ᠯᠢᠩ ᠵᠢᠢ ᠬᠤᠸᠠ  ᠶᠢ ᠨᠢᠭᠡᠳᠤᠭᠡᠷ ᠰᠢᠭᠦᠯᠲᠡ ᠳᠦ ᠬᠤᠭᠤᠴᠠᠭ᠎ᠠ ᠦᠭᠡᠢ ᠬᠤᠷᠢᠬᠤ ᠰᠢᠳᠬᠡᠯ ᠢᠶᠡᠷ ᠰᠢᠳᠬᠡᠪᠡ
2016.07.05 ᠲᠣᠰ ᠥᠷᠲᠡᠭᠡᠨ᠎ᠦ ᠨᠠᠢᠷᠠᠭᠤᠯᠤᠭᠴᠢ

 

 

2016᠎   ᠤᠨ ᠤ7᠎ ᠰᠠᠷ᠎ᠠ ᠶᠢᠨ4᠎ ᠤ ᠡᠳᠦᠷ ᠂ ᠲᠢᠶᠠᠨᠵᠢᠨ ᠬᠣᠲᠠ  ᠶᠢᠨ ᠨᠢᠭᠡᠳᠦᠭᠡᠷ ᠠᠷᠠᠳ ᠤᠨ ᠳᠤᠮᠳᠠ ᠵᠡᠷᠭᠡ ᠶᠢᠨ ᠰᠢᠭᠦᠬᠦ ᠬᠣᠷᠢᠶ᠎ᠠ ᠬᠠᠤᠯᠢ ᠶᠣᠰᠣᠭᠠᠷ  ᠤᠤᠯ ᠤᠨ ᠤᠯᠤᠰ ᠲᠦᠷᠦ ᠶᠢᠨ ᠵᠥᠪᠯᠡᠯᠭᠡᠨ ᠦ ᠠᠷᠪᠠᠨ ᠬᠣᠶᠠᠳᠤᠭᠠᠷ ᠬᠤᠭᠤᠴᠠᠭᠠᠨ ᠤ ᠪᠦᠬᠦ ᠤᠯᠤᠰ ᠤᠨ ᠬᠣᠷᠢᠶᠠᠨ ᠤ ᠳᠡᠳ᠋ ᠲᠡᠷᠢᠭᠦᠯᠡᠭᠴᠢ ᠂ ᠡᠪ ᠬᠠᠮᠲᠪ ᠨᠠᠮ ᠤᠨ ᠲᠥᠪ ᠬᠣᠷᠢᠶᠠᠨ ᠤ ᠨᠢᠭᠡᠳᠦᠮᠡᠯ ᠹᠷᠣᠨᠲ᠋ ᠤᠨ ᠬᠡᠯᠲᠡᠰ ᠦᠨ ᠤᠤᠯ ᠤᠨ ᠳᠠᠷᠤᠭ᠎ᠠ ᠯᠢᠩ ᠵᠢᠶ ᠬᠤᠸᠠ  ᠶᠢᠨ ᠬᠡᠭᠡᠯᠢ ᠢᠳᠡᠭᠰᠡᠨ ᠂ ᠬᠠᠤᠯᠢ ᠪᠤᠰᠤ ᠪᠠᠷ ᠤᠯᠤᠰ ᠤᠨ ᠨᠢᠭᠤᠴᠠ ᠶᠢ ᠣᠯᠤᠭᠰᠠᠨ ᠂ ᠡᠷᠬᠡ ᠲᠤᠰᠢᠶᠠᠯ ᠢᠶᠠᠨ ᠳᠤᠷ᠎ᠠ ᠪᠠᠷ ᠢᠶᠠᠨ ᠬᠡᠷᠡᠭᠯᠡᠭᠰᠡᠨ  ᠲᠤᠬᠠᠢ ᠬᠡᠷᠡᠭ ᠦᠨ ᠨᠢᠭᠡᠳᠦᠭᠡᠷ ᠰᠢᠭᠦᠯᠲᠡ  ᠶᠢᠨ ᠲᠠᠰᠤᠯᠤᠯᠲᠠ  ᠶᠢ   ᠨᠡᠢᠲᠡᠯᠡᠵᠦ᠂ ᠯᠢᠩ ᠵᠢᠶ ᠬᠤᠸᠠ ᠬᠡᠭᠡᠯᠢ ᠢᠳᠡᠭᠰᠡᠨ ᠶᠠᠯ᠎ᠠ ᠪᠡᠷ ᠲᠣᠭᠲᠠᠭᠠᠬᠤ ᠂ ᠬᠤᠭᠤᠴᠠᠭ᠎ᠠ ᠦᠭᠡᠢ ᠬᠣᠷᠢᠬᠤ ᠶᠠᠯ᠎ᠠ ᠪᠠᠷ ᠰᠢᠳᠬᠡᠵᠦ ᠂ ᠤᠯᠤᠰ ᠲᠥᠷᠦ ᠶᠢᠨ ᠡᠷᠬᠡ ᠶᠢ ᠨᠢ ᠨᠠᠰᠤᠨ ᠲᠤᠷᠰᠢ ᠳᠤᠨᠢ ᠬᠠᠰᠤᠵᠤ ᠂ ᠬᠤᠪᠢ ᠬᠥᠮᠦᠨ ᠦ ᠪᠦᠬᠦ ᠡᠳ᠋ ᠬᠥᠷᠥᠩᠭᠡ  ᠶᠢ ᠨᠢ ᠬᠤᠷᠢᠶᠠᠵᠤ ᠠᠪᠤᠨ᠎ᠠ ᠃ ᠤᠯᠤᠰ ᠤᠨ ᠨᠢᠭᠤᠴᠠ ᠶᠢ ᠬᠠᠤᠯᠢ ᠪᠤᠰᠤ ᠪᠠᠷ ᠣᠯᠤᠭᠰᠠᠨ ᠶᠠᠯ᠎ᠠ  ᠢ ᠨᠢ ᠲᠠᠪᠤᠨ ᠵᠢᠯ  ᠤᠨ ᠬᠤᠭᠤᠴᠠᠭ᠎ᠠ  ᠲᠠᠶ ᠬᠣᠷᠢᠬᠤ ᠪᠠᠷ ᠰᠢᠳᠬᠡᠵᠦ ᠂ ᠡᠷᠬᠡ ᠲᠤᠰᠢᠶᠠᠯ ᠢᠶᠠᠨ ᠳᠤᠷ᠎ᠠ ᠪᠠᠷ ᠢᠶᠠᠨ ᠬᠡᠷᠡᠭᠯᠡᠭᠰᠡᠨ ᠶᠠᠯ᠎ᠠ  ᠢ ᠨᠢ ᠳᠥᠷᠪᠡᠨ ᠵᠢᠯ ᠤᠨ ᠬᠤᠭᠤᠴᠠᠭ᠎ᠠ ᠲᠠᠶ ᠬᠣᠷᠢᠬᠤ ᠶᠠᠯ᠎ᠠ ᠪᠡᠷ ᠰᠢᠢᠳᠬᠡᠵᠦ ᠂  ᠰᠢᠭᠦᠬᠦ ᠬᠣᠷᠢᠶᠠᠨ ᠡᠴᠡ ᠬᠤᠭᠤᠴᠠᠭ᠎ᠠ ᠦᠭᠡᠢ ᠬᠣᠷᠢᠵᠤ᠂ ᠤᠯᠤᠰ ᠲᠥᠷᠦ ᠶᠢᠨ ᠡᠷᠬᠡ ᠶᠢ ᠨᠢ ᠨᠠᠰᠤᠨ ᠲᠤᠷᠰᠢ ᠳᠤᠨᠢ  ᠬᠠᠰᠤᠵᠤ ᠂ ᠬᠤᠪᠢ ᠬᠥᠮᠦᠨ ᠦ ᠪᠦᠬᠦ ᠡᠳ᠋ ᠬᠥᠷᠥᠩᠭᠡ  ᠶᠢ ᠨᠢ ᠬᠤᠷᠢᠶᠠᠨ ᠠᠪᠬᠤ  ᠰᠢᠢᠳᠬᠡᠯ ᠢ ᠭᠡᠷᠡᠭᠵᠢᠭᠦᠯᠬᠦ ᠪᠡᠷ ᠳᠤᠭᠲᠠᠪᠠ ᠃ ᠯᠢᠩ ᠵᠢᠶ ᠬᠤᠸᠠ  ᠲᠤᠬᠠᠢ ᠶᠢᠨ ᠲᠢᠩᠬᠢᠮ  ᠳᠤ ᠨᠢ  ᠰᠢᠭᠦᠨ ᠲᠠᠰᠤᠯᠤᠯᠲᠠ ᠶᠢ  ᠳᠠᠭᠠᠵᠤ᠂ ᠳᠡᠭᠡᠭᠰᠢ  ᠵᠠᠭᠠᠯᠲᠤᠬᠤ ᠦᠭᠡᠢ ᠭᠡᠵᠦ ᠢᠯᠡᠷᠬᠡᠢᠯᠡᠪᠡ ᠃

ᠯᠢᠩ  ᠵᠢᠢ ᠬᠤᠸᠠ ᠶᠢᠨ ᠶᠠᠯ᠎ᠠ ᠬᠢᠭᠰᠡᠨ ᠪᠣᠳᠠᠲᠤ ᠪᠠᠢᠳᠠᠯ ᠢ ᠦᠨᠳᠦᠰᠦᠯᠡᠨ ᠂  ᠬᠠᠩᠭᠠᠬᠤ ᠬᠡᠷᠡᠴᠢ ᠭᠡᠷᠡᠴᠢ ᠪᠠᠷᠢᠮᠲᠠ ᠨᠢ ᠤᠯᠤᠰ ᠤᠨ ᠨᠢᠭᠤᠴᠠ  ᠲᠠᠢ ᠬᠤᠯᠪᠤᠭᠳᠠᠵᠤ ᠪᠠᠢᠬᠤ ᠡᠴᠡ᠂ ᠲᠢᠶᠠᠨᠵᠢᠨ ᠬᠣᠲᠠ  ᠶᠢᠨ ᠨᠢᠭᠡᠳᠦᠭᠡᠷ ᠠᠷᠠᠳ ᠤᠨ ᠳᠤᠮᠳᠠ ᠵᠡᠷᠭᠡ  ᠶᠢᠨ ᠰᠢᠭᠦᠬᠦ ᠬᠣᠷᠢᠶ᠎ᠠ 2016᠎  ᠣᠨ ᠤ6᠎ ᠰᠠᠷ᠎ᠠ ᠶᠢᠨ7᠎ ᠤ ᠡᠳᠦᠷ ᠂ ᠲᠤᠰ ᠬᠡᠷᠡᠭ ᠲᠦ ᠬᠠᠤᠯᠢ ᠶᠣᠰᠣᠭᠠᠷ ᠢᠯᠡ  ᠪᠤᠰᠤ ᠪᠡᠷ ᠲᠢᠩᠬᠢᠮ ᠨᠡᠭᠡᠭᠡᠨ ᠰᠢᠭᠦᠯᠲᠡ ᠬᠢᠪᠡ ᠃ ᠰᠢᠭᠦᠨ ᠰᠢᠶᠳᠪᠦᠷᠢᠯᠡᠬᠦ ᠶᠠᠪᠤᠴᠠ ᠳᠤᠮᠳᠠ ᠂ ᠰᠢᠭᠦᠬᠦ ᠲᠢᠩᠬᠢᠮ ᠦᠨ ᠵᠠᠭᠠᠯᠳᠤᠭᠰᠠᠨ ᠪᠣᠳᠠᠲᠤ ᠬᠡᠷᠡᠭ  ᠲᠤ ᠤᠶᠠᠯᠳᠤᠭᠤᠯᠤᠨ ᠪᠠᠶᠢᠴᠠᠭᠠᠯᠲᠠ ᠬᠢᠵᠦ ᠂ ᠵᠠᠭᠠᠯᠳᠤᠬᠤ ᠪᠠ ᠥᠮᠥᠭᠯᠡᠬᠦ ᠬᠣᠶᠠᠷ ᠲᠠᠯ᠎ᠠ ᠪᠠᠷ ᠢᠶᠠᠨ ᠭᠡᠷᠡᠴᠢ  ᠳᠤᠷᠠᠳᠤᠨ᠂ ᠬᠡᠷᠡᠴᠢ ᠰᠢᠯᠭᠠᠵᠤ ᠂  ᠭᠡᠷᠡᠴᠢᠯᠡᠭᠴᠢ ᠡᠴᠡ ᠰᠣᠯᠪᠢᠴᠠᠭᠤᠯᠤᠨ ᠯᠠᠪᠯᠠᠨ ᠠᠰᠠᠭᠤᠪᠠ ᠃ ᠰᠢᠭᠦᠬᠦ ᠲᠢᠩᠬᠢᠮ  ᠤᠨ  ᠶᠣᠰᠤ ᠬᠠᠶᠠᠯᠴᠠᠬᠤ ᠱᠠᠲᠤᠨ ᠳᠤ ᠂ ᠵᠠᠭᠠᠯᠳᠤᠬᠤ ᠪᠠ ᠥᠮᠥᠭᠯᠡᠬᠦ ᠬᠣᠶᠠᠷ ᠲᠠᠯ᠎ᠠ ᠪᠠᠷ ᠢᠶᠠᠨ ᠂ ᠵᠠᠭᠠᠯᠳᠤᠭᠰᠠᠨ ᠶᠠᠯ᠎ᠠ ᠶᠢᠨ ᠪᠣᠳᠠᠲᠤ ᠪᠠᠢᠳᠠᠯ ᠂ ᠬᠠᠤᠯᠢ ᠴᠠᠭᠠᠵᠠ  ᠶᠢᠨ ᠳᠤᠬᠢᠷᠠᠭᠤᠯᠤᠨ ᠬᠡᠷᠡᠭᠯᠡᠯᠲᠡ᠂ ᠡᠷᠡᠭᠦᠦ ᠣᠨᠣᠭᠳᠠᠭᠤᠯᠬᠤ ᠵᠡᠷᠭᠡ ᠠᠰᠠᠭᠤᠳᠠᠯ ᠤᠨ ᠲᠤᠬᠠᠶ ᠰᠠᠨᠠᠯ ᠢᠶᠠᠨ ᠲᠠᠯᠪᠢᠪᠠ ᠃ ᠯᠢᠩ ᠵᠢᠶ ᠬᠤᠸᠠ  ᠶᠢᠨ ᠥᠮᠥᠭᠯᠡᠭᠴᠢ ᠶᠢᠨ ᠳᠤᠷᠠᠳᠤᠭᠰᠠᠨ ᠪᠣᠳᠠᠲᠤ ᠪᠠᠶᠢᠳᠠᠯ ᠲᠠᠶ  ᠨᠡᠢᠴᠡᠭᠰᠡᠨ ᠂ ᠬᠠᠤᠯᠢ ᠴᠠᠭᠠᠵᠠ ᠶᠢᠨ ᠦᠨᠳᠦᠰᠦᠯᠡᠯ ᠲᠡᠶ ᠥᠮᠥᠭᠯᠡᠬᠦ ᠰᠠᠨᠠᠯ ᠢ ᠰᠢᠭᠦᠬᠦ ᠲᠢᠩᠬᠢᠮ ᠦᠨ ᠬᠦᠯᠢᠶᠡᠨ  ᠠᠪᠤᠪᠠ᠃

 ᠲᠢᠩᠬᠢᠮ ᠦᠨ ᠰᠢᠭᠦᠯᠲᠡ ᠳᠦ ᠂ ᠰᠢᠭᠦᠬᠦ ᠲᠢᠩᠬᠢᠮ ᠡᠴᠡ ᠭᠡᠷᠡᠴᠢᠯᠡᠭᠴᠢ ᠯᠦᠦ ᠵᠥᠩ ᠹᠦ᠋ ᠂ ᠰᠦᠢ ᠰᠢᠶᠣᠤ ᠢᠦᠢ ᠵᠡᠷᠭᠡ  ᠶᠢ  ᠳᠠᠭᠤᠳᠠᠵᠤ ᠰᠢᠭᠦᠯᠲᠡ ᠳᠦ ᠣᠷᠣᠯᠴᠠᠵᠤ  ᠬᠡᠷᠡᠴᠢᠯᠡᠭᠦᠯᠪᠡ᠂ ᠲᠤᠬᠠᠢ ᠶᠢᠨ  ᠲᠢᠩᠬᠢᠮ ᠳᠤ ᠨᠢ ᠯᠢᠩ ᠵᠢᠢ ᠬᠤᠸᠠ ᠶᠢ ᠭᠤᠶᠤᠴᠢᠯᠠᠵᠤ ᠪᠠᠢᠭᠠᠳ ᠲᠡᠭᠦᠨ  ᠤ ᠠᠰᠢᠭ ᠤᠯᠬᠤ ᠳᠤ ᠨᠢ ᠬᠠᠪᠰᠤᠷᠤᠮᠵᠢ  ᠬᠦᠷᠲᠡᠭᠡᠭᠰᠡᠨ ᠢ ᠬᠡᠷᠡᠴᠢᠯᠡᠭᠦᠯᠵᠦ᠂  ᠪᠠᠰᠠ ᠯᠢᠩ ᠵᠢᠶ ᠬᠤᠸᠠ ᠪᠤᠶᠤ ᠲᠡᠭᠦᠨ ᠦ ᠡᠬᠡᠨᠡᠷ ᠬᠥ᠋ ᠯᠢ ᠫᠢᠩ  ᠳᠤ ᠬᠡᠭᠡᠯᠢ ᠲᠦᠯᠬᠢᠭᠰᠡᠨ ᠪᠣᠳᠠᠲᠤ ᠶᠠᠪᠤᠳᠠᠯ  ᠤᠨ ᠲᠤᠬᠠᠢ᠂ ᠠᠯᠪᠠᠨ ᠵᠠᠭᠠᠯᠳᠤᠭᠴᠢ ᠂ ᠥᠮᠥᠭᠯᠡᠭᠴᠢ ᠬᠣᠯᠪᠣᠭᠳᠠᠯ ᠪᠦᠬᠦᠢ ᠪᠣᠳᠠᠲᠤ ᠬᠡᠷᠡᠭ ᠪᠠ ᠨᠠᠷᠢᠨ ᠵᠦᠢᠯ ᠢ ᠨᠢ ᠭᠡᠷᠡᠴᠢᠯᠡᠭᠴᠢ ᠡᠴᠡ ᠯᠠᠪᠯᠠᠨ ᠠᠰᠠᠭᠤᠪᠠ᠃ ᠠᠯᠪᠠᠨ ᠵᠠᠭᠠᠯᠳᠤᠯᠭ᠎ᠠ ᠶᠢᠨ ᠪᠠᠶᠢᠭᠤᠯᠤᠯᠭ᠎ᠠ ᠠᠴᠠ ᠭᠡᠷᠡᠴᠢᠯᠡᠭᠴᠢ ᠬᠥ᠋ ᠯᠢ ᠫᠢᠩ ᠂ ᠫᠠᠨ ᠢ ᠶᠠᠩ ᠵᠡᠷᠭᠡ  ᠬᠥᠮᠦᠰ ᠤᠨ ᠬᠡᠷᠡᠴᠢᠯᠡᠬᠡ ᠬᠢᠭᠰᠡᠨ ᠳᠦᠷᠰᠦ ᠰᠢᠩᠭᠡᠭᠡᠯᠲᠠ ᠶᠢ ᠲᠠᠯᠪᠢᠵᠤ ᠂  ᠡᠭᠦᠨ ᠤ ᠬᠠᠮᠲᠤ ᠤᠯᠠᠨ ᠵᠠᠭᠤᠴᠢᠲᠤ ᠰᠢᠰᠲ᠋ᠧᠮ ᠢᠶᠡᠷ ᠳᠠᠮᠵᠢᠭᠤᠯᠵᠤ᠂ ᠯᠢᠩ ᠵᠢᠶ ᠬᠤᠸᠠ ᠶᠢ ᠵᠠᠭᠠᠯᠳᠤᠭᠰᠠᠨ ᠬᠡᠷᠡᠭ ᠨᠢᠭᠡᠪᠦᠷᠢ ᠶᠢᠨ ᠪᠣᠳᠠᠲᠤ  ᠪᠠᠢᠳᠠᠯ ᠤᠨ ᠲᠤᠬᠠᠢ ᠂ ᠬᠣᠯᠪᠣᠭᠳᠠᠯ ᠪᠦᠬᠦᠢ ᠭᠡᠷᠡᠴᠢᠯᠡᠭᠴᠢ ᠶᠢᠨ ᠭᠡᠷᠡᠴᠢ ᠦᠭᠡ ᠂ ᠪᠢᠴᠢᠭ ᠭᠡᠷᠡᠴᠢ ᠂ ᠪᠣᠳᠠᠰ ᠤᠨ ᠭᠡᠷᠡᠴᠢ ᠶᠢᠨ ᠭᠡᠷᠡᠯ ᠵᠢᠷᠤᠭ ᠂ ᠰᠢᠯᠭᠠᠨ ᠲᠣᠭᠲᠠᠭᠠᠭᠰᠠᠨ ᠰᠠᠨᠠᠯ ᠵᠡᠷᠭᠡ ᠭᠡᠷᠡᠴᠢ ᠪᠠᠷᠢᠮᠲᠠ  ᠶᠢ ᠨᠢᠭᠡᠳ ᠨᠢᠭᠡ ᠪᠡᠷ ᠳᠡᠯᠭᠡᠨ ᠦᠵᠡᠭᠦᠯᠵᠦ ᠂ ᠵᠢᠴᠢ ᠯᠢᠩ ᠵᠢᠶ ᠬᠤᠸᠠ  ᠶᠢᠨ ᠥᠪᠡᠷ ᠦᠨ ᠬᠢᠨᠢ ᠥᠴᠢᠭᠯᠡᠯ ᠂ ᠪᠦᠷᠢᠨ ᠪᠦᠲᠦᠨ ᠭᠡᠷᠡᠴᠢ ᠶᠢᠨ ᠬᠡᠯᠬᠢᠶ᠎ᠡ ᠶᠢ ᠪᠤᠢ  ᠪᠣᠯᠵᠤ᠂ ᠯᠢᠩ ᠵᠢᠶ ᠬᠤᠸᠠ ᠡᠭᠦᠷᠭᠡ ᠲᠤᠰᠢᠶᠠᠯ ᠤᠨ ᠢᠶᠠᠨ ᠲᠤᠢᠬᠦᠮ ᠢ ᠠᠰᠢᠭᠯᠠᠵᠤ ᠂ ᠯᠦᠦ ᠵᠥᠩ ᠹᠦ᠋ ᠵᠢᠴᠢ ᠲᠡᠭᠦᠨ ᠦ ᠬᠦᠦ  ᠳᠤ ᠠᠰᠢᠭ ᠲᠤᠰᠠ  ᠣᠯᠵᠤ ᠥᠭᠬᠦ ᠪᠡᠷ ᠠᠮᠠᠯᠳᠤᠵᠤ ᠂ ᠯᠦᠦ ᠵᠥᠩ ᠹᠦ᠋ ᠡᠴᠡ ᠲᠤᠰᠠᠭᠠᠷ ᠢᠶᠠᠨ ᠪᠤᠶᠤ ᠬᠥ᠋ ᠯᠢ ᠫᠢᠩ ᠲᠠᠢ ᠬᠠᠮᠲᠤ ᠪᠠᠷ ᠱᠠᠭᠠᠷᠳᠤᠬᠤ ᠪᠤᠶᠥ ᠬᠦᠯᠢᠶᠠᠨ ᠠᠪᠤᠭᠰᠠᠨ ᠮᠥᠩᠭᠦ ᠪᠣᠳᠠᠰ ᠨᠡᠢᠲᠠ1465᠎ ᠭᠠᠷᠤᠢ ᠲᠦᠮᠡᠨ  ᠲᠥᠭᠦᠷᠢᠭ᠃  ᠰᠦᠢ ᠰᠢᠶᠣᠤ ᠢᠦᠢ  ᠶᠢᠨ ᠠᠰᠢᠭ ᠲᠤᠰᠠ ᠣᠯᠭᠣᠵᠤ ᠂ ᠲᠣᠳᠣᠷᠬᠠᠶ ᠮᠡᠳᠡᠵᠦ ᠪᠠᠶᠢᠭᠠᠳ ᠬᠥ᠋ ᠯᠢ ᠫᠢᠩ   ᠤᠨ ᠰᠦᠢ ᠰᠢᠶᠣᠤ ᠢᠦᠢ ᠶᠢᠨ ᠥᠭᠭᠦᠭᠰᠡᠨ ᠵᠣᠭᠣᠰ ᠮᠥᠩᠭᠥ ᠡᠳ᠋ ᠪᠣᠳᠠᠰ ᠢ ᠬᠦᠯᠢᠶᠡᠨ  ᠠᠪᠬᠤ ᠶᠢ ᠵᠦᠪᠰᠢᠶᠠᠷᠡᠵᠦ  ᠨᠡᠢᠯᠡᠭᠦᠯᠵᠦ ᠪᠣᠳᠤᠪᠠᠯ ᠠᠷᠠᠳ ᠤᠨ ᠵᠣᠭᠣᠰ ᠢᠶᠠᠷ 1438᠎ ᠲᠦᠮᠡᠨ ᠲᠥᠭᠥᠷᠢᠭ ᠃ ᠫᠠᠨ ᠢ ᠶᠠᠩ   ᠳᠤ ᠠᠰᠢᠭ ᠲᠤᠰᠠ  ᠣᠯᠭᠤᠵᠤ ᠂ ᠲᠤᠰᠠᠭᠠᠷ   ᠢᠶᠡᠨ ᠬᠦᠯᠢᠶᠡᠨ  ᠠᠪᠤᠭᠰᠠᠨ᠂ ᠲᠣᠳᠣᠷᠬᠠᠶ ᠮᠡᠳᠡᠵᠦ ᠪᠠᠶᠢᠭᠠᠳ ᠬᠥ᠋ ᠯᠢ ᠫᠢᠩ ᠤᠨ ᠫᠠᠨ ᠢ ᠶᠠᠩ ᠡᠴᠡ ᠬᠦᠷᠭᠡᠭᠰᠡᠨ ᠡᠳ᠋ ᠮᠥᠩᠭᠦ ᠶᠢ ᠬᠦᠯᠢᠶᠡᠠ ᠠᠪᠬᠤ ᠶᠢ ᠵᠥᠪᠰᠢᠶᠡᠷᠡᠵᠦ᠂  ᠨᠡᠢᠯᠡᠭᠦᠯᠵᠦ  ᠪᠣᠳᠤᠪᠠᠯ ᠠᠷᠠᠳ ᠤᠨ ᠵᠣᠭᠣᠰ ᠢᠶᠠᠷ761  ᠭᠠᠷᠤᠢ ᠲᠦᠮᠡᠨ ᠲᠥᠭᠥᠷᠢᠭ ᠃ ᠸᠧᠶ  ᠰᠢᠨ  ᠤ ᠪᠠᠶᠢᠭ᠎ᠠ  ᠪᠠᠢᠭᠤᠯᠭ᠎ᠠ ᠨᠢᠭᠡᠴᠢ  ᠳᠤ ᠠᠰᠢᠭ ᠲᠤᠰᠠ ᠣᠯᠭᠣᠵᠤ ᠂ ᠲᠡᠭᠦᠨ ᠦ ᠬᠥᠪᠡᠭᠦᠨ ᠯᠢᠩ  ᠬᠥ᠋ ᠂ ᠸᠧᠶ ᠰᠢᠨ ᠵᠡᠷᠭᠡ ᠬᠥᠮᠦᠰ  ᠡᠴᠡ ᠵᠣᠭᠣᠰ ᠮᠥᠩᠭᠥ ᠡᠳ᠋ ᠪᠣᠳᠠᠰ ᠨᠡᠬᠡᠵᠦ ᠠᠪᠤᠭᠰᠠᠨ ᠬᠡᠷᠡᠭ ᠦᠨ ᠪᠠᠶᠢᠳᠠᠯ ᠢ  ᠨᠢ ᠮᠡᠳᠡᠭᠰᠡᠨ ᠤ ᠳᠠᠷᠠᠭ᠎ᠠ ᠪᠤᠴᠠᠭᠠᠨ ᠥᠭᠭᠦᠭᠰᠡᠨ ᠦᠭᠡᠢ᠂   ᠬᠦᠯᠢᠶᠡᠨ ᠠᠪᠤᠭᠰᠠᠨ ᠪᠤᠶᠤ ᠱᠠᠭᠠᠷᠳᠤᠵᠤ ᠪᠠᠢᠭᠠᠳ ᠸᠧᠶ ᠰᠢᠨ ᠵᠡᠷᠭᠡ  ᠬᠥᠮᠦᠰ ᠤᠨ ᠥᠭᠭᠦᠭᠰᠡᠨ ᠵᠣᠭᠣᠰ ᠮᠥᠩᠭᠥ ᠡᠳ᠋ ᠪᠣᠳᠠᠰ ᠢ ᠨᠢ ᠨᠡᠶᠢᠯᠡᠭᠦᠯᠪᠡᠯ ᠠᠷᠠᠳ ᠤᠨ ᠵᠣᠭᠣᠰ 643᠎ ᠭᠠᠷᠥᠢ ᠲᠤᠮᠡᠨ ᠲᠥᠭᠥᠷᠢᠭ ᠃ ᠯᠢ ᠴᠦᠨ ᠴᠧᠩ ᠳᠤ ᠠᠰᠢᠭ ᠲᠤᠰᠠ  ᠣᠯᠭᠤᠵᠤ ᠂ ᠣᠳᠣᠷᠬᠠᠶ ᠮᠡᠳᠡᠵᠦ ᠪᠠᠶᠢᠭᠠᠳ ᠬᠥ᠋ ᠯᠢ ᠫᠢᠩ ᠤᠨ ᠯᠢ ᠴᠦᠨ ᠴᠧᠩ  ᠡᠴᠡ ᠥᠭᠭᠦᠭᠰᠡᠨ ᠧᠦ᠋ᠷᠣᠫᠠ ᠵᠣᠭᠣᠰ ᠬᠦᠯᠢᠶᠡᠨ ᠠᠪᠬᠤ ᠶᠢ ᠵᠦᠪᠰᠢᠶᠠᠷᠡᠵᠦ ᠠᠷᠠᠳ ᠤᠨ ᠵᠣᠭᠣᠰ ᠪᠣᠯᠭᠠᠨ ᠨᠤᠭᠤᠯᠤᠨ  ᠪᠣᠳᠤᠪᠠᠯ89᠎ ᠭᠠᠷᠤᠢ ᠲᠦᠮᠡᠨ ᠲᠥᠭᠥᠷᠢᠭ ᠃  ᠪᠠᠢ ᠡᠸᠨ ᠫᠸᠢ  ᠳᠤ ᠠᠰᠢᠭ ᠲᠤᠰᠠ ᠣᠯᠭᠣᠵᠤ ᠂  ᠪᠠᠢ ᠡᠸᠨ ᠫᠸᠢ ᠶᠢᠨ ᠥᠭᠭᠦᠭᠰᠡᠨ ᠵᠣᠭᠣᠰ ᠮᠥᠩᠭᠥ ᠡᠳ᠋ ᠪᠣᠳᠠᠰ  ᠤᠨ ᠦᠷᠳᠡᠭ ᠨᠢ ᠠᠷᠠᠳ ᠤᠨ ᠵᠣᠭᠣᠰ ᠢᠶᠠᠷ 60᠎ ᠲᠦᠮᠡᠨ ᠲᠥᠭᠥᠷᠢᠭ ᠃ ᠾᠥᠸᠸ  ᠻᠧ ᠬᠥᠮᠦᠰ ᠲᠤ ᠵᠡᠷᠭᠡ ᠲᠤᠰᠢᠶᠠᠯ ᠳᠡᠪᠰᠢᠬᠦ   ᠳᠤ ᠨᠢ ᠬᠠᠪᠰᠤᠷᠤᠯᠭ᠎ᠠ  ᠦᠵᠡᠭᠦᠯᠵᠦ ᠂  ᠲᠤᠰᠠᠭᠠᠷ  ᠢᠶᠡᠨ  ᠪᠤᠶᠤ ᠬᠥ᠋ ᠯᠢ ᠫᠢᠩ  ᠲᠠᠢ ᠴᠤᠭᠭᠠᠷ ᠾᠥᠸᠸ ᠻᠧ ᠵᠡᠷᠭᠡ  ᠬᠥᠮᠦᠰ ᠤᠨ ᠬᠦᠷᠭᠡᠭᠰᠡᠨ ᠡᠳ᠋ ᠮᠥᠩᠭᠦ ᠶᠢ  ᠬᠦᠯᠢᠶᠡᠨ ᠠᠪᠤᠭᠰᠠᠨ ᠪᠠᠢᠨ᠎ᠠ᠃  ᠳᠡᠭᠡᠷᠡᠬᠢ ᠬᠡᠭᠡᠯᠢ ᠢᠳᠡᠭᠰᠡᠨ ᠵᠣᠭᠣᠰ ᠮᠥᠩᠭᠥ ᠡᠳ᠋ ᠪᠣᠳᠠᠰ ᠢ ᠠᠷᠠᠳ ᠤᠨ ᠵᠣᠭᠣᠰ  ᠢᠶᠠᠷ  ᠨᠡᠢᠲᠡ7708·5383᠎ ᠲᠦᠮᠡᠨ ᠲᠥᠭᠥᠷᠢᠭ ᠃ ᠠᠯᠪᠠᠨ ᠵᠠᠭᠠᠯᠳᠤᠯᠭ᠎ᠠ ᠶᠢᠨ ᠪᠠᠶᠢᠭᠤᠯᠭ᠎ᠠ  ᠡᠴᠡ ᠂ ᠭᠡᠷᠡᠴᠢᠯᠡᠭᠴᠢ ᠾᠥᠸᠸ ᠻᠧ ᠵᠡᠷᠭᠡ ᠬᠥᠮᠦᠰ ᠦᠨ ᠭᠡᠷᠡᠴᠢ ᠦᠭᠡ ᠂ ᠨᠢᠭᠤᠴᠠ ᠶᠢ ᠬᠠᠮᠠᠭᠠᠯᠠᠬᠤ ᠬᠠᠮᠢᠶᠠᠷᠤᠯᠲᠠ ᠶᠢᠨ ᠲᠣᠭᠲᠠᠭᠠᠯ ᠂ ᠨᠢᠭᠤᠴᠠ ᠶᠢᠨ ᠲᠡᠰ ᠢ ᠰᠢᠯᠭᠠᠨ ᠲᠣᠭᠲᠠᠭᠠᠭᠰᠠᠨ ᠰᠠᠨᠠᠯ ᠵᠡᠷᠭᠡ ᠭᠡᠷᠡᠴᠢ ᠪᠠᠷᠢᠮᠲᠠ  ᠢ  ᠤᠩᠰᠢᠬᠤ ᠪᠤᠶᠤ ᠭᠠᠷᠭᠠᠨ  ᠦᠵᠡᠭᠦᠯᠵᠦ᠂  ᠵᠢᠴᠢ ᠯᠢᠩ ᠵᠢᠶ ᠬᠤᠸᠠ  ᠶᠢᠨ ᠥᠪᠡᠷ ᠦᠨ ᠬᠢᠨᠢ ᠥᠴᠢᠭᠯᠡᠯ ᠂ ᠯᠢᠩ ᠵᠢᠶ ᠬᠤᠸᠠ ᠲᠥᠪ ᠬᠣᠷᠢᠶᠠᠨ ᠤ ᠨᠢᠭᠡᠳᠦᠮᠡᠯ ᠹᠷᠣᠨᠲ᠋ ᠤᠨ ᠬᠡᠯᠲᠡᠰ ᠦᠨ ᠳᠠᠷᠤᠭ᠎ᠠ ᠲᠤᠰᠢᠶᠠᠯ ᠢ ᠬᠠᠷᠢᠭᠤᠴᠠᠵᠤ ᠂ ᠠᠷᠪᠠᠨ ᠬᠣᠶᠠᠳᠤᠭᠠᠷ ᠬᠤᠭᠤᠴᠠᠭᠠᠨ ᠤ ᠪᠦᠬᠦ ᠤᠯᠤᠰ ᠤᠨ ᠤᠯᠤᠰ ᠲᠦᠷᠦ ᠶᠢᠨ ᠵᠥᠪᠯᠡᠯᠭᠡᠨ ᠦ ᠳᠡᠳ᠋ ᠲᠡᠷᠢᠭᠦᠯᠡᠭᠴᠢ ᠶᠢᠨ ᠲᠤᠰᠢᠶᠠᠯ ᠢ ᠬᠠᠷᠢᠭᠤᠴᠠᠵᠤ ᠪᠠᠶᠢᠭᠰᠠᠨ ᠬᠤᠭᠤᠴᠠᠭᠠᠨ ᠳᠤ ᠂ ᠲᠤᠬᠠᠶ  ᠶᠢᠨ ᠦᠶ᠎ᠡ  ᠶᠢᠨ ᠨᠠᠮ ᠤᠨ ᠲᠥᠪ ᠬᠣᠷᠢᠶᠠᠨ ᠤ ᠠᠯᠪᠠᠨ ᠲᠢᠩᠬᠢᠮ ᠦᠨ ᠨᠠᠷᠢᠨ ᠪᠢᠴᠢᠭᠡᠴᠢ  ᠶᠢᠨ ᠲᠣᠪᠴᠢᠶᠠᠨ ᠤ ᠲᠣᠪᠴᠢᠶᠠᠨ ᠳᠠᠷᠤᠭ᠎ᠠ  ᠾᠦᠸᠸ ᠻᠧ ᠵᠡᠷᠭᠡ ᠬᠥᠮᠦᠰ  ᠢᠶᠡᠷ ᠳᠠᠮᠵᠢᠭᠤᠯᠤᠨ᠂ ᠶᠡᠬᠡ ᠬᠡᠮᠵᠢᠶᠡᠨ ᠦ ᠤᠯᠤᠰ ᠤᠨ ᠨᠢᠭᠤᠴᠠ  ᠲᠠᠢ  ᠬᠣᠯᠪᠤᠭᠳᠠᠭᠰᠠᠨ ᠮᠠᠲ᠋ᠧᠷᠢᠶᠠᠯ ᠢ ᠬᠠᠤᠯᠢ ᠪᠤᠰᠤ ᠪᠠᠷ ᠣᠯᠵᠤ᠂ ᠤᠯᠤᠰ ᠤᠨ ᠨᠢᠭᠤᠴᠠ ᠶᠢ ᠬᠠᠮᠠᠭᠠᠯᠠᠬᠤ ᠳᠦᠷᠢᠮ ᠢ ᠬᠦᠨᠳᠦ ᠨᠣᠴᠢᠲᠠᠶ ᠡᠪᠳᠡᠭᠰᠡᠨ ᠪᠠᠶᠢᠨ᠎ᠠ ᠃ ᠠᠯᠪᠠᠨ ᠵᠠᠭᠠᠯᠳᠤᠯᠭ᠎ᠠ ᠶᠢᠨ ᠪᠠᠶᠢᠭᠤᠯᠭ᠎ᠠ ᠂ ᠬᠣᠯᠪᠣᠭᠳᠠᠯ ᠪᠦᠬᠦᠢ ᠭᠡᠷᠡᠴᠢᠯᠡᠭᠴᠢ ᠶᠢᠨ ᠭᠡᠷᠡᠴᠢ ᠦᠭᠡ ᠂ ᠠᠵᠢᠯᠳᠠᠨ ᠤ ᠶᠠᠪᠤᠳᠠᠯ ᠤᠨ ᠳᠠᠩᠰᠠ ᠡᠪᠬᠡᠮᠡᠯ ᠦᠨ ᠮᠠᠲ᠋ᠧᠷᠢᠶᠠᠯ ᠂ ᠡᠷᠦᠬᠡ ᠠᠮᠠ ᠨᠡᠭᠦᠬᠦ ᠭᠡᠷᠡᠴᠢᠯᠡᠯ ᠂ ᠭᠡᠷ ᠪᠠᠶᠢᠰᠢᠩ ᠬᠤᠳᠠᠯᠳᠤᠭᠠᠯᠠᠬᠤ ᠬᠡᠯᠡᠯᠴᠡᠭᠡᠷ ᠵᠡᠷᠭᠡ ᠭᠡᠷᠡᠴᠢ ᠪᠠᠷᠢᠮᠲᠠ ᠶᠢ  ᠤᠩᠰᠢᠭᠰᠠᠨ ᠪᠤᠶᠤ ᠭᠠᠷᠭᠠᠨ  ᠦᠵᠡᠭᠦᠯᠦᠭᠰᠡᠨ ᠂ ᠵᠢᠴᠢ ᠯᠢᠩ ᠵᠢᠶ ᠬᠤᠸᠠ ᠤᠨ ᠥᠪᠡᠷ ᠦᠨ ᠬᠢᠨᠢ ᠥᠴᠢᠭᠯᠡᠯ  ᠢᠶᠡᠷ ᠳᠠᠮᠵᠢᠨ᠂ ᠯᠢᠩ ᠵᠢᠶ ᠬᠤᠸᠠ ᠡᠷᠬᠡ ᠲᠤᠰᠢᠶᠠᠯ ᠢᠶᠠᠨ ᠳᠤᠷ᠎ᠠ ᠪᠠᠷ ᠢᠶᠠᠨ ᠬᠡᠷᠡᠭᠯᠡᠵᠦ ᠂ ᠣᠨᠴᠠ ᠲᠣᠭᠲᠠᠭᠰᠠᠨ ᠬᠠᠷᠢᠴᠠᠭ᠎ᠠ ᠲᠠᠶ ᠬᠥᠮᠦᠨ ᠴᠧᠨ ᠣᠪᠣᠭᠲᠤ ᠂ ᠵᠠᠩ ᠣᠪᠣᠭᠲᠤ ᠵᠢᠴᠢ ᠲᠡᠭᠦᠨ ᠦ ᠲᠦᠷᠤᠯ ᠰᠠᠳᠤᠨ  ᠳᠤᠨᠢ ᠠᠵᠢᠯ ᠰᠢᠯᠵᠢᠬᠦ ᠂ ᠭᠡᠷ ᠪᠠᠶᠢᠰᠢᠩ ᠬᠤᠳᠠᠯᠳᠤᠨ ᠠᠪᠬᠤ ᠂ ᠲᠤᠰᠢᠶᠠᠯ ᠳᠡᠪᠰᠢᠭᠦᠯᠬᠦ ᠂ ᠡᠷᠦᠬᠡ ᠠᠮᠠ ᠰᠢᠯᠵᠢᠭᠦᠯᠬᠦ ᠵᠡᠷᠭᠡ ᠤᠴᠢᠷ ᠶᠠᠪᠤᠳᠠᠯ ᠤᠨ ᠲᠠᠯ᠎ᠠ ᠪᠠᠷ ᠬᠠᠪᠰᠤᠷᠤᠯᠭ᠎ᠠ ᠦᠵᠡᠭᠦᠯᠵᠦ ᠂ ᠤᠯᠡᠠ ᠨᠡᠶᠢᠲᠡ ᠶᠢᠨ ᠡᠳ᠋ ᠬᠦᠷᠦᠩᠭᠡ ᠂ ᠤᠯᠤᠰ ᠣᠷᠣᠨ ᠪᠠ ᠠᠷᠠᠳ ᠲᠦᠮᠡᠨ ᠦ ᠠᠰᠢᠭ ᠲᠤᠰᠠ ᠳᠤ ᠬᠦᠨᠳᠦ ᠶᠡᠬᠡ ᠬᠣᠬᠢᠷᠠᠯ ᠤᠴᠠᠷᠠᠭᠤᠯᠤᠭᠰᠠᠨ ᠪᠥᠭᠡᠳ ᠨᠡᠶᠢᠭᠡᠮ ᠳᠡᠭᠡᠷ᠎ᠡ  ᠮᠠᠰᠢ  ᠶᠡᠬᠡ ᠮᠠᠭᠤ ᠨᠥᠯᠥᠭᠡ ᠦᠵᠡᠭᠦᠯᠦᠭᠰᠡᠨ ᠶᠤᠮ ᠃ ᠠᠯᠪᠠᠨ ᠵᠠᠭᠠᠯᠳᠤᠯᠭ᠎ᠠ ᠶᠢᠨ ᠪᠠᠶᠢᠭᠤᠯᠭ᠎ᠠ ᠶᠢᠨ ᠳᠡᠭᠡᠷ᠎ᠡ ᠳᠤᠷᠠᠳᠤᠭᠰᠠᠨ ᠶᠠᠯ᠎ᠠ  ᠶᠢᠨ ᠪᠣᠳᠠᠲᠤ ᠬᠡᠷᠡᠭ  ᠤᠨ  ᠲᠤᠬᠠᠢ᠂ ᠯᠢᠩ ᠵᠢᠶ ᠬᠤᠸᠠ  ᠲᠤᠬᠠᠢ ᠶᠢᠨ  ᠲᠠᠩᠬᠢᠮ ᠳᠤ ᠨᠢ ᠬᠦᠯᠢᠶᠡᠨ ᠵᠦᠪᠰᠢᠶᠡᠷᠷᠵᠦ᠂ ᠰᠠᠨᠠᠯ ᠦᠬᠡᠢ  ᠭᠡᠵᠦ   ᠢᠯᠡᠷᠬᠡᠢᠯᠡᠪᠡ᠃

ᠲᠢᠶᠠᠨᠵᠢᠨ ᠬᠣᠲᠠ  ᠶᠢᠨ ᠨᠢᠭᠡᠳᠦᠭᠡᠷ ᠠᠷᠠᠳ ᠤᠨ ᠳᠤᠮᠳᠠ ᠵᠡᠷᠭᠡ ᠶᠢᠨ ᠰᠢᠭᠦᠬᠦ ᠬᠣᠷᠢᠶ᠎ᠠ ᠰᠢᠭᠦᠯᠲᠡ ᠪᠡᠷ ᠳᠠᠮᠵᠢᠭᠤᠯᠵᠤ ᠦᠵᠡᠭᠰᠡᠨ ᠨᠢ ᠂ ᠯᠢᠩ ᠵᠢᠶ ᠬᠤᠸᠠ ᠬᠡᠭᠡᠯᠢ ᠢᠳᠡᠭᠰᠡᠨ ᠲᠣᠭ᠎ᠠ ᠬᠡᠮᠵᠢᠶ᠎ᠡ ᠨᠢ ᠣᠨᠴᠠᠭᠠᠶ ᠯᠤᠲᠤ ᠶᠡᠬᠡ ᠪᠠᠶᠢᠬᠤ ᠂ ᠶᠡᠬᠡ ᠬᠡᠮᠵᠢᠶᠡᠨ ᠦ ᠤᠯᠤᠰ ᠤᠨ ᠨᠢᠭᠤᠴᠠ ᠶᠢ ᠬᠠᠤᠯᠢ ᠪᠤᠰᠤ ᠪᠠᠷ ᠣᠯᠤᠭᠰᠠᠨ ᠂ ᠶᠠᠯ᠎ᠠ ᠬᠢᠭᠰᠡᠨ ᠤᠢᠯᠠ ᠪᠠᠶᠢᠳᠠᠯ ᠨᠢ ᠬᠦᠨᠳᠦ ᠨᠣᠴᠢᠲᠠᠶ ᠂ ᠡᠷᠬᠡ ᠲᠤᠰᠢᠶᠠᠯ ᠢᠶᠠᠨ ᠳᠤᠷ᠎ᠠ ᠪᠠᠷ ᠢᠶᠠᠨ ᠬᠡᠷᠡᠭᠯᠡᠭᠰᠡᠨ ᠂ ᠣᠨᠴᠠᠭᠠᠶ ᠬᠦᠨᠳᠦ ᠬᠦᠨᠳᠦ ᠨᠣᠴᠢᠲᠠᠶ ᠨᠡᠶᠢᠭᠡᠮ ᠦᠨ ᠨᠥᠯᠥᠭᠡ  ᠭᠠᠷᠭᠠᠵᠤ ᠂ ᠶᠠᠯ᠎ᠠ ᠬᠢᠭᠰᠡᠨ ᠦᠢᠯᠡ ᠪᠠᠶᠢᠳᠠᠯ ᠨᠢ ᠣᠨᠴᠠᠭᠠᠶ ᠬᠦᠨᠳᠦ ᠨᠣᠴᠢᠲᠠᠶ ᠪᠠᠶᠢᠨ᠎ᠠ ᠃ ᠭᠡᠪᠡᠴᠦ ᠲᠡᠭᠦᠨ ᠦ ᠬᠡᠷᠡᠭ  ᠤᠨ ᠳᠠᠷᠠᠭ᠎ᠠ ᠂ ᠥᠪᠡᠷ ᠦᠨ ᠶᠠᠯ᠎ᠠ ᠪᠠᠨ ᠦᠨᠡᠨ ᠮᠥᠨ ᠢᠶᠡᠷ ᠦᠴᠢᠭᠯᠡᠵᠦ ᠂ ᠶᠠᠯ᠎ᠠ ᠳᠠᠭᠠᠨ ᠭᠡᠮᠰᠢᠭᠰᠡᠨ ᠢᠯᠡᠷᠡᠯ ᠵᠡᠷᠭᠡ  ᠶᠢ ᠦᠨᠳᠦᠰᠦᠯᠡᠨ ᠵᠤᠬᠢᠰ ᠢ ᠨᠢ ᠦᠵᠡᠵᠦ ᠬᠠᠤᠯᠢ ᠶᠣᠰᠣᠭᠠᠷ ᠬᠦᠩᠭᠡᠨ ᠢᠶᠡᠷ ᠰᠢᠳᠬᠡᠬᠦ ᠪᠣᠯᠤᠨ᠎ᠠ ᠃ ᠯᠢᠩ ᠵᠢᠶ ᠬᠤᠸᠠ  ᠶᠢᠨ ᠶᠠᠯ᠎ᠠ ᠬᠢᠭᠰᠡᠨ ᠪᠣᠳᠠᠲᠤ ᠬᠡᠷᠡᠭ ᠂ ᠰᠢᠨᠵᠢ ᠴᠢᠨᠠᠷ ᠂ ᠤᠢᠯᠠ ᠪᠠᠶᠢᠳᠠᠯ ᠪᠠ ᠨᠡᠶᠢᠭᠡᠮ ᠳᠦ ᠤᠴᠠᠷᠠᠭᠤᠯᠤᠭᠰᠠᠨ ᠬᠣᠣᠷ ᠬᠥᠨᠥᠭᠡᠯ ᠦᠨ ᠬᠡᠮᠵᠢᠶ᠎ᠡ  ᠶᠢ ᠦᠨᠳᠦᠰᠦᠯᠡᠨ᠂ ᠰᠢᠭᠦᠬᠦ ᠲᠢᠩᠬᠢᠮ ᠬᠠᠤᠯᠢ ᠶᠣᠰᠣᠭᠠᠷ  ᠳᠡᠭᠡᠷ᠎ᠡ ᠳᠤᠷᠠᠳᠤᠭᠰᠠᠨ ᠰᠢᠢᠳᠬᠡᠯ ᠢ ᠭᠠᠷᠭᠠᠪᠠ ᠃

2016᠎  ᠣᠨ ᠤ5᠎ ᠰᠠᠷ᠎ᠠ ᠶᠢᠨ13᠎ ᠤ ᠡᠳᠦᠷ᠂ ᠲᠢᠶᠠᠨᠵᠢᠨ ᠬᠣᠲᠠ  ᠶᠢᠨ ᠠᠷᠠᠳ ᠤᠨ ᠪᠠᠶᠢᠴᠠᠭᠠᠬᠤ ᠬᠣᠷᠢᠶᠠᠨ ᠤ ᠨᠢᠭᠡᠳᠦᠭᠡᠷ ᠬᠤᠪᠢᠶᠠᠷᠢ  ᠬᠣᠷᠢᠶ᠎ᠠ ᠯᠢᠩ ᠵᠢᠢ ᠬᠤᠸᠠ  ᠶᠢᠨ ᠬᠡᠷᠡᠭ ᠢ ᠲᠢᠶᠠᠨᠵᠢᠨ ᠬᠤᠲᠠ ᠶᠢᠨ ᠠᠷᠠᠳ ᠤᠨ ᠨᠢᠭᠡᠳᠦᠭᠡᠷ ᠰᠢᠭᠦᠬᠦ ᠬᠣᠷᠢᠶᠠᠨ ᠳᠤ  ᠵᠠᠭᠠᠯᠳᠤᠪᠠ ᠃ ᠲᠠᠨᠢᠯᠴᠠᠭᠤᠯᠤᠭᠰᠠᠨ ᠢ ᠦᠨᠳᠦᠰᠦᠯᠡᠪᠡᠯ ᠂ ᠲᠢᠶᠠᠨᠵᠢᠨ ᠬᠣᠲᠠ  ᠶᠢᠨ ᠨᠢᠭᠡᠳᠦᠭᠡᠷ ᠠᠷᠠᠳ ᠤᠨ ᠳᠤᠮᠳᠠ ᠵᠡᠷᠭᠡ ᠶᠢᠨ ᠰᠢᠭᠦᠬᠦ ᠬᠣᠷᠢᠶ᠎ᠠ ᠠᠷᠠᠳ ᠤᠨ ᠳᠡᠭᠡᠳᠦ  ᠵᠡᠷᠭᠡ ᠶᠢᠨ ᠰᠢᠭᠦᠬᠦ  ᠬᠣᠷᠢᠶᠠᠨ ᠤ ᠪᠠᠭᠤᠯᠭᠠᠭᠰᠠᠨ ᠬᠠᠷᠢᠶᠠᠯᠠᠯ   ᠵᠢᠭᠠᠨ ᠲᠣᠭᠲᠠᠭᠠᠬᠤ ᠲᠣᠭᠲᠠᠭᠠᠯ ᠤᠨ ᠪᠢᠴᠢᠭ  ᠢ ᠦᠨᠳᠦᠰᠦᠯᠡᠨ ᠲᠤᠰ ᠬᠡᠷᠡᠭ ᠢ ᠬᠦᠯᠢᠶᠡᠨ  ᠬᠦᠯᠢᠶᠡᠨ ᠠᠪᠤᠭᠰᠠᠨ ᠤ ᠳᠠᠷᠠᠭ᠎ᠠ ᠂ ᠬᠠᠤᠯᠢ ᠶᠣᠰᠣᠭᠠᠷ ᠬᠠᠮᠲᠤᠷᠠᠨ ᠵᠥᠪᠯᠡᠬᠦ ᠲᠢᠩᠬᠢᠮ ᠢ  ᠪᠠᠢᠭᠤᠯᠵᠤ ᠂ ᠯᠢᠩ ᠵᠢᠶ ᠬᠤᠸᠠ ᠳᠤ ᠵᠠᠭᠠᠯᠳᠤᠯᠭ᠎ᠠ  ᠶᠢᠨ ᠪᠢᠴᠢᠭ ᠦᠨ ᠬᠠᠭᠤᠯᠪᠤᠷᠢ ᠳᠡᠪᠲᠡᠷ ᠢ ᠬᠦᠷᠭᠡᠵᠦ ᠥᠭᠪᠡ ᠂ ᠡᠭᠦᠨ ᠦ ᠵᠡᠷᠭᠡᠴᠡᠭᠡ ᠪᠡᠷ ᠲᠡᠭᠦᠨ  ᠳᠤ ᠬᠣᠯᠪᠣᠭᠳᠠᠯ ᠪᠦᠬᠦᠢ ᠵᠠᠷᠭᠤᠯᠳᠤᠬᠤ ᠡᠷᠬᠡ ᠪᠠ ᠡᠭᠦᠷᠭᠡ ᠶᠢ ᠳᠤᠳᠤᠷᠬᠠᠢᠯᠠᠵᠤ ᠥᠭᠪᠡ ᠃ ᠯᠢᠩ ᠵᠢᠶ ᠬᠤᠸᠠ ᠶᠢᠨ ᠨᠠᠶᠢᠳᠠᠭᠰᠠᠨ ᠬᠣᠶᠠᠷ ᠬᠠᠤᠯᠢᠴᠢ  ᠤᠯᠠᠨ ᠤᠳᠠᠭ᠎ᠠ ᠯᠢᠩ ᠵᠢᠶ ᠬᠤᠸᠠ ᠲᠠᠢ ᠠᠭᠤᠯᠵᠠᠵᠤ ᠂ ᠬᠡᠷᠡᠭ ᠦᠨ ᠳᠠᠩᠰᠠ ᠡᠪᠬᠡᠮᠡᠯ  ᠢ ᠪᠦᠬᠦᠨ  ᠢ  ᠬᠢᠨᠠᠨ ᠤᠩᠰᠢᠪᠠ᠃ ᠰᠢᠭᠦᠯᠲᠡ ᠡᠬᠢᠯᠡᠬᠦ ᠡᠴᠡ ᠡᠮᠦᠨ᠎ᠡ ᠂ ᠢᠭᠦᠬᠦ ᠲᠢᠩᠬᠢᠮ  ᠡᠴᠡ ᠠᠯᠪᠠᠨ ᠵᠠᠭᠠᠯᠳᠤᠭᠴᠢ ᠂ ᠵᠠᠭᠠᠯᠳᠤᠭᠳᠠᠭᠴᠢ ᠂ ᠥᠮᠥᠭᠯᠡᠭᠴᠢ ᠶᠢ ᠴᠤᠭᠯᠠᠭᠤᠯᠤᠨ  ᠰᠢᠭᠦᠯᠲᠡ ᠶᠢᠨ ᠡᠮᠦᠨᠡᠬᠢ ᠬᠤᠷᠠᠯ ᠢ  ᠬᠤᠷᠠᠯᠳᠤᠭᠤᠯᠵᠤ᠂ ᠬᠠᠷᠢᠶᠠᠯᠠᠯᠲᠠ ᠂ ᠵᠠᠶᠢᠯᠠᠯᠲᠠ ᠂ ᠲᠢᠩᠬᠢᠮ ᠦᠨ ᠰᠢᠭᠦᠯᠲᠡ ᠶᠢᠨ ᠠᠷᠭ᠎ᠠ ᠮᠠᠶ᠋ᠢᠭ ᠂ ᠬᠠᠤᠯᠢ ᠪᠤᠰᠤ ᠭᠡᠷᠡᠴᠢ ᠪᠠᠷᠢᠮᠲᠠ ᠶᠢ  ᠢᠯᠭᠠᠷᠠᠭᠤᠯᠬᠤ ᠶᠢ ᠭᠤᠶᠤᠴᠢᠯᠠᠬᠤ ᠡᠰᠡᠬᠦ ᠂ ᠭᠡᠷᠡᠴᠢᠯᠡᠭᠴᠢ ᠰᠢᠭᠦᠯᠲᠡ ᠳᠦ  ᠣᠷᠤᠯᠴᠠᠬᠤ ᠶᠢ ᠭᠤᠶᠤᠴᠢᠯᠠᠬᠤ ᠡᠰᠡᠬᠦ ᠵᠡᠷᠭᠡ ᠰᠢᠭᠦᠨ ᠲᠠᠰᠤᠯᠤᠯᠲᠠ ᠳᠤ ᠬᠣᠯᠪᠣᠭᠳᠠᠬᠤ ᠠᠰᠠᠭᠤᠳᠠᠯ ᠤᠨ ᠲᠤᠬᠠᠶ ᠵᠠᠭᠠᠯᠳᠤᠬᠤ ᠪᠠ ᠥᠮᠥᠭᠯᠡᠬᠦ ᠬᠣᠶᠠᠷ ᠲᠠᠯ᠎ᠠ ᠶᠢᠨ ᠰᠠᠨᠠᠯ ᠢ ᠰᠣᠨᠤᠰᠴᠤ᠂  ᠵᠠᠭᠠᠯᠳᠤᠬᠤ ᠪᠠ ᠥᠮᠦᠭᠯᠡᠬᠦ ᠬᠤᠶᠠᠷ ᠲᠠᠯ᠎ᠠ ᠶᠢ ᠵᠣᠬᠢᠶᠠᠨ ᠪᠠᠢᠭᠤᠯᠵᠤ ᠰᠢᠭᠦᠯᠲᠡ ᠶᠢᠨ ᠡᠮᠦᠨᠡᠬᠢ ᠬᠡᠷᠡᠴᠢ ᠶᠢ ᠳᠡᠯᠭᠡᠨ ᠦᠵᠡᠭᠦᠯᠪᠡ᠃ ᠬᠡᠷᠡᠭ ᠰᠢᠶᠳᠪᠦᠷᠢᠯᠡᠬᠦ ᠶᠠᠪᠤᠴᠠ ᠳᠤ ᠂ ᠬᠠᠤᠯᠢ ᠴᠠᠭᠠᠵᠠ ᠶᠢᠨ ᠪᠠᠶᠢᠭᠤᠯᠭ᠎ᠠ ᠡᠴᠡ ᠯᠢᠩ ᠵᠢᠢ ᠬᠤᠸᠠ ᠬᠢᠭᠡᠳ ᠲᠡᠭᠦᠨ ᠦ ᠥᠮᠥᠭᠯᠡᠭᠴᠢ  ᠶᠢᠨ ᠬᠠᠤᠯᠢ ᠶᠣᠰᠣᠭᠠᠷ ᠡᠳ᠋ᠯᠡᠬᠦ ᠡᠯ᠎ᠡ ᠵᠦᠢᠯ ᠦᠨ ᠵᠠᠷᠭᠤᠯᠳᠤᠬᠤ ᠡᠷᠬᠡ ᠶᠢ  ᠭᠦᠢᠴᠡᠳ  ᠪᠠᠲᠤᠯᠠᠭᠰᠠᠨ ᠪᠠᠢᠨ᠎ᠠ᠃ ( ᠲᠥᠪ ᠲᠧᠯᠸᠢᠰ ᠦᠨ ᠰᠤᠷᠪᠤᠯᠵᠢᠯᠠᠭᠴᠢ  ᠯᠢ ᠸᠧᠨ ᠵᠢᠶᠸ ᠂ ᠵᠠᠩ ᠯᠢ ᠪᠢᠨ )

ᠦᠨᠡᠯᠡᠬᠦ 0ᠦᠨᠡᠯᠡᠯᠲᠡ᠎ᠲᠠᠢ


( ᠨᠧᠲ ᠨᠠᠢᠵᠠ ᠵᠢᠨ ᠦᠨᠡᠯᠡᠯᠲᠡ᠎ᠨᠢ ᠵᠦᠪᠭᠡᠨ ᠲᠡᠭᠦᠨ ᠊ᠤ᠌ ᠬᠤᠪᠢ ᠭᠦᠮᠦᠨ ᠊ᠤ᠌ ᠦᠵᠡᠯᠲᠡ ᠲᠡᠳᠦᠢ᠂ ᠲᠤᠰ ᠨᠧᠲ ᠦᠷᠳᠡᠭᠡ ᠲᠡᠭᠦᠨ ᠊ᠤ᠌ ᠦᠵᠡᠯᠲᠡ ᠵᠢ ᠵᠦᠪᠱᠢᠶᠡᠷᠡᠭᠰᠡᠨ ᠶᠠᠪᠤᠳᠠᠯ ᠤᠭᠳᠤ ᠪᠢᠱᠢ᠎ᠶᠤᠮ᠃ )