9 ᠰᠠᠷ᠎ᠠ ᠶᠢᠨ 23 ᠤ ᠦᠳᠡ ᠶᠢᠨ ᠡᠮᠦᠨ᠎ᠡ ᠂ ᠠᠷᠠᠳ ᠤᠨ ᠰᠢᠭᠦᠬᠦ ᠬᠣᠷᠢᠶ᠎ᠠ ᠺᠢᠨᠣ᠋ ᠲᠧᠯᠸᠢᠰ ᠦᠨ ᠲᠥᠪ ᠂ ᠲᠥᠪ ᠦᠨ ᠲᠧᠯᠸᠢᠰ ᠬᠣᠷᠢᠶᠠᠨ ᠤ ᠪᠢᠴᠢᠯ ᠺᠢᠨᠣ ᠶᠢᠨ ᠪᠠᠭᠠᠲᠤᠷᠯᠢᠭ ᠬᠥᠪᠡᠭᠦᠳ ᠥᠬᠢᠳ ᠰᠤᠪᠠᠭ ᠪᠠ ᠳᠤᠮᠳᠠᠳᠤ ᠤᠯᠤᠰ ᠤᠨ ᠺᠢᠨᠣ᠋ ᠤᠳᠬ᠎ᠠ ᠵᠣᠬᠢᠶᠠᠯ ᠤᠨ ᠰᠢᠨᠵᠢᠯᠡᠭᠡᠨ ᠦ ᠨᠡᠶᠢᠭᠡᠮᠯᠢᠭ ᠵᠡᠷᠭᠡ ᠨᠢᠭᠡᠴᠢ ᠲᠡᠶ ᠬᠠᠮᠲᠤ ᠪᠠᠷ 《 ᠲᠥᠪ ᠦᠨ ᠲᠧᠯᠸᠢᠰ ᠬᠣᠷᠢᠶᠠᠨ ᠤ ᠪᠢᠴᠢᠯ ᠺᠢᠨᠣ᠋ · ᠪᠠᠭᠠᠲᠤᠷᠯᠢᠭ ᠬᠥᠪᠡᠭᠦᠳ ᠥᠬᠢᠳ ᠰᠤᠪᠠᠭ · ᠵᠠᠭᠤᠨ ᠨᠡᠷ᠎ᠡ ᠬᠠᠤᠯᠢ ᠶᠢᠨ ᠲᠤᠰᠢᠶᠠᠯᠲᠠᠨ 》 ᠲᠥᠷᠥᠯ ᠵᠦᠢᠯ ᠦᠨ ᠡᠬᠢᠯᠡᠬᠦ ᠶᠣᠰᠣᠯᠠᠯ ᠢ ᠡᠷᠬᠢᠯᠡᠭᠰᠡᠨ ᠪᠠᠢᠨ᠎ᠠ ᠃ ᠠᠷᠠᠳ ᠤᠨ ᠳᠡᠭᠡᠳᠦ ᠵᠡᠷᠭᠡ ᠶᠢᠨ ᠰᠢᠭᠦᠬᠦ ᠬᠣᠷᠢᠶᠠᠨ ᠤ ᠳᠡᠳ᠋ ᠳᠠᠷᠤᠭ᠎ᠠ ᠵᠢᠩ ᠬᠠᠨ ᠴᠤᠤ ᠶᠣᠰᠣᠯᠠᠯ ᠳᠤ ᠣᠷᠤᠯᠴᠠᠬᠤ ᠶᠢᠨ ᠳᠠᠭᠠᠤ ᠳᠤ ᠴᠢᠬᠤᠯᠠᠴᠢᠯᠠᠭᠰᠠᠨ ᠨᠢ ᠂ ᠰᠢᠭᠦᠬᠦ ᠬᠣᠷᠢᠶᠠᠨ ᠤ ᠤᠳᠬ᠎ᠠ ᠤᠷᠠᠯᠢᠭ ᠤᠨ ᠵᠣᠬᠢᠶᠠᠨ ᠪᠦᠲᠦᠭᠡᠬᠦ ᠶᠢ ᠶᠡᠬᠡᠪᠡᠷ ᠴᠢᠩᠭ᠋ᠠᠳᠬᠠᠨ ᠬᠦᠭᠵᠢᠭᠦᠯᠦᠨ᠂ ᠬᠠᠤᠯᠢ ᠪᠡᠷ ᠵᠠᠰᠠᠬᠤ ᠤᠳᠬ᠎ᠠ ᠤᠷᠠᠯᠢᠭ ᠤᠨ ᠤᠬᠢ ᠪᠦᠲᠦᠭᠡᠯ ᠢ ᠨᠡᠩ ᠤᠯᠠᠨ ᠨᠡᠩ ᠰᠠᠢᠨ ᠴᠢᠷᠮᠠᠶᠢᠨ ᠪᠤᠢ ᠪᠣᠯᠭᠠᠵᠤ ᠂ ᠤᠳᠬ᠎ᠠ ᠤᠷᠠᠯᠢᠭ ᠤᠨ ᠦᠢᠯᠡᠰ ᠦᠨ ᠶᠡᠬᠡ ᠬᠥᠭᠵᠢᠯᠲᠡ ᠶᠡᠬᠡ ᠴᠡᠴᠡᠭᠯᠡᠯᠲᠡ ᠶᠢ ᠲᠦᠯᠬᠢᠨ ᠠᠬᠢᠭᠤᠯᠬᠤ ᠰᠠᠢᠨ ᠰᠠᠶᠢᠬᠠᠨ ᠣᠷᠴᠢᠨ ᠠᠬᠤᠢ ᠶᠢ ᠪᠤᠢ ᠪᠣᠯᠭᠠᠵᠤ ᠂ ᠬᠠᠤᠯᠢ ᠪᠡᠷ ᠤᠯᠤᠰ ᠢᠶᠠᠨ ᠵᠠᠰᠠᠬᠤ ᠶᠠᠪᠤᠳᠠᠯ ᠢ ᠪᠦᠬᠦ ᠲᠠᠯ᠎ᠠ ᠪᠠᠷ ᠲᠦᠯᠬᠢᠨ ᠠᠬᠢᠭᠤᠯᠵᠤ ᠂ 《 ᠳᠥᠷᠪᠡᠨ ᠪᠦᠬᠦ ᠲᠠᠯ᠎ᠠ 》 ᠶᠢᠨ ᠪᠠᠶᠢᠯᠳᠤᠬᠤ ᠪᠣᠳᠣᠯᠭ᠎ᠠ ᠶᠢᠨ ᠪᠠᠶᠢᠷᠢᠰᠢᠯ ᠢ ᠵᠣᠬᠢᠴᠠᠯᠳᠤᠭᠤᠯᠤᠨ ᠠᠬᠢᠭᠤᠯᠬᠤ ᠳᠤ ᠢᠳᠡᠪᠬᠢᠲᠡᠶ ᠬᠤᠪᠢ ᠨᠡᠮᠡᠷᠢ ᠪᠡᠨ ᠦᠵᠡᠭᠦᠯᠬᠦ ᠬᠡᠷᠡᠭᠲᠡᠶ ᠃
ᠵᠢᠩ ᠬᠠᠨ ᠴᠤᠤ ᠵᠢᠭᠠᠬᠤ ᠳᠤ ᠪᠡᠨ ᠂ ᠰᠢᠭᠦᠬᠦ ᠬᠣᠷᠢᠶᠠᠨ ᠤ ᠰᠢᠰᠲ᠋ᠧᠮ ᠦᠨ ᠤᠳᠬ᠎ᠠ ᠤᠷᠠᠯᠢᠭ ᠤᠨ ᠠᠵᠢᠯ ᠨᠢ ᠰᠢᠭᠦᠬᠦ ᠬᠣᠷᠢᠶᠠᠨ ᠤ ᠠᠵᠢᠯ ᠤᠨ ᠴᠢᠬᠤᠯᠠ ᠪᠦᠷᠢᠯᠳᠦᠬᠦᠨ ᠬᠡᠰᠡᠭ ᠮᠥᠨ ᠂ ᠮᠥᠨ ᠴᠦ ᠤᠳᠬ᠎ᠠ ᠤᠷᠠᠯᠢᠭ ᠤᠨ ᠦᠢᠯᠡᠰ ᠦᠨ ᠴᠢᠬᠤᠯᠠ ᠬᠡᠰᠡᠭ ᠶᠤᠮ ᠃ ᠬᠠᠤᠯᠢ ᠴᠠᠭᠠᠵᠠ ᠪᠠ ᠤᠳᠬ᠎ᠠ ᠤᠷᠠᠯᠢᠭ ᠨᠢ ᠲᠥᠷᠥᠯᠬᠢ ᠰᠠᠯᠵᠤ ᠪᠣᠯᠤᠰᠢ ᠦᠬᠡᠢ ᠨᠢᠭᠲᠠ ᠬᠠᠷᠢᠴᠠᠭ᠎ᠠ ᠲᠠᠶ ᠪᠠᠶᠢᠳᠠᠭ ᠃ ᠪᠢᠳᠡ ᠡᠨᠡ ᠤᠳᠠᠭᠠᠨ ᠤ ᠠᠵᠢᠯᠯᠠᠭ᠎ᠠ ᠪᠠᠷ ᠠᠵᠠ ᠲᠣᠬᠢᠶᠠᠯ ᠪᠣᠯᠭᠠᠵᠤ ᠂ ᠭᠣᠣᠯ ᠰᠡᠳᠦᠪ ᠤᠨ ᠵᠣᠬᠢᠶᠠᠨ ᠪᠦᠲᠦᠭᠡᠬᠦ ᠶᠢ ᠰᠠᠶᠢᠲᠤᠷ ᠠᠳᠬᠤᠵᠤ ᠂ ᠳᠤᠮᠳᠠᠳᠤ ᠤᠯᠤᠰ ᠤᠨ ᠰᠢᠭᠦᠬᠦ ᠬᠣᠷᠢᠶ᠎ᠠ ᠪᠠ ᠰᠢᠭᠦᠬᠦ ᠲᠤᠰᠢᠶᠠᠯᠲᠠᠨ ᠤ ᠰᠠᠢᠨ ᠰᠠᠶᠢᠬᠠᠨ ᠲᠦᠷᠢ ᠲᠥᠷᠬᠦ ᠶᠢ ᠭᠦᠢᠴᠡᠳ ᠢᠯᠡᠷᠡᠭᠦᠯᠬᠦ ᠬᠡᠷᠡᠭᠲᠠᠢ ᠃ ᠰᠢᠭᠦᠬᠦ ᠬᠣᠷᠢᠶᠠᠨ ᠤ ᠤᠳᠬ᠎ᠠ ᠤᠷᠠᠯᠢᠭ ᠨᠢ ᠡᠯᠪᠡᠭ ᠪᠠᠶᠠᠯᠢᠭ ᠰᠢᠭᠦᠨ ᠲᠠᠰᠤᠯᠬᠤ ᠪᠠ ᠭᠦᠢᠴᠡᠳᠬᠡᠬᠦ ᠠᠵᠢᠯᠯᠠᠭ᠎ᠠ ᠲᠥᠪᠯᠡᠷᠡᠭᠦᠯᠦᠨ ᠂ ᠨᠡᠶᠢᠭᠡᠮ ᠦᠨ ᠰᠢᠳᠤᠷᠭᠤ ᠶᠣᠰᠣ ᠶᠢ ᠬᠠᠮᠠᠭᠠᠯᠠᠭᠰᠠᠨ ᠨᠡᠩ ᠢᠯᠠᠩᠭᠤᠶ᠎ᠠ ᠦᠨᠳᠦᠰᠦᠨ ᠱᠠᠲᠤᠨ ᠤ ᠠᠷᠠᠳ ᠤᠨ ᠬᠠᠤᠯᠢ ᠶᠢᠨ ᠲᠤᠰᠢᠶᠠᠯᠲᠠᠨ ᠢ ᠲᠦᠪᠯᠡᠷᠡᠭᠦᠯᠵᠦ᠂ ᠤᠳᠬ᠎ᠠ ᠤᠷᠠᠯᠢᠭ ᠤᠨ ᠵᠣᠬᠢᠶᠠᠯ ᠪᠦᠲᠦᠭᠡᠯ ᠪᠡᠷ ᠳᠠᠮᠵᠢᠭᠤᠯᠵᠤ᠂ ᠲᠡᠳᠡᠨ ᠦ ᠠᠮᠢᠳᠤᠷᠠᠯ ᠂ ᠰᠡᠳᠬᠢᠯᠭᠡ ᠂ ᠢᠲᠡᠭᠡᠯ ᠪᠢᠰᠢᠷᠡᠯ ᠢ ᠲᠤᠰᠬᠠᠵᠤ᠂ ᠳᠡᠳᠡᠨᠤᠰ ᠤᠨ ᠲᠤᠬᠠᠢᠯᠠᠭᠰᠠᠨ ᠠᠵᠢᠯ ᠤᠨ ᠨᠡᠷ᠎ᠡ ᠬᠦᠨᠳᠦᠲᠦ ᠰᠡᠳᠬᠢᠯᠬᠡ ᠶᠢ ᠨᠢ ᠳᠡᠭᠡᠭᠰᠢᠯᠡᠭᠦᠯᠬᠦ ᠬᠡᠷᠡᠭᠲᠠᠢ ᠃ ᠲᠤᠰ ᠤᠳᠠᠭᠠᠨ ᠤ ᠠᠵᠢᠯᠯᠠᠭ᠎ᠠ ᠶᠢ ᠲᠦᠰᠢᠭᠯᠡᠵᠤ ᠂ ᠳᠤᠮᠳᠠᠳᠤ ᠤᠯᠤᠰ ᠤᠨ ᠬᠠᠤᠯᠢ ᠪᠠᠷᠢᠬᠤ ᠶᠢ ᠢᠯᠠ ᠪᠣᠯᠭᠠᠬᠤ ᠰᠢᠨ᠎ᠡ ᠲᠠᠪᠴᠠᠩ ᠢ ᠤᠯᠠᠮ ᠨᠢᠭᠡ ᠠᠯᠬᠤᠮ ᠥᠷᠭᠡᠳᠬᠡᠵᠦ ᠂ ᠳᠤᠮᠳᠠᠳᠤ ᠤᠯᠤᠰ ᠤᠨ ᠰᠢᠭᠦᠬᠦ ᠬᠣᠷᠢᠶ᠎ᠠ ᠪᠠ ᠰᠢᠭᠦᠬᠦ ᠲᠤᠰᠢᠶᠠᠯᠲᠠᠨ ᠤ ᠰᠠᠢᠨ ᠰᠠᠶᠢᠬᠠᠨ ᠲᠦᠷᠢ ᠲᠥᠷᠬᠦ ᠶᠢ ᠣᠯᠠᠨ ᠤᠯᠤᠰ ᠤᠨ ᠨᠡᠶᠢᠭᠡᠮ ᠳᠦ ᠮᠡᠳᠡᠭᠦᠯᠬᠦ ᠬᠡᠷᠡᠭᠲᠠᠢ ᠃
ᠵᠢᠩ ᠬᠠᠨ ᠴᠤᠤ ᠰᠠᠭᠠᠷᠳᠠᠬᠤ ᠳᠤ ᠪᠡᠨ ᠂ ᠲᠣᠭᠠᠴᠢᠬᠤ ᠬᠡᠯᠪᠡᠷᠢ ᠳᠦ ᠰᠢᠨ᠎ᠡ ᠶᠢ ᠡᠭᠦᠳᠦᠨ ᠂ ᠰᠢᠭᠦᠬᠦ ᠬᠣᠷᠢᠶᠠᠨ ᠤ ᠤᠳᠬ᠎ᠠ ᠤᠷᠠᠯᠢᠭ ᠤᠨ ᠰᠣᠳᠣᠨ ᠪᠦᠲᠦᠭᠡᠯ ᠢ ᠨᠡᠩ ᠤᠯᠠᠨ ᠪᠦᠲᠦᠭᠡᠬᠦ ᠪᠡᠷ ᠴᠢᠷᠮᠠᠶᠢᠬᠤ ᠬᠡᠷᠡᠭᠲᠡᠶ ᠃ ᠰᠢᠨ᠎ᠡ ᠶᠢ ᠡᠭᠦᠳᠬᠦ ᠵᠣᠷᠢᠭ ᠰᠠᠨᠠᠭ᠎ᠠ ᠶᠢ ᠰᠢᠭᠦᠬᠦ ᠬᠣᠷᠢᠶᠠᠨ ᠤ ᠤᠳᠬ᠎ᠠ ᠤᠷᠠᠯᠢᠭ ᠤᠨ ᠦᠢᠯᠡᠳᠪᠦᠷᠢᠯᠡᠯ ᠦᠨ ᠪᠦᠬᠦ ᠶᠠᠪᠤᠴᠠ ᠳᠤ ᠢᠮᠠᠭᠲᠠ ᠲᠤᠤᠱᠯᠠᠭᠤᠯᠵᠤ ᠂ ᠳᠡᠭᠡᠳᠦ ᠬᠡᠮᠵᠢᠶ᠎ᠡ ᠪᠡᠷ ᠴᠢᠬᠤᠯᠠᠴᠢᠯᠠᠨ ᠦᠵᠡᠬᠦ ᠶᠢᠨ ᠬᠠᠮᠲᠤ ᠰᠦᠯᠵᠢᠶ᠎ᠡ ᠭᠡᠳᠡᠭ ᠡᠨᠡᠬᠦ ᠰᠢᠨ᠎ᠡ ᠵᠢᠭᠰᠠᠭᠠᠯ ᠤᠨ ᠭᠠᠵᠠᠷ ᠢ ᠭᠦᠢᠴᠡᠳ ᠠᠰᠢᠭᠯᠠᠨ ᠂ ᠤᠯᠠᠮᠵᠢᠯᠠᠯᠲᠤ ᠤᠳᠬ᠎ᠠ ᠤᠷᠠᠯᠢᠭ ᠪᠠ ᠲᠣᠣᠷ ᠰᠦᠯᠵᠢᠶᠡᠨ ᠦ ᠤᠳᠬ᠎ᠠ ᠤᠷᠠᠯᠢᠭ ᠤᠨ ᠰᠢᠨ᠎ᠡ ᠶᠢ ᠡᠭᠦᠳᠬᠦ ᠴᠢᠨᠠᠷ ᠲᠠᠶ ᠠᠭᠤᠰᠬᠠᠨ ᠨᠡᠶᠢᠯᠡᠭᠦᠯᠬᠦ ᠬᠡᠷᠡᠭᠲᠡᠶ ᠃ ᠡᠭᠦᠨ ᠦ ᠬᠠᠮᠲᠤ ᠪᠠᠰᠠ ᠬᠠᠤᠯᠢ ᠪᠠᠷ ᠵᠠᠰᠠᠬᠤ ᠺᠢᠨᠣ᠋ ᠲᠧᠯᠸᠢᠰ ᠦᠨ ᠪᠦᠲᠦᠭᠡᠨ ᠦᠢᠯᠡᠳᠪᠦᠷᠢᠯᠡᠬᠦ ᠠᠵᠢᠯ ᠢ ᠤᠷᠳᠤᠳᠬᠠᠨ᠂ ᠰᠢᠨ᠎ᠡ ᠪᠦᠲᠦᠭᠡᠭᠳᠡᠬᠦᠨ ᠢ ᠪᠥᠲᠦᠭᠡᠵᠤ ᠂ ᠬᠠᠤᠯᠢ ᠪᠠᠷ ᠵᠠᠰᠠᠬᠤ ᠰᠡᠳᠦᠪᠲᠦ ᠺᠢᠨᠣ᠋ ᠲᠧᠯᠸᠢᠰ ᠦᠨ ᠪᠦᠲᠦᠭᠡᠯ ᠦᠨ ᠨᠡᠶᠢᠭᠡᠮ ᠦᠨ ᠦᠷᠲᠡᠭ ᠢ ᠬᠠᠮᠤᠭ ᠤᠨ ᠶᠡᠬᠡ ᠬᠡᠮᠵᠢᠶ᠎ᠡ ᠪᠡᠷ ᠪᠠᠳᠠᠷᠠᠭᠤᠯᠬᠤ ᠬᠡᠷᠡᠭᠲᠠᠢ ᠃
ᠵᠢᠩ ᠬᠠᠨ ᠴᠤᠤ ᠰᠠᠭᠠᠷᠳᠠᠬᠤ ᠳᠤ ᠪᠡᠨ᠂ ᠡᠯ᠎ᠡ ᠱᠠᠲᠤᠨ ᠤ ᠰᠢᠭᠦᠬᠦ ᠬᠣᠷᠢᠶ᠎ᠠ ᠨᠤᠭᠤᠳ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠨ ᠂ ᠰᠢᠭᠦᠬᠦ ᠬᠣᠷᠢᠶᠠᠨ ᠤ ᠤᠳᠬ᠎ᠠ ᠤᠷᠠᠯᠢᠭ ᠤᠨ ᠵᠣᠬᠢᠶᠠᠨ ᠪᠦᠲᠦᠭᠡᠯᠲᠡ ᠴᠡᠴᠡᠭᠯᠡᠨ ᠬᠥᠭᠵᠢᠬᠦ ᠳᠤ ᠨᠡᠩ ᠰᠠᠢᠨ ᠨᠥᠬᠥᠴᠡᠯ ᠪᠠ ᠪᠠᠲᠤᠯᠠᠭ᠎ᠠ ᠶᠢ ᠬᠠᠩᠭᠠᠬᠤ ᠬᠡᠷᠡᠭᠲᠡᠶ ᠃ ᠤᠳᠬ᠎ᠠ ᠤᠷᠠᠯᠢᠭ ᠤᠨ ᠵᠣᠬᠢᠶᠠᠨ ᠪᠦᠲᠦᠭᠡᠯᠲᠡ ᠶᠢᠨ ᠴᠡᠴᠡᠭᠯᠡᠨ ᠬᠥᠭᠵᠢᠬᠦ ᠶᠢ ᠰᠢᠭᠦᠬᠦ ᠬᠣᠷᠢᠶᠠᠨ ᠤ ᠰᠣᠶᠣᠯ ᠤᠨ ᠪᠠᠶᠢᠭᠤᠯᠤᠯᠲᠠ ᠶᠢᠨ ᠴᠢᠬᠤᠯᠠ ᠠᠭᠤᠯᠭ᠎ᠠ ᠪᠣᠯᠭᠠᠨ ᠦᠵᠡᠬᠦ ᠬᠡᠷᠡᠭᠲᠠᠢ ᠃ ᠰᠣᠶᠣᠯ ᠤᠷᠠᠯᠢᠭ ᠤᠨ ᠡᠲᠡᠭᠡᠳ ᠦᠨ ᠬᠢᠨ ᠬᠠᠮᠲᠤᠷᠠᠨ ᠠᠵᠢᠯᠯᠠᠬᠤ ᠪᠡᠨ ᠴᠢᠩᠭ᠋ᠠᠳᠬᠠᠵᠤ ᠂ ᠠᠷᠠᠳ ᠤᠨ ᠰᠢᠭᠦᠬᠦ ᠬᠣᠷᠢᠶ᠎ᠠ ᠠᠷᠠᠳ ᠤᠨ ᠲᠥᠯᠥᠭᠡ ᠬᠠᠤᠯᠢ ᠪᠠᠷᠢᠬᠤ ᠂ ᠲᠥᠪ ᠭᠣᠣᠯᠴᠢ ᠪᠠᠷ ᠬᠠᠤᠯᠢ ᠪᠠᠷᠢᠬᠤ ᠶᠢ ᠪᠠᠷᠢᠮᠲᠠᠯᠠᠵᠤ ᠂ ᠠᠮᠢᠲᠤᠯᠢᠭ ᠰᠠᠢᠬᠠᠨ ᠪᠤᠳᠠᠲᠦ ᠵᠢᠱᠢᠶ᠎ᠡ ᠶᠢ ᠤᠳᠬ᠎ᠠ ᠤᠷᠠᠯᠢᠭ ᠤᠨ ᠰᠢᠯᠢᠳᠡᠭ ᠪᠦᠲᠦᠭᠡᠯ ᠪᠣᠯᠭᠠᠨ ᠬᠤᠪᠢᠷᠠᠭᠤᠯᠵᠤ᠂ ᠠᠷᠠᠳ ᠣᠯᠠᠨ ᠤ ᠦᠵᠡᠵᠦ ᠰᠣᠨᠢᠷᠬᠠᠬᠤ ᠳᠤᠷᠠᠲᠠᠶ ᠬᠡᠯᠪᠡᠷᠢ ᠪᠣᠯᠭᠠᠨ᠂ ᠬᠠᠤᠯᠢ ᠪᠠᠷ ᠵᠠᠰᠠᠬᠤ ᠤᠬᠠᠭᠤᠯᠭ᠎ᠠ ᠶᠢ ᠢᠳᠡᠪᠬᠢᠲᠡᠶ ᠥᠷᠨᠢᠭᠦᠯᠵᠦ᠂ ᠬᠠᠤᠯᠢ ᠪᠠᠷ ᠵᠠᠰᠠᠬᠤ ᠰᠤᠷᠭᠠᠨ ᠬᠥᠮᠦᠵᠢᠯ ᠢ ᠲᠦᠯᠬᠢᠨ ᠠᠬᠢᠭᠤᠯᠵᠤ ᠂ ᠨᠡᠶᠢᠭᠡᠮ ᠳᠠᠶᠠᠭᠠᠷ ᠲᠤ ᠬᠠᠤᠯᠢ ᠶᠢ ᠬᠦᠨᠳᠦᠳᠬᠡᠨ ᠬᠠᠤᠯᠢ ᠶᠢ ᠰᠤᠷᠤᠯᠴᠠᠵᠤ ᠬᠠᠤᠯᠢ ᠶᠢ ᠰᠠᠬᠢᠨ ᠬᠠᠤᠯᠢ ᠶᠢ ᠬᠡᠷᠡᠭᠯᠡᠬᠦ ᠰᠠᠢᠨ ᠰᠠᠶᠢᠬᠠᠨ ᠠᠭᠤᠷ ᠠᠮᠢᠰᠬᠤᠯ ᠢ ᠪᠤᠢ ᠪᠣᠯᠭᠠᠵᠤ ᠂ ᠳᠤᠮᠳᠠᠳᠤ ᠤᠯᠤᠰ ᠤᠨ ᠬᠠᠤᠯᠢ ᠪᠠᠷ ᠵᠠᠰᠠᠬᠤ ᠪᠠᠶᠢᠭᠤᠯᠤᠯᠲᠠ ᠢ ᠲᠦᠯᠬᠢᠨ ᠠᠬᠢᠭᠤᠯᠬᠤ ᠬᠡᠷᠡᠭᠲᠠᠢ᠃
ᠲᠥᠷᠥᠯ ᠵᠦᠢᠯ ᠦᠨ ᠡᠬᠢᠯᠡᠬᠦ ᠶᠣᠰᠣᠯᠠᠯ ᠳᠡᠭᠡᠷ᠎ᠡ ᠂ ᠲᠥᠪ ᠦᠨ ᠲᠧᠯᠸᠢᠰ ᠬᠣᠷᠢᠶᠠᠨ ᠤ ᠪᠢᠴᠢᠯ ᠺᠢᠨᠣ ᠶᠢᠨ ᠪᠠᠭᠠᠲᠤᠷᠯᠢᠭ ᠬᠥᠪᠡᠭᠦᠳ ᠥᠬᠢᠳ ᠰᠤᠪᠠᠭ ᠤᠨ ᠤᠨ ᠭᠦᠢᠴᠡᠳᠬᠡᠬᠦ ᠶᠡᠷᠦᠩᠬᠡᠶ ᠬᠢᠨᠠᠭᠴᠢ ᠶᠠᠨ ᠵᠢᠶᠠᠨ ᠭᠦᠸᠸ ᠪᠠᠭᠠᠲᠤᠷᠯᠢᠭ ᠬᠥᠪᠡᠭᠦᠳ ᠥᠬᠢᠳ ᠰᠤᠪᠠᠭ ᠤᠨ ᠬᠥᠭᠵᠢᠯᠲᠡ ᠶᠢᠨ ᠪᠠᠶᠢᠳᠠᠯ ᠢ ᠲᠠᠨᠢᠯᠴᠠᠭᠤᠯᠵᠤ᠂ ᠪᠦᠬᠦ ᠤᠯᠤᠰ ᠤᠨ ᠤᠯᠤᠰ ᠲᠦᠷᠦ ᠶᠢᠨ ᠵᠥᠪᠯᠡᠯᠭᠡᠨ ᠦ ᠭᠡᠰᠢᠭᠦᠨ ᠂ ᠳᠤᠮᠳᠠᠳᠤ ᠤᠯᠤᠰ ᠤᠨ ᠵᠣᠬᠢᠶᠠᠯᠴᠢᠳ ᠤᠨ ᠡᠪᠯᠡᠯ ᠦᠨ ᠺᠢᠨᠣ᠋ ᠲᠧᠯᠸᠢᠰ ᠦᠨ ᠤᠷᠠᠨ ᠵᠣᠬᠢᠶᠠᠯ ᠬᠣᠷᠢᠶᠠᠨ ᠤ ᠳᠡᠳ᠋ ᠡᠷᠬᠢᠯᠡᠭᠴᠢ ᠠᠢᠺᠪᠸᠷ · ᠮᠠᠢᠵᠢᠲ ᠲᠥᠷᠥᠯ ᠵᠦᠢᠯ ᠢ ᠬᠡᠷᠡᠭᠵᠢᠭᠦᠯᠬᠦ ᠲᠥᠰᠦᠯ ᠢ ᠲᠠᠨᠢᠯᠴᠠᠭᠤᠯᠵᠤ ᠂ ᠤᠤᠯ ᠤᠨ ᠤᠯᠤᠰ ᠤᠨ ᠷᠠᠳᠢᠣ᠋ ᠲᠧᠯᠸᠢᠰ ᠦᠨ ᠶᠡᠷᠦᠩᠬᠡᠶ ᠲᠣᠪᠴᠢᠶᠠᠨ ᠤ ᠳᠡᠳ᠋ ᠶᠡᠷᠦᠩᠬᠡᠶ ᠨᠠᠶᠢᠷᠠᠭᠤᠯᠤᠭᠴᠢ ᠵᠢᠨ ᠳ᠋ᠸ ᠯᠦᠩ ᠪᠠᠶᠠᠷ ᠤᠨ ᠦᠭᠡ ᠬᠡᠯᠡᠵᠡᠶ ᠃
ᠦᠨᠡᠯᠡᠬᠦ 0ᠦᠨᠡᠯᠡᠯᠲᠡ᠎ᠲᠠᠢ