ᠳᠡᠭᠡᠳᠦ ᠠᠷᠠᠳ ᠤᠨ ᠰᠢᠭᠦᠬᠦ ᠬᠤᠷᠢᠶ᠎ᠠ ᠄ ᠬᠦᠮᠦᠨ ᠦ ᠪᠡᠶ᠎ᠠ ᠶᠢᠨ ᠠᠮᠤᠷ ᠲᠦᠪᠰᠢᠨ  ᠢ ᠬᠠᠮᠠᠭᠠᠯᠠᠬᠤ ᠵᠠᠷᠯᠢᠭ ᠤᠨ ᠭᠤᠶᠤᠴᠢᠯᠠᠯ ᠨᠢ ᠵᠠᠷᠭᠤ ᠶᠢᠨ ᠰᠦᠢᠳᠬᠡᠯ ᠠᠪᠬᠤ ᠦᠭᠡᠢ
2016.07.13 ᠲᠣᠰ ᠥᠷᠲᠡᠭᠡᠨ ᠦ ᠨᠠᠢᠷᠠᠭᠤᠯᠤᠭᠴᠢ

  

    ᠠᠷᠠᠳ ᠤᠨ ᠳᠡᠭᠡᠳᠦ  ᠵᠡᠷᠭᠡ ᠶᠢᠨ ᠰᠢᠭᠦᠬᠦ ᠬᠣᠷᠢᠶ᠎ᠠ ᠥᠴᠥᠭᠡᠳᠦᠷ ᠨᠡᠶᠢᠲᠡᠯᠡᠭᠰᠡᠨ ᠨᠢᠭᠡ ᠬᠤᠪᠢ ᠬᠠᠤᠯᠢ ᠴᠠᠭᠠᠵᠠ ᠶᠢᠨ ᠲᠠᠶᠢᠯᠪᠤᠷᠢᠯᠠᠯᠲᠠ  ᠳᠤ᠂ ᠪᠡᠶ᠎ᠡ ᠶᠢᠨ ᠠᠮᠤᠷ ᠲᠦᠪᠰᠢᠨ ᠢ ᠬᠠᠮᠠᠭᠠᠯᠠᠬᠤ ᠵᠠᠷᠯᠢᠭ ᠭᠤᠶᠤᠴᠢᠯᠠᠭᠴᠢ ᠡᠴᠡ ᠰᠢᠭᠦᠬᠦ   ᠬᠣᠷᠢᠶ᠎ᠠ ᠵᠠᠷᠭᠤ ᠶᠢᠨ ᠵᠠᠷᠤᠳᠠᠯ ᠬᠤᠷᠢᠶᠠᠬᠤ ᠦᠭᠡᠢ  ᠪᠠᠢᠵᠤ᠂ ᠭᠤᠶᠤᠴᠢᠯᠠᠭᠴᠢ  ᠡᠴᠡ ᠳᠠᠭᠠᠭᠠᠯᠲᠠ ᠬᠠᠩᠭᠠᠬᠤ ᠴᠢᠬᠤᠯᠠ ᠦᠭᠡᠢ ᠃

 ᠲᠤᠰ ᠬᠤᠪᠢ 《ᠠᠷᠠᠳ ᠤᠨ ᠳᠡᠭᠡᠳᠦ ᠵᠡᠷᠭᠡ ᠶᠢᠨ ᠰᠢᠭᠦᠬᠦ ᠬᠣᠷᠢᠶᠠᠨ ᠤ ᠬᠥᠮᠦᠨ ᠤ ᠪᠡᠶ᠎ᠡ ᠶᠢᠨ  ᠠᠮᠤᠷ ᠲᠦᠪᠰᠢᠨ ᠢ ᠬᠠᠮᠠᠭᠠᠯᠠᠬᠤ ᠵᠠᠷᠯᠢᠭ ᠤᠨ  ᠬᠠᠮᠢᠶᠠᠲᠠᠢ ᠬᠡᠷᠡᠭ ᠤᠨ ᠶᠠᠪᠤᠴᠠ ᠶᠢᠨ ᠠᠰᠠᠭᠤᠳᠠᠯ ᠤᠨ ᠲᠤᠬᠠᠢ ᠴᠤᠬᠤᠯᠪᠤᠷᠢ》᠎ ᠳᠤ ᠵᠢᠭᠠᠵᠤ ᠭᠠᠷᠭᠠᠭᠰᠠᠨ ᠨᠢ ᠂ ᠬᠥᠮᠦᠨ ᠦ ᠪᠡᠶ᠎ᠡ ᠶᠢᠨ ᠠᠮᠤᠷ ᠲᠦᠪᠰᠢᠨ  ᠢ ᠬᠠᠮᠠᠭᠠᠯᠠᠬᠤ ᠵᠠᠷᠯᠢᠭ ᠤᠨ ᠬᠠᠮᠢᠶᠠᠲᠠᠢ ᠬᠡᠷᠡᠭ  ᠲᠤ ᠶᠠᠮᠠᠷ ᠵᠡᠷᠭᠡ ᠶᠢᠨ  ᠳᠤᠭᠲᠠᠭᠠᠯ ᠵᠢᠷᠤᠮ ᠬᠡᠷᠡᠭᠵᠢᠭᠦᠯᠬᠦ ᠲᠤᠬᠠᠢ᠂ ᠭᠡᠷ ᠪᠦᠯᠢ  ᠶᠢᠨ ᠬᠦᠴᠦᠷᠬᠡᠭᠯᠡᠯ  ᠢ ᠡᠰᠡᠷᠭᠦᠴᠡᠬᠦ ᠬᠠᠤᠯᠢ  ᠳᠤ ᠰᠢᠭᠤᠳ ᠲᠣᠭᠲᠠᠭᠠᠯ ᠭᠠᠷᠭᠠᠭᠰᠠᠨ ᠦᠭᠡᠢ ᠃ ᠠᠷᠠᠳ ᠤᠨ ᠰᠢᠭᠦᠬᠦ ᠬᠣᠷᠢᠶ᠎ᠠ ᠣᠨᠴᠠᠭᠠᠶ ᠵᠢᠷᠤᠮ  ᠤᠨ ᠶᠣᠰᠣᠭᠠᠷ  ᠰᠢᠭᠦᠵᠦ ᠰᠢᠢᠳᠬᠡᠨ᠎ᠡ᠃ ᠭᠡᠷ  ᠤᠨ ᠶᠠᠪᠤᠳᠠᠯ  ᠤᠨ ᠵᠢᠭᠤᠷᠠᠯᠳᠤᠭᠠᠨ ᠤ ᠬᠡᠷᠡᠭ ᠲᠦ ᠲᠤᠬᠠᠶ ᠶᠢᠨ ᠬᠥᠮᠦᠨ ᠨᠢ ᠠᠷᠠᠳ ᠤᠨ ᠰᠢᠭᠦᠬᠦ ᠬᠣᠷᠢᠶᠠᠨ ᠳᠤ ᠬᠥᠮᠦᠨ ᠦ ᠪᠡᠶ᠎ᠡ ᠶᠢᠨ ᠠᠮᠤᠷ ᠲᠦᠪᠰᠢᠨ ᠢ ᠬᠠᠮᠠᠭᠠᠯᠠᠭᠤᠯᠬᠤ ᠵᠠᠷᠯᠢᠭ ᠭᠠᠷᠭᠠᠯᠭᠠᠬᠤ ᠪᠠᠷ ᠭᠤᠶᠤᠴᠢᠯᠠᠭᠰᠠᠨ ᠪᠠᠢᠪᠠᠯ ᠂ ᠲᠤᠰ ᠬᠡᠷᠡᠭ ᠢ ᠰᠢᠭᠦᠨ ᠲᠠᠰᠤᠯᠬᠤ ᠵᠣᠬᠢᠶᠠᠨ ᠪᠠᠶᠢᠭᠤᠯᠤᠯᠲᠠ  ᠡᠴᠡ ᠪᠡᠶ᠎ᠡ ᠶᠢᠨ ᠠᠮᠤᠷ ᠲᠦᠪᠰᠢᠨ ᠢ ᠬᠠᠮᠠᠭᠠᠯᠠᠬᠤ ᠵᠠᠷᠯᠢᠭ ᠭᠠᠷᠭᠠᠵᠤ ᠥᠭᠬᠦ ᠡᠰᠡᠬᠦ ᠲᠤᠬᠠᠶ ᠲᠣᠭᠲᠠᠭᠠᠯᠲᠠ ᠭᠠᠷᠭᠠᠬᠤ ᠬᠡᠷᠡᠭᠲᠡᠶ᠃ ᠬᠡᠷᠪᠡ ᠪᠡᠶ᠎ᠡ ᠶᠢᠨ ᠠᠮᠤᠷ ᠲᠦᠪᠰᠢᠨ ᠢ ᠬᠠᠮᠠᠭᠠᠯᠠᠬᠤ ᠵᠠᠷᠯᠢᠭ ᠤᠨ ᠭᠤᠶᠤᠴᠢᠯᠠᠭᠴᠢ ᠨᠢ ᠭᠤᠶᠤᠴᠢᠯᠠᠯ ᠢ ᠨᠢ ᠬᠦᠯᠢᠶᠡᠨ  ᠠᠪᠤᠭᠰᠠᠨ ᠠᠷᠠᠳ ᠤᠨ ᠰᠢᠭᠦᠬᠦ ᠬᠣᠷᠢᠶ᠎ᠠ ᠵᠠᠷᠭᠤ ᠶᠢᠨ ᠶᠠᠭ ᠶᠠᠪᠤᠭᠳᠠᠵᠤ ᠪᠠᠶᠢᠭ᠎ᠠ ᠭᠡᠷ ᠪᠦᠯᠢ  ᠶᠢᠨ ᠤᠴᠢᠷ ᠶᠠᠪᠤᠳᠠᠯ ᠦᠭᠡᠶ ᠪᠣᠯ᠂ ᠬᠠᠤᠯᠢ ᠶᠢᠨ ᠲᠤᠰᠢᠶᠠᠯᠲᠠᠨ ᠭᠠᠭᠴᠠᠭᠠᠷ ᠬᠠᠷᠢᠭᠤᠴᠠᠨ ᠰᠢᠭᠦᠬᠦ ᠠᠷᠭ᠎ᠠ ᠮᠠᠶᠠᠭ ᠢᠶᠡᠷ ᠰᠢᠭᠦᠬᠦ ᠬᠡᠷᠡᠭᠲᠡᠶ ᠃ ᠪᠡᠶ᠎ᠡ ᠶᠢᠨ ᠠᠮᠤᠷ ᠲᠦᠪᠰᠢᠨ ᠢ ᠬᠠᠮᠠᠭᠠᠯᠠᠬᠤ  ᠵᠠᠷᠯᠢᠭ ᠴᠢᠬᠤᠯᠠᠲᠠᠢ ᠡᠰᠡᠬᠦ  ᠤᠨ ᠲᠤᠬᠠᠶ ᠭᠤᠶᠤᠴᠢᠯᠠᠭᠳᠠᠭᠴᠢ ᠶᠢᠨ ᠰᠠᠨᠠᠯ  ᠰᠣᠨᠤᠰᠴᠤ ᠳᠠᠭᠠᠭᠠᠨ ᠠᠪᠴᠤ ᠰᠢᠶᠳᠪᠦᠷᠢᠯᠡᠬᠦ ᠰᠢᠭᠦᠬᠦ ᠲᠤᠰᠢᠶᠠᠯᠲᠠᠨ  ᠡᠴᠡ ᠬᠡᠷᠡᠭ ᠦᠨ ᠪᠣᠳᠠᠲᠠᠶ ᠪᠠᠶᠢᠳᠠᠯ ᠢ ᠦᠨᠳᠦᠰᠦᠯᠡᠨ ᠲᠣᠭᠲᠠᠭᠠᠨ᠎ᠠ ᠃

ᠦᠨᠡᠯᠡᠬᠦ 0ᠦᠨᠡᠯᠡᠯᠲᠡ ᠲᠠᠢ


( ᠨᠧᠲ ᠨᠠᠢᠵᠠ ᠵᠢᠨ ᠦᠨᠡᠯᠡᠯᠲᠡ ᠨᠢ ᠵᠦᠪᠭᠡᠨ ᠲᠡᠭᠦᠨ ᠊ᠤ᠌ ᠬᠤᠪᠢ ᠭᠦᠮᠦᠨ ᠊ᠤ᠌ ᠦᠵᠡᠯᠲᠡ ᠲᠡᠳᠦᠢ᠂ ᠲᠤᠰ ᠨᠧᠲ ᠦᠷᠳᠡᠭᠡ ᠲᠡᠭᠦᠨ ᠊ᠤ᠌ ᠦᠵᠡᠯᠲᠡ ᠵᠢ ᠵᠦᠪᠰᠢᠶᠡᠷᠡᠭᠰᠡᠨ ᠶᠠᠪᠤᠳᠠᠯ ᠤᠭᠳᠤ ᠪᠢᠰᠢ ᠶᠤᠮ᠃ )