9 ᠰᠠᠷ᠎ᠠ ᠶᠢᠨ 27 ᠤ ᠦᠳᠡ ᠶᠢᠨ ᠡᠮᠦᠨ᠎ᠡ ᠂ 《 ᠳᠤᠮᠳᠠᠳᠤ ᠤᠯᠤᠰ ᠤᠨ ᠲᠢᠩᠬᠢᠮ ᠦᠨ ᠰᠢᠭᠦᠯᠲᠡ ᠶᠢ ᠢᠯᠡ ᠪᠣᠯᠭᠠᠬᠤ ᠰᠦᠯᠵᠢᠶ᠎ᠡ 》 ᠶᠢ ᠨᠡᠪᠲᠡᠷᠡᠭᠦᠯᠬᠦ ᠠᠵᠢᠯᠯᠠᠭ᠎ᠠ ᠵᠢᠴᠢ ᠪᠦᠬᠦ ᠤᠯᠤᠰ ᠤᠨ ᠰᠢᠭᠦᠬᠦ ᠬᠣᠷᠢᠶᠠᠨ ᠤ ᠲᠢᠩᠬᠢᠮ ᠦᠨ ᠰᠢᠭᠦᠯᠲᠡ ᠶᠢ ᠢᠯᠡ ᠪᠣᠯᠭᠠᠬᠤ ᠠᠵᠢᠯ ᠢ ᠲᠦᠯᠬᠢᠨ ᠠᠬᠢᠭᠤᠯᠵᠤ ᠳᠦᠷᠰᠦ ᠲᠠᠮᠵᠢᠭᠤᠯᠭᠠᠲᠤ ᠬᠤᠷᠠᠯ ᠡᠷᠬᠢᠯᠡᠨ ᠬᠤᠷᠠᠯᠳᠤᠭᠤᠯᠵᠤ ᠂ ᠠᠷᠠᠳ ᠤᠨ ᠳᠡᠭᠡᠳᠦ ᠵᠡᠷᠭᠡ ᠶᠢᠨ ᠰᠢᠭᠦᠬᠦ ᠬᠣᠷᠢᠶᠠᠨ ᠤ ᠬᠣᠷᠢᠶᠠᠨ ᠳᠠᠷᠤᠭ᠎ᠠ ᠵᠥᠦ ᠴᠢᠶᠠᠩ ᠠᠵᠢᠯᠯᠠᠭ᠎ᠠ ᠳᠤ ᠣᠷᠣᠯᠴᠠᠭᠰᠠᠨ ᠪᠥᠭᠡᠳ ᠶᠠᠷᠢᠶ᠎ᠠ ᠲᠠᠯᠪᠢᠵᠤ ᠴᠢᠬᠤᠯᠠᠴᠢᠯᠠᠭᠰᠠᠨ ᠨᠢ ᠂ ᠶᠡᠷᠦᠩᠬᠡᠶ ᠱᠦᠵᠢ ᠰᠢ ᠶᠢᠨ ᠫᠢᠩ ᠦᠨ ᠰᠢᠷᠢᠰ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠨᠠᠷᠢᠨ ᠬᠢᠨᠠᠮᠠᠭᠠᠶ ᠰᠤᠷᠤᠯᠴᠠᠨ ᠲᠤᠤᠱᠯᠠᠭᠤᠯᠬᠤ ᠂ ᠨᠠᠮ ᠤᠨ ᠠᠷᠪᠠᠨ ᠨᠠᠶᠮᠠᠳᠤᠭᠠᠷ ᠶᠡᠬᠡ ᠬᠤᠷᠠᠯ ᠪᠣᠯᠤᠨ ᠠᠷᠪᠠᠨ ᠨᠠᠶᠮᠠᠳᠤᠭᠠᠷ ᠬᠤᠭᠤᠴᠠᠭᠠᠨ ᠤ ᠲᠥᠪ ᠬᠣᠷᠢᠶᠠᠨ ᠤ ᠭᠤᠷᠪᠠᠳᠤᠭᠠᠷ ᠪᠥᠬᠥᠳᠡ ᠬᠤᠷᠠᠯ ᠂ ᠳᠥᠷᠪᠡᠳᠦᠭᠡᠷ ᠂ ᠲᠠᠪᠤᠳᠤᠭᠠᠷ ᠪᠥᠬᠥᠳᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠶ ᠲᠤᠤᠱᠯᠠᠭᠤᠯᠤᠨ ᠨᠠᠶᠢᠳᠠᠪᠤᠷᠢᠵᠢᠭᠤᠯᠵᠤ ᠂ ᠲᠢᠩᠬᠢᠮ ᠦᠨ ᠰᠢᠭᠦᠯᠲᠡ ᠶᠢ ᠰᠢᠭᠤᠳ ᠨᠡᠪᠲᠡᠷᠡᠭᠦᠯᠬᠦ ᠶᠢ ᠶᠡᠬᠡᠪᠡᠷ ᠲᠦᠯᠬᠢᠨ ᠠᠬᠢᠭᠤᠯᠵᠤ ᠂ ᠬᠠᠤᠯᠢ ᠪᠠᠷᠢᠬᠤ ᠶᠢ ᠢᠯᠠ ᠪᠣᠯᠭᠠᠬᠤ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠵᠦ ᠂ ᠴᠢᠯᠥᠭᠡᠲᠡᠶ ᠂ ᠬᠥᠳᠡᠯᠦᠩᠭᠦᠶ ᠂ ᠢᠯᠡ ᠲᠣᠳᠣ ᠂ ᠠᠷᠠᠳ ᠲᠤ ᠳᠥᠭᠥᠮ ᠦᠵᠡᠭᠦᠯᠬᠦ ᠢᠯᠡ ᠪᠡᠷ ᠬᠠᠤᠯᠢ ᠪᠠᠷᠢᠬᠤ ᠲᠣᠭᠲᠠᠴᠠ ᠶᠢ ᠲᠦᠷᠭᠡᠪᠴᠢᠯᠡᠨ ᠪᠠᠶᠢᠭᠤᠯᠵᠤ ᠂ ᠬᠠᠤᠯᠢ ᠪᠠᠷᠢᠬᠤ ᠠᠵᠢᠯᠯᠠᠭ᠎ᠠ ᠶᠢ ᠦᠨᠡᠨ ᠬᠦ ᠵᠢᠷᠤᠮᠵᠢᠭᠤᠯᠤᠨ ᠂ ᠰᠢᠭᠦᠨ ᠲᠠᠰᠤᠯᠤᠯᠲᠠ ᠶᠢᠨ ᠴᠢᠨᠠᠷ ᠴᠢᠨᠰᠠᠭ᠎ᠠ ᠦᠷ᠎ᠡ ᠪᠦᠲᠦᠮᠵᠢ ᠶᠢ ᠳᠡᠭᠡᠭᠰᠢᠯᠡᠭᠦᠯᠵᠦ ᠂ ᠠᠷᠠᠳ ᠣᠯᠠᠨ ᠳᠤ ᠬᠠᠤᠯᠢ ᠬᠡᠷᠡᠭᠵᠢᠭᠦᠯᠦᠭᠰᠡᠨ ᠬᠡᠷᠡᠭ ᠨᠢᠭᠡᠪᠦᠷᠢ ᠡᠴᠡ ᠲᠥᠪ ᠭᠣᠣᠯᠴᠢ ᠰᠢᠳᠤᠷᠭᠤ ᠶᠣᠰᠣ ᠶᠢ ᠮᠡᠳᠡᠷᠡᠭᠳᠡᠬᠦ ᠪᠡᠷ ᠴᠢᠷᠮᠠᠢᠬᠤ ᠬᠡᠷᠡᠭᠲᠠᠢ᠃
ᠵᠥᠦ ᠴᠢᠶᠠᠩ ᠡᠴᠡ ᠵᠢᠭᠠᠵᠤ ᠭᠠᠷᠭᠠᠭᠰᠠᠨ ᠨᠢ ᠂ ᠬᠠᠤᠯᠢ ᠪᠠᠷᠢᠬᠤ ᠶᠢ ᠢᠯᠠ ᠪᠣᠯᠭᠠᠬᠤ ᠶᠢᠨ ᠴᠢᠬᠤᠯᠠ ᠴᠢᠨᠠᠷ ᠤᠨ ᠲᠤᠬᠠᠶ ᠲᠠᠨᠢᠯᠲᠠ ᠪᠠᠨ ᠤᠯᠠᠮ ᠨᠢᠭᠡ ᠠᠯᠬᠤᠮ ᠭᠦᠨᠵᠡᠭᠡᠢᠷᠡᠭᠦᠯᠬᠦ ᠬᠡᠷᠡᠭᠲᠠᠢ ᠃ ᠬᠠᠤᠯᠢ ᠪᠠᠷᠢᠬᠤ ᠶᠢ ᠢᠯᠡ ᠪᠣᠯᠭᠠᠬᠤ ᠶᠢ ᠭᠦᠨᠵᠡᠭᠡᠶᠢᠷᠡᠭᠦᠯᠬᠦ ᠨᠢ ᠬᠠᠤᠯᠢ ᠪᠡᠷ ᠤᠯᠤᠰ ᠢᠶᠠᠨ ᠵᠠᠰᠠᠬᠤ ᠶᠠᠪᠤᠳᠠᠯ ᠢ ᠪᠦᠬᠦ ᠲᠠᠯ᠎ᠠ ᠪᠠᠷ ᠲᠦᠯᠬᠢᠨ ᠠᠬᠢᠭᠤᠯᠬᠤ ᠶᠢᠨ ᠴᠢᠬᠤᠯᠠ ᠠᠭᠤᠯᠭ᠎ᠠ ᠮᠥᠨ ᠂ ᠲᠥᠪ ᠭᠣᠣᠯᠴᠢ ᠪᠠᠷ ᠬᠠᠤᠯᠢ ᠪᠠᠷᠢᠬᠤ ᠶᠢ ᠦᠨᠡᠨ ᠬᠦ ᠪᠠᠲᠤᠯᠠᠵᠤ᠂ ᠬᠠᠤᠯᠢ ᠪᠠᠷᠢᠬᠤ ᠠᠵᠢᠯ ᠤᠨ ᠤᠯᠠᠨ ᠨᠡᠶᠢᠲᠡ ᠶᠢ ᠢᠲᠡᠭᠡᠭᠦᠯᠬᠦ ᠬᠦᠴᠦᠨ ᠢ ᠳᠡᠭᠡᠭᠰᠢᠯᠡᠭᠦᠯᠬᠦ ᠶᠢᠨ ᠳᠣᠲᠣᠭᠠᠳᠤ ᠱᠠᠭᠠᠷᠳᠠᠯᠭ᠎ᠠ ᠮᠥᠨ ᠃ ᠣᠢᠷ᠎ᠠ ᠶᠢᠨ ᠵᠢᠯ ᠲᠤᠷᠰᠢ ᠂ ᠠᠷᠠᠳ ᠤᠨ ᠳᠡᠭᠡᠳᠦ ᠵᠡᠷᠭᠡ ᠶᠢᠨ ᠰᠢᠭᠦᠬᠦ ᠬᠣᠷᠢᠶ᠎ᠠ ᠬᠠᠤᠯᠢ ᠪᠠᠷᠢᠬᠤ ᠶᠢ ᠢᠯᠠ ᠪᠣᠯᠭᠠᠬᠤ ᠶᠢ ᠶᠡᠬᠡᠪᠡᠷ ᠲᠦᠯᠬᠢᠨ ᠠᠬᠢᠭᠤᠯᠵᠤ ᠂ ᠰᠢᠭᠦᠨ ᠲᠠᠰᠣᠯᠣᠯᠳᠠ ᠶᠢᠨ ᠶᠠᠪᠤᠴᠠ ᠂ ᠲᠠᠰᠤᠯᠤᠨ ᠲᠣᠭᠲᠠᠭᠠᠯᠲᠠ ᠶᠢᠨ ᠪᠢᠴᠢᠭ ᠬᠠᠷ᠎ᠠ᠂ ᠭᠦᠢᠴᠡᠳᠬᠡᠬᠦ ᠮᠡᠳᠡᠭᠡ ᠵᠠᠩᠭᠢ ᠭᠡᠬᠦ ᠭᠤᠷᠪᠠᠨ ᠶᠡᠬᠡ ᠬᠠᠤᠯᠢ ᠴᠠᠭᠠᠵᠠ ᠶᠢᠨ ᠢᠯᠡ ᠪᠡᠷ ᠨᠡᠶᠢᠲᠡᠯᠡᠬᠦ ᠲᠠᠪᠴᠠᠩ ᠢ ᠪᠦᠲᠦᠭᠡᠨ ᠪᠠᠢᠭᠤᠯᠪᠠ᠃ ᠡᠨᠡ ᠵᠢᠯ ᠤᠨ7 ᠰᠠᠷ᠎ᠠ ᠶᠢᠨ1 ᠦ ᠡᠳᠦᠷ ᠡᠴᠡ ᠡᠬᠢᠯᠡᠨ ᠂ ᠠᠷᠠᠳ ᠤᠨ ᠳᠡᠭᠡᠳᠦ ᠵᠡᠷᠭᠡ ᠶᠢᠨ ᠰᠢᠭᠦᠬᠦ ᠬᠣᠷᠢᠶᠠᠨ ᠤ ᠪᠤᠢ ᠪᠦᠬᠦᠢ ᠢᠯᠡ ᠰᠢᠭᠦᠯᠲᠡ ᠶᠢ ᠵᠠᠷᠴᠢᠮ ᠳᠡᠭᠡᠷ᠎ᠡ ᠪᠡᠨ ᠴᠥᠮ ᠰᠦᠯᠵᠢᠶᠡᠨ ᠳᠡᠭᠡᠷ᠎ᠡ ᠰᠢᠭᠤᠳ ᠨᠡᠪᠲᠡᠷᠡᠭᠦᠯᠦᠨ᠂ ᠲᠢᠩᠬᠢᠮ ᠦᠨ ᠰᠢᠭᠦᠯᠲᠡ ᠶᠢ ᠰᠢᠭᠤᠳ ᠨᠡᠪᠲᠡᠷᠡᠭᠦᠯᠬᠦ ᠶᠢ ᠦᠷᠭᠦᠯᠵᠢ ᠶᠢᠨ ᠴᠢᠨᠠᠷᠲᠠᠢ ᠪᠣᠯᠭᠠᠬᠤ ᠶᠢ ᠪᠤᠲᠠᠲᠠᠢ ᠪᠣᠯᠭᠠᠭᠰᠠᠨ ᠪᠠᠢᠨ᠎ᠠ᠃ ᠪᠦᠬᠦ ᠤᠯᠤᠰ ᠤᠨ ᠡᠯ᠎ᠡ ᠱᠠᠲᠤᠨ ᠤ ᠰᠢᠭᠦᠬᠦ ᠬᠣᠷᠢᠶ᠎ᠠ ᠬᠠᠤᠯᠢ ᠬᠡᠷᠡᠭᠵᠢᠭᠦᠯᠬᠦ ᠶᠢ ᠢᠯᠡ ᠪᠣᠯᠭᠠᠬᠤ ᠠᠵᠢᠯ ᠢ ᠲᠠᠰᠤᠷᠠᠯᠲᠠ ᠦᠭᠡᠢ ᠴᠢᠩᠭᠠᠳᠬᠠᠵᠤ ᠂ ᠬᠠᠤᠯᠢ ᠪᠠᠷᠢᠬᠤ ᠶᠢ ᠢᠯᠡ ᠪᠣᠯᠭᠠᠬᠤ ᠶᠢ ᠰᠢᠭᠦᠨ ᠲᠠᠰᠤᠯᠬᠤ ᠭᠦᠢᠴᠡᠳᠬᠡᠬᠦ ᠠᠵᠢᠯ ᠤᠨ ᠴᠢᠬᠤᠯᠠ ᠵᠠᠩᠭᠢᠯᠠᠭ᠎ᠠ ᠶᠢᠨ ᠴᠡᠭ ᠲᠦ ᠦᠨᠳᠦᠰᠦᠨ ᠳᠦ ᠪᠡᠨ ᠪᠦᠷᠬᠦᠭᠦᠯᠵᠦ᠂ ᠠᠷᠠᠳ ᠤᠯᠠᠨ ᠳᠡᠭᠡᠳᠦ ᠬᠡᠮᠵᠢᠶ᠎ᠡ ᠤ ᠠᠩᠬᠠᠷᠤᠯ ᠲᠠᠯᠪᠢᠭᠰᠠᠨ ᠪᠥᠭᠡᠳ ᠭᠦᠢᠴᠡᠳ ᠨᠤᠲᠠᠯᠠᠯᠲᠠ ᠥᠭᠪᠡ᠃ ᠣᠳᠣᠬᠠᠨ ᠳᠤ ᠂ ᠠᠵᠤ ᠠᠬᠤᠶ ᠶᠢᠨ ᠨᠡᠶᠢᠭᠡᠮ ᠂ ᠢᠯᠠᠩᠭᠤᠶ᠎ᠠ ᠮᠡᠳᠡᠭᠡ ᠵᠠᠩᠭᠢ ᠶᠢᠨ ᠮᠡᠷᠭᠡᠵᠢᠯ ᠦᠨ ᠲᠦᠷᠭᠡᠨ ᠬᠥᠭᠵᠢᠯᠲᠡ ᠶᠢ ᠳᠠᠭᠠᠯᠳᠤᠨ ᠂ ᠠᠷᠠᠳ ᠤᠯᠠᠨ ᠤ ᠬᠠᠤᠯᠢ ᠪᠠᠷᠢᠬᠤ ᠲᠠᠯ᠎ᠠ ᠶᠢᠨ ᠱᠠᠭᠠᠷᠳᠠᠯᠭ᠎ᠠ ᠨᠡᠩ ᠤᠯᠠᠨ ᠪᠣᠯᠵᠤ ᠂ ᠬᠠᠤᠯᠢ ᠪᠠᠷᠢᠬᠤ ᠶᠢ ᠢᠯᠠ ᠪᠣᠯᠭᠠᠬᠤ ᠱᠠᠭᠠᠷᠳᠠᠯᠭ᠎ᠠ ᠪᠠ ᠬᠦᠰᠡᠯ ᠡᠷᠡᠮᠡᠯᠵᠡᠯ ᠢ ᠨᠡᠩ ᠥᠨᠳᠥᠷ ᠪᠣᠯᠪᠠ᠃ ᠡᠯ᠎ᠡ ᠱᠠᠲᠤᠨ ᠤ ᠰᠢᠭᠦᠬᠦ ᠬᠣᠷᠢᠶ᠎ᠠ ᠨᠤᠭᠤᠳ ᠬᠠᠤᠯᠢ ᠪᠠᠷᠢᠬᠤ ᠶᠢ ᠢᠯᠡ ᠪᠣᠯᠭᠠᠬᠤ ᠴᠢᠬᠤᠯᠠ ᠴᠢᠨᠠᠷ ᠤᠨ ᠲᠤᠬᠠᠶ ᠲᠠᠨᠢᠯᠲᠠ ᠪᠠᠨ ᠤᠯᠠᠮ ᠨᠢᠭᠡ ᠠᠯᠬᠤᠮ ᠭᠦᠨᠵᠡᠭᠡᠶᠢᠷᠡᠭᠦᠯᠵᠦ ᠂ ᠠᠷᠠᠳ ᠲᠦᠮᠡᠨ ᠢᠶᠡᠷ ᠭᠣᠣᠯ ᠪᠣᠯᠭᠠᠬᠤ ᠶᠢ ᠢᠮᠠᠭᠲᠠ ᠪᠠᠷᠢᠮᠲᠠᠯᠠᠵᠤ ᠂ ᠨᠡᠩ ᠪᠦᠲᠦᠮᠵᠢᠲᠡᠶ ᠪᠡᠷ ᠠᠷᠠᠳ ᠤᠯᠠᠨ ᠤ ᠪᠦᠬᠦ ᠲᠠᠯ᠎ᠠ ᠪᠠᠷ ᠬᠢᠨᠠᠯᠲᠠ ᠲᠠᠯᠪᠢᠬᠤ ᠶᠢ ᠬᠦᠯᠢᠶᠡᠨ ᠠᠪᠬᠤ ᠪᠡᠷ ᠳᠠᠮᠵᠢᠭᠤᠯᠤᠨ ᠂ ᠠᠵᠢᠯ ᠤᠨ ᠳᠤᠮᠳᠠᠬᠢ ᠠᠰᠠᠭᠤᠳᠠᠯ ᠢ ᠴᠠᠭ ᠲᠤᠬᠠᠶ ᠳᠤᠨᠢ ᠢᠯᠡᠷᠡᠭᠦᠯᠦᠨ ᠰᠢᠶᠳᠪᠦᠷᠢᠯᠡᠬᠦ ᠬᠡᠷᠡᠭᠲᠡᠶ ᠂ ᠠᠷᠠᠳ ᠤᠨ ᠰᠢᠭᠦᠬᠦ ᠬᠣᠷᠢᠶᠠᠨ ᠤ ᠥᠭᠡᠷᠡᠴᠢᠯᠡᠯᠲᠡ ᠶᠢ ᠲᠦᠯᠬᠢᠨ ᠠᠬᠢᠭᠤᠯᠵᠤ᠂ ᠠᠷᠠᠳ ᠤᠯᠠᠨ ᠤ ᠬᠠᠤᠯᠢ ᠪᠠᠷᠢᠬᠤ ᠬᠡᠷᠡᠭᠴᠡᠭᠡ ᠶᠢ ᠨᠡᠩ ᠰᠠᠶᠢᠲᠤᠷ ᠬᠠᠩᠭᠠᠬᠤ ᠬᠡᠷᠡᠭᠲᠡᠶ ᠃
ᠵᠥᠦ ᠴᠢᠶᠠᠩ ᠴᠢᠬᠤᠯᠠᠴᠢᠯᠠᠭᠰᠠᠨ ᠨᠢ ᠂ ᠢᠨᠲ᠋ᠸᠷ ᠰᠦᠯᠵᠢᠶᠡᠨ ᠦ ᠰᠢᠭᠤᠳ ᠨᠡᠪᠲᠡᠷᠡᠭᠦᠯᠭᠡ ᠵᠡᠷᠭᠡ ᠣᠯᠠᠨ ᠶᠠᠩᠵᠤ ᠶᠢᠨ ᠬᠡᠯᠪᠡᠷᠢ ᠪᠡᠷ ᠳᠠᠮᠵᠢᠭᠤᠯᠤᠨ ᠂ ᠲᠢᠩᠬᠢᠮ ᠦᠨ ᠰᠢᠭᠦᠯᠲᠡ ᠶᠢ ᠢᠯᠡ ᠪᠣᠯᠭᠠᠬᠤ ᠶᠢ ᠪᠦᠬᠦ ᠲᠠᠯ᠎ᠠ ᠪᠠᠷ ᠲᠦᠯᠬᠢᠨ ᠠᠬᠢᠭᠤᠯᠤᠨ᠎ᠠ ᠃ᠲᠢᠩᠬᠢᠮ ᠦᠨ ᠰᠢᠭᠦᠯᠲᠡ ᠪᠣᠯ ᠰᠢᠭᠦᠨ ᠲᠠᠰᠤᠯᠬᠤ ᠠᠵᠢᠯ ᠤᠨ ᠭᠣᠣᠯ ᠭᠣᠭᠴᠣᠭ᠎ᠠ ᠪᠣᠯᠵᠤ ᠂ ᠠᠷᠠᠳ ᠤᠨ ᠰᠢᠭᠦᠬᠦ ᠬᠣᠷᠢᠶ᠎ᠠ ᠰᠢᠭᠦᠨ ᠲᠠᠰᠤᠯᠬᠤ ᠠᠵᠢᠯ ᠢ ᠢᠯᠡ ᠪᠣᠯᠭᠠᠬᠤ ᠶᠢ ᠴᠢᠩᠭ᠋ᠠᠳᠬᠠᠬᠤ ᠨᠢ ᠠᠷᠠᠳ ᠤᠨ ᠰᠢᠭᠦᠬᠦ ᠬᠣᠷᠢᠶᠠᠨ ᠤᠨ ᠰᠢᠭᠦᠬᠦ ᠠᠵᠢᠯ ᠤᠨ ᠦᠷ᠎ᠡ ᠪᠦᠲᠦᠮᠵᠢ ᠶᠢ ᠭᠦᠢᠴᠡᠳ ᠪᠠᠳᠠᠷᠠᠭᠤᠯᠬᠤ ᠳᠦ ᠠᠰᠢᠭ ᠲᠠᠶ ᠪᠠᠢᠵᠤ᠂ ᠠᠷᠠᠳ ᠤᠯᠠᠨ ᠬᠠᠤᠯᠢ ᠪᠠᠷᠢᠬᠤ ᠶᠢ ᠨᠡᠩ ᠰᠠᠢᠨ ᠣᠶᠢᠯᠠᠭᠠᠵᠤ ᠂ ᠣᠷᠣᠯᠴᠠᠬᠤ ᠪᠠ ᠬᠢᠨᠠᠯᠲᠠ ᠲᠠᠯᠪᠢᠬᠤ ᠳᠤ ᠠᠰᠢᠭᠲᠠᠶ ᠂ ᠬᠠᠤᠯᠢ ᠶᠢᠨ ᠲᠤᠰᠢᠶᠠᠯᠲᠠᠨ ᠤ ᠰᠢᠬᠠᠯᠲᠠ ᠳᠣᠣᠷ᠎ᠠ ᠰᠢᠭᠦᠨ ᠲᠠᠰᠤᠯᠤᠯᠲᠠ ᠶᠢᠨ ᠴᠢᠨᠠᠷ ᠴᠢᠨᠰᠠᠭ᠎ᠠ ᠦᠷ᠎ᠡ ᠪᠦᠲᠦᠮᠵᠢ ᠪᠠ ᠬᠠᠤᠯᠢ ᠪᠠᠷᠢᠬᠤ ᠴᠢᠳᠠᠪᠤᠷᠢ ᠪᠡᠨ ᠳᠡᠭᠡᠭᠰᠢᠯᠡᠭᠦᠯᠬᠦ ᠳᠦ ᠠᠰᠢᠭᠲᠠᠢ᠃ ᠲᠢᠩᠬᠢᠮ ᠦᠨ ᠰᠢᠭᠦᠯᠲᠡ ᠶᠢᠨ ᠰᠢᠭᠤᠳ ᠢᠨᠲ᠋ᠸᠷ ᠰᠦᠯᠵᠢᠶ᠎ᠡ ᠪᠡᠷ ᠰᠢᠭᠤᠳ ᠨᠡᠪᠲᠡᠷᠡᠭᠦᠯᠦᠭᠰᠡᠨ ᠨᠢ ᠢᠨᠲ᠋ᠸᠷ ᠰᠦᠯᠵᠢᠶ᠎ᠡ ᠶᠢᠨ ᠴᠠᠭ ᠦᠢ᠎ᠡ ᠶᠢᠨ ᠬᠠᠤᠯᠢ ᠴᠠᠭᠠᠵᠠ ᠶᠢ ᠢᠯᠡ ᠪᠣᠯᠭᠠᠬᠤ ᠲᠠᠯ᠎ᠠ ᠪᠠᠷ ᠬᠢ ᠴᠢᠬᠤᠯᠠ ᠰᠢᠨ᠎ᠡ ᠡᠭᠦᠳᠦᠯᠲᠡ ᠪᠠᠢᠵᠤ᠂ ᠨᠡᠭᠡᠭᠡᠯᠲᠡᠲᠡᠶ ᠂ ᠬᠥᠳᠡᠯᠦᠩᠭᠦᠶ ᠂ ᠢᠯᠡ ᠲᠣᠳᠣ ᠂ ᠠᠷᠠᠳ ᠲᠤ ᠳᠥᠭᠥᠮ ᠦᠵᠡᠭᠦᠯᠬᠦ ᠢᠯᠡ ᠪᠡᠷ ᠬᠠᠤᠯᠢ ᠪᠠᠷᠢᠬᠤ ᠲᠣᠭᠲᠠᠴᠠ ᠶᠢ ᠪᠦᠲᠦᠭᠡᠨ ᠪᠠᠢᠭᠤᠯᠬᠤ ᠴᠢᠬᠤᠯᠠ ᠶᠡᠬᠡ ᠠᠷᠭ᠎ᠠ ᠬᠡᠮᠵᠢᠶ᠎ᠡ ᠮᠥᠨ ᠃ ᠪᠦᠬᠦ ᠤᠯᠤᠰ ᠤᠨ ᠰᠢᠭᠦᠬᠦ ᠬᠣᠷᠢᠶ᠎ᠠ ᠶᠢᠨ ᠨᠢᠭᠡᠳᠦᠯᠲᠡᠶ ᠂ ᠡᠷᠬᠡ ᠰᠦᠷ ᠲᠡᠶ ᠲᠢᠩᠬᠢᠮ ᠦᠨ ᠰᠢᠭᠦᠯᠲᠡ ᠶᠢ ᠢᠯᠡ ᠪᠣᠯᠭᠠᠬᠤ ᠲᠠᠪᠴᠠᠩ ᠂ ᠳᠤᠮᠳᠠᠳᠤ ᠤᠯᠤᠰ ᠤᠨ ᠲᠢᠩᠬᠢᠮ ᠦᠨ ᠰᠢᠭᠦᠯᠲᠡ ᠶᠢ ᠢᠯᠡ ᠪᠣᠯᠭᠠᠬᠤ ᠰᠦᠯᠵᠢᠶ᠎ᠡ ᠪᠣᠯ ᠳᠤᠮᠳᠠᠳᠤ ᠤᠯᠤᠰ ᠤᠨ ᠰᠢᠭᠦᠨ ᠲᠠᠰᠤᠯᠬᠤ ᠶᠠᠪᠤᠴᠠ ᠶᠢ ᠢᠯᠡ ᠪᠣᠯᠭᠠᠬᠤ ᠰᠦᠯᠵᠢᠶ᠎ᠡ ᠂ ᠳᠤᠮᠳᠠᠳᠤ ᠤᠯᠤᠰ ᠤᠨ ᠲᠠᠰᠣᠯᠣᠨ ᠲᠣᠭᠲᠠᠭᠠᠯᠲᠠ ᠶᠢᠨ ᠪᠢᠴᠢᠭ ᠬᠠᠷ᠎ᠠ ᠶᠢ ᠢᠯᠡ ᠪᠣᠯᠭᠠᠬᠤ ᠰᠦᠯᠵᠢᠶ᠎ᠡ ᠂ ᠳᠤᠮᠳᠠᠳᠤ ᠤᠯᠤᠰ ᠤᠨ ᠭᠦᠢᠴᠡᠳᠬᠡᠬᠦ ᠮᠡᠳᠡᠭᠡ ᠵᠠᠩᠭᠢ ᠶᠢ ᠢᠯᠡ ᠪᠣᠯᠭᠠᠬᠤ ᠰᠦᠯᠵᠢᠶᠡᠨ ᠤ ᠲᠠᠷᠠᠭ᠎ᠠ ᠪᠠᠶᠢᠭᠤᠯᠤᠭᠰᠠᠨ ᠬᠠᠤᠯᠢ ᠴᠠᠭᠠᠵᠠ ᠶᠢ ᠢᠯᠡ ᠪᠣᠯᠭᠠᠬᠤ ᠳᠥᠷᠪᠡᠳᠦᠭᠡᠷ ᠶᠡᠬᠡ ᠲᠠᠪᠴᠠᠩ ᠪᠠᠢᠵᠤ᠂ ᠬᠠᠤᠯᠢ ᠪᠠᠷᠢᠬᠤ ᠶᠢ ᠢᠯᠠ ᠪᠣᠯᠭᠠᠬᠤ ᠰᠢᠨ᠎ᠡ ᠲᠡᠦᠬᠡᠨ ᠴᠠᠭ ᠦᠶ᠎ᠡ ᠳᠦ ᠤᠷᠤᠭᠰᠠᠨ ᠢ ᠬᠠᠷᠠᠭᠤᠯᠵᠤ ᠪᠠᠶᠢᠨ᠎ᠠ ᠃ ᠲᠢᠩᠬᠢᠮ ᠦᠨ ᠰᠢᠭᠦᠯᠲᠡ ᠶᠢ ᠢᠯᠡ ᠪᠣᠯᠭᠠᠬᠤ ᠲᠠᠪᠴᠠᠩ ᠤᠨ ᠪᠠᠶᠢᠭᠤᠯᠤᠯᠲᠠ ᠪᠣᠯᠤᠨ ᠬᠠᠷᠢᠯᠴᠠᠨ ᠨᠡᠪᠲᠡᠷᠡᠯᠴᠡᠬᠦ ᠶᠢ ᠰᠠᠢᠲᠤᠷ ᠠᠳᠬᠤᠵᠤ᠂ ᠲᠢᠩᠬᠢᠮ ᠦᠨ ᠰᠢᠭᠦᠯᠲᠡ ᠶᠢ ᠰᠢᠭᠤᠳ ᠨᠡᠪᠲᠡᠷᠡᠭᠦᠯᠬᠦ ᠬᠡᠪᠴᠢᠶ᠎ᠡ ᠶᠢ ᠲᠠᠰᠤᠷᠠᠯᠲᠠ ᠦᠭᠡᠢ ᠦᠷᠭᠡᠳᠬᠡᠨ᠎ᠡ ᠃ ᠰᠦᠯᠵᠢᠶᠡᠨ ᠦ ᠦᠢᠯᠡᠳᠦᠯ ᠢ ᠲᠠᠰᠤᠷᠠᠯᠲᠠ ᠦᠭᠡᠢ ᠪᠠᠶᠠᠯᠢᠭᠵᠢᠭᠤᠯᠵᠤ ᠂ ᠰᠦᠯᠵᠢᠶᠡᠨ ᠦ ᠴᠢᠳᠠᠮᠵᠢ ᠳᠡᠭᠡᠭᠰᠢᠯᠡᠭᠦᠯᠵᠦ ᠂ ᠲᠢᠩᠬᠢᠮ ᠦᠨ ᠰᠢᠭᠦᠯᠲᠡ ᠶᠢᠨ ᠳᠦᠷᠰᠦᠲᠦ ᠹᠢᠯᠢᠮ ᠪᠠ ᠲᠠᠰᠤᠯᠤᠨ ᠲᠣᠭᠲᠠᠭᠠᠯᠲᠠ ᠶᠢᠨ ᠪᠢᠴᠢᠭ ᠬᠠᠷ᠎ᠠ ᠂ ᠰᠢᠭᠦᠨ ᠲᠠᠰᠤᠯᠬᠤ ᠶᠠᠪᠤᠴᠠ ᠶᠢᠨ ᠮᠡᠳᠡᠭᠡ ᠵᠠᠩᠭᠢ ᠂ ᠭᠦᠢᠴᠡᠳᠬᠡᠬᠦ ᠮᠡᠳᠡᠭᠡ ᠵᠠᠩᠭᠢ ᠶᠢ ᠣᠷᠭᠠᠨᠢᠭ ᠬᠣᠯᠪᠣᠭ᠎ᠠ ᠲᠠᠶ ᠪᠠᠢᠬᠤ ᠶᠢ ᠪᠦᠲᠦᠮᠵᠢᠲᠡᠶ ᠪᠡᠶᠡᠯᠡᠭᠦᠯᠵᠦ ᠂ ᠲᠢᠩᠬᠢᠮ ᠦᠨ ᠰᠢᠭᠦᠯᠲᠡ ᠶᠢ ᠢᠯᠡ ᠪᠣᠯᠭᠠᠬᠤ ᠲᠠᠪᠴᠠᠩ ᠪᠣᠯᠤᠨ ᠬᠡᠷᠡᠭ ᠰᠢᠶᠳᠪᠦᠷᠢᠯᠡᠬᠦ ᠰᠢᠰᠲ᠋ᠧᠮ ᠂ ᠰᠢᠨᠵᠢᠯᠡᠬᠦ ᠤᠬᠠᠭᠠᠨᠴᠢ ᠰᠢᠭᠦᠬᠦ ᠲᠢᠩᠬᠢᠮ ᠤᠨ ᠰᠢᠰᠲ᠋ᠧᠮ ᠵᠡᠷᠭᠡ ᠮᠡᠳᠡᠭᠡ ᠵᠠᠩᠭᠢᠵᠢᠯᠲᠠ ᠶᠢᠨ ᠲᠠᠪᠴᠠᠩ ᠬᠠᠷᠢᠯᠴᠠᠨ ᠬᠣᠯᠪᠣᠯᠳᠤᠵᠤ ᠬᠠᠷᠢᠯᠴᠠᠨ ᠨᠡᠪᠲᠡᠷᠡᠯᠴᠡᠬᠦ ᠶᠢ ᠪᠡᠶᠡᠯᠡᠭᠦᠯᠵᠦ ᠂ ᠨᠡᠶᠢᠭᠡᠮ ᠦᠨ ᠡᠯ᠎ᠡ ᠡᠲᠡᠭᠡᠳ ᠦᠨ ᠤᠶᠤᠨᠴᠢᠯᠠᠭᠰᠠᠨ ᠂ ᠬᠥᠮᠥᠨᠯᠢᠭ ᠦᠢᠯᠡᠴᠢᠯᠡᠭᠡ ᠬᠠᠩᠭᠠᠬᠤ ᠬᠡᠷᠡᠭᠲᠠᠢ᠃ᠡᠯ᠎ᠡ ᠱᠠᠲᠤᠨ ᠤ ᠰᠢᠭᠦᠬᠦ ᠬᠣᠷᠢᠶ᠎ᠠ ᠶᠢᠨ ᠤᠳᠤᠷᠢᠳᠤᠯᠭ᠎ᠠ ᠢᠯᠡ ᠪᠡᠷ ᠲᠢᠩᠬᠢᠮ ᠨᠡᠭᠡᠭᠡᠵᠦ ᠰᠢᠭᠦᠬᠦ ᠬᠡᠷᠡᠭ ᠲᠦ ᠵᠠᠷᠴᠢᠮ ᠳᠡᠭᠡᠷ᠎ᠡ ᠪᠡᠨ ᠴᠥᠮ ᠢᠨᠲ᠋ᠸᠷ ᠰᠦᠯᠵᠢᠶ᠎ᠡ ᠪᠡᠷ ᠳᠠᠮᠵᠢᠭᠤᠯᠤᠨ ᠰᠢᠭᠤᠳ ᠨᠡᠪᠲᠡᠷᠡᠭᠦᠯᠬᠦ ᠶᠢ ᠪᠡᠶ᠎ᠡ ᠪᠡᠷ ᠢᠶᠡᠨ ᠲᠦᠯᠬᠢᠨ ᠠᠬᠢᠭᠤᠯᠵᠤ ᠂ ᠥᠪᠡᠷ ᠢᠶᠡᠨ ᠲᠦᠷᠦᠭᠦᠯᠡᠨ ᠦᠯᠢᠭᠡᠷ ᠵᠢᠱᠢᠶ᠎ᠡ ᠦᠵᠡᠭᠦᠯᠬᠦ ᠬᠡᠷᠡᠭᠲᠡᠶ ᠃ ᠤᠯᠠᠨ ᠶᠠᠩᠵᠤ ᠶᠢᠨ ᠢᠯᠡ ᠬᠡᠯᠪᠡᠷᠢ ᠪᠠᠢᠬᠤ ᠶᠢ ᠪᠠᠷᠢᠮᠲᠠᠯᠠᠵᠤ ᠂ ᠪᠢᠴᠢᠯ ᠪᠦᠷᠭᠡ ᠂ ᠪᠢᠴᠢᠯ ᠮᠡᠳᠡᠭᠡ ᠂ ᠲᠣᠣᠷ ᠰᠦᠯᠵᠢᠶ᠎ᠡ ᠶᠢᠨ ᠰᠢᠭᠤᠳ ᠨᠡᠪᠲᠡᠷᠡᠭᠦᠯᠭᠡ ᠪᠠ ᠤᠯᠠᠨ ᠲᠦᠮᠡᠨ ᠦ ᠰᠤᠯᠠ ᠰᠣᠨᠣᠰᠬᠤ ᠵᠡᠷᠭᠡ ᠬᠡᠯᠪᠡᠷᠢ ᠪᠡᠷ ᠬᠠᠤᠯᠢ ᠪᠠᠷᠢᠬᠤ ᠶᠢ ᠢᠯᠡ ᠪᠣᠯᠭᠠᠬᠤ ᠠᠷᠭ᠎ᠠ ᠪᠠᠷᠢᠯ ᠢᠶᠡᠨ ᠤᠯᠠᠮ ᠨᠢᠭᠡ ᠠᠯᠬᠤᠮ ᠰᠢᠨᠡᠳᠬᠡᠵᠦ ᠂ ᠠᠷᠠᠳ ᠣᠯᠠᠨ ᠤ ᠬᠠᠤᠯᠢ ᠴᠠᠭᠠᠵᠠ ᠶᠢᠨ ᠢᠯᠡ ᠪᠣᠯᠭᠠᠬᠤ ᠤᠯᠠᠨ ᠡᠰᠢᠲᠦ ᠱᠠᠭᠠᠷᠳᠠᠯᠭ᠎ᠠ ᠶᠢ ᠬᠠᠩᠭᠠᠬᠤ ᠬᠡᠷᠡᠭᠲᠡᠶ ᠃ ᠬᠠᠤᠯᠢ ᠶᠣᠰᠣᠭᠠᠷ ᠢᠯᠡ ᠪᠠᠢᠬᠤ ᠂ ᠠᠯᠬᠤᠮ ᠳᠠᠷᠠᠭ᠎ᠠ ᠲᠠᠶ ᠪᠠᠷ ᠤᠷᠤᠭᠰᠢᠯᠠᠵᠤ᠂ ᠯᠠᠪᠳᠠᠭᠤᠨ ᠢᠶᠠᠷ ᠲᠦᠯᠬᠢᠨ ᠠᠬᠢᠭᠤᠯᠬᠤ ᠶᠢ ᠪᠠᠷᠢᠮᠲᠠᠯᠠᠵᠤ᠂ ᠬᠠᠤᠯᠢ ᠪᠠᠷᠢᠬᠤ ᠶᠢ ᠢᠯᠠ ᠪᠣᠯᠭᠠᠬᠤ ᠶᠢ ᠦᠨᠡᠨ ᠬᠦ ᠰᠠᠶᠢᠲᠤᠷ ᠡᠵᠡᠮᠰᠢᠵᠦ᠂ ᠲᠤᠬᠠᠶ ᠶᠢᠨ ᠬᠥᠮᠦᠨ ᠦ ᠨᠢᠭᠤᠴᠠ ᠶᠢ ᠬᠠᠮᠠᠭᠠᠯᠠᠵᠤ ᠂ ᠡᠷᠡᠭᠦᠦ ᠶᠢᠨ ᠬᠡᠷᠡᠭ ᠦᠨ ᠬᠣᠣᠷᠯᠠᠭᠳᠠᠭᠴᠢ ᠂ ᠭᠡᠷᠡᠴᠢᠯᠡᠭᠴᠢ ᠂ ᠨᠠᠰᠤᠨ ᠳᠤ ᠥᠯᠥ ᠬᠦᠷᠦᠭᠰᠡᠳ ᠵᠡᠷᠭᠡ ᠵᠠᠷᠭᠤ ᠳᠤ ᠣᠷᠣᠯᠴᠠᠭᠰᠠᠳ ᠤᠨ ᠬᠠᠤᠯᠢ ᠶᠣᠰᠣᠨ ᠤ ᠡᠷᠬᠡ ᠶᠢ ᠬᠠᠮᠠᠭᠠᠯᠠᠨ᠎ᠠ ᠃
ᠵᠥᠦ ᠴᠢᠶᠠᠩ ᠰᠠᠭᠠᠷᠳᠠᠯᠭ᠎ᠠ ᠳᠦ ᠪᠡᠨ ᠂ ᠮᠡᠳᠡᠭᠡ ᠵᠠᠩᠭᠢᠵᠢᠯᠲᠠ ᠶᠢᠨ ᠨᠥᠬᠥᠴᠡᠯ ᠳᠣᠣᠷᠠᠬᠢ ᠲᠢᠩᠬᠢᠮ ᠦᠨ ᠰᠢᠭᠦᠯᠲᠡ ᠶᠢ ᠢᠯᠡ ᠪᠣᠯᠭᠠᠬᠤ ᠰᠢᠨ᠎ᠡ ᠪᠠᠶᠢᠳᠠᠯ ᠳᠤ ᠰᠠᠨᠠᠭᠠᠴᠢᠯᠠᠭ᠎ᠠ ᠠᠴᠠ ᠪᠠᠨ ᠵᠣᠬᠢᠴᠠᠨ ᠂ ᠲᠢᠩᠬᠢᠮ ᠦᠨ ᠰᠢᠭᠦᠯᠲᠡ ᠶᠢ ᠢᠯᠡ ᠪᠣᠯᠭᠠᠬᠤ ᠶᠠᠰᠤ ᠴᠢᠨᠠᠷ ᠂ ᠦᠷ᠎ᠡ ᠠᠰᠢᠭ ᠪᠣᠯᠤᠨ ᠦᠷ᠎ᠡ ᠳ᠋ᠦᠩ ᠢ ᠴᠢᠷᠮᠠᠶᠢᠨ ᠳᠡᠭᠡᠭᠰᠢᠯᠡᠭᠦᠯᠬᠦ ᠬᠡᠷᠡᠭᠲᠠᠢ ᠃ ᠲᠢᠩᠬᠢᠮ ᠦᠨ ᠰᠢᠭᠦᠯᠲᠡ ᠶᠢ ᠢᠯᠡ ᠪᠣᠯᠭᠠᠬᠤ ᠨᠢ ᠬᠠᠤᠯᠢ ᠪᠠᠷᠢᠬᠤ ᠪᠠᠶᠢᠭᠤᠯᠤᠯ ᠤᠨ ᠥᠭᠡᠷᠡᠴᠢᠯᠡᠯᠲᠡ ᠶᠢ ᠠᠬᠢᠭᠤᠯᠬᠤ ᠶᠢᠨ ᠲᠦᠯᠬᠢᠴᠡ ᠦᠢᠯᠡᠳᠦᠯ ᠢ ᠭᠦᠢᠴᠡᠳ ᠪᠠᠳᠠᠷᠠᠭᠤᠯᠵᠤ ᠂ ᠬᠠᠤᠯᠢ ᠴᠠᠭᠠᠵᠠ ᠶᠢᠨ ᠬᠠᠷᠢᠭᠤᠴᠠᠯᠭ᠎ᠠ ᠶᠢᠨ ᠳᠦᠷᠢᠮ ᠢ ᠨᠠᠢᠳᠠᠪᠤᠷᠢᠵᠢᠭᠤᠯᠬᠤ ᠶᠢ ᠠᠬᠢᠭᠤᠯᠵᠤ ᠂ ᠲᠢᠩᠬᠢᠮ ᠦᠨ ᠰᠢᠭᠦᠯᠲᠡ ᠶᠢᠨ ᠪᠤᠲᠠᠲᠠᠢᠵᠢᠬᠤ ᠶᠢ ᠲᠦᠯᠬᠢᠨ ᠠᠬᠢᠭᠤᠯᠵᠤ ᠂ ᠰᠢᠭᠦᠨ ᠲᠠᠰᠤᠯᠬᠤ ᠪᠠᠷ ᠭᠣᠣᠯ ᠪᠣᠯᠭᠠᠭᠰᠠᠨ ᠵᠠᠷᠭᠤ ᠶᠢᠨ ᠳᠦᠷᠢᠮ ᠦᠨ ᠥᠭᠡᠷᠡᠴᠢᠯᠡᠯᠲᠡ ᠶᠢ ᠲᠦᠷᠭᠡᠳᠬᠡᠨ ᠂ ᠲᠢᠩᠬᠢᠮ ᠦᠨ ᠰᠢᠭᠦᠯᠲᠡ ᠶᠢᠨ ᠴᠢᠨᠠᠷ ᠴᠢᠨᠰᠠᠭ᠎ᠠ ᠦᠷ᠎ᠡ ᠪᠦᠲᠦᠮᠵᠢ ᠶᠢ ᠲᠠᠰᠤᠷᠠᠯᠲᠠ ᠦᠭᠡᠢ ᠳᠡᠭᠡᠭᠰᠢᠯᠡᠭᠦᠯᠬᠦ ᠬᠡᠷᠡᠭᠲᠡᠶ ᠃ ᠠᠰᠠᠭᠤᠳᠠᠯ ᠢᠶᠠᠷ ᠵᠢᠯᠣᠭᠣᠳᠤᠮᠵᠢ ᠪᠣᠯᠭᠠᠬᠤ ᠶᠢ ᠪᠠᠷᠢᠮᠲᠠᠯᠠᠵᠤ ᠂ ᠲᠢᠩᠬᠢᠮ ᠦᠨ ᠰᠢᠭᠦᠯᠲᠡ ᠶᠢ ᠢᠯᠡ ᠪᠣᠯᠭᠠᠬᠤ ᠪᠡᠷ ᠳᠠᠮᠵᠢᠭᠤᠯᠤᠨ ᠬᠠᠤᠯᠢ ᠶᠢᠨ ᠲᠤᠰᠢᠶᠠᠯᠲᠠᠨ ᠤ ᠵᠠᠷᠭᠤ ᠶᠢᠨ ᠵᠢᠷᠤᠮ ᠢ ᠴᠢᠩᠭ᠎ᠠ ᠵᠢᠷᠤᠮᠯᠠᠬᠤ ᠶᠢ ᠱᠠᠭᠠᠷᠳᠠᠵᠤ ᠂ ᠬᠠᠤᠯᠢ ᠪᠠᠷᠢᠬᠤ ᠦᠢᠯᠡ ᠠᠵᠢᠯᠯᠠᠭ᠎ᠠ ᠶᠢ ᠳᠦᠷᠢᠮᠵᠢᠭᠦᠯᠦᠨ ᠂ ᠬᠠᠤᠯᠢ ᠪᠠᠷᠢᠬᠤ ᠰᠤᠷᠲᠠᠯ ᠢ ᠰᠠᠶᠢᠵᠢᠷᠠᠭᠤᠯᠵᠤ ᠂ ᠪᠣᠯᠪᠠᠰᠤᠨ ᠢᠶᠠᠷ ᠬᠠᠤᠯᠢ ᠬᠡᠷᠡᠭᠵᠢᠭᠦᠯᠬᠦ ᠶᠢ ᠰᠠᠨᠠᠭᠠᠴᠢᠯᠠᠵᠤ ᠂ ᠰᠢᠭᠦᠬᠦ ᠲᠢᠩᠬᠢᠮ ᠦᠨ ᠡᠮᠬᠢ ᠵᠢᠷᠤᠮ ᠢ ᠬᠠᠮᠠᠭᠠᠯᠠᠵᠤ ᠂ ᠬᠠᠤᠯᠢ ᠶᠢᠨ ᠲᠤᠰᠢᠶᠠᠯᠲᠠᠨ ᠤ ᠲᠢᠩᠬᠢᠮ ᠦᠨ ᠰᠢᠭᠦᠯᠲᠡ ᠶᠢ ᠡᠵᠡᠮᠳᠡᠬᠦ ᠴᠢᠳᠠᠪᠤᠷᠢ ᠪᠣᠯᠤᠨ ᠬᠢᠷᠢ ᠬᠡᠮᠵᠢᠶ᠎ᠡ ᠪᠡᠨ ᠳᠡᠭᠡᠭᠰᠢᠯᠡᠭᠦᠯᠬᠦ ᠶᠢ ᠠᠬᠢᠭᠤᠯᠵᠤ ᠂ ᠢᠯᠡ ᠪᠣᠯᠭᠠᠬᠤ ᠪᠠᠷ ᠳᠠᠮᠵᠢᠭᠤᠯᠤᠨ ᠲᠥᠪ ᠭᠣᠣᠯᠴᠢ ᠪᠠᠶᠢᠬᠤ ᠶᠢ ᠦᠨᠡᠨ ᠬᠦ ᠠᠬᠢᠭᠤᠯᠵᠤ ᠂ ᠤᠯᠠᠨ ᠨᠡᠢᠲᠡ ᠶᠢᠨ ᠢᠲᠡᠭᠡᠮᠵᠢ ᠶᠢ ᠪᠤᠢ ᠪᠣᠯᠭᠠᠬᠤ ᠭᠡᠷᠡᠭᠲᠠᠢ᠃ ᠰᠢᠭᠦᠬᠦ ᠬᠣᠷᠢᠶᠠᠨ ᠤ ᠰᠢᠭᠦᠯᠲᠡ ᠶᠢ ᠢᠯᠡ ᠪᠣᠯᠭᠠᠬᠤ ᠳᠠᠪᠴᠠᠩ ᠡᠴᠡ ᠴᠤᠭᠯᠠᠭᠤᠯᠤᠨ ᠣᠯᠤᠭᠰᠠᠨ ᠡᠷᠬᠢᠮ ᠨᠠᠨᠳᠢᠨ ᠡᠬᠢ ᠪᠠᠶᠠᠯᠢᠭ ᠢ ᠭᠦᠢᠴᠡᠳ ᠠᠰᠢᠭᠯᠠᠨ᠂ ᠰᠠᠢᠲᠤᠷ ᠠᠰᠢᠭᠯᠠᠨ᠂ ᠠᠮᠢᠳᠤᠯᠢᠭ ᠠᠰᠢᠭᠯᠠᠵᠤ᠂ ᠡᠯ᠎ᠡ ᠭᠠᠵᠠᠷ ᠤᠨ ᠰᠢᠭᠦᠬᠦ ᠬᠣᠷᠢᠶᠠᠨ ᠤ ᠪᠣᠯᠤᠨ ᠮᠡᠳᠡᠭᠡ ᠵᠠᠭᠤᠴᠢᠯᠠᠭᠤᠷ ᠤᠨ ᠰᠢᠭᠦᠯᠲᠡ ᠶᠢ ᠢᠯᠡ ᠪᠣᠯᠭᠠᠭᠰᠠᠨ ᠳᠦᠷᠰᠦ ᠰᠢᠩᠭᠡᠭᠡᠯᠲᠡ ᠶᠢ ᠴᠤᠭᠯᠠᠭᠤᠯᠵᠤ᠂ ᠵᠠᠳᠠᠯᠤᠯᠲᠠ ᠬᠢᠵᠤ᠂ ᠭᠦᠢᠴᠡᠳ ᠠᠰᠢᠭᠯᠠᠨ ᠰᠢᠭᠦᠬᠦ ᠬᠣᠷᠢᠶᠠᠨ ᠤ ᠳᠣᠲᠤᠨ᠎ᠠ ᠭᠠᠳᠠᠨᠠᠬᠢ ᠲᠣᠭ᠎ᠠ ᠪᠠᠷᠢᠮᠲᠠ ᠶᠢᠨ ᠡᠬᠢ ᠪᠠᠶᠠᠯᠢᠭ ᠳᠡᠭᠡᠳᠦ ᠬᠡᠮᠵᠢᠶ᠎ᠡ ᠪᠡᠷ ᠠᠭᠤᠰᠤᠯᠴᠠᠬᠤ ᠶᠢ ᠪᠡᠶᠡᠯᠡᠭᠦᠯᠬᠦ ᠬᠡᠷᠡᠭᠲᠠᠢ᠃ 《 ᠤᠶᠤᠨᠴᠢᠯᠠᠭᠰᠠᠨ ᠰᠢᠭᠦᠬᠦ ᠬᠣᠷᠢᠶ᠎ᠠ 》 ᠶᠢᠨ ᠪᠦᠲᠦᠭᠡᠨ ᠪᠠᠶᠢᠭᠤᠯᠤᠯᠲᠠ ᠪᠡᠨ ᠲᠦᠷᠭᠡᠳᠬᠡᠨ ᠂ ᠬᠠᠤᠯᠢ ᠬᠡᠷᠡᠭᠵᠢᠭᠦᠯᠦᠯᠲᠡ ᠶᠢᠨ ᠶᠡᠬᠡ ᠲᠣᠭ᠎ᠠ ᠪᠠᠷᠢᠮᠲᠠ ᠶᠢᠨ ᠵᠠᠳᠠᠯᠤᠯᠲᠠ ᠢ ᠭᠦᠢᠴᠡᠳ ᠬᠡᠷᠡᠭᠯᠡᠨ ᠂ ᠰᠢᠭᠦᠨ ᠲᠠᠰᠤᠯᠤᠯᠲᠠ ᠶᠢ ᠢᠯᠡ ᠪᠣᠯᠭᠠᠭᠰᠠᠨ ᠲᠣᠮᠤ ᠲᠣᠭ᠎ᠠ ᠪᠠᠷᠢᠮᠲᠠ ᠳᠤᠮᠳᠠ ᠡᠴᠡ ᠰᠢᠭᠦᠨ ᠲᠠᠰᠤᠯᠠᠬᠤ ᠦᠷ᠎ᠡ ᠪᠦᠲᠦᠮᠵᠢ ᠶᠢ ᠳᠡᠭᠡᠭᠰᠢᠯᠡᠭᠦᠯᠬᠦ ᠵᠦᠢᠯ ᠂ ᠬᠠᠤᠯᠢ ᠬᠡᠷᠡᠭᠵᠢᠭᠦᠯᠦᠯᠲᠡ ᠶᠢᠨ ᠤᠯᠠᠨ ᠨᠡᠢᠲᠡ ᠶᠢ ᠢᠲᠡᠭᠡᠭᠦᠯᠬᠦ ᠬᠦᠴᠦᠨ ᠨᠦᠯᠦᠭᠡᠯᠡᠬᠦ ᠵᠦᠢᠯ ᠵᠡᠷᠭᠡ ᠶᠢ ᠰᠤᠳᠤᠯᠤᠨ ᠢᠯᠡᠷᠡᠭᠦᠯᠵᠦ ᠂ ᠲᠠᠰᠤᠷᠠᠯᠲᠠ ᠦᠭᠡᠢ ᠲᠤᠷᠰᠢᠯᠭ᠎ᠠ ᠪᠡᠨ ᠳ᠋ᠦᠩᠨᠡᠨ᠂ ᠳᠦᠷᠢᠮ ᠢᠶᠡᠨ ᠪᠤᠯᠪᠠᠰᠤᠷᠠᠭᠤᠯᠤᠨ᠂ ᠰᠢᠭᠦᠭᠴᠢ ᠶᠢᠨ ᠠᠵᠢᠯᠠᠯᠭ᠎ᠠ ᠳᠤ ᠨᠡᠩ ᠰᠠᠢᠨ ᠦᠢᠯᠡᠴᠢᠯᠡᠵᠦ᠂ ᠠᠷᠠᠳ ᠤᠯᠠᠨ ᠤ ᠵᠠᠭᠠᠯᠳᠤᠯᠭ᠎ᠠ ᠳᠤ ᠨᠡᠩ ᠰᠠᠢᠨ ᠦᠢᠯᠡᠴᠢᠯᠡᠬᠦ ᠬᠡᠷᠡᠭᠲᠠᠢ᠃
ᠥᠨᠥᠳᠦᠷ ᠦᠨ ᠠᠵᠢᠯᠯᠠᠭ᠎ᠠ ᠳᠤᠮᠳᠠ ᠂ ᠵᠧᠦ ᠴᠢᠶᠠᠩ《 ᠳᠤᠮᠳᠠᠳᠤ ᠤᠯᠤᠰ ᠤᠨ ᠲᠢᠩᠬᠢᠮ ᠦᠨ ᠰᠢᠭᠦᠯᠲᠡ ᠶᠢ ᠢᠯᠡ ᠪᠣᠯᠭᠠᠬᠤ ᠰᠦᠯᠵᠢᠶ᠎ᠡ 》 ᠶᠢ ᠵᠢᠩᠬᠢᠨᠢ ᠪᠡᠷ ᠠᠵᠢᠯᠯᠠᠭᠤᠯᠵᠤ ᠡᠬᠢᠯᠡᠭᠦᠯᠪᠡ᠃ ᠬᠤᠷᠠᠯ ᠳᠡᠭᠡᠷ᠎ᠡ ᠠᠷᠠᠳ ᠤᠨ ᠰᠢᠭᠦᠬᠦ ᠬᠣᠷᠢᠶᠠᠨ ᠤ ᠲᠢᠩᠬᠢᠮ ᠦᠨ ᠰᠢᠭᠦᠯᠲᠡ ᠶᠢ ᠢᠯᠡ ᠪᠣᠯᠭᠠᠬᠤ ᠠᠵᠢᠯ ᠤᠨ ᠤᠬᠠᠭᠤᠯᠭ᠎ᠠ ᠶᠢᠨ ᠹᠢᠯᠢᠮ ᠢ ᠦᠵᠡᠭᠦᠯᠵᠦ ᠂ ᠠᠷᠠᠳ ᠤᠨ ᠳᠡᠭᠡᠳᠦ ᠵᠡᠷᠭᠡ ᠶᠢᠨ ᠰᠢᠭᠦᠬᠦ ᠬᠣᠷᠢᠶᠠᠨ ᠤ ᠬᠢᠨᠠᠨ ᠬᠠᠮᠢᠶᠠᠷᠬᠤ ᠠᠯᠪᠠᠨ ᠭᠡᠷ ᠦᠨ ᠬᠣᠯᠪᠣᠭᠳᠠᠯ ᠪᠦᠬᠦᠢ ᠬᠠᠷᠢᠭᠤᠴᠠᠯᠭᠠᠲᠠᠨ ᠳᠤᠮᠳᠠᠳᠤ ᠤᠯᠤᠰ ᠤᠨ ᠰᠢᠭᠦᠬᠦ ᠬᠣᠷᠢᠶᠠᠨ ᠤ ᠲᠢᠩᠬᠢᠮ ᠦᠨ ᠰᠢᠭᠦᠯᠲᠡ ᠶᠢ ᠢᠯᠡ ᠪᠣᠯᠭᠠᠬᠤ ᠰᠦᠯᠵᠢᠶᠡᠨ ᠦ ᠪᠦᠲᠦᠭᠡᠨ ᠪᠠᠶᠢᠭᠤᠯᠤᠯᠲᠠ ᠪᠣᠯᠤᠨ ᠴᠢᠳᠠᠮᠵᠢ ᠶᠢᠨ ᠲᠤᠬᠠᠢ ᠬᠠᠷᠢᠭᠤ ᠮᠡᠳᠡᠭᠦᠯᠦᠯᠲᠡ ᠬᠢᠪᠡ᠃
ᠠᠷᠠᠳ ᠤᠨ ᠳᠡᠭᠡᠳᠦ ᠵᠡᠷᠡᠭᠡ ᠶᠢᠨ ᠰᠢᠭᠦᠬᠦ ᠬᠣᠷᠢᠶᠠᠨ ᠤ ᠪᠠᠶᠢᠩᠭᠤ ᠶᠢᠨ ᠳᠡᠳ᠋ ᠳᠠᠷᠤᠭ᠎ᠠ ᠱᠸᠨ ᠳ᠋ᠸ ᠶᠥᠩ ᠬᠤᠷᠠᠯ ᠢ ᠡᠷᠬᠢᠯᠡᠵᠦ ᠂ ᠳᠡᠳ᠋ ᠬᠣᠷᠢᠶᠠᠨ ᠳᠠᠷᠤᠭ᠎ᠠ ᠬᠠᠨ ᠴᠤᠤ᠂ ᠾᠧ ᠷᠦᠩ ᠂ ᠰᠢᠭᠦᠨ ᠲᠠᠰᠤᠯᠬᠤ ᠺᠣᠮᠢᠰ ᠤᠨ ᠲᠤᠰᠬᠠᠶ ᠲᠤᠰᠢᠶᠠᠯᠳᠤ ᠭᠡᠰᠢᠭᠦᠨ ᠯᠢᠦ ᠰᠢᠥᠸᠢ ᠮᠧᠢ ᠬᠤᠷᠠᠯ ᠳᠤ ᠣᠷᠣᠯᠴᠠᠪᠠ ᠃ ᠠᠷᠠᠳ ᠤᠨ ᠳᠡᠭᠡᠳᠦ ᠵᠡᠷᠭᠡ ᠶᠢᠨ ᠰᠢᠭᠦᠬᠦ ᠬᠣᠷᠢᠶᠠᠨ ᠤ ᠬᠣᠯᠪᠣᠭᠳᠠᠯ ᠪᠦᠬᠦᠢ ᠰᠠᠯᠠᠭ᠎ᠠ ᠮᠥᠴᠢᠷ ᠦᠨ ᠬᠠᠷᠢᠭᠤᠴᠠᠯᠭᠠᠲᠠᠨ ᠂ ᠰᠢᠭᠦᠬᠦ ᠬᠣᠷᠢᠶᠠᠨ ᠤ ᠲᠢᠩᠬᠢᠮ ᠦᠨ ᠰᠢᠭᠦᠯᠲᠡ ᠶᠢ ᠰᠢᠭᠤᠳ ᠨᠡᠪᠲᠡᠷᠡᠭᠦᠯᠬᠦ ᠠᠵᠢᠯ ᠤᠨ ᠬᠣᠯᠪᠣᠭᠳᠠᠯ ᠪᠦᠬᠦᠢ ᠵᠠᠭᠤᠴᠢ ᠨᠢᠭᠡᠴᠢ ᠶᠢᠨ ᠬᠠᠷᠢᠭᠤᠴᠠᠯᠭᠠᠲᠠᠨ ᠭᠣᠣᠯ ᠬᠤᠷᠠᠯ ᠤᠨ ᠲᠠᠯᠠᠪᠠᠢ ᠳᠤ ᠢᠷᠡᠵᠦ ᠠᠵᠢᠯᠯᠠᠭ᠎ᠠ ᠳᠤ ᠤᠷᠤᠯᠴᠠᠨ ᠂ ᠪᠦᠬᠦ ᠤᠯᠤᠰ ᠤᠨ ᠡᠯ᠎ᠡ ᠠᠷᠠᠳ ᠤᠨ ᠥᠨᠳᠥᠷ ᠵᠡᠷᠭᠡ ᠶᠢᠨ ᠰᠢᠭᠦᠬᠦ ᠬᠣᠷᠢᠶ᠎ᠠ ᠬᠣᠷᠢᠶᠠᠨ ᠤ ᠤᠳᠤᠷᠢᠳᠤᠯᠭ᠎ᠠ ᠵᠢᠴᠢ ᠬᠣᠯᠪᠣᠭᠳᠠᠯ ᠪᠦᠬᠦᠢ ᠰᠠᠯᠠᠭ᠎ᠠ ᠮᠥᠴᠢᠷ ᠦᠨ ᠬᠠᠷᠢᠭᠤᠴᠠᠯᠭᠠᠲᠠᠨ ᠬᠤᠪᠢᠶᠠᠷᠢ ᠬᠤᠷᠠᠯ ᠤᠨ ᠲᠠᠯᠠᠪᠠᠢ ᠡᠴᠡ ᠬᠤᠷᠠᠯ ᠳᠤ ᠣᠷᠣᠯᠴᠠᠵᠠᠶ ᠃
ᠦᠨᠡᠯᠡᠬᠦ 0ᠦᠨᠡᠯᠡᠯᠲᠡ᠎ᠲᠠᠢ