ᠠᠨᠾᠦ᠋ᠢ ᠮᠤᠵᠢ ᠶᠢᠨ ᠠᠷᠠᠳ ᠤᠨ ᠳᠡᠭᠡᠳᠦ ᠵᠡᠷᠬᠡ ᠶᠢᠨ ᠰᠢᠬᠦᠬᠦ ᠬᠤᠷᠢᠶ᠎ᠠ ᠲᠦᠯᠦᠭᠡᠯᠡᠭᠴᠢ ᠬᠡᠰᠢᠬᠦᠨ ᠳᠠᠢ ᠬᠠᠷᠢᠯᠴᠠᠬᠤ ᠠᠵᠢᠯ ᠢ ᠴᠢᠩᠭᠠᠳᠭᠠᠭᠰᠠᠨ ᠲᠡᠮᠳᠡᠭᠯᠡᠯ
2017.01.12 ᠲᠣᠰ ᠥᠷᠲᠡᠭᠡᠨ ᠦ ᠨᠠᠢᠷᠠᠭᠤᠯᠤᠭᠴᠢ

     ᠪᠦᠬᠦ ᠳᠠᠯ᠎ᠠ ᠪᠠᠷ ᠬᠠᠷᠢᠯᠴᠠᠬᠤ ᠠᠵᠢᠯ ᠤᠨ《ᠨᠢᠬᠡᠳᠦᠭᠡᠷ ᠭᠠᠷ》 ᠤᠨ ᠬᠠᠷᠢᠭᠤᠴᠠᠯᠭ᠎ᠠ ᠶᠢᠨ ᠲᠦᠷᠢᠮ ᠢ ᠨᠠᠢᠳᠠᠪᠤᠷᠢᠵᠢᠭᠤᠯᠵᠤ᠂ ᠬᠠᠷᠢᠯᠴᠠᠬᠤ ᠠᠵᠢᠯ ᠢ ᠰᠢᠬᠦᠬᠦ ᠬᠤᠷᠢᠶᠠᠨ ᠤ ᠤᠳᠤᠷᠢᠳᠤᠯᠭ᠎ᠠ ᠶᠢᠨ ᠦᠨᠳᠦᠰᠦᠨ ᠱᠠᠳᠤᠨ  ᠳᠤ ᠰᠤᠳᠤᠯᠬᠤ ᠳᠠᠢ ᠢᠮᠠᠭᠳᠠ ᠲᠤᠤᠱᠯᠠᠭᠤᠯᠵᠤ ᠂ ᠨᠢᠬᠡ ᠪᠦᠯᠦᠭ ᠬᠡᠯᠪᠡᠷᠢ ᠰᠢᠨ᠎ᠠ ᠂ ᠠᠭᠤᠯᠭ᠎ᠠ ᠪᠠᠶᠠᠯᠢᠭ ᠠᠵᠢᠯᠯᠠᠭ᠎ᠠ ᠥᠷᠨᠢᠭᠦᠯᠵᠦ ᠂ ᠰᠢᠬᠦᠬᠦ ᠬᠤᠷᠢᠶᠠᠨ ᠤ ᠠᠵᠢᠯ ᠳᠠᠢ ᠬᠦᠨᠵᠡᠭᠡᠢ ᠨᠢᠭᠳᠠᠷᠠᠭᠤᠯᠵᠤ ᠂ ᠬᠠᠷᠢᠯᠴᠠᠬᠤ ᠰᠤᠪᠠᠭ ᠢ ᠦᠷᠭᠡᠳᠬᠡᠵᠦ᠂᠂᠂᠂᠂ ᠠᠨᠾᠦ᠋ᠢ ᠮᠤᠵᠢ ᠶᠢᠨ ᠠᠷᠠᠳ ᠤᠨ ᠳᠡᠭᠡᠳᠦ ᠵᠡᠷᠬᠡ  ᠶᠢᠨ ᠰᠢᠬᠦᠬᠦ ᠬᠤᠷᠢᠶ᠎ᠠ ᠠᠰᠠᠭᠤᠯᠳᠠ ᠪᠠᠷ ᠤᠳᠤᠷᠢᠳᠤᠮᠵᠢ ᠪᠤᠯᠭᠠᠬᠤ ᠶᠢ ᠪᠠᠷᠢᠮᠳᠠᠯᠠᠵᠤ ᠂ ᠪᠦᠬᠦ ᠮᠤᠵᠢ ᠶᠢᠨ ᠰᠢᠬᠦᠬᠦ ᠬᠤᠷᠢᠶᠠᠨ ᠤ ᠬᠦᠴᠦ ᠶᠢ ᠠᠰᠢᠭᠯᠠᠵᠤ ᠂ ᠲᠦᠯᠦᠭᠡᠯᠡᠭᠴᠢ ᠬᠡᠰᠢᠬᠦᠨ ᠦ ᠬᠠᠷᠢᠯᠴᠠᠬᠤ ᠠᠵᠢᠯ ᠶᠠᠪᠤᠭᠳᠠᠬᠤ ᠶᠢ ᠲᠦᠯᠬᠢᠨ ᠠᠬᠢᠭᠤᠯᠵᠤ ᠂ ᠲᠦᠯᠦᠭᠡᠯᠡᠭᠴᠢ ᠬᠡᠰᠢᠬᠦᠨ ᠦ ᠳᠤᠷᠠᠳᠤᠭᠰᠠᠨ ᠠᠰᠠᠭᠤᠯᠳᠠ ᠪᠦᠷᠢ ᠶᠢ ᠨᠠᠷᠢᠨ ᠨᠢᠮᠪᠠᠢ ᠬᠠᠷᠢᠭᠤᠯᠵᠤ ᠂ ᠲᠦᠯᠦᠭᠡᠯᠡᠭᠴᠢ ᠬᠡᠰᠢᠬᠦᠨ ᠴᠢᠩ ᠰᠡᠳᠬᠢᠯ  ᠡᠴᠡ ᠬᠠᠷᠢᠯᠴᠠᠬᠤ ᠳᠤᠮᠳᠠ ᠪᠦᠬᠦ ᠮᠤᠵᠢ ᠶᠢᠨ ᠰᠢᠬᠦᠬᠦ ᠬᠤᠷᠢᠶᠠᠨ ᠤ ᠠᠵᠢᠯ ᠢ ᠬᠦᠨᠵᠡᠬᠡᠢ ᠣᠢᠯᠠᠭᠠᠭᠤᠯᠵᠤ ᠂ ᠰᠢᠬᠦᠬᠦ ᠬᠤᠷᠢᠶᠠᠨ ᠤ ᠠᠵᠢᠯ  ᠢ ᠣᠢᠯᠭᠠᠵᠤ ᠳᠡᠮᠵᠢᠬᠦᠯᠦᠨ᠎ᠠ ᠃

 

     ᠦᠢᠯᠡᠳᠦᠯᠴᠡᠯ ᠨᠢ ᠴᠢᠨᠠᠷ ᠤᠨ ᠬᠤᠪᠢᠷᠠᠯᠲᠠ ᠡᠭᠦᠰᠦᠨ᠎ᠠ

 

     《ᠬᠠᠷᠢᠯᠴᠠᠬᠤ ᠠᠵᠢᠯ ᠪᠤᠯ ᠰᠢᠬᠦᠬᠦ ᠬᠤᠷᠢᠶ᠎ᠠ ᠰᠠᠨᠠᠭᠠᠴᠢᠯᠠᠭ᠎ᠠ ᠠᠴᠠ ᠬᠢᠨᠠᠨᠯᠲᠠ ᠶᠢ ᠬᠦᠯᠢᠶᠡᠨ ᠠᠪᠴᠤ ᠂ ᠤᠯᠠᠨ ᠲᠦᠮᠡᠨ ᠳᠠᠢ ᠨᠢᠭᠳᠠ ᠬᠠᠷᠢᠯᠴᠠᠬᠤ ᠠᠷᠭ᠎ᠠ ᠵᠠᠮ᠂ ᠰᠢᠬᠦᠬᠦ ᠬᠤᠷᠢᠶᠠᠨ ᠤ ᠠᠵᠢᠯ ᠤᠨ ᠴᠢᠬᠤᠯᠠ ᠪᠦᠷᠢᠯᠳᠦᠬᠦᠨ ᠮᠦᠨ ᠂ ᠭᠤᠷᠪᠠᠨ ᠱᠠᠳᠤᠨ ᠤ ᠰᠢᠬᠦᠬᠦ ᠬᠤᠷᠢᠶᠠᠨ ᠤ ᠲᠦᠯᠬᠢᠵᠦ ᠪᠤᠯᠬᠤ ᠦᠬᠡᠢ ᠂ ᠬᠠᠮᠲᠤᠪᠠᠷ ᠡᠭᠦᠷᠬᠡᠯᠡᠬᠦ ᠬᠠᠷᠢᠭᠤᠴᠠᠯᠭ᠎ᠠ ᠪᠠᠢᠵᠤ ᠂ <ᠨᠢᠬᠡᠳᠦᠭᠡᠷ ᠭᠠᠷ> ᠡᠷᠬᠡᠪᠰᠢ ᠳᠠᠭᠤᠷᠢᠶᠠᠯ ᠪᠤᠯᠵᠤ ᠂ ᠪᠡᠶ᠎ᠠ ᠪᠠᠷ ᠢᠶᠠᠨ ᠬᠢᠬᠦ ᠬᠡᠷᠡᠭᠲᠡᠢ᠃》ᠠᠨᠾᠦ᠋ᠢ ᠮᠤᠵᠢ ᠶᠢᠨ ᠠᠷᠠᠳ ᠤᠨ ᠳᠡᠭᠡᠳᠦ ᠵᠡᠷᠬᠡ ᠶᠢᠨ ᠰᠢᠬᠦᠬᠦ ᠬᠤᠷᠢᠶᠠᠨ ᠤ ᠬᠤᠷᠢᠶᠠᠨ ᠳᠠᠷᠤᠭ᠎ᠠ ᠵᠠᠩ ᠵᠢᠶᠠᠨ ᠢᠩᠭᠢᠵᠦ ᠬᠡᠯᠡᠭᠰᠡᠨ ᠶᠤᠰᠤᠭᠠᠷ ᠬᠢᠵᠦ ᠪᠠᠢᠯ᠎ᠠ ᠃

    ᠠᠨᠾᠦ᠋ᠢ ᠮᠤᠵᠢ ᠶᠢᠨ ᠠᠷᠠᠳ ᠤᠨ ᠳᠡᠬᠡᠳᠦ ᠵᠡᠷᠬᠡ ᠶᠢᠨ ᠰᠢᠬᠦᠬᠦ ᠬᠤᠷᠢᠶᠠᠨ ᠤ ᠨᠠᠮ ᠤᠨ ᠤᠳᠤᠷᠢᠳᠬᠤ ᠳᠤᠭᠤᠢᠯᠠᠩ ᠦᠨᠳᠦᠰᠦᠨ ᠱᠠᠳᠤᠨ ᠳᠤ ᠬᠦᠨᠵᠡᠭᠡᠢᠷᠡᠨ ᠪᠠᠢᠴᠠᠭᠠᠯᠲᠠ ᠰᠤᠳᠤᠯᠤᠯᠲᠠ ᠬᠢᠬᠦ ᠂ ᠤᠯᠤᠰ ᠲᠦᠷᠦ ᠶᠢᠨ ᠳᠤᠭᠤᠷᠢᠨ ᠪᠠᠢᠴᠠᠭᠠᠬᠤ ᠂ ᠴᠢᠬᠡᠴᠢ ᠵᠠᠰᠠᠭ ᠳᠤᠬᠠᠢ ᠶᠠᠷᠢᠯᠴᠠᠬᠤ ᠪᠤᠯᠤᠨ ᠲᠦᠯᠦᠭᠡᠯᠡᠭᠴᠢ ᠬᠡᠰᠢᠬᠦᠨ ᠳᠠᠢ ᠬᠠᠷᠢᠯᠴᠠᠬᠤ ᠠᠵᠢᠯ ᠳᠠᠢ ᠨᠢᠭᠳᠠ ᠤᠶᠠᠯᠳᠤᠭᠤᠯᠵᠤ ᠂ ᠠᠨᠾᠦ᠋ᠢ ᠮᠤᠵᠢ ᠶᠢᠨ ᠪᠦᠬᠦ ᠤᠯᠤᠰ ᠤᠨ ᠠᠷᠠᠳ ᠤᠨ ᠲᠥᠯᠦᠭᠡᠯᠡᠭᠴᠢ ᠪᠠ ᠮᠤᠵᠢ᠂ ᠬᠤᠳᠠ ᠂ ᠰᠢᠶᠠᠨ ᠤ ᠲᠥᠯᠦᠭᠡᠯᠡᠭᠴᠢ ᠬᠡᠰᠢᠬᠦᠨ ᠳᠠᠢ ᠡᠳᠦᠷ ᠳᠤᠳᠤᠮ ᠤᠨ ᠂ ᠪᠠᠢᠩᠭᠤ ᠬᠠᠷᠢᠯᠴᠠᠬᠤ ᠶᠢ ᠲᠠᠰᠤᠷᠠᠯᠲᠠ ᠦᠬᠡᠢ ᠴᠢᠩᠭᠠᠳᠬᠠᠨ᠎ᠠ ᠃ 2016 ᠤᠨ ᠳᠤ ᠂ ᠵᠠᠩ ᠵᠢᠶᠠᠨ ᠤᠷᠢᠳ ᠬᠤᠵᠢᠳ 49 ᠬᠤᠳᠠ(ᠰᠢᠶᠠᠨ ᠂ ᠳᠤᠭᠤᠷᠢᠭ) ᠳᠤ ᠬᠦᠷᠴᠦ 24 ᠤᠳᠠᠭ᠎ᠠ ᠰᠤᠳᠤᠯᠤᠯᠲᠠ ᠬᠢᠵᠦ ᠂ ᠬᠦᠷᠦᠭᠰᠡᠨ ᠭᠠᠵᠠᠷ ᠪᠤᠯᠭᠠᠨ ᠳᠤ ᠲᠦᠯᠦᠭᠡᠯᠡᠭᠴᠢ ᠬᠡᠰᠢᠬᠦᠨ ᠪᠠᠢᠬᠤ ᠠᠵᠤ ᠠᠬᠤᠢᠯᠠᠯ ᠂ ᠰᠤᠷᠭᠠᠭᠤᠯᠢ ᠂ ᠺᠤᠮᠫᠠᠨᠢ᠂ ᠬᠠᠮᠳᠤ ᠨᠢᠬᠡᠴᠡ  ᠳᠦ ᠰᠤᠷᠪᠤᠯᠵᠢᠯᠠᠭ᠎ᠠ ᠬᠢᠵᠦ ᠦᠵᠡᠨ ᠪᠣᠯᠭᠤᠭᠠᠵᠤ ᠂ ᠲᠦᠯᠦᠭᠡᠯᠡᠭᠴᠢ ᠬᠡᠰᠢᠬᠦᠨ ᠢ ᠰᠢᠬᠦᠬᠦ ᠬᠤᠷᠢᠶᠠᠨ ᠤ ᠵᠠᠷᠭᠤ  ᠶᠢᠨ ᠦᠢᠯᠡᠴᠢᠯᠡᠭᠡᠨ ᠦ ᠲᠦᠪ ᠂ ᠮᠡᠳᠡᠭᠡ ᠵᠠᠩᠭᠢᠴᠢᠯᠠᠯᠲᠠ ᠶᠢᠨ ᠪᠦᠲᠦᠭᠡᠨ ᠪᠠᠢᠭᠤᠯᠤᠯᠲᠠ ᠂ ᠭᠦᠢᠴᠡᠳᠬᠡᠬᠦ ᠶᠢ ᠵᠢᠭᠠᠨ ᠵᠢᠯᠤᠭᠤᠳᠬᠤ ᠲᠦᠪ  ᠢ ᠳᠤᠭᠤᠷᠢᠨ ᠦᠵᠡᠬᠦ  ᠪᠡᠷ ᠤᠷᠢᠵᠤ ᠂ ᠬᠠᠮᠳᠤᠪᠡᠷ ᠬᠡᠷᠡᠭ ᠰᠢᠬᠦᠯᠲᠡ ᠶᠢ ᠬᠠᠵᠠᠭᠤ ᠠᠴᠠ ᠰᠤᠨᠤᠰᠴᠤ ᠂ ᠲᠦᠯᠦᠭᠡᠯᠡᠭᠴᠢ ᠳᠠᠢ ᠰᠢᠬᠦᠬᠦ ᠬᠤᠷᠢᠶᠠᠨ ᠤ ᠠᠵᠢᠯ ᠢ ᠶᠠᠷᠢᠯᠴᠠᠵᠤ ᠂ ᠮᠡᠳᠡᠭᠦᠯᠦᠯᠲᠡ ᠬᠢᠪᠡ ᠃ ᠨᠢᠬᠡ ᠵᠢᠯ ᠦᠨ ᠬᠤᠭᠤᠴᠠᠭᠠᠨ ᠳᠤ ᠂ ᠲᠡᠷᠡ ᠨᠡᠢᠲᠡ 75 ᠪᠦᠬᠦ ᠤᠯᠤᠰ ᠤᠨ ᠠᠷᠠᠳ ᠤᠨ ᠲᠥᠯᠦᠭᠡᠯᠡᠭᠴᠢ  ᠶᠢ ᠰᠤᠷᠪᠤᠯᠵᠢᠯᠠᠨ ᠦᠵᠡᠨ ᠪᠤᠯᠭᠤᠭᠠᠵᠤ ᠂ ᠠᠨᠾᠦ᠋ᠢ ᠮᠤᠵᠢ ᠳᠤ ᠰᠠᠭᠤᠭ᠎ᠠ ᠪᠦᠬᠦ ᠤᠯᠤᠰ ᠤᠨ ᠠᠷᠠᠳ ᠤᠨ ᠲᠥᠯᠦᠭᠡᠯᠡᠭᠴᠢ ᠶᠢᠨ 75% ᠶᠢ ᠡᠵᠡᠯᠡᠵᠦ ᠂ ᠮᠤᠵᠢ ᠶᠢᠨ ᠳᠡᠰ ᠦᠨ ᠲᠥᠯᠦᠭᠡᠯᠡᠭᠴᠢ ᠬᠡᠰᠢᠬᠦᠨ 246 ᠬᠦᠮᠦᠨ ᠢ ᠰᠤᠷᠪᠤᠯᠵᠢᠯᠠᠪᠠ ᠃

     ᠡᠯ᠎ᠠ ᠳᠤᠮᠳᠠ ᠵᠡᠷᠬᠡ ᠂ ᠦᠨᠳᠦᠰᠦᠨ ᠱᠠᠳᠤᠨ ᠤ ᠰᠢᠬᠦᠬᠦ ᠬᠤᠷᠢᠶ᠎ᠠ《ᠨᠢᠬᠡᠳᠦᠭᠡᠷ ᠭᠠᠷ》 ᠤᠨ ᠬᠠᠷᠢᠭᠤᠴᠠᠯᠭ᠎ᠠ ᠶᠢᠨ ᠲᠦᠷᠢᠮ ᠢ ᠴᠢᠩᠭ᠎ᠠ ᠨᠠᠢᠳᠠᠪᠤᠷᠢᠵᠢᠭᠤᠯᠵᠤ ᠂ ᠬᠤᠷᠢᠶᠠᠨ ᠳᠠᠷᠤᠭ᠎ᠠ ᠲᠣᠯᠤᠭᠠᠢᠯᠠᠨ ᠬᠠᠷᠢᠯᠴᠠᠬᠤ ᠠᠵᠢᠯᠯᠠᠭ᠎ᠠ ᠦᠷᠨᠢᠬᠦᠯᠵᠦ ᠂ ᠨᠢᠬᠡ ᠨᠢᠬᠡ ᠪᠡᠷ ᠲᠣᠭᠲᠠᠭᠰᠠᠨ ᠴᠢᠭᠯᠡᠯ ᠢᠶᠡᠷ ᠳᠠᠭᠠᠷᠠᠭᠤᠯᠵᠤ ᠂ ᠨᠢᠭᠤᠷᠳᠠᠨ ᠬᠠᠷᠢᠯᠴᠠᠵᠤ ᠂ ᠰᠢᠬᠦᠬᠦ ᠬᠤᠷᠢᠶᠠᠨ ᠤ ᠠᠵᠢᠯ ᠤᠨ ᠪᠠᠢᠳᠠᠯ ᠢ ᠮᠡᠳᠡᠬᠦᠯᠵᠦ ᠂ ᠰᠠᠨᠠᠯ ᠰᠠᠨᠠᠭᠤᠯᠭ᠎ᠠ ᠬᠤᠷᠢᠶᠠᠵᠤ ᠂ ᠪᠦᠬᠦ ᠮᠤᠵᠢ ᠶᠢᠨ ᠰᠢᠬᠦᠬᠦ ᠬᠤᠷᠢᠶ᠎ᠠ ᠨᠢᠬᠡ ᠱᠠᠳᠤ ᠨᠢ ᠨᠢᠬᠡ ᠱᠠᠳᠤ ᠪᠠᠨ ᠳᠠᠭᠠᠭᠤᠯᠬᠤ᠂ ᠳᠡᠰ ᠪᠦᠷᠢ ᠨᠠᠢᠳᠠᠪᠤᠷᠢᠵᠢᠭᠤᠯᠵᠤ ᠶᠢ ᠠᠳᠬᠤᠬᠤ ᠶᠡᠷᠦᠩᠬᠡᠢ ᠴᠤᠭᠴᠠᠳᠤ ᠬᠠᠷᠢᠯᠴᠠᠨ ᠬᠦᠳᠡᠯᠦᠯᠴᠡᠬᠦ ᠠᠵᠢᠯ ᠤᠨ ᠪᠠᠢᠷᠢᠰᠢᠭᠤᠯᠤᠯᠲᠠ ᠪᠤᠢ ᠪᠤᠯᠪᠠ ᠃

      《ᠬᠠᠷᠢᠯᠴᠠᠬᠤ ᠠᠵᠢᠯ ᠪᠤᠯ ᠤᠶᠤᠨ ᠤᠬᠠᠭᠠᠨ ᠤ ᠬᠦᠴᠦᠨ ᠰᠢᠩᠭᠡᠭᠡᠬᠦ ᠠᠵᠢᠯ ᠮᠦᠨ ᠃ ᠲᠦᠯᠦᠭᠡᠯᠡᠭᠴᠢ ᠬᠡᠰᠢᠬᠦᠨ ᠡᠯ᠎ᠠ ᠠᠵᠢᠯ ᠲᠦᠷᠦᠯ ᠡᠴᠡ ᠢᠷᠡᠵᠦ ᠂ ᠠᠳᠠᠯᠢ ᠪᠤᠰᠤ ᠬᠦᠷᠢᠶ᠎ᠠ ᠬᠡᠪᠴᠢᠶᠡᠨ ᠳᠡᠬᠢ ᠂ ᠠᠳᠠᠯᠢ ᠪᠤᠰᠤ ᠠᠵᠢᠯ ᠲᠦᠷᠯ ᠦᠨ ᠳᠤᠰᠬᠠᠢ ᠮᠡᠷᠭᠡᠵᠢᠯᠲᠡᠨ ᠂ ᠬᠡᠳᠦᠢᠪᠡᠷ ᠬᠠᠤᠯᠢ ᠴᠠᠭᠠᠵᠠ ᠶᠢᠨ ᠠᠵᠢᠯ ᠡᠷᠬᠢᠯᠡᠵᠦ ᠦᠬᠡᠢ ᠪᠤᠯᠪᠠᠴᠤ ᠳᠡᠳᠡᠨ ᠰᠢᠬᠦᠬᠦ ᠬᠤᠷᠢᠶᠠᠨ ᠤ ᠵᠤᠭᠰᠤᠴᠠ ᠠᠴᠠ ᠭᠠᠳᠠᠨ᠎ᠠ ᠪᠤᠰᠤᠳᠴᠢ ᠪᠠᠷ ᠰᠢᠬᠦᠬᠦ ᠬᠤᠷᠢᠶᠠᠨ ᠤ ᠠᠵᠢᠯ ᠢ ᠦᠨᠡᠯᠡᠵᠦ ᠂ ᠳᠡᠳᠡᠨ ᠦ ᠦᠪᠡᠷ ᠦᠨ ᠪᠡᠶ᠎ᠠ ᠶᠢᠨ ᠳᠤᠰᠬᠠᠢ ᠮᠡᠷᠬᠡᠵᠢᠯ ᠦᠨ ᠵᠤᠭᠰᠤᠴᠠ ᠠᠴᠠ ᠤᠯᠠᠨ ᠰᠢᠨ᠎ᠠ ᠣᠢᠯᠭᠠᠯᠲᠠ ᠰᠢᠨ᠎ᠡ ᠦᠵᠡᠯᠲᠡ ᠰᠢᠨ᠎ᠡ ᠰᠠᠨᠠᠭᠤᠯᠭ᠎ᠠ ᠳᠤᠷᠠᠳᠴᠤ ᠂ ᠰᠢᠬᠦᠬᠦ ᠬᠤᠷᠢᠶᠠᠨ ᠤ ᠠᠵᠢᠯ ᠳᠤ ᠬᠡᠷᠡᠭᠯᠡᠵᠦ᠂ ᠰᠢᠬᠦᠬᠦ ᠬᠤᠷᠢᠶᠠᠨ ᠤ ᠠᠵᠢᠯ  ᠭᠦᠨᠵᠡᠬᠡᠢ ᠬᠤᠪᠢᠷᠠᠯᠲᠠ ᠭᠠᠷᠴᠤ᠂ ᠰᠢᠨ᠎ᠠ ᠥᠨᠳᠦᠷ ᠲᠦᠪᠰᠢᠨ ᠳᠦ ᠬᠦᠷᠴᠦ ᠳᠡᠢᠯᠦᠨ᠎ᠠ᠃ 》ᠡᠭᠦᠨ ᠦ ᠳᠤᠬᠠᠢ ᠵᠠᠩ ᠵᠢᠶᠠᠨ ᠬᠦᠨ ᠣᠢᠯᠭᠠᠯᠲᠠ ᠳᠠᠢ ᠪᠠᠢᠳᠠᠭ ᠃

      ᠪᠦᠬᠦ ᠤᠯᠤᠰ ᠤᠨ ᠠᠷᠠᠳ ᠤᠨ ᠲᠥᠯᠦᠭᠡᠯᠡᠭᠴᠢ᠂ ᠺᠸ ᠳ᠋ᠠ ᠰᠢᠶᠦ᠋ᠨ ᠹᠸᠢ  ᠶᠢᠨ ᠬᠡᠷᠡᠭ ᠮᠡᠳᠡᠭᠴᠢᠳ ᠦᠨ ᠳᠠᠷᠤᠭ᠎ᠠ ᠯᠢᠦ ᠴᠢᠩ ᠹᠸᠩ 《ᠤᠶᠤᠨ ᠤᠬᠠᠭᠠᠨᠲᠤ ᠰᠢᠬᠦᠬᠦ ᠬᠤᠷᠢᠶᠠᠨ》 ᠤ ᠪᠦᠲᠦᠭᠡᠨ ᠪᠠᠢᠭᠤᠯᠤᠯᠲᠠ ᠶᠢ ᠲᠦᠷᠭᠡᠳᠬᠡᠬᠦ ᠶᠢ ᠰᠠᠨᠠᠭᠤᠯᠵᠤ ᠂ ᠰᠢᠬᠦᠬᠦ ᠬᠤᠷᠢᠶ᠎ᠠ  ᠳᠦ ᠰᠢᠬᠦᠨ ᠲᠠᠰᠤᠯᠤᠯᠲᠠ ᠶᠢᠨ ᠠᠪᠢᠶ᠎ᠠ ᠳᠤᠬᠠᠢ ᠶᠢᠨ  ᠲᠠᠯᠠᠪᠠᠢ ᠳᠤ ᠪᠢᠴᠢᠭ᠌ ᠪᠣᠯᠭᠠᠬᠤ ᠳᠤᠰᠬᠠᠢ ᠰᠢᠰᠲ᠋ᠧᠮ ᠢ ᠳᠤᠷᠠᠲᠠᠢ᠎ᠠ ᠰᠤᠳᠤᠯᠤᠨ ᠪᠦᠲᠦᠭᠡᠬᠦ ᠦᠭᠴᠦ ᠂ ᠤᠶᠤᠨᠳᠤ ᠠᠪᠢᠶᠠᠨ ᠤ ᠰᠢᠰᠲ᠋ᠧᠮ  ᠢᠶᠡᠷ ᠬᠠᠪᠰᠤᠷᠤᠭᠴᠢ ᠪᠤᠯᠤᠨ ᠬᠡᠷᠡᠭ ᠰᠢᠢᠳᠪᠦᠷᠢᠯᠡᠵᠦ ᠂ ᠳᠡᠮᠳᠡᠭᠯᠡᠭᠴᠢ ᠶᠢᠨ ᠠᠵᠢᠯ ᠤᠨ ᠡᠬᠦᠷᠭᠡ ᠶᠢ ᠬᠦᠩᠬᠡᠯᠡᠵᠦ ᠂ ᠠᠷᠠᠳ ᠲᠦᠮᠡᠨ ᠵᠠᠷᠭᠤ ᠬᠢᠬᠦ ᠳᠦ ᠲᠦᠬᠦᠮ ᠪᠤᠯᠭᠠᠨ᠎ᠠ ᠃ ᠡᠭᠦᠨ ᠳᠦ᠂ ᠾᠤᠹᠸᠢ ᠬᠤᠳᠠ  ᠶᠢᠨ ᠱᠤ ᠱᠠᠨ ᠳᠤᠭᠤᠷᠢᠭ ᠤᠨ ᠠᠷᠠᠳ ᠤᠨ ᠰᠢᠬᠦᠬᠦ ᠬᠤᠷᠢᠶ᠎ᠠ ᠬᠠᠮᠤᠭ ᠲᠡᠷᠢᠬᠦᠨ ᠳᠦ ᠠᠪᠢᠶ᠎ᠠ ᠳᠠᠨᠢᠬᠤ ᠰᠢᠰᠲ᠋ᠧᠮ ᠰᠢᠬᠦᠨ ᠲᠠᠰᠤᠯᠤᠯᠲᠠ ᠳᠤᠮᠳᠠ ᠬᠡᠷᠡᠭᠯᠡᠪᠡ ᠃

      2016 ᠤᠨ  ᠳᠤ ᠂ ᠠᠨᠾᠦ᠋ᠢ ᠮᠤᠵᠢ ᠶᠢᠨ ᠠᠷᠠᠳ ᠤᠨ ᠳᠡᠭᠡᠳᠦ ᠵᠡᠷᠬᠡ ᠶᠢᠨ ᠰᠢᠭᠦᠬᠦ ᠬᠤᠷᠢᠶ᠎ᠠ 34 ᠤᠳᠠᠭ᠎ᠠ ᠨᠡᠢᠲᠡ 213 ᠪᠦᠬᠦ ᠤᠯᠤᠰ ᠤᠨ ᠠᠷᠠᠳ ᠤᠨ ᠲᠥᠯᠦᠭᠡᠯᠡᠭᠴᠢ᠂ ᠮᠤᠵᠢ ᠶᠢᠨ ᠠᠷᠠᠳ ᠤᠨ ᠲᠥᠯᠦᠭᠡᠯᠡᠭᠴᠢ᠂ ᠤᠯᠤᠰ ᠲᠦᠷᠦ ᠶᠢᠨ ᠵᠥᠪᠯᠡᠭᠡᠨ ᠦ ᠬᠡᠰᠢᠬᠦᠨ  ᠢ ᠤᠷᠢᠵᠤ ᠢᠷᠭᠡᠨ ᠦ ᠪᠠ ᠬᠤᠳᠠᠯᠳᠤᠭᠠᠨ ᠤ ᠬᠡᠷᠡᠭ ᠦᠨ ᠰᠢᠭᠦᠨ ᠳᠠᠰᠤᠯᠠᠬᠤ ᠠᠵᠢᠯ ᠂ ᠭᠦᠢᠴᠡᠳᠬᠡᠬᠦ ᠳᠦ ᠬᠦᠴᠢᠷ ᠢ ᠦᠨᠳᠦᠰᠦᠨ ᠡᠴᠡ ᠨᠢ ᠰᠢᠢᠳᠪᠦᠷᠢᠯᠡᠬᠦ ᠠᠵᠢᠯ ᠂ ᠡᠩᠨᠡᠭᠡᠨ ᠦ ᠪᠦᠲᠦᠭᠡᠨ ᠪᠠᠢᠭᠤᠯᠤᠯᠲᠠ ᠂ ᠰᠤᠶᠤᠯ ᠤᠨ ᠪᠦᠲᠦᠭᠡᠨ ᠪᠠᠢᠭᠤᠯᠤᠯᠲᠠ ᠵᠡᠷᠬᠡ ᠪᠦᠬᠦ ᠮᠤᠵᠢ ᠶᠢᠨ ᠴᠢᠨᠠᠷ ᠳᠠᠢ ᠰᠢᠬᠦᠬᠦ ᠬᠤᠷᠢᠶᠠᠨ ᠤ ᠠᠵᠢᠯ ᠤᠨ ᠬᠤᠷᠠᠯᠳᠤᠭᠠᠨ ᠳᠤ ᠤᠷᠤᠯᠴᠠᠭᠤᠯᠵᠤ ᠂ ᠲᠥᠯᠦᠭᠡᠯᠡᠭᠴᠢ ᠬᠡᠰᠢᠬᠦᠨ ᠢ ᠴᠠᠭ ᠳᠤᠬᠠᠢ ᠳᠤ ᠨᠢ ᠰᠢᠬᠦᠬᠦ ᠬᠤᠷᠢᠶᠠᠨ ᠤ ᠠᠵᠢᠯ ᠤᠨ ᠰᠢᠨ᠎ᠠ ᠠᠬᠢᠴᠠ ᠶᠢᠨ ᠲᠣᠬᠢᠷᠠᠭᠤᠯᠤᠯᠲᠠ ᠶᠢ ᠬᠦᠨᠵᠡᠭᠡᠢ ᠤᠢᠯᠭᠠᠭᠤᠯᠪᠠ ᠃ 24 ᠨᠡᠷᠡᠰ ᠪᠦᠬᠦ ᠤᠯᠤᠰ ᠂ ᠮᠤᠵᠢ ᠶᠢᠨ ᠠᠷᠠᠳ ᠤᠨ ᠲᠥᠯᠦᠭᠡᠯᠡᠭᠴᠢ ᠶᠢ ᠤᠨᠴᠠ ᠤᠷᠢᠵᠤ ᠰᠢᠬᠦᠬᠦ ᠬᠤᠷᠢᠶᠠᠨ ᠤ ᠳᠡᠭᠡᠳᠦ ᠰᠤᠷᠭᠠᠭᠤᠯᠢ ᠳᠤ ᠳᠤᠰᠢᠶᠠᠯ ᠬᠠᠪᠰᠤᠷᠭᠠᠭᠰᠠᠨ ᠫᠷᠤᠹᠧᠰᠰᠤᠷ  ᠢ ᠪᠤᠯᠭᠠᠵᠤ ᠂ ᠵᠢᠭᠠᠨ ᠰᠤᠷᠭᠠᠬᠤ ᠶᠠᠪᠤᠴᠠ ᠳᠤᠮᠳᠠ ᠲᠥᠯᠦᠭᠡᠯᠡᠭᠴᠢ ᠨᠡᠩ ᠢᠯᠡᠬᠦᠦ ᠰᠢᠬᠦᠬᠦ ᠬᠤᠷᠢᠶᠠᠨ ᠤ ᠠᠵᠢᠯ ᠢ ᠤᠢᠯᠭᠠᠵᠤ ᠂ ᠬᠢᠨᠠᠵᠤ ᠂ ᠤᠬᠠᠭᠤᠯᠵᠤ ᠂ ᠰᠠᠨᠠᠭᠤᠯᠭ᠎ᠠ ᠳᠡᠪᠰᠢᠬᠦᠯᠪᠡ ᠃ ᠠᠨᠾᠦ᠋ᠢ ᠮᠤᠵᠢ ᠶᠢᠨ ᠠᠷᠠᠳ ᠤᠨ ᠲᠥᠯᠦᠭᠡᠯᠡᠭᠴᠢᠳ ᠦᠨ ᠶᠡᠬᠡ ᠬᠤᠷᠠᠯ ᠤᠨ ᠪᠠᠢᠩᠭᠤ ᠶᠢᠨ ᠬᠤᠷᠢᠶ᠎ᠠ ᠠᠨᠾᠦ᠋ᠢ ᠮᠤᠵᠢ ᠶᠢᠨ ᠠᠷᠠᠳ ᠤᠨ ᠳᠡᠭᠡᠳᠦ ᠵᠡᠷᠬᠡ ᠶᠢᠨ ᠰᠢᠬᠦᠬᠦ ᠬᠤᠷᠢᠶ᠎ᠠ ᠳᠠᠢ ᠮᠤᠵᠢ ᠶᠢᠨ ᠠᠷᠠᠳ ᠤᠨ ᠲᠥᠯᠦᠭᠡᠯᠡᠭᠴᠢ ᠶᠢᠨ ᠳᠤᠰᠬᠠᠢ ᠰᠡᠳᠦᠪᠳᠦ ᠪᠤᠯᠪᠠᠰᠤᠷᠠᠯ ᠦᠷᠨᠢᠬᠦᠯᠵᠦ ᠂ ᠠᠷᠠᠳ ᠤᠨ ᠲᠥᠯᠦᠭᠡᠯᠡᠭᠴᠢ ᠰᠢᠬᠦᠬᠦ ᠬᠤᠷᠢᠶᠠᠨ ᠤ ᠠᠵᠢᠯ ᠢ ᠪᠦᠬᠦ ᠳᠠᠯ᠎ᠠ ᠪᠠᠷ ᠤᠢᠯᠭᠠᠪᠠ ᠃

     《ᠪᠢ ᠤᠯᠠᠨ ᠤᠳᠠᠭ᠎ᠠ ᠮᠤᠵᠢ  ᠶᠢᠨ ᠠᠷᠠᠳ ᠤᠨ ᠳᠡᠭᠡᠳᠦ ᠵᠡᠷᠬᠡ ᠶᠢᠨ ᠰᠢᠬᠦᠬᠦ ᠬᠤᠷᠢᠶᠠᠨ ᠤ ᠬᠡᠷᠡᠭ ᠦᠨ ᠪᠠᠢᠴᠠᠭᠠᠨ ᠦᠨᠡᠯᠡᠯᠲᠡ ᠳᠦ ᠤᠷᠤᠯᠴᠠᠵᠤ ᠂ ᠪᠠᠰᠠ ᠪᠦᠬᠦ ᠮᠤᠵᠢ ᠶᠢᠨ ᠰᠢᠯᠢᠳᠡᠭ ᠰᠢᠬᠦᠭᠴᠢ ᠶᠢᠨ ᠦᠨᠡᠯᠡᠯᠲᠡ ᠪᠡᠷ ᠤᠷᠤᠯᠴᠠᠵᠠᠢ ᠂ ᠮᠢᠨᠦ ᠦᠵᠡᠬᠦ ᠪᠡᠷ ᠮᠤᠵᠢ  ᠶᠢᠨ ᠠᠷᠠᠳ ᠤᠨ ᠳᠡᠭᠡᠳᠦ ᠵᠡᠷᠬᠡ ᠶᠢᠨ ᠰᠢᠬᠦᠬᠦ ᠬᠤᠷᠢᠶ᠎ᠠ ᠵᠤᠷᠢᠭᠳᠠᠢ  ᠪᠠᠷ ᠦᠪᠡᠷ ᠦᠨ ᠳᠤᠳᠠᠭᠳᠠᠯ ᠢᠶᠠᠨ ᠢᠯᠡᠷᠡᠬᠦᠯᠵᠦ ᠂ ᠰᠠᠨᠠᠭᠠᠴᠢᠯᠠᠭ᠎ᠠ ᠠᠴᠠ ᠪᠠᠨ ᠳᠠᠷᠤᠯᠳᠠ ᠦᠭᠬᠦ ᠤᠬᠠᠮᠰᠠᠷ ᠴᠢᠩᠭ᠎ᠠ᠂ ᠬᠠᠤᠯᠢ ᠶᠢᠨ ᠲᠦᠪ ᠭᠤᠤᠯᠴᠢ ᠶᠢ ᠴᠢᠩᠭᠠᠳᠭᠠᠵᠤ ᠂ ᠡᠯ᠎ᠠ ᠲᠦᠷᠦᠯ ᠦᠨ ᠠᠵᠢᠯ ᠤᠨ ᠬᠢᠯᠠᠰ ᠴᠡᠭ ᠤᠯᠠᠨ ᠪᠠᠢᠵᠤ ᠂ ᠠᠷᠠᠳ ᠲᠦᠮᠡᠨ ᠮᠡᠳᠡᠷᠡᠭᠰᠡᠨ ᠪᠠᠢᠨ᠎ᠠ ᠃》ᠪᠦᠬᠦ ᠤᠯᠤᠰ ᠤᠨ ᠠᠷᠠᠳ ᠤᠨ ᠲᠥᠯᠦᠭᠡᠯᠡᠭᠴᠢ᠂ ᠤᠯᠤᠰ ᠪᠠᠢᠭᠤᠯᠬᠤ ᠠᠷᠠᠳᠴᠢᠯᠠᠭᠰᠠᠨ ᠡᠪᠯᠡᠯ  ᠦᠨ ᠠᠨᠾᠦ᠋ᠢ ᠮᠤᠵᠢ ᠶᠢᠨ ᠨᠠᠮ ᠤᠨ ᠬᠤᠷᠢᠶᠠᠨ ᠤ ᠳᠡᠳ᠋ ᠡᠷᠬᠢᠯᠡᠭᠴᠢ ᠬᠡᠰᠢᠬᠦᠨ ᠵᠤᠤ ᠸᠠᠨ ᠫᠢᠩ ᠢᠩᠬᠢᠵᠦ ᠬᠡᠯᠡᠪᠡ ᠃

      《ᠭᠤᠷᠪᠠᠨ ᠵᠢᠯ ᠦᠨ ᠳᠣᠲᠤᠷ᠎ᠠ ᠂ ᠪᠢ ᠲᠥᠯᠦᠭᠡᠯᠡᠭᠴᠢ ᠬᠡᠰᠢᠬᠦᠨ ᠳᠠᠢ ᠶᠠᠷᠢᠯᠴᠠᠵᠤ ᠂ ᠬᠠᠷᠢᠯᠴᠠᠵᠤ ᠂ ᠵᠢᠯ ᠪᠦᠷᠢ ᠶᠢᠨ ᠣᠢᠯᠭᠠᠯᠲᠠ ᠠᠳᠠᠯᠢ ᠦᠭᠡᠢ ᠃ ᠨᠢᠬᠡᠳᠦᠭᠡᠷ ᠵᠢᠯ᠂ ᠵᠠᠷᠢᠮ ᠲᠥᠯᠦᠭᠡᠯᠡᠭᠴᠢ ᠬᠡᠰᠢᠬᠦᠨ ᠬᠡᠷᠡᠭ ᠶᠠᠷᠢᠯᠴᠠᠬᠤ ᠂ ᠠᠰᠠᠭᠤᠳᠠᠯ ᠶᠠᠷᠢᠯᠴᠠᠬᠤ ᠳᠤ ᠪᠦᠷ ᠮᠠᠰᠢ ᠬᠤᠷᠴᠠ ᠰᠢᠷᠦᠭᠦᠨ ᠪᠠᠢᠳᠠᠭ ᠂ ᠤᠳᠤ ᠂ ᠲᠥᠯᠦᠭᠡᠯᠡᠭᠴᠢ ᠬᠡᠰᠢᠬᠦᠨ ᠬᠠᠮᠤᠭ ᠠᠷᠪᠢᠨ ᠶᠠᠷᠢᠯᠴᠠᠳᠠᠭ ᠨᠢ ᠰᠢᠬᠦᠬᠦ ᠬᠤᠷᠢᠶᠠᠨ  ᠤ ᠬᠡᠷᠡᠭ ᠤᠯᠠᠨ ᠬᠦᠮᠦᠨ ᠪᠠᠭ᠎ᠠ ᠵᠦᠷᠢᠴᠡᠯ ᠂ ᠰᠢᠬᠦᠬᠦ ᠬᠤᠷᠢᠶ᠎ᠠ ᠪᠠ ᠰᠢᠬᠦᠭᠴᠢ  ᠶᠢᠨ ᠬᠤᠪᠢ ᠨᠡᠮᠡᠷᠢ ᠂ ᠺᠠᠳᠠᠷ ᠴᠠᠭᠳᠠᠭ᠎ᠠ ᠶᠢᠨ ᠠᠵᠢᠯ ᠤᠨ ᠳᠠᠷᠤᠭᠠᠰᠤ ᠂ ᠪᠡᠶ᠎ᠠ ᠰᠡᠳᠬᠢᠯ ᠦᠨ ᠡᠷᠡᠬᠦᠯ ᠮᠡᠨᠳᠦ  ᠶᠢ ᠬᠡᠯᠡᠪᠡᠯ ᠮᠠᠰᠢ ᠬᠠᠯᠠᠮᠵᠢᠯᠠᠵᠤ᠂ ᠪᠢᠳᠡᠨ ᠢ ᠰᠡᠳᠬᠢᠯ ᠢ ᠳᠤᠭᠳᠤᠯᠦᠭᠤᠯᠳᠠᠭ᠃ 》ᠵᠠᠩ ᠵᠢᠶᠠᠨ ᠬᠡᠯᠡᠭᠰᠡᠨ ᠨᠢ᠄《ᠰᠢᠬᠦᠮᠵᠢᠯᠡᠯ ᠡᠴᠡ ᠰᠢᠬᠦᠬᠦ ᠬᠤᠷᠢᠶ᠎ᠠ ᠶᠢ ᠬᠠᠯᠠᠮᠵᠢᠯᠠᠵᠤ ᠳᠡᠮᠵᠢᠬᠦ ᠪᠤᠯᠵᠤ ᠂ ᠢᠳᠡᠪᠬᠢᠳᠠᠢ ᠪᠠᠷ ᠰᠢᠬᠦᠬᠦ ᠬᠤᠷᠢᠶᠠᠨ ᠳᠤ ᠳᠤᠯᠭᠠᠷᠠᠵᠤ ᠪᠠᠢᠭ᠎ᠠ ᠬᠦᠴᠢᠷᠳᠡᠯ ᠢ ᠤᠷᠢᠶᠠᠯᠠᠵᠤ ᠂ ᠡᠨᠡ ᠪᠤᠯ ᠴᠢᠩ ᠰᠡᠳᠬᠢᠯ ᠢᠶᠡᠷ ᠬᠠᠷᠢᠯᠴᠠᠵᠤ ᠬᠠᠷᠢᠯᠴᠠᠨ ᠦᠢᠯᠡᠳᠦᠯᠭᠡᠵᠢᠭᠦᠯᠦᠭᠰᠡᠨ   ᠡᠴᠡ ᠡᠭᠦᠰᠦᠭᠰᠡᠨ ᠴᠢᠨᠠᠷ ᠤᠨ ᠬᠤᠪᠢᠷᠠᠯᠳᠠ ᠂ ᠰᠢᠬᠦᠬᠦ ᠬᠤᠷᠢᠶᠠᠨ ᠤ ᠬᠦᠭᠵᠢᠯᠲᠡ ᠶᠢᠨ ᠰᠠᠭᠤᠷᠢᠨ ᠳᠡᠭᠡᠷᠡᠬᠢ ᠠᠵᠢᠯ ᠤᠨ ᠠᠮᠵᠢᠯᠲᠠ ᠳᠡᠭᠡᠷ᠎ᠠ ᠪᠤᠢ ᠪᠤᠯᠭᠰᠠᠨ ᠶᠤᠮ᠃》

    ᠦᠷ᠎ᠡ ᠪᠦᠲᠦᠮᠵᠢ ᠶᠢ ᠬᠤᠪᠢᠷᠠᠭᠤᠯᠬᠤ ᠶᠢ ᠴᠢᠬᠤᠯᠠᠴᠢᠯᠠᠬᠤ ᠬᠡᠷᠡᠭᠲᠡᠢ

 

     ᠠᠨᠾᠦ᠋ᠢ ᠮᠤᠵᠢ ᠶᠢᠨ ᠠᠷᠠᠳ ᠤᠨ ᠲᠥᠯᠦᠭᠡᠯᠡᠭᠴᠢ ᠢᠦᠢ ᠶᠢᠩ ᠶᠢᠩ ᠬᠡᠯᠡᠭᠰᠡᠨ ᠨᠢ᠄《ᠮᠤᠵᠢ ᠶᠢᠨ ᠠᠷᠠᠳ ᠤᠨ ᠳᠡᠭᠡᠳᠦ ᠵᠡᠷᠬᠡ ᠶᠢᠨ ᠰᠢᠬᠦᠬᠦ ᠬᠤᠷᠢᠶ᠎ᠠ ᠮᠢᠨᠤ ᠰᠠᠨᠠᠭᠤᠯᠭ᠎ᠠ ᠶᠢ ᠮᠠᠰᠢ ᠲᠦᠷᠭᠡᠨ ᠬᠠᠷᠢᠭᠤ ᠦᠭᠭᠦᠭᠰᠡᠨ ᠨᠢ ᠰᠠᠨᠠᠭᠠᠨ ᠳᠤ ᠦᠬᠡᠢ ᠂ ᠠᠵᠢᠯ ᠨᠢ ᠡᠢᠮᠦ ᠪᠡᠯᠡᠨ ᠪᠠᠢᠵᠤ ᠂ ᠪᠢ ᠮᠠᠰᠢ ᠬᠠᠨᠤᠮᠵᠢᠲᠠᠢ ᠂ ᠰᠢᠬᠦᠬᠦ ᠬᠤᠷᠢᠶᠠᠨ ᠤ ᠠᠵᠢᠯ  ᠳᠤ ᠰᠠᠢᠨ ᠦᠨᠡᠯᠡᠯᠲᠡ ᠥᠭᠭᠦᠨ᠎ᠡ᠃》ᠠᠨᠾᠦ᠋ᠢ ᠮᠤᠵᠢ ᠶᠢᠨ ᠠᠷᠪᠠᠨ ᠬᠤᠶᠠᠳᠤᠭᠠᠷ ᠬᠤᠭᠤᠴᠠᠭᠠᠨ ᠤ ᠠᠷᠠᠳ ᠤᠨ ᠲᠥᠯᠦᠭᠡᠯᠡᠭᠴᠢᠳ ᠦᠨ ᠶᠡᠬᠡ ᠬᠤᠷᠠᠯ ᠤᠨ ᠵᠢᠷᠭᠤᠳᠤᠭᠠᠷ ᠬᠤᠷᠠᠯᠳᠤᠭᠠᠨ ᠤ ᠰᠢᠬᠦᠬᠦ ᠬᠤᠷᠢᠶᠠᠨ ᠤ ᠠᠵᠢᠯ ᠢ ᠬᠢᠨᠠᠯᠲᠠ  ᠶᠢᠨ ᠮᠡᠳᠡᠭᠦᠯᠦᠯᠲᠡ  ᠶᠢᠨ ᠦᠶ᠎ᠠ ᠳᠤ ᠂ ᠲᠡᠷᠡ ᠰᠠᠨᠠᠭᠤᠯᠤᠭᠰᠠᠨ ᠨᠢ᠂ ᠬᠢᠯᠢᠰ ᠬᠡᠷᠡᠭ ᠪᠤᠷᠤᠭᠤ  ᠶᠢᠨ ᠬᠠᠷᠢᠭᠤᠴᠠᠯᠭ᠎ᠠ ᠶᠢ ᠨᠡᠬᠡᠮᠵᠢᠯᠡᠬᠦ ᠡᠷᠴᠢᠮ ᠢ ᠴᠢᠩᠭᠠᠳᠭᠠᠬᠤ ᠂ ᠨᠠᠰᠤᠨ ᠳᠤ ᠦᠯᠦ ᠬᠦᠷᠦᠭᠰᠡᠳ ᠦᠨ ᠶᠠᠯᠠᠳᠤ ᠠᠵᠢᠯᠯᠠᠭ᠎ᠠ ᠶᠢ ᠰᠡᠷᠭᠡᠢᠯᠡᠬᠦ ᠠᠵᠢᠯ ᠢ ᠴᠢᠩᠭᠠᠳᠬᠠᠨ᠎ᠠ ᠃ ᠲᠡᠭᠦᠨ ᠦ ᠰᠠᠨᠠᠭᠠᠨ ᠳᠤ ᠪᠠᠢᠭᠰᠠᠨ ᠦᠬᠡᠢ ᠨᠢ ᠂ ᠳᠤᠬᠠᠢ ᠶᠢᠨ ᠡᠳᠦᠷ ᠠᠨᠾᠦ᠋ᠢ ᠮᠤᠵᠢ ᠶᠢᠨ ᠠᠷᠠᠳ ᠤᠨ ᠳᠡᠭᠡᠲᠦ ᠵᠡᠷᠬᠡ ᠶᠢᠨ ᠰᠢᠬᠦᠬᠦ ᠬᠤᠷᠢᠶᠠᠨ ᠤ ᠳᠡᠳ᠋ ᠲᠢᠩᠬᠢᠮ ᠦᠨ ᠳᠡᠰ ᠦᠨ ᠰᠢᠬᠦᠨ ᠳᠠᠰᠤᠯᠤᠭᠴᠢ ᠳᠠᠨ ᠮᠸᠢ ᠳᠤᠰ ᠬᠤᠶᠠᠷ ᠠᠰᠠᠭᠤᠯᠳᠠ ᠶᠢᠨ ᠬᠠᠷᠢᠭᠤ ᠶᠢ ᠳᠤᠰᠪᠠ ᠃

    ᠠᠨᠾᠦ᠋ᠢ ᠮᠤᠵᠢ ᠶᠢᠨ ᠠᠷᠠᠳ ᠤᠨ ᠳᠡᠭᠡᠳᠦ ᠵᠡᠷᠬᠡ ᠶᠢᠨ ᠰᠢᠬᠦᠬᠦ ᠬᠤᠷᠢᠶ᠎ᠠ ᠲᠥᠯᠦᠭᠡᠯᠡᠭᠴᠢ ᠶᠢᠨ ᠰᠠᠨᠠᠭᠤᠯᠭ᠎ᠠ ᠶᠢ ᠰᠢᠢᠳᠪᠦᠷᠢᠯᠡᠬᠦ  ᠶᠢ ᠰᠠᠨᠠᠭᠠᠴᠢᠯᠠᠭ᠎ᠠ  ᠠᠴᠠ ᠠᠷᠠᠳ ᠤᠨ ᠲᠥᠯᠦᠭᠡᠯᠡᠭᠴᠢ ᠶᠢᠨ ᠬᠢᠨᠠᠨᠯᠲᠠ ᠶᠢ ᠬᠦᠯᠢᠶᠡᠬᠦ ᠂ ᠰᠢᠬᠦᠬᠦ ᠬᠤᠷᠢᠶᠠᠨ ᠤ ᠠᠵᠢᠯ ᠢ ᠰᠠᠢᠵᠢᠷᠠᠭᠤᠯᠬᠤ ᠂ ᠠᠵᠢᠯ ᠤᠨ ᠪᠦᠲᠦᠮᠵᠢ ᠶᠢ ᠳᠡᠭᠡᠭᠰᠢᠯᠡᠬᠦᠯᠬᠦ ᠂ ᠬᠠᠤᠯᠢ ᠴᠠᠭᠠᠵᠠ ᠶᠢᠨ ᠢᠳᠡᠬᠡᠬᠦᠯᠬᠦ ᠬᠦᠴᠦᠨ ᠢ ᠳᠡᠭᠡᠭᠰᠢᠯᠡᠭᠦᠯᠬᠦ ᠴᠢᠬᠤᠯᠠ ᠠᠵᠢᠯ ᠢᠶᠠᠷ ᠦᠵᠡᠪᠡ ᠃ ᠨᠢᠬᠡᠨ ᠪᠦᠬᠦᠯᠢ ᠴᠤᠭᠴᠠ ᠰᠠᠨᠠᠭᠤᠯᠭ᠎ᠠ ᠰᠢᠢᠳᠪᠦᠷᠢᠯᠡᠬᠦ ᠠᠵᠢᠯ ᠤᠨ ᠪᠠᠢᠭᠤᠯᠤᠮᠵᠢ ᠶᠢ ᠪᠠᠢᠭᠤᠯᠵᠤ ᠂ ᠠᠵᠢᠯ ᠤᠨ ᠴᠢᠳᠠᠮᠵᠢ ᠪᠠᠷ ᠬᠤᠪᠢᠶᠠᠷᠯᠠᠨ ᠲᠥᠯᠦᠭᠡᠯᠡᠭᠴᠢ ᠶᠢᠨ ᠰᠠᠨᠠᠭᠤᠯᠭ᠎ᠠ  ᠶᠢ ᠰᠢᠢᠳᠪᠦᠷᠢᠯᠡᠬᠦ ᠳᠦ ᠤᠳᠤᠷᠢᠳᠤᠯᠭ᠎ᠠ ᠬᠠᠷᠢᠭᠤᠴᠠᠬᠤ ᠂ ᠰᠢᠰᠲ᠋ᠧᠮ ᠢᠶᠡᠷ ᠬᠠᠮᠢᠶᠠᠷᠬᠤ ᠵᠠᠷᠴᠢᠮ ᠢ ᠪᠠᠷᠢᠮᠳᠠᠯᠠᠵᠤ ᠂ ᠰᠠᠨᠠᠭᠤᠯᠭ᠎ᠠ  ᠶᠢ ᠰᠢᠢᠳᠪᠦᠷᠢᠯᠡᠬᠦ ᠠᠵᠢᠯ ᠤᠨ ᠴᠢᠨᠠᠷ ᠪᠠ ᠪᠦᠲᠦᠮᠵᠢ ᠶᠢ ᠪᠠᠳᠤᠯᠠᠨ᠎ᠠ ᠃

    ᠠᠨᠾᠦ᠋ᠢ ᠮᠤᠵᠢ ᠶᠢᠨ ᠠᠷᠠᠳ ᠤᠨ ᠳᠡᠭᠡᠳᠦ ᠵᠡᠷᠬᠡ ᠶᠢᠨ ᠰᠢᠬᠦᠬᠦ ᠬᠤᠷᠢᠶᠠᠨ ᠤ ᠳᠡᠳ᠋ ᠬᠤᠷᠢᠶᠠᠨ ᠳᠠᠷᠤᠭ᠎ᠠ ᠱᠢ ᠳ᠋ᠸ ᠾᠸ ᠬᠡᠯᠡᠭᠰᠡᠨ ᠨᠢ᠄《ᠲᠥᠯᠦᠭᠡᠯᠡᠭᠴᠢ ᠶᠢᠨ ᠰᠠᠨᠠᠭᠤᠯᠭ᠎ᠠ ᠶᠢ ᠰᠢᠢᠳᠪᠦᠷᠢᠯᠡᠬᠦ ᠂ ᠰᠢᠢᠳᠪᠦᠷᠢᠯᠡᠬᠦ ᠪᠤᠯ ᠶᠠᠪᠤᠴᠠ ᠂ ᠨᠠᠢᠳᠠᠪᠤᠷᠢᠵᠢᠭᠤᠯᠬᠤ ᠪᠤᠯ ᠬᠠᠷᠠᠯᠳᠠ ᠮᠦᠨ ᠃》

     ᠠᠨᠾᠦ᠋ᠢ ᠮᠤᠵᠢ ᠶᠢᠨ ᠠᠷᠪᠠᠨ ᠬᠤᠶᠠᠳᠤᠭᠠᠷ ᠬᠤᠭᠤᠴᠠᠭᠠᠨ ᠤ ᠠᠷᠠᠳ ᠤᠨ ᠲᠥᠯᠦᠭᠡᠯᠡᠭᠴᠢᠳ ᠦᠨ ᠶᠡᠬᠡ ᠬᠤᠷᠠᠯ ᠤᠨ ᠠᠷᠪᠠᠨ ᠳᠥᠷᠪᠡᠳᠦᠭᠡᠷ ᠬᠤᠷᠠᠯᠳᠤᠭᠠᠨ ᠳᠡᠭᠡᠷ᠎ᠠ᠂ ᠮᠠ ᠠᠨ ᠱᠠᠨ ᠬᠤᠳᠠ ᠶᠢᠨ ᠲᠥᠯᠦᠭᠡᠯᠡᠭᠴᠢ ᠶᠢᠨ ᠪᠦᠯᠬᠦᠮ ᠦᠨ ᠶᠢᠨ ᠰᠢᠶᠠᠩ ᠳ᠋ᠦᠩ ᠰᠠᠨᠠᠭᠤᠯᠭ᠎ᠠ ᠳᠤᠷᠠᠳᠴᠤ ᠄《ᠰᠢᠬᠦᠬᠦ ᠬᠤᠷᠢᠶᠠᠨ ᠤ ᠰᠢᠰᠲ᠋ᠧᠮ ᠲᠤᠬᠠᠢᠯᠠᠭᠰᠠᠨ ᠠᠵᠢᠯ ᠤᠨ ᠤᠬᠠᠮᠰᠠᠷ ᠤᠨ ᠰᠤᠷᠭᠠᠨ ᠬᠦᠮᠦᠵᠢᠯ ᠢ ᠴᠢᠩᠭᠠᠳᠭᠠᠬᠤ ᠬᠡᠷᠡᠭᠲᠡᠢ᠃ 》

    ᠠᠨᠾᠦ᠋ᠢ ᠮᠤᠵᠢ ᠶᠢᠨ ᠠᠷᠠᠳ ᠤᠨ ᠳᠡᠭᠡᠳᠦ ᠵᠡᠷᠬᠡ ᠶᠢᠨ ᠰᠢᠬᠦᠬᠦ ᠬᠤᠷᠢᠶ᠎ᠠ ᠶᠢᠨ ᠰᠢᠶᠠᠩ ᠳ᠋ᠦᠩ  ᠲᠥᠯᠦᠭᠡᠯᠡᠭᠴᠢ ᠶᠢᠨ ᠰᠠᠨᠠᠭᠤᠯᠭ᠎ᠠ ᠶᠢ ᠳᠤᠩ ᠴᠢᠬᠤᠯᠴᠢᠯᠠᠪᠠ ᠃ ᠬᠠᠷᠢᠭᠤᠴᠠᠯᠭ᠎ᠠ ᠨᠡᠬᠡᠮᠵᠢᠯᠡᠬᠦ ᠡᠷᠴᠢᠮ ᠢ ᠨᠡᠮᠡᠭᠳᠡᠬᠦᠯᠵᠦ ᠂ ᠰᠢᠭᠦᠭᠴᠢ ᠶᠢᠨ ᠤᠬᠠᠮᠰᠠᠷ ᠢ ᠳᠡᠭᠡᠭᠰᠢᠯᠡᠭᠦᠯᠵᠦ ᠂ ᠰᠢᠬᠦᠨ ᠳᠠᠰᠤᠯᠤᠯᠲᠠ ᠶᠢᠨ ᠴᠢᠨᠠᠷ ᠢ ᠳᠡᠭᠡᠭᠰᠢᠯᠡᠭᠦᠯᠵᠦ ᠂ ᠬᠠᠤᠯᠢ ᠴᠠᠭᠠᠵᠠ ᠶᠢᠨ ᠠᠷᠢᠭᠤᠨ ᠴᠢᠬᠡᠴᠢ ᠶᠢ ᠳᠡᠭᠡᠭᠰᠢᠯᠡᠭᠦᠯᠬᠦ ᠶᠢᠨ ᠲᠦᠯᠦᠭᠡ ᠂ ᠠᠨᠾᠦ᠋ᠢ ᠮᠤᠵᠢ ᠶᠢᠨ ᠠᠷᠠᠳ ᠤᠨ ᠳᠡᠭᠡᠳᠦ ᠵᠡᠷᠬᠡ ᠶᠢᠨ ᠰᠢᠬᠦᠬᠦ ᠬᠤᠷᠢᠶ᠎ᠠ ᠳᠤᠰᠬᠠᠢᠯᠠᠨ《ᠠᠨᠾᠦ᠋ᠢ ᠮᠤᠵᠢ ᠶᠢᠨ ᠠᠷᠠᠳ ᠤᠨ ᠳᠡᠭᠡᠳᠦ ᠵᠡᠷᠬᠡ ᠶᠢᠨ ᠰᠢᠬᠦᠬᠦ ᠬᠤᠷᠢᠶ᠎ᠠ ᠪᠤᠷᠤᠭᠤ ᠬᠡᠷᠡᠭ ᠦᠨ ᠬᠠᠷᠢᠭᠤᠴᠠᠯᠭ᠎ᠠ ᠨᠡᠬᠡᠮᠵᠢᠯᠡᠬᠦ ᠲᠦᠷ ᠬᠡᠷᠡᠭᠯᠡᠬᠦ ᠠᠷᠭ᠎ᠠ》ᠭᠠᠷᠭᠠᠵᠤ ᠂ ᠪᠦᠬᠦ ᠮᠤᠵᠢ ᠶᠢᠨ ᠡᠯ᠎ᠠ ᠱᠠᠳᠤᠨ ᠤ ᠰᠢᠬᠦᠬᠦ ᠬᠤᠷᠢᠶ᠎ᠠ ᠪᠤᠷᠤᠭᠤ ᠬᠡᠷᠡᠭ ᠦᠨ ᠬᠠᠷᠢᠭᠤᠴᠠᠯᠭ᠎ᠠ ᠨᠡᠬᠡᠮᠵᠢᠯᠡᠬᠦ ᠤᠳᠤᠷᠢᠳᠬᠤ ᠵᠤᠬᠢᠶᠠᠨ ᠪᠠᠢᠭᠤᠯᠤᠯᠲᠠ ᠪᠠᠢᠭᠤᠯᠬᠤ ᠶᠢ ᠱᠠᠭᠠᠷᠳᠠᠵᠤ ᠂ ᠭᠤᠤᠯ ᠰᠢᠬᠦᠬᠦ ᠰᠢᠬᠦᠭᠴᠢ ᠂ ᠬᠠᠮᠳᠤᠷᠠᠨ ᠵᠥᠪᠯᠡᠯᠳᠦᠬᠦ ᠲᠢᠩᠬᠢᠮ ᠦᠨ ᠬᠡᠰᠢᠬᠦᠨ ᠂ ᠰᠢᠬᠦᠨ ᠳᠠᠰᠤᠯᠠᠬᠤ ᠬᠡᠰᠢᠬᠦᠨ ᠦ ᠪᠤᠷᠤᠭᠤ ᠬᠡᠷᠡᠭ ᠳᠡᠬᠢ ᠡᠬᠦᠷᠭᠡᠯᠡᠬᠦ ᠶᠤᠰᠤᠳᠠᠢ ᠭᠤᠤᠯ ᠬᠠᠷᠢᠭᠤᠴᠠᠯᠭ᠎ᠠ ᠪᠠ ᠳᠡᠳ᠋ ᠬᠠᠷᠢᠭᠤᠴᠠᠯᠭ᠎ᠠ ᠶᠢ ᠲᠣᠭᠲᠠᠭᠠᠵᠤ ᠂ ᠬᠡᠷᠡᠭ ᠬᠠᠷᠢᠭᠤᠴᠠᠨ ᠰᠢᠢᠳᠪᠦᠷᠢᠯᠡᠭᠰᠡᠨ ᠬᠦᠮᠦᠨ ᠬᠤᠯᠤ ᠳᠠᠷᠢᠵᠤ ᠬᠤᠳᠠᠯ ᠬᠡᠯᠡᠬᠦ ᠪᠤᠶᠤ ᠭᠤᠤᠯ ᠬᠡᠷᠡᠭᠴᠢ ᠶᠢ ᠬᠡᠬᠡᠭᠳᠡᠭᠰᠡᠨ᠂ ᠲᠦᠷᠢᠮ ᠳᠤᠭᠳᠠᠭᠠᠯ ᠢ ᠵᠦᠷᠢᠴᠡᠭᠰᠡᠨ ᠬᠡᠷᠡᠭ ᠰᠢᠢᠳᠪᠦᠷᠢᠯᠡᠬᠦ  ᠶᠢ ᠨᠦᠯᠦᠭᠡᠯᠡᠵᠦ ᠪᠤᠷᠤᠭᠤ ᠬᠡᠷᠡᠭ ᠪᠤᠯᠭᠠᠭᠰᠠᠨ  ᠳᠤ ᠪᠤᠳᠠᠳᠠᠢ ᠳᠤᠭᠳᠠᠭᠠᠯ ᠭᠠᠷᠭᠠᠪᠠ ᠃

     ᠴᠦᠵᠸᠤ ᠬᠤᠳᠠ  ᠠᠴᠠ ᠢᠷᠡᠭᠰᠡᠨ ᠮᠤᠵᠢ ᠶᠢᠨ ᠠᠷᠠᠳ ᠤᠨ ᠲᠥᠯᠦᠭᠡᠯᠡᠭᠴᠢᠳ ᠦᠨ ᠶᠡᠬᠡ ᠬᠤᠷᠠᠯ ᠤᠨ ᠲᠥᠯᠦᠭᠡᠯᠡᠭᠴᠢ ᠸᠠᠩ ᠯᠸᠢ ᠠᠨᠾᠦ᠋ᠢ ᠮᠤᠵᠢ ᠶᠢᠨ ᠠᠷᠪᠠᠨ ᠬᠤᠶᠠᠳᠤᠭᠠᠷ ᠬᠤᠭᠤᠴᠠᠭᠠᠨ ᠤ ᠠᠷᠠᠳ ᠤᠨ ᠲᠥᠯᠦᠭᠡᠯᠡᠭᠴᠢᠳ ᠦᠨ ᠶᠡᠬᠡ ᠬᠤᠷᠠᠯ ᠤᠨ ᠵᠢᠷᠭᠤᠳᠤᠭᠠᠷ ᠬᠤᠷᠠᠯᠳᠤᠭᠠᠨ ᠳᠡᠬᠡᠷ᠎ᠠ᠂ 《ᠮᠤᠵᠢ ᠶᠢᠨ ᠬᠠᠷᠢᠶᠠᠳᠤ ᠬᠤᠳᠠᠨ  ᠤ ᠭᠤᠤᠯ ᠬᠤᠳᠠ ᠶᠢᠨ ᠳᠤᠭᠤᠷᠢᠭ ᠤᠨ ᠦᠨᠳᠦᠰᠦᠨ ᠱᠠᠳᠤᠨ ᠤ ᠰᠢᠬᠦᠬᠦ ᠬᠤᠷᠢᠶᠠᠨ  ᠳᠤ ᠳᠤᠷᠰᠢᠯᠲᠠ ᠶᠢᠨ ᠴᠡᠭ ᠪᠠᠢᠭᠤᠯᠵᠤ ᠠᠯᠪᠠᠨ ᠬᠡᠷᠡᠴᠢᠯᠡᠭᠴᠢ ᠤᠷᠤᠯᠴᠠᠬᠤ <ᠤᠯᠠᠨ ᠡᠰᠢᠲᠦ ᠵᠢᠭᠤᠷᠠᠯᠳᠤᠭᠠᠨ ᠢ ᠰᠢᠢᠳᠪᠦᠷᠢᠯᠡᠬᠦ ᠪᠠᠢᠭᠤᠯᠤᠮᠵᠢ ᠰᠦᠪᠡᠭᠴᠢᠯᠡᠬᠦ  ᠦᠢᠯᠡᠴᠢᠯᠡᠭᠡᠨ ᠢ ᠰᠠᠭᠤᠷᠢᠨ ᠭᠠᠵᠠᠷ ᠪᠠᠢᠭᠤᠯᠬᠤ> ᠳᠤᠬᠠᠢ》ᠰᠠᠨᠠᠯ ᠳᠤᠷᠠᠳᠪᠠ᠃ ᠠᠨᠾᠦ᠋ᠢ ᠮᠤᠵᠢ ᠶᠢᠨ ᠠᠷᠠᠳ ᠤᠨ ᠳᠡᠭᠡᠳᠦ ᠵᠡᠷᠬᠡ ᠶᠢᠨ ᠰᠢᠬᠦᠬᠦ ᠬᠤᠷᠢᠶ᠎ᠠ ᠤᠷᠢᠳ ᠬᠤᠵᠢᠳ ᠬᠤᠶᠠᠷ ᠤᠳᠠᠭ᠎ᠠ ᠸᠠᠩ ᠯᠸᠢ ᠲᠥᠯᠦᠭᠡᠯᠡᠭᠴᠢ ᠶᠢ ᠤᠷᠢᠵᠤ ᠤᠯᠠᠨ ᠡᠰᠢᠳᠦ ᠵᠢᠭᠤᠷᠠᠯᠳᠤᠭᠠᠨ ᠮᠠᠷᠭᠤᠯᠳᠤᠭᠠᠨ ᠢ ᠰᠢᠢᠳᠪᠦᠷᠢᠯᠡᠬᠦ ᠪᠠᠢᠭᠤᠯᠤᠮᠵᠢ ᠪᠦᠲᠦᠭᠡᠨ ᠪᠠᠢᠭᠤᠯᠬᠤ ᠠᠵᠢᠯ ᠤᠨ ᠳᠤᠰᠬᠠᠢ ᠰᠡᠳᠦᠪᠲᠦ ᠪᠠᠢᠴᠠᠭᠠᠨ ᠰᠤᠳᠤᠯᠤᠯᠲᠠ ᠳᠤ ᠤᠷᠤᠯᠴᠠᠭᠤᠯᠪᠠ ᠃ ᠴᠦᠵᠸᠦ ᠬᠤᠳᠠ ᠶᠢᠨ ᠠᠷᠠᠳ ᠤᠨ ᠳᠤᠮᠳᠠ ᠵᠡᠷᠬᠡ ᠶᠢᠨ ᠰᠢᠬᠦᠬᠦ ᠬᠤᠷᠢᠶ᠎ᠠ ᠸᠠᠩ ᠯᠸᠢ ᠶᠢᠨ ᠰᠠᠨᠠᠯ ᠢ ᠬᠦᠯᠢᠶᠡᠵᠦ ᠂ ᠬᠠᠮᠤᠭ ᠲᠡᠷᠢᠬᠦᠨ ᠳᠦ《ᠠᠯᠪᠠᠨ ᠬᠡᠷᠡᠴᠢᠯᠡᠬᠦ ᠪᠠᠢᠭᠤᠯᠤᠮᠵᠢ ᠤᠯᠠᠨ ᠡᠰᠢᠲᠦ ᠵᠢᠭᠤᠷᠠᠯᠳᠤᠭᠠᠨ ᠰᠢᠢᠳᠪᠦᠷᠢᠯᠡᠬᠦ ᠪᠠᠢᠭᠤᠯᠤᠮᠵᠢ ᠶᠢᠨ ᠳᠤᠷᠰᠢᠯᠲᠠ ᠶᠢᠨ ᠴᠡᠭ ᠦᠨ ᠠᠵᠢᠯ ᠤᠨ ᠳᠤᠬᠠᠢ ᠲᠦᠰᠦᠪ  》ᠨᠡᠢᠳᠡᠯᠡᠵᠦ ᠂ ᠨᠠᠨ ᠴᠢᠶᠤᠤ ᠳᠤᠭᠤᠷᠢᠭ ᠤᠨ ᠰᠢᠬᠦᠬᠦ ᠬᠤᠷᠢᠶ᠎ᠠ ᠶᠢ ᠳᠤᠷᠰᠢᠯᠲᠠ ᠶᠢᠨ ᠴᠡᠭ ᠰᠢᠬᠦᠬᠦ ᠬᠤᠷᠢᠶ᠎ᠠ ᠪᠤᠯᠭᠠᠵᠤ ᠂ ᠴᠦᠵᠸᠦ ᠬᠤᠳᠠ ᠶᠢᠨ ᠠᠯᠪᠠᠨ ᠭᠡᠷᠡᠴᠢᠯᠡᠬᠦ ᠭᠠᠵᠠᠷ ᠨᠠᠨ ᠴᠢᠶᠤᠤ ᠳᠤᠭᠤᠷᠢᠭ ᠤᠨ ᠰᠢᠬᠦᠬᠦ ᠬᠤᠷᠢᠶᠠᠨ ᠳᠤ ᠰᠠᠭᠤᠭ᠎ᠠ ᠠᠵᠢᠯ ᠤᠨ ᠦᠷᠳᠡᠭᠡ ᠵᠢᠴᠢ ᠨᠠᠨ ᠴᠢᠶᠤᠤ ᠳᠤᠭᠤᠷᠢᠭ ᠤᠨ ᠠᠷᠠᠳ ᠤᠨ ᠰᠢᠬᠦᠬᠦ ᠬᠤᠷᠢᠶ᠎ᠠ ᠠᠯᠪᠠᠨ ᠭᠡᠷᠡᠴᠢᠯᠡᠬᠦ ᠭᠠᠵᠠᠷ  ᠲᠤ ᠰᠠᠭᠤᠭ᠎ᠠ ᠰᠢᠬᠦᠭᠴᠢ ᠶᠢᠨ ᠠᠵᠢᠯ ᠤᠨ ᠦᠷᠳᠡᠭᠡ ᠶᠢ ᠫᠠᠢᠰᠠ ᠡᠯᠬᠦᠨ ᠪᠠᠢᠭᠤᠯᠪᠠ ᠃

     ᠣᠢᠯᠭᠠᠯᠲᠠ  ᠶᠢ ᠦᠨᠳᠦᠰᠦᠯᠡᠪᠡᠯ ᠂ 2015 ᠤᠨ  ᠠᠴᠠ  2016 ᠤᠨ ᠪᠤᠯᠳᠠᠯ᠎ᠠ᠂ ᠠᠨᠾᠦ᠋ᠢ ᠮᠤᠵᠢ ᠶᠢᠨ ᠠᠷᠠᠳ ᠤᠨ ᠳᠡᠭᠡᠳᠦ ᠵᠡᠷᠬᠡ ᠶᠢᠨ ᠰᠢᠬᠦᠬᠦ ᠬᠤᠷᠢᠶᠠᠨ ᠤ ᠲᠥᠯᠦᠭᠡᠯᠡᠭᠴᠢ ᠶᠢᠨ ᠰᠠᠨᠠᠭᠤᠯᠭ᠎ᠠ  ᠶᠢ ᠭᠤᠤᠯᠠᠨ ᠰᠢᠢᠳᠪᠦᠷᠢᠯᠡᠭᠰᠡᠨ 26 ᠂ ᠬᠠᠪᠰᠤᠷᠴᠤ ᠰᠢᠢᠳᠪᠦᠷᠢᠯᠡᠭᠰᠡᠨ 9 ᠂ ᠴᠠᠭ ᠳᠤᠬᠠᠢ  ᠳᠤ ᠨᠢ ᠬᠠᠷᠢᠭᠤ ᠥᠭᠭᠦᠭᠰᠡᠨ ᠨᠤᠷᠮ᠎ᠠ 100% ᠪᠠᠢᠵᠤ ᠂ ᠰᠠᠨᠠᠯ ᠳᠤᠷᠠᠳᠤᠭᠰᠠᠨ ᠲᠥᠯᠦᠭᠡᠯᠡᠭᠴᠢ ᠠᠨᠾᠦ᠋ᠢ ᠮᠤᠵᠢ ᠶᠢᠨ ᠠᠷᠠᠳ ᠤᠨ ᠳᠡᠭᠡᠳᠦ ᠵᠡᠷᠬᠡ ᠶᠢᠨ ᠰᠢᠬᠦᠬᠦ ᠬᠤᠷᠢᠶᠠᠨ ᠰᠠᠨᠠᠭᠤᠯᠭ᠎ᠠ ᠰᠢᠢᠳᠪᠦᠷᠢᠯᠡᠬᠦ ᠠᠵᠢᠯ ᠤᠨ ᠬᠠᠨᠤᠮᠵᠢ 100%᠃

 

     ᠣᠢᠯᠭᠠᠯᠲᠠ ᠳᠡᠮᠵᠢᠯᠭᠡ ᠶᠢ ᠨᠡᠮᠡᠭᠳᠡᠭᠦᠯᠦᠨ᠎ᠡ

     ᠪᠠᠢᠴᠠᠭᠠᠬᠤ ᠠᠵᠢᠯ ᠨᠢ ᠴᠤᠬᠤᠮ ᠲᠥᠯᠦᠭᠡᠯᠡᠭᠴᠢ   ᠳᠦ ᠶᠠᠭᠤ ᠦᠵᠡᠬᠦᠯᠬᠦ᠂ ᠶᠠᠭᠠᠬᠢᠵᠤ ᠦᠵᠡᠪᠡᠯ ᠰᠠᠶᠢ ᠦᠷ᠎ᠠ ᠪᠦᠲᠦᠮᠵᠢ ᠳᠠᠢ ᠪᠤᠢ᠂ ᠡᠭᠦᠨ ᠦ ᠲᠦᠯᠦᠭᠡ ᠂ ᠠᠨᠾᠦ᠋ᠢ ᠮᠤᠵᠢ ᠶᠢᠨ ᠠᠷᠠᠳ  ᠤᠨ ᠳᠡᠭᠡᠳᠦ ᠵᠡᠷᠬᠡ ᠶᠢᠨ ᠰᠢᠬᠦᠬᠦ ᠬᠤᠷᠢᠶ᠎ᠠ 《ᠲᠥᠯᠦᠭᠡᠯᠡᠭᠴᠢ ᠬᠡᠰᠢᠬᠦᠨ ᠰᠢᠬᠦᠬᠦ ᠬᠤᠷᠢᠶ᠎ᠠ ᠶᠢ ᠦᠵᠡᠬᠦ》ᠬᠥᠳᠡᠯᠭᠡᠭᠡᠨ ᠰᠦᠪᠡᠭᠴᠢᠯᠡᠨ ᠭᠠᠷᠭᠠᠵᠤ ᠂ ᠭᠠᠵᠠᠷ ᠤᠷᠤᠨ ᠠᠯᠤᠰᠯᠠᠨ ᠳᠤᠰᠬᠠᠢ ᠪᠠᠢᠴᠠᠭᠠᠯᠲᠠ ᠵᠤᠬᠢᠶᠠᠨ ᠪᠠᠢᠭᠤᠯᠵᠤ ᠂ ᠲᠥᠯᠦᠭᠡᠯᠡᠭᠴᠢᠳ ᠨᠡᠩ ᠬᠠᠨᠳᠤᠯᠭᠠᠲᠤ ᠴᠢᠨᠠᠷ ᠳᠠᠢ ᠰᠢᠬᠦᠬᠦ ᠬᠤᠷᠢᠶᠠᠨ ᠤ ᠠᠵᠢᠯ ᠢ ᠬᠢᠨᠠᠬᠤ ᠪᠠ ᠳᠡᠮᠵᠢᠬᠦ ᠳᠦ ᠨᠦᠬᠦᠴᠡᠯ ᠪᠤᠢ ᠪᠤᠯᠭᠠᠨ᠎ᠠ ᠃

      2015 ᠤᠨ ᠳᠤ ᠂ ᠠᠨᠾᠦ᠋ᠢ ᠮᠤᠵᠢ ᠶᠢᠨ ᠠᠷᠠᠳ ᠤᠨ ᠲᠥᠯᠦᠭᠡᠯᠡᠭᠴᠢᠳ ᠶᠡᠬᠡ ᠬᠤᠷᠠᠯ ᠤᠨ ᠪᠠᠢᠩᠭᠤ ᠶᠢᠨ ᠬᠤᠷᠢᠶ᠎ᠠ ᠂ ᠠᠨᠾᠦ᠋ᠢ ᠮᠤᠵᠢ ᠶᠢᠨ ᠠᠷᠠᠳ ᠤᠨ ᠳᠡᠭᠡᠳᠦ ᠵᠡᠷᠬᠡ ᠶᠢᠨ ᠰᠢᠬᠦᠬᠦ ᠬᠤᠷᠢᠶ᠎ᠠ ᠬᠤᠶᠠᠷ ᠤᠳᠠᠭ᠎ᠠ ᠬᠠᠮᠳᠤᠪᠡᠷ 《ᠠᠷᠠᠳ ᠤᠨ ᠲᠥᠯᠦᠭᠡᠯᠡᠭᠴᠢᠳ ᠭᠠᠵᠠᠷ ᠠᠯᠤᠰᠯᠠᠨ ᠰᠢᠬᠦᠬᠦ ᠬᠤᠷᠢᠶ᠎ᠠ ᠶᠢ ᠪᠠᠢᠴᠠᠭᠠᠬᠤ》ᠬᠥᠳᠡᠯᠭᠡᠭᠡᠨ ᠵᠤᠬᠢᠶᠠᠨ ᠪᠠᠢᠭᠤᠯᠤᠨ ᠦᠷᠨᠢᠬᠦᠯᠪᠡ ᠃ ᠪᠦᠬᠦ ᠵᠢᠯ ᠳᠦ ᠨᠡᠢᠲᠡ 12 ᠨᠡᠷᠡᠰ ᠪᠦᠬᠦ ᠤᠯᠤᠰ ᠤᠨ ᠠᠷᠠᠳ ᠤᠨ ᠲᠥᠯᠦᠭᠡᠯᠡᠭᠴᠢᠳ ᠦᠨ ᠶᠡᠬᠡ ᠬᠤᠷᠠᠯ ᠲᠥᠯᠦᠭᠡᠯᠡᠭᠴᠢ᠂ 207 ᠮᠤᠵᠢ ᠶᠢᠨ ᠠᠷᠠᠳ ᠤᠨ ᠲᠥᠯᠦᠭᠡᠯᠡᠭᠴᠢᠳ ᠦᠨ ᠶᠡᠬᠡ ᠬᠤᠷᠠᠯ ᠤᠨ ᠲᠥᠯᠦᠭᠡᠯᠡᠭᠴᠢ ᠳᠤᠰ ᠬᠥᠳᠡᠯᠭᠡᠭᠡᠨ ᠳᠦ ᠤᠷᠤᠯᠴᠠᠵᠤ ᠂ ᠰᠢᠬᠦᠬᠦ ᠬᠤᠷᠢᠶᠠᠨ ᠤ ᠠᠵᠢᠯ ᠳᠤ ᠪᠤᠳᠠᠳᠠᠢ ᠣᠢᠯᠭᠠᠯᠲᠠ ᠳᠠᠢ ᠪᠤᠯᠪᠠ᠃

     2016 ᠤᠨ ᠳᠤ ᠂ ᠠᠨᠾᠦ᠋ᠢ ᠮᠤᠵᠢ ᠶᠢᠨ ᠠᠷᠠᠳ ᠤᠨ ᠳᠡᠭᠡᠳᠦ ᠵᠡᠷᠬᠡ ᠶᠢᠨ ᠰᠢᠬᠦᠬᠦ ᠳᠠᠬᠢᠨᠳᠠ ᠰᠢᠨ᠎ᠠ ᠶᠢ ᠡᠭᠦᠳᠦᠨ ᠂ 《ᠠᠷᠠᠳ ᠤᠨ ᠲᠥᠯᠦᠭᠡᠯᠡᠭᠴᠢ ᠰᠢᠬᠦᠬᠦ ᠬᠤᠷᠢᠶ᠎ᠠ ᠶᠢ ᠦᠵᠡᠬᠦ》 ᠶᠢ ᠦᠷᠭᠡᠳᠬᠡᠨ《ᠲᠥᠯᠦᠭᠡᠯᠡᠭᠴᠢ ᠬᠡᠰᠢᠬᠦᠨ ᠰᠢᠬᠦᠬᠦ ᠬᠤᠷᠢᠶ᠎ᠠ ᠶᠢ ᠦᠵᠡᠬᠦ》ᠪᠤᠯᠭᠠᠵᠤ ᠂ ᠤᠷᠢᠳ ᠬᠤᠵᠢᠳ ᠭᠤᠷᠪᠠ ᠤᠳᠠᠭ᠎ᠠ ᠮᠤᠵᠢ ᠶᠢᠨ ᠠᠷᠠᠳ ᠤᠨ ᠲᠥᠯᠦᠭᠡᠯᠡᠭᠴᠢᠳ ᠦᠨ ᠶᠡᠬᠡ ᠬᠤᠷᠠᠯ  ᠤᠨ ᠪᠠᠢᠩᠭᠤ ᠶᠢᠨ ᠬᠤᠷᠢᠶ᠎ᠠ᠂ ᠮᠤᠵᠢ ᠶᠢᠨ ᠤᠯᠤᠰ ᠲᠦᠷᠦ ᠶᠢᠨ ᠵᠥᠪᠯᠡᠭᠡᠨ ᠳᠠᠢ ᠬᠠᠮᠳᠤ 54 ᠠᠨᠾᠦ᠋ᠢ ᠳᠦ ᠰᠠᠭᠤᠭ᠎ᠠ ᠪᠦᠬᠦ ᠤᠯᠤᠰ ᠤᠨ ᠠᠷᠠᠳ ᠤᠨ ᠲᠥᠯᠦᠭᠡᠯᠡᠭᠴᠢᠳ ᠦᠨ ᠶᠡᠬᠡ ᠬᠤᠷᠠᠯ ᠤᠨ ᠲᠥᠯᠦᠭᠡᠯᠡᠭᠴᠢ ᠂ ᠪᠦᠬᠦ ᠤᠯᠤᠰ ᠤᠨ ᠤᠯᠤᠰ ᠲᠦᠷᠦ ᠶᠢᠨ ᠵᠥᠪᠯᠡᠭᠡᠨ ᠦ ᠬᠡᠰᠢᠬᠦᠨ ᠂ ᠮᠤᠵᠢ ᠶᠢᠨ ᠠᠷᠠᠳ ᠤᠨ ᠲᠥᠯᠦᠭᠡᠯᠡᠭᠴᠢᠳ ᠦᠨ ᠶᠡᠬᠡ ᠬᠤᠷᠠᠯ ᠤᠨ ᠲᠥᠯᠦᠭᠡᠯᠡᠭᠴᠢ᠂ ᠮᠤᠵᠢ ᠶᠢᠨ ᠤᠯᠤᠰ ᠲᠦᠷᠦ ᠶᠢᠨ ᠵᠥᠪᠯᠡᠭᠡᠨ ᠦ ᠬᠡᠰᠢᠬᠦᠨ ᠢ ᠵᠤᠬᠢᠶᠠᠨ ᠪᠠᠢᠭᠤᠯᠵᠤ ᠂ ᠡᠦ ᠬᠤ᠂ ᠹᠦ᠋ ᠶᠠᠩ ᠂ ᠮᠠ ᠠᠨ ᠱᠠᠨ ᠬᠤᠳᠠ  ᠶᠢᠨ ᠰᠢᠬᠦᠬᠦ ᠬᠤᠷᠢᠶᠠᠨ ᠳᠤ ᠭᠦᠨᠵᠡᠭᠡᠢᠷᠡᠨ ᠂ ᠮᠡᠳᠡᠯᠭᠡ ᠶᠢᠨ ᠪᠦᠲᠦᠭᠳᠡᠭᠦᠨ ᠦ ᠡᠷᠬᠡ ᠶᠢ ᠬᠠᠮᠠᠭᠠᠯᠠᠬᠤ ᠂ ᠬᠣᠣᠷᠠᠲᠤ ᠡᠳ᠋ ᠦᠨ ᠶᠠᠯᠠᠳᠤ ᠠᠵᠢᠯᠯᠠᠭ᠎ᠠ ᠶᠢ ᠶᠠᠯᠠᠳᠠᠬᠤ ᠂ ᠤᠯᠠᠨ ᠡᠰᠢᠲᠦ ᠵᠢᠭᠤᠷᠠᠯᠳᠤᠭᠠᠨ ᠰᠢᠢᠳᠪᠦᠷᠢᠯᠡᠬᠦ ᠪᠠᠢᠭᠤᠯᠤᠮᠵᠢ ᠶᠢᠨ ᠥᠭᠡᠷᠡᠴᠢᠯᠡᠯᠲᠡ ᠵᠡᠷᠬᠡ ᠠᠵᠢᠯ ᠢ ᠳᠤᠰᠬᠠᠢ ᠪᠠᠢᠴᠠᠭᠠᠨ ᠦᠵᠡᠪᠡ ᠃

     ᠠᠨᠾᠦ᠋ᠢ ᠮᠤᠵᠢ ᠶᠢᠨ ᠠᠷᠠᠳ ᠤᠨ ᠲᠥᠯᠦᠭᠡᠯᠡᠭᠴᠢᠳ ᠦᠨ ᠶᠡᠬᠡ ᠬᠤᠷᠠᠯ ᠤᠨ ᠪᠠᠢᠩᠭᠤ ᠶᠢᠨ ᠬᠤᠷᠢᠶᠠᠨ ᠤ ᠠᠵᠢᠯᠳᠠᠨ ᠤ ᠶᠠᠪᠤᠳᠠᠯ ᠤᠨ ᠲᠥᠯᠦᠭᠡᠯᠡᠭᠴᠢ  ᠶᠢᠨ ᠳᠡᠳ᠋ ᠲᠡᠷᠢᠭᠦᠯᠡᠭᠴᠢ ᠸᠸᠢ ᠳ᠋ᠠ ᠸᠸᠢ ᠬᠡᠯᠡᠭᠰᠡᠨ ᠨᠢ ᠄《ᠭᠤᠷᠪᠠ ᠤᠳᠠᠭᠠᠨ ᠤ ᠳᠤᠰᠬᠠᠢ ᠰᠡᠳᠦᠪᠲᠦ ᠪᠠᠢᠴᠠᠭᠠᠯᠲᠠ ᠨᠢ ᠪᠦᠷ ᠠᠷᠠᠳ ᠲᠦᠮᠡᠨ ᠦ ᠠᠩᠬᠠᠷᠴᠤ ᠪᠠᠢᠭ᠎ᠠ ᠬᠠᠤᠯᠢ ᠴᠠᠭᠠᠵᠠ ᠶᠢᠨ ᠬᠠᠯᠠᠮ ᠴᠡᠭ ᠂ ᠬᠦᠴᠢᠷᠳᠡᠯ ᠠᠰᠠᠭᠤᠳᠠᠯ ᠪᠠᠢᠵᠤ ᠂ ᠬᠡᠯᠪᠡᠷᠢ ᠰᠢᠨ᠎ᠠ ᠂ ᠠᠭᠤᠯᠭ᠎ᠠ ᠪᠠᠶᠠᠯᠢᠭ ᠂ ᠲᠥᠯᠦᠭᠡᠯᠡᠭᠴᠢ ᠰᠢᠬᠦᠬᠦ ᠬᠤᠷᠢᠶᠠᠨ ᠤ ᠳᠤᠬᠠᠢ ᠣᠢᠯᠭᠠᠯᠲᠠ ᠂ ᠳᠡᠮᠵᠢᠯᠭᠡ  ᠶᠢ ᠨᠡᠮᠡᠭᠳᠡᠬᠦᠯᠵᠦ ᠂ ᠲᠥᠯᠦᠭᠡᠯᠡᠭᠴᠢ ᠬᠠᠨᠳᠤᠯᠭᠠᠳᠤ ᠴᠢᠨᠠᠷ ᠳᠠᠢ ᠬᠠᠤᠯᠢ ᠴᠠᠭᠠᠵᠠ ᠶᠢᠨ ᠠᠵᠢᠯ ᠢ ᠬᠢᠨᠠᠬᠤ ᠳᠤ ᠠᠰᠢᠭᠳᠠᠢ ᠪᠠᠢᠳᠠᠭ ᠃》

      ᠪᠠᠢᠴᠠᠭᠠᠯᠲᠠ ᠳᠤ ᠤᠷᠤᠯᠴᠠᠬᠤ ᠳᠤᠰᠬᠠᠢ ᠮᠡᠷᠭᠡᠵᠢᠯᠲᠡᠨ ᠲᠥᠯᠦᠭᠡᠯᠡᠭᠴᠢ ᠤᠯᠠᠰᠢᠷᠠᠬᠤ ᠶᠢ ᠳᠠᠭᠠᠯᠳᠤᠨ ᠂ ᠲᠥᠯᠦᠭᠡᠯᠡᠭᠴᠢ ᠬᠡᠰᠢᠬᠦᠨ ᠳᠤᠷᠠᠳᠬᠤ ᠦᠵᠡᠯᠲᠡ ᠨᠢ ᠤᠯᠠᠮ ᠳᠤᠰᠬᠠᠢ ᠂ ᠣᠨᠤᠪᠴᠢᠲᠠᠢ ᠪᠤᠯᠤᠭᠰᠠᠨ ᠪᠠᠢᠨ᠎ᠠ ᠃ ᠡᠦ ᠬᠤ ᠰᠢᠬᠦᠬᠦ ᠬᠤᠷᠢᠶᠠᠨ ᠤ ᠮᠡᠳᠡᠯᠬᠡ ᠶᠢᠨ ᠪᠦᠲᠦᠭᠡᠭᠳᠡᠬᠦᠨ ᠦ ᠡᠷᠬᠡ ᠶᠢ ᠬᠠᠮᠠᠭᠠᠯᠠᠬᠤ ᠠᠵᠢᠯ  ᠢ ᠪᠠᠢᠴᠠᠭᠠᠭᠰᠠᠨ ᠤ ᠳᠠᠷᠠᠭ᠎ᠠ ᠂ 《ᠡᠷᠬᠡ ᠬᠠᠮᠠᠭᠠᠯᠠᠬᠤ ᠦᠷᠳᠡᠭ ᠦᠨᠳᠦᠷ ᠪᠠ ᠲᠥᠯᠦᠪᠦᠷᠢᠯᠡᠬᠦ ᠳᠤᠭ᠎ᠠ ᠳᠤᠤᠷ᠎ᠠ ᠪᠠᠢᠬᠤ》᠂ ᠡᠨᠡᠬᠦ ᠬᠤᠶᠠᠷ ᠶᠡᠬᠡ ᠮᠡᠳᠡᠯᠬᠡ ᠶᠢᠨ ᠪᠦᠲᠦᠭᠡᠭᠳᠡᠬᠦᠨ ᠦ ᠡᠷᠬᠡ ᠬᠠᠮᠠᠭᠠᠯᠠᠬᠤ ᠨᠢ ᠳᠤᠳᠠᠮᠠᠭ ᠪᠠᠢᠬᠤ ᠲᠣᠪᠤᠢᠮ᠎ᠠ ᠠᠰᠠᠭᠤᠳᠠᠯ ᠨᠢ ᠪᠦᠬᠦ ᠤᠯᠤᠰ ᠤᠨ ᠠᠷᠠᠳ ᠤᠨ ᠲᠥᠯᠦᠭᠡᠯᠡᠭᠴᠢᠳ ᠦᠨ ᠶᠡᠬᠡ ᠬᠤᠷᠠᠯ ᠤᠨ ᠲᠥᠯᠦᠭᠡᠯᠡᠭᠴᠢ ᠂ ᠡᠦ ᠬᠤ ᠰᠢᠨ ᠰᠢᠩ ᠬᠣᠭᠤᠯᠠᠢ ᠴᠢᠳᠬᠤᠬᠤ ᠺᠤᠮᠫᠠᠨᠢ ᠶᠢᠨ ᠪᠤᠯᠤᠳ ᠬᠠᠳᠠᠬᠤ ᠬᠡᠯᠳᠡᠰ ᠦᠨ ᠳᠠᠷᠤᠭ᠎ᠠ  ᠶᠢᠨ ᠲᠤᠰᠠᠯᠠᠭᠴᠢ ᠲᠤᠤ ᠴᠢᠶᠦ᠋ᠨ ᠨᠠᠨ ᠤ ᠠᠩᠬᠠᠷᠤᠯ ᠢ ᠳᠠᠳᠠᠪᠠ ᠃ ᠲᠡᠷᠡ ᠰᠠᠨᠠᠭᠤᠯᠤᠭᠰᠠᠨ ᠨᠢ ᠂ ᠬᠠᠤᠯᠢ ᠴᠠᠭᠠᠵᠠ ᠮᠡᠳᠡᠯᠭᠡ  ᠶᠢᠨ ᠪᠦᠲᠦᠭᠡᠭᠳᠡᠬᠦᠨ ᠦ ᠡᠷᠬᠡ ᠶᠢ ᠬᠠᠮᠠᠭᠠᠯᠠᠬᠤ ᠭᠣᠣᠯᠯᠠᠬᠤ ᠪᠠ ᠰᠠᠭᠤᠷᠢ ᠶᠢᠨ ᠴᠢᠨᠠᠷ ᠳᠠᠢ ᠦᠢᠯᠳᠦᠯ ᠢ ᠢᠯᠡᠷᠡᠭᠦᠯᠬᠦ ᠶᠢᠨ ᠲᠦᠯᠦᠭᠡ᠂ ᠰᠢᠬᠦᠬᠦ ᠬᠤᠷᠢᠶ᠎ᠠ ᠪᠦᠬᠦ ᠳᠠᠯ᠎ᠠ ᠪᠠᠷ ᠲᠥᠯᠦᠪᠦᠷᠢᠯᠡᠬᠦ ᠵᠠᠷᠴᠢᠮ ᠢ ᠪᠠᠷᠢᠮᠳᠠᠯᠠᠨ᠎ᠠ ᠃ ᠣᠨᠴᠠᠭᠠᠢᠯᠠᠨ ᠵᠦᠢ ᠪᠤᠰᠤ ᠪᠠᠷ ᠡᠷᠬᠡ ᠳᠦ ᠬᠠᠯᠳᠠᠭᠰᠠᠨ ᠠᠵᠢᠯᠯᠠᠭ᠎ᠠ ᠳᠤ ᠬᠤᠬᠢᠷᠠᠯ ᠲᠥᠯᠦᠪᠦᠷᠢᠯᠡᠬᠦ ᠡᠷᠴᠢᠮ ᠢ ᠴᠢᠩᠭᠠᠳᠭᠠᠵᠤᠰ᠂ ᠲᠤᠰ ᠲᠦᠷᠦᠯ ᠦᠨ ᠵᠦᠢ ᠪᠤᠰᠤ ᠡᠷᠬᠡ ᠳᠦ ᠬᠠᠯᠳᠠᠬᠤ ᠠᠵᠢᠯᠯᠠᠭ᠎ᠠ ᠶᠢ ᠴᠢᠩᠭ᠎ᠠ ᠴᠤᠬᠢᠯᠳᠠ ᠦᠭᠴᠦ ᠂ ᠦᠷᠬᠦᠯᠵᠢᠯᠡᠨ ᠡᠬᠦᠰᠬᠦ ᠡᠷᠬᠡ ᠳᠦ ᠬᠠᠯᠳᠠᠬᠤ ᠡᠭᠦᠰᠬᠦ ᠶᠢ ᠪᠠᠭᠠᠰᠬᠠᠨ᠎ᠠ ᠃

     ᠹᠦ᠋ ᠶᠠᠩ᠂ ᠯᠢᠨ ᠴᠢᠶᠤᠸᠠᠨ ᠤ ᠰᠢᠬᠦᠬᠦ ᠬᠤᠷᠢᠶᠠᠨ ᠤ ᠬᠣᠣᠷᠠᠲᠤ ᠡᠳ᠋  ᠦᠨ ᠶᠠᠯᠠᠳᠤ ᠠᠵᠢᠯᠯᠠᠭ᠎ᠠ  ᠶᠢ ᠶᠠᠯᠠᠳᠠᠬᠤ ᠠᠵᠢᠯ ᠢ ᠪᠠᠢᠴᠠᠭᠠᠭᠰᠠᠨ ᠤ ᠳᠠᠷᠠᠭ᠎ᠠ ᠂ ᠲᠥᠯᠦᠭᠡᠯᠡᠭᠴᠢ ᠬᠡᠰᠢᠬᠦᠨ  ᠦ ᠦᠵᠡᠬᠦ ᠪᠡᠷ ᠂ ᠬᠣᠣᠷᠠᠲᠤ ᠡᠳ᠋  ᠢ ᠴᠠᠭᠠᠵᠢᠯᠠᠬᠤ ᠪᠤᠯ ᠨᠢᠬᠡᠨ ᠰᠢᠰᠲ᠋ᠧᠮ ᠢᠨᠵᠧᠨᠧᠷᠢᠩ᠂ ᠬᠠᠤᠯᠢ ᠴᠠᠭᠠᠵᠠ ᠂ ᠵᠠᠰᠠᠭ ᠵᠠᠬᠢᠷᠭ᠎ᠠ ᠂ ᠠᠵᠤ ᠠᠬᠤᠢ ᠂ ᠰᠤᠷᠭᠠᠨ ᠬᠦᠮᠦᠵᠢᠯ ᠵᠡᠷᠬᠡ  ᠠᠷᠭ᠎ᠠ ᠬᠡᠮᠵᠢᠶ᠎ᠠ  ᠶᠢ ᠨᠢᠭᠡᠳᠬᠡᠨ ᠬᠡᠷᠡᠭᠯᠡᠵᠦ ᠂ ᠤᠷᠳᠤ ᠬᠤᠭᠤᠴᠠᠭᠠᠨ ᠤ ᠪᠦᠲᠦᠮᠵᠢᠲᠦ ᠪᠠᠢᠭᠤᠯᠤᠮᠵᠢ ᠪᠤᠢ ᠪᠤᠯᠭᠠᠵᠤ ᠂ ᠬᠣᠣᠷᠠᠲᠤ ᠡᠳ᠋ ᠴᠠᠭᠠᠵᠠᠯᠠᠬᠤ ᠦᠷ᠎ᠠ ᠪᠦᠲᠦᠮᠵᠢ ᠶᠢ ᠥᠷᠭᠡᠳᠭᠡᠨ᠎ᠡ ᠃ ᠠᠨᠾᠦ᠋ᠢ ᠮᠤᠵᠢ ᠶᠢᠨ ᠠᠷᠠᠳ ᠤᠨ ᠲᠥᠯᠦᠭᠡᠯᠡᠭᠴᠢᠳ ᠦᠨ ᠶᠡᠬᠡ ᠬᠤᠷᠠᠯ ᠤᠨ ᠲᠥᠯᠦᠭᠡᠯᠡᠭᠴᠢ ᠯᠢ ᠲᠤᠤ ᠴᠦᠨ ᠳᠤᠷᠠᠳᠤᠭᠰᠠᠨ ᠨᠢ ᠂ ᠠᠷᠠᠳ  ᠤᠨ ᠲᠥᠯᠦᠭᠡᠯᠡᠭᠴᠢ ᠪᠣᠯᠤᠭᠰᠠᠨ  ᠤ ᠬᠤᠪᠢ ᠳᠤ ᠂ ᠬᠠᠷᠢᠭᠤᠴᠠᠯᠭ᠎ᠠ ᠡᠬᠦᠷᠭᠡᠯᠡᠬᠦ ᠪᠡᠨ ᠴᠢᠩᠭᠠᠳᠭᠠᠵᠤ ᠂ ᠬᠣᠣᠷᠠᠲᠤ ᠡᠳ᠋ ᠴᠠᠭᠠᠵᠠᠯᠠᠬᠤ ᠠᠵᠢᠯ ᠤᠨ ᠤᠬᠠᠭᠤᠯᠤᠭᠴᠢ ᠪᠤᠯᠵᠤ ᠂ ᠠᠷᠠᠳ ᠲᠦᠮᠡᠨ ᠦ ᠬᠣᠣᠷ᠎ᠠ  ᠶᠢ ᠰᠡᠷᠬᠡᠢᠯᠡᠬᠦ ᠬᠤᠤᠷ᠎ᠠ ᠶᠢ ᠳᠡᠪᠴᠢᠬᠦ ᠤᠬᠠᠮᠰᠠᠷ ᠢ ᠳᠡᠭᠡᠭᠰᠢᠯᠡᠭᠦᠯᠬᠦ ᠪᠡᠷ ᠴᠢᠷᠮᠠᠢᠨ᠎ᠠ ᠃

     ᠲᠥᠯᠦᠭᠡᠯᠡᠭᠴᠢ ᠬᠡᠰᠢᠬᠦᠨ ᠮᠠ ᠠᠨ ᠱᠠᠨ ᠰᠢᠬᠦᠬᠦ ᠬᠤᠷᠢᠶᠠᠨ ᠤ ᠤᠯᠠᠨ ᠡᠰᠢᠲᠦ ᠵᠢᠭᠤᠷᠠᠯᠳᠤᠭᠠᠨ ᠰᠢᠢᠳᠪᠦᠷᠢᠯᠡᠬᠦ ᠳᠠᠪᠴᠠᠩ ᠢ ᠪᠠᠢᠴᠠᠭᠠᠨ ᠦᠵᠡᠬᠦ ᠪᠡᠷ ᠳᠠᠮᠵᠢᠵᠤ ᠂ ᠮᠠ ᠠᠨ ᠱᠠᠨ ᠰᠢᠬᠦᠬᠦ ᠬᠤᠷᠢᠶᠠᠨ ᠤ ᠠᠮᠢᠳᠤᠯᠢᠭ ᠦᠢᠯᠡᠳᠦᠯᠭᠡ ᠨᠢ ᠤᠯᠠᠨ ᠡᠰᠢᠲᠦ ᠵᠢᠭᠤᠷᠠᠯᠳᠤᠭᠠᠨ ᠰᠢᠢᠳᠪᠦᠷᠢᠯᠡᠬᠦ ᠪᠠᠢᠭᠤᠯᠤᠮᠵᠢ ᠶᠢᠨ ᠥᠭᠡᠷᠡᠴᠢᠯᠡᠯᠲᠡ ᠶᠢᠨ ᠦᠷᠭᠡᠨ ᠦ ᠬᠡᠮᠵᠢᠶ᠎ᠠ ᠪᠠ ᠬᠦᠨ ᠦ ᠬᠡᠮᠵᠢᠶ᠎ᠡ ᠶᠢ ᠡᠯᠪᠡᠭᠵᠢᠬᠦᠯᠪᠡ ᠃ ᠠᠨᠾᠦ᠋ᠢ ᠮᠤᠵᠢ ᠶᠢᠨ ᠠᠷᠠᠳ ᠤᠨ ᠲᠥᠯᠦᠭᠡᠯᠡᠭᠴᠢ ᠡᠦ ᠷᠦᠢ ᠂ ᠸᠠᠩ ᠯᠸᠢ ᠰᠠᠨᠠᠭᠤᠯᠤᠭᠰᠠᠨ ᠨᠢ ᠂ ᠨᠦᠬᠦᠴᠡᠯ ᠪᠦᠷᠢᠳᠦᠭᠰᠡᠨ ᠦᠶᠡᠰ ᠤᠯᠠᠨ ᠡᠰᠢᠲᠦ ᠵᠢᠭᠤᠷᠠᠯᠳᠤᠭᠠᠨ ᠰᠢᠢᠳᠪᠦᠷᠢᠯᠡᠬᠦ ᠪᠠᠢᠭᠤᠯᠤᠮᠵᠢ ᠶᠢᠨ ᠭᠠᠵᠠᠷ ᠤᠷᠤᠨ ᠤ ᠴᠢᠨᠠᠷ ᠳᠠᠢ ᠬᠠᠤᠯᠢ ᠳᠤᠭᠳᠠᠭᠠᠯ ᠭᠠᠷᠭᠠᠵᠤ ᠂ ᠤᠯᠠᠨ ᠡᠰᠢᠲᠦ ᠵᠢᠭᠤᠷᠠᠯᠳᠤᠭᠠᠨ ᠰᠢᠢᠳᠪᠦᠷᠢᠯᠡᠬᠦ ᠪᠠᠢᠭᠤᠯᠤᠮᠵᠢ ᠶᠢᠨ ᠥᠭᠡᠷᠡᠴᠢᠯᠡᠯᠲᠡ ᠨᠢ ᠬᠠᠤᠯᠢ ᠴᠠᠭᠠᠵᠠ ᠶᠢᠨ ᠵᠠᠮ ᠳᠡᠭᠡᠷ᠎ᠠ ᠡᠷᠡᠭᠦᠯ ᠢᠶᠡᠷ ᠬᠦᠭᠵᠢᠬᠦ ᠶᠢ ᠲᠦᠯᠬᠢᠨ ᠠᠬᠢᠭᠤᠯᠤᠨ᠎ᠠ ᠃

      ᠴᠦᠬᠡᠨ ᠪᠤᠰᠤ ᠲᠥᠯᠦᠭᠡᠯᠡᠭᠴᠢ ᠬᠡᠰᠢᠬᠦᠨ ᠢᠯᠡᠳᠭᠡᠭᠰᠡᠨ ᠨᠢ ᠂ ᠳᠤᠰᠬᠠᠢ ᠰᠡᠳᠦᠪᠲᠦ ᠪᠠᠢᠴᠠᠭᠠᠨ ᠦᠵᠡᠬᠦ ᠪᠡᠷ ᠳᠠᠮᠵᠢᠵᠤ ᠂ ᠤᠯᠠᠨ ᠲᠦᠮᠡᠨ ᠰᠢᠬᠦᠬᠦ ᠬᠤᠷᠢᠶᠠᠨ ᠤ ᠠᠵᠢᠯ ᠳᠤ ᠦᠭᠬᠦ ᠬᠠᠮᠤᠭ ᠵᠢᠩᠬᠢᠨᠢ ᠰᠠᠨᠠᠯ ᠢ ᠰᠢᠬᠦᠬᠦ ᠬᠤᠷᠢᠶᠠᠨ ᠳᠤ ᠤᠷᠤᠭᠤᠯᠬᠤ ᠪᠠᠷ ᠪᠠᠷᠠᠬᠤ ᠦᠬᠡᠢ ᠪᠠᠰᠠ ᠰᠢᠬᠦᠬᠦ ᠬᠤᠷᠢᠶᠠᠨ ᠤ ᠰᠢᠬᠦᠭᠴᠢ ᠶᠢᠨ ᠰᠠᠨᠠᠭ᠎ᠠ ᠶᠢ ᠭᠠᠳᠠᠭᠰᠢ ᠳᠠᠮᠵᠢᠭᠤᠯᠵᠤ ᠂ ᠦᠪᠡᠷ ᠦᠨ ᠳᠤᠷᠠᠳᠤᠭᠰᠠᠨ ᠰᠠᠨᠠᠯ ᠂ ᠳᠤᠷᠠᠳᠤᠯᠭ᠎ᠠ ᠨᠡᠩ ᠢᠯᠡᠬᠦᠦ ᠬᠦᠴᠦᠯᠡᠬᠦ ᠴᠡᠭ ᠳᠠᠢ ᠂ ᠬᠠᠨᠳᠤᠯᠭᠠᠳᠤ ᠴᠢᠨᠠᠷ ᠳᠠᠢ ᠂ ᠦᠪᠡᠷ ᠦᠨ ᠡᠬᠦᠷᠭᠡ ᠪᠡᠨ ᠬᠦᠢᠴᠡᠳᠬᠡᠬᠦ ᠴᠢᠳᠠᠪᠤᠷᠢ ᠪᠠ ᠬᠢᠷᠢ ᠲᠦᠪᠰᠢᠨ ᠢ ᠳᠡᠭᠡᠭᠰᠢᠯᠡᠭᠦᠯᠪᠡ᠃

ᠦᠨᠡᠯᠡᠬᠦ 0ᠦᠨᠡᠯᠡᠯᠲᠡ ᠲᠠᠢ


( ᠨᠧᠲ ᠨᠠᠢᠵᠠ ᠵᠢᠨ ᠦᠨᠡᠯᠡᠯᠲᠡ ᠨᠢ ᠵᠦᠪᠭᠡᠨ ᠲᠡᠭᠦᠨ ᠊ᠤ᠌ ᠬᠤᠪᠢ ᠭᠦᠮᠦᠨ ᠊ᠤ᠌ ᠦᠵᠡᠯᠲᠡ ᠲᠡᠳᠦᠢ᠂ ᠲᠤᠰ ᠨᠧᠲ ᠦᠷᠳᠡᠭᠡ ᠲᠡᠭᠦᠨ ᠊ᠤ᠌ ᠦᠵᠡᠯᠲᠡ ᠵᠢ ᠵᠦᠪᠰᠢᠶᠡᠷᠡᠭᠰᠡᠨ ᠶᠠᠪᠤᠳᠠᠯ ᠤᠭᠳᠤ ᠪᠢᠰᠢ ᠶᠤᠮ᠃ )