ᠲᠦᠷᠦ ᠶᠢᠨ ᠶᠠᠪᠤᠳᠠᠯ ᠤᠨ ᠬᠤᠷᠢᠶᠠᠨ ᠤ ᠠᠯᠪᠠᠨ ᠲᠢᠩᠬᠢᠮ ᠬᠦᠯᠦᠰᠦᠨ ᠠᠵᠢᠯᠴᠢᠨ ᠤ ᠴᠠᠯᠢᠩ ᠦᠷᠢᠳᠡᠵᠦ ᠤᠳᠠᠭᠠᠰᠢᠷᠠᠭᠤᠯᠬᠤ ᠠᠰᠠᠭᠤᠳᠠᠯ  ᠢ ᠰᠢᠢᠳᠪᠦᠷᠢᠯᠡᠬᠦ  ᠪᠡᠷ ᠬᠢᠨᠠᠨ ᠪᠠᠢᠴᠠᠭᠠᠬᠤ ᠳᠤᠭᠤᠢᠯᠠᠩ
2017.02.14 ᠲᠣᠰ ᠥᠷᠲᠡᠭᠡᠨ᠎ᠦ ᠨᠠᠢᠷᠠᠭᠤᠯᠤᠭᠴᠢ

ᠲᠦᠷᠦ ᠶᠢᠨ ᠶᠠᠪᠤᠳᠠᠯ ᠤᠨ ᠬᠤᠷᠢᠶᠠᠨ ᠤ ᠠᠯᠪᠠᠨ ᠲᠢᠩᠬᠢᠮ ᠬᠦᠯᠦᠰᠦᠨ ᠠᠵᠢᠯᠴᠢᠨ ᠤ ᠴᠠᠯᠢᠩ ᠦᠷᠢᠳᠡᠵᠦ ᠤᠳᠠᠭᠠᠰᠢᠷᠠᠭᠤᠯᠬᠤ ᠠᠰᠠᠭᠤᠳᠠᠯ  ᠢ ᠰᠢᠢᠳᠪᠦᠷᠢᠯᠡᠬᠦ  ᠪᠡᠷ ᠬᠢᠨᠠᠨ ᠪᠠᠢᠴᠠᠭᠠᠬᠤ ᠳᠤᠭᠤᠢᠯᠠᠩ ᠳᠤᠮᠢᠯᠠᠪᠠ

 

 

    ᠨᠠᠮ ᠤᠨ ᠲᠦᠪ ᠬᠤᠷᠢᠶ᠎ᠠ ᠂ ᠲᠦᠷᠦ ᠶᠢᠨ ᠶᠠᠪᠤᠳᠠᠯ ᠤᠨ ᠬᠤᠷᠢᠶ᠎ᠠ ᠬᠦᠯᠦᠰᠦᠨ ᠠᠵᠢᠯᠴᠢᠨ ᠤ ᠴᠠᠯᠢᠩ ᠦᠷᠢᠳᠦᠵᠦ ᠤᠳᠠᠭᠠᠰᠢᠷᠠᠭᠤᠯᠬᠤ ᠶᠢ ᠵᠠᠰᠠᠬᠤ ᠶᠢ ᠳᠡᠭᠡᠳᠦ ᠬᠡᠮᠵᠢᠶ᠎ᠠ ᠪᠠᠷ ᠴᠢᠬᠤᠯᠠᠴᠢᠯᠠᠵᠤ ᠂ ᠬᠦᠯᠦᠰᠦᠨ ᠠᠵᠢᠯᠴᠢᠨ ᠤ ᠬᠦᠳᠡᠯᠮᠦᠷᠢ ᠶᠢᠨ ᠬᠦᠯᠦᠰᠦ ᠤᠯᠭᠤᠮᠵᠢ ᠶᠢᠨ ᠡᠷᠬᠡ ᠠᠰᠢᠭ  ᠢ ᠬᠠᠮᠠᠭᠠᠯᠠᠨ᠎ᠠ ᠃  2 ᠰᠠᠷᠠᠢᠨ 3  ᠤ ᠡᠳᠦᠷ ᠂ ᠯᠢ ᠺᠸ ᠴᠢᠶᠠᠩ ᠶᠡᠷᠦᠩᠬᠡᠢ ᠰᠠᠢᠳ ᠲᠦᠷᠦ ᠶᠢᠨ ᠶᠠᠪᠤᠳᠠᠯ ᠤᠨ ᠬᠤᠷᠢᠶᠠᠨ ᠤ ᠪᠠᠢᠩᠭᠤ ᠶᠢᠨ ᠬᠤᠷᠠᠯᠳᠤᠭᠠᠨ ᠢ ᠡᠷᠬᠢᠯᠡᠨ ᠬᠤᠷᠠᠯᠳᠤᠵᠤ ᠴᠢᠩᠭᠠᠳᠬᠠᠨ ᠵᠢᠭᠠᠵᠤ ᠭᠠᠷᠭᠠᠭᠰᠠᠨ ᠨᠢ ᠂ ᠠᠷᠠᠳ ᠲᠦᠮᠡᠨ ᠢᠶᠡᠷ ᠭᠤᠤᠯ ᠪᠤᠯᠭᠠᠬᠤ ᠬᠦᠭᠵᠢᠯᠲᠡ ᠶᠢᠨ ᠦᠵᠡᠯᠲᠡ ᠶᠢ ᠨᠠᠢᠳᠠᠪᠤᠷᠢᠵᠢᠭᠤᠯᠵᠤ ᠂ ᠬᠦᠯᠦᠰᠦᠨ ᠠᠵᠢᠯᠴᠢᠨ ᠤ ᠴᠠᠯᠢᠩ ᠢ ᠦᠷᠢᠳᠦᠵᠦ ᠪᠠᠢᠬᠤ ᠠᠰᠠᠭᠤᠳᠠᠯ ᠢ ᠪᠤᠳᠠᠳᠠᠢ ᠰᠢᠢᠳᠪᠦᠷᠢᠯᠡᠬᠦ ᠨᠢ ᠨᠡᠩ ᠢᠳᠡᠪᠬᠢᠳᠠᠢ ᠠᠵᠢᠯ ᠤᠯᠭᠤᠬᠤ ᠲᠦᠷᠦ ᠶᠢᠨ ᠪᠤᠳᠤᠯᠭ᠎ᠠ ᠶᠠᠪᠤᠭᠳᠠᠭᠤᠯᠬᠤ ᠂ ᠬᠦᠯᠦᠰᠦᠨ ᠠᠵᠢᠯᠴᠢᠨ ᠤ ᠬᠦᠳᠡᠯᠮᠦᠷᠢ ᠶᠢᠨ ᠤᠷᠤᠯᠭ᠎ᠠ ᠶᠢ ᠨᠡᠮᠡᠭᠳᠡᠬᠦᠯᠬᠦ ᠂ ᠨᠡᠢᠬᠡᠮ ᠦᠨ ᠡᠷᠬᠡ ᠲᠡᠭᠰᠢ ᠲᠦᠪ ᠭᠤᠤᠯᠴᠢ ᠶᠢ ᠳᠡᠭᠡᠭᠰᠢᠯᠡᠭᠦᠯᠬᠦ ᠶᠢᠨ ᠴᠢᠬᠤᠯᠠ ᠠᠷᠭ᠎ᠠ ᠬᠡᠮᠵᠢᠶ᠎ᠠ ᠪᠣᠯᠤᠨ᠎ᠠ ᠂ ᠳᠤᠰᠬᠠᠢ ᠵᠠᠰᠠᠯᠲᠠ ᠪᠤᠯᠤᠨ ᠬᠢᠨᠠᠨᠯᠲᠠ ᠶᠢ ᠭᠦᠨᠵᠡᠭᠡᠢᠷᠡᠬᠦᠯᠦᠨ ᠦᠷᠨᠢᠬᠦᠯᠵᠦ ᠂ ᠨᠢᠬᠡ ᠪᠦᠯᠦᠭ ᠨᠡᠢᠲᠡᠯᠢᠭ ᠵᠢᠱᠢᠶ᠎ᠠ ᠶᠢ ᠲᠥᠪᠯᠡᠷᠡᠭᠦᠯᠦᠨ ᠨᠡᠢᠳᠡᠯᠡᠵᠦ ᠂ ᠲᠦᠪ ᠴᠢᠩᠭ᠎ᠠ ᠪᠠᠷ ᠴᠠᠯᠢᠩ ᠦᠷᠢᠲᠦᠵᠦ ᠪᠠᠢᠭ᠎ᠠ ᠦᠢᠯᠡ ᠠᠵᠢᠯᠯᠠᠭ᠎ᠠ᠂ ᠴᠠᠯᠢᠩ ᠦᠷᠢᠳᠦᠭᠰᠡᠨ ᠬᠠᠭᠤᠴᠢᠨ ᠬᠡᠷᠡᠭ ᠢ ᠪᠠᠢᠴᠠᠭᠠᠵᠤ ᠂ ᠵᠤᠷᠢᠭᠤᠳᠠ ᠴᠠᠯᠢᠩ ᠦᠷᠢᠳᠦᠵᠦ ᠪᠠᠢᠬᠤ ᠶᠠᠯᠠᠳᠤ ᠠᠵᠢᠯᠯᠠᠭ᠎ᠠ  ᠳᠤ ᠡᠷᠡᠰ ᠴᠤᠬᠢᠯᠳᠠ ᠦᠭᠴᠦ ᠂ ᠣᠨᠴᠠᠭᠠᠢᠯᠠᠨ ᠵᠠᠰᠠᠭ ᠤᠨ ᠤᠷᠳᠤᠨ ᠪᠡᠯᠡ ᠣᠷᠤᠭᠤᠯᠤᠭᠰᠠᠨ ᠲᠦᠰᠦᠪ ᠢᠨᠵᠧᠨᠧᠷᠢᠩ  ᠦᠨ ᠮᠦᠩᠬᠦ  ᠶᠢ ᠥᠷᠢᠲᠦᠭᠰᠡᠨ ᠡᠴᠡ ᠴᠠᠯᠢᠩ ᠦᠷᠢᠳᠦᠬᠦ ᠳᠠᠢ ᠬᠤᠯᠪᠤᠭᠳᠠᠭᠰᠠᠨ ᠠᠰᠠᠭᠤᠳᠠᠯ ᠢ ᠰᠢᠢᠳᠪᠦᠷᠢᠯᠡᠨ᠎ᠠ ᠃ ᠲᠦᠷᠦ ᠶᠢᠨ ᠶᠠᠪᠤᠳᠠᠯ ᠤᠨ ᠬᠤᠷᠢᠶᠠᠨ ᠤ ᠠᠵᠢᠯ ᠤᠨ ᠲᠣᠬᠢᠷᠠᠭᠤᠯᠤᠯᠲᠠ ᠶᠤᠰᠤᠭᠠᠷ ᠂ ᠲᠦᠷᠦ ᠶᠢᠨ ᠶᠠᠪᠤᠳᠠᠯ ᠤᠨ ᠬᠤᠷᠢᠶᠠᠨ ᠤ ᠠᠯᠪᠠᠨ ᠲᠢᠩᠬᠢᠮ ᠬᠦᠯᠦᠰᠦᠨ ᠠᠵᠢᠯᠴᠢᠨ ᠤ ᠴᠠᠯᠢᠩ ᠦᠷᠢᠳᠡᠵᠦ ᠤᠳᠠᠭᠠᠰᠢᠷᠠᠭᠤᠯᠬᠤ ᠠᠰᠠᠭᠤᠳᠠᠯ  ᠢ ᠰᠢᠢᠳᠪᠦᠷᠢᠯᠡᠬᠦ  ᠪᠡᠷ ᠬᠢᠨᠠᠨ ᠪᠠᠢᠴᠠᠭᠠᠬᠤ ᠳᠤᠭᠤᠢᠯᠠᠩ ᠳᠤᠮᠢᠯᠠᠵᠤ ᠂ ᠪᠦᠯᠦᠭ ᠮᠤᠵᠢ ᠤᠷᠤᠨ ᠳᠤ ᠬᠦᠷᠴᠦ ᠳᠤᠰᠬᠠᠢ ᠪᠠᠢᠴᠠᠭᠠᠯᠲᠠ ᠬᠢᠪᠡ ᠃

    ᠳᠤᠰ ᠤᠳᠠᠭᠠᠨ ᠤ ᠳᠤᠰᠬᠠᠢ ᠬᠢᠨᠠᠨ ᠪᠠᠢᠴᠠᠭᠠᠯᠲᠠ ᠨᠢ ᠭᠣᠣᠯᠳᠠᠭᠤ ᠡᠯ᠎ᠠ ᠭᠠᠵᠠᠷ ᠲᠦᠷᠦ ᠶᠢᠨ ᠶᠠᠪᠤᠳᠠᠯ ᠤᠨ ᠬᠤᠷᠢᠶᠠᠨ ᠤ ᠪᠠᠢᠩᠭᠤ ᠶᠢᠨ ᠬᠤᠷᠠᠯᠳᠤᠭᠠᠨ ᠤ ᠵᠤᠷᠢᠭ ᠰᠠᠨᠠᠭ᠎ᠠ ᠪᠠ《ᠲᠦᠷᠦ ᠶᠢᠨ ᠶᠠᠪᠤᠳᠠᠯ ᠤᠨ ᠬᠤᠷᠢᠶᠠᠨ ᠤ ᠠᠯᠪᠠᠨ ᠲᠢᠩᠬᠢᠮ ᠦᠨ ᠪᠦᠬᠦ ᠳᠠᠯ᠎ᠠ ᠪᠠᠷ ᠬᠦᠯᠦᠰᠦᠨ ᠠᠵᠢᠯᠴᠢᠨ ᠤ ᠴᠠᠯᠢᠩ ᠢ ᠦᠷᠢᠳᠦᠵᠦ ᠪᠠᠢᠬᠤ ᠠᠰᠠᠭᠤᠳᠠᠯ ᠤᠨ ᠳᠤᠬᠠᠢ ᠰᠠᠨᠠᠯ》(ᠲᠦᠷᠦ ᠶᠢᠨ ᠶᠠᠪᠤᠳᠠᠯ ᠤᠨ ᠬᠤᠷᠢᠶᠠᠨ ᠤ ᠠᠯᠪᠠᠨ ᠲᠢᠩᠬᠢᠮ  ᠦᠨ ᠳᠠᠷᠬᠠᠭᠠᠭᠰᠠᠨ【2016】 ᠨᠢᠬᠡᠳᠦᠭᠡᠷ ᠨᠣᠮᠧᠷ) ᠢ ᠨᠠᠢᠳᠠᠪᠤᠷᠢᠵᠢᠭᠤᠯᠤᠭᠰᠠᠨ ᠪᠠᠢᠳᠠᠯ ᠢ ᠬᠢᠨᠠᠨ ᠪᠠᠢᠴᠠᠭᠠᠵᠤ ᠂ ᠭᠣᠣᠯᠳᠠᠯᠭ᠎ᠠ ᠨᠢ ᠳᠠᠪᠤᠨ ᠳᠠᠯ᠎ᠠ ᠳᠡᠭᠡᠷ᠎ᠠ ᠲᠥᠪᠯᠡᠷᠡᠵᠦ ᠪᠠᠢᠨ᠎ᠠ᠄ ᠨᠢᠬᠡ ᠳᠦ ᠪᠠᠷᠢᠯᠭ᠎ᠠ ᠪᠦᠲᠦᠭᠡᠨ ᠪᠠᠢᠭᠤᠯᠤᠯᠲᠠ ᠬᠦᠷᠢᠶ᠎ᠡ ᠬᠡᠪᠴᠢᠶ᠎ᠠ ᠣᠨᠴᠠᠭᠠᠢᠯᠠᠨ ᠵᠠᠰᠠᠭ ᠤᠨ ᠤᠷᠳᠤᠨ ᠪᠡᠯᠡ ᠤᠷᠤᠭᠤᠯᠤᠭᠰᠠᠨ ᠲᠦᠰᠦᠨᠪ ᠳᠠᠢ ᠬᠤᠯᠪᠤᠭᠳᠠᠭᠰᠠᠨ ᠬᠦᠯᠦᠰᠦᠨ ᠠᠵᠢᠯᠴᠢᠨ ᠤ ᠴᠠᠯᠢᠩ ᠢ ᠦᠷᠢᠳᠦᠵᠦ ᠪᠠᠢᠬᠤ ᠶᠢ ᠵᠠᠰᠠᠭᠰᠠᠨ ᠪᠠᠢᠳᠠᠯ ᠢ ᠬᠢᠨᠠᠨ ᠪᠠᠢᠴᠠᠭᠠᠨ᠎ᠠ᠃ ᠭᠣᠣᠯᠳᠠᠭᠤ ᠪᠠᠷᠢᠯᠭ᠎ᠠ ᠪᠦᠲᠦᠭᠡᠨ ᠪᠠᠢᠭᠤᠯᠤᠯᠲᠠ ᠶᠢᠨ ᠬᠦᠷᠢᠶ᠎ᠠ ᠬᠡᠪᠴᠢᠶ᠎ᠠ ᠶᠢ ᠬᠢᠨᠠᠨ ᠪᠠᠢᠴᠠᠭᠠᠵᠤ ᠂ ᠠᠵᠤ ᠠᠬᠤᠢᠯᠠᠯ ᠬᠠᠤᠯᠢ ᠶᠤᠰᠤᠭᠠᠷ ᠰᠠᠷ᠎ᠠ ᠶᠢᠨ ᠴᠠᠯᠢᠩ ᠢ ᠦᠭᠬᠦ ᠂ ᠪᠦᠬᠦ ᠳᠠᠯ᠎ᠠ ᠪᠠᠷ ᠴᠠᠯᠢᠩ ᠤᠨ ᠳᠤᠰᠬᠠᠢ ᠡᠷᠦᠬᠡ ᠬᠠᠮᠢᠶᠠᠷᠤᠯᠲᠠ ᠪᠠ ᠪᠠᠩᠬᠢ ᠤᠷᠤᠯᠠᠨ ᠥᠭᠬᠦ ᠲᠦᠷᠢᠮ ᠢ ᠬᠡᠷᠡᠭᠵᠢᠬᠦᠯᠬᠦ ᠪᠠᠢᠳᠠᠯ  ᠢ ᠬᠢᠨᠠᠨ ᠪᠠᠢᠴᠠᠭᠠᠨ᠎ᠠ ᠃ ᠬᠤᠶᠠᠷ ᠲᠤ ᠴᠠᠯᠢᠩ ᠦᠷᠢᠳᠦᠵᠦ ᠪᠠᠢᠬᠤ ᠬᠠᠤᠯᠢ ᠵᠦᠷᠢᠴᠡᠭᠰᠡᠨ ᠦᠢᠯᠡ ᠠᠵᠢᠯᠯᠠᠭ᠎ᠠ ᠣᠨᠴᠠᠭᠠᠢᠯᠠᠨ ᠵᠤᠷᠢᠭᠤᠳᠠ ᠴᠠᠯᠢᠩ ᠦᠷᠢᠳᠦᠵᠦ ᠶᠠᠯᠠᠳᠤ ᠠᠵᠢᠯᠯᠠᠭ᠎ᠠ  ᠶᠢᠨ ᠪᠠᠢᠳᠠᠯ ᠢ ᠴᠢᠩᠭ᠎ᠠ ᠪᠠᠢᠴᠠᠭᠠᠨ᠎ᠠ ᠃  ᠭᠣᠣᠯᠳᠠᠭᠤ ᠬᠦᠯᠦᠰᠦᠨ ᠠᠵᠢᠯᠴᠢᠨ ᠤ ᠴᠠᠯᠢᠩ ᠢ ᠦᠷᠢᠳᠦᠬᠦ ᠶᠢ ᠵᠠᠭᠠᠯᠳᠤᠬᠤ ᠪᠠᠢᠭᠤᠯᠤᠮᠵᠢ  ᠶᠢ ᠲᠡᠭᠦᠯᠳᠡᠷᠵᠢᠭᠦᠯᠵᠦ ᠂ ᠴᠤᠩᠬᠤ ᠂ ᠰᠦᠯᠵᠢᠶ᠎ᠡ ᠂ 《12333》ᠬᠠᠯᠠᠮ ᠤᠳᠠᠰᠤ ᠂ ᠵᠠᠭᠠᠯᠳᠤᠬᠤ ᠢᠯᠡᠴᠢᠯᠡᠨ ᠮᠡᠳᠡᠬᠦᠯᠬᠦ ᠤᠳᠠᠰᠤ ᠵᠡᠷᠬᠡ  ᠪᠡᠷ ᠴᠠᠯᠢᠩ ᠦᠷᠢᠳᠦᠬᠦ ᠶᠢ ᠢᠯᠡᠴᠢᠯᠡᠬᠦ ᠰᠤᠪᠠᠭ ᠢ ᠨᠡᠪᠲᠡᠷᠡᠭᠦᠯᠬᠦ ᠵᠢᠴᠢ ᠵᠠᠭᠤᠴᠢ ᠪᠠᠷ ᠳᠠᠮᠵᠢᠬᠤ ᠪᠤᠶᠤ ᠪᠠᠷᠢᠯᠭ᠎ᠠ ᠶᠢᠨ ᠭᠠᠵᠠᠷ ᠵᠠᠷᠯᠠᠯ ᠤᠨ ᠫᠠᠢᠰᠠ ᠳᠠᠯᠪᠢᠵᠤ ᠤᠯᠠᠨ ᠳᠤ ᠮᠡᠳᠡᠬᠦᠯᠬᠦ ᠪᠠᠢᠳᠠᠯ ᠬᠢᠨᠠᠨ ᠪᠠᠢᠴᠠᠭᠠᠨ᠎ᠠ ᠃ ᠭᠤᠷᠪᠠ ᠳᠤ ᠬᠦᠯᠦᠰᠦᠨ ᠠᠵᠢᠯᠴᠢᠨ ᠤ ᠴᠠᠯᠢᠩ ᠢ ᠦᠷᠢᠳᠦᠭᠰᠡᠨ ᠡᠴᠡ ᠪᠤᠯᠵᠤ ᠡᠭᠦᠰᠦᠭᠰᠡᠨ ᠤᠯᠠᠨ ᠲᠦᠮᠡᠨᠴᠢ ᠬᠡᠷᠡᠭ ᠢ ᠰᠢᠢᠳᠪᠦᠷᠢᠯᠡᠭᠰᠡᠨ ᠪᠠᠢᠳᠠᠯ ᠢ ᠬᠢᠨᠠᠨ ᠪᠠᠢᠴᠠᠭᠠᠨ᠎ᠠ ᠃ ᠭᠣᠣᠯᠳᠠᠭᠤ ᠪᠠᠴᠢᠮ ᠪᠠᠢᠳᠠᠯ ᠢ ᠠᠷᠭᠠᠴᠠᠬᠤ ᠲᠦᠰᠦᠪ ᠢ ᠲᠡᠭᠦᠯᠳᠡᠷᠵᠢᠭᠦᠯᠬᠦ ᠂ ᠬᠦᠯᠦᠰᠦᠨ ᠠᠵᠢᠯᠴᠢᠨ ᠤ ᠴᠠᠯᠢᠩ ᠢ ᠦᠷᠢᠳᠦᠭᠰᠡᠨ ᠡᠴᠡ ᠪᠤᠯᠵᠤ ᠡᠬᠦᠰᠭᠡᠭᠰᠡᠨ ᠬᠡᠨᠡᠳᠲᠡ ᠶᠢᠨ ᠴᠢᠨᠠᠷᠲᠠᠢ ᠪᠠ ᠤᠯᠠᠨ ᠲᠦᠮᠡᠨᠴᠢ ᠴᠢᠨᠠᠷ ᠳᠠᠢ ᠬᠡᠷᠡᠭ ᠢ ᠴᠠᠭ ᠳᠤᠬᠠᠢ ᠳᠤ ᠨᠢ ᠰᠠᠢᠳᠤᠷ ᠰᠢᠢᠳᠪᠦᠷᠢᠯᠡᠬᠦ ᠪᠠᠢᠳᠠᠯ ᠢ ᠬᠢᠨᠠᠨ ᠪᠠᠢᠴᠠᠭᠠᠨ᠎ᠠ ᠃ ᠲᠦᠷᠪᠡ ᠳᠦ ᠬᠦᠯᠦᠰᠦᠨ ᠠᠵᠢᠯᠴᠢᠨ ᠤ ᠴᠠᠯᠢᠩ ᠢ ᠦᠷᠢᠳᠦᠵᠦ ᠪᠠᠢᠬᠤ ᠠᠰᠠᠭᠤᠳᠠᠯ ᠢ ᠪᠦᠬᠦ ᠳᠠᠯ᠎ᠠ ᠪᠠᠷ ᠵᠠᠰᠠᠬᠤ ᠤᠷᠳᠤ ᠬᠤᠭᠤᠴᠠᠭᠠᠨ ᠤ ᠪᠠᠢᠭᠤᠯᠤᠮᠵᠢ  ᠶᠢ ᠪᠠᠢᠭᠤᠯᠵᠤ ᠪᠠᠠᠢᠬᠤ ᠪᠠᠢᠳᠠᠯ ᠢ ᠬᠢᠨᠠᠨ ᠪᠠᠢᠴᠠᠭᠠᠨ᠎ᠠ ᠃ ᠭᠣᠣᠯᠳᠠᠭᠤ ᠴᠠᠯᠢᠩ ᠦᠷᠢᠳᠦᠬᠦ ᠠᠵᠤ ᠠᠬᠤᠢᠯᠠᠯ ᠤᠨ《ᠬᠠᠷ᠎ᠠ ᠲᠠᠩᠰᠠ》 ᠶᠢᠨ ᠲᠦᠷᠢᠮ ᠪᠠᠢᠭᠤᠯᠵᠤ ᠂ ᠳᠤᠭᠳᠠᠭᠰᠠᠨ ᠬᠤᠭᠤᠴᠠᠭᠠᠨ ᠳᠤ ᠨᠡᠢᠬᠡᠮ ᠢᠶᠡᠷ ᠬᠠᠮᠢᠶ᠎ᠠ ᠪᠦᠬᠦᠢ ᠮᠡᠳᠡᠬᠡ ᠵᠠᠩᠬᠢ ᠶᠢ ᠨᠡᠢᠳᠡᠯᠡᠬᠦ ᠪᠠᠢᠳᠠᠯ ᠂ ᠠᠵᠤ ᠠᠬᠤᠢᠯᠠᠯ ᠤᠨ ᠢᠳᠡᠬᠡᠯ ᠠᠯᠳᠠᠭᠰᠠᠨ  ᠢ ᠬᠤᠯᠪᠤᠭᠠᠯᠠᠵᠤ ᠰᠢᠢᠳᠬᠡᠬᠦ ᠪᠠᠢᠭᠤᠯᠤᠮᠵᠢ ᠶᠢ ᠲᠡᠭᠦᠯᠳᠡᠷᠵᠢᠭᠦᠯᠬᠦ ᠪᠠᠢᠳᠠᠯ  ᠢ ᠬᠢᠨᠠᠨ ᠪᠠᠢᠴᠠᠭᠠᠨ᠎ᠠ ᠃ ᠳᠠᠪᠤ ᠳᠤ ᠵᠤᠬᠢᠶᠠᠨ ᠪᠠᠢᠭᠤᠯᠵᠤ ᠤᠳᠤᠷᠢᠳᠬᠤ ᠶᠢ ᠴᠢᠩᠭᠠᠳᠭᠠᠬᠤ ᠪᠠᠢᠳᠠᠯ  ᠢ ᠬᠢᠨᠠᠨ ᠪᠠᠢᠴᠠᠭᠠᠨ᠎ᠠ ᠃ ᠭᠣᠣᠯᠳᠠᠭᠤ ᠬᠠᠷᠢᠶᠠᠳᠤ ᠭᠠᠵᠠᠷ ᠤᠨ ᠬᠢᠨᠠᠯᠲᠠ ᠶᠢᠨ ᠬᠠᠷᠢᠭᠤᠴᠠᠯᠭ᠎ᠠ ᠶᠢ ᠨᠠᠢᠳᠠᠪᠤᠷᠢᠵᠢᠭᠤᠯᠬᠤ ᠂ ᠬᠦᠯᠦᠰᠦᠨ ᠠᠵᠢᠯᠴᠢᠨ ᠤ ᠴᠠᠯᠢᠩ ᠢ ᠦᠷᠢᠳᠦᠭᠰᠡᠨ ᠠᠰᠠᠭᠤᠳᠠᠯ ᠢ ᠰᠢᠢᠳᠪᠦᠷᠢᠯᠡᠬᠦ ᠶᠢ ᠮᠤᠵᠢ ᠶᠢᠨ ᠳᠡᠰ ᠦᠨ ᠠᠷᠠᠳ ᠤᠨ ᠵᠠᠰᠠᠭ ᠤᠨ ᠤᠷᠳᠤᠨ᠂ ᠬᠤᠳᠠ ᠶᠢᠨ ᠳᠡᠰ  ᠦᠨ ᠠᠷᠠᠳ ᠤᠨ ᠵᠠᠰᠠᠭ  ᠢ ᠤᠷᠤᠳᠤᠨ ᠬᠠᠷᠢᠭᠤᠴᠠᠬᠤ ᠠᠵᠢᠯ  ᠤᠨ ᠲᠦᠷᠢᠮ ᠢ ᠪᠠᠢᠭᠤᠯᠵᠤ ᠲᠡᠭᠦᠯᠳᠡᠷᠵᠢᠭᠦᠯᠬᠦ ᠪᠠᠢᠳᠠᠯ ᠢ ᠬᠢᠨᠠᠨ ᠪᠠᠢᠴᠠᠭᠠᠨ᠎ᠠ ᠃

     ᠲᠦᠷᠦ ᠶᠢᠨ ᠶᠠᠪᠤᠳᠠᠯ ᠤᠨ ᠬᠤᠷᠢᠶᠠᠨ ᠤ ᠠᠯᠪᠠᠨ ᠲᠢᠩᠬᠢᠮ ᠱᠠᠭᠠᠷᠳᠠᠭᠰᠠᠨ ᠨᠢ᠂ ᠳᠤᠰ ᠤᠳᠠᠭᠠᠨ ᠤ ᠳᠤᠬᠠᠢ ᠶᠢᠨ ᠳᠠᠯᠪᠠᠢ ᠶᠢᠨ ᠬᠢᠨᠠᠨ ᠪᠠᠢᠴᠠᠭᠠᠯᠲᠠ ᠪᠠᠷ ᠳᠠᠮᠵᠢᠵᠤ᠂ ᠨᠢᠬᠡ ᠪᠦᠯᠦᠭ ᠬᠦᠯᠦᠰᠦᠨ ᠠᠵᠢᠯᠴᠢᠨ ᠤ ᠴᠠᠯᠢᠩ ᠢ ᠦᠷᠢᠳᠦᠵᠦ ᠪᠠᠢᠬᠤ ᠰᠠᠭᠤᠳᠠᠯ ᠢ ᠪᠤᠳᠠᠳᠠᠢ ᠪᠠᠷ ᠰᠢᠢᠳᠪᠦᠷᠢᠯᠡᠵᠦ ᠂ ᠨᠢᠬᠡ ᠪᠦᠯᠦᠭ ᠨᠡᠢᠲᠡᠯᠢᠭ ᠵᠢᠱᠢᠶ᠎ᠠ ᠶᠢ ᠲᠥᠪᠯᠡᠷᠡᠭᠦᠯᠦᠨ ᠨᠡᠢᠳᠡᠯᠡᠵᠦ ᠂ ᠨᠢᠬᠡ ᠪᠦᠯᠦᠭ ᠬᠠᠷᠢᠭᠤᠴᠠᠯᠭ᠎ᠠ ᠠᠯᠳᠠᠭᠰᠠᠨ ᠬᠦᠮᠦᠨ ᠡᠴᠡ ᠬᠠᠷᠢᠭᠤᠴᠠᠯᠭ᠎ᠠ ᠨᠡᠬᠡᠮᠵᠢᠯᠡᠨ᠎ᠠ ᠃

 

 

ᠢᠷᠡᠯᠲᠡ᠄ ᠳᠤᠮᠳᠠᠳᠤ ᠤᠯᠤᠰ ᠤᠨ ᠰᠢᠬᠦᠬᠦ ᠬᠤᠷᠢᠶᠠᠨ ᠤ ᠰᠦᠯᠵᠢᠶ᠎ᠠ

ᠦᠨᠡᠯᠡᠬᠦ 0ᠦᠨᠡᠯᠡᠯᠲᠡ᠎ᠲᠠᠢ


( ᠨᠧᠲ ᠨᠠᠢᠵᠠ ᠵᠢᠨ ᠦᠨᠡᠯᠡᠯᠲᠡ᠎ᠨᠢ ᠵᠦᠪᠭᠡᠨ ᠲᠡᠭᠦᠨ ᠊ᠤ᠌ ᠬᠤᠪᠢ ᠭᠦᠮᠦᠨ ᠊ᠤ᠌ ᠦᠵᠡᠯᠲᠡ ᠲᠡᠳᠦᠢ᠂ ᠲᠤᠰ ᠨᠧᠲ ᠦᠷᠳᠡᠭᠡ ᠲᠡᠭᠦᠨ ᠊ᠤ᠌ ᠦᠵᠡᠯᠲᠡ ᠵᠢ ᠵᠦᠪᠱᠢᠶᠡᠷᠡᠭᠰᠡᠨ ᠶᠠᠪᠤᠳᠠᠯ ᠤᠭᠳᠤ ᠪᠢᠱᠢ᠎ᠶᠤᠮ᠃ )