ᠬᠣᠲᠠ ᠶᠢᠨ ᠳᠤᠮᠳᠠ ᠵᠡᠷᠭᠡ ᠶᠢᠨ ᠰᠢᠭᠦᠬᠦ ᠬᠣᠷᠢᠶ᠎ᠠ ᠬᠥᠮᠥᠨ ᠲᠣᠮᠢᠯᠠᠨ ᠪᠥᠬᠥ ᠬᠣᠲᠠ ᠶᠢᠨ ᠤᠯᠤᠰ ᠲᠥᠷᠥ ᠬᠠᠤᠯᠢ ᠴᠠᠭᠠᠵᠠ ᠶᠢᠨ ᠰᠢᠰᠲ᠋ᠧᠮ ᠦᠨ ᠠᠷᠪᠠ ᠶᠢᠰᠦᠳᠦᠭᠡᠷ ᠶᠡᠬᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠬᠤ ᠤᠯᠤᠰ ᠲᠥᠷᠥ ᠶᠢᠨ ᠡᠭᠡᠯᠵᠢᠯᠡᠨ ᠪᠣᠯᠪᠠᠰᠤᠷᠠᠭᠤᠯᠬᠤ ᠠᠩᠭᠢ ᠳᠤ ᠣᠷᠣᠯᠴᠠᠭᠤᠯᠪᠠ
2018.05.23 ᠲᠣᠰ ᠥᠷᠲᠡᠭᠡᠨ ᠦ ᠨᠠᠢᠷᠠᠭᠤᠯᠤᠭᠴᠢ

    ᠰᠢ ᠶᠢᠨ ᠫᠢᠩ ᠦᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠠᠴᠠ ᠣᠨᠴᠠᠯᠢᠭ ᠲᠠᠶ ᠨᠡᠢᠭᠡᠮ ᠵᠢᠷᠤᠮ ᠤᠨ ᠦᠵᠡᠯ ᠰᠠᠨᠠᠭ᠎ᠠ ᠪᠣᠯᠤᠨ ᠨᠠᠮ ᠤᠨ ᠠᠷᠪᠠ ᠶᠢᠰᠦᠳᠦᠭᠡᠷ ᠶᠡᠬᠡ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠰᠤᠷᠤᠯᠴᠠᠨ ᠲᠤᠭᠤᠰᠢᠯᠠᠭᠤᠯᠵᠠᠢ ᠂ 《 ᠬᠣᠶᠠᠷ ᠢ ᠰᠤᠷᠤᠯᠴᠠᠵᠤ ᠨᠢᠭᠡ ᠳᠦ ᠲᠡᠩᠴᠡᠭᠦᠯᠬᠦ 》 ᠰᠤᠷᠤᠯᠴᠠᠯᠭ᠎ᠠ ᠬᠥᠮᠦᠵᠢᠯ ᠢ ᠪᠠᠶᠢᠩᠭᠤᠵᠢᠭᠤᠯᠵᠤ ᠳᠦᠷᠢᠮᠵᠢᠭᠦᠯᠬᠦ ᠶᠢ ᠭᠦᠨᠵᠡᠭᠡᠢ ᠠᠬᠢᠭᠤᠯᠵᠤ ᠂ 《 ᠤᠭ ᠰᠠᠨᠠᠭ᠎ᠠ ᠪᠠᠨ ᠦᠯᠦ ᠮᠠᠷᠲᠠᠵᠤ ᠂ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠬᠦ 》 ᠭᠣᠣᠯ ᠰᠡᠳᠦᠪᠲᠦ ᠬᠥᠮᠦᠵᠢᠯ ᠢ ᠯᠠᠪᠳᠠᠭᠤᠨ ᠪᠠᠲᠤᠲᠠᠢ ᠥᠷᠨᠢᠭᠦᠯᠬᠦ ᠶᠢᠨ ᠲᠥᠯᠥᠭᠡ ᠂ 5 ᠰᠠᠷ᠎ᠠ ᠶᠢᠨ 17  ᠤ ᠡᠳᠦᠷ ᠡᠴᠡ 5 ᠰᠠᠷ᠎ᠠ ᠶᠢᠨ 21  ᠤ ᠡᠳᠦᠷ ᠪᠣᠯᠲᠠᠯ᠎ᠠ ᠂ ᠪᠦᠬᠦ ᠬᠤᠳᠠ ᠶᠢᠨ ᠤᠯᠤᠰ ᠲᠥᠷᠥ ᠬᠠᠤᠯᠢ ᠴᠠᠭᠠᠵᠠ ᠶᠢᠨ ᠰᠢᠰᠲ᠋ᠧᠮ ᠴᠸ᠋ᠩᠴᠤᠸ᠋ᠠᠨ ᠤ ᠦᠨᠳᠦᠰᠦᠲᠡᠨ ᠦ ᠺᠠᠳ᠋ᠷ ᠤᠨ ᠳᠡᠭᠡᠰᠦ ᠰᠤᠷᠭᠠᠭᠤᠯᠢ ᠳᠤ ᠠᠷᠪᠠ ᠶᠢᠰᠦᠳᠦᠭᠡᠷ ᠶᠡᠬᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠬᠤ ᠤᠯᠤᠰ ᠲᠥᠷᠥ ᠶᠢᠨ ᠪᠣᠯᠪᠠᠰᠤᠷᠠᠯ ᠤᠨ ᠠᠩᠭᠢ ᠡᠷᠬᠢᠯᠡᠪᠡ ᠃ ᠬᠣᠲᠠ ᠶᠢᠨ ᠨᠠᠮ ᠤᠨ ᠬᠣᠷᠢᠶᠠᠨ ᠤ ᠤᠯᠤᠰ ᠲᠥᠷᠥ ᠬᠠᠸᠯᠢ ᠴᠠᠭᠠᠵᠠ ᠶᠢᠨ ᠵᠥᠪᠯᠡᠯ ᠂ ᠬᠣᠲᠠ ᠶᠢᠨ ᠰᠢᠭᠤᠳ ᠬᠠᠷᠢᠶ᠎ᠠ ᠤᠯᠤᠰ ᠲᠥᠷᠥ ᠬᠠᠸᠯᠢ ᠴᠠᠭᠠᠵᠠ ᠶᠢᠨ ᠡᠯ᠎ᠡ ᠰᠠᠯᠠᠭ᠎ᠠ ᠮᠥᠴᠢᠷ ᠵᠢᠴᠢ ᠡᠯ᠎ᠡ ᠬᠣᠰᠢᠭᠤ ᠲᠣᠭᠣᠷᠢᠭ ᠣᠨ ᠨᠠᠮ ᠤᠨ ᠬᠣᠷᠢᠶᠠᠨ ᠤ ᠤᠯᠤᠰ ᠲᠥᠷᠥ ᠬᠠᠸᠯᠢ ᠴᠠᠭᠠᠵᠠ ᠶᠢᠨ ᠵᠥᠪᠯᠡᠯ ᠨᠡᠢᠢᠲᠡ 40 ᠭᠠᠷᠤᠶ ᠬᠥᠮᠥᠨ ᠣᠷᠣᠯᠴᠠᠵᠤ ᠂ ᠮᠠᠨ ᠤ ᠬᠣᠷᠢᠶ᠎ᠠ 3 ᠺᠠᠳ᠋ᠷ ᠴᠠᠭᠳᠠᠭ᠎ᠠ ᠲᠣᠮᠢᠯᠠᠨ ᠪᠣᠯᠪᠠᠰᠤᠷᠠᠯ ᠳᠤ ᠣᠷᠣᠯᠴᠠᠭᠤᠯᠪᠠ ᠃ 

 

 

ᠣᠷᠳᠣᠰ ᠬᠣᠲᠠ ᠶᠢᠨ ᠠᠷᠠᠳ ᠤᠨ ᠳᠤᠮᠳᠠ ᠵᠡᠷᠭᠡ ᠶᠢᠨ ᠰᠢᠭᠦᠬᠦ ᠬᠣᠷᠢᠶ᠎ᠠ ᠠᠴᠠ ᠣᠷᠴᠢᠭᠤᠯᠪᠠ

ᠬᠢᠳᠠᠨ ᠬᠡᠯᠡᠨ ᠦ ᠮᠠᠲ᠋ᠧᠷᠢᠶᠠᠯ ᠢᠶᠠᠷ ᠪᠠᠷᠢᠮᠵᠢᠶ᠎ᠠ ᠪᠣᠯᠭᠠᠭᠠᠷᠠᠢ︕

 

 

ᠦᠨᠡᠯᠡᠬᠦ 0ᠦᠨᠡᠯᠡᠯᠲᠡ ᠲᠠᠢ


( ᠨᠧᠲ ᠨᠠᠢᠵᠠ ᠵᠢᠨ ᠦᠨᠡᠯᠡᠯᠲᠡ ᠨᠢ ᠵᠦᠪᠭᠡᠨ ᠲᠡᠭᠦᠨ ᠊ᠤ᠌ ᠬᠤᠪᠢ ᠭᠦᠮᠦᠨ ᠊ᠤ᠌ ᠦᠵᠡᠯᠲᠡ ᠲᠡᠳᠦᠢ᠂ ᠲᠤᠰ ᠨᠧᠲ ᠦᠷᠳᠡᠭᠡ ᠲᠡᠭᠦᠨ ᠊ᠤ᠌ ᠦᠵᠡᠯᠲᠡ ᠵᠢ ᠵᠦᠪᠰᠢᠶᠡᠷᠡᠭᠰᠡᠨ ᠶᠠᠪᠤᠳᠠᠯ ᠤᠭᠳᠤ ᠪᠢᠰᠢ ᠶᠤᠮ᠃ )