ᠂ ᠪᠦᠭᠦᠳᠡ ᠨᠠᠢᠷᠠᠮᠳᠤᠬᠤ ᠳᠤᠮᠳᠠᠳᠤ ᠠᠷᠠᠳ ᠤᠯᠤᠰ ᠪᠠᠢᠭᠤᠯᠤᠭᠳᠤᠭᠰᠠᠨ ᠠᠴᠠ ᠨᠠᠰᠢ 60᠎ ᠭᠠᠷᠤᠢ ᠵᠢᠯ ᠦᠷᠬᠦᠯᠵᠢᠯᠡᠨ ᠰᠦᠪᠭᠴᠢᠯᠡᠭᠰᠡᠨ ᠡᠴᠡ ᠪᠤᠢ ᠪᠤᠯᠵᠤ ᠂ ᠤᠢᠷ᠎ᠠ ᠤᠳᠤ ᠦᠶ᠎ᠠ ᠠᠴᠠ ᠨᠠᠰᠢ 170᠎ ᠭᠠᠷᠤᠢ ᠵᠢᠯ ᠦᠨ ᠳᠤᠮᠳᠠᠳᠤ ᠶᠢᠨ ᠦᠨᠳᠦᠰᠦᠲᠡᠨ ᠦ ᠬᠦᠭᠵᠢᠯᠲᠡ ᠶᠢᠨ ᠦᠩᠭᠡᠷᠡᠯᠲᠡ  ᠶᠢᠨ ᠬᠦᠨᠵᠡᠭᠡᠢ ᠳ᠋ᠦᠩᠨᠡᠯᠲᠡ ᠡᠴᠡ ᠪᠤᠢ ᠪᠤᠯᠵᠤ ᠂ ᠳᠤᠮᠳᠠᠳᠤ ᠶᠢᠨ ᠦᠨᠳᠦᠰᠦᠲᠡᠨ  ᠦ 5000᠎ ᠭᠠᠷᠤᠢ ᠵᠢᠯ ᠦᠨ ᠦᠨᠢ ᠤᠳᠠᠭᠠᠨ ᠪᠤᠯᠪᠠᠰᠤᠨ ᠤ ᠤᠯᠠᠮᠵᠢᠯᠠᠯ ᠠᠴᠠ ᠪᠤᠢ ᠪᠤᠯᠵᠤ ᠂ ᠮᠦᠨᠴᠦ ᠰᠢᠨᠵᠢᠯᠡᠬᠦ ᠤᠬᠠᠭᠠᠨᠴᠢ ᠨᠡᠢᠭᠡᠮ ᠵᠢᠷᠦᠮ  ᠤᠨ ᠤᠬᠠᠭᠳᠠᠭᠤᠨ ᠯᠤᠬᠢᠭ ᠪᠠ ᠳᠤᠮᠳᠠᠳᠤ ᠤᠯᠤᠰ ᠤᠨ ᠨᠡᠢᠭᠡᠮ ᠦᠨ ᠬᠦᠭᠵᠢᠯᠲᠡ ᠶᠢᠨ ᠲᠡᠤᠬᠡᠨ ᠯᠤᠬᠢᠭ ᠤᠨ ᠬᠤᠪᠢᠰᠤᠩᠭᠤᠢ ᠨᠢᠬᠡᠳᠦᠯ ᠮᠦᠨ ᠂ ᠬᠦᠨ ᠬᠦᠨᠵᠡᠭᠡᠢ ᠲᠡᠤᠬᠡᠨ ᠡᠬᠢ ᠰᠤᠷᠪᠤᠯᠵᠢ ᠪᠠ ᠦᠷᠭᠡᠨ ᠳᠡᠯᠭᠡᠷ ᠪᠤᠳᠠᠳᠤ ᠰᠠᠭᠤᠷᠢ ᠲᠠᠢ ᠪᠠᠢᠳᠠᠭ ᠃ ᠲᠡᠤᠬᠡ ᠪᠠ ᠪᠤᠳᠠᠳᠤ ᠪᠠᠢᠳᠠᠯ ᠬᠦᠢᠴᠡᠳ ᠭᠡᠷᠡᠴᠢᠯᠡᠭᠰᠡᠨ ᠨᠢ᠂ ᠪᠢᠲᠡᠭᠦᠮᠵᠢᠯᠡᠭᠰᠡᠨ ᠵᠤᠭᠰᠤᠩᠭᠤᠢ ᠬᠠᠭᠤᠴᠢᠨ ᠵᠠᠮ᠂ ᠳᠤᠭ ᠳᠠᠯᠪᠠᠭ᠎ᠠ ᠪᠠᠨ ᠬᠠᠯᠠᠭᠰᠠᠨ ᠭᠠᠵᠢᠭᠤ ᠵᠠᠮ ᠪᠦᠷ ᠮᠤᠬᠤᠷ ᠵᠠᠮ ᠂ ᠦᠬᠦᠯ ᠦᠨ ᠵᠠᠮ ᠮᠦᠨ᠃ ᠵᠥᠪᠬᠡᠨ ᠳᠤᠮᠳᠠᠳᠤ ᠤᠯᠤᠰ ᠤᠨᠴᠠᠯᠢᠭ ᠪᠦᠬᠦᠢ ᠨᠡᠢᠭᠡᠮ ᠵᠢᠷᠦᠮ ᠦᠨ ᠵᠠᠮ ᠪᠤᠯ ᠰᠠᠶᠢ ᠳᠤᠮᠳᠠᠳᠤ ᠤᠯᠤᠰ ᠢ ᠬᠦᠭᠵᠢᠬᠦᠯᠵᠦ ᠂ ᠳᠤᠮᠳᠠᠳᠤ ᠤᠯᠤᠰ ᠢ ᠳᠤᠭᠳᠠᠪᠤᠷᠢᠵᠢᠭᠤᠯᠵᠤ ᠂ ᠡᠨᠡ ᠪᠤᠯ ᠰᠡᠷᠭᠦᠨ ᠮᠠᠨᠳᠤᠬᠤ ᠬᠦᠰᠡᠯᠡᠩ ᠦᠨ ᠰᠠᠷᠠᠭᠤᠯ ᠳᠠᠷᠳᠠᠩ ᠵᠠᠮ ᠂ ᠵᠦᠪ ᠵᠠᠮ ᠮᠦᠨ ᠃ ᠳᠤᠮᠳᠠᠳᠤ ᠶᠢᠨ ᠦᠨᠳᠦᠰᠦᠲᠡᠨ ᠪᠤᠯ ᠶᠡᠷᠦ ᠪᠤᠰᠤ ᠶᠢᠨ ᠡᠭᠦᠳᠦᠨ ᠪᠦᠳᠦᠭᠡᠬᠦ ᠴᠢᠳᠠᠪᠤᠷᠢ ᠲᠠᠢ ᠦᠨᠳᠦᠰᠦᠲᠡᠨ ᠮᠦᠨ ᠂ ᠪᠢᠳᠡ ᠠᠭᠤᠤ ᠶᠡᠬᠡ ᠳᠤᠮᠳᠠᠳᠤ ᠶᠢᠨ ᠪᠤᠯᠪᠠᠰᠤᠨ ᠢ ᠡᠭᠦᠳᠴᠦ ᠂ ᠪᠢᠳᠡ ᠪᠠᠰᠠ ᠳᠤᠮᠳᠠᠳᠤ ᠤᠯᠤᠰ ᠤᠨ ᠤᠯᠤᠰ ᠤᠨ ᠪᠠᠢᠳᠠᠯ ᠲᠠᠢ ᠵᠤᠬᠢᠴᠠᠬᠤ ᠬᠦᠭᠵᠢᠯᠲᠡ ᠶᠢᠨ ᠵᠠᠮ ᠢ ᠦᠷᠭᠡᠯᠵᠢᠯᠡᠨ ᠦᠷᠭᠡᠳᠬᠡᠬᠦ ᠪᠠ ᠰᠠᠢᠨ ᠶᠠᠪᠤᠵᠤ ᠲᠡᠢᠯᠦᠨ᠎ᠠ ᠃ ᠳᠤᠮᠳᠠᠳᠤ ᠤᠯᠤᠰ ᠤᠨ ᠤᠨᠴᠠᠯᠢᠭ ᠪᠦᠬᠦᠢ ᠨᠡᠢᠭᠡᠮ ᠵᠢᠷᠦᠮ ᠦᠨ ᠵᠠᠮ ᠤᠨ ᠢᠳᠡᠭᠡᠯ ᠂ ᠤᠨᠤᠯ ᠤᠨ ᠢᠳᠡᠬᠡᠯ ᠂ ᠪᠠᠢᠭᠤᠯᠤᠮᠵᠢ ᠶᠢᠨ ᠢᠳᠡᠬᠡᠯ ᠢ ᠴᠢᠩᠭᠠᠳᠬᠠᠵᠤ ᠂ ᠵᠦᠪ ᠤᠨᠤᠪᠴᠢᠲᠠᠢ ᠳᠤᠮᠳᠠᠳᠤ ᠤᠯᠤᠰ ᠤᠨ ᠵᠠᠮ ᠢᠶᠠᠷ ᠬᠤᠪᠢᠷᠠᠰᠢ ᠦᠭᠡᠢ ᠤᠷᠤᠭᠰᠢᠯᠠᠨ᠎ᠠ ᠃

ᠳᠤᠮᠳᠠᠳᠤ ᠶᠢᠨ ᠬᠦᠰᠡᠯᠡᠩ ᠢ ᠪᠡᠶᠡᠯᠡᠬᠦᠯᠬᠦ ᠳᠦ ᠡᠷᠬᠡᠪᠰᠢ ᠳᠤᠮᠳᠠᠳᠤ ᠤᠯᠤᠰ ᠤᠨ ᠵᠤᠷᠢᠭ ᠰᠠᠨᠠᠭ᠎ᠠ ᠶᠢ ᠪᠠᠳᠠᠷᠠᠭᠤᠯᠵᠤ ᠂ ᠡᠨᠡ ᠪᠤᠯ ᠤᠯᠤᠰ ᠢᠶᠠᠨ ᠬᠠᠢᠷᠠᠯᠠᠬᠤ ᠰᠡᠳᠬᠢᠯ ᠢᠶᠡᠷ ᠭᠤᠤᠯ ᠪᠤᠯᠭᠠᠭᠰᠠᠨ ᠦᠨᠳᠦᠰᠦᠲᠡᠨ ᠦ ᠵᠤᠷᠢᠭ ᠰᠠᠨᠠᠭ᠎ᠠ ᠪᠤᠯᠤᠨ ᠦᠬᠡᠷᠡᠴᠢᠯᠡᠯᠲᠡ ᠬᠢᠵᠦ ᠰᠢᠨ᠎ᠠ ᠶᠢ ᠡᠭᠦᠳᠬᠦ ᠪᠡᠷ ᠭᠤᠤᠯ ᠪᠤᠯᠭᠠᠭᠰᠠᠨ ᠴᠠᠭ ᠦᠶ᠎ᠠ ᠶᠢᠨ ᠵᠤᠷᠢᠭ ᠰᠠᠨᠠᠭ᠎ᠠ ᠪᠤᠯᠤᠨ᠎ᠠ ᠃ ᠠᠭᠤᠤ ᠶᠡᠬᠡ ᠬᠦᠰᠡᠯᠡᠩ ᠨᠢ ᠠᠭᠤᠤ ᠶᠡᠬᠡ ᠵᠤᠷᠢᠭ ᠰᠠᠨᠠᠭᠠᠨ ᠤ ᠲᠦᠰᠢᠭ ᠪᠠᠢᠬᠤ ᠬᠡᠷᠡᠭᠲᠡᠢ ᠃ ᠴᠤᠭ ᠪᠠᠳᠠᠷᠠᠩᠭᠤᠢ ᠵᠤᠷᠢᠭ ᠰᠠᠨᠠᠭ᠎ᠠ ᠦᠬᠡᠢ ᠂ ᠡᠷᠬᠢᠮ ᠳᠡᠭᠡᠳᠦ ᠵᠠᠩ ᠰᠤᠷᠳᠠᠯ ᠦᠬᠡᠢ ᠂ ᠬᠠᠳᠠᠨ ᠪᠠᠳᠤ ᠵᠤᠷᠢᠯᠲᠠ ᠦᠬᠡᠢ ᠪᠤᠯ ᠨᠢᠬᠡ ᠦᠨᠳᠦᠰᠦᠲᠡᠨ ᠳᠡᠯᠡᠬᠡᠢ ᠶᠢᠨ ᠦᠨᠳᠦᠰᠦᠲᠡᠨ ᠦ ᠤᠢ ᠳᠤᠳᠤᠷ᠎ᠠ ᠳᠤᠭᠳᠠᠨᠢᠵᠤ ᠳᠡᠢᠯᠬᠦ ᠦᠬᠡᠢ ᠶᠤᠮ ᠃ ᠳᠤᠮᠳᠠᠳᠤ ᠶᠢᠨ ᠬᠦᠰᠡᠯᠡᠩ ᠢ ᠪᠡᠶᠡᠯᠡᠬᠦᠯᠬᠦ ᠳᠦ ᠪᠢᠳᠡ ᠵᠦᠪᠬᠡᠨ ᠪᠤᠳᠠᠰ ᠤᠨ ᠳᠠᠯ᠎ᠠ ᠪᠠᠷ ᠬᠦᠴᠦᠷᠬᠡᠭᠵᠢᠭᠡᠳ ᠪᠠᠢᠵᠤ ᠪᠤᠯᠬᠤ ᠤᠶᠤᠨ ᠰᠠᠨᠠᠭᠠᠨ ᠤ ᠳᠠᠯ᠎ᠠ ᠪᠠᠷ ᠪᠠᠰᠠ ᠬᠦᠴᠦᠷᠬᠡᠭᠵᠢᠬᠦ ᠬᠡᠷᠡᠭᠲᠡᠢ ᠬᠡᠳᠡᠭ ᠢ ᠱᠠᠭᠠᠷᠳᠠᠵᠤ ᠪᠠᠢᠨ᠎ᠠ ᠃ ᠳᠤᠮᠳᠠᠳᠤ ᠶᠢᠨ ᠪᠤᠯᠪᠠᠰᠤᠨ ᠦᠶ᠎ᠠ ᠶᠢᠨ ᠦᠶ᠎ᠠ ᠤᠷᠤᠰᠢᠨ ᠲᠤᠭᠳᠠᠨᠢᠵᠤ ᠂ ᠳᠤᠮᠳᠠᠳᠤ  ᠤᠯᠤᠰ ᠤᠨ ᠵᠤᠷᠢᠭ ᠰᠠᠨᠠᠭ᠎ᠠ ᠡᠭᠦᠷᠢᠲᠡ ᠤᠯᠠᠮᠵᠢᠯᠠᠵᠤ ᠪᠠᠢᠨ᠎ᠠ ᠃ ᠤᠯᠤᠰ ᠢᠶᠠᠨ ᠬᠠᠢᠷᠠᠯᠠᠬᠤ ᠦᠵᠡᠯ ᠢᠶᠡᠷ ᠭᠤᠤᠯ ᠪᠤᠯᠭᠠᠭᠰᠠᠨ ᠦᠨᠳᠦᠰᠦᠲᠡᠨ ᠦ ᠵᠤᠷᠢᠭ ᠰᠠᠨᠠᠭ᠎ᠠ ᠪᠤᠯᠤᠨ ᠦᠭᠡᠷᠡᠴᠢᠯᠡᠯᠲᠡ ᠬᠢᠵᠦ ᠰᠢᠨ᠎ᠠ ᠶᠢ ᠡᠭᠦᠳᠬᠦ ᠪᠡᠷ ᠭᠣᠣᠯ ᠪᠤᠯᠭᠠᠭᠰᠠᠨ ᠴᠠᠭ ᠦᠶ᠎ᠠ ᠶᠢᠨ ᠵᠤᠷᠢᠭ ᠰᠠᠨᠠᠭ᠎ᠠ ᠪᠤᠯ ᠰᠡᠳᠬᠢᠯ ᠬᠤᠯᠪᠤᠭᠠᠯᠠᠵᠤ ᠴᠢᠳᠠᠯ ᠨᠢᠭᠳᠠᠷᠠᠭᠤᠯᠬᠤ ᠤᠯᠤᠰ ᠢ ᠬᠦᠭᠵᠢᠬᠦᠯᠬᠦ ᠰᠦᠨᠡᠰᠦ ᠂ ᠤᠯᠤᠰ ᠬᠦᠴᠦᠷᠭᠡᠭᠵᠢᠬᠦᠯᠬᠦ ᠰᠦᠨᠡᠰᠦ ᠮᠦᠨ ᠃ ᠤᠯᠤᠰ ᠢᠶᠠᠨ ᠬᠠᠢᠷᠠᠯᠠᠬᠤ ᠦᠵᠡᠯ ᠪᠤᠯ ᠳᠤᠮᠳᠠᠳᠤ ᠶᠢᠨ ᠦᠨᠳᠦᠰᠦᠲᠡᠨ ᠦ ᠵᠤᠷᠢᠭ ᠰᠠᠨᠠᠨᠭᠠᠨ ᠤ ᠭᠧᠨ᠂ ᠳᠤᠮᠳᠠᠳᠤ ᠤᠯᠤᠰ ᠤᠨ ᠨᠤᠲᠤᠭ ᠳᠡᠪᠢᠰᠭᠡᠷ ᠳᠡᠭᠡᠷ᠎ᠠ ᠪᠠᠢᠬᠤ ᠡᠯ᠎ᠠ ᠦᠨᠳᠦᠰᠦᠲᠡᠨ ᠦ ᠪᠦᠯᠬᠦᠮᠳᠡᠯ ᠨᠢᠭᠡᠳᠦᠯ ᠢ ᠬᠠᠮᠠᠭᠠᠯᠠᠵᠤ ᠂ ᠦᠶ᠎ᠠ ᠶᠢᠨ ᠦᠶ᠎ᠠ ᠶᠢᠨ ᠳᠤᠮᠳᠠᠳᠤ ᠶᠢᠨ ᠦᠬᠢᠳ ᠬᠦᠪᠡᠭᠦᠳ ᠢ ᠡᠬᠡ ᠤᠷᠤᠨ ᠤ ᠬᠦᠭᠵᠢᠯ ᠴᠡᠴᠡᠭᠵᠢᠯ ᠢ ᠲᠦᠯᠦᠭᠡ ᠴᠦᠬᠦᠷᠡᠰᠢ ᠦᠬᠡᠢ ᠳᠡᠮᠡᠴᠡᠬᠦ ᠶᠢ ᠤᠷᠠᠮᠰᠢᠭᠤᠯᠵᠤ ᠪᠠᠢᠨ᠎ᠠ ᠃ ᠦᠬᠡᠷᠡᠴᠢᠯᠡᠯᠲᠡ ᠬᠢᠵᠦ ᠰᠢᠨ᠎ᠠ ᠶᠢ ᠡᠭᠦᠳᠬᠦ ᠨᠢ ᠳᠤᠮᠳᠠᠳᠤ ᠶᠢᠨ ᠦᠨᠳᠦᠰᠦᠲᠡᠨ ᠦ ᠲᠦᠷᠦᠯᠬᠢ ᠠᠪᠢᠶᠠᠰ ᠢ ᠢᠯᠡᠷᠡᠭᠦᠯᠵᠦ ᠂ ᠤᠳᠤ ᠦᠶ᠎ᠠ ᠶᠢᠨ ᠳᠤᠮᠳᠠᠳᠤ ᠤᠯᠤᠰ ᠤᠨ ᠬᠦᠭᠵᠢᠯᠲᠡ ᠳᠠᠪᠰᠢᠯᠲᠠ ᠶᠢᠨ ᠱᠠᠭᠠᠷᠳᠠᠯᠭ᠎ᠠ ᠶᠢ ᠢᠯᠡᠳᠬᠡᠵᠦ ᠂ ᠢᠮᠠᠭᠲᠠ ᠪᠢᠳᠡᠨ ᠢ ᠦᠬᠡᠷᠡᠴᠢᠯᠡᠯᠲᠡ ᠨᠡᠬᠡᠬᠡᠯᠲᠡ ᠶᠢᠨ ᠳᠤᠮᠳᠠ ᠴᠠᠭ ᠦᠶ᠎ᠠ ᠲᠠᠢ ᠵᠡᠷᠭᠡᠪᠡᠷ ᠤᠷᠤᠭᠰᠢᠯᠠᠬᠤ ᠤᠶᠤᠨ ᠰᠠᠨᠠᠭᠠᠨ ᠤ ᠬᠦᠴᠦᠨ ᠮᠦᠨ ᠃ ᠠᠭᠤᠤ ᠶᠡᠬᠡ ᠦᠨᠳᠦᠰᠦᠲᠡᠨ ᠦ ᠵᠤᠷᠢᠭ ᠰᠠᠨᠠᠭ᠎ᠠ ᠪᠠ ᠴᠠᠭ ᠦᠶ᠎ᠠ ᠶᠢᠨ ᠵᠤᠷᠢᠭ ᠰᠠᠨᠠᠭ᠎ᠠ ᠶᠢ ᠪᠠᠳᠠᠷᠠᠭᠤᠯᠬᠤ ᠭᠡᠪᠡᠯ ᠂ ᠪᠦᠬᠦ ᠠᠷᠠᠳ ᠲᠦᠮᠡᠨ ᠦ ᠴᠤᠭ ᠵᠠᠯᠢ ᠰᠦᠷ ᠰᠦᠯᠳᠡ ᠶᠢ ᠳᠠᠰᠤᠷᠠᠯᠲᠠ ᠦᠭᠡᠢ ᠭᠦᠭᠵᠢᠭᠡᠵᠦ ᠂ ᠪᠦᠯᠬᠦᠮᠳᠡᠨ ᠨᠢᠭᠳᠠᠷᠠᠬᠤ ᠤᠶᠤᠨ ᠰᠠᠨᠠᠭᠠᠨ ᠤ ᠬᠤᠯᠪᠤᠭᠠᠰᠤ ᠂ ᠰᠢᠨᠳᠠᠷᠠᠰᠢ ᠦᠭᠡᠢ ᠴᠢᠷᠮᠠᠢᠬᠤ ᠵᠤᠷᠢᠭ ᠰᠠᠨᠠᠭᠠᠨ ᠤ ᠬᠦᠳᠡᠯᠭᠡᠭᠴᠢ ᠬᠦᠴᠦᠨ ᠢ ᠳᠠᠰᠤᠷᠠᠯᠲᠠ ᠦᠬᠡᠢ ᠴᠢᠩᠭᠠᠳᠬᠠᠵᠤ ᠂ ᠦᠨᠢ ᠡᠭᠦᠷᠢᠳᠡ ᠴᠤᠭ ᠪᠠᠳᠠᠷᠠᠩᠭᠤᠢ ᠢᠷᠡᠭᠡᠳᠦᠢ ᠦᠭᠡᠲᠡ ᠤᠷᠤᠭᠰᠢᠯᠠᠨ᠎ᠠ ᠃

ᠳᠤᠮᠳᠠᠳᠤ ᠶᠢᠨ ᠬᠦᠰᠡᠯᠡᠩ ᠢ ᠪᠡᠶᠡᠯᠡᠬᠦᠯᠬᠦ ᠳᠦ ᠡᠷᠭᠡᠪᠰᠢ ᠳᠤᠮᠳᠠᠳᠤ ᠤᠯᠤᠰ ᠤᠨ ᠬᠦᠴᠦᠨ ᠢ ᠨᠢᠭᠳᠠᠷᠠᠭᠤᠯᠬᠤ ᠬᠡᠷᠡᠭᠲᠡᠢ ᠂ ᠡᠨᠡ ᠪᠤᠯ ᠳᠠᠷᠤᠢ ᠪᠦᠬᠦ ᠤᠯᠤᠰ ᠤᠨ ᠡᠯ᠎ᠠ ᠦᠨᠳᠦᠰᠦᠲᠡᠨ ᠦ ᠬᠠᠮᠳᠤᠷᠠᠯ ᠤᠨ ᠬᠦᠴᠦᠨ ᠮᠦᠨ ᠃ ᠮᠠᠨ ᠤ ᠤᠯᠤᠰ ᠤᠨ 56᠎ ᠦᠨᠳᠦᠰᠦᠲᠡᠨ ᠪᠦᠷ ᠳᠤᠮᠳᠠᠳᠤ ᠶᠢᠨ ᠦᠨᠳᠦᠰᠦᠲᠡᠨ ᠦ ᠶᠡᠬᠡ ᠭᠡᠷ ᠪᠦᠯᠢ ᠶᠢᠨ ᠡᠷᠬᠡ ᠲᠡᠭᠰᠢ ᠨᠢᠭᠡ ᠬᠡᠰᠢᠬᠦᠨ ᠂ ᠬᠠᠮᠳᠤᠪᠠᠷ ᠴᠢᠨᠤ ᠳᠤᠮᠳᠠ ᠪᠢ ᠂ ᠮᠢᠨᠤ ᠳᠤᠮᠳᠠ ᠴᠢ ᠂ ᠬᠡᠨ ᠨᠢ ᠬᠡᠨ ᠡᠴᠡ ᠰᠠᠯᠵᠤ ᠳᠡᠢᠯᠬᠦ ᠦᠬᠡᠢ ᠳᠤᠮᠳᠠᠳᠤ ᠶᠢᠨ ᠦᠨᠳᠦᠰᠦᠲᠡᠨ ᠦ ᠬᠤᠪᠢ ᠵᠠᠶᠠᠭ᠎ᠠ ᠨᠢᠬᠡ ᠴᠤᠭᠴᠠ ᠶᠢ ᠪᠠᠢᠭᠤᠯᠤᠭᠰᠠᠨ ᠪᠠᠢᠨ᠎ᠠ ᠃ ᠳᠤᠮᠳᠠᠳᠤ ᠶᠢᠨ ᠦᠨᠳᠦᠰᠦᠲᠡᠨ ᠦ ᠠᠭᠤᠤ ᠶᠡᠬᠡ ᠰᠡᠷᠭᠦᠨ ᠮᠠᠨᠳᠤᠯᠲᠠ ᠶᠢᠨ ᠳᠤᠮᠳᠠᠳᠤ ᠶᠢᠨ ᠬᠦᠰᠡᠯᠡᠩ ᠢ ᠪᠡᠶᠡᠯᠡᠬᠦᠯᠬᠦ ᠪᠤᠯ ᠡᠯ᠎ᠠ ᠦᠨᠳᠦᠰᠦᠲᠡᠨ ᠦ ᠬᠠᠮᠳᠤ ᠶᠢᠨ ᠬᠦᠰᠡᠯᠡᠩ ᠂ ᠪᠠᠰᠠᠴᠤ ᠡᠯ᠎ᠠ ᠦᠨᠳᠦᠰᠦᠲᠡᠨ ᠦ ᠦᠪᠡᠷ ᠦᠨ ᠬᠦᠰᠡᠯᠡᠩ ᠮᠦᠨ ᠃ ᠳᠤᠮᠳᠠᠳᠤ ᠶᠢᠨ ᠦᠨᠳᠦᠰᠦᠲᠡᠨ ᠨᠢᠬᠡ ᠭᠡᠷ ᠦᠨ ᠂ ᠰᠡᠳᠬᠢᠯ ᠨᠢᠬᠡᠳᠦᠨ ᠳᠤᠮᠳᠠᠳᠤ ᠶᠢᠨ ᠬᠦᠰᠡᠯᠡᠩ ᠢ ᠪᠡᠶᠡᠯᠡᠬᠦᠯᠦᠨ᠎ᠠ ᠃ ᠡᠯ᠎ᠠ ᠦᠨᠳᠦᠰᠦᠲᠡᠨ ᠦ ᠶᠡᠬᠡ ᠪᠦᠯᠬᠦᠮᠳᠡᠯ ᠦᠨ ᠬᠦᠴᠦᠨ ᠪᠤᠯ ᠡᠯ᠎ᠠ ᠵᠦᠢᠯ ᠦᠨ ᠬᠦᠴᠢᠷᠳᠡᠯ ᠢ ᠠᠷᠭᠠᠴᠠᠬᠤ ᠂ ᠠᠶᠤᠯ ᠲᠦᠭᠰᠢᠭᠦᠷᠢ ᠶᠢ ᠢᠯᠠᠨ ᠳᠠᠪᠠᠬᠤ ᠰᠢᠢᠳᠪᠦᠷᠢᠯᠡᠭᠴᠢ ᠬᠦᠴᠦᠨ ᠮᠦᠨ ᠃ ᠪᠢᠳᠡ ᠨᠢᠭᠳᠠᠷᠠᠨ ᠪᠦᠯᠬᠦᠮᠳᠡᠵᠦ ᠂ ᠳᠠᠭᠤᠷᠠᠪᠠᠯ ᠳᠠᠭᠤ ᠨᠢᠬᠡᠲᠡᠢ ᠂ ᠬᠠᠮᠳᠤ ᠶᠢᠨ ᠬᠦᠰᠡᠯᠡᠩ ᠢ ᠪᠡᠶᠡᠯᠡᠬᠦᠯᠬᠦ ᠶᠢᠨ ᠲᠦᠯᠦᠭᠡ ᠳᠡᠮᠡᠴᠡᠵᠦ ᠂ ᠬᠦᠰᠡᠯᠡᠩ ᠢᠶᠡᠨ ᠪᠡᠶᠡᠯᠡᠬᠦᠯᠬᠦ ᠬᠦᠴᠦᠨ ᠬᠢᠵᠠᠭᠠᠷᠯᠠᠰᠢ ᠦᠭᠡᠢ ᠬᠦᠴᠦᠷᠭᠡᠭ ᠂ ᠪᠢᠳᠡ ᠬᠦᠮᠦᠨ ᠪᠦᠷᠢ ᠶᠢᠨ ᠦᠪᠡᠷ ᠦᠨ ᠬᠦᠰᠡᠯᠡᠩ ᠢᠶᠡᠨ ᠪᠡᠶᠡᠯᠡᠬᠦᠯᠬᠦ ᠶᠢᠨ ᠲᠦᠯᠦᠭᠡ ᠴᠢᠷᠮᠠᠢᠯᠲᠠ ᠨᠢ ᠠᠭᠤᠵᠢᠮ ᠤᠷᠤᠨ ᠵᠠᠢ ᠲᠠᠢ ᠶᠤᠮ ᠃ ᠠᠭᠤᠤ ᠶᠡᠬᠡ ᠡᠬᠡ ᠤᠯᠤᠰ ᠪᠠ ᠠᠭᠤᠤ ᠶᠡᠬᠡ ᠴᠠᠭ ᠦᠶ᠎ᠠ ᠳᠤ ᠠᠮᠢᠳᠤᠷᠠᠵᠤ ᠪᠠᠢᠭ᠎ᠠ ᠳᠤᠮᠳᠠᠳᠤ ᠤᠯᠤᠰ ᠤᠨ ᠠᠷᠠᠳ ᠲᠦᠮᠡᠨ ᠂ ᠬᠦᠮᠦᠨ ᠦ ᠠᠮᠢᠳᠤᠷᠠᠯ ᠤᠨ ᠭᠡᠷᠡᠯ ᠬᠢᠯᠪᠠᠭ᠎ᠠ ᠪᠠᠨ ᠰᠠᠴᠤᠷᠠᠭᠤᠯᠬᠤ ᠶᠢ ᠬᠠᠮᠳᠤ ᠪᠠᠷ ᠡᠳᠡᠯᠡᠬᠦ ᠲᠤᠬᠢᠶᠠᠯ ᠲᠠᠢ ᠂ ᠬᠦᠰᠡᠯᠡᠩ ᠢᠶᠡᠨ ᠪᠡᠶᠡᠯᠡᠬᠦᠯᠬᠦ  ᠶᠢ ᠬᠠᠳᠤᠪᠠᠷ ᠡᠳᠡᠯᠡᠬᠦ ᠳᠤᠬᠢᠶᠠᠯ ᠲᠠᠢ ᠂ ᠡᠬᠡ ᠤᠯᠤᠰ ᠪᠠ ᠴᠠᠭ ᠦᠶ᠎ᠠ ᠲᠠᠢ ᠬᠠᠮᠳᠤ ᠦᠰᠦᠨ ᠪᠤᠢᠵᠢᠬᠤ ᠪᠤᠯᠤᠨ ᠳᠠᠪᠰᠢᠬᠤ ᠶᠢ ᠬᠠᠮᠳᠤᠪᠡᠷ ᠡᠳᠡᠯᠡᠬᠦ ᠳᠤᠬᠢᠶᠠᠯ ᠲᠠᠢ ᠃ ᠪᠦᠬᠦ ᠤᠯᠤᠰ ᠤᠨ ᠡᠯ᠎ᠠ ᠦᠨᠳᠦᠰᠦᠲᠡᠨ ᠦ ᠠᠷᠠᠳ ᠲᠦᠮᠡᠨ ᠡᠭᠦᠷᠭᠡ ᠪᠡᠨ ᠡᠷᠭᠡᠪᠰᠢ ᠴᠡᠭᠡᠵᠢᠯᠡᠵᠦ ᠂ ᠨᠢᠬᠡ ᠲᠡᠰᠢ ᠪᠤᠳᠤᠯᠬᠢᠯᠠᠵᠤ ᠂ ᠬᠠᠮᠳᠤᠪᠡᠷ ᠴᠢᠷᠮᠠᠢᠵᠤ ᠂ 13᠎ ᠳ᠋ᠦᠩᠰᠢᠭᠤᠷ ᠬᠦᠮᠦᠨ ᠦ ᠤᠶᠤᠨ ᠤᠬᠠᠭᠠᠨ ᠪᠠ ᠬᠦᠴᠦᠨ ᠴᠢᠳᠠᠯ ᠨᠡᠢᠯᠡᠵᠦ ᠢᠯᠠᠭᠳᠠᠰᠢ ᠦᠬᠡᠢ ᠳᠤᠮᠤ ᠬᠦᠴᠦᠨ ᠪᠤᠯᠤᠨ᠎ᠠ ᠃

ᠳᠤᠮᠳᠠᠳᠤ ᠶᠢᠨ ᠦᠨᠳᠦᠰᠦᠲᠡᠨ ᠦ ᠠᠭᠤᠤ ᠶᠡᠬᠡ ᠰᠡᠷᠭᠦᠨ ᠮᠠᠨᠳᠤᠨᠯᠲᠠ ᠶᠢ ᠪᠡᠶᠡᠯᠡᠬᠦᠯᠬᠦ ᠪᠤᠯ ᠤᠯᠤᠰ ᠤᠨ ᠳᠤᠳᠤᠭᠠᠳᠤ ᠭᠠᠳᠠᠭᠠᠳᠤ  ᠶᠢᠨ ᠳᠤᠮᠳᠠᠳᠤ ᠶᠢᠨ ᠦᠬᠢᠳ ᠬᠦᠪᠡᠭᠦᠳ ᠦᠨ ᠬᠠᠮᠳᠤ ᠶᠢᠨ ᠬᠦᠰᠡᠯᠡᠩ ᠮᠦᠨ ᠃ ᠰᠢᠶᠠᠩᠭᠠᠩ ᠂ ᠣᠣᠮᠧᠨ ᠪᠤᠯᠤᠨ ᠡᠬᠡ ᠤᠯᠤᠰ ᠤᠨ ᠳᠤᠳᠤᠭᠠᠳᠤ ᠤᠷᠤᠨ ᠤ ᠬᠤᠪᠢ ᠵᠠᠶᠠᠭ᠎ᠠ ᠨᠢᠭᠲᠠ ᠬᠤᠯᠪᠤᠭ᠎ᠠ ᠲᠠᠢ ᠪᠠᠢᠵᠤ ᠂ ᠳᠤᠮᠳᠠᠳᠤ ᠶᠢᠨ ᠬᠦᠰᠡᠯᠡᠩ ᠢ ᠪᠡᠶᠡᠯᠡᠬᠦᠯᠬᠦ ᠳᠦ ᠰᠢᠶᠠᠩᠭᠠᠩ ᠂ ᠣᠣᠮᠧᠨ ᠪᠤᠯᠤᠨ ᠡᠬᠡ ᠤᠷᠤᠨ ᠤ ᠳᠤᠳᠤᠭᠠᠳᠤ ᠤᠷᠤᠨ ᠳᠠᠪᠠᠭᠤᠯᠢᠭ ᠳᠠᠯ᠎ᠠ ᠪᠠᠷ ᠬᠠᠷᠢᠯᠴᠠᠨ ᠨᠦᠬᠦᠪᠦᠷᠢᠯᠡᠵᠦ ᠬᠠᠮᠳᠤᠪᠡᠷ ᠬᠦᠭᠵᠢᠬᠦ ᠶᠢ ᠱᠠᠭᠠᠷᠳᠠᠨ᠎ᠠ ᠂ ᠰᠢᠶᠠᠩᠭᠠᠩ ᠣᠣᠮᠧᠨ ᠦ ᠠᠬ᠎ᠠ ᠳᠡᠭᠦᠦ ᠨᠠᠷ ᠪᠤᠯᠤᠨ ᠳᠤᠳᠤᠷ ᠭᠠᠵᠠᠷ ᠤᠨ ᠠᠷᠠᠳ ᠲᠦᠮᠡᠨ ᠬᠠᠷᠢᠯᠴᠠᠨ ᠬᠠᠪᠰᠤᠷᠤᠯᠴᠠᠨ ᠬᠠᠷᠭᠠᠯᠵᠠᠵᠤ ᠂ ᠭᠠᠷ ᠬᠤᠯᠪᠤᠨ ᠬᠠᠮᠳᠤᠪᠡᠷ ᠤᠷᠤᠭᠰᠢᠯᠠᠬᠤ ᠶᠢ ᠱᠠᠭᠠᠷᠳᠠᠨ᠎ᠠ ᠃ ᠳᠤᠮᠳᠠᠳᠤ ᠶᠢᠨ ᠬᠦᠰᠡᠯᠡᠩ ᠪᠤᠯᠤᠨ ᠲᠠᠢᠸᠠᠨ ᠤ ᠢᠷᠡᠭᠡᠳᠦᠢ ᠨᠢᠭᠲᠠ ᠬᠤᠯᠪᠤᠭ᠎ᠠ ᠲᠠᠢ ᠂ ᠬᠤᠶᠠᠷ ᠡᠷᠬᠢ ᠶᠢᠨ ᠠᠬ᠎ᠠ ᠳᠡᠭᠦᠦ ᠨᠠᠷ ᠬᠠᠷᠢᠯᠴᠠᠨ ᠬᠠᠷᠭᠠᠯᠵᠠᠨ ᠬᠠᠪᠰᠤᠷᠤᠯᠴᠠᠵᠤ ᠂ ᠨᠠᠮ ᠬᠤᠪᠢᠶᠠᠬᠤ ᠦᠬᠡᠢ ᠂ ᠠᠩᠭᠢ ᠬᠤᠪᠢᠶᠠᠬᠤ ᠦᠬᠡᠢ᠂ ᠱᠠᠰᠢᠨ ᠰᠢᠳᠦᠯᠬᠡ ᠬᠤᠪᠢᠶᠠᠬᠤ ᠦᠬᠡᠢ ᠂ ᠭᠠᠵᠠᠷ ᠤᠷᠤᠨ ᠬᠤᠪᠢᠶᠠᠬᠤ ᠦᠬᠡᠢ ᠂ ᠪᠦᠬᠦᠳᠡ ᠦᠨᠳᠦᠰᠦᠲᠡᠨ ᠦ ᠰᠡᠷᠭᠦᠨ ᠮᠠᠨᠳᠤᠯᠲᠠ ᠶᠢᠨ ᠶᠠᠪᠤᠴᠠ ᠳᠤ ᠤᠷᠤᠯᠴᠠᠨ ᠂ ᠬᠤᠶᠠᠷ ᠡᠷᠬᠢ ᠶᠢᠨ ᠨᠢᠬᠡ ᠭᠡᠷ ᠪᠠᠢᠵᠤ ᠂ ᠳᠤᠮᠳᠠᠳᠤ ᠶᠢᠨ ᠬᠦᠰᠡᠯᠡᠩ ᠢ ᠪᠡᠶᠡᠯᠡᠬᠦᠯᠬᠦ ᠬᠦᠴᠦᠨ ᠢ ᠨᠢᠭᠲᠠᠷᠠᠭᠤᠯᠤᠨ᠎ᠠ ᠃ ᠦᠷᠭᠡᠨ ᠤᠯᠠᠨ ᠭᠠᠳᠠᠭᠠᠳᠤ ᠳᠤ ᠰᠠᠭᠤᠭ᠎ᠠ ᠳᠤᠮᠳᠠᠳᠤ ᠬᠦᠮᠦᠨ ᠴᠢᠩ ᠦᠨᠡᠨᠴᠢ ᠡᠬᠡ ᠤᠷᠤᠨᠴᠢ ᠰᠡᠳᠬᠢᠯᠭᠡ ᠂ ᠬᠦᠴᠦᠷᠭᠡᠭ ᠶᠡᠬᠡ ᠠᠵᠤ ᠠᠬᠤᠢ ᠶᠢᠨ ᠬᠦᠴᠦᠨ ᠂ ᠤᠶᠤᠨ ᠤ ᠡᠬᠢ ᠪᠠᠶᠠᠯᠢᠭ ᠡᠯᠪᠡᠭ ᠂ ᠦᠷᠭᠡᠨ ᠲᠡᠯᠭᠡᠷ ᠬᠤᠳᠠᠯᠳᠤᠭᠠᠨ ᠤ ᠬᠠᠷᠢᠴᠠᠭᠠᠨ ᠤ ᠬᠤᠯᠪᠤᠭ᠎ᠠ ᠲᠠᠢ ᠂ ᠡᠨᠡ ᠨᠢ ᠳᠤᠮᠳᠠᠳᠤ ᠶᠢᠨ ᠬᠦᠰᠡᠯᠡᠩ ᠢ ᠪᠡᠶᠡᠯᠡᠬᠦᠯᠬᠦ ᠴᠢᠬᠤᠯᠠ ᠬᠦᠴᠦᠨ ᠮᠦᠨ ᠃ ᠤᠯᠤᠰ ᠤᠨ ᠳᠤᠳᠤᠭᠠᠳᠤ ᠭᠠᠳᠠᠭᠠᠳᠤ ᠶᠢᠨ ᠦᠬᠢᠳ ᠬᠦᠪᠡᠭᠦᠳ ᠨᠢᠭᠳᠠᠷᠠᠨ ᠪᠦᠯᠬᠦᠮᠳᠡᠵᠦ ᠂ ᠬᠦᠴᠦᠨ ᠴᠢᠳᠠᠯ ᠢᠶᠠᠨ ᠭᠠᠷᠭᠠᠵᠤ ᠂ ᠤᠶᠤᠨ ᠤᠬᠠᠭᠠᠨ ᠢᠶᠠᠨ ᠰᠢᠪᠬᠠᠨ ᠂ ᠪᠦᠯᠬᠦᠮᠳᠡᠨ ᠨᠢᠭᠡᠳᠴᠦ ᠳᠡᠮᠡᠴᠡᠪᠡᠯ ᠳᠤᠮᠳᠠᠳᠤ  ᠶᠢᠨ ᠦᠨᠳᠦᠰᠦᠲᠡᠨ ᠦ ᠬᠦᠭᠵᠢᠯᠲᠡ ᠶᠢᠨ ᠴᠠᠭ ᠦᠶ᠎ᠠ ᠶᠢᠨ ᠬᠠᠭᠤᠳᠠᠰᠤ ᠶᠢ ᠯᠠᠪᠲᠠᠢ ᠪᠢᠴᠢᠭᠯᠡᠵᠦ ᠳᠡᠢᠯᠬᠦ ᠶᠤᠮ ᠃

4.ᠪᠤᠳᠠᠳᠠᠢ ᠬᠢᠪᠡᠯ ᠰᠠᠶᠢ ᠬᠦᠰᠡᠯᠡᠩ ᠢᠶᠡᠨ ᠪᠡᠶᠡᠯᠡᠬᠦᠯᠵᠦ ᠳᠡᠢᠯᠦᠨ᠎ᠠ

ᠳᠤᠮᠳᠠᠳᠤ ᠶᠢᠨ ᠦᠨᠳᠦᠰᠦᠲᠡᠨ ᠦ ᠠᠭᠤᠤ ᠶᠡᠬᠡ ᠰᠡᠷᠭᠦᠨ ᠮᠠᠨᠳᠤᠯᠲᠠ ᠶᠢ ᠪᠡᠶᠡᠯᠡᠬᠦᠯᠬᠦ ᠪᠤᠯ ᠢᠷᠠᠭᠤ ᠠᠯᠳᠠᠷ ᠲᠠᠢ ᠮᠦᠷᠲᠡᠭᠡᠨ ᠬᠦᠴᠢᠷ ᠲᠠᠢ ᠦᠢᠯᠡᠰ ᠮᠦᠨ ᠂ ᠬᠦᠮᠦᠨ ᠪᠦᠷᠢ ᠶᠢᠨ ᠴᠢᠷᠮᠠᠢᠯᠭ᠎ᠠ ᠶᠢ ᠱᠠᠭᠠᠷᠳᠠᠨ᠎ᠠ ᠂ ᠪᠤᠳᠠᠳᠠᠢ ᠬᠢᠬᠦ ᠪᠡᠷ ᠳᠤᠮᠳᠠᠳᠤ ᠶᠢᠨ ᠬᠦᠰᠡᠯᠡᠩ ᠢ ᠡᠷᠭᠦᠨ᠎ᠠ ᠃ ᠰᠢ ᠵᠢᠨ ᠫᠢᠩ ᠶᠡᠷᠦᠩᠬᠡᠢ ᠱᠦᠵᠢ ᠴᠢᠩᠭᠠᠳᠬᠠᠭᠰᠠᠨ ᠨᠢ ᠄ 《ᠢᠷᠡᠭᠡᠳᠦᠢ ᠳᠦ ᠬᠠᠨᠳᠤᠭᠤᠯᠤᠨ ᠂ ᠴᠢᠨᠡᠭᠡᠯᠢᠭ ᠨᠡᠢᠭᠡᠮ ᠢ ᠪᠦᠬᠦ ᠳᠠᠯ᠎ᠠ ᠪᠠᠷ ᠪᠦᠲᠦᠭᠡᠨ ᠪᠠᠢᠭᠤᠯᠬᠤ ᠳᠤ ᠪᠤᠳᠠᠳᠠᠢ ᠬᠢᠬᠦ ᠬᠡᠷᠡᠭᠲᠡᠢ ᠂ ᠤᠳᠤᠬᠢᠴᠢᠯᠠᠯᠲᠠ ᠶᠢ ᠪᠡᠶᠡᠯᠡᠬᠦᠯᠬᠦ ᠳᠦ ᠪᠤᠳᠠᠳᠠᠢ ᠬᠢᠬᠦ ᠬᠡᠷᠡᠭᠲᠡᠢ ᠂ ᠳᠤᠮᠳᠠᠳᠤ ᠶᠢᠨ ᠦᠨᠳᠦᠰᠦᠲᠡᠨ ᠦ ᠠᠭᠤᠤ ᠶᠡᠬᠡ ᠰᠡᠷᠭᠦᠨ ᠮᠠᠨᠳᠤᠯᠲᠠ ᠶᠢ ᠪᠡᠶᠡᠯᠡᠬᠦᠯᠬᠦ ᠳᠦ ᠪᠤᠳᠠᠳᠠᠢ ᠬᠢᠬᠦ ᠬᠡᠷᠡᠭᠲᠡᠢ᠃》

ᠬᠣᠭᠤᠰᠤᠨ ᠶᠠᠷᠢᠪᠠᠯ ᠤᠯᠤᠰ ᠮᠦᠬᠦᠨ ᠂ ᠪᠤᠳᠠᠳᠠᠢ ᠬᠢᠪᠡᠯ ᠤᠯᠤᠰ ᠮᠠᠨᠳᠤᠨ᠎ᠠ ᠃ ᠬᠦᠮᠦᠨ ᠪᠦᠷᠢ ᠬᠦᠰᠡᠯ ᠡᠪᠦᠷᠯᠡᠭᠴᠢ ᠮᠦᠷᠲᠡᠭᠡᠨ ᠪᠤᠳᠠᠳᠠᠢ ᠠᠵᠢᠯᠯᠠᠭᠴᠢ ᠮᠦᠨ ᠂ ᠬᠦᠰᠡᠯᠡᠩ ᠡᠪᠦᠷᠯᠡᠬᠦ ᠮᠦᠷᠲᠡᠭᠡᠨ ᠯᠠᠪᠳᠠᠭᠤᠨ ᠳᠤᠭᠳᠠᠭᠤᠨ ᠂ ᠦᠪᠡᠷ ᠦᠨ ᠤᠴᠢᠷ ᠢᠶᠠᠨ ᠯᠠᠪᠳᠠᠭᠤᠨ ᠬᠢᠵᠦ ᠂ ᠦᠬᠡᠷᠡᠴᠢᠯᠡᠯᠲᠡ ᠬᠢᠬᠦ ᠬᠦᠭᠵᠢᠬᠦᠯᠬᠦ ᠲᠤᠭᠳᠠᠭᠤᠨ ᠪᠠᠢᠯᠭᠠᠬᠤ ᠡᠭᠦᠷᠭᠡ ᠶᠢ ᠰᠠᠢᠳᠤᠷ ᠨᠠᠢᠳᠠᠪᠤᠷᠢᠵᠢᠭᠤᠯᠵᠤ ᠂ ᠨᠢᠬᠡ ᠨᠢᠬᠡ ᠠᠯᠬᠤᠮ ᠢᠶᠠᠷ ᠬᠦᠰᠡᠯᠡᠩ ᠦᠬᠡᠲᠡ ᠡᠷᠡᠯᠬᠡᠯᠡᠨ ᠤᠷᠤᠭᠰᠢᠯᠠᠨ᠎ᠠ ᠃ ᠵᠦᠪᠬᠡᠨ ᠴᠠᠭᠠᠰᠤᠨ ᠳᠡᠭᠡᠷ᠎ᠠ ᠴᠡᠷᠢᠭ ᠵᠢᠭᠰᠠᠭᠠᠵᠤ ᠪᠤᠳᠠᠳᠠᠢ ᠬᠢᠬᠦ ᠦᠬᠡᠢ ᠪᠤᠯ ᠶᠠᠮᠠᠷ ᠠᠤᠭ᠎ᠠ ᠶᠡᠬᠡ ᠵᠢᠷᠤᠭ ᠲᠦᠰᠦᠪ ᠭᠡᠰᠡᠨ ᠴᠦᠮ ᠬᠦᠰᠡᠷᠳᠡᠬᠦ ᠶᠤᠮ ᠂ ᠶᠠᠮᠠᠷ ᠰᠠᠢᠬᠠᠨ ᠬᠦᠰᠡᠯᠡᠩ ᠭᠡᠰᠡᠨ ᠪᠦᠷ ᠦᠨᠡᠨ ᠪᠤᠯᠵᠤ ᠳᠡᠢᠯᠬᠦ ᠦᠭᠡᠢ ᠶᠤᠮ ᠃ ᠪᠦᠬᠦ ᠨᠡᠢᠭᠡᠮ ᠳᠦ ᠪᠤᠳᠠᠳᠠᠢ ᠬᠢᠬᠦ ᠶᠢ ᠶᠡᠬᠡ ᠬᠦᠴᠦᠨ ᠢᠶᠡᠷ ᠤᠷᠢᠶᠠᠯᠠᠵᠤ ᠂ ᠴᠢᠷᠮᠠᠢᠨ ᠠᠵᠢᠯᠯᠠᠬᠤ ᠰᠠᠢᠨ ᠰᠤᠷᠳᠠᠯ ᠢ ᠤᠷᠢᠶᠠᠯᠠᠵᠤ ᠂ ᠤᠨᠴᠠᠭᠠᠢᠯᠠᠨ ᠡᠯ᠎ᠠ ᠱᠠᠳᠤᠨ ᠤ ᠤᠳᠤᠷᠢᠳᠤᠯᠭ᠎ᠠ ᠳᠠᠭᠠᠭᠤᠯᠤᠨ ᠪᠤᠳᠠᠳᠠᠢ ᠬᠢᠬᠦ ᠵᠤᠷᠢᠭ ᠰᠠᠨᠠᠭ᠎ᠠ ᠶᠢ ᠤᠷᠢᠶᠠᠯᠠᠨ ᠂ ᠪᠤᠳᠠᠳᠠᠢ ᠪᠤᠳᠤᠯᠭ᠎ᠠ ᠭᠠᠷᠭᠠᠵᠤ ᠂ ᠪᠤᠳᠠᠳᠠᠢ ᠵᠤᠷᠢᠭᠵᠢᠭᠤᠯᠤᠨ ᠂ ᠪᠤᠳᠠᠳᠠᠢ ᠶᠠᠪᠤᠳᠠᠯ ᠬᠢᠵᠦ ᠂ ᠬᠤᠭᠤᠰᠤᠨ ᠨᠡᠷ᠎ᠠ ᠳᠤ ᠳᠤᠷᠠᠯᠠᠬᠤ ᠦᠬᠡᠢ ᠂ ᠬᠤᠭᠤᠰᠤᠨ ᠭᠠᠪᠢᠶ᠎ᠠ ᠳᠤ ᠳᠤᠷᠠᠯᠠᠬᠤ ᠦᠬᠡᠢ ᠂ ᠪᠡᠶ᠎ᠠ ᠪᠠᠷ ᠢᠶᠠᠨ ᠬᠡᠪ ᠳᠠᠭᠤᠷᠢᠶᠠᠯ ᠪᠤᠯᠤᠨ ᠤᠯᠠᠨ ᠲᠦᠮᠡᠨ ᠢ ᠳᠠᠭᠠᠭᠤᠯᠤᠨ ᠡᠯ᠎ᠠ ᠵᠦᠢᠯ ᠦᠨ ᠠᠵᠢᠯ ᠢ ᠪᠤᠳᠠᠳᠠᠢ ᠬᠢᠬᠦ ᠬᠡᠷᠡᠭᠲᠡᠢ ᠃

《ᠡᠷᠳᠡᠨᠢ ᠶᠢᠨ ᠰᠡᠯᠡᠮ᠎ᠠ ᠶᠢᠨ ᠢᠷ ᠤᠯᠠᠨᠳᠠ ᠳᠠᠪᠳᠠᠯᠲᠠ ᠠᠴᠠ ᠪᠤᠢ ᠪᠤᠯᠵᠤ ᠂ ᠲᠡᠷᠢᠭᠦᠯᠡᠭᠴᠢ ᠴᠡᠴᠡᠭ ᠦᠨ ᠰᠠᠢᠬᠠᠨ ᠦᠨᠦᠷ ᠬᠦᠢᠳᠡᠨ ᠡᠪᠦᠯ ᠳᠦ ᠠᠩᠬᠢᠯᠤᠳᠠᠭ》᠃ ᠮᠠᠨ ᠤ ᠤᠯᠤᠰ ᠂ ᠮᠠᠨ ᠤ ᠦᠨᠳᠦᠰᠦᠲᠡᠨ ᠂ ᠶᠠᠳᠠᠭᠤ ᠪᠠᠭᠤᠷᠠᠢ ᠠᠴᠠ ᠨᠢᠭᠡ ᠨᠢᠭᠡ ᠠᠯᠬᠤᠮ ᠢᠶᠠᠷ ᠤᠳᠤ ᠶᠢᠨ ᠬᠦᠭᠵᠢᠨ ᠴᠡᠴᠡᠭᠯᠡᠯᠲᠡ ᠳᠦ ᠬᠦᠷᠦᠭᠰᠡᠨ ᠨᠢ ᠦᠶ᠎ᠠ  ᠦᠶ᠎ᠠ ᠶᠢᠨ ᠬᠠᠳᠠᠭᠤᠵᠢᠯᠲᠠᠢ ᠳᠡᠮᠡᠴᠡᠭᠰᠡᠨ ᠦ ᠰᠠᠢᠨ ᠪᠠᠢᠵᠤ ᠂ ᠳᠤᠮᠳᠠᠳᠤ ᠶᠢᠨ ᠦᠨᠳᠦᠰᠦᠲᠡᠨ ᠦ ᠨᠤᠭᠤᠷᠠᠰᠢ ᠦᠭᠡᠢ ᠵᠤᠷᠢᠭ ᠰᠠᠨᠠᠭ᠎ᠠ ᠲᠠᠢ ᠨᠢᠭᠲᠠ ᠬᠤᠯᠪᠤᠭ᠎ᠠ ᠲᠠᠢ ᠶᠤᠮ ᠃ ᠤᠳᠤᠬᠠᠨ ᠳᠤ ᠂ ᠮᠠᠨ ᠤ ᠤᠯᠤᠰ ᠨᠢ ᠨᠡᠢᠭᠡᠮ ᠵᠢᠷᠦᠮ ᠦᠨ ᠠᠩᠬᠠᠨ ᠤ ᠱᠠᠳᠤᠨ ᠳᠤ ᠤᠷᠤᠰᠢᠵᠤ ᠪᠠᠢᠬᠤ ᠮᠦᠷᠲᠡᠭᠡᠨ ᠤᠷᠳᠤ ᠬᠤᠭᠤᠴᠠᠭ᠎ᠠ ᠪᠠᠷ ᠤᠷᠤᠰᠢᠬᠤ ᠦᠨᠳᠦᠰᠦᠨ ᠪᠠᠢᠳᠠᠯ ᠨᠢ ᠬᠤᠪᠢᠷᠠᠬᠤ ᠦᠬᠡᠢ ᠂ ᠠᠷᠠᠳ ᠲᠦᠮᠡᠨ ᠦ ᠪᠤᠳᠠᠰ ᠤᠨ ᠪᠤᠯᠪᠠᠰᠤᠨ ᠤ ᠱᠠᠭᠠᠷᠳᠠᠯᠭ᠎ᠠ ᠡᠳᠦᠷ ᠳᠤᠳᠤᠮ ᠨᠡᠮᠡᠭᠳᠡᠬᠦ ᠨᠢ ᠬᠤᠴᠤᠷᠠᠩᠭᠤᠢ ᠨᠡᠢᠭᠡᠮ ᠦᠨ ᠦᠢᠯᠡᠳᠪᠦᠷᠢᠯᠡᠯ ᠬᠤᠭᠤᠷᠤᠨᠳᠤᠬᠢ ᠵᠦᠷᠢᠴᠡᠯ ᠪᠤᠯ ᠨᠡᠢᠭᠡᠮ ᠦᠨ ᠭᠤᠤᠯ ᠵᠦᠷᠢᠴᠡᠯ ᠬᠡᠬᠦ ᠪᠠᠢᠳᠠᠯ ᠨᠢ ᠬᠤᠪᠢᠷᠠᠭᠰᠠᠨ ᠦᠭᠡᠢ ᠂ ᠮᠠᠨ ᠤ ᠤᠯᠤᠰ ᠪᠤᠯ ᠳᠡᠯᠡᠬᠡᠢ ᠳᠡᠭᠡᠷᠡᠬᠢ ᠬᠠᠮᠤᠭ ᠶᠡᠬᠡ ᠬᠦᠭᠵᠢᠵᠦ ᠪᠠᠢᠭ᠎ᠠ ᠤᠯᠤᠰ ᠭᠡᠰᠡᠨ ᠳᠡᠯᠡᠬᠡᠢ ᠳᠡᠭᠡᠷᠡᠬᠢ ᠪᠠᠢᠷᠢ ᠰᠠᠭᠤᠷᠢ ᠬᠤᠪᠢᠷᠠᠭᠰᠠᠨ ᠦᠭᠡᠢ ᠂ ᠤᠷᠤᠭᠰᠢᠯᠠᠬᠤ ᠵᠠᠮ ᠳᠤᠮᠳᠠ ᠮᠠᠰᠢ ᠤᠯᠠᠨ ᠵᠢᠱᠢᠵᠦ ᠳᠡᠢᠯᠬᠦ ᠦᠭᠡᠢ ᠠᠰᠠᠭᠤᠳᠠᠯ ᠪᠠ ᠬᠦᠴᠢᠷᠳᠡᠯ ᠳᠤᠯᠭᠠᠷᠠᠬᠤ ᠶᠤᠮ ᠃ ᠡᠷᠬᠡᠪᠰᠢ ᠲᠦᠪᠰᠢᠨ ᠴᠠᠭ ᠲᠤ ᠲᠦᠭᠰᠢᠭᠦᠷᠢ ᠶᠢ ᠰᠠᠨᠠᠭᠠᠰᠢᠷᠠᠵᠤ ᠂ ᠳᠡᠰᠪᠤᠷᠢ ᠬᠠᠳᠠᠭᠤᠵᠢᠯᠲᠠᠢ ᠳᠡᠮᠡᠴᠡᠵᠦ ᠂ ᠬᠡᠵᠢᠶᠡᠳᠡ ᠨᠢᠭᠡ ᠬᠦᠴᠦᠨ ᠂ ᠬᠤᠪᠢᠰᠬᠠᠯᠴᠢ ᠬᠠᠯᠠᠭᠤᠨ ᠰᠡᠳᠬᠢᠯ ᠂ ᠳᠡᠮᠡᠴᠡᠬᠦ ᠵᠤᠷᠢᠭ ᠰᠠᠨᠠᠭ᠎ᠠ ᠶᠢ ᠪᠠᠷᠢᠮᠳᠠᠯᠠᠵᠤ ᠂ ᠬᠦᠴᠢᠷ ᠪᠡᠷᠬᠡ ᠶᠢ ᠢᠯᠠᠨ ᠳᠠᠪᠠᠵᠤ ᠂ ᠵᠤᠷᠢᠭᠲᠠᠢ ᠤᠷᠤᠭᠰᠢᠯᠠᠬᠤ ᠬᠡᠷᠡᠭᠲᠡᠢ ᠃

ᠳᠤᠮᠳᠠᠳᠤ ᠶᠢᠨ ᠬᠦᠰᠡᠯᠡᠩ ᠢ ᠪᠡᠶᠡᠯᠡᠬᠦᠯᠬᠦ ᠳᠦ ᠡᠴᠦᠰ ᠲᠡᠭᠡᠨ ᠪᠦᠬᠦ ᠠᠷᠠᠳ ᠲᠦᠮᠡᠨ ᠦ ᠰᠢᠷᠭᠠᠭᠤ ᠬᠦᠳᠡᠯᠮᠦᠷᠢ ᠶᠢ ᠲᠦᠰᠢᠨ᠎ᠠ᠃ 《ᠦᠢᠯᠡᠰ ᠪᠦᠲᠦᠭᠡᠬᠦ ᠳᠦ ᠢᠳᠡᠬᠡᠯ ᠵᠤᠷᠢᠭ ᠢ ᠡᠷᠬᠢᠮᠯᠡᠵᠦ᠂ ᠳᠡᠯᠭᠡᠷ ᠠᠮᠵᠢᠯᠲᠠ ᠤᠯᠬᠤ ᠳᠤ ᠬᠦᠳᠡᠯᠮᠦᠷᠢ ᠶᠢ ᠳᠦᠰᠢᠳᠡᠭ》᠃ ᠬᠦᠳᠡᠯᠮᠦᠷᠢ ᠪᠤᠯ ᠡᠳ᠋ ᠪᠠᠶᠠᠯᠢᠭ ᠤᠨ ᠡᠬᠢ ᠮᠦᠨ ᠂ ᠮᠦᠨᠴᠦ ᠵᠤ ᠵᠢᠷᠭᠠᠯ ᠤᠨ ᠡᠬᠢ ᠮᠦᠨ ᠃ ᠬᠦᠮᠦᠨ ᠦ ᠶᠢᠷᠲᠢᠨᠴᠦ ᠶᠢᠨ ᠰᠠᠢᠨ ᠰᠠᠢᠬᠠᠨ ᠬᠦᠰᠡᠯᠡᠩ ᠨᠢ ᠭᠠᠭᠴᠠ ᠬᠦ ᠦᠨᠡᠨᠴᠢ ᠰᠢᠳᠤᠷᠭᠤ ᠬᠦᠳᠡᠯᠮᠦᠷᠢ ᠪᠡᠷ ᠳᠠᠮᠵᠢᠵᠤ ᠪᠡᠶᠡᠯᠡᠬᠦᠯᠳᠡᠭ ᠃ ᠬᠦᠭᠵᠢᠯᠲᠡ ᠶᠢᠨ ᠳᠤᠮᠳᠠᠬᠢ ᠡᠯ᠎ᠠ ᠲᠦᠷᠦᠯ ᠦᠨ ᠬᠦᠴᠢᠷᠳᠡᠯ ᠢ ᠵᠦᠪᠬᠡᠨ ᠦᠨᠡᠨᠴᠢ ᠰᠢᠳᠤᠷᠭᠤ ᠬᠦᠳᠡᠯᠮᠦᠷᠢ ᠪᠡᠷ ᠰᠠᠶᠢ ᠰᠢᠢᠳᠪᠦᠷᠢᠯᠡᠵᠦ ᠳᠡᠢᠯᠦᠳᠡᠭ ᠃ ᠠᠮᠢ ᠨᠠᠰᠤᠨ ᠤ ᠳᠤᠮᠳᠠᠬᠢ ᠠᠯᠢᠪᠠ ᠬᠡᠷᠡᠯ ᠰᠠᠴᠠᠷᠠᠩᠭᠤᠢ ᠶᠢ ᠵᠦᠪᠬᠡᠨ ᠦᠨᠡᠨᠴᠢ ᠰᠢᠳᠤᠷᠭᠤ ᠬᠦᠳᠡᠯᠮᠦᠷᠢ ᠪᠡᠷ ᠤᠯᠵᠤ ᠳᠡᠢᠯᠦᠳᠡᠭ ᠃ ᠬᠦᠳᠡᠯᠮᠦᠷᠢ ᠨᠢ ᠳᠤᠮᠳᠠᠳᠤ ᠶᠢᠨ ᠦᠨᠳᠡᠰᠦᠲᠡᠨ ᠢ ᠡᠭᠦᠳᠴᠦ ᠂ ᠳᠤᠮᠳᠠᠳᠤ ᠶᠢᠨ ᠦᠨᠳᠦᠰᠦᠲᠡᠨ ᠦ ᠭᠡᠷᠡᠯ ᠰᠠᠴᠠᠷᠠᠩᠭᠤᠢ ᠲᠡᠥᠬᠡ ᠶᠢ ᠪᠤᠢ ᠪᠤᠯᠭᠠᠵᠤ ᠂ ᠮᠦᠨᠴᠦ ᠳᠤᠮᠳᠠᠳᠤ ᠶᠢᠨ ᠦᠨᠳᠦᠰᠦᠲᠡᠨ ᠦ ᠬᠡᠷᠡᠯ ᠬᠢᠯᠪᠠᠭᠠᠲᠤ ᠢᠷᠡᠭᠡᠳᠦᠢ ᠶᠢ ᠪᠤᠢ ᠪᠤᠯᠭᠠᠵᠤ ᠲᠡᠢᠯᠬᠦ ᠶᠤᠮ ᠃ ᠬᠦᠳᠡᠯᠮᠦᠷᠢ ᠬᠠᠮᠤᠭ ᠢᠷᠠᠭᠤ ᠠᠯᠳᠠᠷ ᠲᠠᠢ ᠂ ᠬᠦᠳᠡᠯᠮᠦᠷᠢ ᠬᠠᠮᠤᠭ ᠡᠷᠬᠢᠮ ᠳᠡᠭᠡᠳᠦ ᠂ ᠬᠦᠳᠡᠯᠮᠦᠷᠢ ᠬᠠᠮᠤᠭ ᠠᠭᠤᠤ ᠶᠡᠬᠡ ᠂ ᠬᠦᠳᠡᠯᠮᠦᠷᠢ ᠬᠠᠮᠤᠭ ᠦᠵᠡᠰᠭᠦᠯᠡᠩ ᠭᠡᠰᠡᠨ ᠦᠵᠡᠯᠲᠡ ᠶᠢ ᠪᠤᠢ ᠪᠤᠯᠭᠠᠵᠤ ᠂ ᠪᠦᠬᠦ ᠠᠷᠠᠳ ᠲᠦᠮᠡᠨ  ᠢ ᠤᠯᠠᠮ ᠨᠢᠬᠡ ᠠᠯᠬᠤᠮ ᠬᠦᠳᠡᠯᠮᠦᠷᠢᠯᠡᠬᠦ ᠬᠠᠯᠠᠭᠤᠨ ᠰᠡᠳᠬᠢᠯᠭᠡ ᠶᠢ ᠤᠷᠠᠮᠰᠢᠭᠤᠯᠵᠤ ᠂ ᠡᠭᠦᠳᠦᠨ ᠪᠦᠲᠦᠭᠡᠬᠦ ᠳᠠᠯᠳᠠ ᠴᠢᠳᠠᠪᠤᠷᠢ ᠶᠢ ᠪᠠᠳᠠᠷᠠᠭᠤᠯᠵᠤ᠂ ᠰᠢᠷᠭᠠᠭᠤ ᠬᠦᠳᠡᠯᠮᠦᠷᠢ ᠂ ᠦᠨᠡᠨᠴᠢ ᠰᠢᠳᠤᠷᠭᠤ ᠬᠦᠳᠡᠯᠮᠦᠷᠢ ᠂ ᠡᠭᠦᠳᠦᠨ ᠪᠦᠲᠦᠭᠡᠯᠲᠡ ᠶᠢᠨ ᠬᠦᠳᠡᠯᠮᠦᠷᠢ ᠳᠦ ᠳᠦᠰᠢᠵᠦ ᠨᠡᠩ ᠰᠠᠢᠨ ᠠᠮᠢᠳᠤᠷᠠᠯ ᠢ ᠪᠤᠢ ᠪᠤᠯᠭᠠᠨ᠎ᠠ ᠃

ᠳᠤᠮᠳᠠᠳᠤ ᠶᠢᠨ ᠬᠦᠰᠡᠯᠡᠩ ᠢ ᠪᠡᠶᠡᠯᠡᠬᠦᠯᠬᠦ ᠬᠦᠨᠳᠦ ᠮᠦᠷᠲᠡᠭᠡᠨ ᠵᠠᠮ ᠬᠤᠯᠠ ᠂ ᠰᠢᠨᠳᠠᠷᠠᠰᠢ ᠦᠭᠡᠢ ᠴᠢᠷᠮᠠᠢᠯᠲᠠ  ᠳᠤ ᠳᠦᠰᠢᠭᠯᠡᠨ᠎ᠠ ᠃ ᠵᠠᠮ ᠬᠡᠵᠢᠶᠡᠳᠡ ᠳᠡᠭᠰᠢ ᠪᠠᠢᠳᠠᠭ ᠦᠭᠡᠢ ᠂ ᠵᠢᠷᠤᠭ ᠲᠦᠰᠦᠪ ᠨᠢᠬᠡᠯᠡ ᠵᠢᠷᠤᠭᠰᠠᠭᠠᠷ ᠪᠦᠳᠦᠳᠡᠭ ᠪᠢᠰᠢ ᠂ ᠬᠦᠰᠡᠯᠡᠩ ᠤᠬᠤᠷ ᠬᠤᠭᠤᠴᠠᠭᠠᠨ ᠳᠤ ᠪᠡᠶᠡᠯᠡᠭᠳᠡᠬᠦ ᠦᠭᠡᠢ ᠶᠤᠮ ᠃ ᠪᠢᠳᠡ ᠨᠢᠭᠡᠨᠲᠡ ᠭᠡᠷᠡᠯ ᠰᠠᠴᠤᠷᠠᠩᠭᠤᠢ ᠠᠮᠵᠢᠯᠲᠠ ᠤᠯᠤᠭᠰᠠᠨ ᠪᠠᠢᠨ᠎ᠠ ᠂ ᠬᠦᠰᠡᠯᠡᠩ ᠲᠠᠢ ᠬᠠᠮᠤᠭ ᠤᠢᠷᠠᠯᠴᠠᠭ᠎ᠠ ᠪᠠᠢᠨ᠎ᠠ ᠃ ᠡᠭᠦᠨ ᠦ ᠬᠠᠮᠳᠤ᠂ ᠮᠢᠩᠭᠠᠨ ᠭᠠᠵᠠᠷ ᠠᠯᠬᠤᠭᠰᠠᠳ ᠤᠨ ᠬᠠᠭᠠᠰ ᠨᠢ ᠪᠦᠷ ᠲᠤᠷᠭᠤᠨ ᠬᠠᠶᠠᠳᠠᠭ ᠭᠡᠳᠡᠭ ᠢᠶᠡᠷ ᠳᠤᠮᠳᠠᠳᠤ ᠶᠢᠨ ᠦᠨᠳᠦᠰᠦᠲᠡᠨ ᠦ ᠠᠭᠤᠤ ᠶᠡᠬᠡ ᠰᠡᠷᠭᠦᠨ ᠮᠠᠨᠳᠤᠯᠲᠠ ᠶᠢᠨ ᠬᠠᠷᠠᠯᠲᠠ ᠲᠠᠢ ᠭᠡᠳᠦᠢ ᠤᠢᠷᠠᠯᠴᠠᠭ᠎ᠠ ᠪᠤᠯᠬᠤ ᠳᠤᠳᠤᠮ ᠪᠢᠳᠡ ᠤᠯᠠᠮ ᠰᠢᠨᠲᠠᠷᠠᠵᠤ ᠪᠤᠯᠬᠤ ᠤᠯᠠᠮ ᠴᠢᠷᠮᠠᠢᠬᠤ ᠬᠡᠷᠡᠭᠲᠡᠢ ᠶᠢ ᠤᠯᠵᠤ ᠬᠠᠷᠠᠬᠤ ᠬᠡᠷᠡᠭᠲᠡᠢ ᠃ ᠦᠶ᠎ᠠ ᠦᠶ᠎ᠠ ᠶᠢᠨ ᠳᠤᠮᠳᠠᠳᠤ ᠤᠯᠤᠰ ᠤᠨ ᠬᠦᠮᠦᠨ ᠰᠡᠳᠬᠢᠯ ᠬᠦᠴᠦᠨ ᠢᠶᠡᠨ ᠨᠢᠭᠳᠠᠷᠠᠭᠤᠯᠤᠨ ᠂ ᠳᠠᠰᠤᠷᠠᠯᠲᠠ ᠦᠭᠡᠢ ᠬᠦᠭᠡᠴᠡᠯᠳᠦᠵᠤ ᠂ ᠴᠢᠷᠮᠠᠢᠨ ᠳᠡᠮᠡᠴᠡᠪᠡᠯ ᠂ ᠪᠢᠳᠡ ᠯᠠᠪᠳᠠᠢ ᠳᠤᠮᠳᠠᠳᠤ ᠶᠢᠨ ᠦᠨᠳᠦᠰᠦᠲᠡᠨ ᠦ ᠠᠭᠤᠤ ᠶᠡᠬᠡ ᠬᠦᠰᠡᠯᠡᠩ ᠳᠦ ᠬᠦᠷᠴᠦ ᠲᠡᠢᠯᠬᠦ ᠶᠤᠮ ᠃

5.ᠳᠤᠮᠳᠠᠳᠤ ᠶᠢᠨ ᠬᠦᠰᠡᠯᠡᠩ ᠨᠢ ᠳᠡᠯᠡᠬᠡᠢ ᠶᠢᠨ ᠡᠯ᠎ᠠ ᠠᠷᠠᠳ ᠲᠦᠮᠡᠨ ᠦ ᠰᠠᠢᠨ ᠰᠠᠢᠬᠠᠨ ᠬᠦᠰᠡᠯᠡᠩ ᠲᠠᠢ ᠨᠡᠢᠯᠡᠵᠦ ᠪᠠᠢᠳᠠᠭ 

ᠳᠤᠮᠳᠠᠳᠤ ᠶᠢᠨ ᠬᠦᠰᠡᠯᠡᠩ ᠭᠠᠭᠴᠠ ᠬᠦ ᠤᠯᠤᠰ ᠤᠨ ᠳᠤᠳᠤᠭᠠᠳᠤ ᠳᠤ ᠬᠦᠷᠢᠶᠡᠯᠡᠯ ᠤᠯᠤᠭᠰᠠᠨ ᠪᠢᠰᠢ ᠳᠡᠯᠡᠬᠡᠢ ᠳᠡᠭᠡᠷ᠎ᠠ ᠪᠠᠰᠠ ᠴᠢᠩᠭ᠎ᠠ ᠳᠤᠰᠬᠠᠯ ᠭᠠᠷᠤᠭᠰᠠᠨ ᠪᠠᠢᠨ᠎ᠠ ᠃《ᠳᠤᠮᠳᠠᠳᠤ ᠶᠢᠨ ᠬᠦᠰᠡᠯᠡᠩ ᠨᠢ ᠳᠡᠯᠡᠬᠡᠢ ᠳ᠋ᠠᠬᠢᠨ ᠳᠤ ᠳᠠᠳᠠᠬᠤ ᠬᠦᠴᠦᠨ ᠲᠠᠢ 》᠂ 《ᠳᠤᠮᠳᠠᠳᠤ ᠶᠢᠨ ᠬᠦᠰᠡᠯᠡᠩ ᠨᠢ ᠵᠦᠪᠬᠡᠨ ᠳᠤᠮᠳᠠᠳᠤ ᠤᠯᠤᠰ ᠤᠨ ᠬᠤᠪᠢ ᠵᠠᠶᠠᠭ᠎ᠠ ᠲᠠᠢ ᠬᠤᠯᠪᠤᠭᠳᠠᠬᠤ ᠪᠢᠰᠢ ᠳᠡᠯᠡᠬᠡᠢ ᠶᠢᠨ ᠬᠤᠪᠢ ᠵᠠᠶᠠᠭ᠎ᠠ ᠲᠠᠢ ᠴᠤ ᠬᠤᠯᠪᠤᠭ᠎ᠠ ᠲᠠᠢ ᠶᠤᠮ》᠂ ᠡᠳᠡᠭᠡᠷ ᠨᠢ ᠳᠡᠯᠡᠬᠡᠢ ᠨᠡᠢᠲᠡ ᠡᠴᠡ ᠳᠤᠮᠳᠠᠳᠤ ᠶᠢᠨ ᠬᠦᠰᠡᠯᠡᠩ ᠦᠨ ᠳᠠᠨᠢᠯᠲᠠ ᠶᠢᠨ ᠭᠤᠤᠯ ᠤᠷᠤᠰᠬᠠᠯ ᠪᠤᠯᠵᠤ ᠪᠠᠢᠨ᠎ᠠ ᠃ ᠡᠭᠦᠨ ᠦ ᠬᠠᠮᠳᠤ ᠂ ᠳᠡᠯᠡᠬᠡᠢ ᠨᠡᠢᠲᠡ ᠳᠡᠭᠡᠷ᠎ᠠ ᠪᠠᠰᠠ ᠪᠤᠷᠤᠭᠤ ᠤᠢᠯᠭᠠᠯᠲᠠ ᠰᠡᠵᠢᠭᠯᠡᠯ ᠢᠯᠡᠷᠡᠵᠦ ᠪᠠᠢᠨ᠎ᠠ᠃ ᠳᠤᠮᠳᠠᠳᠤ ᠤᠯᠤᠰ ᠤᠨ ᠤᠯᠠᠮ ᠬᠦᠴᠦᠷᠭᠡᠭ ᠪᠤᠯᠬᠤ ᠪᠠᠢᠳᠠᠯ ᠳᠤ ᠂ ᠵᠠᠷᠢᠮ ᠬᠦᠮᠦᠰ ᠡᠬᠢᠯᠡᠨ ᠰᠠᠨᠠᠭ᠎ᠠ ᠵᠤᠪᠠᠵᠤ ᠂ ᠪᠠᠰᠠ ᠵᠠᠷᠢᠮ ᠨᠢ ᠪᠤᠷᠤᠭᠤ ᠬᠠᠷᠠᠴᠠ ᠳᠤᠮᠳᠠᠳᠤ ᠤᠯᠤᠰ ᠢ ᠬᠠᠷᠠᠵᠤ ᠂ ᠳᠤᠮᠳᠠᠳᠤ ᠤᠯᠤᠰ ᠬᠦᠭᠵᠢᠬᠦ ᠨᠢ ᠯᠠᠪᠲᠠᠢ ᠨᠢᠬᠡ ᠵᠦᠢᠯ ᠦᠨ《ᠰᠦᠷᠳᠡᠭᠦᠯᠦᠯ》᠂ ᠳᠤᠮᠳᠠᠳᠤ ᠶᠢᠨ ᠬᠦᠰᠡᠯᠡᠩ ᠢ《ᠥᠷᠭᠡᠳᠭᠡᠯ ᠦᠨ ᠵᠡᠭᠦᠳᠦ》᠂《ᠡᠵᠡᠷᠭᠡᠭ ᠵᠡᠭᠦᠳᠦ》ᠭᠡᠵᠦ ᠪᠤᠷᠤᠭᠤ ᠤᠢᠯᠭᠠᠵᠤ ᠂ ᠯᠠᠪᠳᠠᠢ《ᠰᠢᠦᠰᠢᠳᠢᠳᠸᠰ ‍ᠣᠨ ᠤᠨᠠᠭᠤᠯᠢ》ᠪᠤᠯᠬᠤ ᠳᠤᠮᠤ ᠤᠯᠤᠰ ᠤᠨ ᠵᠢᠭᠤᠷᠤᠯᠳᠤᠭᠠᠨ ᠮᠦᠷᠭᠦᠯᠳᠦᠭᠡᠨ ᠳᠦ ᠳᠠᠳᠠᠭᠳᠠᠨ ᠤᠷᠤᠨ᠎ᠠ᠂ ᠨᠡᠩ ᠴᠢᠨᠠᠭᠰᠢᠯᠠᠨ ᠳᠤᠮᠳᠠᠳᠤ ᠤᠯᠤᠰ ᠢ ᠭᠧᠲ᠋ᠸ  ᠦᠨ 《ᠹᠠᠦ᠋ᠰᠲ ‍》ᠲᠡᠬᠢ ᠠᠶᠤᠮᠰᠢᠭᠲᠤ《ᠮᠸᠹᠢᠰᠲ᠋ᠣ᠋》᠎ ᠢᠶᠡᠷ ᠲᠦᠷᠰᠦᠯᠡᠡᠭᠰᠡᠨ ᠪᠠᠢᠳᠠᠭ ᠃

ᠳᠤᠮᠳᠠᠳᠤ ᠶᠢᠨ ᠬᠦᠰᠡᠯᠡᠩ ᠪᠤᠯᠤᠨ ᠳᠡᠯᠡᠬᠡᠢ ᠶᠢᠨ ᠪᠤᠰᠤᠳ ᠤᠯᠤᠰ ᠤᠨ ᠠᠷᠠᠳ ᠲᠦᠮᠡᠨ ᠦ ᠬᠦᠰᠡᠯᠡᠩ ᠦᠨ ᠬᠠᠷᠢᠴᠠᠭ᠎ᠠ ᠶᠢ ᠬᠡᠷᠬᠢᠨ ᠦᠵᠡᠬᠦ ᠪᠤᠢ ᠂ ᠳᠤᠮᠳᠠᠳᠤ ᠶᠢᠨ ᠬᠦᠰᠡᠯᠡᠩ ᠳᠡᠯᠡᠬᠡᠢ ᠳ᠋ᠠᠬᠢᠨ ᠳᠤ ᠶᠠᠭᠤ ᠠᠪᠴᠢᠷᠠᠵᠤ ᠦᠭᠳᠡᠭ ᠪᠤᠢ? ᠡᠭᠦᠨ ᠳᠦ ᠬᠠᠨᠳᠤᠭᠤᠯᠤᠨ ᠂ ᠰᠢ ᠵᠢᠨ ᠫᠢᠩ ᠶᠡᠷᠦᠩᠬᠡᠢ ᠱᠦᠵᠢ ᠤᠯᠠᠨᠲᠠ ᠳᠤᠩᠬᠠᠯᠠᠭᠰᠠᠨ ᠨᠢ᠄ ᠳᠤᠮᠳᠠᠳᠤ ᠶᠢᠨ ᠬᠦᠰᠡᠯᠡᠩ ᠪᠤᠯ ᠡᠩᠬᠡ ᠳᠠᠢᠪᠤᠩ ᠂ ᠬᠦᠭᠵᠢᠯᠲᠡ ᠂ ᠬᠠᠮᠳᠤᠷᠤᠯᠴᠠᠭ᠎ᠠ᠂ ᠬᠠᠮᠳᠤᠪᠡᠷ ᠢᠯᠠᠬᠤ ᠬᠦᠰᠡᠯᠡᠩ ᠂ ᠪᠦᠬᠦ ᠳᠡᠯᠡᠬᠡᠢ ᠶᠢᠨ ᠠᠷᠠᠳ ᠲᠦᠮᠡᠨ ᠦ ᠰᠠᠢᠨ ᠰᠠᠢᠬᠠᠨ ᠬᠦᠰᠡᠯᠡᠩ ᠳᠠᠢ ᠨᠢᠭᠲᠠ ᠬᠤᠯᠪᠤᠭ᠎ᠠ ᠲᠠᠢ ᠂ ᠳᠤᠮᠳᠠᠳᠤ ᠤᠯᠤᠰ ᠤᠨ ᠠᠷᠠᠳ ᠲᠦᠮᠡᠨ ᠡᠯ᠎ᠠ ᠤᠯᠤᠰ ᠤᠨ ᠠᠷᠠᠳ ᠲᠦᠮᠡᠨ ᠲᠠᠢ ᠬᠠᠮᠳᠤ ᠦᠪᠡᠷ ᠦᠨ ᠬᠦᠰᠡᠯᠡᠩ ᠢᠶᠡᠨ ᠪᠡᠶᠡᠯᠡᠬᠦᠯᠬᠦ ᠶᠠᠪᠤᠴᠠ ᠳᠤ ᠬᠠᠷᠢᠯᠴᠠᠨ ᠵᠤᠷᠢᠭᠵᠢᠭᠤᠯᠵᠤ ᠬᠠᠷᠢᠯᠴᠠᠨ ᠬᠠᠪᠰᠴᠷᠤᠯᠴᠠᠬᠤ ᠶᠢ ᠵᠦᠪᠰᠢᠶᠡᠷᠡᠨ᠎ᠠ ᠃

ᠳᠤᠮᠳᠠᠳᠤ ᠶᠢᠨ ᠬᠦᠰᠡᠯᠡᠩ ᠪᠤᠯ ᠡᠩᠬᠡ ᠳᠠᠢᠪᠤᠩ ᠬᠦᠰᠡᠯᠡᠩ ᠮᠦᠨ ᠃ ᠳᠤᠮᠳᠠᠳᠤ ᠶᠢᠨ ᠬᠦᠰᠡᠯᠡᠩ ᠳᠦ ᠡᠩᠬᠡ ᠳᠠᠢᠪᠤᠩ ᠴᠢᠬᠤᠯᠠ ᠲᠠᠢ᠂ ᠡᠩᠬᠡ ᠳᠠᠢᠪᠤᠩ ᠪᠤᠯ ᠰᠠᠶᠢ ᠳᠤᠮᠳᠠᠳᠤ ᠶᠢᠨ ᠬᠦᠰᠡᠯᠡᠩ ᠢ ᠪᠡᠶᠡᠯᠡᠬᠦᠯᠵᠦ ᠳᠡᠢᠯᠦᠨ᠎ᠠ ᠃ ᠳᠤᠮᠳᠠᠳᠤ ᠶᠢᠨ ᠦᠨᠳᠦᠰᠦᠲᠡᠨ ᠤᠤᠯ ᠠᠴᠠ  ᠢᠶᠠᠨ ᠡᠩᠬᠡ ᠳᠠᠢᠪᠤᠩ ᠳᠤ ᠳᠤᠷᠠᠳᠠᠢ ᠦᠨᠳᠦᠰᠦᠲᠡᠨ ᠮᠦᠨ ᠂ ᠳᠡᠯᠡᠬᠡᠢ ᠳ᠋ᠠᠬᠢᠨ ᠠᠮᠤᠷ ᠳᠠᠢᠪᠤᠩ ᠂ ᠶᠡᠬᠡ ᠨᠢᠬᠡᠳᠦᠯ ᠢ ᠬᠠᠮᠳᠤᠪᠡᠷ ᠡᠳᠡᠯᠡᠬᠦ ᠪᠤᠯ ᠳᠤᠮᠳᠠᠳᠤ ᠶᠢᠨ ᠦᠨᠳᠦᠰᠦᠲᠡᠨ ᠦ ᠬᠡᠳᠦᠨ ᠮᠢᠩᠭᠠᠨ ᠵᠢᠯ ᠦᠨ ᠳᠤᠷᠰᠢᠬᠢ ᠬᠦᠰᠡᠯᠡᠩ ᠶᠤᠮ ᠃ ᠳᠤᠮᠳᠠᠳᠤ ᠤᠯᠤᠰ  ᠲᠡᠤᠬᠡᠨ ᠳᠡᠭᠡᠷ᠎ᠠ ᠤᠷᠳᠤ ᠬᠤᠭᠤᠴᠠᠭ᠎ᠠ ᠪᠠᠷ ᠬᠠᠮᠤᠭ ᠤᠨ ᠬᠦᠴᠦᠷᠭᠡᠭ ᠤᠯᠤᠰ ᠤᠨ ᠨᠢᠬᠡ ᠪᠠᠢᠵᠤ ᠂ ᠬᠡᠪᠡᠴᠦ ᠪᠤᠰᠤᠳ ᠤᠯᠤᠰ ᠢ ᠺᠣᠯᠣᠨᠢᠴᠢᠯᠠᠭᠰᠠᠨ ᠪᠠ ᠲᠦᠷᠢᠮᠡᠬᠡᠢᠯᠡᠭᠰᠡᠨ ᠳᠡᠮᠳᠡᠭᠯᠡᠯ ᠨᠢᠭᠡᠴᠦ ᠦᠭᠡᠢ ᠪᠠᠢᠳᠠᠭ ᠃ ᠤᠢᠷ᠎ᠠ ᠦᠶ᠎ᠠ ᠶᠢᠨ 100᠎ ᠭᠠᠷᠤᠢ ᠵᠢᠯ ᠳᠦ ᠂ ᠳᠤᠮᠳᠠᠳᠤ ᠤᠯᠤᠰ ᠤᠨ ᠤᠯᠤᠰ ᠤᠨ ᠳᠤᠳᠤᠭᠠᠳᠤ ᠶᠢᠨ ᠳᠠᠢᠨ ᠪᠠ ᠭᠠᠳᠠᠭᠠᠳᠤ ᠶᠢᠨ ᠳᠠᠢᠰᠤᠨ ᠤ ᠲᠦᠷᠢᠮᠡᠬᠡᠢᠯᠡᠯ ᠤᠯᠨ ᠡᠭᠦᠰᠴᠦ ᠂ ᠳᠤᠮᠳᠠᠳᠤ ᠤᠯᠤᠰ ᠤᠨ ᠠᠷᠠᠳ ᠲᠦᠮᠡᠨ ᠳᠠᠢᠨ ᠳᠠᠵᠢᠨ ᠠᠴᠠ ᠪᠤᠯᠤᠭᠰᠠᠨ ᠭᠠᠰᠠᠯᠠᠩ ᠵᠤᠪᠠᠯᠠᠩ  ᠶᠢ ᠡᠭᠦᠷᠢᠳᠡ ᠴᠡᠬᠡᠵᠢᠯᠡᠵᠦ ᠂ ᠡᠩᠬᠡ ᠳᠠᠢᠪᠤᠩ ᠤᠨ ᠲᠦᠯᠦᠭᠡ ᠬᠠᠯᠠᠰᠢᠷᠠᠯ ᠦᠭᠡᠢ ᠴᠢᠷᠮᠠᠢᠵᠤ ᠂ ᠡᠩᠬᠡ ᠳᠠᠢᠪᠤᠩ ᠳᠤᠭᠳᠠᠭᠤᠨ ᠠᠮᠢᠳᠤᠷᠠᠯ ᠢ ᠳᠤᠩ ᠨᠠᠨᠳᠢᠩᠨᠠᠳᠠᠭ ᠃ ᠳᠤᠮᠳᠠᠳᠤ ᠠᠷᠠᠳ ᠲᠦᠮᠡᠨ ᠦᠢᠮᠡᠭᠡᠨ ᠲᠦᠢᠪᠡᠭᠡᠨ ᠡᠴᠡ ᠵᠢᠷᠦᠭᠡᠰᠢᠶᠡᠵᠦ ᠂ ᠳᠤᠭᠳᠠᠭᠤᠨ ᠪᠠᠢᠳᠠᠯ ᠢ ᠡᠷᠬᠢᠮᠯᠡᠨ ᠂ ᠳᠡᠯᠡᠬᠡᠢ ᠳ᠋ᠠᠬᠢᠨ ᠡᠩᠬᠡ ᠲᠠᠢᠪᠤᠩ ᠢ ᠬᠦᠰᠡᠳᠡᠭ ᠃ ᠪᠢᠳᠡ ᠡᠩᠬᠡ ᠳᠠᠢᠪᠤᠩ ᠬᠦᠭᠵᠢᠯᠲᠡ ᠶᠢᠨ ᠵᠠᠮ ᠢ ᠰᠢᠯᠵᠢᠰᠢ ᠦᠭᠡᠢ ᠶᠠᠪᠤᠵᠤ ᠂ ᠡᠩᠬᠡ ᠳᠠᠢᠪᠤᠩ ᠤᠯᠠᠨ ᠤᠯᠤᠰ ᠤᠨ ᠤᠷᠴᠢᠨ ᠲᠤᠭᠤᠷᠢᠨ ᠤ ᠳᠤᠮᠳᠠ ᠦᠪᠡᠷ  ᠢ  ᠪᠡᠨ ᠭᠦᠭᠵᠢᠬᠦᠯᠬᠦ ᠮᠦᠷᠲᠡᠭᠡᠨ ᠦᠪᠡᠷ ᠦᠨ ᠬᠦᠭᠵᠢᠯᠲᠡ ᠪᠡᠷ ᠢᠶᠡᠨ ᠳᠡᠯᠡᠬᠡᠢ ᠳ᠋ᠠᠬᠢᠨ ᠤ ᠡᠩᠬᠡ ᠳᠠᠢᠪᠤᠩ ᠢ ᠠᠬᠢᠭᠤᠯᠤᠨ᠎ᠠ ᠃ ᠰᠢ ᠵᠢᠨ ᠫᠢᠩ ᠶᠡᠷᠦᠩᠬᠡᠢ ᠱᠦᠵᠢ ᠶᠢᠨ ᠵᠢᠭᠠᠵᠤ ᠭᠠᠷᠭᠠᠭᠰᠠᠨ ᠨᠢ ᠄ 《ᠳᠤᠮᠳᠠᠳᠤ ᠤᠯᠤᠰ ᠡᠨᠡᠬᠦ ᠠᠷᠰᠠᠯᠠᠨ ᠨᠢ ᠨᠢᠭᠡᠨᠲᠡ ᠰᠡᠷᠭᠦᠪᠡ ᠂ ᠭᠡᠪᠡᠴᠦ ᠡᠨᠡ ᠨᠢ ᠪᠤᠯ ᠨᠢᠭᠡᠨ ᠡᠩᠬᠡ ᠳᠠᠢᠪᠤᠩ ᠂ ᠬᠦᠭᠡᠷᠦᠬᠦᠨ ᠂ ᠪᠤᠯᠪᠠᠰᠤᠨ ᠠᠷᠰᠠᠯᠠᠨ ᠮᠦᠨ ᠃》ᠬᠠᠷᠢᠭᠤᠴᠠᠯᠭᠠᠲᠤ ᠲᠤᠮᠤ ᠤᠯᠤᠰ ᠪᠤᠭᠰᠠᠨ ᠬᠤᠪᠢ ᠳᠤ ᠂ ᠳᠤᠮᠳᠠᠳᠤ ᠤᠯᠤᠰ ᠶᠠᠭᠠᠬᠢᠭᠰᠠᠨ ᠴᠤ ᠡᠵᠡᠷᠬᠡᠭᠴᠢ ᠪᠤᠯᠬᠤ ᠦᠬᠡᠢ ᠂ ᠶᠠᠭᠠᠬᠢᠭᠰᠠᠨ ᠴᠤ ᠦᠷᠭᠡᠳᠬᠡᠯ ᠶᠠᠪᠤᠭᠤᠯᠬᠤ ᠦᠭᠡᠢ ᠂ ᠳᠤᠮᠳᠠᠳᠤ ᠤᠯᠤᠰ ᠤᠯᠠᠮ ᠬᠦᠭᠵᠢᠪᠡᠯ ᠳᠡᠯᠡᠬᠡᠢ ᠶᠢᠨ ᠡᠩᠬᠡ ᠳᠠᠢᠪᠤᠩ ᠪᠠ ᠬᠦᠭᠵᠢᠯᠲᠡ ᠳᠦ ᠳᠡᠳᠦᠢ ᠳᠤᠰᠠᠲᠠᠢ᠃

ᠳᠤᠮᠳᠠᠳᠤ ᠶᠢᠨ ᠬᠦᠰᠡᠯᠡᠩ ᠵᠦᠪᠬᠡᠨ ᠳᠤᠮᠳᠠᠳᠤ ᠤᠯᠤᠰ ᠤᠨ ᠠᠷᠠᠳ ᠲᠦᠮᠡᠨ ᠳᠦ ᠵᠤᠯ ᠵᠢᠷᠭᠠᠯ ᠠᠪᠴᠢᠷᠠᠬᠤ ᠪᠢᠰᠢ ᠂ ᠡᠯ᠎ᠡ ᠤᠯᠤᠰ ᠤᠨ ᠠᠷᠠᠳ ᠲᠦᠮᠡᠨ ᠦ ᠲᠦᠯᠦᠭᠡ ᠶᠤᠮ ᠃ 《ᠶᠠᠳᠠᠭᠤ ᠦᠶᠡᠰ ᠦᠪᠡᠷ ᠦᠨ ᠪᠡᠶ᠎ᠠ ᠳᠤ ᠪᠠᠨ ᠯᠡ ᠰᠠᠢᠨ ᠪᠠᠢᠵᠤ ᠂ ᠪᠠᠶᠠᠨ ᠪᠤᠯ ᠳᠡᠯᠡᠬᠡᠢ ᠳ᠋ᠠᠬᠢᠨ ᠰᠠᠢᠨ》᠃ ᠡᠨᠡ ᠪᠤᠯ ᠳᠤᠮᠳᠠᠳᠤ ᠶᠢᠨ ᠦᠨᠳᠦᠰᠦᠲᠡᠨ ᠡᠭᠦᠷᠢᠳᠡ ᠡᠷᠬᠢᠮᠯᠡᠳᠡᠭ ᠬᠡᠪ ᠰᠤᠷᠳᠠᠯ ᠪᠠ ᠠᠭᠤᠵᠢᠮ ᠴᠡᠭᠡᠵᠢ ᠮᠦᠨ ᠃ 13᠎ ᠳ᠋ᠦᠩᠰᠢᠭᠤᠷ ᠬᠦᠮᠦᠨ ᠠᠮᠤ ᠳᠠᠢ ᠬᠦᠭᠵᠢᠵᠦ ᠪᠠᠢᠭ᠎ᠠ ᠤᠯᠤᠰ ᠪᠤᠯᠤᠭᠰᠠᠨ ᠬᠤᠪᠢ ᠳᠤ ᠂ ᠳᠤᠮᠳᠠᠳᠤ ᠤᠯᠤᠰ ᠨᠢᠭᠡᠨ ᠰᠡᠳᠬᠢᠯ ᠢᠶᠡᠷ ᠦᠪᠡᠷ ᠦᠨ ᠶᠠᠪᠤᠳᠠᠯ ᠢᠶᠠᠨ ᠰᠠᠢᠳᠤᠷ ᠰᠢᠢᠳᠪᠦᠷᠢᠯᠡᠵᠦ ᠂ ᠤᠯᠤᠰ ᠤᠨ ᠬᠦᠭᠵᠢᠯᠲᠡ ᠪᠠ ᠳᠤᠭᠳᠠᠭᠤᠨ ᠢ ᠪᠡᠶᠡᠯᠡᠬᠦᠯᠬᠦ ᠨᠢ ᠳᠡᠯᠡᠬᠡᠢ ᠳ᠋ᠠᠬᠢᠨ ᠳᠤ ᠶᠡᠬᠡ ᠬᠤᠪᠢ ᠨᠡᠮᠡᠷᠢ ᠦᠵᠡᠭᠦᠯᠦᠭᠰᠡᠨ ᠶᠠᠪᠤᠳᠠᠯ ᠮᠦᠨ ᠃ ᠡᠭᠦᠨ ᠦ ᠬᠠᠮᠳᠤ ᠂ ᠳᠤᠮᠳᠠᠳᠤ ᠤᠯᠤᠰ ᠤᠨ ᠬᠦᠭᠵᠢᠯᠲᠡ ᠨᠢ ᠳᠡᠯᠡᠬᠡᠢ ᠶᠢᠨ ᠡᠯ᠎ᠠ ᠤᠯᠤᠰ ᠤᠨ ᠴᠢᠬᠤᠯᠠ ᠳᠤᠬᠢᠶᠠᠯ ᠮᠦᠨ᠃ ᠳᠤᠮᠳᠠᠳᠤ ᠤᠯᠤᠰ ᠰᠢᠨ᠎ᠠ ᠬᠡᠯᠪᠡᠷᠢ ᠶᠢᠨ ᠠᠵᠦ ᠦᠢᠯᠡᠳᠪᠦᠷᠢ ᠂ ᠰᠤᠷᠠᠭ ᠵᠠᠩᠬᠢᠴᠢᠯᠠᠯᠲᠠ ᠂ ᠬᠤᠳᠠᠴᠢᠯᠠᠯᠲᠠ ᠂ ᠲᠠᠷᠢᠶᠠᠯᠠᠩ ᠤᠨ ᠤᠳᠤᠭᠢᠴᠢᠯᠠᠯᠲᠠ ᠶᠢ ᠠᠬᠢᠭᠤᠯᠵᠤ ᠂ ᠰᠢᠨ᠎ᠠ ᠠᠵᠤ ᠠᠬᠤᠢ ᠶᠢᠨ ᠦᠰᠦᠯᠲᠡ ᠶᠢᠨ ᠴᠡᠭ ᠳᠠᠰᠤᠷᠠᠯᠲᠠ ᠦᠭᠡᠢ ᠢᠯᠡᠷᠡᠵᠦ ᠪᠠᠢᠨ᠎ᠠ ᠃ ᠡᠨᠡ ᠨᠢ ᠤᠯᠠᠨ ᠤᠯᠤᠰ ᠪᠠ ᠭᠠᠵᠠᠷ ᠤᠷᠤᠨ ᠤ ᠨᠠᠢᠵᠠ ᠨᠦᠬᠦᠷ ᠲᠦ ᠨᠡᠩ ᠦᠷᠭᠡᠨ ᠵᠠᠬ᠎ᠠ ᠳᠡᠯᠬᠡᠬᠦᠷ ᠢ ᠬᠠᠩᠭᠠᠵᠤ ᠂ ᠨᠡᠩ ᠬᠦᠢᠴᠡᠳ ᠪᠡᠯᠡ ᠮᠦᠩᠬᠦ ᠶᠢ ᠬᠠᠩᠭᠠᠵᠤ ᠂ ᠨᠡᠩ ᠡᠯᠪᠡᠭ ᠪᠦᠲᠦᠭᠡᠭᠳᠡᠭᠦᠨ ᠢ ᠬᠠᠩᠭᠠᠵᠤ ᠂ ᠨᠡᠩ ᠬᠤᠪᠤᠷ ᠴᠢᠬᠤᠯᠠ ᠬᠠᠮᠳᠤᠷᠠᠬᠤ ᠳᠤᠬᠢᠶᠠᠯ ᠢ ᠬᠠᠩᠭᠠᠨ᠎ᠠ ᠃ ᠡᠨᠡ ᠨᠢ ᠳᠡᠯᠡᠬᠡᠢ ᠶᠢᠨ ᠠᠵᠤ ᠠᠬᠤᠢ ᠶᠢᠨ ᠬᠦᠭᠵᠢᠯᠲᠡ ᠳᠦ ᠴᠢᠬᠤᠯᠠ ᠶᠡᠬᠡ ᠳᠤᠰᠠᠲᠠᠢ ᠶᠤᠮ ᠃ ᠳᠤᠮᠳᠠᠳᠤ ᠤᠯᠤᠰ ᠤᠨ ᠬᠦᠭᠵᠢᠯᠲᠡ ᠪᠤᠯ ᠳᠡᠯᠡᠬᠡᠢ ᠶᠢᠨ ᠡᠨᠬᠡ ᠳᠠᠢᠪᠤᠩ ᠤᠨ ᠬᠦᠴᠦᠨ ᠨᠡᠮᠡᠭᠳᠡᠵᠦ ᠪᠠᠢᠬᠤ ᠪᠤᠯᠤᠨ᠎ᠠ ᠂ ᠨᠦᠬᠦᠷᠯᠡᠯ ᠦᠨ ᠢᠳᠡᠪᠬᠢ ᠬᠦᠴᠦᠨ ᠢ ᠳᠠᠮᠵᠢᠭᠤᠯᠵᠤ ᠪᠠᠢᠬᠤ ᠶᠤᠮ ᠃ ᠲᠡᠤᠬᠡ ᠬᠡᠷᠡᠴᠢᠯᠡᠭᠰᠡᠨ ᠨᠢ ᠂ ᠳᠤᠮᠳᠠᠳᠤ ᠶᠢᠨ ᠬᠦᠰᠡᠯᠡᠩ ᠢ ᠪᠡᠶᠡᠯᠡᠬᠦᠯᠬᠦ ᠨᠢ ᠳᠡᠯᠡᠬᠡᠢ ᠳ᠋ᠠᠬᠢᠨ ᠳᠤ ᠳᠤᠬᠢᠶᠠᠯ ᠠᠪᠴᠢᠷᠠᠬᠤ ᠠᠴᠠ ᠪᠢᠰᠢ ᠰᠦᠷᠳᠡᠭᠦᠯᠦᠯ ᠦᠵᠡᠬᠦᠯᠬᠦ ᠪᠢᠰᠢ ᠂ ᠡᠩᠬᠡ ᠳᠠᠢᠪᠤᠩ ᠠᠴᠠ ᠪᠢᠰᠢ ᠬᠠᠷᠢᠨ ᠦᠢᠮᠡᠭᠡᠨ ᠲᠦᠢᠪᠡᠭᠡᠨ ᠪᠢᠰᠢ ᠂ ᠤᠷᠤᠭᠰᠢᠯᠠᠲᠠ ᠠᠴᠠ ᠪᠢᠰᠢ ᠬᠠᠷᠢᠨ ᠤᠬᠤᠷᠢᠯᠲᠠ ᠪᠢᠰᠢ ᠶᠤᠮ ᠃ ᠤᠯᠤᠰ ᠤᠨ ᠬᠦᠴᠦᠨ ᠦ ᠳᠠᠰᠤᠷᠤᠯᠲᠠ ᠦᠭᠡᠢ ᠨᠡᠮᠡᠭᠳᠡᠬᠦ ᠶᠢ ᠳᠠᠭᠠᠯᠳᠤᠨ ᠂ ᠳᠤᠮᠳᠠᠳᠤ ᠤᠯᠤᠰ ᠨᠢ ᠤᠯᠠᠮ ᠨᠢᠭᠡ ᠠᠯᠬᠤᠮ ᠬᠠᠷᠢᠭᠤᠴᠠᠯᠭᠠᠲᠤ ᠳᠤᠮᠤ ᠤᠯᠤᠰ ᠤᠨ ᠦᠢᠯᠡᠳᠦᠯ ᠢ ᠪᠠᠳᠠᠷᠠᠭᠤᠯᠵᠤ ᠂ ᠬᠡᠮᠵᠢᠶᠡᠨ ᠳᠦ ᠪᠡᠨ ᠬᠦᠷᠦᠭᠰᠡᠨ ᠬᠡᠪᠴᠢᠶᠡᠨ ᠳᠦ ᠤᠯᠠᠨ ᠤᠯᠤᠰ ᠤᠨ ᠡᠭᠦᠷᠭᠡ ᠬᠠᠷᠢᠭᠤᠴᠠᠯᠭ᠎ᠠ ᠶᠢ ᠡᠭᠦᠷᠭᠡᠯᠡᠵᠦ ᠂ ᠬᠦᠮᠦᠨ ᠲᠦᠷᠦᠯᠬᠢᠲᠡᠨ ᠦ ᠡᠩᠬᠡ ᠳᠠᠢᠪᠤᠩ ᠪᠤᠯᠤᠨ ᠬᠦᠭᠵᠢᠯᠲᠡ ᠶᠢᠨ ᠠᠭᠤᠤ ᠦᠢᠯᠡᠰ ᠲᠦ ᠬᠦᠴᠦᠨ  ᠢᠶᠡᠨ ᠡᠷᠭᠦᠨ᠎ᠠ ᠃

ᠦᠨᠡᠯᠡᠬᠦ 0ᠦᠨᠡᠯᠡᠯᠲᠡ ᠲᠠᠢ


( ᠨᠧᠲ ᠨᠠᠢᠵᠠ ᠵᠢᠨ ᠦᠨᠡᠯᠡᠯᠲᠡ ᠨᠢ ᠵᠦᠪᠭᠡᠨ ᠲᠡᠭᠦᠨ ᠊ᠤ᠌ ᠬᠤᠪᠢ ᠭᠦᠮᠦᠨ ᠊ᠤ᠌ ᠦᠵᠡᠯᠲᠡ ᠲᠡᠳᠦᠢ᠂ ᠲᠤᠰ ᠨᠧᠲ ᠦᠷᠳᠡᠭᠡ ᠲᠡᠭᠦᠨ ᠊ᠤ᠌ ᠦᠵᠡᠯᠲᠡ ᠵᠢ ᠵᠦᠪᠰᠢᠶᠡᠷᠡᠭᠰᠡᠨ ᠶᠠᠪᠤᠳᠠᠯ ᠤᠭᠳᠤ ᠪᠢᠰᠢ ᠶᠤᠮ᠃ )