9 ᠰᠠᠷ᠎ᠠ ᠶᠢᠨ 22 ᠤᠨ ᠡᠳᠦᠷ ᠦᠨ ᠦᠳᠡ ᠶᠢᠨ ᠡᠮᠦᠨ᠎ᠡ ᠂ ᠠᠷᠠᠳ ᠤᠨ ᠳᠡᠭᠡᠳᠦ ᠵᠡᠷᠭᠡ ᠶᠢᠨ ᠰᠢᠭᠦᠬᠦ ᠬᠣᠷᠢᠶᠠᠨ ᠤ ᠰᠣᠨᠢᠨ ᠮᠡᠳᠡᠭᠡ ᠨᠡᠶᠢᠲᠡᠯᠡᠬᠦ ᠬᠤᠷᠠᠯ ᠬᠢᠵᠦ ᠂ 《 ᠳᠠᠭᠠᠭᠠᠴᠢᠯᠠᠯᠲᠠ ᠵᠠᠷᠯᠠᠬᠤ ᠳᠠᠭᠠᠭᠠᠴᠢᠯᠠᠯᠲᠠ ᠬᠦᠯᠢᠶᠡᠬᠦ ᠠᠵᠢᠯᠯᠠᠭ᠎ᠠ ᠶᠢᠨ ᠳᠤᠮᠳᠠᠬᠢ ᠢᠲᠡᠭᠡᠮᠵᠢ ᠠᠯᠳᠠᠭᠰᠠᠨ ᠭᠦᠢᠴᠡᠳᠬᠡᠭᠳᠡᠭᠴᠢ ᠢ ᠬᠣᠯᠪᠣᠭᠠᠯᠠᠨ ᠵᠠᠯᠬᠠᠭᠠᠬᠤ ᠮᠡᠳᠡᠭᠳᠡᠯ 》 ( ᠳᠣᠷᠣᠭᠰᠢ 《 ᠮᠡᠳᠡᠭᠳᠡᠯ 》 ᠭᠡᠵᠦ ᠲᠣᠪᠴᠢᠯᠠᠨ᠎ᠠ ) ᠢ ᠲᠠᠷᠬᠠᠭᠠᠪᠠ ᠃ ᠠᠷᠠᠳ ᠤᠨ ᠳᠡᠭᠡᠳᠦ ᠰᠢᠭᠦᠬᠦ ᠬᠣᠷᠢᠶᠠᠨ ᠤ ᠭᠦᠢᠴᠡᠳᠬᠡᠬᠦ ᠲᠣᠪᠴᠢᠶᠠᠨ ᠤ ᠳᠡᠳ᠋ ᠲᠣᠪᠴᠢᠶᠠᠨ ᠳᠠᠷᠤᠭ᠎ᠠ ᠵᠠᠩ ᠭᠸᠨ ᠳ᠋ᠠ ᠰᠣᠨᠢᠨ ᠮᠡᠳᠡᠭᠡ ᠨᠡᠶᠢᠲᠡᠯᠡᠬᠦ ᠬᠤᠷᠠᠯ ᠢ ᠡᠷᠭᠢᠯᠡᠪᠡ ᠂ ᠠᠷᠠᠳ ᠤᠨ ᠳᠡᠭᠡᠳᠦ ᠵᠡᠷᠭᠡ ᠶᠢᠨ ᠰᠢᠭᠦᠬᠦ ᠬᠣᠷᠢᠶᠠᠨ ᠤ ᠭᠦᠢᠴᠡᠳᠬᠡᠬᠦ ᠲᠣᠪᠴᠢᠶᠠᠨ ᠤ ᠲᠣᠪᠴᠢᠶᠠᠨ ᠳᠠᠷᠤᠭ᠎ᠠ ᠮᠸᠩ ᠰᠢᠶᠠᠩ ᠂ ᠤᠯᠤᠰ ᠤᠨ ᠬᠥᠭᠵᠢᠭᠦᠯᠦᠯᠲᠡ ᠥᠭᠡᠷᠡᠴᠢᠯᠡᠯᠲᠡ ᠶᠢᠨ ᠬᠣᠷᠢᠶ᠎ᠠ ᠵᠡᠷᠭᠡ ᠬᠠᠮᠲᠤᠷᠠᠭᠰᠠᠨ ᠪᠢᠴᠢᠭ ᠮᠠᠲ᠋ᠧᠷᠢᠶᠠᠯ ᠭᠠᠷᠭᠠᠬᠤ ᠨᠢᠭᠡᠴᠢ ᠶᠢᠨ ᠤᠳᠤᠷᠢᠳᠤᠯᠭ᠎ᠠ ᠨᠠᠷ ᠰᠣᠨᠢᠨ ᠮᠡᠳᠡᠭᠡ ᠨᠡᠶᠢᠲᠡᠯᠡᠬᠦ ᠬᠤᠷᠠᠯ ᠳᠤ ᠣᠷᠤᠯᠴᠠᠪᠠ᠃
ᠵᠠᠩ ᠭᠸᠨ ᠳ᠋ᠠ ᠡᠴᠡ ᠂ 《 ᠮᠡᠳᠡᠭᠳᠡᠯ 》 ᠢ ᠥᠨᠥᠳᠦᠷ ᠵᠢᠩᠬᠢᠨᠢ ᠪᠡᠷ ᠲᠠᠷᠬᠠᠭᠠᠪᠠ᠃ ᠢᠲᠡᠭᠡᠮᠵᠢ ᠠᠯᠳᠠᠭᠰᠠᠨ ᠭᠦᠢᠴᠡᠳᠬᠡᠭᠳᠡᠭᠴᠢ ᠢ ᠵᠠᠯᠬᠠᠭᠠᠨ ᠴᠡᠭᠡᠷᠯᠡᠭᠦᠯᠬᠦ ᠳᠤ᠂ ᠨᠡᠶᠢᠭᠡᠮ ᠦᠨ ᠡᠯ᠎ᠡ ᠡᠲᠡᠭᠡᠳ ᠬᠢᠭᠡᠳ ᠬᠤᠪᠢ ᠬᠥᠮᠦᠨ ᠪᠦᠬᠦᠨ ᠬᠠᠷᠢᠭᠤᠴᠠᠯᠭ᠎ᠠ ᠲᠠᠢ ᠪᠠᠢᠵᠤ ᠂ ᠶᠠᠭᠤᠨ ᠤ ᠡᠮᠦᠨ᠎ᠡ ᠲᠥᠪ ᠦᠨ ᠬᠣᠯᠪᠣᠭᠳᠠᠯ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭ᠎ᠠ ᠮᠠᠰᠢ ᠶᠡᠬᠡ ᠭᠡᠪᠡ᠃ ᠲᠤᠰ ᠮᠡᠳᠡᠭᠳᠠᠯ ᠢ ᠳᠠᠭᠠᠭᠠᠴᠢᠯᠠᠯᠲᠠ ᠵᠠᠷᠯᠠᠬᠤ ᠳᠠᠭᠠᠭᠠᠴᠢᠯᠠᠯᠲᠠ ᠬᠦᠯᠢᠶᠡᠬᠦ ᠠᠵᠢᠯᠯᠠᠭ᠎ᠠ ᠶᠢᠨ ᠬᠡᠪᠴᠢᠶᠡᠨ ᠳᠤ ᠲᠦᠯᠬᠢᠨ ᠠᠬᠢᠭᠤᠯᠬᠤ ᠂ ᠡᠨᠡ ᠨᠢ ᠲᠡᠳᠡᠭᠡᠷ ᠤᠨ ᠳᠣᠲᠣᠷᠠᠬᠢ ᠨᠢᠭᠡ ᠵᠦᠢᠯ ᠤᠨ ᠵᠠᠯᠬᠠᠭᠠᠨ ᠴᠡᠭᠡᠷᠯᠡᠭᠦᠯᠬᠦ ᠠᠷᠭ᠎ᠠ ᠮᠠᠶ᠋ᠢᠭ ᠪᠠᠢᠵᠤ᠂ ᠬᠣᠵᠢᠮ ᠪᠠᠰᠠ ᠨᠡᠩ ᠠᠷᠪᠢᠨ ᠢ ᠲᠦᠯᠬᠢᠨ ᠠᠬᠢᠭᠤᠯᠬᠤ ᠬᠡᠷᠡᠭᠲᠡᠶ ᠭᠡᠪᠡ᠃
ᠮᠸᠩ ᠰᠢᠶᠠᠩ ᠡᠴᠡ ᠬᠠᠮᠲᠤᠷᠠᠨ ᠲᠠᠷᠬᠠᠭᠠᠭᠰᠠᠨ《 ᠮᠡᠳᠡᠭᠳᠡᠯ 》 ᠢ ᠳᠣᠷᠤᠭᠰᠢ ᠲᠠᠷᠬᠠᠭᠠᠬᠤ ᠲᠤᠬᠠᠢ ᠪᠠᠢᠳᠠᠯ ᠢ ᠤᠯᠠᠨ ᠳᠤ ᠲᠤᠩᠬᠠᠯᠠᠪᠠ᠃
《 ᠮᠡᠳᠡᠭᠳᠡᠯ 》 ᠳᠦ ᠂ ᠬᠣᠯᠪᠣᠭᠠᠯᠠᠨ ᠵᠠᠯᠬᠠᠭᠠᠨ ᠴᠡᠭᠡᠷᠯᠡᠭᠦᠯᠬᠦ ᠡᠲᠡᠭᠡᠳ ᠳᠤ ᠲᠣᠭᠲᠠᠭᠠᠯ ᠭᠠᠷᠭᠠᠪᠠ᠂ ᠲᠠᠷᠥᠢ ᠳᠠᠭᠠᠭᠠᠴᠢᠯᠠᠯᠲᠠ ᠵᠠᠷᠯᠠᠬᠤ ᠳᠠᠭᠠᠭᠠᠴᠢᠯᠠᠯᠲᠠ ᠬᠦᠯᠢᠶᠡᠬᠦ ᠠᠵᠢᠯᠯᠠᠭ᠎ᠠ ᠳᠤᠮᠳᠠ ᠠᠷᠠᠳ ᠤᠨ ᠳᠡᠭᠡᠳᠦ ᠵᠡᠷᠭᠡ ᠶᠢᠨ ᠰᠢᠭᠦᠬᠦ ᠬᠣᠷᠢᠶᠠᠨ ᠳᠤ ᠢᠲᠡᠭᠡᠯ ᠠᠯᠳᠠᠭᠰᠠᠨ ᠪᠡᠷ ᠨᠡᠢᠲᠡᠯᠡᠭᠳᠡᠭᠰᠠᠨ ᠲᠠᠭᠠᠴᠢᠯᠠᠯᠲᠠ ᠬᠦᠯᠢᠶᠡᠭᠴᠢ ᠂ ᠳᠠᠭᠠᠭᠠᠴᠢᠯᠠᠯᠲᠠ ᠵᠠᠷᠯᠠᠬᠤ ᠶᠢ ᠣᠷᠣᠯᠠᠬᠤ ᠪᠠᠶᠢᠭᠤᠯᠤᠮᠵᠢ ᠵᠢᠴᠢ ᠳᠠᠭᠠᠭᠠᠴᠢᠯᠠᠯᠲᠠ ᠰᠢᠯᠭᠠᠷᠠᠭᠤᠯᠬᠤ ᠲᠤᠰᠬᠠᠶ ᠮᠡᠷᠭᠡᠵᠢᠯᠲᠡᠨ ᠂ ᠳᠠᠭᠠᠭᠠᠴᠢᠯᠠᠯᠲᠠ ᠵᠠᠷᠯᠠᠬᠤ ᠬᠠᠮᠢᠶᠠᠲᠠᠢ ᠬᠥᠮᠦᠰ᠃
《 ᠮᠡᠳᠡᠭᠳᠡᠯ 》 ᠳᠦ ᠪᠠᠶᠢᠴᠠᠭᠠᠨ ᠯᠠᠪᠯᠠᠬᠤ ᠠᠭᠤᠯᠭ᠎ᠠ ᠪᠠ ᠠᠷᠭ᠎ᠠ ᠮᠠᠶ᠋ᠢᠭ ᠢ ᠳᠤᠭᠲᠠᠭᠠᠭᠰᠠᠨ ᠪᠠᠶᠢᠨ᠎ᠠ ᠂ ᠠᠷᠠᠳ ᠤᠨ ᠳᠡᠭᠡᠳᠦ ᠵᠡᠷᠭᠡ ᠶᠢᠨ ᠰᠢᠭᠦᠬᠦ ᠬᠣᠷᠢᠶ᠎ᠠ ᠢᠲᠡᠭᠡᠮᠵᠢ ᠠᠯᠳᠠᠭᠰᠠᠨ ᠭᠦᠢᠴᠡᠳᠬᠡᠭᠳᠡᠭᠴᠢ ᠶᠢᠨ ᠨᠡᠷ᠎ᠡ ᠂ ᠬᠠᠤᠯᠢ ᠴᠠᠭᠠᠵᠠ ᠶᠢᠨ ᠡᠭᠦᠷᠭᠡ ᠭᠦᠢᠴᠡᠳᠬᠡᠵᠦ ᠪᠠᠢᠭ᠎ᠠ ᠪᠠᠶᠢᠳᠠᠯ ᠂ ᠢᠲᠡᠭᠡᠯ ᠠᠯᠳᠠᠭᠰᠠᠨ ᠪᠠᠶᠢᠳᠠᠯ ᠵᠡᠷᠭᠡ ᠮᠡᠳᠡᠭᠡ ᠵᠠᠩᠭᠢ ᠶᠢ ᠪᠦᠬᠦ ᠤᠯᠤᠰ ᠤᠨ ᠢᠲᠡᠭᠡᠮᠵᠢ ᠶᠢᠨ ᠮᠡᠳᠡᠭᠡ ᠵᠠᠩᠭᠢ ᠶᠢ ᠬᠠᠮᠲᠤᠪᠠᠷ ᠡᠳ᠋ᠯᠡᠬᠦ ᠲᠠᠪᠴᠠᠩ ᠪᠠ 《 ᠢᠲᠡᠭᠡᠮᠵᠢᠲᠦ ᠳᠤᠮᠳᠠᠳᠤ ᠤᠯᠤᠰ 》 ᠰᠦᠯᠵᠢᠶ᠎ᠡ ᠳᠤ ᠬᠦᠷᠭᠡᠨ ᠥᠭᠴᠦ ᠪᠠᠢᠴᠠᠭᠠᠨ ᠯᠠᠪᠯᠠᠬᠤ ᠳᠤ ᠳᠥᠭᠦᠮ ᠪᠣᠯᠭᠠᠨ᠎ᠠ᠃
《 ᠮᠡᠳᠡᠭᠳᠠᠯ》 ᠳᠤ ᠳᠥᠷᠪᠡᠨ ᠵᠦᠢᠯ ᠤᠨ ᠵᠠᠯᠬᠠᠭᠠᠨ ᠰᠢᠳᠬᠡᠬᠦ ᠠᠷᠭ᠎ᠠ ᠪᠠᠷᠢᠯ ᠢ ᠳᠤᠷᠠᠳᠪᠠ᠂ ᠨᠢᠭᠡ ᠳᠤ ᠢᠲᠡᠭᠡᠯ ᠠᠯᠳᠠᠭᠰᠠᠨ ᠭᠦᠢᠴᠡᠳᠬᠡᠭᠳᠡᠭᠴᠢ ᠶᠢᠨ ᠳᠠᠭᠠᠭᠠᠴᠢᠯᠠᠯᠲᠠ ᠬᠦᠯᠢᠶᠡᠬᠦ ᠬᠥᠳᠡᠯᠭᠡᠭᠡᠨ ᠢ ᠬᠢᠵᠠᠭᠠᠷᠯᠠᠨ᠎ᠠ ᠃ ᠬᠠᠤᠯᠢ ᠶᠣᠰᠣᠭᠠᠷ ᠡᠷᠬᠡᠪᠢᠰᠢ ᠳᠠᠭᠠᠭᠠᠴᠢᠯᠠᠯᠲᠠ ᠵᠠᠷᠯᠠᠬᠤ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠳᠤ᠂ ᠳᠠᠭᠠᠭᠠᠴᠢᠯᠠᠯᠲᠠ ᠵᠠᠷᠯᠠᠭᠴᠢ ᠨᠢ ᠳᠠᠭᠠᠭᠠᠴᠢᠯᠠᠯᠲᠠ ᠵᠠᠷᠯᠠᠬᠤ ᠠᠯᠪᠠᠨ ᠵᠠᠷ ᠵᠡᠷᠭᠡ ᠳᠠᠭᠠᠭᠠᠴᠢᠯᠠᠯᠲᠠ ᠵᠠᠷᠯᠠᠬᠤ ᠪᠢᠴᠢᠭ ᠮᠠᠲ᠋ᠧᠷᠢᠶᠠᠯ ᠳᠤ ᠳᠠᠭᠠᠭᠠᠴᠢᠯᠠᠯᠲᠠ ᠦᠨᠡᠯᠡᠬᠦ ᠪᠠᠷᠢᠮᠵᠢᠶ᠎ᠠ ᠪᠡᠨ ᠲᠣᠳᠣᠷᠬᠠᠶ ᠲᠣᠭᠲᠠᠭᠠᠭᠰᠠᠨ ᠪᠠᠢᠬᠤ ᠬᠡᠷᠡᠭᠲᠠᠢ ᠂ ᠳᠠᠭᠠᠭᠠᠴᠢᠯᠠᠯᠲᠠ ᠦᠨᠡᠯᠡᠬᠦ ᠱᠠᠲᠤᠨ ᠳᠦ ᠢᠲᠡᠭᠡᠯ ᠠᠯᠳᠠᠭᠰᠠᠨ ᠭᠦᠢᠴᠡᠳᠬᠡᠭᠳᠡᠭᠴᠢ ᠶᠢ ᠬᠢᠵᠠᠭᠠᠷᠯᠠᠬᠤ ᠬᠡᠷᠡᠭᠲᠠᠢ᠃ ᠬᠣᠶᠠᠷ ᠠᠴᠠ ᠳᠡᠭᠡᠭᠰᠢᠬᠢ ᠴᠢᠯᠦᠭᠡᠲᠦ ᠬᠥᠮᠦᠨ ᠂ ᠬᠠᠤᠯᠢ ᠶᠢᠨ ᠲᠥᠯᠦᠭᠡᠯᠡᠭᠴᠢ ᠪᠤᠶᠤ ᠪᠤᠰᠤᠳ ᠵᠣᠬᠢᠶᠠᠨ ᠪᠠᠶᠢᠭᠤᠯᠤᠯᠲᠠ ᠡᠴᠡ ᠪᠦᠷᠢᠯᠳᠦᠭᠰᠡᠨ ᠬᠣᠯᠪᠣᠭᠠᠲᠤ ᠴᠣᠭᠴᠠ ᠂ ᠭᠠᠭᠴᠠ ᠬᠥᠮᠦᠨ ᠦ ᠬᠤᠪᠢ ᠪᠠᠷ ᠳᠠᠭᠠᠭᠠᠴᠢᠯᠠᠯᠲᠠ ᠬᠦᠯᠢᠶᠡᠬᠦ ᠠᠵᠢᠯᠯᠠᠭ᠎ᠠ ᠳᠤ ᠤᠷᠤᠯᠴᠠᠪᠠᠯ ᠂ ᠨᠡᠶᠢᠯᠡᠮᠡᠯ ᠴᠣᠭᠴᠠ ᠶᠢᠨ ᠪᠤᠢ ᠪᠦᠬᠦᠢ ᠪᠦᠷᠢᠯᠳᠦᠬᠦᠨ ᠡᠴᠡ ᠯᠠᠪᠯᠠᠨ ᠠᠰᠠᠭᠤᠬᠤ ᠬᠡᠷᠡᠭᠲᠡᠶ ᠂ ᠬᠡᠷᠪᠡ ᠬᠣᠯᠪᠤᠭᠠᠲᠤ ᠴᠣᠭᠴᠠ ᠶᠢᠨ ᠳᠣᠲᠣᠷ᠎ᠠ ᠨᠢᠭᠡ ᠪᠤᠶᠤ ᠨᠢᠭᠡ ᠡᠴᠡ ᠳᠡᠭᠡᠭᠰᠢ ᠪᠦᠷᠢᠯᠳᠦᠬᠦᠨ ᠢᠲᠡᠭᠡᠯ ᠠᠯᠳᠠᠭᠰᠠᠨ ᠭᠦᠢᠴᠡᠳᠬᠡᠭᠴᠢ ᠪᠠᠢᠪᠠᠯ᠂ ᠬᠣᠯᠪᠤᠭᠠᠲᠤ ᠴᠣᠭᠴᠠ ᠶᠢ ᠪᠦᠬᠦᠯᠢ ᠴᠣᠭᠴᠠ ᠪᠠᠷ ᠨᠢ ᠬᠢᠵᠠᠭᠠᠷᠯᠠᠬᠤ ᠬᠡᠷᠡᠭᠲᠡᠶ᠃ ᠬᠣᠶᠠᠷ ᠲᠤ ᠢᠲᠡᠭᠡᠯ ᠠᠯᠳᠠᠭᠰᠠᠨ ᠭᠦᠢᠴᠡᠳᠬᠡᠭᠲᠡᠭᠴᠢ ᠶᠢᠨ ᠳᠠᠭᠠᠭᠠᠴᠢᠯᠠᠯᠲᠠ ᠵᠠᠷᠯᠠᠬᠤ ᠶᠢ ᠣᠷᠣᠯᠠᠨ ᠭᠦᠢᠴᠡᠳᠬᠡᠬᠦ ᠠᠵᠢᠯᠯᠠᠭ᠎ᠠ ᠶᠢ ᠬᠢᠵᠠᠭᠠᠷᠯᠠᠨ᠎ᠠ᠃ ᠳᠠᠭᠠᠭᠠᠴᠢᠯᠠᠯᠲᠠ ᠵᠠᠷᠯᠠᠭᠴᠢ ᠨᠢ ᠳᠠᠭᠠᠭᠠᠴᠢᠯᠠᠯᠲᠠ ᠵᠠᠷᠯᠠᠬᠤ ᠶᠢ ᠣᠷᠣᠯᠠᠨ ᠭᠦᠢᠴᠡᠳᠬᠡᠬᠦ ᠪᠠᠶᠢᠭᠤᠯᠤᠮᠵᠢ ᠳᠤ ᠨᠠᠢᠳᠠᠨ ᠳᠠᠭᠠᠭᠠᠴᠢᠯᠠᠯᠲᠠ ᠵᠠᠷᠯᠠᠬᠤ ᠲᠠᠯ᠎ᠠ ᠶᠢᠨ ᠶᠠᠪᠤᠳᠠᠯ ᠢ ᠥᠷᠨᠢᠭᠦᠯᠬᠦ ᠦᠶ᠎ᠡ ᠳᠦ ᠂ ᠢᠲᠡᠭᠡᠯ ᠠᠯᠳᠠᠭᠰᠠᠨ ᠲᠡᠮᠳᠡᠭᠯᠡᠯ ᠦᠭᠡᠢ ᠳᠠᠭᠠᠭᠠᠴᠢᠯᠠᠯᠲᠠ ᠵᠠᠷᠯᠠᠬᠤ ᠶᠢ ᠣᠷᠣᠯᠠᠨ ᠭᠦᠢᠴᠡᠳᠬᠡᠬᠦ ᠪᠠᠢᠭᠤᠯᠤᠮᠵᠢ ᠢ ᠤᠷᠢᠳᠠᠪᠡᠷ ᠰᠣᠩᠭᠤᠵᠤ ᠂ ᠳᠠᠭᠠᠭᠠᠴᠢᠯᠠᠯᠲᠠ ᠵᠠᠷᠯᠠᠬᠤ ᠠᠵᠢᠯᠯᠠᠭ᠎ᠠ ᠶᠢ ᠨᠡᠩ ᠵᠢᠷᠤᠮᠵᠢᠯ ᠲᠠᠶ ᠂ ᠦᠷ᠎ᠡ ᠠᠰᠢᠭ ᠶᠡᠬᠡᠲᠡᠶ ᠪᠠᠢᠬᠤ ᠶᠢ ᠠᠬᠢᠭᠤᠯᠬᠤ ᠬᠡᠷᠡᠭᠲᠠᠢ᠃ ᠭᠤᠷᠪᠠ ᠳᠤ ᠢᠲᠡᠭᠡᠯ ᠠᠯᠳᠠᠭᠰᠠᠨ ᠭᠦᠢᠴᠡᠳᠬᠡᠭᠳᠡᠭᠴᠢ ᠶᠢᠨ ᠳᠠᠭᠠᠭᠠᠴᠢᠯᠠᠯᠲᠠ ᠦᠨᠡᠯᠡᠬᠦ ᠠᠵᠢᠯᠯᠠᠭ᠎ᠠ ᠬᠢᠬᠦ ᠶᠢ ᠬᠢᠵᠠᠭᠠᠷᠯᠠᠬᠤ ᠬᠡᠷᠡᠭᠲᠠᠢ᠃ ᠬᠣᠯᠪᠣᠭᠳᠠᠯ ᠪᠦᠬᠦᠢ ᠨᠢᠭᠡᠴᠡ ᠢᠲᠡᠭᠡᠯ ᠠᠯᠳᠠᠭᠰᠠᠨ ᠭᠦᠢᠴᠡᠳᠬᠡᠭᠳᠡᠭᠴᠢ ᠶᠢ ᠳᠠᠭᠠᠭᠠᠴᠢᠯᠠᠯᠲᠠ ᠰᠢᠯᠭᠠᠷᠠᠭᠤᠯᠬᠤ ᠲᠤᠰᠬᠠᠢ ᠮᠡᠷᠭᠡᠵᠢᠯᠲᠡᠨ ᠢᠶᠡᠷ ᠤᠷᠢᠨ ᠬᠡᠷᠡᠭᠯᠡᠵᠦ ᠪᠣᠯᠬᠤ ᠦᠭᠡᠢ ᠭᠡᠵᠦ ᠮᠡᠳᠡᠭᠳᠡᠯ ᠳᠦ ᠲᠣᠳᠣᠷᠬᠠᠶ ᠲᠣᠭᠲᠠᠭᠠᠭᠰᠠᠨ ᠪᠠᠶᠢᠨ᠎ᠠ ᠂ ᠤᠷᠢᠨ ᠬᠡᠷᠡᠭᠯᠡᠵᠦ ᠪᠠᠶᠢᠬᠤ ᠬᠤᠭᠤᠴᠠᠭᠠᠨ ᠳᠤ ᠂ ᠢᠲᠡᠭᠡᠯ ᠠᠯᠳᠠᠭᠰᠠᠨ ᠭᠦᠢᠴᠡᠳᠬᠡᠭᠳᠡᠭᠴᠢ ᠪᠣᠯᠤᠭᠰᠠᠨ ᠳᠠᠭᠠᠭᠠᠴᠢᠯᠠᠯᠲᠠ ᠰᠢᠯᠭᠠᠷᠠᠭᠤᠯᠬᠤ ᠲᠤᠰᠬᠠᠶ ᠮᠡᠷᠭᠡᠵᠢᠯᠲᠡᠨ ᠢ ᠴᠠᠭ ᠲᠤᠬᠠᠶ ᠳᠤ ᠨᠢ ᠪᠤᠴᠠᠭᠠᠬᠤ ᠭᠡᠷᠡᠭᠲᠠᠢ ᠃ ᠲᠦᠷᠪᠡ ᠳᠦ ᠢᠲᠡᠭᠡᠯ ᠠᠯᠳᠠᠭᠰᠠᠨ ᠭᠦᠢᠴᠡᠳᠬᠡᠭᠳᠡᠭᠴᠢ ᠶᠢᠨ ᠳᠠᠭᠠᠭᠠᠴᠢᠯᠠᠯᠲᠠ ᠵᠠᠷᠯᠠᠬᠤ ᠠᠵᠢᠯ ᠡᠷᠬᠢᠯᠡᠬᠦ ᠠᠵᠢᠯᠯᠠᠭ᠎ᠠ ᠶᠢ ᠬᠢᠵᠠᠭᠠᠷᠯᠠᠨ᠎ᠠ ᠃ ᠳᠠᠭᠠᠭᠠᠴᠢᠯᠠᠯᠲᠠ ᠵᠠᠷᠯᠠᠭᠴᠢ ᠂ ᠳᠠᠭᠠᠭᠠᠴᠢᠯᠠᠯᠲᠠ ᠵᠠᠷᠯᠠᠬᠤ ᠶᠢ ᠣᠷᠣᠯᠠᠨ ᠭᠦᠢᠴᠡᠳᠬᠡᠬᠦ ᠪᠠᠶᠢᠭᠤᠯᠤᠮᠵᠢ ᠨᠢ ᠳᠠᠭᠠᠭᠠᠴᠢᠯᠠᠯᠲᠠ ᠵᠠᠷᠯᠠᠬᠤ ᠠᠵᠢᠯᠯᠠᠭᠴᠢ ᠤᠷᠢᠵᠤ ᠬᠡᠷᠡᠭᠯᠡᠬᠦ ᠦᠶ᠎ᠡ ᠳᠦ ᠂ ᠢᠲᠡᠭᠡᠯ ᠠᠯᠳᠠᠭᠰᠠᠨ ᠭᠦᠢᠴᠡᠳᠬᠡᠭᠳᠡᠭᠴᠢ ᠢ ᠬᠢᠵᠠᠭᠠᠷᠯᠠᠵᠤ᠂ ᠠᠵᠢᠯ ᠡᠷᠬᠢᠯᠡᠬᠦ ᠪᠠᠶᠢᠬᠤ ᠬᠤᠭᠤᠴᠠᠭᠠᠨ ᠳᠤ ᠢᠲᠡᠭᠡᠯ ᠠᠯᠳᠠᠭᠰᠠᠨ ᠭᠦᠢᠴᠡᠳᠬᠡᠭᠳᠡᠭᠴᠢ ᠪᠣᠯᠤᠭᠰᠠᠨ ᠪᠠᠢᠪᠠᠯ ᠳᠠᠭᠠᠭᠠᠴᠢᠯᠠᠯᠲᠠ ᠵᠠᠷᠯᠠᠬᠤ ᠠᠵᠢᠯᠳᠠᠨ ᠤ ᠰᠢᠶᠳᠪᠦᠷᠢᠯᠡᠬᠦ ᠬᠡᠷᠡᠭᠲᠡᠶ ᠃
《 ᠮᠡᠳᠡᠭᠳᠡᠯ 》ᠨᠢ ᠭᠣᠣᠯᠳᠠᠭᠤ ᠳᠦᠷᠪᠡᠨ ᠣᠨᠴᠠᠯᠢᠭ ᠲᠠᠢ᠂ ᠨᠢᠭᠡ ᠳᠦ ᠵᠠᠯᠬᠠᠭᠠᠨ ᠴᠡᠭᠡᠷᠯᠡᠭᠦᠯᠬᠦ ᠰᠠᠯᠠᠭ᠎ᠠ ᠮᠥᠴᠢᠷ ᠪᠦᠷᠢᠨ ᠂ ᠬᠣᠶᠠᠷ ᠲᠤ ᠵᠠᠯᠬᠠᠭᠠᠨ ᠴᠡᠭᠡᠷᠯᠡᠭᠦᠯᠬᠦ ᠭᠦᠴᠦᠯᠡᠴᠡ ᠨᠢ ᠴᠢᠩᠭ᠎ᠠ ᠂ ᠭᠤᠷᠪᠠ ᠳᠤ ᠨᠦᠯᠦᠭᠡᠯᠡᠬᠦ ᠬᠡᠪᠴᠢᠶ᠎ᠡ ᠨᠢ ᠥᠷᠭᠡᠨ ᠂ ᠲᠦᠷᠪᠡ ᠳᠦ ᠬᠣᠶᠠᠷ ᠲᠠᠯ᠎ᠠ ᠪᠠᠷ ᠢᠶᠠᠨ ᠬᠠᠮᠲᠤ ᠪᠠᠷ ᠴᠡᠭᠡᠷᠯᠡᠭᠦᠯᠬᠦ ᠃ 《 ᠮᠡᠳᠡᠭᠳᠡᠯ 》 ᠳᠣᠲᠤᠷᠠᠬᠢ ᠡᠯ᠎ᠡ ᠵᠦᠢᠯ ᠦᠨ ᠵᠠᠯᠬᠠᠭᠠᠨ ᠴᠡᠭᠡᠷᠯᠡᠭᠦᠯᠬᠦ ᠠᠷᠭ᠎ᠠ ᠬᠡᠮᠵᠢᠶ᠎ᠡ ᠶᠢ ᠨᠠᠢᠳᠠᠪᠤᠷᠢᠵᠢᠭᠤᠯᠬᠤ ᠳᠤ᠂ ᠴᠥᠮ ᠠᠷᠠᠳ ᠤᠨ ᠳᠡᠭᠡᠳᠦ ᠵᠡᠷᠭᠡ ᠶᠢᠨ ᠰᠢᠭᠦᠬᠦ ᠬᠣᠷᠢᠶ᠎ᠠ ᠪᠣᠯᠤᠨ ᠬᠣᠯᠪᠣᠭᠳᠠᠯ ᠪᠦᠬᠦᠢ ᠰᠠᠯᠠᠭ᠎ᠠ ᠮᠥᠴᠢᠷ ᠲᠡᠶ ᠨᠢᠭᠲᠠ ᠬᠠᠮᠵᠢᠯᠴᠠᠨ ᠂ ᠬᠣᠯᠪᠣᠭᠠᠯᠠᠨ ᠵᠠᠯᠬᠠᠭᠠᠨ ᠴᠡᠭᠡᠷᠯᠡᠭᠦᠯᠬᠦ ᠶᠢ ᠬᠡᠷᠡᠭᠵᠢᠭᠦᠯᠦᠨ᠎ᠡ᠃
ᠦᠨᠡᠯᠡᠬᠦ 0ᠦᠨᠡᠯᠡᠯᠲᠡ ᠲᠠᠢ