1 ᠰᠠᠷᠠᠢᠨ 11 ᠤ ᠡᠳᠦᠷ ᠂ ᠠᠷᠠᠳ ᠤᠨ ᠳᠡᠭᠡᠳᠦ ᠵᠡᠷᠬᠡ ᠶᠢᠨ ᠰᠢᠬᠦᠬᠦ ᠬᠤᠷᠢᠶ᠎ᠠ ᠰᠤᠨᠢᠨ ᠮᠡᠳᠡᠭᠡ ᠨᠡᠢᠳᠡᠯᠡᠬᠦ ᠬᠤᠷᠠᠯ ᠶᠠᠪᠤᠭᠳᠠᠭᠤᠯᠵᠤ ᠂ 《ᠠᠷᠠᠳ ᠤᠨ ᠳᠡᠭᠡᠳᠦ ᠵᠡᠷᠬᠡ ᠶᠢᠨ ᠰᠢᠬᠦᠬᠦ ᠬᠤᠷᠢᠶᠠᠨ ᠤ ᠳᠠᠸᠠᠷ ᠤᠨ ᠳᠡᠮᠳᠡᠭᠳᠦ ᠶᠢᠨ ᠡᠷᠬᠡ ᠤᠯᠭᠤᠬᠤ ᠪᠠ ᠡᠷᠭᠡ ᠶᠢ ᠨᠤᠳᠠᠯᠠᠨ ᠳᠤᠭᠳᠠᠭᠠᠬᠤ ᠵᠠᠰᠠᠭ ᠵᠠᠬᠢᠷᠭᠠᠨ ᠤ ᠬᠡᠷᠡᠭ ᠢ ᠰᠢᠬᠦᠬᠦ ᠳᠤᠬᠠᠢ ᠤᠯᠠᠨ ᠠᠰᠠᠭᠤᠳᠠᠯ ᠤᠨ ᠳᠤᠭᠳᠠᠭᠠᠯ》(ᠳᠣᠣᠷ᠎ᠠ 《ᠳᠤᠭᠳᠠᠭᠠᠯ》 ᠬᠡᠵᠦ ᠳᠥᠬᠦᠮᠴᠢᠯᠡᠨᠡ) ᠢ ᠨᠡᠢᠳᠡᠯᠡᠵᠦ ᠂ ᠠᠷᠠᠳ ᠤᠨ ᠳᠡᠭᠡᠳᠦ ᠵᠡᠷᠬᠡ ᠶᠢᠨ ᠰᠢᠬᠦᠬᠦ ᠬᠤᠷᠢᠶᠠᠨ ᠤ ᠢᠷᠭᠡᠨ ᠦ ᠬᠡᠷᠡᠭ ᠦᠨ ᠭᠤᠷᠪᠠᠳᠤᠭᠠᠷ ᠲᠢᠩᠬᠢᠮ ᠦᠨ ᠳᠠᠷᠤᠭ᠎ᠠ ᠰᠦᠩ ᠰᠢᠶᠤᠤ ᠹᠸᠩ᠂ ᠳᠡᠳ᠋ ᠳᠤᠪᠴᠢᠶᠠᠨ ᠳᠠᠷᠤᠭ᠎ᠠ ᠸᠠᠩ ᠴᠤᠸᠠᠩ ᠨᠡᠢᠳᠡᠯᠡᠬᠦ ᠬᠤᠷᠠᠯ ᠳᠤ ᠤᠷᠤᠯᠴᠠᠵᠤ ᠬᠤᠯᠪᠤᠭᠳᠠᠯ ᠪᠦᠬᠦᠢ ᠪᠠᠢᠳᠠᠯ ᠢ ᠳᠠᠨᠢᠴᠠᠭᠤᠯᠵᠤ ᠰᠤᠷᠪᠤᠯᠵᠢᠯᠠᠭᠴᠢ ᠶᠢᠨ ᠠᠰᠠᠭᠤᠯᠳᠠ ᠶᠢ ᠬᠠᠷᠢᠭᠤᠯᠵᠤ ᠂ ᠠᠷᠠᠳ ᠤᠨ ᠳᠡᠭᠡᠳᠦ ᠵᠡᠷᠬᠡ ᠶᠢᠨ ᠰᠢᠬᠦᠬᠦ ᠬᠤᠷᠢᠶᠠᠨ ᠤ ᠰᠤᠨᠢᠨ ᠮᠡᠳᠡᠭᠡᠨ ᠦ ᠨᠡᠢᠳᠡᠯᠡᠭᠴᠢ ᠸᠠᠩ ᠯᠢᠩ ᠨᠡᠢᠳᠡᠯᠡᠬᠦ ᠬᠤᠷᠠᠯ ᠢ ᠡᠷᠬᠢᠯᠡᠪᠡ ᠃
ᠲᠠᠸᠠᠷ ᠤᠨ ᠳᠡᠮᠳᠡᠭᠳᠦ ᠶᠢᠨ ᠡᠷᠬᠡ ᠤᠯᠭᠤᠬᠤ ᠪᠠ ᠡᠷᠬᠡ ᠶᠢ ᠨᠤᠳᠠᠯᠠᠨ ᠳᠤᠭᠳᠠᠭᠠᠬᠤ ᠬᠡᠷᠡᠭ ᠦᠨ ᠳᠤᠭ᠎ᠠ ᠦᠳᠲᠡᠷ ᠲᠦᠷᠭᠡᠨ ᠨᠡᠮᠡᠭᠳᠡᠪᠡ
ᠣᠢᠯᠭᠠᠯᠲᠠ ᠶᠢ ᠦᠨᠳᠦᠰᠦᠯᠡᠪᠡᠯ ᠂ 2001 ᠤᠨ ᠳᠤ ᠲᠠᠸᠠᠷ ᠤᠨ ᠳᠡᠮᠳᠡᠭᠳᠦ ᠶᠢᠨ ᠬᠠᠤᠯᠢ ᠳᠤ ᠵᠠᠰᠠᠪᠤᠷᠢ ᠤᠷᠤᠭᠤᠯᠤᠭᠰᠠᠨ ᠤ ᠳᠠᠷᠠᠭ᠎ᠠ ᠂ ᠲᠠᠸᠠᠷ ᠤᠨ ᠳᠡᠮᠳᠡᠭᠳᠦ ᠶᠢᠨ ᠡᠷᠬᠡ ᠤᠯᠭᠤᠬᠤ ᠪᠠ ᠡᠷᠬᠡ ᠶᠢ ᠨᠤᠳᠠᠯᠠᠨ ᠳᠤᠭᠳᠠᠭᠠᠬᠤ ᠬᠡᠷᠡᠭ ᠢ ᠡᠬᠢᠯᠡᠵᠦ ᠠᠷᠠᠳ ᠤᠨ ᠰᠢᠬᠦᠬᠦ ᠬᠤᠷᠢᠶᠠᠨ ᠤ ᠬᠠᠤᠯᠢ ᠴᠠᠭᠠᠵᠠ ᠶᠢᠨ ᠬᠢᠨᠠᠨ ᠪᠠᠢᠴᠠᠭᠠᠯᠲᠠ ᠳᠤ ᠬᠡᠪᠴᠢᠶᠡᠨ ᠳᠦ ᠤᠷᠤᠭᠤᠯᠵᠤ ᠂ ᠤᠢᠷ᠎ᠠ ᠶᠢᠨ ᠵᠢᠯ ᠳᠦ ᠂ ᠳᠤᠰ ᠲᠦᠷᠦᠯ ᠦᠨ ᠬᠡᠷᠡᠭ ᠦᠳᠲᠡᠷ ᠲᠦᠷᠭᠡᠨ ᠨᠡᠮᠡᠭᠳᠡᠵᠦ ᠂ ᠰᠦᠩ ᠰᠢᠶᠤᠤ ᠮᠢᠩ ᠪᠡᠭᠡᠵᠢᠩ ᠦᠨ ᠰᠢᠬᠦᠬᠦ ᠬᠤᠷᠢᠶᠠᠨ ᠤ ᠰᠢᠬᠦᠭᠰᠡᠨ ᠲᠠᠸᠠᠷ ᠤᠨ ᠳᠡᠮᠳᠡᠭᠲᠦ ᠶᠢᠨ ᠡᠷᠬᠡ ᠤᠯᠭᠤᠬᠤ ᠪᠠ ᠡᠷᠬᠡ ᠶᠢ ᠨᠤᠳᠠᠯᠠᠨ ᠳᠤᠭᠳᠠᠭᠠᠬᠤ ᠬᠡᠷᠡᠭ ᠢᠶᠡᠷ ᠵᠢᠱᠢᠶ᠎ᠡ ᠪᠤᠯᠭᠠᠵᠤ᠂ 2002 ᠤᠨ ᠠᠴᠠ 2009 ᠤᠨ ᠪᠣᠯᠲᠠᠯᠠᠬᠢ᠂ ᠪᠡᠭᠡᠵᠢᠩ ᠬᠤᠳᠠ ᠶᠢᠨ ᠨᠢᠬᠡᠳᠦᠭᠡᠷ ᠠᠷᠠᠳ ᠤᠨ ᠳᠤᠮᠳᠠ ᠵᠡᠷᠬᠡ ᠶᠢᠨ ᠰᠢᠬᠦᠬᠦ ᠬᠤᠷᠢᠶ᠎ᠠ ᠨᠡᠢᠲᠡ ᠲᠠᠸᠠᠷ ᠤᠨ ᠳᠡᠮᠳᠡᠭᠲᠦ ᠶᠢᠨ ᠡᠷᠬᠡ ᠤᠯᠭᠤᠬᠤ ᠪᠠ ᠡᠷᠬᠡ ᠶᠢ ᠨᠤᠳᠠᠯᠠᠨ ᠳᠤᠭᠳᠠᠭᠠᠬᠤ ᠵᠠᠰᠠᠭ ᠵᠠᠬᠢᠷᠭᠠᠨ ᠤ ᠨᠢᠬᠡᠳᠦᠭᠡᠷ ᠰᠢᠬᠦᠯᠲᠡ ᠶᠢᠨ ᠬᠡᠷᠡᠭ 2624 ᠪᠠᠢᠵᠤ ᠂ 2013 ᠤᠨ ᠳᠤ ᠳᠤᠰ ᠬᠤᠷᠢᠶ᠎ᠠ ᠬᠦᠯᠢᠶᠡᠨ ᠠᠪᠤᠭᠰᠠᠨ ᠨᠢᠬᠡᠳᠦᠭᠡᠷ ᠰᠢᠬᠦᠯᠲᠡ ᠶᠢᠨ ᠲᠠᠸᠠᠷ ᠤᠨ ᠳᠡᠮᠳᠡᠭᠲᠦ ᠶᠢᠨ ᠡᠷᠬᠡ ᠤᠯᠭᠤᠬᠤ ᠪᠠ ᠡᠷᠬᠡ ᠶᠢ ᠨᠤᠳᠠᠯᠠᠨ ᠳᠤᠭᠳᠠᠭᠠᠬᠤ ᠵᠠᠰᠠᠭ ᠵᠠᠬᠢᠷᠭᠠᠨ ᠤ ᠬᠡᠷᠡᠭ 2161 ᠪᠠᠢᠵᠤ ᠂ 2014 ᠤᠨ ᠨᠡᠩ ᠴᠤ 7951 ᠬᠦᠷᠲᠡᠯ᠎ᠡ ᠨᠡᠮᠡᠭᠳᠡᠪᠡ ᠃ ᠪᠡᠭᠡᠵᠢᠩ ᠦᠨ ᠮᠡᠳᠡᠯᠬᠡ ᠶᠢᠨ ᠪᠦᠲᠦᠭᠳᠡᠭᠦᠨ ᠦ ᠡᠷᠬᠡ ᠶᠢᠨ ᠰᠢᠬᠦᠬᠦ ᠬᠤᠷᠢᠶ᠎ᠠ 2015 ᠤᠨ ᠳᠤ ᠬᠦᠯᠢᠶᠡᠨ ᠠᠪᠤᠭᠰᠠᠨ ᠨᠢᠬᠡᠳᠦᠭᠡᠷ ᠰᠢᠬᠦᠯᠲᠡ ᠶᠢᠨ ᠬᠡᠷᠡᠭ 7545 ᠪᠠᠢᠵᠤ ᠂ ᠡᠭᠦᠨ ᠦ ᠳᠤᠮᠳᠠ ᠳᠠᠸᠠᠷ ᠤᠨ ᠳᠡᠮᠳᠡᠭᠲᠦ ᠶᠢᠨ ᠡᠷᠬᠡ ᠤᠯᠭᠤᠬᠤ ᠪᠠ ᠡᠷᠬᠡ ᠶᠢ ᠨᠤᠳᠠᠯᠠᠨ ᠳᠤᠭᠳᠠᠭᠠᠬᠤ ᠵᠠᠰᠠᠭ ᠵᠠᠬᠢᠷᠭᠠᠨ ᠤ ᠬᠡᠷᠡᠭ 5501 ᠪᠠᠢᠵᠤ ᠂ ᠳᠤᠰ ᠨᠢᠬᠡᠳᠦᠭᠡᠷ ᠰᠢᠬᠦᠯᠲᠡ ᠶᠢᠨ ᠬᠡᠷᠡᠭ ᠦᠨ 73% ᠶᠢ ᠡᠵᠡᠯᠡᠵᠦ ᠪᠠᠢᠨ᠎ᠠ ᠃
ᠲᠠᠨᠢᠯᠴᠠᠭᠤᠯᠤᠭᠰᠠᠨ ᠢ ᠦᠨᠳᠦᠰᠦᠯᠡᠪᠡᠯ ᠂ 《ᠳᠤᠭᠳᠠᠭᠠᠯ》ᠨᠡᠢᠲᠡ 31 ᠵᠤᠷᠪᠤᠰ ᠂ ᠭᠣᠣᠯᠳᠠᠭᠤ ᠪᠠᠢᠴᠠᠭᠠᠬᠤ ᠬᠦᠷᠢᠶ᠎ᠠ ᠬᠡᠪᠴᠢᠶ᠎ᠠ ᠂ ᠳᠣᠪᠤᠢᠭᠰᠠᠨ ᠤᠨᠴᠠᠯᠢᠭ ᠢ ᠮᠠᠭᠠᠳᠯᠠᠬᠤ ᠂ ᠨᠡᠷᠡᠲᠦ ᠲᠠᠸᠠᠷ ᠤᠨ ᠳᠡᠮᠳᠡᠭᠳᠦ ᠶᠢ ᠬᠠᠮᠠᠭᠠᠯᠠᠬᠤ ᠂ ᠵᠤᠬᠢᠶᠠᠨ ᠪᠦᠲᠦᠭᠡᠬᠦ ᠡᠷᠬᠡ ᠂ ᠤᠪᠤᠭ ᠨᠡᠷ᠎ᠠ ᠶᠢᠨ ᠡᠷᠬᠡ ᠵᠡᠷᠬᠡ ᠤᠷᠢᠳᠠᠪᠠᠷ ᠬᠠᠮᠠᠭᠠᠯᠠᠬᠤ ᠡᠷᠬᠡ ᠵᠡᠷᠬᠡ ᠪᠤᠳᠠᠳᠠᠢ ᠠᠭᠤᠯᠭ᠎ᠠ ᠂ ᠬᠠᠤᠯᠢ ᠳᠤᠭᠳᠠᠭᠠᠯ ᠢ ᠵᠦᠷᠢᠴᠡᠬᠦ ᠂ ᠨᠢᠬᠡ ᠬᠡᠷᠡᠭ ᠢ ᠳᠠᠬᠢᠵᠤ ᠰᠢᠬᠦᠬᠦ ᠦᠬᠡᠢ ᠵᠡᠷᠬᠡ ᠠᠯᠬᠤᠮ ᠳᠠᠷᠠᠭ᠎ᠠ ᠶᠢᠨ ᠠᠭᠤᠯᠭ᠎ᠠ ᠪᠠᠢᠵᠤ ᠂ ᠲᠠᠸᠠᠷ ᠳᠡᠮᠳᠡᠭᠳᠦ ᠶᠢᠨ ᠡᠷᠬᠡ ᠣᠯᠭᠤᠬᠤ ᠪᠠ ᠡᠷᠬᠡ ᠶᠢ ᠨᠤᠳᠠᠯᠠᠨ ᠳᠤᠭᠳᠠᠭᠠᠬᠤ ᠵᠠᠰᠠᠭ ᠵᠠᠬᠢᠷᠭᠠᠨ ᠤ ᠬᠡᠷᠡᠭ ᠲᠦ ᠬᠤᠯᠪᠤᠭᠳᠠᠭᠰᠠᠨ ᠴᠢᠬᠤᠯᠠ ᠠᠰᠠᠭᠤᠳᠠᠯ ᠪᠤᠯᠤᠨ ᠰᠢᠬᠦᠨ ᠳᠠᠰᠤᠯᠤᠯᠲᠠ ᠳᠤᠮᠳᠠᠬᠢ ᠬᠦᠴᠢᠷᠳᠡᠯ ᠠᠰᠠᠭᠤᠳᠠᠯ ᠳᠤ ᠨᠤᠳᠠᠯᠠᠨ ᠳᠤᠭᠳᠠᠭᠠᠯᠲᠠ ᠬᠢᠪᠡ ᠃
ᠰᠦᠩ ᠰᠢᠶᠤᠤ ᠮᠢᠩ ᠲᠠᠨᠢᠯᠴᠠᠭᠤᠯᠤᠭᠰᠠᠨ ᠨᠢ ᠂ 《ᠳᠤᠭᠳᠠᠭᠠᠯ》ᠨᠢ ᠲᠠᠸᠠᠷ ᠤᠨ ᠳᠡᠮᠳᠡᠭᠲᠦ ᠶᠢᠨ ᠬᠠᠤᠯᠢ ᠶᠢᠨ ᠬᠠᠤᠯᠢ ᠳᠤᠭᠳᠠᠭᠠᠬᠤ ᠭᠤᠤᠯ ᠰᠠᠨᠠᠭ᠎ᠠ ᠶᠢ ᠦᠨᠳᠦᠰᠦᠯᠡᠵᠦ ᠂ ᠬᠠᠤᠯᠢ ᠴᠠᠭᠠᠵᠠ ᠶᠢᠨ ᠵᠤᠷᠪᠤᠰ ᠤᠨ ᠬᠣᠭᠤᠷᠤᠨᠳᠤᠬᠢ ᠵᠠᠭᠠᠭ ᠢ ᠳᠤᠳᠤᠷᠬᠠᠢᠯᠠᠵᠤ ᠂ ᠵᠦᠪ ᠤᠨᠤᠪᠴᠢᠳᠠᠢ ᠬᠠᠤᠯᠢ ᠴᠠᠭᠠᠵᠠ ᠬᠡᠷᠡᠭᠯᠡᠬᠦ ᠳᠦ ᠴᠢᠬᠤᠯᠠ ᠠᠴᠢ ᠬᠣᠯᠪᠤᠭᠳᠠᠯ ᠳᠠᠢ ᠃ ᠵᠢᠱᠢᠶᠡᠯᠡᠪᠡᠯ《ᠳᠤᠭᠳᠠᠭᠠᠯ》 ᠤᠨ ᠭᠤᠷᠪᠠᠳᠤᠭᠠᠷ ᠵᠤᠷᠪᠤᠰ ᠳᠤᠳᠤᠷᠬᠠᠢᠯᠠᠭᠰᠠᠨ ᠨᠢ᠂ ᠳᠠᠸᠠᠷ ᠤᠨ ᠳᠡᠮᠳᠡᠭᠲᠦ ᠶᠢᠨ ᠬᠠᠤᠯᠢ ᠳᠤ ᠳᠤᠭᠳᠠᠭᠠᠭᠰᠠᠨ ᠨᠢ《ᠪᠦᠬᠦᠳᠡ ᠨᠠᠢᠷᠠᠮᠳᠠᠬᠤ ᠳᠤᠮᠳᠠᠳᠤ ᠠᠷᠠᠳ ᠤᠯᠤᠰ ᠤᠨ ᠤᠯᠤᠰ ᠤᠨ ᠨᠡᠷ᠎ᠠ ᠳᠠᠢ ᠠᠳᠠᠯᠢ ᠪᠤᠶᠤ ᠣᠢᠷᠠᠯᠴᠠᠭ᠎ᠠ》᠂ ᠡᠨᠡ ᠨᠢ ᠳᠠᠸᠠᠷ ᠤᠨ ᠳᠡᠮᠳᠡᠭᠲᠦ ᠶᠢᠨ ᠳᠡᠮᠳᠡᠭ ᠶᠡᠷᠦᠩᠬᠡᠢ ᠳᠡᠭᠡᠷ᠎ᠠ ᠪᠠᠨ ᠤᠯᠤᠰ ᠤᠨ ᠨᠡᠷ᠎ᠠ ᠳᠠᠢ ᠠᠳᠠᠯᠢ ᠪᠤᠶᠤ ᠣᠢᠷᠠᠯᠴᠠᠭ᠎ᠠ ᠶᠢ ᠵᠢᠭᠠᠵᠤ᠂ ᠬᠡᠪᠡᠴᠦ ᠤᠯᠤᠰ ᠨᠡᠷ᠎ᠠ ᠠᠭᠤᠯᠤᠭᠳᠠᠵᠤ ᠪᠠᠢᠬᠤ ᠵᠡᠷᠬᠡ ᠂ ᠬᠡᠪᠡᠴᠦ ᠶᠡᠷᠦᠩᠬᠡᠢ ᠳᠡᠭᠡᠷ᠎ᠠ ᠪᠠᠨ ᠠᠳᠠᠯᠢ ᠦᠬᠡᠢ ᠪᠤᠶᠤ ᠣᠢᠷᠠᠯᠴᠠᠭ᠎ᠠ ᠪᠤᠰᠤ ᠳᠡᠮᠳᠡᠭ ᠪᠤᠯ ᠂ ᠠᠷᠠᠳ ᠤᠨ ᠰᠢᠬᠦᠬᠦ ᠬᠤᠷᠢᠶ᠎ᠠ ᠡᠨᠡ ᠨᠢ ᠳᠠᠸᠠᠷ ᠤᠨ ᠳᠡᠮᠳᠡᠭᠳᠦ ᠶᠢᠨ ᠬᠠᠤᠯᠢ ᠶᠢᠨ ᠠᠷᠪᠠᠳᠤᠭᠠᠷ ᠵᠤᠷᠪᠤᠰ ᠤᠨ ᠨᠢᠭᠡᠳᠦᠭᠡᠷ ᠬᠡᠰᠡᠭ ᠦᠨ (ᠨᠠᠢ᠍ᠮᠠᠳᠤᠭᠠᠷ)ᠲᠦᠷᠦᠯ ᠦᠨ ᠳᠤᠭᠳᠠᠭᠰᠠᠨ ᠪᠠᠢᠳᠠᠯ ᠳᠤ ᠪᠠᠭᠳᠠᠬᠤ ᠪᠠᠷ ᠦᠵᠡᠨ᠎ᠠ ᠃ ᠳᠤᠰ ᠬᠤᠶᠠᠷ ᠵᠤᠷᠪᠤᠰ ᠤᠨ ᠬᠡᠷᠡᠭᠯᠡᠯᠲᠡ ᠶᠢ ᠢᠯᠭᠠᠪᠠ ᠃ ᠰᠦᠩ ᠰᠢᠶᠤᠤ ᠮᠢᠩ ᠠᠷᠠᠳ ᠤᠨ ᠳᠡᠭᠡᠳᠦ ᠵᠡᠷᠬᠡ ᠶᠢᠨ ᠰᠢᠬᠦᠬᠦ ᠬᠤᠷᠢᠶᠠᠨ ᠤ ᠰᠢᠬᠦᠭᠰᠡᠨ 《ᠳᠤᠮᠳᠠᠳᠤ ᠶᠢᠨ ᠵᠢᠨ ᠵᠢᠦ ᠠᠷᠢᠬᠢ》 ᠶᠢᠨ ᠬᠡᠷᠡᠭ ᠢᠶᠡᠷ ᠵᠢᠱᠢᠶ᠎ᠡ ᠪᠤᠯᠭᠠᠵᠤ ᠵᠢᠭᠠᠵᠤ ᠭᠠᠷᠭᠠᠭᠰᠠᠨᠨ ᠨᠢ ᠂ ᠵᠠᠷᠭᠤᠯᠳᠤᠭᠰᠠᠨ ᠳᠠᠸᠠᠷ ᠤᠨ ᠳᠡᠮᠳᠡᠭᠲᠦ ᠬᠡᠳᠦᠢᠪᠡᠷ ᠮᠠᠨ ᠤ ᠤᠯᠤᠰ ᠤᠨ ᠨᠡᠷ᠎ᠡ ᠪᠠᠭᠲᠠᠵᠤ ᠪᠠᠢᠪᠠᠴᠤ ᠂ ᠳᠤᠳᠤᠷᠬᠠᠢ ᠢᠯᠭᠠᠵᠤ ᠳᠡᠢᠯᠬᠦ ᠨᠢ 《ᠳᠤᠮᠳᠠᠳᠤ ᠤᠯᠤᠰ》᠂《ᠵᠢᠨ》《ᠠᠷᠢᠬᠢ》ᠭᠤᠷᠪᠠᠨ ᠬᠡᠰᠡᠭ᠂ ᠶᠡᠷᠦᠩᠬᠡᠢ ᠳᠡᠭᠡᠷ᠎ᠠ ᠪᠠᠨ ᠤᠯᠤᠰ ᠤᠨ ᠨᠡᠷ᠎ᠠ ᠳᠠᠢ ᠣᠢᠷᠠᠯᠴᠠᠭ᠎ᠠ ᠦᠬᠡᠢ ᠂ ᠡᠢᠮᠦ ᠡᠴᠡ ᠳᠠᠸᠠᠷ ᠤᠨ ᠳᠡᠮᠳᠡᠭᠲᠦ ᠶᠢᠨ ᠠᠷᠪᠠᠳᠤᠭᠠᠷ ᠵᠤᠷᠪᠤᠰ ᠤᠨ ᠨᠢᠬᠡᠳᠦᠭᠡᠷ ᠬᠡᠰᠡᠭ ᠦᠨ(ᠨᠢᠬᠡᠳᠦᠭᠡᠷ)ᠲᠦᠷᠦᠯ ᠳᠦ ᠵᠢᠭᠠᠭᠰᠠᠨ ᠪᠠᠢᠳᠠᠯ ᠳᠤ ᠪᠠᠭᠳᠠᠨ᠎ᠠ ᠃
ᠦᠨᠡᠨᠴᠢ ᠢᠳᠡᠬᠡᠯᠲᠡᠢ ᠵᠠᠷᠴᠢᠮ ᠢ ᠰᠠᠨᠠᠭᠠᠴᠢᠯᠠᠵᠤ ᠵᠦᠢ ᠪᠤᠰᠤ ᠪᠤᠯᠢᠶᠠᠨ ᠳᠠᠩᠰᠠᠯᠠᠬᠤ ᠶᠢ ᠲᠡᠪᠴᠢᠨ᠎ᠡ
2013 ᠤᠨ ᠳᠤ ᠵᠠᠰᠠᠪᠤᠷᠢ ᠤᠷᠤᠭᠤᠯᠤᠭᠰᠠᠨ ᠳᠠᠸᠠᠷ ᠤᠨ ᠳᠡᠮᠳᠡᠭᠲᠦ ᠶᠢᠨ ᠬᠠᠤᠯᠢ ᠳᠤ《ᠦᠨᠡᠨᠴᠢ ᠢᠳᠡᠬᠡᠯᠲᠡᠢ ᠵᠠᠷᠴᠢᠮ》 ᠢ ᠳᠠᠩᠰᠠᠯᠠᠬᠤ ᠪᠠᠷ ᠭᠤᠶᠤᠴᠢᠯᠠᠬᠤ ᠪᠠ ᠳᠠᠸᠠᠷ ᠤᠨ ᠳᠡᠮᠳᠡᠭᠲᠦ ᠬᠡᠷᠡᠭᠯᠡᠬᠦ ᠳᠦ ᠵᠢᠷᠤᠮᠯᠠᠬᠤ ᠬᠡᠷᠡᠭᠲᠡᠢ ᠦᠨᠳᠦᠰᠦᠨ ᠵᠠᠷᠴᠢᠮ ᠪᠤᠯᠭᠠᠵᠤ ᠂ ᠰᠦᠩ ᠰᠢᠶᠤᠤ ᠮᠢᠩ ᠢᠯᠡᠷᠬᠡᠢᠯᠡᠭᠰᠡᠨ ᠨᠢ ᠂ 《ᠳᠤᠭᠳᠠᠭᠠᠯ》ᠨᠢ ᠳᠠᠸᠠᠷ ᠤᠨ ᠳᠡᠮᠳᠡᠭᠳᠦ ᠶᠢᠨ ᠬᠠᠤᠯᠢ ᠶᠢᠨ ᠪᠤᠳᠠᠳᠠᠢ ᠵᠤᠷᠪᠤᠰ ᠤᠨ ᠬᠡᠷᠡᠭᠡᠯᠡᠬᠦ ᠨᠢ ᠳᠤᠰ ᠬᠠᠤᠯᠢ ᠳᠤᠭᠳᠠᠭᠠᠬᠤ ᠵᠤᠷᠢᠯᠳᠠ ᠶᠢ ᠬᠦᠢᠴᠡᠳ ᠢᠯᠡᠷᠡᠬᠦᠯᠵᠦ ᠂ ᠦᠨᠡᠨᠴᠢ ᠢᠳᠡᠬᠡᠯᠲᠡᠢ ᠡᠵᠡᠩᠨᠡᠬᠦ ᠶᠢ ᠬᠠᠮᠠᠭᠠᠯᠠᠬᠤ᠂ ᠳᠠᠸᠠᠷ ᠤᠨ ᠳᠡᠮᠳᠡᠭᠲᠦ ᠶᠢ ᠵᠦᠢ ᠪᠤᠰᠤ ᠪᠠᠷ ᠪᠤᠯᠢᠶᠠᠨ ᠳᠠᠩᠰᠠᠯᠠᠬᠤ ᠶᠢ ᠳᠡᠪᠴᠢᠬᠦ ᠬᠠᠤᠯᠢ ᠴᠠᠭᠠᠵᠠ ᠶᠢᠨ ᠤᠳᠤᠷᠢᠳᠤᠮᠵᠢ ᠶᠢ ᠢᠯᠡᠷᠡᠬᠦᠯᠪᠡ ᠃
ᠣᠢᠯᠭᠠᠯᠲᠠ ᠶᠢ ᠦᠨᠳᠦᠰᠦᠯᠡᠪᠡᠯ ᠂ ᠦᠢᠯᠡᠳᠦᠯᠭᠡ ᠳᠤᠮᠳᠠ ᠤᠷᠤᠯᠠᠭᠴᠢ ᠪᠤᠶᠤ ᠲᠦᠯᠦᠭᠡᠯᠡᠭᠴᠢ ᠦᠪᠡᠷ ᠦᠨ ᠨᠡᠷ᠎ᠠ ᠪᠠᠷ ᠪᠢᠰᠢ ᠬᠠᠷᠢᠨ ᠳᠡᠭᠦᠨ ᠳᠠᠢ ᠨᠢᠭᠳᠠ ᠬᠠᠷᠢᠴᠠᠭ᠎ᠠ ᠳᠠᠢ ᠪᠤᠰᠤᠳ ᠭᠤᠤᠯ ᠴᠤᠭᠴᠠ᠂ ᠵᠢᠱᠢᠶᠡᠯᠡᠪᠡᠯ ᠤᠢᠷ᠎ᠠ ᠲᠦᠷᠦᠯ ᠂ ᠡᠰᠡᠬᠦᠯ᠎ᠡ ᠲᠡᠭᠦᠨ ᠦ ᠬᠠᠤᠯᠢ ᠳᠤ ᠳᠤᠭᠳᠠᠭᠰᠠᠨ ᠲᠥᠯᠦᠭᠡᠯᠡᠬᠦ ᠠᠵᠤ ᠠᠬᠤᠢᠯᠠᠯ ᠵᠡᠷᠬᠡ ᠪᠡᠷ ᠳᠠᠸᠠᠷ ᠤᠨ ᠳᠡᠮᠳᠡᠭᠲᠦ ᠪᠤᠯᠢᠶᠠᠨ ᠳᠠᠩᠰᠠᠯᠠᠳᠠᠭ ᠃ ᠰᠦᠩ ᠰᠢᠶᠤᠤ ᠮᠢᠩ ᠲᠠᠨᠢᠯᠴᠠᠭᠤᠯᠤᠭᠰᠠᠨ ᠨᠢ ᠂ ᠬᠡᠷᠪᠡ ᠳᠤᠰ ᠪᠠᠢᠳᠠᠯ ᠨᠢ ᠳᠠᠸᠠᠷ ᠤᠨ ᠳᠡᠮᠳᠡᠭᠲᠦ ᠶᠢᠨ ᠬᠠᠤᠯᠢ ᠶᠢᠨ ᠳᠤᠭᠳᠠᠭᠠᠯ ᠢᠶᠠᠷ ᠲᠦᠷᠢᠮᠵᠢᠬᠦᠯᠵᠦ ᠳᠡᠢᠯᠬᠦ ᠦᠬᠡᠢ ᠪᠤᠯ ᠂ ᠳᠤᠰ ᠳᠤᠭᠳᠠᠭᠠᠯ ᠠᠮᠠᠷᠬᠠᠨ ᠵᠠᠢᠯᠠᠭᠳᠠᠵᠤ ᠂ ᠦᠨᠡᠨᠴᠢ ᠢᠳᠡᠬᠡᠯᠲᠡᠢ ᠵᠠᠷᠴᠢᠮ ᠳᠠᠢ ᠨᠡᠢᠴᠡᠬᠦ ᠦᠬᠡᠢ ᠂ ᠡᠢᠮᠦ ᠡᠴᠡ᠂ 《ᠳᠤᠭᠳᠠᠭᠠᠯ》 ᠳᠤ ᠳᠤᠳᠤᠷᠬᠠᠢᠯᠠᠭᠰᠠᠨ ᠨᠢ《ᠳᠠᠸᠠᠷ ᠤᠨ ᠳᠡᠮᠳᠡᠭᠲᠦ ᠭᠤᠶᠤᠴᠢᠯᠠᠭᠰᠠᠨ ᠬᠦᠮᠦᠨ ᠨᠢ ᠤᠷᠤᠯᠠᠭᠴᠢ ᠪᠤᠶᠤ ᠲᠦᠯᠦᠭᠡᠯᠡᠭᠴᠢ ᠬᠤᠭᠤᠷᠤᠨᠳᠤ ᠤᠢᠷ᠎ᠠ ᠲᠦᠷᠦᠯ ᠦᠨ ᠬᠠᠷᠢᠴᠠᠭ᠎ᠠ ᠳᠠᠢ ᠵᠡᠷᠬᠡ ᠤᠨᠴᠠ ᠲᠣᠭᠲᠠᠭᠰᠠᠨ ᠬᠠᠷᠢᠴᠠᠭ᠎ᠠ ᠳᠠᠢ ᠪᠤᠯ ᠂ ᠲᠡᠭᠦᠨ ᠦ ᠳᠠᠸᠠᠷ ᠤᠨ ᠳᠡᠮᠳᠡᠭᠲᠦ ᠳᠠᠩᠰᠠᠯᠠᠬᠤ ᠠᠵᠢᠯᠯᠠᠭ᠎ᠠ ᠨᠢ ᠳᠤᠰ ᠤᠷᠤᠯᠠᠭᠴᠢ ᠪᠤᠶᠤ ᠲᠦᠯᠦᠭᠡᠯᠡᠭᠴᠢ ᠳᠠᠢ ᠵᠦᠢ ᠪᠤᠰᠤ ᠪᠠᠷ ᠬᠤᠤᠪᠢᠯᠳᠠᠵᠤ ᠪᠠᠢᠬᠤ ᠪᠠᠷ ᠲᠦᠯᠬᠢᠨ ᠳᠤᠭᠳᠠᠭᠠᠵᠤ ᠂ ᠠᠷᠠᠳ ᠤᠨ ᠰᠢᠬᠦᠬᠦ ᠬᠤᠷᠢᠶ᠎ᠠ ᠳᠠᠸᠠᠷ ᠤᠨ ᠳᠡᠮᠳᠡᠭᠲᠦ ᠶᠢᠨ ᠬᠠᠤᠯᠢ ᠶᠢᠨ ᠠᠷᠪᠠᠨ ᠲᠠᠪᠤᠳᠤᠭᠠᠷ ᠵᠤᠷᠪᠤᠰ ᠤᠨ ᠨᠢᠬᠡᠳᠦᠭᠡᠷ ᠬᠡᠰᠡᠭ ᠦᠨ ᠳᠤᠭᠳᠠᠭᠠᠯ ᠢ ᠬᠡᠷᠡᠭᠯᠡᠵᠦ ᠰᠢᠬᠦᠯᠲᠡ ᠬᠢᠨ᠎ᠠ ᠃》ᠳᠠᠷᠤᠢ ᠳᠤᠰ ᠪᠠᠢᠳᠠᠯ ᠳᠤᠤᠷ᠎ᠠ ᠤᠷᠤᠯᠠᠭᠴᠢ ᠪᠤᠶᠤ ᠲᠦᠯᠦᠭᠡᠯᠡᠭᠴᠢ ᠳᠠᠢ ᠵᠦᠢ ᠪᠤᠰᠤ ᠪᠠᠷ ᠬᠤᠤᠪᠢᠯᠳᠤᠵᠤ ᠳᠠᠸᠠᠷ ᠤᠨ ᠳᠡᠮᠳᠡᠭᠲᠦ ᠭᠤᠶᠤᠴᠢᠯᠠᠭᠴᠢ ᠶᠢ ᠤᠷᠤᠯᠠᠭᠴᠢ ᠪᠤᠶᠤ ᠲᠦᠯᠦᠭᠡᠯᠭᠡᠴᠢ ᠪᠡᠷ ᠦᠵᠡᠵᠦ ᠂ ᠳᠤᠰ ᠳᠤᠭᠳᠠᠭᠠᠯ ᠤᠨ ᠪᠤᠯᠢᠶᠠᠨ ᠳᠠᠩᠰᠠᠯᠠᠬᠤ ᠶᠢ ᠬᠤᠷᠢᠭᠯᠠᠬᠤ ᠴᠢᠳᠠᠮᠵᠢ ᠶᠢ ᠬᠦᠢᠴᠡᠳ ᠪᠠᠳᠠᠷᠠᠭᠤᠯᠤᠨ᠎ᠠ ᠃
《ᠳᠤᠭᠳᠠᠭᠠᠯ》ᠨᠢ ᠤᠷᠢᠳᠠᠪᠠᠷ ᠵᠤᠬᠢᠶᠠᠨ ᠪᠦᠲᠦᠭᠡᠬᠦ ᠡᠷᠬᠡ ᠂ ᠤᠪᠤᠭ ᠨᠡᠷ᠎ᠠ ᠶᠢᠨ ᠡᠷᠬᠡ᠂ ᠳᠡᠯᠭᠡᠭᠦᠷ ᠦᠨ ᠡᠷᠬᠡ ᠠᠰᠢᠭ ᠵᠡᠷᠬᠡ ᠵᠢᠴᠢ ᠲᠦᠷᠢ ᠶᠢᠨ ᠲᠦᠷᠢ ᠲᠦᠷᠬᠦ ᠵᠡᠷᠬᠡ ᠶᠢᠨ ᠬᠠᠮᠠᠭᠠᠯᠠᠯᠲᠠ ᠶᠢ ᠪᠠᠰᠠ ᠳᠤᠳᠤᠷᠬᠠᠢᠯᠠᠵᠤ ᠂ ᠣᠢᠯᠭᠠᠯᠲᠠ ᠶᠢ ᠦᠨᠳᠦᠰᠦᠯᠡᠪᠡᠯ ᠂ ᠳᠠᠸᠠᠷ ᠤᠨ ᠳᠡᠮᠳᠡᠭᠲᠦ ᠶᠢᠨ ᠬᠡᠪᠴᠢᠶᠡᠨ ᠳᠦ ᠂ ᠤᠪᠤᠭ ᠨᠡᠷ᠎ᠠ ᠶᠢᠨ ᠡᠷᠬᠡ ᠳᠦ ᠬᠤᠯᠪᠤᠭᠳᠠᠬᠤ ᠠᠰᠠᠭᠤᠳᠠᠯ ᠭᠣᠣᠯᠳᠠᠭᠤ ᠵᠥᠪᠰᠢᠶᠡᠷᠡᠯ ᠦᠬᠡᠢ ᠪᠡᠷ ᠪᠤᠰᠤᠳ ᠤᠨ ᠤᠪᠤᠭ ᠨᠡᠷ᠎ᠠ ᠪᠠᠷ ᠳᠠᠸᠠᠷ ᠤᠨ ᠳᠡᠮᠳᠡᠭᠲᠦ ᠭᠤᠶᠤᠴᠢᠯᠠᠭᠰᠠᠨ ᠮᠦᠷᠲᠡᠭᠡᠨ ᠬᠡᠷᠡᠭᠯᠡᠵᠦ ᠪᠠᠢᠬᠤ ᠦᠢᠯᠡ ᠠᠵᠢᠯᠯᠠᠭ᠎ᠠ ᠶᠢ ᠵᠢᠭᠠᠵᠤ ᠂ 《ᠳᠤᠭᠳᠠᠭᠠᠯ》ᠨᠢ《ᠬᠤᠯᠪᠤᠭᠳᠠᠯ ᠪᠦᠬᠦᠢ ᠤᠯᠠᠨ ᠨᠡᠢᠲᠡ ᠶᠢᠨ ᠦᠵᠡᠬᠦ ᠪᠡᠷ ᠂ ᠳᠠᠸᠠᠷ ᠤᠨ ᠳᠡᠮᠳᠡᠭᠲᠦ ᠶᠢᠨ ᠳᠡᠮᠳᠡᠭ ᠲᠦ ᠳᠤᠰ ᠪᠠᠢᠭᠠᠯᠢ ᠬᠦᠮᠦᠨ ᠪᠠᠢᠪᠠᠯ ᠂ ᠠᠮᠠᠷᠬᠠᠨ ᠳᠤᠰ ᠳᠠᠸᠠᠷ ᠤᠨ ᠳᠡᠮᠳᠡᠭᠲᠦ ᠳᠠᠢ ᠳᠠᠸᠠᠷ ᠨᠢ ᠳᠤᠰ ᠪᠠᠢᠭᠠᠯᠢ ᠬᠦᠮᠦᠨ ᠦ ᠵᠥᠪᠰᠢᠶᠡᠷᠡᠯ ᠢ ᠤᠯᠤᠭᠰᠠᠨ ᠪᠤᠶᠤ ᠳᠤᠰ ᠪᠠᠢᠭᠠᠯᠢ ᠬᠦᠮᠦᠨ ᠳᠠᠢ ᠤᠨᠴᠠ ᠬᠠᠷᠢᠴᠠᠭ᠎ᠠ ᠳᠠᠢ ᠬᠡᠵᠦ ᠦᠵᠡᠳᠡᠭ》ᠬᠡᠬᠦ ᠵᠤᠭᠰᠤᠴᠠ ᠠᠴᠠ ᠤᠪᠤᠭ ᠨᠡᠷ᠎ᠠ ᠶᠢᠨ ᠡᠷᠬᠡ ᠶᠢᠨ ᠬᠤᠬᠢᠷᠠᠯ ᠢ ᠳᠤᠳᠤᠯᠠᠨ ᠳᠤᠭᠳᠠᠭᠠᠪᠠ ᠃ ᠦᠢᠯᠡᠳᠦᠯᠭᠡ ᠳᠤᠮᠳᠠ ᠪᠠᠢᠭᠠᠯᠢ ᠬᠦᠮᠦᠨ ᠦ ᠡᠷᠦᠬᠡ ᠠᠮᠠ ᠶᠢᠨ ᠳᠠᠩᠰᠠᠨ ᠳᠡᠬᠡᠷᠡᠬᠢ ᠤᠪᠤᠭ ᠨᠡᠷ᠎ᠠ ᠪᠢᠰᠢ ᠬᠠᠷᠢᠨ ᠪᠢᠴᠢᠭ᠌ ᠦᠨ ᠨᠡᠷ᠎ᠠ ᠂ ᠤᠷᠠᠯᠢᠭ ᠤᠨ ᠨᠡᠷ᠎ᠠ ᠂ ᠤᠷᠴᠢᠭᠤᠯᠤᠭᠰᠠᠨ ᠨᠡᠷ᠎ᠠ ᠵᠡᠷᠬᠡ ᠤᠨᠴᠠᠭᠠᠢ ᠨᠡᠷ᠎ᠠ ᠪᠠᠷ ᠤᠪᠤᠭ ᠨᠡᠷ᠎ᠠ ᠶᠢᠨ ᠡᠷᠬᠡ ᠶᠢ ᠵᠤᠷᠢᠭᠰᠠᠨ ᠪᠠᠢᠳᠠᠯ ᠳᠤ᠂ 《ᠳᠤᠭᠳᠠᠭᠠᠯ》 ᠳᠤ ᠳᠤᠳᠤᠷᠬᠠᠢ ᠳᠤᠭᠳᠠᠭᠰᠠᠨ ᠨᠢ ᠂ 《ᠬᠡᠷᠪᠡ ᠳᠤᠰ ᠤᠨᠴᠠᠭᠠᠢ ᠨᠡᠷ᠎ᠠ ᠨᠢ ᠵᠤᠬᠢᠬᠤ ᠨᠡᠷ᠎ᠠ ᠬᠦᠨᠳᠦ ᠳᠠᠢ ᠪᠠᠢᠵᠤ ᠂ ᠳᠤᠰ ᠪᠠᠢᠭᠠᠯᠢ ᠬᠦᠮᠦᠨ ᠳᠠᠢ ᠳᠤᠭᠳᠠᠭᠤᠨ ᠳᠤᠬᠢᠷᠠᠯᠴᠠᠬᠤ ᠬᠠᠷᠢᠴᠠᠭ᠎ᠠ ᠪᠠᠢᠭᠤᠯᠤᠭᠰᠠᠨ ᠪᠠᠢᠵᠤ ᠂ ᠬᠠᠮᠢᠶ᠎ᠠ ᠪᠦᠬᠦᠢ ᠤᠯᠠᠨ ᠨᠡᠢᠲᠡ ᠳᠤᠰ ᠪᠠᠢᠭᠠᠯᠢ ᠬᠦᠮᠦᠨ ᠢᠶᠡᠷ ᠲᠥᠯᠦᠭᠡᠯᠡᠭᠦᠯᠦᠭᠰᠡᠨ ᠪᠤᠯ ᠂ ᠠᠷᠠᠳ ᠤᠨ ᠰᠢᠬᠦᠬᠦ ᠬᠤᠷᠢᠶ᠎ᠠ ᠳᠡᠮᠵᠢᠬᠦ ᠬᠡᠷᠡᠭᠲᠡᠢ 》᠃ ᠰᠦᠩ ᠰᠢᠶᠤᠤ ᠮᠢᠩ ᠢᠯᠡᠷᠬᠡᠢᠯᠡᠭᠰᠡᠨ ᠨᠢ ᠂ ᠠᠷᠠᠳ ᠤᠨ ᠳᠡᠭᠡᠳᠦ ᠵᠡᠷᠬᠡ ᠶᠢᠨ ᠰᠢᠬᠦᠬᠦ ᠬᠤᠷᠢᠶ᠎ᠠ ᠣᠢᠷ᠎ᠠ ᠳᠤ ᠰᠢᠬᠦᠨ ᠳᠠᠰᠤᠯᠤᠭᠰᠠᠨ 《ᠴᠢᠶᠤᠤ ᠳ᠋ᠠᠨ》 ᠤ ᠬᠡᠷᠡᠭ ᠲᠦ ᠲᠣᠳᠤᠷᠬᠠᠢᠯᠠᠭᠰᠠᠨ ᠬᠠᠮᠢᠶ᠎ᠠ ᠪᠦᠬᠦᠢ ᠪᠠᠷᠢᠮᠵᠢᠶ᠎ᠠ᠂ ᠬᠠᠤᠯᠢ ᠴᠠᠭᠠᠵᠠ ᠶᠢᠨ ᠳᠤᠭᠳᠠᠭᠠᠯ ᠢ ᠵᠦᠪ ᠤᠨᠤᠪᠴᠢᠳᠠᠢ ᠬᠡᠷᠡᠭᠯᠡᠭᠰᠡᠨ ᠮᠦᠷᠲᠡᠭᠡᠨ ᠮᠦᠨᠴᠦ ᠬᠠᠮᠢᠶ᠎ᠠ ᠪᠦᠬᠦᠢ ᠠᠰᠠᠭᠤᠳᠠᠯ ᠤᠨ ᠤᠯᠠᠮ ᠨᠢᠬᠡ ᠠᠯᠬᠤᠮ ᠵᠦᠪ ᠤᠨᠤᠪᠴᠢᠳᠠᠢ ᠲᠣᠳᠤᠷᠬᠠᠢᠯᠠᠯᠲᠠ ᠮᠦᠨ ᠃
ᠵᠤᠬᠢᠶᠠᠯ ᠪᠦᠲᠦᠭᠡᠯ ᠦᠨ ᠲᠦᠷᠢ ᠶᠢᠨ ᠨᠡᠷ᠎ᠠ ᠶᠢ ᠤᠷᠢᠳᠠᠪᠡᠷ ᠡᠷᠬᠡ ᠪᠤᠯᠭᠠᠵᠤ ᠬᠠᠮᠠᠭᠠᠯᠠᠨ᠎ᠠ
ᠣᠢᠯᠭᠠᠯᠲᠠ ᠶᠢ ᠦᠨᠳᠦᠰᠦᠯᠡᠪᠡᠯ ᠂ ᠵᠤᠬᠢᠶᠠᠯ ᠪᠦᠲᠦᠭᠡᠯ ᠦᠨ ᠨᠡᠷ᠎ᠠ ᠂ ᠲᠦᠷᠢ ᠶᠢᠨ ᠨᠡᠷ᠎ᠠ ᠶᠢᠨ ᠳᠤᠬᠠᠢ ᠬᠠᠮᠠᠭᠠᠯᠠᠯᠲᠠ ᠮᠦᠨᠴᠦ ᠳᠠᠸᠠᠷ ᠤᠨ ᠳᠡᠮᠳᠡᠭᠲᠦ ᠶᠢᠨ ᠡᠷᠬᠡ ᠤᠯᠭᠤᠬᠤ ᠪᠠ ᠡᠷᠬᠡ ᠶᠢ ᠨᠤᠳᠠᠯᠠᠨ ᠳᠤᠭᠳᠠᠭᠠᠬᠤ ᠬᠠᠤᠯᠢ ᠴᠠᠭᠠᠵᠠ ᠶᠢᠨ ᠦᠢᠯᠡ ᠳᠤᠮᠳᠠ ᠠᠩᠬᠠᠷᠤᠯ ᠳᠠᠯᠪᠢᠵᠤ ᠪᠠᠢᠬᠤ ᠠᠰᠠᠭᠤᠳᠠᠯ ᠮᠦᠨ ᠃ ᠰᠦᠩ ᠰᠢᠶᠣᠣ ᠮᠢᠩ ᠢᠯᠡᠷᠬᠡᠢᠯᠡᠭᠰᠡᠨ ᠨᠢ ᠂ ᠮᠠᠨ ᠤ ᠤᠯᠤᠰ ᠤᠨ ᠵᠤᠬᠢᠶᠠᠨ ᠪᠦᠲᠦᠭᠡᠬᠦ ᠡᠷᠬᠡ ᠶᠢᠨ ᠳᠤᠭᠳᠠᠭᠠᠯ ᠶᠤᠰᠤᠭᠠᠷ ᠂ ᠵᠤᠬᠢᠶᠠᠯ ᠪᠦᠲᠦᠭᠡᠯ ᠦᠨ ᠨᠡᠷ᠎ᠠ ᠂ ᠲᠦᠷᠢ ᠶᠢᠨ ᠨᠡᠷ᠎ᠠ ᠶᠡᠷᠦᠳᠡᠭᠡᠨ ᠵᠤᠬᠢᠶᠠᠨ ᠪᠦᠲᠦᠭᠡᠬᠦ ᠬᠠᠤᠯᠢ ᠳᠤ ᠬᠠᠮᠠᠭᠠᠯᠠᠭᠳᠠᠬᠤ ᠦᠬᠡᠢ ᠪᠠᠢᠳᠠᠭ ᠂ ᠬᠡᠪᠡᠴᠦ ᠨᠡᠯᠢᠶᠡᠳ ᠨᠡᠷ᠎ᠠ ᠬᠦᠨᠳᠦ ᠳᠠᠢ ᠵᠤᠬᠢᠶᠠᠯ ᠪᠦᠲᠦᠭᠡᠯ ᠦᠨ ᠨᠡᠷ᠎ᠠ ᠂ ᠲᠦᠷᠢ ᠶᠢᠨ ᠨᠡᠷ᠎ᠠ ᠳᠤ ᠠᠪᠴᠤ ᠬᠡᠯᠡᠪᠡᠯ ᠂ ᠲᠡᠭᠦᠨ ᠦ ᠨᠡᠷ᠎ᠠ ᠬᠦᠨᠳᠦ ᠨᠢ ᠬᠠᠮᠢᠶ᠎ᠠ ᠪᠦᠬᠦᠢ ᠠᠷᠠᠯᠵᠢᠶᠠᠨ ᠤ ᠦᠷᠲᠡᠭ ᠳᠠᠢ ᠪᠠᠢᠵᠤ ᠂ ᠡᠷᠬᠡᠲᠦ ᠬᠦᠮᠦᠨ ᠥᠪᠡᠷᠲᠡᠭᠡᠨ ᠬᠡᠷᠡᠭᠯᠡᠬᠦ ᠪᠤᠶᠤ ᠪᠤᠰᠤᠳ ᠬᠦᠮᠦᠨ ᠳᠦ ᠬᠡᠷᠡᠭᠡᠯᠡᠬᠦᠯᠵᠦ ᠪᠤᠯᠤᠨ᠎ᠠ ᠂ ᠬᠠᠤᠯᠢ ᠶᠢᠨ ᠬᠠᠮᠠᠭᠠᠯᠠᠯᠲᠠ ᠤᠯᠵᠤ ᠪᠤᠯᠬᠤ ᠬᠠᠤᠯᠢ ᠶᠤᠰᠤᠨ ᠤ ᠡᠷᠬᠡ ᠠᠰᠢᠭ ᠪᠤᠢ ᠪᠤᠯᠤᠨ᠎ᠠ ᠃
《ᠳᠤᠭᠳᠠᠭᠠᠯ》ᠲᠣᠳᠤᠷᠬᠠᠢᠯᠠᠭᠰᠠᠨ ᠨᠢ ᠂ 《ᠵᠤᠬᠢᠶᠠᠨ ᠪᠦᠲᠦᠭᠡᠬᠦ ᠡᠷᠬᠡ ᠶᠢᠨ ᠬᠠᠮᠠᠭᠠᠯᠠᠯᠲᠠ ᠳᠤᠳᠤᠷᠠᠬᠢ ᠵᠤᠬᠢᠶᠠᠯ ᠪᠦᠲᠦᠭᠡᠯ ᠂ ᠬᠡᠷᠪᠡ ᠵᠤᠬᠢᠶᠠᠯ ᠪᠦᠲᠦᠭᠡᠯ ᠦᠨ ᠨᠡᠷ᠎ᠠ ᠂ ᠲᠦᠷᠢ ᠶᠢᠨ ᠨᠡᠷ᠎ᠠ ᠵᠡᠷᠬᠡ ᠨᠡᠯᠢᠶᠡᠳ ᠨᠡᠷ᠎ᠠ ᠬᠦᠨᠳᠦ ᠳᠠᠢ᠂ ᠲᠡᠭᠦᠨ ᠢ ᠳᠠᠸᠠᠷ ᠤᠨ ᠳᠡᠮᠳᠡᠭᠲᠦ ᠪᠤᠯᠭᠠᠨ ᠬᠠᠮᠢᠶ᠎ᠠ ᠪᠦᠬᠦᠢ ᠳᠠᠸᠠᠷ ᠳᠡᠭᠡᠷ᠎ᠠ ᠬᠡᠷᠡᠭᠯᠡᠬᠦ ᠨᠢ ᠬᠤᠯᠪᠤᠭᠳᠠᠯ ᠪᠦᠬᠦᠢ ᠤᠯᠠᠨ ᠨᠡᠢᠲᠡ ᠳᠤᠰ ᠳᠠᠸᠠᠷ ᠨᠢ ᠡᠷᠬᠡᠳᠦ ᠬᠦᠮᠦᠨ ᠦ ᠵᠦᠪᠰᠢᠶᠡᠷᠡᠯ ᠢ ᠤᠯᠤᠭᠰᠠᠨ ᠪᠤᠶᠤ ᠡᠷᠬᠡᠳᠦ ᠬᠦᠮᠦᠨ ᠳᠠᠢ ᠤᠨᠴᠠᠭᠠᠢ ᠬᠠᠷᠢᠴᠠᠭ᠎ᠠ ᠳᠠᠢ ᠭᠡᠵᠦ ᠪᠤᠷᠤᠭᠤ ᠤᠢᠯᠭᠠᠵᠤ ᠂ ᠳᠤᠬᠠᠢ ᠶᠢᠨ ᠬᠦᠮᠦᠨ ᠡᠭᠦᠨ ᠢᠶᠡᠷ ᠵᠤᠷᠢᠯᠳᠠ ᠪᠤᠯᠭᠠᠵᠤ ᠤᠷᠢᠳ ᠡᠷᠬᠡ ᠠᠰᠢᠭ ᠪᠤᠢ ᠪᠤᠯᠤᠭᠰᠠᠨ ᠪᠤᠯ ᠠᠷᠠᠳ ᠤᠨ ᠰᠢᠬᠦᠬᠦ ᠬᠤᠷᠢᠶ᠎ᠠ ᠳᠡᠮᠵᠢᠬᠦ ᠬᠡᠷᠡᠭᠲᠡᠢ᠃ 》ᠸᠠᠩ ᠴᠤᠸᠠᠩ ᠢᠯᠡᠷᠬᠡᠢᠯᠡᠭᠰᠡᠨ ᠨᠢ ᠂ ᠤᠷᠢᠳ ᠡᠷᠬᠡ ᠪᠤᠯ ᠨᠢᠬᠡᠨ ᠴᠢᠯᠦᠭᠡᠲᠡᠢ ᠵᠤᠷᠪᠤᠰ ᠪᠠᠢᠵᠤ ᠂ ᠵᠦᠪᠬᠡᠨ ᠵᠤᠬᠢᠶᠠᠨ ᠪᠦᠲᠦᠭᠡᠬᠦ ᠡᠷᠬᠡ ᠂ ᠤᠪᠤᠭ ᠨᠡᠷ᠎ᠠ ᠶᠢᠨ ᠡᠷᠬᠡ ᠵᠡᠷᠭᠡ ᠡᠳᠡᠭᠡᠷ ᠳᠤᠭᠳᠠᠭᠰᠠᠨ ᠡᠷᠬᠡ ᠶᠢ ᠪᠠᠭᠳᠠᠭᠠᠬᠤ ᠪᠢᠰᠢ ᠪᠠᠰᠠ ᠢᠷᠭᠡᠨ ᠦ ᠬᠠᠤᠯᠢ ᠶᠢᠨ ᠶᠡᠷᠦᠩᠬᠡᠢ ᠲᠦᠷᠢᠮ ᠪᠤᠯᠤᠨ ᠪᠤᠰᠤᠳ ᠬᠠᠤᠯᠢ ᠳᠤᠭᠳᠠᠭᠠᠯ ᠢ ᠦᠨᠳᠦᠰᠦᠯᠡᠨ ᠬᠠᠮᠠᠭᠠᠯᠠᠬᠤ ᠬᠡᠷᠡᠭᠲᠡᠢ ᠵᠢᠱᠢᠶᠡᠯᠡᠪᠡᠯ ᠵᠤᠬᠢᠶᠠᠯ ᠪᠦᠲᠦᠭᠡᠯ ᠦᠨ ᠨᠡᠷ᠎ᠠ ᠂ ᠲᠦᠷᠢ ᠶᠢᠨ ᠨᠡᠷ᠎ᠠ ᠵᠡᠷᠬᠡ ᠬᠠᠤᠯᠢ ᠶᠤᠰᠤᠨ ᠤ ᠡᠷᠬᠡ ᠶᠢ ᠪᠠᠭᠳᠠᠭᠠᠵᠤ ᠂ ᠡᠨᠡᠬᠦ ᠵᠤᠷᠪᠤᠰ ᠨᠢ《ᠳᠠᠸᠠᠷ ᠤᠨ ᠳᠡᠮᠳᠡᠭᠲᠦ ᠶᠢᠨ ᠬᠠᠤᠯᠢ》 ᠶᠢᠨ ᠳᠤᠭᠳᠠᠭᠰᠠᠨ ᠤᠷᠢᠳ ᠡᠷᠬᠡ ᠨᠢ ᠪᠣᠳᠠᠲᠠᠢᠵᠢᠭᠤᠯᠤᠭᠰᠠᠨ ᠬᠠᠮᠠᠭᠠᠯᠠᠯᠲᠠ ᠪᠠᠢᠵᠤ᠂ ᠬᠡᠪᠡᠴᠦ ᠵᠤᠬᠢᠶᠠᠯ ᠪᠦᠲᠦᠭᠡᠯ ᠦᠨ ᠨᠡᠷ᠎ᠠ ᠂ ᠲᠦᠷᠢ ᠶᠢᠨ ᠨᠡᠷ᠎ᠠ ᠶᠢ ᠬᠠᠮᠠᠭᠠᠯᠠᠬᠤ ᠦᠶᠡᠰ 《ᠬᠡᠮᠵᠢᠶ᠎ᠡ》 ᠶᠢᠨ ᠠᠰᠠᠭᠤᠳᠠᠯ ᠢ ᠪᠤᠯᠭᠤᠮᠵᠢᠲᠠᠢ ᠡᠵᠡᠮᠳᠡᠵᠦ ᠂ ᠤᠷᠢᠳ ᠡᠷᠬᠡᠲᠦ ᠬᠦᠮᠦᠨ ᠦ ᠬᠠᠤᠯᠢ ᠶᠤᠰᠤᠨ ᠤ ᠡᠷᠬᠡ ᠠᠰᠢᠭ ᠬᠠᠮᠠᠭᠠᠯᠠᠬᠤ ᠪᠠᠷ ᠪᠠᠷᠠᠬᠤ ᠦᠬᠡᠢ ᠨᠡᠢᠬᠡᠮ ᠨᠡᠢᠲᠡ ᠡᠴᠡ ᠨᠡᠢᠬᠡᠮ ᠨᠡᠢᠲᠡ ᠶᠢᠨ ᠰᠤᠶᠤᠯ ᠤᠨ ᠡᠬᠢ ᠪᠠᠶᠠᠯᠢᠭ ᠢ ᠵᠦᠢ ᠵᠤᠬᠢᠰᠳᠠᠢ ᠬᠡᠷᠡᠭᠯᠡᠬᠦ ᠶᠢ ᠬᠠᠷᠰᠢᠯᠠᠬᠤ ᠠᠴᠠ ᠵᠠᠢᠯᠠᠬᠤ ᠬᠡᠷᠡᠭᠲᠡᠢ᠃
ᠲᠠᠨᠢᠯᠴᠠᠭᠤᠯᠭ᠎ᠠ ᠶᠢ ᠦᠨᠳᠦᠰᠦᠯᠡᠪᠡᠯ ᠂ ᠬᠠᠤᠯᠢ ᠴᠠᠭᠠᠵᠠ ᠶᠢᠨ ᠦᠢᠯᠡᠳᠦᠯᠭᠡ ᠳᠤᠮᠳᠠ ᠨᠢᠬᠡᠨᠳᠡ ᠵᠢᠱᠢᠶᠡᠯᠡᠪᠡᠯ《 ᠪᠤᠨᠳ᠋ᠸ 007》᠂《ᠡᠷᠳᠡᠮᠳᠦ ᠮᠠᠯᠤᠷ ᠦᠳᠡᠭᠡ》᠂《ᠬᠠᠷᠷᠢ ᠫᠤᠲ᠋ᠲ᠋ᠸᠷ》ᠵᠡᠷᠬᠡ ᠨᠡᠷ᠎ᠠ ᠠᠯᠳᠠᠷᠰᠢᠭᠰᠠᠨ ᠵᠤᠬᠢᠶᠠᠯ ᠪᠦᠲᠦᠭᠡᠯ ᠦᠨ ᠨᠡᠷ᠎ᠠ ᠪᠤᠶᠤ ᠲᠦᠷᠢ ᠶᠢᠨ ᠨᠡᠷ᠎ᠠ ᠶᠢ ᠬᠠᠮᠠᠭᠠᠯᠠᠵᠤ ᠂ ᠰᠢᠬᠦᠬᠦ ᠬᠤᠷᠢᠶ᠎ᠠ ᠦᠨᠡᠨᠴᠢ ᠢᠳᠡᠬᠡᠯᠲᠡᠢ ᠡᠵᠡᠩᠨᠡᠬᠦ ᠶᠢ ᠰᠠᠨᠠᠭᠠᠴᠢᠯᠠᠬᠤ ᠂ ᠡᠷᠬᠡ ᠳᠡᠭᠰᠢ ᠬᠠᠮᠠᠭᠠᠯᠠᠬᠤ ᠬᠠᠤᠯᠢ ᠴᠠᠭᠠᠵᠠ ᠶᠢᠨ ᠤᠪᠤᠷ ᠢ ᠢᠯᠡᠷᠬᠡᠢᠯᠡᠵᠦ ᠂ ᠮᠠᠰᠢ ᠰᠠᠢᠨ ᠨᠡᠢᠬᠡᠮ ᠦᠨ ᠳᠤᠰᠬᠠᠯ ᠤᠯᠪᠠ ᠃ ᠵᠢᠱᠢᠶᠡᠯᠡᠪᠡᠯ ᠪᠡᠭᠡᠵᠢᠩ ᠬᠤᠳᠠ ᠶᠢᠨ ᠠᠷᠠᠳ ᠤᠨ ᠳᠡᠭᠡᠳᠦ ᠵᠡᠷᠬᠡ ᠶᠢᠨ ᠰᠢᠬᠦᠬᠦ ᠬᠤᠷᠢᠶᠠᠨ ᠤ ᠰᠢᠬᠦᠨ ᠳᠠᠰᠤᠯᠤᠭᠰᠠᠨ《007》ᠴᠤᠭᠴᠠ ᠺᠢᠨᠣ᠋ ᠶᠢᠨ ᠪᠠᠭᠠᠳᠤᠷ ᠲᠦᠷᠢ ᠶᠢᠨ ᠨᠡᠷ᠎ᠡ ᠶᠢᠨ ᠬᠡᠷᠡᠭ ᠳᠤᠮᠳᠠ ᠂ ᠨᠡᠷ᠎ᠠ ᠠᠯᠳᠠᠷᠰᠢᠭᠰᠠᠨ ᠺᠢᠨᠣ᠋ ᠶᠢᠨ ᠪᠠᠭᠠᠳᠤᠷ ᠲᠦᠷᠢ ᠶᠢᠨ ᠨᠡᠷ᠎ᠠ ᠤᠷᠢᠳ ᠡᠷᠬᠡ ᠪᠤᠯᠭᠠᠵᠤ ᠬᠠᠮᠠᠭᠠᠯᠠᠬᠤ ᠬᠡᠷᠡᠭᠲᠡᠢ ᠃
ᠦᠨᠡᠯᠡᠬᠦ 0ᠦᠨᠡᠯᠡᠯᠲᠡ ᠲᠠᠢ