《 ᠶᠡᠬᠡ ᠴᠡᠷᠢᠭ ᠤᠨ ᠵᠢᠭᠰᠠᠭᠠᠯ ᠤᠨ ᠪᠠᠢᠴᠠᠭᠠᠯᠲᠠ1949》 ᠡᠴᠡ ᠲᠠᠸᠠᠷ ᠤᠨ ᠲᠡᠮᠳᠡᠭᠲᠦ ᠶᠢᠨ ᠵᠢᠭᠤᠷᠤᠯᠳᠤᠭᠠᠨ ᠡᠭᠦᠰᠪᠡ
2016.05.25 ᠲᠣᠰ ᠥᠷᠲᠡᠭᠡᠨ ᠦ ᠨᠠᠢᠷᠠᠭᠤᠯᠤᠭᠴᠢ

 ᠪᠡᠭᠡᠵᠢᠩ ᠦᠨ ᠨᠢᠭᠡᠨ ᠠᠷᠠᠯᠵᠢᠶ᠎ᠠ ᠬᠤᠳᠠᠯᠳᠤᠭᠠᠨ ᠤ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠡᠴᠡ ᠢ ᠪᠢᠨ ᠡᠦ ᠯᠢᠶᠠᠩ ᠶᠧ ᠬᠤᠪᠢ ᠣᠷᠤᠭᠤᠯᠤᠭᠰᠠᠨ ᠺᠤᠮᠫᠠᠨᠢ ᠢ  ᠵᠠᠭᠠᠯᠳᠤᠵᠤ᠂ ᠡᠷᠬᠡ ᠳᠤ ᠬᠠᠯᠳᠤᠬᠤ ᠠᠵᠢᠯᠠᠯᠭ᠎ᠠ ᠪᠡᠨ ᠲᠡᠷᠡ ᠳᠠᠷᠤᠢ ᠳᠤ ᠵᠣᠭᠰᠤᠭᠠᠬᠤ ᠪᠡᠷ ᠲᠠᠰᠤᠯᠤᠨ ᠵᠠᠷᠯᠢᠭᠳᠠᠬᠤ ᠶᠢ  ᠭᠤᠶᠤᠴᠢᠯᠠᠨ᠂ ᠡᠭᠦᠨ ᠤ ᠬᠠᠮᠲᠤ ᠠᠵᠤ ᠠᠬᠤᠶ ᠶᠢᠨ ᠬᠣᠬᠢᠷᠠᠯ ᠤᠴᠠᠷᠠᠭᠤᠯᠤᠭᠰᠠᠨ ᠰᠦᠢᠳᠬᠡᠯ ᠵᠢᠴᠢ ᠵᠦᠢ ᠵᠣᠬᠢᠰᠲᠠᠶ ᠵᠠᠷᠤᠯᠭ᠎ᠠ ᠨᠡᠶᠢᠲᠡ 200 ᠭᠠᠷᠤᠶ ᠲᠦᠮᠡᠨ ᠲᠥᠭᠥᠷᠢᠭ ᠲᠥᠯᠦᠭᠦᠯᠬᠦ ᠶᠢ ᠭᠤᠶᠤᠴᠢᠯᠠᠪᠠ ᠃ ᠣᠶᠢᠷ᠎ᠠ ᠳᠤ ᠂ ᠬᠠᠶᠢᠳᠢᠶᠠᠨ ᠲᠣᠭᠣᠷᠢᠭ ᠤᠨ ᠰᠢᠭᠦᠬᠦ ᠬᠣᠷᠢᠶ᠎ᠠ ᠲᠤᠰ ᠬᠡᠷᠡᠭ ᠢ ᠰᠢᠶᠳᠪᠦᠷᠢᠯᠡᠬᠦ ᠪᠡᠷ ᠬᠦᠯᠢᠶᠡᠨ ᠠᠪᠤᠭᠰᠠᠨ ᠪᠠᠶᠢᠨ᠎ᠠ ᠃

ᠵᠠᠭᠠᠯᠳᠤᠭᠴᠢ ᠵᠠᠭᠠᠯᠳᠤᠬᠤ ᠳᠠᠭᠠᠨ ᠂  ᠲᠡᠷᠡ 2013  ᠣᠨ ᠤ7 ᠰᠠᠷ᠎ᠠ ᠶᠢᠨ14 ᠤ ᠡᠳᠦᠷ 《 ᠶᠡᠬᠡ ᠴᠡᠷᠢᠭ ᠦᠨ ᠵᠢᠭᠰᠠᠭᠠᠯ ᠤᠨ ᠪᠠᠢᠴᠠᠭᠠᠯᠲᠠ 1949 》ᠲᠠᠸᠠᠷ ᠤᠨ ᠲᠡᠮᠳᠡᠭᠲᠦ ᠶᠢᠨ ᠲᠤᠰᠬᠠᠶ ᠬᠡᠷᠡᠭᠯᠡᠬᠦ ᠡᠷᠬᠡ ᠣᠯᠤᠭᠰᠠᠨ ᠪᠠᠶᠢᠨ᠎ᠠ ᠂ ᠬᠡᠷᠡᠭᠯᠡᠬᠦ ᠲᠠᠸᠠᠷ ᠨᠢ 33 ᠳ᠋ᠤᠭᠠᠷ ᠲᠦᠷᠦᠯ ᠦᠨ ᠬᠠᠷ᠎ᠠ ᠠᠷᠢᠬᠢ᠄  ᠵᠢᠩᠨᠡᠵᠦ ᠴᠢᠨᠠᠨ ᠭᠠᠷᠭᠠᠨ ᠠᠪᠤᠭᠰᠠᠨ ᠡᠳ᠋ ᠃ ᠵᠠᠭᠠᠯᠳᠤᠭᠴᠢ ᠮᠥᠨ ᠵᠢᠯ ᠳᠤ ᠭᠦᠢᠵᠧᠦ ᠶᠢᠨ ᠴᠡᠷᠢᠭ ᠦᠨ ᠵᠢᠭᠰᠠᠭᠠᠯ ᠰᠢᠯᠭᠠᠨ ᠦᠵᠡᠬᠦ ᠠᠷᠢᠬᠢᠨ ᠤ ᠠᠵᠤ ᠦᠢᠯᠡᠰ ᠦᠨ ᠬᠢᠵᠠᠭᠠᠷᠲᠤ ᠺᠣᠮᠫᠠᠨᠢ ᠳᠤ ᠲᠤᠰ《 ᠶᠡᠬᠡ ᠴᠡᠷᠢᠭ ᠦᠨ ᠵᠢᠭᠰᠠᠭᠠᠯ ᠤᠨ ᠪᠠᠢᠴᠠᠭᠠᠯᠲᠠ ᠠᠷᠢᠬᠢ  》 ᠲᠠᠸᠠᠷ ᠤᠨ ᠲᠡᠮᠳᠡᠭᠲᠦ ᠶᠢᠨ ᠦᠢᠯᠡᠳᠪᠦᠷᠢᠯᠡᠵᠦ ᠂ ᠪᠣᠷᠣᠯᠠᠭᠤᠯᠬᠤ ᠬᠡᠷᠡᠭᠯᠡᠬᠦ  ᠡᠷᠬᠡ ᠶᠢ ᠦᠭᠭᠦᠪᠡ ᠃ ᠵᠠᠭᠠᠯᠳᠤᠭᠴᠢ ᠪᠠ ᠶᠡᠬᠡ ᠴᠡᠷᠢᠭ ᠦᠨ ᠵᠢᠭᠰᠠᠭᠠᠯ ᠰᠢᠯᠭᠠᠨ ᠦᠵᠡᠬᠦ ᠠᠷᠢᠬᠡᠨ ᠦᠢᠯᠡᠰ ᠤᠨ ᠨᠠᠷᠢᠨ ᠨᠢᠮᠪᠠᠶ ᠤᠬᠠᠭᠤᠯᠤᠨ ᠳᠡᠯᠭᠡᠷᠡᠭᠦᠯᠵᠦ ᠂ ᠶᠠᠭ ᠰᠠᠶᠢᠬᠠᠨ ᠳᠤᠮᠳᠠᠳᠤ ᠤᠯᠤᠰ ᠤᠨ ᠠᠷᠠᠳ ᠲᠦᠮᠡᠨ ᠦ ᠶᠠᠫᠣᠨ  ᠢ ᠡᠰᠡᠷᠭᠦᠴᠡᠭᠰᠡᠨ ᠳᠠᠶᠢᠨ ᠵᠢᠴᠢ ᠳᠡᠯᠡᠬᠡᠶ  ᠶᠢᠨ ᠹᠠᠱᠢᠰ  ᠢ ᠡᠰᠡᠷᠭᠦᠴᠡᠭᠰᠡᠨ ᠳᠠᠶᠢᠨ ᠤ ᠢᠯᠠᠯᠲᠠ ᠣᠯᠤᠭᠰᠠᠨ 70 ᠵᠢᠯ ᠦᠨ ᠣᠶ  ᠶᠢ ᠳᠤᠷᠠᠰᠬᠠᠬᠤ ᠴᠡᠷᠢᠭ ᠦᠨ ᠵᠢᠭᠰᠠᠭᠠᠯ ᠰᠢᠯᠭᠠᠨ ᠦᠵᠡᠬᠦ ᠶᠣᠰᠣᠯᠠᠯ  ᠲᠠᠢ ᠲᠠᠭᠠᠷᠤᠯᠳᠤᠭᠰᠠᠨ ᠡᠴᠡ᠂ 《 ᠶᠡᠬᠡ ᠴᠡᠷᠢᠭ ᠦᠨ ᠵᠢᠭᠰᠠᠭᠠᠯ ᠤᠨ ᠪᠠᠢᠴᠠᠭᠠᠯᠲᠠ1949 》 ᠶᠢᠨ ᠲᠠᠸᠠᠷ ᠤᠨ ᠲᠡᠮᠳᠡᠭᠲᠦ ᠶᠢᠨ ᠨᠡᠷ᠎ᠡ ᠠᠯᠳᠠᠷ ᠪᠠ 《 ᠶᠡᠬᠡ ᠴᠡᠷᠢᠭ ᠦᠨ ᠵᠢᠭᠰᠠᠭᠠᠯ ᠤᠨ ᠪᠠᠢᠴᠠᠭᠠᠯᠲᠠ ᠠᠷᠢᠬᠢ  》 ᠶᠢᠨ ᠪᠣᠷᠣᠯᠠᠭᠤᠯᠬᠤ ᠬᠡᠮᠵᠢᠶ᠎ᠡ ᠨᠢ ᠲᠡᠰᠦᠷᠡᠯᠳᠠ ᠦᠭᠡᠢ ᠳᠡᠭᠡᠭᠰᠢᠯᠡᠵᠦ᠂ ᠵᠠᠬ᠎ᠠ ᠳᠡᠯᠭᠡᠭᠦᠷ ᠳᠡᠭᠡᠷ᠎ᠡ ᠳᠤᠩ  ᠰᠠᠢᠨ ᠨᠥᠯᠦᠭᠡ ᠲᠠᠢ ᠪᠣᠯᠤᠭᠰᠠᠨ ᠪᠠᠢᠨ᠎ᠠ᠃ ᠭᠡᠪᠡᠴᠦ ᠂ ᠵᠠᠭᠠᠯᠳᠤᠭᠳᠠᠭᠴᠢ ᠢ ᠪᠢᠨ ᠡᠦ ᠯᠢᠶᠠᠩ ᠶᠧ ᠬᠤᠪᠢ ᠣᠷᠣᠭᠤᠯᠤᠭᠰᠠᠨ ᠬᠢᠵᠠᠭᠠᠷᠲᠤ  ᠺᠤᠮᠫᠠᠨᠢ ᠶᠢᠨ   2015 ᠣᠨ ᠤ 7 ᠰᠠᠷ᠎ᠠ   ᠡᠴᠡ ᠡᠬᠢᠯᠡᠨ ᠵᠠᠬ᠎ᠠ ᠳᠡᠯᠭᠡᠭᠦᠷ ᠳᠡᠭᠡᠷ᠎ᠡ 《 ᠢᠯᠠᠯᠲᠠ ᠣᠯᠤᠭᠰᠠᠨ ᠶᠡᠬᠡ ᠴᠡᠷᠢᠭ ᠦᠨ ᠵᠢᠭᠰᠠᠭᠠᠯ ᠤᠨ ᠪᠠᠢᠴᠠᠭᠠᠯᠲᠠ ᠶᠢᠨ ᠠᠷᠢᠬᠢ》ᠪᠣᠷᠣᠯᠠᠭᠤᠯᠵᠤ᠂《  ᠴᠡᠷᠢᠭ ᠤᠨ ᠵᠢᠪᠬᠤᠭ᠎ᠠ ᠴᠡᠷᠢᠭ ᠦᠨ ᠵᠢᠭᠰᠠᠭᠠᠯ ᠰᠢᠯᠭᠠᠨ ᠦᠵᠡᠬᠦ ᠳᠤᠷᠠᠰᠬᠠᠯ ᠤᠨ ᠠᠷᠢᠬᠢ 》 ᠂ 《 ᠴᠡᠷᠢᠭ ᠦᠨ ᠵᠢᠭᠰᠠᠭᠠᠯ ᠰᠢᠯᠭᠠᠨ ᠦᠵᠡᠬᠦ ᠶᠡᠬᠡ ᠳᠤᠷᠠᠰᠬᠠᠯ ᠤᠨ ᠠᠷᠢᠬᠢ 》 ᠵᠡᠷᠭᠡ ᠬᠡᠯᠪᠡᠷᠢ ᠪᠡᠷ ᠤᠬᠠᠭᠤᠯᠤᠨ  ᠳᠡᠯᠭᠡᠷᠡᠭᠦᠯᠪᠡ᠃

ᠵᠠᠭᠠᠯᠳᠤᠭᠴᠢ ᠶᠢᠨ ᠦᠵᠡᠬᠦ ᠪᠡᠷ ᠂ ᠵᠠᠭᠠᠯᠳᠤᠭᠳᠠᠭᠴᠢ《 ᠡᠦ ᠯᠢᠶᠠᠩ ᠶᠧ ᠠᠷᠢᠬᠢ 》 ᠲᠥᠷᠥᠯ ᠲᠡᠮᠳᠡᠭ ᠦᠨ ᠳᠠᠪᠠᠭᠤᠯᠢᠭ ᠲᠠᠯ᠎ᠠ ᠪᠡᠨ ᠠᠰᠢᠭᠯᠠᠵᠤ ᠵᠠᠬ᠎ᠠ ᠳᠡᠯᠭᠡᠭᠦᠷ ᠢ ᠲᠦᠷᠭᠡᠨ ᠢᠶᠡᠷ ᠡᠵᠡᠯᠡᠵᠦ᠂ ᠵᠠᠭᠠᠯᠳᠤᠭᠴᠢ ᠶᠢᠨ 《 ᠶᠡᠬᠡ ᠴᠡᠷᠢᠭ ᠦᠨ ᠵᠢᠭᠰᠠᠭᠠᠯ ᠰᠢᠯᠭᠠᠨ  ᠪᠠᠢᠴᠠᠭᠠᠯᠲᠠ 》 ᠲᠡᠮᠳᠡᠭᠲᠦ ᠠᠷᠢᠬᠢ ᠶᠢ ᠪᠤᠷᠤᠯᠠᠭᠤᠯᠵᠤ ᠳᠡᠯᠭᠡᠷᠡᠭᠦᠯᠬᠦ  ᠳᠤ ᠬᠦᠴᠢᠷᠳᠡᠯ ᠠᠪᠴᠢᠷᠠᠨ ᠥᠭᠴᠦ ᠂ ᠵᠠᠷᠢᠮ ᠬᠡᠷᠡᠭᠯᠡᠭᠴᠢᠳ《 ᠡᠦ ᠯᠢᠶᠠᠩ ᠶᠧ ᠠᠷᠢᠬᠢ 》 ᠨᠡᠷᠡᠮᠵᠢᠲᠦ ᠳᠤ ᠢᠲᠡᠭᠡᠵᠦ ᠂ ᠴᠢᠨᠠᠭᠰᠢᠯᠠᠪᠠᠯ 《 ᠶᠡᠬᠡ ᠴᠡᠷᠢᠭ ᠦᠨ ᠵᠢᠭᠰᠠᠭᠠᠯ ᠰᠢᠯᠭᠠᠨ  ᠪᠠᠢᠴᠠᠭᠠᠯᠲᠠ 》 ᠲᠡᠮᠳᠡᠭᠲᠦ  ᠨᠢ ᠬᠠᠭᠤᠷᠮᠠᠭ ᠦᠢᠯᠡᠳᠬᠦᠨ ᠭᠡᠵᠦ ᠤᠢᠯᠭᠠᠨ ᠂ ᠵᠠᠭᠠᠯᠳᠤᠭᠴᠢ ᠶᠢᠨ ᠨᠡᠷᠡᠲᠦ ᠲᠡᠮᠳᠡᠭᠲᠦ ᠳᠤ ᠶᠡᠬᠡ ᠮᠠᠭᠤ ᠨᠥᠯᠥᠭᠡ  ᠭᠠᠷᠭᠠᠪᠠ ᠃ ᠵᠠᠭᠠᠯᠳᠤᠭᠴᠢ ᠨᠢ ᠵᠠᠭᠠᠯᠳᠤᠭᠳᠠᠭᠴᠢ ᠶᠢᠨ ᠳᠡᠭᠡᠷ᠎ᠡ ᠳᠤᠷᠠᠳᠤᠭᠰᠠᠨ ᠦᠢᠯᠡ ᠠᠵᠢᠯᠯᠠᠭ᠎ᠠ ᠨᠢ ᠨᠢᠭᠡᠨᠲᠡ《 ᠶᠡᠬᠡ ᠴᠡᠷᠢᠭ ᠦᠨ ᠵᠢᠭᠰᠠᠭᠠᠯ ᠰᠢᠯᠭᠠᠨ  ᠪᠠᠢᠴᠠᠭᠠᠯᠲᠠ 1949》  ᠳᠠᠩᠰᠠᠯᠠᠭᠤᠯᠤᠭᠰᠠᠨ ᠲᠠᠸᠠᠷ  ᠤᠨ ᠲᠡᠮᠳᠡᠭᠲᠦ ᠶᠢ ᠲᠤᠰᠬᠠᠶ ᠬᠡᠷᠡᠭᠯᠡᠬᠦ ᠡᠷᠬᠡ  ᠳᠤ ᠬᠠᠯᠳᠤᠵᠤ᠂ ᠬᠡᠷᠡᠭᠯᠡᠭᠴᠢᠳ ᠢ ᠬᠤᠳᠬᠤᠯᠳᠤᠭᠤᠯᠵᠤ ᠪᠠ ᠡ᠊ᠨᠳᠡᠭᠦᠷᠡᠭᠦᠯᠬᠦ ᠳᠦ  ᠬᠦᠷᠦᠭᠦᠯᠵᠦ᠂ 《 ᠲᠠᠸᠠᠷ ᠤᠨ ᠲᠡᠮᠳᠡᠭᠲᠦ ᠶᠢᠨ ᠬᠠᠤᠯᠢ》 ᠶᠢ ᠪᠠ ᠬᠣᠯᠪᠣᠭᠳᠠᠯ ᠪᠦᠬᠦᠢ ᠬᠠᠤᠯᠢ ᠴᠠᠭᠠᠵᠠ ᠶᠢᠨ ᠲᠠᠶᠢᠯᠪᠤᠷᠢᠯᠠᠯᠲᠠ ᠶᠢᠨ ᠲᠣᠭᠲᠠᠭᠠᠯ ᠢ ᠵᠥᠷᠢᠴᠡᠵᠦ᠂ ᠵᠠᠭᠠᠯᠳᠤᠭᠴᠢ ᠳᠤ ᠬᠦᠨᠳᠦ ᠶᠡᠬᠡ ᠬᠣᠬᠢᠷᠠᠯ ᠤᠴᠠᠷᠠᠭᠤᠯᠤᠭᠰᠠᠨ ᠪᠠᠢᠨ᠎ᠠ ᠃

ᠣᠳᠣᠬᠠᠨ ᠳᠤ ᠂ ᠲᠤᠰ ᠬᠡᠷᠡᠭ ᠢ ᠤᠯᠠᠮ ᠨᠢᠭᠡ ᠠᠯᠬᠤᠮ ᠰᠢᠭᠦᠨ ᠰᠢᠶᠳᠪᠦᠷᠢᠯᠡᠵᠦ ᠪᠠᠶᠢᠨ᠎ᠠ ᠃

ᠢᠷᠡᠯᠲᠡ ᠄ ᠪᠡᠭᠡᠵᠢᠩ ᠦᠨ ᠰᠢᠭᠦᠬᠦ ᠬᠣᠷᠢᠶᠠᠨ ᠤ ᠰᠦᠯᠵᠢᠶ᠎ᠡ

ᠦᠨᠡᠯᠡᠬᠦ 0ᠦᠨᠡᠯᠡᠯᠲᠡ ᠲᠠᠢ


( ᠨᠧᠲ ᠨᠠᠢᠵᠠ ᠵᠢᠨ ᠦᠨᠡᠯᠡᠯᠲᠡ ᠨᠢ ᠵᠦᠪᠭᠡᠨ ᠲᠡᠭᠦᠨ ᠊ᠤ᠌ ᠬᠤᠪᠢ ᠭᠦᠮᠦᠨ ᠊ᠤ᠌ ᠦᠵᠡᠯᠲᠡ ᠲᠡᠳᠦᠢ᠂ ᠲᠤᠰ ᠨᠧᠲ ᠦᠷᠳᠡᠭᠡ ᠲᠡᠭᠦᠨ ᠊ᠤ᠌ ᠦᠵᠡᠯᠲᠡ ᠵᠢ ᠵᠦᠪᠰᠢᠶᠡᠷᠡᠭᠰᠡᠨ ᠶᠠᠪᠤᠳᠠᠯ ᠤᠭᠳᠤ ᠪᠢᠰᠢ ᠶᠤᠮ᠃ )