ᠱᠢ ᠶᠢᠨ ᠫᠢᠩ ᠄ ᠳᠦ᠋ᠷᠦ ᠶᠢ ᠵᠠᠰᠠᠬᠤ ᠰᠢᠰᠲ᠋ᠧᠮ ᠪᠣᠯᠤᠨ ᠵᠠᠰᠠᠬᠤ ᠴᠢᠳᠠᠪᠤᠷᠢ  ᠶᠢᠨ ᠣᠳᠣᠬᠢᠴᠢᠯᠠᠯᠲᠠ ᠶᠢ ᠲᠦᠯᠬᠢᠨ ᠠᠬᠢᠭᠤᠯᠤᠨ᠎ᠠ
2016.12.12 ᠲᠣᠰ ᠥᠷᠲᠡᠭᠡᠨ᠎ᠦ ᠨᠠᠢᠷᠠᠭᠤᠯᠤᠭᠴᠢ

 ᠳᠤᠮᠳᠠᠳᠤ ᠤᠯᠤᠰ ᠤᠨ ᠡᠪ ᠬᠠᠮᠲᠪ ᠨᠠᠮ ᠤᠨ ᠲᠥᠪ ᠬᠣᠷᠢᠶᠠᠨ ᠤ ᠤᠯᠤᠰ ᠲᠦᠷᠦ ᠶᠢᠨ ᠲᠣᠪᠴᠢᠶᠠᠨ ᠡᠴᠡ 12 ᠰᠠᠷ᠎ᠠ ᠶᠢᠨ 9  ᠦ ᠡᠳᠦᠷ ᠦᠨ ᠦᠳᠡ ᠶᠢᠨ ᠬᠣᠶᠢᠨ᠎ᠠ ᠂ ᠮᠠᠨ ᠤ ᠤᠯᠤᠰ ᠤᠨ ᠲᠡᠦᠬᠡᠨ ᠳᠡᠭᠡᠷᠡᠬᠢ ᠬᠠᠤᠯᠢ ᠪᠠᠷ ᠵᠠᠰᠠᠬᠤ ᠪᠠ ᠶᠣᠰᠣ ᠰᠤᠷᠲᠠᠬᠤᠨ ᠢᠶᠠᠷ ᠵᠠᠰᠠᠬᠤ ᠭᠤᠴᠢᠨ ᠳᠣᠯᠣᠳᠤᠭᠠᠷ ᠤᠳᠠᠭᠠᠨ ᠤ ᠬᠠᠮᠲᠤ ᠶᠢᠨ ᠰᠣᠷᠣᠯᠴᠠᠯᠭ᠎ᠠ ᠡᠷᠬᠢᠯᠡᠪᠡ ᠃ ᠡᠪ ᠬᠠᠮᠲᠪ ᠨᠠᠮ ᠤᠨ ᠲᠥᠪ ᠬᠣᠷᠢᠶᠠᠨ ᠤ ᠶᠡᠷᠦᠩᠬᠡᠶ ᠱᠦᠵᠢ ᠱᠢ  ᠶᠢᠨ ᠫᠢᠩ ᠰᠤᠷᠤᠯᠴᠠᠯᠭ᠎ᠠ  ᠶᠢ ᠡᠷᠭᠢᠯᠡᠬᠦ ᠳᠡᠭᠡᠨ ᠴᠢᠬᠤᠯᠠᠴᠢᠯᠠᠭᠰᠠᠨ ᠨᠢ ᠂ ᠬᠠᠤᠯᠢ ᠪᠣᠯ ᠪᠠᠷᠢᠮᠵᠢᠶ᠎ᠠ ᠮᠥᠨ ᠂ ᠶᠠᠮᠠᠷᠪᠠ ᠦᠢ᠎ᠡ ᠳᠦ ᠴᠦ ᠭᠡᠳ ᠡᠷᠬᠡᠪᠰᠢ ᠵᠢᠷᠤᠮᠯᠠᠬᠤ ᠬᠡᠷᠡᠭᠲᠡᠶ ᠃ ᠶᠣᠰᠣ ᠮᠣᠷᠠᠯ ᠪᠣᠯ ᠰᠠᠭᠤᠷᠢ ᠮᠥᠨ ᠂ ᠶᠠᠮᠠᠷᠪᠠ ᠦᠢ᠎ᠡ ᠳᠦ ᠴᠦ ᠭᠡᠳ ᠣᠮᠲᠣᠭᠠᠶᠢᠯᠠᠵᠤ ᠪᠣᠯᠤᠰᠢ ᠦᠭᠡᠶ ᠃ ᠲᠡᠦᠬᠡᠨ ᠰᠢᠨ᠎ᠡ ᠨᠥᠬᠥᠴᠡᠯ ᠳᠣᠣᠷ᠎ᠠ ᠂ ᠪᠢᠳᠡ ᠬᠠᠤᠯᠢ ᠶᠣᠰᠣᠭᠠᠷ ᠤᠯᠤᠰ ᠢᠶᠠᠨ ᠵᠠᠰᠠᠬᠤ ᠶᠢ ᠦᠨᠳᠦᠰᠦᠨ ᠠᠷᠭ᠎ᠠ ᠪᠤᠳᠤᠯᠭ᠎ᠠ  ᠪᠣᠯᠭᠠᠵᠤ᠂ ᠬᠠᠤᠯᠢ ᠶᠣᠰᠣᠭᠠᠷ ᠲᠦᠷᠦ ᠪᠠᠷᠢᠬᠤ ᠦᠨᠳᠦᠰᠦᠨ ᠠᠷᠭ᠎ᠠ ᠶᠢ ᠰᠠᠶᠢᠲᠤᠷ ᠨᠠᠶᠢᠳᠠᠪᠤᠷᠢᠵᠢᠭᠤᠯᠵᠤ ᠂ ᠬᠠᠤᠯᠢ ᠪᠠᠷ ᠵᠠᠰᠠᠬᠤ ᠳᠤᠮᠳᠠᠳᠤ ᠤᠯᠤᠰ  ᠢ ᠰᠠᠢᠲᠤᠷ ᠪᠦᠲᠦᠭᠡᠨ ᠪᠠᠶᠢᠭᠤᠯᠵᠤ ᠂ ᠬᠠᠤᠯᠢ ᠶᠣᠰᠣᠭᠠᠷ ᠤᠯᠤᠰ ᠢᠶᠠᠨ ᠵᠠᠰᠠᠬᠤ ᠪᠠ ᠶᠣᠰᠣ ᠮᠣᠷᠠᠯ ᠢᠶᠠᠷ ᠤᠯᠤᠰ ᠢᠶᠠᠨ ᠵᠠᠰᠠᠬᠤ ᠶᠢ ᠤᠶᠠᠯᠳᠤᠭᠤᠯᠬᠤ ᠶᠢ ᠡᠷᠬᠡᠪᠰᠢ ᠪᠠᠷᠢᠮᠲᠠᠯᠠᠵᠤ ᠂ ᠬᠠᠤᠯᠢ ᠪᠠᠷ ᠵᠠᠰᠠᠬᠤ ᠪᠠ ᠶᠣᠰᠣ ᠮᠣᠷᠠᠯ ᠢᠶᠠᠷ ᠵᠠᠰᠠᠬᠤ ᠨᠢ ᠤᠯᠤᠰ ᠢ ᠵᠠᠰᠠᠬᠤ ᠳᠤᠮᠳᠠ ᠬᠠᠷᠢᠯᠴᠠᠨ ᠨᠥᠬᠥᠪᠥᠷᠢᠯᠡᠵᠦ ᠂ ᠬᠠᠷᠢᠯᠴᠠᠨ ᠠᠬᠢᠭᠤᠯᠵᠤ ᠂ ᠬᠠᠷᠢᠯᠴᠠᠨ ᠳᠡᠮᠵᠢᠵᠦ ᠂ ᠳᠦ᠋ᠷᠦ ᠶᠢ ᠵᠠᠰᠠᠬᠤ ᠰᠢᠰᠲ᠋ᠧᠮ ᠪᠣᠯᠤᠨ ᠵᠠᠰᠠᠬᠤ ᠴᠢᠳᠠᠪᠤᠷᠢ ᠶᠢᠨ ᠣᠳᠣᠬᠢᠴᠢᠯᠠᠯᠲᠠ ᠶᠢ ᠳᠦ᠋ᠯᠬᠢᠨ ᠤᠷᠤᠭᠰᠢᠯᠠᠭᠤᠯᠤᠨ᠎ᠠ ᠃

ᠳᠤᠮᠳᠠᠳᠤ ᠤᠯᠤᠰ ᠤᠨ ᠤᠯᠤᠰ ᠲᠦᠷᠤ ᠬᠠᠤᠯᠢ ᠴᠠᠭᠠᠵᠠ ᠶᠢᠨ ᠶᠡᠬᠡ ᠰᠤᠷᠭᠠᠭᠤᠯᠢ ᠶᠢᠨ ᠬᠠᠤᠯᠢ ᠴᠠᠭᠠᠵᠠ ᠶᠢᠨ ᠲᠡᠦᠬᠡ ᠶᠢᠨ ᠤᠬᠠᠭᠠᠨ ᠤ ᠰᠤᠳᠤᠯᠬᠤ ᠬᠦᠷᠢᠶᠡᠯᠡᠩ ᠦᠨ ᠳᠠᠷᠤᠭ᠎ᠠ ᠵᠦ ᠶᠥᠩ ᠫᠷᠤᠹᠧᠰᠰᠤᠷ ᠡᠨᠡᠬᠦ ᠠᠰᠠᠭᠤᠳᠠᠯ ᠤᠨ ᠲᠤᠬᠠᠶ ᠲᠠᠶᠢᠯᠤᠮᠵᠢ ᠬᠢᠭᠰᠡᠨ ᠪᠥᠭᠡᠳ ᠰᠠᠨᠠᠯ ᠪᠠ ᠰᠠᠨᠠᠭᠤᠯᠭ᠎ᠠ  ᠪᠡᠨ ᠶᠠᠷᠢᠪᠠ ᠃

ᠡᠪ ᠬᠠᠮᠲᠪ ᠨᠠᠮ ᠤᠨ ᠲᠥᠪ ᠬᠣᠷᠢᠶᠠᠨ ᠤ ᠤᠯᠤᠰ ᠳᠣᠢᠷᠤ ᠶᠢᠨ ᠲᠣᠪᠴᠢᠶᠠᠨ ᠤ ᠨᠥᠬᠥᠳ ᠨᠡᠷ ᠲᠡᠭᠦᠨ ᠦ ᠲᠠᠶᠢᠯᠤᠮᠵᠢ ᠶᠢ ᠨᠠᠷᠢᠨ ᠬᠢᠨᠠᠮᠠᠭᠠᠶ ᠰᠣᠨᠣᠰᠴᠤ ᠂ ᠬᠣᠯᠪᠣᠭᠳᠠᠯ ᠪᠤᠢᠭᠦᠢ ᠠᠰᠠᠭᠤᠳᠠᠯ ᠤᠨ  ᠲᠤᠬᠠᠢ ᠶᠠᠷᠢᠯᠴᠠᠭᠰᠠᠨ ᠪᠠᠶᠢᠨ᠎ᠠ ᠃

ᠱᠢ  ᠶᠢᠨ ᠫᠢᠩ ᠰᠤᠷᠤᠯᠴᠠᠯᠭ᠎ᠠ  ᠶᠢ ᠡᠷᠭᠢᠯᠡᠬᠦ ᠦᠶ᠎ᠡ ᠳᠡᠭᠡᠨ ᠶᠠᠷᠢᠶ᠎ᠠ ᠲᠠᠯᠪᠢᠵᠠᠶ ᠃ ᠲᠡᠷᠡ ᠵᠢᠭᠠᠵᠤ ᠭᠠᠷᠭᠠᠭᠰᠠᠨ ᠨᠢ ᠂ ᠬᠠᠤᠯᠢ ᠴᠠᠭᠠᠵᠠ ᠪᠣᠯ ᠪᠢᠴᠢᠭ ᠢᠶᠡᠷ ᠪᠢᠴᠢᠭᠳᠡᠭᠰᠡᠨ ᠶᠣᠰᠣ ᠮᠣᠷᠠᠯ ᠂ ᠶᠣᠰᠣ ᠮᠣᠷᠠᠯ ᠪᠣᠯ ᠳᠣᠲᠣᠭᠠᠳᠤ ᠰᠡᠳᠬᠢᠯ ᠦᠨ ᠬᠠᠤᠯᠢ ᠴᠠᠭᠠᠵᠠ ᠮᠥᠨ ᠃ ᠬᠠᠤᠯᠢ ᠴᠠᠭᠠᠵᠠ ᠪᠠ ᠶᠣᠰᠣ ᠮᠣᠷᠠᠯ ᠤᠨ ᠴᠥᠮ ᠨᠡᠶᠢᠭᠡᠮ ᠦᠨ ᠦᠢᠯᠡ ᠠᠵᠢᠯᠯᠠᠭ᠎ᠠ ᠶᠢ ᠵᠢᠷᠤᠮᠵᠢᠭᠤᠯᠵᠤ ᠂ ᠨᠡᠶᠢᠭᠡᠮ ᠦᠨ ᠬᠠᠷᠢᠴᠠᠭ᠎ᠠ ᠶᠢ ᠨᠡᠩ ᠰᠠᠶᠢᠲᠤᠷ ᠲᠣᠬᠢᠷᠠᠭᠤᠯᠤᠨ ᠂ ᠨᠡᠶᠢᠭᠡᠮ ᠦᠨ ᠡᠮᠬᠢ ᠵᠢᠷᠤᠮ ᠢ ᠬᠠᠮᠠᠭᠠᠯᠠᠬᠤ ᠦᠢᠯᠡᠳᠦᠯ ᠦᠵᠡᠭᠦᠯᠵᠦ ᠂ ᠤᠯᠤᠰ ᠤᠨ ᠵᠠᠰᠠᠯᠲᠠ  ᠶᠢᠨ ᠳᠤᠮᠳᠠ ᠴᠥᠮ ᠥᠪᠡᠷ ᠦᠨ ᠢᠶᠡᠨ ᠣᠷᠣᠨ ᠪᠠᠶᠢᠷᠢ ᠪᠠ ᠦᠢᠯᠡᠳᠦᠯ ᠲᠡᠶ ᠪᠠᠢᠳᠠᠭ ᠃ ᠬᠠᠤᠯᠢ ᠨᠢ ᠤᠯᠤᠰ ᠣᠷᠣᠨ ᠢ ᠠᠮᠤᠷᠵᠢᠭᠤᠯᠵᠤ ᠂  ᠶᠣᠰᠤ ᠰᠤᠷᠲᠠᠬᠤᠨ ᠨᠢ ᠬᠥᠮᠦᠰ ᠤᠨ ᠰᠡᠳᠬᠢᠯ ᠢ ᠡᠶᠡᠰᠡᠭᠦᠯᠳᠡᠭ ᠃ ᠬᠠᠤᠯᠢ ᠴᠠᠭᠠᠵᠠ ᠶᠢᠨ ᠪᠦᠲᠦᠮᠵᠢᠲᠡᠶ ᠬᠡᠷᠡᠭᠵᠢᠭᠦᠯᠦᠭᠳᠡᠬᠦ  ᠨᠢ ᠶᠣᠰᠤ ᠰᠤᠷᠲᠠᠬᠤᠨ ᠳᠤ ᠲᠦᠰᠢᠭᠯᠡᠨ᠎ᠡ ᠂ ᠶᠣᠰᠣ ᠮᠣᠷᠠᠯ ᠢ ᠦᠢᠯᠡᠳᠡᠯᠡᠭᠵᠢᠭᠦᠯᠬᠦ ᠨᠢ ᠪᠠᠰᠠ ᠬᠠᠤᠯᠢ ᠴᠠᠭᠠᠵᠠ ᠶᠢᠨ ᠬᠢᠵᠠᠭᠠᠷᠯᠠᠯ ᠡᠴᠡ ᠰᠠᠯᠵᠤ ᠴᠢᠳᠠᠬᠤ ᠦᠭᠡᠢ ᠃ ᠬᠠᠤᠯᠢ ᠪᠠᠷ ᠵᠠᠰᠠᠬᠤ ᠪᠠ ᠶᠣᠰᠣ ᠮᠣᠷᠠᠯ ᠢᠶᠠᠷ ᠵᠠᠰᠠᠬᠤ ᠪᠣᠯ ᠰᠠᠯᠵᠤ ᠪᠣᠯᠤᠰᠢ ᠦᠭᠡᠢ ᠪᠠᠢᠵᠤ᠂ ᠤᠯᠤᠰ  ᠢ  ᠵᠠᠰᠠᠬᠤ ᠳᠤ ᠬᠠᠤᠯᠢ ᠴᠠᠭᠠᠵᠠ ᠪᠣᠯᠤᠨ ᠶᠣᠰᠣ ᠮᠣᠷᠠᠯ ᠢ ᠤᠶᠠᠯᠳᠤᠭᠤᠯᠤᠨ ᠬᠡᠷᠡᠭᠯᠡᠬᠦ ᠶᠢ ᠠᠩᠬᠠᠷᠬᠤ ᠬᠡᠷᠡᠭᠲᠠᠢ᠃

 

 ᠱᠢ ᠶᠢᠨ ᠫᠢᠩ ᠴᠢᠬᠤᠯᠠᠴᠢᠯᠠᠭᠰᠠᠨ ᠨᠢ ᠂ ᠥᠭᠡᠷᠡᠴᠢᠯᠡᠯᠲᠡ ᠨᠡᠭᠡᠭᠡᠯᠳᠡ ᠬᠢᠭᠰᠡᠨ ᠡᠴᠡ ᠨᠠᠰᠢ ᠂ ᠪᠢᠳᠡ ᠮᠠᠨ ᠤ ᠤᠯᠤᠰ ᠤᠨ ᠨᠡᠶᠢᠭᠡᠮ ᠵᠢᠷᠤᠮ ᠤᠨ ᠬᠠᠤᠯᠢ ᠪᠠᠷ ᠵᠠᠰᠠᠬᠤ ᠪᠠᠶᠢᠭᠤᠯᠤᠯᠲᠠ ᠶᠢᠨ ᠠᠮᠵᠢᠯᠲᠠᠲᠠᠶ ᠲᠤᠷᠰᠢᠯᠭ᠎ᠠ ᠪᠠ ᠰᠤᠷᠭᠠᠮᠵᠢ ᠶᠢ ᠭᠦᠨᠵᠡᠭᠡᠶ  ᠳ᠋ᠦᠩᠨᠡᠵᠦ᠂ ᠬᠠᠤᠯᠢ ᠶᠣᠰᠣᠭᠠᠷ ᠤᠯᠤᠰ ᠢᠶᠠᠨ ᠵᠠᠰᠠᠬᠤ ᠶᠢ ᠨᠠᠮ ᠠᠴᠠ ᠠᠷᠠᠳ ᠲᠦᠮᠡᠨ ᠢ ᠤᠳᠤᠷᠢᠳᠤᠨ ᠤᠯᠤᠰ ᠣᠷᠣᠨ ᠢᠶᠠᠨ ᠵᠠᠰᠠᠬᠤ ᠦᠨᠳᠦᠰᠦᠨ ᠠᠷᠭ᠎ᠠ ᠪᠤᠳᠤᠯᠭ᠎ᠠ ᠪᠣᠯᠭᠠᠨ ᠳᠤᠭᠲᠠᠭᠠᠵᠤ ᠂ ᠬᠠᠤᠯᠢ ᠶᠣᠰᠣᠭᠠᠷ ᠲᠦᠷᠦ ᠪᠠᠷᠢᠬᠤ ᠶᠢ ᠨᠠᠮ  ᠡᠴᠡ ᠤᠯᠤᠰ ᠢ ᠵᠠᠰᠠᠬᠤ ᠵᠠᠰᠠᠭ ᠤᠨ ᠶᠠᠪᠤᠳᠠᠯ  ᠢ ᠡᠷᠭᠢᠯᠡᠬᠦ  ᠶᠢᠨ ᠦᠨᠳᠦᠰᠦᠨ ᠬᠡᠯᠪᠡᠷᠢ ᠪᠣᠯᠭᠠᠨ ᠲᠣᠭᠲᠠᠭᠠᠵᠤ ᠂ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠬᠠᠤᠯᠢ ᠪᠠᠷ ᠵᠠᠰᠠᠬᠤ ᠵᠠᠮ  ᠢ ᠨᠡᠭᠡᠭᠡᠭᠰᠡᠨ ᠪᠠᠶᠢᠨ᠎ᠠ ᠃ ᠡᠨᠡ ᠬᠦ ᠵᠠᠮ  ᠤᠨ ᠢᠯᠡ ᠲᠣᠳᠣ ᠣᠨᠴᠠᠯᠢᠭ ᠪᠣᠯ ᠳᠠᠷᠤᠶ ᠬᠠᠤᠯᠢ ᠶᠣᠰᠣᠭᠠᠷ ᠤᠯᠤᠰ ᠢᠶᠠᠨ ᠵᠠᠰᠠᠬᠤ ᠪᠠ ᠶᠣᠰᠣ ᠮᠣᠷᠠᠯ ᠢᠶᠠᠷ ᠤᠯᠤᠰ ᠢᠶᠠᠨ ᠵᠠᠰᠠᠬᠤ ᠶᠢ ᠤᠶᠠᠯᠳᠤᠭᠤᠯᠬᠤ ᠶᠢ ᠪᠠᠷᠢᠮᠲᠠᠯᠠᠵᠤ ᠂ ᠬᠠᠤᠯᠢ ᠪᠠᠷ ᠵᠠᠰᠠᠬᠤ ᠪᠣᠯᠤᠨ ᠶᠣᠰᠣ ᠮᠣᠷᠠᠯ ᠢᠶᠠᠷ ᠵᠠᠰᠠᠬᠤ ᠬᠣᠶᠠᠷ ᠲᠠᠯ᠎ᠠ ᠶᠢ ᠵᠡᠷᠭᠡᠪᠡᠷ ᠠᠳᠬᠤᠵᠤ ᠂ ᠬᠣᠶᠠᠷ ᠲᠠᠯ᠎ᠠ ᠶᠢ ᠴᠥᠮ ᠴᠢᠩᠭ᠎ᠠ  ᠠᠳᠬᠤᠨ᠎ᠠ᠃ ᠡᠨᠡ ᠪᠣᠯ ᠲᠡᠦᠬᠡᠨ ᠲᠤᠷᠰᠢᠯᠭ᠎ᠠ ᠶᠢᠨ ᠳ᠋ᠦᠩᠨᠡᠯᠲᠡ ᠂ ᠪᠠᠰᠠ ᠴᠤ ᠤᠯᠤᠰ ᠢᠶᠠᠨ ᠵᠠᠰᠠᠵᠤ ᠵᠠᠰᠠᠭ ᠤᠨ ᠶᠠᠪᠤᠳᠠᠯ ᠢ ᠡᠷᠬᠢᠯᠡᠭᠦ ᠵᠢᠮ᠎ᠡ ᠶᠣᠰᠣ ᠶᠢ ᠭᠦᠨᠵᠡᠭᠡᠶ ᠡᠵᠡᠮᠰᠢᠭᠰᠡᠨ ᠦᠵᠡᠯᠲᠡ ᠮᠥᠨ ᠃

 ᠱᠢ ᠶᠢᠨ ᠫᠢᠩ ᠵᠢᠭᠠᠵᠤ ᠭᠠᠷᠭᠠᠭᠰᠠᠨ ᠨᠢ ᠂ ᠶᠣᠰᠣ ᠮᠣᠷᠠᠯ ᠨᠢ ᠬᠠᠤᠯᠢ ᠪᠠᠷ ᠵᠠᠰᠠᠬᠤ ᠶᠢᠨ ᠬᠦᠴᠦᠲᠡᠶ ᠲᠦᠰᠢᠭ ᠪᠣᠯᠬᠤ ᠶᠢ ᠴᠢᠩᠭ᠋ᠠᠳᠬᠠᠨ᠎ᠠ᠃ ᠬᠠᠤᠯᠢ ᠶᠣᠰᠣᠭᠠᠷ ᠤᠯᠤᠰ ᠢᠶᠠᠨ ᠵᠠᠰᠠᠬᠤ ᠪᠠ ᠶᠣᠰᠣ ᠮᠣᠷᠠᠯ ᠢᠶᠠᠷ ᠤᠯᠤᠰ ᠢᠶᠠᠨ ᠵᠠᠰᠠᠬᠤ ᠶᠢ ᠤᠶᠠᠯᠳᠤᠭᠤᠯᠬᠤ ᠶᠢ ᠪᠠᠷᠢᠮᠲᠠᠯᠠᠵᠤ ᠂ ᠶᠣᠰᠣ ᠮᠣᠷᠠᠯ ᠤᠨ ᠤᠶᠠᠷᠠᠭᠤᠯᠤᠨ ᠤᠬᠠᠭᠠᠷᠠᠭᠤᠯᠬᠤ ᠦᠢᠯᠡᠳᠦᠯ ᠢ ᠪᠠᠳᠠᠷᠠᠭᠤᠯᠬᠤ ᠶᠢ ᠴᠢᠬᠤᠯᠠᠴᠢᠯᠠᠵᠤ ᠂ ᠪᠦᠬᠦ ᠨᠡᠶᠢᠭᠡᠮ ᠦᠨ ᠰᠣᠶᠣᠯ ᠪᠣᠯᠪᠠᠰᠤᠨ ᠤ ᠬᠢᠷᠢ ᠬᠡᠮᠵᠢᠶ᠎ᠡ ᠶᠢ ᠳᠡᠭᠡᠭᠰᠢᠯᠡᠭᠦᠯᠵᠦ ᠂ ᠪᠦᠬᠦ ᠲᠠᠯ᠎ᠠ ᠪᠠᠷ ᠬᠠᠤᠯᠢ ᠶᠣᠰᠣᠭᠠᠷ ᠤᠯᠤᠰ ᠢᠶᠠᠨ ᠵᠠᠰᠠᠬᠤ ᠲᠤ ᠰᠢᠯᠢᠳᠡᠭ ᠰᠠᠶᠢᠨ ᠬᠥᠮᠥᠨᠯᠢᠭ ᠣᠷᠴᠢᠨ ᠲᠣᠭᠣᠷᠢᠨ ᠪᠦᠷᠢᠯᠳᠦᠭᠦᠯᠵᠦ ᠥᠭᠬᠦ ᠬᠡᠷᠡᠭᠲᠡᠶ ᠃  ᠶᠣᠰᠤ ᠮᠤᠷᠠᠯ ᠢᠶᠡᠷ ᠵᠠᠰᠠᠬᠤ ᠰᠢᠰᠲ᠋ᠧᠮ ᠤᠨ ᠳᠤᠮᠳᠠ ᠬᠠᠤᠯᠢ ᠪᠡᠷ ᠵᠠᠰᠠᠬᠤ ᠱᠠᠭᠠᠷᠳᠠᠯᠭ᠎ᠠ ᠶᠢ ᠢᠯᠡᠷᠡᠭᠦᠯᠵᠦ᠂ ᠶᠣᠰᠣ ᠮᠣᠷᠠᠯ  ᠶᠢ ᠬᠠᠤᠯᠢ ᠪᠠᠷ ᠵᠠᠰᠠᠬᠤ  ᠳᠤ ᠬᠠᠪᠰᠤᠷᠬᠤ ᠦᠢᠯᠡᠳᠦᠯ ᠢ ᠪᠠᠳᠠᠷᠠᠭᠤᠯᠵᠤ ᠂ ᠴᠢᠷᠮᠠᠶᠢᠵᠤ ᠪᠠᠶᠢᠭᠠᠳ ᠶᠣᠰᠣ ᠮᠣᠷᠠᠯ ᠤᠨ ᠰᠢᠰᠲ᠋ᠧᠮ ᠪᠣᠯᠤᠨ ᠨᠡᠶᠢᠭᠡᠮ ᠵᠢᠷᠤᠮ ᠤᠨ ᠬᠠᠤᠯᠢ ᠴᠠᠭᠠᠵᠠ ᠶᠢᠨ ᠵᠢᠷᠤᠮᠵᠢᠯ ᠲᠠᠶ ᠠᠪᠴᠠᠯᠳᠤᠭᠤᠯᠵᠤ ᠂ ᠬᠠᠷᠢᠯᠴᠠᠨ ᠵᠣᠬᠢᠴᠠᠭᠤᠯᠵᠤ ᠂ ᠬᠠᠷᠢᠯᠴᠠᠨ ᠠᠬᠢᠭᠤᠯᠬᠤ ᠬᠡᠷᠡᠭᠲᠡᠶ ᠃ ᠶᠣᠰᠣ ᠮᠣᠷᠠᠯ ᠤᠨ ᠬᠥᠮᠦᠵᠢᠯ ᠦᠨ ᠳᠤᠮᠳᠠ ᠬᠠᠤᠯᠢ ᠪᠠᠷ ᠵᠠᠰᠠᠬᠤ ᠠᠭᠤᠯᠤᠭᠳᠠᠬᠤᠨ ᠳᠣᠪᠤᠢᠯᠭᠠᠬᠤ ᠬᠡᠷᠡᠭᠲᠡᠶ ᠂ ᠬᠥᠮᠦᠰ ᠦᠨ ᠬᠠᠤᠯᠢ ᠴᠠᠭᠠᠵᠠ ᠶᠢᠨ ᠰᠢᠲᠦᠯᠭᠡ ᠂ ᠬᠠᠤᠯᠢ  ᠪᠠᠷ ᠵᠠᠰᠠᠬᠤ ᠦᠵᠡᠯᠲᠡ ᠂ ᠲᠦᠷᠢᠮ ᠲᠣᠭᠲᠠᠭᠠᠯ ᠤᠨ ᠤᠬᠠᠮᠰᠠᠷ ᠂ ᠬᠥᠮᠦᠰ ᠢ ᠬᠥᠲᠥᠯᠥᠨ ᠵᠢᠯᠣᠭᠣᠳᠴᠤ ᠪᠠᠶᠢᠭᠠᠳ ᠬᠠᠤᠯᠢ ᠳᠤ ᠲᠣᠭᠲᠠᠭᠠᠭᠰᠠᠨ ᠡᠭᠦᠷᠭᠡ ᠪᠡᠨ ᠤᠬᠠᠮᠰᠠᠷ ᠠᠴᠠ ᠪᠠᠨ ᠭᠦᠢᠴᠡᠳᠬᠡᠬᠦ᠂ ᠨᠡᠶᠢᠭᠡᠮ ᠦᠨ ᠬᠠᠷᠢᠭᠤᠴᠠᠯᠭ᠎ᠠ ᠂ ᠭᠡᠷ ᠪᠦᠯᠢ ᠶᠢᠨ ᠬᠠᠷᠢᠭᠤᠴᠠᠯᠭ᠎ᠠ  ᠶᠢ ᠬᠥᠮᠦᠵᠢᠭᠦᠯᠬᠦ ᠶᠢ ᠬᠦᠨᠳᠦᠳᠬᠡᠨ ᠦᠵᠡᠵᠦ᠂ ᠪᠦᠬᠦ ᠨᠡᠶᠢᠭᠡᠮ ᠢᠶᠡᠷ ᠢᠶᠡᠨ ᠴᠥᠮ ᠬᠠᠤᠯᠢ ᠪᠠᠷ ᠵᠠᠰᠠᠬᠤ ᠶᠢ  ᠡᠷᠬᠢᠮᠯᠡᠵᠦ ᠂ ᠬᠠᠤᠯᠢ ᠪᠠᠷ ᠵᠠᠰᠠᠬᠤ ᠰᠣᠶᠣᠯ ᠤᠨ ᠣᠷᠴᠢᠨ ᠨᠥᠬᠥᠴᠡᠯ ᠢ ᠪᠤᠢ ᠪᠣᠯᠭᠠᠨ᠎ᠠ ᠃

 ᠱᠢ ᠶᠢᠨ ᠫᠢᠩ ᠴᠢᠬᠤᠯᠠᠴᠢᠯᠠᠭᠰᠠᠨ ᠨᠢ ᠂  ᠶᠣᠰᠤ ᠮᠤᠷᠠᠯ ᠤᠨ ᠱᠠᠭᠠᠷᠳᠠᠯᠭ᠎ᠠ ᠶᠢ ᠬᠠᠤᠯᠢ ᠪᠡᠷ ᠵᠠᠰᠠᠬᠤ ᠳᠤᠮᠳᠠ ᠲᠤᠤᠱᠯᠠᠭᠤᠯᠬᠤ ᠬᠡᠷᠡᠭᠲᠠᠢ᠃ ᠬᠠᠤᠯᠢ ᠪᠠᠷ ᠵᠠᠰᠠᠬᠤ  ᠳᠤ ᠶᠣᠰᠣ ᠮᠣᠷᠠᠯ ᠢ  ᠴᠢᠬᠤᠯᠠᠴᠢᠯᠠᠪᠠᠯ ᠂ ᠶᠣᠰᠣ ᠮᠣᠷᠠᠯ  ᠨᠢ ᠰᠠᠶ᠋ᠢ ᠨᠠᠶᠢᠳᠠᠪᠤᠷᠢᠲᠠᠶ ᠪᠠᠶᠢᠭᠤᠯᠤᠯ ᠤᠨ ᠲᠦᠰᠢᠭ ᠲᠠᠢ ᠪᠣᠯᠵᠤ ᠴᠢᠳᠠᠨ᠎ᠠ᠃ ᠬᠠᠤᠯᠢ ᠴᠠᠭᠠᠵᠠ ᠬᠠᠤᠯᠢ ᠲᠣᠭᠲᠠᠭᠠᠯ  ᠨᠢ ᠶᠣᠰᠣ ᠮᠣᠷᠠᠯ  ᠢᠶᠡᠷ ᠤᠳᠤᠷᠢᠳᠤᠮᠵᠢ ᠪᠣᠯᠭᠠᠵᠤ ᠂  ᠰᠠᠢᠨ ᠰᠠᠶᠢᠬᠠᠨ ᠶᠣᠰᠣ ᠮᠣᠷᠠᠯ ᠢ ᠪᠠᠳᠠᠷᠠᠭᠤᠯᠵᠤ ᠂ ᠬᠠᠤᠯᠢ ᠲᠣᠭᠲᠠᠭᠠᠬᠤ ᠂ ᠬᠠᠤᠯᠢ ᠬᠡᠷᠡᠭᠵᠢᠭᠦᠯᠬᠦ ᠂ ᠬᠠᠤᠯᠢ ᠴᠠᠭᠠᠵᠠ  ᠳᠤ ᠨᠡᠶᠢᠭᠡᠮ ᠵᠢᠷᠤᠮ ᠤᠨ ᠶᠣᠰᠣ ᠮᠣᠷᠠᠯ ᠤᠨ ᠱᠠᠭᠠᠷᠳᠠᠯᠭ᠎ᠠ ᠶᠢ ᠢᠯᠡᠷᠡᠭᠦᠯᠬᠦ ᠬᠡᠷᠡᠭᠲᠡᠶ ᠂ ᠨᠡᠶᠢᠭᠡᠮ ᠵᠢᠷᠤᠮ ᠤᠨ ᠭᠣᠣᠯᠯᠠᠬᠤ ᠥᠷᠲᠡᠭ ᠦᠨ ᠦᠵᠡᠯᠲᠡ  ᠶᠢ ᠡᠭᠦᠨ ᠦ ᠳᠣᠲᠣᠷ᠎ᠠ ᠲᠤᠤᠱᠯᠠᠭᠤᠯᠵᠤ ᠂ ᠨᠡᠶᠢᠭᠡᠮ ᠵᠢᠷᠤᠮ ᠤᠨ ᠬᠠᠤᠯᠢ ᠪᠠᠷ ᠵᠠᠰᠠᠬᠤ ᠶᠢ ᠰᠠᠢᠨ ᠰᠠᠢᠬᠠᠨ ᠲᠤᠰᠬᠠᠯᠲᠠ ᠲᠠᠢ ᠪᠣᠯᠭᠠᠬᠤ ᠬᠡᠷᠡᠭᠲᠠᠢ ᠃ ᠦᠢᠯᠡᠳᠦᠯᠭᠡ ᠶᠢᠨ ᠳᠤᠮᠳᠠ ᠥᠷᠭᠡᠨ ᠢᠶᠡᠷ ᠮᠡᠳᠡᠷᠡᠭᠳᠡᠵᠦ ᠂ ᠨᠡᠯᠢᠶᠡᠳ ᠪᠣᠯᠪᠠᠰᠤᠷᠠᠩᠭᠤᠶ ᠪᠣᠯᠤᠭᠰᠠᠨ ᠂ ᠬᠡᠷᠡᠭᠵᠢᠭᠦᠯᠵᠦ ᠪᠣᠯᠬᠤ ᠴᠢᠨᠠᠷ ᠢᠶᠠᠷ ᠴᠢᠩᠭ᠎ᠠ ᠶᠣᠰᠣ ᠮᠣᠷᠠᠯ ᠤᠨ ᠱᠠᠭᠠᠷᠳᠠᠯᠭ᠎ᠠ ᠶᠢ ᠴᠠᠭ ᠲᠤᠬᠠᠶ ᠳᠤᠨᠢ ᠬᠠᠤᠯᠢ ᠴᠠᠭᠠᠵᠠ ᠶᠢᠨ ᠳᠦᠷᠢᠮᠵᠢᠯ ᠪᠣᠯᠭᠠᠨ ᠳᠡᠪᠰᠢᠭᠦᠯᠵᠦ ᠂ ᠨᠡᠶᠢᠭᠡᠮ ᠳᠠᠶᠠᠭᠠᠷ ᠢ ᠬᠥᠲᠥᠯᠥᠨ ᠵᠢᠯᠣᠭᠣᠳᠴᠤ ᠶᠣᠰᠣ ᠶᠢ ᠳᠡᠭᠡᠳᠦᠯᠡᠨ ᠰᠠᠶᠢᠨ ᠤ ᠲᠥᠯᠥᠭᠡ ᠦᠢᠯᠡᠴᠢᠯᠡᠬᠦ ᠬᠡᠷᠡᠭᠲᠠᠢ ᠃ ᠬᠠᠤᠯᠢ ᠶᠢ ᠴᠢᠩᠭ᠎ᠠ ᠬᠡᠷᠡᠭᠵᠢᠭᠦᠯᠬᠦ ᠶᠢ ᠪᠠᠷᠢᠮᠲᠠᠯᠠᠵᠤ᠂ ᠦᠨᠡᠨ ᠶᠣᠰᠤ  ᠶᠢ ᠪᠠᠳᠠᠷᠠᠭᠤᠯᠤᠨ ᠂  ᠭᠠᠵᠢᠭᠤ ᠮᠠᠭᠤ ᠳᠤ ᠴᠣᠬᠢᠯᠲᠠ ᠥᠭᠭᠦᠨ᠎ᠡ᠃ ᠲᠥᠪ ᠭᠣᠣᠯᠴᠢ ᠪᠠᠷ ᠬᠠᠤᠯᠢ ᠪᠠᠷᠢᠬᠤ ᠶᠢ ᠪᠠᠷᠢᠮᠲᠠᠯᠠᠵᠤ ᠂ ᠬᠠᠤᠯᠢ ᠴᠠᠭᠠᠵᠠ ᠶᠢᠨ  ᠭᠠᠵᠢᠭᠤ ᠳᠤ ᠴᠣᠬᠢᠯᠲᠠ ᠥᠭᠭᠦ ᠬᠡᠷᠡᠭᠲᠠᠢ᠃

 ᠱᠢ ᠶᠢᠨ ᠫᠢᠩ ᠵᠢᠭᠠᠵᠤ ᠭᠠᠷᠭᠠᠭᠰᠠᠨ ᠨᠢ ᠂ ᠶᠣᠰᠣ ᠮᠣᠷᠠᠯ ᠤᠨ ᠬᠦᠷᠢᠶᠡᠨ ᠳᠡᠬᠢ ᠲᠣᠪᠣᠢᠢᠭᠰᠠᠨ ᠠᠰᠠᠭᠤᠳᠠᠯ ᠢ ᠬᠠᠤᠯᠢ ᠪᠠᠷ ᠵᠠᠰᠠᠬᠤ ᠠᠷᠭ᠎ᠠ ᠬᠡᠮᠵᠢᠶ᠎ᠡ ᠠᠪᠴᠤ ᠰᠢᠶᠳᠪᠦᠷᠢᠯᠡᠬᠦ ᠬᠡᠷᠡᠭᠲᠡᠶ ᠃ ᠬᠠᠤᠯᠢ ᠴᠠᠭᠠᠵᠠ ᠨᠢ ᠶᠣᠰᠤ ᠮᠤᠷᠠᠯ ᠤᠨ ᠬᠠᠮᠤᠭ ᠳᠣᠣᠷ᠎ᠠ ᠬᠢᠵᠠᠭᠠᠷ᠂ ᠮᠥᠨ ᠴᠦ ᠶᠣᠰᠣ ᠮᠣᠷᠠᠯ ᠤᠨ ᠪᠠᠲᠤᠯᠠᠭ᠎ᠠ ᠮᠥᠨ ᠃ ᠬᠣᠯᠪᠣᠭᠳᠠᠯ ᠪᠦᠬᠥᠢ ᠬᠠᠤᠯᠢ ᠲᠣᠭᠲᠠᠭᠠᠬᠤ ᠠᠵᠢᠯ ᠢ ᠴᠢᠩᠭᠠᠳᠬᠠᠵᠤ ᠂ ᠶᠠᠯ᠎ᠠ ᠤᠰᠤᠯ ᠬᠢᠬᠦ ᠦᠢᠯᠡ ᠠᠵᠢᠯᠯᠠᠭ᠎ᠠ ᠶᠢ ᠵᠠᠯᠬᠠᠭᠠᠨ ᠴᠡᠭᠡᠷᠯᠡᠭᠦᠯᠬᠦ ᠠᠷᠭ᠎ᠠ ᠬᠡᠮᠵᠢᠶ᠎ᠡ  ᠶᠢ ᠳᠤᠲᠤᠷᠬᠠᠢᠯᠠᠨ᠎ᠠ᠃ ᠤᠯᠠᠨ ᠲᠦᠮᠡᠨ ᠦ ᠲᠤᠰᠬᠠᠯ ᠶᠡᠬᠡᠲᠡᠶ ᠶᠠᠯ᠎ᠠ ᠤᠰᠤᠯ ᠬᠢᠭᠰᠡᠨ ᠦᠢᠯᠡ ᠠᠵᠢᠯᠯᠠᠭ᠎ᠠ ᠶᠢᠨ ᠴᠡᠭᠴᠡᠯᠡᠨ ᠵᠠᠰᠠᠬᠤ  ᠬᠦᠴᠦᠯᠡᠴᠡ ᠪᠡᠨ ᠴᠢᠩᠭ᠋ᠠᠳᠬᠠᠨ᠎ᠠ ᠃ ᠦᠨᠡᠨᠴᠢ ᠢᠲᠡᠭᠡᠮᠵᠢ ᠪᠡᠷ ᠳᠤᠲᠠᠭᠳᠠᠵᠤ ᠪᠠᠢᠭ᠎ᠠ ᠠᠰᠠᠭᠤᠳᠠᠯ  ᠳᠤ ᠴᠢᠭᠯᠡᠭᠦᠯᠦᠨ᠂ ᠪᠦᠬᠦ ᠨᠡᠶᠢᠭᠡᠮ ᠢ ᠬᠠᠮᠤᠷᠤᠭᠰᠠᠨ ᠢᠲᠡᠭᠡᠮᠵᠢ ᠶᠢᠨ ᠮᠡᠳᠡᠭᠡ ᠵᠠᠩᠭᠢ ᠶᠢᠨ ᠰᠢᠰᠲ᠋ᠧᠮ  ᠢ ᠱᠠᠯᠠᠪᠳᠠᠨ  ᠪᠠᠢᠭᠤᠯᠬᠤ ᠬᠡᠷᠡᠭᠲᠡᠶ ᠮᠥᠷᠲᠡᠭᠡᠨ ᠪᠠᠰᠠ ᠬᠠᠤᠯᠢ ᠶᠢ  ᠰᠠᠬᠢᠵᠤ ᠦᠨᠡᠨᠴᠢ ᠢᠲᠡᠭᠡᠮᠵᠢᠲᠡᠶ ᠪᠠᠶᠢᠬᠤ ᠶᠢ ᠵᠣᠷᠢᠭᠵᠢᠭᠤᠯᠤᠨ ᠱᠠᠩᠨᠠᠬᠤ ᠲᠣᠭᠲᠠᠴᠠ ᠪᠠ ᠬᠠᠤᠯᠢ ᠶᠢ ᠵᠥᠷᠢᠴᠡᠵᠦ ᠢᠲᠡᠭᠡᠯ  ᠠᠯᠳᠠᠭᠰᠠᠳ ᠢ ᠵᠠᠯᠬᠠᠭᠠᠨ ᠴᠡᠭᠡᠷᠯᠡᠭᠦᠯᠬᠦ ᠲᠣᠭᠲᠠᠴᠠ ᠶᠢ ᠲᠡᠭᠦᠯᠳᠡᠷᠵᠢᠭᠦᠯᠵᠦ ᠂  ᠬᠥᠮᠦᠰ ᠢ ᠢᠳᠡᠭᠡᠯ ᠠᠯᠳᠠᠵᠤ ᠲᠦᠪᠳᠡᠬᠦ ᠦᠭᠡᠢ᠂ ᠢᠲᠡᠭᠡᠯ ᠠᠯᠳᠠᠬᠤ ᠦᠭᠡᠢ ᠪᠣᠯᠭᠠᠨ᠎ᠠ᠃ ᠠᠰᠢᠭ ᠢ ᠦᠵᠡᠭᠡᠳ ᠵᠢᠷᠤᠮ ᠢ ᠮᠠᠷᠲᠠᠬᠤ ᠂ ᠬᠤᠳᠠᠯ ᠬᠠᠭᠤᠷᠮᠠᠭ ᠮᠠᠭᠤ ᠦᠢᠯᠡᠳᠬᠦᠨ ᠦᠢᠯᠡᠳᠴᠦ ᠪᠣᠷᠣᠯᠠᠭᠤᠯᠬᠤ ᠬᠠᠤᠯᠢ ᠠᠴᠠ ᠵᠥᠷᠢᠴᠡᠭᠰᠡᠨ ᠦᠢᠯᠡ ᠠᠵᠢᠯᠯᠠᠭ᠎ᠠ  ᠳᠤ ᠴᠢᠭᠯᠡᠭᠦᠯᠦᠨ᠂ ᠬᠠᠤᠯᠢ ᠬᠡᠷᠡᠭᠵᠢᠭᠦᠯᠬᠦ ᠡᠷᠴᠢᠮ ᠢ ᠨᠡᠮᠡᠭᠳᠡᠭᠦᠯᠵᠦ ᠂ ᠶᠣᠰᠣ ᠵᠥᠷᠢᠴᠡᠭᠰᠡᠳ  ᠢ ᠵᠠᠯᠬᠠᠭᠠᠨ  ᠰᠢᠢᠳᠬᠡᠵᠦ᠂  ᠲᠡᠨᠡᠦᠰ  ᠢᠶᠡᠷ ᠦᠷᠥᠭᠳᠡᠯ ᠭᠠᠷᠭᠠᠬᠤ ᠬᠡᠷᠡᠭᠲᠠᠢ᠃

 ᠱᠢ ᠶᠢᠨ ᠫᠢᠩ ᠴᠢᠬᠤᠯᠠᠴᠢᠯᠠᠭᠰᠠᠨ ᠨᠢ ᠂ ᠠᠷᠠᠳ ᠨᠡᠶᠢᠲᠡ ᠶᠢᠨ ᠬᠠᠤᠯᠢ ᠪᠠᠷ ᠵᠠᠰᠠᠬᠤ ᠦᠵᠡᠯ ᠤᠬᠠᠮᠰᠠᠷ ᠪᠠ ᠶᠣᠰᠣ ᠮᠣᠷᠠᠯ ᠤᠨ ᠤᠬᠠᠮᠰᠠᠷ ᠢ ᠳᠡᠭᠡᠭᠰᠢᠯᠡᠭᠦᠯᠬᠦ ᠬᠡᠷᠡᠭᠲᠡᠶ ᠃ ᠬᠠᠤᠯᠢ ᠴᠠᠭᠠᠵᠠ ᠦᠢᠯᠡᠳᠦᠯ ᠢᠶᠡᠨ ᠪᠠᠳᠠᠷᠠᠭᠤᠯᠬᠤ  ᠳᠤ ᠂ ᠶᠠᠭᠤᠨ ᠤ ᠡᠮᠦᠨ᠎ᠡ ᠪᠦᠬᠦ ᠨᠡᠶᠢᠭᠡᠮ ᠢᠶᠡᠷ ᠢᠶᠡᠨ ᠬᠠᠤᠯᠢ ᠴᠠᠭᠠᠵᠠ  ᠶᠢ ᠰᠢᠲᠦᠬᠦ ᠬᠡᠷᠡᠭᠲᠡᠶ ᠃ ᠶᠣᠰᠣ ᠮᠣᠷᠠᠯ ᠢ ᠵᠢᠷᠤᠮᠯᠠᠬᠤ  ᠳᠤ ᠂ ᠡᠷᠬᠡᠪᠰᠢ ᠪᠦᠬᠦ ᠠᠷᠠᠳ ᠲᠦᠮᠡᠨ ᠦ ᠶᠣᠰᠣ ᠮᠣᠷᠠᠯ ᠤᠨ ᠬᠡᠪ ᠴᠢᠨᠠᠷ ᠢ ᠳᠡᠭᠡᠭᠰᠢᠯᠡᠭᠦᠯᠬᠦ ᠬᠡᠷᠡᠭᠲᠡᠶ ᠃ ᠬᠠᠤᠯᠢ ᠪᠠᠷ ᠵᠠᠰᠠᠬᠤ ᠤᠬᠠᠭᠤᠯᠭ᠎ᠠ ᠬᠥᠮᠦᠵᠢᠯ ᠢ ᠴᠢᠩᠭᠠᠳᠬᠠᠵᠤ ᠂ ᠨᠡᠶᠢᠭᠡᠮ ᠳᠠᠶᠠᠭᠠᠷ ᠢ ᠬᠥᠲᠥᠯᠥᠨ ᠵᠢᠯᠣᠭᠣᠳᠴᠤ ᠪᠠᠶᠢᠭᠠᠳ ᠬᠠᠤᠯᠢ ᠪᠠᠷ ᠵᠠᠰᠠᠬᠤ ᠤᠬᠠᠮᠰᠠᠷ ᠢ ᠪᠤᠢ ᠪᠣᠯᠭᠠᠵᠤ ᠂ ᠬᠥᠮᠦᠰ ᠦᠨ  ᠦᠨᠳᠦᠰᠦᠨ ᠬᠠᠤᠯᠢ ᠬᠠᠤᠯᠢ ᠴᠠᠭᠠᠵᠠ ᠶᠢ ᠦᠨᠡᠨ ᠰᠡᠳᠬᠢᠯ ᠡᠴᠡ ᠪᠡᠨ ᠵᠢᠷᠤᠮᠯᠠᠬᠤ ᠪᠣᠯᠭᠠᠨ᠎ᠠ᠃ ᠡᠭᠦᠨ ᠦ ᠬᠠᠮᠲᠤ ᠶᠣᠰᠣ ᠮᠣᠷᠠᠯ ᠤᠨ ᠪᠠᠶᠢᠭᠤᠯᠤᠯᠲᠠ ᠶᠢ ᠴᠢᠩᠭᠠᠳᠬᠠᠵᠤ ᠂ ᠳᠤᠮᠳᠠᠳᠤ ᠶᠢᠨ ᠦᠨᠳᠦᠰᠦᠲᠡᠨ ᠦ ᠤᠯᠠᠮᠵᠢᠯᠠᠯᠲᠤ ᠰᠠᠶᠢᠬᠠᠨ ᠶᠣᠰᠣ ᠮᠣᠷᠠᠯ ᠂ ᠪᠦᠬᠦ ᠨᠡᠶᠢᠭᠡᠮ ᠦᠨ ᠦᠵᠡᠯ ᠰᠠᠨᠠᠭ᠎ᠠ ᠶᠣᠰᠣ ᠮᠣᠷᠠᠯ ᠤᠨ ᠬᠡᠪ ᠴᠢᠨᠠᠷ  ᠢ ᠳᠡᠭᠰᠢᠯᠡᠭᠦᠯᠦᠨ᠎ᠡ᠃ ᠪᠦᠭᠦ ᠠᠷᠠᠳ ᠳᠤ ᠬᠠᠤᠯᠢ ᠶᠢ ᠲᠦᠭᠡᠮᠡᠯᠵᠢᠭᠦᠯᠬᠦ ᠪᠠ ᠠᠷᠠᠳ ᠨᠡᠶᠢᠲᠡ ᠪᠡᠷ ᠢᠶᠡᠨ ᠬᠠᠤᠯᠢ ᠶᠢ ᠰᠠᠬᠢᠬᠤ ᠶᠠᠪᠤᠳᠠᠯ ᠢ ᠬᠠᠤᠯᠢ ᠶᠣᠰᠣᠭᠠᠷ ᠤᠯᠤᠰ ᠢᠶᠠᠨ ᠵᠠᠰᠠᠬᠤ ᠶᠢᠨ ᠰᠠᠭᠤᠷᠢ ᠠᠵᠢᠯ  ᠪᠣᠯᠭᠠᠵᠤ ᠂ ᠪᠦᠬᠦ ᠠᠷᠠᠳ ᠲᠦᠮᠡᠨ ᠢ ᠨᠡᠶᠢᠭᠡᠮ ᠵᠢᠷᠤᠮ ᠤᠨ ᠬᠠᠤᠯᠢ ᠪᠠᠷ ᠵᠠᠰᠠᠬᠤ  ᠶᠢ ᠴᠢᠩ ᠦᠨᠡᠨᠴᠢ ᠪᠡᠷ ᠡᠷᠬᠢᠮᠯᠡᠨ ᠂ ᠤᠬᠠᠮᠰᠠᠷ ᠠᠴᠠ ᠪᠠᠨ ᠵᠢᠷᠤᠮᠯᠠᠨ ᠰᠠᠬᠢᠭᠴᠢ ᠪᠠ ᠡᠷᠡᠰ ᠪᠠᠲᠤ ᠬᠠᠮᠠᠭᠠᠯᠠᠭᠴᠢ ᠪᠣᠯᠭᠠᠬᠤ ᠬᠡᠷᠡᠭᠲᠡᠶ ᠃ ᠠᠷᠠᠳ ᠢᠷᠭᠡᠳ ᠦᠨ ᠶᠣᠰᠣ ᠮᠣᠷᠠᠯ ᠤᠨ ᠪᠠᠶᠢᠭᠤᠯᠤᠯᠲᠠ ᠶᠢᠨ ᠢᠨᠵᠧᠨᠧᠷᠢᠩ ᠢ ᠭᠦᠨᠵᠡᠭᠡᠶ ᠬᠡᠷᠡᠭᠵᠢᠭᠦᠯᠵᠦ ᠂ ᠤᠯᠠᠨ ᠲᠦᠮᠡᠨᠴᠢ ᠴᠢᠨᠠᠷᠲᠠᠶ ᠤᠶᠤᠨ ᠤ ᠪᠣᠯᠪᠠᠰᠤᠨ ᠢ ᠡᠭᠦᠳᠦᠨ ᠪᠠᠶᠢᠭᠤᠯᠬᠤ ᠠᠵᠢᠯᠯᠠᠭ᠎ᠠ ᠶᠢ ᠭᠦᠨᠵᠡᠭᠡᠶᠢᠷᠡᠭᠦᠯᠵᠦ ᠂ ᠥᠷᠭᠡᠨ ᠤᠯᠠᠨ ᠲᠦᠮᠡᠨ ᠢ ᠬᠥᠲᠥᠯᠥᠨ ᠵᠢᠯᠣᠭᠣᠳᠴᠤ ᠤᠬᠠᠮᠰᠠᠷ ᠠᠴᠠ ᠪᠠᠨ ᠨᠡᠶᠢᠭᠡᠮ ᠵᠢᠷᠤᠮ ᠤᠨ ᠭᠣᠣᠯᠯᠠᠬᠤ ᠦᠷᠳᠡᠭ ᠦᠨ ᠦᠵᠡᠯᠲᠡ ᠶᠢ ᠦᠢᠯᠡᠳᠦᠯᠭᠡᠵᠢᠭᠦᠯᠵᠦ ᠂  ᠰᠠᠢᠨ ᠰᠠᠶᠢᠬᠠᠨ ᠶᠣᠰᠣ ᠮᠣᠷᠠᠯ ᠤᠨ ᠬᠡᠪ ᠰᠤᠷᠲᠠᠯ ᠢ ᠪᠤᠢ ᠪᠣᠯᠭᠠᠵᠤ ᠂ ᠨᠡᠶᠢᠭᠡᠮ ᠵᠢᠷᠤᠮ ᠤᠨ ᠶᠣᠰᠣ ᠮᠣᠷᠠᠯ ᠤᠨ ᠦᠯᠢᠭᠡᠷ ᠵᠢᠱᠢᠶ᠎ᠡ ᠦᠵᠡᠭᠦᠯᠦᠭᠴᠢ ᠂ ᠬᠠᠮᠠᠭᠠᠯᠠᠭᠴᠢᠳ ᠰᠠᠢᠢᠨ ᠰᠠᠶᠢᠬᠠᠨ ᠬᠡᠪ ᠰᠤᠷᠲᠠᠯ ᠢ ᠪᠤᠢ ᠪᠣᠯᠭᠠᠬᠤ ᠬᠡᠷᠡᠭᠲᠡᠶ ᠃

 ᠱᠢ ᠶᠢᠨ ᠫᠢᠩ ᠵᠢᠭᠠᠵᠤ ᠭᠠᠷᠭᠠᠭᠰᠠᠨ ᠨᠢ ᠂ ᠤᠳᠤᠷᠢᠳᠬᠤ ᠺᠠᠳ᠋ᠷ ᠤᠨ ᠬᠠᠤᠯᠢ ᠶᠣᠰᠣᠭᠠᠷ ᠤᠯᠤᠰ ᠢᠶᠠᠨ ᠵᠠᠰᠠᠬᠤ ᠪᠣᠯᠤᠨ ᠶᠣᠰᠣ ᠮᠣᠷᠠᠯ ᠢᠶᠠᠷ ᠵᠠᠰᠠᠬᠤ ᠪᠣᠯ ᠤᠯᠤᠰ ᠤᠨ ᠳᠣᠲᠣᠭᠠᠳᠤ ᠳᠤ ᠵᠠᠩᠭᠢᠯᠠᠭ᠎ᠠ ᠶᠢᠨ ᠦᠢᠯᠡᠳᠦᠯ ᠦᠵᠡᠭᠦᠯᠵᠦ ᠪᠠᠶᠢᠳᠠᠭ ᠃ ᠤᠳᠤᠷᠢᠳᠬᠤ ᠺᠠᠳ᠋ᠷᠴᠤᠳ ᠪᠦᠬᠦ ᠲᠠᠯ᠎ᠠ ᠪᠠᠷ ᠬᠠᠤᠯᠢ ᠶᠣᠰᠣᠭᠠᠷ ᠤᠯᠤᠰ ᠢᠶᠠᠨ ᠵᠠᠰᠠᠬᠤ ᠶᠢᠨ ᠵᠣᠬᠢᠶᠠᠨ ᠪᠠᠶᠢᠭᠤᠯᠤᠭᠴᠢ ᠂ ᠲᠦᠯᠬᠢᠨ ᠠᠬᠢᠭᠤᠯᠤᠭᠴᠢ ᠂ ᠶᠣᠰᠣ ᠮᠣᠷᠠᠯ ᠤᠨ ᠪᠠᠶᠢᠭᠤᠯᠤᠯᠲᠠ ᠶᠢ ᠢᠳᠡᠪᠬᠢᠲᠡᠶ ᠰᠠᠨᠠᠭᠠᠴᠢᠯᠠᠭᠴᠢ ᠂ ᠥᠯᠢᠭᠡᠷ ᠵᠢᠱᠢᠶᠡᠴᠢ ᠪᠣᠯᠬᠤ ᠬᠡᠷᠡᠭᠲᠡᠶ ᠃ ᠤᠳᠤᠷᠢᠳᠬᠤ ᠺᠠᠳ᠋ᠷᠴᠤᠳ ᠲᠦᠷᠦᠭᠦᠯᠡᠨ ᠬᠠᠤᠯᠢ ᠰᠤᠷᠤᠯᠴᠠᠬᠤ ᠂ ᠬᠠᠤᠯᠢ ᠶᠢ ᠰᠠᠬᠢᠬᠤ ᠵᠢᠰᠢᠶᠡᠴᠢ ᠪᠣᠯᠵᠤ ᠪᠦᠬᠦ ᠲᠠᠯ᠎ᠠ ᠪᠠᠷ ᠬᠠᠤᠯᠢ ᠶᠣᠰᠣᠭᠠᠷ ᠤᠯᠤᠰ ᠢᠶᠠᠨ ᠵᠠᠰᠠᠬᠤ ᠶᠢᠨ ᠵᠠᠩᠭᠢᠯᠠᠭ᠎ᠠ ᠪᠣᠯᠵᠤ᠂ ᠤᠳᠤᠷᠢᠳᠬᠤ ᠺᠠᠳ᠋ᠷ ᠤᠨ ᠬᠠᠤᠯᠢ ᠰᠤᠷᠬᠤ ᠶᠠᠪᠤᠳᠠᠯ ᠢ ᠪᠠᠢᠩᠭᠤ ᠪᠣᠯᠭᠠᠵᠤ᠂ ᠳᠦᠷᠢᠮᠵᠢᠭᠦᠯᠬᠦ ᠬᠡᠷᠡᠭᠲᠡᠶ ᠃ ᠡᠷᠳᠡᠮ ᠢᠶᠡᠷ ᠪᠡᠶ᠎ᠡ ᠪᠡᠨ ᠵᠠᠰᠠᠬᠤ ᠂  ᠮᠤᠷᠠᠯ ᠢᠶᠡᠷ ᠡᠮᠢᠶᠡᠯᠭᠡᠬᠦ ᠂ ᠮᠣᠷᠠᠯ ᠢᠶᠠᠷ ᠤᠯᠠᠨ ᠢ ᠪᠢᠰᠢᠷᠡᠭᠦᠯᠬ ᠨᠢ ᠺᠠᠳ᠋ᠷ ᠤᠨ ᠴᠢᠳᠠᠪᠤᠷᠢᠲᠠᠨ ᠪᠣᠯᠬᠤ ᠶᠢᠨ ᠴᠢᠬᠤᠯᠠ ᠬᠦᠴᠦᠨ ᠵᠦᠢᠯ ᠮᠥᠨ ᠃ ᠤᠳᠤᠷᠢᠳᠬᠤ ᠺᠠᠳ᠋ᠷᠴᠤᠳ ᠨᠡᠶᠢᠭᠡᠮ ᠳᠠᠶᠠᠭᠠᠷ ᠤᠨ ᠶᠣᠰᠣ ᠮᠣᠷᠠᠯ ᠤᠨ ᠬᠡᠪ ᠳᠠᠭᠤᠷᠢᠶᠠᠯ ᠪᠣᠯᠬᠤ ᠪᠠᠷ ᠴᠢᠷᠮᠠᠶᠢᠬᠤ ᠬᠡᠷᠡᠭᠲᠡᠶ ᠂ ᠨᠡᠶᠢᠭᠡᠮ ᠵᠢᠷᠤᠮ ᠤᠨ ᠭᠣᠣᠯᠯᠠᠬᠤ ᠦᠷᠳᠡᠭ ᠦᠨ ᠦᠵᠡᠯᠲᠡ ᠶᠢ ᠲᠦᠷᠦᠭᠦᠯᠡᠨ ᠦᠢᠯᠡᠳᠦᠯᠭᠡᠵᠢᠭᠦᠯᠵᠦ ᠂ ᠨᠠᠮᠴᠢ ᠴᠢᠨᠠᠷ ᠢ ᠡᠷᠬᠢᠮᠯᠡᠨ ᠂ ᠵᠠᠩ ᠰᠤᠷᠲᠠᠯ ᠢ ᠴᠢᠬᠤᠯᠠᠴᠢᠯᠠᠵᠤ ᠂  ᠭᠡᠷ ᠪᠦᠯᠢ ᠂ ᠭᠡᠷ ᠤᠨ ᠰᠤᠷᠭᠠᠯ᠂ ᠭᠡᠷ ᠤᠨ ᠰᠤᠷᠲᠠᠯ ᠢ ᠬᠦᠨᠳᠦᠯᠡᠬᠦ ᠶᠢᠨ ᠲᠠᠭᠤᠷᠢᠶᠠᠯ ᠪᠣᠯᠵᠤ᠂ ᠨᠠᠮ ᠤᠨ ᠬᠡᠰᠢᠭᠦᠨ ᠤ ᠡᠷᠬᠢᠮ ᠳᠡᠭᠡᠲᠦ  ᠬᠡᠪ ᠴᠢᠨᠠᠷ ᠢᠶᠡᠨ ᠪᠠᠲᠤᠯᠠᠵᠤ᠂ ᠪᠣᠳᠠᠲᠤ ᠠᠵᠢᠯᠠᠯᠭ᠎ᠠ ᠪᠡᠷ ᠢᠶᠡᠨ ᠪᠦᠬᠦ ᠨᠡᠢᠭᠡᠮ ᠢ ᠲᠠᠢᠴᠢᠯᠠᠨ ᠤᠬᠠᠮᠰᠠᠷ ᠡᠴᠡ ᠪᠡᠨ ᠬᠠᠤᠯᠢ ᠶᠢ ᠬᠦᠨᠳᠦᠯᠡᠵᠦ᠂ ᠬᠠᠤᠯᠢ ᠶᠢ ᠰᠠᠬᠢᠬᠤ ᠪᠣᠯᠭᠠᠬᠤ ᠬᠡᠷᠡᠭᠲᠠᠢ᠃

 

ᠢᠷᠡᠯᠲᠡ ᠄ ᠳᠤᠮᠳᠠᠳᠤ ᠤᠯᠤᠰ ᠤᠨ ᠰᠢᠭᠦᠬᠦ ᠬᠣᠷᠢᠶᠠᠨ ᠤ ᠰᠦᠯᠵᠢᠶ᠎ᠡ

ᠦᠨᠡᠯᠡᠬᠦ 0ᠦᠨᠡᠯᠡᠯᠲᠡ᠎ᠲᠠᠢ


( ᠨᠧᠲ ᠨᠠᠢᠵᠠ ᠵᠢᠨ ᠦᠨᠡᠯᠡᠯᠲᠡ᠎ᠨᠢ ᠵᠦᠪᠭᠡᠨ ᠲᠡᠭᠦᠨ ᠊ᠤ᠌ ᠬᠤᠪᠢ ᠭᠦᠮᠦᠨ ᠊ᠤ᠌ ᠦᠵᠡᠯᠲᠡ ᠲᠡᠳᠦᠢ᠂ ᠲᠤᠰ ᠨᠧᠲ ᠦᠷᠳᠡᠭᠡ ᠲᠡᠭᠦᠨ ᠊ᠤ᠌ ᠦᠵᠡᠯᠲᠡ ᠵᠢ ᠵᠦᠪᠱᠢᠶᠡᠷᠡᠭᠰᠡᠨ ᠶᠠᠪᠤᠳᠠᠯ ᠤᠭᠳᠤ ᠪᠢᠱᠢ᠎ᠶᠤᠮ᠃ )