ᠱᠸᠨ ᠳ᠋ᠸ ᠶᠥᠩ᠄ ᠬᠤᠸᠠᠩ ᡁᠢ ᠯᠢ ᠶᠢᠨ ᠡᠷᠬᠢᠮ ᠳᠡᠭᠡᠳᠦ ᠵᠣᠷᠢᠭ ᠰᠠᠨᠠᠭ᠎ᠠ ᠶᠢ ᠶᠡᠬᠡᠪᠡᠷ ᠰᠤᠷᠲᠠᠯᠴᠢᠯᠠᠨ ᠤᠬᠠᠭᠤᠯᠶ᠎ᠠ
2016.12.12 ᠲᠣᠰ ᠥᠷᠲᠡᠭᠡᠨ ᠦ ᠨᠠᠢᠷᠠᠭᠤᠯᠤᠭᠴᠢ

12 ᠰᠠᠷ᠎ᠠ ᠶᠢᠨ 9  ᠦ ᠡᠳᠦᠷ ᠂ ᠠᠷᠠᠳ ᠤᠨ ᠳᠡᠭᠡᠳᠦ ᠰᠢᠭᠦᠬᠦ ᠬᠣᠷᠢᠶᠠᠨ ᠤ ᠤᠯᠤᠰ ᠲᠦᠷᠤ ᠶᠢᠨ ᠬᠡᠯᠲᠡᠰ ᠪᠣᠯᠤᠨ ᠹᠦᠵᠢᠶᠠᠨ ᠮᠤᠵᠢ ᠶᠢᠨ ᠨᠠᠮ ᠤᠨ ᠬᠣᠷᠢᠶᠠᠨ ᠤ ᠵᠣᠬᠢᠶᠠᠨ ᠪᠠᠶᠢᠭᠤᠯᠬᠤ ᠬᠡᠯᠲᠡᠰ ᠂ ᠤᠬᠠᠭᠤᠯᠬᠤ ᠬᠡᠯᠲᠡᠰ ᠂ ᠤᠯᠤᠰ ᠲᠥᠷᠥ ᠬᠠᠤᠯᠢ ᠴᠠᠭᠠᠵᠠ ᠶᠢᠨ ᠬᠣᠷᠢᠶ᠎ᠠ ᠪᠣᠯᠤᠨ ᠹᠦᠵᠢᠶᠠᠨ ᠮᠤᠵᠢ ᠶᠢᠨ ᠠᠷᠠᠳ ᠤᠨ ᠳᠡᠭᠡᠳᠦ ᠵᠡᠷᠭᠡ ᠶᠢᠨ ᠰᠢᠭᠦᠬᠦ ᠬᠣᠷᠢᠶ᠎ᠠ ᠹᠦᠵᠢᠶᠠᠨ ᠮᠤᠵᠢ ᠶᠢᠨ ᠵᠠᠩᠵᠸᠦ ᠳᠤ ᠬᠤᠸᠠᠩ ᡁᠢ ᠯᠢ ᠶᠢᠨ ᠰᠢᠭᠦᠨ ᠲᠠᠰᠤᠯᠬᠤ ᠠᠵᠢᠯ ᠤᠨ ᠠᠷᠭ᠎ᠠ ᠶᠢ ᠰᠤᠳᠤᠯᠤᠨ ᠶᠠᠷᠢᠯᠴᠠᠬᠤ ᠬᠤᠷᠠᠯ  ᠬᠤᠷᠠᠯᠳᠤᠭᠤᠯᠪᠠ ᠃ ᠠᠷᠠᠳ ᠤᠨ ᠳᠡᠭᠡᠳᠦ ᠵᠡᠷᠭᠡ ᠶᠢᠨ ᠰᠢᠭᠦᠬᠦ ᠬᠣᠷᠢᠶᠠᠨ ᠤ ᠨᠠᠮ ᠤᠨ ᠤᠳᠤᠷᠢᠳᠬᠤ ᠳᠤᠭᠤᠶᠢᠯᠠᠩ ᠤᠨ ᠳᠡᠳ᠋ ᠱᠦᠵᠢ ᠂ ᠬᠣᠷᠢᠶᠠᠨ ᠤ ᠪᠠᠶᠢᠩᠭᠤ ᠶᠢᠨ ᠳᠡᠳ᠋ ᠳᠠᠷᠤᠭ᠎ᠠ ᠱᠸᠨ ᠳ᠋ᠸ ᠶᠥᠩ ᠬᠤᠷᠠᠯ ᠳᠤ ᠣᠷᠣᠯᠴᠠᠵᠤ ᠶᠠᠷᠢᠶ᠎ᠠ ᠲᠠᠯᠪᠢᠵᠠᠶ ᠃ ᠱᠸᠨ ᠳ᠋ᠸ ᠶᠥᠩ ᠴᠢᠬᠤᠯᠠᠴᠢᠯᠠᠭᠰᠠᠨ ᠨᠢ ᠂ ᠬᠤᠸᠠᠩ ᡁᠢ ᠯᠢ ᠨᠥᠬᠥᠷ ᠦᠨ ᠡᠷᠬᠢᠮ ᠳᠡᠭᠡᠳᠦ ᠵᠣᠷᠢᠭ ᠰᠠᠨᠠᠭ᠎ᠠ ᠪᠠ ᠰᠢᠯᠢᠳᠡᠭ ᠰᠤᠷᠲᠠᠯ ᠢ ᠪᠠᠳᠠᠷᠠᠭᠤᠯᠵᠤ ᠂ ᠬᠤᠸᠠᠩ ᡁᠢ ᠯᠢ  ᠶᠢᠨ ᠰᠢᠭᠦᠨ ᠲᠠᠰᠤᠯᠬᠤ ᠠᠵᠢᠯ ᠤᠨ ᠠᠷᠭ᠎ᠠ  ᠮᠠᠶᠢᠭ ᠢ ᠨᠠᠷᠢᠨ ᠬᠢᠨᠠᠮᠠᠭᠠᠶ ᠰᠤᠷᠤᠯᠴᠠᠵᠤ ᠂ ᠠᠷᠠᠳ ᠣᠯᠠᠨ ᠳᠤ ᠬᠠᠤᠯᠢ  ᠬᠡᠷᠡᠭᠵᠢᠭᠦᠯᠦᠭᠰᠡᠨ ᠬᠡᠷᠡᠭ ᠨᠢᠭᠡᠪᠦᠷᠢ ᠡᠴᠡ ᠲᠥᠪ ᠭᠣᠣᠯᠴᠢ ᠰᠢᠳᠤᠷᠭᠤ ᠶᠣᠰᠣ ᠶᠢ  ᠮᠡᠳᠡᠷᠡᠬᠦ  ᠪᠡᠷ ᠬᠠᠷᠠᠯᠲᠠ ᠪᠣᠯᠭᠠᠨ᠂ ᠠᠷᠠᠳ ᠤᠨ ᠲᠥᠯᠥᠭᠡ ᠬᠠᠤᠯᠢ ᠪᠠᠷᠢᠬᠤ ᠵᠣᠷᠢᠯᠲᠠ ᠶᠢ ᠨᠠᠩ ᠰᠠᠢᠨ ᠦᠢᠯᠡᠳᠡᠯᠡᠭᠵᠢᠭᠦᠯᠵᠦ᠂ ᠲᠥᠪ ᠭᠣᠣᠯᠴᠢ ᠪᠠᠷ ᠬᠠᠤᠯᠢ ᠪᠠᠷᠢᠬᠤ ᠨᠠᠭᠠᠳᠤ ᠵᠠᠬ᠎ᠠ  ᠶᠢᠨ ᠬᠣᠷᠢᠭ᠎ᠠ ᠱᠤᠭᠤᠮ  ᠢ ᠪᠠᠲᠤ ᠰᠠᠬᠢᠵᠤ ᠂ ᠨᠠᠮ ᠪᠠ ᠠᠷᠠᠳ ᠲᠦᠮᠡᠨ ᠡᠴᠡ ᠣᠯᠭᠣᠭᠰᠠᠨ ᠬᠦᠨᠳᠦ ᠶᠡᠬᠡ ᠬᠠᠷᠢᠭᠤᠴᠠᠯᠭ᠎ᠠ ᠶᠢ  ᠦᠨᠡᠨ ᠬᠦ ᠡᠭᠦᠷᠭᠡᠯᠡᠵᠦ ᠂ ᠦᠨᠳᠦᠰᠦᠨ ᠬᠠᠤᠯᠢ ᠪᠠ ᠬᠠᠤᠯᠢ ᠴᠠᠭᠠᠵᠠ ᠠᠴᠠ ᠣᠯᠭᠣᠭᠰᠠᠨ ᠡᠭᠦᠷᠭᠡ ᠬᠠᠷᠢᠭᠤᠴᠠᠯᠭ᠎ᠠ ᠪᠠᠨ ᠦᠨᠡᠨᠴᠢ ᠰᠢᠳᠤᠷᠭᠤ ᠪᠠᠷ ᠭᠦᠢᠴᠡᠳᠬᠡᠵᠦ ᠂ ᠠᠷᠠᠳ ᠤᠯᠠᠨ ᠤ ᠡᠳᠦᠷ ᠢᠷᠡᠬᠦᠶ᠎ᠡ ᠨᠡᠮᠡᠭᠳᠡᠵᠦ ᠪᠠᠶᠢᠭ᠎ᠠ ᠣᠯᠠᠨ ᠡᠰᠢᠲᠦ ᠬᠠᠤᠯᠢ ᠪᠠᠷᠢᠬᠤ ᠬᠡᠷᠡᠭᠴᠡᠭᠡ ᠶᠢ ᠲᠠᠰᠤᠷᠠᠯᠲᠠ ᠦᠭᠡᠢ ᠬᠠᠩᠭᠠᠨ᠎ᠠ ᠃ ᠠᠷᠠᠳ ᠤᠨ ᠳᠡᠭᠡᠳᠦ ᠵᠡᠷᠭᠡ ᠶᠢᠨ ᠰᠢᠭᠦᠬᠦ ᠬᠣᠷᠢᠶᠠᠨ ᠤ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ ᠂ ᠤᠯᠤᠰ ᠲᠥᠷᠥ ᠶᠢᠨ ᠬᠡᠯᠲᠡᠰ ᠦᠨ ᠡᠷᠬᠢᠯᠡᠭᠴᠢ ᠰᠢᠤᠢ ᠵᠢᠶᠠ ᠰᠢᠨ ᠰᠤᠳᠤᠯᠤᠨ ᠶᠠᠷᠢᠯᠴᠠᠬᠤ ᠬᠤᠷᠠᠯ ᠢ  ᠡᠷᠬᠢᠯᠡᠵᠦ ᠂ ᠹᠦᠵᠢᠶᠠᠨ ᠮᠤᠵᠢ ᠶᠢᠨ ᠨᠠᠮ ᠤᠨ ᠬᠣᠷᠢᠶᠠᠨ ᠤ ᠪᠠᠶᠢᠩᠭᠤ ᠶᠢᠨ ᠭᠡᠰᠢᠭᠦᠨ ᠂ ᠤᠯᠤᠰ ᠲᠥᠷᠥ ᠬᠠᠤᠯᠢ ᠴᠠᠭᠠᠵᠠ  ᠶᠢᠨ ᠬᠣᠷᠢᠶᠠᠨ ᠤ ᠱᠦᠵᠢ ᠴᠸᠨ ᠳ᠋ᠦᠩ ᠬᠤᠷᠠᠯ ᠳᠤ ᠣᠷᠣᠯᠴᠠᠵᠤ ᠶᠠᠷᠢᠶ᠎ᠠ ᠲᠠᠯᠪᠢᠵᠠᠶ ᠃

ᠬᠤᠸᠠᠩ ᡁᠢ ᠯᠢ ᠨᠥᠬᠥᠷ ᠤᠳᠤ ᠹᠦᠵᠢᠶᠠᠨ ᠮᠤᠵᠢ ᠶᠢᠨ ᠵᠠᠩᠵᠸᠦ ᠬᠤᠳᠠ ᠶᠢᠨ  ᠰᠢᠶᠠᠩ ᠴᠸᠩ ᠲᠣᠭᠣᠷᠢᠭ ᠤᠨ ᠠᠷᠠᠳ ᠤᠨ ᠰᠢᠭᠦᠬᠦ ᠬᠣᠷᠢᠶᠠᠨ ᠤ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ ᠂ ᠢᠷᠭᠡᠨ ᠦ ᠬᠡᠷᠡᠭ ᠦᠨ ᠰᠢᠭᠦᠨ ᠲᠠᠰᠤᠯᠬᠤ ᠨᠢᠭᠡᠳᠦᠭᠡᠷ ᠲᠢᠩᠬᠢᠮ ᠳᠡᠳ᠋ ᠳᠠᠷᠤᠭ᠎ᠠ ᠶᠢᠨ ᠲᠤᠰᠢᠶᠠᠯ ᠲᠠᠢ᠃ ᠲᠡᠷᠡ ᠢᠷᠭᠡᠨ ᠦ ᠬᠡᠷᠡᠭ ᠦᠨ ᠰᠢᠭᠦᠨ ᠲᠠᠰᠤᠯᠬᠤ ᠠᠵᠢᠯ ᠢ ᠬᠢᠭᠰᠡᠨ 14 ᠵᠢᠯ ᠦᠨ ᠲᠤᠷᠰᠢ ᠂ ᠠᠷᠠᠳ ᠤᠨ ᠲᠥᠯᠥᠭᠡ ᠬᠠᠤᠯᠢ ᠪᠠᠷᠢᠬᠤ ᠵᠣᠷᠢᠯᠲᠠ ᠶᠢ ᠢᠮᠠᠭᠲᠠ ᠪᠠᠲᠤ ᠴᠡᠭᠡᠵᠢᠯᠡᠵᠦ ᠂ ᠠᠷᠠᠳ ᠤᠨ ᠬᠠᠤᠯᠢ ᠶᠢᠨ ᠲᠤᠰᠢᠶᠠᠯᠲᠠᠨ ᠤ ᠲᠤᠰᠢᠶᠠᠯ ᠬᠠᠷᠢᠭᠤᠴᠠᠯᠭ᠎ᠠ ᠪᠠᠨ ᠦᠨᠡᠨᠴᠢ ᠰᠢᠳᠤᠷᠭᠤ ᠪᠠᠷ ᠭᠦᠢᠴᠡᠳᠬᠡᠵᠦ ᠂ ᠤᠷᠳᠤ ᠬᠤᠭᠤᠴᠠᠭᠠᠨ ᠤ ᠬᠠᠤᠯᠢ ᠴᠠᠭᠠᠵᠠ ᠶᠢᠨ ᠦᠢᠯᠡᠳᠦᠯᠭᠡ ᠶᠢᠨ ᠬᠠᠶᠢᠨ  ᠰᠦᠪᠡᠭᠴᠢᠯᠡᠬᠦ ᠪᠡᠷ ᠳᠠᠮᠵᠢᠭᠤᠯᠵ《 ᠪᠠᠶᠢᠴᠠᠭᠠᠨ ᠰᠤᠳᠤᠯᠤᠯᠲᠠ ᠬᠢᠬᠦ  ᠶᠢ ᠢᠮᠠᠭᠲᠠ ᠲᠤᠤᠱᠯᠠᠭᠤᠯᠵᠤ᠂ ᠲᠠᠰᠤᠯᠤᠨ ᠲᠣᠭᠲᠠᠭᠠᠯᠲᠠ  ᠨᠢ ᠪᠣᠳᠠᠲᠤ ᠪᠠᠶᠢᠳᠠᠯ ᠲᠠᠶ  ᠨᠡᠢᠴᠡᠭᠰᠡᠨ ᠃ ᠡᠶᠡᠯᠰᠡᠭ ᠡᠶᠡᠳᠦᠭᠦᠯᠭᠡ ᠶᠢ ᠢᠮᠠᠭᠲᠠ ᠲᠤᠤᠱᠯᠠᠭᠤᠯᠵᠤ᠂ ᠤᠯᠠᠨ ᠲᠦᠮᠡᠨ ᠬᠠᠤᠯᠢ ᠴᠠᠭᠠᠵᠠ ᠶᠢᠨ ᠬᠠᠯᠠᠭᠤᠨ ᠳᠤᠯᠠᠭᠠᠨ ᠢ  ᠬᠥᠷᠲᠡᠭᠡᠨ᠎ᠡ᠃ ᠬᠠᠤᠯᠢ  ᠶᠢᠨ ᠲᠠᠶᠢᠯᠪᠤᠷᠢᠯᠠᠨ  ᠶᠢ ᠢᠮᠠᠭᠲᠠ ᠲᠤᠤᠱᠯᠠᠭᠤᠯᠵᠤ ᠂ ᠨᠡᠶᠢᠭᠡᠮ ᠨᠡᠶᠢᠲᠡ ᠳᠤ ᠬᠠᠤᠯᠢ ᠪᠠᠷ ᠵᠠᠰᠠᠬᠤ ᠵᠣᠷᠢᠭ ᠰᠠᠨᠠᠭ᠎ᠠ ᠶᠢ ᠲᠠᠨᠢᠭᠤᠯᠬᠤ 》ᠰᠢᠭᠦᠨ ᠲᠠᠰᠤᠯᠬᠤ ᠠᠵᠢᠯ ᠤᠨ ᠠᠷᠭ᠎ᠠ  ᠶᠢ ᠳ᠋ᠦᠩᠨᠡᠵᠦ  ᠭᠠᠷᠭᠠᠪᠠ᠂ ᠦᠯᠡᠮᠵᠢ ᠤᠯᠠᠨ ᠢᠷᠭᠡᠨ ᠦ ᠬᠡᠷᠡᠭ ᠦᠨ ᠵᠢᠭᠤᠷᠠᠯᠳᠤᠭᠠᠨ ᠪᠦᠲᠦᠮᠵᠢᠲᠡᠶ ᠪᠡᠷ ᠨᠠᠮᠳᠠᠭᠤᠯᠵᠤ ᠂ ᠳᠠᠭᠠᠭᠠᠨ  ᠡᠷᠬᠢᠯᠡᠭᠰᠡᠨ 5000 ᠭᠠᠷᠤᠢ ᠬᠡᠷᠡᠭ ᠡᠴᠡ ᠨᠢᠭᠡ ᠶᠢ ᠴᠦ ᠪᠤᠴᠠᠭᠠᠵᠤ ᠳᠠᠬᠢᠨ ᠰᠢᠭᠦᠭᠰᠡᠨ ᠦᠭᠡᠢ᠂ ᠨᠢᠭᠡ ᠶᠢ ᠴᠤ ᠰᠢᠭᠦᠨ ᠲᠠᠰᠤᠯᠠᠯᠲᠠ ᠶᠢ ᠨᠢ ᠬᠦᠴᠦᠨ ᠦᠭᠡᠢ ᠪᠣᠯᠭᠠᠭᠰᠠᠨ ᠦᠭᠡᠢ ᠂ ᠨᠢᠭᠡ  ᠴᠤ ᠭᠣᠮᠣᠳᠠᠯ ᠮᠡᠳᠡᠭᠦᠯᠬᠦ ᠵᠠᠬᠢᠳᠠᠯ ᠰᠤᠷᠪᠤᠯᠵᠢᠯᠠᠭ᠎ᠠ ᠭᠠᠷᠤᠭᠰᠠᠨ ᠦᠭᠡᠢ ᠂ ᠨᠢᠭᠡ ᠴᠦ ᠢᠯᠡᠴᠢᠯᠡᠨ ᠮᠡᠳᠡᠭᠦᠯᠬᠦ ᠵᠠᠭᠠᠯᠳᠤᠯᠭ᠎ᠠ ᠭᠠᠷᠤᠭᠰᠠᠨ ᠦᠭᠡᠢ ᠪᠠᠢᠵᠤ ᠂ ᠠᠷᠠᠳ ᠤᠯᠠᠨ ᠳᠤ《 ᠰᠡᠳᠬᠢᠯ ᠢ ᠮᠡᠳᠡᠭᠴᠢ ᠬᠠᠤᠯᠢᠴᠢ 》 ᠭᠡᠵᠦ ᠮᠡᠳᠡᠷᠡᠭᠳᠡᠪᠡ᠃ ᠤᠷᠢᠳ ᠬᠣᠵᠢᠳ ᠪᠦᠬᠦ ᠤᠯᠤᠰ ᠤᠨ ᠵᠢᠱᠢᠶᠡᠴᠢ ᠬᠠᠤᠯᠢ ᠶᠢᠨ ᠲᠤᠰᠢᠶᠠᠯᠲᠠᠨ ᠂ ᠪᠦᠬᠦ ᠤᠯᠤᠰ ᠤᠨ ᠬᠠᠮᠤᠭ ᠤᠨ  ᠡᠷᠬᠢᠮ ᠦᠨᠳᠦᠰᠦᠨ ᠱᠠᠲᠤᠨ ᠤ ᠺᠠᠳ᠋ᠷ ᠂ ᠪᠦᠬᠦ ᠤᠯᠤᠰ ᠤᠨ ᠲᠡᠷᠢᠭᠦᠨ ᠦ ᠠᠵᠢᠯᠲᠠᠨ ᠵᠡᠷᠭᠡ ᠢᠷᠠᠭᠤ ᠠᠯᠳᠠᠷ  ᠤᠨ ᠴᠣᠯᠠ ᠣᠯᠵᠤ ᠂ ᠡᠭᠦᠨ ᠤ ᠬᠠᠮᠲᠤ ᠬᠤᠪᠢ ᠬᠥᠮᠦᠨ ᠦ ᠨᠢᠭᠡᠳᠦᠭᠡᠷ ᠳᠡᠰ ᠤᠨ ᠭᠠᠪᠢᠶ᠎ᠠ ᠂ ᠬᠣᠶᠠᠳᠤᠭᠠᠷ ᠳᠡᠰ ᠤᠨ ᠭᠠᠪᠢᠶ᠎ᠠ ᠶᠢ ᠲᠤᠰ ᠲᠤᠰ ᠨᠢᠭᠡ ᠤᠳᠠᠭ᠎ᠠ ᠲᠡᠮᠳᠡᠭᠯᠡᠭᠦᠯᠪᠡ᠃  ᠥᠨᠥ ᠵᠢᠯ ᠦᠨ 3 ᠰᠠᠷ᠎ᠠ ᠳᠤ ᠂ ᠬᠤᠸᠠᠩ ᡁᠢ ᠯᠢ ᠨᠥᠬᠥᠷ ᠲᠤ ᠲᠥᠪ ᠬᠣᠷᠢᠶᠠᠨ ᠤ ᠤᠬᠠᠭᠤᠯᠬᠤ ᠬᠡᠯᠲᠡᠰ  ᠡᠴᠡ《 ᠴᠠᠭ ᠦᠶ᠎ᠡ ᠶᠢᠨ ᠦᠯᠢᠭᠡᠷ ᠳᠠᠭᠤᠷᠢᠶᠠᠯ 》 ᠭᠡᠬᠦ ᠢᠷᠠᠭᠤ ᠠᠯᠳᠠᠷ ᠤᠨ ᠴᠣᠯᠠ ᠣᠯᠭᠤᠪᠠ ᠃7 ᠰᠠᠷ᠎ᠠ ᠳᠤ ᠨᠠᠮ ᠤᠨ 《 ᠪᠦᠬᠦ ᠤᠯᠤᠰ ᠤᠨ ᠰᠢᠯᠢᠳᠡᠭ ᠡᠪ ᠬᠠᠮᠲᠤ ᠨᠠᠮ ᠤᠨ  ᠬᠡᠰᠢᠭᠦᠨ》 ᠭᠡᠬᠦ ᠢᠷᠠᠭᠤ  ᠠᠯᠳᠠᠷ ᠤᠨ ᠴᠣᠯᠠ  ᠣᠯᠭᠤᠪᠠ ᠃ 12 ᠰᠠᠷ᠎ᠠ ᠶᠢᠨ 4  ᠦ ᠡᠳᠦᠷCCTV2016  ᠡᠴᠡ ᠲᠡᠭᠦᠨ ᠢ ᠤᠨ ᠤ ᠬᠠᠤᠯᠢ  ᠶᠢᠨ ᠲᠤᠰᠢᠶᠠᠯᠲᠠᠨ ᠢᠶᠡᠷ ᠰᠤᠩᠭ᠋ᠤᠪᠠ᠃

ᠱᠸᠨ ᠳ᠋ᠸ ᠶᠥᠩ ᠶᠠᠷᠢᠶᠠᠨ ᠳᠠᠭᠠᠨ ᠵᠢᠭᠠᠵᠤ ᠭᠠᠷᠭᠠᠭᠰᠠᠨ ᠨᠢ ᠂ ᠬᠤᠸᠠᠩ ᡁᠢ ᠯᠢ ᠨᠥᠬᠥᠷ ᠪᠣᠯ ᠨᠠᠮ ᠤᠨ ᠠᠷᠪᠠᠨ ᠨᠠᠶᠮᠠᠳᠤᠭᠠᠷ ᠶᠡᠬᠡ ᠬᠤᠷᠠᠯ  ᠠᠴᠠ ᠨᠠᠰᠢ ᠂ ᠠᠷᠠᠳ ᠤᠨ ᠰᠢᠭᠦᠬᠦ ᠬᠣᠷᠢᠶᠠᠨ ᠤ ᠡᠩᠨᠡᠭᠡ ᠶᠢᠨ ᠳᠤᠮᠳᠠ ᠴᠣᠯᠭᠣᠷᠠᠨ ᠭᠠᠷᠤᠭᠰᠠᠨ ᠨᠢᠭᠡᠨ ᠥᠷᠭᠡᠨ ᠳᠡᠯᠭᠡᠷ ᠨᠥᠯᠥᠭᠡ ᠲᠡᠶ ᠂ ᠪᠦᠬᠦ ᠤᠯᠤᠰ ᠤᠨ ᠴᠢᠬᠤᠯᠠ ᠶᠡᠬᠡ ᠨᠡᠶᠢᠲᠡᠯᠢᠭ ᠵᠢᠱᠢᠶ᠎ᠡ ᠮᠥᠨ ᠃ ᠬᠤᠸᠠᠩ ᡁᠢ ᠯᠢ  ᠤᠨ ᠰᠢᠭᠦᠨ ᠲᠠᠰᠤᠯᠬᠤ ᠠᠵᠢᠯ ᠤᠨ ᠠᠷᠭ᠎ᠠ  ᠨᠢ ᠦᠨᠳᠦᠰᠦᠨ ᠱᠠᠲᠤᠨ ᠤ ᠨᠡᠶᠢᠭᠡᠮ ᠦᠨ ᠪᠣᠳᠠᠲᠤ ᠪᠠᠶᠢᠳᠠᠯ ᠢ ᠦᠨᠳᠦᠰᠦᠯᠡᠵᠦ ᠂ ᠠᠮᠢᠳᠤᠯᠢᠭ ᠰᠣᠷᠭᠣᠭ ᠬᠠᠤᠯᠢ ᠴᠠᠭᠠᠵᠠ ᠶᠢᠨ ᠦᠢᠯᠡᠳᠦᠯᠭᠡ ᠶᠢ ᠪᠥᠷᠢᠯᠳᠡᠭᠦᠯᠵᠦ ᠂ ᠬᠠᠤᠯᠢ ᠪᠠᠷᠢᠬᠤ ᠡᠷᠬᠡ  ᠶᠢᠨ ᠵᠢᠮ᠎ᠡ ᠶᠣᠰᠣ ᠲᠠᠢ ᠨᠡᠢᠴᠡᠵᠦ ᠂ ᠵᠥᠷᠢᠴᠡᠯ ᠵᠢᠭᠤᠷᠠᠯᠳᠤᠭᠠᠨ ᠢ ᠪᠦᠲᠦᠮᠵᠢᠲᠡᠶ ᠪᠡᠷ ᠠᠷᠢᠯᠭᠠᠨ ᠂ ᠰᠢᠨ᠎ᠡ ᠴᠠᠭ ᠦᠢ᠎ᠡ ᠳᠡᠬᠢ ᠠᠷᠠᠳ ᠤᠨ ᠰᠢᠭᠦᠬᠦ ᠬᠣᠷᠢᠶ᠎ᠠ ᠬᠠᠤᠯᠢ ᠴᠠᠭᠠᠵᠠ ᠶᠢᠨ ᠦᠢᠯᠡᠳᠦᠯᠭᠡ ᠶᠢᠨ ᠤᠶᠤᠨ ᠤᠬᠠᠭᠠᠨ ᠤ ᠤᠬᠢ ᠪᠦᠲᠦᠭᠡᠯ ᠪᠣᠯᠤᠨ᠎ᠠ ᠃ ᠬᠤᠸᠠᠩ ᡁᠢ ᠯᠢ  ᠶᠢᠨ ᠰᠢᠭᠦᠨ ᠲᠠᠰᠤᠯᠬᠤ ᠠᠵᠢᠯ ᠤᠨ ᠠᠷᠭ᠎ᠠ ᠶᠢ ᠰᠤᠷᠤᠯᠴᠠᠨ ᠦᠢᠯᠡᠳᠡᠯᠡᠭᠵᠢᠭᠦᠯᠬᠦ ᠨᠢ᠂ ᠠᠷᠠᠳ ᠤᠨ ᠲᠥᠯᠥᠭᠡ ᠬᠠᠤᠯᠢ ᠪᠠᠷᠢᠬᠤ ᠂ ᠲᠥᠪ ᠭᠣᠣᠯᠴᠢ ᠪᠠᠷ ᠬᠠᠤᠯᠢ ᠪᠠᠷᠢᠬᠤ ᠶᠢ ᠬᠡᠷᠡᠭᠴᠡᠭᠡ ᠂ ᠬᠠᠤᠯᠢ ᠬᠡᠷᠡᠭᠵᠢᠭᠦᠯᠵᠦ ᠬᠡᠷᠡᠭ ᠰᠢᠶᠳᠪᠦᠷᠢᠯᠡᠬᠦ ᠶᠠᠰᠤ ᠴᠢᠨᠠᠷ ᠢ ᠳᠡᠭᠡᠭᠰᠢᠯᠡᠭᠦᠯᠬᠦ ᠂ ᠬᠠᠤᠯᠢ ᠪᠠᠷᠢᠬᠤ ᠠᠵᠢᠯ ᠤᠨ ᠣᠯᠠᠨ ᠨᠡᠶᠢᠲᠡ ᠶᠢ ᠢᠲᠡᠭᠡᠭᠦᠯᠬᠦ ᠬᠦᠴᠦᠨ ᠢ ᠳᠡᠭᠡᠭᠰᠢᠯᠡᠭᠦᠯᠬᠦ ᠶᠢᠨ ᠱᠠᠭᠠᠷᠳᠠᠯᠭ᠎ᠠ᠂ ᠤᠯᠤᠰ ᠲᠦᠷᠦ ᠬᠠᠤᠯᠢ ᠴᠠᠭᠠᠵᠠ ᠶᠢᠨ ᠺᠠᠳ᠋ᠷ ᠴᠠᠭᠳᠠᠭ᠎ᠠ ᠶᠢᠨ ᠭᠣᠣᠯᠯᠠᠬᠤ ᠦᠷᠲᠡᠭ ᠦᠨ ᠦᠵᠡᠯᠲᠡ ᠶᠢᠨ ᠬᠥᠮᠦᠵᠢᠯ ᠢ ᠭᠦᠨᠵᠡᠭᠡᠶᠢᠷᠡᠭᠦᠯᠵᠦ ᠂ ᠰᠢᠭᠦᠬᠦ ᠬᠣᠷᠢᠶᠠᠨ ᠤ ᠡᠩᠨᠡᠭᠡ ᠶᠢᠨ ᠲᠤᠬᠠᠶᠢᠯᠠᠭᠰᠠᠨ ᠠᠵᠢᠯ ᠤᠨ ᠵᠣᠷᠢᠭ ᠰᠠᠨᠠᠭ᠎ᠠ ᠶᠢ ᠪᠣᠶᠢᠵᠢᠭᠤᠯᠬᠤ  ᠶᠢᠨ ᠱᠠᠭᠠᠷᠳᠠᠯᠭ᠎ᠠ᠂ ᠪᠦᠬᠦ ᠤᠯᠤᠰ ᠤᠨ ᠰᠢᠭᠦᠬᠦ ᠬᠣᠷᠢᠶ᠎ᠠ ᠶᠢ ᠨᠠᠮ ᠤᠨ ᠠᠷᠪᠠᠨ ᠨᠠᠶᠮᠠᠳᠤᠭᠠᠷ ᠬᠤᠭᠤᠴᠠᠭᠠᠨ ᠤ ᠲᠥᠪ ᠬᠣᠷᠢᠶᠠᠨ ᠤ ᠵᠢᠷᠭᠤᠳᠤᠭᠠᠷ ᠪᠥᠬᠥᠳᠡ ᠬᠤᠷᠠᠯ ᠤᠨ ᠵᠣᠷᠢᠭ ᠰᠠᠨᠠᠭ᠎ᠠ ᠶᠢ ᠲᠤᠤᠱᠯᠠᠭᠤᠯᠤᠨ ᠨᠠᠶᠢᠳᠠᠪᠤᠷᠢᠵᠢᠭᠤᠯᠵᠤ ᠂《  ᠬᠤᠶᠠᠷ  ᠢ ᠰᠤᠷᠴᠦ ᠨᠢᠭᠡ ᠶᠢ ᠬᠢᠬᠦ》 ᠰᠤᠷᠤᠯᠴᠠᠯᠭ᠎ᠠ ᠬᠥᠮᠦᠵᠢᠯ ᠰᠠᠢᠲᠤᠷ ᠬᠢᠵᠦ ᠂ ᠲᠡᠷᠢᠭᠦᠨ ᠦ ᠬᠢ ᠶᠢ ᠪᠤᠢ ᠪᠣᠯᠭᠠᠨ ᠰᠢᠯᠢᠳᠡᠭ ᠪᠣᠯᠬᠤ ᠪᠠᠷ ᠴᠢᠷᠮᠠᠶᠢᠬᠤ ᠰᠠᠢᠨ ᠰᠠᠢᠬᠠᠨ ᠣᠷᠴᠢᠨ ᠢ ᠪᠤᠢ ᠪᠣᠯᠭᠠᠵᠤ ᠂ ᠡᠷᠳᠡᠮᠲᠡᠨ ᠮᠡᠷᠭᠡᠳ ᠢ ᠲᠡᠭᠠᠠ ᠰᠤᠷᠬᠤ ᠰᠠᠢᠨ ᠰᠠᠶᠢᠬᠠᠨ ᠠᠭᠤᠷ ᠠᠮᠢᠰᠬᠤᠯ ᠢ ᠪᠤᠢ ᠪᠣᠯᠭᠠᠬᠤ ᠳᠤ ᠮᠠᠰᠢ ᠴᠢᠬᠤᠯᠠ ᠠᠴᠢ ᠬᠣᠯᠪᠣᠭᠳᠠᠯ ᠲᠠᠶ ᠶᠤᠮ ᠃

ᠱᠸᠨ ᠳ᠋ᠸ ᠶᠥᠩ ᠱᠠᠭᠠᠷᠳᠠᠯᠭ᠎ᠠ  ᠳᠤ ᠪᠡᠨ᠂ ᠲᠡᠷᠢᠭᠦᠨ ᠦ ᠨᠡᠶᠢᠲᠡᠯᠢᠭ ᠵᠢᠱᠢᠶ᠎ᠡ  ᠶᠢ ᠰᠤᠷᠤᠯᠴᠠᠬᠤ ᠳᠤ᠂ ᠲᠠᠳᠠᠨ ᠦ ᠲᠡᠷᠢᠭᠦᠨ ᠦ ᠤᠢᠢᠯᠠ ᠠᠵᠢᠯᠯᠠᠭ᠎ᠠ  ᠶᠢ ᠰᠤᠷᠤᠯᠴᠠᠬᠤ ᠪᠡᠷ ᠪᠠᠷᠠᠬᠤ ᠦᠭᠡᠢ᠂ ᠪᠠᠰᠠ ᠠᠷᠠᠳ ᠤᠨ ᠲᠥᠯᠥᠭᠡ ᠬᠠᠤᠯᠢ ᠪᠠᠷᠢᠬᠤ ᠂ ᠲᠥᠪ ᠭᠣᠣᠯᠴᠢ ᠪᠠᠷ ᠬᠠᠤᠯᠢ ᠪᠠᠷᠢᠬᠤ  ᠰᠢᠨᠵᠢᠯᠡᠬᠦ ᠤᠬᠠᠭᠠᠨᠴᠢ ᠠᠷᠭ᠎ᠠ ᠶᠢ ᠰᠤᠷᠤᠯᠴᠠᠵᠤ ᠂ ᠨᠡᠩ ᠴᠤ ᠡᠭᠦᠨ ᠦ ᠳᠣᠲᠣᠷ᠎ᠠ ᠠᠭᠤᠯᠤᠭᠳᠠᠵᠤ ᠪᠠᠶᠢᠭ᠎ᠠ ᠦᠷᠳᠡᠭ ᠦᠨ ᠣᠶᠢᠯᠠᠭᠠᠭᠳᠠᠬᠤᠨ ᠢ ᠰᠤᠷᠤᠯᠴᠠᠬᠤ ᠬᠡᠷᠡᠭᠲᠡᠶ ᠃ 《 ᠭᠤᠷᠪᠠᠨ ᠢᠮᠠᠭᠲᠠ ᠶᠢ ᠲᠤᠤᠱᠯᠠᠭᠤᠯᠬᠤ 》 ᠪᠣᠯ ᠬᠤᠸᠠᠩ ᡁᠢ ᠯᠢ  ᠶᠢᠨ ᠰᠢᠭᠦᠨ ᠲᠠᠰᠤᠯᠬᠤ ᠠᠵᠢᠯ ᠤᠨ ᠠᠷᠭ᠎ᠠ ᠶᠢᠨ ᠦᠨᠳᠦᠰᠦᠨ ᠵᠠᠷᠴᠢᠮ ᠪᠠᠢᠵᠤ ᠂《 ᠦᠨᠡᠨ ᠢ ᠡᠷᠢᠵᠦ᠂ ᠬᠠᠤᠯᠢ ᠪᠡᠷ ᠳᠠᠰᠤᠯᠠᠵᠤ᠂ ᠬᠠᠤᠯᠢ  ᠪᠡᠷ ᠵᠠᠰᠠᠬᠤ ᠶᠢ ᠰᠤᠷᠲᠠᠯᠴᠢᠯᠠᠬᠤ》 ᠯᠣᠭᠢᠭ ᠤᠨ ᠳᠠᠪᠰᠢᠯᠲᠠ᠂《 ᠠᠵᠢᠯ ᠢᠶᠡᠨ ᠬᠠᠷᠢᠭᠤᠴᠠᠵᠤ᠂ ᠬᠠᠤᠯᠢ ᠶᠢ  ᠳᠡᠭᠡᠳᠦᠯᠡᠨ᠂ ᠬᠠᠤᠯᠢ ᠰᠡᠳᠬᠢᠯ ᠢ ᠨᠢᠭᠡᠳᠬᠡᠵᠦ᠂ ᠡᠷᠬᠡ ᠲᠡᠭᠰᠢ ᠪᠡᠷ ᠠᠷᠠᠳ ᠤᠯᠠᠨ ᠳᠤ ᠦᠢᠯᠡᠴᠢᠯᠡᠬᠦ》 ᠵᠣᠷᠢᠭ ᠰᠠᠨᠠᠭᠠᠨ ᠤ ᠪᠣᠳᠠᠲᠤ ᠢᠯᠡᠷᠡᠯ ᠃ ᠬᠤᠸᠠᠩ ᡁᠢ ᠯᠢ  ᠶᠢᠨ ᠰᠢᠭᠦᠨ ᠲᠠᠰᠤᠯᠬᠤ ᠠᠵᠢᠯ ᠤᠨ ᠠᠷᠭ᠎ᠠ  ᠶᠢ ᠰᠤᠷᠤᠯᠴᠠᠬᠤ ᠳᠤ᠂  ᠢᠳᠡᠭᠡᠯ ᠤᠨ ᠰᠠᠭᠤᠷᠢ ᠶᠢ ᠪᠠᠲᠤ ᠲᠠᠯᠪᠢᠵᠦ ᠂ ᠣᠶᠤᠨ ᠰᠠᠨᠠᠭᠠᠨ ᠤ ᠰᠢᠮ᠎ᠡ ᠪᠡᠨ ᠭᠦᠢᠴᠡᠳ ᠨᠥᠬᠦᠪᠥᠷᠢᠯᠡᠵᠦ ᠂ ᠦᠵᠡᠯ ᠰᠠᠨᠠᠭᠠᠨ ᠤ ᠵᠠᠯᠠᠭᠤᠷ ᠢᠶᠡᠨ ᠯᠠᠪᠳᠠᠭᠤᠯᠵᠤ ᠂ ᠦᠨᠡᠨᠴᠢ ᠰᠢᠳᠤᠷᠭᠤ ᠲᠦᠷᠦ ᠶᠢᠨ ᠬᠡᠪ ᠴᠢᠨᠠᠷ ᠢ ᠪᠤᠢ ᠪᠣᠯᠭᠠᠵᠤ᠂ ᠬᠡᠵᠢᠶᠡᠳᠡ ᠨᠠᠮ ᠳᠠᠭᠠᠨ ᠦᠨᠡᠨᠴᠢ ᠂ ᠤᠯᠤᠰ ᠣᠷᠣᠨ ᠳᠠᠭᠠᠨ ᠦᠨᠡᠨᠴᠢ ᠂ ᠠᠷᠠᠳ ᠲᠦᠮᠡᠨ ᠳᠡᠭᠡᠨ ᠦᠨᠡᠨᠴᠢ ᠂ ᠬᠠᠤᠯᠢ ᠴᠠᠭᠠᠵᠠ ᠶᠢᠨ ᠤᠯᠤᠰ ᠲᠦᠷᠦ  ᠶᠢ ᠵᠠᠰᠠᠬᠤ ᠤᠤᠷ ᠴᠢᠨᠠᠷ ᠳᠤ ᠦᠨᠡᠨᠴᠢ ᠪᠠᠢᠬᠤ ᠬᠡᠷᠡᠭᠲᠠᠢ ᠃ ᠠᠷᠠᠳ ᠲᠦᠮᠡᠨ ᠦ ᠠᠰᠢᠭ ᠲᠤᠰᠠ ᠶᠢ ᠢᠮᠠᠭᠲᠠ ᠰᠡᠳᠬᠢᠯ ᠵᠢᠷᠦᠬᠡᠨ ᠦ ᠪᠡᠨ ᠬᠠᠮᠤᠭ ᠤᠨ ᠳᠡᠭᠡᠳᠦ ᠪᠠᠶᠢᠷᠢᠨ ᠳᠤ ᠲᠠᠯᠪᠢᠵᠤ ᠂ ᠠᠷᠠᠳ ᠤᠨ ᠲᠥᠯᠥᠭᠡ ᠬᠠᠤᠯᠢ ᠪᠠᠷᠢᠬᠤ ᠡᠯ᠎ᠡ ᠵᠦᠢᠯ ᠦᠨ ᠠᠵᠢᠯ ᠢ ᠯᠠᠪᠳᠠᠭᠤᠨ ᠪᠠᠲᠤᠲᠠᠶ ᠰᠠᠶᠢᠲᠤᠷ ᠬᠢᠵᠦ ᠂ ᠠᠷᠠᠳ ᠤᠯᠠᠨ ᠤ  ᠰᠠᠢᠨ ᠰᠠᠶᠢᠬᠠᠨ ᠠᠮᠢᠳᠤᠷᠠᠯ ᠤᠨ ᠲᠤᠬᠠᠶ ᠬᠦᠰᠡᠯ ᠡᠷᠡᠮᠡᠯᠵᠡᠯ ᠂ ᠲᠥᠪ ᠭᠣᠣᠯᠴᠢ ᠰᠢᠳᠤᠷᠭᠤ ᠶᠣᠰᠣ ᠶᠢ ᠬᠥᠭᠡᠭᠡᠴᠡᠯᠳᠦᠬᠦ  ᠪᠣᠯᠭᠠᠬᠤ ᠶᠢ ᠮᠠᠨ ᠤ ᠰᠢᠭᠦᠨ ᠲᠠᠰᠤᠯᠬᠤ ᠪᠠ ᠭᠦᠢᠴᠡᠳᠬᠡᠬᠦ ᠠᠵᠢᠯ ᠤᠨ ᠲᠡᠮᠡᠴᠡᠯ ᠦᠨ ᠬᠠᠷᠠᠯᠲᠠ ᠪᠣᠯᠭᠠᠨ᠎ᠠ᠃  ᠬᠠᠤᠯᠢ ᠬᠡᠷᠡᠭᠵᠢᠭᠦᠯᠵᠦ ᠬᠡᠷᠡᠭ ᠰᠢᠶᠳᠪᠦᠷᠢᠯᠡᠬᠦ  ᠶᠢ ᠨᠡᠶᠢᠭᠡᠮ ᠵᠢᠷᠤᠮ ᠤᠨ ᠭᠣᠣᠯᠯᠠᠬᠤ ᠦᠷᠳᠡᠭ ᠦᠨ ᠦᠵᠡᠯᠲᠡ ᠶᠢ  ᠬᠥᠮᠦᠵᠢᠭᠦᠯᠬᠦ ᠲᠠᠢ ᠨᠢᠭᠲᠠ ᠤᠶᠠᠯᠳᠤᠭᠤᠯᠤᠨ᠂ ᠬᠠᠤᠯᠢ ᠬᠡᠷᠡᠭᠵᠢᠭᠦᠯᠦᠯᠲᠡ  ᠶᠢᠨ ᠶᠣᠰᠣ ᠮᠣᠷᠠᠯ ᠤᠨ ᠪᠠᠶᠢᠭᠤᠯᠤᠯᠲᠠ ᠶᠢ ᠠᠬᠢᠭᠤᠯᠬᠤ ᠦᠢᠯᠡᠳᠦᠯ ᠢ ᠴᠢᠩᠭᠠᠳᠬᠠᠵᠤ ᠂ ᠂ ᠭᠣᠣᠯᠯᠠᠬᠤ ᠦᠷᠳ᠋ᠡᠭ᠌ ᠦᠨ ᠦᠵᠡᠯᠲᠡ ᠳᠦ ᠵᠣᠬᠢᠴᠠᠭᠰᠠᠨ ᠦᠢᠯᠡ ᠠᠵᠢᠯᠯᠠᠭ᠎ᠠ ᠶᠢ ᠵᠣᠷᠢᠭᠵᠢᠭᠤᠯᠤᠨ ᠬᠠᠮᠠᠭᠠᠯᠠᠵᠤ ᠂ ᠭᠣᠣᠯᠯᠠᠬᠤ ᠦᠷᠳ᠋ᠡᠭ᠌ ᠦᠨ ᠦᠵᠡᠯᠲᠡ ᠡᠴᠡ ᠲᠡᠷᠰᠯᠡᠭᠰᠡᠨ ᠦᠢᠯᠡ ᠠᠵᠢᠯᠯᠠᠭ᠎ᠠ ᠶᠢ ᠬᠢᠵᠠᠭᠠᠷᠯᠠᠬᠤ ᠪᠠ ᠵᠠᠯᠬᠠᠭᠠᠨ  ᠰᠢᠢᠳᠬᠡᠵᠦ᠂ ᠦᠨᠡᠨᠴᠢ ᠢᠲᠡᠭᠡᠮᠵᠢᠲᠡᠶ ᠨᠥᠬᠥᠷᠰᠡᠭ ᠨᠠᠶᠢᠷᠲᠠᠶ ᠪᠠᠶᠢᠬᠤ ᠶᠢ ᠰᠠᠨᠠᠭᠠᠴᠢᠯᠠᠵᠤ ᠂ ᠪᠣᠯᠪᠠᠰᠤᠨ ᠂ ᠡᠶ᠎ᠡ ᠵᠣᠬᠢᠴᠠᠯ ᠲᠠᠶ ᠨᠡᠶᠢᠭᠡᠮ ᠦᠨ ᠠᠭᠤᠷ ᠠᠮᠢᠰᠬᠤᠯ ᠢ ᠴᠢᠷᠮᠠᠢᠨ ᠪᠤᠢ ᠪᠣᠯᠭᠠᠨ᠎ᠠ ᠃

ᠱᠸᠨ ᠳ᠋ᠸ ᠶᠥᠩ ᠴᠢᠬᠤᠯᠠᠴᠢᠯᠠᠭᠰᠠᠨ ᠨᠢ ᠂ ᠪᠦᠬᠦ ᠤᠯᠤᠰ ᠤᠨ ᠰᠢᠭᠦᠬᠦ ᠬᠣᠷᠢᠶᠠᠨ ᠤ ᠥᠷᠭᠡᠨ ᠤᠯᠠᠨ ᠺᠠᠳ᠋ᠷ ᠴᠠᠭᠳᠠᠭ᠎ᠠ  ᠬᠤᠸᠠᠩ ᡁᠢ ᠯᠢ ᠶᠢᠨ ᠰᠢᠭᠦᠨ ᠲᠠᠰᠤᠯᠬᠤ ᠠᠵᠢᠯ ᠤᠨ ᠠᠷᠭ᠎ᠠ ᠶᠢ ᠰᠤᠷᠤᠯᠴᠠᠨ ᠦᠢᠯᠡᠳᠦᠯᠭᠡᠵᠢᠭᠦᠯᠵᠦ ᠂ ᠠᠷᠠᠳ ᠤᠨ ᠰᠢᠭᠦᠬᠦ ᠬᠣᠷᠢᠶᠠᠨ ᠤ ᠣᠳᠣᠬᠠᠨ ᠤ ᠪᠠᠶᠢᠳᠠᠯ ᠪᠠ ᠡᠭᠦᠷᠭᠡ ᠲᠠᠢ ᠨᠢᠭᠲᠠ ᠤᠶᠠᠯᠳᠤᠭᠤᠯᠤᠨ ᠂ 《 ᠤᠶᠠᠯᠳᠤᠭᠤᠯᠬᠤ 》 ᠲᠠᠯ᠎ᠠ ᠪᠠᠷ ᠤᠬᠠᠭᠠᠨ ᠰᠠᠳᠤᠵᠤ ᠂ 《 ᠨᠠᠶᠢᠳᠠᠪᠤᠷᠢᠵᠢᠭᠤᠯᠬᠤ 》 ᠳᠡᠭᠡᠷ᠎ᠡ ᠬᠦᠴᠦ ᠣᠷᠣᠭᠤᠯᠵᠤ ᠂ ᠥᠷᠭᠡᠨ ᠳᠡᠯᠭᠡᠷ ᠬᠠᠤᠯᠢ ᠴᠠᠭᠠᠵᠠ ᠶᠢᠨ ᠦᠢᠯᠡᠳᠦᠯᠭᠡ ᠶᠢᠨ ᠳᠤᠮᠳᠠ ᠬᠥᠮᠦᠨ ᠦ ᠠᠮᠢᠳᠤᠷᠠᠯ ᠤᠨ ᠦᠨ᠎ᠡ ᠥᠷᠲᠡᠭ ᠪᠡᠨ ᠢᠯᠡᠷᠡᠭᠦᠯᠬᠦ ᠬᠡᠷᠡᠭᠲᠠᠢ᠃ ᠂ ᠬᠤᠸᠠᠩ ᡁᠢ ᠯᠢ  ᠶᠢᠨ ᠰᠢᠭᠦᠨ ᠲᠠᠰᠤᠯᠬᠤ ᠠᠵᠢᠯ ᠤᠨ ᠠᠷᠭ᠎ᠠ ᠮᠠᠶ᠋ᠢᠭ ᠢ ᠰᠤᠷᠤᠯᠴᠠᠨ ᠦᠢᠯᠡᠳᠦᠯᠭᠡᠵᠢᠭᠦᠯᠬᠦ ᠶᠢ ᠬᠠᠤᠯᠢ ᠪᠠᠷᠢᠬᠤ ᠥᠭᠡᠷᠡᠴᠢᠯᠡᠯᠲᠡ ᠲᠠᠢ ᠤᠶᠠᠯᠳᠤᠭᠤᠯᠬᠤ ᠂ ᠰᠠᠢᠨ ᠠᠷᠭ᠎ᠠ ᠲᠤᠷᠰᠢᠯᠭ᠎ᠠ  ᠶᠢ ᠤᠷᠳᠤ ᠬᠤᠭᠤᠴᠠᠭᠠᠨ ᠤ ᠪᠦᠲᠦᠮᠵᠢᠲᠡᠶ ᠲᠣᠭᠲᠠᠴᠠ  ᠪᠣᠯᠭᠠᠨ ᠥᠭᠡᠷᠡᠴᠢᠯᠡᠬᠦ ᠶᠢ ᠴᠢᠬᠤᠯᠠᠴᠢᠯᠠᠵᠤ᠂ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠬᠠᠤᠯᠢ ᠴᠠᠭᠠᠵᠠ ᠶᠢᠨ ᠪᠠᠶᠢᠭᠤᠯᠤᠯ ᠢ ᠤᠯᠠᠮ ᠨᠢᠭᠡ ᠠᠯᠬᠤᠮ ᠪᠠᠶᠠᠯᠢᠭᠵᠢᠭᠤᠯᠤᠨ ᠬᠥᠭᠵᠢᠭᠦᠯᠬᠦ ᠬᠡᠷᠡᠭᠲᠡᠶ ᠃ ᠬᠤᠸᠠᠩ ᡁᠢ ᠯᠢ  ᠶᠢᠨ ᠰᠢᠭᠦᠨ ᠲᠠᠰᠤᠯᠬᠤ ᠠᠵᠢᠯ ᠤᠨ ᠠᠷᠭ᠎ᠠ ᠮᠠᠶ᠋ᠢᠭ ᠰᠤᠷᠤᠯᠴᠠᠨ ᠦᠢᠯᠡᠳᠦᠯᠭᠡᠵᠢᠭᠦᠯᠬᠦ  ᠶᠢ ᠬᠠᠤᠯᠢ ᠬᠡᠷᠡᠭᠵᠢᠭᠦᠯᠵᠦ ᠬᠡᠷᠡᠭ ᠰᠢᠶᠳᠪᠦᠷᠢᠯᠡᠬᠦ ᠠᠵᠢᠯ ᠲᠠᠶ  ᠤᠶᠠᠯᠳᠤᠭᠤᠯᠬᠤ ᠶᠢ ᠰᠠᠶᠢᠲᠤᠷ  ᠠᠳᠬᠤᠵᠤ ᠂ 《 ᠬᠡᠷᠡᠭ ᠣᠯᠠᠨ ᠬᠥᠮᠦᠨ ᠴᠥᠭᠡᠨ 》ᠬᠦᠴᠢᠷ ᠪᠡᠷᠬᠡᠰᠢᠶᠡᠯ ᠢ ᠢᠯᠠᠨ ᠳᠠᠪᠠᠵᠤ᠂ ᠰᠢᠭᠦᠨ ᠲᠠᠰᠤᠯᠬᠤ ᠡᠭᠦᠷᠭᠡ ᠪᠡᠨ ᠪᠡᠶᠡᠯᠡᠭᠦᠯᠬᠦ ᠪᠦᠲᠦᠮᠵᠢᠲᠡᠶ ᠠᠷᠭ᠎ᠠ ᠵᠠᠮ  ᠪᠣᠯᠭᠠᠵᠤ ᠂ ᠦᠢᠯᠡᠳᠦᠯᠭᠡ ᠶᠢᠨ ᠳᠤᠮᠳᠠ ᠨᠡᠶᠢᠭᠡᠮ ᠦᠨ ᠶᠡᠬᠡ ᠲᠠᠯ᠎ᠠ ᠶᠢᠨ ᠲᠣᠭᠲᠠᠭᠤᠨ ᠪᠠᠶᠢᠳᠠᠯ ᠢ ᠦᠨᠡᠨ ᠬᠦ  ᠪᠠᠲᠤᠯᠠᠵᠤ ᠂ ᠨᠡᠶᠢᠭᠡᠮ ᠦᠨ ᠲᠥᠪ ᠭᠣᠣᠯᠴᠢ ᠰᠢᠳᠤᠷᠭᠤ ᠶᠣᠰᠣ ᠶᠢ ᠠᠬᠢᠭᠤᠯᠵᠤ ᠂ ᠠᠷᠠᠳ ᠲᠦᠮᠡᠨ ᠢ ᠠᠮᠤᠷ ᠲᠠᠶᠢᠪᠤᠩ ᠠᠵᠤ ᠲᠦᠷᠦᠭᠦ  ᠶᠢ ᠪᠠᠲᠤᠯᠠᠬᠤ ᠭᠤᠷᠪᠠᠨ ᠶᠡᠬᠡ ᠬᠠᠷᠢᠭᠤᠴᠠᠯᠭ᠎ᠠ ᠲᠠᠰᠤᠷᠠᠯᠳᠡ ᠦᠭᠡᠢ ᠪᠠᠶᠠᠯᠢᠭᠵᠢᠭᠤᠯᠤᠨ᠂ ᠰᠢᠨ᠎ᠡ ᠶᠢ ᠡᠭᠦᠳᠦᠨ᠎ᠡ ᠃ ᠬᠤᠸᠠᠩ ᡁᠢ ᠯᠢ  ᠶᠢᠨ ᠰᠢᠭᠦᠨ ᠲᠠᠰᠤᠯᠬᠤ ᠠᠵᠢᠯ ᠤᠨ ᠠᠷᠭ᠎ᠠ ᠮᠠᠶ᠋ᠢᠭ ᠢ ᠰᠤᠷᠤᠯᠴᠠᠨ ᠦᠢᠯᠡᠳᠦᠯᠭᠡᠵᠢᠭᠦᠯᠬᠦ  ᠶᠢ ᠨᠠᠮ  ᠢ ᠪᠦᠬᠦ ᠲᠠᠯ᠎ᠠ ᠪᠠᠷ ᠴᠢᠩᠭ᠎ᠠ ᠵᠠᠰᠠᠬᠤ ᠪᠠ 《 ᠬᠣᠶᠠᠷ ᠢ ᠰᠤᠷᠴᠤ ᠨᠢᠭᠡ ᠶᠢ ᠬᠢᠬᠦ》  ᠰᠤᠷᠤᠯᠴᠠᠯᠭ᠎ᠠ ᠰᠤᠷᠭᠠᠨ ᠬᠥᠮᠦᠵᠢᠯ  ᠲᠠᠢ ᠤᠶᠠᠯᠳᠤᠭᠤᠯᠬᠤ ᠂ ᠦᠵᠡᠯ ᠰᠠᠨᠠᠭ᠎ᠠ ᠤᠯᠤᠰ ᠲᠦᠷᠦ ᠶᠢᠨ ᠪᠠᠶᠢᠭᠤᠯᠤᠯᠲᠠ ᠪᠠ ᠰᠠᠬᠢᠯᠭ᠎ᠠ ᠪᠠᠲᠤ ᠣᠪᠣᠷ ᠰᠤᠷᠲᠠᠯ ᠤᠨ ᠪᠠᠶᠢᠭᠤᠯᠤᠯᠲᠠ ᠶᠢ ᠦᠨᠡᠨ ᠬᠦ ᠴᠢᠩᠭᠠᠳᠬᠠᠵᠤ ᠂ ᠥᠷᠭᠡᠨ ᠤᠯᠠᠨ ᠺᠠᠳ᠋ᠷ ᠴᠠᠭᠳᠠᠭ᠎ᠠ ᠨᠠᠷ ᠬᠠᠤᠯᠢ ᠬᠡᠷᠡᠭᠵᠢᠭᠦᠯᠵᠦ ᠬᠡᠷᠡᠭ ᠰᠢᠶᠳᠪᠦᠷᠢᠯᠡᠬᠦ ᠪᠠ ᠤᠯᠠᠨ ᠲᠦᠮᠡᠨ ᠦ ᠠᠵᠢᠯ ᠢ ᠬᠢᠬᠦ ᠴᠢᠳᠠᠪᠤᠷᠢ ᠪᠣᠯᠤᠨ ᠬᠢᠷᠢ ᠬᠡᠮᠵᠢᠶ᠎ᠡ  ᠶᠢ  ᠳᠡᠭᠡᠭᠰᠢᠯᠡᠭᠦᠯᠦᠨ ᠂ ᠰᠢᠭᠦᠬᠦ ᠬᠣᠷᠢᠶᠠᠨ ᠤ ᠡᠩᠨᠡᠭᠡᠨ ᠦ ᠵᠢᠩᠬᠢᠨᠢᠴᠢᠯᠡᠬᠦ ᠂ ᠲᠤᠰᠬᠠᠶᠢᠵᠢᠬᠤ ᠂ ᠠᠵᠢᠯ ᠮᠡᠷᠭᠡᠵᠢᠯᠵᠢᠬᠦ ᠪᠠᠶᠢᠭᠤᠯᠤᠯᠲᠠ ᠶᠢ ᠲᠦᠯᠬᠢᠨ ᠠᠬᠢᠭᠤᠯᠤᠨ᠎ᠠ ᠃

ᠴᠸᠨ ᠳ᠋ᠦᠩ ᠶᠠᠷᠢᠶᠠᠨ ᠳᠠᠭᠠᠨ ᠵᠢᠭᠠᠵᠤ ᠭᠠᠷᠭᠠᠭᠰᠠᠨ ᠨᠢ ᠂ ᠪᠦᠬᠦ ᠮᠤᠵᠢ ᠶᠢᠨ ᠤᠯᠤᠰ ᠲᠥᠷᠥ ᠬᠠᠤᠯᠢ ᠴᠠᠭᠠᠵᠠ  ᠶᠢᠨ ᠪᠠᠶᠢᠭᠤᠯᠤᠯᠭ᠎ᠠ ᠨᠤᠭᠤᠳ ᠬᠤᠸᠠᠩ ᡁᠢ ᠯᠢ  ᠶᠢᠨ ᠰᠢᠭᠦᠨ ᠲᠠᠰᠤᠯᠬᠤ ᠠᠵᠢᠯ ᠤᠨ ᠠᠷᠭ᠎ᠠ ᠶᠢ ᠰᠤᠷᠤᠯᠴᠠᠨ ᠪᠠᠳᠠᠷᠠᠭᠤᠯᠵᠤ ᠂ 《 ᠬᠣᠶᠠᠷ  ᠢ ᠰᠤᠷᠴᠤ ᠨᠢᠭᠡ  ᠶᠢ ᠬᠢᠬᠦ 》 ᠰᠤᠷᠤᠯᠴᠠᠯᠭ᠎ᠠ ᠬᠥᠮᠦᠵᠢᠭᠦᠯᠦᠯ ᠬᠢᠬᠦ ᠭᠦᠨᠵᠡᠭᠡᠶ ᠲᠦᠯᠬᠢᠨ ᠠᠬᠢᠭᠤᠯᠵᠤ ᠂ ᠰᠠᠨᠠᠭᠠᠴᠢᠯᠠᠭ᠎ᠠ ᠠᠴᠠ ᠪᠡᠨ ᠬᠤᠸᠠᠩ ᡁᠢ ᠯᠢ ᠶᠢᠨ ᠰᠢᠭᠦᠨ ᠲᠠᠰᠤᠯᠬᠤ ᠠᠵᠢᠯ ᠤᠨ ᠠᠷᠭ᠎ᠠ  ᠶᠢ ᠰᠤᠷᠤᠯᠴᠠᠵᠤ ᠳᠠᠭᠤᠷᠢᠶᠠᠯ ᠪᠣᠯᠬᠤ ᠦᠢᠯᠡᠳᠦᠯ ᠢ ᠨᠢ ᠪᠠᠳᠠᠷᠠᠭᠤᠯᠬᠤ ᠬᠡᠷᠡᠭᠲᠠᠢ᠃ ᠬᠤᠸᠠᠩ ᡁᠢ ᠯᠢ  ᠶᠢᠨ ᠰᠢᠭᠦᠨ ᠲᠠᠰᠤᠯᠬᠤ ᠠᠵᠢᠯ ᠤᠨ ᠠᠷᠭ᠎ᠠ ᠶᠢ ᠰᠤᠷᠤᠯᠴᠠᠨ  ᠪᠠᠳᠠᠷᠠᠭᠤᠯᠵᠤ ᠂ ᠤᠯᠤᠰ ᠲᠦᠷᠦ ᠬᠠᠤᠯᠢ ᠴᠠᠭᠠᠵᠠ ᠶᠢᠨ ᠡᠩᠨᠡᠭᠡᠨ ᠦ ᠵᠢᠩᠬᠢᠨᠢᠴᠢᠯᠡᠬᠦ ᠲᠤᠰᠬᠠᠶᠢᠵᠢᠭᠰᠠᠨ ᠠᠵᠢᠯ ᠤᠨ ᠮᠡᠷᠭᠡᠵᠢᠭᠦᠯᠦᠯᠲᠡ ᠶᠢᠨ ᠪᠠᠶᠢᠭᠤᠯᠤᠯᠲᠠ ᠶᠢ ᠭᠦᠨᠵᠡᠭᠡᠶ ᠲᠦᠯᠬᠢᠨ ᠠᠬᠢᠭᠤᠯᠵᠤ ᠂ ᠤᠯᠤᠰ ᠲᠦᠷᠦ ᠬᠠᠤᠯᠢ ᠴᠠᠭᠠᠵᠠ ᠶᠢᠨ ᠡᠩᠨᠡᠭᠡᠨ ᠦ ᠬᠠᠤᠯᠢ ᠶᠣᠰᠣᠭᠠᠷ ᠡᠭᠦᠷᠭᠡ ᠲᠤᠰᠢᠶᠠᠯ ᠢᠶᠠᠨ ᠭᠦᠢᠴᠡᠳᠬᠡᠬᠦ ᠴᠢᠳᠠᠪᠤᠷᠢ ᠶᠢᠨ ᠬᠢᠷᠢ ᠬᠡᠮᠵᠢᠶ᠎ᠡ ᠶᠢ ᠦᠨᠡᠨ ᠬᠦ ᠳᠡᠭᠡᠭᠰᠢᠯᠡᠭᠦᠯᠬᠦ ᠬᠡᠷᠡᠭᠲᠡᠶ ᠃ ᠬᠤᠸᠠᠩ ᡁᠢ ᠯᠢ  ᠶᠢᠨ ᠰᠢᠭᠦᠨ ᠲᠠᠰᠤᠯᠬᠤ ᠠᠵᠢᠯ ᠤᠨ ᠠᠷᠭ᠎ᠠ ᠶᠢ ᠰᠤᠷᠤᠯᠴᠠᠨ  ᠪᠠᠳᠠᠷᠠᠭᠤᠯᠵᠤ ᠂ ᠬᠠᠤᠯᠢ ᠴᠠᠭᠠᠵᠠ ᠶᠢᠨ ᠪᠠᠶᠢᠭᠤᠯᠤᠯ ᠤᠨ ᠥᠭᠡᠷᠡᠴᠢᠯᠡᠯᠲᠡ ᠶᠢ ᠭᠦᠨᠵᠡᠭᠡᠶ ᠲᠦᠯᠬᠢᠨ ᠠᠬᠢᠭᠤᠯᠵᠤ ᠂ ᠣᠳᠣᠬᠠᠨ ᠤ ᠤᠯᠤᠰ ᠲᠦᠷᠤ ᠬᠠᠤᠯᠢ ᠴᠠᠭᠠᠵᠠ ᠶᠢᠨ ᠠᠵᠢᠯ ᠢ ᠬᠦᠴᠦ ᠲᠠᠯᠪᠢᠨ ᠰᠠᠶᠢᠲᠤᠷ ᠰᠢᠶᠳᠪᠦᠷᠢᠯᠡᠬᠦ ᠬᠡᠷᠡᠭᠲᠡᠶ ᠮᠥᠷᠲᠡᠭᠡᠨ ᠲᠤᠯᠭᠠᠷᠠᠵᠤ ᠪᠠᠶᠢᠭ᠎ᠠ ᠪᠣᠳᠠᠲᠤ ᠠᠰᠠᠭᠤᠳᠠᠯ ᠂ ᠪᠠᠰᠠ ᠭᠦᠨ ᠲᠡᠰ ᠳᠠᠪᠬᠤᠷᠭ᠎ᠠ ᠳᠠᠬᠢ ᠪᠠᠶᠢᠭᠤᠯᠤᠯ ᠤᠨ ᠴᠢᠨᠠᠷᠲᠠᠶ ᠂ ᠲᠣᠭᠲᠠᠴᠠ ᠶᠢᠨ ᠴᠢᠨᠠᠷᠲᠠᠶ ᠬᠠᠷᠰᠢ ᠰᠠᠭᠠᠳ ᠲᠤ ᠴᠢᠷᠮᠠᠶᠢᠨ ᠰᠢᠪᠲᠤᠯᠤᠯᠲᠠ ᠭᠠᠷᠭᠠᠵᠤ ᠂ ᠤᠬᠠᠮᠰᠠᠷ ᠠᠴᠠ ᠪᠠᠨ ᠥᠭᠡᠷᠡᠴᠢᠯᠡᠯᠲᠡ ᠶᠢᠨ ᠠᠬᠢᠭᠤᠯᠤᠭᠴᠢ ᠪᠣᠯᠬᠤ ᠪᠠ ᠰᠥᠰᠥ ᠵᠣᠷᠢᠭᠲᠠᠶ ᠴᠢᠷᠮᠠᠶᠢᠯᠭ᠎ᠠ ᠲᠠᠶ ᠰᠢᠷᠭᠠᠭᠤ ᠠᠵᠢᠯᠯᠠᠭᠴᠢ ᠪᠣᠯᠬᠤ ᠬᠡᠷᠡᠭᠲᠠᠢ ᠃ ᠬᠤᠸᠠᠩ ᡁᠢ ᠯᠢ  ᠶᠢᠨ ᠰᠢᠭᠦᠨ ᠲᠠᠰᠤᠯᠬᠤ ᠠᠵᠢᠯ ᠤᠨ ᠠᠷᠭ᠎ᠠ ᠶᠢ ᠰᠤᠷᠤᠯᠴᠠᠨ ᠪᠠᠳᠠᠷᠠᠭᠤᠯᠵᠤ ᠤᠯᠤᠰ ᠲᠦᠷᠦ ᠬᠠᠤᠯᠢ ᠴᠠᠭᠠᠵᠠ ᠶᠢᠨ ᠡᠩᠨᠡᠭᠡ ᠶᠢᠨ ᠦᠵᠡᠯ ᠰᠠᠨᠠᠭ᠎ᠠ ᠤᠯᠤᠰ ᠲᠦᠷᠦ ᠶᠢᠨ ᠪᠠᠶᠢᠭᠤᠯᠤᠯᠲᠠ ᠶᠢ ᠭᠦᠨᠵᠡᠭᠡᠶ ᠲᠦᠯᠬᠢᠨ ᠠᠬᠢᠭᠤᠯᠵᠤ ᠂ ᠯᠠᠪᠳᠠᠭᠤᠨ ᠪᠠᠲᠤᠲᠠᠶ ᠠᠵᠢᠯ ᠦᠷ᠎ᠡ ᠪᠦᠲᠦᠮᠵᠢ ᠣᠯᠵᠤ ᠂ 《 ᠲᠠᠬᠢᠨ ᠰᠢᠨ᠎ᠡ ᠳᠡᠭᠲᠡᠷ ᠲᠦ ᠭᠠᠷᠴᠤ ᠂ ᠰᠢᠨ᠎ᠡ ᠹᠦᠵᠢᠶᠠᠨ 》 ᠤ ᠪᠦᠳᠦᠭᠡᠨ ᠪᠠᠶᠢᠭᠤᠯᠤᠯᠲᠠ ᠳᠤ ᠨᠡᠩ ᠶᠡᠬᠡ ᠬᠤᠪᠢ ᠨᠡᠮᠡᠷᠢ ᠪᠡᠨ ᠦᠵᠡᠭᠦᠯᠬᠦ ᠬᠡᠷᠡᠭᠲᠡᠶ ᠃

ᠰᠤᠳᠤᠯᠤᠨ ᠶᠠᠷᠢᠯᠴᠠᠬᠤ ᠬᠤᠷᠠᠯ ᠳᠡᠭᠡᠷ᠎ᠡ ᠂ ᠹᠦᠵᠢᠶᠠᠨ ᠮᠤᠵᠢ ᠶᠢᠨ ᠠᠷᠠᠳ ᠤᠨ ᠥᠨᠳᠥᠷ ᠵᠡᠷᠭᠡ ᠶᠢᠨ ᠰᠢᠭᠦᠬᠦ ᠬᠣᠷᠢᠶᠠᠨ ᠤ ᠬᠤᠷᠢᠶᠡᠠ ᠳᠠᠷᠤᠭ᠎ᠠ ᠮᠠ ᠰᠢᠨ ᠯᠠᠨ ᠭᠣᠣᠯ ᠰᠠᠨᠠᠭ᠎ᠠ ᠪᠦᠬᠦᠢ ᠶᠠᠷᠢᠶ᠎ᠠ ᠲᠠᠯᠪᠢᠪᠠ ᠃ ᠠᠷᠠᠳ ᠤᠨ ᠳᠡᠭᠡᠳᠦ ᠵᠡᠷᠭᠡ ᠶᠢᠨ ᠰᠢᠭᠦᠬᠦ ᠬᠣᠷᠢᠶ᠎ᠠ ᠂ ᠹᠦᠵᠢᠶᠠᠨ ᠮᠤᠵᠢ ᠶᠢᠨ ᠬᠣᠯᠪᠣᠭᠳᠠᠯ ᠪᠦᠬᠦᠢ ᠰᠠᠯᠠᠭ᠎ᠠ ᠮᠥᠴᠢᠷ ᠦᠨ ᠬᠠᠷᠢᠭᠤᠴᠠᠯᠭᠠᠲᠠᠨ ᠂ ᠬᠡᠰᠡᠭ ᠨᠡᠷᠡᠲᠦ ᠲᠤᠰᠬᠠᠶ ᠮᠡᠷᠭᠡᠵᠢᠯᠲᠡᠨ ᠡᠷᠳᠡᠮᠲᠡᠨ ᠂ ᠬᠥᠳᠡᠯᠮᠦᠷᠢ ᠶᠢᠨ ᠵᠢᠱᠢᠶᠡᠴᠢ ᠂ ᠪᠦᠬᠦ ᠤᠯᠤᠰ ᠤᠨ ᠰᠢᠭᠦᠨ ᠲᠠᠰᠤᠯᠬᠤ ᠲᠤᠬᠠᠶᠢᠯᠠᠭᠰᠠᠨ ᠠᠵᠢᠯ ᠤᠨ ᠮᠡᠷᠭᠡᠵᠢᠯᠲᠡᠨ  ᠂ ᠰᠢᠯᠢᠳᠡᠭ ᠡᠬᠡ ᠪᠢᠴᠢᠭ ᠵᠣᠬᠢᠶᠠᠭᠴᠢ ᠬᠢᠭᠡᠳ ᠰᠣᠨᠢᠨ ᠮᠡᠳᠡᠭᠡᠨ ᠦ ᠵᠠᠭᠤᠴᠢᠯᠠᠭᠤᠷ ᠤᠨ ᠲᠥᠯᠥᠭᠡᠯᠡᠭᠴᠢᠳ ᠲᠡᠶ ᠬᠠᠮᠲᠤ ᠪᠠᠷ ᠪᠠᠷᠤᠭ 130 ᠬᠥᠮᠦᠨ ᠰᠤᠳᠤᠯᠤᠨ ᠶᠠᠷᠢᠯᠴᠠᠬᠤ ᠬᠤᠷᠠᠯ ᠬᠤᠷᠠᠯ ᠳᠤ ᠣᠷᠣᠯᠴᠠᠵᠠᠶ ᠃

ᠢᠷᠡᠯᠲᠡ ᠄ ᠳᠤᠮᠳᠠᠳᠤ ᠤᠯᠤᠰ ᠤᠨ ᠰᠢᠭᠦᠬᠦ ᠬᠣᠷᠢᠶᠠᠨ ᠤ ᠰᠦᠯᠵᠢᠶ᠎ᠡ

ᠦᠨᠡᠯᠡᠬᠦ 0ᠦᠨᠡᠯᠡᠯᠲᠡ ᠲᠠᠢ


( ᠨᠧᠲ ᠨᠠᠢᠵᠠ ᠵᠢᠨ ᠦᠨᠡᠯᠡᠯᠲᠡ ᠨᠢ ᠵᠦᠪᠭᠡᠨ ᠲᠡᠭᠦᠨ ᠊ᠤ᠌ ᠬᠤᠪᠢ ᠭᠦᠮᠦᠨ ᠊ᠤ᠌ ᠦᠵᠡᠯᠲᠡ ᠲᠡᠳᠦᠢ᠂ ᠲᠤᠰ ᠨᠧᠲ ᠦᠷᠳᠡᠭᠡ ᠲᠡᠭᠦᠨ ᠊ᠤ᠌ ᠦᠵᠡᠯᠲᠡ ᠵᠢ ᠵᠦᠪᠰᠢᠶᠡᠷᠡᠭᠰᠡᠨ ᠶᠠᠪᠤᠳᠠᠯ ᠤᠭᠳᠤ ᠪᠢᠰᠢ ᠶᠤᠮ᠃ )