ᠵᠸᠥ ᠴᠢᠶᠠᠩ ᠠᠷᠠᠳ ᠤᠨ ᠳᠡᠭᠡᠳᠦ ᠵᠡᠷᠭᠡ ᠶᠢᠨ ᠰᠢᠭᠦᠬᠦ ᠬᠣᠷᠢᠶᠠᠨ ᠤ ᠲᠤᠰᠬᠠᠶ ᠰᠡᠳᠦᠪᠲᠦ ᠬᠤᠷᠠᠯ ᠡᠷᠬᠢᠯᠡᠨ ᠬᠤᠷᠠᠯᠳᠤᠭᠤᠯᠵᠤ ᠰᠢᠭᠦᠨ ᠲᠠᠰᠤᠯᠬᠤ ᠭᠦᠢᠴᠡᠳᠬᠡᠬᠦ ᠠᠵᠢᠯ ᠤᠨ ᠠᠵᠢᠯᠯᠠᠭᠠᠨ ᠤ ᠪᠠᠶᠢᠳᠠᠯ ᠢ ᠵᠠᠳᠠᠯᠵᠤ ᠬᠠᠤᠯᠢ ᠴᠠᠭᠠᠵᠠ ᠶᠢᠨ ᠥᠭᠡᠷᠡᠴᠢᠯᠡᠯᠲᠡ ᠶᠢ ᠠᠬᠢᠭᠤᠯᠤᠨ ᠰᠢᠭᠦᠨ ᠲᠠᠰᠤᠯᠤᠯᠲᠠ ᠶᠢᠨ ᠴᠢᠨᠠᠷ ᠴᠢᠨᠰᠠᠭ᠎ᠠ ᠦᠷ᠎ᠡ ᠪᠦᠲᠦᠮᠵᠢ ᠶᠢ ᠳᠡᠭᠡᠭᠰᠢᠯᠡᠭᠦᠯᠬᠦ ᠶᠢ ᠴᠢᠩᠭ᠋ᠠᠳᠬᠠᠪᠠ
7 ᠰᠠᠷ᠎ᠠ ᠶᠢᠨ 25 ᠤ ᠦᠳᠡ ᠶᠢᠨ ᠡᠮᠦᠨ᠎ᠡ ᠂ ᠠᠷᠠᠳ ᠤᠨ ᠳᠡᠭᠡᠳᠦ ᠵᠡᠷᠭᠡ ᠢ ᠰᠢᠭᠦᠬᠦ ᠬᠣᠷᠢᠶᠠᠨ ᠤ ᠬᠣᠷᠢᠶᠠᠨ ᠳᠠᠷᠤᠭ᠎ᠠ ᠵᠸᠥ ᠴᠢᠶᠠᠩ ᠲᠤᠰᠬᠠᠶ ᠰᠡᠳᠦᠪᠲᠦ ᠬᠤᠷᠠᠯ ᠡᠷᠬᠢᠯᠡᠨ ᠬᠤᠷᠠᠯᠳᠤᠭᠤᠯᠵᠤ ᠂ ᠳᠡᠭᠡᠷ᠎ᠡ ᠬᠠᠭᠠᠰ ᠵᠢᠯ ᠤᠨ ᠰᠢᠭᠦᠨ ᠲᠠᠰᠤᠯᠬᠤ ᠪᠠ ᠭᠦᠢᠴᠡᠳᠬᠡᠬᠦ ᠠᠵᠢᠯ ᠤᠨ ᠪᠠᠶᠢᠳᠠᠯ ᠤᠨ ᠲᠤᠬᠠᠶ ᠬᠠᠷᠢᠭᠤ ᠮᠡᠳᠡᠭᠦᠯᠦᠯᠲᠡ ᠰᠣᠨᠣᠰᠴᠤ ᠂ ᠠᠵᠢᠯᠯᠠᠭᠠᠨ ᠤ ᠪᠠᠶᠢᠳᠠᠯ ᠢ ᠵᠠᠳᠠᠯᠵᠤ ᠂ ᠣᠳᠣᠬᠠᠨ ᠤ ᠠᠵᠢᠯ ᠢᠶᠠᠨ ᠰᠤᠳᠤᠯᠤᠨ ᠪᠠᠶᠢᠷᠢᠯᠠᠭᠤᠯᠪᠠ ᠃ ᠵᠸᠥ ᠴᠢᠶᠠᠩ ᠵᠢᠭᠠᠬᠤ ᠳᠤ ᠪᠡᠨ ᠂ ᠠᠷᠠᠳ ᠤᠨ ᠰᠢᠭᠦᠬᠦ ᠬᠣᠷᠢᠶ᠎ᠠ ᠬᠠᠤᠯᠢ ᠴᠠᠭᠠᠵᠠ ᠶᠢᠨ ᠪᠠᠶᠢᠭᠤᠯᠤᠯ ᠤᠨ ᠥᠭᠡᠷᠡᠴᠢᠯᠡᠯᠲᠡ ᠶᠢ ᠭᠦᠨᠵᠡᠭᠡᠶ ᠲᠦᠯᠬᠢᠨ ᠠᠬᠢᠭᠤᠯᠵᠤ ᠂ ᠰᠢᠭᠦᠨ ᠲᠠᠰᠤᠯᠤᠯᠲᠠ ᠶᠢᠨ ᠴᠢᠨᠠᠷ ᠴᠢᠨᠰᠠᠭ᠎ᠠ ᠦᠷ᠎ᠡ ᠪᠦᠲᠦᠮᠵᠢ ᠶᠢ ᠳᠡᠭᠡᠭᠰᠢᠯᠡᠭᠦᠯᠬᠦ ᠶᠢ ᠠᠬᠢᠭᠤᠯᠤᠨ᠂ ᠳᠡᠭᠡᠷ᠎ᠡ ᠬᠠᠭᠠᠰ ᠵᠢᠯ ᠤᠨ ᠰᠢᠭᠦᠨ ᠲᠠᠰᠤᠯᠬᠤ ᠪᠠ ᠭᠦᠢᠴᠡᠳᠬᠡᠬᠦ ᠠᠵᠢᠯ ᠤᠨ ᠠᠵᠢᠯᠯᠠᠭᠠᠨ ᠤ ᠪᠠᠶᠢᠳᠠᠯ ᠶᠡᠷᠦᠩᠬᠡᠶ ᠳᠡᠭᠡᠨ ᠰᠠᠢᠨ ᠪᠠᠶᠢᠨ᠎ᠠ ᠃ ᠶᠡᠷᠦᠩᠬᠡᠶ ᠱᠦᠵᠢ ᠰᠢ ᠶᠢᠨ ᠫᠢᠩ ᠦᠨ 《7.1》 ᠴᠢᠬᠤᠯᠠ ᠶᠠᠷᠢᠶᠠᠨ ᠤ ᠵᠣᠷᠢᠭ ᠰᠠᠨᠠᠭ᠎ᠠ ᠪᠠᠷ ᠵᠢᠯᠤᠭᠤᠳᠤᠯᠭ᠎ᠠ ᠪᠣᠯᠭᠠᠵᠤ ᠂ ᠠᠷᠠᠳ ᠤᠨ ᠰᠢᠭᠦᠬᠦ ᠬᠣᠷᠢᠶᠠᠨ ᠤ ᠬᠠᠤᠯᠢ ᠪᠠᠷᠢᠬᠤ ᠪᠠᠶᠢᠭᠤᠯᠤᠯ ᠤᠨ ᠥᠭᠡᠷᠡᠴᠢᠯᠡᠯᠲᠡ ᠶᠢ ᠦᠷᠭᠦᠯᠵᠢᠯᠡᠨ ᠭᠤᠶᠢᠪᠢᠰᠢ ᠦᠭᠡᠶ ᠪᠡᠷ ᠪᠦᠬᠦ ᠲᠠᠯ᠎ᠠ ᠪᠠᠷ ᠲᠦᠯᠬᠢᠨ ᠠᠬᠢᠭᠤᠯᠵᠤ ᠂ ᠮᠡᠳᠡᠭᠡ ᠵᠠᠩᠭᠢᠵᠢᠯᠲᠠ ᠶᠢᠨ ᠪᠠᠶᠢᠭᠤᠯᠤᠯᠲᠠ ᠪᠠ ᠡᠩᠨᠡᠭᠡᠨ ᠦ ᠪᠠᠶᠢᠭᠤᠯᠤᠯᠲᠠ ᠶᠢ ᠪᠦᠬᠦ ᠲᠠᠯ᠎ᠠ ᠪᠠᠷ ᠴᠢᠩᠭᠠᠳᠬᠠᠵᠤ ᠂ ᠰᠢᠭᠦᠨ ᠲᠠᠰᠤᠯᠤᠯᠲᠠ ᠶᠢᠨ ᠬᠠᠮᠢᠶᠠᠷᠤᠯᠲᠠ ᠪᠠᠨ ᠤᠯᠠᠮ ᠨᠢᠭᠡ ᠠᠯᠬᠤᠮ ᠴᠢᠩᠭᠠᠳᠬᠠᠵᠤ ᠂ ᠰᠢᠭᠦᠨ ᠲᠠᠰᠤᠯᠤᠯᠲᠠ ᠶᠢᠨ ᠴᠢᠨᠠᠷ ᠴᠢᠨᠰᠠᠭ᠎ᠠ ᠦᠷ᠎ᠡ ᠪᠦᠲᠦᠮᠵᠢ ᠪᠡᠨ ᠳᠡᠭᠡᠭᠰᠢᠯᠡᠭᠦᠯᠵᠦ ᠂ ᠠᠷᠠᠳ ᠤᠨ ᠲᠥᠯᠥᠭᠡ ᠬᠠᠤᠯᠢ ᠪᠠᠷᠢᠬᠤ ᠂ ᠲᠥᠪ ᠭᠣᠣᠯᠴᠢ ᠪᠠᠷ ᠬᠠᠤᠯᠢ ᠪᠠᠷᠢᠬᠤ ᠶᠢ ᠠᠬᠢᠭᠤᠯᠬᠤ ᠂ ᠴᠢᠷᠮᠠᠶᠢᠵᠤ ᠪᠠᠶᠢᠭᠠᠳ ᠠᠷᠠᠳ ᠤᠯᠠᠨ ᠳᠤ ᠨᠡᠩ ᠶᠡᠬᠡ ᠬᠠᠨᠤᠮᠵᠢ ᠬᠦᠷᠲᠡᠭᠡᠬᠦ ᠬᠡᠷᠡᠭᠲᠡᠶ ᠃
ᠠᠷᠠᠳ ᠤᠨ ᠳᠡᠭᠡᠳᠦ ᠵᠡᠷᠭᠡ ᠶᠢᠨ ᠰᠢᠭᠦᠬᠦ ᠬᠣᠷᠢᠶ᠎ᠠ ᠬᠢᠨᠠᠨ ᠬᠠᠮᠢᠶᠠᠷᠬᠤ ᠠᠯᠪᠠᠨ ᠭᠡᠷ ᠳᠡᠭᠡᠷ᠎ᠡ ᠬᠠᠭᠠᠰ ᠵᠢᠯ ᠳᠦ ᠪᠦᠬᠦ ᠤᠯᠤᠰ ᠤᠨ ᠰᠢᠭᠦᠬᠦ ᠬᠣᠷᠢᠶ᠎ᠠ ᠪᠠ ᠠᠷᠠᠳ ᠤᠨ ᠳᠡᠭᠡᠳᠦ ᠵᠡᠷᠭᠡ ᠶᠢᠨ ᠰᠢᠭᠦᠬᠦ ᠬᠣᠷᠢᠶᠠᠨ ᠤ ᠰᠢᠭᠦᠨ ᠲᠠᠰᠤᠯᠬᠤ ᠭᠦᠢᠴᠡᠳᠬᠡᠬᠦ ᠠᠵᠢᠯ ᠤᠨ ᠪᠠᠶᠢᠳᠠᠯ ᠤᠨ ᠲᠤᠬᠠᠶ ᠬᠠᠷᠢᠭᠤ ᠮᠡᠳᠡᠭᠦᠯᠪᠡ᠃ ᠠᠷᠠᠳ ᠤᠨ ᠳᠡᠭᠡᠳᠦ ᠵᠡᠷᠭᠡ ᠶᠢᠨ ᠰᠢᠭᠦᠬᠦ ᠬᠣᠷᠢᠶᠠᠨ ᠤ ᠲᠣᠭ᠎ᠠ ᠪᠠᠷᠢᠮᠲᠠ ᠲᠥᠪᠯᠡᠷᠡᠭᠦᠯᠦᠨ ᠬᠠᠮᠢᠶᠠᠷᠬᠤ ᠲᠠᠪᠴᠠᠩ ᠡᠴᠡ ᠦᠵᠡᠪᠡᠯ ᠂ ᠡᠨᠡ ᠵᠢᠯ ᠦᠨ ᠲᠦᠷᠦᠭᠦᠦ ᠬᠠᠭᠠᠰ ᠵᠢᠯ ᠳᠦ ᠪᠦᠬᠦ ᠤᠯᠤᠰ ᠤᠨ ᠰᠢᠭᠦᠬᠦ ᠬᠣᠷᠢᠶ᠎ᠠ ᠰᠢᠨ᠎ᠡ ᠪᠡᠷ ᠬᠦᠯᠢᠶᠡᠨ ᠠᠪᠤᠭᠰᠠᠨ ᠡᠯ᠎ᠡ ᠲᠦᠷᠦᠯ ᠦᠨ ᠬᠡᠷᠡᠭ 1002.9 ᠲᠦᠮᠡᠨ ᠬᠤᠪᠢ ᠪᠠᠶᠢᠵᠤ ᠂ ᠠᠳᠠᠯᠢ ᠬᠤᠭᠤᠴᠠᠭᠠᠨ ᠡᠴᠡ18.94% ᠪᠡᠷ ᠳᠡᠭᠡᠭᠰᠢᠯᠡᠪᠡ ᠃ ᠰᠢᠭᠦᠨ ᠳᠠᠭᠤᠰᠬᠠᠭᠰᠠᠨ ᠬᠡᠷᠡᠭ 803.8 ᠲᠦᠮᠡᠨ ᠬᠤᠪᠢ ᠪᠠᠢᠵᠤ᠂ 25.42% ᠪᠡᠷ ᠳᠡᠭᠡᠭᠰᠢᠯᠡᠪᠡ ᠃ ᠰᠢᠭᠦᠵᠦ ᠳᠠᠭᠤᠰᠬᠠᠭᠰᠠᠨ ᠬᠡᠷᠡᠭ ᠦᠨ ᠨᠤᠷᠮ᠎ᠠ 61.14% ᠳᠤ ᠬᠦᠷᠴᠦ᠂ 4.21 ᠵᠠᠭᠤᠨ ᠤ ᠬᠤᠪᠢ ᠨᠡᠮᠡᠭᠳᠡᠪᠡ᠃ ᠡᠭᠦᠨ ᠦ ᠳᠣᠲᠣᠷ᠎ᠠ ᠱᠠᠩᠬᠠᠶ ᠶᠢᠨ ᠰᠢᠭᠦᠬᠦ ᠬᠣᠷᠢᠶᠠᠨ ᠤ ᠰᠢᠭᠦᠵᠦ ᠳᠠᠭᠤᠰᠬᠠᠭᠰᠠᠨ ᠨᠤᠷᠮ᠎ᠠ 81.39% ᠬᠦᠷᠴᠦ ᠂ ᠪᠦᠬᠦ ᠤᠯᠤᠰ ᠤᠨ ᠡᠯ᠎ᠡ ᠮᠤᠵᠢ ( ᠣᠷᠣᠨ ᠂ ᠬᠣᠲᠠ ) ᠶᠢᠨ ᠰᠢᠭᠦᠬᠦ ᠬᠣᠷᠢᠶᠠᠨ ᠤ ᠳᠣᠲᠤᠷ᠎ᠠ ᠬᠠᠮᠤᠭ ᠥᠨᠳᠥᠷ ᠪᠠᠶᠢᠳᠠᠭ ᠃ ᠠᠷᠠᠳ ᠤᠨ ᠳᠡᠭᠡᠳᠦ ᠵᠡᠷᠭᠡ ᠶᠢᠨ ᠰᠢᠭᠦᠬᠦ ᠬᠣᠷᠢᠶᠠᠨ ᠤ ᠡᠷᠡᠭᠦᠦ ᠶᠢᠨ ᠬᠡᠷᠡᠭ ᠢ ᠰᠢᠭᠦᠬᠦ ᠲᠢᠩᠬᠢᠮ ᠬᠡᠷᠡᠭ ᠢ ᠭᠠᠷᠭᠠᠪᠠᠯ ᠂ ᠰᠢᠨ᠎ᠡ ᠪᠡᠷ ᠬᠦᠯᠢᠶᠡᠨ ᠠᠪᠤᠭᠰᠠᠨ ᠬᠡᠷᠡᠭ 6131 ᠵᠤᠷᠪᠤᠰ ᠂ ᠠᠳᠠᠯᠢ ᠬᠤᠭᠤᠴᠠᠭᠠᠨ ᠤ ᠬᠢ ᠡᠴᠡ 44.12% ᠨᠡᠮᠡᠭᠳᠡᠨ᠂4596 ᠵᠤᠷᠪᠤᠰ ᠢ ᠰᠢᠭᠦᠨ ᠳᠠᠭᠤᠰᠬᠠᠵᠤ ᠂ 126.96% ᠪᠡᠷ ᠨᠡᠮᠡᠭᠳᠡᠪᠡ᠂ ᠰᠢᠭᠦᠵᠦ ᠳᠠᠭᠤᠰᠬᠠᠭᠰᠠᠨ ᠬᠡᠷᠡᠭ ᠦᠨ ᠨᠤᠷᠮ᠎ᠠ 61.69% ᠬᠦᠷᠴᠦ᠂ 21.77 ᠵᠠᠭᠤᠨ ᠤ ᠬᠤᠪᠢ ᠪᠡᠷ ᠨᠡᠮᠡᠭᠳᠡᠪᠡ ᠃ ᠵᠠᠳᠠᠯᠤᠯᠲᠠ ᠡᠴᠡ ᠢᠯᠡᠷᠡᠭᠦᠯᠦᠭᠰᠡᠨ ᠢᠶᠡᠷ᠂ ᠰᠢᠨ᠎ᠡ ᠬᠦᠯᠢᠶᠡᠨ ᠠᠪᠤᠭᠰᠠᠨ ᠬᠡᠷᠡᠭ ᠶᠡᠬᠡ ᠬᠡᠮᠵᠢᠶ᠎ᠡ ᠪᠡᠷ ᠳᠡᠭᠡᠭᠰᠢᠯᠡᠬᠦ ᠬᠠᠨᠳᠤᠰᠢ ᠳᠤ ᠴᠢᠭᠯᠡᠭᠦᠯᠦᠨ ᠂ ᠡᠯ᠎ᠡ ᠱᠠᠲᠤᠨ ᠤ ᠰᠢᠭᠦᠬᠦ ᠬᠣᠷᠢᠶ᠎ᠠ ᠬᠠᠤᠯᠢ ᠴᠠᠭᠠᠵᠠ ᠶᠢᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ ᠂ ᠰᠢᠭᠦᠨ ᠲᠠᠰᠤᠯᠬᠤ ᠡᠬᠢ ᠪᠠᠶᠠᠯᠢᠭ ᠢ ᠰᠢᠨᠵᠢᠯᠡᠬᠦ ᠤᠬᠠᠭᠠᠨᠴᠢ ᠪᠠᠷ ᠲᠣᠬᠢᠷᠠᠭᠤᠯᠵᠤ ᠂ ᠰᠢᠭᠦᠨ ᠲᠠᠰᠤᠯᠬᠤ ᠡᠷᠬᠡ ᠶᠢᠨ ᠠᠵᠢᠯᠯᠠᠭᠠᠨ ᠤ ᠲᠣᠭᠲᠠᠴᠠ ᠶᠢ ᠲᠡᠭᠦᠯᠳᠡᠷᠵᠢᠭᠦᠯᠵᠦ ᠂ ᠬᠡᠷᠡᠭ ᠢ ᠬᠤᠷᠢᠶᠠᠵᠤ ᠳᠠᠭᠤᠰᠬᠠᠭᠰᠠᠨ ᠰᠠᠢᠨ ᠰᠠᠢᠬᠠᠨ ᠣᠷᠴᠢᠯ ᠢ ᠪᠡᠶᠡᠯᠡᠭᠦᠯᠦᠭᠰᠠᠨ ᠪᠠᠶᠢᠨ᠎ᠠ ᠃ ᠭᠢᠷᠢᠨ ᠮᠤᠵᠢ ᠶᠢᠨ ᠣᠷᠣᠨ ᠲᠣᠭ᠎ᠠ ᠳᠣᠲᠣᠷᠠᠬᠢ ᠬᠠᠤᠯᠢ ᠶᠢᠨ ᠲᠤᠰᠢᠶᠠᠯᠲᠠᠨ ᠤ ᠰᠢᠭᠦᠵᠦ ᠳᠠᠭᠤᠰᠬᠠᠭᠰᠠᠨ ᠲᠣᠭ᠎ᠠ ᠨᠢ ᠬᠥᠮᠦᠨ ᠪᠦᠷᠢ ᠳᠦ ᠳᠤᠮᠳᠠᠴᠢ ᠪᠠᠷ ᠠᠳᠠᠯᠢ ᠬᠤᠭᠤᠴᠠᠭᠠᠨ ᠤ ᠬᠢ ᠡᠴᠡ ᠪᠠᠷᠤᠭ ᠨᠢᠭᠡ ᠳᠠᠬᠢᠨ ᠨᠡᠮᠡᠭᠳᠡᠭᠰᠡᠨ ᠪᠠᠶᠢᠨ᠎ᠠ ᠂ ᠱᠠᠩᠬᠠᠶ ᠶᠢᠨ ᠰᠢᠭᠦᠬᠦ ᠬᠣᠷᠢᠶ᠎ᠠ ᠭᠠᠭᠴᠠ ᠬᠠᠤᠯᠢ ᠶᠢᠨ ᠲᠤᠰᠢᠶᠠᠯᠲᠠᠨ ᠂ ᠬᠠᠮᠲᠤᠷᠠᠨ ᠵᠥᠪᠯᠡᠬᠦ ᠲᠢᠩᠬᠢᠮ ᠦᠨ ᠰᠢᠭᠦᠨ ᠲᠠᠰᠤᠯᠤᠭᠰᠠᠨ ᠬᠡᠷᠡᠭ ᠦᠨ ᠡᠵᠡᠯᠡᠬᠦ ᠬᠠᠷᠢᠴᠠᠯ ᠨᠢ 99.9% ᠳᠤ ᠬᠦᠷᠴᠦ᠂ ᠵᠧᠵᠢᠶᠠᠩ ᠮᠤᠵᠢ ᠶᠢᠨ ᠡᠯ᠎ᠡ ᠲᠤᠷᠰᠢᠯᠲᠠ ᠶᠢᠨ ᠴᠢᠭ᠌ ᠤᠨ ᠰᠢᠭᠦᠬᠦ ᠬᠣᠷᠢᠶ᠎ᠠ ᠰᠢᠭᠦᠬᠦ ᠲᠢᠩᠬᠢᠮ ᠦᠨ ᠳᠠᠷᠤᠭ᠎ᠠ ᠶᠢᠨ ᠳᠠᠭᠠᠭᠠᠨ ᠠᠪᠴᠤ ᠰᠢᠢᠳᠪᠥᠷᠢᠯᠡᠭᠰᠡᠨ ᠬᠡᠷᠡᠭ ᠦᠨ ᠲᠣᠭ᠎ᠠ ᠨᠢᠳᠤᠨᠤᠨ ᠤ ᠠᠳᠠᠯᠢ ᠬᠤᠭᠤᠴᠠᠭᠠᠨ ᠤ ᠬᠢ ᠡᠴᠡ85% ᠨᠡᠮᠡᠭᠳᠡᠪᠡ᠃ ᠬᠡᠷᠡᠭ ᠤᠨ ᠳᠤᠮᠳᠠᠴᠢ ᠰᠢᠭᠦᠬᠦ ᠴᠠᠭ ᠨᠢ ᠣᠬᠣᠷ ᠪᠣᠯᠵᠤ᠂ ᠵᠢᠱᠢᠶᠡᠯᠡᠪᠡᠯ ᠭᠦᠢᠵᠧᠦ ᠮᠤᠵᠢ ᠶᠢᠨ ᠭᠦᠢᠶᠠᠩ ᠬᠤᠳᠠ ᠶᠢᠨ ᠬᠤᠸᠠ ᠰᠢ ᠲᠣᠭᠣᠷᠢᠭ ᠤᠨ ᠠᠷᠠᠳ ᠤᠨ ᠰᠢᠭᠦᠬᠦ ᠬᠣᠷᠢᠶ᠎ᠠ ᠬᠡᠷᠡᠭ ᠤᠨ ᠳᠤᠮᠳᠠᠴᠢ ᠰᠢᠶᠳᠪᠦᠷᠢᠯᠡᠬᠦ ᠴᠠᠭ 45.85 ᠡᠳᠦᠷ ᠂ ᠠᠳᠠᠯᠢ ᠬᠤᠭᠤᠴᠠᠭᠠᠨ ᠤ ᠬᠢ ᠡᠴᠡ 23.05ᠡᠳᠦᠷ ᠣᠬᠤᠷ ᠪᠣᠯᠤᠭᠰᠠᠨ ᠪᠣᠯᠤᠨ᠎ᠠ ᠃
ᠵᠸᠥ ᠴᠢᠶᠠᠩ ᠵᠢᠭᠠᠵᠤ ᠭᠠᠷᠭᠠᠭᠰᠠᠨ ᠨᠢ ᠂ ᠡᠨᠡ ᠵᠢᠯ ᠦᠨ ᠲᠦᠷᠦᠭᠦᠦ ᠬᠠᠭᠠᠰ ᠵᠢᠯ ᠳᠦ ᠂ ᠰᠢᠭᠦᠨ ᠲᠠᠰᠤᠯᠬᠤ ᠪᠠ ᠭᠦᠢᠴᠡᠳᠬᠡᠬᠦ ᠠᠵᠢᠯ ᠤᠨ ᠠᠵᠢᠯᠯᠠᠭᠠᠨ ᠤ ᠪᠠᠶᠢᠳᠠᠯ ᠶᠡᠷᠦᠩᠬᠡᠶ ᠳ᠋ᠡᠭᠡᠨ ᠰᠠᠶᠢᠨ ᠪᠠᠶᠢᠨ᠎ᠠ ᠂ ᠬᠡᠷᠡᠭ ᠰᠢᠶᠳᠪᠦᠷᠢᠯᠡᠬᠦ ᠴᠢᠨᠠᠷ ᠴᠢᠨᠰᠠᠭ᠎ᠠ ᠦᠷ᠎ᠡ ᠪᠦᠲᠦᠮᠵᠢ ᠢᠯᠡᠷᠬᠡᠶ ᠳᠡᠭᠡᠭᠰᠢᠯᠡᠵᠦ᠂ ᠬᠠᠤᠯᠢ ᠴᠠᠭᠠᠵᠠ ᠶᠢᠨ ᠥᠭᠡᠷᠡᠴᠢᠯᠡᠯᠲᠡ ᠪᠠ ᠮᠡᠳᠡᠭᠡ ᠵᠠᠩᠭᠢᠵᠢᠯᠲᠠ ᠶᠢᠨ ᠪᠦᠲᠦᠭᠡᠨ ᠪᠠᠶᠢᠭᠤᠯᠤᠯᠲᠠ ᠯᠤᠲᠤ ᠶᠡᠬᠡ ᠠᠮᠵᠢᠯᠲᠠ ᠣᠯᠵᠠᠶ ᠃ ᠰᠢ ᠶᠢᠨ ᠫᠢᠩ ᠨᠥᠬᠥᠷ ᠢᠶᠡᠷ ᠶᠡᠷᠦᠩᠬᠡᠶ ᠱᠦᠵᠢ ᠪᠣᠯᠭᠠᠭᠰᠠᠨ ᠨᠠᠮ ᠤᠨ ᠲᠥᠪ ᠬᠣᠷᠢᠶ᠎ᠠ ᠳᠡᠭᠡᠳᠦ ᠬᠡᠮᠵᠢᠶ᠎ᠡ ᠪᠡᠷ ᠴᠢᠬᠤᠯᠠᠴᠢᠯᠠᠨ ᠦᠵᠡᠭᠰᠡᠨ ᠪᠠ ᠬᠠᠯᠠᠮᠵᠢᠯᠠᠯ ᠤᠨ ᠳᠣᠣᠷ᠎ᠠ ᠂ ᠲᠥᠪ ᠦᠨ ᠤᠯᠤᠰ ᠲᠥᠷᠥ ᠬᠠᠤᠯᠢ ᠴᠠᠭᠠᠵᠠ ᠶᠢᠨ ᠬᠣᠷᠢᠶᠠᠨ ᠤ ᠵᠥᠪ ᠣᠨᠣᠪᠴᠢᠲᠠᠶ ᠤᠳᠤᠷᠢᠳᠤᠯᠭ᠎ᠠ ᠶᠢᠨ ᠳᠣᠣᠷ᠎ᠠ ᠂ ᠠᠷᠠᠳ ᠤᠨ ᠰᠢᠭᠦᠬᠦ ᠬᠣᠷᠢᠶᠠᠨ ᠤ ᠬᠠᠤᠯᠢ ᠪᠠᠷᠢᠬᠤ ᠪᠠᠶᠢᠭᠤᠯᠤᠯ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠦᠨ ᠠᠬᠢᠭᠤᠯᠵᠤ ᠂ ᠰᠢᠭᠦᠨ ᠲᠠᠰᠤᠯᠬᠤ ᠡᠬᠢ ᠪᠠᠶᠠᠯᠢᠭ ᠢ ᠰᠢᠨᠵᠢᠯᠡᠬᠦ ᠤᠬᠠᠭᠠᠨᠴᠢ ᠪᠠᠷ ᠲᠣᠬᠢᠷᠠᠭᠤᠯᠬᠤ ᠶᠠᠪᠤᠳᠠᠯ ᠢ ᠪᠦᠲᠦᠮᠵᠢᠲᠡᠶ ᠪᠡᠷ ᠠᠬᠢᠭᠤᠯᠵᠤ᠂ ᠬᠠᠤᠯᠢ ᠪᠠᠷᠢᠬᠤ ᠵᠢᠮ᠎ᠡ ᠶᠣᠰᠣᠨ ᠳᠤ ᠨᠡᠶᠢᠴᠡᠬᠦ ᠪᠠᠶᠢᠭᠤᠯᠤᠯ ᠤᠨ ᠲᠣᠭᠲᠠᠴᠠ ᠶᠢ ᠠᠯᠬᠤᠮ ᠠᠯᠬᠤᠮ ᠢᠶᠠᠷ ᠪᠤᠢ ᠪᠣᠯᠭᠠᠵᠤ ᠂ ᠬᠠᠤᠯᠢ ᠶᠢᠨ ᠲᠤᠰᠢᠶᠠᠯᠲᠠᠨ ᠤ ᠬᠡᠷᠡᠭ ᠰᠢᠶᠳᠪᠦᠷᠢᠯᠡᠬᠦ ᠢᠳᠡᠪᠬᠢᠵᠢᠯ ᠂ ᠬᠠᠷᠢᠭᠤᠴᠠᠯᠭᠠᠲᠤ ᠰᠡᠳᠬᠢᠯᠭᠡ ᠨᠢ ᠢᠯᠡᠳᠲᠡ ᠴᠢᠩᠭᠠᠷᠠᠵᠤ ᠂ ᠡᠩᠨᠡᠭᠡ ᠶᠢᠨ ᠳᠠᠯᠳᠠ ᠴᠢᠳᠠᠪᠤᠷᠢ ᠪᠠ ᠠᠮᠢᠵᠢᠷᠠᠯ ᠤᠨ ᠬᠦᠴᠦᠨ ᠪᠠᠳᠠᠷᠠᠭᠰᠠᠨ ᠪᠠᠢᠨ᠎ᠠ᠃ ᠰᠢᠭᠦᠬᠦ ᠬᠣᠷᠢᠶᠠᠨ ᠤ ᠮᠡᠳᠡᠭᠡ ᠵᠠᠩᠭᠢᠵᠢᠯᠲᠠ ᠶᠢᠨ ᠪᠦᠳᠦᠭᠡᠨ ᠪᠠᠶᠢᠭᠤᠯᠤᠯᠲᠠ ᠲᠦᠷᠭᠡᠨ ᠲᠠᠪᠰᠢᠵᠤ ᠂ ᠠᠷᠠᠳ ᠲᠦᠮᠡᠨ ᠳᠤ ᠨᠡᠩ ᠰᠠᠢᠨ ᠦᠢᠯᠡᠴᠢᠯᠡᠬᠦ ᠂ ᠬᠠᠤᠯᠢ ᠶᠢᠨ ᠲᠤᠰᠢᠶᠠᠯᠲᠠᠨ ᠤ ᠬᠡᠷᠡᠭ ᠰᠢᠶᠳᠪᠦᠷᠢᠯᠡᠬᠦ ᠳᠤ ᠦᠢᠯᠡᠴᠢᠯᠡᠬᠦ ᠴᠢᠬᠤᠯᠠ ᠦᠢᠯᠡᠳᠦᠯ ᠢᠶᠡᠨ ᠪᠠᠳᠠᠷᠠᠭᠤᠯᠵᠤ᠂ ᠰᠢᠭᠦᠨ ᠲᠠᠰᠤᠯᠤᠯᠲᠠ ᠶᠢᠨ ᠴᠢᠨᠠᠷ ᠴᠢᠨᠰᠠᠭ᠎ᠠ ᠦᠷ᠎ᠡ ᠪᠦᠲᠦᠮᠵᠢ ᠶᠢ ᠳᠡᠭᠡᠭᠰᠢᠯᠡᠭᠦᠯᠪᠡ ᠃ ᠡᠯ᠎ᠡ ᠱᠠᠲᠤᠨ ᠤ ᠰᠢᠭᠦᠬᠦ ᠬᠣᠷᠢᠶ᠎ᠠ ᠨᠤᠭᠤᠳ ᠨᠠᠮ ᠢ ᠴᠢᠩᠭ᠎ᠠ ᠵᠠᠰᠠᠬᠤ ᠂ ᠰᠢᠭᠦᠬᠦ ᠬᠣᠷᠢᠶ᠎ᠠ ᠶᠢ ᠴᠢᠩᠭ᠎ᠠ ᠵᠠᠰᠠᠬᠤ ᠶᠢ ᠪᠠᠷᠢᠮᠲᠠᠯᠠᠨ ᠂ 《 ᠬᠤᠶᠠᠷ ᠢ ᠰᠤᠷᠤᠯᠴᠠᠵᠤ ᠨᠢᠭᠡ ᠶᠢ ᠬᠢᠬᠦ 》 ᠰᠤᠷᠤᠯᠴᠠᠯᠭ᠎ᠠ ᠬᠥᠮᠦᠵᠢᠯ ᠤᠨ ᠠᠵᠢᠯ ᠢ ᠭᠦᠨᠵᠡᠭᠡᠢ ᠦᠷᠨᠢᠭᠦᠯᠦᠨ ᠂ ᠰᠠᠬᠢᠯᠭ᠎ᠠ ᠪᠠᠲᠤ ᠣᠪᠣᠷ ᠰᠤᠷᠲᠠᠯ ᠤᠨ ᠪᠠᠶᠢᠭᠤᠯᠤᠯᠲᠠ ᠶᠢ ᠬᠦᠴᠦᠲᠡᠶ ᠠᠳᠬᠤᠵᠤ ᠂ ᠡᠩᠨᠡᠭᠡᠨ ᠦ ᠵᠢᠩᠬᠢᠨᠢᠴᠢᠯᠡᠬᠦ ᠂ ᠲᠤᠰᠭᠠᠢ ᠮᠡᠷᠭᠡᠵᠢᠯ ᠳᠤ ᠴᠠᠭᠠᠷᠠᠬᠤ ᠂ ᠲᠤᠬᠠᠢᠯᠠᠭᠰᠠᠨ ᠠᠵᠢᠯ ᠳᠤ ᠪᠡᠨ ᠴᠠᠭᠠᠷᠠᠬᠤ ᠢ ᠲᠠᠰᠤᠷᠠᠯᠲᠠ ᠦᠭᠡᠢ ᠳᠡᠭᠡᠭᠰᠢᠯᠡᠭᠦᠯᠵᠦ ᠂ ᠰᠢᠭᠦᠨ ᠲᠠᠰᠤᠯᠬᠤ ᠪᠠ ᠭᠦᠢᠴᠡᠳᠬᠡᠬᠦ ᠠᠵᠢᠯ ᠤᠨ ᠤᠷᠤᠭᠰᠢᠲᠠᠶ ᠶᠠᠪᠤᠭᠳᠠᠬᠤ ᠳᠤ ᠬᠦᠴᠦᠲᠡᠶ ᠵᠣᠬᠢᠶᠠᠨ ᠪᠠᠶᠢᠭᠤᠯᠤᠯᠲᠠ ᠶᠢᠨ ᠪᠠᠲᠤᠯᠠᠭ᠎ᠠ ᠪᠠ ᠴᠢᠳᠠᠪᠤᠷᠢᠲᠠᠨ ᠤ ᠳᠡᠮᠵᠢᠯᠭᠡ ᠬᠠᠩᠭᠠᠬᠤ ᠬᠡᠷᠡᠭᠲᠡᠶ ᠃ ᠣᠳᠣᠬᠠᠨ ᠳᠤ ᠪᠦᠬᠦ ᠤᠯᠤᠰ ᠤᠨ ᠰᠢᠭᠦᠬᠦ ᠬᠣᠷᠢᠶ᠎ᠠ ᠶᠢᠨ ᠰᠢᠨ᠎ᠡ ᠪᠡᠷ ᠬᠦᠯᠢᠶᠡᠨ ᠠᠪᠤᠭᠰᠠᠨ ᠬᠡᠷᠡᠭ ᠦᠨ ᠲᠣᠭ᠎ᠠ ᠦᠷᠭᠦᠯᠵᠢᠯᠡᠨ ᠶᠡᠬᠡ ᠪᠡᠷ ᠨᠡᠮᠡᠭᠳᠠᠵᠦ ᠂ ᠬᠡᠷᠡᠭ ᠰᠢᠶᠳᠪᠦᠷᠢᠯᠡᠬᠦ ᠳᠠᠷᠤᠯᠲᠠ ᠦᠷᠭᠦᠯᠵᠢᠯᠡᠨ ᠨᠡᠮᠡᠭᠳᠡᠵᠦ ᠂ ᠳᠠᠷᠤᠭᠳᠠᠮᠠᠯ ᠬᠡᠷᠡᠭ ᠢ ᠢᠯᠭᠠᠷᠠᠭᠤᠯᠬᠤ ᠪᠠ ᠦᠨᠳᠦᠰᠦᠨ ᠳᠤ ᠪᠡᠨ ᠭᠦᠢᠴᠡᠳᠬᠡᠬᠦ ᠳᠦ ᠪᠡᠷᠬᠡᠲᠡᠶ ᠡᠭᠦᠷᠭᠡ ᠲᠤᠶᠢᠯ ᠤᠨ ᠬᠦᠨᠳᠦ ᠨᠦᠰᠡᠷ ᠪᠠᠢᠵᠤ᠂ ᠨᠠᠷᠢᠨ ᠪᠤᠳᠤᠯᠢᠶᠠᠨᠲᠠᠶ ᠰᠢᠨ᠎ᠡ ᠲᠥᠷᠥᠯ ᠦᠨ ᠬᠡᠷᠡᠭ ᠲᠠᠰᠤᠷᠠᠯᠲᠠ ᠦᠭᠡᠢ ᠨᠡᠮᠡᠭᠳᠡᠵᠦ ᠪᠠᠶᠢᠨ᠎ᠠ ᠃ ᠡᠳᠡᠭᠡᠷ ᠬᠦᠴᠢᠷ ᠪᠡᠷᠬᠡᠰᠢᠶᠡᠯ ᠪᠣᠯᠤᠨ ᠰᠢᠨ᠎ᠡ ᠪᠠᠶᠢᠳᠠᠯ ᠤᠨ ᠡᠮᠦᠨ᠎ᠡ᠂ ᠡᠯ᠎ᠡ ᠱᠠᠲᠤᠨ ᠤ ᠠᠷᠠᠳ ᠤᠨ ᠰᠢᠭᠦᠬᠦ ᠬᠣᠷᠢᠶ᠎ᠠ ᠥᠭᠡᠷᠡᠴᠢᠯᠡᠯᠲᠡ ᠶᠢᠨ ᠢᠲᠡᠭᠡᠯ ᠪᠠ ᠰᠢᠢᠳᠪᠦᠷᠢᠲᠦ ᠪᠣᠳᠤᠯᠭ᠎ᠠ ᠪᠡᠨ ᠦᠨᠡᠨ ᠬᠦ ᠴᠢᠩᠭᠠᠳᠬᠠᠵᠤ ᠂ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠪᠡᠷ ᠳᠠᠮᠵᠢᠭᠤᠯᠤᠨ ᠂ ᠤᠷᠤᠭᠰᠢᠯᠠᠯᠲᠠ ᠶᠢᠨ ᠳᠤᠮᠳᠠᠬᠢ ᠬᠦᠴᠢᠷ ᠠᠰᠠᠭᠤᠳᠠᠯ ᠢ ᠰᠢᠢᠳᠪᠦᠷᠢᠯᠡᠨ᠂ ᠳᠠᠯᠳᠠ ᠴᠢᠳᠠᠪᠤᠷᠢ ᠪᠠ ᠠᠮᠢᠵᠢᠷᠠᠯ ᠤᠨ ᠬᠦᠴᠦᠨ ᠢᠶᠡᠨ ᠬᠠᠮᠤᠭ ᠤᠨ ᠶᠡᠬᠡ ᠬᠡᠮᠵᠢᠶ᠎ᠡ ᠪᠡᠷ ᠬᠥᠭᠵᠢᠭᠡᠵᠦ ᠂ ᠮᠡᠳᠡᠭᠡ ᠵᠠᠩᠭᠢᠵᠢᠯᠲᠠ ᠶᠢᠨ ᠪᠠᠶᠢᠭᠤᠯᠤᠯᠲᠠ ᠶᠢ ᠪᠦᠬᠦ ᠲᠠᠯ᠎ᠠ ᠪᠠᠷ ᠲᠦᠯᠬᠢᠨ ᠠᠬᠢᠭᠤᠯᠵᠤ ᠂ ᠰᠢᠭᠦᠨ ᠲᠠᠰᠤᠯᠤᠯᠲᠠ ᠶᠢᠨ ᠴᠢᠨᠠᠷ ᠴᠢᠨᠰᠠᠭ᠎ᠠ ᠦᠷ᠎ᠡ ᠪᠦᠲᠦᠮᠵᠢ ᠶᠢ ᠲᠠᠰᠤᠷᠠᠯᠲᠠ ᠦᠭᠡᠢ ᠳᠡᠭᠡᠭᠰᠢᠯᠢᠭᠦᠯᠦᠨ ᠂ ᠠᠷᠠᠳ ᠤᠯᠠᠨ ᠳᠤ ᠨᠡᠩ ᠤᠯᠠᠨ ᠬᠦᠷᠲᠡᠭᠡᠯ ᠦᠨ ᠲᠥᠷᠥᠭᠳᠡᠯ ᠬᠦᠷᠭᠡᠬᠦ ᠬᠡᠷᠡᠭᠲᠠᠢ᠃ ᠵᠸᠥ ᠴᠢᠶᠠᠩ ᠴᠢᠬᠤᠯᠠᠴᠢᠯᠠᠬᠤ ᠳᠤ ᠪᠡᠨ ᠂ ᠶᠡᠷᠦᠩᠬᠡᠶ ᠱᠦᠵᠢ ᠱᠢ ᠶᠢᠨ ᠫᠢᠩ ᠦᠨ 《7.1 》ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠤᠱᠯᠠᠭᠤᠯᠵᠤ ᠂ ᠴᠢᠬᠤᠯᠠ ᠶᠠᠷᠢᠶᠠᠨ ᠤ ᠵᠣᠷᠢᠭ ᠰᠠᠨᠠᠭ᠎ᠠ ᠪᠠᠷ ᠣᠶᠤᠨ ᠤᠬᠠᠭᠠᠨ ᠪᠠᠨ ᠵᠡᠪᠰᠡᠭᠯᠡᠨ ᠂ ᠦᠢᠯᠡᠳᠦᠯᠭᠡ ᠪᠡᠨ ᠵᠢᠯᠣᠭᠣᠳᠣᠭᠤᠯᠵᠤ ᠂ ᠠᠵᠢᠯ ᠢᠶᠠᠨ ᠠᠬᠢᠭᠤᠯᠬᠤ ᠬᠡᠷᠡᠭᠲᠡᠶ ᠃ ᠶᠡᠷᠦᠩᠬᠡᠶ ᠱᠦᠵᠢ ᠰᠢ ᠶᠢᠨ ᠫᠢᠩ 《 7.1 》 ᠶᠢᠨ ᠴᠢᠬᠤᠯᠠ ᠶᠠᠷᠢᠶ᠎ᠠ ᠨᠢ ᠮᠠᠷᠺᠰ ᠤᠨ ᠦᠵᠡᠯ ᠦᠨ ᠨᠢᠭᠡᠨ ᠭᠡᠷᠡᠯ ᠰᠠᠴᠤᠷᠠᠩᠭᠤᠶ ᠲᠤᠯᠭᠤᠷ ᠪᠢᠴᠢᠭ ᠂ ᠪᠦᠬᠦ ᠨᠠᠮ ᠤᠨ ᠰᠢᠨ᠎ᠡ ᠲᠡᠦᠬᠡᠨ ᠨᠥᠬᠥᠴᠡᠯ ᠦᠨ ᠳᠣᠣᠷ᠎ᠠ ᠬᠢᠭᠰᠡᠨ ᠮᠠᠰᠢ ᠤᠯᠠᠨ ᠲᠡᠦᠬᠡᠨ ᠰᠢᠨ᠎ᠡ ᠣᠨᠴᠠᠯᠢᠭ ᠪᠦᠬᠦᠢ ᠠᠭᠤᠤ ᠶᠡᠬᠡ ᠲᠡᠮᠡᠴᠡᠯ ᠤᠨ ᠤᠯᠤᠰ ᠲᠦᠷᠤ ᠶᠢᠨ ᠲᠤᠩᠬᠠᠭ ᠪᠠᠢᠵᠤ ᠂ ᠮᠠᠨ ᠤ ᠨᠠᠮ ᠢ ᠵᠢᠯᠣᠭᠣᠳᠤᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠠᠭᠤᠤ ᠶᠡᠬᠡ ᠦᠢᠯᠡᠰ ᠪᠣᠯᠤᠨ ᠨᠠᠮ ᠤᠨ ᠪᠠᠶᠢᠭᠤᠯᠤᠯᠲᠠ ᠶᠢᠨ ᠠᠭᠤᠤ ᠶᠡᠬᠡ ᠰᠢᠨ᠎ᠡ ᠢᠨᠵᠧᠨᠧᠷᠢᠩ ᠦᠨ ᠠᠵᠢᠯᠯᠠᠭᠠᠨ ᠢ ᠲᠦᠯᠬᠢᠨ ᠠᠬᠢᠭᠤᠯᠬᠤ ᠵᠦᠭᠯᠡᠭᠦᠷ ᠮᠥᠨ ᠃ ᠶᠠᠷᠢᠶᠠᠨ ᠤ ᠵᠣᠷᠢᠭ ᠰᠠᠨᠠᠭ᠎ᠠ ᠶᠢ ᠭᠦᠨᠵᠡᠭᠡᠶ ᠰᠤᠷᠤᠯᠴᠠᠨ ᠣᠶᠢᠯᠠᠭᠠᠵᠤ ᠂ ᠰᠣᠷᠣᠭᠰᠠᠨ ᠢᠶᠠᠨ ᠦᠨᠡᠨ ᠬᠦ ᠬᠡᠷᠡᠭᠯᠡᠬᠦ ᠬᠡᠷᠡᠭᠲᠡᠶ ᠃ ᠤᠯᠤᠰ ᠲᠦᠷᠤ ᠶᠢᠨ ᠦᠵᠡᠯ ᠤᠬᠠᠮᠰᠠᠷ ᠂ ᠶᠡᠬᠡ ᠲᠠᠯ᠎ᠠ ᠶᠢᠨ ᠤᠬᠠᠮᠰᠠᠷ ᠂ ᠭᠣᠣᠯᠯᠠᠬᠤ ᠦᠵᠡᠯ ᠤᠬᠠᠮᠰᠠᠷ ᠂ ᠡᠷᠬᠡ ᠲᠡᠭᠰᠢ ᠦᠵᠡᠯ ᠤᠬᠠᠮᠰᠠᠷ ᠪᠡᠨ ᠴᠢᠩᠭᠠᠳᠬᠠᠵᠤ ᠂ ᠦᠵᠡᠯ ᠰᠠᠨᠠᠭ᠎ᠠ ᠤᠯᠤᠰ ᠲᠦᠷᠦ ᠦᠢᠯᠡ ᠠᠵᠢᠯᠯᠠᠭ᠎ᠠ ᠳᠡᠭᠡᠷ᠎ᠡ ᠪᠡᠨ ᠢᠮᠠᠭᠲᠠ ᠱᠢ ᠶᠢᠨ ᠫᠢᠩ ᠨᠥᠬᠥᠷ ᠢᠶᠡᠷ ᠶᠡᠷᠦᠩᠬᠡᠶ ᠱᠦᠵᠢ ᠪᠣᠯᠭᠠᠭᠰᠠᠨ ᠨᠠᠮ ᠤᠨ ᠲᠥᠪ ᠬᠣᠷᠢᠶ᠎ᠠ ᠲᠠᠶ ᠳᠡᠭᠡᠳᠦ ᠬᠡᠮᠵᠢᠶ᠎ᠡ ᠪᠡᠷ ᠨᠢᠭᠡᠳᠦᠯᠲᠡᠶ ᠪᠠᠶᠢᠵᠤ ᠂ ᠨᠠᠮ ᠪᠠ ᠤᠯᠤᠰ ᠣᠷᠣᠨ ᠤ ᠠᠵᠢᠯ ᠤᠨ ᠶᠡᠬᠡ ᠲᠠᠯ᠎ᠠ ᠲᠠᠶ ᠨᠢᠭᠲᠠ ᠤᠶᠠᠯᠳᠤᠭᠤᠯᠤᠨ ᠰᠢᠭᠦᠬᠦ ᠬᠣᠷᠢᠶᠠᠨ ᠤ ᠠᠵᠢᠯ ᠪᠡᠨ ᠲᠦᠯᠬᠢᠨ ᠠᠬᠢᠭᠤᠯᠵᠤ ᠂ ᠠᠷᠠᠳ ᠤᠨ ᠬᠠᠤᠯᠢ ᠴᠠᠭᠠᠵᠠ ᠶᠢᠨ ᠠᠵᠢᠯ ᠦᠢᠯᠡᠰ ᠦᠨ ᠢᠮᠠᠭᠲᠠ ᠵᠥᠪ ᠣᠨᠣᠪᠴᠢᠲᠠᠶ ᠤᠯᠤᠰ ᠲᠦᠷᠦ ᠶᠢᠨ ᠴᠢᠭᠯᠡᠯ ᠢᠶᠡᠷ ᠤᠷᠤᠭᠰᠢᠯᠠᠬᠤ ᠶᠢ ᠪᠠᠲᠤᠯᠠᠬᠤ ᠬᠡᠷᠡᠭᠲᠠᠢ ᠃
ᠵᠸᠥ ᠴᠢᠶᠠᠩ ᠴᠢᠬᠤᠯᠠᠴᠢᠯᠠᠭᠰᠠᠨ ᠨᠢ ᠂ ᠠᠷᠠᠳ ᠤᠨ ᠰᠢᠭᠦᠬᠦ ᠬᠣᠷᠢᠶᠠᠨ ᠤ ᠬᠠᠤᠯᠢ ᠪᠠᠷᠢᠬᠤ ᠪᠠᠶᠢᠭᠤᠯᠤᠯ ᠤᠨ ᠥᠭᠡᠷᠡᠴᠢᠯᠡᠯᠲᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠬᠦ ᠬᠡᠷᠡᠭᠲᠡᠶ ᠃ ᠶᠡᠷᠦᠩᠬᠡᠶ ᠱᠦᠵᠢ ᠰᠢ ᠶᠢᠨ ᠫᠢᠩ ᠤᠨ ᠲᠥᠪ ᠦᠨ ᠥᠭᠡᠷᠡᠴᠢᠯᠡᠯᠲᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠬᠦ ᠤᠳᠤᠷᠢᠳᠬᠤ ᠳᠤᠭᠤᠶᠢᠯᠠᠩ ᠤᠨ ᠬᠣᠷᠢᠨ ᠵᠢᠷᠭᠤᠳᠤᠭᠠᠷ ᠬᠤᠷᠠᠯᠳᠤᠭᠠᠨ ᠳᠡᠭᠡᠷ᠎ᠡ ᠲᠠᠯᠪᠢᠭᠰᠠᠨ ᠴᠢᠬᠤᠯᠠ ᠶᠠᠷᠢᠶᠠᠨ ᠤ ᠵᠣᠷᠢᠭ ᠨᠠᠷᠢᠨ ᠬᠢᠨᠠᠮᠠᠭᠠᠶ ᠰᠤᠷᠤᠯᠴᠠᠨ ᠲᠤᠤᠱᠯᠠᠭᠤᠯᠵᠤ ᠂ ᠡᠪ ᠬᠠᠮᠲᠪ ᠨᠠᠮ ᠤᠨ ᠲᠥᠪ ᠬᠣᠷᠢᠶᠠᠨ ᠤ ᠤᠯᠤᠰ ᠲᠦᠷᠦ ᠶᠢᠨ ᠲᠣᠪᠴᠢᠶᠠᠨ ᠤ ᠭᠡᠰᠢᠭᠦᠨ ᠂ ᠲᠥᠪ ᠦᠨ ᠤᠯᠤᠰ ᠲᠥᠷᠥ ᠬᠠᠤᠯᠢ ᠴᠠᠭᠠᠵᠠ ᠶᠢᠨ ᠬᠣᠷᠢᠶᠠᠨ ᠤ ᠱᠦᠵᠢ ᠮᠸᠩ ᠵᠢᠶᠠᠨ ᠵᠤ ᠶᠢᠨ ᠪᠦᠬᠦ ᠤᠯᠤᠰ ᠤᠨ ᠬᠠᠤᠯᠢ ᠴᠠᠭᠠᠵᠠ ᠶᠢᠨ ᠪᠠᠶᠢᠭᠤᠯᠤᠯ ᠤᠨ ᠥᠭᠡᠷᠡᠴᠢᠯᠡᠯᠲᠡ ᠶᠢ ᠲᠦᠯᠬᠢᠨ ᠠᠬᠢᠭᠤᠯᠵᠤ ᠬᠤᠷᠠᠯ ᠳᠡᠭᠡᠷ᠎ᠡ ᠲᠠᠯᠪᠢᠭᠰᠠᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠭᠦᠨᠵᠡᠭᠡᠢ ᠨᠠᠢᠳᠠᠪᠤᠷᠢᠵᠢᠭᠤᠯᠤᠨ ᠲᠤᠤᠱᠯᠠᠭᠤᠯᠵᠤ᠂ ᠪᠦᠬᠦ ᠤᠯᠤᠰ ᠤᠨ ᠳᠡᠭᠡᠳᠦ ᠵᠡᠷᠭᠡ ᠶᠢᠨ ᠰᠢᠭᠦᠬᠦ ᠬᠣᠷᠢᠶᠠᠨ ᠤ ᠳᠠᠷᠤᠭ᠎ᠠ ᠨᠠᠷ ᠤᠨ ᠰᠠᠭᠤᠳᠠᠯ ᠤᠨ ᠬᠤᠷᠠᠯ ᠪᠠᠶᠢᠷᠢᠯᠠᠭᠤᠯᠤᠯᠲᠠ ᠶᠣᠰᠣᠭᠠᠷ ᠂ ᠠᠷᠠᠳ ᠤᠨ ᠰᠢᠭᠦᠬᠦ ᠬᠣᠷᠢᠶᠠᠨ ᠤ ᠬᠠᠤᠯᠢ ᠪᠠᠷᠢᠬᠤ ᠪᠠᠶᠢᠭᠤᠯᠤᠯ ᠤᠨ ᠥᠭᠡᠷᠡᠴᠢᠯᠡᠯᠲᠡ ᠶᠢᠨ ᠡᠯ᠎ᠡ ᠵᠦᠢᠯ ᠦᠨ ᠡᠭᠦᠷᠭᠡ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠬᠤ ᠬᠡᠷᠡᠭᠲᠡᠶ ᠃ ᠥᠭᠡᠷᠡᠴᠢᠯᠡᠯᠲᠡ ᠶᠢᠨ ᠢᠲᠡᠭᠡᠯ ᠪᠠ ᠵᠣᠷᠢᠭ ᠢᠶᠡᠨ ᠪᠠᠲᠤᠳᠬᠠᠵᠤ ᠂ ᠳᠡᠭᠡᠳᠦ ᠬᠡᠮᠵᠢᠶᠡᠨ ᠦ ᠤᠯᠤᠰ ᠲᠦᠷᠦ ᠶᠢᠨ ᠬᠠᠷᠢᠭᠤᠴᠠᠯᠭᠠᠲᠤ ᠰᠡᠳᠬᠢᠯᠭᠡ ᠪᠣᠯᠤᠨ ᠲᠡᠦᠬᠡ ᠶᠢᠨ ᠡᠭᠦᠷᠭᠡᠲᠦ ᠰᠡᠳᠬᠢᠯᠭᠡ ᠪᠡᠷ ᠂ ᠬᠠᠲᠠᠭᠤ ᠪᠡᠷᠬᠡᠰᠢᠶᠡᠯ ᠢ ᠲᠤᠭᠤᠯᠤᠨ ᠳᠠᠪᠠᠵᠤ ᠂ ᠵᠣᠷᠢᠭᠲᠠᠶ ᠪᠠᠷ ᠬᠠᠷᠢᠭᠤᠴᠠᠯᠭ᠎ᠠ ᠡᠭᠦᠷᠭᠡᠯᠡᠵᠦ ᠂ ᠥᠭᠡᠷᠡᠴᠢᠯᠡᠯᠲᠡ ᠶᠢᠨ ᠠᠬᠢᠭᠤᠯᠤᠭᠴᠢ ᠪᠣᠯᠬᠤ ᠪᠠ ᠰᠥᠰᠥ ᠵᠣᠷᠢᠭᠲᠠᠶ ᠴᠢᠷᠮᠠᠶᠢᠯᠭ᠎ᠠ ᠲᠠᠶ ᠰᠢᠷᠭᠠᠭᠤ ᠠᠵᠢᠯᠯᠠᠭᠴᠢ ᠪᠣᠯᠬᠤ ᠬᠡᠷᠡᠭᠲᠠᠢ᠃ ᠡᠯ᠎ᠡ ᠱᠠᠲᠤᠨ ᠤ ᠰᠢᠭᠦᠬᠦ ᠬᠣᠷᠢᠶ᠎ᠠ ᠨᠤᠭᠤᠳ ᠥᠭᠡᠷᠡᠴᠢᠯᠡᠯᠲᠡ ᠶᠢ ᠲᠦᠯᠬᠢᠨ ᠠᠬᠢᠭᠤᠯᠬᠤ ᠭᠣᠣᠯ ᠴᠣᠭᠴᠠ ᠶᠢᠨ ᠬᠠᠷᠢᠭᠤᠴᠠᠯᠭ᠎ᠠ ᠶᠢ ᠴᠢᠩᠭᠠᠳᠬᠠᠵᠤ ᠂ ᠨᠢᠭᠡᠳᠦᠯᠲᠡᠶ ᠲᠥᠯᠥᠪᠯᠡᠨ ᠵᠢᠯᠣᠭᠣᠳᠬᠤ ᠪᠠᠨ ᠴᠢᠩᠭᠠᠳᠬᠠᠵᠤ ᠂ ᠠᠵᠢᠯ ᠤᠨ ᠨᠠᠶᠢᠳᠠᠪᠤᠷᠢᠵᠢᠭᠤᠯᠤᠯᠲᠠ ᠶᠢ ᠬᠦᠴᠦᠲᠡᠶ ᠠᠳᠬᠤᠬᠤ ᠬᠡᠷᠡᠭᠲᠡᠶ ᠃
ᠥᠭᠡᠷᠡᠴᠢᠯᠡᠯᠲᠡ ᠶᠢᠨ ᠬᠢᠨᠠᠨ ᠪᠠᠶᠢᠴᠠᠭᠠᠬᠤ ᠠᠵᠢᠯ ᠢ ᠰᠠᠶᠢᠲᠤᠷ ᠠᠳᠬᠤᠵᠤ ᠂ ᠶᠡᠷᠦᠩᠬᠡᠶ ᠱᠦᠵᠢ ᠱᠢ ᠶᠢᠨ ᠫᠢᠩ ᠦᠨ ᠳᠤᠷᠠᠳᠤᠭᠰᠠᠨ 《 ᠡᠭᠦᠷᠭᠡ ᠶᠢ ᠬᠢᠨᠠᠬᠤ᠂ ᠠᠬᠢᠴᠠ ᠶᠢ ᠬᠢᠨᠠᠬᠤ᠂ ᠦᠷ᠎ᠡ ᠪᠦᠲᠦᠮᠵᠢ ᠢ ᠬᠢᠨᠠᠬᠤ 》 ᠪᠠ 《 ᠲᠠᠨᠢᠯᠲᠠ ᠶᠢ ᠪᠠᠢᠴᠠᠭᠠᠬᠤ ᠂ ᠬᠠᠷᠢᠭᠤᠴᠠᠯᠭ᠎ᠠ ᠶᠢ ᠪᠠᠢᠴᠠᠭᠠᠬᠤ ᠂ ᠠᠵᠢᠯ ᠤᠨ ᠰᠤᠷᠲᠠᠯ ᠢ ᠪᠠᠢᠴᠠᠭᠠᠬᠤ》 ᠭᠡᠰᠡᠨ ᠱᠠᠭᠠᠷᠳᠠᠯᠭ᠎ᠠ ᠶᠣᠰᠣᠭᠠᠷ᠂ ᠰᠢᠭᠦᠬᠦ ᠬᠣᠷᠢᠶᠠᠨ ᠤ ᠰᠢᠰᠲ᠋ᠧᠮ ᠦᠨ ᠥᠭᠡᠷᠡᠴᠢᠯᠡᠯᠲᠡ ᠶᠢᠨ ᠬᠢᠨᠠᠯᠲᠠ ᠲᠠᠯᠪᠢᠬᠤ ᠠᠵᠢᠯ ᠳᠤ ᠲᠤᠰᠬᠠᠶ ᠪᠠᠶᠢᠷᠢᠯᠠᠭᠤᠯᠤᠯᠲᠠ ᠬᠢᠵᠦ ᠂ ᠠᠵᠢᠯ ᠤᠨ ᠭᠣᠣᠯᠳᠠᠯᠭ᠎ᠠ ᠪᠠᠨ ᠲᠣᠳᠣᠷᠬᠠᠶ ᠪᠣᠯᠭᠠᠵᠤ ᠂ ᠵᠠᠩᠭᠢᠯᠠᠭ᠎ᠠ ᠶᠢᠨ ᠭᠣᠭᠴᠣᠭ᠎ᠠ ᠶᠢ ᠠᠳᠬᠤᠨ ᠂ ᠦᠨᠡᠨ ᠪᠠᠷᠢᠵᠤ ᠦᠨᠡᠨ ᠥᠭᠡᠷᠡᠴᠢᠯᠡᠬᠦ ᠶᠢ ᠰᠢᠪᠠᠳᠠᠬᠤ ᠬᠡᠷᠡᠭᠲᠠᠢ ᠃ ᠠᠵᠢᠯ ᠢᠶᠠᠨ ᠨᠠᠷᠢᠨ ᠨᠢᠮᠪᠠᠶ ᠬᠢᠵᠦ ᠂ ᠬᠢᠨᠠᠨ ᠪᠠᠶᠢᠴᠠᠭᠠᠬᠤ ᠪᠡᠷ ᠳᠠᠮᠵᠢᠭᠤᠯᠤᠨ ᠠᠰᠠᠭᠤᠳᠠᠯ ᠢ ᠴᠠᠭ ᠲᠤᠬᠠᠶ ᠳᠤᠨᠢ ᠢᠯᠡᠷᠡᠭᠦᠯᠵᠦ ᠂ ᠠᠯᠳᠠᠪᠤᠷᠢ ᠪᠡᠨ ᠪᠦᠲᠦᠮᠵᠢᠲᠡᠶ ᠵᠠᠯᠠᠷᠠᠭᠤᠯᠵᠤ ᠂ ᠥᠭᠡᠷᠡᠴᠢᠯᠡᠯᠲᠡ ᠶᠢᠨ ᠡᠭᠦᠷᠭᠡ ᠶᠢ ᠨᠠᠢᠳᠠᠪᠤᠷᠢᠵᠢᠭᠤᠯᠤᠨ ᠂ ᠪᠣᠳᠠᠲᠤ ᠦᠷ᠎ᠡ ᠪᠦᠲᠦᠮᠵᠢ ᠤᠯᠬᠤ ᠬᠡᠷᠡᠭᠲᠡᠶ ᠃ ᠪᠦᠬᠦ ᠶᠠᠪᠤᠴᠠ ᠪᠡᠷ ᠨᠢ ᠮᠥᠷᠳᠡᠨ ᠳᠠᠭᠠᠵᠤ ᠂ ᠲᠣᠭᠲᠠᠭᠰᠠᠨ ᠴᠢᠭᠯᠡᠯ ᠲᠡᠶ ᠪᠡᠷ ᠠᠷᠭ᠎ᠠ ᠪᠣᠳᠣᠯᠭ᠎ᠠ ᠬᠡᠷᠡᠭᠵᠢᠭᠦᠯᠵᠦ ᠂ ᠡᠴᠦᠰ ᠲᠦᠨᠢ ᠲᠤᠯᠲᠠᠯ᠎ᠠ ᠠᠳᠬᠤᠵᠤ ᠂ ᠥᠭᠡᠷᠡᠴᠢᠯᠡᠯᠲᠡ ᠶᠢ ᠠᠬᠢᠭᠤᠯᠵᠤ ᠪᠠᠶᠢᠭ᠎ᠠ ᠪᠠᠶᠢᠳᠠᠯ ᠢ ᠬᠢᠨᠠᠨ ᠰᠢᠯᠭᠠᠵᠤ ᠵᠦᠢᠯ ᠳᠤ ᠣᠷᠤᠭᠤᠯᠤᠨ᠂ ᠲᠥᠷᠦᠯ ᠵᠦᠢᠯ ᠪᠡᠷ ᠨᠢ᠂ ᠬᠤᠭᠤᠴᠠᠭ᠎ᠠ ᠶᠣᠰᠣᠭᠠᠷ ᠡᠭᠦᠷᠭᠡ ᠪᠡᠨ ᠪᠡᠶᠡᠯᠡᠭᠦᠯᠦᠭᠰᠡᠨ ᠢ ᠪᠠᠲᠤᠯᠠᠵᠤ᠂ ᠳᠤᠲᠠᠭᠤ ᠲᠤᠷᠭᠤᠨ ᠪᠢᠰᠢ ᠰᠢᠨᠵᠢ ᠴᠢᠨᠠᠷ ᠨᠢ ᠬᠤᠪᠢᠷᠠᠭᠰᠠᠨ ᠦᠭᠡᠢ ᠪᠠᠢᠬᠤ ᠬᠡᠷᠡᠭᠲᠠᠢ ᠃ ᠠᠷᠠᠳ ᠲᠦᠮᠡᠨ ᠢᠶᠡᠷ ᠭᠣᠣᠯ ᠪᠣᠯᠭᠠᠭᠰᠠᠨ ᠬᠥᠭᠵᠢᠯᠲᠡ ᠶᠢᠨ ᠦᠵᠡᠯ ᠰᠠᠨᠠᠭ᠎ᠠ ᠶᠢ ᠪᠠᠷᠢᠮᠲᠠᠯᠠᠵᠤ᠂ ᠠᠷᠠᠳ ᠲᠦᠮᠡᠨ ᠦ ᠵᠣᠭᠰᠣᠯᠲᠠ ᠢ ᠬᠦᠨᠳᠦᠳᠬᠡᠵᠤ᠂ ᠥᠭᠡᠷᠡᠴᠢᠯᠡᠯᠲᠡ ᠶᠢ ᠨᠠᠷᠢᠯᠢᠭ ᠣᠨᠣᠴᠢᠲᠠᠶ ᠪᠠᠷ ᠬᠦᠭᠵᠢᠯᠲᠠ ᠶᠢᠨ ᠬᠡᠷᠡᠭᠴᠡᠭᠡ ᠂ ᠦᠨᠳᠦᠰᠦᠨ ᠱᠠᠲᠤᠨ ᠤ ᠪᠠᠷᠠᠯᠠᠯ᠂ ᠠᠷᠠᠳ ᠤᠨ ᠰᠡᠳᠬᠢᠯ ᠦᠨ ᠬᠠᠨᠳᠤᠰᠢ ᠳᠤ ᠬᠠᠨᠳᠤᠭᠤᠯᠤᠨ᠂ ᠠᠷᠠᠳ ᠤᠨ ᠲᠥᠯᠥᠭᠡ ᠬᠠᠤᠯᠢ ᠪᠠᠷᠢᠬᠤ ᠶᠢ ᠠᠬᠢᠭᠤᠯᠵᠤ᠂ ᠲᠥᠪ ᠭᠣᠣᠯᠴᠢ ᠪᠠᠷ ᠬᠠᠤᠯᠢ ᠪᠠᠷᠢᠵᠤ᠂ ᠠᠷᠠᠳ ᠤᠯᠠᠨ ᠤ ᠡᠳᠦᠷ ᠢᠷᠡᠬᠦᠶ᠎ᠡ ᠨᠡᠮᠡᠭᠳᠡᠵᠦ ᠪᠠᠶᠢᠭ᠎ᠠ ᠣᠯᠠᠨ ᠡᠰᠢᠲᠦ ᠬᠠᠤᠯᠢ ᠴᠠᠭᠠᠵᠠ ᠶᠢᠨ ᠬᠡᠷᠡᠭᠴᠡᠭᠡ ᠶᠢ ᠲᠠᠰᠤᠷᠠᠯᠲᠠ ᠦᠭᠡᠢ ᠬᠠᠩᠭᠠᠵᠤ ᠂ 《 ᠴᠢᠷᠮᠠᠶᠢᠵᠤ ᠪᠠᠢᠭᠠᠳ ᠠᠷᠠᠳ ᠣᠯᠠᠨ ᠳᠤ ᠬᠠᠤᠯᠢ ᠪᠠᠷᠢᠭᠰᠠᠨ ᠬᠡᠷᠡᠭ ᠨᠢᠭᠡᠪᠦᠷᠢ ᠡᠴᠡ ᠲᠥᠪ ᠭᠣᠣᠯᠴᠢ ᠰᠢᠳᠤᠷᠭᠤ ᠶᠣᠰᠣ ᠶᠢ ᠣᠶᠢᠯᠠᠭᠠᠭᠤᠯᠬᠤ 》 ᠬᠠᠷᠠᠯᠲᠠ ᠶᠢ ᠪᠡᠶᠡᠯᠡᠭᠦᠯᠬᠦ ᠬᠡᠷᠡᠭᠲᠠᠢ᠃
ᠵᠸᠦ ᠴᠢᠶᠠᠩ ᠱᠠᠭᠠᠷᠳᠠᠯᠭ᠎ᠠ ᠳᠤ ᠪᠡᠨ᠂ ᠰᠢᠭᠦᠬᠦ ᠬᠣᠷᠢᠶᠠᠨ ᠤ ᠮᠡᠳᠡᠭᠡ ᠵᠠᠩᠭᠢᠵᠢᠯᠲᠠ ᠶᠢᠨ ᠪᠠᠶᠢᠭᠤᠯᠤᠯᠲᠠ ᠶᠢ ᠪᠦᠬᠦ ᠲᠠᠯ᠎ᠠ ᠪᠠᠷ ᠲᠦᠯᠬᠢᠨ ᠠᠬᠢᠭᠤᠯᠬᠤ ᠬᠡᠷᠡᠭᠲᠡᠶ ᠃ ᠮᠡᠳᠡᠭᠡ ᠵᠠᠩᠭᠢᠵᠢᠯᠲᠠ ᠨᠢ ᠰᠢᠭᠦᠨ ᠲᠠᠰᠤᠯᠬᠤ ᠴᠢᠨᠠᠷ ᠴᠢᠨᠰᠠᠭ᠎ᠠ ᠦᠷ᠎ᠡ ᠪᠦᠲᠦᠮᠵᠢ ᠶᠢ ᠳᠡᠭᠡᠭᠰᠢᠯᠡᠭᠦᠯᠬᠦ ᠂ ᠬᠠᠤᠯᠢ ᠶᠢᠨ ᠲᠤᠰᠢᠶᠠᠯᠲᠠᠨ ᠤ ᠬᠡᠷᠡᠭ ᠰᠢᠶᠳᠪᠦᠷᠢᠯᠡᠬᠦ ᠳᠤ ᠦᠢᠯᠡᠴᠢᠯᠡᠨ᠂ ᠤᠯᠠᠨ ᠲᠦᠮᠡᠨ ᠦ ᠵᠠᠷᠭᠤ ᠬᠢᠬᠦ ᠳᠦ ᠳᠦᠭᠦᠮ ᠵᠡᠷᠭᠡ ᠲᠠᠯ᠎ᠠ ᠪᠠᠷ ᠬᠢ ᠯᠤᠲᠤ ᠶᠡᠬᠡ ᠦᠢᠯᠡᠳᠦᠯ ᠡᠳᠦᠷ ᠢᠷᠡᠬᠦᠶ᠎ᠡ ᠲᠣᠪᠣᠶᠢᠮ᠎ᠠ ᠪᠣᠯᠵᠤ ᠂ ᠠᠷᠠᠳ ᠤᠨ ᠰᠢᠭᠦᠬᠦ ᠬᠣᠷᠢᠶᠠᠨ ᠤ ᠮᠡᠳᠡᠭᠡ ᠵᠠᠩᠭᠢᠵᠢᠯᠲᠠ ᠶᠢᠨ 3.0 ᠬᠡᠪᠯᠡᠯ ᠦᠨ ᠪᠦᠳᠦᠭᠡᠨ ᠪᠠᠶᠢᠭᠤᠯᠤᠯᠲᠠ ᠶᠢᠨ ᠬᠠᠷᠠᠯᠲᠠ ᠲᠠᠢ ᠨᠢᠭᠲᠠ ᠤᠶᠠᠯᠳᠤᠭᠤᠯᠤᠨ ᠂ 《 ᠤᠶᠤᠨᠴᠢᠯᠠᠭᠰᠠᠨ ᠰᠢᠭᠦᠬᠦ ᠬᠣᠷᠢᠶ᠎ᠠ 》 ᠶᠢ ᠲᠦᠷᠭᠡᠪᠴᠢᠯᠡᠨ ᠪᠦᠲᠦᠭᠡᠨ ᠪᠠᠶᠢᠭᠤᠯᠵᠤ ᠂ ᠰᠢᠭᠦᠨ ᠲᠠᠰᠤᠯᠤᠯᠲᠠ ᠶᠢᠨ ᠰᠢᠰᠲ᠋ᠧᠮ ᠪᠣᠯᠤᠨ ᠰᠢᠭᠦᠨ ᠲᠠᠰᠤᠯᠤᠯᠲᠠ ᠶᠢᠨ ᠴᠢᠳᠠᠪᠤᠷᠢ ᠶᠢᠨ ᠣᠳᠣᠬᠢᠴᠢᠯᠠᠯᠲᠠ ᠶᠢ ᠠᠬᠢᠭᠤᠯᠬᠤ ᠬᠡᠷᠡᠭᠲᠡᠶ ᠃ ᠠᠷᠠᠳ ᠤᠯᠠᠨ ᠳᠤ ᠦᠢᠯᠡᠴᠢᠯᠡᠬᠦ ᠂ ᠰᠢᠭᠦᠨ ᠳᠠᠰᠤᠯᠠᠯᠲᠠ ᠢ ᠭᠦᠢᠴᠡᠳᠬᠡᠬᠦ ᠳᠤ ᠦᠢᠯᠡᠴᠢᠬᠦ᠂ ᠬᠠᠤᠯᠢ ᠴᠠᠭᠠᠵᠠ ᠶᠢᠨ ᠬᠠᠮᠢᠶᠠᠷᠤᠯᠲᠠ ᠳᠤ ᠦᠢᠯᠡᠴᠢᠯᠡᠬᠦ ᠢ ᠠᠩᠬᠠᠷᠤᠨ᠂ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ ᠂ ᠬᠦᠷᠦᠯᠴᠡᠬᠦ ᠦᠭᠡᠢ ᠲᠠᠯ᠎ᠠ ᠪᠡᠨ ᠴᠢᠷᠮᠠᠢᠨ ᠨᠦᠬᠦᠪᠥᠷᠢᠯᠡᠵᠦ ᠂ ᠪᠠᠲᠤᠯᠠᠭ᠎ᠠ ᠶᠢᠨ ᠰᠢᠰᠲ᠋ᠧᠮ ᠪᠡᠨ ᠴᠢᠩᠭ᠋ᠠᠳᠬᠠᠵᠤ᠂ ᠬᠡᠷᠡᠭᠯᠡᠬᠦ ᠦᠷ᠎ᠡ ᠪᠦᠲᠦᠮᠵᠢ ᠪᠡᠨ ᠳᠡᠭᠡᠭᠰᠢᠯᠡᠭᠦᠯᠬᠦ ᠬᠡᠷᠡᠭᠲᠡᠶ ᠃ ᠬᠠᠤᠯᠢ ᠴᠠᠭᠠᠵᠠ ᠶᠢᠨ ᠬᠠᠮᠢᠶᠠᠲᠠᠢ ᠲᠣᠭ᠎ᠠ ᠪᠠᠷᠢᠮᠲᠠ ᠶᠢ ᠨᠠᠷᠢᠯᠡᠭ ᠵᠠᠳᠠᠯᠤᠨ ᠭᠦᠢᠴᠡᠳ ᠠᠰᠢᠭᠯᠠᠵᠤ᠂ ᠡᠯᠪᠡᠭ ᠪᠠᠶᠠᠯᠢᠭ ᠬᠡᠷᠡᠭ ᠦᠨ ᠮᠡᠳᠡᠭᠡ ᠵᠠᠩᠭᠢ ᠶᠢᠨ ᠡᠬᠢ ᠪᠠᠲᠠᠯᠢᠭ ᠢ ᠠᠰᠢᠭᠯᠠᠵᠤ ᠂ ᠠᠵᠤ ᠠᠬᠤᠶ ᠨᠡᠶᠢᠭᠡᠮ ᠦᠨ ᠠᠵᠢᠯᠯᠠᠭᠠᠨ ᠤ ᠬᠥᠳᠡᠯᠦᠩᠭᠦᠶ ᠴᠢᠨᠠᠷ ᠢ ᠣᠨᠣᠪᠴᠢᠲᠠᠶ ᠲᠤᠰᠬᠠᠵᠤ ᠂ ᠨᠠᠮ ᠪᠠ ᠵᠠᠰᠠᠭ ᠤᠨ ᠣᠷᠳᠣᠨ ᠤ ᠰᠢᠶᠳᠪᠦᠷᠢᠲᠦ ᠪᠤᠳᠤᠯᠭ᠎ᠠ ᠲᠣᠭᠲᠠᠭᠠᠬᠤ ᠳᠤ ᠯᠠᠪᠯᠠᠯᠲᠠ ᠬᠠᠩᠭᠠᠨ᠎ᠠ ᠃ ᠡᠯᠧᠺᠲ᠋ᠷᠣᠨ ᠳᠠᠩᠰᠠ ᠡᠪᠬᠡᠮᠡᠯ ᠢ ᠬᠡᠷᠡᠭ ᠢ ᠳᠠᠭᠠᠯᠳᠤᠭᠤᠯᠤᠨ ᠵᠡᠷᠭᠡ ᠪᠡᠷ ᠢᠯᠡᠷᠡᠭᠦᠯᠬᠦ ᠪᠠ ᠭᠦᠢᠴᠡᠳ ᠬᠡᠷᠡᠭᠯᠡᠵᠦ ᠂ ᠬᠠᠤᠯᠢ ᠶᠢᠨ ᠲᠤᠰᠢᠶᠠᠯᠲᠠᠨ ᠤ ᠬᠡᠷᠡᠭ ᠰᠢᠶᠳᠪᠦᠷᠢᠯᠡᠬᠦ ᠳᠤ ᠤᠶᠤᠨᠴᠢᠯᠠᠭᠰᠠᠨ ᠦᠢᠯᠡᠴᠢᠯᠡᠭᠡ ᠬᠠᠩᠭᠠᠵᠤ᠂ ᠬᠡᠷᠡᠭ ᠰᠢᠶᠳᠪᠦᠷᠢᠯᠡᠬᠦ ᠳᠠᠷᠤᠭᠠᠰᠤ ᠶᠢ ᠬᠦᠩᠭᠡᠷᠡᠭᠦᠯᠦᠨ ᠂ ᠢᠵᠢᠯ ᠲᠦᠷᠦᠯ ᠦᠨ ᠬᠡᠷᠡᠭ ᠢ ᠴᠤᠭ ᠲᠤ ᠨᠢ ᠰᠢᠭᠦᠨ ᠳᠠᠰᠤᠯᠠᠬᠤ ᠪᠠ ᠰᠢᠳᠬᠡᠯ ᠣᠨᠣᠭᠳᠠᠭᠤᠯᠬᠤ ᠶᠢ ᠳᠦᠷᠢᠮᠵᠢᠭᠦᠯᠬᠦ ᠬᠡᠷᠡᠭᠲᠡᠶ ᠃ ᠴᠠᠭ ᠡᠷᠡᠨ ᠤ ᠬᠥᠭᠵᠢᠯᠲᠡ ᠶᠢᠨ ᠡᠮᠦᠨ᠎ᠡ ᠭᠠᠪᠰᠢᠭᠠᠢᠯᠠᠵᠤ ᠂ ᠬᠠᠤᠯᠢ ᠬᠡᠷᠡᠭᠵᠢᠭᠦᠯᠦᠯᠲᠡ ᠶᠢᠨ ᠬᠥᠮᠦᠨ ᠤ ᠬᠦᠴᠦᠨ ᠤ ᠤᠶᠤᠨᠴᠢᠯᠠᠯᠲᠠ ᠢ ᠲᠦᠯᠬᠢᠨ ᠠᠬᠢᠭᠤᠯᠬᠤ ᠶᠢ ᠳᠡᠭᠡᠳᠦ ᠬᠡᠮᠵᠢᠶ᠎ᠡ ᠪᠡᠷ ᠴᠢᠬᠤᠯᠠᠴᠢᠯᠡᠨ᠂ ᠠᠷᠠᠳ ᠤᠨ ᠰᠢᠭᠦᠬᠦ ᠬᠣᠷᠢᠶᠠᠨ ᠤ ᠠᠵᠢᠯ ᠤᠨ ᠭᠦᠨᠵᠡᠭᠡᠢ ᠥᠭᠡᠷᠡᠴᠢᠯᠡᠯᠲᠡ ᠢ ᠲᠦᠯᠬᠢᠨ ᠠᠬᠢᠭᠤᠯᠵᠤ᠂ ᠰᠢᠭᠦᠨ ᠲᠠᠰᠤᠯᠤᠯᠲᠠ ᠶᠢᠨ ᠴᠢᠨᠠᠷ ᠴᠢᠨᠰᠠᠭ᠎ᠠ ᠦᠷ᠎ᠡ ᠪᠦᠲᠦᠮᠵᠢ ᠶᠢ ᠳᠡᠭᠡᠭᠰᠢᠭᠦᠯᠬᠦ ᠳᠤ ᠰᠢᠨᠵᠢᠯᠡᠭᠡ ᠮᠡᠷᠭᠡᠵᠢᠯ ᠤᠨ ᠵᠢᠭᠦᠷ ᠤᠷᠭᠤᠭᠤᠯᠬᠤ ᠬᠡᠷᠡᠭᠲᠠᠢ ᠃
ᠵᠸᠥ ᠴᠢᠶᠠᠩ ᠱᠠᠭᠠᠷᠳᠠᠯᠭ᠎ᠠ ᠳᠤ ᠪᠡᠨ᠂ ᠰᠢᠭᠦᠬᠦ ᠬᠣᠷᠢᠶᠠᠨ ᠤ ᠡᠩᠨᠡᠭᠡᠨ ᠦ ᠪᠠᠶᠢᠭᠤᠯᠤᠯᠲᠠ ᠶᠢ ᠪᠦᠬᠦ ᠲᠠᠯ᠎ᠠ ᠪᠠᠷ ᠴᠢᠩᠭᠠᠳᠬᠠᠬᠤ ᠬᠡᠷᠡᠭᠲᠡᠶ ᠃ ᠨᠠᠮ ᠢ ᠴᠢᠩᠭ᠎ᠠ ᠵᠠᠰᠠᠬᠤ ᠂ ᠰᠢᠭᠦᠬᠦ ᠬᠣᠷᠢᠶ᠎ᠠ ᠶᠢ ᠴᠢᠩᠭ᠎ᠠ ᠵᠠᠰᠠᠬᠤ ᠶᠢ ᠪᠠᠷᠢᠮᠲᠠᠯᠠᠨ ᠂ ᠠᠷᠠᠳ ᠤᠨ ᠰᠢᠭᠦᠬᠦ ᠬᠣᠷᠢᠶᠠᠨ ᠤ ᠰᠢᠰᠲ᠋ᠧᠮ ᠦᠨ ᠨᠠᠮ ᠤᠨ ᠪᠠᠶᠢᠭᠤᠯᠤᠯᠲᠠ ᠢ ᠦᠨᠡᠨᠬᠦ ᠴᠢᠩᠭ᠋ᠠᠳᠬᠠᠵᠤ᠂《 ᠬᠣᠶᠠᠷ ᠢ ᠰᠤᠷᠤᠯᠴᠠᠵᠤ ᠨᠢᠭᠡ ᠶᠢ ᠬᠢᠬᠦ 》 ᠰᠤᠷᠤᠯᠴᠠᠯᠭ᠎ᠠ ᠬᠥᠮᠦᠵᠢᠭᠦᠯᠦᠯ ᠦᠨ ᠠᠵᠢᠯ ᠢ ᠯᠠᠪᠳᠠᠭᠤᠨ ᠥᠷᠨᠢᠭᠦᠯᠵᠦ᠂ ᠨᠠᠮ ᠤᠨ ᠵᠣᠬᠢᠶᠠᠨ ᠪᠠᠶᠢᠭᠤᠯᠤᠯᠲᠠ ᠶᠢᠨ ᠠᠮᠢᠳᠤᠷᠠᠯ ᠂ ᠨᠠᠮ ᠤᠨ ᠭᠡᠰᠢᠭᠦᠳ ᠦᠨ ᠬᠥᠮᠦᠵᠢᠯ ᠬᠠᠮᠢᠶᠠᠷᠤᠯᠲᠠ ᠶᠢ ᠦᠨᠡᠨᠬᠦ ᠴᠢᠩᠭ᠎ᠠ ᠂ ᠪᠤᠲᠠᠲᠠᠢ ᠪᠣᠯᠭᠠᠬᠤ ᠬᠡᠷᠡᠭᠲᠠᠢ ᠃ 《 ᠬᠣᠶᠠᠷ ᠬᠠᠷᠢᠭᠤᠴᠠᠯᠭ᠎ᠠ 》 ᠶᠢ ᠴᠢᠩᠭ᠎ᠠ ᠨᠠᠶᠢᠳᠠᠪᠤᠷᠢᠵᠢᠭᠤᠯᠵᠤ ᠂ ᠨᠠᠮ ᠤᠨ ᠰᠤᠷᠲᠠᠯ ᠤᠨ ᠪᠠ ᠠᠷᠢᠭᠤᠨ ᠴᠢᠬᠡᠴᠢ ᠪᠡᠷ ᠵᠠᠰᠠᠭ ᠪᠠᠷᠢᠬᠤ ᠪᠠᠶᠢᠭᠤᠯᠤᠯᠲᠠ ᠶᠢ ᠶᠡᠬᠡᠪᠡᠷ ᠴᠢᠩᠭᠠᠳᠬᠠᠵᠤ ᠂ ᠡᠰᠡᠷᠭᠦ ᠲᠠᠯ᠎ᠠ ᠶᠢᠨ ᠨᠡᠶᠢᠲᠡᠯᠢᠭ ᠵᠢᠱᠢᠶ᠎ᠡ ᠪᠡᠷ ᠰᠡᠷᠡᠮᠵᠢᠯᠡᠭᠦᠯᠬᠦ ᠬᠥᠮᠦᠵᠢᠯ ᠥᠷᠨᠢᠭᠦᠯᠵᠦ ᠂ ᠤᠴᠢᠷ ᠶᠠᠪᠦᠳᠠᠯ ᠤᠨ ᠪᠠᠭ᠎ᠠ ᠡᠴᠡ ᠨᠢ ᠰᠡᠷᠭᠡᠢᠯᠡᠬᠦ ᠶᠢ ᠠᠩᠬᠠᠷᠴᠤ᠂ ᠰᠡᠷᠡᠮᠵᠢ ᠶᠢᠨ ᠬᠣᠩᠬᠣ ᠶᠢ ᠬᠡᠵᠢᠶᠡᠳᠡ ᠳᠠᠭᠤᠷᠢᠰᠬᠠᠵᠤ ᠪᠠᠶᠬᠤ ᠬᠡᠷᠡᠭᠲᠡᠶ ᠃ ᠬᠠᠤᠯᠢ ᠴᠠᠭᠠᠵᠠ ᠶᠢᠨ ᠥᠭᠡᠷᠡᠴᠢᠯᠡᠯᠲᠡ ᠶᠢ ᠭᠦᠨᠵᠡᠭᠡᠶ ᠲᠦᠯᠬᠢᠨ ᠠᠬᠢᠭᠤᠯᠬᠤ ᠲᠠᠢ ᠨᠢᠭᠲᠠ ᠤᠶᠠᠯᠳᠤᠭᠤᠯᠤᠨ ᠂ ᠢᠵᠢ ᠪᠦᠷᠢᠳᠦᠭᠰᠡᠨ ᠲᠦᠷᠢᠮ ᠢ ᠲᠡᠭᠦᠯᠳᠡᠷᠵᠢᠭᠦᠯᠵᠦ ᠂ ᠬᠠᠤᠯᠢ ᠴᠠᠭᠠᠵᠠ ᠶᠢᠨ ᠬᠠᠷᠢᠭᠤᠴᠠᠯᠭ᠎ᠠ ᠶᠢᠨ ᠳᠦᠷᠢᠮ ᠢ ᠴᠢᠩᠭ᠎ᠠ ᠨᠠᠶᠢᠳᠠᠪᠤᠷᠢᠵᠢᠭᠤᠯᠵᠤ ᠂ ᠬᠠᠤᠯᠢ ᠶᠢᠨ ᠲᠤᠰᠢᠶᠠᠯᠲᠠᠨ ᠤ ᠠᠵᠢᠯᠳᠠᠨ ᠤ ᠲᠣᠭ᠎ᠠ ᠶᠢᠨ ᠳᠦ᠋ᠷᠢᠮ ᠪᠠ ᠬᠠᠤᠯᠢ ᠪᠠᠷᠢᠬᠤ ᠠᠵᠢᠯᠲᠠᠨ ᠢ ᠲᠥᠷᠥᠯ ᠬᠤᠪᠢᠶᠠᠨ ᠬᠠᠮᠢᠶᠠᠷᠬᠤ ᠥᠭᠡᠷᠡᠴᠢᠯᠡᠯᠲᠡ ᠶᠢ ᠲᠦᠯᠬᠢᠨ ᠠᠬᠢᠭᠤᠯᠵᠤ ᠂ ᠰᠢᠭᠦᠬᠦ ᠬᠣᠷᠢᠶᠠᠨ ᠤ ᠡᠩᠨᠡᠭᠡᠨ ᠦ ᠵᠢᠩᠬᠢᠨᠢᠴᠢᠯᠡᠬᠦ ᠂ ᠲᠤᠰᠬᠠᠢ ᠮᠡᠷᠭᠡᠵᠢᠯ ᠳᠤ ᠪᠡᠨ ᠴᠠᠭᠠᠷᠠᠬᠤ ᠂ ᠲᠤᠬᠠᠢᠯᠠᠭᠰᠠᠨ ᠠᠵᠢᠯ ᠳᠤ ᠪᠡᠨ ᠴᠠᠭᠠᠷᠠᠬᠤ ᠪᠠᠢᠭᠤᠯᠤᠯᠲᠠ ᠢ ᠴᠢᠩᠭ᠋ᠠᠳᠬᠠᠵᠤ᠂ ᠬᠠᠤᠯᠢ ᠪᠠᠷᠢᠬᠤ ᠴᠢᠳᠠᠪᠤᠷᠢ ᠪᠠ ᠬᠢᠷᠢ ᠬᠡᠮᠵᠢᠶ᠎ᠡ ᠪᠡᠨ ᠲᠠᠰᠤᠷᠠᠯᠲᠠ ᠦᠭᠡᠢ ᠳᠡᠭᠡᠭᠰᠢᠯᠡᠭᠦᠯᠵᠦ᠂ ᠪᠠᠲᠤ ᠪᠠᠲᠤ ᠢᠲᠡᠭᠡᠯ ᠵᠣᠷᠢᠭ ᠲᠠᠶ ᠂ ᠠᠷᠠᠳ ᠲᠦᠮᠡᠨ ᠦ ᠲᠥᠯᠥᠭᠡ ᠬᠠᠤᠯᠢ ᠬᠡᠷᠡᠭᠵᠢᠭᠦᠯᠬᠦ ᠂ ᠵᠣᠷᠢᠭᠲᠠᠶ ᠪᠠᠷ ᠬᠠᠷᠢᠭᠤᠴᠠᠯᠭ᠎ᠠ ᠡᠭᠦᠷᠭᠡᠯᠡᠳᠡᠭ ᠂ ᠲᠥᠪ ᠭᠣᠣᠯᠴᠢ ᠠᠷᠢᠭᠤᠨ ᠴᠢᠬᠡᠴᠢ ᠰᠢᠭᠦᠬᠦ ᠬᠣᠷᠢᠶᠠᠨ ᠤ ᠡᠩᠨᠡᠭᠡ ᠶᠢ ᠪᠠᠶᠢᠭᠤᠯᠬᠤ ᠪᠡᠷ ᠴᠢᠷᠮᠠᠢᠬᠤ ᠬᠡᠷᠡᠭᠲᠡᠶ ᠃
ᠵᠸᠥ ᠴᠢᠶᠠᠩ ᠱᠠᠭᠠᠷᠳᠠᠯᠭ᠎ᠠ ᠳᠤ ᠪᠡᠨ ᠂ ᠰᠢᠭᠦᠨ ᠲᠠᠰᠤᠯᠠᠯᠲᠠ ᠶᠢᠨ ᠬᠠᠮᠢᠶᠠᠷᠤᠯᠲᠠ ᠶᠢ ᠤᠯᠠᠮ ᠨᠢᠭᠡ ᠠᠯᠬᠤᠮ ᠴᠢᠩᠭ᠋ᠠᠳᠬᠠᠬᠤ ᠬᠡᠷᠡᠭᠲᠠᠢ᠃ ᠰᠢᠭᠦᠨ ᠲᠠᠰᠤᠯᠬᠤ ᠬᠠᠮᠢᠶᠠᠷᠤᠯᠲᠠ ᠨᠢ ᠰᠢᠭᠦᠬᠦ ᠠᠵᠢᠯ ᠢ ᠳᠦᠷᠢᠮᠵᠢᠭᠦᠯᠬᠦ ᠂ ᠪᠠᠲᠤᠯᠠᠭ᠎ᠠ ᠬᠠᠩᠭᠠᠬᠤ ᠂ ᠰᠢᠭᠦᠨ ᠲᠠᠰᠤᠯᠬᠤ ᠠᠵᠢᠯ ᠢ ᠠᠬᠢᠭᠤᠯᠬᠤ ᠪᠠ ᠦᠢᠯᠡᠴᠢᠯᠡᠬᠦ ᠴᠢᠬᠤᠯᠠ ᠦᠢᠯᠡᠳᠦᠯ ᠲᠠᠢ ᠶᠢ ᠪᠦᠷᠢᠮᠦᠰᠦᠨ ᠲᠠᠨᠢᠵᠦ᠂ ᠰᠢᠭᠦᠨ ᠲᠠᠰᠤᠯᠬᠤ ᠬᠠᠮᠢᠶᠠᠷᠤᠯᠲᠠ ᠶᠢ ᠴᠢᠩᠭ᠎ᠠ ᠠᠳᠬᠤᠵᠤ᠂ ᠰᠢᠭᠦᠨ ᠲᠠᠰᠤᠯᠬᠤ ᠶᠢ ᠭᠦᠢᠴᠡᠳᠬᠡᠬᠦ ᠠᠵᠢᠯ ᠤᠨ ᠰᠠᠢᠨ ᠰᠠᠢᠬᠠᠨ ᠣᠷᠴᠢᠯ ᠢ ᠲᠦᠯᠬᠢᠨ ᠠᠬᠢᠭᠤᠯᠬᠤ ᠬᠡᠷᠡᠭᠲᠠᠢ᠃ ᠬᠠᠤᠯᠢ ᠴᠠᠭᠠᠵᠠ ᠶᠢᠨ ᠥᠭᠡᠷᠡᠴᠢᠯᠡᠯᠲᠡ ᠶᠢ ᠲᠦᠯᠭᠢᠨ ᠠᠬᠢᠭᠤᠯᠬᠤ ᠲᠠᠶ ᠤᠶᠠᠯᠳᠤᠭᠤᠯᠤᠨ ᠂ ᠰᠢᠨᠵᠢᠯᠡᠬᠦ ᠤᠬᠠᠭᠠᠨᠴᠢ᠂ ᠳᠦᠷᠢᠮᠵᠢᠯ ᠲᠠᠢ ᠂ ᠥᠨᠳᠥᠷ ᠪᠦᠲᠦᠮᠵᠢᠲᠡᠶ ᠰᠢᠭᠦᠨ ᠲᠠᠰᠣᠯᠣᠯᠳᠠ ᠶᠢᠨ ᠬᠠᠮᠢᠶᠠᠷᠤᠯᠲᠠ ᠶᠢᠨ ᠲᠣᠭᠲᠠᠴᠠ ᠢ ᠪᠦᠲᠦᠭᠡᠨ ᠪᠠᠢᠭᠤᠯᠬᠤ ᠶᠢ ᠦᠨᠡᠨ ᠬᠦ ᠴᠢᠩᠭᠠᠳᠬᠠᠵᠤ ᠂ ᠰᠢᠭᠦᠨ ᠲᠠᠰᠤᠯᠤᠯᠲᠠ ᠶᠢᠨ ᠶᠠᠪᠤᠴᠠ ᠶᠢᠨ ᠬᠠᠮᠢᠶᠠᠷᠤᠯᠲᠠ ᠂ ᠡᠷᠬᠡ ᠶᠢ ᠲᠠᠯᠪᠢᠬᠤ ᠡᠴᠡ ᠪᠢᠰᠢ ᠬᠠᠷᠢᠭᠤᠴᠠᠯᠭ᠎ᠠ ᠪᠡᠨ ᠲᠠᠯᠪᠢᠬᠤ ᠦᠭᠡᠢ᠂ ᠬᠢᠨᠠᠨ ᠪᠠᠢᠴᠠᠭᠠᠬᠤ ᠤᠷᠤᠭ ᠬᠣᠭᠤᠰᠤᠨ ᠪᠢᠰᠢ ᠪᠠᠢᠬᠤ ᠶᠢ ᠪᠠᠲᠤᠯᠠᠵᠤ ᠂ ᠰᠢᠭᠦᠨ ᠲᠠᠰᠤᠯᠬᠤ ᠡᠷᠬᠡ ᠪᠡᠨ ᠬᠠᠤᠯᠢ ᠶᠣᠰᠣᠭᠠᠷ ᠪᠡᠶ᠎ᠡ ᠪᠡᠨ ᠳᠠᠭᠠᠭᠠᠨ ᠲᠥᠪ ᠭᠣᠣᠯᠴᠢ ᠪᠠᠷ ᠬᠡᠷᠡᠭᠵᠢᠭᠦᠯᠬᠦ ᠶᠢ ᠦᠨᠡᠨ ᠬᠦ ᠪᠠᠲᠤᠯᠠᠬᠤ ᠬᠡᠷᠡᠭᠲᠡᠶ ᠃ ᠰᠢᠭᠦᠨ ᠲᠠᠰᠤᠯᠬᠤ ᠶᠢ ᠭᠦᠢᠴᠡᠳᠬᠡᠬᠦ ᠠᠵᠢᠯ ᠤᠨ ᠶᠠᠪᠤᠴᠠ ᠶᠢᠨ ᠵᠠᠳᠠᠯᠤᠯᠲᠠ ᠪᠡᠨ ᠴᠢᠩᠭ᠋ᠠᠳᠬᠠᠵᠤ ᠂ ᠣᠨᠴᠠᠭᠠᠢᠯᠠᠨ ᠬᠡᠷᠡᠭ ᠤᠨ ᠦᠷᠭᠦᠯᠵᠢᠯᠡᠨ ᠶᠡᠬᠡ ᠪᠡᠷ ᠨᠡᠮᠡᠩᠠᠲᠡᠵᠦ ᠪᠠᠢᠭ᠎ᠠ ᠰᠢᠯᠲᠠᠭᠠᠨ ᠢ ᠨᠢ ᠵᠠᠳᠠᠯᠠᠬᠤ ᠂ ᠬᠠᠨᠳᠤᠯᠭᠠᠲᠤ ᠴᠢᠨᠠᠷᠲᠠᠶ ᠠᠷᠭ᠎ᠠ ᠬᠡᠮᠵᠢᠶ᠎ᠡ ᠳᠤᠷᠠᠳᠴᠤ ᠂ ᠬᠤᠮᠠᠬᠢ ᠲᠠᠯ᠎ᠠ ᠶᠢᠨ ᠬᠠᠮᠢᠶᠠᠷᠤᠯᠲᠠ ᠡᠴᠡ ᠬᠣᠷᠸ᠎ᠠ ᠲᠠᠯ᠎ᠠ ᠶᠢᠨ ᠬᠠᠮᠢᠶᠠᠷᠤᠯᠲᠠ ᠰᠢᠯᠵᠢᠬᠦ ᠶᠢ ᠪᠡᠶᠡᠯᠡᠭᠦᠯᠬᠦ ᠬᠡᠷᠡᠭᠲᠠᠢ ᠃ ᠮᠡᠳᠡᠭᠡ ᠵᠠᠩᠭᠢᠵᠢᠯᠲᠠ ᠶᠢᠨ ᠲᠠᠪᠴᠠᠩ ᠳᠤ ᠲᠥᠰᠢᠭᠯᠡᠨ ᠂ ᠠᠳᠠᠯᠢᠪᠲᠤᠷ ᠬᠡᠷᠡᠭ ᠦᠨ ᠵᠢᠯᠤᠭᠤᠳᠤᠯᠭ᠎ᠠ ᠂ ᠬᠡᠷᠡᠭ ᠰᠢᠶᠳᠪᠦᠷᠢᠯᠡᠬᠦ ᠶᠠᠪᠤᠴᠠ ᠪᠠᠷᠢᠮᠵᠢᠶᠠᠵᠢᠭᠰᠠᠨ ᠂ ᠬᠡᠷᠡᠭ ᠰᠢᠶᠳᠪᠦᠷᠢᠯᠡᠬᠦ ᠢ ᠤᠶᠤᠨᠯᠢᠭ ᠢᠶᠡᠷ ᠲᠤᠰᠠᠯᠠᠬᠤ ᠵᠡᠷᠭᠡ ᠶᠢ ᠠᠬᠢᠭᠤᠯᠵᠤ ᠂ ᠬᠠᠮᠢᠶᠠᠷᠤᠯᠲᠠ ᠶᠢᠨ ᠰᠢᠨᠵᠢᠯᠡᠬᠦ ᠤᠬᠠᠭᠠᠨᠴᠢᠯᠠᠬᠤ ᠂ ᠨᠠᠷᠢᠯᠢᠬᠵᠢᠭᠤᠯᠬᠤ ᠢ ᠠᠬᠢᠭᠤᠯᠵᠤ ᠂ ᠰᠢᠭᠦᠨ ᠲᠠᠰᠤᠯᠤᠯᠲᠠ ᠶᠢᠨ ᠴᠢᠨᠠᠷ ᠴᠢᠨᠰᠠᠭ᠎ᠠ ᠦᠷ᠎ᠡ ᠪᠦᠲᠦᠮᠵᠢ ᠶᠢ ᠳᠡᠭᠡᠭᠰᠢᠯᠡᠭᠦᠯᠬᠦ ᠬᠡᠷᠡᠭᠲᠠᠢ ᠃ ᠬᠠᠤᠯᠢ ᠪᠠᠷᠢᠬᠤ ᠶᠢ ᠢᠯᠠ ᠪᠣᠯᠭᠠᠬᠤ ᠶᠢ ᠶᠡᠬᠡᠪᠡᠷ ᠲᠦᠯᠬᠢᠨ ᠠᠬᠢᠭᠤᠯᠵᠤ ᠂ ᠬᠠᠤᠯᠢ ᠶᠣᠰᠣᠭᠠᠷ ᠢᠯᠡ ᠲᠣᠳᠣ ᠪᠠᠶᠢᠬᠤ ᠵᠠᠷᠴᠢᠮ ᠢ ᠪᠠᠷᠢᠮᠲᠠᠯᠠᠵᠤ ᠂ ᠪᠦᠬᠦ ᠲᠠᠯ᠎ᠠ ᠪᠠᠷ ᠢᠯᠡ ᠪᠣᠯᠭᠠᠬᠤ ᠡᠷᠴᠢᠮ ᠢᠶᠡᠨ ᠴᠢᠩᠭᠠᠷᠠᠭᠤᠯᠵᠤ ᠂ ᠬᠠᠤᠯᠢ ᠴᠠᠭᠠᠵᠠ ᠶᠢᠨ ᠢᠯᠡ ᠲᠣᠳᠣ ᠶᠢᠨ ᠬᠡᠮᠵᠢᠶ᠎ᠡ ᠶᠢ ᠤᠯᠠᠮ ᠨᠢᠭᠡ ᠠᠯᠬᠤᠮ ᠨᠡᠮᠡᠭᠳᠡᠭᠦᠯᠬᠦ ᠬᠡᠷᠡᠭᠲᠡᠶ ᠃ ᠲᠢᠩᠬᠢᠮ ᠦᠨ ᠰᠢᠭᠦᠯᠲᠡ ᠶᠢ ᠢᠯᠡ ᠪᠣᠯᠭᠠᠬᠤ ᠢᠶ ᠢᠳᠡᠪᠬᠢᠲᠠᠢ ᠲᠦᠯᠬᠢᠨ ᠠᠬᠢᠭᠤᠯᠵᠤ᠂ ᠲᠠᠰᠤᠯᠤᠨ ᠲᠣᠭᠲᠠᠭᠠᠯᠲᠠ ᠶᠢᠨ ᠪᠢᠴᠢᠭ ᠬᠠᠷ᠎ᠠ ᠶᠢ ᠢᠯᠡ ᠪᠣᠯᠭᠠᠬᠤ ᠶᠢ ᠲᠠᠰᠤᠷᠠᠯᠲᠠ ᠦᠭᠡᠢ ᠥᠷᠭᠡᠳᠬᠡᠨ ᠂ ᠬᠠᠤᠯᠢ ᠪᠠᠷᠢᠬᠤ ᠶᠢ ᠢᠯᠠ ᠪᠣᠯᠭᠠᠬᠤ ᠬᠡᠪᠴᠢᠶ᠎ᠡ ᠪᠡᠨ ᠤᠯᠠᠮ ᠦᠷᠭᠡᠳᠬᠡᠵᠦ ᠂ ᠢᠯᠡ ᠪᠣᠯᠭᠠᠬᠤ ᠪᠠᠷ ᠳᠠᠮᠵᠢᠭᠤᠯᠤᠨ ᠲᠥᠪ ᠭᠣᠣᠯᠴᠢ ᠠᠬᠢᠭᠤᠯᠤᠨ᠂ ᠴᠢᠨᠠᠷ ᠴᠢᠨᠰᠠᠭ᠎ᠠ ᠶᠢ ᠳᠡᠭᠡᠭᠰᠢᠯᠡᠭᠦᠯᠬᠦ ᠶᠢ ᠪᠤᠲᠠᠲᠠᠢᠵᠢᠭᠤᠯᠬᠤ ᠬᠡᠷᠡᠭᠲᠠᠢ᠃ ᠠᠷᠠᠳ ᠤᠨ ᠳᠡᠭᠡᠳᠦ ᠵᠡᠷᠭᠡ ᠶᠢᠨ ᠰᠢᠭᠦᠬᠦ ᠬᠣᠷᠢᠶᠠᠨ ᠤ ᠪᠠᠶᠢᠩᠭᠤ ᠶᠢᠨ ᠳᠡᠳ᠋ ᠳᠠᠷᠤᠭ᠎ᠠ ᠱᠸᠨ ᠳ᠋ᠸ ᠶᠥᠩ ᠂ ᠳᠡᠳ᠋ ᠬᠤᠷᠢᠶᠠᠨ ᠳᠠᠷᠤᠭ᠎ᠠ ᠵᠢᠶᠠᠩ ᠪᠢ ᠰᠢᠨ ᠂ ᠯᠢ ᠱᠤᠤ ᠫᠢᠩ ᠂ ᠵᠢᠩ ᠬᠠᠨ ᠴᠤᠤ᠂ ᠵᠠᠩ ᠱᠤ ᠶᠤᠸᠠᠨ ᠂ ᠾᠧ ᠷᠦᠩ ᠂ ᠨᠠᠮ ᠤᠨ ᠤᠳᠤᠷᠢᠳᠬᠤ ᠳᠤᠭᠤᠶᠢᠯᠠᠩ ᠤᠨ ᠭᠡᠰᠢᠭᠦᠨ ᠰᠦᠨ ᠬᠤᠸᠠ ᠫᠦ᠂ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ ᠂ ᠲᠥᠪ ᠦᠨ ᠰᠠᠬᠢᠯᠭ᠎ᠠ ᠪᠠᠲᠤ ᠪᠠᠶᠢᠴᠠᠭᠠᠬᠤ ᠬᠣᠷᠢᠶ᠎ᠠ ᠡᠴᠡ ᠠᠷᠠᠳ ᠤᠨ ᠳᠡᠭᠡᠳᠦ ᠵᠡᠷᠭᠡ ᠶᠢᠨ ᠰᠢᠭᠦᠬᠦ ᠬᠣᠷᠢᠶᠠᠨ ᠳᠤ ᠰᠠᠭᠤᠭ᠎ᠠ ᠰᠠᠬᠢᠯᠭ᠎ᠠ ᠪᠠᠲᠤ ᠪᠠᠶᠢᠴᠠᠭᠠᠬᠤ ᠳᠤᠭᠤᠶᠢᠯᠠᠩ ᠤᠨ ᠳᠠᠷᠤᠭ᠎ᠠ ᠯᠢᠦ ᠬᠠᠢ ᠴᠤᠸᠠᠨ ᠂ ᠰᠢᠭᠦᠨ ᠲᠠᠰᠤᠯᠬᠤ ᠺᠣᠮᠢᠰ ᠤᠨ ᠲᠤᠰᠬᠠᠶ ᠲᠤᠰᠢᠶᠠᠯᠳᠤ ᠭᠡᠰᠢᠭᠦᠨ ᠳ᠋ᠦ᠋ ᠸᠠᠨ ᠬᠤᠸᠠ ᠂ ᠬᠣ ᠶᠦᠨ ᠲᠸᠩ ᠬᠤᠷᠠᠯ ᠳᠤ ᠣᠷᠣᠯᠴᠠᠪᠠ ᠃ ᠠᠷᠠᠳ ᠤᠨ ᠳᠡᠭᠡᠳᠦ ᠰᠢᠭᠦᠬᠦ ᠬᠣᠷᠢᠶᠠᠨ ᠤ ᠪᠠᠶᠢᠭᠤᠯᠭ᠎ᠠ ᠶᠢᠨ ᠡᠯ᠎ᠡ ᠰᠠᠯᠠᠭ᠎ᠠ ᠮᠥᠴᠢᠷ ᠪᠣᠯᠤᠨ ᠰᠢᠭᠤᠳ ᠬᠠᠷᠢᠶ᠎ᠠ ᠨᠢᠭᠡᠴᠢ ᠶᠢᠨ ᠬᠠᠷᠢᠭᠤᠴᠠᠯᠭᠠᠲᠠᠨ ᠬᠤᠷᠠᠯ ᠳᠤ ᠣᠷᠣᠯᠴᠠᠵᠠᠶ ᠃
ᠦᠨᠡᠯᠡᠬᠦ 0ᠦᠨᠡᠯᠡᠯᠲᠡ᠎ᠲᠠᠢ