ᠣᠷᠳᠣᠰ ᠬᠤᠳᠠ ᠶᠢᠨ ᠠᠷᠠᠳ ᠤᠨ ᠳᠤᠮᠳᠠ ᠵᠡᠷᠭᠡ ᠶᠢᠨ ᠰᠢᠭᠦᠬᠦ ᠬᠣᠷᠢᠶ᠎ᠠ  ᠶᠢᠨ 2018 ᠣᠨ  ᠤ ᠨᠠᠮ ᠤᠨ ᠭᠡᠰᠢᠭᠦᠨ ᠦ ᠤᠳᠤᠷᠢᠳᠬᠤ ᠺᠠᠳ᠋ᠷ ᠤᠨ ᠠᠷᠠᠳᠴᠢᠯᠠᠯ ᠤᠨ ᠠᠮᠢᠳᠤᠷᠠᠯ ᠤᠨ ᠬᠤᠷᠠᠯ ᠬᠤᠷᠠᠯᠳᠤᠭᠤᠯᠪᠠ
2019.01.25 ᠲᠣᠰ ᠥᠷᠲᠡᠭᠡᠨ ᠦ ᠨᠠᠢᠷᠠᠭᠤᠯᠤᠭᠴᠢ

ᠣᠷᠳᠣᠰ ᠬᠤᠳᠠ ᠶᠢᠨ ᠠᠷᠠᠳ ᠤᠨ ᠳᠤᠮᠳᠠ ᠵᠡᠷᠭᠡ ᠶᠢᠨ ᠰᠢᠭᠦᠬᠦ ᠬᠣᠷᠢᠶ᠎ᠠ  ᠶᠢᠨ 2018 ᠣᠨ  ᠤ ᠨᠠᠮ ᠤᠨ ᠭᠡᠰᠢᠭᠦᠨ ᠦ ᠤᠳᠤᠷᠢᠳᠬᠤ ᠺᠠᠳ᠋ᠷ ᠤᠨ ᠠᠷᠠᠳᠴᠢᠯᠠᠯ ᠤᠨ ᠠᠮᠢᠳᠤᠷᠠᠯ ᠤᠨ ᠬᠤᠷᠠᠯ ᠬᠤᠷᠠᠯᠳᠤᠭᠤᠯᠪᠠ

ᠳᠤᠭᠤᠢᠯᠠᠩ ᠤᠨ ᠳᠠᠷᠤᠭ᠎ᠠ ᠴᠢᠶᠣᠤ ᠵᠢᠩ ᠫᠢᠩ ᠦᠨᠡᠯᠡᠯᠲᠡ ᠬᠢᠪᠡ

  ᠬᠣᠷᠢᠶᠠᠨ ᠳᠠᠷᠤᠭ᠎ᠠ ᠯᠢ ᠬᠣᠩ ᠶᠠᠨ ᠳ᠋ᠦᠩᠨᠡᠯᠲᠡ ᠶᠢᠨ ᠶᠠᠷᠢᠶ᠎ᠠ ᠲᠠᠯᠪᠢᠪᠠ 

    1 ᠰᠠᠷ᠎ᠠ ᠶᠢᠨ 24  ᠤ ᠦᠳᠡ ᠶᠢᠨ ᠬᠣᠶᠢᠨ᠎ᠠ ᠂ ᠬᠤᠳᠠ ᠶᠢᠨ ᠳᠤᠮᠳᠠ ᠵᠡᠷᠭᠡ ᠶᠢᠨ ᠰᠢᠭᠦᠬᠦ ᠬᠣᠷᠢᠶ᠎ᠠ  ᠶᠢᠨ 2018 ᠣᠨ ᠦ ᠨᠠᠮ ᠤᠨ ᠭᠡᠰᠢᠭᠦᠨ  ᠦ ᠤᠳᠤᠷᠢᠳᠬᠤ ᠺᠠᠳ᠋ᠷ ᠤᠨ ᠠᠷᠠᠳᠴᠢᠯᠠᠯ ᠤᠨ ᠠᠮᠢᠳᠤᠷᠠᠯ ᠤᠨ ᠬᠤᠷᠠᠯ ᠬᠤᠷᠠᠯᠳᠤᠭᠤᠯᠵᠤ ᠂ ᠪᠠᠭ ᠤᠨ ᠪᠦᠷᠢᠯᠳᠦᠬᠦᠨ ᠰᠢᠨ᠎ᠡ ᠶᠢ ᠡᠭᠦᠳᠬᠦ ᠣᠨᠣᠯ ᠢᠶᠠᠷ ᠵᠡᠪᠰᠡᠭᠯᠡᠬᠦ ᠶᠢ ᠴᠢᠩᠭᠠᠳᠬᠠᠵᠤ ᠂ 《 ᠳᠥᠷᠪᠡᠨ ᠤᠬᠠᠮᠰᠠᠷ 》  ᠢ ᠪᠠᠲᠤ ᠪᠣᠶ ᠪᠣᠯᠭᠠᠵᠤ ᠂ 《 ᠳᠥᠷᠪᠡᠨ ᠢᠲᠡᠭᠡᠯ 》 ᠢᠶᠠᠨ ᠪᠠᠲᠤᠳᠬᠠᠵᠤ ᠂ ᠵᠣᠷᠢᠭᠲᠠᠢ ᠪᠠᠷ ᠬᠠᠷᠢᠭᠤᠴᠠᠯᠭ᠎ᠠ ᠡᠭᠦᠷᠭᠡᠯᠡᠨ ᠠᠵᠢᠯᠯᠠᠵᠤ ᠂ ᠦᠨᠡᠨ ᠢ ᠪᠠᠷᠢᠮᠲᠠᠯᠠᠨ ᠪᠣᠳᠠᠲᠠᠢ ᠶᠢ ᠡᠷᠬᠢᠮᠯᠡᠬᠦ ᠰᠤᠷᠲᠠᠯ ᠢᠶᠠᠷ ᠨᠠᠮ ᠤᠨ ᠲᠥᠪ ᠬᠣᠷᠢᠶᠠᠨ ᠤ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠢ ᠡᠷᠡᠰ ᠪᠣᠳᠠᠲᠠᠢ ᠳᠤ ᠨᠠᠢᠳᠠᠪᠤᠷᠢᠵᠢᠭᠤᠯᠬᠤ ᠭᠣᠣᠯ ᠰᠡᠳᠦᠪ  ᠪᠤᠯᠠᠭᠠᠨ ᠂ ᠪᠦᠬᠦ ᠲᠠᠯ᠎ᠠ ᠪᠠᠷ ᠬᠠᠷᠢᠴᠠᠭᠤᠯᠤᠨ ᠪᠠᠶᠢᠴᠠᠭᠠᠵᠤ ᠂ ᠭᠦᠨᠵᠡᠭᠡᠢ ᠪᠠᠢᠴᠠᠭᠠᠨ ᠵᠠᠳᠠᠯᠵᠤ ᠂ ᠰᠢᠭᠦᠮᠵᠢᠯᠡᠯ ᠪᠠ ᠥᠪᠡᠷ ᠦᠨ ᠰᠢᠭᠦᠮᠵᠢᠯᠡᠯ ᠢ ᠥᠷᠨᠢᠭᠦᠯᠪᠡ ᠃ ᠬᠣᠲᠠ ᠶᠢᠨ ᠳᠤᠮᠳᠠ ᠵᠡᠷᠭᠡ ᠶᠢᠨ ᠰᠢᠭᠦᠬᠦ ᠬᠣᠷᠢᠶᠠᠨ ᠤ ᠨᠠᠮ ᠤᠨ ᠤᠳᠤᠷᠢᠳᠬᠤ ᠳᠤᠭᠤᠢᠯᠠᠩ ᠤᠨ ᠱᠦᠵᠢ ᠂ ᠬᠣᠷᠢᠶᠠᠨ ᠳᠠᠷᠤᠭ᠎ᠠ ᠯᠢ ᠬᠣᠩ ᠶᠠᠨ ᠬᠤᠷᠠᠯ ᠡᠷᠭᠢᠯᠡᠪᠡ ᠃ ᠠᠷᠠᠳᠴᠢᠯᠠᠭᠰᠠᠨ ᠠᠮᠢᠳᠤᠷᠠᠯ ᠤᠨ ᠬᠤᠷᠠᠯ ᠤᠨ ᠶᠢᠰᠦᠳᠦᠭᠡᠷ ᠰᠢᠪᠠᠳᠠᠨ ᠵᠢᠯᠣᠭᠣᠳᠬᠤ ᠳᠤᠭᠤᠢᠯᠠᠩ ᠤᠨ ᠳᠠᠷᠤᠭ᠎ᠠ ᠂ ᠬᠣᠲᠠ ᠶᠢᠨ ᠰᠠᠬᠢᠯᠭ᠎ᠠ ᠪᠠᠲᠤ ᠪᠠᠢᠴᠠᠭᠠᠬᠤ ᠬᠣᠷᠢᠶ᠎ᠠ ᠠᠴᠠ ᠲᠣᠮᠢᠯᠠᠨ ᠰᠠᠭᠤᠯᠭᠠᠭᠰᠠᠨ ᠬᠣᠲᠠ ᠶᠢᠨ ᠬᠤᠳᠠᠯᠳᠤᠭᠠᠨ ᠤ ᠶᠠᠪᠤᠳᠠᠯ ᠤᠨ ᠲᠣᠪᠴᠢᠶᠠᠨ ᠤ ᠰᠠᠬᠢᠯᠭ᠎ᠠ ᠪᠠᠲᠤ ᠪᠠᠢᠴᠠᠭᠠᠬᠤ ᠳᠤᠭᠤᠢᠯᠠᠩ ᠤᠨ ᠳᠠᠷᠤᠭ᠎ᠠ ᠴᠢᠶᠣᠤ ᠵᠢᠩ ᠫᠢᠩ ᠂ ᠠᠷᠠᠳᠴᠢᠯᠠᠭᠰᠠᠨ ᠠᠮᠢᠳᠤᠷᠠᠯ ᠤᠨ ᠬᠤᠷᠠᠯ ᠤᠨ ᠶᠢᠰᠦᠳᠦᠭᠡᠷ ᠰᠢᠪᠠᠳᠠᠨ ᠵᠢᠯᠣᠭᠣᠳᠬᠤ ᠳᠤᠭᠤᠢᠯᠠᠩ ᠤᠨ ᠪᠦᠷᠢᠯᠳᠦᠬᠦᠨ ᠂ ᠬᠣᠲᠠ ᠶᠢᠨ ᠰᠢᠭᠤᠳ ᠬᠠᠷᠢᠶ᠎ᠠ ᠪᠠᠶᠢᠭᠤᠯᠭ᠎ᠠ ᠶᠢᠨ ᠠᠵᠢᠯ ᠤᠨ ᠬᠣᠷᠢᠶᠠᠨ ᠤ ᠰᠤᠳᠤᠯᠬᠤ ᠲᠠᠰᠤᠭ ᠤᠨ ᠡᠷᠬᠢᠯᠡᠭᠴᠢ ᠵᠠᠩ ᠴᠦᠨ ᠮᠧᠶ ᠂ ᠠᠷᠠᠳᠴᠢᠯᠠᠭᠰᠠᠨ ᠠᠮᠢᠳᠤᠷᠠᠯ ᠤᠨ ᠬᠤᠷᠠᠯ ᠤᠨ ᠶᠢᠰᠦᠳᠦᠭᠡᠷ ᠰᠢᠪᠠᠳᠠᠨ ᠵᠢᠯᠣᠭᠣᠳᠬᠤ ᠳᠤᠭᠤᠢᠯᠠᠩ ᠤᠨ ᠪᠦᠷᠢᠯᠳᠦᠬᠦᠨ ᠂ ᠬᠣᠲᠠ ᠶᠢᠨ ᠨᠠᠮ ᠤᠨ ᠬᠣᠷᠢᠶᠠᠨ ᠤ ᠵᠣᠬᠢᠶᠠᠨ ᠪᠠᠢᠭᠤᠯᠬᠤ ᠬᠡᠯᠲᠡᠰ ᠦᠨ ᠺᠠᠳ᠋ᠷ ᠤᠨ ᠰᠤᠷᠭᠠᠨ ᠬᠥᠮᠦᠵᠢᠯ ᠦᠨ ᠰᠠᠯᠠᠭᠠᠨ ᠤ ᠳᠡᠳ᠋ ᠳᠠᠷᠤᠭ᠎ᠠ ᠭᠤᠤ ᠯᠢᠨ ᠴᠢᠶᠠᠨ ᠬᠤᠷᠠᠯ ᠳᠤ ᠣᠷᠣᠯᠴᠠᠨ ᠵᠢᠯᠣᠭᠣᠳᠪᠠ ᠃

 

ᠣᠷᠳᠣᠰ ᠬᠣᠲᠠ ᠶᠢᠨ ᠠᠷᠠᠳ ᠤᠨ ᠳᠤᠮᠳᠠ ᠵᠡᠷᠭᠡ ᠶᠢᠨ ᠰᠢᠭᠦᠬᠦ ᠬᠣᠷᠢᠶ᠎ᠠ ᠠᠴᠠ ᠣᠷᠴᠢᠭᠤᠯᠪᠠ

ᠬᠢᠳᠠᠨ ᠬᠡᠯᠡᠨ ᠦ ᠮᠠᠲ᠋ᠧᠷᠢᠶᠠᠯ ᠢᠶᠠᠷ ᠪᠠᠷᠢᠮᠵᠢᠶ᠎ᠠ ᠪᠣᠯᠭᠠᠭᠠᠷᠠᠢ︕

 

ᠦᠨᠡᠯᠡᠬᠦ 0ᠦᠨᠡᠯᠡᠯᠲᠡ ᠲᠠᠢ


( ᠨᠧᠲ ᠨᠠᠢᠵᠠ ᠵᠢᠨ ᠦᠨᠡᠯᠡᠯᠲᠡ ᠨᠢ ᠵᠦᠪᠭᠡᠨ ᠲᠡᠭᠦᠨ ᠊ᠤ᠌ ᠬᠤᠪᠢ ᠭᠦᠮᠦᠨ ᠊ᠤ᠌ ᠦᠵᠡᠯᠲᠡ ᠲᠡᠳᠦᠢ᠂ ᠲᠤᠰ ᠨᠧᠲ ᠦᠷᠳᠡᠭᠡ ᠲᠡᠭᠦᠨ ᠊ᠤ᠌ ᠦᠵᠡᠯᠲᠡ ᠵᠢ ᠵᠦᠪᠰᠢᠶᠡᠷᠡᠭᠰᠡᠨ ᠶᠠᠪᠤᠳᠠᠯ ᠤᠭᠳᠤ ᠪᠢᠰᠢ ᠶᠤᠮ᠃ )