ᠲᠠᠪᠤᠨ ᠵᠢᠯ ᠤᠨ ᠲᠤᠷᠰᠢ ᠠᠷᠢᠬᠢᠨ ᠤ ᠳᠠᠷᠠᠭ᠎ᠠ ᠲᠡᠷᠭᠡ ᠵᠢᠯᠤᠭᠤᠳᠤᠨ ᠬᠠᠤᠯᠢ ᠵᠦᠷᠢᠴᠡᠭᠰᠡᠨ ᠬᠡᠷᠡᠭ ᠢ200 ᠭᠠᠷᠤᠢ ᠲᠦᠮᠡ ᠢ ᠪᠠᠢᠴᠠᠭᠠᠨ ᠰᠢᠢᠳᠬᠡᠵᠦ ᠠᠷᠢᠬᠡᠨ ᠤ ᠳᠠᠷᠠᠭ᠎ᠠ ᠲᠡᠷᠭᠡ ᠪᠠᠷᠢᠬᠤ ᠬᠡᠷᠡᠭ18% ᠪᠡᠷ ᠲᠤᠷᠤᠭᠰᠢᠯᠠᠪᠠ
ᠬᠠᠤᠯᠢ ᠲᠦᠷᠢᠮ ᠦᠨ ᠰᠦᠯᠵᠢᠶᠡᠨ ᠦ ᠪᠡᠭᠡᠵᠢᠩ ᠦᠨ 4 ᠰᠠᠷ᠎ᠠ ᠶᠢᠨ 28 ᠤ ᠡᠳᠦᠷ ᠦᠨ ᠮᠡᠳᠡᠭᠡ ᠰᠤᠷᠪᠤᠯᠵᠢᠯᠠᠭᠴᠢ ᠯᠢᠦ ᠼᠢ ᠶᠠᠩ 《 ᠠᠷᠢᠬᠢᠨ ᠤ ᠳᠠᠷᠠᠭ᠎ᠠ ᠲᠡᠷᠭᠡ ᠵᠢᠯᠤᠭᠤᠳᠬᠤ 》 ᠪᠣᠯ ᠮᠠᠰᠢᠨ ᠲᠡᠷᠭᠡᠨ ᠦ ᠨᠡᠶᠢᠭᠡᠮ ᠦᠨ ᠨᠡᠶᠢᠲᠡ ᠶᠢᠨ ᠬᠣᠣᠷ ᠂ ᠠᠷᠢᠬᠢ ᠤᠤᠭᠤᠭᠰᠠᠨ ᠤ ᠳᠠᠷᠠᠭ᠎ᠠ ᠲᠡᠷᠭᠡ ᠵᠢᠯᠤᠭᠤᠳᠬᠤ ᠂ ᠰᠣᠭᠲᠣᠭᠤ ᠪᠠᠷ ᠲᠡᠷᠭᠡ ᠵᠢᠯᠤᠭᠤᠳᠬᠤ ᠨᠢ ᠵᠠᠮ ᠬᠠᠷᠢᠯᠴᠠᠭᠠᠨ ᠤ ᠠᠮᠤᠷ ᠲᠦᠪᠰᠢᠨ ᠦ ᠬᠦᠨᠳᠦ ᠨᠣᠴᠢᠲᠠᠶ ᠬᠣᠣᠷ ᠬᠥᠨᠥᠭᠡᠯ ᠤᠴᠠᠷᠠᠭᠤᠯᠵᠤ ᠂ ᠥᠷᠭᠡᠨ ᠤᠯᠠᠨ ᠠᠷᠠᠳ ᠤᠯᠠᠨ ᠲᠤᠶᠢᠯ ᠡᠰᠡᠷᠭᠦᠴᠡᠳᠡᠭ᠃ ᠠᠷᠠᠳ ᠲᠦᠮᠡᠨ ᠤ ᠬᠦᠰᠡᠯ ᠳᠤ ᠂ ᠬᠠᠤᠯᠢ ᠴᠠᠭᠠᠵᠠ ᠬᠠᠷᠭᠠᠯᠵᠠᠭᠰᠠᠨ ᠲᠣᠭᠲᠠᠭᠠᠯ ᠪᠠᠢᠬᠤ ᠬᠡᠷᠡᠭᠲᠡᠶ ᠂ 2011 ᠣᠨ ᠤ 2 ᠰᠠᠷ᠎ᠠ ᠠᠴᠠ ᠂ ᠠᠷᠪᠠᠨ ᠨᠢᠭᠡᠳᠦᠭᠡᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠦᠨ ᠶᠡᠬᠡ ᠬᠤᠷᠠᠯ ᠤᠨ ᠪᠠᠶᠢᠩᠭᠤ ᠶᠢᠨ ᠬᠣᠷᠢᠶᠠᠨ ᠤ ᠠᠷᠪᠠ ᠶᠢᠰᠦᠳᠦᠭᠡᠷ ᠬᠤᠷᠠᠯᠳᠤᠭᠠᠨ ᠳᠡᠭᠡᠷ᠎ᠡ 《 ᠪᠥᠬᠥᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠡᠷᠡᠭᠦᠦ ᠶᠢᠨ ᠬᠠᠤᠯᠢ ᠳᠤ ᠵᠠᠰᠠᠪᠤᠷᠢ ᠣᠷᠣᠭᠤᠯᠤᠭᠰᠠᠨ ᠲᠥᠰᠦᠯ ( ᠨᠠᠶᠮᠠ ) 》 ᠪᠠᠲᠤᠯᠠᠯᠲᠠ ᠬᠢᠵᠦ ᠂ ᠡᠷᠡᠭᠦᠦ ᠶᠢᠨ ᠬᠠᠤᠯᠢ ᠳᠤ 《 ᠠᠶᠤᠯᠲᠠᠶ ᠪᠠᠷ ᠲᠡᠷᠭᠡ ᠵᠢᠯᠣᠭᠣᠳᠤᠭᠰᠠᠨ ᠶᠠᠯ᠎ᠠ 》 ᠶᠢ ᠨᠡᠮᠡᠭᠰᠡᠨ ᠪᠠᠢᠨ᠎ᠠ᠃ ᠲᠤᠰ ᠵᠢᠯ ᠦᠨ 5 ᠰᠠᠷ᠎ᠠ ᠶᠢᠨ 1 ᠦ ᠡᠳᠦᠷ ᠂ 《 ᠰᠣᠭᠲᠣᠭᠤ ᠪᠠᠷ ᠲᠡᠷᠭᠡ ᠵᠢᠯᠤᠭᠤᠳᠬᠤ ᠳᠤ ᠡᠷᠡᠭᠦᠦ ᠶᠢᠨ ᠬᠡᠷᠡᠭ ᠲᠤᠯᠭᠠᠬᠤ 》 ᠶᠢ ᠵᠢᠩᠬᠢᠨᠢ ᠪᠡᠷ ᠬᠡᠷᠡᠭᠵᠢᠭᠦᠯᠪᠡ᠃ ᠲᠠᠪᠤᠨ ᠵᠢᠯ ᠦᠨ ᠲᠤᠷᠰᠢ ᠂ ᠪᠦᠬᠦ ᠤᠯᠤᠰ ᠤᠨ ᠳᠣᠲᠣᠭᠠᠳᠤ ᠶᠢ ᠬᠠᠮᠠᠭᠠᠯᠠᠬᠤ ᠪᠠᠶᠢᠭᠤᠯᠤᠯᠭ᠎ᠠ ᠶᠢᠨ ᠨᠢᠭᠲᠠ ᠬᠠᠮᠵᠢᠯᠴᠠᠨ ᠂ᠰᠣᠭᠲᠣᠭᠤ ᠪᠠᠷ ᠲᠡᠷᠭᠡ ᠵᠢᠯᠤᠭᠤᠳᠬᠤ ᠶᠢ ᠵᠠᠰᠠᠬᠤ ᠤᠷᠳᠤ ᠬᠤᠭᠤᠴᠠᠭᠠᠨ ᠤ ᠪᠦᠲᠦᠮᠵᠢᠲᠡᠶ ᠲᠣᠭᠲᠠᠴᠠ ᠪᠠᠷᠢᠮᠲᠠᠯᠠᠵᠤ᠂ ᠬᠠᠤᠯᠢ ᠴᠠᠭᠠᠵᠠ ᠶᠢᠨ ᠵᠥᠪ ᠪᠥᠭᠡᠳ ᠪᠦᠲᠦᠮᠵᠢᠲᠡᠶ ᠬᠡᠷᠡᠭᠵᠢᠭᠦᠯᠦᠭᠳᠡᠬᠦ ᠶᠢ ᠦᠨᠡᠨ ᠬᠦ ᠪᠠᠲᠤᠯᠠᠪᠠ᠃
ᠰᠤᠷᠪᠤᠯᠵᠢᠯᠠᠭᠴᠢ ᠳᠣᠲᠣᠭᠠᠳᠤ ᠶᠢ ᠬᠠᠮᠠᠭᠠᠯᠠᠬᠤ ᠶᠠᠮᠤᠨ ᠠᠴᠠ ᠤᠢᠯᠭᠠᠭᠰᠠᠨ ᠢᠶᠡᠷ ᠂ 2016 ᠤᠨ ᠤ4 ᠰᠠᠷ᠎ᠠ ᠶᠢᠨ ᠰᠡᠭᠦᠯᠴᠢ ᠪᠣᠯᠲᠠᠯ᠎ᠠ ᠂ ᠬᠣᠯᠪᠣᠭᠳᠠᠯ ᠪᠦᠬᠦᠢ ᠬᠠᠤᠯᠢ ᠴᠠᠭᠠᠵᠠ ᠬᠠᠤᠯᠢ ᠲᠣᠭᠲᠠᠭᠠᠯ ᠨᠢ ᠬᠡᠷᠡᠭᠯᠡᠭᠳᠡᠭᠡᠳ ᠲᠠᠪᠤᠨ ᠵᠢᠯ ᠰᠢᠬᠠᠮ ᠪᠣᠯᠵᠤ ᠂ 《ᠰᠣᠭᠲᠣᠭᠤ ᠪᠠᠷ ᠲᠡᠷᠭᠡ ᠵᠢᠯᠤᠭᠤᠳᠬᠤ ᠳᠤ ᠡᠷᠡᠭᠦᠦ ᠶᠢᠨ ᠬᠡᠷᠡᠭ ᠲᠤᠯᠭᠠᠬᠤ 》 ᠨᠢ ᠳᠤᠮᠳᠠᠳᠤ ᠤᠯᠤᠰ ᠤᠨ ᠠᠷᠢᠬᠢ ᠤᠤᠭᠤᠭᠰᠠᠨ ᠤ ᠳᠠᠷᠠᠭ᠎ᠠ ᠲᠡᠷᠭᠡ ᠵᠢᠯᠣᠭᠣᠳᠬᠤ ᠠᠰᠠᠭᠤᠳᠠᠯ ᠳᠤ ᠯᠤᠲᠤ ᠶᠡᠬᠡ ᠬᠤᠪᠢᠷᠠᠯᠲᠠ ᠭᠠᠷᠭᠠᠪᠠ ᠃ ᠣᠶᠢᠷ᠎ᠠ ᠳᠤ ᠂ ᠳᠣᠲᠣᠭᠠᠳᠤ ᠶᠢ ᠬᠠᠮᠠᠭᠠᠯᠠᠬᠤ ᠶᠠᠮᠤᠨ ᠡᠴᠡ 《ᠰᠣᠭᠲᠣᠭᠤ ᠪᠠᠷ ᠲᠡᠷᠭᠡ ᠵᠢᠯᠤᠭᠤᠳᠬᠤ ᠳᠤ ᠡᠷᠡᠭᠦᠦ ᠶᠢᠨ ᠬᠡᠷᠡᠭ ᠲᠤᠯᠭᠠᠬᠤ 》ᠲᠠᠪᠤᠨ ᠵᠢᠯ ᠤᠨ ᠲᠤᠷᠰᠢ ᠠᠷᠢᠬᠢ ᠤᠤᠭᠤᠭᠰᠠᠨ ᠤ ᠳᠠᠷᠠᠭ᠎ᠠ ᠲᠡᠷᠭᠡ ᠵᠢᠯᠤᠭᠤᠳᠴᠤ ᠬᠠᠤᠯᠢ ᠶᠢ ᠵᠥᠷᠢᠴᠡᠭᠰᠡᠨ ᠠᠵᠢᠯᠯᠠᠭ᠎ᠠ ᠶᠢ ᠪᠠᠶᠢᠴᠠᠭᠠᠨ ᠰᠢᠶᠳᠪᠦᠷᠢᠯᠡᠭᠰᠡᠨ ᠪᠠᠶᠢᠳᠠᠯ ᠨᠡᠢᠲᠡᠯᠡᠵᠦ ᠂ ᠮᠠᠨ ᠤ ᠤᠯᠤᠰ ᠤᠨ ᠠᠷᠢᠬᠢᠨ ᠤ ᠳᠠᠷᠠᠭ᠎ᠠ ᠲᠡᠷᠭᠡ ᠵᠢᠯᠤᠭᠤᠳᠬᠤ ᠰᠣᠭᠲᠣᠭᠤ ᠪᠠᠷ ᠲᠡᠷᠭᠡ ᠵᠢᠯᠤᠭᠤᠳᠬᠤ ᠵᠡᠷᠭᠡ ᠬᠠᠤᠯᠢ ᠶᠢ ᠵᠥᠷᠢᠴᠡᠵᠦ ᠶᠠᠯ᠎ᠠ ᠬᠢᠭᠰᠡᠨ ᠢ ᠴᠢᠩᠭ᠎ᠠ ᠪᠠᠢᠴᠠᠭᠠᠬᠤ ᠨᠢ ᠲᠠᠪᠤᠨ ᠢᠯᠡᠷᠬᠡᠶ ᠬᠤᠪᠢᠷᠠᠯᠲᠠ ᠭᠠᠷᠪᠠ ᠄ ᠨᠢᠭᠡ ᠳᠦ ᠂ ᠠᠷᠢᠬᠢᠨ ᠤ ᠳᠠᠷᠠᠭ᠎ᠠ ᠲᠡᠷᠭᠡ ᠵᠢᠯᠤᠭᠤᠳᠬᠤ ᠰᠣᠭᠲᠣᠭᠤ ᠪᠠᠷ ᠲᠡᠷᠭᠡ ᠵᠢᠯᠣᠭᠣᠳᠤᠭᠰᠠᠨ ᠬᠡᠷᠡᠭ ᠢ ᠪᠦᠲᠦᠮᠵᠢᠲᠡᠶ ᠬᠣᠷᠢᠭᠯᠠᠬᠤ ᠦᠢᠯᠡᠳᠦᠯ ᠭᠠᠷᠴᠤ᠂ ᠬᠤᠳᠠ ᠶᠢᠨ ᠬᠡᠪᠴᠢᠶᠡᠨ ᠲᠡᠬᠢ ᠦᠷ᠎ᠡ ᠪᠦᠲᠦᠮᠵᠢ ᠨᠡᠩ ᠲᠣᠳᠣᠷᠬᠠᠶ ᠮᠡᠳᠡᠭᠳᠡᠭᠰᠠᠨ ᠪᠠᠢᠨ᠎ᠠ᠃ ᠲᠠᠪᠤᠨ ᠵᠢᠯ ᠦᠨ ᠲᠤᠷᠰᠢ ᠂ ᠪᠦᠬᠦ ᠤᠯᠤᠰ ᠤᠨ ᠳᠣᠲᠣᠭᠠᠳᠤ ᠶᠢ ᠬᠠᠮᠠᠭᠠᠯᠠᠬᠤ ᠪᠠᠶᠢᠭᠤᠯᠤᠯᠭ᠎ᠠ 247.4 ᠲᠦᠮᠡᠨ ᠠᠷᠢᠬᠢ ᠤᠤᠭᠤᠭᠰᠠᠨ ᠤ ᠳᠠᠷᠠᠭ᠎ᠠ ᠲᠡᠷᠭᠡ ᠵᠢᠯᠤᠭᠤᠳᠴᠤ ᠬᠠᠤᠯᠢ ᠶᠢ ᠵᠥᠷᠢᠴᠡᠭᠰᠡᠨ ᠠᠵᠢᠯᠯᠠᠭ᠎ᠠ ᠶᠢ ᠪᠠᠶᠢᠴᠠᠭᠠᠨ ᠰᠢᠢᠳᠪᠥᠷᠢᠯᠡᠪᠡ ᠃ ᠬᠣᠶᠠᠷ ᠲᠤ ᠂ ᠠᠷᠢᠬᠢᠨ ᠤ ᠳᠠᠷᠠᠭ᠎ᠠ ᠲᠡᠷᠭᠡ ᠵᠢᠯᠤᠭᠤᠳᠬᠤ ᠰᠣᠭᠲᠣᠭᠤ ᠪᠠᠷ ᠲᠡᠷᠭᠡ ᠵᠢᠯᠤᠭᠤᠳᠴᠤ ᠬᠡᠷᠡᠭ ᠭᠠᠷᠭᠠᠭᠰᠠᠨ ᠲᠣᠭ᠎ᠠ ᠬᠡᠮᠵᠢᠶ᠎ᠡ ᠶᠡᠬᠡ ᠪᠡᠷ ᠪᠠᠭᠤᠷᠠᠵᠤ ᠂ ᠢᠯᠠᠩᠭᠤᠶ᠎ᠠ ᠬᠦᠨᠳᠦ ᠬᠡᠴᠡᠭᠦᠦ ᠬᠡᠷᠡᠭ ᠶᠡᠬᠡ ᠪᠡᠷ ᠪᠠᠭᠤᠷᠠᠪᠠ᠃ ᠲᠠᠪᠤᠨ ᠵᠢᠯ ᠦᠨ ᠲᠤᠷᠰᠢ ᠂ ᠪᠦᠭᠦ ᠤᠯᠤᠰ ᠲᠤ ᠠᠷᠢᠬᠢᠨ ᠤ ᠳᠠᠷᠠᠭ᠎ᠠ ᠲᠡᠷᠭᠡ ᠵᠢᠯᠤᠭᠤᠳᠬᠤ ᠰᠣᠭᠲᠣᠭᠤ ᠪᠠᠷ ᠲᠡᠷᠭᠡ ᠵᠢᠯᠣᠭᠣᠳᠤᠭᠰᠠᠨ ᠬᠡᠷᠡᠭ ᠡᠴᠡ ᠪᠣᠯᠵᠤ ᠂ ᠵᠠᠮ ᠬᠠᠷᠢᠯᠴᠠᠭᠠᠨ ᠤ ᠡ᠊ᠨᠳᠡᠯ ᠦᠨ ᠲᠣᠭ᠎ᠠ ᠂ ᠡᠨᠳᠡᠭᠰᠡᠨ ᠬᠥᠮᠦᠨ ᠦ ᠲᠣᠭ᠎ᠠ ᠨᠢ ᠬᠠᠤᠯᠢ ᠴᠠᠭᠠᠵᠠ ᠶᠢ ᠬᠡᠷᠡᠭᠵᠢᠭᠦᠯᠬᠦ ᠡᠴᠡ ᠡᠮᠦᠨᠡᠬᠢ ᠲᠠᠪᠤᠨ ᠵᠢᠯ ᠡᠴᠡ ᠂ 18 % ᠂ 18.3% ᠢᠶᠡᠷ ᠪᠠᠭᠤᠷᠠᠵᠠᠢ ᠃ ᠭᠤᠷᠪᠠ ᠳᠤ ᠢᠷᠭᠡᠨ ᠦ ᠠᠷᠢᠬᠢᠨ ᠤ ᠳᠠᠷᠠᠭ᠎ᠠ ᠲᠡᠷᠭᠡ ᠵᠢᠯᠤᠭᠤᠳᠬᠤ ᠰᠣᠭᠲᠣᠭᠤ ᠪᠠᠷ ᠲᠡᠷᠭᠡ ᠵᠢᠯᠤᠭᠤᠳᠬᠤ ᠶᠢ ᠡᠰᠡᠷᠭᠦᠴᠡᠨ ᠬᠣᠷᠢᠭᠯᠠᠬᠤ ᠤᠬᠠᠮᠰᠠᠷ ᠢᠯᠡᠳᠲᠡ ᠳᠡᠭᠡᠭᠰᠢᠯᠡᠵᠦ ᠂ 《 ᠠᠷᠢᠬᠢᠨ ᠤ ᠤ ᠳᠠᠷᠠᠭ᠎ᠠ ᠲᠡᠷᠭᠡ ᠵᠢᠯᠤᠭᠤᠳᠬᠤ ᠶᠢ ᠲᠡᠪᠴᠢᠭᠰᠡᠨ 》 ᠬᠠᠮᠲᠤ ᠶᠢᠨ ᠲᠠᠨᠢᠯᠲᠠ ᠲᠠᠶ ᠪᠣᠯᠵᠠᠶ ᠃ ᠲᠠᠪᠤᠨ ᠵᠢᠯ ᠦᠨ ᠲᠤᠷᠰᠢ ᠂ ᠪᠦᠬᠦ ᠤᠯᠤᠰ ᠤᠨ ᠪᠠᠷᠤᠭ 2.18 ᠳ᠋ᠦᠩᠰᠢᠭᠤᠷ ᠬᠥᠮᠦᠨ ᠤᠳᠠᠭ᠎ᠠ ᠠᠷᠢᠬᠢ ᠤᠤᠭᠤᠭᠰᠠᠨ ᠵᠢᠯᠣᠭᠣᠴᠢ ᠶᠢ ᠣᠷᠣᠯᠠᠨ ᠵᠢᠯᠤᠭᠤᠳᠬᠤ ᠦᠢᠯᠡᠴᠢᠯᠡᠭᠡ ᠶᠢ ᠬᠦᠯᠢᠶᠡᠨ ᠠᠪᠴᠤ ᠂ ᠬᠠᠤᠯᠢ ᠶᠢ ᠵᠥᠷᠢᠴᠡᠭᠰᠡᠨ ᠠᠵᠢᠯᠯᠠᠭ᠎ᠠ ᠶᠢ ᠶᠡᠬᠡᠪᠡᠷ ᠪᠠᠭᠤᠷᠠᠭᠤᠯᠵᠤ ᠂ ᠠᠷᠢᠬᠢᠨ ᠤ ᠳᠠᠷᠠᠭ᠎ᠠ ᠲᠡᠷᠭᠡ ᠵᠢᠯᠤᠭᠤᠳᠬᠤ ᠰᠣᠭᠲᠣᠭᠤ ᠪᠠᠷ ᠲᠡᠷᠭᠡ ᠵᠢᠯᠤᠭᠤᠳᠴᠤ ᠡ᠊ᠨᠳᠡᠯ ᠭᠠᠷᠬᠤ ᠶᠢ ᠲᠣᠬᠢᠶᠠᠯᠳᠤᠮᠵᠢ ᠶᠢ ᠶᠡᠬᠡᠪᠡᠷ ᠪᠠᠭᠠᠰᠬᠠᠪᠠ ᠃ ᠲᠦᠷᠪᠡ ᠳᠦ ᠬᠠᠤᠯᠢ ᠶᠢ ᠴᠢᠩᠭ᠎ᠠ ᠬᠠᠲᠠᠭᠤ ᠬᠡᠷᠡᠭᠵᠢᠭᠦᠯᠵᠤ᠂ ᠠᠷᠢᠬᠢᠨ ᠤ ᠳᠠᠷᠠᠭ᠎ᠠ ᠲᠡᠷᠭᠡ ᠵᠢᠯᠤᠭᠤᠳᠴᠤ ᠬᠠᠤᠯᠢ ᠶᠢ ᠵᠦᠷᠢᠴᠡᠭᠰᠡᠨ ᠳᠤ ᠨᠠᠢᠷ ᠲᠠᠯ᠎ᠠ ᠬᠠᠶᠠᠬᠤ ᠦᠭᠡᠢ᠃ ᠡᠯ᠎ᠡ ᠭᠠᠵᠠᠷ ᠤᠨ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠲᠥᠪ ᠴᠢᠩᠭ᠎ᠠ ᠂ ᠲᠥᠪ ᠭᠣᠣᠯᠴᠢ ᠂ ᠪᠣᠯᠪᠠᠰᠤᠨ ᠂ ᠳᠦᠷᠢᠮᠵᠢᠯ ᠲᠠᠢ ᠬᠠᠤᠯᠢ ᠬᠡᠷᠡᠭᠵᠢᠭᠦᠯᠵᠦ ᠂ ᠶᠠᠮᠠᠷ ᠬᠥᠮᠦᠨ ᠳᠦ ᠬᠣᠯᠪᠣᠭᠳᠠᠭᠰᠠᠨ ᠴᠤ ᠂ ᠪᠡᠶ᠎ᠡ ᠶᠢᠨ ᠭᠠᠷᠤᠯ ᠶᠠᠮᠠᠷ ᠪᠠᠢᠭᠰᠠᠨ ᠴᠦ ᠂ ᠬᠠᠤᠯᠢ ᠴᠠᠭᠠᠵᠠ ᠳᠤ ᠬᠠᠯᠳᠠᠭᠰᠠᠨ ᠯᠠ ᠶᠤᠮ ᠪᠣᠯ ᠂ ᠴᠥᠮ ᠬᠠᠤᠯᠢ ᠶᠣᠰᠣᠭᠠᠷ ᠪᠠᠶᠢᠴᠠᠭᠠᠨ ᠰᠢᠢᠳᠪᠦᠷᠢᠯᠡᠵᠦ ᠂ ᠤᠯᠤᠰ ᠤᠨ ᠠᠯᠪᠠᠨ ᠲᠤᠰᠢᠶᠠᠯᠲᠠᠨ ᠳᠤ ᠬᠣᠯᠪᠤᠭᠳᠠᠭᠰᠠᠨ ᠢ ᠴᠥᠮ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠰᠠᠯᠠᠭ᠎ᠠ ᠮᠥᠴᠢᠷ ᠲᠤ ᠮᠡᠳᠡᠭᠦᠯᠵᠦ᠂ ᠬᠠᠤᠯᠢ ᠴᠠᠭᠠᠵᠠ ᠶᠢᠨ ᠡᠷᠬᠡ ᠰᠦᠷ ᠢ ᠪᠤᠢ ᠪᠣᠯᠭᠠᠵᠤ ᠂ ᠠᠷᠠᠳ ᠣᠯᠠᠨ ᠤ ᠢᠲᠡᠭᠡᠯ ᠪᠠ ᠳᠡᠮᠵᠢᠯᠭᠡ ᠶᠢ ᠣᠯᠵᠤ ᠂ ᠬᠠᠤᠯᠢ ᠬᠡᠷᠡᠭᠵᠢᠭᠦᠯᠬᠦ ᠠᠵᠢᠯ ᠤᠨ ᠣᠯᠠᠨ ᠨᠡᠶᠢᠲᠡ ᠶᠢᠨ ᠢᠲᠡᠭᠡᠭᠦᠯᠬᠦ ᠬᠦᠴᠦᠨ ᠢ ᠪᠦᠲᠦᠮᠵᠢᠲᠡᠶ ᠴᠢᠩᠭ᠋ᠠᠷᠠᠭᠤᠯᠤᠭᠰᠠᠨ ᠪᠠᠢᠨ᠎ᠠ ᠃ ᠲᠠᠪᠤ ᠳᠤ ᠬᠠᠤᠯᠢ ᠶᠣᠰᠣᠭᠠᠷ ᠵᠠᠰᠠᠬᠤ ᠶᠢ ᠪᠠᠷᠢᠮᠲᠠᠯᠠᠵᠤ ᠂ 《 ᠰᠠᠢᠨ ᠬᠠᠤᠯᠢ ᠰᠠᠶᠢᠲᠤᠷ ᠵᠠᠰᠠᠬᠤ 》 ᠶᠢ ᠪᠡᠶᠡᠯᠡᠭᠦᠯᠦᠨ᠎ᠠ ᠃ ᠠᠷᠢᠬᠢᠨ ᠤ ᠳᠠᠷᠠᠭ᠎ᠠ ᠲᠡᠷᠭᠡ ᠵᠢᠯᠤᠭᠤᠳᠬᠤ ᠶᠢᠨ ᠬᠦᠨᠳᠦ ᠨᠣᠴᠢᠲᠠᠶ ᠬᠣᠣᠷ ᠬᠥᠨᠥᠭᠡᠯ ᠳᠤ ᠴᠢᠭᠯᠡᠭᠦᠯᠦᠨ ᠂ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠡᠩ ᠲᠡᠷᠢᠭᠦᠨ ᠳᠦ ᠬᠠᠤᠯᠢ ᠶᠢ ᠴᠢᠩᠭ᠎ᠠ ᠬᠡᠷᠡᠭᠵᠢᠭᠦᠯᠬᠦ ᠶᠢ ᠭᠤᠢᠪᠠᠰᠢ ᠦᠭᠡᠢ ᠪᠠᠷᠢᠮᠲᠠᠯᠠᠵᠤ᠂ ᠳᠠᠬᠢᠨ ᠨᠡᠶᠢᠭᠡᠮ ᠦᠨ ᠡᠯ᠎ᠡ ᠡᠲᠡᠭᠡᠳ ᠂ ᠵᠠᠭᠤᠴᠢᠯᠠᠭᠤᠷ ᠤᠨ ᠶᠠᠷᠢᠶ᠎ᠠ ᠬᠡᠯᠡᠯᠴᠡᠭᠡᠨ ᠢᠶᠡᠷ ᠬᠠᠮᠲᠤ ᠶᠢᠨ ᠲᠠᠨᠢᠯᠲᠠ ᠶᠢ ᠨᠢᠭᠲᠠᠷᠠᠭᠤᠯᠵᠤ ᠂ ᠥᠷᠭᠡᠨ ᠤᠯᠠᠨ ᠠᠷᠠᠳ ᠲᠦᠮᠡᠨ ᠦ ᠮᠡᠳᠡᠷᠡᠨ ᠵᠥᠪᠰᠢᠶᠡᠷᠡᠬᠦ ᠪᠠ ᠬᠦᠷᠢᠶᠡᠯᠡᠯ ᠢ ᠣᠯᠵᠤ᠂ ᠬᠠᠤᠯᠢ ᠲᠣᠭᠲᠠᠭᠠᠬᠤ ᠪᠠᠶᠢᠭᠤᠯᠭ᠎ᠠ ᠬᠦᠴᠦᠲᠡᠶ ᠳᠡᠮᠵᠢᠯᠭᠡ ᠶᠢ ᠬᠦᠯᠢᠶᠡᠨ ᠂ 《 ᠰᠣᠭᠲᠣᠭᠤ ᠪᠠᠷ ᠵᠢᠯᠤᠭᠤᠳᠬᠤ ᠶᠢ ᠡᠷᠡᠭᠦᠦ ᠶᠢᠨ ᠬᠡᠷᠡᠭ ᠲᠤ ᠣᠷᠤᠭᠤᠯᠬᠤ 》 ᠪᠠ ᠬᠣᠯᠪᠣᠭᠳᠠᠯ ᠪᠦᠬᠦᠢ ᠬᠠᠤᠯᠢ ᠴᠠᠭᠠᠵᠠ ᠬᠠᠤᠯᠢ ᠲᠣᠭᠲᠠᠭᠠᠯ ᠳᠤ ᠵᠠᠰᠠᠪᠤᠷᠢ ᠣᠷᠤᠭᠤᠯᠤᠨ ᠲᠡᠭᠦᠯᠳᠡᠷᠵᠢᠭᠦᠯᠬᠦ ᠶᠢ ᠪᠡᠶᠡᠯᠡᠭᠦᠯᠵᠦ᠂ ᠮᠠᠰᠢ ᠰᠠᠢᠨ ᠬᠠᠤᠯᠢ ᠴᠠᠭᠠᠵᠠ ᠶᠢᠨ ᠦᠷ᠎ᠡ ᠪᠦᠲᠦᠮᠵᠢ ᠪᠠ ᠨᠡᠶᠢᠭᠡᠮ ᠦᠨ ᠦᠷ᠎ᠡ ᠪᠦᠲᠦᠮᠵᠢ ᠣᠯᠤᠭᠰᠠᠨ ᠪᠠᠶᠢᠨ᠎ᠠ ᠃ ᠠᠷᠢᠬᠢᠨ ᠤ ᠳᠠᠷᠠᠭ᠎ᠠ ᠲᠡᠷᠭᠡ ᠵᠢᠯᠤᠭᠤᠳᠬᠤ ᠬᠡᠷᠡᠭ ᠢ ᠬᠠᠤᠯᠢ ᠶᠣᠰᠣᠭᠠᠷ ᠵᠠᠰᠠᠬᠤ ᠨᠢ ᠠᠮᠵᠢᠯᠲᠠ ᠣᠯᠤᠭᠰᠠᠨ ᠦᠢᠯᠡᠳᠦᠯᠭᠡ ᠨᠢ ᠂ ᠬᠠᠤᠯᠢ ᠪᠠᠷ ᠵᠠᠰᠠᠬᠤ ᠳᠤᠮᠳᠠᠳᠤ ᠤᠯᠤᠰ ᠤᠨ ᠠᠮᠵᠢᠯᠲᠠ ᠣᠯᠤᠭᠰᠠᠨ ᠤᠢᠯᠢᠭᠡᠷ ᠵᠢᠱᠢᠶ᠎ᠡ ᠪᠣᠯᠤᠨ ᠬᠠᠤᠯᠢ ᠪᠠᠷ ᠵᠠᠰᠠᠬᠤ ᠬᠡᠪ ᠳᠠᠭᠤᠷᠢᠶᠠᠯ ᠪᠤᠢ ᠪᠣᠯᠭᠠᠭᠰᠠᠨ ᠪᠠᠢᠨ᠎ᠠ᠃
ᠳᠣᠲᠣᠭᠠᠳᠤ ᠶᠢ ᠬᠠᠮᠠᠭᠠᠯᠠᠬᠤ ᠶᠠᠮᠤᠨ ᠤ ᠬᠣᠯᠪᠣᠭᠳᠠᠯ ᠪᠦᠬᠦᠢ ᠬᠠᠷᠢᠭᠤᠴᠠᠯᠭᠠᠲᠠᠨ ᠤ ᠲᠠᠨᠢᠯᠴᠠᠭᠤᠯᠤᠭᠰᠠᠨ ᠢᠶᠠᠷ ᠂ ᠠᠷᠢᠬᠢᠨ ᠤ ᠳᠠᠷᠠᠭ᠎ᠠ ᠲᠡᠷᠭᠡ ᠵᠢᠯᠤᠭᠤᠳᠬᠤ ᠨᠢ ᠳᠡᠯᠡᠬᠡᠶ ᠶᠢᠨ ᠡᠯ᠎ᠡ ᠤᠯᠤᠰ ᠤᠳ ᠲᠤ ᠲᠤᠯᠭᠠᠷᠠᠵᠤ ᠪᠠᠶᠢᠭ᠎ᠠ ᠬᠠᠮᠲᠤ ᠶᠢᠨ ᠬᠦᠴᠢᠷ ᠂ ᠮᠠᠨ ᠤ ᠤᠯᠤᠰ ᠣᠳᠣᠬᠠᠨ ᠳᠤ ᠮᠥᠨ ᠯᠡ ᠠᠷᠢᠬᠢᠨ ᠤ ᠳᠠᠷᠠᠭ᠎ᠠ ᠲᠡᠷᠭᠡ ᠵᠢᠯᠤᠭᠤᠳᠬᠤ ᠦᠵᠡᠭᠳᠡᠯ ᠤᠯᠠᠨ ᠡᠭᠦᠰᠴᠦ ᠪᠠᠢᠭ᠎ᠠ ᠬᠤᠭᠤᠴᠠᠭ᠎ᠠ ᠪᠠ ᠬᠠᠤᠯᠢ ᠬᠡᠷᠡᠭᠵᠢᠭᠦᠯᠬᠦ ᠪᠡᠷᠬᠡ ᠶᠢ ᠰᠢᠶᠳᠪᠦᠷᠢᠯᠡᠬᠦ ᠬᠤᠭᠤᠴᠠᠭ᠎ᠠ ᠳᠤ ᠣᠷᠤᠰᠢᠵᠤ ᠪᠠᠢᠨ᠎ᠠ ᠃ ᠠᠷᠢᠬᠢᠨ ᠤ ᠳᠠᠷᠠᠭ᠎ᠠ ᠲᠡᠷᠭᠡ ᠵᠢᠯᠤᠭᠤᠳᠬᠤ ᠶᠢ ᠪᠠᠶᠢᠴᠠᠭᠠᠨ ᠰᠢᠢᠳᠪᠦᠷᠢᠯᠡᠬᠦ ᠬᠦᠴᠦᠯᠡᠴᠡ ᠴᠢᠩᠭᠠᠷᠠᠬᠤ ᠶᠢ ᠳᠠᠭᠠᠯᠳᠤᠨ ᠂ ᠬᠦᠷᠢᠶ᠎ᠡ ᠬᠡᠪᠴᠢᠶ᠎ᠡ ᠨᠢ ᠶᠡᠬᠡ ᠬᠤᠳᠠ ᠡᠴᠡ ᠳᠤᠮᠳᠠ ᠪᠠᠭ᠎ᠠ ᠬᠤᠳᠠ ᠪᠠ ᠬᠥᠳᠡᠭᠡ ᠲᠣᠰᠬᠣᠨ ᠤ ᠵᠦᠭ ᠲᠠᠰᠤᠷᠠᠯᠳᠠ ᠦᠭᠡᠢ ᠲᠦᠯᠬᠢᠨ ᠤᠷᠤᠭᠰᠢᠯᠠᠵᠤ ᠂ ᠮᠥᠨ ᠳᠤᠮᠳᠠ ᠪᠠᠭ᠎ᠠ ᠬᠤᠳᠠ ᠪᠠ ᠬᠥᠳᠡᠭᠡ ᠲᠣᠰᠬᠣᠨ ᠤ ᠮᠠᠰᠢᠨ ᠲᠡᠷᠭᠡ ᠶᠢᠨ ᠥᠮᠴᠢᠯᠡᠭᠳᠡᠵᠦ ᠪᠠᠶᠢᠭ᠎ᠠ ᠲᠣᠭ᠎ᠠ ᠂ ᠵᠢᠯᠣᠭᠣᠴᠢ ᠶᠢᠨ ᠲᠣᠭ᠎ᠠ ᠦᠳᠲᠡᠷ ᠲᠦᠷᠭᠡᠨ ᠨᠡᠮᠡᠭᠳᠡᠬᠦ ᠶᠢ ᠳᠠᠭᠠᠯᠳᠤᠨ ᠂ ᠳᠤᠮᠳᠠ ᠵᠢᠵᠢᠭ ᠬᠤᠳᠠ ᠪᠠ ᠬᠥᠳᠡᠭᠡ ᠲᠣᠰᠬᠣᠨ ᠤ ᠭᠠᠵᠠᠷ ᠣᠷᠣᠨ ᠤ ᠠᠷᠢᠬᠢᠨ ᠤ ᠳᠠᠷᠠᠭ᠎ᠠ ᠲᠡᠷᠭᠡ ᠵᠢᠯᠤᠭᠤᠳᠬᠤ ᠠᠰᠠᠭᠤᠳᠠᠯ ᠨᠡᠩ ᠳᠤᠪᠤᠢᠮ᠎ᠠ ᠪᠠᠢᠵᠤ ᠂ ᠠᠷᠢᠬᠢᠨ ᠤ ᠳᠠᠷᠠᠭ᠎ᠠ ᠲᠡᠷᠭᠡ ᠵᠢᠯᠤᠭᠤᠳᠬᠤ ᠶᠢ ᠪᠠᠶᠢᠴᠠᠭᠠᠨ ᠰᠢᠶᠳᠪᠦᠷᠢᠯᠡᠬᠦ ᠬᠡᠮᠵᠢᠶ᠎ᠡ ᠶᠡᠬᠡ ᠬᠡᠪᠴᠢᠶ᠎ᠡ ᠥᠷᠭᠡᠨ ᠂ ᠠᠷᠢᠬᠢᠨ ᠤ ᠳᠠᠷᠠᠭ᠎ᠠ ᠲᠡᠷᠭᠡ ᠵᠢᠯᠤᠭᠤᠳᠬᠤ ᠶᠢ ᠬᠠᠤᠯᠢ ᠪᠡᠷ ᠵᠠᠰᠠᠬᠤ ᠡᠭᠦᠷᠭᠡ ᠬᠦᠨᠳᠦ ᠵᠠᠮ ᠬᠤᠯᠠ ᠪᠠᠢᠵᠤ ᠂ ᠪᠠᠬᠠᠨ ᠰᠤᠯᠠ ᠲᠠᠯᠪᠢᠭᠰᠠᠭᠠᠷ ᠲᠡᠭᠢᠭᠠᠳ ᠶᠡᠬᠡᠳᠴᠦ ᠮᠡᠳᠡᠬᠦ ᠪᠣᠯᠤᠮᠵᠢ ᠲᠠᠢ ᠪᠠᠢᠵᠤ᠂ ᠤᠳᠠᠭᠠᠨ ᠳᠠᠭᠠᠮᠠᠭᠠᠢ ᠴᠢᠩᠭ᠎ᠠ ᠯᠠᠪᠳᠠᠭᠤᠨ ᠢᠶᠡᠷ ᠠᠷᠢᠬᠢᠨ ᠤ ᠳᠠᠷᠠᠭ᠎ᠠ ᠲᠡᠷᠭᠡ ᠵᠢᠯᠤᠭᠤᠳᠬᠤ ᠶᠢ ᠰᠢᠢᠳᠬᠡᠬᠦ ᠪᠡᠨ ᠪᠠᠷᠢᠮᠲᠠᠯᠠᠬᠤ ᠬᠡᠷᠡᠭᠲᠠᠢ᠃
ᠢᠷᠡᠯᠲᠡ ᠄ ᠰᠢᠨ ᠯᠠᠩ ᠰᠢᠭᠦᠬᠦ ᠬᠣᠷᠢᠶ᠎ᠠ ᠰᠤᠪᠠᠭ
ᠦᠨᠡᠯᠡᠬᠦ 0ᠦᠨᠡᠯᠡᠯᠲᠡ ᠲᠠᠢ