ᠰᠦᠯᠵᠢᠶᠡᠨ ᠦ ᠮᠡᠳᠡᠭᠡ ᠵᠠᠩᠬᠢ ᠶᠢᠨ ᠠᠯᠪᠠᠨ ᠭᠡᠷ ᠄ ᠬᠢᠨᠠᠯᠲᠠ ᠲᠠᠯᠪᠢᠬᠤ ᠪᠠᠨ ᠴᠢᠩᠭᠠᠳᠬᠠᠵᠤ ᠬᠤᠳᠠᠯ ᠬᠠᠭᠤᠷᠮᠠᠭ ᠦᠨᠡᠨ ᠢᠶᠡᠨ ᠠᠯᠳᠠᠭᠰᠠᠨ ᠰᠤᠨᠢᠨ ᠮᠡᠳᠡᠭᠡ ᠶᠢ ᠴᠢᠩᠭ᠎ᠠ ᠪᠠᠢᠴᠠᠭᠠᠨ ᠰᠢᠢᠳᠪᠦᠷᠢᠯᠡᠨ᠎ᠠ
ᠡᠨ᠋ᠡ ᠣᠳ᠋ᠠᠭᠠᠨ ᠦ ᠬᠢᠷᠢ ᠬᠡᠮ ᠦᠨ ᠰᠢᠯᠭᠠᠯᠲᠠ ᠨᠢ ᠤᠯᠤᠰ ᠤᠨ ᠪᠠᠷᠢᠮᠵᠢᠶᠠᠲᠤ ᠰᠢᠯᠭᠠᠯᠲᠠ ᠶᠢᠨ ᠶᠠᠪᠤᠴᠠ ᠪᠠ ᠱᠠᠭᠠᠷᠳ᠋ᠠᠯᠭ᠎ᠠ ᠶᠣᠰᠣᠭᠠᠷ ᠲᠥ᠋ᠪ ᠴᠢᠩᠭ᠎ᠠ ᠶᠠᠪᠤᠭᠳ᠋ᠠᠭᠤᠯᠤᠭᠰᠠᠨ ᠪᠠᠢᠨ᠎ᠠ ᠂ ᠰᠢᠭᠦᠭᠴᠢ ᠶᠢᠨ ᠰᠢᠭᠦᠨ ᠳᠠᠰᠤᠯᠠᠬᠤ ᠡᠭᠦᠷᠬᠡ ᠳᠤᠰᠢᠶᠠᠯ ᠢᠶᠡᠨ ᠭᠦᠢᠴᠡᠳᠬᠡᠬᠦ ᠳᠤ ᠪᠦᠷᠢᠯᠳ᠋ᠡᠭᠦᠯᠬᠦ ᠶᠣᠰᠣᠲᠠᠢ ᠲᠣᠰᠬᠠᠢ ᠮᠡᠷᠭᠡᠵᠢᠯ ᠦᠨ ᠮᠡᠳ᠋ᠡᠯᠭᠡ ᠂ ᠬᠡᠷᠡᠭ᠌ ᠰᠢᠢᠳᠪᠦᠷᠢᠯᠡᠬᠦ ᠴᠢᠳ᠋ᠠᠪᠤᠷᠢ ᠵᠡᠷᠭᠡ ᠶᠢ ᠭᠣᠣᠯᠳ᠋ᠠᠯᠭ᠎ᠠ ᠲᠡᠢ ᠰᠢᠯᠭᠠᠨ ᠪᠠᠢᠴᠠᠭᠠᠵᠠᠢ ᠃ ᠪᠢᠷ ᠦᠨ ᠰᠢᠯᠭᠠᠯᠲᠠ ᠳᠤ ᠣᠨ᠋ᠤᠯ ᠤᠨ ᠮᠡᠳ᠋ᠡᠯᠭᠡ ᠂ ᠬᠡᠷᠡᠭ᠌ ᠦᠨ ᠵᠢᠱᠢᠶᠡᠨ ᠦ ᠵᠠᠳ᠋ᠠᠯᠤᠯᠲᠠ ᠂ ᠳᠠᠰᠤᠯᠤᠨ ᠳᠤᠭᠲᠠᠭᠠᠯᠲᠠ ᠶᠢᠨ ᠪᠢᠴᠢᠭ᠌ ᠬᠠᠷ᠎ᠠ ᠵᠤᠬᠢᠶᠠᠬᠤ ᠵᠡᠷᠭᠡ ᠶᠢ ᠪᠠᠭᠳ᠋ᠠᠭᠠᠵᠠᠢ ᠃ ᠰᠢᠯᠭᠠᠯᠲᠠ ᠶᠢᠨ ᠰᠤᠷᠳ᠋ᠠᠯ ᠰᠢᠯᠭᠠᠯᠲᠠ ᠶᠢᠨ ᠰᠠᠬᠢᠯᠭ᠎ᠠ ᠪᠠᠲᠤ ᠶᠢ ᠲᠥ᠋ᠪ ᠴᠢᠩᠭ᠎ᠠ ᠪᠤᠯᠭᠠᠬᠤ ᠶᠢᠨ ᠲᠦ᠋ᠯᠥᠭᠡ ᠦᠪᠡᠷᠲᠡᠭᠡᠨ ᠵᠠᠰᠠᠬᠤ ᠣᠷᠣᠨ ᠦ ᠦᠨᠳ᠋ᠥᠷ ᠵᠡᠷᠬᠡ ᠶᠢᠨ ᠰᠢᠭᠦᠭᠦ ᠬᠤᠷᠢᠶᠠᠨ ᠠ᠋ᠴᠠ ᠤᠳ᠋ᠤᠷᠢᠳ᠋ᠤᠯᠭ᠎ᠠ ᠶᠢᠨ ᠳᠠᠭᠠᠭᠤᠯᠤᠭᠰᠠᠨ ᠰᠢᠪᠠᠳ᠋ᠠᠨ ᠵᠢᠯᠤᠭᠤᠳᠬᠤ ᠳᠣᠭᠣᠢᠯᠠᠩ ᠲᠣᠮᠢᠯᠠᠵᠤ ᠂ ᠡᠯ᠎ᠡ ᠰᠢᠯᠭᠠᠬᠤ ᠴᠢᠭ᠌ ᠲᠦ ᠣᠴᠢᠵᠤ ᠰᠢᠯᠭᠠᠨ ᠪᠠᠢᠴᠠᠭᠠᠵᠤ ᠂ ᠣᠷᠳ᠋ᠤᠰ ᠬᠤᠲᠠᠨ ᠦ ᠨᠠᠮ ᠤᠨ ᠬᠤᠷᠢᠶᠠᠨ ᠦ ᠵᠤᠬᠢᠶᠠᠨ ᠪᠠᠢᠭᠤᠯᠬᠤ ᠬᠡᠯᠲᠡᠰ ᠂ ᠤᠯᠤᠰ ᠲᠦ᠋ᠷᠥ ᠶᠢᠨ ᠬᠠᠤᠯᠢ ᠴᠠᠭᠠᠵᠠ ᠶᠢᠨ ᠬᠤᠷᠢᠶ᠎ᠠ ᠵᠡᠷᠭᠡ ᠬᠤᠯᠪᠤᠭᠳ᠋ᠠᠯ ᠪᠦᠬᠦᠢ ᠰᠠᠯᠠᠭ᠎ᠠ ᠮᠦ᠋ᠴᠢᠷ ᠦᠨ ᠤᠳ᠋ᠤᠷᠢᠳ᠋ᠤᠯᠭ᠎ᠠ ᠴᠤ ᠰᠢᠯᠭᠠᠯᠲᠠ ᠶᠢᠨ ᠡᠳ᠋ᠦᠷ ᠰᠢᠯᠭᠠᠯᠲᠠ ᠶᠢᠨ ᠲᠠᠯᠠᠪᠠᠢ ᠶᠢᠨ ᠰᠠᠬᠢᠯᠭ᠎ᠠ ᠪᠠᠲᠤ ᠶᠢ ᠬᠢᠨ᠋ᠠᠨ ᠪᠠᠢᠴᠠᠭᠠᠭᠰᠠᠨ ᠪᠠᠢᠨ᠎ᠠ ᠃
ᠲᠤᠰ ᠤᠳ᠋ᠠᠭᠠᠨ ᠦ ᠰᠢᠭᠦᠭᠴᠢ ᠶᠢᠨ ᠲᠣᠭᠠᠨ ᠳ᠋ᠤ ᠣᠷᠣᠭᠣᠯᠬᠤ ᠰᠢᠯᠭᠠᠯᠲᠠ ᠪᠣᠯ ᠮᠠᠨ ᠦ ᠣᠷᠤᠨ ᠦ ᠰᠢᠭᠦᠬᠦ ᠬᠤᠷᠢᠶᠠᠨ ᠦ ᠰᠢᠰᠲ᠋ᠦᠮ ᠦᠨ ᠰᠢᠭᠦᠭᠴᠢ ᠶᠢᠨ ᠠᠵᠢᠯᠲᠠᠨ ᠦ ᠲᠣᠭᠠᠨ ᠦ ᠳᠥ᠋ᠷᠢᠮ ᠦᠨ ᠦᠭᠡᠷᠡᠴᠢᠯᠡᠯᠲᠡ ᠶᠢᠨ ᠠᠵᠢᠯ ᠤᠨ ᠴᠢᠬᠤᠯᠠ ᠵᠠᠩᠭᠢᠯᠭ᠎ᠠ ᠮᠦ᠋ᠨ ᠂ ᠤᠯᠤᠰ ᠲᠥ᠋ᠷᠥ ᠶᠢᠨ ᠬᠡᠪ ᠴᠢᠨ᠋ᠠᠷ ᠦᠨᠳ᠋ᠦᠷ ᠂ ᠳᠤᠬᠠᠢᠯᠠᠭᠰᠠᠨ ᠠᠵᠢᠯ ᠤᠨ ᠴᠢᠳ᠋ᠠᠪᠤᠷᠢ ᠴᠢᠩᠭ᠎ᠠ ᠂ ᠠᠷᠢᠭᠣᠨ ᠴᠢᠭᠴᠢ ᠪᠡᠶ᠎ᠡ ᠪᠡᠨ ᠪᠠᠷᠢᠬᠤ ᠴᠢᠩᠭ᠎ᠠ ᠂ ᠠᠵᠢᠯ ᠤᠨ ᠦᠷ᠎ᠡ ᠪᠦᠲᠥᠮᠵᠢ ᠳᠣᠪᠤᠢᠮ᠎ᠠ ᠰᠢᠯᠢᠳ᠋ᠡᠭ᠌ ᠰᠢᠭᠦᠭᠴᠢ ᠶᠢ ᠰᠢᠯᠢᠨ ᠰᠤᠩᠭᠤᠵᠤ ᠲᠣᠭᠠᠨ ᠳᠤ ᠣᠷᠣᠭᠰᠠᠨ ᠰᠢᠭᠦᠭᠴᠢ ᠶᠢᠨ ᠡᠩᠨ᠋ᠡᠭᠡᠨ ᠳᠤ ᠣᠷᠣᠭᠣᠯᠬᠣ ᠠᠯᠬᠤᠮ ᠳᠠᠷᠠᠭ᠎ᠠ ᠮᠥ᠋ᠨ ᠂ ᠲᠣᠭᠠᠨ ᠳᠤ ᠣᠷᠣᠭᠰᠠᠨ ᠰᠢᠭᠦᠭᠴᠢ ᠨᠢ ᠦᠨ᠋ᠡᠨ ᠬᠦ ᠨᠡᠢᠭᠡᠮ ᠦᠨ ᠲᠥ᠋ᠪ ᠭᠣᠣᠯᠴᠢ ᠶᠢ ᠬᠠᠮᠠᠭᠠᠯᠠᠵᠤ ᠂ ᠬᠠᠣᠯᠢ ᠴᠠᠭᠠᠵᠠ ᠶᠢᠨ ᠢᠳ᠋ᠡᠭᠡᠭᠦᠯᠬᠦ ᠬᠦᠴᠦᠨ ᠢ ᠳᠡᠭᠡᠭᠰᠢᠯᠡᠭᠦᠯᠬᠦ ᠶᠢ ᠠᠬᠢᠭᠤᠯᠬᠤ ᠡᠭᠦᠷᠭᠡ ᠬᠠᠷᠢᠭᠤᠴᠠᠯᠭ᠎ᠠ ᠲᠡᠢ ᠪᠤᠯᠭᠠᠨ᠎ᠠ ᠃
ᠦᠨᠡᠯᠡᠬᠦ 0ᠦᠨᠡᠯᠡᠯᠲᠡ᠎ᠲᠠᠢ