ᠬᠤᠶᠠᠷ ᠳᠡᠭᠡᠳᠦ ᠬᠣᠷᠢᠶᠠᠨ ᠡᠴᠡ ᠱᠠᠮᠰᠢᠨ ᠪᠦᠷᠢᠯᠭᠡᠵᠦ ᠬᠡᠭᠡᠯᠢ ᠢᠳᠡᠵᠦ ᠬᠠᠬᠤᠤᠯᠢ ᠲᠦᠯᠬᠢᠭᠰᠡᠨ ᠶᠠᠯ᠎ᠠ ᠳᠤ ᠰᠢᠢᠳᠬᠡᠯ ᠤᠨᠤᠭᠳᠠᠭᠤᠯᠬᠤ ᠪᠠᠷᠢᠮᠵᠢᠶ᠎ᠠ ᠶᠢ ᠲᠣᠳᠤᠷᠬᠠᠢᠯᠠᠪᠠ᠄ ᠬᠠᠮᠤᠭ ᠥᠨᠳᠦᠷ 
2016.04.18 ᠲᠣᠰ ᠥᠷᠲᠡᠭᠡᠨ ᠦ ᠨᠠᠢᠷᠠᠭᠤᠯᠤᠭᠴᠢ

ᠬᠤᠶᠠᠷ ᠳᠡᠭᠡᠳᠦ ᠬᠣᠷᠢᠶᠠᠨ ᠡᠴᠡ ᠱᠠᠮᠰᠢᠨ ᠪᠦᠷᠢᠯᠭᠡᠵᠦ ᠬᠡᠭᠡᠯᠢ ᠢᠳᠡᠵᠦ ᠬᠠᠬᠤᠤᠯᠢ ᠲᠦᠯᠬᠢᠭᠰᠡᠨ ᠶᠠᠯ᠎ᠠ ᠳᠤ ᠰᠢᠢᠳᠬᠡᠯ ᠤᠨᠤᠭᠳᠠᠭᠤᠯᠬᠤ ᠪᠠᠷᠢᠮᠵᠢᠶ᠎ᠠ ᠶᠢ ᠲᠣᠳᠤᠷᠬᠠᠢᠯᠠᠪᠠ᠄ ᠬᠠᠮᠤᠭ ᠥᠨᠳᠦᠷ ᠲᠤ ᠪᠠᠨᠠᠯᠠᠬᠤ ᠶᠠᠯ᠎ᠠ ᠪᠡᠷ ᠰᠢᠢᠳᠬᠡᠵᠦ ᠳᠠᠷᠤᠢ ᠭᠦᠢᠴᠡᠳᠬᠡᠨ᠎ᠡ

 

ᠰᠢᠨᠬᠤᠸᠠ ᠬᠣᠷᠢᠶᠠᠨ ᠤ ᠪᠡᠭᠡᠵᠢᠩ ᠦᠨ 4 ᠰᠠᠷ᠎ᠠ  ᠶᠢᠨ 18  ᠤ ᠡᠳᠦᠷ ᠦᠨ ᠮᠡᠳᠡᠭᠡ ( ᠰᠤᠷᠪᠤᠯᠵᠢᠯᠠᠭᠴᠢ ᠯᠦᠸᠧ ᠱᠠ ᠂ ᠴᠧᠨ ᠹᠸᠢ ) ᠠᠷᠠᠳ ᠤᠨ ᠳᠡᠭᠡᠳᠦ ᠵᠡᠷᠭᠡ ᠶᠢᠨ ᠰᠢᠭᠦᠬᠦ ᠬᠣᠷᠢᠶ᠎ᠠ ᠂ ᠠᠷᠠᠳ ᠤᠨ ᠳᠡᠭᠡᠳᠦ ᠵᠡᠷᠭᠡ ᠶᠢᠨ ᠪᠠᠶᠢᠴᠠᠭᠠᠬᠤ ᠬᠣᠷᠢᠶ᠎ᠠ 18  ᠤ ᠡᠳᠦᠷ ᠬᠠᠮᠲᠤᠷᠠᠨ ᠨᠡᠶᠢᠲᠡᠯᠡᠭᠰᠡᠨ 《 ᠠᠷᠠᠳ ᠤᠨ ᠳᠡᠭᠡᠳᠦ ᠵᠡᠷᠭᠡ ᠶᠢᠨ ᠰᠢᠭᠦᠬᠦ ᠬᠣᠷᠢᠶ᠎ᠠ ᠂ ᠠᠷᠠᠳ ᠤᠨ ᠳᠡᠭᠡᠳᠦ ᠵᠡᠷᠭᠡ ᠶᠢᠨ ᠪᠠᠶᠢᠴᠠᠭᠠᠬᠤ ᠬᠣᠷᠢᠶ᠎ᠠ  ᠱᠠᠮᠰᠢᠨ ᠪᠦᠷᠢᠯᠭᠡᠵᠦ ᠬᠡᠭᠡᠯᠢ ᠢᠳᠡᠵᠦ ᠬᠠᠬᠤᠤᠯᠢ ᠲᠦᠯᠬᠢᠭᠰᠡᠨ  ᠡᠷᠡᠭᠦᠦ ᠶᠢᠨ ᠬᠡᠷᠡᠭ ᠢ ᠰᠢᠶᠳᠪᠦᠷᠢᠯᠡᠬᠦ ᠳᠦ  ᠬᠠᠤᠯᠢ ᠴᠠᠭᠠᠵᠠ ᠶᠢ ᠬᠡᠷᠡᠭᠯᠡᠬᠦ ᠠᠰᠠᠭᠤᠳᠠᠯ ᠤᠳ ᠤᠨ ᠲᠤᠬᠠᠶ ᠲᠠᠶᠢᠯᠪᠤᠷᠢᠯᠠᠯᠲᠠ 》 ᠳᠤ ᠂ ᠱᠠᠮᠰᠢᠭᠰᠠᠨ ᠶᠠᠯ᠎ᠠ ᠬᠡᠭᠡᠯᠢ ᠢᠳᠡᠭᠰᠡᠨ ᠶᠠᠯ᠎ᠠ  ᠳᠤ ᠶᠠᠯ᠎ᠠ ᠲᠣᠭᠲᠠᠭᠠᠵᠤ ᠡᠷᠡᠭᠦᠦ ᠰᠢᠳᠬᠡᠯ ᠣᠨᠣᠭᠳᠠᠭᠤᠯᠬᠤ ᠪᠠᠷᠢᠮᠵᠢᠶ᠎ᠠ ᠵᠢᠴᠢ ᠱᠠᠮᠰᠢᠭᠰᠠᠨ ᠶᠠᠯ᠎ᠠ ᠂ ᠬᠡᠭᠡᠯᠢ ᠢᠳᠡᠭᠰᠡᠨ ᠶᠠᠯ᠎ᠠ ᠶᠢᠨ ᠠᠯᠠᠬᠤ ᠡᠷᠡᠭᠦᠦ  ᠰᠢᠢᠳᠬᠡᠯ ᠂ ᠠᠯᠠᠬᠤ ᠪᠠᠷ ᠰᠢᠳᠬᠡᠭᠡᠳ ᠠᠯᠭᠤᠷᠯᠠᠨ ᠭᠦᠢᠴᠡᠳᠬᠡᠬᠦ ᠵᠢᠴᠢ ᠨᠠᠰᠤᠨ ᠲᠤᠷᠰᠢ ᠬᠣᠷᠢᠬᠤ ᠪᠠᠷ ᠰᠢᠢᠳᠬᠡᠬᠦ ᠳᠤ ᠬᠡᠷᠡᠭᠯᠡᠬᠦ ᠵᠠᠷᠴᠢᠮ ᠵᠡᠷᠭᠡ  ᠶᠢ ᠲᠣᠳᠤᠷᠬᠠᠢᠯᠠᠵᠤ᠂ ᠱᠠᠮᠰᠢᠵᠤ ᠬᠡᠭᠡᠯᠢ ᠢᠳᠡᠵᠦ ᠬᠠᠬᠤᠤᠯᠢ ᠲᠦᠯᠬᠢᠭᠰᠡᠨ ᠶᠠᠯᠠᠲᠤ ᠠᠵᠢᠯᠯᠠᠭ᠎ᠠ ᠶᠢ ᠬᠠᠤᠯᠢ ᠶᠣᠰᠣᠭᠠᠷ ᠴᠢᠩᠭ᠎ᠠ ᠵᠠᠯᠬᠠᠭᠠᠨ ᠰᠢᠢᠳᠬᠡᠬᠦ ᠶᠢ ᠴᠢᠩᠭ᠋ᠠᠳᠬᠠᠪᠠ᠃

 ᠣᠶᠢᠯᠠᠭᠠᠭᠰᠠᠨ ᠢᠶᠠᠷ ᠂ ᠲᠤᠰ ᠬᠠᠤᠯᠢ ᠴᠠᠭᠠᠵᠠ ᠶᠢᠨ ᠲᠠᠶᠢᠯᠪᠤᠷᠢᠯᠠᠯᠲᠠ ᠶᠢᠨ ᠪᠤᠶ ᠪᠦᠬᠦᠢ ᠲᠣᠭᠲᠠᠭᠠᠯ ᠨᠢ ᠬᠠᠤᠯᠢ ᠶᠣᠰᠣᠭᠠᠷ ᠢᠯᠵᠠᠷᠠᠯ ᠢ ᠴᠢᠩᠭ᠎ᠠ ᠵᠠᠯᠬᠠᠭᠠᠨ  ᠰᠢᠢᠳᠬᠡᠬᠦ ᠵᠣᠷᠢᠭ ᠰᠠᠨᠠᠭ᠎ᠠ ᠶᠢ ᠢᠯᠡᠷᠡᠭᠦᠯᠪᠡ᠃ ᠨᠢᠭᠡ ᠳᠦ ᠴᠢᠩᠭ᠎ᠠ ᠨᠢᠮᠪᠠᠢ ᠡᠷᠡᠭᠦᠦ ᠶᠢᠨ ᠬᠠᠤᠯᠢ ᠶᠢᠨ ᠲᠣᠣᠷ ᠂ ᠱᠠᠮᠰᠢᠵᠤ ᠬᠡᠭᠡᠯᠢ ᠢᠳᠡᠵᠦ ᠬᠠᠬᠤᠤᠯᠢ ᠲᠦᠯᠬᠢᠭᠰᠡᠨ ᠶᠠᠯᠠᠲᠤ ᠠᠵᠢᠯᠯᠠᠭ᠎ᠠ ᠶᠢᠨ ᠰᠢᠨ᠎ᠡ ᠪᠠᠶᠢᠳᠠᠯ ᠂ ᠰᠢᠨ᠎ᠡ ᠣᠨᠴᠠᠯᠢᠭ ᠳᠤ ᠴᠢᠭᠯᠡᠭᠦᠯᠦᠨ ᠂ ᠶᠠᠯ᠎ᠠ ᠪᠦᠷᠢᠯᠳᠦᠬᠦ ᠴᠢᠬᠤᠯᠠ ᠨᠥᠬᠥᠴᠡᠯ ᠳᠤ ᠥᠷᠭᠡᠳᠬᠡᠭᠰᠡᠨ ᠴᠢᠨᠠᠷᠲᠠᠶ ᠲᠠᠶᠢᠯᠪᠤᠷᠢᠯᠠᠯᠲᠠ ᠭᠠᠷᠭᠠᠵᠤ ᠂ ᠬᠠᠤᠯᠢ ᠴᠠᠭᠠᠵᠠ ᠶᠢ ᠬᠡᠷᠡᠭᠯᠡᠬᠦ ᠬᠠᠨᠳᠤᠯᠭᠠᠲᠤ ᠴᠢᠨᠠᠷ ᠢ ᠴᠢᠩᠭᠠᠳᠬᠠᠵᠤ ᠂  ᠱᠠᠮᠰᠢᠵᠦ ᠬᠡᠭᠡᠯᠢ ᠢᠳᠡᠭᠰᠡᠨ ᠶᠠᠯᠠᠲᠤ ᠠᠵᠢᠯᠯᠠᠭ᠎ᠠ  ᠶᠢ ᠴᠢᠩᠭ᠎ᠠ ᠨᠡᠬᠡᠮᠵᠢᠯᠡᠨ᠎ᠡ ᠃ ᠬᠣᠶᠠᠷ ᠲᠤ ᠡᠷᠡᠭᠦᠦ ᠰᠢᠳᠬᠡᠯ ᠢ ᠴᠢᠩᠭ᠎ᠠ ᠬᠡᠷᠡᠭᠯᠡᠨ᠎ᠡ ᠂ ᠡᠯ᠎ᠡ ᠵᠦᠢᠯ ᠦᠨ ᠬᠦᠴᠦᠨ ᠵᠦᠢᠯ ᠢ ᠶᠡᠷᠦᠩᠬᠡᠶᠢᠯᠡᠨ ᠪᠣᠳᠣᠯᠬᠢᠯᠠᠵᠤ ᠠᠳᠠᠯᠢ ᠪᠤᠰᠤ ᠲᠤᠰᠢᠶᠠᠯ ᠤᠨ ᠶᠠᠯᠠᠲᠤ ᠠᠵᠢᠯᠯᠠᠭ᠎ᠠ ᠳᠤ ᠶᠠᠯ᠎ᠠ ᠲᠣᠭᠲᠠᠭᠠᠵᠤ ᠡᠷᠡᠭᠦᠦ ᠰᠢᠳᠬᠡᠯ ᠣᠨᠣᠭᠳᠠᠭᠤᠯᠬᠤ ᠪᠠᠷᠢᠮᠵᠢᠶ᠎ᠠ ᠶᠢ ᠲᠣᠭᠲᠠᠭᠠᠵᠤ ᠂ ᠨᠢᠭᠡᠳᠦᠯᠲᠡᠶ ᠪᠡᠷ ᠲᠥᠯᠥᠪᠯᠡᠨ ᠰᠢᠶᠳᠪᠦᠷᠢᠯᠡᠵᠦ ᠶᠠᠯ᠎ᠠ ᠬᠢᠭᠰᠡᠨ ᠪᠠ ᠶᠠᠯ᠎ᠠ  ᠦᠭᠡᠢ᠂ ᠶᠠᠯ᠎ᠠ ᠨᠢ ᠬᠦᠩᠭᠡᠨ ᠪᠠ ᠶᠠᠯ᠎ᠠ ᠨᠢ ᠬᠦᠨᠳᠦ ᠪᠣᠯᠬᠤ ᠪᠠᠷᠢᠮᠵᠢᠶ᠎ᠠ ᠶᠢ ᠡᠵᠡᠮᠰᠢᠬᠦ ᠬᠡᠷᠡᠭᠲᠡᠶ ᠃

2015  ᠤᠨ ᠤ11 ᠰᠠᠷ᠎ᠠ  ᠳᠤ ᠬᠡᠷᠡᠭᠵᠢᠭᠦᠯᠦᠭᠰᠡᠨ 《 ᠡᠷᠡᠭᠦᠦ ᠶᠢᠨ ᠬᠠᠤᠯᠢ ᠳᠤ ᠵᠠᠰᠠᠪᠤᠷᠢ ᠣᠷᠣᠭᠤᠯᠤᠭᠰᠠᠨ ᠲᠥᠰᠦᠯ ( ᠶᠢᠰᠦ )》 ᠳᠤ ᠬᠡᠭᠡᠯᠢ ᠢᠳᠡᠭᠰᠡᠨ ᠶᠠᠯ᠎ᠠ ᠶᠢᠨ ᠶᠠᠯ᠎ᠠ ᠲᠣᠭᠲᠠᠭᠠᠵᠤ ᠡᠷᠡᠭᠦᠦ ᠰᠢᠳᠬᠡᠯ ᠣᠨᠣᠭᠳᠠᠭᠤᠯᠬᠤ ᠲᠣᠭ᠎ᠠ ᠬᠡᠮᠵᠢᠶᠡᠨ ᠦ  ᠪᠠᠷᠢᠮᠵᠢᠶ᠎ᠠ ᠶᠢ ᠬᠦᠴᠦᠨ ᠦᠭᠡᠢ ᠪᠣᠯᠭᠠᠵᠤ ᠂ ᠡᠬᠦᠨ ᠢ ᠤᠷᠤᠯᠠᠭᠰᠠᠨ ᠨᠢ《 ᠲᠣᠭ᠎ᠠ ᠬᠡᠮᠵᠢᠶ᠎ᠡ ᠨᠢ ᠨᠡᠯᠢᠶᠡᠳ ᠶᠡᠬᠡ 》 ᠂ 《 ᠲᠣᠭ᠎ᠠ ᠬᠡᠮᠵᠢᠶ᠎ᠡ ᠨᠢ ᠯᠤᠲᠤ ᠶᠡᠬᠡ 》 ᠂ 《 ᠲᠣᠭ᠎ᠠ ᠬᠡᠮᠵᠢᠶ᠎ᠡ ᠨᠢ ᠣᠨᠴᠠᠭᠠᠶ ᠯᠤᠲᠤ ᠶᠡᠬᠡ 》 ᠂ ᠵᠢᠴᠢ 《 ᠨᠡᠯᠢᠶᠡᠳ ᠬᠦᠨᠳᠦ ᠨᠣᠴᠢᠲᠠᠶ ᠦᠢᠯᠡ ᠪᠠᠶᠢᠳᠠᠯ 》 《 ᠬᠦᠨᠳᠦ ᠨᠣᠴᠢᠲᠠᠶ ᠦᠢᠯᠡ ᠪᠠᠶᠢᠳᠠᠯ 》 ᠂ 《 ᠣᠨᠴᠠᠭᠠᠶ ᠬᠦᠨᠳᠦ ᠨᠣᠴᠢᠲᠠᠶ ᠤᠢᠢᠯᠠ ᠪᠠᠶᠢᠳᠠᠯ ᠲᠠᠶ 》 ᠵᠡᠷᠭᠡ ᠃ ᠡᠭᠦᠨ ᠦ ᠲᠤᠬᠠᠶ ᠂ ᠠᠷᠠᠳ ᠤᠨ ᠳᠡᠭᠡᠳᠦ ᠵᠡᠷᠭᠡ ᠶᠢᠨ ᠰᠢᠭᠦᠬᠦ ᠬᠣᠷᠢᠶ᠎ᠠ ᠂ ᠠᠷᠠᠳ ᠤᠨ ᠳᠡᠭᠡᠳᠦ ᠵᠡᠷᠭᠡ ᠶᠢᠨ ᠪᠠᠶᠢᠴᠠᠭᠠᠬᠤ ᠬᠣᠷᠢᠶ᠎ᠠ ᠤᠯᠤᠰ ᠤᠨ ᠠᠷᠠᠳ ᠤᠨ ᠲᠥᠯᠥᠭᠡᠯᠡᠭᠴᠢᠳ ᠦᠨ ᠶᠡᠬᠡ ᠬᠤᠷᠠᠯ ᠤᠨ ᠪᠠᠢᠢᠩᠭᠪ‍ ᠵᠢᠠ ᠬᠣᠷᠢᠶᠠᠨ ᠤ ᠵᠥᠪᠰᠢᠶᠡᠷᠡᠯ  ᠢ ᠦᠨᠳᠦᠰᠦᠯᠡᠵᠦ ᠂ ᠠᠵᠤ ᠠᠬᠤᠶ ᠨᠡᠶᠢᠭᠡᠮ ᠦᠨ ᠬᠥᠭᠵᠢᠯᠲᠡ ᠬᠤᠪᠢᠷᠠᠯᠲᠠ ᠪᠠ ᠬᠡᠷᠡᠭ ᠦᠨ ᠪᠣᠳᠠᠲᠤ ᠪᠠᠶᠢᠳᠠᠯ ᠢ ᠭᠦᠢᠴᠡᠳ ᠨᠤᠲᠠᠯᠠᠭᠰᠠᠨ ᠰᠠᠭᠤᠷᠢᠨ ᠳᠡᠭᠡᠷ᠎ᠡ ᠂ ᠡᠭᠦᠨ ᠦ ᠬᠠᠮᠲᠤ 《 ᠰᠠᠬᠢᠯᠭ᠎ᠠ ᠪᠠᠲᠤ ᠶᠢ ᠡᠮᠦᠨ᠎ᠡ ᠨᠢ ᠪᠠᠢᠯᠭᠠᠬᠤ 》 ᠢᠯᠵᠠᠷᠠᠯ ᠢ ᠡᠰᠡᠷᠭᠦᠴᠡᠬᠦ ᠲᠤᠬᠠᠶ ᠲᠥᠷᠥ  ᠶᠢᠨ ᠪᠣᠳᠣᠯᠭ᠎ᠠ ᠳᠤ  ᠱᠠᠭᠠᠷᠳᠠᠯᠭ᠎ᠠ ᠶᠢ ᠦᠨᠳᠦᠰᠦᠯᠡᠵᠦ ᠂ ᠬᠠᠤᠯᠢ ᠴᠠᠭᠠᠵᠠ ᠶᠢᠨ ᠲᠠᠶᠢᠯᠪᠤᠷᠢᠯᠠᠯᠲᠠ ᠳᠠᠬᠢ ᠬᠣᠶᠠᠷ ᠶᠠᠯ᠎ᠠ ᠶᠢᠨ ᠶᠠᠯ᠎ᠠ ᠲᠣᠭᠲᠠᠭᠠᠵᠤ ᠡᠷᠡᠭᠦᠦ ᠰᠢᠳᠬᠡᠯ ᠣᠨᠣᠭᠳᠠᠭᠤᠯᠬᠤ ᠪᠠᠷᠢᠮᠵᠢᠶ᠎ᠠ ᠶᠢᠨ ᠲᠤᠬᠠᠶ ᠲᠣᠭᠲᠠᠭᠠᠯ ᠭᠠᠷᠭᠠᠵᠤ ᠂ ᠬᠣᠶᠠᠷ ᠶᠠᠯ᠎ᠠ ᠶᠢᠨ 《 ᠲᠣᠭ᠎ᠠ ᠬᠡᠮᠵᠢᠶ᠎ᠡ ᠨᠢ ᠨᠡᠯᠢᠶᠡᠳ ᠶᠡᠬᠡ 》  ᠦᠨ ᠶᠡᠷᠦᠩᠬᠡᠶ ᠪᠠᠷᠢᠮᠵᠢᠶ᠎ᠠ  ᠶᠢ 1997 ᠣᠨ ᠤ ᠡᠷᠡᠭᠦᠦ ᠶᠢᠨ ᠬᠠᠤᠯᠢ ᠳᠤ ᠲᠣᠭᠲᠠᠭᠠᠭᠰᠠᠨ ᠲᠠᠪᠤᠨ ᠮᠢᠩᠭᠠᠨ ᠲᠥᠭᠥᠷᠢᠭ ᠪᠠᠶᠢᠭᠰᠠᠨ  ᠠᠴᠠ ᠭᠤᠷᠪᠠᠨ ᠲᠦᠮᠡᠨ ᠲᠥᠭᠥᠷᠢᠭ ᠪᠣᠯᠭᠠᠵᠤ ᠂ 《 ᠲᠣᠭ᠎ᠠ ᠬᠡᠮᠵᠢᠶ᠎ᠡ ᠨᠢ ᠯᠤᠲᠤ ᠶᠡᠬᠡ 》  ᠦᠨ ᠶᠡᠷᠦᠩᠬᠡᠶ ᠪᠠᠷᠢᠮᠵᠢᠶ᠎ᠠ  ᠨᠢ ᠬᠣᠷᠢᠨ ᠲᠦᠮᠡᠨ ᠲᠥᠭᠥᠷᠢᠭ ᠡᠴᠡ ᠳᠡᠭᠡᠭᠰᠢ ᠭᠤᠷᠪᠠᠨ ᠵᠠᠭᠤᠨ ᠲᠦᠮᠡᠨ ᠲᠥᠭᠥᠷᠢᠭ ᠬᠦᠷᠬᠦ  ᠦᠭᠡᠢ ᠂ 《 ᠲᠣᠭ᠎ᠠ ᠬᠡᠮᠵᠢᠶ᠎ᠡ ᠨᠢ ᠣᠨᠴᠠᠭᠠᠶ ᠯᠤᠲᠤ ᠶᠡᠬᠡ 》  ᠦᠨ ᠶᠡᠷᠦᠩᠬᠡᠶ ᠪᠠᠷᠢᠮᠵᠢᠶ᠎ᠠ ᠨᠢ ᠭᠤᠷᠪᠠᠨ ᠵᠠᠭᠤᠨ ᠲᠦᠮᠡᠨ ᠲᠥᠭᠥᠷᠢᠭ ᠡᠴᠡ ᠳᠡᠭᠡᠭᠰᠢ ᠃ ᠬᠠᠤᠯᠢ ᠴᠠᠭᠠᠵᠠ ᠶᠢᠨ ᠲᠠᠶᠢᠯᠪᠤᠷᠢᠯᠠᠯᠲᠠ ᠳᠤ ᠪᠠᠰᠠ ᠂ ᠱᠠᠮᠰᠢᠭᠰᠠᠨ ᠂ ᠬᠡᠭᠡᠯᠢ ᠢᠳᠡᠭᠰᠡᠨ ᠨᠢ ᠲᠦᠮᠡᠨ ᠲᠥᠭᠥᠷᠢᠭ ᠡᠴᠡ ᠳᠡᠭᠡᠭᠰᠢ ᠭᠤᠷᠪᠠᠨ ᠲᠦᠮᠡᠨ ᠲᠥᠭᠥᠷᠢᠭ ᠬᠦᠷᠬᠦ ᠦᠭᠡᠢ ᠪᠠᠢᠵᠤ ᠂ ᠡᠭᠦᠨ ᠦ ᠬᠠᠮᠲᠤ ᠣᠨᠴᠠ ᠦᠢᠯᠡ ᠪᠠᠶᠢᠳᠠᠯ ᠲᠠᠶ ᠪᠠᠶᠢᠪᠠᠯ ᠂ ᠡᠷᠡᠭᠦᠦ ᠶᠢᠨ ᠬᠠᠷᠢᠭᠤᠴᠠᠯᠭ᠎ᠠ ᠨᠡᠬᠡᠮᠵᠢᠯᠡᠬᠦ ᠬᠡᠷᠡᠭᠲᠡᠶ᠂ ᠲᠣᠭ᠎ᠠ ᠬᠡᠮᠵᠢᠶ᠎ᠡ ᠨᠢ 《 ᠲᠣᠭ᠎ᠠ ᠬᠡᠮᠵᠢᠶ᠎ᠡ ᠨᠢ ᠯᠤᠲᠤ ᠶᠡᠬᠡ 》 ᠂ 《 ᠲᠣᠭ᠎ᠠ ᠬᠡᠮᠵᠢᠶ᠎ᠡ ᠨᠢ ᠣᠨᠴᠠᠭᠠᠶ ᠯᠤᠲᠤ ᠶᠡᠬᠡ 》 ᠳᠤ ᠬᠦᠷᠬᠦ ᠦᠭᠡᠢ ᠂ ᠭᠡᠪᠡᠴᠦ ᠬᠠᠭᠠᠰ  ᠰᠢᠬᠠᠮ ᠬᠦᠷᠴᠦ᠂ ᠡᠭᠦᠨ ᠦ ᠬᠠᠮᠲᠤ ᠣᠨᠴᠠ ᠦᠢᠯᠡ ᠪᠠᠶᠢᠳᠠᠯ ᠲᠠᠶ ᠪᠠᠶᠢᠪᠠᠯ ᠂ ᠪᠠᠰᠠ 《 ᠬᠦᠨᠳᠦ ᠨᠣᠴᠢᠲᠠᠶ ᠦᠢᠯᠡ ᠪᠠᠶᠢᠳᠠᠯ ᠲᠠᠢ 》 ᠪᠤᠶᠤ 《 ᠣᠨᠴᠠᠭᠠᠶ ᠬᠦᠨᠳᠦ ᠨᠣᠴᠢᠲᠠᠶ ᠤᠢᠢᠯᠠ ᠪᠠᠶᠢᠳᠠᠯ ᠲᠠᠶ 》ᠭᠡᠵᠦ ᠮᠠᠭᠠᠳᠯᠠᠨ ᠳᠤᠭᠲᠠᠭᠠᠵᠤ ᠂ ᠬᠠᠤᠯᠢ ᠶᠣᠰᠣᠭᠠᠷ ᠬᠦᠨᠳᠦ ᠪᠡᠷ ᠰᠢᠳᠬᠡᠨ᠎ᠡ ᠃

ᠠᠯᠠᠬᠤ ᠶᠠᠯ᠎ᠠ ᠪᠠᠷ ᠰᠢᠳᠬᠡᠬᠦ ᠲᠠᠯ᠎ᠠ ᠪᠠᠷ ᠂ ᠬᠠᠤᠯᠢ ᠴᠠᠭᠠᠵᠠ ᠶᠢᠨ ᠲᠠᠶᠢᠯᠪᠤᠷᠢᠯᠠᠯᠲᠠ ᠳᠤ ᠲᠣᠳᠣᠷᠬᠠᠶ  ᠳᠤᠭᠲᠠᠭᠠᠪᠠ᠂ ᠠᠯᠠᠬᠤ ᠡᠷᠡᠭᠦᠦ ᠶᠢ ᠪᠠᠷᠢᠨ ᠭᠦᠢᠴᠡᠳᠬᠡᠬᠦ ᠶᠠᠯ᠎ᠠ ᠳᠤ ᠲᠤᠬᠢᠷᠠᠬᠤ ᠨᠢ ᠲᠣᠭ᠎ᠠ ᠬᠡᠮᠵᠢᠶ᠎ᠡ ᠨᠢ ᠣᠨᠴᠠᠭᠠᠶ ᠯᠤᠲᠤ ᠶᠡᠬᠡ ᠂ ᠶᠠᠯ᠎ᠠ ᠬᠢᠭᠰᠡᠨ ᠦᠢᠯᠡ ᠪᠠᠶᠢᠳᠠᠯ ᠨᠢ ᠣᠨᠴᠠᠭᠠᠶ ᠬᠦᠨᠳᠦ ᠨᠣᠴᠢᠲᠠᠶ ᠂ ᠨᠡᠶᠢᠭᠡᠮ ᠦᠨ ᠨᠥᠯᠥᠭᠡ ᠨᠢ ᠣᠨᠴᠠᠭᠠᠶ ᠮᠠᠭᠤ ᠂ ᠣᠨᠴᠠᠭᠠᠶ ᠬᠦᠨᠳᠦ ᠶᠡᠬᠡ ᠬᠣᠬᠢᠷᠠᠯ ᠤᠴᠠᠷᠠᠭᠤᠯᠤᠭᠰᠠᠨ ᠂ ᠱᠠᠮᠰᠢᠭᠰᠠᠨ ᠂ ᠬᠡᠭᠡᠯᠢ ᠢᠳᠡᠭᠰᠡᠨ ᠶᠠᠯᠠᠲᠤ ᠡᠲᠡᠭᠡᠳ ᠃ ᠠᠯᠠᠬᠤ   ᠡᠷᠡᠭᠦᠦ ᠶᠢ ᠳᠠᠷᠤᠶ ᠳᠤᠨᠢ ᠭᠦᠶᠴᠡᠳᠬᠡᠬᠦ ᠨᠥᠬᠥᠴᠡᠯ ᠳᠤ ᠨᠡᠶᠢᠴᠡᠭᠰᠡᠨ ᠪᠣᠯᠪᠠᠴᠤ ᠬᠠᠤᠯᠢ ᠳᠤ ᠲᠣᠭᠲᠠᠭᠠᠭᠰᠠᠨ ᠠᠭᠤᠴᠢᠯᠠᠨ ᠰᠢᠢᠳᠬᠡᠬᠦ ᠪᠠᠢᠳᠠᠯ ᠲᠠᠢ ᠪᠠᠢᠪᠠᠯ ᠂ ᠡᠷᠬᠡᠪᠰᠢ ᠳᠣᠣᠷ᠎ᠠ ᠪᠠᠨ ᠭᠦᠢᠴᠡᠳᠬᠡᠬᠦ ᠬᠡᠷᠡᠭᠲᠡᠶ ᠪᠢᠰᠢ ᠪᠠᠢᠵᠤ᠂ ᠠᠯᠠᠬᠤ ᠡᠷᠡᠭᠦᠦ ᠪᠡᠷ ᠰᠢᠳᠬᠡᠭᠡᠳ ᠬᠣᠶᠠᠷ ᠵᠢᠯ ᠬᠣᠶᠢᠰᠢᠯᠠᠭᠤᠯᠤᠨ ᠭᠦᠢᠴᠡᠳᠬᠡᠬᠦ ᠪᠡᠷ ᠰᠢᠢᠳᠬᠡᠵᠦ ᠪᠣᠯᠤᠨ᠎ᠠ ᠃

《 ᠡᠷᠡᠭᠦᠦ ᠶᠢᠨ ᠬᠠᠤᠯᠢ ᠳᠤ ᠵᠠᠰᠠᠪᠤᠷᠢ ᠣᠷᠣᠭᠤᠯᠤᠭᠰᠠᠨ ᠲᠥᠰᠦᠯ ( ᠶᠢᠰᠦ ) 》  ᠳᠦ ᠰᠢᠨ᠎ᠡ ᠪᠡᠷ ᠨᠡᠮᠡᠭᠰᠡᠨ ᠱᠠᠮᠰᠢᠭᠰᠠᠨ ᠶᠠᠯ᠎ᠠ ᠂ ᠬᠡᠭᠡᠯᠢ   ᠢᠳᠡᠭᠰᠡᠨ ᠶᠠᠯ᠎ᠠ ᠶᠢ ᠠᠯᠠᠬᠤ ᠢ ᠨᠢ  ᠬᠠᠰᠤᠵᠤ ᠬᠤᠭᠤᠴᠠᠭ᠎ᠠ ᠦᠭᠡᠢ ᠬᠣᠷᠢᠬᠤ ᠪᠡᠷ ᠰᠢᠢᠳᠬᠡᠭᠰᠡᠨ ᠤ ᠳᠠᠷᠠᠭ᠎ᠠ ᠨᠢ ᠨᠠᠰᠤᠨ ᠲᠤᠷᠰᠢ ᠬᠣᠷᠢᠬᠤ ᠲᠣᠭᠲᠠᠭᠠᠯ ᠳᠤ ᠬᠠᠨᠳᠤᠭᠤᠯᠵᠤ ᠂ ᠲᠤᠰ ᠬᠠᠤᠯᠢ ᠬᠡᠷᠡᠭᠵᠢᠭᠦᠯᠬᠦ ᠲᠠᠢᠯᠪᠤᠷᠢᠯᠠᠯᠲᠠ ᠳᠤ ᠨᠠᠰᠤᠨ ᠲᠤᠷᠰᠢ ᠬᠣᠷᠢᠬᠤ ᠪᠠᠶᠢᠳᠠᠯ  ᠳᠤ ᠳᠤᠬᠢᠷᠠᠬᠤ ᠪᠠᠢᠳᠠᠯ ᠢ ᠲᠣᠳᠤᠷᠬᠠᠢᠯᠠᠭᠰᠠᠨ ᠪᠠᠢᠨ᠎ᠠ᠂ ᠲᠤᠬᠠᠶᠢᠯᠠᠪᠠᠯ ᠠᠯᠠᠬᠤ ᠪᠠᠷ ᠰᠢᠳᠬᠡᠵᠦ ᠳᠠᠷᠤᠶ ᠳᠤᠨᠢ ᠭᠦᠶᠴᠡᠳᠬᠡᠬᠦ  ᠨᠢ ᠭᠡᠳᠤ ᠬᠦᠨᠳᠦ ᠂ ᠡᠩ ᠦᠨ ᠠᠯᠠᠬᠤ ᠪᠠᠷ ᠰᠢᠳᠬᠡᠭᠡᠳ ᠠᠯᠭᠤᠷᠯᠠᠨ ᠭᠦᠢᠴᠡᠳᠬᠡᠬᠦ ᠨᠢ ᠪᠠᠰᠠ ᠳᠡᠩᠳᠡᠭᠦᠦ ᠬᠥᠩᠭᠡᠨ ᠴᠢᠬᠤᠯᠠ ᠶᠡᠬᠡ ᠱᠠᠮᠰᠢᠭᠰᠠᠨ ᠪᠠ ᠬᠡᠭᠡᠯᠢ ᠢᠳᠡᠭᠰᠡᠨ ᠶᠠᠯᠠᠲᠠᠨ ᠢ ᠨᠠᠰᠤᠨ ᠲᠤᠷᠰᠢ ᠬᠣᠷᠢᠬᠤ  ᠪᠠᠷ ᠲᠣᠭᠲᠠᠭᠠᠵᠤ ᠪᠣᠯᠤᠨ᠎ᠠ ᠃ ᠡᠭᠦᠨ ᠦ ᠬᠠᠮᠲᠤ ᠂ ᠨᠠᠰᠤᠨ ᠲᠤᠷᠰᠢ ᠬᠣᠷᠢᠬᠤ  ᠪᠡᠷ ᠳᠤᠭᠲᠠᠵᠤ᠂ ᠨᠢᠭᠡ ᠂ ᠬᠣᠶᠠᠳᠤᠭᠠᠷ ᠰᠢᠭᠦᠯᠲᠡ ᠳᠤ ᠠᠯᠠᠬᠤ ᠪᠠᠷ ᠰᠢᠳᠬᠡᠭᠡᠳ ᠠᠯᠭᠤᠷᠯᠠᠨ ᠭᠦᠢᠴᠡᠳᠬᠡᠬᠦ ᠰᠢᠭᠦᠨ ᠲᠠᠰᠤᠯᠤᠭᠰᠠᠨ ᠭᠠᠷᠭᠠᠬᠤ ᠶᠢᠨ ᠬᠠᠮᠲᠤ ᠳᠤᠨᠢ ᠨᠠᠰᠤᠨ ᠲᠤᠷᠰᠢ ᠬᠣᠷᠢᠬᠤ ᠲᠣᠭᠲᠠᠭᠠᠯ ᠭᠠᠷᠭᠠᠬᠤ ᠬᠡᠷᠡᠭᠲᠠᠢ ᠪᠠᠢᠵᠤ ᠂ ᠬᠠᠷᠢᠨ ᠠᠯᠠᠬᠤ ᠡᠷᠡᠭᠦᠦ ᠶᠢ ᠬᠣᠶᠢᠰᠢᠯᠠᠭᠤᠯᠤᠨ ᠭᠦᠢᠴᠡᠳᠬᠡᠬᠦ ᠬᠤᠭᠤᠴᠠᠭ᠎ᠠ ᠨᠢ ᠳᠦᠭᠦᠷᠦᠭᠰᠡᠨ ᠤ ᠳᠠᠷᠠᠭ᠎ᠠ ᠪᠠᠶᠢᠳᠠᠯ ᠢ ᠨᠢ ᠦᠵᠡᠵᠦ ᠪᠠᠶᠢᠭᠠᠳ  ᠳᠤᠭᠲᠠᠭᠠᠵᠤ ᠪᠣᠯᠬᠤ ᠦᠭᠡᠢ᠃ ᠨᠠᠰᠤᠨ ᠲᠤᠷᠰᠢ ᠬᠣᠷᠢᠬᠤ ᠰᠢᠢᠳᠪᠦᠷᠢ ᠭᠠᠷᠭᠠᠮᠠᠭᠴᠠ ᠨᠥᠬᠥᠴᠡᠯ ᠦᠭᠡᠢ ᠬᠡᠷᠡᠭᠵᠢᠭᠦᠯᠵᠦ᠂ ᠡᠷᠡᠭᠦᠦ ᠰᠢᠳᠬᠡᠯ  ᠢ ᠬᠠᠰᠤᠵᠤ ᠂ ᠲᠡᠡᠭᠰᠡᠠ ᠰᠤᠯᠠᠯᠠᠵᠤ ᠪᠣᠯᠬᠤ  ᠦᠭᠡᠢ ᠃

ᠬᠡᠭᠡᠯᠢ ᠢᠳᠡᠵᠦ ᠬᠠᠬᠤᠤᠯᠢ ᠲᠦᠯᠬᠢᠭᠰᠡᠨ ᠶᠠᠯ᠎ᠠ ᠶᠢ ᠬᠠᠤᠯᠢ ᠶᠣᠰᠣᠭᠠᠷ ᠴᠢᠩᠭ᠎ᠠ ᠵᠠᠯᠬᠠᠭᠠᠨ ᠰᠢᠳᠬᠡᠵᠦ ᠂ ᠬᠠᠤᠯᠢ ᠬᠡᠷᠡᠭᠵᠢᠭᠦᠯᠬᠦ ᠲᠠᠶᠢᠯᠪᠤᠷᠢᠯᠠᠯᠲᠠ  ᠳᠤ ᠬᠡᠭᠡᠯᠢ ᠢᠳᠡᠵᠦ ᠬᠠᠬᠤᠤᠯᠢ ᠲᠦᠯᠬᠢᠭᠰᠡᠨ ᠶᠠᠯ᠎ᠠ ᠵᠣᠭᠣᠰ ᠮᠥᠩᠭᠥ ᠡᠳ᠋ ᠪᠣᠳᠠᠰ  ᠢ᠂ ᠵᠣᠭᠣᠰ ᠂ ᠡᠳ᠋ ᠪᠣᠳᠠᠰ ᠪᠠᠢᠭᠰᠠᠨ ᠡᠴᠡ ᠦᠷᠭᠡᠳᠬᠡᠭᠡᠳ ᠵᠣᠭᠣᠰ ᠢᠶᠠᠷ ᠲᠠᠰᠤᠯᠤᠨ ᠪᠤᠳᠤᠬᠤ ᠡᠳ᠋ ᠬᠦᠷᠦᠩᠭᠡ ᠶᠢᠨ ᠴᠢᠨᠠᠷᠲᠠᠶ ᠠᠰᠢᠭ ᠲᠤᠰᠠ ᠪᠣᠯᠭᠠᠪᠠᠯ ᠂ ᠵᠢᠱᠢᠶᠡᠯᠡᠪᠡᠯ ᠭᠡᠷ ᠪᠠᠶᠢᠰᠢᠩ ᠤᠨ ᠵᠠᠰᠠᠯ ᠴᠢᠮᠡᠭᠯᠡᠯ᠂ ᠥᠷᠢ ᠥᠭᠴᠡᠭᠡ ᠶᠢ ᠨᠢ ᠬᠡᠯᠲᠦᠷᠢᠭᠦᠯᠬᠦ ᠂  ᠬᠡᠰᠢᠭᠦᠨᠴᠢᠯᠡᠬᠦ  ᠦᠢᠯᠡᠴᠢᠯᠡᠭᠡ ᠂ ᠵᠢᠭᠤᠯᠴᠢᠯᠠᠯ ᠵᠡᠷᠭᠡ ᠃ ᠡᠷᠡᠭᠦᠦ ᠶᠢᠨ ᠬᠠᠤᠯᠢ ᠶᠢᠨ 《 ᠪᠤᠰᠤᠳ ᠬᠥᠮᠦᠨ ᠳᠦ ᠠᠰᠢᠭ ᠣᠯᠭᠣᠬᠤ 》 ᠳᠤ ᠳᠣᠲᠣᠯᠠᠨ ᠲᠣᠭᠲᠠᠭᠠᠬᠤ ᠲᠤᠬᠠᠶ ᠥᠷᠭᠡᠳᠬᠡᠨ ᠲᠠᠶᠢᠯᠪᠤᠷᠢᠯᠠᠬᠤ ᠂ ᠤᠯᠤᠰ ᠤᠨ ᠠᠵᠢᠯᠳᠠᠨ ᠵᠣᠭᠣᠰ ᠮᠥᠩᠭᠥ ᠡᠳ᠋ ᠪᠣᠳᠠᠰ ᠢ ᠤᠷᠢᠳᠠᠪᠠᠷ ᠬᠦᠯᠢᠶᠡᠨ  ᠠᠪᠤᠭᠠᠳ  ᠤᠴᠢᠷ ᠡᠴᠡ ᠡᠮᠦᠨ᠎ᠡ ᠪᠤᠰᠤᠳ ᠤᠨ ᠨᠠᠢᠳᠠᠯᠭ᠎ᠠ ᠶᠢ ᠵᠥᠪᠰᠢᠶᠡᠷᠡᠭᠰᠡᠨ ᠦᠭᠡᠢ ᠂ ᠭᠡᠪᠡᠴᠦ ᠡᠷᠬᠡ ᠲᠤᠰᠢᠶᠠᠯ ᠢᠶᠠᠨ ᠬᠡᠷᠡᠭᠵᠢᠭᠦᠯᠬᠦ ᠶᠢ ᠨᠥᠯᠥᠭᠡᠯᠡᠵᠦ ᠮᠡᠳᠡᠬᠦ ᠪᠠᠶᠢᠪᠠᠯ ᠂  ᠪᠤᠰᠤᠳ ᠲᠤ ᠠᠰᠢᠭ ᠬᠣᠨᠵᠢᠪᠤᠷᠢ ᠣᠯᠵᠤ ᠥᠭᠭᠦᠭᠰᠡᠨ ᠢᠶᠡᠷ ᠦᠵᠡᠨ᠎ᠡ᠃ ᠬᠠᠤᠯᠢ ᠴᠠᠭᠠᠵᠠ ᠶᠢᠨ ᠲᠠᠶᠢᠯᠪᠤᠷᠢ ᠨᠢ ᠪᠠᠰᠠ ᠲᠦᠷᠦ ᠶᠢᠨ ᠠᠵᠢᠯᠲᠠᠨ ᠤ 《 ᠳᠡᠷᠭᠡᠳᠡᠬᠢ ᠬᠥᠮᠦᠨ 》 ᠬᠡᠭᠡᠯᠢ ᠢᠳᠡᠭᠰᠡᠨ ᠶᠠᠯ᠎ᠠ ᠬᠢᠭᠰᠡᠨ ᠲᠤᠬᠠᠶ ᠲᠣᠳᠣᠷᠬᠠᠶ ᠲᠣᠭᠲᠠᠭᠠᠯ ᠭᠠᠷᠭᠠᠵᠠᠶ ᠂ ᠱᠠᠮᠰᠢᠵᠤ ᠂ ᠬᠡᠭᠡᠯᠢ ᠢᠳᠡᠭᠰᠡᠨ ᠂ ᠪᠤᠵᠠᠷ ᠵᠣᠭᠣᠰ ᠪᠤᠵᠠᠷ ᠡᠳ᠋ ᠢ ᠠᠯᠪᠠᠨ ᠶᠠᠪᠤᠳᠠᠯ ᠳᠤ ᠬᠡᠷᠡᠭᠯᠡᠬᠦ ᠪᠤᠶᠤ ᠨᠡᠶᠢᠭᠡᠮ  ᠳᠤ  ᠬᠠᠨᠳᠢᠪᠯᠠᠭᠰᠠᠨ ᠨᠢ ᠂ ᠶᠠᠯ᠎ᠠ ᠲᠣᠭᠲᠠᠭᠠᠬᠤ ᠶᠢ ᠨᠥᠯᠦᠭᠡᠯᠡᠬᠦ ᠦᠭᠡᠢ ᠃ ᠬᠠᠤᠯᠢ ᠪᠠᠷᠢᠬᠤ ᠲᠠᠶᠢᠯᠪᠤᠷᠢᠯᠠᠯᠲᠠ ᠳᠤ ᠪᠠᠰᠠ  ᠲᠣᠭᠲᠠᠭᠠᠭᠰᠠᠨ ᠨᠢ ᠂ ᠲᠦᠷᠦ ᠶᠢᠨ ᠠᠵᠢᠯᠲᠠᠨ ᠤ ᠬᠡᠭᠡᠯᠢ ᠢᠳᠡᠵᠦ᠂ ᠡᠭᠦᠨ ᠦ ᠬᠠᠮᠲᠤ ᠡᠷᠬᠡ ᠲᠤᠰᠢᠶᠠᠯ ᠢᠶᠠᠨ ᠳᠤᠷ᠎ᠠ ᠪᠠᠷ ᠢᠶᠠᠨ ᠬᠡᠷᠡᠭᠯᠡᠨ ᠤᠯᠤᠰ  ᠠᠷᠠᠳ ᠲᠦᠮᠡᠨ ᠦ ᠠᠰᠢᠭ ᠲᠤᠰᠠ ᠳᠤ ᠬᠣᠬᠢᠷᠠᠯ ᠤᠴᠠᠷᠠᠭᠤᠯᠤᠭᠰᠠᠨ ᠪᠠᠶᠢᠪᠠᠯ ᠂ ᠡᠷᠡᠭᠦᠦ ᠶᠢᠨ ᠬᠠᠤᠯᠢ ᠡᠴᠡ ᠠᠰᠲᠠᠭᠠᠨ ᠲᠣᠭᠲᠠᠭᠠᠯ ᠲᠠᠶ ᠪᠠᠶᠢᠪᠠᠯ ᠴᠥᠮ ᠬᠡᠳᠦᠨ ᠶᠠᠯ᠎ᠠ ᠶᠢ ᠨᠡᠶᠢᠯᠡᠭᠦᠯᠦᠨ ᠰᠢᠳᠬᠡᠬᠦ ᠬᠡᠷᠡᠭᠲᠡᠶ ᠃

ᠬᠠᠤᠯᠢ ᠴᠠᠭᠠᠵᠠ ᠶᠢᠨ ᠲᠠᠶᠢᠯᠪᠤᠷᠢᠯᠠᠯᠲᠠ ᠨᠢ ᠢᠯᠵᠠᠷᠠᠯ ᠤᠨ ᠶᠠᠯᠠᠲᠤ ᠠᠵᠢᠯᠯᠠᠭ᠎ᠠ ᠳᠤ ᠠᠵᠤ ᠠᠬᠤᠶ ᠶᠢᠨ ᠰᠢᠳᠬᠡᠯ ᠥᠭᠬᠦ ᠡᠷᠴᠢᠮ ᠢ ᠤᠯᠠᠮ ᠨᠢᠭᠡ ᠴᠢᠩᠭᠠᠷᠠᠭᠤᠯᠵᠤ ᠂ ᠱᠠᠮᠰᠢᠵᠤ ᠬᠡᠭᠡᠯᠢ ᠢᠳᠡᠵᠦ ᠬᠠᠬᠤᠤᠯᠢ ᠲᠦᠯᠬᠢᠭᠰᠡᠨ ᠶᠠᠯ᠎ᠠ ᠳᠤ ᠪᠤᠰᠤᠳ ᠶᠠᠯᠠᠲᠤ ᠠᠵᠢᠯᠯᠠᠭ᠎ᠠ  ᠨᠡᠩ ᠬᠦᠨᠳᠦ ᠵᠣᠭᠤᠰ ᠢᠶᠡᠷ ᠲᠤᠷᠭᠤᠭᠠᠵᠤ ᠰᠢᠢᠳᠬᠡᠯ ᠣᠯᠭᠤᠬᠤ ᠪᠠᠷᠢᠮᠵᠢᠶ᠎ᠠ  ᠳᠤᠭᠲᠠᠭᠠᠵᠤ ᠂ ᠵᠣᠭᠣᠰ ᠢᠶᠠᠷ ᠲᠣᠷᠭᠠᠬᠤ ᠡᠷᠡᠭᠦᠦ ᠰᠢᠳᠬᠡᠯ ᠦᠨ ᠲᠣᠷᠭᠠᠬᠤ ᠪᠠᠷᠢᠮᠵᠢᠶ᠎ᠠ ᠂ ᠪᠤᠵᠠᠷ ᠵᠣᠭᠣᠰ ᠪᠤᠵᠠᠷ ᠡᠳ᠋ ᠢ ᠨᠡᠬᠡᠮᠵᠢᠯᠡᠨ ᠲᠤᠰᠢᠶᠠᠯᠭᠠᠬᠤ  ᠡᠷᠴᠢᠮ ᠢ ᠴᠢᠩᠭ᠋ᠠᠳᠬᠠᠵᠤ ᠂ ᠱᠠᠮᠰᠢᠵᠤ ᠬᠡᠭᠡᠯᠢ ᠢᠳᠡᠵᠦ ᠬᠠᠬᠤᠤᠯᠢ ᠲᠦᠯᠬᠢᠭᠰᠡᠨ ᠶᠠᠯᠠᠲᠤ ᠡᠲᠡᠭᠡᠳ ᠦᠨ ᠬᠠᠤᠯᠢ ᠠᠴᠠ ᠵᠥᠷᠢᠴᠡᠵᠦ ᠣᠯᠤᠭᠰᠠᠨ ᠠᠯᠢᠪᠠ ᠡᠳ᠋ ᠪᠣᠳᠠᠰ ᠢ ᠨᠢ ᠲᠤᠤᠱᠲᠠᠶ ᠨᠡᠬᠡᠮᠵᠢᠯᠡᠵᠦ᠂ ᠴᠠᠭ  ᠤᠨ ᠬᠢᠵᠠᠭᠠᠷ ᠪᠠᠶᠢᠭᠤᠯᠬᠤ ᠦᠭᠡᠢ ᠂ ᠬᠡᠵᠢᠶᠡᠳᠡ ᠲᠠᠩᠰᠠ ᠢ ᠨᠢ  ᠪᠠᠯᠠᠯᠬᠤ ᠦᠭᠡᠢ ᠃

 

ᠲᠤᠰ ᠬᠠᠤᠯᠢ ᠴᠠᠭᠠᠵᠠ ᠶᠢᠨ ᠲᠠᠶᠢᠯᠪᠤᠷᠢᠯᠠᠯᠲᠠ ᠶᠢ ᠨᠡᠶᠢᠲᠡᠯᠡᠭᠰᠡᠨ ᠡᠳᠦᠷ ᠡᠴᠡ ᠡᠬᠢᠯᠡᠵᠦ ᠬᠡᠷᠡᠭᠵᠢᠭᠦᠯᠦᠨ᠎ᠡ ᠃

ᠢᠷᠡᠯᠲᠡ ᠄ ᠰᠢᠨ ᠯᠠᠩ ᠰᠢᠭᠦᠬᠦ ᠬᠣᠷᠢᠶ᠎ᠠ

ᠦᠨᠡᠯᠡᠬᠦ 0ᠦᠨᠡᠯᠡᠯᠲᠡ ᠲᠠᠢ


( ᠨᠧᠲ ᠨᠠᠢᠵᠠ ᠵᠢᠨ ᠦᠨᠡᠯᠡᠯᠲᠡ ᠨᠢ ᠵᠦᠪᠭᠡᠨ ᠲᠡᠭᠦᠨ ᠊ᠤ᠌ ᠬᠤᠪᠢ ᠭᠦᠮᠦᠨ ᠊ᠤ᠌ ᠦᠵᠡᠯᠲᠡ ᠲᠡᠳᠦᠢ᠂ ᠲᠤᠰ ᠨᠧᠲ ᠦᠷᠳᠡᠭᠡ ᠲᠡᠭᠦᠨ ᠊ᠤ᠌ ᠦᠵᠡᠯᠲᠡ ᠵᠢ ᠵᠦᠪᠰᠢᠶᠡᠷᠡᠭᠰᠡᠨ ᠶᠠᠪᠤᠳᠠᠯ ᠤᠭᠳᠤ ᠪᠢᠰᠢ ᠶᠤᠮ᠃ )