——ᠠᠷᠠᠳ ᠤᠨ ᠳᠡᠭᠡᠳᠦ ᠵᠡᠷᠬᠡ ᠶᠢᠨ ᠰᠢᠬᠦᠬᠦ ᠬᠤᠷᠢᠶᠠᠨ ᠤ ᠬᠠᠤᠯᠢ ᠴᠠᠭᠠᠵᠠ ᠶᠢᠨ ᠥᠭᠡᠷᠡᠴᠢᠯᠡᠯᠲᠡ ᠶᠢᠨ ᠠᠯᠪᠠᠨ ᠬᠡᠷ ᠦᠨ ᠡᠷᠬᠢᠯᠡᠭᠴᠢ ᠬᠤ ᠱᠢ ᠬᠤᠤ ᠶᠢ ᠰᠤᠷᠪᠤᠯᠵᠢᠯᠠᠭᠰᠠᠨ
ᠰᠢᠬᠦᠭᠴᠢ ᠶᠢᠨ ᠤᠷᠤᠨ ᠳᠤᠭᠠᠨ ᠤ ᠲᠦᠷᠢᠮ ᠦᠨ ᠥᠭᠡᠷᠡᠴᠢᠯᠡᠯᠲᠡ ᠪᠤᠯ ᠨᠠᠮ ᠤᠨ ᠠᠷᠪᠠᠨ ᠨᠠᠢ᠍ᠮᠠᠳᠤᠭᠠᠷ ᠬᠤᠭᠤᠴᠠᠭᠠᠨ ᠲᠦᠪ ᠬᠤᠷᠢᠶᠠᠨ ᠤ ᠭᠤᠷᠪᠠᠳᠤᠭᠠᠷ᠂ ᠳᠥᠷᠪᠡᠳᠦᠭᠡᠷ ᠪᠦᠬᠦᠳᠡ ᠬᠤᠷᠠᠯ ᠳᠡᠭᠡᠷ᠎ᠠ ᠳᠤᠭᠳᠠᠭᠰᠠᠨ ᠴᠢᠬᠤᠯᠠ ᠥᠭᠡᠷᠡᠴᠢᠯᠡᠯᠲᠡ ᠶᠢᠨ ᠰᠢᠢᠳᠪᠦᠷᠢ ᠮᠦᠨ ᠂ ᠤᠳᠤᠬᠠᠨ ᠤ ᠠᠷᠠᠳ ᠤᠨ ᠰᠢᠬᠦᠬᠦ ᠬᠤᠷᠢᠶᠠᠨ ᠤ ᠬᠠᠤᠯᠢ ᠴᠠᠭᠠᠵᠠ ᠶᠢᠨ ᠪᠠᠢᠭᠤᠯᠤᠯ ᠤᠨ ᠥᠭᠡᠷᠡᠴᠢᠯᠡᠯᠲᠡ ᠶᠢᠨ ᠴᠢᠬᠤᠯᠠ ᠠᠷᠭ᠎ᠠ ᠪᠠᠷᠢᠯ᠂ ᠪᠦᠬᠦ ᠳᠠᠯ᠎ᠠ ᠪᠠᠷ ᠬᠠᠤᠯᠢ ᠴᠠᠭᠠᠵᠠ ᠶᠢᠨ ᠪᠠᠢᠭᠤᠯᠤᠯ ᠤᠨ ᠥᠭᠡᠷᠡᠴᠢᠯᠡᠯᠲᠡ ᠶᠢ ᠭᠦᠨᠵᠡᠭᠡᠢᠷᠡᠭᠦᠯᠬᠦ ᠳᠦ ᠰᠠᠭᠤᠷᠢ ᠦᠢᠯᠡᠳᠦᠯ ᠳᠠᠢ ᠶᠮ ᠃ ᠶᠠᠭᠤᠨ ᠳᠤ ᠡᠳᠡᠭᠡᠷ ᠥᠭᠡᠷᠡᠴᠢᠯᠡᠯᠲᠡ ᠶᠢ ᠶᠠᠪᠤᠭᠳᠠᠭᠤᠯᠬᠤ ᠪᠤᠢ᠂ ᠥᠭᠡᠷᠡᠴᠢᠯᠡᠯᠲᠡ ᠶᠢᠨ ᠶᠠᠪᠤᠴᠠ ᠶᠠᠮᠠᠷ ᠬᠡᠮᠵᠢᠶᠡᠨ ᠢᠶᠡᠷ ᠬᠦᠷᠦᠭᠰᠡᠨ ᠪᠤᠢ᠂ ᠳᠠᠷᠠᠭᠠᠴᠢ ᠶᠢᠨ ᠠᠯᠬᠤᠮ ᠳᠤ ᠶᠠᠭᠠᠬᠢᠵᠤ ᠭᠦᠨᠵᠡᠭᠡᠢᠷᠡᠭᠦᠯᠬᠦ ᠪᠤᠢ᠂ ᠣᠢᠷ᠎ᠠ ᠳᠤ ᠂ ᠰᠤᠷᠪᠤᠯᠵᠢᠯᠠᠭᠴᠢ ᠡᠳᠡᠭᠡᠷ ᠠᠰᠠᠭᠤᠳᠠᠯ ᠤᠨ ᠳᠤᠬᠠᠢ ᠠᠷᠠᠳ ᠤᠨ ᠳᠡᠭᠡᠳᠦ ᠵᠡᠷᠬᠡ ᠶᠢᠨ ᠰᠢᠬᠦᠬᠦ ᠬᠤᠷᠢᠶᠠᠨ ᠬᠠᠤᠯᠢ ᠴᠠᠭᠠᠵᠠ ᠶᠢᠨ ᠥᠭᠡᠷᠡᠴᠢᠯᠡᠯᠲᠡ ᠶᠢᠨ ᠠᠯᠪᠠᠨ ᠬᠡᠷ ᠦᠨ ᠡᠷᠬᠢᠯᠡᠭᠴᠢ ᠬᠤ ᠱᠢ ᠬᠤᠤ ᠶᠢ ᠰᠤᠷᠪᠤᠯᠵᠢᠯᠠᠪᠠ ᠃
ᠰᠤᠷᠪᠤᠯᠵᠢᠯᠠᠭᠴᠢ᠄ ᠶᠠᠭᠤᠨ ᠳᠤ ᠰᠢᠬᠦᠭᠴᠢ ᠶᠢᠨ ᠤᠷᠤᠨ ᠳᠤᠭᠠᠨ ᠤ ᠲᠦᠷᠢᠮ ᠦᠨ ᠥᠭᠡᠷᠡᠴᠢᠯᠡᠯᠲᠡ ᠶᠠᠪᠤᠭᠳᠠᠭᠤᠯᠬᠤ ᠪᠤᠢ︖
ᠬᠤ ᠱᠢ ᠬᠤᠤ᠄ ᠰᠢᠬᠦᠭᠴᠢ ᠶᠢᠨ ᠤᠷᠤᠨ ᠳᠤᠭᠠᠨ ᠤ ᠲᠦᠷᠢᠮ ᠦᠨ ᠥᠭᠡᠷᠡᠴᠢᠯᠡᠯᠲᠡ ᠨᠢ ᠤᠯᠤᠰ ᠠᠴᠠ ᠰᠢᠬᠦᠭᠴᠢ ᠶᠢᠨ ᠬᠢᠷᠢ ᠬᠡᠮ ᠦᠨ ᠲᠦᠷᠢᠮ ᠦᠨ ᠨᠤᠲᠠᠯᠠᠯᠲᠠ ᠶᠢ ᠬᠠᠷᠠᠭᠤᠯᠵᠤ ᠂ ᠰᠢᠬᠦᠭᠴᠢ ᠶᠢᠨ ᠲᠤᠰᠠᠭᠠᠷ ᠳᠤᠰᠢᠶᠠᠯ ᠤᠨ ᠳᠡᠰ ᠳᠠᠷᠠᠭᠠᠯᠠᠯ ᠪᠠ ᠴᠠᠯᠢᠩ ᠤᠨ ᠲᠦᠷᠢᠮ ᠦᠨ ᠥᠭᠡᠷᠡᠴᠢᠯᠡᠯᠲᠡ ᠶᠢᠨ ᠤᠷᠢᠳᠠᠯ᠂ ᠰᠢᠬᠦᠭᠴᠢ ᠶᠢᠨ ᠡᠩᠨᠡᠭᠡᠨ ᠦ ᠲᠤᠰᠬᠠᠢᠵᠢᠯᠲᠠ ᠂ ᠰᠢᠯᠢᠭᠳᠡᠭᠵᠢᠬᠦᠯᠲᠡ ᠶᠢᠨ ᠵᠠᠢᠯᠠᠰᠢ ᠦᠬᠡᠢ ᠵᠠᠮ ᠮᠦᠨ ᠃
ᠰᠢᠬᠦᠨ ᠳᠠᠰᠤᠯᠠᠬᠤ ᠡᠷᠬᠡ ᠪᠤᠯ ᠮᠠᠭᠠᠳᠯᠠᠬᠤ ᠡᠷᠬᠡ ᠪᠠ ᠳᠠᠰᠤᠯᠤᠨ ᠳᠤᠭᠳᠠᠭᠠᠬᠤ ᠡᠷᠬᠡ ᠮᠦᠨ ᠂ ᠰᠢᠬᠦᠭᠴᠢ ᠡᠷᠭᠡᠪᠰᠢ ᠬᠠᠤᠯᠢ ᠶᠤᠰᠤᠭᠠᠷ ᠵᠦᠪ ᠪᠤᠷᠤᠭᠤ ᠰᠢᠯᠤᠭᠤᠨ ᠭᠠᠵᠢᠭᠤ ᠶᠢ ᠲᠤᠰᠠᠭᠠᠷ ᠮᠠᠭᠠᠳᠯᠠᠵᠤ᠂ ᠲᠦᠪ ᠭᠤᠤᠯᠴᠢ ᠵᠦᠪ ᠶᠤᠰᠤ ᠶᠢ ᠬᠠᠮᠠᠭᠠᠯᠠᠨ᠎ᠠ ᠂ ᠡᠨᠡ ᠨᠢ ᠳᠡᠭᠡᠷ᠎ᠡ ᠳᠡᠰ ᠵᠠᠷᠯᠢᠭᠳᠠᠵᠤ ᠳᠣᠣᠷ᠎ᠠ ᠱᠠᠳᠤ ᠨᠢ ᠳᠠᠭᠠᠬᠤ ᠵᠠᠰᠠᠭ ᠵᠠᠬᠢᠷᠭᠠᠨ ᠤ ᠠᠵᠢᠯᠯᠠᠭ᠎ᠠ ᠳᠠᠢ ᠮᠦᠨ ᠴᠢᠨᠠᠷ ᠤᠨ ᠢᠯᠭᠠᠭ᠎ᠠ ᠳᠠᠢ ᠶᠤᠮ ᠃ ᠤᠯᠤᠰ ᠪᠠᠢᠭᠤᠯᠤᠮᠵᠢ ᠠᠴᠠ ᠰᠢᠬᠦᠭᠴᠢ ᠶᠢᠨ ᠬᠢᠷᠢ ᠬᠡᠮ ᠳᠦ ᠴᠢᠩᠭ᠎ᠠ ᠨᠤᠳᠠᠯᠠᠯᠲᠠ ᠶᠢ ᠱᠠᠭᠠᠷᠳᠠᠵᠤ ᠂ ᠰᠢᠬᠦᠭᠴᠢ ᠶᠢᠨ ᠳᠤᠭ᠎ᠠ ᠶᠢ ᠤᠷᠤᠨ ᠳᠤᠭ᠎ᠠ ᠪᠠᠷ ᠬᠢᠵᠠᠭᠠᠷᠯᠠᠵᠤ ᠂ ᠦᠨᠡᠨᠬᠦ ᠪᠠᠢᠭᠤᠯᠤᠮᠵᠢ ᠳᠡᠭᠡᠷ᠎ᠠ ᠠᠴᠠ ᠰᠢᠬᠦᠭᠴᠢ ᠪᠡᠷ ᠳᠠᠰᠤᠯᠤᠨ ᠳᠤᠭᠳᠠᠭᠠᠬᠤ ᠂ ᠰᠢᠭᠦᠭᠴᠢ ᠪᠡᠷ ᠬᠠᠷᠢᠭᠤᠴᠠᠭᠤᠯᠬᠤ ᠶᠢ ᠪᠠᠲᠤᠯᠠᠨ᠎ᠠ ᠃ ᠤᠳᠤᠬᠠᠨ ᠳᠤ ᠪᠦᠬᠦ ᠤᠯᠤᠰ ᠤᠨ ᠰᠢᠬᠦᠬᠦ ᠬᠤᠷᠢᠶ᠎ᠠ ᠰᠢᠭᠦᠭᠴᠢ ᠶᠢᠨ ᠬᠢᠷᠢ ᠬᠡᠮ ᠳᠠᠢ ᠪᠠᠷᠤᠭ 19.88 ᠲᠦᠮᠡᠨ ᠬᠦᠮᠦᠨ ᠪᠠᠢᠵᠤ ᠂ ᠬᠡᠪᠡᠴᠦ ᠡᠯ᠎ᠠ ᠵᠦᠢᠯ ᠦᠨ ᠳᠡᠤᠬᠡᠨ ᠰᠢᠯᠳᠠᠭᠠᠨ ᠪᠤᠯᠤᠨ ᠤᠳᠤ ᠪᠠᠢᠬᠤ ᠨᠦᠬᠦᠴᠡᠯ ᠳᠦ ᠬᠢᠵᠠᠭᠠᠷᠯᠠᠭᠳᠠᠵᠤ ᠂ 20 ᠭᠠᠷᠤᠢ ᠰᠢᠬᠦᠭᠴᠢ ᠶᠢᠨ ᠳᠤᠮᠳᠠ ᠂ ᠵᠠᠷᠢᠮ ᠰᠢᠭᠦᠭᠴᠢ ᠶᠢᠨ ᠬᠢᠷᠢ ᠬᠡᠮ ᠳᠠᠢ ᠪᠤᠯᠪᠠᠴᠤ ᠭᠣᠣᠯᠳᠠᠭᠤ ᠵᠠᠰᠠᠭ ᠵᠠᠬᠢᠷᠭᠠᠨ ᠤ ᠪᠠᠢᠷᠢᠨ ᠳᠤ ᠪᠠᠢᠵᠤ ᠤᠷᠳᠤ ᠬᠤᠭᠤᠴᠠᠭ᠎ᠠ ᠪᠠᠷ ᠬᠡᠷᠡᠭ ᠰᠢᠢᠳᠪᠦᠷᠢᠯᠡᠬᠦ ᠦᠬᠡᠢ ᠂ ᠵᠠᠷᠢᠮ ᠨᠢ ᠬᠠᠤᠯᠢ ᠴᠠᠭᠠᠵᠠ ᠶᠢᠨ ᠴᠢᠳᠠᠪᠤᠷᠢ ᠠᠨᠠᠢ ᠪᠡᠶ᠎ᠡ ᠪᠡᠨ ᠳᠠᠭᠠᠭᠠᠵᠤ ᠬᠡᠷᠡᠭ ᠰᠢᠢᠳᠪᠦᠷᠢᠯᠡᠵᠦ ᠳᠡᠢᠯᠬᠦ ᠦᠬᠡᠢ ᠂ ᠡᠨᠡ ᠨᠢ ᠬᠠᠤᠯᠢ ᠴᠠᠭᠠᠵᠠ ᠶᠢᠨ ᠡᠬᠢ ᠪᠠᠶᠠᠯᠢᠭ ᠤᠨ ᠲᠣᠬᠢᠷᠠᠭᠤᠯᠤᠯᠲᠠ ᠶᠢᠨ ᠵᠢᠮ᠎ᠡ ᠶᠤᠰᠤ ᠱᠠᠭᠠᠷᠳᠠᠯᠭ᠎ᠠ ᠳᠠᠢ ᠨᠡᠢᠴᠡᠬᠦ ᠦᠬᠡᠢ ᠶᠤᠮ ᠃ ᠡᠢᠮᠦ ᠡᠴᠡ᠂ ᠰᠢᠬᠦᠭᠴᠢ ᠶᠢᠨ ᠤᠷᠤᠨ ᠳᠤᠭᠠᠨ ᠤ ᠲᠦᠷᠢᠮ ᠦᠨ ᠥᠭᠡᠷᠡᠴᠢᠯᠡᠯᠲᠡ ᠶᠠᠪᠤᠭᠳᠠᠭᠤᠯᠬᠤ ᠨᠢ ᠰᠢᠯᠢᠳᠡᠭ ᠠᠵᠢᠯᠳᠠᠨ ᠢ ᠴᠢᠩᠭ᠎ᠠ ᠰᠢᠯᠢᠨ ᠰᠤᠩᠭᠤᠵᠤ ᠰᠢᠬᠦᠭᠴᠢ ᠪᠤᠯᠭᠠᠵᠤ ᠂ ᠰᠢᠬᠦᠭᠴᠢ ᠬᠡᠷᠡᠭ ᠰᠢᠢᠳᠪᠦᠷᠢᠯᠡᠬᠦ ᠤᠤᠯ ᠪᠠᠢᠷᠢ ᠳᠤ ᠪᠠᠨ ᠪᠤᠴᠠᠵᠤ ᠂ ᠨᠢᠬᠡᠳᠦᠭᠡᠷ ᠹᠷᠣᠨᠲ ᠤᠨ ᠬᠦᠴᠦᠨ ᠢ ᠲᠡᠭᠦᠯᠳᠡᠷᠵᠢᠭᠦᠯᠦᠨ᠎ᠡ᠃
ᠰᠤᠷᠪᠤᠯᠵᠢᠯᠠᠭᠴᠢ ᠄ ᠣᠳᠣᠬᠠᠨ ᠳᠤ ᠰᠢᠬᠦᠭᠴᠢ ᠶᠢᠨ ᠲᠦᠷᠢᠮ ᠦᠨ ᠥᠭᠡᠷᠡᠴᠢᠯᠡᠯᠲᠡ ᠶᠢᠨ ᠶᠠᠪᠤᠴᠠ ᠶᠠᠮᠠᠷ ᠬᠡᠮᠵᠢᠶᠡᠨ ᠳᠦ ᠬᠦᠷᠦᠭᠰᠡᠨ ᠪᠤᠢ︖
ᠬᠤ ᠱᠢ ᠬᠤᠤ ᠄ 2014 ᠤᠨ ᠤ 6 ᠰᠠᠷ᠎ᠠ ᠳᠤ ᠱᠠᠩᠬᠠᠢ ᠵᠡᠷᠬᠡ 7 ᠮᠤᠵᠢ ᠬᠤᠳᠠ ᠳᠤ ᠬᠠᠮᠤᠭ ᠲᠡᠷᠢᠬᠦᠨ ᠳᠦ ᠡᠬᠢᠯᠡᠵᠦ ᠳᠤᠷᠰᠢᠯᠳᠠ ᠬᠢᠭᠰᠡᠨ ᠡᠴᠡ ᠨᠠᠰᠢ ᠂ ᠪᠦᠬᠦ ᠤᠯᠤᠰ ᠦᠷᠬᠦᠯᠵᠢᠯᠡᠨ ᠭᠤᠷᠪᠠᠨ ᠪᠦᠯᠦᠭ ᠬᠤᠪᠢᠶᠠᠵᠤ ᠰᠢᠬᠦᠭᠴᠢ ᠶᠢᠨ ᠤᠷᠤᠨ ᠳᠤᠭᠠᠨ ᠤ ᠲᠦᠷᠢᠮ ᠦᠨ ᠥᠭᠡᠷᠡᠴᠢᠯᠡᠯᠲᠡ ᠶᠢᠨ ᠳᠤᠷᠰᠢᠯᠳᠠ ᠶᠢᠨ ᠴᠡᠭ ᠦᠷᠨᠢᠬᠦᠯᠵᠦ ᠂ 2016 ᠤᠨ ᠤ 7 ᠰᠠᠷ᠎ᠠ ᠳᠤ ᠪᠦᠬᠦ ᠤᠯᠤᠰ ᠤᠨ ᠬᠠᠤᠯᠢ ᠴᠠᠭᠠᠵᠠ ᠶᠢᠨ ᠪᠠᠢᠭᠤᠯᠤᠮᠵᠢ ᠶᠢᠨ ᠥᠭᠡᠷᠡᠴᠢᠯᠡᠯᠲᠡ ᠶᠢ ᠲᠦᠯᠬᠢᠨ ᠠᠬᠢᠭᠤᠯᠤᠭᠰᠠᠨ ᠤ ᠳᠠᠷᠠᠭ᠎ᠠ ᠂ ᠰᠢᠬᠦᠭᠴᠢ ᠶᠢᠨ ᠤᠷᠤᠨ ᠳᠤᠭᠠᠨ ᠤ ᠲᠦᠷᠢᠮ ᠦᠨ ᠥᠭᠡᠷᠡᠴᠢᠯᠡᠯᠲᠡ ᠪᠦᠬᠦ ᠤᠯᠤᠰ ᠤᠨ ᠬᠡᠪᠴᠢᠶᠠᠨ ᠳᠤ ᠪᠦᠬᠦ ᠳᠠᠯ᠎ᠠ ᠪᠠᠷ ᠶᠠᠪᠤᠭᠳᠠᠭᠤᠯᠪᠠ ᠃ ᠡᠯ᠎ᠠ ᠮᠤᠵᠢ ᠤᠷᠤᠨ ᠬᠤᠳᠠ ᠶᠢᠨ ᠳᠤᠭᠳᠠᠭᠠᠭᠰᠠᠨ ᠰᠢᠬᠦᠭᠴᠢ ᠶᠢᠨ ᠤᠷᠤᠨ ᠳᠤᠭᠠᠨ ᠤ ᠬᠠᠷᠢᠴᠠᠯ ᠨᠢ ᠪᠦᠷ ᠲᠦᠪ ᠦᠨ ᠤᠯᠤᠰ ᠲᠦᠷᠦ ᠬᠠᠤᠯᠢ ᠴᠠᠭᠠᠵᠠ ᠶᠢᠨ ᠳᠤᠰᠬᠠᠢ ᠤᠷᠤᠨ ᠳᠤᠭᠠᠨ ᠤ 39% ᠠᠴᠠ ᠳᠤᠤᠷ᠎ᠠ ᠪᠠᠢᠵᠤ ᠂ ᠡᠭᠦᠨ ᠦ ᠬᠠᠮᠳᠤ ᠬᠡᠷᠡᠭ ᠢᠶᠡᠷ ᠠᠵᠢᠯᠳᠠᠨ ᠳᠤᠭᠳᠠᠵᠤ ᠂ ᠠᠵᠢᠯ ᠤᠨ ᠪᠠᠢᠷᠢ ᠪᠠᠷ ᠠᠵᠢᠯᠲᠠᠨ ᠳᠤᠭᠳᠠᠭᠠᠵᠤ ᠂ ᠪᠦᠬᠦ ᠮᠤᠵᠢ ᠨᠢᠭᠡᠳᠦᠯᠲᠡᠢ ᠲᠦᠯᠦᠪᠯᠡᠨ ᠂ ᠬᠥᠳᠡᠯᠦᠩᠭᠦᠢ ᠲᠣᠬᠢᠷᠠᠭᠤᠯᠤᠯᠲᠠ ᠬᠢᠬᠦ ᠶᠢ ᠪᠠᠷᠢᠮᠳᠠᠯᠠᠵᠤ ᠂ ᠵᠤᠬᠢᠬᠤ ᠬᠠᠷᠢᠴᠠᠯ ᠤᠨ ᠵᠠᠯᠭᠠᠵᠤ ᠤᠷᠤᠨ ᠳᠤᠭᠠᠨ ᠳᠤ ᠤᠷᠤᠬᠤ ᠵᠠᠢ ᠦᠯᠡᠳᠡᠭᠡᠨ᠎ᠠ ᠃ ᠵᠢᠱᠢᠶᠡᠯᠡᠪᠡᠯ᠂ ᠪᠡᠭᠡᠵᠢᠩ ᠬᠤᠳᠠ ᠳᠡᠭᠡᠳᠦ ᠵᠡᠷᠬᠡ ᠂ ᠳᠤᠮᠳᠠ ᠵᠡᠷᠬᠡ ᠂ ᠦᠨᠳᠦᠰᠦᠨ ᠱᠠᠳᠤ ᠶᠢᠨ ᠰᠢᠬᠦᠬᠦ ᠬᠤᠷᠢᠶ᠎ᠠ ᠵᠥᠷᠢᠶ᠎ᠡ ᠳᠠᠢ ᠤᠷᠤᠨ ᠳᠤᠭᠠᠨ ᠤ ᠡᠵᠡᠯᠡᠬᠦ ᠬᠠᠷᠢᠴᠠᠯ ᠢ ᠳᠤᠭᠳᠠᠭᠠᠵᠤ ᠂ ᠬᠡᠷᠡᠭ ᠰᠢᠢᠳᠪᠦᠷᠢᠯᠡᠬᠦ ᠡᠬᠦᠷᠭᠡ ᠬᠠᠮᠤᠭ ᠬᠦᠨᠳᠦ ᠴᠤᠤ ᠶᠠᠩ ᠰᠢᠭᠦᠬᠦ ᠬᠤᠷᠢᠶᠠᠨ ᠤ ᠤᠷᠤᠨ ᠳᠤᠭᠠᠨ ᠤ ᠬᠠᠷᠢᠴᠠᠯ ᠨᠢ48.2%᠃ ᠭᠤᠸᠠᠩᠳᠦ᠋ᠩ ᠮᠤᠵᠢ ᠬᠡᠷᠡᠭ ᠦᠨᠳᠦᠰᠦᠯᠡᠵᠦ ᠠᠵᠢᠯᠳᠠᠨ ᠳᠤᠭᠳᠠᠭᠠᠬᠤ ᠂ ᠪᠦᠬᠦ ᠮᠤᠵᠢ ᠨᠢᠭᠡᠳᠦᠯᠲᠡᠢ ᠲᠦᠯᠦᠪᠯᠡᠬᠦ ᠶᠢ ᠪᠠᠷᠢᠮᠳᠠᠯᠠᠵᠤ ᠂ 10% ᠶᠢ ᠤᠷᠢᠳᠴᠢᠯᠠᠨ ᠦᠯᠡᠳᠡᠬᠡᠬᠦ ᠰᠠᠭᠤᠷᠢᠨ ᠳᠡᠭᠡᠷ᠎ᠠ ᠂ ᠠᠩᠬᠠᠨ ᠤ ᠪᠦᠯᠦᠭ ᠳᠤᠭᠳᠠᠭᠰᠠᠨ ᠰᠢᠬᠦᠭᠴᠢ ᠶᠢᠨ ᠤᠷᠤᠨ ᠳᠤᠭ᠎ᠠ 7162 ᠨᠡᠷᠡᠰ ᠪᠠᠢᠵᠤ ᠂ ᠵᠤᠬᠢᠬᠤ ᠬᠡᠮᠵᠢᠶ᠎ᠠ ᠪᠠᠷ ᠦᠨᠳᠦᠰᠦᠨ ᠱᠠᠳᠤ ᠂ ᠬᠡᠷᠡᠭ ᠰᠢᠢᠳᠪᠦᠷᠢᠯᠡᠬᠦ ᠡᠬᠦᠷᠭᠡ ᠬᠦᠨᠳᠦ ᠰᠢᠬᠦᠬᠦ ᠬᠤᠷᠢᠶᠠᠨ ᠳᠤ ᠬᠡᠯᠪᠡᠢᠵᠦ ᠂ ᠰᠢᠬᠦᠭᠴᠢ ᠶᠢᠨ ᠤᠷᠤᠨ ᠳᠤᠭᠠᠨ ᠤ ᠬᠠᠷᠢᠴᠠᠯ ᠬᠠᠮᠤᠭ ᠦᠨᠳᠦᠷ ᠨᠢ 51.7%᠂ ᠬᠠᠮᠤᠭ ᠳᠤᠤᠷ᠎ᠠ ᠨᠢ20.8%᠂ ᠰᠢᠬᠦᠭᠴᠢ ᠨᠠᠷ ᠤᠨ ᠰᠠᠨᠠᠭ᠎ᠠ ᠪᠤᠯᠵᠤ ᠪᠠᠢᠭᠰᠠᠨ《ᠳᠠᠰᠤ ᠬᠡᠷᠴᠢᠬᠦ》ᠪᠠᠢᠳᠠᠯ ᠢᠯᠡᠷᠡᠭᠰᠡᠨ ᠦᠬᠡᠢ ᠃ ᠡᠯ᠎ᠠ ᠭᠠᠵᠠᠷ ᠳᠤᠭᠠᠨ ᠳᠤ ᠤᠷᠤᠬᠤ ᠶᠢᠨ ᠰᠢᠯᠢᠨ ᠰᠣᠩᠭᠤᠯᠲᠠ ᠶᠢᠨ ᠪᠠᠷᠢᠮᠵᠢᠶ᠎ᠠ ᠪᠠ ᠠᠯᠬᠤᠮ ᠳᠠᠷᠠᠭ᠎ᠠ ᠶᠢ ᠴᠢᠩᠭ᠎ᠠ ᠪᠠᠷᠢᠵᠤ ᠂ ᠬᠢᠨᠠᠨ ᠰᠢᠯᠭᠠᠬᠤ ᠪᠠᠷ ᠭᠤᠤᠯ ᠪᠤᠯᠭᠠᠵᠤ ᠂ ᠰᠢᠯᠭᠠᠯᠲᠠ ᠪᠠᠷ ᠬᠠᠪᠰᠤᠷᠤᠮᠵᠢ ᠪᠤᠯᠭᠠᠭᠰᠠᠨ ᠠᠷᠭ᠎ᠠ ᠬᠡᠮᠵᠢᠶ᠎ᠠ ᠠᠪᠴᠤ ᠂ ᠬᠡᠷᠡᠭ ᠰᠢᠢᠳᠪᠦᠷᠢᠯᠡᠬᠦ ᠳᠤᠰᠬᠠᠢ ᠮᠡᠷᠬᠡᠵᠢᠯ ᠪᠠ ᠬᠠᠤᠯᠢ ᠴᠠᠭᠠᠵᠠ ᠶᠢᠨ ᠴᠢᠳᠠᠪᠤᠷᠢ ᠶᠢ ᠭᠣᠣᠯᠳᠠᠯᠭ᠎ᠠ ᠳᠠᠢ ᠰᠢᠯᠭᠠᠵᠤ ᠂ ᠰᠢᠯᠢᠨ ᠰᠣᠩᠭᠤᠬᠤ ᠵᠦᠪᠯᠡᠯ ᠦᠨ ᠳᠤᠰᠬᠠᠢ ᠬᠠᠷᠢᠭᠤᠴᠠᠬᠤ ᠦᠢᠯᠡᠳᠦᠯ ᠢ ᠪᠠᠳᠠᠷᠠᠭᠤᠯᠵᠤ ᠂ ᠬᠢᠷᠢ ᠬᠡᠮ ᠢᠶᠡᠷ ᠵᠡᠷᠬᠡ ᠳᠤᠰᠢᠶᠠᠯ ᠤᠯᠭᠤᠬᠤ ᠶᠢ ᠰᠡᠷᠬᠡᠢᠯᠡᠵᠦ ᠂ ᠳᠡᠩᠴᠡᠭᠦᠷᠢ ᠶᠢ ᠪᠠᠳᠤᠯᠠᠨ᠎ᠠ ᠃ ᠣᠨᠴᠠᠭᠠᠢᠯᠠᠨ ᠤᠳᠤᠷᠢᠳᠤᠯᠭ᠎ᠠ ᠺᠠᠳᠠᠷ ᠳᠤᠭᠳᠠᠭᠠᠯ ᠶᠤᠰᠤᠭᠠᠷ ᠯᠢᠨ ᠰᠤᠩᠭᠤᠯᠲᠠ ᠶᠢᠨ ᠠᠯᠬᠤᠮ ᠳᠠᠷᠠᠭ᠎ᠠ ᠪᠠᠷ ᠤᠷᠤᠨ ᠳᠤᠭᠠᠨ ᠳᠤ ᠤᠷᠤᠬᠤ ᠶᠢ ᠪᠠᠷᠢᠮᠳᠠᠯᠠᠵᠤ ᠂ ᠳᠤᠭᠠᠨ ᠳᠤ ᠤᠷᠤᠭᠰᠠᠨ ᠤ ᠳᠠᠷᠠᠭ᠎ᠠ ᠡᠷᠭᠡᠪᠰᠢ ᠬᠡᠷᠡᠭ ᠰᠢᠢᠳᠪᠦᠷᠢᠯᠡᠬᠦ ᠬᠡᠷᠡᠭᠲᠡᠢ ᠃ 2016 ᠤᠨ ᠤ 12 ᠰᠠᠷ᠎ᠠ ᠶᠢᠨ ᠰᠡᠬᠦᠯᠴᠢ ᠪᠤᠯᠳᠠᠯ᠎ᠠ ᠂ ᠯᠢᠶᠣᠣᠨᠢᠩ ᠂ ᠵᠢᠶᠠᠩᠰᠢ᠂ ᠾᠸᠨᠠᠨ᠂ ᠲᠦᠪᠡᠳ ᠲᠦᠷᠪᠡᠨ ᠮᠤᠵᠢ ᠤᠷᠤᠨ ᠤ ᠰᠢᠬᠦᠬᠦ ᠬᠤᠷᠢᠶ᠎ᠠ ᠪᠠ ᠴᠡᠷᠢᠭ ᠦᠨ ᠬᠤᠷᠢᠶᠠᠨ ᠤ ᠰᠢᠬᠦᠬᠦ ᠬᠤᠷᠢᠶ᠎ᠠ ᠠᠴᠠ ᠭᠠᠳᠠᠨ᠎ᠠ᠂ ᠪᠤᠰᠤᠳ 27 ᠮᠤᠵᠢ ᠤᠷᠤᠨ ᠬᠤᠳᠠ ᠶᠢᠨ ᠰᠢᠬᠦᠬᠦ ᠬᠤᠷᠢᠶ᠎ᠠ ᠪᠦᠷ ᠳᠤᠭᠠᠨ ᠤ ᠤᠷᠤᠭᠰᠠᠨ ᠰᠢᠬᠦᠭᠴᠢ ᠰᠤᠩᠭᠤᠵᠤ ᠳᠤᠰᠢᠶᠠᠯ ᠳᠡᠪᠰᠢᠬᠦᠯᠬᠦ ᠠᠵᠢᠯ ᠢ ᠪᠡᠶᠡᠯᠡᠬᠦᠯᠪᠡ ᠃ ᠡᠬᠦᠨ ᠦ ᠳᠤᠮᠳᠠ ᠂ 27 ᠳᠡᠭᠡᠳᠦ ᠵᠡᠷᠬᠡ ᠶᠢᠨ ᠰᠢᠬᠦᠬᠦ ᠬᠤᠷᠢᠶ᠎ᠠ ᠂ 304 ᠳᠤᠮᠳᠠ ᠵᠡᠷᠬᠡ ᠶᠢᠨ ᠰᠢᠬᠦᠬᠦ ᠬᠤᠷᠢᠶ᠎ᠠ ᠂ 2623 ᠦᠨᠳᠦᠰᠦᠨ ᠱᠠᠳᠤᠨ ᠤ ᠰᠢᠬᠦᠬᠦ ᠬᠤᠷᠢᠶ᠎ᠠ ᠶᠢ ᠪᠠᠭᠳᠠᠭᠠᠵᠤ ᠂ ᠪᠠᠷᠤᠭ ᠪᠦᠬᠦ ᠤᠯᠤᠰ ᠤᠨ ᠰᠢᠬᠦᠬᠦ ᠬᠤᠷᠢᠶᠠᠨ ᠤ ᠶᠡᠷᠦᠩᠬᠡᠢ ᠳᠤᠭᠠᠨ ᠤ 85% ᠡᠵᠡᠯᠡᠵᠦ ᠂ ᠳᠤᠭᠠᠨ ᠳᠤ ᠤᠷᠤᠭᠰᠠᠨ ᠰᠢᠭᠦᠭᠴᠢ ᠨᠡᠢᠲᠡ 104442 ᠨᠡᠷᠡᠰ᠃
ᠰᠤᠷᠪᠤᠯᠵᠢᠯᠠᠭᠴᠢ ᠄ ᠥᠭᠡᠷᠡᠴᠢᠯᠡᠯᠲᠡ ᠨᠢ ᠶᠠᠮᠠᠷ ᠪᠦᠲᠦᠮᠵᠢ ᠤᠯᠤᠭᠰᠠᠨ ᠪᠤᠢ︖
ᠬᠤ ᠱᠢ ᠬᠤᠤ ᠄ ᠥᠭᠡᠷᠡᠴᠢᠯᠡᠯᠲᠡ ᠬᠢᠭᠰᠡᠨ ᠦ ᠳᠠᠷᠠᠭ᠎ᠠ ᠰᠢᠯᠢᠳᠡᠭ ᠴᠢᠳᠠᠪᠤᠷᠢᠳᠠᠨ ᠰᠢᠭᠦᠨ ᠲᠠᠰᠤᠯᠤᠯᠲᠠ ᠶᠢᠨ ᠨᠢᠬᠡᠳᠦᠭᠡᠷ ᠱᠤᠭᠤᠮ ᠳᠤ ᠰᠢᠯᠵᠢᠬᠦ ᠬᠠᠨᠳᠤᠰᠢ ᠢᠯᠡᠷᠬᠡᠢ ᠂ ᠳᠤᠷᠰᠢᠯᠳᠠ ᠶᠢᠨ ᠴᠡᠭ ᠰᠢᠬᠦᠬᠦ ᠬᠤᠷᠢᠶᠠᠨ ᠤ 85% ᠠᠴᠠ ᠳᠡᠭᠡᠭᠰᠢ ᠬᠠᠤᠯᠢ ᠴᠠᠭᠠᠵᠠ ᠶᠢᠨ ᠬᠦᠮᠦᠨ ᠦ ᠡᠬᠢ ᠪᠠᠶᠠᠯᠢᠭ ᠬᠡᠷᠡᠭ ᠰᠢᠢᠳᠪᠦᠷᠢᠯᠡᠬᠦ ᠨᠢᠬᠡᠳᠦᠭᠡᠷ ᠹᠷᠣᠨᠲ ᠳᠤ ᠳᠤᠬᠢᠷᠠᠭᠤᠯᠵᠤ ᠂ ᠤᠯᠠᠩᠬᠢ ᠭᠠᠵᠠᠷ ᠤᠨ ᠰᠢᠬᠦᠨ ᠳᠠᠰᠤᠯᠤᠯᠲᠠ ᠶᠢᠨ ᠬᠠᠪᠰᠤᠷᠤᠭᠴᠢ ᠬᠦᠴᠦᠨ ᠴᠢᠩᠭᠠᠷᠠᠵᠤ ᠂ ᠰᠢᠭᠦᠭᠴᠢ ᠶᠢᠨ ᠬᠡᠷᠡᠭ ᠶᠠᠪᠤᠳᠠᠯ ᠤᠨ ᠴᠢᠨᠠᠷᠲᠠᠢ ᠳᠠᠷᠤᠭᠠᠰᠤ ᠶᠡᠷᠦᠩᠬᠡᠢ ᠳᠡᠭᠡᠷ᠎ᠠ ᠪᠠᠨ ᠬᠦᠩᠭᠡᠷᠡᠵᠦ ᠂ ᠰᠢᠭᠦᠭᠴᠢ ᠶᠢᠨ ᠠᠵᠢᠯ ᠤᠨ ᠢᠳᠡᠪᠬᠢ ᠴᠢᠨᠠᠷ ᠂ ᠬᠠᠷᠢᠭᠤᠴᠠᠯᠭᠠᠲᠤ ᠴᠢᠨᠠᠷ ᠢᠯᠡᠷᠬᠡᠢ ᠨᠡᠮᠡᠭᠳᠡᠵᠦ ᠂ ᠣᠨᠴᠠᠭᠠᠢᠯᠠᠨ ᠳᠤᠬᠠᠢᠯᠠᠭᠰᠠᠨ ᠠᠵᠢᠯ ᠤᠨ ᠪᠠᠳᠤᠯᠭ᠎ᠠ ᠶᠢᠨ ᠲᠦᠷᠢᠮ ᠥᠭᠡᠷᠡᠴᠢᠯᠡᠯᠲᠡ ᠤᠷᠢᠳᠠᠪᠡᠷ ᠬᠡᠷᠡᠭᠵᠢᠭᠦᠯᠦᠭᠰᠡᠨ ᠭᠠᠵᠠᠷ ᠲᠤ ᠬᠡᠷᠡᠭ ᠤᠯᠠᠨ ᠰᠢᠢᠳᠪᠦᠷᠢᠯᠡᠬᠦ ᠂ ᠬᠡᠷᠡᠭ ᠰᠠᠢᠨ ᠰᠢᠢᠳᠪᠦᠷᠢᠯᠡᠬᠦ ᠤᠷᠴᠢᠨ ᠳᠤᠭᠤᠷᠢᠨ ᠢᠯᠡᠷᠬᠡᠢ ᠳᠡᠭᠡᠭᠰᠢᠯᠡᠪᠡ ᠃ ᠵᠢᠱᠢᠶᠡᠯᠡᠪᠡᠯ᠂ ᠱᠠᠩᠬᠠᠢ ᠶᠢᠨ ᠪᠦᠬᠦ ᠬᠤᠳᠠ ᠶᠢᠨ ᠰᠢᠬᠦᠬᠦ ᠬᠤᠷᠢᠶᠠᠨ ᠤ ᠭᠤᠤᠯ ᠬᠡᠷᠡᠭ ᠰᠢᠢᠳᠪᠦᠷᠢᠯᠡᠬᠦ ᠬᠡᠯᠳᠡᠰ ᠦᠨ ᠰᠢᠬᠦᠭᠴᠢ ᠶᠢᠨ ᠪᠤᠳᠠᠳᠠᠢ ᠬᠦᠮᠦᠨ ᠦ ᠳᠤᠭ᠎ᠠ 8% ᠨᠡᠮᠡᠭᠳᠡᠵᠦ ᠂ ᠰᠢᠬᠦᠭᠴᠢ ᠪᠤᠯᠤᠨ ᠬᠠᠪᠰᠤᠷᠤᠭᠴᠢ ᠶᠢᠨ ᠬᠠᠷᠢᠴᠠᠯ 1᠄ 0.75 ᠠᠴᠠ 1᠄1.7 ᠪᠤᠯᠵᠤ ᠬᠤᠪᠢᠷᠠᠪᠠ ᠃ ᠪᠡᠭᠡᠵᠢᠩ ᠦᠨ ᠪᠦᠬᠦ ᠬᠤᠳᠠ ᠶᠢᠨ ᠨᠢᠬᠡᠳᠦᠭᠡᠷ ᠹᠷᠣᠨᠲ ᠤᠨ ᠰᠢᠬᠦᠨ ᠳᠠᠰᠤᠯᠠᠬᠤ ᠬᠦᠮᠦᠨ6128 ᠠᠴᠠ 7550 ᠬᠦᠮᠦᠨ ᠪᠤᠯᠳᠠᠯ᠎ᠠ ᠨᠡᠮᠡᠭᠳᠡᠵᠦ ᠂ 21.4% ᠨᠡᠮᠡᠭᠳᠡᠵᠦ ᠂ ᠬᠠᠪᠰᠤᠷᠤᠭᠴᠢ 2689 ᠠᠴᠠ 4538 ᠬᠦᠮᠦᠨ ᠪᠤᠯᠳᠠᠯ᠎ᠠ ᠨᠡᠮᠡᠭᠳᠡᠵᠦ ᠂ 68.8% ᠨᠡᠮᠡᠭᠳᠡᠪᠡ ᠃
ᠰᠤᠷᠪᠤᠯᠵᠢᠯᠠᠭᠴᠢ ᠄ ᠳᠠᠷᠠᠭᠠᠴᠢ ᠶᠢᠨ ᠠᠯᠬᠤᠮ ᠤᠨ ᠤᠷᠤᠨ ᠳᠤᠭᠠᠨ ᠤ ᠲᠦᠷᠢᠮ ᠦᠨ ᠥᠭᠡᠷᠡᠴᠢᠯᠡᠯᠲᠡ ᠶᠢᠨ ᠠᠵᠢᠯ ᠢ ᠭᠦᠨᠵᠡᠭᠡᠢᠷᠡᠭᠦᠯᠬᠦ ᠳᠦ ᠶᠠᠮᠠᠷ ᠲᠥᠯᠦᠪᠯᠡᠭᠡ ᠳᠠᠢ ᠪᠤᠢ︖
ᠬᠤ ᠱᠢ ᠬᠤᠤ ᠄ ᠭᠣᠣᠯᠳᠠᠭᠤ ᠤᠷᠤᠨ ᠳᠤᠭᠠᠨ ᠤ ᠲᠦᠷᠢᠮ ᠦᠨ ᠥᠭᠡᠷᠡᠴᠢᠯᠡᠯᠲᠡ ᠶᠢ ᠨᠠᠢᠳᠠᠪᠤᠷᠢᠵᠢᠭᠤᠯᠬᠤ ᠶᠢ ᠡᠷᠡᠰ ᠠᠳᠬᠤᠨ᠎ᠠ ᠄ ᠨᠢᠬᠡ ᠳᠦ ᠬᠡᠷᠡᠭ ᠦᠨ ᠳᠤᠭ᠎ᠠ ᠪᠠᠷ ᠤᠷᠤᠨ ᠳᠤᠭ᠎ᠠ ᠳᠤᠭᠳᠠᠭᠠᠬᠤ ᠶᠢ ᠪᠠᠷᠢᠮᠳᠠᠯᠠᠵᠤ ᠂ ᠮᠤᠵᠢ ᠶᠢᠨ ᠳᠡᠰ ᠦᠨ ᠰᠢᠬᠦᠭᠴᠢ ᠶᠢᠨ ᠤᠷᠤᠨ ᠳᠤᠭ᠎ᠠ ᠶᠢ ᠬᠥᠳᠡᠯᠦᠩᠭᠦᠢ ᠳᠤᠬᠢᠷᠠᠭᠤᠯᠬᠤ ᠪᠠᠢᠭᠤᠯᠤᠮᠵᠢ ᠶᠢ ᠲᠡᠭᠦᠯᠳᠡᠷᠵᠢᠭᠦᠯᠵᠦ ᠂ ᠶᠠᠭᠠᠷᠠᠤ ᠰᠡᠯᠡᠬᠦᠦ ᠳᠡᠭᠰᠢ ᠦᠬᠡᠢ ᠵᠦᠷᠢᠴᠡᠯ ᠢ ᠰᠢᠢᠳᠪᠦᠷᠢᠯᠡᠨ᠎ᠡ ᠃ ᠬᠤᠶᠠᠷ ᠲᠤ᠂ ᠡᠯ᠎ᠠ ᠭᠠᠵᠠᠷ ᠤᠨ ᠠᠵᠢᠯ ᠤᠨ ᠲᠤᠷᠰᠢᠯᠭ᠎ᠠ ᠶᠢ ᠳ᠋ᠦᠩᠨᠡᠵᠦ ᠂ ᠰᠢᠬᠦᠭᠴᠢ ᠶᠢᠨ ᠤᠷᠤᠨ ᠳᠤᠭᠠᠨ ᠤ ᠰᠢᠯᠢᠨ ᠰᠣᠩᠭᠤᠯᠲᠠ ᠶᠢᠨ ᠪᠠᠷᠢᠮᠵᠢᠶ᠎ᠠ ᠪᠠ ᠠᠯᠬᠤᠮ ᠳᠠᠷᠠᠭ᠎ᠠ ᠶᠢ ᠬᠠᠷᠢᠴᠠᠩᠭᠤᠢ ᠲᠦᠷᠢᠮᠵᠢᠬᠦᠯᠵᠦ ᠂ ᠰᠢᠯᠢᠨ ᠰᠤᠩᠭᠤᠬᠤ ᠵᠦᠪᠯᠡᠯ ᠦᠨ ᠠᠵᠢᠯ ᠤᠨ ᠪᠠᠢᠭᠤᠯᠤᠮᠵᠢ ᠶᠢ ᠲᠡᠭᠦᠯᠳᠡᠷᠵᠢᠭᠦᠯᠦᠨ᠎ᠡ ᠃ ᠭᠤᠷᠪᠠ ᠳᠤ ᠪᠦᠲᠦᠮᠵᠢᠲᠠᠢ ᠠᠷᠭ᠎ᠠ ᠬᠡᠮᠵᠢᠶ᠎ᠠ ᠠᠪᠴᠤ ᠤᠷᠤᠨ ᠳᠤᠭᠠᠨ ᠳᠤ ᠤᠷᠤᠭ᠎ᠠ ᠦᠬᠡᠢ ᠰᠢᠬᠦᠭᠴᠢ ᠶᠢ ᠲᠣᠬᠢᠷᠠᠭᠤᠯᠵᠤ ᠂ ᠳᠡᠳᠡᠨ ᠦ ᠠᠵᠢᠯ ᠤᠨ ᠢᠳᠡᠪᠬᠢ ᠴᠢᠨᠠᠷ ᠢ ᠳᠠᠢᠴᠢᠯᠠᠨ᠎ᠠ ᠃ ᠲᠦᠷᠪᠡ ᠳᠦ ᠡᠯ᠎ᠠ ᠭᠠᠵᠠᠷ ᠤᠨ ᠰᠢᠬᠦᠨ ᠲᠠᠰᠤᠯᠤᠯᠲᠠ ᠶᠢᠨ ᠬᠠᠪᠰᠤᠷᠤᠭᠴᠢ ᠶᠢ ᠨᠡᠮᠡᠬᠦ ᠶᠢ ᠲᠦᠯᠬᠢᠨ ᠠᠬᠢᠭᠤᠯᠵᠤ ᠂ ᠰᠢᠬᠦᠭᠴᠢ ᠶᠢᠨ ᠳᠤᠰᠠᠯᠠᠭᠴᠢ ᠂ ᠳᠡᠮᠳᠡᠭᠯᠡᠭᠴᠢ ᠶᠢᠨ ᠬᠠᠮᠢᠶᠠᠷᠤᠯᠲᠠ ᠶᠢᠨ ᠲᠦᠷᠢᠮ ᠢ ᠲᠡᠭᠦᠯᠳᠡᠷᠵᠢᠭᠦᠯᠵᠦ ᠂ ᠰᠢᠬᠦᠭᠴᠢ ᠶᠢᠨ ᠳᠤᠰᠠᠯᠠᠭᠴᠢ ᠬᠦᠮᠦᠵᠢᠬᠦᠯᠬᠦ ᠪᠠᠢᠭᠤᠯᠤᠮᠵᠢ ᠪᠤᠯᠤᠨ ᠦᠨᠳᠦᠰᠦᠨ ᠱᠠᠳᠤᠨ ᠤ ᠰᠢᠬᠦᠭᠴᠢ ᠶᠢ ᠬᠦᠮᠦᠵᠢᠬᠦᠯᠬᠦ ᠪᠠᠢᠭᠤᠯᠤᠮᠵᠢ ᠶᠢ ᠵᠠᠯᠭᠠᠬᠤ ᠶᠢ ᠨᠢᠭᠡᠳᠦᠯᠲᠡᠢ ᠲᠦᠯᠦᠪᠯᠡᠨ ᠰᠤᠳᠤᠯᠤᠨ᠎ᠠ ᠃ ᠳᠠᠪᠤ ᠳᠤ ᠰᠢᠬᠦᠭᠴᠢ ᠶᠢᠨ ᠠᠵᠢᠯᠳᠠᠨ ᠤ ᠳᠤᠭᠠᠨ ᠠᠴᠠ ᠤᠬᠤᠷᠢᠨ ᠭᠠᠷᠬᠤ ᠪᠠᠢᠭᠤᠯᠤᠮᠵᠢ ᠪᠠᠢᠭᠤᠯᠵᠤ ᠂ ᠬᠡᠷᠡᠭ ᠰᠢᠢᠳᠪᠦᠷᠢᠯᠡᠬᠦ ᠰᠢᠯᠭᠠᠯᠲᠠ ᠬᠢᠷᠢ ᠳᠡᠩᠴᠡᠬᠦ ᠦᠬᠡᠢ ᠂ ᠴᠢᠳᠠᠪᠤᠷᠢ ᠬᠡᠪ ᠴᠢᠨᠠᠷ ᠬᠢᠷᠢ ᠳᠡᠩᠴᠡᠬᠦ ᠦᠬᠡᠢ ᠪᠤᠯ ᠤᠷᠤᠨ ᠳᠤᠭ᠎ᠠ ᠠᠴᠠ ᠤᠬᠤᠷᠢᠨ ᠭᠠᠷᠤᠨ᠎ᠠ ᠃ ᠵᠢᠷᠭᠤᠭ᠎ᠠ ᠳᠤ ᠬᠠᠤᠯᠢ ᠴᠠᠭᠠᠵᠠ ᠶᠢᠨ ᠬᠠᠷᠢᠭᠤᠴᠠᠯᠭ᠎ᠠ ᠶᠢᠨ ᠲᠦᠷᠢᠮ ᠢ ᠨᠠᠢᠳᠠᠪᠤᠷᠢᠵᠢᠭᠤᠯᠵᠤ ᠂ ᠤᠷᠤᠨ ᠳᠤᠭ᠎ᠠ ᠶᠢᠨ ᠲᠦᠷᠢᠮ ᠪᠠ ᠬᠠᠷᠢᠭᠤᠴᠠᠯᠭ᠎ᠠ ᠶᠢᠨ ᠲᠦᠷᠢᠮ ᠨᠢ ᠬᠤᠭᠤᠰᠤᠨ ᠶᠠᠭᠤᠮ᠎ᠠ ᠪᠤᠯᠬᠤ ᠠᠴᠠ ᠰᠡᠷᠭᠡᠢᠯᠡᠨᠠ ᠃ ᠳᠤᠯᠤᠭ᠎ᠠ ᠳᠤ ᠡᠯ᠎ᠠ ᠭᠠᠵᠠᠷ ᠤᠨ ᠤᠷᠤᠨ ᠳᠤᠭᠠᠨ ᠤ ᠰᠢᠬᠦᠭᠴᠢ ᠶᠢᠨ ᠴᠠᠯᠢᠩ ᠬᠠᠷᠭᠠᠯᠵᠠᠯᠠᠯ ᠢ ᠨᠠᠢᠳᠠᠪᠤᠷᠢᠵᠢᠭᠤᠯᠬᠤ ᠶᠢ ᠳᠦᠯᠬᠢᠨ ᠠᠬᠢᠭᠤᠯᠵᠤ ᠂ ᠲᠤᠬᠠᠢᠯᠠᠭᠰᠠᠨ ᠠᠵᠢᠯ ᠤᠨ ᠪᠠᠲᠤᠯᠠᠭ᠎ᠠ ᠶᠢ ᠴᠢᠩᠭᠠᠳᠬᠠᠨ᠎ᠠ ᠃ ᠨᠠᠢ᠍ᠮᠠ ᠳᠤ ᠲᠦᠷᠦ ᠶᠢᠨ ᠪᠤᠳᠤᠯᠭ᠎ᠠ ᠶᠢᠨ ᠣᠢᠯᠭᠠᠯᠲᠠ ᠶᠢ ᠳᠡᠭᠡᠭᠰᠢᠯᠡᠭᠦᠯᠵᠦ ᠂ ᠤᠳᠤᠬᠠᠨ ᠳᠤ ᠤᠷᠤᠨ ᠳᠤᠭᠠᠨ ᠳᠤ ᠤᠷᠤᠭ᠎ᠠ ᠦᠬᠡᠢ ᠲᠤᠰᠠᠯᠠᠭᠴᠢ ᠰᠢᠬᠦᠨ ᠳᠠᠰᠤᠯᠤᠭᠴᠢ ᠶᠢᠨ ᠰᠠᠨᠠᠭ᠎ᠠ ᠵᠤᠪᠠᠬᠤ ᠶᠢ ᠦᠭᠡᠢᠰᠭᠡᠨᠡ ᠃
ᠦᠨᠡᠯᠡᠬᠦ 0ᠦᠨᠡᠯᠡᠯᠲᠡ ᠲᠠᠢ