ᠬᠤᠳᠠ ᠶᠢᠨ ᠳᠤᠮᠳᠠ ᠵᠡᠷᠭᠡ ᠶᠢᠨ ᠰᠢᠬᠦᠬᠦ ᠬᠤᠷᠢᠶ᠎ᠠ ᠨᠢ 8 ᠬᠤᠰᠢᠭᠤ ᠲᠤᠭᠤᠷᠢᠭ ᠤᠨ ᠰᠢᠬᠦᠬᠦ ᠬᠤᠷᠢᠶ᠎ᠠ ᠶᠢ ᠪᠠᠭᠳᠠᠭᠠᠵᠤ ᠂ ᠬᠤᠰᠢᠭᠤ ᠲᠤᠭᠤᠷᠢᠭ ᠤᠨ ᠰᠢᠬᠦᠬᠦ ᠬᠤᠷᠢᠶᠠᠨ ᠠᠴᠠ 30 ᠠᠷᠠᠳ ᠤᠨ ᠰᠢᠬᠦᠬᠦ ᠲᠢᠩᠬᠢᠮ ᠪᠠᠢᠭᠤᠯᠵᠠᠢ ᠃ ᠬᠢᠶ᠎ᠡ ᠪᠠᠭᠰᠢ ᠰᠢᠨ᠎ᠠ ᠲᠤᠭᠤᠷᠢᠭ ᠤᠨ ᠰᠢᠬᠦᠬᠦ ᠬᠤᠷᠢᠶ᠎ᠠ ᠨᠢ ᠳᠡᠭᠡᠳᠦ ᠵᠡᠷᠬᠡ ᠶᠢᠨ ᠰᠢᠬᠦᠬᠦ ᠬᠤᠷᠢᠶᠠᠨ ᠠᠴᠠ ᠪᠠᠢᠭᠤᠯᠬᠤ ᠶᠢ ᠵᠦᠪᠰᠢᠶᠡᠭᠰᠡᠨ ᠪᠠᠢᠵᠤ ᠂ ᠪᠠᠢᠭᠤᠯᠵᠤ ᠪᠠᠢᠬᠤ ᠶᠠᠪᠤᠴᠠ ᠳᠤ ᠪᠠᠨ ᠪᠠᠢᠨ᠎ᠠ ᠃ ᠪᠦᠬᠦ ᠬᠤᠳᠠ ᠶᠢᠨ ᠰᠢᠬᠦᠬᠦ ᠬᠤᠷᠢᠶ᠎ᠠ ᠨᠡᠢᠳᠡ ᠤᠯᠤᠰ ᠲᠦᠷᠦ ᠬᠠᠤᠯᠢ ᠴᠠᠭᠠᠵᠠ ᠶᠢᠨ ᠤᠷᠤᠨ ᠲᠤᠭ᠎ᠠ 842 ᠪᠠᠢᠨ᠎ᠠ ᠃ ᠪᠦᠬᠦ ᠬᠤᠳᠠ ᠶᠢᠨ ᠤᠳᠤᠬᠠᠨ ᠳᠤ ᠤᠷᠤᠨ ᠲᠤᠭᠠᠨ ᠳᠤ ᠪᠠᠢᠭ᠎ᠠ ᠺᠠᠳᠠᠷ ᠴᠠᠭᠳᠠᠭ᠎ᠠ 1159 ᠬᠦᠮᠦᠨ ᠪᠠᠢᠵᠤ ᠂ ᠤᠯᠤᠰ ᠲᠦᠷᠦ ᠬᠠᠤᠯᠢ ᠴᠠᠭᠠᠵᠠ ᠶᠢᠨ ᠳᠤᠰᠬᠠᠢ ᠤᠷᠤᠨ ᠲᠤᠭ᠎ᠠ ᠠᠴᠠ ᠭᠠᠳᠠᠨ᠎ᠠ ᠪᠠᠰᠠ ᠰᠤᠯᠠ ᠤᠷᠤᠨ ᠲᠤᠭ᠎ᠠ ᠪᠠ ᠭᠠᠵᠠᠷ ᠤᠷᠤᠨ ᠤ ᠠᠵᠢᠯ ᠤᠨ ᠤᠷᠤᠨ ᠲᠤᠭ᠎ᠠ ᠪᠠᠢᠳᠠᠭ ᠃ ᠤᠷᠤᠨ ᠲᠤᠭ᠎ᠠ ᠳᠤ ᠪᠠᠢᠳᠠᠭ ᠺᠠᠲᠠᠷ ᠴᠠᠭᠳᠠᠭ᠎ᠠ ᠳᠤᠮᠳᠠ ᠂ ᠮᠤᠩᠭᠤᠯ ᠦᠨᠳᠦᠰᠦᠳᠡᠨ 330 ᠬᠦᠮᠦᠨ ᠂ ᠺᠠᠳᠠᠷ ᠴᠠᠭᠳᠠᠭ᠎ᠠ ᠶᠢᠨ ᠪᠦᠬᠦ ᠲᠤᠭᠠᠨ ᠦ 28% ᠶ᠋ᠢ ᠡᠵᠡᠯᠡᠵᠦ ᠪᠠᠢᠨ᠎ᠠ ᠃ ᠡᠮᠡᠭᠲᠡᠢ ᠺᠠᠳᠠᠷ ᠴᠠᠭᠳᠠᠭ᠎ᠠ 504 ᠬᠦᠮᠦᠨ ᠂ ᠺᠠᠳᠠᠷ ᠴᠠᠭᠳᠠᠭ᠎ᠠ ᠶᠢᠨ ᠪᠦᠬᠦ ᠲᠤᠭᠠᠨ ᠦ 43% ᠶ᠋ᠢ ᠡᠵᠡᠯᠡᠵᠦ ᠪᠠᠢᠨ᠎ᠠ᠃ 35ᠨᠠᠰᠤᠨ ᠠᠴᠠ ᠪᠠᠭ᠎ᠠ 601 ᠬᠦᠮᠦᠨ ᠂ ᠺᠠᠳᠠᠷ ᠴᠠᠭᠳᠠᠭ᠎ᠠ ᠶᠢᠨ ᠪᠦᠬᠦ ᠲᠤᠭᠠᠨ ᠦ 51% ᠶ᠋ᠢ ᠡᠵᠡᠯᠡᠵᠦ ᠪᠠᠢᠨ᠎ᠠ᠃ ᠵᠢᠩᠬᠢᠨᠢ ᠠᠩᠬᠢ ᠶᠢᠨ ᠰᠤᠷᠤᠯᠭ᠎ᠠ ᠶᠢᠨ ᠨᠠᠮᠳᠠᠷ ᠠᠴᠠ ᠳᠡᠭᠡᠭᠰᠢ 879 ᠬᠦᠮᠦᠨ ᠂ ᠺᠠᠳᠠᠷ ᠴᠠᠭᠳᠠᠭ᠎ᠠ ᠶᠢᠨ ᠪᠦᠬᠦ ᠲᠤᠭᠠᠨ ᠦ 76% ᠶ᠋ᠢ ᠡᠵᠡᠯᠡᠵᠦ ᠪᠠᠢᠨ᠎ᠠ᠃ ᠰᠢᠬᠦᠨ ᠳᠠᠰᠤᠯᠠᠬᠤ ᠡᠭᠦᠷᠬᠡ ᠲᠤᠰᠢᠶᠠᠯ ᠲᠠᠢ 467 ᠬᠦᠮᠦᠨ ᠂ ᠺᠠᠳᠠᠷ ᠴᠠᠭᠳᠠᠭ᠎ᠠ ᠶᠢᠨ ᠪᠦᠬᠦ ᠲᠤᠭᠠᠨ ᠦ 42% ᠶ᠋ᠢ ᠡᠵᠡᠯᠡᠵᠦ ᠪᠠᠢᠨ᠎ᠠ᠃
ᠬᠤᠳᠠ ᠶᠢᠨ ᠳᠤᠮᠳᠠ ᠵᠡᠷᠬᠡ ᠶᠢᠨ ᠰᠢᠬᠦᠬᠦ ᠤᠤᠯ ᠨᠢ ᠳᠤᠳᠤᠭᠠᠳᠤ ᠪᠠᠢᠭᠤᠯᠤᠮᠵᠢ 18 ᠪᠠᠢᠵᠤ ᠂ ᠤᠢᠷ᠎ᠠ ᠶᠢᠨ ᠵᠢᠯ ᠳᠦ ᠂ᠤᠷᠳᠤᠰ ᠤᠨ ᠰᠢᠬᠦᠬᠦ ᠬᠤᠷᠢᠶᠠᠨ ᠤ ᠠᠵᠢᠯ ᠤᠨ ᠪᠤᠳᠠᠳᠤ ᠪᠠᠢᠳᠠᠯ ᠢ ᠦᠨᠳᠦᠰᠦᠯᠡᠵᠦ ᠂ ᠢᠷᠭᠡᠨ ᠦ ᠲᠠᠪᠤᠳᠤᠭᠠᠷ ᠲᠢᠩᠬᠢᠮ(ᠠᠷᠠᠳ ᠤᠨ ᠬᠤᠭᠤᠷᠤᠨᠳᠤᠬᠢ ᠵᠢᠭᠡᠯᠡᠯᠬᠡ ᠶᠢᠨ ᠬᠡᠷᠡᠭ ᠢ ᠬᠠᠷᠢᠭᠤᠴᠠᠨ᠎ᠠ)᠂ ᠢᠷᠭᠡᠨ ᠦ ᠵᠢᠷᠭᠤᠳᠤᠭᠠᠷ ᠲᠢᠩᠬᠢᠮ(ᠭᠡᠷ ᠬᠦᠷᠦᠩᠭᠡ ᠭᠠᠵᠠᠷ ᠰᠢᠷᠤᠢ ᠶᠢᠨ ᠬᠡᠷᠡᠭ ᠢ ᠬᠠᠷᠢᠭᠤᠴᠠᠨ᠎ᠠ)᠂ ᠨᠠᠰᠤᠨ ᠳᠤ ᠦᠯᠦ ᠬᠦᠷᠦᠭᠰᠡᠳ ᠦᠨ ᠬᠡᠷᠡᠭ ᠢ ᠰᠢᠬᠦᠨ ᠳᠠᠰᠤᠯᠠᠬᠤ ᠲᠢᠩᠬᠢᠮ ᠬᠢᠭᠡᠳ ᠰᠢᠢᠳᠪᠦᠷᠢᠯᠡᠬᠦ ᠬᠤᠶᠠᠳᠤᠭᠠᠷ ᠲᠤᠪᠴᠢᠶ᠎ᠠ(ᠬᠦᠨᠳᠡᠯᠡᠨ ᠡᠴᠡ ᠳᠠᠰᠤᠯᠠᠬᠤ ᠪᠠ ᠠᠯᠪᠠᠨ ᠬᠡᠷᠡᠴᠢᠯᠡᠭᠡ ᠶᠢᠨ ᠠᠪᠴᠠᠭᠠᠨ ᠤ ᠡᠷᠬᠡ ᠶᠢᠨ ᠪᠢᠴᠢᠭ᠌ ᠬᠠᠷ᠎ᠠ ᠶᠢᠨ ᠬᠡᠷᠡᠭ ᠢ ᠬᠠᠷᠢᠭᠤᠴᠠᠨ᠎ᠠ)ᠵᠡᠷᠭᠡ ᠪᠠᠢᠭᠤᠯᠤᠮᠵᠢ ᠶᠢ ᠨᠡᠮᠡᠪᠡ᠃ ᠡᠨᠡ ᠵᠢᠯ ᠂ ᠳᠡᠭᠡᠳᠦ ᠱᠠᠳᠤᠨ ᠤ ᠰᠢᠬᠦᠬᠦ ᠬᠤᠷᠢᠶᠠᠨ ᠤ ᠱᠠᠭᠠᠷᠳᠠᠯᠭ᠎ᠠ ᠬᠢᠭᠡᠳ ᠤᠷᠳᠤᠰ ᠤᠨ ᠰᠢᠬᠦᠬᠦ ᠬᠤᠷᠢᠶᠠᠨ ᠤ ᠠᠵᠢᠯ ᠤᠨ ᠪᠤᠳᠠᠳᠤ ᠪᠠᠢᠳᠠᠯ ᠢ ᠦᠨᠳᠦᠰᠦᠯᠡᠵᠦ ᠂ ᠬᠤᠳᠠ ᠶᠢᠨ ᠳᠤᠮᠳᠠ ᠵᠡᠷᠬᠡ ᠶᠢᠨ ᠰᠢᠬᠦᠬᠦ ᠬᠤᠷᠢᠶ᠎ᠠ ᠠᠴᠠ ᠤᠷᠴᠢᠨ ᠲᠤᠭᠤᠷᠢᠨ ᠡᠬᠢ ᠪᠠᠶᠠᠯᠢᠭ ᠤᠨ ᠰᠢᠬᠦᠨ ᠳᠠᠰᠤᠯᠠᠬᠤ ᠲᠢᠩᠬᠢᠮ(ᠢᠷᠭᠡᠨ ᠦ ᠲᠦᠷᠪᠡᠳᠦᠭᠡᠷ ᠲᠢᠩᠬᠢᠮ ᠲᠠᠢ ᠬᠠᠮᠳᠤᠷᠠᠪᠠ)᠂ ᠮᠡᠳᠡᠯᠬᠡ ᠶᠢᠨ ᠪᠦᠳᠦᠭᠡᠭᠳᠡᠭᠦᠨ ᠦ ᠦᠮᠴᠢᠯᠡᠬᠦ ᠡᠷᠬᠡ ᠶᠢᠨ ᠰᠢᠬᠦᠨ ᠳᠠᠰᠤᠯᠠᠬᠤ ᠲᠢᠩᠬᠢᠮ(ᠢᠷᠬᠡᠨ ᠦ ᠭᠤᠷᠪᠠᠳᠤᠭᠠᠷ ᠲᠢᠩᠬᠢᠮ ᠲᠠᠢ ᠬᠠᠮᠳᠤᠷᠠᠪᠠ)᠂ ᠡᠷᠡᠭᠦᠦ ᠰᠢᠳᠬᠡᠯ ᠬᠦᠩᠭᠡᠷᠡᠬᠦᠯᠵᠦ ᠳᠠᠩᠰᠠᠨ ᠰᠤᠯᠠᠯᠠᠬᠤ ᠶᠢᠨ ᠰᠢᠬᠦᠨ ᠳᠠᠰᠤᠯᠠᠬᠤ ᠲᠢᠩᠬᠢᠮ(ᠬᠡᠷᠡᠭ ᠳᠠᠩᠰᠠᠯᠠᠬᠤ ᠬᠤᠶᠠᠳᠤᠭᠠᠷ ᠲᠢᠩᠬᠢᠮ ᠲᠠᠢ ᠬᠠᠮᠳᠤᠷᠠᠪᠠ)ᠪᠤᠯᠤᠨ ᠬᠦᠢᠴᠡᠳᠭᠡᠨ ᠬᠢᠨᠠᠯᠠᠲᠠ ᠬᠢᠬᠦ ᠲᠢᠩᠬᠢᠮ(ᠮᠠᠳᠠᠭ ᠲᠠᠢ ᠰᠠᠨᠠᠯ ᠬᠢᠬᠡᠳ ᠳᠠᠬᠢᠨ ᠵᠦᠪᠯᠡᠯ ᠢ ᠰᠢᠢᠳᠪᠦᠷᠢᠯᠡᠬᠦ ᠶᠢ ᠬᠠᠷᠢᠭᠤᠴᠠᠨ᠎ᠠ)ᠵᠡᠷᠬᠡ ᠪᠠᠢᠭᠤᠯᠤᠮᠵᠢ ᠶᠢ ᠨᠡᠮᠡᠪᠡ ᠃ ᠬᠤᠳᠠ ᠶᠢᠨ ᠳᠤᠮᠳᠠ ᠵᠡᠷᠬᠡ ᠶᠢᠨ ᠰᠢᠬᠦᠬᠦ ᠬᠤᠷᠢᠶ᠎ᠠ ᠤᠳᠤᠬᠠᠨ ᠳᠤ248 ᠤᠷᠤᠨ ᠲᠤᠭ᠎ᠠ ᠪᠠᠢᠵᠤ ᠂ ᠡᠭᠦᠨ ᠦ ᠳᠤᠮᠳᠠ ᠤᠯᠤᠰ ᠲᠦᠷᠦ ᠬᠠᠤᠯᠢ ᠴᠠᠭᠠᠵᠠ ᠶᠢᠨ ᠳᠤᠰᠬᠠᠢ ᠤᠷᠤᠨ ᠳᠤᠭ᠎ᠠ 157 ᠂ ᠠᠵᠢᠯ ᠦᠢᠯᠡᠰ ᠦᠨ ᠤᠷᠤᠨ ᠳᠤᠭ᠎ᠠ 50 ᠨᠡᠷᠡᠰ᠂ ᠰᠤᠯᠠ ᠤᠷᠤᠨ ᠳᠤᠭ᠎ᠠ 41᠃ ᠤᠳᠤᠬᠠᠨ ᠳᠤ ᠤᠷᠤᠨ ᠳᠤᠭ᠎ᠠ ᠳᠤ ᠪᠠᠢᠭ᠎ᠠ ᠨᠢ 248 ᠨᠡᠷᠡᠰ ᠂ ᠲᠦᠷ ᠤᠷᠢᠵᠤ ᠬᠡᠷᠡᠭᠯᠡᠭᠰᠡᠨ ᠬᠦᠮᠦᠨ 50 ᠨᠡᠷᠡᠰ᠃ ᠤᠷᠤᠨ ᠳᠤᠭᠠᠨ ᠳᠤ ᠪᠠᠢᠭ᠎ᠠ ᠺᠠᠲᠠᠷ ᠴᠠᠭᠳᠠᠭ᠎ᠠ ᠶᠢᠨ ᠳᠤᠮᠳᠠ᠂ ᠮᠤᠩᠭᠤᠯ ᠦᠨᠳᠦᠰᠦᠲᠡᠨ 78 ᠬᠦᠮᠦᠨ ᠂ ᠺᠠᠲᠠᠷ ᠴᠠᠭᠳᠠᠭᠠᠨ ᠤ ᠪᠦᠬᠦ ᠲᠤᠭᠠᠨ ᠤ 37% ᠶ᠋ᠢ ᠡᠵᠡᠯᠡᠨ᠎ᠠ ᠃ ᠡᠮᠡᠭᠲᠡᠢ ᠺᠠᠲᠠᠷ ᠴᠠᠭᠳᠠᠭ᠎ᠠ 102 ᠬᠦᠮᠦᠨ ᠂ ᠺᠠᠲᠠᠷ ᠴᠠᠭᠳᠠᠭᠠᠨ ᠤ ᠪᠦᠬᠦ ᠲᠤᠭᠠᠨ ᠤ 48% ᠶ᠋ᠢ ᠡᠵᠡᠯᠡᠨ᠎ᠠ ᠃ 35ᠨᠠᠰᠤᠨ ᠠᠴᠠ ᠳᠤᠭᠤᠭᠰᠢ 111 ᠬᠦᠮᠦᠨ ᠂ ᠺᠠᠲᠠᠷ ᠴᠠᠭᠳᠠᠭᠠᠨ ᠤ ᠪᠦᠬᠦ ᠲᠤᠭᠠᠨ ᠤ 52% ᠶ᠋ᠢ ᠡᠵᠡᠯᠡᠨ᠎ᠠ ᠃ ᠵᠢᠩᠬᠢᠨᠢ ᠠᠩᠬᠢ ᠶᠢᠨ ᠰᠤᠷᠤᠯᠭ᠎ᠠ ᠶᠢᠨ ᠨᠠᠮᠳᠠᠷ ᠠᠴᠠ ᠳᠡᠭᠡᠭᠰᠢ 191 ᠬᠦᠮᠦᠨ ᠂ ᠺᠠᠲᠠᠷ ᠴᠠᠭᠳᠠᠭᠠᠨ ᠤ ᠪᠦᠬᠦ ᠲᠤᠭᠠᠨ ᠤ 90% ᠶ᠋ᠢ ᠡᠵᠡᠯᠡᠨ᠎ᠠ ᠃ ᠰᠤᠳᠤᠯᠠᠬᠤ ᠰᠤᠷᠤᠭᠴᠢ ᠶᠢᠨ ᠰᠤᠷᠤᠯᠭ᠎ᠠ ᠶᠢᠨ ᠨᠠᠮᠲᠠᠷ ᠠᠴᠠ ᠳᠡᠭᠡᠭᠰᠢ 46 ᠬᠦᠮᠦᠨ ᠂ ᠺᠠᠲᠠᠷ ᠴᠠᠭᠳᠠᠭᠠᠨ ᠤ ᠪᠦᠬᠦ ᠲᠤᠭᠠᠨ ᠤ 22% ᠶ᠋ᠢ ᠡᠵᠡᠯᠡᠨ᠎ᠠ ᠃ ᠰᠢᠬᠦᠨ ᠳᠠᠰᠤᠯᠠᠬᠤ ᠡᠭᠦᠷᠬᠡ ᠲᠠᠢ ᠨᠢ 91 ᠬᠦᠮᠦᠨ ᠂ ᠺᠠᠲᠠᠷ ᠴᠠᠭᠳᠠᠭᠠᠨ ᠤ ᠪᠦᠬᠦ ᠲᠤᠭᠠᠨ ᠤ 43% ᠶ᠋ᠢ ᠡᠵᠡᠯᠡᠨ᠎ᠠ ᠃
2014ᠤᠨ ᠳᠤ ᠂ ᠪᠦᠬᠦ ᠬᠤᠳᠠ ᠶᠢᠨ ᠰᠢᠬᠦᠬᠦ ᠬᠤᠷᠢᠶ᠎ᠠ ᠨᠢ 《ᠠᠷᠠᠳ ᠢᠷᠭᠡᠳ ᠢ ᠬᠠᠤᠯᠢ ᠴᠠᠭᠠᠵᠠ ᠶᠢᠨ ᠬᠡᠷᠡᠭ ᠪᠦᠷᠢ ᠳᠦ ᠪᠦᠷ ᠡᠷᠬᠡ ᠲᠡᠭᠰᠢ ᠪᠠᠢᠬᠤ ᠶᠢ ᠮᠡᠳᠡᠭᠳᠡᠭᠦᠯᠬᠦ》ᠦᠷᠲᠡᠭ ᠦᠨ ᠬᠠᠷᠠᠯᠲᠠ ᠪᠤᠯᠭᠠᠵᠤ ᠂ 《ᠭᠤᠤᠯᠳᠠᠯᠭ᠎ᠠ ᠶᠢ ᠪᠠᠷᠢᠵᠤ ᠂ ᠬᠦᠴᠢᠷᠳᠡᠯ ᠢ ᠰᠢᠢᠳᠪᠦᠷᠢᠯᠡᠵᠦ ᠂ ᠭᠢᠯᠠᠰ ᠴᠡᠭ ᠡᠭᠦᠳᠬᠦ》ᠠᠵᠢᠯ ᠤᠨ ᠰᠡᠳᠬᠢᠴᠡ ᠶᠢ ᠪᠠᠷᠢᠮᠳᠠᠯᠠᠵᠤ ᠂ 《ᠡᠳᠦᠷ ᠲᠤᠳᠤᠮ ᠤᠨ ᠠᠵᠢᠯ ᠳᠤ ᠲᠦᠷᠢᠮᠵᠢᠯ ᠢ ᠪᠠᠷᠢᠵᠤ ᠂ ᠬᠠᠤᠯᠢ ᠴᠠᠭᠠᠵᠠ ᠶᠢᠨ ᠬᠦᠴᠢᠷᠳᠡᠯ ᠲᠠᠢ ᠠᠵᠢᠯ ᠳᠤ ᠰᠢᠪᠲᠤᠯᠤᠯᠲᠠ ᠬᠢᠬᠦ 》 ᠠᠵᠢᠯ ᠤᠨ ᠰᠡᠳᠬᠢᠴᠡ ᠶᠢ ᠪᠠᠷᠢᠮᠳᠠᠯᠠᠵᠤ ᠂ 《ᠨᠢᠭᠡ ᠬᠦᠮᠦᠨ ᠤᠯᠠᠨ ᠠᠵᠢᠯ ᠤᠨ ᠪᠠᠢᠷᠢ᠂ ᠨᠢᠭᠡ ᠠᠵᠢᠯ ᠤᠨ ᠪᠠᠢᠷᠢ ᠤᠯᠠᠨ ᠬᠠᠷᠢᠭᠤᠴᠠᠯᠭ᠎ᠠ ᠲᠠᠢ》ᠠᠵᠢᠯ ᠤᠨ ᠠᠷᠭ᠎ᠠ ᠬᠡᠮᠵᠢᠶ᠎ᠠ ᠶᠢ ᠪᠠᠷᠢᠮᠳᠠᠯᠠᠵᠤ ᠂ ᠰᠢᠬᠦᠨ ᠳᠠᠰᠤᠯᠠᠬᠤ ᠠᠵᠢᠯ ᠤᠨ ᠡᠭᠦᠷᠭᠡ ᠶᠢ ᠰᠠᠢᠲᠤᠷ ᠪᠡᠶᠡᠯᠡᠬᠦᠯᠵᠦ ᠂ 《ᠤᠷᠳᠤᠰ ᠤᠨ ᠠᠵᠤ ᠠᠬᠤᠢ ᠶᠢᠨ ᠨᠡᠢᠭᠡᠮ ᠦᠨ ᠬᠦᠭᠵᠢᠯᠲᠡ ᠵᠢᠴᠢ ᠲᠡᠤᠬᠡ ᠰᠤᠶᠤᠯ ᠲᠠᠢ ᠵᠤᠬᠢᠴᠠᠭᠰᠠᠨ ᠲᠡᠷᠢᠭᠦᠨ ᠳᠡᠰ ᠦᠨ ᠰᠢᠬᠦᠬᠦ ᠬᠤᠷᠢᠶᠠᠨ ᠤ ᠠᠵᠢᠯ ᠢ ᠪᠦᠲᠦᠬᠡᠨ ᠪᠠᠢᠭᠤᠯᠬᠤ》 ᠬᠠᠷᠠᠯᠲᠠ ᠵᠦᠭ ᠰᠢᠨ᠎ᠠ ᠠᠯᠬᠤᠮ ᠢᠶᠠᠨ ᠠᠯᠬᠤᠨ᠎ᠠ ᠃ 2014 ᠤᠨ ᠳᠤ ᠂ ᠪᠦᠬᠦ ᠬᠤᠳᠠ ᠶᠢᠨ ᠰᠢᠬᠦᠬᠦ ᠬᠤᠷᠢᠶ᠎ᠠ ᠡᠯ᠎ᠠ ᠲᠦᠷᠦᠯ ᠦᠨ ᠬᠡᠷᠡᠭ 66143 ᠬᠡᠷᠡᠭ ᠢ ᠬᠦᠯᠢᠶᠡᠨ ᠰᠢᠢᠳᠪᠦᠷᠢᠯᠡᠵᠦ ᠂ ᠠᠳᠠᠯᠢ ᠬᠤᠭᠤᠴᠠᠭᠠᠨ ᠤ ᠠᠴᠠ 33% ᠳᠡᠭᠡᠭᠰᠢᠯᠡᠵᠦ ᠂ ᠰᠢᠬᠦᠨ ᠳᠠᠰᠤᠯᠠᠭᠰᠠᠨ(ᠰᠢᠢᠳᠪᠦᠷᠢᠯᠡᠭᠰᠡᠨ)ᠬᠡᠷᠡᠭ ᠨᠢ 45086 ᠪᠠᠢᠵᠤ ᠂ ᠰᠢᠬᠦᠵᠦ ᠳᠠᠭᠤᠰᠬᠠᠭᠰᠠᠨ ᠨᠤᠷᠮ᠎ᠠ ᠨᠢ 68%᠃ ᠡᠬᠦᠨ ᠦ ᠲᠤᠮᠳᠠ ᠂ ᠬᠤᠳᠠ ᠶᠢᠨ ᠳᠤᠮᠳᠠ ᠵᠡᠷᠬᠡ ᠶᠢᠨ ᠰᠢᠬᠦᠬᠦ ᠬᠤᠷᠢᠶᠠᠨ ᠤ ᠬᠦᠯᠢᠶᠡᠨ ᠰᠢᠢᠳᠪᠦᠷᠢᠯᠡᠭᠰᠡᠨ ᠡᠯ᠎ᠠ ᠲᠦᠷᠦᠯ ᠦᠨ ᠬᠡᠷᠡᠭ ᠨᠢ 5825᠂ ᠠᠳᠠᠯᠢ ᠬᠤᠭᠤᠴᠠᠭᠠᠨ ᠤ ᠠᠴᠠ 13% ᠳᠡᠭᠡᠭᠰᠢᠯᠡᠵᠦ ᠂ ᠰᠢᠬᠦᠨ ᠳᠠᠰᠤᠯᠠᠭᠰᠠᠨ(ᠰᠢᠢᠳᠪᠦᠷᠢᠯᠡᠭᠰᠡᠨ)ᠨᠢ 4674 ᠬᠡᠷᠡᠭ ᠪᠠᠢᠵᠤ ᠂ ᠰᠢᠬᠦᠨ ᠳᠠᠰᠤᠯᠠᠭᠰᠠᠨ ᠨᠤᠷᠮ᠎ᠠ ᠨᠢ 80%᠃ 2014 ᠤᠨ ᠳᠤ ᠂ ᠪᠦᠬᠦ ᠬᠤᠳᠠ ᠶᠢᠨ ᠰᠢᠬᠦᠬᠦ ᠬᠤᠷᠢᠶᠠᠨ ᠤ ᠬᠦᠯᠢᠶᠡᠨ ᠰᠢᠳᠪᠦᠷᠢᠯᠡᠬᠦ ᠬᠡᠷᠡᠭ ᠦᠨ ᠶᠡᠷᠦᠩᠬᠡᠢ ᠬᠠᠷᠠᠯᠲᠠ ᠨᠢ 296 ᠳ᠋ᠦᠩᠰᠢᠭᠤᠷ ᠢᠯᠡᠭᠦᠦ ᠲᠦᠬᠦᠷᠢᠭ ᠃ ᠪᠦᠬᠦ ᠬᠤᠳᠠ ᠶᠢᠨ ᠬᠦᠮᠦᠨ ᠠᠮᠤ ᠬᠢᠬᠡᠳ ᠬᠡᠷᠡᠭ ᠦᠨ ᠬᠠᠷᠢᠴᠠᠯ ᠨᠢ 29᠄ 1 ᠪᠠᠢᠵᠤ ᠂ ᠳᠤᠰᠪᠦᠷᠢ ᠪᠦᠬᠦ ᠤᠷᠤᠨ ᠂ ᠪᠦᠬᠦ ᠤᠯᠤᠰ ᠤᠨ 2.5 ᠳᠠᠬᠢᠨ ᠪᠠ 3ᠳᠠᠬᠢᠨ᠃ ᠪᠦᠬᠦ ᠬᠤᠳᠠ ᠶᠢᠨ ᠰᠢᠭᠦᠭᠴᠢ ᠶᠢᠨ ᠬᠦᠮᠦᠨ ᠪᠦᠷᠢ ᠶᠢᠨ ᠬᠡᠷᠡᠭ ᠰᠢᠳᠪᠦᠷᠢᠯᠡᠭᠰᠡᠨ ᠨᠢ 185 ᠪᠠᠢᠵᠤ ᠂ ᠳᠤᠰᠪᠤᠷᠢ ᠪᠦᠬᠦ ᠤᠷᠤᠨ ᠂ ᠪᠦᠬᠦ ᠤᠯᠤᠰ ᠤᠨ 3ᠳᠠᠬᠢᠨ ᠪᠠ 2.5 ᠳᠠᠬᠢᠨ ᠪᠠᠢᠳᠠᠭ ᠃ ᠵᠢᠯ ᠦᠨ ᠡᠴᠦᠰ ᠂ ᠦᠪᠡᠷᠲᠡᠭᠡᠨ ᠵᠠᠰᠠᠬᠤ ᠤᠷᠤᠨ ᠤ ᠳᠡᠭᠡᠳᠦ ᠳᠡᠰ ᠦᠨ ᠰᠢᠬᠦᠬᠦ ᠬᠤᠷᠢᠶᠠᠨ ᠠᠴᠠ ᠪᠦᠬᠦ ᠤᠷᠤᠨ ᠤ ᠳᠤᠮᠳᠠ ᠵᠡᠷᠬᠡ ᠶᠢᠨ ᠰᠢᠬᠦᠬᠦ ᠬᠤᠷᠢᠶᠠᠨ ᠤ ᠬᠠᠷᠠᠯᠲᠠ ᠶᠢᠨ ᠬᠠᠷᠢᠭᠤᠴᠠᠯᠭ᠎ᠠ ᠶᠢᠨ ᠬᠢᠨᠠᠨ ᠪᠠᠢᠴᠠᠭᠠᠯᠲᠠ ᠳᠤ ᠤᠷᠳᠤᠰ ᠤᠨ ᠳᠤᠮᠳᠠ ᠵᠡᠷᠬᠡ ᠶᠢᠨ ᠰᠢᠬᠦᠬᠦ ᠬᠤᠷᠢᠶ᠎ᠠ ᠨᠢᠭᠡᠳᠦᠬᠡᠷ ᠳᠡᠰ ᠲᠦ ᠤᠷᠤᠵᠤ ᠂ ᠪᠦᠬᠦ ᠤᠷᠤᠨ ᠤ ᠴᠤᠷ ᠤᠨ ᠭᠠᠭᠴᠠ 4ᠵᠢᠯ ᠦᠷᠬᠦᠯᠵᠢᠯᠡᠨ ᠨᠢᠭᠡᠳᠦᠭᠡᠷ ᠳᠡᠰ ᠦᠨ ᠱᠠᠩᠨᠠᠯ ᠤᠯᠤᠭᠰᠠᠨ ᠳᠤᠮᠳᠠ ᠵᠡᠷᠬᠡ ᠶᠢᠨ ᠰᠢᠬᠦᠬᠦ ᠬᠤᠷᠢᠶ᠎ᠠ ᠪᠤᠯᠤᠨ᠎ᠠ ᠃