ᠠᠷᠠᠳ ᠤᠨ ᠳᠡᠭᠡᠳᠦ ᠵᠡᠷᠭᠡ ᠶᠢᠨ ᠰᠢᠭᠦᠬᠦ ᠬᠣᠷᠢᠶᠠᠨ ᠡᠴᠡ ᠵᠢᠯᠣᠭᠣᠳᠬᠤ ᠴᠢᠨᠠᠷᠲᠠᠢ ᠬᠡᠷᠡᠭ ᠦᠨ ᠵᠢᠱᠢᠶ᠎ᠡ ᠶᠢ ᠨᠡᠢᠲᠡᠯᠡᠵᠦ ᠂ 《 ᠬᠠᠭᠤᠴᠢᠨ ᠨᠡᠷᠡᠲᠦ》 ᠶᠢᠨ ᠭᠣᠣᠯᠴᠢ ᠪᠤᠰᠤ ᠦᠷᠢᠰᠦᠯᠲᠦᠭᠡᠨ ᠢ ᠬᠢᠨᠠᠨ ᠮᠠᠭᠠᠳᠯᠠᠬᠤ ᠶᠢ ᠲᠤᠳᠤᠷᠬᠠᠢᠯᠠᠪᠠ
ᠬᠠᠤᠯᠢ ᠲᠦᠷᠢᠮ ᠦᠨ ᠰᠦᠯᠵᠢᠶᠡᠨ ᠦ 6 ᠰᠠᠷ᠎ᠠ ᠶᠢᠨ 5 ᠤ ᠡᠳᠦᠷ ᠦᠨ ᠮᠡᠳᠡᠭᠡ ᠰᠤᠷᠪᠤᠯᠵᠢᠯᠠᠭᠴᠢ ᠯᠢᠦ ᠼᠢ ᠶᠠᠩ ᠣᠶᠢᠷ᠎ᠠ ᠳᠤ ᠂ ᠠᠷᠠᠳ ᠤᠨ ᠳᠡᠭᠡᠳᠦ ᠵᠡᠷᠭᠡ ᠶᠢᠨ ᠰᠢᠭᠦᠬᠦ ᠬᠣᠷᠢᠶᠠᠨ ᠡᠴᠡ12 ᠳ᠋ᠤᠭᠠᠷ ᠪᠥᠯᠦᠭ 4 ᠵᠤᠷᠪᠤᠰ ᠵᠢᠯᠤᠭᠤᠳᠬᠤ ᠴᠢᠨᠠᠷᠲᠠᠢ ᠬᠡᠷᠡᠭ ᠤᠨ ᠵᠢᠱᠢᠶ᠎ᠡ ᠶᠢ ᠨᠡᠢᠲᠡᠯᠡᠵᠦ᠂ ᠡᠯ᠎ᠡ ᠰᠢᠭᠦᠬᠦ ᠬᠣᠷᠢᠶᠠᠨ ᠳᠤ ᠬᠠᠩᠭᠠᠵᠤ ᠡᠨᠡ ᠲᠥᠷᠦᠯ ᠤᠨ ᠠᠳᠠᠯᠢᠪᠲᠤᠷ ᠬᠡᠷᠡᠭ ᠢ ᠰᠢᠢᠳᠪᠦᠷᠢᠯᠡᠬᠦ ᠳᠤ ᠨᠢ ᠯᠠᠪᠯᠠᠯᠲᠠ ᠪᠣᠯᠭᠠᠪᠠ᠃
ᠵᠢᠯᠣᠭᠣᠳᠬᠤ ᠴᠢᠨᠠᠷᠲᠠᠢ ᠬᠡᠷᠡᠭ ᠤᠨ ᠵᠢᠱᠢᠶ᠎ᠡ 57 ᠳ᠋ᠤᠭᠠᠷ ᠨᠣᠮᠧᠷ ᠸᠸᠨᠵᠸᠤ ᠪᠠᠩᠬᠢ ᠶᠢᠨ ᠬᠤᠪᠢ ᠣᠷᠣᠭᠤᠯᠤᠭᠰᠠᠨ ᠬᠢᠵᠠᠭᠠᠷᠲᠤ ᠺᠣᠮᠫᠠᠨᠢ ᠡᠴᠡ ᠨᠢᠩᠪᠦ᠋ᠸᠧ ᠶᠢᠨ ᠬᠤᠪᠢᠶᠠᠷᠢ ᠪᠠᠩᠬᠢ ᠡᠴᠡ ᠵᠧᠵᠢᠶᠠᠩ ᠤᠨ ᠵᠢᠶᠠᠩ ᠯᠢᠩ ᠴᠠᠬᠢᠯᠭᠠᠨ ᠪᠠᠭᠠᠵᠢ ᠶᠢᠨ ᠬᠢᠵᠠᠭᠠᠷᠲᠤ ᠺᠣᠮᠫᠠᠨᠢ ᠶᠢᠨ ᠮᠥᠩᠭᠥᠨ ᠭᠦᠢᠯᠭᠡᠭᠡᠨ ᠦ ᠵᠣᠭᠣᠰ ᠵᠢᠭᠡᠯᠡᠭᠰᠡᠨ ᠭᠡᠷ᠎ᠡ ᠶᠢᠨ ᠵᠢᠭᠤᠷᠠᠯᠳᠤᠭᠠᠨ ᠤ ᠬᠡᠷᠡᠭ ᠂ ᠵᠢᠭᠠᠪᠤᠷᠢ ᠶᠢᠨ ᠲᠣᠳᠤᠷᠬᠠᠢᠯᠠᠯᠲᠠ ᠨᠢ ᠬᠠᠮᠤᠭ ᠥᠨᠳᠥᠷ ᠬᠡᠮᠵᠢᠶ᠎ᠡ ᠶᠢᠨ ᠳᠠᠭᠠᠭᠠᠯᠲᠠ ᠭᠡᠷ᠎ᠡ ᠶᠢᠨ ᠪᠠᠶᠢᠳᠠᠯ ᠳᠣᠣᠷ᠎ᠠ ᠂ ᠪᠣᠳᠠᠲᠠᠶ ᠵᠢᠭᠡᠯᠡᠯᠭᠡ ᠶᠢᠨ ᠭᠡᠷ᠎ᠡ ᠳᠦ ᠰᠣᠩᠭᠣᠯᠲᠠ ᠶᠢᠨ ᠴᠢᠨᠠᠷᠲᠠᠶ ᠲᠣᠳᠣᠷᠬᠠᠶ ᠵᠢᠭᠰᠠᠭᠠᠭᠰᠠᠨ ᠳᠡᠭᠡᠳᠦ ᠵᠠᠬ᠎ᠠ ᠶᠢᠨ ᠲᠣᠭᠠᠨ ᠤ ᠳᠠᠭᠠᠭᠠᠯᠲᠠ ᠶᠢᠨ ᠭᠡᠷ᠎ᠡ ᠂ ᠬᠡᠷᠪᠡ ᠥᠭᠴᠡᠭᠡ ᠨᠢ ᠬᠠᠮᠤᠭ ᠤᠨ ᠶᠡᠬᠡ ᠲᠣᠭ᠎ᠠ ᠶᠢᠨ ᠳᠠᠭᠠᠭᠠᠯᠲᠠ ᠶᠢᠨ ᠭᠡᠷ᠎ᠡ ᠳᠦ ᠪᠣᠯᠵᠣᠨ ᠲᠣᠭᠲᠠᠭᠠᠭᠰᠠᠨ ᠬᠤᠭᠤᠴᠠᠭᠠᠨ ᠳᠣᠲᠣᠷ᠎ᠠ ᠡᠭᠦᠰᠦᠭᠰᠡᠨ ᠪᠥᠭᠡᠳ ᠠᠪᠴᠠᠭᠠᠲᠠᠨ ᠨᠢ ᠳᠠᠭᠠᠭᠠᠯᠲᠠ ᠶᠢᠨ ᠡᠷᠬᠡ ᠪᠡᠨ ᠬᠠᠶᠠᠬᠤ ᠪᠡᠨ ᠢᠯᠡᠷᠬᠡᠢᠯᠡᠭᠰᠡᠨ ᠦᠭᠡᠢ᠂ ᠦᠯᠦ ᠵᠢᠭᠰᠠᠭᠠᠨ ᠲᠣᠳᠣᠷᠬᠠᠶᠢᠯᠠᠭᠰᠠᠨ ᠬᠠᠮᠤᠭ ᠤᠨ ᠳᠡᠭᠡᠳᠦ ᠬᠡᠮᠵᠢᠶᠡᠨ ᠦ ᠳᠠᠭᠠᠭᠠᠯᠲᠠ ᠶᠢᠨ ᠭᠡᠷ᠎ᠡ ᠳᠠᠭᠠᠭᠠᠭᠴᠢ ᠨᠢ ᠴᠦ ᠬᠠᠮᠤᠭ ᠤᠨ ᠶᠡᠬᠡ ᠠᠪᠤᠴᠠᠭᠠᠨ ᠤ ᠬᠢᠵᠠᠭᠠᠷᠲᠤ ᠲᠣᠭ᠎ᠠ ᠶᠢᠨ ᠳᠣᠲᠣᠷ᠎ᠠ ᠳᠠᠭᠠᠭᠠᠯᠲᠠ ᠶᠢᠨ ᠬᠠᠷᠢᠭᠤᠴᠠᠯᠭ᠎ᠠ ᠡᠭᠦᠷᠭᠡᠯᠡᠬᠦ ᠬᠡᠷᠡᠭᠲᠡᠶ ᠃ ᠡᠨᠡ ᠨᠢ ᠲᠠᠨᠢᠯᠲᠠ ᠶᠢᠨ ᠵᠥᠷᠢᠶ᠎ᠡ ᠶᠢᠨ ᠠᠰᠠᠭᠤᠳᠠᠯ ᠢ ᠰᠢᠢᠳᠪᠦᠷᠢᠯᠡᠵᠦ ᠂ ᠡᠨᠡ ᠬᠦ ᠲᠦᠷᠦᠯ ᠦᠨ ᠬᠡᠷᠡᠭ ᠦᠨ ᠲᠠᠰᠤᠯᠤᠨ ᠲᠣᠭᠲᠠᠭᠠᠬᠤ ᠪᠠᠷᠢᠮᠵᠢᠶ᠎ᠠ ᠶᠢ ᠨᠢᠭᠡᠳᠦᠯᠲᠡᠶ ᠪᠣᠯᠭᠠᠭᠰᠠᠨ ᠢᠶᠡᠷ ᠪᠠᠷᠠᠬᠤ ᠦᠭᠡᠢ᠂ ᠮᠥᠨ ᠴᠦ ᠮᠥᠩᠭᠥᠨ ᠭᠦᠢᠯᠭᠡᠭᠡᠨ ᠦ ᠠᠪᠴᠠᠭᠠᠲᠠᠨ ᠤ ᠬᠠᠤᠯᠢ ᠶᠣᠰᠣᠨ ᠤ ᠡᠷᠬᠡ ᠠᠰᠢᠭ ᠢ ᠬᠠᠮᠠᠭᠠᠯᠠᠬᠤ ᠳᠤ ᠠᠰᠢᠭᠲᠠᠶ ᠪᠠᠢᠵᠤ ᠂ ᠳᠠᠭᠠᠭᠠᠭᠴᠢ ᠶᠢᠨ ᠬᠤᠢᠬᠤᠷ ᠰᠠᠨᠠᠭ᠎ᠠ ᠡᠴᠡ ᠪᠣᠯᠵᠤ ᠥᠷᠢ ᠡᠴᠡ ᠵᠠᠶᠢᠯᠠᠬᠤ ᠶᠠᠪᠤᠳᠠᠯ ᠭᠠᠷᠬᠤ ᠶᠢ ᠰᠡᠷᠭᠡᠢᠯᠡᠬᠦ ᠳᠤ ᠠᠰᠢᠭᠲᠠᠶ ᠪᠠᠢᠵᠤ᠂ ᠂ ᠮᠥᠩᠭᠥᠨ ᠭᠦᠢᠯᠭᠡᠭᠡᠨ ᠦ ᠠᠵᠤ ᠠᠬᠤᠶᠢᠯᠠᠯ ᠬᠥᠲᠥᠯᠥᠨ ᠵᠢᠯᠣᠭᠣᠳᠴᠤ ᠪᠠᠢᠭᠠᠳ ᠠᠵᠤ ᠠᠬᠤᠢᠯᠠᠯ ᠤᠨ ᠬᠥᠭᠵᠢᠯᠲᠡ ᠶᠢ ᠳᠡᠮᠵᠢᠬᠦ ᠳᠤ ᠠᠰᠢᠭᠲᠠᠢ ᠃
ᠵᠢᠯᠣᠭᠣᠳᠬᠤ ᠴᠢᠨᠠᠷᠲᠠᠢ ᠬᠡᠷᠡᠭ ᠦᠨ ᠵᠢᠱᠢᠶ᠎ᠡ ᠂ 58 ᠳ᠋ᠤᠭᠠᠷ ᠨᠣᠮᠧᠷ ᠴᠧᠩᠳᠦ᠋ ᠶᠢᠨ ᠲᠥᠩ ᠳ᠋ᠸ ᠹᠦ᠋ ᠾᠧ ᠴᠤᠸᠠᠨ ᠲᠤᠭᠤᠷ ᠤᠨ ᠬᠠᠪᠲᠠᠭᠠᠶ ᠬᠢᠬᠦ ᠬᠢᠵᠠᠭᠠᠷᠲᠤ ᠺᠣᠮᠫᠠᠨᠢ ᠡᠴᠡ ᠴᠦᠩᠴᠢᠩ ᠬᠣᠲᠠ ᠶᠢᠨ ᠾᠧ ᠴᠤᠸᠠᠨ ᠲᠣᠭᠤᠷᠢᠭ ᠤᠨ ᠲᠥᠩ ᠳ᠋ᠸ ᠹᠦ᠋ ᠾᠧ ᠴᠤᠸᠠᠨ ᠲᠤᠭᠤᠷ ᠤᠨ ᠬᠠᠪᠲᠠᠭᠠᠶ ᠬᠢᠵᠦ ᠬᠢᠵᠠᠭᠠᠷᠲᠤ ᠺᠣᠮᠫᠠᠨᠢ᠂ ᠢᠦᠢ ᠰᠢᠶᠤᠤ ᠬᠤᠸᠠ ᠶᠢ ᠵᠠᠭᠠᠯᠳᠤᠭᠰᠠᠨ ᠲᠠᠸᠠᠷ ᠤᠨ ᠲᠡᠮᠳᠡᠭᠲᠦ ᠶᠢᠨ ᠡᠷᠬᠡ ᠳᠦ ᠬᠠᠯᠳᠠᠭᠰᠠᠨ ᠬᠡᠷᠡᠭ ᠵᠢᠴᠢ ᠲᠥᠪ ᠪᠤᠰᠤ ᠥᠷᠢᠰᠥᠯᠳᠦᠭᠡᠨ ᠦ ᠵᠢᠭᠤᠷᠠᠯᠳᠤᠭᠠᠨ ᠤ ᠬᠡᠷᠡᠭ ᠂ ᠵᠢᠭᠠᠪᠤᠷᠢ ᠶᠢᠨ ᠲᠣᠳᠤᠷᠬᠠᠢᠯᠠᠯᠲᠠ ᠨᠢ《 ᠬᠠᠭᠤᠴᠢᠨ ᠨᠡᠷᠡᠲᠦ 》 ᠲᠠᠢ ᠲᠡᠦᠬᠡᠨ ᠡᠬᠢ ᠰᠤᠷᠪᠤᠯᠵᠢ ᠦᠭᠡᠢ ᠬᠤᠪᠢ ᠬᠥᠮᠦᠨ ᠪᠤᠶᠤ ᠠᠵᠤ ᠠᠬᠤᠶᠢᠯᠠᠯ ᠨᠢ 《 ᠬᠠᠭᠤᠴᠢᠨ ᠨᠡᠷᠡᠲᠦ 》 ᠪᠤᠶᠤ ᠲᠡᠭᠦᠨ ᠲᠡᠶ ᠠᠳᠠᠯᠢᠪᠲᠤᠷ ᠨᠡᠷ᠎ᠡ ᠪᠡᠷ ᠲᠠᠸᠠᠷ ᠤᠨ ᠲᠡᠮᠳᠡᠭᠲᠦ ᠶᠢ ᠳᠠᠩᠰᠠᠯᠠᠭᠤᠯᠤᠭᠰᠠᠨ ᠳᠠᠷᠠᠭ᠎ᠠ ᠂ 《 ᠬᠠᠭᠤᠴᠢᠨ ᠨᠡᠷᠡᠲᠦ》 ᠶᠢᠨ ᠲᠡᠦᠬᠡ ᠪᠡᠷ ᠤᠬᠠᠭᠤᠯᠤᠭᠰᠠᠨ ᠢ ᠬᠤᠳᠠᠯ ᠬᠠᠭᠤᠷᠮᠠᠭ ᠤᠬᠠᠭᠤᠯᠭ᠎ᠠ ᠂ ᠵᠦᠢ ᠪᠤᠰᠤ ᠥᠷᠢᠰᠥᠯᠳᠦᠭᠡᠨ ᠢᠶᠡᠷ ᠮᠠᠭᠠᠳᠯᠠᠨ ᠳᠤᠭᠲᠠᠭᠠᠨ᠎ᠠ ᠃ 《 ᠬᠠᠭᠤᠴᠢᠨ ᠨᠡᠷᠡᠲᠦ》 ᠲᠠᠢ ᠲᠡᠤᠬᠡᠨ ᠰᠤᠷᠪᠤᠯᠵᠢ ᠶᠢᠨ ᠬᠠᠷᠢᠴᠠᠭ᠎ᠠ ᠲᠠᠢ ᠬᠤᠪᠢ ᠬᠥᠮᠦᠨ ᠪᠤᠶᠤ ᠠᠵᠤ ᠠᠬᠤᠶᠢᠯᠠᠯ ᠨᠢ ᠦᠨᠡᠨᠴᠢ ᠢᠲᠡᠭᠡᠮᠵᠢᠲᠡᠶ ᠪᠠᠶᠢᠬᠤ ᠵᠠᠷᠴᠢᠮ ᠢ ᠵᠥᠷᠢᠴᠡᠭᠰᠡᠨ ᠦᠭᠡᠢ ᠤᠷᠢᠲᠠᠯ ᠳᠣᠣᠷ᠎ᠠ ᠂ 《 ᠬᠠᠭᠤᠴᠢᠨ ᠨᠡᠷᠡᠲᠦ》 ᠳᠠᠩᠰᠠᠯᠠᠭᠤᠯᠤᠭᠰᠠᠨ ᠬᠤᠪᠢ ᠶᠢᠨ ᠦᠢᠯᠡᠳᠪᠦᠷᠢ ᠬᠤᠳᠠᠯᠳᠤᠭᠠᠨ ᠤ ᠡᠷᠦᠬᠡ ᠨᠡᠷᠡᠶᠢᠳᠦᠯ ᠪᠣᠯᠭᠠᠬᠤ ᠪᠤᠶᠤ ᠠᠵᠤ ᠠᠬᠤᠶᠢᠯᠠᠯ ᠤᠨ ᠨᠡᠷᠡᠶᠢᠳᠦᠯ ᠪᠣᠯᠭᠠᠵᠤ᠂ ᠪᠤᠰᠤᠳ ᠢ ᠪᠤᠷᠤᠭᠤ ᠤᠢᠯᠭᠠᠯᠲᠠ ᠲᠡᠰᠢ ᠳᠠᠭᠠᠭᠤᠯᠤᠭᠰᠠᠨ ᠦᠭᠡᠢ ᠮᠥᠨ ᠲᠤᠰ ᠴᠣᠯᠠ ᠶᠢ ᠳᠤᠪᠤᠢᠯᠭᠠᠨ ᠬᠡᠷᠡᠭᠯᠡᠭᠰᠡᠨ ᠦᠭᠡᠢ ᠪᠠᠢᠪᠠᠯ᠂ ᠵᠦᠢ ᠪᠤᠰᠤ ᠥᠷᠢᠰᠥᠯᠳᠦᠭᠡᠨ ᠳᠠᠩᠰᠠᠯᠠᠭᠤᠯᠤᠭᠰᠠᠨ ᠲᠠᠸᠠᠷ ᠲᠡᠮᠳᠡᠭᠲᠦ ᠶᠢᠨ ᠲᠤᠰᠬᠠᠢ ᠡᠷᠬᠡ ᠳᠤ ᠬᠠᠯᠳᠠᠭᠰᠠᠨ ᠠᠵᠢᠯᠠᠯᠭ᠎ᠠ ᠪᠦᠷᠢᠯᠳᠦᠭᠰᠡᠨ ᠦᠭᠡᠢ ᠪᠡᠷ ᠦᠵᠡᠨ᠎ᠡ ᠃ ᠣᠳᠣᠬᠠᠨ ᠳᠤ ᠂ ᠮᠠᠨ ᠤ ᠤᠯᠤᠰ ᠨᠢ《 ᠬᠠᠭᠤᠴᠢᠨ ᠨᠡᠷᠡᠲᠦ》 ᠶᠢ ᠬᠠᠮᠠᠭᠠᠯᠠᠬᠤ ᠲᠤᠰᠬᠠᠶ ᠬᠠᠤᠯᠢ ᠴᠠᠭᠠᠵᠠ ᠦᠭᠡᠢ ᠪᠠᠢᠵᠤ ᠂ ᠲᠤᠰ ᠬᠡᠷᠡᠭ ᠦᠨ ᠵᠢᠱᠢᠶ᠎ᠡ ᠨᠢ ᠬᠠᠭᠤᠴᠢᠨ ᠨᠡᠷᠡᠲᠦ ᠪᠣᠯᠤᠨᠢ ᠳᠠᠩᠰᠠᠯᠠᠭᠤᠯᠤᠭᠰᠠᠨ ᠲᠠᠸᠠᠷ ᠤᠨ ᠲᠡᠮᠳᠡᠭᠲᠦ ᠶᠢᠨ ᠡᠷᠬᠡ ᠶᠢᠨ ᠮᠥᠷᠭᠥᠯᠳᠦᠭᠡᠨ ᠦ ᠪᠠᠶᠢᠳᠠᠯ ᠳᠣᠣᠷᠠᠬᠢ ᠵᠦᠢ ᠪᠤᠰᠤ ᠥᠷᠢᠰᠥᠯᠳᠦᠭᠡᠨ ᠦ ᠪᠠᠶᠢᠳᠠᠯ ᠢ ᠮᠠᠭᠠᠳᠯᠠᠨ ᠲᠣᠭᠲᠠᠭᠠᠬᠤ ᠳᠦᠷᠢᠮ ᠂ ᠵᠢᠴᠢ ᠬᠠᠭᠤᠴᠢᠨ ᠨᠡᠷᠡᠲᠦ ᠬᠢᠭᠡᠳ ᠳᠠᠩᠰᠠᠯᠠᠭᠤᠯᠤᠭᠰᠠᠨ ᠲᠠᠸᠠᠷ ᠤᠨ ᠲᠡᠮᠳᠡᠭᠲᠦ ᠶᠢ ᠵᠡᠷᠭᠡᠴᠡᠭᠡ ᠬᠡᠷᠡᠭᠯᠡᠬᠦ ᠳᠦᠷᠢᠮ ᠢ ᠲᠣᠳᠤᠷᠬᠠᠢᠯᠠᠵᠤ ᠂ ᠠᠷᠠᠳ ᠤᠨ ᠰᠢᠭᠦᠬᠦ ᠬᠣᠷᠢᠶ᠎ᠠ ᠡᠶᠢᠮᠦᠷᠬᠦ ᠬᠡᠷᠡᠭ ᠢ ᠰᠢᠢᠳᠪᠦᠷᠢᠯᠡᠬᠦ ᠳᠤ ᠵᠢᠯᠤᠭᠤᠳᠤᠯᠭ᠎ᠠ ᠬᠠᠩᠭ᠋ᠠᠪᠠ ᠃
ᠵᠢᠯᠣᠭᠣᠳᠬᠤ ᠴᠢᠨᠠᠷᠲᠠᠢ ᠬᠡᠷᠡᠭ ᠦᠨ ᠵᠢᠱᠢᠶ᠎ᠡ 59 ᠳᠦᠭᠡᠷ ᠨᠤᠮᠸᠷ ᠳ᠋ᠠᠶ ᠱᠢ ᠬᠤᠸᠠ ᠡᠴᠡ ᠵᠢᠨᠠᠨ ᠬᠤᠲᠠ ᠶᠢᠨ ᠳᠣᠲᠣᠭᠠᠳᠤ ᠶᠢ ᠬᠠᠮᠠᠭᠠᠯᠠᠬᠤ ᠭᠠᠯ ᠤᠨᠲᠠᠷᠠᠭᠠᠬᠤ ᠰᠠᠯᠪᠤᠷᠢ ᠠᠩᠬᠢ ᠶᠢᠨ ᠭᠠᠯ ᠢ ᠰᠡᠷᠭᠡᠶᠢᠯᠡᠨ ᠤᠨᠲᠠᠷᠠᠭᠠᠬᠤ ᠲᠤᠬᠠᠶ ᠰᠢᠯᠭᠠᠨ ᠪᠠᠢᠴᠠᠭᠠᠯᠲᠠ ᠶᠢᠨ ᠵᠠᠷᠭᠤ ᠶᠢᠨ ᠬᠡᠷᠡᠭ ᠂ ᠵᠢᠭᠠᠪᠤᠷᠢ ᠶᠢᠨ ᠲᠣᠳᠤᠷᠬᠠᠢᠯᠠᠯᠲᠠ ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠶᠢᠨ ᠭᠠᠯ ᠡᠴᠡ ᠰᠡᠷᠭᠡᠢᠯᠡᠬᠦ ᠶᠢ ᠰᠢᠯᠭᠠᠨ ᠠᠪᠬᠤ ᠦᠷ᠎ᠡ ᠳ᠋ᠦᠩ ᠤᠨ ᠮᠡᠳᠡᠭᠳᠡᠯ ᠳᠤ ᠭᠠᠯ ᠤᠨᠲᠠᠷᠠᠭᠠᠬᠤ ᠠᠵᠢᠯ ᠬᠢᠷᠢ ᠲᠡᠩᠴᠡᠭᠰᠡᠨ ᠡᠰᠡᠬᠦ ᠶᠢ ᠬᠢᠨᠠᠨ ᠲᠣᠭᠲᠠᠭᠠᠬᠤ ᠠᠭᠤᠯᠭ᠎ᠠ ᠪᠠᠭᠲᠠᠵᠤ ᠂ ᠵᠠᠰᠠᠭ ᠵᠠᠬᠢᠷᠭᠠᠨ ᠤ ᠨᠤᠲᠠᠯᠠᠬᠤ ᠰᠢᠨᠵᠢ ᠴᠢᠨᠠᠷ ᠲᠠᠢ ᠪᠠᠢᠵᠤ ᠂ ᠲᠤᠬᠠᠶ ᠶᠢᠨ ᠬᠥᠮᠦᠨ ᠨᠢ ᠳᠣᠲᠣᠭᠠᠳᠤ ᠶᠢ ᠬᠠᠮᠠᠭᠠᠯᠠᠬᠤ ᠭᠠᠯ ᠤᠨᠲᠠᠷᠠᠭᠠᠬᠤ ᠰᠠᠯᠠᠭ᠎ᠠ ᠮᠥᠴᠢᠷ ᠤᠨ ᠭᠠᠯ ᠡᠴᠡ ᠰᠡᠷᠭᠡᠢᠯᠡᠬᠦ ᠶᠢ ᠰᠢᠯᠭᠠᠨ ᠠᠪᠴᠤ ᠳᠠᠩᠰᠤᠯᠠᠬᠤ ᠦᠷ᠎ᠡ ᠳ᠋ᠦᠩ ᠤᠨ ᠤᠢᠢᠯᠠ ᠠᠵᠢᠯᠯᠠᠭ᠎ᠠ ᠳᠤ ᠵᠠᠰᠠᠭ ᠵᠠᠬᠢᠷᠭᠠᠨ ᠤ ᠵᠠᠭᠠᠯᠳᠤᠯᠭ᠎ᠠ ᠭᠠᠷᠭᠠᠭᠰᠠᠨ ᠪᠠᠢᠪᠠᠯ ᠂ ᠠᠷᠠᠳ ᠤᠨ ᠰᠢᠭᠦᠬᠦ ᠬᠣᠷᠢᠶ᠎ᠠ ᠬᠠᠤᠯᠢ ᠶᠣᠰᠣᠭᠠᠷ ᠬᠦᠯᠢᠶᠡᠨ ᠠᠪᠴᠤ ᠰᠢᠶᠳᠪᠦᠷᠢᠯᠡᠬᠦ ᠬᠡᠷᠡᠭᠲᠡᠶ ᠃ ᠲᠤᠰ ᠬᠡᠷᠡᠭ ᠦᠨ ᠵᠢᠱᠢᠶ᠎ᠡ ᠳᠤ ᠲᠣᠳᠤᠷᠬᠠᠢᠯᠠᠭᠰᠠᠨ ᠨᠢ ᠪᠠᠷᠢᠯᠭ᠎ᠠ ᠶᠢᠨ ᠭᠠᠯ ᠰᠡᠷᠭᠡᠢᠯᠡᠬᠦ ᠶᠢ ᠰᠢᠯᠭᠠᠨ ᠠᠪᠴᠤ ᠳᠠᠩᠰᠤᠯᠠᠬᠤ ᠦᠷ᠎ᠡ ᠳ᠋ᠦᠩ ᠤᠨ ᠮᠡᠳᠡᠭᠳᠡᠯ ᠤᠨ ᠦᠢᠯᠡ ᠠᠵᠢᠯᠯᠠᠭ᠎ᠠ ᠨᠢ ᠵᠠᠰᠠᠭ ᠵᠠᠬᠢᠷᠭᠠᠨ ᠤ ᠨᠤᠲᠠᠯᠠᠬᠤ ᠰᠢᠨᠵᠢ ᠴᠢᠨᠠᠷ ᠲᠠᠢ ᠪᠠᠢᠵᠤ ᠂ ᠵᠠᠰᠠᠭ ᠵᠠᠬᠢᠷᠭᠠᠨ ᠤ ᠵᠠᠷᠭᠤ ᠶᠢᠨ ᠬᠡᠷᠡᠭ ᠬᠦᠯᠢᠶᠡᠨ ᠠᠪᠬᠤ ᠬᠡᠪᠴᠢᠶᠡᠨ ᠳᠦ ᠬᠠᠷᠢᠶᠠᠯᠠᠭᠳᠠᠨ᠎ᠠ ᠂ ᠣᠳᠣᠬᠠᠨ ᠤ ᠭᠠᠯ ᠢ ᠰᠡᠷᠭᠡᠢᠯᠡᠬᠦ ᠠᠮᠤᠷ ᠲᠦᠪᠰᠢᠨ ᠦ ᠪᠠᠶᠢᠳᠠᠯ ᠮᠠᠰᠢ ᠬᠦᠨᠳᠦ ᠬᠡᠴᠡᠭᠦᠦ ᠪᠠᠶᠢᠳᠠᠯ ᠳᠣᠣᠷ᠎ᠠ ᠂ ᠭᠠᠯ ᠡᠴᠡ ᠰᠡᠷᠭᠡᠢᠯᠡᠬᠦ ᠰᠠᠯᠠᠭ᠎ᠠ ᠮᠥᠴᠢᠷ ᠦᠨ ᠰᠢᠯᠭᠠᠵᠤ ᠠᠪᠬᠤ ᠬᠠᠷᠢᠭᠤᠴᠠᠯᠭ᠎ᠠ ᠪᠠᠨ ᠴᠢᠩᠭ᠎ᠠ ᠭᠦᠢᠴᠡᠳᠬᠡᠵᠦ ᠂ ᠠᠷᠠᠳ ᠤᠯᠡᠠ ᠤ ᠠᠮᠢ ᠨᠠᠰᠤ ᠪᠠ ᠡᠳ᠋ ᠬᠦᠷᠦᠩᠭᠡ ᠶᠢᠨ ᠠᠮᠤᠷ ᠲᠦᠪᠰᠢᠨ ᠢ ᠪᠠᠲᠤᠯᠠᠬᠤ ᠬᠡᠷᠡᠭᠲᠠᠢ᠃
ᠵᠢᠯᠣᠭᠣᠳᠬᠤ ᠴᠢᠨᠠᠷᠲᠠᠢ ᠬᠡᠷᠡᠭ ᠦᠨ ᠵᠢᠱᠢᠶ᠎ᠡ 60 ᠳ᠋ᠤᠭᠠᠷ ᠨᠤᠮᠸᠷ ᠶᠠᠨᠴᠸᠩ ᠬᠣᠲᠠ ᠶᠢᠨ ᠤᠥ ᠺᠠᠩ ᠢᠳᠡᠭᠡᠨ ᠦ ᠬᠢᠵᠠᠭᠠᠷᠲᠤ ᠺᠣᠮᠫᠠᠨᠢ ᠶᠢᠨ ᠳ᠋ᠦᠩ ᠲᠠᠢ ᠬᠤᠪᠢᠶᠠᠷᠢ ᠺᠣᠮᠫᠠᠨᠢ ᠶᠡᠡᠴᠸᠡᠭ ᠬᠤᠳᠠ ᠶᠢᠨ ᠦᠢᠯᠡᠳᠪᠦᠷᠢ ᠬᠤᠳᠠᠯᠳᠤᠭᠠᠨ ᠤ ᠵᠠᠰᠠᠭ ᠵᠠᠬᠢᠷᠭᠠᠨ ᠤ ᠬᠠᠮᠢᠶᠠᠷᠤᠯᠲᠠ ᠶᠢᠨ ᠲᠣᠪᠴᠢᠶ᠎ᠠ ᠶᠢᠨ ᠦᠢᠯᠡᠳᠪᠦᠷᠢ ᠬᠤᠳᠠᠯᠳᠤᠭᠠᠨ ᠤ ᠵᠠᠰᠠᠭ ᠵᠠᠬᠢᠷᠭᠠᠨ ᠤ ᠰᠢᠳᠬᠡᠯ ᠢ ᠵᠠᠭᠠᠯᠳᠤᠭᠰᠠᠨ ᠬᠡᠷᠡᠭ ᠃ ᠵᠢᠭᠠᠪᠤᠷᠢ ᠢ ᠲᠣᠳᠤᠷᠬᠠᠢᠯᠠᠯᠲᠠ ᠢᠳᠡᠭᠡᠨ ᠡᠵᠡᠩᠨᠡᠭᠴᠢ ᠢᠳᠡᠭᠡᠨ ᠦ ᠱᠣᠰᠢᠭ᠎ᠠ ᠂ ᠢᠳᠡᠭᠡᠨ ᠦ ᠲᠣᠳᠣᠷᠬᠠᠶᠢᠯᠠᠯᠲᠠ ᠶᠢᠨ ᠪᠢᠴᠢᠭ ᠳᠡᠭᠡᠷ᠎ᠡ ᠪᠡᠨ ᠨᠡᠮᠡᠯᠲᠡ ᠡᠳ᠋ ᠂ ᠨᠢᠭᠡ ᠵᠦᠢᠯ ᠪᠤᠶᠤ ᠤᠯᠠᠨ ᠵᠦᠢᠯ ᠦᠨ ᠥᠷᠲᠡᠭ ᠲᠠᠶ ᠂ ᠵᠠᠷᠢᠮ ᠣᠨᠴᠠᠭᠠᠢ ᠰᠢᠨᠵᠢ ᠴᠢᠨᠠᠷᠲᠠᠢ ᠬᠤᠯᠢᠴᠠ᠂ ᠪᠦᠷᠢᠯᠳᠦᠬᠦᠨ ᠢ ᠲᠣᠳᠤᠷᠬᠠᠢᠯᠠᠵᠤ᠂ ᠪᠤᠢ ᠪᠦᠬᠦᠢ ᠨᠡᠮᠡᠯᠲᠡ ᠡᠳ᠋ ᠤᠨ ᠬᠡᠮᠵᠢᠶ᠎ᠡ ᠪᠤᠶᠤ ᠠᠭᠤᠯᠤᠭᠳᠠᠴᠠ ᠶᠢ ᠲᠣᠳᠤᠷᠬᠠᠢᠯᠠᠬᠤ ᠴᠢᠬᠤᠯᠠᠲᠠᠢ ᠪᠠᠢᠵᠤ ᠂ ᠲᠣᠳᠤᠷᠬᠠᠢᠯᠠᠭᠰᠠᠨ ᠦᠭᠡᠢ ᠪᠠᠢᠪᠠᠯ《 ᠪᠥᠬᠥᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠢᠳᠡᠭᠡᠨ ᠦ ᠠᠮᠤᠷ ᠲᠦᠪᠰᠢᠨ ᠦ ᠬᠠᠤᠯᠢ 》 ᠢ ᠵᠥᠷᠢᠴᠡᠭᠰᠡᠨ ᠦᠢᠯᠡ ᠠᠵᠢᠯᠯᠠᠭ᠎ᠠ ᠳᠤ ᠬᠠᠷᠢᠶᠠᠯᠠᠭᠳᠠᠨ ᠂ ᠦᠢᠯᠡᠳᠪᠦᠷᠢ ᠬᠤᠳᠠᠯᠳᠤᠭᠠᠨ ᠤ ᠵᠠᠰᠠᠭ ᠵᠠᠬᠢᠷᠭᠠᠨ ᠤ ᠬᠠᠮᠢᠶᠠᠷᠤᠯᠲᠠ ᠶᠢᠨ ᠰᠠᠯᠠᠭ᠎ᠠ ᠮᠥᠴᠢᠷ ᠬᠠᠤᠯᠢ ᠶᠣᠰᠣᠭᠠᠷ ᠡᠭᠦᠨ ᠤ ᠬᠠᠤᠯᠢ ᠶᠢ ᠵᠥᠷᠢᠴᠡᠭᠰᠡᠨ ᠦᠢᠯᠡ ᠠᠵᠢᠯᠯᠠᠭ᠎ᠠ ᠳᠤ ᠵᠠᠰᠠᠭ ᠵᠠᠬᠢᠷᠭᠠᠨ ᠤ ᠰᠢᠳᠬᠡᠯ ᠥᠭᠭᠦᠭᠰᠡᠨ ᠪᠠᠢᠪᠠᠯ᠂ ᠠᠷᠠᠳ ᠤᠨ ᠰᠢᠭᠦᠬᠦ ᠬᠣᠷᠢᠶ᠎ᠠ ᠡᠴᠡ ᠳᠡᠮᠵᠢᠬᠦ ᠬᠡᠷᠡᠭᠲᠡᠶ ᠃ ᠢᠳᠡᠭᠡᠨ ᠦ ᠠᠶᠤᠯᠭᠦᠶ ᠨᠢ ᠤᠯᠤᠰ ᠤᠨ ᠠᠵᠤ ᠠᠬᠤᠶ ᠠᠷᠠᠳ ᠤᠨ ᠠᠮᠢᠳᠤᠷᠠᠯ ᠳᠤ ᠬᠣᠯᠪᠣᠭᠳᠠᠬᠤ ᠂ ᠢᠳᠡᠭᠡᠨ ᠦ ᠱᠣᠰᠢᠭ᠎ᠠ ᠲᠡᠮᠳᠡᠭ ᠤᠨ ᠠᠭᠤᠯᠭ᠎ᠠ ᠱᠠᠭᠠᠷᠳᠠᠯᠭ᠎ᠠ ᠨᠢ ᠢᠳᠡᠭᠡᠨ ᠦ ᠠᠶᠤᠯᠭᠦᠶ ᠶᠢᠨ ᠪᠠᠷᠢᠮᠵᠢᠶ᠎ᠠ ᠶᠢᠨ ᠨᠢᠭᠡ ᠨᠢ ᠪᠠᠢᠵᠤ ᠂ ᠢᠳᠡᠭᠡᠨ ᠦᠢᠯᠡᠳᠪᠦᠷᠢᠯᠡᠨ ᠡᠵᠡᠩᠨᠡᠭᠴᠢᠳ ᠡᠷᠬᠡᠪᠰᠢ ᠴᠢᠩᠭ᠎ᠠ ᠵᠢᠷᠤᠮᠯᠠᠨ ᠬᠡᠷᠡᠭᠵᠢᠭᠦᠯᠬᠦ ᠬᠡᠷᠡᠭᠲᠡᠶ ᠂ ᠡᠨᠡ ᠨᠢ ᠬᠡᠷᠡᠭᠯᠡᠭᠴᠢᠳ ᠦᠨ ᠡᠷᠬᠡ ᠠᠰᠢᠭ ᠢ ᠬᠠᠮᠠᠭᠠᠯᠠᠬᠤ ᠱᠠᠭᠠᠷᠳᠠᠯᠭ᠎ᠠ ᠪᠠᠢᠵᠤ ᠂ ᠮᠥᠨ ᠴᠦ ᠴᠢᠩᠭᠠᠳᠬᠠᠵᠤ ᠂ ᠢᠳᠡᠭᠡᠨ ᠤ ᠠᠶᠤᠯ ᠦᠭᠡᠢ ᠶᠢᠨ ᠬᠠᠮᠢᠶᠠᠷᠤᠯᠲᠠ ᠶᠢ ᠴᠢᠩᠭ᠋ᠠᠳᠬᠠᠵᠤ ᠂ ᠠᠵᠢᠯ ᠲᠥᠷᠥᠯ ᠦᠨ ᠡᠷᠡᠭᠦᠯ ᠢᠶᠡᠷ ᠬᠥᠭᠵᠢᠬᠦ ᠶᠢ ᠠᠬᠢᠭᠤᠯᠬᠤ ᠴᠢᠬᠤᠯᠠ ᠠᠷᠭ᠎ᠠ ᠪᠠᠷᠢᠯ ᠮᠥᠨ ᠃ ᠲᠤᠰ ᠬᠡᠷᠡᠭ ᠦᠨ ᠵᠢᠱᠢᠶ᠎ᠡ ᠨᠢ ᠠᠳᠠᠯᠢᠪᠲᠤᠷ ᠬᠡᠷᠡᠭ ᠢ ᠰᠢᠭᠦᠨ ᠲᠠᠰᠤᠯᠬᠤ ᠳᠤ ᠨᠡᠯᠢᠶᠡᠳ ᠴᠢᠩᠭ᠎ᠠ ᠵᠢᠯᠣᠭᠣᠳᠬᠤ ᠦᠢᠯᠡᠳᠦᠯ ᠲᠠᠢ ᠪᠠᠢᠵᠤ ᠂ ᠬᠠᠤᠯᠢ ᠴᠠᠭᠠᠵᠠ ᠶᠢᠨ ᠦᠷ᠎ᠡ ᠪᠦᠲᠦᠮᠵᠢ ᠪᠠ ᠨᠡᠶᠢᠭᠡᠮ ᠦᠨ ᠦᠷ᠎ᠡ ᠪᠦᠲᠦᠮᠵᠢ ᠪᠡᠷ ᠰᠠᠢᠨ ᠪᠠᠢᠯ᠎ᠠ ᠃
ᠢᠷᠡᠯᠲᠡ ᠄ ᠰᠢᠨ ᠯᠠᠩ ᠰᠢᠭᠦᠬᠦ ᠬᠣᠷᠢᠶ᠎ᠠ
ᠦᠨᠡᠯᠡᠬᠦ 0ᠦᠨᠡᠯᠡᠯᠲᠡ ᠲᠠᠢ