ᠠᠷᠠᠳ ᠤᠨ ᠳᠡᠭᠡᠳᠦ ᠵᠡᠷᠭᠡ ᠶᠢᠨ ᠰᠢᠭᠦᠬᠦ ᠬᠣᠷᠢᠶᠠᠨ ᠤ ᠵᠠᠰᠠᠭ ᠵᠠᠬᠢᠷᠭᠠᠨ ᠤ ᠰᠢᠭᠦᠬᠦ ᠲᠢᠩᠬᠢᠮ ᠤᠨ ᠵᠠᠯᠠᠭᠤ ᠰᠢᠭᠦᠭᠴᠢ ᠪᠣᠯᠤᠨ ᠠᠷᠠᠳ ᠤᠨ ᠲᠥᠯᠦᠭᠡᠯᠡᠭᠴᠢ ᠲᠠᠢ ᠬᠠᠮᠲᠤ ᠪᠡᠷ ᠥᠮᠴᠢᠯᠡᠬᠦ ᠡᠷᠬᠡ ᠶᠢ ᠬᠠᠮᠠᠭᠠᠯᠠᠬᠤ ᠲᠤᠬᠠᠢ ᠶᠠᠷᠢᠯᠴᠠᠪᠠ
ᠨᠠᠶᠢᠷᠠᠭᠤᠯᠤᠭᠴᠢ ᠶᠢᠨ ᠦᠭᠡ ᠄ 12 ᠰᠠᠷ᠎ᠠ ᠶᠢᠨ 9 ᠦ ᠦᠳᠡ ᠶᠢᠨ ᠡᠮᠦᠨ᠎ᠡ ᠂ ᠠᠷᠠᠳ ᠤᠨ ᠳᠡᠭᠡᠳᠦ ᠵᠡᠷᠭᠡ ᠶᠢᠨ ᠰᠢᠭᠦᠬᠦ ᠬᠣᠷᠢᠶᠠᠨ ᠤ ᠵᠠᠰᠠᠭ ᠵᠠᠬᠢᠷᠭᠠᠨ ᠤ ᠰᠢᠭᠦᠨ ᠲᠠᠰᠤᠯᠬᠤ ᠲᠢᠩᠬᠢᠮ ᠤᠨ ᠵᠠᠯᠠᠭᠤ ᠬᠠᠤᠯᠢ ᠶᠢᠨ ᠲᠤᠰᠢᠶᠠᠯᠲᠠᠨ ᠠᠷᠠᠳ ᠤᠨ ᠲᠥᠯᠥᠭᠡᠯᠡᠭᠴᠢᠳ ᠦᠨ ᠶᠡᠬᠡ ᠬᠤᠷᠠᠯ ᠤᠨ ᠲᠥᠯᠥᠭᠡᠯᠡᠭᠴᠢᠳ ᠲᠠᠢ ᠬᠠᠮᠲᠤᠷᠠᠨ ᠬᠥᠳᠡᠯᠦᠯᠴᠡᠬᠦ ᠲᠣᠭᠲᠠᠴᠠ ᠶᠢᠨ 2016 ᠣᠨ ᠤ ᠠᠵᠢᠯ ᠤᠨ ᠬᠤᠷᠠᠯᠳᠤᠭᠠᠨ ᠵᠢᠴᠢ ᠵᠠᠰᠠᠭ ᠵᠠᠬᠢᠷᠭᠠᠨ ᠤ ᠰᠢᠭᠦᠨ ᠲᠠᠰᠤᠯᠠᠯᠲᠠ ᠶᠢᠨ ᠥᠮᠴᠢᠯᠡᠯ ᠦᠨ ᠡᠷᠬᠡ ᠶᠢᠨ ᠬᠠᠮᠠᠭᠠᠯᠠᠯᠲᠠ ᠶᠢᠨ ᠠᠵᠢᠯ ᠤᠨ ᠳᠤᠮᠳᠠᠬᠢ ᠣᠷᠣᠨ ᠪᠠᠶᠢᠷᠢ ᠶᠢᠨ ᠲᠣᠭᠲᠠᠭᠠᠯᠲᠠ ᠪᠣᠯᠤᠨ ᠴᠢᠳᠠᠮᠵᠢ ᠶᠢᠨ ᠰᠤᠳᠤᠯᠤᠨ ᠶᠠᠷᠢᠯᠴᠠᠬᠤ ᠬᠤᠷᠠᠯ ᠠᠷᠠᠳ ᠤᠨ ᠳᠡᠭᠡᠳᠦ ᠰᠢᠭᠦᠬᠦ ᠬᠣᠷᠢᠶᠠᠨ ᠳᠤ ᠶᠠᠪᠤᠭᠳᠠᠪᠠ ᠃ ᠠᠷᠠᠳ ᠤᠨ ᠳᠡᠭᠡᠳᠦ ᠵᠡᠷᠭᠡ ᠶᠢᠨ ᠰᠢᠭᠦᠬᠦ ᠬᠣᠷᠢᠶᠠᠨ ᠤ ᠳᠡᠳ᠋ ᠬᠣᠷᠢᠶᠠᠨ ᠳᠠᠷᠤᠭ᠎ᠠ ᠵᠢᠶᠠᠩ ᠪᠢ ᠰᠢᠨ ᠂ ᠪᠦᠬᠦ ᠤᠯᠤᠰ ᠤᠨ ᠠᠷᠠᠳ ᠤᠨ ᠲᠥᠯᠥᠭᠡᠯᠡᠭᠴᠢ ᠵᠢᠴᠢ ᠠᠷᠠᠳ ᠤᠨ ᠳᠡᠭᠡᠳᠦ ᠵᠡᠷᠭᠡ ᠶᠢᠨ ᠰᠢᠭᠦᠬᠦ ᠬᠣᠷᠢᠶᠠᠨ ᠤ ᠣᠨᠴᠠ ᠤᠷᠢᠭᠰᠠᠨ ᠬᠢᠨᠠᠯᠲᠠ ᠲᠠᠯᠪᠢᠭᠴᠢ ᠂ ᠣᠨᠴᠠ ᠤᠷᠢᠭᠰᠠᠨ ᠵᠥᠪᠯᠡᠯᠭᠡ ᠥᠭᠭᠦᠭᠴᠢ ᠵᠡᠷᠭᠡ ᠡᠨᠡ ᠤᠳᠠᠭ᠎ᠠ ᠶᠢᠨ ᠠᠵᠢᠯᠯᠠᠭ᠎ᠠ ᠳᠤ ᠣᠷᠣᠯᠴᠠᠪᠠ ᠃ ᠵᠢᠶᠠᠩ ᠪᠢ ᠰᠢᠨ ᠵᠠᠯᠠᠭᠤ ᠬᠠᠤᠯᠢ ᠶᠢᠨ ᠲᠤᠰᠢᠶᠠᠯᠲᠠᠨ ᠢ ᠠᠷᠠᠳ ᠤᠨ ᠲᠥᠯᠥᠭᠡᠯᠡᠭᠴᠢᠳ ᠦᠨ ᠶᠡᠬᠡ ᠬᠤᠷᠠᠯ ᠤᠨ ᠲᠥᠯᠥᠭᠡᠯᠡᠭᠴᠢᠳ ᠲᠡᠶ ᠨᠡᠪᠲᠡᠷᠡᠯᠴᠡᠨ ᠰᠤᠯᠢᠯᠴᠠᠵᠤ᠂ ᠰᠠᠨᠠᠯ ᠢ ᠳᠠᠷᠤᠤ ᠬᠢᠴᠢᠶᠡᠩᠭᠦᠶ ᠪᠡᠷ ᠰᠣᠨᠤᠰᠬᠤ ᠪᠡᠨ ᠴᠢᠩᠭ᠋ᠠᠳᠬᠠᠬᠤ ᠶᠢ ᠬᠦᠰᠡᠵᠦ᠂ ᠬᠠᠮᠲᠤ ᠪᠠᠷ ᠠᠷᠠᠳ ᠤᠨ ᠰᠢᠭᠦᠬᠦ ᠬᠣᠷᠢᠶᠠᠨ ᠤ ᠵᠠᠰᠠᠭ ᠵᠠᠬᠢᠷᠭᠠᠨ ᠤ ᠰᠢᠭᠦᠨ ᠲᠠᠰᠤᠯᠬᠤ ᠪᠣᠯᠤᠨ ᠪᠤᠰᠤᠳ ᠡᠯ᠎ᠡ ᠵᠦᠢᠯ ᠦᠨ ᠠᠵᠢᠯ ᠤᠨ ᠰᠢᠨᠵᠢᠯᠡᠬᠦ ᠤᠬᠠᠭᠠᠨᠴᠢ ᠬᠥᠭᠵᠢᠯᠲᠡ ᠂ ᠬᠠᠤᠯᠢ ᠪᠠᠷ ᠵᠠᠰᠠᠬᠤ ᠳᠤᠮᠳᠠᠳᠤ ᠤᠯᠤᠰ ᠢ ᠪᠦᠲᠦᠭᠡᠨ ᠪᠠᠶᠢᠭᠤᠯᠬᠤ ᠶᠢ ᠲᠦᠯᠬᠢᠨ ᠠᠬᠢᠭᠤᠯᠬᠤ ᠳᠤ ᠢᠳᠡᠪᠬᠢᠲᠡᠶ ᠬᠤᠪᠢ ᠨᠡᠮᠡᠷᠢ ᠦᠵᠡᠭᠦᠯᠬᠦ ᠬᠡᠷᠡᠭᠲᠠᠢ᠃ ᠲᠤᠰ ᠬᠡᠪᠯᠡᠯ ᠦᠨ ᠬᠢᠨ ᠬᠤᠷᠠᠯ ᠳᠤ ᠣᠷᠣᠯᠴᠠᠭᠰᠠᠨ ᠠᠷᠠᠳ ᠤᠨ ᠲᠥᠯᠥᠭᠡᠯᠡᠭᠴᠢᠳ ᠦᠨ ᠶᠡᠬᠡ ᠬᠤᠷᠠᠯ ᠤᠨ ᠲᠥᠯᠥᠭᠡᠯᠡᠭᠴᠢᠳ ᠂ ᠣᠨᠴᠠ ᠤᠷᠢᠭᠰᠠᠨ ᠬᠢᠨᠠᠯᠲᠠ ᠲᠠᠯᠪᠢᠭᠴᠢ ᠂ ᠣᠨᠴᠠ ᠤᠷᠢᠭᠰᠠᠨ ᠵᠥᠪᠯᠡᠯᠭᠡ ᠥᠭᠭᠦᠭᠴᠢ ᠶᠢᠨ ᠬᠡᠯᠡᠭᠰᠡᠨ ᠦᠭᠡ ᠶᠢ ᠰᠣᠩᠭᠣᠨ ᠨᠡᠶᠢᠲᠡᠯᠡᠬᠦ ᠨᠢ ᠳᠣᠣᠷᠠᠬᠢ ᠮᠡᠲᠦ ᠂ ᠤᠩᠰᠢᠭᠴᠢᠳ ᠭᠡᠭᠡᠨ ᠳᠤ ᠪᠡᠨ ᠲᠤᠯᠢᠳᠠᠵᠤ ᠪᠤᠯᠭᠠᠨᠠᠤ᠃
ᠨᠡᠢᠲᠡ ᠬᠤᠪᠢ ᠶᠢᠨ ᠠᠰᠢᠭ ᠲᠤᠰᠠ ᠶᠢ ᠲᠡᠩᠴᠡᠭᠦᠷᠢ ᠲᠠᠢ ᠬᠠᠮᠠᠭᠠᠯᠠᠵᠤ ᠂ ᠵᠠᠰᠠᠭ ᠵᠠᠬᠢᠷᠭᠠᠨ ᠳᠤ ᠪᠥᠬᠦ ᠲᠠᠯ᠎ᠠ ᠶᠢᠨ ᠡᠷᠴᠢᠮᠲᠠᠢ ᠬᠢᠨᠠᠯᠲᠠ ᠲᠠᠯᠪᠢᠨ᠎ᠠ
ᠪᠦᠬᠦ ᠤᠯᠤᠰ ᠤᠨ ᠠᠷᠠᠳ ᠤᠨ ᠲᠥᠯᠥᠭᠡᠯᠡᠭᠴᠢ ᠂ ᠠᠷᠠᠳ ᠤᠨ ᠳᠡᠭᠡᠳᠦ ᠵᠡᠷᠭᠡ ᠶᠢᠨ ᠰᠢᠭᠦᠬᠦ ᠬᠣᠷᠢᠶᠠᠨ ᠤ ᠣᠨᠴᠠ ᠤᠷᠢᠭᠰᠠᠨ ᠬᠢᠨᠠᠯᠲᠠ ᠲᠠᠯᠪᠢᠭᠴᠢ ᠶᠢ ᠵᠤ ᠯᠢᠶᠸ ᠢᠦᠶ
ᠳᠤᠮᠳᠠᠳᠤ ᠤᠯᠤᠰ ᠤᠨ ᠡᠪ ᠬᠠᠮᠲᠤ ᠨᠠᠮ ᠂ ᠲᠦᠷᠦ ᠶᠢᠨ ᠶᠠᠪᠤᠳᠠᠯ ᠤᠨ ᠬᠣᠷᠢᠶᠠᠨ ᠤ 《 ᠥᠮᠴᠢᠯᠡᠯ ᠦᠨ ᠡᠷᠬᠡ ᠶᠢᠨ ᠬᠠᠮᠠᠭᠠᠯᠠᠯᠲᠠ ᠶᠢᠨ ᠳᠦᠷᠢᠮ ᠢ ᠲᠡᠭᠦᠯᠳᠡᠷᠵᠢᠭᠦᠯᠦᠨ ᠂ ᠬᠠᠤᠯᠢ ᠶᠣᠰᠣᠭᠠᠷ ᠥᠮᠴᠢᠯᠡᠯ ᠦᠨ ᠡᠷᠬᠡ ᠶᠢ ᠬᠠᠮᠠᠭᠠᠯᠠᠬᠤ ᠲᠤᠬᠠᠶ ᠰᠠᠨᠠᠯ 》 ᠢ ᠰᠠᠶ᠋ᠢᠬᠠᠨ ᠨᠡᠢᠲᠡᠯᠡᠵᠦ ᠂ ᠠᠷᠠᠳ ᠤᠨ ᠳᠡᠭᠡᠳᠦ ᠵᠡᠷᠭᠡ ᠶᠢᠨ ᠰᠢᠭᠦᠬᠦ ᠬᠣᠷᠢᠶ᠎ᠠ ᠲᠡᠷᠡ ᠳᠣᠣᠷ᠎ᠠ ᠪᠠᠨ ᠢᠵᠢ ᠪᠥᠷᠢᠳᠦᠭᠰᠡᠨ ᠪᠢᠴᠢᠭ ᠮᠠᠲ᠋ᠧᠷᠢᠶᠠᠯ ᠢ ᠨᠡᠢᠲᠡᠯᠡᠵᠦ᠂ ᠪᠠᠰᠠ ᠡᠨᠡ ᠤᠳᠠᠭᠠᠨ ᠤ ᠬᠤᠷᠠᠯᠳᠤᠭᠠᠨ ᠢ ᠬᠤᠷᠠᠯᠳᠤᠭᠤᠯᠵᠤ ᠂ ᠠᠷᠠᠳ ᠤᠨ ᠳᠡᠭᠡᠳᠦ ᠵᠡᠷᠭᠡ ᠶᠢᠨ ᠰᠢᠭᠦᠬᠦ ᠬᠣᠷᠢᠶᠠᠨ ᠤ ᠨᠠᠮ ᠤᠨ ᠲᠥᠪ ᠬᠣᠷᠢᠶᠠᠨ ᠤ ᠪᠠᠶᠢᠷᠢᠯᠠᠭᠤᠯᠤᠯᠲᠠ ᠶᠢ ᠴᠢᠩᠭ᠎ᠠ ᠲᠤᠤᠱᠯᠠᠭᠤᠯᠵᠤ ᠪᠠᠢᠬᠤ ᠪᠠ ᠠᠷᠠᠳ ᠲᠦᠮᠡᠨ ᠦ ᠠᠰᠢᠭ ᠲᠤᠰᠠ ᠳᠤ ᠳᠡᠭᠡᠳᠦ ᠬᠡᠮᠵᠢᠶ᠎ᠡ ᠪᠡᠷ ᠠᠩᠬᠠᠷᠴᠤ ᠪᠠᠢᠭ᠎ᠠ ᠶᠢ ᠢᠯᠡᠷᠡᠭᠦᠯᠦᠭᠰᠡᠨ ᠪᠠᠢᠨ᠎ᠠ ᠃
ᠠᠷᠠᠳ ᠤᠨ ᠰᠢᠭᠦᠬᠦ ᠬᠣᠷᠢᠶᠠᠨ ᠤ ᠵᠠᠰᠠᠭ ᠵᠠᠬᠢᠷᠭᠠᠨ ᠤ ᠰᠢᠭᠦᠨ ᠲᠠᠰᠤᠯᠬᠤ ᠠᠵᠢᠯ ᠬᠢᠭᠡᠳ ᠲᠡᠭᠦᠨ ᠦ ᠬᠠᠶᠢᠨ ᠰᠦᠪᠡᠭᠴᠢᠯᠡᠬᠦ ᠪᠠ ᠥᠭᠡᠷᠡᠴᠢᠯᠡᠯᠲᠡ ᠨᠢ᠂ ᠵᠠᠰᠠᠭ ᠵᠠᠬᠢᠷᠭᠠᠨ ᠤ ᠡᠷᠬᠡ ᠶᠢ ᠵᠢᠷᠤᠮᠵᠢᠭᠤᠯᠬᠤ ᠪᠠ ᠬᠢᠨᠠᠯᠲᠠ ᠲᠠᠯᠪᠢᠬᠤ ᠂ ᠠᠷᠠᠳ ᠤᠯᠠᠨ ᠤ ᠠᠰᠢᠭ ᠲᠤᠰᠠ ᠶᠢ ᠬᠠᠮᠠᠭᠠᠯᠠᠬᠤ ᠳᠤ ᠴᠢᠬᠤᠯᠠ ᠦᠢᠯᠡᠳᠦᠯ ᠪᠠᠳᠠᠷᠠᠭᠤᠯᠤᠭᠰᠠᠨ ᠪᠠᠶᠢᠨ᠎ᠠ ᠃ ᠵᠠᠰᠠᠭ ᠵᠠᠬᠢᠷᠭᠠᠨ ᠤ ᠡᠷᠬᠡ ᠶᠢ ᠵᠢᠷᠤᠮᠵᠢᠭᠤᠯᠵᠤ ᠪᠠ ᠬᠢᠨᠠᠯᠲᠠ ᠲᠠᠯᠪᠢᠬᠤ ᠪᠣᠯ ᠨᠡᠶᠢᠭᠡᠮ ᠵᠢᠷᠤᠮ ᠤᠨ ᠬᠠᠤᠯᠢ ᠪᠠᠷ ᠵᠠᠰᠠᠬᠤ ᠤᠯᠤᠰ ᠢ ᠪᠠᠶᠢᠭᠤᠯᠬᠤ ᠶᠢᠨ ᠱᠠᠭᠠᠷᠳᠠᠯᠭ᠎ᠠ ᠪᠠᠢᠵᠤ ᠂ ᠪᠠᠰᠠ ᠴᠤ ᠤᠭ ᠰᠠᠨᠠᠭ᠎ᠠ ᠪᠡᠨ ᠮᠠᠷᠲᠠᠬᠤ ᠦᠭᠡᠢ ᠪᠠᠢᠵᠤ ᠂ ᠠᠷᠠᠳ ᠤᠨ ᠲᠥᠯᠥᠭᠡ ᠲᠥᠷᠥ ᠪᠠᠷᠢᠬᠤ ᠶᠢᠨ ᠳᠣᠲᠣᠭᠠᠳᠤ ᠬᠡᠷᠡᠭᠴᠡᠭᠡ ᠮᠥᠨ ᠃ ᠬᠣᠵᠢᠮ ᠤᠨ ᠵᠠᠰᠠᠭ ᠵᠠᠬᠢᠷᠭᠠᠨ ᠤ ᠰᠢᠭᠦᠨ ᠲᠠᠰᠤᠯᠬᠤ ᠠᠵᠢᠯ ᠤᠨ ᠳᠤᠮᠳᠠ ᠂ ᠤᠯᠠᠨ ᠨᠡᠶᠢᠲᠡ ᠶᠢᠨ ᠠᠰᠢᠭ ᠲᠤᠰᠠ ᠪᠠ ᠬᠤᠪᠢ ᠶᠢᠨ ᠠᠰᠢᠭ ᠲᠤᠰᠠ ᠤᠨ ᠵᠠᠭᠠᠭ ᠱᠤᠭᠤᠮ ᠤᠨ ᠰᠤᠳᠤᠯᠤᠯ ᠪᠣᠯᠤᠨ ᠬᠤᠪᠢᠶᠠᠷᠢᠯᠠᠯ ᠢ ᠤᠯᠠᠮ ᠨᠢᠭᠡ ᠠᠯᠬᠤᠮ ᠴᠢᠩᠭ᠋ᠠᠳᠬᠠᠬᠤ ᠶᠢ ᠬᠦᠰᠡᠪᠡ᠃ ᠬᠤᠪᠢ ᠶᠢᠨ ᠠᠰᠢᠭ ᠢ ᠬᠥᠩᠭᠡᠪᠴᠢᠯᠡᠨ ᠂ ᠬᠤᠪᠢ ᠶᠢᠨ ᠥᠮᠴᠢ ᠶᠢ ᠪᠠᠯᠠᠮᠠᠳ ᠢᠶᠡᠷ ᠡᠪᠳᠡᠯᠡᠵᠦ ᠰᠢᠯᠵᠢᠭᠦᠯᠦᠨ᠂ ᠠᠷᠠᠳ ᠲᠦᠮᠡᠨ ᠤ ᠬᠣᠷᠤᠰᠤᠯ ᠢ ᠬᠥᠳᠡᠯᠭᠡᠬᠦ ᠨᠢ ᠶᠠᠭᠠᠬᠢᠭᠰᠠᠨ ᠴᠤ ᠪᠣᠯᠬᠤ ᠦᠭᠡᠢ ᠪᠠᠢᠵᠤ᠂ ᠴᠢᠩᠭ᠎ᠠ ᠵᠠᠯᠬᠠᠭᠠᠯ ᠣᠯᠪᠠᠯ ᠵᠣᠬᠢᠨ᠎ᠠ᠃ ᠭᠡᠪᠡᠴᠦ ᠬᠡᠷᠪᠡ ᠵᠢᠰᠤᠷ ᠬᠤᠯᠵᠢᠨ ᠬᠥᠮᠦᠨ ᠨᠢ ᠠᠰᠢᠭ ᠣᠯᠵᠤ᠂ ᠰᠠᠢᠨ ᠬᠥᠮᠦᠨ ᠨᠢ ᠬᠤᠬᠢᠷᠤᠯ ᠠᠮᠰᠠᠪᠠᠯ᠂ ᠮᠥᠨ ᠴᠦ ᠨᠡᠶᠢᠭᠡᠮ ᠦᠨ ᠰᠠᠢᠨ ᠰᠠᠢᠬᠠᠨ ᠬᠡᠪ ᠰᠤᠷᠲᠠᠯ ᠢ ᠪᠤᠢ ᠪᠣᠯᠭᠠᠬᠤ ᠳᠤ ᠠᠰᠢᠭ ᠦᠭᠡᠢ ᠶᠤᠮ ᠃ ᠵᠠᠰᠠᠭ ᠵᠠᠬᠢᠷᠭᠠᠨ ᠤ ᠡᠷᠬᠡ ᠪᠠᠰᠠ ᠮᠠᠰᠢ ᠤᠯᠠᠨ ᠭᠠᠵᠠᠷ ᠨᠢ ᠬᠢᠨᠠᠯᠳᠠ ᠡᠴᠡ ᠭᠠᠳᠠᠭᠤᠷ ᠪᠠᠢᠳᠠᠭ᠂ ᠵᠢᠱᠢᠶᠡᠯᠡᠪᠡᠯ ᠳᠠᠭᠠᠭᠠᠴᠢᠯᠠᠯᠲᠠ ᠵᠠᠷᠯᠠᠬᠤ ᠳᠠᠭᠠᠭᠠᠴᠢᠯᠠᠯᠲᠠ ᠳᠤ ᠣᠷᠣᠯᠴᠠᠬᠤ ᠪᠠ ᠵᠠᠰᠠᠭ ᠤᠨ ᠣᠷᠳᠣᠨ ᠤ ᠬᠤᠳᠠᠯᠳᠤᠨ ᠠᠪᠬᠤ ᠂ ᠳᠦᠷᠢᠮ ᠢᠶᠡᠷ ᠪᠣᠯ ᠦᠨ᠎ᠡ ᠬᠠᠩᠰᠢ ᠨᠢ ᠳᠣᠣᠷ᠎ᠠ ᠨᠢ ᠳᠠᠭᠠᠭᠠᠴᠢᠯᠠᠯᠲᠠ ᠬᠦᠯᠢᠶᠡᠳᠡᠭ᠂ ᠬᠠᠷᠢᠨ ᠵᠠᠷᠢᠮ ᠳᠠᠭᠠᠨ ᠦᠨ᠎ᠡ ᠬᠠᠩᠰᠢ ᠨᠢ ᠳᠣᠣᠷ᠎ᠠ ᠪᠠᠶᠢᠭᠰᠠᠨ ᠨᠢ ᠬᠠᠷᠢᠨ ᠳᠠᠭᠠᠴᠢᠯᠠᠯᠲᠠ ᠤᠯᠬᠤ ᠦᠭᠡᠢ ᠪᠠᠢᠵᠤ ᠂ ᠥᠨᠳᠥᠷ ᠦᠨ᠎ᠡ ᠥᠭᠭᠦᠭᠴᠢ ᠨᠢ ᠬᠠᠷᠢᠭᠤ ᠬᠠᠷᠠᠮᠵᠢ ᠪᠠᠢᠳᠠᠭ ᠡᠴᠡ ᠳᠠᠭᠠᠭᠠᠴᠢᠯᠠᠯᠲᠠ ᠣᠯᠳᠠᠭ᠂ ᠡᠶᠢᠮᠦ ᠡᠴᠡ ᠪᠤᠰᠤᠳ ᠦᠨ᠎ᠡ ᠬᠠᠶᠠᠯᠴᠠᠬᠤ ᠬᠥᠮᠦᠨ ᠳᠤ ᠵᠠᠰᠠᠭ ᠵᠠᠬᠢᠷᠭᠠᠨ ᠤ ᠵᠠᠷᠭᠤ ᠶᠢᠨ ᠡᠷᠬᠡ ᠣᠯᠭᠤᠵᠤ ᠂ ᠰᠢᠭᠦᠬᠦ ᠬᠣᠷᠢᠶ᠎ᠠ ᠵᠠᠰᠠᠭ ᠵᠠᠬᠢᠷᠭᠠᠨ ᠤ ᠰᠢᠭᠦᠨ ᠳᠠᠰᠤᠯᠠᠯᠲᠠ ᠪᠡᠷ ᠳᠠᠮᠵᠢᠨ ᠳᠠᠭᠠᠭᠠᠴᠢᠯᠠᠯᠲᠠ ᠵᠠᠷᠯᠠᠭᠰᠠᠨ ᠪᠠᠶᠢᠭᠤᠯᠤᠮᠵᠢ ᠶᠢᠨ ᠬᠠᠤᠯᠢ ᠶᠢ ᠵᠦᠷᠢᠴᠡᠭᠰᠡᠨ ᠪᠠᠢᠪᠠᠯ ᠂ ᠳᠠᠭᠠᠭᠠᠴᠢᠯᠠᠯᠲᠠ ᠶᠢ ᠬᠦᠴᠦᠨ ᠦᠭᠡᠢ ᠪᠣᠯᠭᠠᠬᠤ ᠡᠷᠬᠡ ᠲᠡᠶ ᠃
ᠵᠠᠰᠠᠭ ᠵᠠᠬᠢᠷᠭᠠᠨ ᠤ ᠰᠢᠭᠦᠨ ᠲᠠᠰᠤᠯᠤᠯᠲᠠ ᠶᠢᠨ ᠳᠤᠮᠳᠠ ᠂ ᠵᠠᠰᠠᠭ ᠵᠠᠬᠢᠷᠭᠠᠨ ᠤ ᠬᠠᠤᠯᠢ ᠠᠴᠠ ᠵᠥᠷᠢᠴᠡᠭᠰᠡᠨ ᠬᠡᠷᠡᠭ ᠨᠢ ᠤᠯᠠᠨ ᠪᠠᠢᠵᠤ ᠂ ᠰᠢᠭᠦᠨ ᠲᠠᠰᠤᠯᠤᠯᠲᠠ ᠳᠤ ᠡᠴᠡ ᠦᠢᠯᠡᠳᠬᠦᠢ ᠬᠡᠷᠡᠭ ᠪᠠᠭ᠎ᠠ ᠪᠠᠢᠳᠠᠭ ᠃ ᠣᠢᠷ᠎ᠠ ᠶᠢᠨ ᠵᠢᠯ ᠦᠳ ᠲᠦ ᠂ ᠵᠠᠰᠠᠭ ᠤᠨ ᠣᠷᠳᠣᠨ ᠤ ᠠᠵᠢᠯ ᠳᠤ ᠪᠡᠨ ᠬᠤᠢᠷᠠᠭᠤᠰᠢᠭᠰᠠᠨ ᠦᠵᠡᠭᠳᠡᠯ ᠪᠠᠶᠢᠨ ᠲᠠᠬᠢᠨ ᠭᠠᠷᠴᠤ ᠂ ᠵᠠᠰᠠᠭ ᠵᠠᠬᠢᠷᠭᠠᠨ ᠤ ᠡᠰᠡ ᠦᠢᠯᠡᠳᠬᠦᠶ ᠦᠵᠡᠭᠳᠡᠯ ᠨᠡᠮᠡᠭᠳᠡᠭᠰᠡᠨ ᠪᠠᠶᠢᠨ᠎ᠠ ᠂ ᠵᠢᠱᠢᠶᠡᠯᠡᠪᠡᠯ ᠥᠭᠬᠦ ᠶᠣᠰᠣᠲᠠᠢ ᠭᠠᠵᠠᠷ ᠰᠢᠷᠣᠶ ᠶᠢᠨ ᠥᠮᠴᠢᠯᠡᠬᠦ ᠡᠷᠬᠡ ᠶᠢᠨ ᠦᠨᠡᠮᠯᠡᠯ ᠢ ᠥᠭᠬᠦ ᠦᠭᠡᠢ ᠂ ᠵᠥᠪᠰᠢᠶᠡᠷᠡᠬᠦ ᠴᠢᠬᠤᠯᠠᠲᠠᠢ ᠲᠥᠷᠦᠯ ᠵᠦᠢᠯ ᠢ ᠤᠳᠠᠭᠠᠰᠢᠷᠠᠭᠤᠯᠤᠨ ᠵᠥᠪᠰᠢᠶᠡᠷᠡᠬᠦ ᠦᠭᠡᠢ᠃ ᠵᠠᠰᠠᠭ ᠤᠨ ᠣᠷᠳᠤᠨ ᠢ ᠱᠠᠭᠠᠷᠳᠠᠵᠤ ᠪᠠᠢᠮᠠᠨ ᠲᠣᠭᠲᠠᠭᠰᠠᠨ ᠬᠤᠭᠤᠴᠠᠭᠠᠨ ᠳᠤ ᠬᠠᠤᠯᠢ ᠳᠤᠭᠲᠠᠭᠰᠠᠨ ᠡᠭᠦᠷᠭᠡ ᠪᠡᠨ ᠭᠦᠢᠴᠡᠳᠬᠡᠬᠦ ᠰᠢᠭᠦᠨ ᠲᠠᠰᠤᠯᠠᠯᠲᠠ ᠢᠯᠡᠭᠦᠬᠡᠨ ᠱᠠᠭᠠᠷᠳᠠᠭᠳᠠᠨ᠎ᠠ ᠃
ᠵᠠᠰᠠᠭ ᠵᠠᠬᠢᠷᠭᠠᠨ ᠤ ᠰᠢᠭᠦᠨ ᠲᠠᠰᠤᠯᠤᠯᠲᠠ ᠶᠢᠨ ᠠᠴᠢ ᠬᠣᠯᠪᠣᠭᠳᠠᠯ ᠢ ᠭᠦᠢᠴᠡᠳ ᠲᠠᠨᠢᠵᠤ ᠂ ᠨᠠᠮ ᠪᠠ ᠤᠯᠠᠨ ᠲᠦᠮᠡᠨ ᠤ ᠬᠣᠯᠪᠤᠭᠠᠰᠤ ᠶᠢ ᠰᠠᠢᠲᠤᠷ ᠬᠢᠨ᠎ᠡ
ᠪᠦᠬᠦ ᠤᠯᠤᠰ ᠤᠨ ᠠᠷᠠᠳ ᠤᠨ ᠲᠥᠯᠥᠭᠡᠯᠡᠭᠴᠢ ᠂ ᠠᠷᠠᠳ ᠤᠨ ᠳᠡᠭᠡᠳᠦ ᠵᠡᠷᠭᠡ ᠶᠢᠨ ᠰᠢᠭᠦᠬᠦ ᠬᠣᠷᠢᠶᠠᠨ ᠤ ᠣᠨᠴᠠ ᠤᠷᠢᠭᠰᠠᠨ ᠬᠢᠨᠠᠯᠲᠠ ᠲᠠᠯᠪᠢᠭᠴᠢ ᠯᠢ ᠶᠠᠩ
ᠵᠠᠰᠠᠭ ᠵᠠᠬᠢᠷᠭᠠᠨ ᠤ ᠰᠢᠭᠦᠨ ᠲᠠᠰᠤᠯᠠᠯᠲᠠ ᠨᠢ ᠪᠤᠰᠤᠳ ᠰᠢᠭᠦᠨ ᠲᠠᠰᠤᠯᠠᠯᠲᠠ ᠲᠠᠢ ᠠᠳᠠᠯᠢ ᠦᠭᠡᠢ ᠪᠠᠢᠳᠠᠭ᠂ ᠲᠡᠭᠦᠨ ᠦ ᠣᠨᠴᠠᠯᠢᠭ ᠪᠣᠯ ᠵᠠᠰᠠᠭ ᠵᠠᠬᠢᠷᠭᠠᠨ ᠤ ᠬᠡᠷᠡᠭ ᠨᠢᠭᠡᠪᠦᠷᠢ ᠶᠢᠨ ᠰᠢᠭᠦᠨ ᠲᠠᠰᠤᠯᠬᠤ ᠨᠢ ᠴᠥᠮ ᠠᠷᠠᠳ ᠲᠦᠮᠡᠨ ᠦ ᠠᠰᠢᠭ ᠲᠤᠰᠠ ᠪᠠ ᠨᠠᠮ ᠲᠠᠢ ᠰᠢᠭᠤᠳ ᠬᠣᠯᠪᠣᠵᠤ ᠂ ᠵᠠᠰᠠᠭ ᠵᠠᠬᠢᠷᠭᠠᠨ ᠤ ᠰᠢᠭᠦᠨ ᠲᠠᠰᠤᠯᠬᠤ ᠦᠷ᠎ᠡ ᠳ᠋ᠦᠩ ᠨᠢ ᠴᠦ ᠥᠷᠭᠡᠨ ᠤᠯᠠᠨ ᠠᠷᠠᠳ ᠤᠯᠠᠨ ᠤ ᠨᠠᠮ ᠤᠨ ᠨᠡᠶᠢᠲᠡ ᠶᠢᠨ ᠢᠲᠡᠭᠡᠭᠦᠯᠬᠦ ᠬᠦᠴᠦᠨ ᠢ ᠨᠡᠮᠡᠭᠳᠡᠭᠦᠯᠬᠦ ᠪᠤᠶᠤ ᠬᠠᠰᠤᠭᠳᠠᠭᠤᠯᠳᠠᠭ᠃
ᠵᠠᠰᠠᠭ ᠵᠠᠬᠢᠷᠭᠠᠨ ᠤ ᠰᠢᠭᠦᠨ ᠲᠠᠰᠤᠯᠬᠤ ᠶᠠᠰᠤ ᠴᠢᠨᠠᠷ ᠢ ᠳᠡᠭᠰᠢᠯᠡᠬᠦᠯᠵᠦ᠂ ᠴᠢᠩᠭ᠋ᠠᠳᠬᠠᠨ ᠂ ᠰᠠᠢᠵᠢᠷᠠᠭᠤᠯᠤᠨ᠂ ᠵᠠᠰᠠᠭ ᠵᠠᠬᠢᠷᠭᠠᠨ ᠤ ᠰᠢᠭᠦᠨ ᠲᠠᠰᠤᠯᠬᠤ ᠳᠤᠮᠳᠠ ᠣᠷᠣᠰᠢᠵᠤ ᠪᠠᠶᠢᠭ᠎ᠠ ᠪᠣᠳᠠᠲᠠᠢ ᠠᠰᠠᠭᠤᠳᠠᠯ ᠢ ᠰᠢᠢᠳᠪᠦᠷᠢᠯᠡᠬᠦ ᠳᠤ᠂ ᠬᠣᠶᠠᠷ ᠲᠠᠯ᠎ᠠ ᠡᠴᠡ ᠭᠠᠷᠳᠠᠨ ᠬᠢᠬᠦ ᠶᠣᠰᠣᠲᠠᠶ ᠭᠡᠵᠦ ᠪᠢ ᠦᠵᠡᠵᠦ ᠪᠠᠶᠢᠨ᠎ᠠ ᠄ ᠨᠢᠭᠡ ᠂ ᠬᠠᠤᠯᠢ ᠴᠠᠭᠠᠵᠠ ᠬᠠᠤᠯᠢ ᠲᠣᠭᠲᠠᠭᠠᠯ ᠢ ᠤᠯᠠᠮ ᠨᠢᠭᠡ ᠠᠯᠬᠤᠮ ᠲᠡᠭᠦᠯᠳᠡᠷᠵᠢᠭᠦᠯᠵᠦ ᠂ ᠬᠠᠤᠯᠢ ᠶᠢᠨ ᠲᠤᠰᠢᠶᠠᠯᠲᠠᠨ ᠤ ᠬᠡᠷᠡᠭ ᠢ ᠰᠢᠭᠦᠬᠦ ᠦᠶ᠎ᠡ ᠳᠦ ᠭᠦᠢᠴᠡᠳ ᠦᠨᠳᠦᠰᠦ ᠪᠠᠷᠢᠮᠲᠠ ᠪᠠᠶᠢᠬᠤ ᠬᠡᠷᠡᠭᠲᠡᠶ ᠃ ᠬᠣᠶᠠᠷ ᠂ ᠬᠣᠯᠪᠣᠭᠳᠠᠯ ᠪᠦᠬᠦᠢ ᠬᠠᠤᠯᠢ ᠴᠠᠭᠠᠵᠠ ᠶᠢᠨ ᠮᠡᠳᠡᠯᠭᠡ ᠶᠢ ᠲᠦᠭᠡᠮᠡᠯᠵᠢᠭᠦᠯᠬᠦ ᠬᠡᠷᠡᠭᠲᠡᠶ ᠃ ᠡᠨᠡ ᠲᠠᠯ᠎ᠠ ᠪᠠᠷ ᠂ ᠵᠠᠰᠠᠭ ᠵᠠᠬᠢᠷᠭᠠᠨ ᠤ ᠰᠢᠭᠦᠨ ᠲᠠᠰᠤᠯᠬᠤ ᠠᠵᠢᠯ ᠤᠨ ᠣᠨᠴᠠᠯᠢᠭ ᠢ ᠦᠨᠳᠦᠰᠦᠯᠡᠵᠦ ᠂ ᠤᠷᠢᠳᠠᠪᠡᠷ ᠲᠦᠭᠡᠮᠡᠯᠵᠢᠭᠦᠯᠬᠦ ᠡᠲᠡᠭᠡᠳ ᠪᠣᠯ ᠡᠯ᠎ᠡ ᠱᠠᠲᠤᠨ ᠤ ᠤᠳᠤᠷᠢᠳᠬᠤ ᠺᠠᠳ᠋ᠷ ᠂ ᠭᠠᠭᠴᠠ ᠬᠦ ᠳᠡᠳᠡ ᠨᠠᠷ ᠲᠤ ᠬᠣᠯᠪᠣᠭᠳᠠᠯ ᠪᠦᠬᠦᠢ ᠬᠠᠤᠯᠢ ᠴᠠᠭᠠᠵᠠ ᠶᠢ ᠭᠦᠢᠴᠡᠳ ᠲᠠᠨᠢᠭᠤᠯᠵᠤ ᠪᠣᠯᠪᠠᠰᠤᠷᠠᠩᠭᠤᠢ ᠪᠣᠯᠭᠠᠪᠠᠯ ᠂ ᠰᠠᠶ᠋ᠢ ᠬᠡᠷᠡᠭ ᠭᠠᠷᠬᠤ ᠶᠢ ᠠᠯᠢ ᠴᠢᠳᠠᠬᠤ ᠪᠠᠷ ᠪᠠᠭᠠᠰᠬᠠᠵᠤ ᠂ ᠵᠠᠷᠢᠮ ᠵᠢᠭᠤᠷᠠᠯᠳᠤᠭᠠᠨ ᠢ ᠡᠬᠢ ᠡᠭᠦᠰᠪᠦᠷᠢ ᠶᠢ ᠥᠯᠥᠭᠡᠶ ᠳᠣᠲᠣᠷ᠎ᠠ ᠪᠣᠭᠣᠮᠢᠯᠠᠨ ᠰᠢᠢᠳᠪᠥᠷᠢᠯᠡᠨ᠎ᠡ ᠃ ᠲᠦᠭᠡᠮᠡᠯᠵᠢᠭᠦᠯᠬᠦ ᠬᠡᠯᠪᠡᠷᠢ ᠣᠯᠠᠨ ᠵᠦᠢᠯ ᠪᠠᠶᠢᠵᠤ ᠪᠣᠯᠤᠨ᠎ᠠ ᠂ ᠰᠢᠨ᠎ᠡ ᠪᠡᠷ ᠬᠥᠭᠵᠢᠭᠰᠡᠨ ᠵᠠᠭᠤᠴᠢᠯᠠᠭᠤᠷ ᠢ ᠠᠰᠢᠭᠯᠠᠬᠤ ᠶᠢ ᠣᠨᠴᠠᠭᠠᠶᠢᠯᠠᠨ ᠠᠩᠬᠠᠷᠬᠤ ᠬᠡᠷᠡᠭᠲᠡᠶ ᠂ ᠵᠢᠱᠢᠶᠡᠯᠡᠪᠡᠯ ᠢᠨᠲ᠋ᠸᠷ ᠰᠦᠯᠵᠢᠶ᠎ᠡ ᠂ ᠭᠠᠷ ᠵᠢᠭᠤᠯᠴᠢᠯᠠᠯ ᠂ ᠺᠠᠷᠲ᠋ᠣᠨ ᠵᠢᠷᠤᠭ ᠃ ᠺᠠᠷᠲ᠋ᠣᠨ ᠵᠢᠷᠤᠭ ᠨᠢ ᠡᠶᠢᠮᠦ ᠲᠥᠪ ᠴᠢᠩᠭ᠎ᠠ ᠬᠠᠤᠯᠢ ᠴᠠᠭᠠᠵᠠ ᠶᠢᠨ ᠰᠡᠳᠦᠪ ᠪᠣᠯᠤᠨ ᠬᠠᠤᠯᠢ ᠴᠠᠭᠠᠵᠠ ᠶᠢᠨ ᠲᠤᠬᠠᠶ ᠮᠡᠳᠡᠯᠭᠡ ᠶᠢ ᠤᠬᠠᠭᠤᠯᠬᠤ ᠲᠠᠯ᠎ᠠ ᠪᠠᠷ ᠥᠪᠡᠷᠮᠢᠴᠡ ᠳᠠᠪᠠᠭᠤᠯᠢᠭ ᠲᠠᠯ᠎ᠠ ᠲᠠᠶ ᠂ ᠲᠡᠷᠡ ᠨᠢ ᠲᠥᠪ ᠴᠢᠩᠭ᠎ᠠ ᠴᠢᠨᠠᠷ ᠢ ᠨᠠᠮᠳᠠᠭᠤᠯᠵᠤ ᠂ ᠦᠵᠡᠮᠤᠷᠢᠳᠤ ᠴᠢᠨᠠᠷ ᠢ ᠳᠡᠭᠡᠭᠰᠢᠯᠡᠭᠦᠯᠵᠦ ᠂ ᠠᠷᠠᠳ ᠤᠯᠠᠨ ᠢ ᠳᠣᠲᠣᠨᠣᠴᠢᠯᠠᠬᠤ ᠴᠢᠨᠠᠷ ᠂ ᠲᠦᠭᠡᠮᠡᠯ ᠴᠢᠨᠠᠷ ᠢ ᠦᠷᠭᠡᠳᠬᠡᠵᠦ ᠪᠣᠯᠤᠨ᠎ᠠ ᠃
ᠵᠠᠰᠠᠭ ᠵᠠᠬᠢᠷᠭᠠᠨ ᠤ ᠰᠢᠭᠦᠨ ᠲᠠᠰᠤᠯᠬᠤ ᠦᠢᠯᠡᠳᠦᠯᠭᠡ ᠶᠢ ᠭᠦᠢᠴᠡᠳ ᠪᠠᠳᠠᠷᠠᠭᠤᠯᠤᠨ ᠥᠮᠴᠢᠯᠡᠬᠦ ᠡᠷᠬᠡ ᠶᠢ ᠬᠠᠮᠠᠭᠠᠯᠠᠬᠤ ᠬᠣᠰᠢᠭᠤᠴᠢ ᠴᠡᠷᠢᠭ ᠪᠣᠯᠤᠨ᠎ᠠ
ᠪᠦᠬᠦ ᠤᠯᠤᠰ ᠤᠨ ᠠᠷᠠᠳ ᠤᠨ ᠲᠥᠯᠥᠭᠡᠯᠡᠭᠴᠢ ᠂ ᠠᠷᠠᠳ ᠤᠨ ᠳᠡᠭᠡᠳᠦ ᠰᠢᠭᠦᠬᠦ ᠬᠣᠷᠢᠶᠠᠨ ᠤ ᠣᠨᠴᠠ ᠤᠷᠢᠭᠰᠠᠨ ᠬᠢᠨᠠᠯᠲᠠ ᠲᠠᠯᠪᠢᠭᠴᠢ ᠯᠢ ᠱᠢ ᠴᠢᠶᠠᠩ
ᠳᠤᠮᠳᠠᠳᠤ ᠤᠯᠤᠰ ᠤᠨ ᠡᠪ ᠬᠠᠮᠲᠤ ᠨᠠᠮ ᠂ ᠲᠦᠷᠦ ᠶᠢᠨ ᠶᠠᠪᠤᠳᠠᠯ ᠤᠨ ᠬᠣᠷᠢᠶᠠᠨ ᠡᠴᠡ 《 ᠥᠮᠴᠢᠯᠡᠯ ᠦᠨ ᠡᠷᠬᠡ ᠶᠢᠨ ᠬᠠᠮᠠᠭᠠᠯᠠᠯᠲᠠ ᠶᠢᠨ ᠳᠦᠷᠢᠮ ᠢ ᠲᠡᠭᠦᠯᠳᠡᠷᠵᠢᠭᠦᠯᠦᠨ ᠂ ᠬᠠᠤᠯᠢ ᠶᠣᠰᠣᠭᠠᠷ ᠥᠮᠴᠢᠯᠡᠯ ᠦᠨ ᠡᠷᠬᠡ ᠶᠢ ᠬᠠᠮᠠᠭᠠᠯᠠᠬᠤ ᠲᠤᠬᠠᠶ ᠰᠠᠨᠠᠯ 》 ᠨᠡᠢᠲᠡᠯᠡᠭᠰᠡᠨ ᠤ ᠳᠠᠷᠠᠭ᠎ᠠ ᠤᠳᠠᠯ ᠦᠭᠡᠶ ᠂ ᠠᠷᠠᠳ ᠤᠨ ᠳᠡᠭᠡᠳᠦ ᠵᠡᠷᠭᠡ ᠶᠢᠨ ᠰᠢᠭᠦᠬᠦ ᠬᠣᠷᠢᠶ᠎ᠠ ᠲᠡᠷᠡ ᠳᠠᠷᠤᠶ ᠳᠤᠨᠢ 《 ᠰᠢᠭᠦᠨ ᠲᠠᠰᠤᠯᠬᠤ ᠡᠭᠦᠷᠭᠡ ᠲᠤᠰᠢᠶᠠᠯ ᠤᠨ ᠦᠢᠯᠡᠳᠦᠯ ᠢ ᠭᠦᠢᠴᠡᠳ ᠪᠠᠳᠠᠷᠠᠭᠤᠯᠵᠤ ᠥᠮᠴᠢᠯᠡᠬᠦ ᠡᠷᠬᠡ ᠶᠢᠨ ᠬᠠᠤᠯᠢ ᠴᠠᠭᠠᠵᠠ ᠶᠢᠨ ᠬᠠᠮᠠᠭᠠᠯᠠᠯᠲᠠ ᠶᠢ ᠦᠨᠡᠨ ᠬᠦ ᠴᠢᠩᠭ᠋ᠠᠳᠬᠠᠬᠤ ᠰᠠᠨᠠᠯ 》 ᠪᠠ 《 ᠲᠡᠤᠬᠡᠨ ᠶᠠᠪᠤᠴᠠ ᠳᠤ ᠪᠥᠷᠢᠯᠳᠦᠭᠰᠡᠨ ᠥᠮᠴᠢᠯᠡᠬᠦ ᠡᠷᠬᠡ ᠶᠢᠨ ᠲᠤᠬᠠᠢ ᠬᠡᠷᠡᠭ ᠢ ᠬᠠᠤᠯᠢ ᠶᠣᠰᠣᠭᠠᠷ ᠵᠣᠬᠢᠰᠲᠠᠢ ᠰᠢᠢᠳᠪᠦᠷᠢᠯᠡᠬᠦ ᠠᠵᠢᠯ ᠢ ᠨᠠᠢᠳᠠᠪᠤᠷᠢᠵᠢᠭᠤᠯᠬᠤ ᠲᠤᠬᠠᠢ ᠰᠠᠨᠠᠯ》 ᠢ ᠨᠡᠶᠢᠲᠡᠯᠡᠵᠡᠶ ᠃ ᠡᠨᠡ ᠨᠢ ᠠᠷᠠᠳ ᠤᠨ ᠳᠡᠭᠡᠳᠦ ᠵᠡᠷᠭᠡ ᠶᠢᠨ ᠰᠢᠭᠦᠬᠦ ᠬᠣᠷᠢᠶᠠᠨ ᠤ ᠲᠥᠪ ᠬᠣᠷᠢᠶᠠᠨ ᠤ ᠵᠣᠷᠢᠭ ᠰᠠᠨᠠᠭ᠎ᠠ ᠶᠢ ᠲᠤᠤᠱᠯᠠᠭᠤᠯᠵᠤ ᠪᠠᠢᠭ᠎ᠠ ᠵᠣᠷᠢᠭ ᠰᠠᠨᠠᠭ᠎ᠠ ᠨᠢ ᠣᠳᠣ᠂ ᠦᠢᠯᠡ ᠠᠵᠢᠯᠯᠠᠭ᠎ᠠ ᠨᠢ ᠪᠤᠱᠢᠭᠤ ᠱᠠᠯᠠᠮᠠᠭᠠᠶ ᠂ ᠠᠷᠭ᠎ᠠ ᠬᠡᠮᠵᠢᠶ᠎ᠡ ᠬᠦᠴᠦᠲᠡᠶ ᠪᠠᠢᠭ᠎ᠠ ᠶᠢ ᠬᠠᠷᠠᠭᠤᠯᠵᠤ ᠪᠠᠢᠨ᠎ᠠ ᠃
ᠦᠨᠳᠦᠰᠦᠨ ᠱᠠᠲᠤᠨ ᠠᠴᠠ ᠢᠷᠡᠭᠰᠡᠨ ᠠᠷᠠᠳ ᠤᠨ ᠲᠥᠯᠥᠭᠡᠯᠡᠭᠴᠢᠳ ᠦᠨ ᠶᠡᠬᠡ ᠬᠤᠷᠠᠯ ᠤᠨ ᠲᠥᠯᠥᠭᠡᠯᠡᠭᠴᠢ ᠪᠣᠯᠤᠭᠰᠠᠨ ᠤ ᠬᠤᠪᠢ ᠳᠤ ᠂ ᠡᠨᠡ ᠬᠣᠶᠠᠷ ᠰᠠᠨᠠᠯ ᠢ ᠰᠤᠷᠤᠯᠴᠠᠭᠰᠠᠨ ᠤ ᠳᠠᠷᠠᠭ᠎ᠠ ᠲᠤᠢᠯ ᠢᠶᠡᠷ ᠰᠡᠳᠬᠢᠯ ᠳᠤᠭᠳᠤᠯᠠᠵᠤ᠂ ᠢᠲᠡᠭᠡᠯ ᠵᠣᠷᠢᠭ ᠬᠥᠪᠴᠢᠯᠡᠭᠳᠡᠪᠡ ᠃ ᠮᠢᠨᠦ ᠦᠵᠡᠬᠦ ᠪᠡᠷ ᠂ ᠬᠠᠤᠯᠢ ᠴᠠᠭᠠᠵᠠ ᠶᠢᠨ ᠥᠭᠡᠷᠡᠴᠢᠯᠡᠯᠲᠡ ᠶᠢ ᠡᠳᠦᠷ ᠡᠴᠡ ᠡᠳᠦᠷ ᠥᠭᠡᠷᠡᠲᠦᠨ ᠰᠢᠨᠡᠳᠴᠦ ᠪᠠᠶᠢᠭ᠎ᠠ ᠶᠡᠬᠡ ᠠᠬᠤᠶ ᠪᠠᠶᠢᠳᠠᠯ ᠤᠨ ᠳᠣᠣᠷ᠎ᠠ ᠂ ᠵᠠᠰᠠᠭ ᠵᠠᠬᠢᠷᠭᠠᠨ ᠤ ᠰᠢᠭᠦᠨ ᠲᠠᠰᠤᠯᠬᠤ ᠠᠵᠢᠯ ᠨᠢ ᠨᠢᠰᠬᠦ ᠮᠡᠲᠦ ᠲᠦᠷᠭᠡᠨ ᠬᠥᠭᠵᠢᠬᠦ ᠶᠣᠰᠣᠲᠠᠢ ᠪᠠᠢᠵᠤ ᠂ ᠥᠭᠡᠷᠡᠴᠢᠯᠡᠯᠲᠡ ᠬᠢᠬᠦ ᠬᠣᠰᠢᠭᠤᠴᠢ ᠪᠣᠯᠬᠤ ᠬᠡᠷᠡᠭᠲᠡᠶ ᠄ ᠨᠢᠭᠡ ᠵᠠᠰᠠᠭ ᠵᠠᠬᠢᠷᠭᠠᠨ ᠤ ᠰᠢᠭᠦᠨ ᠲᠠᠰᠤᠯᠠᠯᠳᠠ ᠨᠢ ᠥᠮᠴᠢᠯᠡᠯ ᠦᠨ ᠡᠷᠬᠡ ᠶᠢᠨ ᠬᠠᠮᠠᠭᠠᠯᠠᠯᠲᠠ ᠶᠢᠨ ᠠᠵᠢᠯ ᠤᠨ ᠳᠤᠮᠳᠠᠬᠢ ᠦᠢᠯᠡᠳᠦᠯ ᠢᠶᠡᠨ ᠭᠦᠢᠴᠡᠳ ᠪᠠᠳᠠᠷᠠᠭᠤᠯᠤᠨ᠂ ᠨᠡᠢᠲᠡ ᠶᠢᠨ ᠥᠮᠴᠢᠯᠡᠯ ᠤᠨ ᠡᠷᠬᠡ ᠶᠢ ᠠᠰᠢᠭᠯᠠᠨ ᠬᠤᠪᠢ ᠶᠢᠨ ᠥᠮᠴᠢᠯᠡᠯ ᠤᠨ ᠡᠷᠬᠡ ᠳᠤ ᠬᠠᠯᠳᠠᠵᠤ ᠂ ᠨᠡᠶᠢᠲᠡ ᠶᠢᠨ ᠠᠰᠢᠭ ᠲᠤᠰᠠ ᠥᠷᠭᠡᠳᠬᠡᠬᠦ ᠠᠰᠠᠭᠤᠳᠠᠯ ᠢ ᠬᠤᠷᠢᠭᠯᠠᠨ᠎ᠠ᠃ ᠬᠣᠶᠠᠷ ᠵᠠᠰᠠᠭ ᠤᠨ ᠣᠷᠳᠤᠨ ᠤ ᠳᠠᠲᠠᠪᠤᠷᠢᠯᠠᠬᠤ ᠪᠠ ᠲᠠᠲᠠᠪᠤᠷᠢᠯᠠᠨ ᠬᠡᠷᠡᠭᠯᠡᠬᠦ ᠡᠷᠬᠡ ᠳᠦ ᠬᠢᠨᠠᠯᠲᠠ ᠲᠠᠯᠪᠢᠬᠤ ᠶᠢ ᠴᠢᠩᠭᠠᠳᠬᠠᠨ ᠂ ᠬᠠᠤᠯᠢ ᠴᠠᠭᠠᠵᠠ ᠶᠢᠨ ᠬᠢᠨᠠᠯᠲᠠ ᠲᠠᠯᠪᠢᠬᠤ ᠪᠠᠷᠠᠮᠵᠢᠶᠠ ᠶᠢ ᠴᠢᠩᠭ᠋ᠠᠳᠬᠠᠨ᠂ ᠦᠨᠳᠦᠰᠦᠨ ᠱᠠᠲᠤᠨ ᠤ ᠵᠠᠰᠠᠭ ᠤᠨ ᠣᠷᠳᠣᠨ ᠤ ᠳᠤᠷ᠎ᠠ ᠵᠣᠷᠢᠭ ᠪᠡᠷ ᠢᠶᠡᠨ ᠦᠢᠯᠡᠳᠬᠦ ᠡᠴᠡ ᠪᠣᠯᠵᠤ ᠵᠠᠰᠠᠭ ᠵᠠᠬᠢᠷᠭᠠᠨ ᠤ ᠬᠠᠤᠯᠢ ᠵᠥᠷᠢᠴᠡᠬᠦ ᠡᠴᠡ ᠵᠠᠢᠯᠠᠰᠬᠢᠬᠤ ᠬᠡᠷᠡᠭᠲᠠᠢ᠃ ᠭᠤᠷᠪᠠ ᠳᠤ ᠵᠠᠰᠠᠭ ᠵᠠᠬᠢᠷᠭᠠᠨ ᠤ ᠬᠡᠯᠡᠯᠴᠡᠭᠡᠷ ᠢᠶᠡᠷ ᠬᠡᠷᠡᠭ ᠢ ᠰᠢᠭᠦᠨ ᠰᠢᠢᠳᠪᠦᠷᠢᠯᠡᠬᠦ ᠶᠢ ᠠᠬᠢᠭᠤᠯᠤᠨ᠎ᠠ᠂ ᠵᠠᠰᠠᠭ ᠤᠨ ᠣᠷᠳᠣᠨ ᠤ ᠬᠠᠤᠯᠢ ᠪᠠᠷ ᠵᠠᠰᠠᠬᠤ ᠤᠬᠠᠮᠰᠠᠷ ᠂ ᠭᠡᠷ᠎ᠡ ᠶᠢᠨ ᠤᠬᠠᠮᠰᠠᠷ ᠂ ᠦᠨᠡᠨᠴᠢ ᠢᠲᠡᠭᠡᠮᠵᠢᠲᠡᠶ ᠪᠠᠶᠢᠬᠤ ᠦᠵᠡᠯ ᠤᠬᠠᠮᠰᠠᠷ ᠂ ᠲᠥᠪ ᠭᠣᠣᠯᠴᠢ ᠶᠢᠨ ᠤᠬᠠᠮᠰᠠᠷ ᠂ ᠡᠶ᠎ᠡ ᠵᠣᠬᠢᠴᠠᠯ ᠲᠠᠶ ᠪᠠᠢᠬᠤ ᠦᠵᠡᠯ ᠤᠬᠠᠮᠰᠠᠷ ᠂ ᠤᠯᠠᠨ ᠨᠡᠶᠢᠲᠡ ᠶᠢ ᠢᠲᠡᠭᠡᠭᠦᠯᠬᠦ ᠬᠦᠴᠦᠨ ᠤ ᠤᠬᠠᠮᠰᠠᠷ ᠢ ᠪᠤᠢ ᠪᠣᠯᠭᠠᠬᠤ ᠶᠢ ᠠᠬᠢᠭᠤᠯᠤᠨ᠎ᠠ᠃ ᠳᠥᠷᠪᠡ ᠪᠠᠶᠢᠴᠠᠭᠠᠨ ᠪᠢᠲᠡᠭᠦᠮᠵᠢᠯᠡᠬᠦ ᠂ ᠳᠠᠷᠤᠵᠤ ᠠᠪᠬᠤ ᠂ ᠴᠡᠪᠳᠡᠭᠯᠡᠬᠦ ᠵᠡᠷᠭᠡ ᠵᠠᠰᠠᠭ ᠵᠠᠬᠢᠷᠭᠠᠨ ᠤ ᠠᠯᠪᠠᠳᠠᠯᠭ᠎ᠠ ᠶᠢᠨ ᠠᠷᠭ᠎ᠠ ᠬᠡᠮᠵᠢᠶ᠎ᠡ ᠳᠦ ᠬᠢᠨᠠᠯᠲᠠ ᠲᠠᠯᠪᠢᠬᠤ ᠪᠡᠨ ᠴᠢᠩᠭ᠋ᠠᠳᠬᠠᠵᠤ ᠂ ᠬᠤᠪᠢ ᠶᠢᠨ ᠡᠳ᠋ ᠬᠥᠷᠥᠩᠭᠡ ᠶᠢᠨ ᠪᠠ ᠠᠵᠤ ᠠᠬᠤᠶᠢᠯᠠᠯ ᠤᠨ ᠬᠡᠪ ᠦᠨ ᠦᠢᠯᠡᠳᠪᠦᠷᠢᠯᠡᠯ ᠡᠵᠡᠩᠨᠡᠯᠲᠡ ᠶᠢᠨ ᠠᠵᠢᠯᠯᠠᠭ᠎ᠠ ᠳᠤ ᠠᠰᠢᠭ ᠦᠭᠡᠢ ᠨᠥᠯᠥᠭᠡ ᠶᠢ ᠠᠯᠢ ᠴᠢᠳᠠᠬᠤ ᠪᠠᠷ ᠪᠠᠭᠠᠰᠬᠠᠨ᠎ᠠ᠃ ᠲᠠᠪᠤ ᠳᠤᠷ᠎ᠠ ᠲᠠᠪᠠ ᠪᠠᠷ ᠢᠶᠠᠨ ᠵᠠᠷᠭᠤᠯᠳᠤᠬᠤ ᠦᠢᠯᠡ ᠠᠵᠢᠯᠯᠠᠭ᠎ᠠ ᠶᠢ ᠵᠠᠰᠠᠬᠤ ᠡᠷᠴᠢᠮ ᠢᠶᠡᠨ ᠴᠢᠩᠭᠠᠷᠠᠭᠤᠯᠵᠤ ᠂ ᠪᠣᠯᠭᠣᠮᠵᠢᠲᠠᠶ ᠪᠡᠷ ᠲᠠᠬᠢᠨ ᠰᠢᠭᠦᠬᠦ ᠵᠢᠷᠤᠮ ᠢ ᠡᠬᠢᠯᠡᠭᠦᠯᠵᠦ ᠂ ᠵᠠᠬ᠎ᠠ ᠳᠡᠯᠭᠡᠭᠦᠷ ᠦᠨ ᠪᠡᠶᠡᠴᠢ ᠴᠣᠭᠴᠠ ᠶᠢᠨ ᠥᠪᠡᠷᠲᠡᠭᠡᠨ ᠵᠠᠰᠠᠬᠤ ᠤᠬᠠᠮᠰᠠᠷ ᠂ ᠬᠠᠤᠯᠢ ᠴᠠᠭᠠᠵᠠ ᠬᠠᠤᠯᠢ ᠳᠦᠷᠢᠮ ᠤᠨ ᠤᠬᠠᠮᠰᠠᠷ᠂ ᠬᠠᠤᠯᠢ ᠴᠠᠭᠠᠵᠠ ᠶᠢᠨ ᠡᠴᠦᠰ ᠦᠨ ᠤᠬᠠᠮᠰᠠᠷ ᠲᠠᠶ ᠪᠠᠶᠢᠬᠤ ᠶᠢ ᠴᠢᠩᠭ᠋ᠠᠳᠬᠠᠨ᠎ᠠ ᠃ ᠪᠠᠭᠴᠠᠯᠠᠭᠠᠳ ᠬᠡᠯᠡᠪᠡᠯ ᠂ ᠭᠠᠭᠴᠠ ᠬᠦ ᠵᠠᠰᠠᠭ ᠤᠨ ᠣᠷᠳᠣᠨ ᠤ ᠡᠷᠬᠡ ᠶᠢᠨ ᠬᠡᠷᠡᠭᠵᠢᠭᠦᠯᠦᠯᠲᠡ ᠶᠢᠨ ᠬᠠᠤᠯᠢ ᠶᠣᠰᠣᠴᠢ ᠴᠢᠨᠠᠷ ᠢ ᠪᠥᠲᠦᠮᠵᠢᠲᠠᠢ ᠬᠢᠨᠠᠨ ᠪᠠᠢᠴᠠᠭᠠᠵᠤ᠂ ᠮᠥᠨ ᠴᠢᠨᠠᠷ ᠡᠴᠡ ᠨᠢ ᠵᠢᠭᠤᠷᠠᠯᠳᠤᠭᠠᠨ ᠢ ᠰᠢᠶᠳᠪᠦᠷᠢᠯᠡᠵᠦ ᠂ ᠠᠷᠠᠳ ᠲᠦᠮᠡᠨ ᠪᠠ ᠵᠠᠰᠠᠨ ᠤᠨ ᠣᠷᠳᠤᠨ ᠤ ᠵᠥᠷᠢᠴᠡᠯ ᠢ ᠠᠷᠢᠯᠭᠠᠪᠠᠯ᠂ ᠰᠠᠶ᠋ᠢ ᠬᠠᠤᠯᠢ ᠪᠠᠷ ᠵᠠᠰᠠᠬᠤ ᠵᠠᠰᠠᠭ ᠤᠨ ᠣᠷᠳᠣᠨ ᠤ ᠪᠠᠶᠢᠭᠤᠯᠤᠯᠲᠠ ᠳᠤ ᠪᠠᠲᠤ ᠪᠡᠬᠢ ᠬᠠᠤᠯᠢ ᠴᠠᠭᠠᠵᠠ ᠶᠢᠨ ᠰᠠᠭᠤᠷᠢ ᠪᠠ ᠬᠠᠤᠯᠢ ᠴᠠᠭᠠᠵᠠ ᠶᠢᠨ ᠪᠠᠲᠤᠯᠠᠭ᠎ᠠ ᠬᠠᠩᠭᠠᠵᠤ ᠴᠢᠳᠠᠨ᠎ᠠ ᠃
ᠦᠨᠡᠨ ᠬᠦ ᠡᠷᠬᠡ ᠲᠡᠭᠰᠢ ᠪᠡᠷ ᠥᠮᠴᠢᠯᠡᠯ ᠦᠨ ᠡᠷᠬᠡ ᠶᠢ ᠬᠠᠮᠠᠭᠠᠯᠠᠵᠤ ᠠᠷᠠᠳ ᠤᠨ ᠡᠵᠡᠩᠨᠡᠭᠰᠡᠨ ᠠᠵᠤ ᠠᠬᠤᠶᠢᠯᠠᠯ ᠤᠨ ᠬᠥᠭᠵᠢᠯᠲᠡ ᠶᠢ ᠠᠬᠢᠭᠤᠯᠤᠨ᠎ᠠ
ᠪᠦᠬᠦ ᠤᠯᠤᠰ ᠤᠨ ᠠᠷᠠᠳ ᠤᠨ ᠲᠥᠯᠥᠭᠡᠯᠡᠭᠴᠢ ᠂ ᠠᠷᠠᠳ ᠤᠨ ᠳᠡᠭᠡᠳᠦ ᠵᠡᠷᠭᠡ ᠶᠢᠨ ᠰᠢᠭᠦᠬᠦ ᠬᠣᠷᠢᠶᠠᠨ ᠤ ᠣᠨᠴᠠ ᠤᠷᠢᠭᠰᠠᠨ ᠬᠢᠨᠠᠯᠲᠠ ᠲᠠᠯᠪᠢᠭᠴᠢ ᠯᠢ ᠵᠤᠤ ᠲᠢᠩ
ᠠᠷᠠᠳ ᠤᠨ ᠳᠡᠭᠡᠳᠦ ᠵᠡᠷᠭᠡ ᠶᠢᠨ ᠰᠢᠭᠦᠬᠦ ᠬᠣᠷᠢᠶᠠᠨ ᠤ ᠡᠨᠡ ᠤᠳᠠᠭᠠᠨ ᠤ ᠵᠠᠯᠠᠭᠤ ᠬᠠᠤᠯᠢ ᠶᠢᠨ ᠲᠤᠰᠢᠶᠠᠯᠲᠠᠨ ᠢ ᠠᠷᠠᠳ ᠤᠨ ᠲᠥᠯᠥᠭᠡᠯᠡᠭᠴᠢᠳ ᠦᠨ ᠶᠡᠬᠡ ᠬᠤᠷᠠᠯ ᠤᠨ ᠲᠥᠯᠥᠭᠡᠯᠡᠭᠴᠢᠳ ᠬᠠᠮᠲᠤᠷᠠᠨ ᠬᠥᠳᠡᠯᠦᠯᠴᠡᠬᠦ ᠠᠵᠢᠯ ᠤᠨ ᠬᠤᠷᠠᠯᠳᠤᠭᠠᠨ ᠳᠤ ᠣᠷᠤᠯᠴᠠᠭᠰᠠᠨ ᠳᠤ ᠪᠡᠨ ᠮᠠᠰᠢ ᠶᠡᠬᠡ ᠪᠠᠶᠠᠷᠯᠠᠵᠤ ᠪᠠᠢᠨ᠎ᠠ ᠃ ᠮᠢᠨᠦ ᠦᠵᠡᠬᠦ ᠪᠡᠷ ᠢᠩᠭᠢᠵᠦ ᠬᠠᠮᠲᠤᠷᠠᠨ ᠬᠥᠳᠡᠯᠦᠯᠴᠡᠬᠦ ᠮᠠᠰᠢ ᠰᠠᠢᠨ ᠪᠠᠢᠵᠤ᠂ ᠨᠢᠭᠡ ᠲᠠᠯ᠎ᠠ ᠪᠠᠷ ᠠᠷᠠᠳ ᠤᠨ ᠳᠡᠭᠡᠳᠦ ᠵᠡᠷᠭᠡ ᠶᠢᠨ ᠰᠢᠭᠦᠬᠦ ᠬᠣᠷᠢᠶᠠᠨ ᠡᠴᠡ ᠠᠷᠠᠳ ᠤᠨ ᠱᠠᠭᠠᠷᠳᠠᠯᠭ᠎ᠠ ᠪᠠ ᠪᠣᠳᠠᠲᠤ ᠬᠡᠷᠡᠭᠴᠡᠭᠡ ᠶᠢ ᠣᠶᠢᠯᠠᠭᠠᠵᠤ ᠂ ᠨᠦᠬᠦᠭᠡ ᠲᠠᠯ᠎ᠠ ᠪᠠᠷ ᠪᠠᠰᠠ ᠠᠷᠠᠳ ᠤᠯᠠᠨ ᠤ ᠵᠠᠰᠠᠭ ᠵᠠᠬᠢᠷᠭᠠᠨ ᠤ ᠰᠢᠭᠦᠨ ᠲᠠᠰᠤᠯᠬᠤ ᠬᠠᠮᠤᠭ ᠤᠨ ᠰᠢᠨ᠎ᠡ ᠪᠠᠶᠢᠳᠠᠯ ᠪᠠ ᠠᠰᠠᠭᠤᠳᠠᠯ ᠢ ᠣᠢᠯᠭᠠᠬᠤ ᠳᠤ ᠲᠤᠰᠠᠲᠠᠶ ᠪᠠᠢᠵᠤ᠂ ᠠᠷᠠᠳ ᠤᠨ ᠳᠡᠭᠡᠳᠦ ᠵᠡᠷᠭᠡ ᠶᠢᠨ ᠰᠢᠭᠦᠬᠦ ᠬᠣᠷᠢᠶᠠᠨ ᠤ ᠠᠩᠬᠠᠨ ᠤ ᠰᠠᠨᠠᠭ᠎ᠠ ᠪᠡᠨ ᠮᠠᠷᠲᠠᠬᠤ ᠦᠭᠡᠢ ᠪᠠᠢᠵᠤ ᠂ ᠤᠯᠠᠨ ᠲᠦᠮᠡᠨᠴᠢ ᠱᠤᠭᠤᠮ ᠢ ᠪᠠᠷᠢᠮᠲᠠᠯᠠᠵᠤ ᠂ ᠠᠷᠠᠳ ᠤᠨ ᠲᠥᠯᠥᠭᠡ ᠬᠠᠤᠯᠢ ᠪᠠᠷᠢᠬᠤ ᠶᠢ ᠪᠠᠷᠢᠮᠲᠠᠯᠠᠵᠤ ᠪᠠᠢᠬᠤ ᠶᠢᠨ ᠪᠣᠳᠠᠲᠠᠶ ᠢᠯᠡᠷᠡᠯ ᠮᠥᠨ ᠃ ᠨᠢᠭᠡ ᠠᠷᠠᠳ ᠤᠨ ᠲᠥᠯᠥᠭᠡᠯᠡᠭᠴᠢᠳ ᠦᠨ ᠶᠡᠬᠡ ᠬᠤᠷᠠᠯ ᠤᠨ ᠲᠥᠯᠥᠭᠡᠯᠡᠭᠴᠢ ᠂ ᠡᠭᠦᠨ ᠦ ᠬᠠᠮᠲᠤ ᠪᠠᠰᠠ ᠠᠷᠠᠳ ᠤᠨ ᠡᠵᠡᠩᠨᠡᠭᠰᠡᠨ ᠠᠵᠤ ᠠᠬᠤᠶᠢᠯᠠᠯ ᠤᠨ ᠬᠠᠷᠢᠭᠤᠴᠠᠯᠭᠠᠲᠠᠨ ᠪᠣᠯᠤᠭᠰᠠᠨ ᠤ ᠬᠤᠪᠢ ᠳᠤ《 ᠥᠮᠴᠢᠯᠡᠯ ᠦᠨ ᠡᠷᠬᠡ ᠶᠢᠨ ᠬᠠᠮᠠᠭᠠᠯᠠᠯᠲᠠ ᠶᠢᠨ ᠳᠦᠷᠢᠮ ᠢ ᠲᠡᠭᠦᠯᠳᠡᠷᠵᠢᠭᠦᠯᠦᠨ ᠂ ᠬᠠᠤᠯᠢ ᠶᠣᠰᠣᠭᠠᠷ ᠥᠮᠴᠢᠯᠡᠯ ᠦᠨ ᠡᠷᠬᠡ ᠶᠢ ᠬᠠᠮᠠᠭᠠᠯᠠᠬᠤ ᠲᠤᠬᠠᠶ ᠰᠠᠨᠠᠯ 》 ᠤᠨ ᠨᠡᠶᠢᠲᠡᠯᠡᠭᠳᠡᠭᠰᠡᠨ ᠨᠢ ᠮᠠᠨ ᠤ ᠤᠯᠤᠰ ᠠᠴᠠ ᠥᠮᠴᠢᠯᠡᠬᠦ ᠡᠷᠬᠡ ᠶᠢᠨ ᠬᠠᠮᠠᠭᠠᠯᠠᠯᠲᠠ ᠶᠢ ᠦᠨᠡᠨ ᠬᠦ ᠳᠡᠭᠡᠳᠦ ᠬᠡᠮᠵᠢᠶ᠎ᠡ ᠪᠡᠷ ᠴᠢᠬᠤᠯᠠᠴᠢᠯᠠᠨ ᠦᠵᠡᠵᠦ ᠪᠠᠢᠭ᠎ᠠ ᠶᠢ ᠣᠯᠵᠤ ᠮᠡᠳᠡᠷᠡᠭᠰᠠᠨ ᠪᠠᠢᠨ᠎ᠠ᠃
ᠵᠠᠰᠠᠭ ᠵᠠᠬᠢᠷᠭᠠᠨ ᠤ ᠰᠢᠭᠦᠨ ᠲᠠᠰᠤᠯᠠᠯᠲᠠ ᠶᠢᠨ ᠥᠮᠴᠢᠯᠡᠯ ᠦᠨ ᠡᠷᠬᠡ ᠶᠢᠨ ᠬᠠᠮᠠᠭᠠᠯᠠᠯᠲᠠ ᠶᠢᠨ ᠠᠵᠢᠯ ᠤᠨ ᠳᠤᠮᠳᠠᠬᠢ ᠣᠷᠣᠨ ᠪᠠᠶᠢᠷᠢ ᠶᠢᠨ ᠲᠣᠭᠲᠠᠭᠠᠯᠲᠠ ᠪᠣᠯᠤᠨ ᠴᠢᠳᠠᠮᠵᠢ ᠶᠢᠨ ᠲᠤᠬᠠᠢ ᠂ ᠭᠤᠷᠪᠠᠨ ᠰᠠᠨᠠᠭᠤᠯᠭ᠎ᠠ ᠶᠢ ᠶᠠᠷᠢᠶ᠎ᠠ ᠭᠡᠵᠦ ᠪᠢ ᠪᠤᠳᠤᠵᠤ ᠪᠠᠶᠢᠨ᠎ᠠ ᠄ ᠨᠢᠭᠡ ᠂ ᠥᠮᠴᠢᠯᠡᠬᠦ ᠡᠷᠬᠡ ᠶᠢ ᠬᠠᠮᠠᠭᠠᠯᠠᠬᠤ ᠪᠣᠯ ᠵᠠᠬ᠎ᠠ ᠳᠡᠯᠭᠡᠭᠦᠷ ᠦᠨ ᠠᠵᠤ ᠠᠬᠤᠶ ᠶᠢᠨ ᠰᠠᠭᠤᠷᠢ ᠪᠠ ᠪᠠᠲᠤᠯᠠᠭ᠎ᠠ ᠪᠣᠯᠬᠤ ᠶᠤᠮ ᠂ ᠬᠠᠤᠯᠢ ᠶᠣᠰᠣᠭᠠᠷ ᠵᠠᠰᠠᠭ ᠵᠠᠬᠢᠷᠭᠠᠨ ᠤ ᠰᠢᠭᠦᠨ ᠲᠠᠰᠤᠯᠠᠯᠲᠠ ᠶᠢ ᠬᠡᠷᠡᠭᠵᠢᠭᠦᠯᠦᠯᠲᠡ ᠪᠣᠯ ᠥᠮᠴᠢᠯᠡᠯ ᠦᠨ ᠡᠷᠬᠡ ᠶᠢᠨ ᠬᠠᠮᠠᠭᠠᠯᠠᠯᠲᠠ ᠶᠢᠨ ᠬᠠᠮᠤᠭ ᠤᠨ ᠪᠠᠲᠤ ᠪᠡᠬᠢ ᠬᠠᠯᠬᠠᠪᠴᠢ ᠪᠣᠯᠤᠭᠰᠠᠨ ᠪᠠᠶᠢᠨ᠎ᠠ ᠃ ᠡᠷᠲᠡᠨ ᠡᠴᠡ ᠠᠪᠤᠭᠠᠳ ᠂ ᠥᠮᠴᠢᠯᠡᠬᠦ ᠡᠷᠬᠡ ᠨᠢ ᠳᠠᠷᠤᠶ ᠨᠡᠶᠢᠭᠡᠮ ᠦᠨ ᠡᠷᠡᠭᠦᠯ ᠪᠥᠭᠡᠳ ᠲᠣᠭᠲᠠᠭᠤᠨ ᠢᠶᠠᠷ ᠬᠥᠭᠵᠢᠬᠦ ᠶᠢᠨ ᠰᠠᠭᠤᠷᠢ ᠮᠥᠨ ᠂ ᠭᠠᠭᠴᠠ ᠬᠦ ᠬᠤᠪᠢ ᠬᠥᠮᠦᠨ ᠦ ᠥᠮᠴᠢᠯᠡᠬᠦ ᠡᠷᠬᠡ ᠶᠢ ᠦᠨᠡᠨ ᠬᠦ ᠬᠠᠮᠠᠭᠠᠯᠠᠪᠠᠯ᠂ ᠬᠥᠮᠦᠰ ᠤᠨ ᠡᠳ᠋ ᠬᠥᠷᠦᠩᠭᠡ ᠪᠡᠨ ᠵᠠᠷᠤᠬᠤ ᠪᠠ ᠬᠥᠭᠵᠢᠭᠦᠯᠬᠦ ᠢᠲᠡᠭᠡᠯ ᠬᠢᠭᠡᠳ ᠵᠣᠷᠢᠭ ᠢ ᠬᠥᠭᠵᠢᠭᠡᠵᠦ ᠴᠢᠳᠠᠨ᠎ᠠ᠃ ᠥᠮᠴᠢᠯᠡᠯ ᠦᠨ ᠡᠷᠬᠡ ᠶᠢᠨ ᠬᠠᠮᠠᠭᠠᠯᠠᠯᠲᠠ ᠶᠢᠨ ᠲᠠᠯ᠎ᠠ ᠪᠠᠷ ᠂ ᠵᠠᠰᠠᠭ ᠵᠠᠬᠢᠷᠭᠠᠨ ᠤ ᠰᠢᠭᠦᠨ ᠲᠠᠰᠤᠯᠠᠯᠲᠠ ᠨᠢ ᠥᠮᠴᠢᠯᠡᠬᠦ ᠡᠷᠬᠡ ᠶᠢᠨ ᠬᠠᠮᠠᠭᠠᠯᠠᠯᠲᠠ ᠶᠢᠨ ᠬᠠᠮᠤᠭ ᠤᠨ ᠴᠢᠬᠤᠯᠠ ᠨᠢᠭᠡᠨ ᠵᠠᠩᠭᠢᠯᠠᠭ᠎ᠠ ᠪᠣᠯᠬᠤ ᠨᠢ ᠡᠷᠡᠭᠡᠯᠵᠡᠭᠡ ᠦᠭᠡᠢ ᠶᠤᠮ ᠂ ᠵᠠᠰᠠᠭ ᠵᠠᠬᠢᠷᠭᠠᠨ ᠤ ᠰᠢᠭᠦᠨ ᠲᠠᠰᠤᠯᠬᠤ ᠠᠵᠢᠯ ᠤᠨ ᠪᠠᠶᠢᠷᠢ ᠰᠠᠭᠤᠷᠢ ᠪᠠ ᠡᠷᠬᠡ ᠰᠦᠷᠲᠦ ᠴᠢᠨᠠᠷ ᠢ ᠳᠡᠭᠡᠭᠰᠢᠯᠡᠭᠦᠯᠵᠦ ᠂ ᠬᠠᠤᠯᠢ ᠴᠠᠭᠠᠵᠠ ᠶᠢᠨ ᠰᠢᠭᠦᠨ ᠲᠠᠰᠤᠯᠠᠯᠲᠠ ᠳᠤ ᠰᠠᠢᠨ ᠰᠠᠶᠢᠬᠠᠨ ᠭᠠᠳᠠᠭᠠᠳᠤ ᠣᠷᠴᠢᠨ ᠨᠥᠬᠥᠴᠡᠯ ᠢ ᠪᠤᠢ ᠪᠣᠯᠭᠠᠨ᠎ᠠ ᠃ ᠬᠣᠶᠠᠷ ᠂ ᠬᠠᠤᠯᠢ ᠶᠣᠰᠣᠭᠠᠷ ᠲᠥᠪ ᠭᠣᠣᠯᠴᠢ ᠪᠠᠷ ᠰᠢᠭᠦᠨ ᠲᠠᠰᠤᠯᠬᠤ ᠪᠡᠷ ᠳᠠᠮᠵᠢᠭᠤᠯᠵᠤ ᠂ ᠡᠷᠬᠡ ᠲᠡᠭᠰᠢ ᠲᠥᠪ ᠭᠣᠣᠯᠴᠢ ᠵᠠᠬ᠎ᠠ ᠳᠡᠯᠭᠡᠭᠦᠷ ᠦᠨ ᠣᠷᠴᠢᠨ ᠨᠥᠬᠥᠴᠡᠯ ᠢ ᠪᠤᠢ ᠪᠣᠯᠭᠠᠬᠤ ᠪᠠ ᠬᠠᠮᠠᠭᠠᠯᠠᠨ᠎ᠠ᠃ ᠵᠠᠰᠠᠨ ᠤᠨ ᠣᠷᠳᠤᠨ ᠡᠴᠡ ᠬᠠᠮᠲᠤ ᠬᠤᠪᠢ ᠶᠢᠨ ᠬᠠᠮᠲᠤᠷᠠᠭᠰᠠᠨ ᠲᠥᠷᠦᠯ ᠵᠦᠢᠯ ᠢ ᠶᠡᠬᠡᠪᠡᠷ ᠲᠦᠯᠬᠢᠨ ᠠᠬᠢᠭᠤᠯᠤᠨ᠎ᠠ᠃ ᠭᠡᠪᠡᠴᠦ ᠠᠷᠠᠳ ᠤᠨ ᠡᠵᠡᠩᠨᠡᠭᠰᠡᠨ ᠠᠵᠤ ᠠᠬᠤᠶ ᠶᠢᠨ ᠵᠠᠷᠢᠮ ᠬᠦᠷᠢᠶᠡᠨ ᠳᠦ ᠮᠥᠨ ᠯᠡ ᠬᠢᠵᠠᠭᠠᠷᠯᠠᠭᠳᠠᠵᠤ ᠂ ᠵᠠᠷᠢᠮ ᠲᠥᠷᠦ ᠪᠣᠳᠤᠯᠭ᠎ᠠ ᠳᠣᠲᠣᠷ᠎ᠠ ᠣᠷᠣᠯᠴᠠᠵᠤ ᠪᠣᠯᠬᠤ ᠦᠭᠡᠢ ᠪᠠᠢᠵᠤ ᠂ ᠵᠠᠬ᠎ᠠ ᠳᠡᠯᠭᠡᠭᠦᠷ ᠦᠨ ᠥᠷᠢᠰᠥᠯᠳᠦᠭᠡᠨ ᠦ ᠳᠤᠮᠳᠠ ᠮᠥᠨ ᠯᠡ ᠭᠣᠣᠯᠴᠢ ᠪᠤᠰᠤ ᠶᠠᠪᠤᠳᠠᠯ ᠲᠣᠬᠢᠶᠠᠯᠳᠤᠳᠠᠭ᠃ ᠡᠨᠡ ᠲᠠᠯ᠎ᠠ ᠪᠠᠷ ᠬᠢ ᠬᠠᠤᠯᠢ ᠴᠠᠭᠠᠵᠠ ᠶᠢᠨ ᠬᠢᠨᠠᠯᠲᠠ ᠲᠠᠯᠪᠢᠬᠤ ᠶᠢ ᠴᠢᠩᠭᠠᠳᠬᠠᠬᠤ ᠬᠡᠷᠡᠭᠲᠡᠶ ᠭᠡᠵᠦ ᠰᠠᠨᠠᠭᠠᠴᠢᠯᠠᠨ ᠂ ᠬᠠᠤᠯᠢ ᠴᠠᠭᠠᠵᠠ ᠶᠢᠨ ᠰᠢᠭᠦᠨ ᠲᠠᠰᠤᠯᠠᠯᠲᠠ ᠪᠡᠷ ᠳᠠᠮᠵᠢᠭᠤᠯᠤᠨ᠂ ᠲᠥᠪ ᠬᠣᠷᠢᠶᠠᠨ ᠤ ᠲᠦ᠋ᠷᠦ ᠶᠢᠨ ᠪᠤᠳ᠋ᠤᠯᠭ᠎ᠠ ᠶᠢ ᠨᠠᠢᠳᠠᠪᠤᠷᠢᠵᠢᠭᠤᠯᠬᠤ ᠶᠢ ᠦᠨᠡᠨ ᠬᠦ ᠪᠠᠲᠤᠯᠠᠵᠤ᠂ ᠡᠷᠬᠡ ᠲᠡᠭᠰᠢ ᠲᠥᠪ ᠭᠣᠣᠯᠴᠢ ᠵᠠᠬ᠎ᠠ ᠳᠡᠯᠭᠡᠭᠦᠷ ᠦᠨ ᠣᠷᠴᠢᠨ ᠨᠥᠬᠥᠴᠡᠯ ᠢ ᠬᠠᠮᠠᠭᠠᠯᠠᠨ᠂ ᠠᠵᠤ ᠠᠬᠤᠶ ᠶᠢᠨ ᠬᠥᠭᠵᠢᠯᠲᠡ ᠶᠢ ᠠᠬᠢᠭᠤᠯᠤᠨ᠎ᠠ ᠃ ᠭᠤᠷᠪᠠ ᠂ ᠪᠦᠲᠦᠮᠵᠢᠲᠡᠶ ᠵᠠᠰᠠᠭ ᠵᠠᠬᠢᠷᠭᠠᠨ ᠤ ᠰᠢᠭᠦᠨ ᠲᠠᠰᠤᠯᠠᠯᠲᠠ ᠪᠡᠷ ᠳᠠᠮᠵᠢᠭᠤᠯᠤᠨ ᠂ ᠮᠡᠳᠡᠯᠭᠡ ᠶᠢᠨ ᠪᠦᠲᠦᠭᠡᠭᠳᠡᠬᠦᠨ ᠦ ᠥᠮᠴᠢᠯᠡᠬᠦ ᠡᠷᠬᠡ ᠶᠢ ᠬᠠᠮᠠᠭᠠᠯᠠᠬᠤ ᠰᠠᠢᠨ ᠰᠠᠶᠢᠬᠠᠨ ᠠᠭᠤᠷ ᠠᠮᠢᠰᠬᠤᠯ ᠢ ᠪᠤᠢ ᠪᠣᠯᠭᠠᠬᠤ ᠪᠠ ᠲᠦᠷᠦ ᠶᠢᠨ ᠪᠤᠳᠤᠯᠭ᠎ᠠ ᠶᠢᠨ ᠣᠷᠴᠢᠨ ᠨᠥᠬᠥᠴᠡᠯ ᠢ ᠪᠤᠢ ᠪᠣᠯᠭᠠᠨ᠎ᠠ ᠃
ᠵᠠᠰᠠᠭ ᠵᠠᠬᠢᠷᠭᠠᠨ ᠤ ᠰᠢᠭᠦᠨ ᠲᠠᠰᠤᠯᠠᠯᠲᠠ ᠶᠢᠨ ᠥᠭᠡᠷᠡᠴᠢᠯᠡᠯᠲᠡ ᠶᠢ ᠠᠬᠢᠭᠤᠯᠵᠤ ᠵᠠᠰᠠᠭ ᠵᠠᠬᠢᠷᠭᠠᠨ ᠤ ᠰᠢᠭᠦᠨ ᠲᠠᠰᠤᠯᠠᠯᠲᠠ ᠶᠢᠨ ᠦᠢᠯᠡᠳᠦᠯ ᠢ ᠪᠠᠳᠠᠷᠠᠭᠤᠯᠤᠨ᠎ᠠ
ᠪᠦᠬᠦ ᠤᠯᠤᠰ ᠤᠨ ᠠᠷᠠᠳ ᠤᠨ ᠲᠥᠯᠥᠭᠡᠯᠡᠭᠴᠢ ᠂ ᠯᠢᠦ ᠱᠤ ᠯᠢᠨ
ᠵᠠᠰᠠᠭ ᠵᠠᠬᠢᠷᠭᠠᠨ ᠤ ᠰᠢᠭᠦᠨ ᠲᠠᠰᠣᠯᠣᠯᠳᠠ ᠨᠢ ᠥᠮᠴᠢᠯᠡᠬᠦ ᠡᠷᠬᠡ ᠶᠢ ᠬᠠᠮᠠᠭᠠᠯᠠᠬᠤ ᠳᠤ ᠴᠢᠬᠤᠯᠠ ᠠᠴᠢ ᠬᠣᠯᠪᠣᠭᠳᠠᠯ ᠲᠠᠶ ᠶᠤᠮ ᠃ ᠨᠢᠭᠡ ᠲᠠᠯ᠎ᠠ ᠪᠠᠷ ᠂ ᠵᠠᠰᠠᠭ ᠵᠠᠬᠢᠷᠭᠠᠨ ᠤ ᠰᠢᠭᠦᠨ ᠲᠠᠰᠣᠯᠣᠯᠳᠠ ᠨᠢ ᠥᠮᠴᠢᠯᠡᠬᠦ ᠡᠷᠬᠡ ᠶᠢᠨ ᠬᠠᠮᠠᠭᠠᠯᠠᠯᠲᠠ ᠶᠢ ᠬᠡᠷᠡᠭᠵᠢᠭᠦᠯᠬᠦ ᠳᠤᠮᠳᠠ ᠥᠮᠴᠢᠯᠡᠯ ᠦᠨ ᠡᠷᠬᠡ ᠶᠢᠨ ᠬᠠᠮᠠᠭᠠᠯᠠᠯᠲᠠ ᠶᠢᠨ ᠠᠭᠤᠯᠭ᠎ᠠ ᠶᠢ ᠨᠥᠬᠥᠪᠥᠷᠢᠯᠡᠵᠦ ᠂ ᠥᠮᠴᠢᠯᠡᠬᠦ ᠡᠷᠬᠡ ᠶᠢᠨ ᠬᠠᠮᠠᠭᠠᠯᠠᠯᠲᠠ ᠶᠢ ᠲᠠᠢᠯᠪᠤᠷᠢᠯᠠᠨ ᠵᠢᠷᠤᠮᠵᠢᠭᠤᠯᠵᠤ ᠂ ᠥᠮᠴᠢᠯᠡᠬᠦ ᠡᠷᠬᠡ ᠶᠢᠨ ᠬᠠᠮᠠᠭᠠᠯᠠᠯᠲᠠ ᠶᠢᠨ ᠪᠦᠬᠦ ᠲᠠᠯ᠎ᠠ ᠶᠢᠨ ᠬᠡᠷᠡᠭᠵᠢᠭᠦᠯᠦᠯᠲᠡ ᠶᠢ ᠠᠬᠢᠭᠤᠯᠤᠨ᠎ᠠ ᠃ ᠨᠥᠭᠦᠭᠡ ᠲᠠᠯ᠎ᠠ ᠪᠠᠷ ᠂ ᠵᠠᠰᠠᠭ ᠵᠠᠬᠢᠷᠭᠠᠨ ᠤ ᠰᠢᠭᠦᠨ ᠲᠠᠰᠤᠯᠠᠯᠲᠠ ᠨᠢ ᠥᠮᠴᠢᠯᠡᠬᠦ ᠡᠷᠬᠡ ᠶᠢᠨ ᠬᠠᠮᠠᠭᠠᠯᠠᠯᠲᠠ ᠶᠢ ᠬᠡᠷᠡᠭᠵᠢᠭᠦᠯᠬᠦ ᠶᠢ ᠪᠠᠲᠤᠯᠠᠬᠤ ᠬᠠᠮᠲᠤ ᠂ ᠨᠡᠶᠢᠲᠡ ᠶᠢᠨ ᠡᠷᠬᠡ ᠶᠢ ᠵᠢᠷᠤᠮᠵᠢᠭᠤᠯᠵᠤ ᠥᠮᠴᠢᠯᠡᠬᠦ ᠡᠷᠬᠡ ᠳᠤ ᠣᠷᠤᠯᠴᠠᠬᠤ ᠶᠢ ᠬᠢᠵᠠᠭᠠᠷᠯᠠᠵᠤ᠂ ᠵᠠᠰᠠᠭ ᠤᠨ ᠣᠷᠳᠣᠨ ᠤ ᠬᠠᠤᠯᠢ ᠶᠣᠰᠣᠭᠠᠷ ᠵᠠᠰᠠᠭ ᠶᠠᠪᠤᠭᠤᠯᠬᠤ ᠳᠤ ᠬᠢᠨᠠᠯᠲᠠ ᠲᠠᠯᠪᠢᠵᠤ ᠂ ᠬᠠᠤᠯᠢ ᠪᠠᠷ ᠵᠠᠰᠠᠬᠤ ᠵᠠᠰᠠᠭ ᠤᠨ ᠣᠷᠳᠣᠨ ᠢ ᠪᠠᠶᠢᠭᠤᠯᠬᠤ ᠲᠠᠯ᠎ᠠ ᠪᠠᠷ ᠣᠷᠣᠯᠠᠵᠤ ᠪᠣᠯᠤᠰᠢ ᠦᠭᠡᠢ ᠦᠢᠯᠡᠳᠦᠯ ᠲᠠᠢ᠂ ᠤᠯᠤᠰ ᠣᠷᠣᠨ ᠤ ᠥᠨᠢ ᠤᠳᠠᠭᠠᠨ ᠠᠮᠤᠷ ᠲᠦᠪᠰᠢᠨ ᠪᠠᠶᠢᠬᠤ ᠶᠢ ᠬᠠᠮᠠᠭᠠᠯᠠᠵᠤ ᠂ ᠠᠷᠠᠳ ᠲᠦᠮᠡᠨ ᠦ ᠠᠮᠤᠷ ᠵᠢᠷᠭᠠᠯᠲᠠᠶ ᠠᠮᠢᠳᠤᠷᠠᠬᠤ ᠶᠢᠨ ᠴᠢᠬᠤᠯᠠ ᠪᠠᠲᠤᠯᠠᠭ᠎ᠠ ᠮᠥᠨ ᠃
ᠮᠢᠨᠦ ᠰᠠᠨᠠᠭᠤᠯᠭ᠎ᠠ ᠭᠠᠷᠭᠠᠬᠤ ᠨᠢ᠄ ᠨᠢᠭᠡ ᠂ ᠵᠠᠰᠠᠭ ᠵᠠᠬᠢᠷᠭᠠᠨ ᠤ ᠵᠠᠷᠭᠤ ᠶᠢᠨ ᠬᠡᠷᠡᠭ ᠢ ᠬᠦᠯᠢᠶᠡᠨ ᠠᠪᠬᠤ ᠬᠡᠪᠴᠢᠶ᠎ᠡ ᠶᠢ ᠥᠷᠭᠡᠳᠬᠡᠬᠦ ᠬᠡᠷᠡᠭᠲᠡᠶ ᠃ ᠪᠣᠳᠠᠲᠠᠶ ᠵᠠᠰᠠᠭ ᠵᠠᠬᠢᠷᠭᠠᠨ ᠤ ᠦᠢᠯᠡ ᠠᠵᠢᠯᠯᠠᠭ᠎ᠠ ᠳᠤ ᠯᠠ ᠬᠢᠵᠠᠭᠠᠷᠯᠠᠭᠳᠠᠵᠤ ᠪᠣᠯᠬᠤ ᠦᠭᠡᠢ ᠂ ᠵᠠᠰᠠᠭ ᠵᠠᠬᠢᠷᠭᠠᠨ ᠤ ᠦᠢᠯᠡ ᠠᠵᠢᠯᠯᠠᠭ᠎ᠠ ᠨᠢ ᠬᠥᠮᠦᠨ ᠤ ᠡᠷᠬᠡ ᠠᠰᠢᠭ ᠳᠤ ᠬᠣᠬᠢᠷᠠᠯ ᠳᠤ ᠤᠴᠠᠷᠠᠭᠤᠯᠤᠭᠰᠠᠨ ᠪᠠᠢᠪᠠᠯ ᠂ ᠴᠥᠮ ᠵᠠᠷᠭᠤ ᠬᠢᠵᠦ ᠪᠣᠯᠤᠨ᠎ᠠ ᠂ ᠬᠡᠶᠢᠰᠪᠦᠷᠢ ᠵᠠᠰᠠᠭ ᠵᠠᠬᠢᠷᠭᠠᠨ ᠤ ᠦᠢᠯᠡ ᠠᠵᠢᠯᠯᠠᠭ᠎ᠠ ( ᠤᠯᠠᠭᠠᠨ ᠲᠣᠯᠣᠭᠠᠶᠢᠲᠤ ᠪᠢᠴᠢᠭ ᠮᠠᠲ᠋ᠧᠷᠢᠶᠠᠯ ᠪᠠᠭᠲᠠᠨ᠎ᠠ ) ᠂ ᠳᠣᠲᠣᠭᠠᠳᠤ ᠵᠠᠰᠠᠭ ᠵᠠᠬᠢᠷᠭᠠᠨ ᠤ ᠠᠵᠢᠯᠯᠠᠭ᠎ᠠ ᠵᠡᠷᠭᠡ ᠂ ᠬᠥᠮᠦᠨ ᠦ ᠪᠡᠶ᠎ᠡ ᠶᠢᠨ ᠡᠳ᠋ ᠬᠦᠷᠦᠩᠭᠡ ᠶᠢᠨ ᠡᠷᠬᠡ ᠶᠢᠨ ᠬᠢᠵᠠᠭᠠᠷ ᠢ ᠦᠭᠡᠢᠰᠬᠡᠨ᠎ᠡ ᠃ ᠬᠠᠤᠯᠢ ᠴᠠᠭᠠᠵᠠ ᠠᠴᠠ ᠣᠯᠭᠣᠭᠰᠠᠨ ᠠᠷᠠᠳ ᠢᠷᠭᠡᠨ ᠦ ᠬᠠᠤᠯᠢ ᠶᠣᠰᠣᠨ ᠤ ᠡᠷᠬᠡ ᠠᠰᠢᠭ ᠲᠤ ᠬᠣᠣᠷ ᠬᠥᠨᠥᠭᠡᠯ ᠤᠴᠠᠷᠠᠭᠰᠠᠨ ᠪᠣᠯ ᠴᠥᠮ ᠵᠠᠭᠠᠯᠳᠤᠯᠭ᠎ᠠ ᠭᠠᠷᠭᠠᠵᠤ ᠪᠣᠯᠤᠨ᠎ᠠ᠃ ᠤᠯᠠᠨ ᠨᠡᠶᠢᠲᠡ ᠶᠢᠨ ᠠᠵᠢᠯ ᠦᠢᠯᠡᠰ ᠂ ᠤᠯᠠᠨ ᠨᠡᠶᠢᠲᠡ ᠶᠢᠨ ᠠᠵᠤ ᠠᠬᠤᠶᠢᠯᠠᠯ ᠤᠨ ᠠᠵᠢᠯᠠᠯᠭ᠎ᠠ᠂ ᠨᠡᠶᠢᠭᠡᠮ ᠦᠨ ᠲᠦᠭᠡᠮᠡᠯ ᠦᠢᠯᠡᠴᠢᠯᠡᠭᠡ ᠬᠠᠩᠭᠠᠬᠤ ᠶᠢ ᠴᠥᠮ ᠵᠠᠰᠠᠭ ᠵᠠᠬᠢᠷᠭᠠᠨ ᠤ ᠵᠠᠷᠭᠤ ᠶᠢᠨ ᠵᠠᠭᠠᠯᠳᠤᠭᠳᠠᠭᠴᠢ ᠪᠣᠯᠭᠠᠨ ᠪᠣᠳᠣᠯᠬᠢᠯᠠᠵᠤ ᠪᠣᠯᠤᠨ᠎ᠠ ᠭᠡᠵᠦ ᠪᠢ ᠪᠤᠳᠤᠵᠤ ᠪᠠᠶᠢᠨ᠎ᠠ ᠃ ᠬᠡᠯᠡᠯᠭᠡᠨ ᠦᠭᠡᠢ ᠂ ᠵᠠᠰᠠᠭ ᠵᠠᠬᠢᠷᠭᠠᠨ ᠤ ᠵᠠᠷᠭᠤ ᠶᠢᠨ ᠵᠠᠭᠠᠯᠳᠤᠭᠴᠢ ᠶᠢᠨ ᠬᠦᠷᠢᠶ᠎ᠡ ᠬᠡᠪᠴᠢᠶ᠎ᠡ ᠨᠢ ᠴᠦ ᠡᠷᠬᠡᠪᠰᠢ ᠥᠷᠭᠡᠳᠬᠡᠬᠦ ᠬᠡᠷᠡᠭᠲᠡᠶ ᠃ ᠵᠠᠰᠠᠭ ᠵᠠᠬᠢᠷᠭᠠᠨ ᠤ ᠪᠠᠶᠢᠭᠤᠯᠭ᠎ᠠ ᠵᠠᠰᠠᠭ ᠵᠠᠬᠢᠷᠭᠠᠨ ᠤ ᠬᠠᠷᠢᠴᠠᠩᠭᠤᠶ ᠬᠥᠮᠦᠨ ᠤ ᠡᠯ᠎ᠡ ᠲᠦᠷᠦᠯ ᠦᠨ ᠬᠠᠤᠯᠢ ᠶᠣᠰᠣᠨ ᠤ ᠡᠷᠬᠡ ᠶᠢ ᠨᠥᠯᠦᠭᠡᠯᠡᠭᠰᠡᠨ ᠠᠵᠢᠯᠠᠯᠭ᠎ᠠ ᠂ ᠵᠠᠰᠠᠭ ᠵᠠᠬᠢᠷᠭᠠᠨ ᠤ ᠪᠤᠰᠤ ᠦᠢᠯᠡ ᠠᠵᠢᠯᠯᠠᠭ᠎ᠠ ᠶᠢᠨ ᠬᠡᠯᠪᠡᠷᠢ ᠪᠡᠷ ᠢᠯᠡᠷᠡᠵᠦ ᠪᠠᠶᠢᠭ᠎ᠠ ᠵᠠᠰᠠᠭ ᠵᠠᠬᠢᠷᠭᠠᠨ ᠤ ᠦᠢᠯᠡ ᠠᠵᠢᠯᠯᠠᠭ᠎ᠠ ᠶᠢ ᠪᠦᠲᠦᠮᠵᠢᠲᠡᠶ ᠠᠩᠬᠠᠷᠴᠤ ᠤᠯᠬᠤ ᠶᠣᠰᠣᠲᠠᠶ ᠃ ᠬᠣᠶᠠᠷ ᠂ ᠵᠠᠰᠠᠭ ᠵᠠᠬᠢᠷᠭᠠᠨ ᠤ ᠰᠢᠭᠦᠨ ᠲᠠᠰᠤᠯᠠᠯᠲᠠ ᠶᠢ ᠥᠭᠡᠷᠡᠴᠢᠯᠡᠵᠦ᠂ ᠵᠠᠰᠠᠭ ᠵᠠᠬᠢᠷᠭᠠᠨ ᠤ ᠰᠢᠭᠦᠬᠦ ᠬᠣᠷᠢᠶ᠎ᠠ ᠶᠢ ᠪᠠᠶᠢᠭᠤᠯᠤᠨ᠎ᠠ ᠃ ᠤᠳᠤ ᠶᠢᠨ ᠬᠡᠷᠡᠭᠵᠢᠭᠦᠯᠵᠦ ᠪᠠᠶᠢᠭ᠎ᠠ ᠵᠠᠰᠠᠭ ᠵᠠᠬᠢᠷᠭᠠᠨ ᠤ ᠰᠢᠭᠦᠨ ᠲᠠᠰᠤᠯᠬᠤ ᠪᠠᠶᠢᠭᠤᠯᠤᠯ ᠨᠢ ᠵᠠᠰᠠᠭ ᠵᠠᠬᠢᠷᠭᠠᠨ ᠤ ᠵᠠᠷᠭᠤ ᠶᠢᠨ ᠲᠦᠷᠢᠮ ᠦᠨ ᠬᠥᠭᠵᠢᠯᠲᠡ ᠳᠤ ᠯᠤᠲᠤ ᠶᠡᠬᠡ ᠬᠠᠷᠰᠢ ᠲᠠᠢ ᠪᠠᠢᠵᠤ᠂ ᠬᠠᠷᠢᠶᠠᠯᠠᠯ ᠤᠨ ᠵᠡᠷᠭᠡ ᠳᠡᠰ ᠢ ᠳᠡᠭᠡᠭᠰᠢᠯᠡᠭᠦᠯᠬᠦ ᠪᠤᠶᠤ ᠰᠣᠯᠪᠢᠴᠠᠭᠤᠯᠤᠨ ᠬᠠᠷᠢᠶᠠᠯᠠᠬᠤ ᠳᠤ ᠲᠥᠰᠢᠭᠯᠡᠬᠦ᠂ ᠲᠥᠪᠯᠡᠷᠡᠭᠦᠯᠦᠨ ᠬᠠᠮᠢᠶᠠᠷᠬᠤ ᠨᠢ ᠵᠠᠰᠠᠭ ᠵᠠᠬᠢᠷᠭᠠᠨ ᠤ ᠰᠢᠭᠦᠨ ᠲᠠᠰᠤᠯᠤᠯᠲᠠ ᠶᠢᠨ ᠪᠠᠶᠢᠭᠤᠯᠤᠯ ᠳᠤᠮᠳᠠᠬᠢ ᠴᠢᠬᠤᠯᠠ ᠶᠡᠬᠡ ᠠᠰᠠᠭᠤᠳᠠᠯ ᠢ ᠰᠢᠶᠳᠪᠦᠷᠢᠯᠡᠵᠦ ᠴᠢᠳᠠᠬᠤ ᠦᠭᠡᠢ ᠶᠤᠮ ᠃ ᠭᠤᠷᠪᠠ ᠂ ᠬᠠᠤᠯᠢ ᠶᠢᠨ ᠲᠤᠰᠢᠶᠠᠯᠲᠠᠨ ᠤ ᠬᠠᠷᠠᠭᠠᠯᠵᠠᠯ ᠢ ᠳᠡᠭᠡᠭᠰᠢᠯᠡᠭᠦᠯᠬᠦ ᠬᠡᠷᠡᠭᠲᠡᠶ ᠃ ᠳᠡᠯᠡᠬᠡᠶ ᠶᠢᠨ ᠡᠯ᠎ᠡ ᠤᠯᠤᠰ ᠨᠢ ᠬᠠᠤᠯᠢ ᠶᠢᠨ ᠲᠤᠰᠢᠶᠠᠯᠲᠠᠨ ᠤ ᠥᠨᠳᠥᠷ ᠴᠠᠯᠢᠩ ᠤᠨ ᠲᠦᠷᠢᠮ ᠢ ᠨᠡᠶᠢᠳᠡᠮ ᠬᠡᠷᠡᠭᠵᠢᠭᠦᠯᠵᠦ ᠂ ᠪᠤᠰᠤᠳ ᠬᠠᠷᠠᠭᠠᠯᠵᠠᠯ ᠢ ᠨᠢ ᠴᠦ ᠨᠡᠯᠢᠶᠡᠳ ᠰᠠᠢᠨ ᠪᠠᠢᠳᠠᠭ ᠃ ᠮᠠᠨ ᠤ ᠤᠯᠤᠰ ᠤᠨ ᠰᠢᠭᠦᠬᠦ ᠲᠤᠰᠢᠶᠠᠯᠲᠠᠨ ᠤ ᠣᠯᠭᠣᠮᠵᠢ ᠶᠢ ᠳᠡᠭᠡᠭᠰᠢᠯᠡᠭᠦᠯᠬᠦ ᠰᠠᠨᠠᠭᠤᠯᠭ᠎ᠠ ᠳᠤᠷᠠᠳᠴᠤ ᠂ ᠥᠨᠳᠥᠷ ᠴᠠᠯᠢᠩ ᠢᠶᠠᠷ ᠠᠷᠢᠭᠤᠨ ᠴᠢᠬᠡᠴᠢ ᠶᠢ ᠬᠥᠮᠦᠵᠢᠭᠦᠯᠵᠦ ᠂ ᠨᠠᠰᠤᠨ ᠤ ᠠᠮᠠᠷᠠᠯᠲᠠ ᠠᠪᠤᠭᠰᠠᠨ ᠤ ᠳᠠᠷᠠᠭᠠᠬᠢ ᠬᠠᠷᠠᠭᠠᠯᠵᠠᠯ ᠢ ᠨᠢᠭᠡ ᠲᠠᠬᠢᠨ ᠢᠶᠡᠷ ᠨᠡᠮᠡᠭᠳᠡᠭᠦᠯᠬᠦ ᠶᠢ ᠪᠣᠳᠤᠯᠬᠢᠯᠠᠵᠤ ᠂ ᠬᠠᠤᠯᠢ ᠶᠢᠨ ᠲᠤᠰᠢᠶᠠᠯᠲᠠᠨ ᠤ ᠪᠠᠶᠢᠪᠠᠰᠤ ᠵᠣᠬᠢᠬᠤ ᠨᠡᠷ᠎ᠡ ᠬᠦᠨᠳᠦ ᠶᠢ ᠪᠠᠲᠤᠯᠠᠬᠤ ᠮᠥᠷᠲᠡᠭᠡᠨ ᠂ ᠪᠠᠰᠠ ᠬᠠᠤᠯᠢ ᠶᠢᠨ ᠲᠤᠰᠢᠶᠠᠯᠲᠠᠨ ᠤ ᠡᠩᠨᠡᠭᠡ ᠶᠢᠨ ᠲᠣᠭᠲᠠᠭᠤᠨ ᠪᠠᠶᠢᠳᠠᠯ ᠪᠠᠲᠤᠯᠠᠨ᠎ᠠ ᠃
ᠵᠠᠰᠠᠭ ᠵᠠᠬᠢᠷᠭᠠᠨ ᠤ ᠰᠢᠭᠦᠨ ᠲᠠᠰᠤᠯᠬᠤ ᠠᠵᠢᠯ ᠢ ᠲᠡᠭᠦᠯᠳᠡᠷᠵᠢᠭᠦᠯᠵᠦ ᠤᠯᠠᠨ ᠲᠦᠮᠡᠨ ᠤ ᠵᠣᠯ ᠵᠢᠷᠭᠠᠯ ᠠᠮᠤᠷ ᠠᠮᠤᠭᠤᠯᠠᠩ ᠢ ᠪᠠᠲᠤᠯᠠᠨ᠎ᠠ
ᠪᠦᠬᠦ ᠤᠯᠤᠰ ᠤᠨ ᠠᠷᠠᠳ ᠤᠨ ᠲᠥᠯᠥᠭᠡᠯᠡᠭᠴᠢ ᠂ ᠠᠷᠠᠳ ᠤᠨ ᠳᠡᠭᠡᠳᠦ ᠵᠡᠷᠬᠡ ᠶᠢᠨ ᠰᠢᠭᠦᠬᠦ ᠬᠣᠷᠢᠶᠠᠨ ᠤ ᠣᠨᠴᠠ ᠤᠷᠢᠭᠰᠠᠨ ᠬᠢᠨᠠᠯᠲᠠ ᠲᠠᠯᠪᠢᠭᠴᠢ ᠶᠠᠨ ᠵᠢᠶᠠᠨ ᠭᠦᠸᠸ
11 ᠰᠠᠷ᠎ᠠ ᠶᠢᠨ 27 ᠤ ᠡᠳᠦᠷ ᠂ ᠨᠠᠮ ᠤᠨ ᠲᠥᠪ ᠬᠣᠷᠢᠶ᠎ᠠ᠂ ᠲᠦᠷᠦ ᠶᠢᠨ ᠶᠠᠪᠤᠳᠠᠯ ᠤᠨ ᠬᠣᠷᠢᠶᠠᠨ ᠡᠴᠡ 《 ᠥᠮᠴᠢᠯᠡᠯ ᠦᠨ ᠡᠷᠬᠡ ᠶᠢᠨ ᠬᠠᠮᠠᠭᠠᠯᠠᠯᠲᠠ ᠶᠢᠨ ᠳᠦᠷᠢᠮ ᠢ ᠲᠡᠭᠦᠯᠳᠡᠷᠵᠢᠭᠦᠯᠦᠨ ᠂ ᠬᠠᠤᠯᠢ ᠶᠣᠰᠣᠭᠠᠷ ᠥᠮᠴᠢᠯᠡᠯ ᠦᠨ ᠡᠷᠬᠡ ᠶᠢ ᠬᠠᠮᠠᠭᠠᠯᠠᠬᠤ ᠲᠤᠬᠠᠶ ᠰᠠᠨᠠᠯ 》 ᠢ ᠨᠡᠢᠲᠡᠯᠡᠪᠡ᠃11 ᠰᠠᠷ᠎ᠠ ᠶᠢᠨ29 ᠤ ᠡᠳᠦᠷ《 ᠰᠢᠭᠦᠨ ᠲᠠᠰᠤᠯᠬᠤ ᠡᠭᠦᠷᠭᠡ ᠲᠤᠰᠢᠶᠠᠯ ᠤᠨ ᠦᠢᠯᠡᠳᠦᠯ ᠢ ᠭᠦᠢᠴᠡᠳ ᠪᠠᠳᠠᠷᠠᠭᠤᠯᠵᠤ ᠥᠮᠴᠢᠯᠡᠬᠦ ᠡᠷᠬᠡ ᠶᠢᠨ ᠬᠠᠤᠯᠢ ᠴᠠᠭᠠᠵᠠ ᠶᠢᠨ ᠬᠠᠮᠠᠭᠠᠯᠠᠯᠲᠠ ᠶᠢ ᠦᠨᠡᠨ ᠬᠦ ᠴᠢᠩᠭ᠋ᠠᠳᠬᠠᠬᠤ ᠰᠠᠨᠠᠯ 》 ᠪᠠ 《 ᠲᠡᠤᠬᠡᠨ ᠶᠠᠪᠤᠴᠠ ᠳᠤ ᠪᠥᠷᠢᠯᠳᠦᠭᠰᠡᠨ ᠥᠮᠴᠢᠯᠡᠬᠦ ᠡᠷᠬᠡ ᠶᠢᠨ ᠲᠤᠬᠠᠢ ᠬᠡᠷᠡᠭ ᠢ ᠬᠠᠤᠯᠢ ᠶᠣᠰᠣᠭᠠᠷ ᠵᠣᠬᠢᠰᠲᠠᠢ ᠰᠢᠢᠳᠪᠦᠷᠢᠯᠡᠬᠦ ᠠᠵᠢᠯ ᠢ ᠨᠠᠢᠳᠠᠪᠤᠷᠢᠵᠢᠭᠤᠯᠬᠤ ᠲᠤᠬᠠᠢ ᠰᠠᠨᠠᠯ》 ᠢ ᠨᠡᠢᠳᠡᠯᠡᠪᠡ᠃ ᠡᠨᠡ ᠬᠣᠶᠠᠷ ᠰᠠᠨᠠᠯ ᠪᠣᠯᠤᠨ ᠬᠣᠷᠢᠶᠠᠨ ᠳᠠᠷᠤᠭ᠎ᠠ ᠵᠥᠦ ᠴᠢᠶᠠᠩ ᠤᠨ ᠳᠤᠷᠠᠳᠤᠭᠰᠠᠨ ᠬᠣᠶᠠᠷ ᠠᠴᠠ ᠭᠤᠷᠪᠠᠨ ᠵᠢᠯ ᠦᠨ ᠬᠤᠭᠤᠴᠠᠭ᠎ᠠ ᠬᠡᠷᠡᠭᠯᠡᠵᠦ ᠪᠠᠢ᠌ᠭᠠᠳ ᠭᠦᠢᠴᠡᠳᠬᠡᠬᠦ ᠳᠦ ᠬᠦᠴᠢᠷᠲᠡᠶ ᠪᠠᠶᠢᠬᠤ ᠠᠰᠠᠭᠤᠳᠠᠯ ᠢ ᠦᠨᠳᠦᠰᠦᠨ ᠳᠤ ᠪᠡᠨ ᠰᠢᠢᠳᠪᠦᠷᠢᠯᠡᠵᠦ ᠂ ᠠᠷᠠᠳ ᠤᠨ ᠳᠡᠭᠡᠳᠦ ᠵᠡᠷᠭᠡ ᠶᠢᠨ ᠰᠢᠭᠦᠬᠦ ᠬᠣᠷᠢᠶᠠᠨ ᠤ ᠥᠮᠴᠢᠯᠡᠬᠦ ᠡᠷᠬᠡ ᠶᠢᠨ ᠬᠠᠮᠠᠭᠠᠯᠠᠯᠲᠠ ᠶᠢᠨ ᠲᠤᠬᠠᠢ ᠲᠤᠢᠯ ᠤᠨ ᠴᠢᠬᠤᠯᠠᠴᠢᠯᠠᠨ ᠦᠵᠡᠵᠦ ᠪᠠᠢᠭ᠎ᠠ ᠶᠢ ᠢᠯᠡᠷᠡᠭᠦᠯᠦᠭᠰᠡᠨ ᠪᠠᠢᠨ᠎ᠠ ᠃
ᠵᠠᠰᠠᠭ ᠵᠠᠬᠢᠷᠭᠠᠨ ᠤ ᠰᠢᠭᠦᠨ ᠲᠠᠰᠤᠯᠤᠯᠲᠠ ᠶᠢᠨ ᠳᠤᠮᠳᠠ ᠥᠮᠴᠢᠯᠡᠬᠦ ᠡᠷᠬᠡ ᠶᠢᠨ ᠬᠠᠮᠠᠭᠠᠯᠠᠯᠲᠠ ᠶᠢᠨ ᠲᠤᠬᠠᠢ ᠪᠢ ᠳᠣᠣᠷᠠᠬᠢ ᠮᠡᠲᠦ ᠲᠦᠷᠪᠡᠨ ᠵᠦᠢᠯ ᠰᠠᠨᠠᠭᠤᠯᠭ᠎ᠠ ᠳᠤᠷᠠᠳᠤᠶ᠎ᠠ ᠄ ᠨᠢᠭᠡᠳᠦᠭᠡᠷ ᠲᠦ ᠂ ᠵᠠᠰᠠᠭ ᠵᠠᠬᠢᠷᠭᠠᠨ ᠤ ᠰᠢᠭᠦᠨ ᠲᠠᠰᠤᠯᠤᠯᠲᠠ ᠶᠢᠨ ᠳᠤᠮᠳᠠ ᠂ ᠵᠠᠰᠠᠭ ᠵᠠᠬᠢᠷᠭᠠᠨ ᠤ ᠬᠠᠷᠢᠴᠠᠩᠭᠤᠶ ᠬᠥᠮᠦᠨ ᠦ ᠬᠠᠤᠯᠢ ᠶᠣᠰᠣᠨ ᠤ ᠡᠷᠬᠡ ᠠᠰᠢᠭ ᠢ ᠬᠠᠮᠠᠭᠠᠯᠠᠬᠤ ᠨᠡᠩ ᠢᠯᠡᠭᠦᠦ ᠴᠢᠬᠤᠯᠠᠴᠢᠯᠠᠵᠤ ᠂ ᠡᠷᠬᠡ ᠲᠡᠭᠰᠢ ᠪᠡᠷ ᠥᠮᠴᠢᠯᠡᠬᠦ ᠡᠷᠬᠡ ᠶᠢ ᠬᠠᠮᠠᠭᠠᠯᠠᠬᠤ ᠬᠠᠤᠯᠢ ᠴᠠᠭᠠᠵᠠ ᠶᠢᠨ ᠲᠦᠷᠢᠮ ᠢ ᠲᠡᠭᠦᠯᠳᠡᠷᠵᠢᠭᠦᠯᠵᠦ ᠂ ᠣᠨᠴᠠᠭᠠᠶᠢᠯᠠᠨ ᠨᠡᠶᠢᠲᠡ ᠶᠢᠨ ᠥᠮᠴᠢᠯᠡᠯ ᠦᠨ ᠪᠤᠰᠤ ᠠᠵᠤ ᠠᠬᠤᠶ ᠶᠢᠨ ᠬᠠᠮᠠᠭᠠᠯᠠᠯᠲᠠ ᠶᠢ ᠴᠢᠬᠤᠯᠠᠴᠢᠯᠠᠨ᠎ᠠ ᠃ ᠬᠣᠶᠠᠳᠤᠭᠠᠷ ᠲᠤ ᠂ ᠵᠠᠰᠠᠭ ᠵᠠᠬᠢᠷᠭᠠᠨ ᠡᠴᠡ ᠬᠠᠤᠯᠢ ᠴᠠᠭᠠᠵᠠ ᠳᠤ ᠭᠠᠷ ᠳᠦᠷᠦᠬᠦ ᠶᠢ ᠴᠡᠭᠡᠷᠯᠡᠵᠦ᠂ ᠵᠠᠰᠠᠭ ᠵᠠᠬᠢᠷᠭᠠᠨ ᠤᠳᠤᠷᠢᠳᠬᠤ ᠳᠤ ᠬᠡᠷᠡᠭ ᠢ ᠠᠰᠠᠭᠤᠨ ᠯᠠᠪᠯᠠᠭᠰᠠᠨ ᠪᠠᠶᠢᠳᠠᠯ ᠢ ᠳᠠᠩᠰᠠᠯᠠᠬᠤ ᠬᠠᠮᠢᠶᠠᠷᠤᠯᠲᠠ ᠶᠢᠨ ᠲᠥᠷᠢᠮ ᠢ ᠲᠡᠭᠦᠯᠳᠡᠷᠵᠢᠭᠦᠯᠦᠨ᠎ᠡ ᠃ ᠰᠢᠭᠦᠬᠦ ᠬᠣᠷᠢᠶ᠎ᠠ ᠬᠠᠤᠯᠢ ᠶᠣᠰᠣᠭᠠᠷ ᠪᠡᠶ᠎ᠡ ᠪᠡᠨ ᠳᠠᠭᠠᠭᠠᠵᠤ ᠬᠡᠷᠡᠭ ᠲᠠᠰᠤᠯᠬᠤ ᠂ ᠵᠠᠰᠠᠭ ᠵᠠᠬᠢᠷᠭᠠᠨ ᠤ ᠪᠠᠶᠢᠭᠤᠯᠭ᠎ᠠ ᠭᠠᠷ ᠳᠦᠷᠦᠵᠦ ᠪᠣᠯᠬᠤ ᠤᠢᠭᠡᠢ ᠃ ᠠᠷᠠᠳ ᠤᠨ ᠲᠥᠯᠥᠭᠡᠯᠡᠭᠴᠢᠳ ᠦᠨ ᠶᠡᠬᠡ ᠬᠤᠷᠠᠯ ᠤᠨ ᠲᠥᠯᠥᠭᠡᠯᠡᠭᠴᠢ ᠂ ᠤᠯᠤᠰ ᠲᠦᠷᠦ ᠶᠢᠨ ᠵᠥᠪᠯᠡᠯᠭᠡᠨ ᠦ ᠭᠡᠰᠢᠭᠦᠳ ᠦᠨ ᠬᠢᠨᠠᠯᠲᠠ ᠲᠠᠯᠪᠢᠬᠤ ᠦᠢᠯᠡᠳᠦᠯ ᠢ ᠭᠦᠢᠴᠡᠳ ᠪᠠᠳᠠᠷᠠᠭᠤᠯᠬᠤ ᠶᠢ ᠲᠡᠭᠦᠯᠳᠡᠷᠵᠢᠭᠦᠯᠵᠦ ᠂ ᠬᠡᠷᠡᠭ ᠢ ᠰᠢᠢᠳᠪᠦᠷᠢᠯᠡᠬᠦ ᠳᠤ ᠭᠠᠷ ᠳᠦᠷᠦᠵᠦ ᠬᠠᠷᠰᠢᠯᠠᠭᠰᠠᠨ ᠤᠳᠤᠷᠢᠳᠤᠯᠭ᠎ᠠ ᠡᠴᠡ ᠬᠠᠷᠢᠭᠤᠴᠠᠯᠭ᠎ᠠ ᠨᠡᠬᠡᠮᠵᠢᠯᠡᠬᠦ ᠪᠠᠢᠭᠤᠯᠤᠯ ᠤ ᠲᠡᠭᠦᠯᠳᠡᠷᠵᠢᠭᠦᠯᠦᠨ᠎ᠡ᠃ ᠭᠤᠷᠪᠠᠳᠤᠭᠠᠷ ᠲᠤ ᠂ ᠮᠡᠳᠡᠯᠭᠡ ᠶᠢᠨ ᠪᠦᠲᠦᠭᠡᠭᠳᠡᠬᠦᠨ ᠦ ᠥᠮᠴᠢᠯᠡᠬᠦ ᠡᠷᠬᠡ ᠶᠢ ᠬᠠᠮᠠᠭᠠᠯᠠᠬᠤ ᠠᠵᠢᠯ ᠤᠨ ᠡᠷᠴᠢᠮ ᠢ ᠴᠢᠩᠭᠠᠷᠠᠭᠤᠯᠬᠤ ᠬᠡᠷᠡᠭᠲᠡᠶ ᠂ ᠬᠠᠤᠯᠢ ᠳᠤ ᠲᠣᠭᠲᠠᠭᠠᠭᠰᠠᠨ ᠲᠥᠯᠥᠪᠦᠷᠢ ᠣᠯᠭᠣᠬᠤ ᠳᠡᠭᠡᠳᠦ ᠬᠢᠵᠠᠭᠠᠷ ᠢ ᠳᠡᠭᠡᠭᠰᠢᠯᠡᠭᠦᠯᠦᠨ ᠂ ᠶᠠᠯᠠᠯᠠᠨ ᠰᠢᠳᠬᠡᠬᠦ ᠴᠢᠨᠠᠷᠲᠠᠶ ᠲᠦᠯᠦᠬᠦ ᠳᠦᠷᠢᠮ ᠢ ᠬᠠᠶᠢᠨ ᠰᠦᠪᠡᠭᠴᠢᠯᠡᠵᠦ ᠪᠠᠶᠢᠭᠤᠯᠬᠤ ᠬᠡᠷᠡᠭᠲᠡᠶ ᠃ ᠥᠩᠭᠡᠷᠡᠭᠰᠡᠨ ᠦ ᠪᠣᠳᠠᠰ ᠤᠨ ᠡᠷᠬᠡ ᠂ ᠠᠪᠴᠠᠭ᠎ᠠ ᠶᠢᠨ ᠡᠷᠬᠡ ᠵᠡᠷᠭᠡ ᠤᠯᠠᠮᠵᠢᠯᠠᠯᠲᠤ ᠡᠳ᠋ ᠬᠥᠷᠦᠩᠭᠡ ᠶᠢᠨ ᠡᠷᠬᠡ ᠶᠢᠨ ᠬᠠᠮᠠᠭᠠᠯᠠᠯᠲᠠ ᠶᠢ ᠴᠢᠬᠤᠯᠠᠴᠢᠯᠠᠨ ᠂ ᠲᠤᠰᠬᠠᠶ ᠠᠰᠢᠭ ᠤᠨ ᠡᠷᠬᠡ ᠂ ᠲᠠᠸᠠᠷ ᠤᠨ ᠲᠡᠮᠳᠡᠭ ᠤᠨ ᠡᠷᠬᠡ ᠵᠡᠷᠭᠡ ᠮᠡᠳᠡᠯᠭᠡ ᠶᠢᠨ ᠪᠦᠲᠦᠭᠡᠭᠳᠡᠬᠦᠨ ᠦ ᠥᠮᠴᠢᠯᠡᠬᠦ ᠡᠷᠬᠡ ᠶᠢᠨ ᠬᠠᠮᠠᠭᠠᠯᠠᠯᠲᠠ ᠶᠢ ᠴᠢᠬᠤᠯᠠᠴᠢᠯᠠᠵᠤ ᠪᠠᠶᠢᠭ᠎ᠠ ᠬᠡᠮᠵᠢᠶ᠎ᠡ ᠪᠠ ᠡᠷᠴᠢᠮ ᠴᠥᠮ ᠬᠦᠷᠦᠯᠴᠡᠬᠦ ᠦᠭᠡᠢ ᠪᠠᠶᠢᠨ᠎ᠠ ᠃ ᠮᠡᠳᠡᠯᠭᠡ ᠶᠢᠨ ᠪᠦᠲᠦᠭᠡᠭᠳᠡᠬᠦᠨ ᠦ ᠥᠮᠴᠢᠯᠡᠬᠦ ᠡᠷᠬᠡ ᠶᠢᠨ ᠡᠷᠬᠡ ᠳᠦ ᠬᠠᠯᠳᠠᠭᠰᠠᠨ ᠶᠠᠪᠤᠳᠠᠯ ᠨᠢ ᠠᠷᠠᠳ ᠢᠷᠭᠡᠨ ᠪᠣᠯᠤᠨ ᠠᠵᠤ ᠠᠬᠤᠶᠢᠯᠠᠯ ᠤᠨ ᠠᠰᠢᠭ ᠲᠤᠰᠠ ᠳᠤ ᠬᠠᠯᠳᠠᠭᠰᠠᠨ ᠢᠶᠡᠷ ᠪᠠᠷᠠᠬᠤ ᠦᠭᠡᠢ ᠂ ᠨᠡᠩ ᠴᠦ ᠰᠢᠨ᠎ᠡ ᠶᠢ ᠡᠭᠦᠳᠬᠦ ᠶᠢ ᠢᠳᠡᠪᠬᠢᠲᠡᠶ ᠠᠭᠤᠷ ᠠᠮᠢᠰᠬᠤᠯ ᠢ ᠪᠤᠢ ᠪᠣᠯᠭᠠᠬᠤ ᠶᠢ ᠡᠪᠳᠡᠵᠦ ᠂ ᠮᠡᠳᠡᠯᠭᠡ ᠶᠢᠨ ᠪᠦᠲᠦᠭᠡᠭᠳᠡᠬᠦᠨ ᠦ ᠥᠮᠴᠢᠯᠡᠬᠦ ᠡᠷᠬᠡ ᠳᠦ ᠬᠠᠯᠳᠠᠭᠰᠠᠨ ᠲᠥᠯᠥᠪᠦᠷᠢ ᠶᠢᠨ ᠶᠠᠯᠠᠯᠠᠨ ᠰᠢᠳᠬᠡᠬᠦ ᠡᠷᠴᠢᠮ ᠢᠶᠡᠨ ᠴᠢᠩᠭᠠᠷᠠᠭᠤᠯᠵᠤ ᠂ ᠲᠥᠯᠥᠪᠦᠷᠢ ᠥᠭᠬᠦ ᠲᠠᠯ᠎ᠠ ᠪᠠᠷ ᠰᠢᠨ᠎ᠡ ᠶᠢ ᠡᠭᠦᠳᠬᠦ ᠠᠵᠤ ᠠᠬᠤᠢᠯᠠᠯ ᠤᠨ ᠬᠣᠬᠢᠷᠠᠯ ᠳᠤ ᠲᠥᠯᠦᠪᠦᠷᠢ ᠥᠭᠬᠦ ᠶᠢ ᠴᠢᠩᠭ᠋ᠠᠳᠬᠠᠬᠤ ᠬᠡᠷᠡᠭᠲᠠᠢ᠃ ᠳᠥᠷᠪᠡᠳᠦᠭᠡᠷ ᠲᠦ ᠂ ᠵᠠᠰᠠᠭ ᠵᠠᠬᠢᠷᠭᠠᠨ ᠤ ᠬᠡᠷᠡᠭ ᠦᠨ ᠰᠢᠭᠦᠨ ᠲᠠᠰᠤᠯᠬᠤ ᠳᠤ ᠵᠠᠪᠠᠯ ᠬᠠᠤᠯᠢ ᠪᠠᠷ ᠲᠣᠭᠲᠠᠭᠠᠭᠰᠠᠨ ᠰᠢᠭᠦᠨ ᠲᠠᠰᠤᠯᠬᠤ ᠬᠤᠭᠤᠴᠠᠭᠠᠨ ᠳᠤ ᠬᠡᠷᠡᠭ ᠢ ᠳᠠᠭᠤᠰᠬᠠᠭᠰᠠᠨ ᠂ ᠳᠤᠷ᠎ᠠ ᠪᠠᠷ ᠢᠶᠠᠨ ᠤᠳᠠᠭᠠᠰᠢᠷᠠᠭᠤᠯᠤᠨ ᠂ ᠰᠢᠶᠳᠪᠦᠷᠢᠯᠡᠬᠦ ᠦᠭᠡᠢ ᠪᠡᠷ ᠬᠣᠢᠰᠢᠯᠠᠭᠤᠯᠬᠤ ᠶᠢ ᠴᠢᠩᠭ᠎ᠠ ᠬᠣᠷᠢᠭᠯᠠᠬᠤ ᠬᠡᠷᠡᠭᠲᠠᠢ ᠃ ᠵᠠᠰᠠᠭ ᠵᠠᠬᠢᠷᠭᠠᠨ ᠤ ᠬᠡᠷᠡᠭ ᠢ ᠰᠢᠭᠦᠨ ᠰᠢᠶᠳᠪᠦᠷᠢᠯᠡᠬᠦ ᠴᠠᠭ ᠬᠤᠭᠤᠴᠠᠭ᠎ᠠ ᠨᠢ ᠬᠡᠲᠦᠷᠬᠡᠶ ᠣᠷᠳᠣ ᠪᠠᠢᠵᠤ ᠂ ᠵᠠᠷᠢᠮ ᠬᠡᠷᠡᠭ ᠢ ᠰᠢᠭᠦᠬᠦ ᠬᠤᠭᠤᠴᠠᠭ᠎ᠠ ᠨᠢ ᠬᠡᠳᠦᠷᠭᠰᠡᠨ ᠪᠠᠢᠲᠠᠯ᠎ᠠ᠂ ᠮᠥᠨ ᠯᠡ ᠴᠠᠭ ᠲᠤᠬᠠᠶ ᠳᠤᠨᠢ ᠬᠡᠷᠡᠭ ᠢ ᠳᠠᠭᠤᠰᠬᠠᠭᠰᠠᠨ ᠦᠭᠡᠢ ᠪᠠᠢᠳᠠᠭ᠃ ᠵᠠᠰᠠᠭ ᠵᠠᠬᠢᠷᠭᠠᠨ ᠤ ᠵᠠᠷᠭᠤ ᠶᠢᠨ ᠲᠣᠭ᠎ᠠ ᠮᠡᠳᠡᠭᠳᠡᠬᠦᠶᠢᠴᠡ ᠨᠡᠮᠡᠭᠳᠡᠬᠦ ᠶᠢ ᠳᠠᠭᠠᠯᠳᠤᠨ ᠂ ᠬᠡᠷᠡᠭ ᠣᠯᠠᠨ ᠬᠥᠮᠦᠨ ᠴᠥᠭᠡᠨ ᠪᠠᠢᠳᠠᠭ ᠵᠥᠷᠢᠴᠡᠯ ᠲᠤᠪᠤᠢᠢᠮ᠎ᠠ ᠪᠤᠯᠵᠤ ᠪᠠᠶᠢᠨ᠎ᠠ ᠃ ᠰᠢᠭᠦᠬᠦ ᠬᠣᠷᠢᠶ᠎ᠠ ᠢᠯᠠᠩᠭᠤᠶ᠎ᠠ ᠦᠨᠳᠦᠰᠦᠨ ᠱᠠᠲᠤᠨ ᠤ ᠰᠢᠭᠦᠬᠦ ᠬᠣᠷᠢᠶ᠎ᠠ ᠵᠠᠰᠠᠭ ᠵᠠᠬᠢᠷᠭᠠᠨ ᠤ ᠬᠡᠷᠡᠭ ᠢ ᠳᠤᠭᠲᠠᠭᠰᠠᠨ ᠬᠤᠭᠤᠴᠠᠭᠠᠨ ᠳᠤ ᠵᠦᠢ ᠵᠣᠬᠢᠰᠲᠠᠶ ᠰᠢᠢᠳᠪᠦᠷᠢᠯᠡᠬᠦ ᠶᠢ ᠪᠠᠲᠤᠯᠠᠬᠤ ᠬᠡᠷᠡᠭᠲᠡᠶ ᠃ ᠲᠠᠪᠤᠳᠤᠭᠠᠷ ᠲᠤ ᠂ ᠰᠢᠭᠦᠬᠦ ᠬᠣᠷᠢᠶ᠎ᠠ ᠡᠴᠦᠰ ᠦᠨ ᠰᠢᠭᠦᠨ ᠲᠠᠰᠤᠯᠤᠯᠲᠠ ᠬᠢᠭᠡᠳᠦᠢ ᠦᠶᠡᠰ᠂ ᠵᠠᠰᠠᠭ ᠵᠠᠬᠢᠷᠭᠠᠨ ᠤ ᠪᠠᠶᠢᠭᠤᠯᠭ᠎ᠠ ᠡᠴᠡ ᠬᠡᠷᠡᠭ ᠲᠤ ᠬᠣᠯᠪᠤᠭᠳᠠᠭᠰᠠᠨ ᠡᠳ᠋ ᠪᠣᠳᠠᠰ ᠢ ᠳᠤᠷ᠎ᠠ ᠪᠡᠷ ᠢᠶᠡᠨ ᠪᠠᠶᠢᠴᠠᠭᠠᠨ ᠪᠡᠲᠡᠭᠦᠮᠵᠢᠯᠡᠬᠦ᠂ ᠳᠠᠷᠤᠵᠤ ᠠᠪᠬᠤ ᠪᠠ ᠴᠡᠪᠳᠡᠭᠯᠡᠵᠦ ᠪᠣᠯᠬᠤ ᠦᠭᠡᠢ ᠃ ᠰᠢᠭᠦᠬᠦ ᠬᠣᠷᠢᠶᠠᠨ ᠤ ᠲᠠᠰᠤᠯᠤᠨ ᠲᠣᠭᠲᠠᠭᠠᠯᠲᠠ ᠲᠠᠢ ᠬᠣᠯᠪᠣᠭᠳᠠᠭᠰᠠᠨ ᠢ ᠂ ᠡᠷᠬᠡᠪᠰᠢ ᠰᠢᠭᠦᠬᠦ ᠬᠣᠷᠢᠶᠠᠨ ᠤ ᠲᠠᠰᠤᠯᠤᠨ ᠲᠣᠭᠲᠠᠭᠠᠯᠲᠠ ᠪᠡᠷ ᠦᠨᠳᠦᠰᠦ ᠪᠠᠷᠢᠮᠲᠠ ᠪᠣᠯᠭᠠᠵᠤ ᠂ ᠰᠢᠭᠦᠨ ᠲᠠᠰᠤᠯᠠᠯᠲᠠ ᠡᠴᠡ ᠤᠷᠢᠳᠠᠪᠡᠷ ᠰᠢᠢᠳᠪᠦᠷᠢᠯᠡᠵᠦ ᠪᠣᠯᠬᠤ ᠦᠭᠡᠢ ᠃ ᠳᠡᠤᠬᠡᠨ ᠥᠮᠴᠢᠯᠡᠬᠦ ᠡᠷᠬᠡ ᠶᠢᠨ ᠬᠡᠷᠡᠭ ᠢ ᠬᠠᠤᠯᠢ ᠶᠣᠰᠣᠭᠠᠷ ᠲᠣᠬᠢᠲᠠᠶ ᠰᠢᠶᠳᠪᠦᠷᠢᠯᠡᠵᠦ ᠂ ᠲᠡᠦᠬᠡᠨ ᠰᠢᠯᠲᠠᠭᠠᠨ ᠡᠴᠡ ᠪᠤᠢ ᠪᠣᠯᠤᠭᠰᠠᠨ ᠥᠮᠴᠢᠯᠡᠯ ᠤᠨ ᠡᠷᠬᠡ ᠶᠢᠨ ᠬᠡᠷᠡᠭ ᠢ ᠰᠢᠭᠦᠬᠦ ᠬᠣᠷᠢᠶᠠᠨ ᠡᠴᠡ ᠴᠠᠭ ᠲᠤᠬᠠᠶ ᠳᠤᠨᠢ ᠬᠢᠨᠠᠨ ᠪᠠᠢᠴᠠᠭᠠᠵᠤ᠂ ᠰᠠᠶᠢᠲᠤᠷ ᠢᠯᠭᠠᠨ ᠲᠤᠳᠤᠯᠠᠵᠤ ᠂ ᠦᠨᠡᠬᠡᠷ ᠪᠤᠷᠤᠭᠤ ᠲᠠᠢ ᠭᠡᠵᠦ ᠦᠵᠡᠪᠡᠯ ᠂ ᠬᠠᠤᠯᠢ ᠶᠣᠰᠣᠭᠠᠷ ᠡᠷᠡᠰ ᠵᠠᠯᠠᠷᠠᠭᠤᠯᠬᠤ ᠬᠡᠷᠡᠭᠲᠡᠶ ᠃ ᠵᠢᠷᠭᠤᠳᠤᠭᠠᠷ ᠲᠤ ᠂ ᠵᠠᠰᠠᠭ ᠵᠠᠬᠢᠷᠭᠠᠨ ᠤ ᠳᠠᠷᠤᠭ᠎ᠠ ᠨᠢ ᠰᠢᠭᠦᠯᠲᠡ ᠳᠦ ᠣᠷᠣᠯᠴᠠᠨ ᠰᠢᠭᠦᠯᠲᠡ ᠬᠦᠯᠢᠶᠡᠨ᠎ᠡ ᠃
ᠪᠠᠭᠤᠷᠠᠢᠢᠴᠤᠤᠯ ᠬᠠᠮᠠᠭᠠᠯᠠᠬᠤ ᠶᠢ ᠦᠨᠡᠨ ᠬᠦ ᠴᠢᠩᠭᠠᠳᠬᠠᠵᠤ ᠂ ᠵᠠᠰᠠᠭ ᠵᠠᠬᠢᠷᠭᠠᠨ ᠤ ᠰᠢᠭᠦᠨ ᠲᠠᠰᠤᠯᠠᠯᠲᠠ ᠶᠢᠨ ᠰᠢᠨᠵᠢᠯᠡᠬᠦ ᠤᠬᠠᠭᠠᠨ ᠤ ᠰᠤᠳᠤᠯᠭᠠᠨ ᠤ ᠬᠢᠷᠢ ᠲᠦᠪᠰᠢᠨ ᠢ ᠳᠡᠭᠡᠭᠰᠢᠯᠡᠭᠦᠯᠦᠨ᠎ᠡ
ᠠᠷᠠᠳ ᠤᠨ ᠳᠡᠭᠡᠳᠦ ᠰᠢᠭᠦᠬᠦ ᠬᠣᠷᠢᠶᠠᠨ ᠤ ᠣᠨᠴᠠ ᠤᠷᠢᠭᠰᠠᠨ ᠵᠥᠪᠯᠡᠯᠭᠡ ᠥᠭᠭᠦᠭᠴᠢ ᠯᠢᠦ ᠪᠢᠨ
ᠠᠷᠠᠳ ᠤᠨ ᠰᠢᠭᠦᠬᠦ ᠬᠣᠷᠢᠶ᠎ᠠ ᠣᠢᠷ᠎ᠠ ᠶᠢᠨ ᠬᠡᠳᠦᠨ ᠵᠢᠯ ᠦᠨ ᠲᠤᠷᠰᠢ ᠂ ᠵᠠᠰᠠᠭ ᠵᠠᠬᠢᠷᠭᠠᠨ ᠤ ᠰᠢᠭᠦᠨ ᠲᠠᠰᠤᠯᠬᠤ ᠠᠵᠢᠯ ᠤᠨ ᠳᠤᠮᠳᠠ ᠯᠤᠲᠤ ᠶᠡᠬᠡ ᠠᠮᠵᠢᠯᠲᠠ ᠣᠯᠤᠭᠰᠠᠨ ᠪᠠᠶᠢᠨ᠎ᠠ ᠂ ᠬᠠᠤᠯᠢ ᠶᠣᠰᠣᠭᠠᠷ ᠤᠯᠤᠰ ᠢᠶᠠᠨ ᠵᠠᠰᠠᠬᠤ ᠶᠢᠨ ᠵᠠᠩᠭᠢᠯᠠᠭ᠎ᠠ ᠪᠣᠯ ᠵᠠᠰᠠᠭ ᠤᠨ ᠣᠷᠳᠣᠨ ᠤ ᠬᠠᠤᠯᠢ ᠶᠣᠰᠣᠭᠠᠷ ᠵᠠᠰᠠᠭ ᠶᠠᠪᠤᠭᠤᠯᠬᠤ ᠪᠣᠯᠤᠨ᠎ᠠ᠂ ᠡᠶᠢᠮᠦ ᠡᠴᠡ ᠵᠠᠰᠠᠭ ᠵᠠᠬᠢᠷᠭᠠᠨ ᠤ ᠰᠢᠭᠦᠨ ᠲᠠᠰᠤᠯᠬᠤ ᠨᠢ ᠬᠠᠤᠯᠢ ᠪᠠᠷ ᠵᠠᠰᠠᠬᠤ ᠤᠯᠤᠰ ᠢ ᠪᠦᠳᠦᠭᠡᠨ ᠪᠠᠶᠢᠭᠤᠯᠬᠤ ᠠᠬᠢᠴᠠ ᠳᠤᠮᠳᠠᠬᠢ ᠪᠠᠶᠢᠷᠢ ᠰᠠᠭᠤᠷᠢ ᠪᠠ ᠤᠳᠬ᠎ᠠ ᠠᠭᠤᠯᠭ᠎ᠠ ᠨᠢ ᠲᠤᠶᠢᠯ ᠤᠨ ᠴᠢᠬᠤᠯᠠ ᠶᠡᠬᠡ ᠠᠴᠢ ᠬᠣᠯᠪᠣᠭᠳᠠᠯ ᠲᠠᠶ ᠶᠤᠮ ᠃ ᠬᠦᠯᠢᠶᠠᠨ ᠠᠪᠬᠤ ᠬᠡᠷᠡᠭ ᠤᠨ ᠬᠡᠮᠵᠢᠶ᠎ᠡ ᠲᠠᠰᠤᠷᠠᠯᠲᠠ ᠦᠭᠡᠢ ᠨᠡᠮᠡᠭᠳᠡᠵᠦ ᠪᠠᠢᠭ᠎ᠠ ᠨᠢ ᠠᠷᠠᠳ ᠢᠷᠭᠡᠨ ᠦ ᠡᠷᠬᠡ ᠶᠢᠨ ᠦᠵᠡᠯ ᠤᠬᠠᠮᠰᠠᠷ ᠨᠢ ᠢᠳᠡᠭ ᠢᠳᠡᠭ ᠢᠶᠡᠷ ᠨᠡᠮᠡᠭᠳᠡᠨ ᠪᠠᠢᠭ᠎ᠠ ᠶᠢ ᠲᠣᠳᠤᠷᠬᠠᠢᠯᠠᠵᠤ ᠂ ᠮᠠᠨ ᠤ ᠤᠯᠤᠰ ᠤᠨ ᠬᠠᠤᠯᠢ ᠪᠠᠷ ᠵᠠᠰᠠᠬᠤ ᠪᠦᠲᠦᠭᠡᠨ ᠪᠠᠶᠢᠭᠤᠯᠤᠯᠲᠠ ᠶᠢᠨ ᠤᠷᠤᠭᠰᠢᠯᠠᠯᠲᠠ ᠶᠢ ᠲᠤᠰᠬᠠᠭᠰᠠᠨ ᠪᠠᠶᠢᠨ᠎ᠠ ᠃
ᠡ᠊ᠨᠳᠡ ᠪᠢ ᠵᠠᠰᠠᠭ ᠵᠠᠬᠢᠷᠭᠠᠨ ᠤ ᠰᠢᠭᠦᠨ ᠲᠠᠰᠤᠯᠤᠯᠳᠡ ᠶᠢᠨ ᠬᠥᠭᠵᠢᠯᠲᠡ ᠳᠤ ᠬᠠᠨᠳᠤᠭᠤᠯᠵᠤ ᠬᠡᠳᠦᠨ ᠰᠠᠨᠠᠭᠤᠯᠭ᠎ᠠ ᠳᠤᠷᠠᠳᠤᠶ᠎ᠠ ᠄ ᠨᠢᠭᠡᠳᠦᠭᠡᠷ ᠲᠦ ᠂ ᠣᠳᠣᠬᠠᠨ ᠤ ᠬᠡᠷᠡᠭᠵᠢᠭᠦᠯᠵᠦ ᠪᠠᠢᠭ᠎ᠠ ᠭᠤᠷᠪᠠᠨ ᠲᠥᠷᠦᠯ ᠠᠷᠭ᠎ᠠ ᠠᠪᠴᠢᠯ ᠢ ᠠᠬᠢᠭᠤᠯᠬᠤ ᠬᠦᠴᠦᠯᠡᠴᠡ ᠪᠡᠨ ᠴᠢᠩᠭ᠋ᠠᠳᠬᠠᠨ᠎ᠠ ᠃ ᠨᠢᠭᠡ ᠳᠦ ᠵᠠᠰᠠᠭ ᠵᠠᠬᠢᠷᠭᠠᠨ ᠤ ᠣᠷᠣᠨ ᠠᠯᠤᠰᠯᠠᠭᠰᠠᠨ ᠬᠡᠷᠡᠭ ᠦᠨ ᠬᠠᠷᠢᠶᠠᠯᠠᠯ ᠂ ᠬᠣᠶᠠᠷ ᠲᠤ ᠵᠠᠰᠠᠭ ᠵᠠᠬᠢᠷᠭᠠᠨ ᠤ ᠳᠠᠷᠤᠭ᠎ᠠ ᠰᠢᠭᠦᠯᠲᠡ ᠳᠦ ᠣᠷᠣᠯᠴᠠᠵᠤ ᠵᠠᠷᠭᠤ ᠶᠢ ᠬᠦᠯᠢᠶᠡᠬᠦ ᠂ ᠭᠤᠷᠪᠠ ᠳᠤ ᠬᠠᠤᠯᠢ ᠶᠢ ᠵᠥᠷᠢᠴᠡᠭᠰᠡᠨ ᠵᠠᠰᠠᠭ ᠵᠠᠬᠢᠷᠭᠠᠨ ᠤ ᠠᠵᠢᠯᠯᠠᠭ᠎ᠠ ᠬᠢᠭᠰᠡᠨ ᠵᠠᠰᠠᠭ ᠵᠠᠬᠢᠷᠭᠠᠨ ᠤ ᠪᠠᠶᠢᠭᠤᠯᠭ᠎ᠠ ᠶᠢᠨ ᠬᠠᠷᠢᠭᠤᠴᠠᠯᠭᠠᠲᠠᠨ ᠢ ᠰᠢᠳᠬᠡᠨ᠎ᠡ ᠃ ᠬᠣᠶᠠᠳᠤᠭᠠᠷ ᠲᠤ ᠂ ᠵᠠᠰᠠᠭ ᠵᠠᠬᠢᠷᠭᠠᠨ ᠤ ᠰᠢᠭᠦᠨ ᠲᠠᠰᠤᠯᠠᠯᠲᠠ ᠨᠢ ᠥᠮᠴᠢᠯᠡᠯ ᠦᠨ ᠡᠷᠬᠡ ᠶᠢᠨ ᠬᠠᠮᠠᠭᠠᠯᠠᠯᠲᠠ ᠶᠢᠨ ᠳᠤᠮᠳᠠ ᠪᠠᠭᠤᠷᠠᠶ ᠬᠥᠮᠦᠰ ᠢ ᠬᠠᠮᠠᠭᠠᠯᠠᠬᠤ ᠬᠡᠷᠡᠭᠲᠡᠶ ᠃ ᠢᠯᠠᠩᠭᠤᠶ᠎ᠠ ᠲᠠᠷᠢᠶᠠᠴᠢᠳ ᠤᠨ ᠭᠠᠵᠠᠷ ᠰᠢᠷᠣᠶ ᠲᠠᠲᠠᠪᠤᠷᠢᠯᠠᠬᠤ ᠂ ᠬᠣᠳᠠ ᠶᠢᠨ ᠭᠡᠷ ᠪᠠᠶᠢᠰᠢᠩ ᠢ ᠨᠤᠷᠠᠭᠠᠨ ᠨᠡᠭᠦᠯᠭᠡᠬᠦ ᠂ ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠤᠨ ᠬᠥᠭᠵᠢᠯᠲᠡ ᠵᠡᠷᠭᠡ ᠭᠣᠣᠯᠳᠠᠯᠭ᠎ᠠ ᠲᠠᠶ ᠬᠦᠷᠢᠶᠡᠨ ᠳᠦ ᠬᠠᠮᠠᠭᠠᠯᠠᠯᠲᠠ ᠶᠢᠨ ᠡᠷᠴᠢᠮ ᠢ ᠴᠢᠩᠭᠠᠷᠠᠭᠤᠯᠬᠤ ᠬᠡᠷᠡᠭᠲᠡᠶ ᠃ ᠭᠤᠷᠪᠠᠳᠤᠭᠠᠷ ᠲᠤ ᠂ ᠵᠠᠰᠠᠭ ᠵᠠᠬᠢᠷᠭᠠᠨ ᠤ ᠰᠢᠭᠦᠨ ᠲᠠᠰᠤᠯᠬᠤ ᠰᠣᠨᠢᠨ ᠮᠡᠳᠡᠭᠡᠯᠡᠯ ᠰᠤᠷᠲᠠᠯ ᠤᠬᠠᠭᠤᠯᠭ᠎ᠠ ᠶᠢ ᠴᠢᠬᠤᠯᠠᠴᠢᠯᠠᠬᠤ ᠬᠡᠷᠡᠭᠲᠡᠶ ᠃ ᠴᠢᠬᠤᠯᠠ ᠶᠡᠬᠡ ᠬᠡᠷᠡᠭ ᠂ ᠨᠠᠵᠠᠭᠠᠶ ᠶᠠᠷᠢᠶ᠎ᠠ ᠬᠡᠯᠡᠯᠴᠡᠭᠡᠨ ᠭᠠᠷᠴᠤ ᠮᠡᠲᠡᠬᠦ ᠪᠠᠶᠢᠳᠠᠯ ᠢ ᠮᠡᠳᠡᠬᠦ ᠬᠡᠷᠡᠭ ᠲᠦ ᠤᠷᠢᠳᠴᠢᠯᠠᠨ ᠠᠷᠭᠠᠴᠠᠬᠤ ᠲᠥᠰᠦᠯ ᠭᠠᠷᠭᠠᠬᠤ ᠬᠡᠷᠡᠭᠲᠠᠢ ᠂ ᠵᠢᠱᠢᠶᠡᠯᠡᠪᠡᠯ ᠠᠷᠠᠳ ᠤᠨ ᠲᠥᠯᠥᠭᠡᠯᠡᠭᠴᠢᠳ ᠦᠨ ᠶᠡᠬᠡ ᠬᠤᠷᠠᠯ ᠤᠨ ᠲᠥᠯᠥᠭᠡᠯᠡᠭᠴᠢ ᠂ ᠵᠠᠭᠤᠴᠢᠯᠠᠭᠤᠷ ᠤᠨ ᠂ ᠬᠣᠯᠪᠣᠭᠳᠠᠯ ᠪᠦᠬᠦᠢ ᠲᠤᠰᠬᠠᠶ ᠮᠡᠷᠭᠡᠵᠢᠯᠲᠡᠨ ᠂ ᠲᠢᠩᠬᠢᠮ ᠦᠨ ᠰᠢᠭᠦᠯᠲᠡ ᠶᠢ ᠰᠤᠯᠠ ᠰᠣᠨᠣᠰᠤᠭᠤᠯᠤᠨ ᠂ ᠬᠡᠷᠡᠭ ᠢ ᠰᠢᠭᠦᠭᠰᠡᠨ ᠦ ᠳᠠᠷᠠᠭ᠎ᠠ ᠲᠡᠳᠡᠨ ᠢ ᠤᠷᠢᠵᠤ ᠦᠨᠡᠯᠡᠭᠦᠯᠬᠦ ᠃ ᠳᠥᠷᠪᠡᠳᠦᠭᠡᠷ ᠲᠦ ᠂ ᠳᠠᠭᠠᠭᠠᠴᠢᠯᠠᠯᠲᠠ ᠵᠠᠷᠯᠠᠬᠤ ᠠᠷᠭ᠎ᠠ ᠮᠠᠶ᠋ᠢᠭ ᠢ ᠠᠪᠴᠤ ᠵᠠᠷᠢᠮ ᠡᠷᠳᠡᠮ ᠰᠢᠨᠵᠢᠯᠡᠭᠡᠨ ᠦ ᠰᠡᠳᠦᠪ ᠢ ᠳᠤᠭᠲᠠᠭᠠᠵᠤ᠂ ᠵᠠᠰᠠᠭ ᠵᠠᠬᠢᠷᠭᠠᠨ ᠤ ᠰᠢᠭᠦᠨ ᠲᠠᠰᠤᠯᠤᠯᠲᠠ ᠶᠢᠨ ᠥᠮᠴᠢᠯᠡᠯ ᠦᠨ ᠡᠷᠬᠡ ᠶᠢᠨ ᠬᠠᠮᠠᠭᠠᠯᠠᠯᠲᠠ ᠶᠢᠨ ᠠᠵᠢᠯ ᠤᠨ ᠳᠤᠮᠳᠠᠬᠢ ᠣᠷᠣᠨ ᠪᠠᠶᠢᠷᠢ ᠶᠢᠨ ᠲᠣᠭᠲᠠᠭᠠᠯᠲᠠ ᠪᠣᠯᠤᠨ ᠴᠢᠳᠠᠪᠤᠷᠢ ᠶᠢᠨ ᠰᠤᠳᠤᠯᠤᠯᠲᠠ ᠬᠢᠵᠦ ᠂ ᠠᠷᠠᠳ ᠤᠨ ᠰᠢᠭᠦᠬᠦ ᠬᠣᠷᠢᠶᠠᠨ ᠤ ᠵᠠᠰᠠᠭ ᠵᠠᠬᠢᠷᠭᠠᠨ ᠤ ᠰᠢᠭᠦᠨ ᠲᠠᠰᠤᠯᠬᠤ ᠤᠨᠤᠯ ᠤᠨ ᠲᠠᠯ᠎ᠠ ᠪᠠᠷ ᠲᠦᠰᠢᠭ ᠲᠤᠯᠭᠠᠭᠤᠷᠢ ᠬᠠᠩᠭᠠᠬᠤ ᠬᠡᠷᠡᠭᠲᠡᠶ ᠃ ᠲᠠᠪᠤᠳᠤᠭᠠᠷ ᠲᠤ ᠂ ᠥᠮᠴᠢᠯᠡᠯ ᠦᠨ ᠡᠷᠬᠡ ᠶᠢ ᠡᠷᠬᠡ ᠲᠡᠭᠰᠢ ᠪᠡᠷ ᠬᠠᠮᠠᠭᠠᠯᠠᠬᠤ ᠶᠢ ᠴᠢᠬᠤᠯᠠᠴᠢᠯᠠᠬᠤ ᠬᠡᠷᠡᠭᠲᠡᠶ ᠃
ᠵᠠᠰᠠᠭ ᠵᠠᠬᠢᠷᠭᠠᠨ ᠤ ᠰᠢᠭᠦᠨ ᠲᠠᠰᠤᠯᠤᠯᠲᠠ ᠶᠢᠨ ᠥᠮᠴᠢᠯᠡᠬᠦ ᠡᠷᠬᠡ ᠶᠢᠨ ᠬᠠᠮᠠᠭᠠᠯᠠᠯᠲᠠ ᠶᠢᠨ ᠴᠢᠳᠠᠪᠤᠷᠢ ᠶᠢ ᠳᠡᠭᠡᠭᠰᠢᠯᠡᠭᠦᠯᠦᠨ ᠂ ᠥᠮᠴᠢᠯᠡᠯ ᠤᠨ ᠡᠷᠬᠡ ᠶᠢᠨ ᠤᠬᠠᠭᠤᠯᠭ᠎ᠠ ᠶᠢ ᠴᠢᠩᠭ᠋ᠠᠳᠬᠠᠨ᠎ᠠ
ᠠᠷᠠᠳ ᠤᠨ ᠳᠡᠭᠡᠳᠦ ᠵᠡᠷᠭᠡ ᠶᠢᠨ ᠰᠢᠭᠦᠬᠦ ᠬᠣᠷᠢᠶᠠᠨ ᠤ ᠣᠨᠴᠠ ᠤᠷᠢᠭᠰᠠᠨ ᠬᠢᠨᠠᠯᠲᠠ ᠲᠠᠯᠪᠢᠭᠴᠢ ᠮᠤᠤ ᠲᠢᠩ
ᠥᠮᠴᠢᠯᠡᠯ ᠦᠨ ᠡᠷᠬᠡ ᠶᠢᠨ ᠬᠠᠮᠠᠭᠠᠯᠠᠯᠲᠠ ᠨᠢ ᠠᠷᠠᠳ ᠢᠷᠭᠡᠨ ᠨᠢᠭᠡᠪᠦᠷᠢ ᠶᠢᠨ ᠠᠮᠢ ᠪᠡᠶ᠎ᠡ ᠶᠢᠨ ᠠᠰᠢᠭ ᠲᠤᠰᠠ ᠳᠤ ᠬᠣᠯᠪᠣᠭᠳᠠᠵᠤ ᠂ ᠨᠡᠶᠢᠭᠡᠮ ᠦᠨ ᠡᠯ᠎ᠡ ᠲᠠᠯ᠎ᠠ ᠶᠢᠨ ᠭᠢᠨ ᠬᠠᠮᠲᠤ ᠪᠠᠷ ᠣᠷᠣᠯᠴᠠᠬᠤ ᠴᠢᠬᠤᠯᠠᠲᠠᠶ ᠂ ᠭᠡᠪᠡᠴᠦ ᠬᠠᠤᠯᠢ ᠴᠠᠭᠠᠵᠠ ᠶᠢᠨ ᠥᠮᠴᠢᠯᠡᠯ ᠦᠨ ᠡᠷᠬᠡ ᠶᠢ ᠬᠠᠮᠠᠭᠠᠯᠠᠬᠤ ᠪᠣᠯ ᠲᠡᠳᠡᠭᠡᠷ ᠦᠨ ᠳᠣᠲᠣᠷᠠᠬᠢ ᠬᠠᠮᠤᠭ ᠤᠨ ᠴᠢᠬᠤᠯᠠ ᠂ ᠬᠠᠮᠤᠭ ᠤᠨ ᠠᠮᠵᠢᠯᠲᠠ ᠲᠠᠶ ᠠᠷᠭ᠎ᠠ ᠪᠣᠯᠤᠨ᠎ᠠ ᠃ ᠨᠠᠮ ᠤᠨ ᠲᠥᠪ ᠬᠣᠷᠢᠶ᠎ᠠ ᠂ ᠲᠦᠷᠦ ᠶᠢᠨ ᠶᠠᠪᠤᠳᠠᠯ ᠤᠨ ᠬᠣᠷᠢᠶ᠎ᠠ ᠰᠠᠶ᠋ᠢᠬᠠᠨ ᠨᠡᠶᠢᠲᠡᠯᠡᠭᠰᠡᠨ 《 ᠥᠮᠴᠢᠯᠡᠯ ᠦᠨ ᠡᠷᠬᠡ ᠶᠢᠨ ᠬᠠᠮᠠᠭᠠᠯᠠᠯᠲᠠ ᠶᠢᠨ ᠳᠦᠷᠢᠮ ᠢ ᠲᠡᠭᠦᠯᠳᠡᠷᠵᠢᠭᠦᠯᠦᠨ ᠂ ᠬᠠᠤᠯᠢ ᠶᠣᠰᠣᠭᠠᠷ ᠥᠮᠴᠢᠯᠡᠯ ᠦᠨ ᠡᠷᠬᠡ ᠶᠢ ᠬᠠᠮᠠᠭᠠᠯᠠᠬᠤ ᠲᠤᠬᠠᠶ ᠰᠠᠨᠠᠯ 》 ᠳᠤ ᠂ ᠥᠮᠴᠢᠯᠡᠬᠦ ᠡᠷᠬᠡ ᠶᠢ ᠬᠠᠮᠠᠭᠠᠯᠠᠬᠤ ᠬᠠᠤᠯᠢ ᠪᠠᠷ ᠵᠠᠰᠠᠬᠤ ᠱᠠᠭᠠᠷᠳᠠᠯᠭ᠎ᠠ ᠶᠢ ᠳᠤᠷᠠᠳᠤᠭᠰᠠᠨ ᠪᠠᠶᠢᠨ᠎ᠠ ᠃ ᠣᠢᠷ᠎ᠠ ᠶᠢᠨ ᠵᠢᠯ ᠤᠨ ᠲᠤᠷᠰᠢ ᠂ ᠠᠷᠠᠳ ᠤᠨ ᠳᠡᠭᠡᠳᠦ ᠵᠡᠷᠭᠡ ᠶᠢᠨ ᠰᠢᠭᠦᠬᠦ ᠬᠣᠷᠢᠶᠠᠨ ᠤ ᠵᠠᠰᠠᠭ ᠵᠠᠬᠢᠷᠭᠠᠨ ᠤ ᠰᠢᠭᠦᠨ ᠲᠠᠰᠤᠯᠬᠤ ᠳᠤ ᠂ ᠪᠦᠬᠦ ᠲᠠᠯ᠎ᠠ ᠪᠠᠷ ᠂ ᠲᠥᠪ ᠭᠣᠣᠯᠴᠢ ᠂ ᠡᠷᠬᠡ ᠲᠡᠭᠰᠢ ᠪᠡᠷ ᠥᠮᠴᠢᠯᠡᠬᠦ ᠡᠷᠬᠡ ᠶᠢ ᠬᠠᠮᠠᠭᠠᠯᠠᠬᠤ ᠲᠠᠯ᠎ᠠ ᠪᠠᠷ ᠦᠯᠡᠮᠵᠢ ᠤᠯᠠᠨ ᠠᠵᠢᠯ ᠬᠢᠵᠦ ᠂ ᠮᠡᠳᠡᠭᠳᠡᠬᠦᠶᠢᠴᠡ ᠠᠬᠢᠴᠠ ᠲᠠᠶ ᠪᠤᠯᠵᠤ ᠂ ᠪᠢᠳᠡᠨ ᠤ ᠥᠮᠴᠢᠯᠡᠬᠦ ᠡᠷᠬᠡ ᠶᠢᠨ ᠠᠮᠤᠷ ᠲᠦᠪᠰᠢᠨ ᠰᠡᠳᠬᠢᠭᠳᠡᠯ ᠢ ᠨᠡᠮᠡᠭᠳᠡᠭᠦᠯᠵᠦ ᠂ ᠥᠮᠴᠢᠯᠡᠬᠦ ᠡᠷᠬᠡ ᠶᠢᠨ ᠬᠠᠮᠠᠭᠠᠯᠠᠯᠲᠠ ᠳᠤ ᠨᠡᠩ ᠶᠡᠬᠡ ᠢᠲᠡᠭᠡᠯ ᠲᠡᠶ ᠪᠣᠯᠵᠠᠶ ᠃
ᠥᠮᠴᠢᠯᠡᠯ ᠦᠨ ᠡᠷᠬᠡ ᠶᠢᠨ ᠬᠠᠮᠠᠭᠠᠯᠠᠯᠲᠠ ᠶᠢᠨ ᠵᠠᠰᠠᠭ ᠵᠠᠬᠢᠷᠭᠠᠨ ᠤ ᠰᠢᠭᠦᠨ ᠲᠠᠰᠤᠯᠬᠤ ᠠᠵᠢᠯ ᠤᠨ ᠳᠤᠮᠳᠠᠬᠢ ᠣᠷᠣᠨ ᠪᠠᠶᠢᠷᠢ ᠶᠢᠨ ᠲᠣᠭᠲᠠᠭᠠᠯᠲᠠ ᠪᠣᠯᠤᠨ ᠴᠢᠳᠠᠮᠵᠢ ᠤᠯᠠᠮ ᠨᠢᠭᠡ ᠠᠯᠬᠤᠮ ᠲᠡᠭᠦᠯᠳᠡᠷᠵᠢᠭᠦᠯᠬᠦ ᠶᠢᠨ ᠲᠤᠰᠠᠳᠠ᠂ ᠡᠨᠡ ᠤᠳᠠᠭᠠᠨ ᠤ ᠰᠤᠳᠤᠯᠤᠨ ᠶᠠᠷᠢᠯᠴᠠᠬᠤ ᠬᠤᠷᠠᠯ ᠬᠤᠷᠠᠯᠳᠤᠭᠤᠯᠤᠭᠰᠠᠨ ᠨᠢ ᠴᠢᠬᠤᠯᠠ ᠶᠡᠬᠡ ᠠᠴᠢ ᠬᠣᠯᠪᠣᠭᠳᠠᠯ ᠲᠠᠶ ᠶᠤᠮ ᠃ ᠡ᠊ᠨᠳᠡ ᠪᠢ ᠬᠡᠳᠦᠨ ᠰᠠᠨᠠᠭᠤᠯᠭ᠎ᠠ ᠳᠤᠷᠠᠳᠤᠶ᠎ᠠ ᠄ ᠨᠢᠭᠡ ᠳᠦ ᠵᠠᠰᠠᠭ ᠵᠠᠬᠢᠷᠭᠠᠨ ᠤ ᠰᠢᠭᠦᠨ ᠲᠠᠰᠤᠯᠬᠤ ᠠᠵᠢᠯ ᠤᠨ ᠲᠧᠭᠨᠢᠭ ᠮᠡᠷᠭᠡᠵᠢᠯ ᠦᠨ ᠲᠤᠰᠬᠠᠶ ᠮᠡᠷᠭᠡᠵᠢᠯ ᠦᠨ ᠴᠢᠨᠠᠷ ᠢᠶᠠᠷ ᠳᠣᠪᠤᠢᠭᠰᠠᠨ ᠪᠠᠢᠬᠤ ᠬᠡᠷᠡᠭᠲᠠᠢ ᠃ ᠥᠮᠴᠢᠯᠡᠬᠦ ᠡᠷᠬᠡ ᠶᠢᠨ ᠰᠢᠭᠦᠨ ᠲᠠᠰᠤᠯᠤᠯᠲᠠ ᠢᠯᠠᠩᠭᠤᠶ᠎ᠠ ᠮᠡᠳᠡᠯᠭᠡ ᠶᠢᠨ ᠪᠦᠲᠦᠭᠡᠭᠳᠡᠬᠦᠨ ᠦ ᠥᠮᠴᠢᠯᠡᠬᠦ ᠡᠷᠬᠡ ᠶᠢᠨ ᠰᠢᠭᠦᠨ ᠲᠠᠰᠤᠯᠬᠤ ᠳᠤ ᠦᠷᠭᠦᠯᠵᠢ ᠲᠤᠰᠬᠠᠶ ᠮᠡᠷᠭᠡᠵᠢᠯ ᠦᠨ ᠬᠦᠷᠢᠶᠡᠨ ᠳᠡᠬᠢ ᠲᠧᠭᠨᠢᠭ ᠮᠡᠷᠭᠡᠵᠢᠯ ᠦᠨ ᠠᠰᠠᠭᠤᠳᠠᠯ ᠲᠠᠢ ᠬᠤᠯᠪᠤᠭᠳᠠᠳᠠᠭ ᠂ ᠵᠢᠱᠢᠶᠡᠯᠡᠪᠡᠯ ᠵᠣᠬᠢᠶᠠᠯ ᠪᠦᠲᠦᠭᠡᠯ ᠂ ᠲᠤᠰᠬᠠᠶ ᠠᠰᠢᠭ ᠨᠢ ᠡᠷᠬᠡ ᠳᠦ ᠬᠠᠯᠳᠠᠭᠳᠠᠭᠰᠠᠨ ᠡᠰᠡᠬᠦ ᠶᠢ ᠳᠤᠭᠲᠠᠭᠠᠬᠤ᠂ ᠶᠠᠮᠠᠷ ᠦᠢᠯᠡ ᠠᠵᠢᠯᠯᠠᠭ᠎ᠠ ᠨᠢ ᠵᠦᠶ ᠪᠤᠰᠤ ᠥᠷᠢᠰᠥᠯᠳᠦᠭᠡᠨ ᠳᠤ ᠬᠠᠷᠢᠶᠠᠯᠠᠭᠳᠠᠬᠤ ᠶᠢ ᠮᠠᠭᠠᠳᠯᠠᠬᠤ ᠵᠡᠷᠭᠡ᠃ ᠡᠶᠢᠮᠦ ᠡᠴᠡ ᠂ ᠵᠠᠰᠠᠭ ᠵᠠᠬᠢᠷᠭᠠᠨ ᠤ ᠰᠢᠭᠦᠨ ᠲᠠᠰᠤᠯᠠᠯᠲᠠ ᠳᠤ ᠲᠤᠰᠬᠠᠢ ᠮᠡᠷᠭᠡᠵᠢᠯᠲᠡᠨ ᠢ ᠤᠷᠢᠵᠤ ᠠᠷᠠᠳ ᠤᠨ ᠬᠠᠪᠰᠤᠷᠤᠨ ᠰᠢᠭᠦᠭᠴᠢ ᠪᠡᠷ ᠪᠦᠷᠢᠯᠳᠦᠭᠰᠡᠨ ᠬᠠᠮᠲᠤᠷᠠᠨ ᠵᠥᠪᠯᠡᠬᠦ ᠲᠢᠩᠬᠢᠮ ᠢ ᠪᠠᠢᠭᠤᠯᠬᠤ ᠵᠡᠷᠭᠡ ᠠᠷᠭ᠎ᠠ ᠮᠠᠶᠢᠭ ᠢ ᠠᠪᠴᠦ ᠂ ᠵᠠᠷᠢᠮ ᠬᠣᠯᠪᠣᠭᠳᠠᠯ ᠪᠦᠬᠦᠢ ᠬᠦᠷᠢᠶᠡᠨ ᠲᠡᠬᠢ ᠲᠤᠰᠬᠠᠶ ᠮᠡᠷᠭᠡᠵᠢᠯᠲᠡᠨ ᠦ ᠦᠢᠯᠡᠳᠦᠯ ᠢ ᠠᠰᠢᠭᠯᠠᠨ ᠂ ᠰᠢᠨᠵᠢᠯᠡᠬᠦ ᠤᠬᠠᠭᠠᠨᠴᠢ᠂ ᠲᠥᠪ ᠭᠣᠣᠯᠴᠢ ᠪᠡᠷ ᠥᠮᠴᠢᠯᠡᠯ ᠦᠨ ᠡᠷᠬᠡ ᠶᠢ ᠬᠠᠮᠠᠭᠠᠯᠠᠬᠤ ᠶᠢ ᠦᠨᠡᠨ ᠬᠦ ᠪᠠᠲᠤᠯᠠᠬᠤ ᠬᠡᠷᠡᠭᠲᠡᠶ ᠃ ᠬᠣᠶᠠᠷ ᠲᠤ ᠰᠢᠭᠦᠨ ᠲᠠᠰᠤᠯᠤᠵᠤ ᠂ ᠭᠦᠢᠴᠡᠳᠬᠡᠬᠦ ᠦᠷ᠎ᠡ ᠪᠦᠲᠦᠮᠵᠢ ᠶᠢ ᠳᠡᠭᠡᠭᠰᠢᠯᠡᠭᠦᠯᠬᠦ ᠬᠡᠷᠡᠭᠲᠡᠶ ᠃ ᠮᠠᠰᠢ ᠤᠯᠠᠨ ᠥᠮᠴᠢᠯᠡᠬᠦ ᠡᠷᠬᠡ ᠨᠢ ᠴᠠᠭᠴᠢ ᠴᠢᠨᠠᠷ ᠲᠠᠶ ᠨᠢᠭᠲᠠ ᠬᠣᠯᠪᠣᠭ᠎ᠠ ᠲᠠᠶ ᠂ ᠵᠠᠷᠢᠮ ᠡᠷᠬᠡ ᠳᠦ ᠬᠠᠯᠳᠠᠭᠰᠠᠨ ᠬᠡᠷᠡᠭ ᠦᠨ ᠵᠢᠱᠢᠶ᠎ᠡ ᠨᠢ ᠴᠠᠭ ᠲᠤᠬᠠᠶ ᠳᠤᠨᠢ ᠲᠤᠰᠠᠯᠠᠮᠵᠢ ᠦᠵᠡᠭᠦᠯᠬᠦ ᠴᠢᠬᠤᠯᠠᠲᠠᠶ ᠪᠠᠢᠵᠤ᠂ ᠬᠡᠷᠡᠭ ᠢ ᠰᠢᠭᠦᠨ ᠲᠠᠰᠤᠯᠠᠵᠤ ᠭᠦᠢᠴᠡᠳᠬᠡᠬᠦ ᠴᠠᠭ ᠨᠢ ᠳᠡᠩᠳᠡᠭᠦᠦ ᠤᠷᠲᠤ ᠪᠣᠯᠪᠠᠯ᠂ ᠥᠮᠴᠢᠯᠡᠯ ᠦᠨ ᠡᠷᠬᠡ ᠶᠢᠨ ᠬᠠᠮᠠᠭᠠᠯᠠᠯᠲᠠ ᠳᠤ ᠠᠰᠢᠭ ᠦᠭᠡᠢ ᠶᠤᠮ ᠃ ᠨᠥᠬᠥᠴᠡᠯ ᠪᠣᠯᠤᠯᠴᠠᠭ᠎ᠠ ᠲᠣᠬᠢᠷᠠᠮᠵᠢᠲᠠᠶ ᠦᠢ᠎ᠡ ᠳᠦ ᠂ ᠳᠦ᠋ᠭᠦᠮ ᠶᠠᠪᠤᠴᠠ ᠂ ᠰᠦᠯᠵᠢᠶᠡᠨ ᠳᠡᠭᠡᠷ᠎ᠡ ᠰᠢᠭᠦᠨ ᠲᠠᠰᠤᠯᠬᠤ ᠵᠡᠷᠭᠡ ᠬᠡᠯᠪᠡᠷᠢ ᠶᠢ ᠠᠰᠢᠭᠯᠠᠵᠤ᠂ ᠰᠢᠭᠦᠨ ᠲᠠᠰᠤᠯᠬᠤ ᠂ ᠭᠦᠢᠴᠡᠳᠬᠡᠬᠦ ᠦᠷ᠎ᠡ ᠪᠦᠲᠦᠮᠵᠢ ᠶᠢ ᠳᠡᠭᠡᠭᠰᠢᠯᠡᠭᠦᠯᠬᠦ ᠬᠡᠷᠡᠭᠲᠡᠶ ᠃ ᠭᠤᠷᠪᠠ ᠳᠤ ᠵᠠᠭᠤᠴᠢᠯᠠᠭᠤᠷ ᠢ ᠠᠰᠢᠭᠯᠠᠨ ᠤᠬᠠᠭᠤᠯᠭ᠎ᠠ ᠶᠢᠨ ᠠᠵᠢᠯ ᠪᠠᠨ ᠰᠠᠶᠢᠲᠤᠷ ᠬᠢᠨ᠎ᠡ᠃ ᠤᠯᠠᠮᠵᠢᠯᠠᠯᠲᠤ ᠵᠠᠭᠤᠴᠢᠯᠠᠭᠤᠷ ᠪᠣᠯᠤᠨ ᠸᠢᠴᠠᠲ᠂ ᠪᠢᠴᠢᠯ ᠪᠦᠷᠭᠡ ᠵᠡᠷᠭᠡ ᠰᠢᠨ᠎ᠡ ᠵᠠᠭᠤᠴᠢᠯᠠᠭᠤᠷ ᠢ ᠠᠰᠢᠭᠯᠠᠨ ᠂ ᠥᠮᠴᠢᠯᠡᠬᠦ ᠡᠷᠬᠡ ᠪᠦᠬᠦᠢ ᠨᠡᠶᠢᠲᠡᠯᠢᠭ ᠬᠡᠷᠡᠭ ᠦᠨ ᠵᠢᠱᠢᠶ᠎ᠡ ᠶᠢ ᠤᠬᠠᠭᠤᠯᠵᠤ ᠂ ᠡᠷᠬᠡ ᠲᠡᠭᠰᠢ ᠪᠡᠷ ᠬᠠᠮᠠᠭᠠᠯᠠᠵᠤ ᠂ ᠪᠦᠬᠦ ᠲᠠᠯ᠎ᠠ ᠪᠠᠷ ᠬᠠᠮᠠᠭᠠᠯᠠᠬᠤ ᠂ ᠬᠠᠤᠯᠢ ᠶᠣᠰᠣᠭᠠᠷ ᠬᠠᠮᠠᠭᠠᠯᠠᠬᠤ ᠣᠶᠢᠯᠠᠭᠠᠭᠳᠠᠬᠤᠨ ᠢ ᠬᠥᠮᠦᠰ ᠦᠨ ᠰᠡᠳᠬᠢᠯ ᠳᠦ ᠭᠦᠨ ᠬᠠᠳᠠᠩᠰᠢᠭᠤᠯᠵᠤ ᠂ ᠥᠮᠴᠢᠯᠡᠬᠦ ᠡᠷᠬᠡ ᠶᠢᠨ ᠬᠠᠮᠠᠭᠠᠯᠠᠯᠲᠠ ᠶᠢᠨ ᠨᠡᠶᠢᠭᠡᠮ ᠦᠨ ᠰᠠᠢᠢᠨ ᠰᠠᠶᠢᠬᠠᠨ ᠣᠷᠴᠢᠨ ᠨᠥᠬᠥᠴᠡᠯ ᠢ ᠪᠤᠢ ᠪᠣᠯᠭᠠᠨ᠎ᠠ ᠃
ᠢᠷᠡᠯᠲᠡ ᠄ ᠳᠤᠮᠳᠠᠳᠤ ᠤᠯᠤᠰ ᠤᠨ ᠰᠢᠭᠦᠬᠦ ᠬᠣᠷᠢᠶᠠᠨ ᠤ ᠰᠦᠯᠵᠢᠶ᠎ᠡ
ᠦᠨᠡᠯᠡᠬᠦ 0ᠦᠨᠡᠯᠡᠯᠲᠡ᠎ᠲᠠᠢ