5 ᠰᠠᠷ᠎ᠠ ᠳᠤ ᠨᠢᠭᠡ ᠪᠥᠯᠦᠭ ᠰᠢᠨ᠎ᠡ ᠬᠠᠤᠯᠢ ᠳᠦᠷᠢᠮ ᠢ ᠡᠬᠢᠯᠡᠨ ᠬᠡᠷᠡᠭᠵᠢᠭᠦᠯᠦᠨ᠎ᠡ᠄ ᠡᠵᠡᠷᠬᠡᠭ ᠴᠢᠨᠠᠷᠲᠠᠢ ᠳᠦᠷᠢᠮ ᠢ ᠣᠯᠵᠤ ᠮᠡᠳᠡᠪᠡᠯ ᠨᠡᠢᠲᠡ ᠶᠢᠨ ᠠᠰᠠᠷᠠᠮᠵᠢ ᠶᠢᠨ ᠵᠠᠭᠠᠯᠳᠤᠯᠭ᠎ᠠ ᠭᠠᠷᠭᠠᠵᠤ
2016.05.03 ᠲᠣᠰ ᠥᠷᠲᠡᠭᠡᠨ᠎ᠦ ᠨᠠᠢᠷᠠᠭᠤᠯᠤᠭᠴᠢ

5 ᠰᠠᠷ᠎ᠠ ᠳᠤ ᠨᠢᠭᠡ ᠪᠥᠯᠦᠭ ᠰᠢᠨ᠎ᠡ ᠬᠠᠤᠯᠢ ᠳᠦᠷᠢᠮ ᠢ ᠡᠬᠢᠯᠡᠨ ᠬᠡᠷᠡᠭᠵᠢᠭᠦᠯᠦᠨ᠎ᠡ᠄ ᠡᠵᠡᠷᠬᠡᠭ ᠴᠢᠨᠠᠷᠲᠠᠢ ᠳᠦᠷᠢᠮ ᠢ ᠣᠯᠵᠤ ᠮᠡᠳᠡᠪᠡᠯ ᠨᠡᠢᠲᠡ ᠶᠢᠨ ᠠᠰᠠᠷᠠᠮᠵᠢ ᠶᠢᠨ ᠵᠠᠭᠠᠯᠳᠤᠯᠭ᠎ᠠ ᠭᠠᠷᠭᠠᠵᠤ ᠪᠣᠯᠤᠨ᠎ᠠ

 

 

 ᠰᠢᠨᠬᠤᠸᠠ ᠰᠦᠯᠵᠢᠶᠡᠨ ᠦ ᠪᠡᠭᠡᠵᠢᠩ ᠦᠨ 4 ᠰᠠᠷ᠎ᠠ  ᠶᠢᠨ 30  ᠤ ᠡᠳᠦᠷ ᠦᠨ ᠮᠡᠳᠡᠭᠡ (ᠰᠤᠷᠪᠤᠯᠵᠢᠯᠠᠭᠴᠢ ᠯᠦ ᠵᠢᠶᠦ᠋ᠨ ᠢᠦᠢ) 5 ᠰᠠᠷ᠎ᠠ ᠶᠢᠨ 1  ᠦ ᠡᠳᠦᠷ ᠡᠴᠡ ᠡᠬᠢᠯᠡᠨ ᠂ ᠲᠥᠪ ᠡᠴᠡ ᠣᠷᠣᠨ ᠨᠤᠲᠤᠭ ᠬᠦᠷᠲᠡᠯ᠎ᠡ ᠂ ᠨᠢᠭᠡ ᠪᠥᠯᠦᠭ ᠰᠢᠨ᠎ᠡ ᠳᠦᠷᠢᠮ ᠲᠣᠭᠲᠠᠭᠠᠯ  ᠢ ᠡᠬᠢᠯᠡᠵᠦ ᠬᠡᠷᠡᠭᠵᠢᠭᠦᠯᠦᠨ᠎ᠡ ᠂ ᠡᠳᠡᠭᠡᠷ ᠰᠢᠨ᠎ᠡ ᠲᠣᠭᠲᠠᠭᠠᠯ ᠨᠢ ᠠᠷᠠᠳ ᠢᠷᠭᠡᠳ ᠦᠨ ᠠᠮᠢᠳᠤᠷᠠᠯ  ᠲᠠᠶ ᠨᠢᠭᠲᠠ ᠬᠣᠯᠪᠣᠭ᠎ᠠ  ᠲᠠᠶ ᠪᠠᠶᠢᠳᠠᠭ ᠃

ᠨᠡᠶᠢᠭᠡᠮ ᠦᠨ ᠪᠠᠲᠤᠯᠠᠭ᠎ᠠ ᠶᠢᠨ ᠰᠠᠭᠤᠷᠢ ᠮᠥᠩᠭᠥᠨ ᠦ ᠪᠡᠯᠡ ᠣᠷᠣᠭᠤᠯᠤᠯᠲᠠ ᠨᠢ ᠳᠦᠷᠢᠮ ᠲᠣᠭᠲᠠᠭᠠᠯ ᠶᠣᠰᠣᠭᠠᠷ ᠯᠠᠪᠳᠠᠭᠤᠨ ᠪᠣᠯᠭᠣᠮᠵᠢᠲᠠᠶ ᠪᠡᠯᠡ ᠮᠥᠩᠭᠥ ᠶᠢᠨ ᠵᠠᠬ᠎ᠠ ᠳᠡᠯᠭᠡᠭᠦᠷ ᠲᠦ ᠣᠷᠣᠬᠤ  ᠪᠣᠯᠤᠨ᠎ᠠ᠃

5 ᠰᠠᠷ᠎ᠠ ᠶᠢᠨ 1  ᠦ ᠡᠳᠦᠷ ᠡᠴᠡ ᠡᠬᠢᠯᠡᠨ ᠂ 《 ᠪᠦᠬᠦ ᠤᠯᠤᠰ ᠤᠨ ᠨᠡᠶᠢᠭᠡᠮ ᠦᠨ ᠪᠠᠲᠤᠯᠠᠭ᠎ᠠ  ᠶᠢᠨ ᠰᠠᠭᠤᠷᠢ ᠮᠥᠩᠭᠥ  ᠶᠢᠨ ᠳᠦᠷᠢᠮ 》  ᠢ ᠵᠢᠩᠬᠢᠨᠢ ᠪᠡᠷ ᠬᠡᠷᠡᠭᠵᠢᠭᠦᠯᠬᠦ ᠪᠣᠯᠤᠨ᠎ᠠ ᠃

ᠨᠡᠶᠢᠭᠡᠮ ᠦᠨ ᠳᠠᠭᠠᠳᠬᠠᠯ ᠤᠨ ᠰᠠᠭᠤᠷᠢ ᠮᠥᠩᠭᠥ  ᠲᠠᠢ ᠠᠳᠠᠯᠢ ᠦᠭᠡᠢ ᠨᠢ ᠂ ᠨᠡᠶᠢᠭᠡᠮ ᠦᠨ ᠪᠠᠲᠤᠯᠠᠭ᠎ᠠ ᠶᠢᠨ ᠰᠠᠭᠤᠷᠢ ᠮᠥᠩᠭᠥ ᠪᠣᠯ ᠤᠯᠤᠰ  ᠤᠨ ᠨᠡᠶᠢᠭᠡᠮ ᠦᠨ ᠪᠠᠲᠤᠯᠠᠭ᠎ᠠ ᠶᠢᠨ ᠨᠥᠭᠡᠴᠡ ᠶᠢᠨ ᠰᠠᠭᠤᠷᠢ ᠮᠥᠩᠭᠥ ᠪᠠᠢᠵᠤ᠂ ᠲᠥᠪ ᠦᠨ ᠡᠳ᠋ ᠦᠨ ᠵᠠᠰᠠᠭ ᠤᠨ ᠲᠥᠰᠦᠪ ᠡᠴᠡ ᠰᠢᠯᠵᠢᠭᠦᠯᠦᠨ  ᠥᠭᠴᠦ ᠂ ᠬᠥᠮᠦᠨ ᠠᠮᠠ ᠨᠠᠰᠤᠵᠢᠵᠤ ᠪᠠᠢᠭ᠎ᠠ ᠣᠷᠭᠢᠯ ᠤᠨ ᠦᠶ᠎ᠡ ᠳᠦ ᠨᠠᠰᠤᠵᠢᠯ ᠤᠨ ᠳᠠᠭᠠᠳᠬᠠᠯ ᠵᠡᠷᠭᠡ ᠨᠡᠶᠢᠭᠡᠮ ᠦᠨ ᠪᠠᠲᠤᠯᠠᠭ᠎ᠠ ᠶᠢᠨ ᠵᠠᠷᠤᠯᠭ᠎ᠠ ᠳᠤ ᠬᠡᠷᠡᠭᠯᠡᠵᠦ ᠨᠥᠬᠥᠪᠥᠷᠢᠯᠡᠬᠦ ᠪᠠ ᠲᠣᠬᠢᠷᠠᠭᠤᠯᠬᠤ ᠪᠣᠯᠤᠨ᠎ᠠ ᠃

ᠦᠷᠲᠡᠭ ᠢ ᠪᠠᠲᠤᠯᠠᠵᠤ ᠦᠷᠲᠡᠭ ᠢ ᠨᠡᠮᠡᠭᠳᠡᠭᠦᠯᠬᠦ ᠲᠠᠯ᠎ᠠ ᠪᠠᠷ ᠂ ᠳᠦᠷᠢᠮ  ᠳᠤ ᠰᠠᠭᠤᠷᠢ ᠮᠥᠩᠭᠥᠨ ᠦ ᠪᠡᠯᠡ ᠣᠷᠣᠭᠤᠯᠬᠤ ᠬᠡᠪᠴᠢᠶ᠎ᠡ ᠂ ᠲᠦᠷᠦᠯ ᠵᠦᠢᠯ ᠪᠠ ᠬᠠᠷᠢᠴᠠᠯ ᠂ ᠲᠣᠭᠲᠠᠮᠠᠯ ᠠᠰᠢᠭ ᠣᠷᠣᠯᠭᠠᠲᠦ ᠲᠦᠷᠦᠯ ᠢ ᠵᠦᠢ ᠵᠣᠬᠢᠰᠲᠠᠶ ᠲᠣᠬᠢᠷᠠᠭᠤᠯᠬᠤ᠂ ᠰᠲ᠋ᠣᠺ ᠤᠨ ᠲᠦᠷᠦᠯ ᠪᠠ ᠵᠠᠬ᠎ᠠ ᠳᠡᠯᠭᠡᠭᠦᠷ ᠲᠦ  ᠭᠠᠷᠤᠭᠠᠳᠤᠢ ᠰᠲ᠋ᠣᠺ ᠤᠨ ᠡᠷᠬᠡ  ᠶᠢᠨ ᠲᠦᠷᠦᠯ ᠵᠡᠷᠭᠡ ᠡᠳ᠋ ᠬᠦᠷᠦᠩᠭᠡ  ᠶᠢ ᠲᠣᠳᠤᠷᠬᠠᠢ ᠳᠤᠭᠲᠠᠭᠠᠪᠠ᠃ ᠠᠶᠤᠯ ᠦᠭᠡᠢ ᠴᠢᠨᠠᠷ ᠢ ᠪᠠᠲᠤᠯᠠᠭᠰᠠᠨ ᠵᠠᠷᠴᠢᠮ ᠤᠨ ᠲᠠᠯ᠎ᠠ ᠪᠠᠷ ᠠᠰᠢᠭ ᠣᠷᠣᠯᠭ᠎ᠠ ᠶᠢᠨ ᠴᠢᠨᠠᠷ ᠪᠣᠯᠤᠨ ᠤᠷᠳᠤ ᠬᠤᠭᠤᠴᠠᠭᠠᠲᠤ ᠴᠢᠨᠠᠷ ᠢ ᠪᠠᠲᠤᠯᠠᠵᠤ ᠂ ᠰᠠᠭᠤᠷᠢ ᠮᠥᠩᠭᠥ ᠶᠢᠨ ᠥᠷᠲᠡᠭ ᠢ ᠪᠠᠲᠤᠯᠠᠵᠤ ᠥᠷᠲᠡᠭ ᠢ ᠨᠡᠮᠡᠭᠳᠡᠭᠦᠯᠬᠦ ᠶᠢ ᠴᠢᠷᠮᠠᠶᠢᠨ ᠪᠡᠶᠡᠯᠡᠭᠦᠯᠵᠦ ᠂ ᠢᠷᠡᠭᠡᠳᠦᠶ ᠶᠢᠨ  ᠵᠠᠯᠠᠭᠤᠴᠤᠳ ᠤᠨ ᠨᠠᠰᠤᠲᠠᠶᠢᠴᠤᠳ  ᠢ ᠠᠴᠢᠯᠠᠨ ᠲᠡᠵᠢᠭᠡᠬᠦ ᠯᠤᠲᠤ ᠶᠡᠬᠡ ᠳᠠᠷᠤᠯᠲᠠ  ᠶᠢ ᠴᠢᠳᠠᠬᠤ ᠶᠢᠨ ᠳᠣᠲᠤᠷ᠎ᠠ ᠬᠥᠩᠬᠡᠭᠡᠷᠡᠭᠦᠯᠵᠦ ᠥᠭᠭᠦᠨ᠎ᠡ᠃

ᠠᠶᠤᠯ ᠲᠦᠭᠰᠢᠭᠦᠷᠢ ᠶᠢ ᠬᠢᠵᠠᠭᠠᠷᠯᠠᠬᠤ ᠲᠠᠯ᠎ᠠ ᠪᠠᠷ ᠳᠦᠷᠢᠮ ᠳᠤᠭᠲᠠᠭᠠᠯ ᠳᠤ ᠱᠠᠭᠠᠷᠳᠠᠭᠰᠠᠨ ᠨᠢ᠂ ᠰᠠᠭᠤᠷᠢ ᠮᠥᠩᠭᠥᠨ ᠦ ᠠᠶᠤᠯ ᠲᠦᠭᠰᠢᠭᠦᠷᠢ ᠶᠢᠨ ᠬᠠᠮᠢᠶᠠᠷᠤᠯᠲᠠ ᠪᠣᠯᠤᠨ ᠳᠣᠲᠣᠭᠠᠳᠤ ᠶᠢᠨ ᠬᠢᠵᠠᠭᠠᠷᠯᠠᠬᠤ ᠲᠦᠷᠢᠮ ᠢ ᠲᠡᠭᠦᠯᠳᠡᠷᠵᠢᠭᠦᠯᠬᠦ ᠬᠡᠷᠡᠭᠲᠡᠶ ᠂ ᠰᠠᠭᠤᠷᠢ ᠮᠥᠩᠭᠥᠨ ᠦ ᠡᠳ᠋  ᠬᠥᠷᠦᠩᠭᠡ ᠶᠢ ᠲᠣᠬᠢᠷᠠᠭᠤᠯᠬᠤ ᠲᠥᠯᠥᠪᠯᠡᠭᠡ ᠲᠣᠭᠲᠠᠭᠠᠬᠤ ᠂ ᠴᠢᠬᠤᠯᠠ ᠶᠡᠬᠡ ᠪᠡᠯᠡ ᠣᠷᠣᠭᠤᠯᠤᠯᠲᠠ ᠶᠢᠨ ᠵᠦᠢᠯᠡᠰ ᠢ ᠲᠣᠭᠲᠠᠭᠠᠬᠤ ᠦᠶ᠎ᠡ ᠳᠦ ᠂ ᠠᠶᠤᠯ ᠲᠦᠭᠰᠢᠭᠦᠷᠢ ᠶᠢ ᠦᠨᠡᠯᠡᠨ ᠵᠢᠱᠢᠬᠦ ᠬᠡᠷᠡᠭᠲᠡᠶ ᠪᠥᠭᠡᠳ ᠬᠠᠮᠲᠤ ᠪᠠᠷ ᠶᠠᠷᠢᠯᠴᠠᠨ ᠲᠣᠭᠲᠠᠭᠠᠬᠤ ᠬᠡᠷᠡᠭᠲᠡᠶ᠃ ᠡᠵᠡᠩᠨᠡᠯᠲᠡ ᠬᠠᠮᠢᠶᠠᠷᠤᠯᠲᠠ ᠶᠢᠨ ᠡᠯ᠎ᠡ ᠭᠣᠭᠴᠣᠭ᠎ᠠ ᠶᠢᠨ ᠠᠶᠤᠯ ᠲᠦᠭᠰᠢᠭᠦᠷᠢ ᠶᠢ ᠢᠯᠭᠠᠨ ᠲᠠᠨᠢᠬᠤ ᠂ ᠬᠡᠮᠵᠢᠬᠦ ᠂ ᠦᠨᠡᠯᠡᠨ ᠵᠢᠱᠢᠬᠦ ᠂ ᠬᠢᠨᠠᠨ ᠬᠡᠮᠵᠢᠬᠦ ᠪᠠ ᠠᠷᠭᠠᠴᠠᠬᠤ ᠂ ᠪᠦᠲᠦᠮᠵᠢᠲᠡᠶ ᠰᠡᠷᠭᠡᠶᠢᠯᠡᠬᠦ ᠪᠠ ᠠᠶᠤᠯ ᠲᠦᠭᠰᠢᠭᠦᠷᠢ ᠶᠢ ᠡᠵᠡᠮᠳᠡᠨ  ᠬᠢᠵᠠᠭᠠᠷᠯᠠᠵᠤ ᠂ ᠰᠠᠭᠤᠷᠢ ᠮᠥᠩᠭᠥᠨ ᠦ ᠠᠮᠤᠷ ᠲᠦᠪᠰᠢᠨ ᠢ ᠬᠠᠮᠠᠭᠠᠯᠠᠬᠤ  ᠬᠡᠷᠡᠭᠲᠠᠢ᠃

ᠬᠢᠨᠠᠯᠲᠠ ᠬᠠᠮᠢᠶᠠᠷᠤᠯᠲᠠ ᠶᠢ ᠴᠢᠩᠭᠠᠳᠬᠠᠬᠤ ᠲᠠᠯ᠎ᠠ ᠪᠠᠷ ᠂ ᠳᠦᠷᠢᠮ ᠲᠣᠭᠲᠠᠭᠠᠯ ᠳᠤ ᠱᠠᠭᠠᠷᠳᠠᠭᠰᠠ ᠨᠢ ᠂ ᠰᠠᠭᠤᠷᠢ ᠮᠥᠩᠭᠥ ᠶᠢᠨ ᠣᠷᠣᠯᠭ᠎ᠠ ᠵᠠᠷᠤᠯᠭ᠎ᠠ ᠂ ᠬᠠᠮᠢᠶᠠᠷᠤᠯᠲᠠ ᠪᠠ ᠪᠡᠯᠡ ᠣᠷᠣᠭᠤᠯᠵᠤ ᠡᠵᠡᠩᠨᠡᠭᠰᠡᠨ ᠪᠠᠶᠢᠳᠠᠯ ᠳᠤ ᠬᠢᠨᠠᠯᠲᠠ  ᠲᠠᠯᠪᠢᠬᠤ ᠪᠡᠷ ᠪᠠᠠᠷᠠᠬᠤ ᠦᠭᠡᠢ᠂ ᠪᠠᠰᠠ ᠪᠡᠯᠡ ᠣᠷᠣᠭᠤᠯᠤᠯᠲᠠ ᠶᠢ ᠬᠠᠮᠢᠶᠠᠷᠬᠤ ᠬᠥᠮᠦᠨ ᠂ ᠨᠠᠶᠢᠳᠠᠯᠭ᠎ᠠ ᠶᠢᠨ ᠬᠠᠮᠢᠶᠠᠷᠤᠭᠴᠢ ᠳᠤ ᠬᠢᠨᠠᠯᠲᠠ ᠲᠠᠯᠪᠢᠬᠤ  ᠪᠡᠷ ᠴᠢᠩᠭ᠋ᠠᠳᠬᠠᠬᠤ ᠬᠡᠷᠡᠭᠲᠠᠢ᠂ ᠡᠭᠦᠨ ᠦ ᠬᠠᠮᠲᠤ  ᠰᠦᠯᠵᠢᠶ᠎ᠡ ᠂ ᠰᠣᠨᠢᠨ ᠰᠡᠳᠭᠦᠯ ᠵᠡᠷᠭᠡ ᠶᠢ ᠠᠰᠢᠭᠯᠠᠵᠤ ᠨᠡᠶᠢᠭᠡᠮ ᠳᠦ ᠵᠢᠯ ᠪᠦᠷᠢ ᠰᠠᠭᠤᠷᠢ ᠮᠥᠩᠭᠥ ᠶᠢᠨ  ᠬᠣᠯᠪᠣᠭᠳᠠᠯ ᠪᠦᠬᠦᠢ ᠪᠠᠶᠢᠳᠠᠯ ᠢ ᠨᠡᠢᠲᠡᠯᠡᠵᠦ ᠂ ᠨᠡᠶᠢᠭᠡᠮ ᠦᠨ ᠬᠢᠨᠠᠯᠲᠠ ᠶᠢ ᠬᠦᠯᠢᠶᠡᠵᠦ ᠂ ᠠᠷᠠᠳ ᠤᠯᠠᠨ ᠢ ᠰᠠᠨᠠᠭ᠎ᠠ ᠠᠮᠤᠷ ᠪᠣᠯᠭᠠᠬᠤ ᠬᠡᠷᠡᠭᠲᠠᠢ ᠃

5 ᠰᠠᠷ᠎ᠠ  ᠡᠴᠡ ᠡᠬᠢᠯᠡᠨ ᠡᠵᠡᠩᠨᠡᠯᠲᠡ ᠶᠢᠨ ᠭᠠᠶᠢᠯᠢ ᠢ ᠥᠷᠲᠡᠭ ᠤᠨ ᠨᠡᠮᠡᠭᠳᠠᠯ ᠤᠨ ᠭᠠᠢᠯᠢ ᠪᠣᠯᠭᠠᠨ ᠥᠭᠡᠷᠡᠴᠢᠯᠡᠬᠦ ᠲᠤᠷᠰᠢᠯᠲᠠ ᠶᠢᠨ ᠴᠢᠭ᠌ ᠢ  ᠨᠡᠮᠡᠭᠳᠡᠭᠦᠯᠬᠦ ᠶᠢ ᠪᠥᠬᠦ ᠲᠠᠯ᠎ᠠ ᠪᠡᠷ ᠲᠦᠯᠬᠢᠨ ᠠᠬᠢᠭᠤᠯᠵᠤ ᠂ ᠠᠵᠤ ᠠᠬᠤᠶᠢᠯᠠᠯ ᠤᠨ ᠳᠠᠷᠤᠭᠠᠰᠤ  ᠶᠢ 23 ᠳ᠋ᠦᠩᠰᠢᠭᠤᠷ ᠲᠥᠭᠥᠷᠢᠭ ᠬᠥᠩᠭᠡᠯᠡᠬᠦ ᠪᠡᠷ ᠵᠢᠰᠢᠵᠦ  ᠪᠠᠶᠢᠨ᠎ᠠ ᠃

5 ᠰᠠᠷ᠎ᠠ ᠶᠢᠨ 1  ᠦ ᠡᠳᠦᠷ ᠂ ᠡᠵᠡᠩᠨᠡᠯᠲᠡ  ᠶᠢᠨ ᠭᠠᠶᠢᠯᠢ  ᠢ ᠨᠡᠮᠡᠭᠳᠡᠯ  ᠥᠷᠲᠡᠭ ᠦᠨ ᠭᠠᠶᠢᠯᠢ ᠪᠣᠯᠭᠠᠨ ᠥᠭᠡᠷᠡᠴᠢᠯᠡᠬᠦ ᠭᠡᠳ ᠪᠦᠬᠦ ᠲᠠᠯ᠎ᠠ ᠪᠠᠷ ᠲᠦᠯᠬᠢᠨ ᠤᠷᠤᠭᠰᠢᠯᠠᠭᠤᠯᠬᠤ ᠬᠡᠷᠡᠭᠲᠡᠶ ᠃ ᠡᠨᠡ ᠵᠢᠯ ᠦᠨ ᠵᠠᠰᠠᠭ ᠤᠨ ᠣᠷᠳᠣᠨ ᠤ ᠠᠵᠢᠯ ᠤᠨ ᠢᠯᠡᠳᠬᠡᠯ ᠢ ᠦᠨᠳᠦᠰᠦᠯᠡᠨ ᠂ ᠡᠵᠡᠩᠨᠡᠯᠲᠡ  ᠶᠢᠨ ᠭᠠᠶᠢᠯᠢ  ᠢ ᠥᠷᠲᠡᠭ ᠤᠨ ᠨᠡᠮᠡᠭᠳᠠᠯ ᠤᠨ ᠭᠠᠢᠯᠢ ᠪᠣᠯᠭᠠᠨ ᠥᠭᠡᠷᠡᠴᠢᠯᠡᠬᠦ  ᠲᠤᠷᠰᠢᠯᠲᠠ ᠬᠢᠬᠦ ᠬᠡᠪᠴᠢᠶ᠎ᠡ ᠪᠡᠨ ᠪᠠᠷᠢᠯᠭ᠎ᠠ ᠶᠢᠨ ᠦᠢᠯᠡᠰ ᠂ ᠭᠡᠷ ᠪᠠᠶᠢᠰᠢᠩ ᠭᠠᠵᠠᠷ ᠬᠦᠷᠦᠩᠭᠡ ᠶᠢᠨ ᠦᠢᠯᠡᠰ ᠂ ᠮᠥᠩᠭᠥᠨ ᠭᠦᠢᠯᠭᠡᠭᠡᠨ ᠦ ᠦᠢᠯᠡᠰ ᠂ ᠠᠮᠢᠳᠤᠷᠠᠯ ᠤᠨ ᠦᠢᠯᠡᠴᠢᠯᠡᠭᠡᠨ ᠦ ᠦᠢᠯᠡᠰ  ᠬᠦᠷᠲᠡᠯ᠎ᠡ ᠥᠷᠭᠡᠳᠬᠡᠬᠦ ᠪᠥᠭᠡᠳ ᠪᠤᠢ ᠪᠦᠬᠦᠢ ᠠᠵᠤ ᠠᠬᠤᠶᠢᠯᠠᠯ ᠤᠨ ᠰᠢᠨ᠎ᠡ ᠪᠡᠷ ᠨᠡᠮᠡᠭᠳᠡᠭᠰᠡᠨ ᠲᠣᠭᠲᠠᠮᠠᠯ ᠬᠦᠷᠦᠩᠭᠡ  ᠶᠢᠨ ᠠᠭᠤᠯᠤᠭᠰᠠᠨ ᠦᠷᠳᠡᠭ ᠨᠡᠮᠡᠭᠳᠡᠯ ᠦᠨ ᠭᠠᠶᠢᠯᠢ  ᠢ ᠲᠤᠯᠭᠠᠨ  ᠰᠠᠭᠤᠯᠭᠠᠬᠤ ᠬᠡᠪᠴᠢᠶᠡᠨ ᠳᠦ ᠣᠷᠣᠭᠤᠯᠵᠤ ᠂ ᠪᠤᠢ ᠪᠦᠬᠦᠢ ᠠᠵᠢᠯ ᠲᠥᠷᠥᠯ ᠦᠨ ᠭᠠᠶᠢᠯᠢ  ᠶᠢᠨ ᠡᠭᠦᠷᠭᠡᠯᠡᠯ  ᠢ ᠪᠠᠭᠠᠰᠬᠠᠬᠤ  ᠠᠴᠠ ᠪᠢᠰᠢ ᠨᠡᠮᠡᠭᠳᠡᠭᠦᠯᠬᠦ ᠦᠭᠡᠶ ᠪᠠᠢᠬᠤ ᠶᠢ ᠦᠨᠡᠨᠬᠦ ᠪᠠᠲᠤᠯᠠᠬᠤ ᠬᠡᠷᠡᠭᠲᠠᠢ ᠃

ᠲᠠᠨᠢᠯᠴᠠᠭᠤᠯᠵᠤ ᠵᠣᠬᠢᠶᠠᠨ ᠪᠠᠢᠭᠤᠯᠤᠨ ᠵᠢᠷᠮᠦᠰᠦᠨ ᠡᠮᠡᠭᠲᠡᠶ  ᠳᠤ ᠬᠠᠤᠯᠢ ᠪᠤᠰᠤ ᠪᠠᠷ ᠬᠡᠪᠡᠯᠢ ᠳᠡᠬᠢ ᠬᠡᠦᠬᠡᠳ ᠦᠨ ᠬᠦᠢᠰᠦᠠ ᠦ ᠢᠯᠭᠠᠯ ᠤᠨ ᠲᠤᠬᠠᠶ ᠰᠢᠯᠭᠠᠨ ᠲᠣᠭᠲᠠᠭᠠᠬᠤ ᠳᠤ ᠬᠠᠮᠤᠭ ᠤᠨ  ᠥᠨᠳᠦᠷ  ᠲᠤ ᠪᠡᠨ3 ᠲᠦᠮᠡᠨ ᠲᠥᠭᠥᠷᠢᠭ  ᠢᠶᠡᠷ ᠲᠤᠷᠭᠤᠭᠠᠨ᠎ᠠ᠃

5 ᠰᠠᠷ᠎ᠠ ᠶᠢᠨ 1  ᠦ ᠡᠳᠦᠷ ᠂ ᠰᠢᠨ᠎ᠡ ᠪᠡᠷ ᠵᠠᠰᠠᠪᠤᠷᠢ ᠣᠷᠣᠭᠤᠯᠤᠭᠰᠠᠨ 《 ᠠᠨᠠᠭᠠᠬᠤ ᠤᠬᠠᠭᠠᠨ ᠤ ᠬᠡᠷᠡᠭᠴᠡᠭᠡᠨ ᠦ ᠪᠤᠰᠤ ᠬᠡᠪᠡᠯᠢ ᠳᠡᠬᠢ ᠬᠡᠦᠬᠡᠳ  ᠤᠨ ᠬᠦᠢᠰᠦ  ᠶᠢ ᠰᠢᠯᠭᠠᠨ ᠲᠤᠳᠤᠯᠠᠬᠤ ᠪᠠ ᠬᠦᠢᠰᠦ ᠰᠣᠩᠭᠤᠵᠤ ᠬᠥᠮᠦᠨ ᠤ ᠬᠦᠴᠦ ᠪᠡᠷ ᠵᠢᠷᠮᠦᠰᠦᠯᠡᠬᠦ ᠶᠢ ᠵᠣᠭᠰᠣᠭᠠᠬᠤ ᠶᠢ ᠡᠷᠡᠰ ᠬᠣᠷᠢᠭᠯᠠᠬᠤ ᠲᠣᠭᠲᠠᠭᠠᠯ 》  ᠢ( ᠳᠣᠷᠣᠭᠰᠢ 《 ᠲᠣᠭᠲᠠᠭᠠᠯ 》 ᠭᠡᠵᠦ ᠲᠣᠪᠴᠢᠯᠠᠨ᠎ᠠ ) ᠵᠢᠩᠬᠢᠨᠢ ᠪᠡᠷ ᠬᠡᠷᠡᠭᠵᠢᠭᠦᠯᠬᠦ ᠪᠣᠯᠤᠨ᠎ᠠ ᠃ ᠰᠢᠨ᠎ᠡ  ᠳᠦᠷᠢᠮ ᠨᠢ ᠬᠣᠯᠪᠣᠭᠳᠠᠯ ᠪᠦᠬᠦᠢ ᠡᠮ ᠡᠮᠨᠡᠯᠭᠡ ᠶᠢᠨ ᠵᠠᠷ  ᠂ ᠡᠮᠴᠢᠯᠡᠭᠡᠨ ᠦ ᠪᠠᠭᠠᠵᠢ ᠬᠡᠷᠡᠭᠯᠡᠭᠦᠷ ᠪᠠ ᠡᠮ  ᠤᠨ ᠵᠦᠢᠯ  ᠤᠨ ᠬᠢᠨᠠᠨ ᠬᠠᠮᠢᠶᠠᠷᠬᠤ ᠪᠠᠶᠢᠭᠤᠯᠤᠯ ᠢ ᠬᠠᠮᠤᠷᠤᠭᠰᠠᠨ ᠳᠤᠭᠲᠠᠭᠠᠯ ᠵᠢᠴᠢ ᠱᠠᠩᠨᠠᠯ ᠲᠠᠶ ᠢᠯᠡᠴᠢᠯᠡᠨ ᠮᠡᠳᠡᠭᠦᠯᠬᠦ ᠳᠤᠭᠲᠠᠭᠠᠯ ᠢ ᠪᠠᠢᠭᠤᠯᠪᠠ ᠃

ᠰᠢᠨ᠎ᠡ ᠳᠦᠷᠢᠮ  ᠱᠠᠭᠠᠷᠲᠠᠭᠰᠠᠨ ᠨᠢ᠂ ᠶᠠᠮᠠᠷᠪᠠ ᠨᠢᠭᠡᠴᠢ ᠪᠤᠶᠤ ᠬᠤᠪᠢ ᠬᠥᠮᠦᠨ ᠠᠨᠠᠭᠠᠬᠤ ᠤᠬᠠᠭᠠᠨ ᠤ ᠬᠡᠷᠡᠭᠴᠡᠭᠡᠨ ᠦ ᠪᠤᠰᠤ ᠪᠡᠷ ᠬᠡᠪᠡᠯᠢ ᠳᠡᠬᠢ ᠬᠡᠦᠬᠡᠳ  ᠤᠨ ᠬᠦᠢᠰᠦ  ᠶᠢ ᠰᠢᠯᠭᠠᠨ ᠲᠤᠳᠤᠯᠠᠬᠤ ᠪᠠ ᠬᠦᠢᠰᠦ  ᠰᠣᠩᠭᠤᠵᠤ ᠬᠥᠮᠦᠨ  ᠤ ᠬᠦᠴᠦ ᠪᠡᠷ ᠵᠢᠷᠮᠦᠰᠦᠯᠡᠬᠦ ᠶᠢ ᠵᠣᠭᠰᠣᠭᠠᠬᠤ  ᠶᠢ ᠡᠷᠡᠰ ᠬᠤᠷᠢᠭᠯᠠᠨ᠎ᠠ᠃

ᠡᠭᠦᠨ ᠡᠴᠡ ᠭᠠᠳᠠᠨ᠎ᠠ ᠂ 《 ᠲᠣᠭᠲᠠᠭᠠᠯ 》  ᠳᠤ ᠪᠠᠰᠠ《 ᠶᠠᠮᠠᠷᠪᠠ ᠨᠢᠭᠡᠴᠢ ᠪᠤᠶᠤ ᠬᠤᠪᠢ ᠬᠥᠮᠦᠨ ᠠᠨᠠᠭᠠᠬᠤ ᠤᠬᠠᠭᠠᠨ ᠤ ᠬᠡᠷᠡᠭᠴᠡᠭᠡᠨ ᠦ ᠪᠤᠰᠤ ᠵᠢᠷᠮᠦᠰᠦᠨ ᠡᠮᠡᠭᠲᠡᠶ  ᠶᠢᠨ ᠬᠡᠪᠡᠯᠢ ᠳᠡᠬᠢ ᠬᠡᠦᠬᠡᠳ  ᠤᠨ ᠬᠦᠢᠰᠦ  ᠶᠢ ᠰᠢᠯᠭᠠᠨ ᠲᠤᠳᠤᠯᠠᠬᠤ ᠪᠠ ᠬᠦᠢᠰᠦ  ᠰᠣᠩᠭᠤᠵᠤ ᠬᠥᠮᠦᠨ ᠤ ᠬᠦᠴᠦ ᠪᠡᠷ ᠵᠢᠷᠮᠦᠰᠦᠯᠡᠬᠦ ᠶᠢ ᠵᠣᠭᠰᠣᠭᠠᠬᠤ ᠶᠢ ᠲᠠᠨᠢᠯᠴᠠᠭᠤᠯᠬᠤ ᠪᠠ ᠵᠣᠬᠢᠶᠠᠨ ᠪᠠᠢᠭᠤᠯᠬᠤ ᠶᠢ ᠡᠷᠡᠰ ᠬᠤᠷᠢᠭᠯᠠᠨ᠎ᠠ 》 ᠭᠡᠵᠦ ᠲᠣᠳᠤᠷᠬᠠᠢᠯᠠᠪᠠ ᠃

ᠲᠠᠸᠠᠷ ᠤᠨ ᠶᠠᠰᠤ ᠴᠢᠨᠠᠷ  ᠤᠨ ᠬᠢᠨᠠᠯᠲᠠ ᠬᠠᠮᠢᠶᠠᠷᠤᠯᠲᠠ  ᠄ ᠪᠣᠳᠠᠲᠤ ᠴᠣᠭᠴᠠ ᠪᠦᠬᠦᠢ ᠳᠡᠯᠭᠡᠭᠦᠷ  ᠲᠤ ᠬᠠᠭᠤᠷᠮᠠᠭ ᠡᠳ᠋ ᠪᠣᠷᠤᠯᠠᠭᠤᠯᠬᠤ ᠶᠢ ᠬᠠᠮᠢᠶᠠᠷᠴᠤ ᠲᠣᠣᠷ ᠰᠦᠯᠵᠢᠶ᠎ᠡ ᠪᠡᠷ ᠬᠠᠭᠤᠷᠮᠠᠭ  ᠡᠳ᠋ ᠪᠣᠷᠣᠯᠠᠭᠤᠯᠬᠤ ᠶᠢ ᠨᠡᠩ ᠴᠤ ᠬᠠᠮᠢᠶᠠᠷᠬᠤ ᠬᠡᠷᠡᠭᠲᠡᠶ ᠃

ᠤᠯᠤᠰ ᠤᠨ ᠦᠢᠯᠡᠳᠪᠦᠷᠢ ᠬᠤᠳᠠᠯᠳᠤᠭᠠᠨ ᠤ ᠶᠡᠷᠦᠩᠬᠡᠶ ᠲᠣᠪᠴᠢᠶ᠎ᠠ ᠣᠶᠢᠷ᠎ᠠ ᠳᠤ ᠨᠡᠶᠢᠲᠡᠯᠡᠭᠰᠡᠨ 《 ᠭᠦᠢᠯᠭᠡᠭᠡᠨ ᠦ ᠬᠦᠷᠢᠶᠡᠨ ᠳᠦ ᠲᠠᠸᠠᠷ ᠤᠨ ᠶᠠᠰᠤ ᠴᠢᠨᠠᠷ ᠲᠤ ᠬᠢᠨᠠᠯᠲᠠ ᠲᠠᠯᠪᠢᠬᠤ ᠬᠠᠮᠢᠶᠠᠷᠤᠯᠲᠠ  ᠶᠢᠨ ᠠᠷᠭ᠎ᠠ 》 ᠶᠢ ( ᠳᠣᠷᠣᠭᠰᠢ 《 ᠬᠢᠨᠠᠨ ᠬᠠᠮᠢᠶᠠᠷᠬᠤ ᠠᠷᠭ᠎ᠠ 》 ᠭᠡᠵᠦ ᠲᠣᠪᠴᠢᠯᠠᠨ᠎ᠠ ) 5 ᠰᠠᠷ᠎ᠠ  ᠶᠢᠨ 1  ᠦ ᠡᠳᠦᠷ ᠡᠴᠡ ᠡᠬᠢᠯᠡᠵᠦ ᠬᠡᠷᠡᠭᠵᠢᠭᠦᠯᠦᠨ᠎ᠡ ᠄

  • ᠰᠦᠯᠵᠢᠶᠡᠨ ᠳᠡᠭᠡᠷ᠎ᠡ ᠪᠠ ᠰᠦᠯᠵᠢᠶᠡᠨ ᠳᠣᠣᠷ᠎ᠠ ᠲᠠᠸᠠᠷ ᠳᠠᠮᠵᠢᠭᠤᠯᠤᠨ ᠬᠠᠩᠭᠠᠬᠤ  ᠶᠢ ᠨᠢᠭᠡᠳᠦᠯᠲᠡᠶ ᠪᠡᠷ ᠭᠦᠢᠯᠭᠡᠭᠡᠨ ᠦ ᠬᠦᠷᠢᠶᠡᠨ  ᠤ ᠲᠠᠸᠠᠷ ᠤᠨ ᠶᠠᠰᠤ ᠴᠢᠨᠠᠷ ᠢ ᠬᠢᠨᠠᠵᠤ ᠬᠠᠮᠢᠶᠠᠷᠬᠤ ᠬᠡᠪᠴᠢᠶ᠎ᠡ ᠳᠤ ᠤᠷᠤᠭᠤᠯᠤᠨ᠎ᠠ᠃
  • ᠰᠦᠯᠵᠢᠶᠡᠨ ᠳᠡᠭᠡᠷ᠎ᠡ ᠪᠠ ᠰᠦᠯᠵᠢᠶᠡᠨ ᠳᠣᠣᠷ᠎ᠠ ᠲᠠᠸᠠᠷ ᠤᠨ ᠶᠠᠰᠤ ᠴᠢᠨᠠᠷ  ᠢ ᠰᠤᠭᠤᠴᠠᠨ  ᠪᠠᠢᠴᠠᠭᠠᠵᠤ᠂  ᠰᠤᠭᠤᠴᠠᠨ ᠪᠠᠶᠢᠴᠠᠭᠠᠭᠰᠠᠨ ᠳ᠋ᠦᠩ  ᠢ ᠪᠠᠰᠠ ᠰᠦᠯᠵᠢᠶᠡᠨ ᠳᠡᠭᠡᠷ᠎ᠡ ᠪᠠ ᠰᠦᠯᠵᠢᠶᠡᠨ ᠳᠣᠣᠷ᠎ᠠ ᠬᠠᠮᠲᠤ ᠪᠠᠷ ᠬᠡᠷᠡᠭᠯᠡᠨ᠎ᠡ᠃
  • ᠲᠠᠪᠴᠠᠩ ᠡᠵᠡᠩᠨᠡᠭᠴᠢ ᠶᠢᠨ ᠬᠠᠷᠢᠭᠤᠴᠠᠯᠭ᠎ᠠ ᠪᠠ ᠡᠭᠦᠷᠭᠡ ᠂ ᠵᠢᠴᠢ ᠲᠡᠭᠦᠨ ᠳᠦ ᠣᠯᠭᠣᠬᠤ ᠰᠢᠳᠬᠡᠯ ᠦᠨ ᠲᠤᠬᠠᠶ ᠠᠷᠭ᠎ᠠ ᠬᠡᠮᠵᠢᠶ᠎ᠡ ᠶᠢ ᠲᠣᠳᠤᠷᠬᠠᠢ ᠢᠯᠡᠷᠬᠡᠢᠯᠡᠭᠰᠡᠨ ᠪᠥᠭᠡᠳ ᠠᠩᠬ᠎ᠠ ᠤᠳᠠᠭ᠎ᠠ ᠨᠠᠵᠠᠭᠠᠶ ᠲᠠᠯ᠎ᠠ   ᠡᠴᠡ ᠳᠠᠩᠰᠠ ᠶᠢ ᠲᠣᠳᠤᠷᠬᠠᠢᠯᠠᠬᠤ  ᠬᠡᠯᠪᠡᠷᠢ  ᠪᠡᠷ᠂ ᠡᠵᠡᠩᠨᠡᠭᠴᠢ ᠶᠢᠨ ᠪᠣᠷᠣᠯᠠᠭᠤᠯᠬᠤ  ᠶᠢ ᠴᠠᠭᠠᠵᠠᠯᠠᠬᠤ ᠵᠢᠷᠭᠤᠭᠠᠨ ᠲᠥᠷᠥᠯ  ᠲᠠᠸᠠᠷ ᠢ ᠲᠣᠳᠤᠷᠬᠠᠢ ᠵᠢᠭᠰᠠᠭᠠᠪᠠ᠃                       

ᠠᠷᠠᠳ ᠤᠨ ᠳᠡᠭᠡᠳᠦ ᠵᠡᠷᠭᠡ ᠶᠢᠨ ᠰᠢᠭᠦᠬᠦ  ᠬᠣᠷᠢᠶᠠᠨ ᠤ ᠬᠠᠤᠯᠢ ᠴᠠᠭᠠᠵᠠ ᠶᠢᠨ ᠲᠠᠶᠢᠯᠪᠤᠷᠢᠯᠠᠯᠲᠠ ᠄ ᠡᠵᠡᠷᠬᠡᠭ ᠵᠤᠷᠪᠤᠰ ᠢ ᠣᠯᠵᠤ ᠮᠡᠳᠡᠪᠡᠯ ᠬᠡᠷᠡᠭᠯᠡᠭᠴᠢᠳ ᠦᠨ ᠨᠡᠶᠢᠭᠡᠮᠯᠢᠭ ᠡᠴᠡ ᠨᠡᠶᠢᠲᠡ ᠶᠢᠨ ᠠᠰᠠᠷᠠᠮᠵᠢ ᠶᠢᠨ ᠵᠠᠭᠠᠯᠳᠤᠯᠭ᠎ᠠ ᠭᠠᠷᠭᠠᠵᠤ ᠪᠣᠯᠤᠨ᠎ᠠ

 

ᠠᠷᠠᠳ ᠤᠨ ᠳᠡᠭᠡᠳᠦ ᠵᠡᠷᠭᠡ  ᠶᠢᠨ ᠰᠢᠭᠦᠬᠦ ᠬᠣᠷᠢᠶᠠᠨ ᠤ 25  ᠤ ᠡᠳᠦᠷ ᠨᠡᠶᠢᠲᠡᠯᠡᠭᠰᠡᠨ 《 ᠬᠡᠷᠡᠭᠯᠡᠭᠡᠨ ᠦ ᠢᠷᠭᠡᠨ ᠦ ᠬᠡᠷᠡᠭ ᠦᠨ ᠨᠡᠶᠢᠲᠡ ᠶᠢᠨ ᠠᠰᠠᠷᠠᠮᠵᠢ ᠶᠢᠨ ᠵᠠᠷᠭᠤᠯᠳᠤᠭᠠᠨ ᠤ ᠬᠡᠷᠡᠭ ᠢ ᠰᠢᠭᠦᠬᠦ ᠳᠦ ᠬᠠᠤᠯᠢ ᠴᠠᠭᠠᠵᠠ ᠶᠢ ᠬᠡᠷᠡᠭᠯᠡᠬᠦ ᠠᠰᠠᠭᠤᠳᠠᠯ ᠤᠳ ᠤᠨ ᠲᠤᠬᠠᠶ ᠲᠠᠶᠢᠯᠪᠤᠷᠢᠯᠠᠯᠲᠠ 》  ᠶᠢ  ᠨᠡᠢᠲᠡᠯᠡᠪᠡ ᠂ ᠲᠤᠰ ᠬᠠᠤᠯᠢ ᠴᠠᠭᠠᠵᠠ ᠶᠢᠨ ᠲᠠᠶᠢᠯᠪᠤᠷᠢᠯᠠᠯᠲᠠ  ᠶᠢ2016 ᠤᠨ ᠤ5 ᠰᠠᠷ᠎ᠠ ᠶᠢᠨ1 ᠡᠳᠦᠷ ᠡᠴᠡ ᠡᠬᠢᠯᠡᠵᠦ ᠬᠡᠷᠡᠭᠵᠢᠭᠦᠯᠦᠨ᠎ᠡ ᠃

ᠣᠳᠣᠬᠠᠨ ᠳᠤ ᠮᠠᠨ ᠤ ᠤᠯᠤᠰ  ᠤᠨ ᠬᠡᠷᠡᠭᠯᠡᠭᠴᠢᠳ ᠤᠨ ᠵᠠᠭᠤᠷᠠᠯᠳᠤᠭᠠᠨ ᠳᠤ ᠡᠵᠡᠩᠨᠡᠭᠴᠢᠳ ᠪᠣᠯᠤᠨ ᠬᠡᠷᠡᠭᠯᠡᠭᠴᠢᠳ ᠦᠨ ᠮᠡᠳᠡᠭᠡ ᠵᠠᠩᠭᠢ ᠲᠡᠭᠰᠢ ᠭᠡᠮ ᠢᠶᠡᠨ ᠠᠯᠳᠠᠬᠤ ᠂ ᠡᠷᠬᠡ ᠪᠡᠨ ᠬᠠᠮᠠᠭᠠᠯᠠᠬᠤ ᠥᠪᠡᠷ ᠦᠨ ᠥᠷᠲᠡᠭ ᠥᠨᠳᠥᠷ ᠪᠠᠶᠢᠭ᠎ᠠ ᠣᠳᠣᠬᠢ ᠪᠠᠶᠢᠳᠠᠯ ᠳᠤ ᠬᠠᠨᠳᠤᠭᠤᠯᠵᠤ ᠲᠤᠰ ᠬᠠᠤᠯᠢ ᠶᠢᠨ ᠲᠠᠢᠯᠪᠤᠷᠢᠯᠠᠯᠲᠠ ᠳᠤ ᠢᠷᠭᠡᠨ ᠦ ᠬᠡᠷᠡᠭ ᠦᠨ ᠨᠡᠶᠢᠲᠡ ᠶᠢᠨ ᠠᠰᠠᠷᠠᠮᠵᠢ ᠶᠢᠨ ᠵᠠᠷᠭᠤ ᠶᠢᠨ ᠵᠠᠭᠠᠯᠳᠤᠭᠴᠢ ᠶᠢᠨ ᠬᠢᠷᠢ ᠬᠡᠮ  ᠂ ᠬᠡᠷᠡᠭᠯᠡᠬᠦ ᠬᠡᠪᠴᠢᠶ᠎ᠡ ᠵᠡᠷᠭᠡ ᠠᠰᠠᠭᠤᠳᠠᠯ ᠤᠨ ᠲᠤᠬᠠᠶ ᠲᠣᠳᠤᠷᠬᠠᠢᠯᠠᠵᠤ ᠂ ᠬᠡᠷᠡᠭᠯᠡᠭᠴᠢᠳ ᠤᠨ ᠢᠷᠭᠡᠨ ᠦ ᠬᠡᠷᠡᠭ ᠦᠨ ᠨᠡᠶᠢᠲᠡ ᠶᠢᠨ ᠠᠰᠠᠷᠠᠮᠵᠢ ᠶᠢᠨ ᠵᠠᠷᠭᠤ ᠶᠢᠨ ᠲᠦᠷᠢᠮ  ᠢ ᠪᠠᠶᠢᠭᠤᠯᠬᠤ ᠂ ᠬᠡᠷᠡᠭᠯᠡᠭᠴᠢᠳ ᠦᠨ ᠬᠠᠤᠯᠢ ᠶᠣᠰᠣᠨ ᠤ ᠡᠷᠬᠡ ᠠᠰᠢᠭ ᠢ  ᠬᠠᠮᠠᠭᠠᠯᠠᠪᠠ ᠃

5 ᠰᠠᠷ᠎ᠠ  ᠶᠢᠨ 1   ᠠᠴᠠ ᠡᠬᠢᠯᠡᠨ ᠣᠷᠣᠨ ᠰᠠᠭᠤᠴᠠ ᠶᠢᠨ ᠬᠤᠷᠠᠮᠳᠤᠯ ᠮᠥᠩᠭᠥ ᠶᠢᠨ ᠲᠤᠰᠢᠶᠠᠨ ᠬᠠᠳᠠᠭᠠᠯᠠᠬᠤ ᠬᠠᠷᠢᠴᠠᠯ ᠢ 12 %  ᠠᠴᠠ ᠬᠡᠲᠦᠷᠡᠭᠦᠯᠵᠦ ᠪᠣᠯᠬᠤ

ᠬᠣᠲᠠ ᠬᠥᠳᠡᠭᠡ  ᠶᠢᠨ ᠪᠦᠲᠦᠭᠡᠨ ᠪᠠᠶᠢᠭᠤᠯᠤᠯᠲᠠ  ᠶᠢᠨ ᠶᠠᠮᠤᠨ ᠤ ᠳᠡᠳ᠋ ᠰᠠᠶᠢᠳ ᠯᠦ ᠺᠧ ᠬᠤᠸᠠ 15  ᠤ ᠡᠳᠦᠷ ᠲᠥᠷᠥ  ᠶᠢᠨ ᠶᠠᠪᠤᠳᠠᠯ ᠤᠨ ᠬᠣᠷᠢᠶᠠᠨ ᠤ ᠰᠣᠨᠢᠨ ᠮᠡᠳᠡᠭᠡᠨ ᠦ ᠠᠯᠪᠠᠨ ᠭᠡᠷ ᠲᠤ ᠵᠤᠷᠷᠰᠢᠯ ᠶᠣᠰᠣᠭᠠᠷ ᠰᠠᠨᠠᠭᠤᠯᠬᠤ ᠰᠣᠨᠢᠨ ᠮᠡᠳᠡᠭᠡ ᠨᠡᠶᠢᠲᠡᠯᠡᠬᠦ ᠬᠤᠷᠠᠯ ᠳᠡᠭᠡᠷ᠎ᠡ ᠬᠡᠯᠡᠭᠰᠡᠨ ᠨᠢ ᠂ ᠮᠠᠨ ᠤ ᠤᠯᠤᠰ ᠡᠨᠡ ᠵᠢᠯ ᠤᠨ 5 ᠰᠠᠷ᠎ᠠ ᠡᠴᠡ ᠡᠬᠢᠯᠡᠨ ᠱᠠᠳᠤ ᠦᠢ᠎ᠡ ᠶᠢᠨ ᠴᠢᠨᠠᠷᠲᠠᠶ ᠣᠷᠣᠨ ᠰᠠᠭᠤᠴᠠ ᠶᠢᠨ ᠬᠤᠷᠠᠮᠳᠤᠯ ᠮᠥᠩᠭᠥ ᠶᠢᠨ ᠲᠤᠰᠢᠶᠠᠨ ᠬᠠᠳᠠᠭᠠᠯᠠᠬᠤ ᠬᠠᠷᠢᠴᠠᠯ ᠢ ᠪᠠᠭᠤᠷᠠᠭᠤᠯᠵᠤ ᠂ ᠲᠤᠰᠢᠶᠠᠨ ᠬᠠᠳᠠᠭᠠᠯᠠᠬᠤ ᠬᠠᠷᠢᠴᠠᠯ ᠨᠢ 12 % ᠡᠴᠡ ᠥᠨᠳᠦᠷ ᠨᠢ ᠴᠥᠮ  ᠵᠢᠷᠤᠮᠵᠢᠭᠤᠯᠤᠨ ᠲᠣᠬᠢᠷᠠᠭᠤᠯᠵᠤ ᠂ 12 %  ᠡᠴᠡ ᠳᠠᠪᠠᠵᠤ ᠪᠣᠯᠬᠤ ᠦᠭᠡᠢ ᠃ ᠲᠤᠰ ᠲᠥᠷᠥ ᠶᠢᠨ ᠪᠣᠳᠣᠯᠭ᠎ᠠ ᠲᠦᠷ ᠬᠣᠶᠠᠷ ᠵᠢᠯ ᠵᠠᠷᠤᠴᠠᠭᠤᠯᠤᠨ ᠭᠦᠢᠴᠡᠳᠬᠡᠨ᠎ᠡ ᠃

ᠵᠠᠰᠠᠪᠤᠷᠢ ᠣᠷᠣᠭᠤᠯᠤᠭᠰᠠᠨ ᠤ ᠳᠠᠷᠠᠭᠠᠬᠢ 《 ᠪᠥᠬᠥᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠠᠷᠠᠳ ᠤᠨ ᠰᠢᠭᠦᠬᠦ ᠬᠣᠷᠢᠶᠠᠨ ᠤ ᠰᠢᠭᠦᠬᠦ ᠲᠢᠩᠬᠢᠮ ᠦᠨ ᠲᠦᠷᠢᠮ 》 ᠄ ᠡᠷᠡᠭᠦᠦ ᠶᠢᠨ ᠬᠡᠷᠡᠭ ᠦᠨ ᠵᠠᠭᠠᠯᠳᠤᠭᠳᠠᠭᠴᠢ ᠲᠢᠩᠬᠢᠮ ᠳᠦ ᠭᠠᠷᠴᠤ ᠰᠢᠭᠦᠯᠲᠡ  ᠶᠢ  ᠬᠦᠯᠢᠶᠡᠬᠦ ᠳᠤ《  ᠨᠤᠮᠸᠠᠷᠲᠤ ᠬᠤᠪᠴᠠᠰᠤ》 ᠡᠮᠦᠰᠬᠦ ᠦᠭᠡᠢ᠃

ᠠᠷᠠᠳ ᠤᠨ ᠳᠡᠭᠡᠳᠦ ᠵᠡᠷᠭᠡ ᠶᠢᠨ ᠰᠢᠭᠦᠬᠦ ᠬᠣᠷᠢᠶ᠎ᠠ 14  ᠦ ᠡᠳᠦᠷ ᠰᠣᠨᠢᠨ ᠮᠡᠳᠡᠭᠡ ᠨᠡᠶᠢᠲᠡᠯᠡᠬᠦ ᠬᠤᠷᠠᠯ ᠬᠢᠵᠦ ᠂ 《 ᠪᠥᠬᠥᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠠᠷᠠᠳ ᠤᠨ ᠰᠢᠭᠦᠬᠦ ᠬᠣᠷᠢᠶᠠᠨ ᠤ ᠰᠢᠭᠦᠬᠦ ᠲᠢᠩᠬᠢᠮ ᠦᠨ ᠲᠦᠷᠢᠮ 》  ᠦᠨ ᠵᠠᠰᠠᠪᠤᠷᠢ ᠣᠷᠣᠭᠤᠯᠬᠤ ᠬᠣᠯᠪᠣᠭᠳᠠᠯ ᠪᠦᠭᠦᠢ ᠪᠠᠶᠢᠳᠠᠯ ᠢ ᠨᠡᠶᠢᠲᠡᠯᠡᠪᠡ ᠃ ᠵᠠᠰᠠᠪᠤᠷᠢ ᠣᠷᠣᠭᠤᠯᠤᠭᠰᠠᠨ ᠤ ᠳᠠᠷᠠᠭᠠᠬᠢ ᠰᠢᠭᠦᠬᠦ ᠲᠢᠩᠬᠢᠮ ᠦᠨ ᠲᠤᠢᠷᠢᠮ ᠢ 2016  ᠤᠨ ᠤ5 ᠰᠠᠷ᠎ᠠ ᠶᠢᠨ1 ᠤ ᠡᠳᠦᠷ ᠡᠴᠡ ᠡᠬᠢᠯᠡᠵᠦ ᠬᠡᠷᠡᠭᠵᠢᠭᠦᠯᠦᠨ᠎ᠡ ᠃ ᠰᠢᠨ᠎ᠡ ᠲᠣᠭᠲᠠᠭᠠᠯ  ᠳᠤ᠂ ᠡᠷᠡᠭᠦᠦ ᠶᠢᠨ ᠬᠡᠷᠡᠭ ᠦᠨ ᠬᠣᠷᠢᠭᠳᠠᠵᠤ ᠪᠠᠶᠢᠭ᠎ᠠ ᠵᠠᠭᠠᠯᠳᠤᠭᠳᠠᠭᠴᠢ ᠲᠢᠩᠬᠢᠮ ᠳᠦ ᠭᠠᠷᠴᠤ ᠰᠢᠭᠦᠯᠲᠡ  ᠬᠦᠯᠢᠶᠡᠬᠦ ᠳᠤ              ᠲᠥᠪ ᠬᠤᠪᠴᠠᠰᠤ ᠪᠤᠶᠤ ᠡᠩ ᠦᠨ ᠬᠤᠪᠴᠠᠰᠤ ᠡᠮᠦᠰᠦᠨ᠎ᠡ ᠃

ᠰᠢᠭᠦᠬᠦ ᠲᠢᠩᠬᠢᠮ ᠦᠨ ᠲᠦᠷᠢᠮ ᠪᠠᠰᠠ ᠡᠷᠡᠭᠦᠦ ᠶᠢᠨ ᠬᠡᠷᠡᠭ ᠦᠨ ᠬᠣᠷᠢᠭᠳᠠᠵᠤ ᠪᠠᠶᠢᠭ᠎ᠠ ᠵᠠᠭᠠᠯᠳᠤᠭᠳᠠᠭᠴᠢ ᠪᠤᠶᠤ ᠳᠡᠭᠡᠭᠰᠢ ᠵᠠᠭᠠᠯᠳᠤᠭᠴᠢ ᠰᠢᠭᠦᠯᠲᠡ ᠳ᠊ᠤ ᠣᠷᠣᠯᠴᠠᠵᠤ ᠰᠢᠭᠦᠭᠳᠡᠬᠦ ᠦᠢ᠎ᠡ ᠳᠦ ᠂ ᠲᠥᠪ ᠬᠤᠪᠴᠠᠰᠤ ᠪᠤᠶᠤ ᠡᠩ ᠦᠨ ᠬᠤᠪᠴᠠᠰᠤ  ᠡᠮᠦᠰᠴᠦ᠂ ᠬᠢᠨᠠᠨ ᠬᠠᠮᠢᠶᠠᠷᠬᠤ ᠪᠠᠶᠢᠭᠤᠯᠤᠮᠵᠢ ᠶᠢᠨ ᠢᠯᠭᠠᠨ ᠲᠠᠨᠢᠬᠤ ᠬᠤᠪᠴᠠᠰᠤ ᠶᠢ ᠡᠮᠦᠰᠬᠦ ᠦᠭᠡᠢ ᠃ ᠡ᠊ᠩ ᠦᠨ ᠪᠠᠶᠢᠳᠠᠯ ᠳᠣᠣᠷ᠎ᠠ ᠂ ᠠᠷᠠᠳ ᠤᠨ ᠰᠢᠭᠦᠬᠦ ᠬᠣᠷᠢᠶ᠎ᠠ ᠨᠢ ᠰᠢᠭᠦᠬᠦ ᠲᠢᠩᠬᠢᠮ ᠦᠨ ᠰᠢᠭᠦᠯᠲᠡ ᠶᠢᠨ ᠠᠵᠢᠯᠯᠠᠭ᠎ᠠ ᠳᠤᠮᠳᠠ ᠂ ᠵᠠᠭᠠᠯᠳᠤᠭᠳᠠᠭᠴᠢ ᠪᠤᠶᠤ ᠳᠡᠭᠡᠭᠰᠢ ᠵᠠᠭᠠᠯᠳᠤᠭᠴᠢ  ᠳᠤ ᠰᠡᠷᠡᠮᠵᠢᠯᠡᠬᠦ ᠪᠠᠭᠠᠵᠢ ᠬᠡᠷᠡᠭᠯᠡᠵᠦ ᠪᠣᠯᠬᠤ ᠦᠭᠡᠢ ᠃

ᠣᠩᠭᠣᠴᠠ ᠰᠠᠯ ᠤᠨ ᠳᠣᠲᠣᠭᠠᠳᠤ ᠤᠷᠤᠰᠬᠠᠯᠲᠤ ᠤᠰᠤᠨ ᠣᠷᠣᠨ ᠢ ᠪᠤᠵᠠᠷᠳᠠᠭᠤᠯᠤᠭᠰᠠᠨ ᠰᠢᠨ᠎ᠡ ᠲᠣᠭᠲᠠᠭᠠᠯ ᠳᠤ ᠯᠡᠪᠡᠷᠡᠭᠰᠡᠨ ᠲᠤᠰᠤ ᠶᠢ ᠲᠠᠷᠬᠠᠭᠠᠭᠴᠢ ᠶᠢ ᠬᠡᠷᠡᠭᠯᠡᠬᠦ ᠶᠢ ᠬᠤᠷᠢᠭᠯᠠᠵᠤ   ᠣᠷᠴᠢᠨ ᠲᠣᠭᠤᠷᠢᠨ ᠤ ᠬᠤᠶᠠᠲᠡᠬᠢ  ᠪᠤᠬᠢᠷᠳᠤᠯ ᠢ ᠬᠤᠷᠢᠭᠯᠠᠨ᠎ᠠ

ᠰᠢᠨ᠎ᠡ ᠪᠡᠷ ᠵᠠᠰᠠᠪᠤᠷᠢ ᠣᠷᠣᠭᠤᠯᠤᠭᠰᠠᠨ 《 ᠪᠥᠬᠥᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠣᠩᠭᠣᠴᠠ ᠰᠠᠯ ᠳᠣᠲᠣᠭᠠᠳᠤ ᠭᠣᠣᠯ ᠮᠥᠷᠡᠨ ᠦ ᠤᠰᠤᠨ ᠤ ᠣᠷᠴᠢᠨ ᠲᠣᠭᠣᠷᠢᠨ ᠪᠣᠬᠢᠷᠲᠤᠭᠤᠯᠬᠤ ᠶᠢ ᠰᠡᠷᠭᠡᠶᠢᠯᠡᠨ ᠵᠠᠰᠠᠬᠤ ᠬᠠᠮᠢᠶᠠᠷᠤᠯᠲᠠ ᠶᠢᠨ ᠲᠣᠭᠲᠠᠭᠠᠯ 》 ( ᠳᠣᠷᠣᠭᠰᠢ 《 ᠲᠣᠭᠲᠠᠭᠠᠯ 》 ᠭᠡᠵᠦ ᠲᠣᠪᠴᠢᠯᠠᠨ᠎ᠠ )  ᠢ 2015  ᠤᠨ ᠤ12 ᠰᠠᠷ᠎ᠠ15 ᠤ ᠵᠠᠮ ᠬᠠᠷᠢᠯᠴᠠᠭ᠎ᠠ ᠲᠡᠭᠡᠭᠡᠪᠦᠷᠢ  ᠶᠢᠨ ᠶᠠᠮᠤᠨ ᠤ 25 ᠳ᠋ᠤᠭᠠᠷ ᠤᠳᠠᠭᠠᠨ ᠤ ᠶᠠᠮᠤᠨ ᠤ ᠶᠠᠪᠤᠳᠠᠯ ᠤᠨ ᠬᠤᠷᠠᠯ ᠳᠡᠭᠡᠷ᠎ᠡ ᠪᠠᠲᠤᠯᠠᠭᠰᠠᠨ ᠤ ᠳᠠᠷᠠᠭ᠎ᠠ ᠠᠯᠪᠠᠨ ᠶᠣᠰᠣᠭᠠᠷ ᠨᠡᠶᠢᠲᠡᠯᠡᠵᠦ ᠂ 2016  ᠤᠨ  ᠤ5 ᠰᠠᠷ᠎ᠠ ᠶᠢᠨ1 ᠤ ᠡᠳᠦᠷ ᠡᠴᠡ ᠡᠬᠢᠯᠡᠵᠦ ᠬᠡᠷᠡᠭᠵᠢᠭᠦᠯᠦᠨ᠎ᠡ ᠃ 《 ᠲᠣᠭᠲᠠᠭᠠᠯ 》  ᠳᠤ ᠂ ᠳᠣᠲᠣᠭᠠᠳᠤ ᠭᠣᠣᠯ ᠮᠥᠷᠡᠨ ᠦ ᠤᠰᠤᠨ ᠴᠣᠭᠴᠠ ᠳᠤ  ᠬᠣᠣᠷᠲᠠᠢ ᠰᠢᠩᠭᠡᠨ ᠪᠣᠳᠠᠰ  ᠵᠢᠴᠢ ᠲᠡᠭᠦᠨ ᠦ ᠦᠯᠡᠳᠡᠭᠳᠡᠯ ᠪᠣᠳᠠᠰ ᠪᠤᠶᠤ ᠡᠶᠢᠮᠦᠷᠬᠦ ᠪᠣᠳᠠᠰ ᠢ ᠠᠬᠤᠭᠤᠯᠤᠭᠰᠠᠨ ᠣᠩᠭᠣᠴᠠ ᠲᠣᠭᠲᠠᠪᠤᠷᠢᠵᠢᠭᠤᠯᠬᠤ ᠤᠰᠤ ᠂ ᠣᠩᠭᠣᠴᠠᠨ ᠥᠷᠦᠭᠡ ᠤᠭᠢᠶᠠᠭᠰᠠ ᠤᠰᠤ ᠪᠤᠶᠤ ᠪᠤᠰᠤᠳ ᠬᠣᠯᠢᠮᠠᠭ ᠪᠣᠳᠠᠰ ᠢ ᠭᠠᠳᠠᠭᠰᠢᠯᠠᠭᠤᠯᠬᠤ ᠶᠢ ᠴᠠᠭᠠᠵᠢᠯᠠᠬᠤ ᠵᠡᠷᠭᠡ 5 ᠵᠤᠷᠪᠤᠰ ᠳᠤᠭᠲᠠᠭᠠᠯ ᠲᠣᠳᠤᠷᠬᠠᠢᠯᠠᠪᠠ᠃

20 ᠮᠤᠵᠢ ᠣᠷᠣᠨ ᠤ ᠨᠠᠰᠤᠵᠢᠯ ᠤᠨ ᠠᠰᠠᠷᠠᠮᠵᠢ ᠶᠢᠨ ᠳᠠᠭᠠᠳᠬᠠᠯ ᠤᠨ ᠨᠢᠭᠡᠴᠢ ᠡᠴᠡ ᠲᠤᠰᠢᠶᠠᠬᠤ ᠨᠣᠷᠮ᠎ᠠ ᠶᠢ 19% ᠪᠣᠯᠭᠠᠨ ᠲᠤᠷᠤᠭᠰᠢᠯᠠᠭᠤᠯᠵᠤ  ᠪᠣᠯᠤᠨ᠎ᠠ

ᠳᠦᠷᠦ ᠶᠢᠨ ᠶᠠᠪᠤᠳᠠᠯ ᠤᠨ ᠬᠣᠷᠢᠶ᠎ᠠ ᠣᠷᠴᠢᠮᠬᠠᠨ ᠳᠤ ᠨᠡᠶᠢᠭᠡᠮ ᠦᠨ ᠳᠠᠭᠠᠳᠬᠠᠯ ᠤᠨ ᠵᠠᠷᠤᠳᠠᠯ ᠤᠨ ᠨᠣᠷᠮ᠎ᠠ  ᠶᠢ ᠱᠠᠳᠤᠴᠢ ᠴᠢᠨᠠᠷᠲᠠᠶ ᠪᠠᠷ ᠳᠤᠷᠤᠭᠰᠢᠯᠠᠭᠤᠯᠬᠤ ᠶᠢ ᠲᠣᠳᠤᠷᠬᠠᠢᠯᠠᠪᠠ ᠂  ᠡᠭᠦᠨ ᠳᠤ ᠬᠠᠷᠠᠭᠤᠯᠵᠤ ᠂ ᠬᠥᠮᠦᠨ ᠦ ᠬᠦᠴᠦᠨ ᠦ ᠡᠬᠢ ᠪᠠᠶᠠᠯᠢᠭ ᠪᠠ ᠨᠡᠶᠢᠭᠡᠮ ᠦᠨ ᠪᠠᠲᠤᠯᠠᠭ᠎ᠠ  ᠶᠢᠨ ᠶᠠᠮᠤᠨ ᠤ ᠰᠣᠨᠢᠨ ᠮᠡᠳᠡᠭᠡᠨ ᠦ ᠥᠭᠦᠯᠡᠭᠴᠢ ᠯᠢ ᠵᠥᠩ ᠲᠠᠢᠯᠪᠤᠷᠢᠯᠠᠵᠤ ᠬᠡᠯᠡᠬᠦ ᠳᠤ ᠪᠡᠨ ᠂ ᠣᠳᠣᠬᠠᠨ ᠳᠤ ᠪᠡᠭᠡᠵᠢᠩ ᠵᠡᠷᠭᠡ 20 ᠮᠤᠵᠢ ᠣᠷᠣᠨ ᠤ ᠵᠠᠷᠤᠳᠠᠯ ᠤᠨ ᠨᠣᠷᠮ᠎ᠠ  ᠶᠢ  ᠳᠤᠷᠤᠭᠰᠢᠯᠠᠭᠤᠯᠬᠤ ᠨᠥᠬᠥᠴᠡᠯ ᠳᠤ ᠨᠡᠢᠴᠡᠵᠦ  ᠂ ᠵᠠᠷᠤᠳᠠᠯ  ᠤᠨ ᠨᠤᠷᠮ᠎ᠠ ᠨᠢ 20% ᠪᠠᠶᠢᠭᠰᠠᠨ ᠠᠴᠠ ᠪᠠᠨ 19 %   ᠪᠣᠯᠭᠠᠨ ᠪᠠᠭᠠᠰᠬᠠᠵᠤ ᠪᠣᠯᠤᠨ᠎ᠠ ᠭᠡᠪᠡ᠃

ᠣᠶᠢᠷ᠎ᠠ  ᠶᠢᠨ ᠬᠤᠭᠤᠴᠠᠭᠠᠨ ᠳᠤ ᠬᠤᠷᠠᠯᠳᠤᠭᠰᠠᠨ ᠲᠥᠷᠥ  ᠶᠢᠨ ᠶᠠᠪᠤᠳᠠᠯ ᠤᠨ ᠬᠣᠷᠢᠶᠠᠨ ᠤ ᠪᠠᠶᠢᠩᠭᠤ  ᠶᠢᠨ ᠬᠤᠷᠠᠯᠳᠤᠭᠠᠨ  ᠠᠴᠠ ᠵᠢᠭᠠᠵᠤ ᠭᠠᠷᠭᠠᠭᠰᠠᠨ ᠨᠢ ᠂ 2016  ᠤᠨ ᠤ5 ᠰᠠᠷ᠎ᠠ ᠶᠢᠨ1 ᠡᠴᠡ ᠲᠠᠯ᠎ᠠ ᠠᠴᠠ ᠡᠬᠢᠯᠡᠨ ᠬᠣᠶᠠᠷ ᠵᠢᠯ ᠦᠨ ᠳᠣᠲᠣᠷ᠎ᠠ ᠂ ᠠᠵᠤ ᠠᠬᠤᠶᠢᠯᠠᠯ ᠤᠨ ᠠᠵᠢᠯᠲᠠᠨ ᠠᠵᠢᠯᠴᠢᠨ ᠤ ᠨᠠᠰᠤᠵᠢᠯ ᠤᠨ ᠠᠰᠠᠷᠠᠮᠵᠢ ᠶᠢᠨ ᠦᠨᠳᠦᠰᠦᠨ ᠳᠠᠭᠠᠳᠬᠠᠯ  ᠢ ᠨᠢᠭᠡᠴᠢ ᠶᠢᠨ ᠵᠠᠷᠤᠳᠠᠯ ᠲᠤᠰᠢᠶᠠᠬᠤ ᠬᠠᠷᠢᠴᠠᠯ ᠨᠢ 20 %  ᠡᠴᠡ ᠬᠡᠲᠦᠷᠡᠭᠰᠡᠨ ᠮᠤᠵᠢ ᠶᠢ ᠂ ᠵᠠᠷᠤᠳᠠᠯ ᠲᠤᠰᠢᠶᠠᠬᠤ ᠬᠠᠷᠢᠴᠠᠯ ᠢ ᠨᠢ 20 % ᠬᠦᠷᠲᠡᠯ᠎ᠡ  ᠪᠠᠭᠤᠷᠠᠭᠤᠯᠤᠨ᠎ᠠ ᠃ ᠨᠢᠭᠡᠴᠢ ᠶᠢᠨ ᠵᠠᠷᠤᠳᠠᠯ ᠲᠤᠰᠢᠶᠠᠬᠤ ᠬᠠᠷᠢᠴᠠᠯ ᠨᠢ 20% ᠪᠠᠶᠢᠬᠤ ᠪᠥᠭᠡᠳ 2015 ᠣᠨ  ᠤ ᠵᠢᠯ ᠤᠨ ᠡᠴᠦᠰ ᠤᠨ ᠰᠠᠭᠤᠷᠢ ᠮᠥᠩᠭᠥ  ᠶᠢᠨ ᠦᠯᠡᠳᠡᠪᠦᠷᠢ ᠨᠢ 9 ᠰᠠᠷ᠎ᠠ ᠶᠢᠨ ᠥᠭᠬᠦ ᠲᠣᠭ᠎ᠠ ᠡᠴᠡ ᠬᠡᠲᠦᠷᠡᠭᠰᠡᠨ ᠮᠤᠵᠢ ᠣᠷᠣᠨ ᠂ 19% ᠪᠡᠷ ᠬᠦᠷᠲᠡᠯ᠎ᠡ ᠱᠠᠳᠤᠴᠢ ᠴᠢᠨᠠᠷᠲᠠᠶ ᠪᠠᠷ ᠳᠣᠷᠣᠭᠰᠢᠯᠠᠭᠤᠯᠵᠤ ᠪᠣᠯᠤᠨ᠎ᠠ ᠃

ᠪᠡᠭᠡᠵᠢᠩ ᠦᠨ ᠰᠠᠭᠤᠭᠠᠯᠢ ᠠᠷᠠᠳ ᠤᠨ ᠪᠤᠰᠤ ᠤᠰᠤᠨ ᠤ ᠦᠨ᠎ᠡ ᠬᠠᠩᠰᠢ ᠳᠤ ᠲᠣᠬᠢᠷᠠᠭᠤᠯᠤᠯᠲᠠ ᠬᠢᠵᠦ  ᠰᠢᠨ᠎ᠡ ᠬᠠᠭᠤᠴᠢᠨ ᠰᠢᠯᠵᠢᠯᠲᠡ ᠶᠢᠨ ᠦᠢ᠎ᠡ ᠶᠢᠨ ᠬᠡᠰᠡᠭ ᠬᠤᠪᠢᠶᠠᠵᠤ ᠵᠠᠷᠤᠳᠠᠯ  ᠪᠣᠳᠤᠨ᠎ᠠ

ᠰᠤᠷᠪᠤᠯᠵᠢᠯᠠᠭᠴᠢ ᠪᠡᠭᠡᠵᠢᠩ ᠬᠤᠲᠠ ᠶᠢᠨ ᠲᠦᠭᠡᠭᠡᠯ ᠤᠰᠤᠨ ᠤ ᠪᠦᠯᠦᠭᠯᠡᠯ ᠤᠨ ᠺᠣᠮᠫᠠᠨᠢ  ᠠᠴᠠ ᠣᠶᠢᠯᠠᠭᠠᠵᠤ ᠮᠡᠳᠡᠭᠰᠡᠨ ᠨᠢ ᠂ ᠮᠧᠬᠠᠨᠢᠭ ᠬᠡᠯᠪᠡᠷᠢ ᠶᠢᠨ ᠪᠤᠳᠤᠯᠭ᠎ᠠ ᠶᠢᠨ ᠮᠠᠰᠢᠨ ᠤ ᠣᠰᠣᠨ ᠤ ᠬᠡᠮᠵᠢᠭᠦᠷ ᠢ ᠬᠡᠷᠡᠭᠯᠡᠵᠦ ᠪᠠᠶᠢᠭ᠎ᠠ ᠰᠠᠭᠤᠭᠠᠯᠢ ᠠᠷᠠᠳ ᠤᠨ ᠪᠤᠰᠤ ᠬᠡᠷᠡᠭᠯᠡᠭᠴᠢᠳ᠂ 2016 ᠤᠨ ᠤ5 ᠰᠠᠷ᠎ᠠ ᠶᠢᠨ1 ᠡᠴᠡ ᠳᠠᠷᠠᠭᠠᠬᠢ ᠠᠩᠬᠠᠳᠤᠭᠠᠷ  ᠲᠣᠭ᠎ᠠ ᠪᠠᠷᠢᠮᠲᠠ ᠶᠢᠨ ᠪᠠᠢᠴᠠᠭᠠᠯᠲᠠ ᠶᠢᠨ ᠵᠠᠷᠤᠯᠭ᠎ᠠ ᠪᠠᠨ ᠳᠠᠩᠰᠠᠯᠠᠬᠤ ᠦᠶ᠎ᠡ ᠳᠦ ᠂ ᠦᠨ᠎ᠡ  ᠲᠣᠬᠢᠷᠠᠭᠤᠯᠤᠭᠰᠠᠨ ᠡᠳᠦᠷ ᠢᠶᠡᠷ ᠵᠠᠭᠠᠭ ᠪᠣᠯᠭᠠᠨ ᠂ ᠵᠠᠭᠠᠭ ᠪᠣᠯᠭᠠᠭᠰᠠᠨ ᠡᠳᠦᠷ ᠤᠨ ᠤᠷᠢᠳ ᠬᠣᠵᠢᠳ ᠤᠰᠤ  ᠬᠡᠷᠡᠭᠯᠡᠭᠰᠡᠨ ᠡᠳᠦᠷ ᠦᠨ ᠲᠣᠭ᠎ᠠ  ᠶᠢ ᠦᠨᠳᠦᠰᠦᠯᠡᠨ ᠂ ᠰᠢᠨ᠎ᠡ ᠬᠠᠭᠤᠴᠢᠨ ᠤᠰᠤᠨ  ᠤ ᠦᠨ᠎ᠡ ᠶᠢᠨ ᠶᠣᠰᠣᠭᠠᠷ ᠬᠡᠰᠡᠭ ᠬᠤᠪᠢᠶᠠᠵᠤ ᠵᠠᠷᠤᠳᠠᠯ  ᠪᠣᠳᠤᠨ᠎ᠠ ᠃

ᠰᠧᠴᠤᠸᠠᠨ ᠮᠤᠵᠢ ᠶᠢᠨ ᠠᠩᠬᠠᠳᠠᠭᠴᠢ ᠵᠠᠮ ᠡᠵᠡᠯᠡᠨ ᠪᠠᠷᠢᠯᠭ᠎ᠠ ᠪᠠᠷᠢᠬᠤ ᠣᠷᠣᠨ ᠨᠤᠲᠤᠭ ᠤᠨ ᠪᠠᠷᠢᠮᠵᠢᠶ᠎ᠠ ᠨᠡᠶᠢᠲᠡᠯᠡᠭᠳᠡᠪᠡ

ᠠᠰᠠᠷ ᠤᠨ ᠳᠣᠣᠷ᠎ᠠ ᠵᠠᠮ ᠢ ᠬᠦᠷᠢᠶᠡᠯᠡᠵᠦ ᠪᠠᠷᠢᠯᠭ᠎ᠠ ᠪᠠᠷᠢᠬᠤ ᠨᠢ ᠂ ᠠᠮᠢᠳᠤᠷᠠᠯ ᠪᠣᠯᠤᠨ ᠶᠠᠪᠤᠵᠤ ᠰᠠᠭᠤᠬᠤ ᠳᠤ ᠶᠡᠬᠡ ᠨᠥᠯᠥᠭᠡ ᠲᠠᠢ ᠪᠠᠢᠵᠤ᠂ ᠬᠠᠷᠢᠨ ᠶᠠᠭᠤᠨ ᠳᠤ ᠬᠦᠷᠢᠶᠡᠯᠡᠭᠰᠡᠨ  ᠨᠢ ᠲᠣᠳᠤᠷᠬᠠᠢ ᠦᠭᠡᠢ ᠪᠠᠢᠵᠤ ᠬᠡᠵᠢᠶ᠎ᠡ ᠳᠠᠭᠤᠰᠬᠤ ᠨᠢ ᠢᠯᠭᠠᠭᠤᠷᠢ ᠦᠭᠡᠢ ᠪᠠᠢᠳᠠᠭ᠃ 4 ᠰᠠᠷ᠎ᠠ ᠶᠢᠨ 26  ᠤ ᠡᠳᠦᠷ ᠂ ᠴᠧᠩᠳᠦ᠋ ᠬᠣᠲᠠ ᠶᠢᠨ ᠬᠣᠲᠠ ᠶᠢᠨ ᠬᠠᠮᠢᠶᠠᠷᠤᠯᠲᠠ ᠶᠢᠨ ᠵᠥᠪᠯᠡᠯ ᠡᠴᠡ ᠵᠠᠭᠤᠴᠢᠯᠠᠭᠤᠷ ᠲᠤ  ᠮᠡᠳᠡᠭᠡᠯᠡᠭᠰᠡᠨ ᠨᠢ᠄ ᠲᠤᠰ ᠵᠥᠪᠯᠡᠯ ᠲᠦᠷᠦᠭᠦᠯᠡᠨ ᠲᠣᠭᠲᠠᠭᠠᠭᠰᠠᠨ ᠪᠦᠬᠦ ᠮᠤᠵᠢ ᠶᠢᠨ ᠠᠩᠬᠠᠳᠠᠭᠴᠢ ᠵᠠᠮ ᠡᠵᠡᠯᠡᠨ ᠪᠠᠷᠢᠯᠭ᠎ᠠ ᠪᠠᠷᠢᠬᠤ ᠲᠤᠬᠠᠶ ᠣᠷᠣᠨ ᠨᠤᠲᠤᠭ ᠤᠨ ᠪᠠᠷᠢᠮᠵᠢᠶ᠎ᠠ  — — 《 ᠴᠧᠩᠳᠦ᠋ ᠬᠣᠲᠠ  ᠶᠢᠨ ᠵᠠᠮ ᠢ ᠡᠵᠡᠯᠡᠨ ᠪᠠᠷᠢᠯᠭ᠎ᠠ ᠪᠠᠷᠢᠬᠤ ᠲᠡᠮᠳᠡᠭ ᠬᠢᠭᠡᠳ ᠬᠦᠷᠢᠶᠡᠯᠡᠭᠰᠡᠨ ᠬᠠᠯᠬᠠᠪᠴᠢ ᠪᠠᠶᠢᠭᠤᠯᠬᠤ ᠮᠡᠷᠭᠡᠵᠢᠯ ᠦᠨ ᠵᠢᠯᠤᠭᠤᠳᠤᠯᠭ᠎ᠠ 》 ᠶᠢ ᠮᠤᠵᠢ ᠶᠢᠨ ᠱᠠᠲᠤᠨ ᠤ ᠬᠣᠯᠪᠣᠭᠳᠠᠯ ᠪᠦᠬᠦᠢ ᠰᠠᠯᠠᠭ᠎ᠠ ᠮᠥᠴᠢᠷ ᠢᠶᠡᠷ ᠵᠥᠪᠰᠢᠶᠡᠷᠡᠭᠦᠯᠦᠭᠡᠳ ᠂ 5 ᠰᠠᠷ᠎ᠠ  ᠶᠢᠨ 1  ᠦ ᠡᠳᠦᠷ ᠡᠴᠡ ᠡᠬᠢᠯᠡᠨ ᠴᠧᠩᠳᠦ᠋  ᠶᠢᠨ ᠪᠦᠬᠦ ᠬᠣᠲᠠ  ᠳᠤ ᠵᠢᠩᠬᠢᠨᠢ ᠪᠡᠷ ᠬᠡᠷᠡᠭᠵᠢᠭᠦᠯᠬᠦ ᠪᠣᠯᠤᠨ᠎ᠠ ᠃ ᠵᠠᠮ ᠡᠵᠡᠯᠡᠨ ᠪᠠᠷᠢᠯᠭ᠎ᠠ ᠪᠠᠷᠢᠬᠤ ᠳᠤ ᠨᠢᠭᠡᠳᠦᠯᠲᠡᠶ ᠬᠠᠲᠠᠭᠤ ᠬᠠᠯᠬᠠᠪᠴᠢ᠂  ᠤᠰᠤᠨ ᠮᠣᠷᠢ ᠂ ᠰᠢᠯᠵᠢᠮᠡᠯ ᠲᠣᠣᠷ ᠂ ᠱᠣᠪᠣᠭᠣᠷ ᠰᠠᠭᠤᠯᠠᠭ᠎ᠠ ᠵᠡᠷᠭᠡ ᠬᠠᠯᠬᠠᠪᠴᠢ ᠶᠢᠨ ᠮᠠᠲ᠋ᠧᠷᠢᠶᠠᠯ  ᠂ ᠭᠠᠳᠠᠷ ᠪᠠᠶᠢᠳᠠᠯ ᠪᠠ ᠶᠡᠬᠡ ᠪᠠᠭ᠎ᠠ ᠶᠢᠨ ᠬᠡᠮᠵᠢᠶ᠎ᠡ ᠶᠢᠨ ᠪᠠᠷᠢᠮᠵᠢᠶ᠎ᠠ ᠪᠠᠢᠬᠤ ᠡᠴᠡ ᠭᠠᠳᠠᠨ᠎ᠠ᠂ ᠪᠠᠰᠠ ᠵᠠᠮ ᠡᠵᠡᠯᠡᠨ ᠠᠵᠢᠯᠠᠯᠬᠤ ᠨᠡᠢᠲᠡᠯᠡᠯ ᠤᠨ ᠫᠠᠢᠰᠠ ᠂ ᠵᠠᠮ ᠬᠠᠷᠢᠯᠴᠠᠭ᠎ᠠ ᠶᠢ ᠵᠢᠯᠣᠭᠣᠳᠤᠨ ᠨᠡᠪᠲᠡᠷᠡᠭᠦᠯᠬᠦ ᠵᠠᠷ ᠂ ᠪᠣᠯᠪᠠᠰᠤᠨ ᠢᠶᠠᠷ ᠪᠠᠷᠢᠯᠭ᠎ᠠ ᠪᠠᠷᠢᠬᠤ  ᠤᠬᠠᠭᠤᠯᠭ᠎ᠠ ᠶᠢᠨ ᠫᠠᠶᠢᠰᠠ ᠵᠡᠷᠭᠡ  ᠶᠢ ᠬᠦᠷᠢᠶᠡᠯᠡᠭᠰᠡᠨ ᠬᠦᠷᠢᠶᠡᠨ ᠳᠡᠭᠡᠷ᠎ᠡ ᠬᠠᠳᠠᠬᠤ ᠬᠡᠷᠡᠭᠲᠠᠢ᠃

5 ᠰᠠᠷ᠎ᠠ ᠶᠢᠨ 1  ᠦ ᠡᠳᠦᠷ ᠡᠴᠡ ᠡᠬᠢᠯᠡᠨ ᠂ ᠰᠢᠨᠵᠢᠶᠠᠩ ᠤᠨ 《 ᠨᠡᠭᠦᠳᠡᠯ ᠬᠥᠮᠦᠨ ᠠᠮᠠ  ᠶᠢᠨ ᠳᠦᠭᠦᠮ ᠦᠵᠡᠭᠦᠯᠬᠦ ᠬᠠᠷᠢᠯᠴᠠᠬᠤ ᠺᠠᠷᠲ 》 ᠢ ᠬᠡᠷᠡᠭᠯᠡᠬᠦ ᠶᠢ ᠪᠣᠯᠢᠨ᠎ᠠ ᠃

2014    ᠣᠨ ᠤ 5 ᠰᠠᠷ᠎ᠠ ᠶᠢᠨ1 ᠤ ᠡᠳᠦᠷ ᠂ ᠰᠢᠨᠵᠢᠶᠠᠩ ᠤᠨ 《 ᠨᠡᠭᠦᠳᠡᠯ ᠬᠥᠮᠦᠨ ᠠᠮᠠ  ᠶᠢᠨ ᠳᠦᠭᠦᠮ ᠦᠵᠡᠭᠦᠯᠬᠦ ᠬᠠᠷᠢᠯᠴᠠᠬᠤ ᠺᠠᠷᠲ 》  ᠶᠢᠨ ᠲᠦᠷᠢᠮ ᠢ ᠡᠬᠢᠯᠡᠵᠦ ᠬᠡᠷᠡᠭᠵᠢᠭᠦᠯᠪᠡ ᠃ ᠳᠦᠷᠢᠮ ᠢ ᠬᠡᠷᠡᠭᠵᠢᠭᠦᠯᠦᠭᠰᠡᠨ ᠡᠴᠡ ᠨᠠᠰᠢ ᠂ ᠶᠠᠪᠤᠭᠤᠯ ᠬᠥᠮᠦᠨ ᠠᠮᠠ ᠶᠢᠨ ᠦᠢᠯᠡᠴᠢᠯᠡᠭᠡ ᠪᠠ ᠬᠠᠮᠢᠶᠠᠷᠤᠯᠲᠠ ᠶᠢᠨ  ᠶᠢᠨ ᠪᠦᠲᠦᠮᠵᠢ ᠶᠢ ᠳᠡᠭᠡᠭᠰᠢᠯᠡᠭᠦᠯᠵᠦ᠂ ᠣᠯᠠᠨ ᠲᠦᠮᠡᠨ ᠳᠦ ᠳᠥᠭᠥᠮ  ᠦᠵᠡᠭᠦᠯᠵᠦ ᠂ ᠨᠡᠶᠢᠭᠡᠮ ᠦᠨ ᠶᠡᠬᠡ ᠲᠠᠯ᠎ᠠ ᠶᠢᠨ ᠲᠣᠭᠲᠠᠭᠤᠨ ᠪᠠᠶᠢᠳᠠᠯ ᠢ ᠬᠠᠮᠠᠭᠠᠯᠠᠬᠤ ᠳᠤ ᠴᠢᠬᠤᠯᠠ ᠦᠢᠯᠡᠳᠦᠯ ᠭᠠᠷᠭᠠᠭᠰᠠᠨ ᠶᠤᠮ ᠂ ᠭᠡᠪᠡᠴᠦ ᠲᠦᠷᠢᠮ ᠢ ᠬᠡᠷᠡᠭᠵᠢᠭᠦᠯᠬᠦ ᠶᠠᠪᠤᠴᠠ ᠳᠤ ᠪᠠᠰᠠ  ᠨᠠᠵᠠᠭᠠᠢ ᠠᠰᠠᠭᠤᠳᠠᠯ ᠭᠠᠷᠤᠭᠰᠠᠨ ᠪᠠᠶᠢᠨ᠎ᠠ ᠂ ᠬᠡᠰᠡᠭ ᠤᠯᠠᠨ ᠲᠦᠮᠡᠨ ᠦ ᠬᠠᠷᠢᠯᠴᠠᠭ᠎ᠠ ᠳᠤ ᠳᠥᠭᠥᠮ ᠦᠭᠡᠢ ᠪᠣᠯᠤᠭᠰᠠᠨ ᠪᠠᠶᠢᠨ᠎ᠠ ᠃ ᠬᠣᠶᠠᠳᠤᠭᠠᠷ ᠦᠶ᠎ᠡ ᠶᠢᠨ ᠪᠡᠶ᠎ᠡ ᠶᠢᠨ ᠦᠨᠡᠮᠯᠡᠯ ᠶᠢᠨ ᠴᠢᠳᠠᠪᠤᠷᠢ ᠶᠢᠨ ᠨᠡᠮᠡᠭᠳᠡᠬᠦ ᠶᠢ ᠳᠠᠭᠠᠯᠳᠤᠨ ᠂ ᠣᠷᠣᠰᠢᠨ ᠰᠠᠭᠤᠬᠤ ᠦᠨᠡᠮᠯᠡᠯ ᠦᠨ ᠳᠦᠷᠢᠮ  ᠢ ᠲᠡᠭᠦᠯᠳᠡᠷᠵᠢᠭᠦᠯᠬᠦ ᠂ ᠶᠠᠪᠤᠭᠤᠯ ᠬᠥᠮᠦᠨ ᠠᠮᠠ ᠶᠢᠨ ᠦᠢᠯᠡᠴᠢᠯᠡᠭᠡ ᠪᠠ ᠬᠠᠮᠢᠶᠠᠷᠤᠯᠲᠠ ᠶᠢᠨ ᠠᠷᠭ᠎ᠠ ᠬᠡᠮᠵᠢᠶ᠎ᠡ ᠶᠢ ᠤᠯᠠᠮ ᠨᠢᠬᠡ ᠠᠯᠬᠤᠮ ᠨᠠᠢᠳᠠᠪᠤᠷᠢᠵᠢᠭᠤᠯᠬᠤ ᠶᠢ ᠳᠠᠠᠭᠠᠯᠳᠤᠨ ᠂ 《 ᠨᠡᠭᠦᠳᠡᠯ ᠬᠥᠮᠦᠨ ᠠᠮᠠ ᠳᠤ ᠳᠦᠭᠦᠮ ᠦᠵᠡᠭᠦᠯᠬᠦ ᠬᠠᠷᠢᠯᠴᠠᠬᠤ ᠺᠠᠷᠲ 》  ᠤᠨ ᠴᠢᠳᠠᠪᠤᠷᠢ ᠦᠨᠳᠦᠰᠦᠨ ᠳᠤ ᠪᠡᠨ ᠤᠷᠤᠯᠠᠭᠳᠠᠭᠰᠠᠨ ᠪᠠᠢᠨ᠎ᠠ ᠃

《 ᠭᠢᠷᠢᠨ ᠮᠤᠵᠢ ᠶᠢᠨ ᠨᠠᠰᠤᠲᠠᠶᠢᠴᠤᠳ ᠤᠨ ᠡᠷᠬᠡ ᠠᠰᠢᠭ ᠢ ᠪᠠᠲᠤᠯᠠᠬᠤ ᠳᠦᠷᠢᠮ 》  ᠢ  ᠬᠡᠷᠡᠭᠵᠢᠭᠦᠯᠪᠡ

《 ᠳᠦᠷᠢᠮ 》 ᠨᠢ 《 ᠨᠠᠰᠤᠲᠠᠶᠢᠴᠤᠳ ᠤᠨ ᠬᠠᠤᠯᠢ 》  ᠶᠢᠨ ᠰᠠᠭᠤᠷᠢᠨ ᠳᠡᠭᠡᠷ᠎ᠡ ᠂ ᠠᠴᠢᠯᠠᠨ ᠲᠡᠵᠢᠭᠡᠬᠦ ᠬᠥᠮᠦᠨ ᠤ  ᠠᠴᠢᠯᠠᠨ ᠲᠡᠵᠢᠭᠡᠬᠦ ᠡᠭᠦᠷᠭᠡ  ᠳᠤ ᠤᠯᠠᠮ ᠨᠢᠭᠡ ᠠᠯᠬᠤᠮ ᠲᠣᠭᠲᠠᠭᠠᠯ ᠭᠠᠷᠭᠠᠵᠤ᠂ ᠡᠭᠦᠨ ᠳᠦ ᠠᠵᠤ ᠠᠬᠤᠶ ᠶᠢᠨ ᠬᠠᠩᠭᠠᠯᠭ᠎ᠠ ᠥᠭᠬᠦ ᠂ ᠠᠮᠢᠳᠤᠷᠠᠯ ᠢ ᠨᠢ ᠬᠠᠷᠠᠭᠠᠯᠵᠠᠬᠤ ᠪᠠ ᠣᠶᠣᠨ ᠰᠠᠨᠠᠭᠠᠨ ᠤ ᠲᠠᠯ᠎ᠠ ᠪᠠᠷ ᠲᠠᠶᠢᠳᠬᠤᠷᠠᠭᠤᠯᠬᠤ ᠵᠡᠷᠭᠡ ᠭᠤᠷᠪᠠᠨ ᠲᠠᠯ᠎ᠠ ᠪᠠᠭᠲᠠᠨ᠎ᠠ ᠃ ᠠᠵᠤ ᠠᠬᠤᠶ ᠶᠢᠨ ᠬᠠᠩᠭᠠᠯᠭ᠎ᠠ ᠥᠭᠬᠦ ᠭᠡᠳᠡᠭ ᠨᠢ ᠠᠮᠢ ᠵᠢᠭᠤᠬᠤ ᠳᠤ ᠬᠡᠷᠡᠭᠰᠡᠬᠦ ᠭᠣᠣᠯ ᠱᠠᠭᠠᠷᠳᠠᠯᠭ᠎ᠠ ᠨᠠᠰᠤᠲᠠᠶᠢᠴᠤᠳ ᠤᠨ ᠢᠳᠡᠬᠦ ᠡᠮᠦᠰᠬᠦ ᠰᠠᠭᠤᠬᠤ ᠡᠮ ᠡᠮᠨᠡᠯᠭᠡ ᠵᠡᠷᠭᠡ ᠣᠷᠣᠰᠢᠨ ᠲᠣᠭᠲᠠᠨᠢᠬ ᠬᠡᠷᠡᠭᠴᠡᠭᠡ ᠶᠢ ᠬᠠᠩᠭᠠᠬᠤ ᠪᠠᠷ ᠬᠠᠷᠠᠯᠲᠠ ᠪᠣᠯᠭᠠᠭᠰᠠᠨ ᠠᠵᠤ ᠠᠬᠤᠶ ᠶᠢᠨ ᠠᠰᠠᠷᠠᠨ ᠲᠡᠵᠢᠭᠡᠬᠦ  ᠶᠢ ᠵᠢᠭᠠᠨ᠎ᠠ᠃

ᠵᠢᠶᠠᠩᠰᠦ ᠮᠤᠵᠢ  ᠡᠴᠡ ᠬᠠᠤᠯᠢ ᠶᠣᠰᠣᠭᠠᠷ ᠥᠪᠡᠷ ᠦᠨ ᠡᠷᠬᠡ ᠠᠰᠢᠭ ᠢᠶᠠᠨ  ᠬᠠᠮᠠᠭᠠᠯᠠᠬᠤ《 ᠨᠣᠭᠣᠭᠠᠨ ᠺᠠᠷᠲ 》 ᠶᠢ ᠬᠡᠷᠡᠭᠵᠢᠭᠦᠯᠵᠦ ᠪᠠᠢᠨ᠎ᠠ

 ᠡᠨᠡ ᠵᠢᠯ ᠤᠨ 5  ᠰᠠᠷ᠎ᠠ ᠶᠢᠨ1  ᠤ ᠡᠳᠦᠷ ᠡᠴᠡ ᠡᠬᠢᠯᠡᠵᠦ ᠂ ᠪᠥᠬᠦ ᠮᠤᠵᠢ  ᠶᠢᠨ ᠬᠡᠪᠴᠢᠶᠡᠨ ᠳᠦ ᠤᠯᠠᠨ ᠲᠦᠮᠡᠨ ᠦ ᠬᠠᠤᠯᠢ ᠶᠣᠰᠣᠭᠠᠷ ᠱᠠᠲᠤ ᠳᠠᠷᠠᠭᠠᠯᠠᠨ  ᠰᠤᠷᠪᠤᠯᠵᠢᠯᠠᠬᠤ ᠡᠷᠬᠡ ᠶᠢ ᠬᠠᠮᠠᠭᠠᠯᠠᠬᠤ ᠺᠠᠷᠲ  ᠶᠢᠨ ᠳᠦᠷᠢᠮ ᠢ ᠪᠥᠬᠦ ᠲᠠᠯ᠎ᠠ ᠪᠡᠷ ᠲᠦᠯᠬᠢᠨ ᠠᠬᠢᠭᠤᠯᠤᠨ᠎ᠠ ᠃

ᠵᠢᠶᠠᠩᠰᠦ ᠮᠤᠵᠢ ᠶᠢᠨ ᠵᠠᠬᠢᠳᠠᠯ ᠰᠤᠷᠪᠤᠯᠵᠢᠯᠠᠭ᠎ᠠ ᠶᠢᠨ ᠲᠣᠪᠴᠢᠶᠠᠨ ᠤ ᠰᠣᠨᠢᠨ ᠮᠡᠳᠡᠭᠡ ᠨᠡᠶᠢᠲᠡᠯᠡᠭᠴᠢ ᠂ ᠳᠡᠳ᠋ ᠲᠣᠪᠴᠢᠶᠠᠨ ᠳᠠᠷᠤᠭ᠎ᠠ ᠱᠢ ᠭᠦᠸᠸ  ᠵᠢᠶᠦ᠋ᠨ ᠤ ᠲᠠᠨᠢᠯᠴᠠᠭᠤᠯᠬᠤ ᠪᠡᠷ ᠂ ᠤᠯᠠᠨ ᠲᠦᠮᠡᠨ ᠦ ᠬᠠᠤᠯᠢ ᠶᠣᠰᠣᠭᠠᠷ ᠱᠠᠲᠤ ᠳᠠᠷᠠᠭᠠᠯᠠᠨ  ᠰᠤᠷᠪᠤᠯᠵᠢᠯᠠᠬᠤ ᠡᠷᠬᠡ ᠠᠰᠢᠭ ᠢ ᠪᠠᠲᠤᠯᠠᠬᠤ ᠺᠠᠷᠲ  ᠤᠨ ᠲᠥᠷᠢᠮ ᠪᠣᠯ ᠨᠢᠭᠡ  ᠵᠦᠢᠯ ᠤᠨ ᠤᠯᠠᠨ ᠲᠦᠮᠡᠨ ᠦ ᠵᠠᠬᠢᠳᠠᠯ ᠰᠤᠷᠪᠤᠯᠵᠢᠯᠠᠭ᠎ᠠ ᠶᠢᠨ ᠶᠠᠪᠤᠴᠠ ᠳᠤ ᠬᠠᠤᠯᠢ ᠶᠣᠰᠣᠭᠠᠷ ᠥᠪᠡᠷ ᠦᠨ ᠡᠷᠬᠡ ᠠᠰᠢᠭ ᠢᠶᠠᠨ  ᠬᠠᠮᠠᠭᠠᠯᠠᠬᠤ《 ᠨᠣᠭᠣᠭᠠᠨ ᠺᠠᠷᠲ 》 ᠪᠣᠯᠤᠨ᠎ᠠ ᠃ ᠲᠦᠭᠦᠮ ᠢᠶᠡᠷ ᠬᠡᠯᠡᠪᠡᠯ ᠂ ᠡᠷᠬᠡ ᠠᠰᠢᠭ ᠤᠨ ᠪᠠᠲᠤᠯᠠᠭ᠎ᠠ ᠶᠢᠨ ᠺᠠᠷᠲ ᠨᠢ ᠨᠢᠭᠡ ᠵᠦᠢᠯ ᠤ ᠵᠠᠬᠢᠳᠠᠯ ᠰᠤᠷᠪᠤᠯᠵᠢᠯᠠᠭ᠎ᠠ ᠶᠢᠨ ᠵᠦᠢᠯᠡᠰ ᠢ ᠰᠢᠶᠳᠪᠦᠷᠢᠯᠡᠭᠰᠡᠨ ᠶᠠᠪᠤᠴᠠ ᠪᠠ ᠦᠷ᠎ᠡ ᠳ᠋ᠦᠩ ᠢ ᠲᠡᠮᠳᠡᠭᠯᠡᠭᠰᠡᠨ ᠺᠠᠷᠲ  ᠪᠠᠢᠵᠤ᠂ ᠠᠩᠬ᠎ᠠ ᠤᠳᠠᠭ᠎ᠠ ᠵᠠᠬᠢᠳᠠᠯ ᠰᠤᠷᠪᠤᠯᠵᠢᠯᠠᠭ᠎ᠠ ᠬᠢᠭᠰᠡᠳ ᠲᠤ ᠬᠠᠩᠭᠠᠵᠤ᠂ ᠬᠠᠷᠢᠭᠤᠴᠠᠭᠰᠠᠨ ᠨᠢᠭᠡᠴᠢ ᠨᠢ ᠵᠠᠬᠢᠳᠠᠯ ᠰᠤᠷᠪᠤᠯᠵᠢᠯᠠᠭ᠎ᠠ ᠶᠢᠨ ᠵᠦᠢᠯᠡᠰ ᠢ ᠰᠢᠶᠳᠪᠦᠷᠢᠯᠡᠭᠰᠡᠨ ᠦᠷ᠎ᠡ ᠳ᠋ᠦᠩ ᠲᠡᠮᠳᠡᠭᠯᠡᠵᠦ ᠂ ᠡᠭᠦᠨ ᠦ ᠤᠯᠠᠮ ᠠᠴᠠ ᠵᠠᠬᠢᠳᠠᠯ ᠰᠤᠷᠪᠤᠯᠵᠢᠯᠠᠭ᠎ᠠ ᠶᠢᠨ ᠠᠰᠠᠭᠤᠳᠠᠯ ᠢ ᠴᠠᠭ ᠲᠤᠬᠠᠶ ᠳᠤᠨᠢ ᠪᠦᠲᠦᠮᠵᠢᠲᠡᠶ ᠰᠢᠶᠳᠪᠦᠷᠢᠯᠡᠵᠦ ᠂ ᠡᠬᠦᠨ ᠤ ᠬᠠᠮᠲᠤ ᠬᠠᠷᠢᠭᠤᠴᠠᠯᠭ᠎ᠠ ᠳᠤ ᠬᠢᠨᠠᠯᠲᠠ ᠲᠠᠯᠪᠢᠬᠤ ᠶᠢ ᠶᠠᠪᠤᠭᠳᠠᠭᠤᠯᠤᠨ᠎ᠠ᠃

ᠬᠠᠶᠢᠨᠠᠨ ᠮᠠᠰᠢᠨ ᠲᠡᠷᠭᠡᠨ ᠦ ᠵᠢᠯᠣᠭᠣᠴᠢ ᠰᠦᠯᠵᠢᠶᠡᠨ ᠳᠡᠭᠡᠷ᠎ᠡ ᠪᠡᠶ᠎ᠡ ᠪᠡᠨ ᠳᠠᠭᠠᠭᠠᠵᠤ ᠤᠷᠢᠳᠴᠢᠯᠠᠨ ᠰᠢᠯᠭᠠᠯᠲᠠ ᠪᠣᠯᠵᠤᠬᠤ ᠶᠢ ᠡᠬᠢᠯᠡᠨ ᠬᠡᠷᠡᠭᠵᠢᠭᠦᠯᠪᠡ

ᠬᠠᠶᠢᠨᠠᠨ ᠮᠤᠵᠢ  ᠶᠢᠨ ᠮᠠᠰᠢᠨ ᠲᠡᠷᠭᠡᠨ ᠦ ᠵᠢᠯᠣᠭᠣᠴᠢ  ᠶᠢᠨ ᠰᠢᠯᠭᠠᠯᠲᠠ ᠲᠦᠷᠢᠮ ᠦᠨ ᠥᠭᠡᠷᠡᠴᠢᠯᠡᠯᠲᠡ ᠶᠢ ᠦᠨᠡᠨᠬᠦ ᠲᠦᠯᠬᠢᠨ ᠠᠬᠢᠭᠤᠯᠵᠤ ᠂ ᠬᠠᠶᠢᠨᠠᠨ ᠤ  ᠤᠷᠢᠳᠴᠢᠯᠠᠨ ᠪᠣᠯᠵᠣᠬᠤ ᠵᠢᠯᠣᠭᠣᠴᠢ  ᠶᠢᠨ ᠰᠢᠯᠭᠠᠯᠲᠠ  ᠶᠢᠨ ᠡᠷᠬᠡ ᠠᠰᠢᠭ ᠪᠠᠲᠤᠯᠠᠵᠤ ᠂ ᠰᠢᠯᠭᠠᠬᠤ ᠠᠵᠢᠯ  ᠢ ᠠᠷᠢᠭᠤᠨ ᠴᠢᠬᠡᠴᠢ ᠲᠥᠪ ᠭᠣᠣᠯᠴᠢ ᠪᠠᠷ ᠬᠢᠬᠦ  ᠶᠢ ᠠᠬᠢᠭᠤᠯᠬᠤ ᠶᠢ ᠲᠦᠯᠬᠢᠨ ᠠᠬᠢᠭᠤᠯᠬᠤ ᠶᠢᠨ ᠲᠤᠯᠠᠳᠠ ᠂ ᠬᠠᠶᠢᠨᠠᠨ ᠮᠤᠵᠢ  ᠶᠢᠨ ᠳᠣᠲᠣᠭᠠᠳᠤ  ᠶᠢ ᠬᠠᠮᠠᠭᠠᠯᠠᠬᠤ ᠵᠠᠮ ᠬᠠᠷᠢᠯᠴᠠᠭᠠᠨ ᠤ ᠴᠠᠭᠳᠠᠭ᠎ᠠ ᠶᠡᠷᠦᠩᠬᠡᠶ ᠠᠩᠭᠢ   ᠡᠴᠡ 2016  ᠤᠨ ᠤ 5  ᠰᠠᠷ᠎ᠠ ᠶᠢᠨ1 ᠡᠴᠡ ᠡᠬᠢᠯᠡᠨ ᠪᠦᠬᠦ ᠮᠤᠵᠢ ᠶᠢᠨ  ᠮᠠᠰᠢᠨ ᠲᠡᠷᠭᠡᠨ ᠦ ᠵᠢᠯᠣᠭᠣᠴᠢ ᠶᠢᠨ ᠰᠢᠯᠭᠠᠯᠲᠠ ᠶᠢ ᠰᠦᠯᠵᠢᠶᠡᠨ ᠳᠡᠭᠡᠷ᠎ᠡ ᠪᠡᠶ᠎ᠡ ᠪᠡᠨ ᠳᠠᠭᠠᠭᠠᠵᠤ ᠤᠷᠢᠳᠴᠢᠯᠠᠨ ᠪᠣᠯᠵᠣᠬᠤ ᠶᠢ ᠡᠬᠢᠯᠡᠨ ᠬᠡᠷᠡᠭᠵᠢᠭᠦᠯᠪᠡ ᠃

ᠢᠷᠡᠯᠲᠡ ᠄ ᠰᠢᠨ ᠯᠠᠩ ᠰᠢᠭᠦᠬᠦ ᠬᠣᠷᠢᠶ᠎ᠠ ᠰᠤᠪᠠᠭ

ᠦᠨᠡᠯᠡᠬᠦ 0ᠦᠨᠡᠯᠡᠯᠲᠡ᠎ᠲᠠᠢ


( ᠨᠧᠲ ᠨᠠᠢᠵᠠ ᠵᠢᠨ ᠦᠨᠡᠯᠡᠯᠲᠡ᠎ᠨᠢ ᠵᠦᠪᠭᠡᠨ ᠲᠡᠭᠦᠨ ᠊ᠤ᠌ ᠬᠤᠪᠢ ᠭᠦᠮᠦᠨ ᠊ᠤ᠌ ᠦᠵᠡᠯᠲᠡ ᠲᠡᠳᠦᠢ᠂ ᠲᠤᠰ ᠨᠧᠲ ᠦᠷᠳᠡᠭᠡ ᠲᠡᠭᠦᠨ ᠊ᠤ᠌ ᠦᠵᠡᠯᠲᠡ ᠵᠢ ᠵᠦᠪᠱᠢᠶᠡᠷᠡᠭᠰᠡᠨ ᠶᠠᠪᠤᠳᠠᠯ ᠤᠭᠳᠤ ᠪᠢᠱᠢ᠎ᠶᠤᠮ᠃ )