ᠲᠥᠷᠦ ᠶᠢᠨ ᠶᠠᠪᠤᠳᠠᠯ ᠤᠨ ᠬᠣᠷᠢᠶᠠᠨ ᠤ ᠢᠳᠡᠭᠡᠨ ᠤ ᠠᠮᠤᠷ ᠲᠦᠪᠰᠢᠨ ᠤ ᠠᠯᠪᠠᠨ ᠭᠡᠷ ᠡᠴᠡ ᠬᠠᠭᠤᠷᠮᠠᠭ ᠮᠠᠭᠤ ᠰᠦᠨ ᠲᠠᠯᠬ᠎ᠠ ᠶᠢᠨ ᠬᠡᠷᠡᠭ ᠢ ᠵᠠᠷᠯᠠᠵᠤ ᠬᠠᠭᠤᠷᠮᠠᠭ ᠮᠠᠭᠤ ᠰᠦᠨ ᠲᠠᠯᠬ᠎ᠠ ᠶᠢᠨ ᠪᠣᠷᠤᠯᠠᠭᠤᠯᠭ᠎ᠠ ᠶᠢᠨ ᠪᠠᠢᠳᠠᠯ ᠢ ᠨᠡᠬᠡᠮᠵᠢᠯᠡᠪᠡ
3 ᠰᠠᠷ᠎ᠠ ᠶᠢᠨ 30 ᠤ ᠡᠳᠦᠷ ᠂ ᠵᠠᠭᠤᠴᠢᠯᠠᠭᠤᠷ ᠤᠨ ᠮᠡᠳᠡᠭᠡᠯᠡᠯ ᠳᠦ ᠴᠢᠭᠯᠡᠭᠦᠯᠦᠨ ᠱᠠᠩᠬᠠᠶ ᠶᠢᠨ ᠳᠣᠲᠣᠭᠠᠳᠤ ᠶᠢ ᠬᠠᠮᠠᠭᠠᠯᠠᠬᠤ ᠰᠠᠯᠠᠭ᠎ᠠ ᠮᠥᠴᠢᠷ ᠬᠠᠭᠤᠷᠮᠠᠭ ᠨᠢᠯᠬ᠎ᠠ ᠬᠡᠦᠬᠡᠳ ᠤᠨ ᠰᠦᠨ ᠲᠠᠯᠬ᠎ᠠ ᠶᠢᠨ ᠬᠡᠷᠡᠭ ᠢ ᠢᠯᠡᠷᠡᠭᠦᠯᠵᠦ ᠂ ᠲᠦᠷᠦ ᠶᠢᠨ ᠶᠠᠪᠤᠳᠠᠯ ᠤᠨ ᠬᠣᠷᠢᠶᠠᠨ ᠤ ᠢᠳᠡᠭᠡᠨ ᠦ ᠠᠮᠤᠷ ᠲᠦᠪᠰᠢᠨ ᠦ ᠠᠯᠪᠠᠨ ᠭᠡᠷ ᠡᠴᠡ ᠬᠢᠨᠠᠨ ᠪᠠᠢᠴᠠᠭᠠᠬᠤ ᠳᠤᠭᠤᠢᠯᠠᠩ ᠪᠠᠢᠭᠤᠯᠵᠤ ᠱᠠᠩᠬᠠᠢ ᠳᠤ ᠬᠦᠷᠴᠦ ᠬᠢᠨᠠᠨ ᠪᠠᠢᠴᠠᠭᠠᠯᠲᠠ ᠬᠢᠪᠡ ᠃ ᠡᠳᠦᠭᠡ ᠲᠣᠳᠣᠷᠬᠠᠶᠢᠯᠠᠭᠰᠠᠨ ᠨᠢ ᠂ ᠲᠤᠰ ᠬᠡᠷᠡᠭ ᠨᠢ ᠶᠠᠯᠠᠲᠤ ᠡᠲᠡᠭᠡᠳ ᠠᠰᠢᠭ ᠬᠣᠨᠵᠢᠪᠣᠷᠢ ᠤᠯᠬᠤ ᠶᠢᠨ ᠲᠥᠯᠥᠭᠡ ᠂ ᠵᠠᠬ᠎ᠠ ᠳᠡᠯᠭᠡᠭᠦᠷ ᠳᠡᠭᠡᠷ᠎ᠡ ᠡᠴᠡ ᠨᠢᠯᠬ᠎ᠠ ᠬᠡᠦᠬᠡᠳ ᠤᠨ ᠰᠦᠨ ᠲᠠᠯᠬ᠎ᠠ ᠶᠢ ᠬᠢᠮᠳᠠ ᠦᠨ᠎ᠡ ᠪᠡᠷ ᠬᠤᠳᠠᠯᠳᠤᠨ ᠠᠪᠴᠦ ᠂ ᠳᠠᠭᠤᠷᠢᠶᠠᠨ ᠵᠣᠬᠢᠶᠠᠭᠰᠠᠨ 《 ᠶᠠ ᠫᠸᠢ》 ᠂ 《 ᠪᠸᠢ ᠶᠢᠨ ᠮᠸᠢ》 ᠶᠢᠨ ᠰᠠᠪᠠ ᠳᠣᠲᠣᠷ᠎ᠠ ᠰᠠᠪᠠᠯᠠᠵᠤ ᠂ ᠥᠨᠳᠥᠷ ᠦᠨ᠎ᠡ ᠲᠡᠶ ᠳᠦᠷᠦᠯ ᠳᠡᠮᠳᠡᠭ ᠤᠨ ᠨᠢᠯᠬ᠎ᠠ ᠬᠡᠦᠬᠡᠳ ᠤᠨ ᠰᠦᠨ ᠲᠠᠯᠬ᠎ᠠ ᠪᠡᠷ ᠪᠣᠷᠣᠯᠠᠭᠤᠯᠤᠭᠠᠳ ᠠᠰᠢᠭ ᠣᠯᠤᠭᠰᠠᠨ ᠬᠠᠤᠯᠢ ᠶᠢ ᠵᠥᠷᠢᠴᠡᠭᠰᠡᠨ ᠶᠠᠯᠠᠲᠤ ᠠᠵᠢᠯᠯᠠᠭ᠎ᠠ ᠪᠣᠯᠤᠨ᠎ᠠ ᠃ ᠬᠡᠷᠡᠭ ᠲᠦ ᠬᠣᠯᠪᠣᠭᠳᠠᠭᠰᠠᠨ ᠰᠦᠨ ᠲᠠᠯᠬ᠎ᠠ ᠪᠡᠨ ᠾᠧᠨᠠᠨ ᠂ ᠠᠨᠾᠦᠢᠢ ᠂ ᠵᠢᠶᠠᠩᠰᠦ ᠂ ᠬᠤᠪᠸᠢ ᠲᠦᠷᠪᠡᠨ ᠮᠤᠵᠢ ᠪᠡᠷ ᠪᠤᠷᠤᠯᠠᠭᠤᠯᠪᠠ᠃ ᠱᠠᠩᠬᠠᠶ ᠬᠤᠳᠠ ᠶᠢᠨ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠡᠴᠡ ᠬᠠᠭᠤᠷᠮᠠᠭ ᠮᠠᠭᠤ ᠤᠢᠢᠯᠡᠦᠡᠬᠦᠠ ᠢ ᠦᠢᠯᠡᠳᠪᠦᠷᠢᠯᠡᠵᠦ ᠪᠣᠷᠣᠯᠠᠭᠤᠯᠤᠭᠰᠠᠨ ᠶᠠᠯ᠎ᠠ ᠬᠢᠭᠰᠡᠨ ᠰᠡᠵᠢᠭᠳᠡᠨ ᠴᠧᠨ ᠣᠪᠣᠭᠲᠤ ᠂ ᠫᠠᠨ ᠣᠪᠣᠭᠲᠤ ᠵᠡᠷᠭᠡ ᠵᠢᠷᠭᠤᠭᠠᠨ ᠬᠥᠮᠦᠨ ᠵᠠᠭᠠᠯᠳᠤᠭᠤᠯᠬᠤ ᠪᠠᠷ ᠰᠢᠯᠵᠢᠭᠦᠯᠦᠨ ᠬᠦᠷᠭᠡᠵᠦ᠂ ᠶᠠᠩ ᠣᠪᠣᠭᠲᠤ ᠶᠢ ᠰᠦᠯᠵᠢᠶᠡᠨ ᠳᠡᠭᠡᠷ᠎ᠡ ᠨᠡᠬᠡᠮᠵᠢᠯᠡᠨ ᠪᠠᠷᠢᠬᠤ ᠮᠡᠳᠡᠭᠳᠡᠯ ᠭᠠᠷᠭᠠᠪᠠ ᠃
ᠶᠠᠯ᠎ᠠ ᠬᠢᠭᠰᠡᠨ ᠰᠡᠵᠢᠭᠳᠡᠨ ᠴᠧᠨ ᠣᠪᠣᠭᠲᠤ ᠵᠡᠷᠭᠡ ᠬᠥᠮᠦᠰ ᠴᠥᠮ ᠤᠳᠠᠭᠠᠨ ᠵᠢᠯ ᠨᠢᠯᠬ᠎ᠠ ᠬᠡᠦᠬᠡᠳ ᠤᠨ ᠰᠦᠨ ᠲᠠᠯᠬ᠎ᠠ ᠶᠢᠨ ᠣᠷᠣᠯᠠᠨ ᠪᠣᠷᠣᠯᠠᠭᠤᠯᠬᠤ ᠠᠵᠢᠯ ᠡᠷᠬᠢᠯᠡᠭᠰᠡᠨ ᠥᠩᠭᠡᠷᠡᠯᠲᠡ ᠲᠡᠶ ᠃ 2014ᠤᠨ ᠤ8 ᠰᠠᠷ᠎ᠠ ᠡᠴᠡ2015 ᠤᠨ ᠤ 5 ᠰᠠᠷ᠎ᠠ ᠶᠢᠨ ᠬᠣᠭᠤᠷᠤᠨᠳᠤ ᠂ ᠴᠧᠨ ᠣᠪᠣᠭᠲᠤ ᠵᠡᠷᠭᠡ ᠬᠥᠮᠦᠰ ᠬᠠᠶᠢᠷᠴᠠᠭ ᠪᠦᠷᠢ 30 ᠭᠠᠷᠤᠶ ᠲᠥᠭᠥᠷᠢᠭ ᠦᠨ ᠦᠨ᠎ᠡ ᠪᠡᠷ ᠵᠠᠬ᠎ᠠ ᠳᠡᠯᠭᠡᠭᠦᠷ ᠳᠡᠭᠡᠷ᠎ᠡ ᠬᠤᠳᠠᠯᠳᠤᠵᠤ ᠪᠠᠶᠢᠭ᠎ᠠ ᠴᠠᠭᠠᠰᠤᠨ ᠬᠠᠢᠷᠠᠴᠠᠭ ᠤᠨ ᠪᠣᠭᠤᠯᠲᠠ ᠲᠠᠢ 《 ᠪᠸᠢ ᠶᠢᠨ ᠮᠸᠢ》 ᠵᠢᠨ ᠵᠤᠸᠠᠩ ᠠᠢ + ᠬᠡᠤᠬᠡᠳ ᠤᠨ ᠰᠦᠨ ᠲᠠᠯᠬ᠎ᠠ( 405 ᠭᠷᠠᠮ ) ᠶᠢ ᠬᠤᠳᠠᠯᠳᠤᠨ ᠠᠪᠴᠤ᠂ ᠲᠡᠭᠦᠨ ᠢ ᠪᠡᠨ ᠱᠠᠨᠳᠦ᠋ᠩ ᠮᠤᠵᠢ ᠶᠢᠨ ᠵᠢᠨ ᠬᠥ᠋ ᠪᠤᠷᠲᠤᠭᠤ ᠵᠣᠬᠢᠶᠠᠬᠤ ᠬᠢᠵᠠᠭᠠᠷᠲᠤ ᠺᠣᠮᠫᠠᠨᠢ ᠳᠤ ᠳᠠᠭᠤᠷᠢᠶᠠᠨ ᠬᠢᠯᠭᠡᠭᠰᠡᠨ《 ᠪᠸᠢ ᠶᠢᠨ ᠮᠸᠢ 》 ᠶᠢᠨ ᠲᠡᠮᠦᠷ ᠪᠤᠷᠲᠤᠭᠤ ᠳᠤ ᠰᠠᠪᠠᠯᠠᠵᠤ᠂ ᠲᠡᠮᠦᠷ ᠪᠤᠷᠲᠤᠭᠤ ᠲᠠᠢ《ᠪᠸᠢ ᠶᠢᠨ ᠮᠸᠢ 》ᠵᠢᠨ ᠵᠤᠸᠠᠩ ᠠᠢ+ ᠨᠢᠯᠬ᠎ᠠ ᠬᠡᠦᠬᠡᠳ ᠤᠨ ᠰᠦᠨ ᠲᠠᠯᠬ᠎ᠠ ( 1000 ᠭᠷᠠᠮ ) 1.1 ᠭᠠᠷᠤᠢ ᠲᠦᠮᠡ ᠦᠢᠯᠡᠳᠴᠦ᠂ ᠰᠦᠨ ᠲᠠᠯᠬ᠎ᠠ ᠶᠢᠨ ᠪᠥᠭᠡᠮ ᠢᠶᠡᠷ ᠬᠤᠳᠠᠯᠳᠤᠬᠤ ᠬᠤᠳᠠᠯᠳᠤᠭᠠᠴᠢᠨ ᠳ᠋ᠦ᠋ ᠣᠪᠣᠭᠲᠤ ᠪᠡᠷ ᠲᠠᠮᠵᠢᠵᠤ ᠰᠠᠪᠠ ᠪᠦᠷᠢ 140 ᠲᠥᠭᠥᠷᠢᠭ ᠣᠷᠴᠢᠮ ᠦᠨ᠎ᠡ ᠪᠡᠷ ᠾᠧᠨᠠᠨ ᠮᠤᠵᠢ ᠶᠢᠨ ᠵᠸᠩᠵᠸᠦ ᠶᠢᠨ ᠡᠵᠡᠩᠨᠡᠨ ᠪᠣᠷᠣᠯᠠᠭᠤᠯᠬᠤ ᠬᠤᠳᠠᠯᠳᠤᠭᠠᠴᠢᠨ ᠾᠧᠦ ᠣᠪᠣᠭᠲᠤ ᠂ ᠱᠢ ᠣᠪᠣᠭᠲᠤ ᠵᠢᠴᠢ ᠠᠨᠾᠦᠢᠢ ᠮᠤᠵᠢ ᠶᠢᠨ ᠡᠾᠸ ᠹᠸᠢ ᠵᠢᠨ ᠡᠵᠡᠩᠨᠡᠨ ᠪᠣᠷᠣᠯᠠᠭᠤᠯᠬᠤ ᠬᠤᠳᠠᠯᠳᠤᠭᠠᠴᠢᠨ ᠰᠦᠨ ᠣᠪᠣᠭᠲᠤ ᠂ ᠵᠠᠩ ᠣᠪᠣᠭᠲᠤ ᠳᠤ ᠬᠤᠳᠠᠯᠳᠤᠨ ᠥᠭᠴᠦ᠂ ᠬᠡᠷᠡᠭ ᠲᠦ ᠬᠣᠯᠪᠣᠭᠳᠠᠭᠰᠠᠨ ᠪᠣᠷᠣᠯᠠᠭᠤᠯᠤᠯᠲᠠ ᠶᠢᠨ ᠵᠣᠭᠣᠰ ᠤᠨ ᠬᠡᠮᠵᠢᠶ᠎ᠡ ᠨᠢ 160 ᠭᠠᠷᠤᠢ ᠲᠦᠮᠡᠨ ᠲᠥᠭᠥᠷᠢᠭ ᠬᠦᠷᠪᠡ᠃ 2015ᠤᠨ ᠤ4 ᠰᠠᠷ᠎ᠠ ᠡᠴᠡ9 ᠰᠠᠷ᠎ᠠ ᠪᠣᠯᠲᠠᠯ᠎ᠠ ᠂ ᠳᠡᠭᠡᠷ᠎ᠡ ᠳᠤᠷᠠᠳᠤᠭᠰᠠᠨ ᠶᠠᠯ᠎ᠠ ᠬᠢᠭᠰᠡᠨ ᠰᠡᠵᠢᠭᠲᠡᠨ ᠪᠠᠰᠠ ᠭᠤᠸᠠᠩᠳᠦ᠋ᠩ ᠤᠨ ᠳ᠋ᠦᠩ ᠭᠤᠸᠠᠨ ᠤ ᠯᠠᠨ ᠴᠢ ᠰᠦᠯᠢᠶᠣᠣ ᠶᠢᠨ ᠺᠣᠮᠫᠠᠨᠢ ᠳᠤ《ᠶᠠ ᠫᠸᠢ》ᠨᠢᠯᠬ᠎ᠠ ᠬᠡᠦᠬᠡᠳ ᠤᠨ ᠰᠦᠨ ᠲᠠᠯᠬ᠎ᠠ ᠶᠢᠨ ᠰᠦᠯᠢᠶᠣᠣ ᠰᠠᠪᠠ ᠢ ᠬᠢᠯᠭᠡᠵᠦ ᠂ ᠵᠧᠵᠢᠶᠠᠩ ᠤᠨ ᠯᠦ ᠴᠢᠶᠥᠥ ᠲᠣᠭᠤᠷᠢᠭ ᠤᠨ ᠨᠢᠭᠡ ᠬᠡᠪᠯᠡᠯ ᠦᠨ ᠦᠢᠯᠡᠳᠬᠡᠯ ᠦᠨ ᠭᠠᠵᠠᠷ《ᠶᠠ ᠫᠸᠢ》ᠨᠢᠯᠬ᠎ᠠ ᠬᠡᠦᠬᠡᠳ ᠤᠨ ᠰᠦᠨ ᠲᠠᠯᠬ᠎ᠠ ᠶᠢᠨ ᠲᠡᠮᠳᠡᠭ ᠢ ᠬᠢᠵᠦ᠂ ᠪᠤᠷᠲᠤᠭᠤ ᠪᠦᠷᠢ 70–80 ᠲᠥᠭᠥᠷᠢᠭ ᠦᠨ ᠦᠨ᠎ᠡ ᠪᠡᠷ ᠵᠠᠬ᠎ᠠ ᠳᠡᠯᠭᠡᠭᠦᠷ ᠳᠡᠭᠡᠷ᠎ᠡ ᠡᠴᠡ ᠰᠢᠨ᠎ᠡ ᠽᠧᠯᠡᠨᠳ᠋ ᠤᠨ《Vitacare》᠂ 《 ᠮᠸᠢ ᠯᠦᠨ ᠵᠢᠶᠠ 》 ᠂《ᠺᠡ ᠨᠢ ᠺᠡ 》 ᠨᠢᠯᠬ᠎ᠠ ᠬᠡᠦᠬᠡᠳ ᠤᠨ ᠰᠦᠨ ᠲᠠᠯᠬ᠎ᠠ ᠪᠠ ᠮᠠᠨ ᠤ ᠤᠯᠤᠰ ᠤᠨ ᠦᠢᠯᠡᠳᠪᠦᠷᠢᠯᠡᠭᠰᠡᠨ 《 ᠤ ᠵᠢᠶᠠ 》《 ᠾᠸ ᠱᠢ 》 ᠂ 《 ᠶᠣᠣ ᠯᠠᠨ 》 ᠵᠡᠷᠭᠡ ᠨᠡᠷᠡᠲᠦ ᠨᠢᠯᠬ᠎ᠠ ᠬᠡᠦᠬᠡᠳ ᠤᠨ ᠰᠦᠨ ᠲᠠᠯᠬ᠎ᠠ ᠶᠢ ᠬᠤᠳᠠᠯᠳᠤᠨ ᠠᠪᠴᠤ ᠂ ᠲᠤᠰ ᠲᠤᠰ ᠱᠠᠨᠳᠦ᠋ᠩ ᠦᠨ ᠶᠠᠨᠵᠸᠤ ᠂ ᠬᠤᠨᠠᠨ ᠮᠤᠵᠢ ᠶᠢᠨ ᠴᠠᠩᠱᠠ ᠳᠤ ᠬᠠᠭᠤᠷᠮᠠᠭ《ᠶᠠ ᠫᠸᠢ》 ᠵᠢᠨ ᠵᠤᠸᠠᠩ ᠱᠢ ᠺᠠᠩ ᠯᠢ ᠬᠡᠤᠬᠡᠳ ᠤᠨ ᠰᠦᠨ ᠲᠠᠯᠬ᠎ᠠ( 900 ᠭᠷᠠᠮ) ᠢ1.16 ᠭᠠᠷᠤᠢ ᠲᠦᠮᠡᠨ ᠪᠤᠷᠲᠤᠭᠤ ᠦᠢᠯᠡᠳᠪᠥᠷᠢᠯᠡᠵᠦ᠂ ᠪᠠᠰᠠ ᠴᠤ ᠰᠦᠨ ᠲᠠᠯᠬ᠎ᠠ ᠪᠥᠭᠡᠮ ᠢᠶᠡᠷ ᠬᠤᠳᠠᠯᠳᠤᠬᠤ ᠬᠤᠳᠠᠯᠳᠤᠭᠠᠴᠢᠨ ᠳ᠋ᠦ᠋ ᠣᠪᠣᠭᠲᠤ ᠪᠡᠷ ᠳᠠᠮᠵᠢᠵᠤ ᠪᠤᠷᠲᠤᠭᠤ ᠪᠦᠷᠢ 160 ᠲᠥᠭᠥᠷᠢᠭ ᠣᠷᠴᠢᠮ ᠦᠨ᠎ᠡ ᠪᠡᠷ ᠳᠡᠭᠡᠷ᠎ᠡ ᠳᠤᠷᠠᠳᠤᠭᠰᠠᠨ ᠠᠨᠾᠦᠢ ᠮᠤᠵᠢ ᠶᠢᠨ ᠡᠾᠸ ᠹᠸᠢ ᠵᠢᠨ ᠰᠦᠨ ᠣᠪᠣᠭᠲᠤ ᠂ ᠵᠠᠩ ᠣᠪᠣᠭᠲᠤ ᠪᠠᠰᠠ ᠾᠧᠨᠠᠨ ᠮᠤᠵᠢ ᠶᠢᠨ ᠵᠸᠩᠵᠸᠦ ᠶᠢᠨ ᠰᠦᠨ ᠲᠠᠯᠬ᠎ᠠ ᠪᠣᠷᠣᠯᠠᠭᠤᠯᠬᠤ ᠬᠤᠳᠠᠯᠳᠤᠭᠠᠴᠢᠨ ᠵᠢᠨ ᠣᠪᠣᠭᠲᠤ ᠂ ᠯᠢᠦ ᠣᠪᠣᠭᠲᠤ ᠂ ᠵᠢᠶᠠᠩᠰᠦ ᠮᠤᠵᠢ ᠶᠢᠨ ᠰᠦᠴᠢᠶᠠᠨ ᠤ ᠬᠤᠳᠠᠯᠳᠤᠭᠠᠴᠢᠨ ᠸᠠᠩ ᠣᠪᠣᠭᠲᠤ ᠂ ᠬᠤᠪᠸᠢ ᠮᠤᠵᠢ ᠶᠢᠨ ᠦᠬᠠᠨ ᠤ ᠡᠵᠡᠩᠨᠡᠨ ᠪᠣᠷᠣᠯᠠᠭᠤᠯᠬᠤ ᠬᠤᠳᠠᠯᠳᠤᠭᠠᠴᠢᠨ ᠹᠸᠩ ᠣᠪᠣᠭᠲᠤ ᠵᠡᠷᠭᠡ ᠳᠤ ᠬᠤᠳᠠᠯᠳᠤᠨ ᠥᠭᠴᠦ ᠂ ᠪᠣᠷᠣᠯᠠᠭᠤᠯᠭ᠎ᠠ ᠶᠢᠨ ᠵᠣᠭᠤᠰ ᠤᠨ ᠲᠣᠭ᠎ᠠ 190 ᠭᠠᠷᠤᠶ ᠲᠦᠮᠡᠨ ᠲᠥᠭᠥᠷᠢᠭ ᠲᠦ ᠬᠦᠷᠴᠡᠶ ᠃
ᠣᠳᠣᠬᠠᠨ ᠳᠤ ᠪᠣᠷᠤᠯᠠᠭᠤᠯᠤᠨ ᠭᠠᠷᠭᠠᠭᠰᠠᠨ ᠬᠠᠭᠤᠷᠮᠠᠭ 《ᠶᠠ ᠫᠸᠢ 》 ᠬᠡᠤᠬᠡᠳ ᠤᠨ ᠰᠦᠨ ᠲᠠᠯᠬ᠎ᠠ ᠡᠴᠡ3300 ᠪᠤᠷᠲᠤᠭᠤ ᠶᠢ ᠪᠠᠢᠴᠠᠭᠠᠨ ᠣᠯᠤᠭᠠᠳᠤᠢ ᠃ ᠠᠨᠾᠦᠢ ᠮᠤᠵᠢ ᠶᠢᠨ ᠡᠾᠸ ᠹᠸᠢ ᠵᠢᠨ ᠵᠠᠩ ᠣᠪᠣᠭᠲᠤ ᠶᠢᠨ ᠦᠴᠢᠭᠯᠡᠭᠰᠡᠨ ᠢᠶᠡᠷ᠂ 2015ᠤᠨ ᠤ8 ᠰᠠᠷ᠎ᠠ ᠡᠴᠡ ᠡᠮᠦᠨ᠎ᠡ ᠨᠢᠭᠡᠨᠲᠡ3600 ᠪᠤᠷᠲᠤᠭᠤ ᠬᠠᠭᠤᠷᠮᠠᠭ《ᠪᠸᠢ ᠶᠢᠨ ᠮᠸᠢ 》 ᠬᠡᠤᠬᠡᠳ ᠤᠨ ᠰᠦᠨ ᠲᠠᠯᠬ᠎ᠠ ᠶᠢ ᠪᠤᠷᠤᠯᠠᠭᠤᠯᠪᠠ᠃ ᠡᠾᠧᠨᠠᠨ ᠂ ᠠᠨᠾᠦᠢ ᠮᠤᠵᠢ ᠶᠢᠨ ᠢᠳᠡᠭᠡᠨ ᠦ ᠠᠮᠤᠷ ᠲᠦᠪᠰᠢᠨ ᠦ ᠠᠯᠪᠠᠨ ᠭᠡᠷ ᠡᠴᠡ ᠣᠳᠣ ᠶᠠᠭ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠢ ᠵᠤᠬᠢᠴᠠᠭᠤᠯᠤᠨ ᠲᠣᠬᠢᠷᠠᠭᠤᠯᠵᠤ ᠂ ᠢᠳᠡᠭᠡᠨ ᠦ ᠵᠦᠢᠯ ᠡᠮ ᠦᠨ ᠵᠦᠢᠯ ᠦᠨ ᠬᠢᠨᠠᠯᠲᠠ ᠲᠠᠯᠪᠢᠬᠤ ᠰᠠᠯᠠᠭ᠎ᠠ ᠮᠥᠴᠢᠷ ᠦᠨ ᠬᠢᠨ ᠪᠦᠬᠦ ᠬᠦᠴᠦ ᠪᠡᠷ ᠢᠶᠡᠷ ᠲᠤᠰ ᠮᠤᠵᠢ ᠳᠤ ᠤᠷᠤᠭᠰᠠᠨ ᠬᠠᠭᠤᠷᠮᠠᠭ 《ᠶᠠ ᠫᠸᠢ 》 ᠪᠠ 《ᠪᠸᠢ ᠶᠢᠨ ᠮᠸᠢ 》 ᠬᠡᠤᠬᠡᠳ ᠤᠨ ᠰᠦᠨ ᠲᠠᠯᠬ᠎ᠠ ᠶᠢ ᠨᠡᠬᠡᠮᠵᠢᠯᠡᠨ ᠪᠠᠢᠴᠠᠭᠠᠵᠤ ᠪᠠᠢᠨ᠎ᠠ᠃
ᠬᠡᠷᠡᠭ ᠢ ᠲᠠᠩᠨᠠᠨ ᠪᠠᠢᠴᠠᠭᠠᠵᠤ ᠰᠢᠳᠬᠡᠬᠦ ᠶᠠᠪᠤᠴᠠ ᠳᠤᠮᠳᠠ ᠂ ᠱᠠᠩᠬᠠᠶ ᠶᠢᠨ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠠᠴᠠ ᠱᠠᠩᠬᠠᠶ ᠬᠣᠲᠠ ᠶᠢᠨ ᠶᠠᠰᠤ ᠴᠢᠨᠠᠷ ᠲᠤ ᠬᠢᠨᠠᠯᠲᠠ ᠲᠠᠯᠪᠢᠵᠤ ᠰᠢᠯᠭᠠᠨ ᠪᠠᠶᠢᠴᠠᠭᠠᠬᠤ ᠰᠤᠳᠤᠯᠬᠤ ᠬᠦᠷᠢᠶᠡᠯᠡᠩ ᠢ ᠨᠠᠢᠳᠠᠵᠤ ᠬᠠᠭᠤᠷᠮᠠᠭ 《ᠶᠠ ᠫᠸᠢ 》 ᠲᠡᠮᠳᠡᠭᠲᠦ ᠬᠡᠤᠬᠡᠳ ᠤᠨ ᠰᠦᠨ ᠲᠠᠯᠬ᠎ᠠ ᠶᠢ ᠪᠠᠢᠴᠠᠭᠠᠵᠤ ᠂ ᠨᠢᠯᠬ᠎ᠠ ᠬᠡᠦᠬᠡᠳ ᠤᠨ ᠰᠦᠨ ᠲᠠᠯᠬ᠎ᠠ ᠶᠢᠨ ᠮᠢᠺᠷᠣᠪ ᠂ ᠰᠢᠮ᠎ᠡ ᠲᠡᠵᠢᠭᠡᠯ ᠦᠨ ᠡᠯᠧᠮᠧᠨ᠋ᠲ ᠦᠨ ᠵᠡᠷᠭᠡ 14 ᠵᠦᠢᠯ ᠦᠨ ᠵᠠᠩᠭᠢᠯᠠᠭ᠎ᠠ ᠶᠢᠨ ᠵᠦᠢᠯ ᠢ ᠪᠠᠢᠴᠠᠭᠠᠵᠤ᠂ ᠪᠠᠢᠴᠠᠭᠠᠭᠰᠠᠨ ᠲᠥᠷᠦᠯ ᠵᠦᠢᠯ ᠨᠢ ᠴᠥᠮ ᠤᠯᠤᠰ ᠤᠨ ᠳᠤᠭᠲᠠᠭᠠᠭᠰᠠᠨ ᠨᠢᠯᠬ᠎ᠠ ᠬᠡᠤᠬᠡᠳ ᠤᠨ ᠰᠦᠨ ᠲᠠᠯᠬ᠎ᠠ ᠶᠢᠨ ᠪᠠᠷᠢᠮᠵᠢᠶᠠᠨ ᠳᠤ ᠨᠡᠢᠴᠡᠵᠦ᠂ ᠲᠡᠭᠦᠨ ᠦ ᠳᠣᠲᠣᠷᠠᠬᠢ ᠺᠠᠯᠼ ᠵᠢᠨ ᠠᠭᠤᠯᠤᠭᠳᠠᠴᠠ ᠨᠢ 《ᠶᠠ ᠫᠸᠢ 》 ᠨᠢᠯᠬ᠎ᠠ ᠬᠡᠤᠬᠡᠳ ᠤᠨ ᠰᠦᠨ ᠲᠠᠯᠬ᠎ᠠ ᠶᠢᠨ ᠱᠣᠰᠢᠭ᠎ᠠ ᠳᠡᠭᠡᠷ᠎ᠡ ᠢᠯᠡᠷᠬᠡᠢᠯᠡᠭᠰᠡᠨ ᠬᠡᠮᠵᠢᠭᠳᠡᠯ ᠡᠴᠡ ᠪᠠᠭᠠᠬᠠᠨ ᠳᠣᠣᠷ᠎ᠠ ᠪᠠᠢᠪᠠ᠃
ᠲᠦᠷᠦ ᠶᠢᠨ ᠶᠠᠪᠤᠳᠠᠯ ᠤᠨ ᠬᠣᠷᠢᠶᠠᠨ ᠤ ᠢᠳᠡᠭᠡᠨ ᠦ ᠠᠮᠤᠷ ᠲᠦᠪᠰᠢᠨ ᠦ ᠠᠯᠪᠠᠨ ᠭᠡᠷ ᠡᠴᠡ ᠪᠸᠢ ᠶᠢᠨ ᠮᠸᠢ ᠪᠣᠯᠤᠨ ᠶᠠ ᠫᠧᠢ ᠬᠤᠶᠠᠷ ᠠᠵᠤ ᠠᠬᠤᠢᠯᠠᠯ ᠢ ᠱᠠᠭᠠᠷᠳᠠᠵᠤ ᠳᠡᠭᠡᠷ᠎ᠡ ᠳᠤᠷᠠᠳᠤᠭᠰᠠᠨᠨ ᠳᠦᠷᠪᠡᠨ ᠮᠤᠵᠢ ᠶᠢᠨ ᠬᠣᠯᠪᠣᠭᠳᠠᠯ ᠪᠦᠬᠦᠢ ᠰᠠᠯᠠᠭ᠎ᠠ ᠮᠥᠴᠢᠷ ᠲᠠᠢ ᠬᠠᠮᠵᠢᠯᠴᠠᠨ ᠬᠠᠭᠤᠷᠮᠠᠭ ᠬᠡᠤᠬᠡᠳ ᠤᠨ ᠰᠦᠨ ᠲᠠᠯᠬ᠎ᠠ ᠶᠢ ᠨᠡᠬᠡᠮᠵᠢᠯᠡᠨ ᠬᠤᠷᠢᠶᠠᠵᠤ᠂ ᠪᠣᠷᠣᠯᠠᠭᠤᠯᠬᠤ ᠬᠡᠪᠴᠢᠶ᠎ᠡ ᠶᠢ ᠪᠦᠬᠦ ᠲᠠᠯ᠎ᠠ ᠪᠠᠷ ᠴᠡᠭᠴᠡᠯᠡᠵᠦ᠂ ᠦᠨᠡᠨ ᠬᠤᠳᠠᠯ ᠳᠦᠷᠦᠯ ᠳᠡᠮᠳᠡᠭ ᠤᠨ ᠰᠦᠨ ᠲᠠᠯᠬ᠎ᠠ ᠶᠢᠨ ᠢᠯᠭᠠᠨ ᠲᠠᠨᠢᠬᠤ ᠠᠷᠭ᠎ᠠ ᠶᠢ ᠨᠡᠢᠲᠡᠯᠡᠵᠦ᠂ ᠬᠠᠭᠤᠷᠮᠠᠭ ᠪᠦᠲᠦᠭᠡᠭᠳᠡᠬᠦᠨ ᠲᠡᠭᠦᠨ ᠦ ᠵᠢᠭᠠᠨ ᠲᠣᠭᠲᠠᠭᠠᠭᠰᠠᠨ ᠴᠡᠭ ᠲᠤ ᠣᠷᠤᠬᠤ ᠶᠢ ᠦᠨᠡᠨ ᠬᠦ ᠰᠡᠷᠭᠡᠶᠢᠯᠡᠨ ᠬᠣᠷᠢᠭᠯᠠᠬᠤ ᠬᠡᠷᠡᠭᠲᠠᠢ ᠭᠡᠵᠦ ᠱᠠᠭᠠᠷᠳᠠᠪᠠ᠃ ᠲᠦᠷᠦ ᠶᠢᠨ ᠶᠠᠪᠤᠳᠠᠯ ᠤᠨ ᠬᠣᠷᠢᠶᠠᠨ ᠤ ᠢᠳᠡᠭᠡᠨ ᠦ ᠠᠮᠤᠷ ᠲᠦᠪᠰᠢᠨ ᠦ ᠠᠯᠪᠠᠨ ᠭᠡᠷ ᠦᠨ ᠲᠠᠯ᠎ᠠ ᠠᠴᠠ ᠥᠷᠭᠡᠨ ᠤᠯᠠᠨ ᠬᠡᠷᠡᠭᠯᠡᠭᠴᠢᠳ ᠲᠤ ᠰᠠᠨᠠᠭᠤᠯᠬᠤ ᠨᠢ ᠂ ᠬᠡᠷᠡᠭᠯᠡᠭᠴᠢᠳ ᠬᠡᠤᠬᠡᠳ ᠤᠨ ᠰᠦᠨ ᠲᠠᠯᠬ᠎ᠠ ᠠᠪᠬᠤ ᠳᠤ ᠪᠡᠨ ᠵᠢᠩᠬᠢᠨᠢ ᠬᠤᠳᠠᠯᠳᠤᠬᠤ ᠴᠢᠭ᠌ ᠲᠤ ᠬᠦᠷᠴᠦ ᠬᠤᠳᠠᠯᠳᠤᠨ ᠠᠪᠬᠤ ᠬᠡᠷᠡᠭᠲᠠᠢ ᠂ ᠰᠦᠯᠵᠢᠶᠡᠨ ᠳᠡᠭᠡᠷ᠎ᠡ ᠡᠴᠡ ᠨᠢᠯᠬ᠎ᠠ ᠬᠡᠦᠬᠡᠳ ᠤᠨ ᠰᠦᠨ ᠲᠠᠯᠬ᠎ᠠ ᠬᠤᠳᠠᠯᠳᠤᠨ ᠠᠪᠬᠤ ᠳᠤ ᠪᠡᠨ ᠴᠢᠨᠠᠷ ᠴᠢᠨᠰᠠᠭ᠎ᠠ ᠶᠢᠨ ᠲᠠᠯ᠎ᠠ ᠪᠡᠷ ᠣᠨᠴᠠᠭᠠᠢᠯᠠᠨ ᠠᠩᠬᠠᠷᠬᠤ ᠬᠡᠷᠡᠭᠲᠠᠢ ᠃ ᠬᠠᠭᠤᠷᠮᠠᠭ ᠪᠦᠲᠦᠭᠡᠭᠳᠡᠬᠦᠨ ᠪᠠ ᠬᠤᠳᠠᠯᠳᠤᠭᠠᠨ ᠤ ᠮᠡᠬᠡᠯᠡᠯ ᠶᠠᠪᠤᠭᠤᠯᠬᠤ ᠠᠵᠢᠯᠯᠠᠭ᠎ᠠ ᠶᠢ ᠣᠯᠵᠤ ᠮᠡᠳᠡᠪᠡᠯ ᠂ ᠴᠠᠭ ᠲᠤᠬᠠᠶ ᠳᠤᠨᠢ ᠬᠣᠯᠪᠣᠭᠳᠠᠯ ᠪᠦᠬᠦᠢ ᠬᠠᠤᠯᠢ ᠬᠡᠷᠡᠭᠵᠢᠭᠦᠯᠬᠦ ᠪᠠᠶᠢᠭᠤᠯᠭ᠎ᠠ ᠳᠤ ᠢᠯᠡᠴᠢᠯᠡᠨ ᠮᠡᠳᠡᠭᠦᠯᠬᠦ ᠬᠡᠷᠡᠭᠲᠠᠢ ᠃
ᠦᠨᠡᠯᠡᠬᠦ 0ᠦᠨᠡᠯᠡᠯᠲᠡ ᠲᠠᠢ