ᠤᠢ ᠮᠣᠳᠣᠨ ᠤ ᠥᠮᠴᠢᠯᠡᠬᠦ ᠡᠷᠬᠡ ᠶᠢᠨ ᠬᠠᠤᠯᠢ ᠴᠠᠭᠠᠵᠠ ᠶᠢᠨ ᠬᠠᠮᠠᠭᠠᠯᠠᠯᠲᠠ ᠶᠢ ᠴᠢᠩᠭᠠᠳᠬᠠᠵᠤ ᠂
ᠴᠥᠭᠡᠨ ᠲᠣᠭᠠᠲᠤ ᠦᠨᠳᠦᠰᠦᠲᠡᠨ ᠦ ᠣᠷᠣᠨ ᠤ ᠬᠠᠤᠯᠢ ᠪᠠᠷ ᠵᠠᠰᠠᠬᠤ ᠪᠠᠶᠢᠭᠤᠯᠤᠯᠲᠠ ᠶᠢ ᠲᠦᠯᠬᠢᠨ ᠠᠬᠢᠭᠤᠯᠤᠶ᠎ᠠ
9 ᠰᠠᠷ᠎ᠠ ᠶᠢᠨ17 ᠤ ᠡᠳᠦᠷ ᠡᠴᠡ23 ᠤ ᠡᠳᠦᠷ ᠪᠣᠯᠲᠠᠯ᠎ᠠ᠂ ᠠᠷᠠᠳ ᠤᠨ ᠳᠡᠭᠡᠳᠦ ᠵᠡᠷᠭᠡ ᠶᠢᠨ ᠰᠢᠭᠦᠬᠦ ᠬᠣᠷᠢᠶᠠᠨ ᠤ ᠰᠢᠭᠦᠨ ᠲᠠᠰᠤᠯᠬᠤ ᠺᠣᠮᠢᠰ ᠤᠨ ᠲᠤᠰᠬᠠᠶ ᠲᠤᠰᠢᠶᠠᠯᠳᠤ ᠭᠡᠰᠢᠭᠦᠨ ᠳ᠋ᠦ᠋ ᠸᠠᠨ ᠬᠤᠸᠠ ᠰᠧᠴᠤᠸᠠᠨ ᠳᠤ ᠤᠢ ᠰᠢᠭᠤᠢ ᠶᠢᠨ ᠥᠮᠴᠢᠯᠡᠬᠦ ᠡᠷᠬᠡ ᠶᠢᠨ ᠬᠠᠤᠯᠢ ᠴᠠᠭᠠᠵᠠ ᠶᠢᠨ ᠬᠠᠮᠠᠭᠠᠯᠠᠯᠲᠠ ᠶᠢᠨ ᠠᠵᠢᠯ ᠢ ᠪᠠᠶᠢᠴᠠᠭᠠᠨ ᠰᠤᠳᠤᠯᠤᠯᠲᠠ ᠬᠢᠪᠡ᠃ ᠳ᠋ᠦ᠋ ᠸᠠᠨ ᠬᠤᠸᠠ ᠠᠷᠠᠳ ᠤᠨ ᠳᠡᠭᠡᠳᠦ ᠵᠡᠷᠭᠡ ᠶᠢᠨ ᠰᠢᠭᠦᠬᠦ ᠬᠣᠷᠢᠶᠠᠨ ᠤ ᠣᠷᠴᠢᠨ ᠠᠬᠤᠶ ᠡᠬᠢ ᠪᠠᠶᠠᠯᠢᠭ ᠤᠨ ᠰᠢᠭᠦᠬᠦ ᠲᠢᠩᠬᠢᠮ ᠪᠠ ᠤᠯᠤᠰ ᠤᠨ ᠣᠶ ᠰᠢᠭᠤᠶ ᠶᠢᠨ ᠲᠣᠪᠴᠢᠶ᠎ᠠ ᠶᠢᠨ ᠬᠣᠯᠪᠣᠭᠳᠠᠯ ᠪᠦᠬᠦᠢ ᠨᠥᠬᠥᠳ ᠢ ᠳᠠᠭᠠᠭᠤᠯᠤᠨ ᠬᠠᠮᠲᠤᠷᠠᠭᠰᠠᠨ ᠪᠠᠶᠢᠴᠠᠭᠠᠨ ᠰᠤᠳᠤᠯᠬᠤ ᠳᠤᠭᠤᠶᠢᠯᠠᠩ ᠪᠠᠢᠭᠤᠯᠵᠤ ᠂ ᠤᠷᠢᠳ ᠬᠣᠵᠢᠳ ᠴᠧᠩᠳᠦ᠋ ᠂ ᠶᠠ ᠠᠨ ᠂ ᠭᠠᠨᠽᠢ ᠳᠤ ᠪᠠᠶᠢᠴᠠᠭᠠᠨ ᠰᠤᠳᠤᠯᠤᠯᠲᠠ ᠶᠢᠨ ᠬᠤᠷᠠᠯ ᠬᠤᠷᠠᠯᠳᠤᠭᠤᠯᠵᠤ᠂ ᠰᠧᠴᠤᠸᠠᠨ ᠤ ᠤᠢ ᠰᠢᠭᠤᠢ ᠶᠢᠨ ᠥᠮᠴᠢᠯᠡᠬᠦ ᠡᠷᠬᠡ ᠶᠢ ᠬᠠᠮᠠᠭᠠᠯᠠᠵᠤ ᠪᠠᠢᠭ᠎ᠠ ᠪᠠᠶᠢᠳᠠᠯ ᠪᠠ ᠴᠥᠭᠡᠨ ᠲᠣᠭᠠᠲᠤ ᠦᠨᠳᠦᠰᠦᠲᠡᠨ ᠦ ᠭᠠᠵᠠᠷ ᠣᠷᠣᠨ ᠤ ᠬᠠᠤᠯᠢ ᠴᠠᠭᠠᠵᠠ ᠶᠢᠨ ᠰᠢᠭᠦᠨ ᠲᠠᠰᠤᠯᠬᠤ ᠠᠵᠢᠯ ᠢ ᠰᠣᠨᠣᠰᠴᠤ ᠂ ᠰᠧᠴᠤᠸᠠᠨ ᠮᠤᠵᠢ ᠶᠢᠨ ᠭᠤᠷᠪᠠᠨ ᠱᠠᠲᠤᠨ ᠤ ᠰᠢᠭᠦᠬᠦ ᠬᠣᠷᠢᠶ᠎ᠠ ᠪᠠ ᠤᠢ ᠰᠢᠭᠤᠶ ᠶᠢᠨ ᠵᠠᠰᠠᠭ ᠵᠠᠬᠢᠷᠭᠠᠨ ᠤ ᠡᠷᠬᠢᠯᠡᠠ ᠬᠠᠮᠢᠶᠠᠷᠬᠤ ᠰᠠᠯᠠᠭ᠎ᠠ ᠮᠥᠴᠢᠷ ᠂ ᠬᠡᠰᠡᠭ ᠤᠢ ᠰᠢᠭᠤᠶ ᠶᠢᠨ ᠠᠵᠤ ᠦᠢᠯᠡᠳᠪᠦᠷᠢ ᠶᠢᠨ ᠠᠵᠤ ᠠᠬᠤᠶᠢᠯᠠᠯ ᠤᠨ ᠰᠠᠨᠠᠯ ᠪᠠ ᠰᠠᠨᠠᠭᠤᠯᠭ᠎ᠠ ᠰᠣᠨᠤᠰᠪᠠ᠃
ᠳ᠋ᠦ᠋ ᠸᠠᠨ ᠬᠤᠸᠠ ᠵᠢᠭᠠᠵᠤ ᠭᠠᠷᠭᠠᠭᠰᠠᠨ ᠨᠢ ᠂ ᠠᠷᠠᠳ ᠤᠨ ᠰᠢᠭᠦᠬᠦ ᠬᠣᠷᠢᠶ᠎ᠠ ᠣᠷᠴᠢᠨ ᠠᠬᠤᠶ ᠡᠬᠢ ᠪᠠᠶᠠᠯᠢᠭ ᠤᠨ ᠬᠠᠤᠯᠢ ᠴᠠᠭᠠᠵᠠ ᠶᠢᠨ ᠬᠠᠮᠠᠭᠠᠯᠠᠯᠲᠠ ᠶᠢᠨ ᠴᠢᠬᠤᠯᠠ ᠠᠴᠢ ᠬᠣᠯᠪᠣᠭᠳᠠᠯ ᠢ ᠵᠥᠪ ᠲᠠᠨᠢᠬᠤ ᠬᠡᠷᠡᠭᠲᠠᠢ᠃ ᠨᠠᠮ ᠤᠨ ᠠᠷᠪᠠᠨ ᠨᠠᠶᠮᠠᠳᠤᠭᠠᠷ ᠶᠡᠬᠡ ᠬᠤᠷᠠᠯ ᠠᠴᠠ ᠠᠮᠢ ᠠᠬᠤᠶ ᠶᠢᠨ ᠪᠣᠯᠪᠠᠰᠤᠨ ᠤ ᠪᠠᠶᠢᠭᠤᠯᠤᠯᠲᠠ ᠶᠢ ᠲᠠᠪᠤ ᠶᠢ ᠨᠢᠭᠡ ᠴᠤᠭᠴᠠᠵᠢᠭᠤᠯᠤᠭᠰᠠᠨ ᠶᠡᠷᠦᠩᠬᠡᠶ ᠪᠠᠶᠢᠷᠢᠯᠠᠭᠤᠯᠤᠯᠲᠠ ᠳᠤ ᠣᠷᠤᠭᠤᠯᠵᠤ᠂ ᠨᠠᠮ ᠤᠨ ᠠᠷᠪᠠᠨ ᠨᠠᠶᠮᠠᠳᠤᠭᠠᠷ ᠬᠤᠭᠤᠴᠠᠭᠠᠨ ᠤ ᠲᠥᠪ ᠬᠣᠷᠢᠶᠠᠨ ᠤ ᠲᠠᠪᠤᠳᠤᠭᠠᠷ ᠪᠥᠬᠥᠳᠡ ᠬᠤᠷᠠᠯ ᠠᠴᠠ ᠪᠤᠬᠢᠷᠳᠤᠯ ᠦᠭᠡᠢ ᠬᠥᠭᠵᠢᠯᠲᠡ ᠶᠢ ᠪᠠᠭᠲᠠᠭᠠᠭᠰᠠᠨ ᠲᠠᠪᠤᠨ ᠶᠡᠬᠡ ᠬᠥᠭᠵᠢᠯᠲᠡ ᠶᠢᠨ ᠣᠶᠢᠯᠠᠭᠠᠭᠳᠠᠬᠤᠨ ᠢ ᠳᠤᠷᠠᠳᠤᠨ ᠭᠠᠷᠭᠠᠵᠤ᠂ ᠤᠢᠷ᠎ᠠ ᠳᠤ ᠲᠥᠪ ᠬᠣᠷᠢᠶ᠎ᠠ ᠠᠴᠠ ᠪᠠᠰᠠ 《 ᠬᠥᠬᠡᠮᠥ᠋ᠷᠡᠨ ᠦ ᠠᠵᠤ ᠠᠬᠤᠶ ᠶᠢᠨ ᠪᠦᠰᠡ ᠶᠢᠨ ᠬᠥᠭᠵᠢᠯᠲᠡ ᠶᠢᠨ ᠲᠥᠯᠥᠪᠵᠢᠭᠦᠯᠭᠡ ᠶᠢᠨ ᠲᠣᠪᠴᠢ 》 ᠶᠢ ᠨᠡᠶᠢᠲᠡᠯᠡᠵᠦ ᠂ ᠠᠷᠠᠳ ᠤᠨ ᠰᠢᠭᠦᠬᠦ ᠬᠣᠷᠢᠶ᠎ᠠ ᠬᠠᠤᠯᠢ ᠴᠠᠭᠠᠵᠠ ᠶᠢᠨ ᠰᠢᠭᠦᠨ ᠲᠠᠰᠤᠯᠬᠤ ᠡᠭᠦᠷᠭᠡ ᠴᠢᠳᠠᠪᠤᠷᠢ ᠪᠡᠨ ᠢᠳᠡᠪᠬᠢᠲᠡᠶ ᠪᠠᠳᠠᠷᠠᠭᠤᠯᠤᠨ ᠂ ᠣᠷᠴᠢᠨ ᠠᠬᠤᠶ ᠡᠬᠢ ᠪᠠᠶᠠᠯᠢᠭ ᠤᠨ ᠬᠠᠤᠯᠢ ᠴᠠᠭᠠᠵᠠ ᠶᠢᠨ ᠬᠠᠮᠠᠭᠠᠯᠠᠯᠲᠠ ᠶᠢ ᠴᠢᠩᠭᠠᠳᠬᠠᠵᠤ ᠂ ᠬᠥᠬᠡᠮᠥ᠋ᠷᠡᠨ ᠦ ᠰᠠᠪᠠ ᠭᠠᠵᠠᠷ ᠤᠨ ᠠᠮᠢ ᠠᠬᠤᠶ ᠠᠵᠤ ᠠᠬᠤᠶ ᠶᠢᠨ ᠵᠣᠬᠢᠴᠠᠩᠭᠤᠶ ᠬᠥᠭᠵᠢᠯᠲᠡ ᠶᠢ ᠠᠬᠢᠭᠤᠯᠬᠤ ᠬᠡᠷᠡᠭᠲᠡᠶ ᠃ ᠰᠧᠴᠤᠸᠠᠨ ᠪᠣᠯ ᠬᠥᠬᠡᠮᠥ᠋ᠷᠡᠨ ᠦ ᠠᠵᠤ ᠠᠬᠤᠶ ᠶᠢᠨ ᠪᠦᠰᠡ ᠶᠢᠨ ᠤᠰᠤᠨ ᠤ ᠡᠬᠢ ᠰᠤᠷᠪᠤᠯᠵᠢ ᠶᠢᠨ ᠴᠢᠬᠤᠯᠠ ᠬᠠᠳᠠᠭᠠᠯᠠᠮᠵᠢ ᠶᠢᠨ ᠭᠠᠵᠠᠷ ᠃ ᠰᠧᠴᠤᠸᠠᠨ ᠤ ᠰᠢᠭᠦᠬᠦ ᠬᠣᠷᠢᠶ᠎ᠠ ᠣᠷᠴᠢᠨ ᠲᠣᠭᠣᠷᠢᠨ ᠤ ᠡᠬᠢ ᠪᠠᠶᠠᠯᠢᠭ ᠤᠨ ᠬᠠᠤᠯᠢ ᠴᠠᠭᠠᠵᠠ ᠶᠢᠨ ᠬᠠᠮᠠᠭᠠᠯᠠᠯᠲᠠ ᠶᠢ ᠠᠩᠬᠠᠷᠴᠤ ᠂ ᠨᠡᠶᠢᠭᠡᠮ ᠦᠨ ᠠᠵᠤ ᠠᠬᠤᠶ ᠶᠢᠨ ᠪᠦᠲᠦᠭᠡᠨ ᠪᠠᠶᠢᠭᠤᠯᠤᠯᠲᠠ ᠂ ᠤᠯᠠᠨ ᠲᠦᠮᠡᠨ ᠦ ᠡᠷᠬᠡ ᠠᠰᠢᠭ ᠢ ᠬᠠᠮᠠᠭᠠᠯᠠᠬᠤ ᠶᠢ ᠤᠶᠠᠯᠳᠤᠭᠤᠯᠵᠤ ᠂ ᠬᠠᠮᠠᠭᠠᠯᠠᠬᠤ ᠳᠤᠮᠳᠠ ᠪᠠᠨ ᠬᠥᠭᠵᠢᠭᠦᠯᠬᠦ ᠪᠡᠷ ᠴᠢᠷᠮᠠᠶᠢᠵᠤ ᠂ ᠬᠥᠭᠵᠢᠯᠲᠡ ᠪᠡᠷ ᠬᠠᠮᠠᠭᠠᠯᠠᠨ᠂ ᠠᠮᠢ ᠠᠬᠤᠶ ᠶᠢᠨ ᠪᠣᠯᠪᠠᠰᠤᠨ ᠤ ᠪᠦ᠋ᠳ᠋ᠤᠭᠡᠨ ᠪᠠᠶᠢᠭᠤᠯᠤᠯᠲᠠ ᠳᠤ ᠴᠢᠩᠭ᠎ᠠ ᠬᠦᠴᠦᠲᠡᠶ ᠬᠠᠤᠯᠢ ᠴᠠᠭᠠᠵᠠ ᠶᠢᠨ ᠪᠠᠲᠤᠯᠠᠭ᠎ᠠ ᠬᠠᠩᠭᠠᠬᠤ ᠬᠡᠷᠡᠭᠲᠡᠶ ᠃
ᠳ᠋ᠦ᠋ ᠸᠠᠨ ᠬᠤᠸᠠ ᠴᠢᠬᠤᠯᠠᠴᠢᠯᠠᠭᠰᠠᠨ ᠨᠢ ᠂ ᠤᠢ ᠰᠢᠭᠤᠢ ᠶᠢᠨ ᠥᠮᠴᠢᠯᠡᠬᠦ ᠡᠷᠬᠡ ᠶᠢᠨ ᠬᠠᠤᠯᠢ ᠴᠠᠭᠠᠵᠠ ᠶᠢᠨ ᠬᠠᠮᠠᠭᠠᠯᠠᠯᠲᠠ ᠶᠢ ᠰᠠᠶᠢᠲᠤᠷ ᠬᠢᠬᠦ ᠳᠤ ᠳᠥᠷᠪᠡ ᠶᠢ ᠵᠣᠬᠢᠴᠠᠭᠤᠯᠬᠤ ᠬᠡᠷᠡᠭᠲᠡᠶ ᠂ ᠳᠠᠷᠤᠢ ᠣᠷᠴᠢᠨ ᠠᠬᠤᠶ ᠡᠬᠢ ᠪᠠᠶᠠᠯᠢᠭ ᠤᠨ ᠬᠠᠮᠠᠭᠠᠯᠠᠯᠲᠠ ᠪᠣᠯᠤᠨ ᠣᠢ ᠰᠢᠭᠤᠶ ᠲᠠᠷᠢᠶᠠᠯᠠᠩ ᠵᠡᠷᠭᠡ ᠶᠢᠨ ᠬᠣᠯᠪᠣᠭᠳᠠᠯ ᠪᠦᠬᠦᠢ ᠲᠤᠬᠠᠶ ᠶᠢᠨ ᠬᠥᠮᠦᠨ ᠦ ᠡᠷᠬᠡ ᠠᠰᠢᠭ ᠢ ᠬᠠᠮᠠᠭᠠᠯᠠᠬᠤ ᠶᠢ ᠵᠣᠬᠢᠴᠠᠯᠳᠤᠭᠤᠯᠬᠤ ᠂ ᠵᠠᠰᠠᠭ ᠵᠠᠬᠢᠷᠭᠠᠨ ᠤ ᠬᠠᠮᠢᠶᠠᠷᠤᠯᠲᠠ ᠪᠠ ᠬᠤᠪᠢ ᠶᠢᠨ ᠡᠷᠬᠡ ᠶᠢ ᠬᠠᠮᠠᠭᠠᠯᠠᠬᠤ ᠶᠢ ᠵᠣᠬᠢᠴᠠᠯᠳᠤᠭᠤᠯᠬᠤ ᠂ ᠵᠠᠰᠠᠭ ᠵᠠᠬᠢᠷᠭᠠᠨ ᠤ ᠬᠠᠮᠢᠶᠠᠷᠤᠯᠲᠠ ᠬᠢᠭᠡᠳ ᠬᠠᠤᠯᠢ ᠴᠠᠭᠠᠵᠠ ᠶᠢᠨ ᠰᠢᠭᠦᠨ ᠲᠠᠰᠤᠯᠬᠤ ᠶᠢ ᠬᠠᠷᠢᠯᠴᠠᠨ ᠵᠣᠬᠢᠴᠠᠭᠤᠯᠵᠤ ᠂ ᠡᠷᠡᠭᠦᠦ ᠶᠢᠨ ᠬᠡᠷᠡᠭ ᠂ ᠵᠠᠰᠠᠭ ᠵᠠᠬᠢᠷᠭᠠᠨ ᠤ ᠪᠣᠯᠤᠨ ᠢᠷᠭᠡᠨ ᠦ ᠬᠡᠷᠡᠭ ᠦᠨ ᠰᠢᠭᠦᠨ ᠲᠠᠰᠤᠯᠬᠤ ᠶᠢ ᠬᠠᠷᠢᠯᠴᠠᠨ ᠵᠤᠬᠢᠴᠠᠯᠳᠤᠭᠤᠯᠬᠤ ᠬᠡᠷᠡᠭᠲᠠᠢ ᠃ ᠡᠯ᠎ᠡ ᠭᠠᠵᠠᠷ ᠤᠨ ᠰᠢᠭᠦᠬᠦ ᠬᠣᠷᠢᠶ᠎ᠠ ᠨᠤᠭᠤᠳ ᠲᠤᠰ ᠭᠠᠵᠠᠷ ᠣᠷᠣᠨ ᠤ ᠪᠠᠨ ᠪᠣᠳᠠᠲᠤ ᠪᠠᠶᠢᠳᠠᠯ ᠪᠠ ᠣᠢ ᠰᠢᠭᠤᠢ ᠶᠢᠨ ᠡᠷᠬᠡ ᠶᠢᠨ ᠵᠢᠭᠤᠷᠠᠯᠳᠤᠭᠠᠨ ᠤ ᠣᠨᠴᠠᠯᠢᠭ ᠢ ᠦᠨᠳᠦᠰᠦᠯᠡᠨ ᠢᠷᠭᠡᠨ ᠦ ᠬᠡᠷᠡᠭ ᠂ ᠵᠠᠰᠠᠭ ᠵᠠᠬᠢᠷᠭᠠᠨ ᠤ ᠬᠡᠷᠡᠭ ᠢ ᠰᠢᠭᠦᠨ ᠲᠠᠰᠤᠯᠬᠤ ᠬᠤᠶᠠᠷ ᠢ ᠨᠢᠭᠡᠴᠢᠯᠡᠬᠦ ᠪᠠ ᠢᠷᠭᠡᠨ ᠦ ᠬᠡᠷᠡᠭ ᠂ ᠵᠠᠰᠠᠭ ᠵᠠᠬᠢᠷᠭᠠᠨ ᠤ ᠬᠡᠷᠡᠭ᠂ ᠡᠷᠡᠭᠦᠦ ᠶᠢᠨ ᠬᠡᠷᠡᠭ ᠦᠨ ᠰᠢᠭᠦᠨ ᠲᠠᠰᠤᠯᠬᠤ ᠭᠤᠷᠪᠠ ᠶᠢ ᠨᠢᠭᠡᠴᠢᠯᠡᠭᠰᠡᠨ ᠵᠡᠷᠭᠡ ᠰᠢᠭᠦᠨ ᠲᠠᠰᠤᠯᠤᠯᠲᠠ ᠶᠢᠨ ᠵᠠᠭᠪᠤᠷ ᠢ ᠬᠠᠢᠨ ᠰᠦᠪᠡᠭᠴᠢᠯᠡᠬᠦ ᠬᠡᠷᠡᠭᠲᠠᠢ ᠃ ᠳ᠋ᠦ᠋ ᠸᠠᠨ ᠬᠤᠸᠠ ᠱᠠᠭᠠᠷᠳᠤᠬᠤ ᠳᠤ ᠪᠡᠨ᠂ ᠤᠢ ᠰᠢᠭᠤᠢ ᠶᠢᠨ ᠡᠷᠬᠡ ᠶᠢᠨ ᠵᠢᠭᠤᠷᠠᠯᠳᠤᠭᠠᠨ ᠢ ᠠᠷᠢᠯᠭᠠᠬᠤ ᠳᠤ ᠠᠷᠠᠳ ᠤᠨ ᠬᠣᠭᠣᠷᠣᠨᠳᠣᠬᠢ ᠡᠶᠡᠳᠡᠭᠦᠯᠭᠡ ᠂ ᠬᠥᠨᠳᠡᠯᠡᠨ ᠡᠴᠡ ᠲᠠᠰᠤᠯᠬᠤ ᠂ ᠵᠠᠰᠠᠭ ᠵᠠᠬᠢᠷᠭᠠᠨ ᠢᠶᠠᠷ ᠡᠶᠡᠳᠡᠭᠦᠯᠦᠨ ᠰᠢᠶᠳᠪᠦᠷᠢᠯᠡᠬᠦ ᠪᠠ ᠬᠠᠤᠯᠢ ᠴᠠᠭᠠᠵᠠ ᠪᠠᠷ ᠰᠢᠭᠦᠨ ᠲᠠᠰᠤᠯᠬᠤ ᠵᠡᠷᠭᠡ ᠵᠢᠭᠤᠷᠠᠯᠳᠤᠭᠠᠨ ᠢ ᠰᠢᠶᠳᠪᠦᠷᠢᠯᠡᠬᠦ ᠲᠣᠭᠲᠠᠴᠠ ᠶᠢᠨ ᠬᠠᠷᠢᠯᠴᠠᠨ ᠤᠶᠠᠯᠳᠤᠭᠤᠯᠬᠤ ᠶᠢ ᠠᠩᠬᠠᠷᠴᠤ ᠂ ᠤᠯᠠᠨ ᠡᠰᠢᠴᠢᠯᠡᠭᠰᠡᠨ ᠵᠢᠭᠤᠷᠠᠯᠳᠤᠭᠠᠨ ᠢ ᠰᠢᠶᠳᠪᠦᠷᠢᠯᠡᠬᠦ ᠲᠣᠭᠲᠠᠴᠠ ᠶᠢ ᠬᠠᠶᠢᠨ ᠰᠦᠪᠡᠭᠴᠢᠯᠡᠵᠦ ᠂ ᠤᠯᠠᠨ ᠲᠦᠮᠡᠨᠴᠢ ᠱᠤᠭᠤᠮ ᠪᠠ ᠲᠤᠰᠬᠠᠶ ᠰᠢᠭᠦᠨ ᠲᠠᠰᠤᠯᠬᠤ ᠠᠵᠢᠯ ᠤᠨ ᠤᠶᠠᠯᠳᠤᠭᠤᠯᠬᠤ ᠶᠢ ᠪᠠᠷᠢᠮᠲᠠᠯᠠᠬᠤ ᠬᠡᠷᠡᠭᠲᠠᠢ᠃ ᠠᠷᠠᠳ ᠤᠨ ᠳᠤᠮᠳᠠᠬᠢ ᠡᠶᠡᠳᠡᠭᠦᠯᠬᠦ ᠲᠣᠭᠲᠠᠴᠠ ᠶᠢ ᠲᠡᠭᠦᠯᠳᠡᠷᠵᠢᠭᠦᠯᠵᠦ ᠂ ᠲᠤᠬᠠᠶ ᠶᠢᠨ ᠭᠠᠵᠠᠷ ᠤᠨ ᠵᠠᠩ ᠳᠠᠳᠬᠠᠯ ᠤᠨ ᠤᠢ ᠰᠢᠭᠤᠢ ᠶᠢᠨ ᠡᠷᠬᠡ ᠶᠢᠨ ᠵᠢᠭᠤᠷᠠᠯᠳᠤᠭᠠᠨ ᠢ ᠰᠢᠶᠳᠪᠦᠷᠢᠯᠡᠬᠦ ᠳᠤᠮᠳᠠᠬᠢ ᠢᠳᠡᠪᠬᠢᠲᠡᠶ ᠦᠢᠯᠡᠳᠦᠯ ᠢ ᠴᠢᠬᠤᠯᠠᠴᠢᠯᠠᠨ ᠪᠠᠳᠠᠷᠠᠭᠤᠯᠤᠨ᠎ᠠ ᠃ ᠤᠢ ᠰᠢᠭᠤᠢ ᠶᠢᠨ ᠥᠮᠴᠢᠯᠡᠬᠦ ᠡᠷᠬᠡ ᠶᠢ ᠬᠥᠨᠳᠡᠯᠡᠨ ᠡᠴᠡ ᠲᠠᠰᠤᠯᠬᠤ ᠲᠣᠭᠲᠠᠴᠠ ᠶᠢ ᠰᠦᠪᠡᠭᠴᠢᠯᠡᠬᠦ ᠬᠡᠷᠡᠭᠲᠡᠶ ᠃ ᠣᠳᠣᠬᠠᠨ ᠳᠤ ᠬᠥᠳᠡᠭᠡ ᠲᠣᠰᠬᠣᠨ ᠤ ᠭᠠᠵᠠᠷ ᠰᠢᠷᠣᠶ ᠳᠠᠭᠠᠭᠠᠴᠢᠯᠠᠨ ᠡᠵᠡᠩᠨᠡᠬᠦ ᠵᠢᠭᠤᠷᠠᠯᠳᠤᠭᠠᠨ ᠢ ᠡᠶᠡᠳᠡᠭᠦᠯᠬᠦ ᠪᠠ ᠬᠥᠨᠳᠡᠯᠡᠨ ᠡᠴᠡ ᠲᠠᠰᠤᠯᠬᠤ ᠲᠦᠷᠢᠮ ᠨᠡᠯᠢᠶᠡᠳ ᠪᠣᠯᠪᠠᠰᠤᠷᠠᠩᠭᠤᠶ ᠪᠠᠢᠵᠤ ᠂ ᠤᠢ ᠰᠢᠭᠤᠢ ᠶᠢᠨ ᠥᠮᠴᠢᠯᠡᠬᠦ ᠡᠷᠬᠡ ᠶᠢ ᠬᠥᠨᠳᠡᠯᠡᠨ ᠡᠴᠡ ᠲᠠᠰᠤᠯᠬᠤ ᠲᠣᠭᠲᠠᠴᠠ ᠶᠢ ᠬᠠᠶᠢᠨ ᠰᠦᠪᠡᠭᠴᠢᠯᠡᠬᠦ ᠳᠤ ᠢᠳᠡᠪᠬᠢ ᠠᠴᠢ ᠬᠣᠯᠪᠣᠭᠳᠠᠯ ᠲᠠᠶ ᠶᠤᠮ ᠃ ᠤᠢ ᠰᠢᠭᠤᠢ ᠶᠢᠨ ᠡᠷᠬᠡ ᠶᠢᠨ ᠵᠢᠭᠤᠷᠠᠯᠳᠤᠭᠠᠨ ᠢ ᠵᠠᠰᠠᠭ ᠵᠠᠬᠢᠷᠭᠠᠨ ᠢᠶᠠᠷ ᠡᠶᠡᠳᠡᠭᠦᠯᠦᠨ ᠰᠢᠶᠳᠪᠦᠷᠢᠯᠡᠬᠦ ᠶᠢᠨ ᠴᠢᠬᠤᠯᠠ ᠤᠳᠬ᠎ᠠ ᠠᠭᠤᠯᠭ᠎ᠠ ᠶᠢ ᠬᠦᠨᠳᠦᠳᠬᠡᠨ ᠦᠵᠡᠬᠦ ᠬᠡᠷᠡᠭᠲᠠᠢ᠃ ᠬᠠᠤᠯᠢ ᠴᠠᠭᠠᠵᠠ ᠶᠢᠨ ᠲᠠᠰᠤᠯᠤᠨ ᠰᠢᠭᠦᠯᠲᠡ ᠨᠢ ᠤᠢ ᠰᠢᠭᠤᠢ ᠶᠢᠨ ᠥᠮᠴᠢᠯᠡᠬᠦ ᠡᠷᠬᠡ ᠶᠢ ᠬᠠᠮᠠᠭᠠᠯᠠᠬᠤ ᠪᠠ ᠤᠯᠠᠮᠵᠢᠯᠠᠬᠤ ᠂ ᠤᠢ ᠰᠢᠭᠤᠢ ᠶᠢᠨ ᠡᠷᠬᠡ ᠶᠢᠨ ᠵᠢᠭᠤᠷᠠᠯᠳᠤᠭᠠᠨ ᠢ ᠰᠢᠶᠳᠪᠦᠷᠢᠯᠡᠬᠦ ᠬᠥᠲᠥᠯᠥᠨ ᠵᠢᠯᠣᠭᠣᠳᠬᠤ ᠦᠢᠯᠡᠳᠦᠯ ᠢ ᠪᠠᠳᠠᠷᠠᠭᠤᠯᠤᠨ ᠂ ᠵᠢᠭᠤᠷᠠᠯᠳᠤᠭᠠᠨ ᠢ ᠰᠢᠶᠳᠪᠦᠷᠢᠯᠡᠬᠦ ᠪᠤᠰᠤᠳ ᠲᠣᠭᠲᠠᠴᠠ ᠳᠤ ᠦᠨᠳᠦᠰᠦ ᠪᠠᠷᠢᠮᠲᠠ ᠪᠠ ᠯᠠᠪᠯᠠᠯᠲᠠ ᠬᠠᠩᠭᠠᠵᠤ ᠂ ᠤᠢ ᠰᠢᠭᠤᠢ ᠶᠢᠨ ᠡᠷᠬᠡ ᠶᠢᠨ ᠵᠢᠭᠤᠷᠠᠯᠳᠤᠭᠠᠨ ᠢ ᠰᠢᠶᠳᠪᠦᠷᠢᠯᠡᠬᠦ ᠳᠤ ᠲᠦᠷᠢᠮ ᠪᠠ ᠨᠠᠭᠠᠳᠤ ᠵᠠᠬ᠎ᠠ ᠶᠢᠨ ᠬᠣᠷᠢᠭ᠎ᠠ ᠱᠤᠭᠤᠮ ᠪᠤᠢ ᠪᠣᠯᠭᠠᠨ᠎ᠠ᠃
ᠳ᠋ᠦ᠋ ᠸᠠᠨ ᠬᠤᠸᠠ ᠱᠠᠭᠠᠷᠳᠠᠯᠭ᠎ᠠ ᠳᠤ ᠪᠡᠨ᠂ ᠴᠥᠭᠡᠨ ᠲᠣᠭᠠᠲᠤ ᠦᠨᠳᠦᠰᠦᠲᠡᠨ ᠦ ᠭᠠᠵᠠᠷ ᠣᠷᠣᠨ ᠳᠤ ᠠᠷᠠᠳ ᠤᠨ ᠰᠢᠭᠦᠬᠦ ᠬᠣᠷᠢᠶ᠎ᠠ ᠨᠢ ᠬᠠᠤᠯᠢ ᠴᠠᠭᠠᠵᠠ ᠶᠢᠨ ᠰᠢᠭᠦᠨ ᠲᠠᠰᠤᠯᠬᠤ ᠠᠵᠢᠯ ᠢ ᠶᠡᠬᠡᠪᠡᠷ ᠴᠢᠩᠭᠠᠳᠬᠠᠵᠤ ᠂ ᠬᠠᠤᠯᠢ ᠪᠠᠷ ᠵᠠᠰᠠᠬᠤ ᠨᠡᠶᠢᠭᠡᠮ ᠦᠨ ᠪᠠᠶᠢᠭᠤᠯᠤᠯᠲᠠ ᠶᠢ ᠠᠬᠢᠭᠤᠯᠬᠤ ᠬᠡᠷᠡᠭᠲᠡᠶ ᠃ ᠨᠠᠮ ᠤᠨ ᠱᠠᠰᠢᠨ ᠰᠤᠷᠲᠠᠬᠤᠨ ᠤ ᠲᠤᠬᠠᠶ ᠲᠦᠷᠦ ᠶᠢᠨ ᠪᠤᠳᠤᠯᠭ᠎ᠠ ᠶᠢ ᠡᠷᠡᠰ ᠲᠤᠤᠱᠯᠠᠭᠤᠯᠵᠤ᠂ ᠲᠥᠷᠥ ᠱᠠᠰᠢᠨ ᠢ ᠰᠠᠯᠭᠠᠬᠤ ᠵᠠᠷᠴᠢᠮ ᠢ ᠪᠠᠷᠢᠮᠲᠠᠯᠠᠵᠤ ᠂ ᠱᠠᠰᠢᠨ ᠰᠤᠷᠲᠠᠬᠤᠨ ᠤ ᠡᠲᠡᠭᠡᠳ ᠦᠨ ᠬᠥᠮᠦᠰ ᠬᠠᠤᠯᠢ ᠴᠠᠭᠠᠵᠠ ᠶᠢᠨ ᠰᠢᠭᠦᠨ ᠲᠠᠰᠤᠯᠬᠤ ᠪᠠ ᠨᠡᠶᠢᠭᠡᠮ ᠦᠨ ᠠᠮᠢᠳᠤᠷᠠᠯ ᠳᠤ ᠭᠠᠷ ᠲᠦᠷᠦᠭᠦ ᠶᠢ ᠰᠡᠷᠭᠡᠢᠯᠡᠨ ᠂ ᠤᠯᠤᠰ ᠤᠨ ᠬᠠᠤᠯᠢ ᠪᠠᠷ ᠵᠠᠰᠠᠬᠤ ᠶᠠᠪᠤᠳᠠᠯ ᠤᠨ ᠨᠢᠭᠡᠳᠦᠯ ᠢ ᠬᠠᠮᠠᠭᠠᠯᠠᠵᠤ ᠂ ᠦᠨᠳᠦᠰᠦᠲᠡᠨ ᠦ ᠪᠦᠯᠬᠦᠮᠳᠡᠯ ᠢ ᠠᠬᠢᠭᠤᠯᠬᠤ ᠬᠡᠷᠡᠭᠲᠡᠶ ᠃ ᠴᠥᠭᠡᠨ ᠲᠣᠭᠠᠲᠤ ᠦᠨᠳᠦᠰᠦᠲᠡᠨ ᠦ ᠭᠠᠵᠠᠷ ᠣᠷᠣᠨ ᠳᠤ ᠲᠣᠭᠣᠷᠢᠨ ᠰᠢᠭᠦᠨ ᠰᠢᠶᠳᠪᠦᠷᠢᠯᠡᠬᠦ ᠠᠵᠢᠯ ᠢ ᠶᠡᠬᠡᠪᠡᠷ ᠦᠷᠨᠢᠭᠦᠯᠬᠦ ᠬᠡᠷᠡᠭᠲᠡᠶ ᠃ ᠠᠵᠤ ᠠᠬᠤᠶ ᠶᠢᠨ ᠬᠥᠭᠵᠢᠯᠲᠡ ᠪᠡᠷ ᠳᠤᠲᠠᠮᠠᠭ ᠂ ᠵᠠᠮ ᠬᠠᠷᠢᠯᠴᠠᠭ᠎ᠠ ᠳᠥᠭᠥᠮ ᠦᠭᠡᠢ ᠴᠥᠭᠡᠨ ᠲᠣᠭᠠᠲᠤ ᠦᠨᠳᠦᠰᠦᠲᠡᠨ ᠦ ᠭᠠᠵᠠᠷ ᠣᠷᠣᠨ ᠳᠤ ᠂ ᠠᠷᠠᠳ ᠤᠨ ᠰᠢᠭᠦᠬᠦ ᠬᠣᠷᠢᠶ᠎ᠠ ᠬᠠᠤᠯᠢ ᠴᠠᠭᠠᠵᠠ ᠶᠢ ᠬᠥᠳᠡᠭᠡ ᠪᠠᠭᠤᠯᠭᠠᠵᠤ᠂ ᠲᠤᠬᠠᠶ ᠶᠢᠨ ᠭᠠᠵᠠᠷ ᠤᠨ ᠤᠯᠠᠨ ᠲᠦᠮᠡᠨ ᠳᠦ ᠲᠥᠪ ᠭᠣᠣᠯᠴᠢ ᠂ ᠳᠥᠭᠥᠮ ᠳᠥᠲᠡ ᠂ ᠬᠠᠤᠯᠢ ᠴᠠᠭᠠᠵᠠ ᠶᠢᠨ ᠦᠢᠯᠡᠴᠢᠯᠡᠭᠡ ᠬᠠᠩᠭᠠᠬᠤ ᠬᠡᠷᠡᠭᠲᠡᠶ ᠃ ᠬᠠᠤᠯᠢ ᠪᠠᠷ ᠵᠠᠰᠠᠬᠤ ᠤᠬᠠᠭᠤᠯᠭ᠎ᠠ ᠶᠢ ᠴᠢᠩᠭᠠᠳᠬᠠᠬᠤ ᠬᠡᠷᠡᠭᠲᠡᠶ ᠃ ᠲᠣᠭᠣᠷᠢᠨ ᠰᠢᠭᠦᠨ ᠰᠢᠢᠳᠪᠦᠷᠢᠯᠡᠬᠦ ᠂ ᠨᠡᠶᠢᠲᠡᠯᠢᠭ ᠬᠡᠷᠡᠭ ᠦᠨ ᠵᠢᠱᠢᠶ᠎ᠡ ᠵᠡᠷᠭᠡ ᠠᠷᠭ᠎ᠠ ᠮᠠᠶ᠋ᠢᠭ ᠢᠶᠠᠷ ᠴᠥᠭᠡᠨ ᠲᠣᠭᠠᠲᠤ ᠦᠨᠳᠦᠰᠦᠲᠡᠨ ᠦ ᠭᠠᠵᠠᠷ ᠣᠷᠣᠨ ᠳᠤ ᠥᠷᠭᠡᠨ ᠢᠶᠡᠷ ᠤᠬᠠᠭᠤᠯᠬᠤ ᠪᠡᠷ ᠳᠠᠮᠵᠢᠭᠤᠯᠤᠨ ᠂ ᠴᠥᠭᠡᠨ ᠲᠣᠭᠠᠲᠤ ᠦᠨᠳᠦᠰᠦᠲᠡᠨ ᠦ ᠭᠠᠵᠠᠷ ᠣᠷᠣᠨ ᠤ ᠤᠯᠠᠨ ᠲᠦᠮᠡᠨ ᠦ ᠬᠠᠤᠯᠢ ᠪᠠᠷ ᠵᠠᠰᠠᠬᠤ ᠦᠵᠡᠯ ᠤᠬᠠᠮᠰᠠᠷ ᠪᠣᠯᠤᠨ ᠬᠠᠤᠯᠢ ᠴᠠᠭᠠᠵᠠ ᠶᠢᠨ ᠲᠤᠬᠠᠶ ᠮᠡᠳᠡᠯᠭᠡ ᠶᠢ ᠳᠡᠭᠡᠭᠰᠢᠯᠡᠭᠦᠯᠬᠦ ᠬᠡᠷᠡᠭᠲᠡᠶ ᠃
ᠦᠨᠡᠯᠡᠬᠦ 0ᠦᠨᠡᠯᠡᠯᠲᠡ ᠲᠠᠢ