ᠰᠢ ᠵᠢᠨ ᠫᠢᠩ ᠄ ᠳᠤᠮᠳᠠᠳᠤ ᠤᠯᠤᠰ ᠤᠨ ᠡᠮᠦᠨᠡᠲᠦ ᠲᠠᠩᠬᠢᠰ ᠤᠨ ᠡᠷᠬᠡ ᠮᠡᠳᠡᠯ ᠬᠦᠨᠳᠡᠯᠡᠨ ᠡᠴᠡ ᠳᠠᠰᠤᠯᠠᠬᠤ ᠳᠤ ᠨᠦᠯᠦᠭᠡᠯᠡᠭᠳᠡᠬᠦ ᠦᠭᠡᠢ
2016.07.13 ᠲᠣᠰ ᠥᠷᠲᠡᠭᠡᠨ ᠦ ᠨᠠᠢᠷᠠᠭᠤᠯᠤᠭᠴᠢ

 ᠹᠢᠯᠢᠫᠢᠨ ᠦ ᠡᠮᠦᠨᠡᠲᠦ ᠲᠠᠯᠠᠢ ᠶᠢᠨ ᠠᠰᠠᠭᠤᠳᠠᠯ ᠤᠨ ᠲᠤᠬᠠᠶ ᠬᠥᠨᠳᠡᠯᠡᠨ ᠡᠴᠡ ᠲᠠᠰᠤᠯᠬᠤ ᠲᠢᠩᠬᠢᠮ ᠥᠨᠥᠳᠦᠷ ( 12᠎ ᠤᠨ ᠡᠳᠦᠷ ) ᠬᠠᠤᠯᠢ ᠪᠤᠰᠤ ᠪᠥᠭᠡᠳ ᠬᠦᠴᠦᠨ ᠦᠭᠡᠶ ᠡᠴᠦᠰ ᠦᠨ ᠲᠣᠭᠲᠠᠭᠠᠯᠲᠠ ᠪᠡᠨ ᠨᠡᠢᠲᠡᠯᠡᠪᠡ ᠃ ᠠᠷᠠᠳ ᠤᠨ ᠡᠳᠦᠷ ᠦᠨ ᠰᠣᠨᠢᠨ ᠤ 12᠎ ᠤᠨ ᠡᠳᠦᠷ  ᠮᠡᠳᠡᠭᠡᠯᠡᠯ ᠡᠴᠡ ᠦᠵᠡᠪᠡᠯ ᠂ ᠥᠨᠥᠳᠦᠷ ᠂  ᠱᠢ  ᠶᠢᠨ ᠫᠢᠩ ᠳ᠋ᠢᠶᠤᠤ ᠢᠦᠢ ᠲᠠᠢ ᠲᠥᠷᠥ  ᠶᠢᠨ ᠵᠣᠴᠢᠳ ᠤᠨ ᠪᠠᠭᠤᠳᠠᠯ ᠳᠤ ᠠᠷᠪᠠᠨ ᠨᠠᠶᠮᠠᠳᠤᠭᠠᠷ ᠤᠳᠠᠭᠠᠨ ᠤ ᠳᠤᠮᠳᠠᠳᠤ ᠤᠯᠤᠰ ᠪᠣᠯᠤᠨ ᠧᠦ᠋ᠷᠣᠫᠠ  ᠶᠢᠨ ᠬᠣᠯᠪᠣᠭᠠᠨ ᠤ ᠤᠳᠤᠷᠢᠳᠬᠤ ᠬᠥᠮᠦᠰ ᠦᠨ ᠬᠡᠯᠡᠯᠴᠡᠭᠡ ᠳᠦ ᠣᠷᠣᠯᠴᠠᠬᠤ ᠪᠠᠷ ᠢᠷᠡᠭᠰᠡᠨ ᠧᠦ᠋ᠷᠣᠫᠠ ᠲᠢᠪ ᠦᠨ ᠬᠡᠷᠡᠭ ᠡᠷᠬᠢᠯᠡᠬᠦᠭᠴᠢᠳ ᠦᠨ ᠬᠤᠷᠠᠯ ᠤᠨ ᠲᠡᠷᠢᠭᠦᠯᠡᠭᠴᠢ ᠲᠦᠰᠺ ᠵᠢᠴᠢ ᠧᠦ᠋ᠷᠣᠫᠠ  ᠶᠢᠨ ᠬᠣᠯᠪᠣᠭᠠᠨ ᠤ ᠵᠥᠪᠯᠡᠯ ᠦᠨ ᠲᠡᠷᠢᠭᠦᠯᠡᠭᠴᠢ ᠶᠦᠨᠭᠺᠧᠷ  ᠲᠠᠢ ᠠᠭᠤᠯᠵᠠᠬᠤ ᠳᠠᠭᠠᠨ ᠴᠢᠬᠤᠯᠠᠴᠢᠯᠠᠭᠰᠠᠨ ᠨᠢ ᠄ ᠡᠮᠦᠨᠡᠲᠦ ᠲᠠᠩᠭᠢᠰ ᠤᠨ ᠠᠷᠠᠯ ᠤᠳ ᠪᠣᠯ ᠠᠯᠢ ᠡᠷᠲᠡᠨ ᠡᠴᠡ ᠳᠤᠮᠳᠠᠳᠤ ᠤᠯᠤᠰ ᠤᠨ ᠨᠤᠲᠤᠭ ᠳᠡᠪᠢᠰᠬᠡᠷ ᠮᠥᠨ ᠃ ᠳᠤᠮᠳᠠᠳᠤ ᠤᠯᠤᠰ ᠤᠨ ᠡᠮᠦᠨᠡᠲᠦ ᠲᠠᠩᠭᠢᠰ ᠤᠨ ᠨᠤᠲᠤᠭ ᠳᠡᠪᠢᠰᠬᠡᠷ ᠦᠨ ᠡᠷᠬᠡ ᠮᠠᠲᠠᠯ ᠪᠠ ᠲᠠᠯᠠᠢ ᠲᠠᠩᠭᠢᠰ ᠤᠨ ᠡᠷᠬᠡ ᠠᠰᠢᠭ ᠤᠨ ᠲᠤᠬᠠᠶ ᠶᠠᠮᠠᠷ ᠴᠤ ᠪᠠᠶᠢᠳᠠᠯ  ᠳᠣᠣᠷ᠎ᠠ ᠹᠢᠯᠢᠫᠢᠨ ᠦ ᠬᠥᠨᠳᠡᠯᠡᠨ ᠡᠴᠡ ᠲᠠᠰᠤᠯᠬᠤ ᠬᠡᠷᠡᠭ ᠦᠨ ᠲᠠᠰᠤᠯᠤᠯᠲᠠ   ᠶᠢᠨ ᠨᠥᠯᠦᠭᠡ ᠶᠢ ᠬᠦᠯᠢᠶᠡᠬᠦ ᠦᠭᠡᠢ ᠃ ᠳᠤᠮᠳᠠᠳᠤ ᠤᠯᠤᠰ ᠲᠤᠰ ᠬᠥᠨᠳᠡᠯᠡᠨ ᠡᠴᠡ ᠲᠠᠰᠤᠯᠬᠤ ᠬᠡᠷᠡᠭ ᠦᠨ ᠲᠠᠰᠤᠯᠤᠯᠲᠠ ᠪᠡᠷ ᠰᠠᠭᠤᠷᠢ ᠪᠣᠯᠭᠠᠭᠰᠠᠨ ᠶᠠᠮᠠᠷ ᠴᠤ ᠵᠣᠷᠢᠯᠲᠠ ᠪᠣᠯᠤᠨ ᠠᠵᠢᠯᠯᠠᠭ᠎ᠠ  ᠶᠢ ᠬᠦᠯᠢᠶᠡᠬᠦ ᠦᠭᠡᠢ ᠃ ᠳᠤᠮᠳᠠᠳᠤ ᠤᠯᠤᠰ ᠤᠯᠠᠨ ᠤᠯᠤᠰ ᠤᠨ ᠬᠠᠤᠯᠢ ᠪᠠᠷ ᠵᠠᠰᠠᠬᠤ ᠪᠣᠯᠤᠨ ᠲᠥᠪ ᠭᠣᠣᠯᠴᠢ ᠪᠠ ᠰᠢᠳᠤᠷᠭᠤ ᠶᠣᠰᠣ ᠶᠢ ᠬᠠᠮᠠᠭᠠᠯᠠᠵᠤ ᠂  ᠡᠩᠬᠡ ᠲᠠᠶᠢᠪᠤᠩ ᠬᠥᠭᠵᠢᠯᠲᠡ ᠶᠢᠨ ᠵᠠᠮ ᠢᠶᠠᠷ ᠵᠠᠮᠨᠠᠬᠤ  ᠪᠠᠷᠢᠮᠲᠠᠯᠠᠭᠰᠠᠭᠠᠷ ᠃ ᠪᠢᠳᠡ ᠡᠮᠦᠨᠡᠲᠦ ᠲᠠᠩᠭᠢᠰ ᠤᠨ  ᠡᠩᠬᠡ ᠲᠠᠶᠢᠪᠤᠩ ᠲᠣᠭᠲᠠᠭᠤᠨ ᠪᠠᠶᠢᠳᠠᠯ ᠢ ᠬᠠᠮᠠᠭᠠᠯᠠᠬᠤ  ᠪᠡᠷ ᠡᠷᠡᠰ ᠴᠢᠷᠮᠠᠶᠢᠵᠤ ᠂ ᠲᠡᠦᠬᠡᠨ ᠪᠣᠳᠠᠲᠤ ᠬᠡᠷᠡᠭ ᠢ ᠬᠦᠨᠳᠦᠳᠬᠡᠬᠦ ᠰᠠᠭᠤᠷᠢᠨ ᠳᠡᠭᠡᠷ᠎ᠡ ᠂ ᠣᠯᠠᠨ ᠤᠯᠤᠰ ᠤᠨ ᠬᠠᠤᠯᠢ  ᠪᠡᠷ ᠦᠨᠳᠦᠰᠦᠯᠡᠯ ᠪᠣᠯᠭᠠᠨ᠂ ᠬᠡᠯᠡᠯᠴᠡᠭᠡ ᠵᠥᠪᠳᠡᠯᠴᠡᠭᠡ ᠪᠡᠷ ᠳᠠᠮᠵᠢᠭᠤᠯᠤᠨ ᠬᠣᠯᠪᠣᠭᠳᠠᠯ ᠪᠦᠬᠦᠢ ᠮᠠᠷᠭᠤᠯᠳᠤᠭᠠᠨ ᠢ ᠨᠠᠶᠢᠷᠠᠮᠳᠠᠯ ᠢᠶᠠᠷ  ᠰᠢᠢᠳᠪᠥᠷᠢᠯᠡᠨ᠎ᠡ᠃

    ᠯᠢ ‍ᠺᠸ ᠴᠢᠶᠠᠩ ᠡᠮᠦᠨᠡᠲᠦ ᠲᠠᠯᠠᠢ ᠶᠢᠨ ᠬᠥᠨᠳᠡᠯᠡᠨ ᠡᠴᠡ ᠲᠠᠰᠤᠯᠬᠤ《 ᠲᠠᠰᠤᠯᠤᠯᠲᠠ 》᠎ ᠶᠢᠨ ᠲᠤᠬᠠᠢ ᠣᠪᠣᠷ ᠢᠶᠠᠨ ᠢᠯᠡᠳᠬᠡᠪᠡ ᠃

ᠲᠥᠪ ᠲᠧᠯᠸᠢᠰ ᠦᠨ ᠮᠡᠳᠡᠭᠡ  ᠶᠢ ᠦᠨᠳᠦᠰᠦᠯᠡᠪᠡᠯ ᠂ ᠳᠣᠢᠷᠤ ᠶᠢᠨ ᠶᠠᠪᠤᠳᠠᠯ ᠤᠨ ᠬᠣᠷᠢᠶᠠᠨ ᠤ ᠶᠡᠷᠦᠩᠬᠡᠶ ᠰᠠᠶᠢᠳ ᠯᠢ ‍ᠺᠸ ᠴᠢᠶᠠᠩ 12᠎ ᠤ ᠡᠳᠦᠷ ᠠᠷᠠᠳ ᠤᠨ ᠶᠡᠬᠡ ᠬᠤᠷᠠᠯ ᠤᠨ ᠲᠠᠩᠬᠢᠮ ᠳᠤ ᠧᠦ᠋ᠷᠣᠫᠠ ᠲᠢᠪ ᠦᠨ ᠬᠡᠷᠡᠭ ᠡᠷᠬᠢᠯᠡᠬᠦᠭᠴᠢᠳ ᠦᠨ ᠬᠤᠷᠠᠯ ᠤᠨ ᠲᠡᠷᠢᠭᠦᠯᠡᠭᠴᠢ ᠲᠦᠰᠺ ᠂ ᠧᠦ᠋ᠷᠣᠫᠠ ᠲᠢᠪ ᠦᠨ ᠵᠥᠪᠯᠡᠯ ᠦᠨ ᠲᠡᠷᠢᠭᠦᠯᠡᠭᠴᠢ ᠶᠦ᠋ᠩᠺᠸᠷ ᠨᠠᠷ ᠬᠠᠮᠲᠤ ᠪᠠᠷ ᠠᠷᠪᠠᠨ ᠨᠠᠶᠮᠠᠳᠤᠭᠠᠷ ᠤᠳᠠᠭᠠᠨ ᠤ ᠳᠤᠮᠳᠠᠳᠤ ᠤᠯᠤᠰ ᠪᠣᠯᠤᠨ ᠧᠦ᠋ᠷᠣᠫᠠ  ᠶᠢᠨ ᠬᠣᠯᠪᠣᠭᠠᠨ ᠤ ᠤᠳᠤᠷᠢᠳᠬᠤ ᠬᠥᠮᠦᠰ ᠦᠨ ᠬᠡᠯᠡᠯᠴᠡᠭᠡ  ᠶᠢ ᠡᠷᠭᠢᠯᠡᠪᠡ ᠃

ᠯᠢ ‍ᠺᠸ ᠴᠢᠶᠠᠩ ᠬᠡᠯᠡᠬᠦ ᠳᠡᠭᠡᠨ ᠂ ᠳᠤᠮᠳᠠᠳᠤ ᠤᠯᠤᠰ ᠪᠠ ᠧᠦ᠋ᠷᠣᠫᠠ ᠶᠢᠨ ᠬᠣᠯᠪᠣᠭ᠎ᠠ ᠳᠡᠯᠡᠬᠡᠶ ᠶᠢᠨ ᠡᠡᠭᠬᠡ ᠲᠠᠶᠢᠪᠤᠩ ᠪᠣᠯᠤᠨ ᠬᠥᠭᠵᠢᠯᠲᠡ ᠶᠢ  ᠬᠠᠮᠠᠭᠠᠯᠠᠬᠤ ᠬᠣᠶᠠᠷ  ᠴᠢᠬᠤᠯᠠ ᠬᠦᠴᠦᠨ ᠪᠣᠯᠤᠭᠰᠠᠨ ᠤ ᠬᠤᠪᠢ ᠳᠤ ᠂ ᠢᠮᠠᠭᠲᠠ ᠨᠢᠭᠲᠠ ᠨᠡᠪᠲᠡᠷᠡᠯᠴᠡᠭᠡ ᠪᠠ ᠰᠠᠶᠢᠨ ᠰᠠᠶᠢᠬᠠᠨ ᠬᠠᠮᠲᠤᠷᠠᠯᠴᠠᠭ᠎ᠠ  ᠪᠡᠨ ᠪᠠᠷᠢᠮᠲᠠᠯᠠᠵᠤ᠂ ᠳᠡᠯᠡᠬᠡᠶ ᠳ᠋ᠠᠬᠢᠨ ᠳᠤ ᠢᠳᠡᠪᠬᠢᠲᠡᠶ ᠨᠥᠯᠦᠭᠡ ᠭᠠᠷᠭᠠᠭᠰᠠᠨ ᠪᠠᠢᠨ᠎ᠠ ᠃ ᠳᠤᠮᠳᠠᠳᠤ ᠤᠯᠤᠰ ᠡᠴᠡ ᠧᠦ᠋ᠷᠣᠫᠠ ᠲᠢᠪ ᠦᠨ ᠨᠢᠭᠡ ᠴᠤᠭᠴᠠᠵᠢᠯᠲᠠ ᠵᠢᠨ ᠠᠬᠢᠴᠠ ᠶᠢ ᠡᠷᠡᠰ ᠳᠡᠮᠵᠢᠵᠦ ᠂ ᠬᠥᠭᠵᠢᠯ ᠪᠠᠳᠠᠷᠠᠯ  ᠲᠠᠶ ᠂  ᠠᠮᠤᠷ ᠲᠣᠭᠲᠠᠭᠤᠨ ᠪᠠᠶᠢᠳᠠᠯ  ᠲᠠᠢ ᠧᠦ᠋ᠷᠣᠫᠠ ᠶᠢᠨ ᠬᠣᠯᠪᠣᠭ᠎ᠠ  ᠶᠢ ᠣᠯᠵᠤ ᠬᠠᠷᠠᠬᠤ ᠶᠢ ᠬᠦᠰᠡᠳᠡᠭ᠃ ᠪᠢᠲᠠ ᠳᠤᠷᠠᠲᠠᠶ᠎ᠠ ᠡᠣᠢᠷᠣᠫᠠ ᠲᠢᠪ  ᠲᠠᠢ ᠤᠯᠤᠰ ᠲᠦᠷᠦ ᠶᠢᠨ ᠢᠲᠡᠭᠡᠯᠴᠡᠭᠡ  ᠪᠡᠨ ᠪᠡᠬᠢᠵᠢᠭᠦᠯᠦᠨ ᠂ ᠬᠠᠮᠲᠤ  ᠶᠢᠨ ᠲᠠᠨᠢᠯᠲᠠ  ᠪᠡᠨ ᠨᠠᠶᠢᠳᠠᠪᠤᠷᠢᠵᠢᠭᠤᠯᠤᠨ᠂  ᠳᠠᠷᠠᠭᠠᠴᠢ  ᠶᠢᠨ ᠠᠯᠬᠤᠮ ᠤᠨ ᠬᠠᠮᠵᠢᠯᠴᠠᠭᠠᠨ ᠤ ᠭᠣᠣᠯᠳᠠᠯᠭ᠎ᠠ  ᠪᠡᠨ ᠰᠠᠢᠲᠤᠷ ᠲᠥᠯᠦᠪᠵᠢᠭᠦᠯᠦᠨ᠂ ᠡᠷᠲᠡᠬᠡᠨ ᠥᠨᠳᠥᠷ ᠬᠢᠷᠢ ᠬᠡᠮᠵᠢᠶ᠎ᠡ ᠲᠡᠶ  ᠳᠤᠮᠳᠠᠳᠤ ᠡᠸᠦ᠋ᠷᠦᠫᠡ ᠤᠨ ᠪᠡᠯᠡ ᠣᠷᠤᠭᠤᠯᠤᠯᠲᠠ ᠶᠢᠨ ᠵᠦᠪᠳᠡᠯᠴᠡᠭᠡᠷ ᠢ ᠲᠣᠭᠲᠠᠭᠠᠬᠤ ᠶᠢᠨ ᠬᠠᠮᠲᠤ ᠴᠢᠯᠥᠭᠡᠲᠦ ᠠᠷᠠᠯᠵᠢᠶᠠᠨ ᠤ ᠪᠣᠯᠤᠮᠵᠢ ᠶᠢᠨ ᠲᠤᠬᠠᠶ ᠰᠤᠳᠤᠯᠵᠤ ᠂ ᠰᠠᠭᠤᠷᠢ ᠲᠥᠬᠥᠭᠡᠷᠦᠮᠵᠢ ᠶᠢᠨ ᠬᠦᠷᠢᠶᠡᠨ ᠳᠡᠬᠢ ᠬᠠᠮᠲᠤᠷᠠᠯᠴᠠᠭ᠎ᠠ  ᠪᠡᠨ ᠥᠷᠭᠡᠳᠬᠡᠵᠦ ᠂ ᠲᠤᠭᠠᠴᠠᠯᠠᠭᠰᠠᠨ ᠬᠠᠮᠲᠤᠷᠠᠨ ᠠᠵᠢᠯᠯᠠᠬᠤ ᠪᠠ ᠪᠠᠶᠢᠯᠳᠤᠬᠤ ᠪᠤᠳᠤᠯᠭ᠎ᠠ ᠶᠢᠨ ᠠᠪᠴᠠᠯᠳᠤᠯ ᠢᠶᠠᠨ ᠴᠢᠩᠭᠠᠳᠬᠠᠵᠤ ᠂ ᠰᠢᠨ᠎ᠡ ᠶᠢ ᠡᠭᠦᠳᠬᠦ ᠪᠠ ᠰᠤᠳᠤᠯᠤᠨ ᠨᠡᠭᠡᠭᠡᠬᠦ  ᠶᠢ ᠴᠢᠩᠭ᠋ᠠᠳᠬᠠᠨ᠂ ᠰᠦᠯᠵᠢᠶᠡᠨ ᠦ ᠠᠮᠤᠷ ᠲᠦᠪᠰᠢᠨ ᠵᠡᠷᠭᠡ ᠲᠠᠯ᠎ᠠ ᠪᠠᠷ ᠬᠠᠮᠲᠤᠷᠠᠨ ᠠᠵᠢᠯᠯᠠᠵᠤ ᠂ ᠭᠤᠷᠪᠠᠨ ᠲᠠᠯ᠎ᠠ ᠶᠢᠨ ᠬᠠᠮᠲᠤᠷᠠᠨ ᠠᠵᠢᠯᠯᠠᠬᠤ  ᠶᠢ ᠰᠦᠪᠡᠭᠴᠢᠯᠡᠬᠦ ᠬᠡᠷᠡᠭᠲᠡᠶ ᠃

ᠯᠢ ‍ᠺᠸ ᠴᠢᠶᠠᠩ ᠴᠢᠬᠤᠯᠠᠴᠢᠯᠠᠭᠰᠠᠨ ᠨᠢ ᠂ ᠳᠤᠮᠳᠠᠳᠤ ᠧᠦ᠋ᠷᠣᠫᠠ ᠶᠢᠨ  ᠪᠣᠳᠠᠲᠤ ᠬᠠᠮᠲᠤᠷᠠᠯᠴᠠᠭ᠎ᠠ ᠨᠢ ᠬᠠᠷᠢᠯᠴᠠᠨ ᠠᠰᠢᠭ ᠣᠯᠭᠣᠵᠤ ᠬᠠᠮᠲᠤ  ᠬᠦᠭᠵᠢᠳᠡᠭ ᠶᠤᠮ᠃  ᠬᠢᠮᠳᠠ ᠪᠡᠷ ᠪᠣᠷᠣᠯᠠᠭᠤᠯᠬᠤ ᠶᠢ ᠡᠰᠡᠷᠭᠦᠴᠡᠬᠦ ᠪᠠᠶᠢᠴᠠᠭᠠᠯᠲᠠ ᠶᠢᠨ ᠳᠤᠮᠳᠠ ᠳᠤᠮᠳᠠᠳᠤ ᠤᠯᠤᠰ  ᠲᠤ ᠬᠡᠷᠡᠭᠯᠡᠵᠦ ᠪᠠᠶᠢᠭ᠎ᠠ 《 ᠣᠷᠣᠯᠠᠭᠴᠢ ᠤᠯᠤᠰ 》᠎ ᠤᠨ ᠠᠷᠭ᠎ᠠ  ᠶᠢ ᠬᠤᠭᠤᠴᠠᠭ᠎ᠠ ᠶᠣᠰᠣᠭᠠᠷ ᠵᠣᠭᠰᠤᠭᠠᠬᠤ ᠪᠣᠯ ᠧᠦ᠋ᠷᠣᠫᠠ ᠶᠢᠨ ᠬᠣᠯᠪᠣᠭ᠎ᠠ  ᠶᠢᠨ《 ᠳᠤᠮᠳᠠᠳᠤ ᠤᠯᠤᠰ ᠤᠨ ᠳᠡᠯᠡᠬᠡᠶ ᠶᠢᠨ ᠠᠷᠠᠯᠵᠢᠶᠠᠨ ᠤ ᠵᠣᠬᠢᠶᠠᠨ ᠪᠠᠶᠢᠭᠤᠯᠤᠯᠲᠠ ᠳᠤ ᠤᠷᠤᠭᠰᠠᠨ ᠵᠦᠪᠳᠡᠯᠴᠡᠭᠡᠷ ᠤᠨ ᠪᠢᠴᠢᠭ 》᠎ ᠶᠢᠨ ᠠᠷᠪᠠᠨ ᠲᠠᠪᠤᠳᠤᠭᠠᠷ ᠵᠦᠢᠯ ᠠᠮᠠᠯᠠᠯᠲᠠ  ᠶᠢᠨ ᠡᠭᠦᠷᠭᠡ  ᠮᠥᠨ ᠃ ᠬᠣᠶᠠᠷ ᠲᠠᠯ᠎ᠠ ᠶᠢᠨ ᠬᠠᠮᠲᠤᠷᠠᠯᠴᠠᠭ᠎ᠠ ᠶᠢ ᠥᠷᠨᠢᠭᠦᠯᠵᠦ ᠂ ᠴᠥᠮ ᠤᠯᠠᠨ ᠤᠯᠤᠰ ᠤᠨ ᠳᠦᠷᠢᠮ ᠢ ᠵᠢᠷᠤᠮᠯᠠᠨ ᠰᠠᠬᠢᠬᠤ ᠬᠡᠷᠡᠭᠲᠡᠶ ᠂ ᠠᠮᠠᠯᠠᠯᠲᠠ ᠪᠠᠨ ᠪᠠᠲᠤ ᠰᠠᠬᠢᠵᠤ ᠂ ᠢᠯᠡᠷᠡᠭᠰᠡᠨ ᠪᠤᠰᠤᠳ ᠠᠰᠠᠭᠤᠳᠠᠯ ᠢ ᠬᠡᠯᠡᠯᠴᠡᠭᠡ ᠬᠢᠬᠦ ᠪᠡᠷ ᠳᠠᠮᠵᠢᠭᠤᠯᠤᠨ ᠵᠣᠬᠢᠴᠠᠩᠭᠤᠶ ᠲᠦᠷᠦ ᠶᠢᠨ ᠪᠤᠳᠤᠯᠭ᠎ᠠ ᠪᠠᠶᠢᠬᠤ ᠬᠡᠷᠡᠭᠲᠡᠶ ᠂ ᠵᠣᠬᠢᠰᠲᠠᠶ ᠰᠢᠶᠳᠪᠦᠷᠢᠯᠡᠬᠦ ᠬᠡᠷᠡᠭᠲᠡᠶ ᠃

‍ᠲ᠋ᠦᠰᠺ ᠪᠠ ᠶᠦᠨᠭᠺᠧᠷ  ᠡᠴᠡ ᠣᠷᠴᠢᠮᠬᠠᠨ  ᠳᠤᠮᠳᠠᠳᠤ ᠤᠯᠤᠰ ᠤᠨ ᠡᠮᠦᠨᠡᠲᠦ ᠰᠦᠳᠠᠨ  ᠲᠡᠬᠢ ᠡᠩᠬᠡ ᠲᠠᠶᠢᠪᠤᠩ ᠢ ᠬᠠᠮᠠᠭᠠᠯᠠᠬᠤ ᠠᠵᠢᠯᠲᠠᠨ  ᠡᠨᠳᠡᠭᠰᠡᠨ ᠳᠤ ᠡᠮᠭᠡᠨᠢᠨ ᠭᠠᠰᠢᠭᠤᠳᠠᠵᠤ ᠪᠠᠶᠢᠬᠤ ᠪᠠ ᠲᠣᠬᠣᠨᠢᠭᠤᠯᠵᠤ ᠪᠠᠶᠢᠬᠤ ᠪᠠᠨ ᠢᠯᠡᠳᠬᠡᠪᠡ ᠃ ᠲᠡᠲᠡ ᠢᠯᠡᠷᠬᠡᠶᠢᠯᠡᠭᠰᠡᠨ ᠨᠢ ᠂ ᠧᠦ᠋ᠷᠣᠫᠠ  ᠶᠢᠨ ᠬᠣᠯᠪᠣᠭᠠᠨ ᠡᠴᠡ ᠳᠤᠷᠠᠲᠠᠶ᠎ᠠ ᠳᠤᠮᠳᠠᠳᠤ ᠤᠯᠤᠰ ᠤᠨ ᠲᠠᠯ᠎ᠠ ᠲᠠᠶ ᠶᠠᠷᠢᠯᠴᠠᠭ᠎ᠠ ᠵᠥᠪᠳᠡᠯᠴᠡᠭᠡ ᠪᠡᠨ ᠴᠢᠩᠭᠠᠳᠬᠠᠵᠤ ᠂ ᠡᠯ᠎ᠡ ᠬᠦᠷᠢᠶᠡᠨ ᠳᠡᠬᠢ ᠬᠠᠮᠲᠤᠷᠠᠯᠴᠠᠭ᠎ᠠ ᠪᠠᠨ ᠭᠦᠨᠵᠡᠭᠡᠶᠢᠷᠡᠭᠦᠯᠵᠦ ᠂ ᠬᠣᠶᠠᠷ ᠤᠯᠤᠰ ᠤᠨ ᠪᠡᠯᠡ ᠣᠷᠣᠭᠤᠯᠤᠯᠲᠠ ᠶᠢᠨ ᠬᠡᠯᠡᠯᠴᠡᠭᠡᠷ ᠦᠨ ᠠᠬᠢᠴᠠ  ᠲᠦᠯᠬᠢᠨ ᠠᠬᠢᠭᠤᠯᠤᠨ᠎ᠠ ᠃ ᠧᠦ᠋ᠷᠣᠫᠠ ᠶᠢᠨ ᠬᠣᠯᠪᠣᠭᠠᠨ  ᠡᠴᠡ《 ᠳᠤᠮᠳᠠᠳᠤ ᠤᠯᠤᠰ ᠤᠨ ᠳᠡᠯᠡᠬᠡᠶ ᠶᠢᠨ ᠠᠷᠠᠯᠵᠢᠶᠠᠨ ᠤ ᠵᠣᠬᠢᠶᠠᠨ ᠪᠠᠶᠢᠭᠤᠯᠤᠯᠲᠠ ᠳᠤ ᠤᠷᠤᠭᠰᠠᠨ  ᠵᠦᠪᠳᠡᠯᠴᠡᠭᠡᠷ ᠤᠨ ᠪᠢᠴᠢᠭ 》᠎ ᠶᠢᠨ 15᠎ ᠳ᠋ᠤᠭᠠᠷ ᠵᠦᠢᠯ ᠳᠦ ᠠᠮᠠᠯᠠᠭᠰᠠᠨ ᠡᠭᠦᠷᠭᠡ ᠪᠡᠨ  ᠭᠦᠢᠴᠡᠳᠬᠡᠬᠦ ᠪᠡᠷ ᠴᠢᠷᠮᠠᠶᠢᠬᠤ  ᠳᠤᠷᠠᠲᠠᠢ ᠭᠡᠪᠡ ᠃

 

ᠡᠮᠦᠨᠡᠲᠦ ᠲᠠᠯᠠᠢ ᠶᠢᠨ ᠠᠰᠠᠭᠤᠳᠠᠯ ᠤᠨ ᠲᠤᠬᠠᠶ ᠶᠠᠷᠢᠬᠤ  ᠦᠢ᠎ᠡ ᠳᠦ ᠂ ᠯᠢ ‍ᠺᠸ ᠴᠢᠶᠠᠩ  ᠡᠴᠡ᠂ ᠳᠤᠮᠳᠠᠳᠤ ᠤᠯᠤᠰ ᠤᠨ ᠵᠠᠰᠠᠭ ᠤᠨ ᠣᠷᠳᠣᠨ ᠡᠮᠦᠨᠡᠲᠦ ᠲᠠᠯᠠᠢ ᠶᠢᠨ ᠠᠰᠠᠭᠤᠳᠠᠯ ᠤᠨ ᠲᠤᠬᠠᠶ ᠹᠢᠯᠢᠫᠢᠨ ᠦ ᠬᠥᠨᠳᠡᠯᠡᠨ ᠡᠴᠡ ᠲᠠᠰᠤᠯᠬᠤ ᠬᠡᠷᠡᠭ ᠦᠨ 《 ᠲᠣᠭᠲᠠᠭᠠᠯᠲᠠ  》ᠬᠦᠯᠢᠶᠡᠨ  ᠵᠥᠪᠰᠢᠶᠡᠷᠡᠬᠦ ᠦᠭᠡᠢ ᠂ ᠡᠨᠡ  ᠨᠢ  ᠮᠥᠨ ᠴᠦ ᠤᠯᠠᠨ ᠤᠯᠤᠰ  ᠤᠨ ᠬᠠᠤᠯᠢ ᠢ ᠬᠠᠮᠠᠭᠠᠯᠠᠬᠤ ᠠᠷᠭ᠎ᠠ  ᠠᠪᠴᠢᠯ ᠪᠣᠯᠤᠨ᠎ᠠ ᠃ ᠰᠢᠭᠤᠳ ᠬᠣᠯᠪᠣᠭ᠎ᠠ ᠲᠠᠶ  ᠲᠤᠬᠠᠢ  ᠶᠢᠨ ᠤᠯᠤᠰ ᠪᠣᠯᠤᠭᠰᠠᠨ ᠤ ᠬᠤᠪᠢ ᠳᠤ ᠂ ᠳᠤᠮᠳᠠᠳᠤ ᠤᠯᠤᠰ ᠤᠨ ᠬᠠᠮᠤᠭ ᠤᠨ ᠢᠯᠡᠭᠦᠦ ᠰᠡᠳᠬᠢᠯ ᠲᠠᠯᠪᠢᠵᠤ ᠪᠠᠶᠢᠭ᠎ᠠ ᠨᠢ ᠡᠮᠦᠨᠡᠲᠦ ᠲᠠᠯᠠᠢ ᠶᠢᠨ ᠣᠷᠣᠨ ᠤ  ᠡᠩᠬᠡ ᠲᠠᠶᠢᠪᠤᠩ ᠪᠠ ᠲᠣᠭᠲᠠᠭᠤᠨ ᠪᠠᠶᠢᠳᠠᠯ ᠢ ᠬᠠᠮᠠᠭᠠᠯᠠᠬᠤ ᠪᠠᠷ ᠬᠦᠴᠦᠯᠡᠨ ᠴᠢᠷᠮᠠᠶᠢᠵᠤ ᠂ ᠦᠷᠭᠦᠯᠵᠢᠯᠡᠨ 《  ᠡᠮᠦᠨᠡᠲᠦ ᠲᠠᠯᠠᠢ ᠳᠡᠭᠡᠷᠡᠬᠢ ᠡᠯ᠎ᠡ ᠲᠠᠯ᠎ᠠ ᠶᠢᠨ ᠠᠵᠢᠯᠯᠠᠭᠠᠨ ᠤ ᠲᠤᠩᠬᠠᠭ 》᠎ ᠶᠢᠨ ᠲᠣᠭᠲᠠᠭᠠᠯ ᠢ ᠦᠨᠳᠦᠰᠦᠯᠡᠨ ᠂ ᠣᠯᠠᠨ ᠤᠯᠤᠰ ᠤᠨ ᠬᠠᠤᠯᠢ ᠶᠢᠨ ᠶᠣᠰᠣᠭᠠᠷ ᠬᠡᠯᠡᠯᠴᠡᠨ ᠵᠥᠪᠳᠡᠯᠴᠡᠬᠦ ᠪᠡᠷ ᠳᠠᠮᠵᠢᠭᠤᠯᠤᠨ ᠬᠣᠯᠪᠣᠭᠳᠠᠯ ᠪᠦᠬᠦᠢ ᠮᠠᠷᠭᠤᠯᠳᠤᠭᠠᠨ ᠢ ᠨᠠᠶᠢᠷᠠᠮᠳᠠᠯ ᠢᠶᠠᠷ ᠰᠢᠶᠳᠪᠦᠷᠢᠯᠡᠬᠦ ᠬᠡᠷᠡᠭᠲᠡᠶ ᠃ ᠧᠦ᠋ᠷᠣᠫᠠ   ᠶᠢᠨ ᠲᠠᠯ᠎ᠠ ᠡᠨᠡ ᠠᠰᠠᠭᠤᠳᠠᠯ ᠳᠡᠭᠡᠷ᠎ᠡ  ᠪᠤᠰᠤᠳᠴᠢ ᠲᠠᠯ᠎ᠠ ᠪᠠ  ᠬᠡᠪ ᠢᠶᠡᠨ ᠰᠠᠬᠢᠭᠰᠠᠨ  ᠪᠠᠢᠬᠤ ᠶᠢ ᠬᠦᠰᠡᠵᠦ ᠪᠠᠢᠨ᠎ᠠ ᠭᠡᠪᠡ᠃

ᠬᠡᠯᠡᠯᠴᠡᠭᠡ  ᠳᠠᠭᠤᠰᠤᠭᠰᠠᠨ ᠦ ᠳᠠᠷᠠᠭ᠎ᠠ ᠂ ᠬᠣᠶᠠᠷ ᠲᠠᠯ᠎ᠠ ᠶᠢᠨ ᠤᠳᠤᠷᠢᠳᠬᠤ ᠬᠥᠮᠦᠰ ᠬᠣᠯᠪᠣᠭᠳᠠᠯ  ᠪᠦᠬᠦᠢ ᠬᠠᠮᠲᠤᠷᠠᠨ ᠠᠵᠢᠯᠯᠠᠬᠤ ᠪᠢᠴᠢᠭ ᠮᠠᠲ᠋ᠧᠷᠢᠶᠠᠯ ᠤᠨ ᠭᠠᠷ ᠤᠨ  ᠦᠰᠦᠭ ᠵᠢᠷᠤᠬᠤ ᠶᠣᠰᠣᠯᠠᠯ ᠳᠤ ᠣᠷᠣᠯᠴᠠᠪᠠ ᠃

ᠰᠢᠨᠬᠤᠸᠠ ᠬᠣᠷᠢᠶᠠᠨ ᠤ ᠮᠡᠳᠡᠭᠡᠯᠡᠭᠰᠡᠨ  ᠢᠶᠡᠷ ᠂ ᠡᠮᠦᠨᠡᠲᠦ ᠲᠠᠯᠠᠢ ᠶᠢᠨ ᠠᠰᠠᠭᠤᠳᠠᠯ ᠤᠨ ᠲᠤᠬᠠᠶ ᠹᠢᠯᠢᠫᠢᠨ ᠦ ᠬᠥᠨᠳᠡᠯᠡᠨ ᠡᠴᠡ ᠲᠠᠰᠤᠯᠬᠤ ᠬᠡᠷᠡᠭ ᠢ ᠬᠥᠨᠳᠡᠯᠡᠨ ᠡᠴᠡ ᠲᠠᠰᠤᠯᠬᠤ ᠲᠢᠩᠬᠢᠮ 12᠎ ᠤᠨ ᠡᠳᠦᠷ ᠭᠠᠷᠭᠠᠭᠰᠠᠨ ᠡᠴᠦᠰ ᠦᠨ ᠲᠣᠭᠲᠠᠭᠠᠯᠲᠠ ᠪᠣᠯ ᠬᠠᠤᠯᠢ ᠪᠤᠰᠤ ᠪᠥᠭᠡᠳ ᠬᠦᠴᠦᠨ ᠦᠭᠡᠶ  ᠶᠤᠮ ᠃ ᠡᠭᠦᠨ ᠳᠦ ᠂ ᠳᠤᠮᠳᠠᠳᠤ ᠤᠯᠤᠰ ᠤᠨ ᠲᠠᠯ᠎ᠠ ᠣᠯᠠᠨᠲᠠ  ᠢᠯᠡᠷᠬᠡᠢᠯᠡᠵᠤ ᠂ ᠪᠥᠬᠥᠳᠡ ᠨᠠᠶᠢᠷᠠᠮᠳᠠᠬᠤ ᠹᠢᠯᠢᠫᠢᠨ ᠤᠯᠤᠰ  ᠤᠨ ᠠᠵᠢᠨᠦᠢᠸᠸ ᠭᠤᠷᠪᠠᠳᠤᠭᠠᠷ ᠤᠨ ᠵᠠᠰᠠᠭ ᠤᠨ ᠣᠷᠳᠣᠨ ᠤ ᠭᠠᠭᠴᠠ ᠲᠠᠯ᠎ᠠ ᠠᠴᠠ ᠬᠥᠨᠳᠡᠯᠡᠨ ᠡᠴᠡ ᠲᠠᠰᠤᠯᠤᠭᠤᠯᠬᠤ  ᠨᠢ ᠣᠯᠠᠨ ᠤᠯᠤᠰ ᠤᠨ ᠬᠠᠤᠯᠢ ᠵᠥᠷᠢᠴᠡᠵᠦ ᠂ ᠬᠥᠨᠳᠡᠯᠡᠨ ᠡᠴᠡ ᠲᠠᠰᠤᠯᠬᠤ ᠲᠢᠩᠬᠢᠮ  ᠨᠢ  ᠴᠦ ᠬᠠᠮᠢᠶᠠᠷᠬᠤ ᠡᠷᠬᠡ ᠦᠭᠡᠢ ᠪᠠᠢᠵᠤ ᠂ ᠳᠤᠮᠳᠠᠳᠤ ᠤᠯᠤᠰ  ᠤᠨ  ᠲᠠᠯ᠎ᠠ ᠡᠴᠡ ᠬᠦᠢᠯᠢᠶᠠᠨ ᠵᠥᠪᠰᠢᠶᠡᠷᠡᠬᠦ ᠣᠢᠭᠡᠢ ᠂ ᠮᠡᠳᠡᠷᠡᠬᠦ  ᠦᠭᠡᠢ ᠭᠡᠪᠡ᠃

ᠭᠠᠳᠠᠭᠠᠳᠤ ᠬᠠᠷᠢᠯᠴᠠᠭᠠᠨ ᠤ ᠶᠠᠮᠤᠨ ᠤ ᠥᠭᠦᠯᠡᠭᠴᠢ ᠯᠦ ᠺᠠᠩ 12᠎  ᠤ ᠡᠳᠦᠷ ᠡᠢᠯᠠᠷᠭᠡᠢᠯᠠᠭᠰᠠᠨ ᠨᠢ ᠂ ᠡᠮᠦᠨᠡᠲᠦ ᠳᠠᠯᠠᠢ  ᠶᠢᠨ ᠬᠦᠨᠳᠡᠯᠡᠨ ᠡᠴᠡ ᠲᠠᠰᠨᠯᠠᠬᠤ ᠲᠠᠩᠬᠢᠮ ᠭᠡᠳᠡᠭ ᠨᠢ ᠡᠬᠢᠨ ᠡᠴᠡ ᠪᠡᠨ ᠠᠪᠤᠭᠠᠳ ᠹᠢᠯᠢᠫᠢᠨ  ᠤ ᠬᠠᠤᠯᠢ ᠪᠤᠰᠤ ᠦᠢᠯᠡ ᠠᠵᠢᠯᠠᠯᠭ᠎ᠠ  ᠪᠠ ᠬᠠᠤᠯᠢ ᠪᠤᠰᠤ ᠰᠠᠭᠠᠷᠳᠠᠯᠭ᠎ᠠ ᠪᠡᠷ ᠪᠠᠢᠭᠤᠯᠤᠭᠳᠠᠭᠰᠠᠨ ᠪᠠᠢᠳᠠᠭ᠂ ᠲᠡᠭᠦᠨ ᠳᠤ ᠬᠠᠤᠯᠢ ᠶᠣᠰᠣᠴᠢ ᠴᠢᠨᠠᠷ ᠦᠭᠡᠢ ᠪᠠᠢᠵᠤ ᠂  ᠲᠡᠭᠦᠨ ᠤ ᠬᠢᠬᠦ  ᠪᠤᠢ ᠪᠦᠬᠦᠢ ᠲᠣᠭᠲᠠᠭᠠᠯᠲᠠ  ᠨᠢ ᠪᠦᠷ ᠲᠠᠯᠠᠭᠠᠷ ᠬᠡᠷᠡᠭ  ᠪᠠᠢᠵᠤ ᠂ ᠶᠠᠮᠠᠷ ᠴᠤ ᠬᠦᠴᠦᠨ ᠦᠭᠡᠢ ᠶᠤᠮ ᠃

ᠦᠨᠡᠯᠡᠬᠦ 0ᠦᠨᠡᠯᠡᠯᠲᠡ ᠲᠠᠢ


( ᠨᠧᠲ ᠨᠠᠢᠵᠠ ᠵᠢᠨ ᠦᠨᠡᠯᠡᠯᠲᠡ ᠨᠢ ᠵᠦᠪᠭᠡᠨ ᠲᠡᠭᠦᠨ ᠊ᠤ᠌ ᠬᠤᠪᠢ ᠭᠦᠮᠦᠨ ᠊ᠤ᠌ ᠦᠵᠡᠯᠲᠡ ᠲᠡᠳᠦᠢ᠂ ᠲᠤᠰ ᠨᠧᠲ ᠦᠷᠳᠡᠭᠡ ᠲᠡᠭᠦᠨ ᠊ᠤ᠌ ᠦᠵᠡᠯᠲᠡ ᠵᠢ ᠵᠦᠪᠰᠢᠶᠡᠷᠡᠭᠰᠡᠨ ᠶᠠᠪᠤᠳᠠᠯ ᠤᠭᠳᠤ ᠪᠢᠰᠢ ᠶᠤᠮ᠃ )