ᠲᠣᠣᠷ ᠰᠦᠯᠵᠢᠶ᠎ᠡ ᠮᠡᠳᠡᠭᠡ ᠵᠠᠩᠬᠢ ᠶᠢᠨ ᠠᠯᠪᠠᠨ ᠭᠡᠷ᠄ ᠬᠢᠨᠠᠯᠲᠠ ᠲᠠᠯᠪᠢᠵᠦ ᠪᠠᠢᠴᠠᠭᠠᠯᠲᠠ ᠬᠢᠬᠦ ᠪᠡᠨ ᠴᠢᠩᠭ᠋ᠠᠳᠬᠠᠵᠤ ᠬᠠᠭᠤᠷᠮᠠᠭ ᠮᠠᠭᠤ ᠰᠣᠨᠢᠨ ᠮᠡᠳᠡᠭᠡ ᠶᠢ ᠴᠢᠩᠭ᠎ᠠ ᠪᠠᠢᠴᠠᠭᠠᠨ ᠰᠢᠢᠳᠪᠥᠷᠢᠯᠡᠨ
2016.07.05 ᠲᠣᠰ ᠥᠷᠲᠡᠭᠡᠨ ᠦ ᠨᠠᠢᠷᠠᠭᠤᠯᠤᠭᠴᠢ

ᠲᠣᠣᠷ ᠰᠦᠯᠵᠢᠶ᠎ᠡ ᠮᠡᠳᠡᠭᠡ ᠵᠠᠩᠬᠢ ᠶᠢᠨ ᠠᠯᠪᠠᠨ ᠭᠡᠷ᠄ ᠬᠢᠨᠠᠯᠲᠠ ᠲᠠᠯᠪᠢᠵᠦ ᠪᠠᠢᠴᠠᠭᠠᠯᠲᠠ ᠬᠢᠬᠦ ᠪᠡᠨ ᠴᠢᠩᠭ᠋ᠠᠳᠬᠠᠵᠤ    ᠬᠠᠭᠤᠷᠮᠠᠭ ᠮᠠᠭᠤ ᠰᠣᠨᠢᠨ ᠮᠡᠳᠡᠭᠡ ᠶᠢ ᠴᠢᠩᠭ᠎ᠠ ᠪᠠᠢᠴᠠᠭᠠᠨ ᠰᠢᠢᠳᠪᠥᠷᠢᠯᠡᠨ᠎ᠡ

 

ᠰᠢᠨᠬᠤᠸᠠ ᠬᠣᠷᠢᠶᠠᠨ ᠤ ᠪᠡᠭᠡᠵᠢᠩ ᠦᠨ 7 ᠰᠠᠷ᠎ᠠ ᠶᠢᠨ 3  ᠤ ᠡᠳᠦᠷ ᠦᠨ ᠴᠠᠬᠢᠯᠭᠠᠨ ᠮᠡᠳᠡᠭᠡ ( ᠰᠤᠷᠪᠤᠯᠵᠢᠯᠠᠭᠴᠢ ᠷᠦᠩ ᠴᠢ ᠬᠠᠨ ᠂ ᠯᠦᠸᠧ ᠢᠦᠶ ᠹᠠᠨ ) ᠰᠤᠷᠪᠤᠯᠵᠢᠯᠠᠭᠴᠢ 3  ᠤ ᠡᠳᠦᠷ ᠤᠯᠤᠰ ᠤᠨ ᠢᠨᠲ᠋ᠸᠷ ᠰᠦᠯᠵᠢᠶᠡᠨ ᠦ ᠮᠡᠳᠡᠭᠡ ᠵᠠᠩᠭᠢ  ᠶᠢᠨ ᠠᠯᠪᠠᠨ ᠭᠡᠷ ᠡᠴᠡ ᠣᠶᠢᠯᠠᠭᠠᠭᠰᠠᠨ ᠢᠶᠠᠷ ᠂  ᠰᠦᠯᠵᠢᠶᠡᠨ  ᠮᠡᠳᠡᠭᠡ ᠵᠠᠩᠬᠢ  ᠶᠢᠨ ᠬᠤᠳᠠᠯ ᠬᠠᠭᠤᠷᠮᠠᠭ ᠰᠣᠨᠢᠨ ᠮᠡᠳᠡᠭᠡᠨ ᠳᠤ ᠴᠣᠬᠢᠯᠲᠠ ᠥᠭᠬᠦ ᠶᠢᠨ ᠲᠤᠯᠠᠳᠠ ᠤᠯᠤᠰ ᠤᠨ ᠢᠨᠲ᠋ᠸᠷ ᠰᠦᠯᠵᠢᠶᠡᠨ ᠦ ᠮᠡᠳᠡᠭᠡ ᠵᠠᠩᠭᠢ ᠶᠢᠨ ᠠᠯᠪᠠᠨ ᠭᠡᠷ ᠡᠴᠡ ᠣᠷᠴᠢᠮᠬᠠᠨ 《 ᠬᠤᠳᠠᠯ ᠬᠠᠭᠤᠷᠮᠠᠭ ᠰᠣᠨᠢᠨ ᠮᠡᠳᠡᠭᠡ ᠶᠢ ᠬᠣᠷᠢᠭᠯᠠᠨ ᠵᠣᠭᠰᠣᠭᠠᠬᠤ ᠬᠠᠮᠢᠶᠠᠷᠤᠯᠲᠠ ᠶᠢ ᠤᠯᠠᠮ ᠨᠢᠭᠡ ᠠᠯᠬᠤᠮ ᠴᠢᠩᠭᠠᠳᠬᠠᠬᠤ ᠲᠤᠬᠠᠶ ᠮᠡᠳᠡᠭᠳᠡᠯ 》 ᠢ ᠨᠡᠢᠲᠡᠯᠡᠪᠡ ᠂ ᠬᠢᠨᠠᠨ ᠮᠠᠭᠠᠳᠯᠠᠯᠲᠠ ᠶᠢ ᠳᠠᠮᠵᠢᠭᠰᠠᠨ ᠥᠭᠡᠢ ᠨᠡᠶᠢᠭᠡᠮ ᠦᠨ ᠬᠠᠷᠢᠯᠴᠠᠭᠠᠨ ᠤ ᠪᠠᠭᠠᠵᠢ ᠵᠡᠷᠭᠡ ᠰᠦᠯᠵᠢᠶᠡᠨ ᠦ ᠲᠠᠪᠴᠠᠩ ᠲᠡᠭᠡᠷᠡᠬᠢ  ᠮᠡᠳᠡᠭᠡ ᠵᠠᠩᠬᠢ ᠶᠢ ᠰᠢᠭᠤᠳ ᠰᠣᠨᠢᠨ ᠮᠡᠳᠡᠭᠡᠯᠡᠯ  ᠪᠣᠯᠭᠠᠨ ᠨᠡᠢᠲᠡᠯᠡᠬᠦ ᠶᠢ ᠬᠤᠷᠢᠭᠯᠠᠨ᠎ᠠ ᠃

ᠮᠡᠳᠡᠭᠳᠡᠯ ᠳᠦ ᠱᠠᠭᠠᠷᠳᠠᠭᠰᠠᠨ ᠨᠢ ᠂ ᠡᠯ᠎ᠡ ᠰᠦᠯᠵᠢᠶᠡᠨ ᠦ ᠭᠣᠣᠯ ᠴᠣᠭᠴᠠ  ᠶᠢᠨ ᠬᠠᠷᠢᠭᠤᠴᠠᠯᠭ᠎ᠠ ᠶᠢ ᠨᠠᠢᠳᠠᠪᠤᠷᠢᠵᠢᠭᠤᠯᠵᠤ ᠂ ᠤᠯᠠᠮ ᠨᠢᠭᠡ ᠠᠯᠬᠤᠮ ᠵᠢᠷᠤᠮᠵᠢᠭᠤᠯᠵᠤ ᠂ ᠰᠢᠯᠵᠢᠮᠡᠯ ᠰᠣᠨᠢᠨ ᠮᠡᠳᠡᠭᠡᠨ ᠦ ᠲᠠᠪᠴᠠᠩ  ᠂ ᠪᠢᠴᠢᠯ  ᠪᠦᠷᠭᠡ᠂ ᠸᠢᠴᠠᠲ ᠢ ᠪᠠᠭᠲᠠᠭᠠᠭᠰᠠᠨ ᠡᠯ᠎ᠡ ᠲᠥᠷᠥᠯ  ᠤᠨ ᠰᠦᠯᠵᠢᠶᠡᠨ  ᠤ ᠲᠠᠪᠴᠠᠩ  ᠤᠨ ᠡᠬᠡ ᠪᠢᠴᠢᠭ ᠤᠨ ᠰᠤᠷᠪᠤᠯᠵᠢᠯᠠᠨ ᠨᠠᠶᠢᠷᠠᠭᠤᠯᠬᠤ  ᠶᠠᠪᠤᠴᠠ ᠳᠤ ᠬᠢᠨᠠᠯᠲᠠ ᠲᠠᠯᠪᠢᠬᠦ  ᠪᠡᠨ  ᠴᠢᠩᠭ᠋ᠠᠳᠬᠠᠵᠤ᠂ ᠳᠣᠲᠣᠭᠠᠳᠤ ᠶᠢᠨ ᠬᠠᠮᠢᠶᠠᠷᠤᠯᠲᠠ ᠶᠢᠨ ᠬᠢᠨᠠᠯᠲᠠ ᠶᠢᠨ ᠲᠣᠭᠲᠠᠴᠠ ᠶᠢ ᠪᠠᠶᠢᠭᠤᠯᠤᠨ ᠲᠡᠭᠦᠯᠳᠡᠷᠵᠢᠭᠦᠯᠦᠨ᠎ᠡ᠃ ᠵᠡᠭᠦᠯᠲᠡ ᠦᠭᠡᠢ ᠪᠤᠶᠤ ᠬᠠᠭᠤᠷᠮᠠᠭ ᠵᠡᠭᠦᠯᠲᠡ ᠲᠠᠢ ᠰᠦᠯᠵᠢᠶᠡᠨ ᠤ ᠰᠣᠨᠢᠨ ᠮᠡᠳᠡᠭᠡᠨ ᠤ ᠢᠷᠡᠯᠲᠡ ᠶᠢ ᠴᠢᠩᠭ᠎ᠠ ᠬᠤᠷᠢᠭᠯᠠᠨ᠎ᠠ᠃ ᠡᠯ᠎ᠡ ᠱᠠᠲᠤᠨ ᠤ ᠢᠨᠲ᠋ᠸᠷ ᠰᠦᠯᠵᠢᠶᠡᠨ ᠦ ᠮᠡᠳᠡᠭᠡ ᠵᠠᠩᠭᠢ ᠶᠢᠨ ᠠᠯᠪᠠᠨ ᠭᠡᠷ ᠨᠢ ᠦᠨᠡᠨ ᠬᠦ ᠰᠦᠯᠵᠢᠶᠡᠨ ᠦ ᠠᠭᠤᠯᠭ᠎ᠠ ᠶᠢᠨ ᠬᠠᠮᠢᠶᠠᠷᠤᠯᠲᠠ ᠶᠢᠨ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠵᠦ ᠂ ᠬᠢᠨᠠᠯᠲᠠ ᠲᠠᠯᠪᠢᠵᠤ ᠪᠠᠶᠢᠴᠠᠭᠠᠬᠤ  ᠪᠡᠨ ᠴᠢᠩᠭᠠᠳᠬᠠᠨ ᠂ ᠬᠤᠳᠠᠯ ᠬᠠᠭᠤᠷᠮᠠᠭ ᠂  ᠪᠤᠲᠠᠲᠠᠢ ᠳᠤ ᠨᠡᠢᠴᠡᠬᠦ ᠦᠭᠡᠢ ᠮᠡᠳᠡᠭᠡ ᠵᠠᠩᠭᠢ ᠴᠢᠩᠭ᠎ᠠ ᠪᠠᠶᠢᠴᠠᠭᠠᠨ ᠰᠢᠢᠳᠪᠥᠷᠢᠯᠡᠨ᠎ᠡ ᠃

ᠣᠶᠢᠯᠠᠭᠠᠭᠰᠠᠨ ᠢᠶᠠᠷ ᠂ ᠡᠨᠡ ᠵᠢᠯ ᠡᠴᠡ ᠨᠠᠰᠢ ᠂  ᠤᠯᠤᠰ ᠤᠨ ᠢᠨᠲ᠋ᠸᠷ ᠰᠦᠯᠵᠢᠶᠡᠨ ᠦ ᠮᠡᠳᠡᠭᠡ ᠵᠠᠩᠭᠢ ᠶᠢᠨ ᠠᠯᠪᠠᠨ ᠭᠡᠷ  ᠦᠷᠭᠦᠯᠵᠢᠯᠡᠨ ᠡᠷᠴᠢᠮ ᠢ ᠴᠢᠩᠭᠠᠷᠠᠭᠤᠯᠵᠤ ᠂ ᠬᠤᠳᠠᠯ ᠬᠠᠭᠤᠷᠮᠠᠭ ᠰᠣᠨᠢᠨ ᠮᠡᠳᠡᠭᠡ ᠶᠢ ᠴᠡᠭᠴᠡᠯᠡᠨ ᠵᠠᠰᠠᠬᠤ ᠡᠷᠴᠢᠮ ᠢᠶᠡᠨ ᠴᠢᠩᠭᠠᠷᠠᠭᠤᠯᠤᠨ᠎ᠠ ᠂ ᠨᠡᠶᠢᠭᠡᠮ ᠳᠦ ᠶᠡᠬᠡ ᠮᠠᠭᠤ ᠨᠥᠯᠥᠭᠡ ᠭᠠᠷᠭᠠᠭᠰᠠᠨ《 ᠵᠡᠭᠦᠨ ᠬᠣᠶᠢᠲᠤ ᠣᠷᠣᠨ ᠤ ᠠᠶᠢᠯ ᠲᠣᠰᠬᠣᠨ ᠤ ᠶᠣᠰᠤ ᠶᠢ ᠲᠠᠶᠠᠭᠳᠠᠵᠤ  ᠵᠢᠷᠤᠮ ᠢ ᠣᠷᠬᠢᠭᠰᠠᠨ 》 ᠂ 《 ᠴᠠᠩᠱᠠ ᠶᠢᠨ ᠲᠣᠮᠣ ᠮᠠᠰᠢᠨ ᠳᠡᠷᠭᠡᠨ  ᠳᠤ ᠭᠠᠯ ᠲᠠᠯᠪᠢᠭᠰᠠᠨ 》 ᠂ 《 ᠸᠧᠶ  ᠼᠸ ᠰᠢ ᠶᠢᠨ ᠬᠡᠷᠡᠭ ᠤᠨ ᠵᠠᠯᠭᠠᠮᠵᠢ ᠄ ᠤᠯᠤᠰ ᠤᠨ ᠵᠠᠬᠢᠳᠠᠯ ᠰᠤᠷᠪᠤᠯᠵᠢᠯᠠᠭ᠎ᠠ ᠶᠢᠨ ᠲᠣᠪᠴᠢᠶ᠎ᠠ ᠵᠠᠭᠤ ᠰᠢᠬᠠᠮ ᠠᠳᠠᠯᠢᠪᠲᠤᠷ ᠡᠪᠡᠳᠴᠢᠲᠡᠨ ᠳᠤ ᠰᠠᠭᠠᠳ ᠥᠭᠡᠢ ᠨᠡᠪᠲᠡᠷᠡᠬᠦ ᠵᠠᠮ ᠨᠡᠭᠡᠬᠡᠪᠡ 》᠂ 《 ᠱᠠᠩᠬᠠᠶ ᠶᠢᠨ ᠬᠡᠦᠬᠡᠨ ᠴᠠᠭᠠᠨ ᠰᠠᠷ᠎ᠠ ᠵᠢᠶᠠᠩᠰᠢ ᠶᠢᠨ ᠬᠥᠳᠡᠭᠡ ᠲᠣᠰᠬᠣᠨ  ᠠᠴᠠ ᠤᠷᠭᠤᠨ ᠳᠤᠲᠠᠭᠠᠭᠰᠠᠨ 》 ᠂ 《 ᠬᠤᠳᠠ ᠶᠢᠨ ᠪᠡᠷᠢ ᠨᠤᠲᠤᠭ ᠲᠠᠭᠠᠨ ᠬᠠᠷᠢᠭᠰᠠᠨ ᠤ ᠳᠠᠷᠠᠭ᠎ᠠ ᠰᠢᠷᠡᠭᠡᠨ ᠳᠤ ᠰᠠᠭᠤᠭᠠᠳ ᠬᠣᠭᠤᠯᠠ ᠣᠯᠵᠤ ᠢᠳᠡᠭᠰᠡᠨ ᠦᠭᠡᠢ ᠡᠴᠡ ᠪᠣᠯᠵᠤ ᠠᠭᠤᠷ ᠲᠤ ᠪᠡᠨ ᠰᠢᠷᠡᠭᠡ ᠶᠢ ᠲᠦᠢᠪᠡᠭᠡᠭᠰᠡᠨ 》 ᠵᠡᠷᠭᠡ ᠰᠦᠯᠵᠢᠶᠡᠨ ᠤ ᠬᠤᠳᠠᠯ ᠬᠠᠭᠤᠷᠮᠠᠭ ᠰᠣᠨᠢᠨ ᠮᠡᠳᠡᠭᠡ ᠮᠡᠳᠡᠭᠡ ᠵᠠᠩᠭᠢ  ᠳᠤ ᠬᠠᠨᠳᠤᠭᠤᠯᠵᠤ᠂ ᠬᠣᠯᠪᠣᠭᠳᠠᠯ ᠪᠦᠬᠦᠢ ᠣᠷᠣᠨ ᠨᠤᠲᠤᠭ ᠤᠨ ᠰᠦᠯᠵᠢᠶᠡᠨ ᠦ ᠮᠡᠳᠡᠭᠡ ᠵᠠᠩᠭᠢ ᠶᠢᠨ ᠠᠯᠪᠠᠨ ᠭᠡᠷ ᠢ ᠵᠠᠷᠯᠢᠭᠳᠠᠵᠤ ᠪᠠᠶᠢᠭᠠᠳ ᠬᠠᠤᠯᠢ ᠬᠡᠷᠡᠭᠵᠢᠭᠦᠯᠬᠦ ᠡᠷᠴᠢᠮ ᠢᠶᠡᠨ ᠴᠢᠩᠭᠠᠷᠠᠭᠤᠯᠵᠤ ᠂ ᠨᠢᠭᠡ ᠪᠦᠯᠦᠭ ᠬᠠᠤᠯᠢ ᠲᠣᠭᠲᠠᠭᠠᠯ ᠢ ᠵᠥᠷᠢᠴᠡᠨ ᠬᠤᠳᠠᠯ ᠬᠠᠭᠤᠷᠮᠠᠭ ᠰᠣᠨᠢᠨ ᠮᠡᠳᠡᠭᠡ ᠨᠡᠶᠢᠲᠡᠯᠡᠬᠦ ᠰᠦᠯᠵᠢᠶᠡᠨ ᠦᠷᠲᠡᠭᠡ ᠶᠢ ᠭᠣᠣᠯᠳᠠᠯᠭ᠎ᠠ ᠲᠠᠶ ᠪᠣᠯᠵᠣᠨ ᠶᠠᠷᠢᠯᠴᠠᠵᠤ ᠂ ᠲᠡᠭᠦᠨᠴᠢᠯᠡᠨ 《 ᠰᠦᠯᠵᠢᠶᠡᠨ ᠦ ᠮᠡᠳᠡᠭᠡ ᠵᠠᠩᠭᠢ ᠶᠢᠨ ᠬᠠᠮᠠᠭᠠᠯᠠᠯᠲᠠ ᠶᠢ ᠴᠢᠩᠭᠠᠳᠬᠠᠬᠤ ᠲᠤᠬᠠᠶ ᠤᠯᠤᠰ ᠤᠨ ᠠᠷᠠᠳ ᠤᠨ ᠲᠥᠯᠥᠭᠡᠯᠡᠭᠴᠢᠳ ᠦᠨ ᠶᠡᠬᠡ ᠬᠤᠷᠠᠯ ᠤᠨ ᠪᠠᠶᠢᠩᠭᠤ ᠶᠢᠨ ᠬᠣᠷᠢᠶᠠᠨ ᠤ ᠲᠣᠭᠲᠠᠭᠠᠯ 》 ᠂《 ᠢᠨᠲ᠋ᠸᠷ ᠰᠦᠯᠵᠢᠶ᠎ᠡ ᠰᠣᠨᠢᠨ ᠮᠡᠳᠡᠭᠡᠨ ᠦ ᠮᠡᠳᠡᠭᠡ ᠵᠠᠩᠭᠢ ᠶᠢᠨ ᠦᠢᠯᠡᠴᠢᠯᠡᠭᠡᠨ ᠦ ᠬᠠᠮᠢᠶᠠᠷᠤᠯᠲᠠ ᠶᠢᠨ ᠲᠣᠭᠲᠠᠭᠠᠯ 》 ᠵᠡᠷᠭᠡ ᠬᠠᠤᠯᠢ ᠴᠠᠭᠠᠵᠠ ᠬᠠᠤᠯᠢ ᠲᠣᠭᠲᠠᠭᠠᠯ  ᠢ ᠦᠨᠳᠦᠰᠦᠯᠡᠵᠦ᠂ ᠬᠤᠳᠠᠯ ᠬᠠᠭᠤᠷᠮᠠᠭ ᠰᠣᠨᠢᠨ ᠮᠡᠳᠡᠭᠡ  ᠵᠣᠬᠢᠶᠠᠨ ᠳᠠᠮᠵᠢᠭᠤᠯᠤᠭᠰᠠᠨ ᠦᠢᠯᠡ ᠪᠠᠶᠢᠳᠠᠯ ᠨᠢ ᠨᠡᠯᠢᠶᠡᠳ ᠬᠦᠨᠳᠦ ᠨᠣᠴᠢᠲᠠᠶ ᠰᠢᠨ ᠯᠠᠩ ᠰᠦᠯᠵᠢᠶ᠎ᠡ ᠂ ᠹᠧᠩ ᠬᠤᠸᠠᠩ ᠰᠦᠯᠵᠢᠶ᠎ᠡ ᠂ ᠵᠦᠩᠬᠤᠸᠠ ᠰᠦᠯᠵᠢᠶ᠎ᠡ ᠂ ᠶᠠᠩ ᠽᠢ ᠣᠷᠣᠶ  ᠶᠢᠨ ᠰᠣᠨᠢᠨ ᠰᠦᠯᠵᠢᠶ᠎ᠡ ᠂ ᠵᠠᠩ ᠵᠢᠶᠠ ᠵᠢᠶᠧ ᠶᠢᠨ ᠰᠦᠯᠵᠢᠶ᠎ᠡ ᠂ ᠡᠳ᠋ ᠦᠨ ᠵᠠᠰᠠᠭ ᠠᠵᠤ ᠠᠬᠤᠶ ᠶᠢᠨ ᠰᠦᠯᠵᠢᠶ᠎ᠡ ᠂ ᠲᠧᠩ ᠰᠢᠶᠦ᠋ᠨ ᠰᠦᠯᠵᠢᠶ᠎ᠡ ᠂ ᠸᠠᠩ ᠶᠢ  ᠰᠦᠯᠵᠢᠶ᠎ᠡ ᠂ ᠥᠨᠥᠳᠦᠷ ᠦᠨ ᠲᠦᠷᠦᠭᠦᠦ ᠵᠤᠷᠪᠤᠰ ᠵᠡᠷᠭᠡ ᠣᠯᠠᠨ ᠰᠦᠯᠵᠢᠶ᠎ᠡ  ᠳᠤ ᠰᠢᠳᠬᠡᠯ ᠥᠭᠭᠦᠭᠰᠡᠨ ᠪᠠ ᠵᠠᠯᠬᠠᠭᠠᠨ ᠴᠡᠭᠡᠷᠯᠡᠭᠦᠯᠪᠡ᠃  ᠪᠠᠰᠠ ᠬᠣᠯᠪᠣᠭᠳᠠᠯ ᠪᠦᠬᠦᠢ ᠰᠦᠯᠵᠢᠶ᠎ᠡ ᠳᠤ ᠴᠦ ᠬᠠᠤᠯᠢ ᠶᠣᠰᠣᠭᠠᠷ ᠬᠠᠭᠤᠷᠮᠠᠭ ᠮᠡᠳᠡᠭᠡ ᠵᠠᠩᠭᠢ ᠵᠣᠬᠢᠶᠠᠨ  ᠲᠠᠷᠬᠠᠭᠠᠭᠰᠠᠨ《 ᠬᠡᠯᠡᠬᠦ ᠦᠭᠡ ᠬᠡᠯᠡᠨ ᠳᠣᠣᠷ᠎ᠠ 》《  ᠲᠠᠷᠢᠶᠠᠴᠢᠨ ᠤ ᠲᠣᠭᠤᠷᠢᠭ 》 《 ᠡᠳ᠋ ᠦᠨ ᠵᠠᠰᠠᠭ 》 《 @KDS  ᠰᠦᠯᠵᠢᠶᠡᠨ ᠨᠡᠢᠭᠡᠮ 》《 @  ᠬᠤᠸᠠᠰᠢ  ᠶᠢᠨ ᠬᠣᠲᠠ  ᠶᠢᠨ ᠰᠣᠨᠢᠨ ᠤ ᠮᠡᠳᠡᠭᠡ 》  ᠳ᠋ᠤᠭᠠᠷ  ᠲᠤ ᠰᠢᠢᠳᠬᠡᠯ ᠥᠭᠪᠡ᠃

 ᠤᠯᠤᠰ ᠤᠨ ᠢᠨᠲ᠋ᠸᠷ ᠰᠦᠯᠵᠢᠶᠡᠨ ᠦ ᠮᠡᠳᠡᠭᠡ ᠵᠠᠩᠭᠢ ᠶᠢᠨ ᠠᠯᠪᠠᠨ ᠭᠡᠷ ᠦᠨ ᠬᠣᠯᠪᠣᠭᠳᠠᠯ ᠪᠦᠬᠦᠢ ᠬᠠᠷᠢᠭᠤᠴᠠᠯᠭᠠᠲᠠᠨ ᠢᠯᠡᠷᠬᠡᠶᠢᠯᠡᠭᠰᠡᠨ ᠨᠢ ᠂ ᠰᠦᠯᠵᠢᠶᠡᠨ ᠦ ᠬᠤᠳᠠᠯ ᠬᠠᠭᠤᠷᠮᠠᠭ ᠰᠣᠨᠢᠨ ᠮᠡᠳᠡᠭᠡ ᠮᠡᠳᠡᠭᠡ ᠵᠠᠩᠭᠢ ᠳᠤ ᠬᠦᠴᠦᠲᠡᠶ ᠳᠠᠷᠤᠯᠲᠠ ᠦᠵᠡᠭᠦᠯᠬᠦ ᠪᠠᠶᠢᠳᠠᠯ ᠢ ᠬᠡᠪ ᠢᠶᠡᠷ ᠪᠠᠶᠢᠯᠭᠠᠵᠤ ᠂ ᠬᠣᠯᠪᠣᠭᠳᠠᠯ ᠪᠦᠬᠦᠢ ᠬᠠᠤᠯᠢ ᠴᠠᠭᠠᠵᠠ ᠬᠠᠤᠯᠢ ᠲᠣᠭᠲᠠᠭᠠᠯ ᠪᠠ ᠠᠵᠢᠯ ᠤᠨ ᠲᠣᠭᠲᠠᠴᠠ ᠶᠢ ᠤᠯᠠᠮ ᠨᠢᠭᠡ ᠠᠯᠬᠤᠮ ᠲᠡᠭᠦᠯᠳᠡᠷᠵᠢᠭᠦᠯᠵᠦ ᠂ ᠰᠦᠯᠵᠢᠶᠡᠨ ᠦ ᠰᠣᠨᠢᠨ ᠮᠡᠳᠡᠭᠡᠨ ᠦ ᠮᠡᠳᠡᠭᠡ ᠵᠠᠩᠭᠢ ᠶᠢᠨ ᠳᠠᠮᠵᠢᠭᠤᠯᠭ᠎ᠠ ᠶᠢᠨ ᠡᠮᠬᠢ ᠲᠢᠭᠯᠡᠮ ᠢ ᠵᠢᠷᠤᠮᠵᠢᠭᠤᠯᠤᠨ᠎ᠠ ᠃ ᠥᠷᠭᠡᠨ ᠣᠯᠠᠨ ᠰᠦᠯᠵᠢᠶᠡᠨ ᠢᠷᠭᠡᠳ ᠰᠦᠯᠵᠢᠶᠡᠨ ᠳᠡᠭᠡᠷ᠎ᠡ ᠬᠠᠤᠯᠢ ᠶᠢ ᠵᠥᠷᠢᠴᠡᠭᠰᠡᠨ ᠪᠠ ᠮᠠᠭᠤ ᠮᠡᠳᠡᠭᠡ ᠵᠠᠩᠭᠢ ᠳᠤ ᠬᠢᠨᠠᠯᠲᠠ ᠲᠠᠯᠪᠢᠨ ᠢᠯᠡᠴᠢᠯᠡᠨ ᠮᠡᠳᠡᠭᠦᠯᠵᠦ᠂ ᠬᠠᠮᠲᠤ ᠪᠠᠷ ᠰᠦᠯᠵᠢᠶᠡᠨ ᠦ ᠣᠷᠴᠢᠨ ᠲᠣᠭᠤᠷᠢᠨ ᠤ ᠰᠠᠢᠨ ᠰᠠᠢᠬᠠᠨ ᠢ ᠬᠠᠮᠠᠭᠠᠯᠠᠬᠤ ᠪᠡᠷ ᠴᠢᠷᠮᠠᠢᠶ᠎ᠠ᠃

ᠢᠷᠡᠯᠲᠡ ᠄ ᠰᠢᠨ ᠯᠠᠩ ᠰᠢᠭᠦᠬᠦ  ᠬᠣᠷᠢᠶᠠᠨ ᠤ ᠰᠤᠪᠠᠭ

ᠦᠨᠡᠯᠡᠬᠦ 0ᠦᠨᠡᠯᠡᠯᠲᠡ ᠲᠠᠢ


( ᠨᠧᠲ ᠨᠠᠢᠵᠠ ᠵᠢᠨ ᠦᠨᠡᠯᠡᠯᠲᠡ ᠨᠢ ᠵᠦᠪᠭᠡᠨ ᠲᠡᠭᠦᠨ ᠊ᠤ᠌ ᠬᠤᠪᠢ ᠭᠦᠮᠦᠨ ᠊ᠤ᠌ ᠦᠵᠡᠯᠲᠡ ᠲᠡᠳᠦᠢ᠂ ᠲᠤᠰ ᠨᠧᠲ ᠦᠷᠳᠡᠭᠡ ᠲᠡᠭᠦᠨ ᠊ᠤ᠌ ᠦᠵᠡᠯᠲᠡ ᠵᠢ ᠵᠦᠪᠰᠢᠶᠡᠷᠡᠭᠰᠡᠨ ᠶᠠᠪᠤᠳᠠᠯ ᠤᠭᠳᠤ ᠪᠢᠰᠢ ᠶᠤᠮ᠃ )