ᠠᠷᠠᠳ ᠤᠨ ᠳᠡᠬᠡᠳᠦ ᠵᠡᠷᠬᠡ ᠶᠢᠨ ᠰᠢᠬᠦᠬᠦ ᠬᠤᠷᠢᠶ᠎ᠠ ᠬᠠᠤᠯᠢ ᠴᠠᠭᠠᠵᠠ ᠶᠢᠨ ᠠᠵᠢᠯᠳᠠᠨ ᠤ ᠶᠠᠪᠤᠳᠠᠯ ᠤᠨ ᠥᠭᠡᠷᠡᠴᠢᠯᠡᠯᠲᠡ ᠶᠢ  ᠲᠦᠯᠬᠢᠨ ᠠᠬᠢᠭᠤᠯᠤᠭᠰᠠᠨ ᠠᠵᠢᠯ ᠤᠨ ᠳᠤᠬᠠᠢ ᠶᠡᠷᠦᠩᠬᠡᠢ ᠳᠤᠭᠠᠴᠢᠯᠲᠠ
2017.02.14 ᠲᠣᠰ ᠥᠷᠲᠡᠭᠡᠨ ᠦ ᠨᠠᠢᠷᠠᠭᠤᠯᠤᠭᠴᠢ

    ᠨᠠᠮ ᠤᠨ ᠠᠷᠪᠠᠨ ᠨᠠᠢ᠍ᠮᠠᠳᠤᠭᠠᠷ ᠶᠡᠬᠡ ᠬᠤᠷᠠᠯ ᠠᠴᠠ ᠨᠠᠰᠢ ᠂ ᠰᠢ ᠵᠢᠨ ᠫᠢᠩ ᠨᠦᠬᠦᠷ  ᠢᠶᠡᠷ ᠭᠤᠤᠯ ᠪᠤᠯᠭᠠᠭᠰᠠᠨ ᠨᠠᠮ ᠤᠨ ᠲᠦᠪ ᠬᠤᠷᠢᠶ᠎ᠠ ᠥᠭᠡᠷᠡᠴᠢᠯᠡᠯᠲᠡ ᠶᠢᠨ ᠳᠤᠭ ᠢ ᠦᠨᠳᠦᠷ ᠡᠷᠬᠦᠵᠦ ᠂ ᠬᠠᠷᠢᠴᠠᠯᠠᠰᠢ ᠦᠬᠡᠢ ᠤᠯᠤᠰ ᠲᠦᠷᠦ ᠶᠢᠨ ᠵᠤᠷᠢᠭ ᠰᠦᠰᠦ ᠪᠤᠯᠤᠨ ᠤᠶᠤᠨ ᠤᠬᠠᠭᠠᠨ ᠢᠶᠠᠷ ᠥᠭᠡᠷᠡᠴᠢᠯᠡᠯᠲᠡ ᠶᠢ ᠲᠦᠯᠬᠢᠨ ᠠᠬᠢᠭᠤᠯᠵᠤ ᠂ ᠪᠦᠬᠦ ᠳᠠᠯ᠎ᠠ  ᠶᠢᠨ ᠦᠵᠡᠯᠲᠡ ᠪᠤᠯᠤᠨ ᠰᠢᠰᠲ᠋ᠧᠮ ᠦᠨ ᠰᠡᠳᠬᠢᠬᠦᠢ  ᠪᠡᠷ ᠥᠭᠡᠷᠡᠴᠢᠯᠡᠯᠲᠡ ᠶᠢ ᠲᠦᠰᠦᠪᠯᠡᠵᠦ ᠂ ᠰᠢᠨ᠎ᠡ ᠨᠢᠬᠡᠨ ᠥᠭᠡᠷᠡᠴᠢᠯᠡᠯᠲᠡ ᠶᠢᠨ ᠤᠷᠤᠰᠬᠠᠯ ᠢ ᠶᠠᠪᠤᠭᠳᠠᠭᠤᠯᠵᠤ ᠂ ᠬᠠᠤᠯᠢ ᠴᠠᠭᠠᠵᠠ ᠶᠢᠨ ᠥᠭᠡᠷᠡᠴᠢᠯᠡᠯᠲᠡ ᠴᠤ ᠳᠠᠭᠠᠨ ᠤᠷᠤᠭᠰᠢᠯᠠᠨ᠎ᠠ ᠃

    ᠬᠠᠤᠯᠢ ᠴᠠᠭᠠᠵᠠ ᠶᠢᠨ ᠥᠭᠡᠷᠡᠴᠢᠯᠡᠯᠲᠡ  ᠶᠢᠨ ᠤᠷᠤᠰᠬᠠᠯ ᠳᠤᠮᠳᠠ ᠂ ᠠᠷᠠᠳ ᠤᠨ ᠳᠡᠭᠡᠳᠦ ᠵᠡᠷᠬᠡ ᠶᠢᠨ ᠰᠢᠬᠦᠬᠦ ᠬᠤᠷᠢᠶ᠎ᠠ ᠵᠤᠷᠢᠭᠳᠠᠢ ᠬᠠᠷᠢᠭᠤᠴᠠᠯᠭ᠎ᠠ ᠡᠬᠦᠷᠭᠡᠯᠡᠨ᠂ ᠲᠦᠪ ᠦᠨ ᠡᠯ᠎ᠠ ᠬᠤᠷᠠᠯᠳᠤᠭᠠᠨ ᠤ ᠵᠤᠷᠢᠭ ᠰᠠᠨᠠᠭ᠎ᠠ ᠶᠢ ᠨᠠᠷᠢᠨ ᠬᠢᠨᠠᠮᠠᠭᠠᠢ ᠨᠠᠢᠳᠠᠪᠤᠷᠢᠵᠢᠭᠤᠯᠵᠤ ᠂ ᠦᠵᠡᠯ ᠰᠠᠨᠠᠭ᠎ᠠ ᠦᠢᠯᠡ ᠠᠵᠢᠯᠯᠠᠭ᠎ᠠ ᠳᠡᠭᠡᠷ᠎ᠠ ᠪᠠᠨ ᠰᠢ ᠵᠢᠨ ᠫᠢᠩ ᠨᠦᠬᠦᠷ ᠢᠶᠡᠷ ᠭᠤᠤᠯ ᠪᠤᠯᠭᠠᠭᠰᠠᠨ ᠨᠠᠮ ᠤᠨ ᠲᠦᠪ ᠬᠤᠷᠢᠶ᠎ᠠ ᠳᠠᠢ ᠳᠡᠭᠡᠳᠦ ᠬᠡᠮᠵᠢᠶ᠎ᠠ ᠪᠠᠷ ᠨᠢᠬᠡᠳᠬᠡᠵᠦ ᠂ ᠥᠭᠡᠷᠡᠴᠢᠯᠡᠯᠲᠡ ᠶᠢᠨ ᠭᠤᠤᠯ ᠴᠤᠭᠴᠠ ᠶᠢᠨ ᠬᠠᠷᠢᠭᠤᠴᠠᠯᠭ᠎ᠠ ᠶᠢ ᠨᠠᠢᠳᠠᠪᠤᠷᠢᠵᠢᠭᠤᠯᠬᠤ ᠶᠢ ᠪᠠᠷᠢᠮᠳᠠᠯᠠᠵᠤ ᠂ ᠥᠭᠡᠷᠡᠴᠢᠯᠡᠯᠲᠡ ᠶᠢᠨ ᠬᠢᠨᠠᠯᠲᠠ ᠶᠢ ᠴᠢᠩᠭᠠᠳᠬᠠᠵᠤ ᠂ 《ᠠᠷᠠᠳ ᠲᠦᠮᠡᠨ ᠬᠠᠤᠯᠢ ᠴᠠᠭᠠᠵᠠ ᠶᠢᠨ ᠬᠡᠷᠡᠭ ᠪᠦᠷᠢ ᠳᠤᠮᠳᠠ ᠲᠦᠪ ᠭᠤᠤᠯᠴᠢ ᠡᠷᠬᠡ ᠳᠡᠭᠰᠢ  ᠶᠢ ᠤᠯᠭᠤᠬᠤ ᠪᠠᠷ ᠴᠢᠷᠮᠠᠢᠬᠤ 》 ᠬᠠᠷᠠᠯᠳᠠ ᠳᠤ ᠲᠦᠪᠯᠡᠷᠡᠨ ᠂ ᠪᠤᠳᠠᠳᠠᠢ ᠠᠵᠢᠯ ᠬᠢᠵᠦ ᠂ ᠬᠦᠴᠢᠷ ᠢ ᠳᠤᠭᠤᠯᠵᠤ ᠂ ᠬᠤᠯᠢ ᠴᠠᠭᠠᠵᠠ ᠶᠢᠨ ᠰᠢᠰᠲ᠋ᠧᠮ  ᠦᠨ ᠥᠭᠡᠷᠡᠴᠢᠯᠡᠯᠲᠡ ᠶᠢᠨ ᠠᠵᠢᠯ ᠢ ᠯᠠᠪᠳᠠᠭᠤᠨ ᠲᠦᠯᠬᠢᠨ ᠠᠬᠢᠭᠤᠯᠤᠨ᠎ᠠ ᠃

    ᠢᠷᠡᠭᠰᠡᠨ ᠵᠠᠮ ᠢᠶᠠᠨ ᠡᠷᠬᠢᠵᠦ ᠬᠠᠷᠠᠪᠠᠯ ᠂ ᠭᠤᠷᠪᠠᠨ ᠵᠢᠯ ᠦᠨ ᠰᠢᠷᠭᠠᠭᠤ ᠴᠢᠷᠮᠠᠢᠯᠲᠠ ᠪᠠ ᠯᠠᠪᠳᠠᠭᠤᠨ ᠳᠤᠭᠳᠠᠭᠤᠨ ᠲᠦᠯᠬᠢᠨ ᠠᠬᠢᠭᠤᠯᠬᠤ ᠪᠠᠷ ᠳᠠᠮᠵᠢᠵᠤ ᠂ ᠠᠷᠠᠳ ᠤᠨ ᠳᠡᠭᠡᠳᠦ ᠵᠡᠷᠬᠡ ᠶᠢᠨ ᠰᠢᠬᠦᠬᠦ ᠬᠤᠷᠢᠶ᠎ᠠ ᠴᠢᠬᠤᠯᠠ ᠬᠦᠷᠢᠶ᠎ᠠ ᠭᠡᠪᠴᠢᠶ᠎ᠠ ᠪᠠ ᠵᠠᠩᠭᠢᠯᠠᠭ᠎ᠠ ᠶᠢᠨ ᠬᠡᠰᠡᠭ ᠦᠨ ᠥᠭᠡᠷᠡᠴᠢᠯᠡᠯᠲᠡ ᠳᠦ ᠴᠢᠬᠤᠯᠠ ᠠᠮᠵᠢᠯᠲᠠ ᠤᠯᠵᠤ ᠂ ᠬᠠᠤᠯᠢ ᠴᠠᠭᠠᠵᠠ ᠶᠢᠨ ᠥᠭᠡᠷᠡᠴᠢᠯᠡᠯᠲᠡ ᠶᠢᠨ ᠠᠷᠭ᠎ᠠ ᠬᠡᠮᠵᠢᠶ᠎ᠠ ᠶᠢ ᠨᠢᠬᠡ ᠱᠤᠭᠤᠮ ᠪᠤᠯᠭᠠᠵᠤ ᠂ ᠭᠤᠤᠯ ᠴᠤᠭᠴᠠ ᠶᠢᠨ ᠪᠦᠲᠦᠴᠡ ᠨᠢᠬᠡᠨᠲᠡ ᠦᠨᠳᠦᠰᠦᠨ ᠳᠦ ᠪᠡᠨ ᠪᠦᠷᠢᠯᠳᠦᠪᠡ ᠃ ᠥᠭᠡᠷᠡᠴᠢᠯᠡᠯᠲᠡ ᠶᠢᠨ ᠦᠢᠯᠡᠳᠦᠯᠭᠡ ᠶᠢᠨ ᠭᠦᠨᠵᠡᠭᠡᠢᠷᠡᠬᠦ ᠶᠢ ᠳᠠᠭᠠᠯᠳᠤᠨ ᠂ ᠰᠢᠨ᠎ᠠ ᠠᠮᠵᠢᠯᠲᠠ ᠲᠠᠰᠤᠷᠠᠯᠲᠠ ᠦᠬᠡᠢ ᠢᠯᠡᠷᠡᠵᠦ ᠂ ᠥᠭᠡᠷᠡᠴᠢᠯᠡᠯᠲᠡ ᠶᠢᠨ ᠠᠰᠢᠭ ᠤᠯᠠᠮ ᠢᠶᠠᠷ ᠨᠡᠮᠡᠭᠳᠡᠵᠦ ᠂ ᠠᠷᠠᠳ ᠤᠨ ᠳᠡᠭᠡᠳᠦ ᠵᠡᠷᠬᠡ ᠶᠢᠨ ᠰᠢᠬᠦᠬᠦ ᠬᠤᠷᠢᠶ᠎ᠠ ᠪᠦᠬᠦ ᠳᠠᠯ᠎ᠠ ᠪᠠᠷ ᠠᠷᠠᠳ ᠤᠨ ᠰᠢᠬᠦᠬᠦ ᠬᠤᠷᠢᠶᠠᠨ ᠤ ᠪᠠᠢᠭᠤᠯᠤᠯ ᠤᠨ ᠥᠭᠡᠷᠡᠴᠢᠯᠡᠯᠲᠡ ᠶᠢ ᠲᠦᠯᠬᠢᠨ ᠠᠬᠢᠭᠤᠯᠵᠤ ᠂ 《ᠳᠠᠪᠤᠨ ᠪᠠᠢᠷᠢ ᠨᠢᠬᠡ ᠴᠤᠭᠴᠠ》ᠪᠦᠬᠦᠯᠢ ᠴᠤᠭᠴᠠ ᠶᠢᠨ ᠪᠠᠢᠷᠢᠯᠠᠭᠤᠯᠤᠯᠲᠠ  ᠶᠢ ᠨᠢᠭᠡᠳᠦᠯᠲᠡᠢ ᠲᠦᠯᠬᠢᠨ ᠠᠬᠢᠭᠤᠯᠵᠤ ᠂ 《ᠲᠦᠷᠪᠡᠨ ᠪᠦᠬᠦ ᠳᠠᠯ᠎ᠠ》 ᠶᠢ ᠵᠤᠬᠢᠴᠠᠯᠳᠠᠢ ᠲᠦᠯᠬᠢᠨ ᠠᠬᠢᠭᠤᠯᠬᠤ ᠪᠠᠢᠯᠳᠤᠬᠤ ᠪᠤᠳᠤᠯᠭ᠎ᠠ ᠶᠢᠨ ᠪᠠᠢᠷᠢᠯᠠᠭᠤᠯᠤᠯᠲᠠ ᠳᠤ ᠢᠳᠡᠪᠬᠢᠳᠠᠢ ᠦᠢᠯᠡᠳᠦᠯ ᠦᠵᠡᠬᠦᠯᠪᠡ ᠃

    ᠲᠦᠷᠭᠡᠨ ᠮᠦᠷᠲᠡᠭᠡᠨ ᠯᠠᠪᠳᠠᠭᠤᠨ ᠪᠠᠢᠵᠤ ᠂ ᠭᠣᠣᠯᠳᠠᠯᠭ᠎ᠠ ᠶᠢ ᠲᠣᠪᠤᠢᠯᠭᠠᠨ ᠂ ᠪᠦᠬᠦ ᠳᠠᠯ᠎ᠠ ᠪᠠᠷ ᠬᠠᠤᠯᠢ ᠴᠠᠭᠠᠵᠠ ᠶᠢᠨ ᠠᠵᠢᠯᠳᠠᠨ ᠤ ᠲᠦᠷᠦᠯ ᠬᠤᠪᠢᠶᠠᠨ ᠬᠠᠮᠢᠶᠠᠷᠬᠤ ᠥᠭᠡᠷᠡᠴᠢᠯᠡᠯᠲᠡ ᠶᠢ ᠲᠦᠯᠬᠢᠨ ᠠᠬᠢᠭᠤᠯᠤᠨ᠎ᠠ ᠃

    ᠲᠤᠬᠠᠢᠯᠠᠭᠰᠠᠨ ᠠᠵᠢᠯ ᠤᠨ ᠤᠨᠴᠠᠯᠢᠭ  ᠲᠤ ᠨᠡᠢᠴᠡᠭᠰᠡᠨ ᠬᠠᠤᠯᠢ ᠴᠠᠭᠠᠵᠠ ᠶᠢᠨ ᠠᠵᠢᠯᠳᠠᠨ ᠤ ᠬᠠᠮᠢᠶᠠᠷᠤᠯᠲᠠ ᠶᠢᠨ ᠲᠦᠷᠢᠮ ᠪᠠᠢᠭᠤᠯᠬᠤ ᠨᠢ ᠦᠨᠳᠦᠷ ᠬᠡᠪ ᠴᠢᠨᠠᠷ ᠳᠠᠢ ᠬᠠᠤᠯᠢ ᠴᠠᠭᠠᠵᠠ ᠶᠢᠨ ᠡᠩᠨᠡᠭᠡ ᠪᠠᠢᠭᠤᠯᠬᠤ ᠶᠢᠨ ᠲᠦᠷᠢᠮ ᠦᠨ ᠪᠠᠳᠤᠯᠭ᠎ᠠ᠂ ᠮᠦᠨᠴᠦ ᠬᠠᠤᠯᠢ ᠴᠠᠭᠠᠵᠠ ᠶᠢᠨ ᠲᠦᠷᠢᠮ ᠦᠨ ᠥᠭᠡᠷᠡᠴᠢᠯᠡᠯᠲᠡ ᠳᠤᠮᠳᠠ ᠡᠷᠬᠡᠪᠰᠢ ᠠᠳᠬᠤᠬᠤ ᠬᠡᠷᠡᠭᠲᠡᠢ ᠵᠠᠩᠭᠢᠯᠠᠭ᠎ᠠ ᠮᠦᠨ ᠃

    ᠳᠡᠭᠡᠷ᠎ᠠ ᠵᠢᠯ ᠡᠴᠡ ᠨᠠᠰᠢ ᠂ ᠲᠦᠪ ᠦᠨ ᠬᠠᠤᠯᠢ ᠴᠠᠭᠠᠵᠠ ᠶᠢᠨ ᠥᠭᠡᠷᠡᠴᠢᠯᠡᠯᠲᠡ ᠶᠢᠨ ᠰᠢᠢᠳᠪᠦᠷᠢ ᠲᠣᠬᠢᠷᠠᠭᠤᠯᠤᠯᠲᠠ ᠪᠠ ᠰᠢᠬᠦᠬᠦ ᠬᠤᠷᠢᠶᠠᠨ ᠤ ᠨᠠᠮ ᠤᠨ ᠤᠳᠤᠷᠢᠳᠬᠤ ᠳᠤᠭᠤᠢᠯᠠᠩ ᠤᠨ ᠠᠵᠢᠯ ᠤᠨ ᠱᠠᠭᠠᠷᠳᠠᠯᠭ᠎ᠠ ᠶᠤᠰᠤᠭᠠᠷ ᠂ ᠠᠷᠠᠳ ᠤᠨ ᠳᠡᠭᠡᠳᠦ ᠵᠡᠷᠬᠡ ᠶᠢᠨ ᠰᠢᠬᠦᠬᠦ ᠬᠤᠷᠢᠶ᠎ᠠ ᠵᠢᠭᠠᠨ ᠵᠢᠯᠤᠭᠤᠳᠤᠯᠭ᠎ᠠ ᠶᠢᠨ ᠴᠢᠨᠠᠷ ᠳᠠᠢ ᠰᠠᠨᠠᠭᠤᠯᠭ᠎ᠠ ᠂ ᠪᠠᠢᠳᠠᠯ ᠢ ᠮᠡᠳᠡᠬᠦᠯᠬᠦ ᠲᠦᠷᠢᠮ ᠪᠠᠢᠭᠤᠯᠬᠤ ᠂ ᠨᠡᠢᠲᠡᠯᠢᠭ ᠲᠤᠷᠰᠢᠯᠭ᠎ᠠ ᠳᠠᠭᠤᠷᠢᠶᠠᠯ ᠵᠡᠷᠬᠡ ᠬᠡᠯᠪᠡᠷᠢ ᠶᠢ ᠵᠥᠪᠰᠢᠶᠡᠷᠡᠨ ᠨᠡᠢᠳᠡᠯᠡᠵᠦ ᠂ ᠤᠷᠤᠨ ᠳᠤᠭᠠᠨ ᠤ ᠥᠭᠡᠷᠡᠴᠢᠯᠡᠯᠲᠡ  ᠶᠢᠨ ᠲᠦᠷᠦ ᠶᠢᠨ ᠪᠤᠳᠤᠯᠭ᠎ᠠ ᠶᠢᠨ ᠣᠢᠯᠭᠠᠯᠲᠠ ᠂ ᠳᠠᠭᠠᠨ ᠵᠢᠯᠤᠭᠤᠳᠬᠤ ᠂ ᠮᠡᠳᠡᠭᠡ ᠵᠠᠩᠭᠢ ᠴᠤᠭᠯᠠᠭᠤᠯᠬᠤ  ᠶᠢ ᠪᠠᠢᠭᠤᠯᠵᠤ ᠂ ᠭᠠᠵᠠᠷ ᠤᠷᠤᠨ ᠤ ᠡᠯ᠎ᠠ ᠱᠠᠳᠤᠨ ᠤ ᠰᠢᠬᠦᠬᠦ ᠬᠤᠷᠢᠶ᠎ᠠ ᠰᠢᠬᠦᠭᠴᠢ ᠶᠢᠨ ᠤᠷᠤᠨ ᠳᠤᠭᠠᠨ ᠤ ᠲᠦᠷᠢᠮ ᠦᠨ ᠥᠭᠡᠷᠡᠴᠢᠯᠡᠯᠲᠡ ᠶᠢ ᠲᠦᠷᠭᠡᠳᠬᠡᠨ ᠶᠠᠪᠤᠭᠳᠠᠭᠤᠯᠬᠤ ᠶᠢ ᠰᠢᠪᠠᠳᠠᠨ ᠵᠢᠯᠤᠭᠤᠳᠤᠨ᠎ᠠ ᠃ ᠦᠨᠦ ᠵᠢᠯ ᠦᠨ 1 ᠰᠠᠷ᠎ᠠ ᠶᠢᠨ ᠰᠡᠭᠦᠯᠴᠢ ᠪᠣᠯᠲᠠᠯ᠎ᠠ᠂ ᠪᠦᠬᠦ ᠤᠯᠤᠰ ᠤᠨ 27 ᠮᠤᠵᠢ ᠤᠷᠤᠨ ᠬᠤᠳᠠ ᠶᠢᠨ ᠰᠢᠬᠦᠬᠦ ᠬᠤᠷᠢᠶ᠎ᠠ ᠤᠷᠤᠨ ᠳᠤᠭᠠᠨ ᠤ ᠰᠢᠭᠦᠭᠴᠢ ᠶᠢ ᠰᠤᠩᠭᠤᠨ ᠳᠤᠰᠢᠶᠠᠯ ᠤᠯᠭᠤᠬᠤ ᠠᠵᠢᠯ ᠢ ᠪᠦᠷᠢᠮᠰᠦᠨ ᠪᠡᠶᠡᠯᠡᠬᠦᠯᠵᠦ ᠂ ᠪᠠᠷᠤᠭ ᠪᠦᠬᠦ ᠤᠯᠤᠰ ᠤᠨ ᠰᠢᠬᠦᠬᠦ ᠬᠤᠷᠢᠶᠠᠨ ᠤ ᠶᠡᠷᠦᠩᠬᠡᠢ ᠳᠤᠭᠠᠨ ᠤ 86.7%  ᠶᠢ ᠡᠵᠡᠯᠡᠵᠦ ᠂ ᠨᠡᠢᠲᠡ ᠳᠤᠭᠠᠨ  ᠳᠤ ᠤᠷᠤᠭᠰᠠᠨ ᠰᠢᠬᠦᠭᠴᠢ 105433 ᠨᠡᠷᠡᠰ ᠂ ᠰᠢᠬᠦᠭᠴᠢ ᠶᠢᠨ ᠤᠷᠤᠨ ᠳᠤᠭᠠᠨ ᠤ ᠲᠦᠷᠢᠮ ᠦᠨ ᠥᠭᠡᠷᠡᠴᠢᠯᠡᠯᠲᠡ  ᠶᠢᠨ ᠳᠤᠷᠰᠢᠯᠳᠠ ᠶᠢᠨ ᠴᠡᠭ ᠠᠵᠢᠯ ᠦᠨᠳᠦᠰᠦᠨ ᠳᠦ ᠪᠡᠨ ᠪᠡᠶᠡᠯᠡᠬᠦᠯᠪᠡ ᠃

     ᠲᠦᠪ ᠦᠨ ᠳᠤᠭᠳᠠᠭᠰᠠᠨ ᠰᠢᠬᠦᠭᠴᠢ ᠶᠢᠨ ᠲᠤᠰᠠᠭᠠᠷ ᠳᠤᠰᠢᠶᠠᠯ ᠤᠨ ᠳᠠᠷᠠᠭᠠᠯᠠᠯ《ᠬᠤᠶᠠᠷ ᠠᠯᠬᠤᠮ》ᠲᠦᠰᠦᠪ  ᠢ ᠦᠨᠳᠦᠰᠦᠯᠡᠪᠡᠯ ᠂ 2016 ᠤᠨ ᠤ ᠳᠡᠭᠡᠷ᠎ᠠ ᠬᠠᠭᠠᠰ ᠵᠢᠯ᠂ ᠪᠦᠬᠦ ᠤᠯᠤᠰ ᠤᠨ 21 ᠲᠦᠮᠡᠨ ᠰᠢᠬᠦᠭᠴᠢ ᠦᠨᠳᠦᠰᠦᠨ ᠳᠦ ᠪᠡᠨ ᠰᠢᠭᠦᠭᠴᠢ ᠶᠢᠨ ᠳᠤᠰᠢᠶᠠᠯ ᠦᠭᠡᠷᠡᠴᠢᠯᠡᠨ ᠳᠤᠬᠢᠷᠠᠭᠤᠯᠤᠭᠰᠠᠨ ᠮᠦᠷᠲᠡᠭᠡᠨ ᠰᠢᠬᠦᠭᠴᠢ ᠶᠢᠨ ᠳᠡᠰ ᠢ ᠳᠤᠭᠳᠠᠭᠠᠵᠤ ᠂ ᠰᠢᠨ᠎ᠠ ᠪᠠᠷ ᠳᠤᠰᠢᠶᠠᠯ ᠳᠤ ᠭᠠᠷᠤᠭᠰᠠᠨ ᠰᠢᠬᠦᠭᠴᠢ ᠶᠢᠨ ᠰᠢᠬᠦᠨ ᠳᠠᠰᠤᠯᠤᠯᠲᠠ ᠶᠢᠨ ᠨᠦᠬᠦᠪᠦᠷᠢ ᠂ ᠪᠦᠯᠦᠭ ᠳᠡᠰ ᠳᠠᠪᠰᠢᠭᠰᠠᠨ ᠰᠢᠬᠦᠭᠴᠢ ᠶᠢᠨ ᠨᠦᠬᠦᠪᠦᠷᠢ ᠶᠢ ᠨᠡᠮᠡᠵᠦ ᠦᠭᠬᠦ ᠠᠰᠠᠭᠤᠳᠠᠯ ᠢ ᠰᠢᠢᠳᠪᠦᠷᠢᠯᠡᠪᠡ ᠃ ᠤᠳᠤᠬᠠᠨ ᠳᠤ᠂ ᠪᠦᠬᠦ ᠤᠯᠤᠰ ᠤᠨ ᠰᠢᠬᠦᠬᠦ ᠬᠤᠷᠢᠶ᠎ᠠ ᠢᠳᠡᠪᠬᠢᠳᠠᠢ ᠪᠠᠷ ᠰᠢᠬᠦᠭᠴᠢ ᠶᠢᠨ ᠲᠤᠰᠠᠭᠠᠷ ᠳᠤᠰᠢᠶᠠᠯ ᠤᠨ ᠳᠠᠷᠠᠭᠠᠯᠠᠯ  ᠤᠨ ᠬᠤᠶᠠᠳᠤᠭᠠᠷ ᠠᠯᠬᠤᠮ ᠤᠨ ᠥᠭᠡᠷᠡᠴᠢᠯᠡᠯᠲᠡ  ᠶᠢᠨ ᠠᠵᠢᠯ ᠢ ᠲᠦᠯᠬᠢᠨ ᠠᠬᠢᠭᠤᠯᠵᠤ ᠪᠠᠢᠨ᠎ᠠ ᠃ ᠦᠨᠦ ᠵᠢᠯ ᠦᠨ 1 ᠰᠠᠷ᠎ᠠ ᠶᠢᠨ ᠰᠡᠬᠦᠯᠴᠢ ᠪᠣᠯᠲᠠᠯ᠎ᠠ ᠂ ᠪᠡᠭᠡᠵᠢᠩ ᠵᠡᠷᠬᠡ 11 ᠮᠤᠵᠢ ᠤᠷᠤᠨ ᠬᠤᠳᠠ ᠠᠩᠬᠠᠨ ᠤ ᠪᠦᠯᠦᠭ ᠤᠷᠤᠨ ᠳᠤᠭᠠᠨ ᠤ ᠰᠢᠬᠦᠭᠴᠢ ᠶᠢᠨ ᠲᠤᠰᠠᠭᠠᠷ ᠳᠤᠰᠢᠶᠠᠯ ᠤᠨ ᠳᠠᠷᠠᠭᠠᠯᠠᠯ ᠳᠡᠰ ᠵᠡᠷᠬᠡ ᠶᠢ ᠲᠣᠭᠲᠠᠭᠰᠠᠨ ᠪᠠ ᠳᠤᠰᠢᠶᠠᠯ ᠳᠤᠮᠢᠯᠠᠬᠤ ᠠᠵᠢᠯ ᠢ ᠪᠡᠶᠡᠯᠡᠭᠦᠯᠪᠡ ᠃ ᠪᠤᠰᠤᠳ ᠰᠢᠬᠦᠭᠴᠢ ᠶᠢᠨ ᠤᠷᠤᠨ ᠳᠤᠭᠠᠨ ᠤ ᠲᠦᠷᠢᠮ ᠦᠨ ᠥᠭᠡᠷᠡᠴᠢᠯᠡᠯᠲᠡ ᠶᠢ ᠪᠡᠶᠡᠯᠡᠬᠦᠯᠦᠭᠰᠡᠨ ᠭᠠᠵᠠᠷ ᠤᠷᠤᠨ ᠨᠢᠬᠡᠨᠲᠡ ᠰᠢᠭᠦᠭᠴᠢ ᠶᠢᠨ ᠲᠤᠰᠠᠭᠠᠷ ᠳᠤᠰᠢᠶᠠᠯ ᠤᠨ ᠳᠠᠷᠠᠭᠠᠯᠠᠯ ᠤᠨ ᠥᠭᠡᠷᠡᠴᠢᠯᠡᠯᠲᠡ ᠶᠢᠨ ᠳᠤᠷᠰᠢᠯᠲᠠ ᠶᠢᠨ ᠴᠡᠭ ᠦᠨ ᠲᠦᠰᠦᠪ ᠢ ᠳᠤᠭᠳᠠᠭᠠᠵᠤ ᠂ ᠬᠡᠷᠡᠭᠵᠢᠯᠬᠦᠯᠬᠦ ᠨᠠᠷᠢᠨ ᠳᠤᠭᠳᠠᠭᠠᠯ ᠪᠤᠶᠤ ᠳᠡᠰ ᠵᠡᠷᠬᠡ  ᠶᠢ ᠳᠤᠭᠳᠠᠭᠠᠬᠤ ᠠᠷᠭ᠎ᠠ ᠬᠡᠮᠵᠢᠶ᠎ᠠ ᠶᠢ ᠳᠤᠭᠳᠠᠭᠠᠵᠤ ᠂ ᠶᠠᠭ ᠵᠤᠬᠢᠶᠠᠨ ᠪᠠᠢᠭᠤᠯᠤᠨ ᠬᠡᠷᠡᠭᠵᠢᠭᠦᠯᠵᠦ ᠪᠠᠢᠨ᠎ᠠ ᠃

    《ᠰᠢᠬᠦᠭᠴᠢ᠂ ᠪᠠᠢᠴᠠᠭᠠᠭᠴᠢ  ᠶᠢᠨ ᠴᠠᠯᠢᠩ  ᠤᠨ ᠲᠦᠷᠢᠮ ᠦᠨ ᠥᠭᠡᠷᠡᠴᠢᠯᠡᠯᠲᠡ ᠶᠢᠨ ᠳᠤᠷᠰᠢᠯᠳᠠ ᠶᠢᠨ ᠴᠡᠭ  ᠦᠨ ᠲᠦᠰᠦᠪ》 ᠢ ᠨᠠᠢᠳᠠᠪᠤᠷᠢᠵᠢᠭᠤᠯᠬᠤ  ᠶᠢ ᠲᠦᠯᠬᠢᠨ ᠠᠬᠢᠭᠤᠯᠬᠤ ᠶᠢᠨ ᠲᠦᠯᠦᠬᠡ ᠂ 2016 ᠤᠨ ᠠᠷᠠᠳ ᠤᠨ ᠳᠡᠭᠡᠳᠦ ᠵᠡᠷᠬᠡ  ᠶᠢᠨ ᠰᠢᠬᠦᠬᠦ ᠬᠤᠷᠢᠶ᠎ᠠ ᠴᠠᠯᠢᠩ ᠤᠨ ᠲᠦᠷᠢᠮ ᠦᠨ ᠥᠭᠡᠷᠡᠴᠢᠯᠡᠯᠲᠡ ᠶᠢ ᠯᠠᠪᠳᠠᠭᠤᠨ ᠲᠦᠯᠬᠢᠨ ᠠᠬᠢᠭᠤᠯᠵᠤ ᠂ ᠨᠡᠢᠬᠡᠮ ᠬᠦᠮᠦᠨ ᠦ ᠡᠬᠢ ᠪᠠᠶᠠᠯᠢᠭ ᠤᠨ ᠪᠠᠳᠤᠯᠭᠠᠨ ᠤ ᠶᠠᠮᠤᠨ ᠂ ᠡᠳ᠋ ᠦᠨ ᠵᠠᠰᠠᠭ ᠤᠨ ᠶᠠᠮᠤᠨ ᠳᠠᠢ ᠬᠠᠮᠳᠤᠷᠠᠵᠤ ᠰᠢᠬᠦᠭᠴᠢ᠂ ᠬᠠᠤᠯᠢ ᠴᠠᠭᠠᠵᠠ ᠶᠢᠨ ᠳᠤᠰᠠᠯᠠᠭᠴᠢ ᠠᠵᠢᠯᠳᠠᠨ ᠤ ᠴᠠᠯᠢᠩ ᠤᠨ ᠲᠦᠷᠢᠮ ᠦᠨ ᠥᠭᠡᠷᠡᠴᠢᠯᠡᠯᠲᠡ ᠶᠢᠨ ᠲᠤᠷᠰᠢᠯᠲᠠ ᠶᠢᠨ ᠴᠡᠭ ᠦᠨ ᠬᠡᠷᠡᠭᠵᠢᠬᠦᠯᠬᠦ ᠠᠷᠭ᠎ᠠ ᠬᠡᠮᠵᠢᠶ᠎ᠠ ᠶᠢ ᠭᠠᠷᠭᠠᠵᠤ ᠂ ᠠᠮᠵᠢᠯᠲᠠ ᠪᠦᠲᠦᠮᠵᠢ ᠶᠢ ᠬᠢᠨᠠᠨ ᠰᠢᠯᠭᠠᠬᠤ ᠵᠢᠴᠢ ᠱᠠᠩᠨᠠᠯ ᠤᠨ ᠮᠦᠩᠬᠦ ᠶᠢᠨ ᠬᠤᠪᠢᠶᠠᠷᠢᠯᠠᠯ  ᠤᠨ ᠵᠢᠯᠤᠭᠤᠳᠤᠯᠭ᠎ᠠ ᠰᠠᠨᠠᠭᠤᠯᠭ᠎ᠠ ᠶᠢ ᠨᠡᠢᠳᠡᠯᠡᠵᠦ ᠂ ᠡᠯ᠎ᠠ ᠱᠠᠳᠤᠨ ᠤ ᠰᠢᠬᠦᠬᠦ ᠬᠤᠷᠢᠶ᠎ᠠ ᠡᠯ᠎ᠠ ᠲᠦᠷᠦᠯ ᠦᠨ ᠠᠵᠢᠯᠳᠠᠨ ᠤ ᠴᠠᠯᠢᠩ ᠬᠦᠷᠳᠡᠮᠵᠢ ᠶᠢ ᠬᠦᠢᠴᠡᠳᠬᠡᠬᠦ ᠶᠢ ᠰᠢᠪᠠᠳᠠᠨ ᠵᠢᠯᠤᠭᠤᠳᠴᠤ ᠂ ᠬᠠᠤᠯᠢ ᠴᠠᠭᠠᠵᠠ ᠶᠢᠨ ᠴᠠᠭᠳᠠᠭ᠎ᠠ ᠶᠢᠨ ᠴᠤᠯᠠ ᠶᠢᠨ ᠨᠦᠬᠦᠪᠦᠷᠢ ᠶᠢ ᠤᠯᠭᠤᠬᠤ ᠠᠵᠢᠯ ᠢ ᠢᠳᠡᠪᠬᠢᠳᠠᠢ ᠲᠦᠯᠬᠢᠨ ᠠᠬᠢᠭᠤᠯᠤᠨ᠎ᠠ ᠃ ᠡᠭᠦᠨ ᠦ ᠬᠠᠮᠳᠤ ᠂ ᠲᠦᠪ ᠬᠤᠷᠢᠶᠠᠨ ᠤ ᠵᠤᠬᠢᠶᠠᠨ ᠪᠠᠢᠭᠤᠯᠬᠤ ᠬᠡᠯᠳᠡᠰ ᠂ ᠲᠦᠪ ᠦᠨ ᠤᠯᠤᠰ ᠲᠦᠷᠦ ᠬᠠᠤᠯᠢ ᠴᠠᠭᠠᠵᠠ ᠶᠢᠨ ᠬᠤᠷᠢᠶ᠎ᠠ ᠵᠡᠷᠬᠡ ᠬᠡᠯᠳᠡᠰ ᠳᠠᠢ ᠬᠠᠮᠳᠤ ᠰᠢᠬᠦᠭᠴᠢ ᠶᠢᠨ ᠳᠤᠰᠠᠯᠠᠭᠴᠢ᠂ ᠳᠡᠮᠳᠡᠭᠯᠡᠭᠴᠢ ᠶᠢᠨ ᠳᠤᠰᠢᠶᠠᠯ  ᠤᠨ ᠳᠠᠷᠠᠭᠠᠯᠠᠯ ᠤᠨ ᠥᠭᠡᠷᠡᠴᠢᠯᠡᠯᠲᠡ ᠶᠢᠨ ᠳᠤᠷᠰᠢᠯᠳᠠ ᠶᠢᠨ ᠴᠡᠭ ᠦᠨ ᠲᠦᠰᠦᠪ ᠢ ᠳᠤᠭᠳᠠᠭᠠᠵᠤ ᠂ ᠲᠦᠪ ᠦᠨ ᠤᠯᠤᠰ ᠲᠦᠷᠦ ᠬᠠᠤᠯᠢ ᠴᠠᠭᠠᠵᠠ ᠶᠢᠨ ᠬᠤᠷᠢᠶ᠎ᠠ᠂ ᠡᠳ᠋ ᠦᠨ ᠵᠠᠰᠠᠭ ᠤᠨ ᠶᠠᠮᠤᠨ ᠂ ᠨᠡᠢᠬᠡᠮ ᠬᠦᠮᠦᠨ ᠦ ᠡᠬᠢ ᠪᠠᠶᠠᠯᠢᠭ ᠤᠨ ᠪᠠᠳᠤᠯᠭᠠᠨ ᠤ ᠶᠠᠮᠤᠨ ᠵᠡᠷᠬᠡ ᠬᠡᠯᠳᠡᠰ ᠳᠠᠢ ᠬᠠᠮᠳᠤ ᠳᠡᠮᠳᠡᠭᠯᠡᠭᠴᠢ ᠳᠤᠮᠢᠯᠠᠨ ᠬᠡᠷᠡᠭᠯᠡᠬᠦ ᠲᠦᠷᠢᠮ ᠦᠨ ᠬᠠᠮᠢᠶᠠᠷᠤᠯᠲᠠ ᠶᠢᠨ ᠲᠦᠷᠢᠮ ᠦᠨ ᠥᠭᠡᠷᠡᠴᠢᠯᠡᠯᠲᠡ ᠶᠢᠨ ᠳᠤᠷᠰᠢᠯᠳᠠ ᠶᠢᠨ ᠴᠡᠭ ᠦᠨ ᠲᠦᠰᠦᠪ ᠢ ᠰᠤᠳᠤᠯᠤᠨ ᠳᠤᠭᠳᠠᠭᠠᠵᠤ ᠂ ᠰᠢᠬᠦᠭᠴᠢ ᠶᠢᠨ ᠳᠤᠰᠠᠯᠠᠭᠴᠢ ᠂ ᠲᠡᠮᠳᠡᠭᠯᠡᠭᠴᠢ  ᠶᠢᠨ ᠤᠨᠴᠠᠯᠢᠭ ᠳᠠᠢ ᠳᠤᠬᠢᠷᠠᠬᠤ ᠳᠤᠰᠢᠶᠠᠯ ᠤᠨ ᠳᠠᠷᠠᠭᠠᠯᠠᠯ ᠢ ᠪᠠᠢᠭᠤᠯᠤᠨ᠎ᠠ ᠃ ᠰᠢᠬᠦᠭᠴᠢ ᠶᠢ ᠳᠡᠰ ᠳᠠᠷᠠᠭᠠᠯᠠᠨ ᠰᠢᠯᠢᠨ ᠰᠤᠩᠭᠤᠬᠤ ᠠᠷᠭ᠎ᠠ ᠬᠡᠮᠵᠢᠶ᠎ᠠ ᠳᠤᠭᠳᠠᠭᠠᠵᠤ ᠂ ᠰᠢᠬᠦᠭᠴᠢ ᠶᠢᠨ ᠳᠡᠰ ᠳᠠᠷᠠᠭᠠᠯᠠᠨ ᠰᠢᠯᠢᠨ ᠰᠤᠩᠭᠤᠬᠤ ᠲᠦᠷᠢᠮ ᠠᠩᠬ᠎ᠠ ᠠᠯᠬᠤᠮ ᠪᠦᠷᠢᠯᠳᠦᠪᠡ ᠃ ᠬᠠᠤᠯᠢ ᠶᠢᠨ ᠴᠠᠭᠳᠠᠭᠠᠨ ᠤ ᠬᠠᠮᠢᠶᠠᠷᠤᠯᠲᠠ ᠶᠢᠨ ᠲᠦᠷᠢᠮ ᠦᠨ ᠥᠭᠡᠷᠡᠴᠢᠯᠡᠯᠲᠡ ᠶᠢᠨ ᠰᠠᠨᠠᠭᠤᠯᠭ᠎ᠠ ᠶᠢ ᠰᠤᠳᠤᠯᠤᠨ ᠳᠤᠭᠳᠠᠭᠠᠵᠤ ᠂ ᠳᠣᠲᠤᠭᠠᠳᠤ ᠶᠢ ᠬᠠᠮᠠᠭᠠᠯᠬᠤ ᠪᠠᠢᠭᠤᠯᠭ᠎ᠠ ᠶᠢᠨ ᠬᠠᠮᠢᠶᠠᠷᠤᠯᠲᠠ ᠶᠢᠨ ᠬᠡᠯᠪᠡᠷᠢ  ᠶᠢᠨ ᠥᠭᠡᠷᠡᠴᠢᠯᠡᠯᠲᠡ ᠶᠢᠨ ᠴᠢᠭᠯᠡᠯ ᠢᠶᠡᠷ ᠯᠠᠪᠯᠠᠯᠲᠠ ᠪᠤᠯᠭᠠᠬᠤ ᠪᠠᠷ ᠳᠤᠭᠳᠠᠵᠤ ᠂ ᠬᠠᠤᠯᠢ ᠶᠢᠨ ᠴᠠᠭᠳᠠᠭᠠᠨ ᠤ ᠡᠯᠰᠡᠬᠦ ᠬᠥᠮᠦᠵᠢᠭᠦᠯᠬᠦ ᠪᠠᠢᠭᠤᠯᠤᠮᠵᠢ ᠪᠤᠯᠤᠨ ᠴᠠᠭᠳᠠᠭᠠᠨ ᠤ ᠶᠠᠪᠤᠳᠠᠯ ᠤᠨ ᠪᠠᠳᠤᠯᠭ᠎ᠠ ᠶᠢᠨ ᠲᠦᠷᠢᠮ ᠢ ᠲᠡᠭᠦᠯᠳᠡᠷᠵᠢᠭᠦᠯᠵᠦ ᠂ ᠴᠠᠭᠳᠠᠭᠠᠨ ᠤ ᠳᠤᠰᠠᠯᠠᠭᠴᠢ ᠶᠢᠨ ᠬᠠᠮᠢᠶᠠᠷᠤᠯᠲᠠ ᠶᠢ ᠲᠦᠷᠢᠮᠵᠢᠬᠦᠯᠵᠦ ᠂ ᠬᠠᠮᠢᠶ᠎ᠠ ᠪᠦᠬᠦᠢ ᠰᠠᠯᠠᠭ᠎ᠠ ᠮᠦᠴᠢᠷ ᠳᠠᠢ ᠬᠠᠮᠳᠤᠷᠠᠯᠴᠠᠵᠤ ᠭᠦᠢᠴᠡᠳᠬᠡᠬᠦ ᠠᠵᠢᠯ ᠤᠨ ᠴᠠᠭᠳᠠᠭᠠᠨ ᠶᠠᠪᠤᠳᠠᠯ ᠤᠨ ᠪᠠᠳᠤᠯᠭ᠎ᠠ ᠶᠢᠨ ᠲᠦᠷᠢᠮ ᠢ ᠰᠤᠳᠤᠯᠤᠨ ᠪᠠᠢᠭᠤᠯᠤᠨ᠎ᠠ ᠃

    ᠤᠷᠢᠳᠠᠪᠠᠷ ᠶᠠᠪᠤᠭᠳᠠᠭᠤᠯᠵᠤ ᠤᠷᠢᠳᠠᠪᠠᠷ ᠳᠤᠷᠰᠢᠵᠤ ᠂ ᠥᠭᠡᠷᠡᠴᠢᠯᠡᠯᠲᠡ ᠳᠦ ᠰᠢᠨ᠎ᠠ ᠶᠢ ᠡᠭᠦᠳᠴᠦ ᠂ ᠳᠤᠭᠤᠷᠢᠨ ᠰᠢᠬᠦᠬᠦ ᠲᠢᠩᠬᠢᠮ ᠦᠨ ᠶᠡᠷᠦᠩᠬᠡᠢ ᠪᠠᠢᠷᠢᠯᠠᠭᠤᠯᠤᠯᠲᠠ ᠶᠢ ᠪᠡᠶᠡᠯᠡᠭᠦᠯᠪᠡ

    ᠬᠠᠤᠯᠢ ᠴᠠᠭᠠᠵᠠ ᠶᠢᠨ ᠥᠭᠡᠷᠡᠴᠢᠯᠡᠯᠲᠡ ᠪᠤᠯ ᠪᠦᠬᠦ ᠳᠠᠯ᠎ᠠ ᠪᠠᠷ ᠥᠭᠡᠷᠡᠴᠢᠯᠡᠯᠲᠡ ᠶᠢ ᠭᠦᠨᠵᠡᠭᠡᠢᠷᠡᠭᠦᠯᠬᠦ ᠶᠢᠨ ᠴᠢᠬᠤᠯᠠ ᠪᠦᠷᠢᠯᠳᠦᠬᠦᠨ  ᠢᠶᠡᠷ ᠪᠠᠷᠠᠬᠤ ᠦᠬᠡᠢ ᠮᠦᠨᠴᠦ ᠦᠢᠯᠡᠴᠢᠯᠡᠭᠡᠨ ᠢ ᠠᠵᠤ ᠠᠬᠤᠢ ᠶᠢᠨ ᠪᠠᠢᠭᠤᠯᠤᠯ ᠤᠨ ᠥᠭᠡᠷᠡᠴᠢᠯᠡᠯᠲᠡ ᠪᠠ ᠤᠯᠤᠰ ᠤᠨ ᠴᠢᠬᠤᠯᠠ ᠬᠥᠭᠵᠢᠯᠲᠡ  ᠶᠢᠨ ᠪᠠᠢᠯᠳᠤᠬᠤ ᠪᠤᠳᠤᠯᠭ᠎ᠠ ᠶᠢᠨ ᠴᠢᠬᠤᠯᠠ ᠠᠷᠭ᠎ᠠ ᠬᠡᠮᠵᠢᠶ᠎ᠠ ᠮᠦᠨ ᠃ ᠠᠷᠠᠳ ᠤᠨ ᠳᠡᠭᠡᠲᠦ ᠵᠡᠷᠬᠡ ᠶᠢᠨ ᠰᠢᠬᠦᠬᠦ ᠬᠤᠷᠢᠶ᠎ᠠ ᠥᠭᠡᠷᠡᠴᠢᠯᠡᠯᠲᠡ ᠦᠢᠯᠡᠴᠢᠯᠡᠭᠡ ᠪᠡᠷ ᠶᠡᠬᠡ ᠲᠠᠯ᠎ᠠ ᠶᠢ ᠪᠠᠳᠤᠯᠠᠵᠤ ᠂ ᠬᠠᠤᠯᠢ ᠪᠠᠷ ᠵᠠᠰᠠᠵᠤ ᠨᠢᠬᠡᠳᠬᠦ ᠳᠦ ᠢᠳᠡᠪᠬᠢᠳᠠᠢ ᠠᠵᠢᠯ ᠬᠢᠵᠦ ᠂ ᠵᠤᠷᠢᠭᠳᠠᠢ ᠰᠦᠪᠡᠭᠴᠢᠯᠡᠪᠡ ᠃ 2014 ᠤᠨ ᠤ ᠰᠡᠭᠦᠯᠴᠢ ᠂ ᠲᠦᠪ ᠦᠨ ᠵᠥᠪᠰᠢᠶᠡᠷᠡᠯ ᠢᠶᠡᠷ ᠳᠠᠮᠵᠢᠵᠤ᠂ ᠠᠷᠠᠳ ᠤᠨ ᠳᠡᠭᠡᠳᠦ ᠵᠡᠷᠬᠡ ᠶᠢᠨ ᠰᠢᠬᠦᠬᠦ ᠬᠤᠷᠢᠶ᠎ᠠ ᠳᠤᠰᠪᠤᠷᠢ ᠱᠸᠨᠵᠸᠨ᠂ ᠮᠦᠭᠳᠡᠨ ᠳᠦ ᠨᠢᠬᠡᠳᠦᠭᠡᠷ ᠂ ᠬᠤᠶᠠᠳᠤᠭᠠᠷ ᠳᠤᠭᠤᠷᠢᠨ ᠰᠢᠬᠦᠬᠦ ᠲᠢᠩᠬᠢᠮ ᠪᠠᠢᠭᠤᠯᠪᠠ ᠃ 2015 ᠤᠨ ᠤ ᠡᠬᠢᠨ ᠡᠴᠡ 2016 ᠤᠨ ᠤ 11 ᠰᠠᠷ᠎ᠠ ᠶᠢᠨ ᠰᠡᠭᠦᠯᠴᠢ ᠪᠣᠯᠲᠠᠯ᠎ᠠ᠂ ᠬᠤᠶᠠᠷ ᠳᠤᠭᠤᠷᠢᠨ ᠰᠢᠬᠦᠬᠦ ᠲᠢᠩᠬᠢᠮ ᠨᠡᠢᠲᠡ 4445 ᠬᠡᠷᠡᠭ ᠬᠦᠯᠢᠶᠡᠨ ᠠᠪᠴᠤ ᠂ 3948 ᠬᠡᠷᠡᠭ ᠰᠢᠢᠳᠪᠦᠷᠢᠯᠡᠵᠦ ᠂ ᠰᠤᠷᠪᠤᠯᠵᠢᠯᠠᠭ᠎ᠠ 7.2 ᠲᠦᠮᠡᠨ ᠤᠳᠠᠭ᠎ᠠ ᠳᠤᠰᠴᠤ ᠂ ᠬᠠᠤᠯᠢ ᠴᠠᠭᠠᠵᠠ ᠶᠢᠨ ᠥᠭᠡᠷᠡᠴᠢᠯᠡᠯᠲᠡ ᠶᠢᠨ ᠳᠤᠷᠰᠢᠭᠴᠢ ᠂ ᠲᠣᠯᠤᠭᠠᠢᠯᠠᠭᠴᠢ ᠦᠢᠯᠡᠳᠦᠯ ᠢ ᠪᠠᠳᠠᠷᠠᠭᠤᠯᠵᠤ ᠂ ᠰᠢᠬᠦᠨ ᠲᠠᠰᠤᠯᠤᠯᠲᠠ ᠶᠢᠨ ᠭᠣᠣᠯᠳᠠᠯᠭ᠎ᠠ ᠳᠤᠷᠤᠭᠰᠢ ᠰᠢᠯᠵᠢᠵᠦ᠂ ᠳᠤᠬᠠᠢ ᠶᠢᠨ ᠳᠠᠯᠠᠪᠠᠢ ᠳᠤ ᠵᠢᠭᠤᠷᠠᠯᠳᠤᠭᠠᠨ ᠰᠢᠢᠳᠪᠦᠷᠢᠯᠡᠬᠦ ᠂ ᠳᠤᠬᠠᠢ ᠶᠢᠨ ᠬᠦᠮᠦᠨ ᠲᠦᠬᠦᠮ ᠦᠵᠡᠬᠦᠯᠬᠦ ᠥᠭᠡᠷᠡᠴᠢᠯᠡᠯᠲᠡ ᠶᠢᠨ ᠤᠤᠯ ᠰᠠᠨᠠᠭ᠎ᠠ ᠶᠢ ᠦᠨᠳᠦᠰᠦᠨ ᠳᠦ ᠪᠡᠨ ᠢᠯᠡᠷᠡᠭᠦᠯᠵᠦ ᠂ ᠬᠠᠤᠯᠢ ᠴᠠᠭᠠᠵᠠ ᠶᠢᠨ ᠨᠡᠢᠲᠡ ᠶᠢᠨ ᠢᠳᠡᠭᠡᠬᠦᠯᠬᠦ ᠬᠦᠴᠦᠨ ᠪᠠ ᠬᠠᠤᠯᠢ ᠴᠠᠭᠠᠵᠠ ᠶᠢᠨ ᠰᠦᠷ ᠬᠦᠴᠦᠨ ᠢ ᠳᠡᠭᠡᠭᠰᠢᠯᠡᠭᠦᠯᠵᠦ ᠂ ᠨᠡᠢᠬᠡᠮ ᠦᠨ ᠡᠯ᠎ᠡ ᠡᠳᠡᠭᠡᠳ ᠦᠨ ᠰᠠᠢᠨ ᠦᠨᠡᠯᠡᠯᠲᠡ ᠪᠠ ᠮᠡᠳᠡᠷᠡᠯᠲᠡ ᠶᠢ ᠤᠯᠵᠤ ᠂ ᠳᠡᠯᠡᠬᠡᠢ ᠳᠡᠭᠡᠷ᠎ᠠ ᠴᠤ ᠰᠠᠢᠨ ᠳᠤᠰᠬᠠᠯ ᠭᠠᠷᠪᠠ ᠃ ᠦᠢᠯᠡᠳᠦᠯᠭᠡ ᠭᠡᠷᠡᠴᠢᠯᠡᠭᠰᠡᠨ ᠨᠢ᠂ ᠲᠦᠪ ᠦᠨ ᠠᠷᠠᠳ ᠤᠨ ᠳᠡᠭᠡᠳᠦ ᠵᠡᠷᠬᠡ ᠶᠢᠨ ᠰᠢᠬᠦᠬᠦ ᠬᠤᠷᠢᠶ᠎ᠠ ᠳᠤᠭᠤᠷᠢᠨ ᠰᠢᠬᠦᠬᠦ ᠲᠢᠩᠬᠢᠮ ᠪᠠᠢᠭᠤᠯᠬᠤ ᠳᠤᠬᠠᠢ ᠰᠢᠢᠳᠪᠦᠷᠢ ᠵᠦᠪ ᠤᠨᠤᠪᠴᠢᠳᠠᠢ ᠃

     ᠬᠤᠶᠠᠷ ᠳᠤᠭᠤᠷᠢᠨ ᠰᠢᠬᠦᠬᠦ ᠲᠢᠩᠬᠢᠮ ᠦᠨ ᠠᠵᠢᠯ ᠢ ᠳ᠋ᠦᠩᠨᠡᠬᠦ ᠰᠠᠭᠤᠷᠢᠨ ᠳᠡᠭᠡᠷ᠎ᠠ ᠂ 2016 ᠤᠨ ᠤ 11 ᠰᠠᠷᠠᠢᠨ 1  ᠤ ᠡᠳᠦᠷ ᠂ ᠲᠦᠪ ᠬᠤᠷᠢᠶᠠᠨ ᠤ ᠪᠦᠬᠦ ᠳᠠᠯ᠎ᠠ ᠪᠠᠷ ᠥᠭᠡᠷᠡᠴᠢᠯᠡᠯᠲᠡ ᠶᠢ ᠭᠦᠨᠵᠡᠭᠡᠢᠷᠡᠭᠦᠯᠬᠦ ᠳᠤᠭᠤᠢᠯᠠᠩ ᠬᠤᠷᠢᠨ ᠶᠢᠰᠦᠳᠦᠭᠡᠷ ᠤᠳᠠᠭᠠᠨ ᠤ ᠬᠤᠷᠠᠯᠳᠤᠭᠠᠨ ᠳᠤ《ᠠᠷᠠᠳ ᠤᠨ ᠳᠡᠭᠡᠳᠦ ᠵᠡᠷᠬᠡ ᠶᠢᠨ ᠰᠢᠬᠦᠬᠦ ᠬᠤᠷᠢᠶ᠎ᠠ ᠳᠤᠭᠤᠷᠢᠨ ᠰᠢᠬᠦᠬᠦ ᠲᠢᠩᠬᠢᠮ ᠨᠡᠮᠡᠵᠦ ᠪᠠᠢᠭᠤᠯᠬᠤ ᠳᠤᠬᠠᠢ ᠭᠤᠶᠤᠴᠢᠯᠠᠯ》 ᠢ ᠵᠦᠪᠯᠡᠨ ᠵᠥᠪᠰᠢᠶᠡᠷᠡᠵᠦ ᠂ ᠴᠦᠩᠴᠢᠩ᠂ ᠰᠢ ᠠᠨ ᠂ ᠨᠠᠨᠵᠢᠩ ᠂ ᠵᠸᠩᠵᠸᠤ ᠬᠤᠳᠠ ᠳᠤ ᠳᠤᠭᠤᠷᠢᠨ ᠰᠢᠬᠦᠬᠦ ᠲᠢᠩᠬᠢᠮ ᠨᠡᠮᠡᠵᠦ ᠪᠠᠢᠭᠤᠯᠬᠤ ᠶᠢ ᠵᠦᠪᠰᠢᠶᠡᠷᠡᠪᠡ ᠃ 12 ᠰᠠᠷ᠎ᠠ ᠶᠢᠨ ᠰᠡᠭᠦᠯᠴᠢ ᠂ ᠠᠷᠠᠳ ᠤᠨ ᠳᠡᠭᠡᠳᠦ ᠶᠢᠨ ᠵᠡᠷᠬᠡ ᠶᠢᠨ ᠰᠢᠬᠦᠬᠦ ᠬᠤᠷᠢᠶᠠᠨ ᠤ ᠭᠤᠷᠪᠠᠳᠤᠭᠠᠷ ᠂ ᠳᠥᠷᠪᠡᠳᠦᠭᠡᠷ ᠂ ᠲᠠᠪᠤᠳᠤᠭᠠᠷ ᠂ ᠵᠢᠷᠭᠤᠳᠤᠭᠠᠷ ᠳᠤᠭᠤᠷᠢᠨ ᠰᠢᠬᠦᠬᠦ ᠲᠢᠩᠬᠢᠮ ᠫᠠᠢᠰᠠ ᠡᠯᠬᠦᠨ ᠠᠵᠢᠯᠯᠠᠪᠠ ᠃ ᠠᠷᠠᠳ ᠤᠨ ᠳᠡᠭᠡᠳᠦ ᠵᠡᠷᠬᠡ ᠶᠢᠨ ᠰᠢᠬᠦᠬᠦ ᠬᠤᠷᠢᠶ᠎ᠠ ᠳᠤᠭᠤᠷᠢᠨ ᠰᠢᠬᠦᠬᠦ ᠲᠢᠩᠬᠢᠮ  ᠦᠨ ᠶᠡᠷᠦᠩᠬᠡᠢ ᠪᠠᠢᠷᠢᠯᠠᠭᠤᠯᠤᠯᠲᠠ ᠶᠢ ᠪᠡᠶᠡᠯᠡᠬᠦᠯᠵᠦ ᠂ ᠬᠠᠷᠢᠶᠠᠯᠠᠯ ᠤᠨ ᠬᠡᠪᠴᠢᠶ᠎ᠠ ᠪᠦᠬᠦᠨ ᠢ ᠪᠦᠷᠬᠦᠭᠰᠡᠨ ᠢ ᠪᠡᠶᠡᠯᠡᠬᠦᠯᠪᠡ ᠃

     ᠠᠷᠠᠳ ᠤᠨ ᠳᠡᠭᠡᠳᠦ ᠵᠡᠷᠬᠡ ᠶᠢᠨ ᠰᠢᠬᠦᠬᠦ ᠬᠤᠷᠢᠶᠠᠨ ᠤ ᠭᠤᠷᠪᠠᠳᠤᠭᠠᠷ ᠂ ᠳᠥᠷᠪᠡᠳᠦᠭᠡᠷ ᠂ ᠲᠠᠪᠤᠳᠤᠭᠠᠷ ᠂ ᠵᠢᠷᠭᠤᠳᠤᠭᠠᠷ ᠳᠤᠭᠤᠷᠢᠨ ᠰᠢᠬᠦᠬᠦ ᠲᠢᠩᠬᠢᠮ  ᠶᠢᠨ ᠪᠠᠢᠭᠤᠯᠤᠯᠲᠠ ᠨᠢ ᠳᠤᠮᠳᠠᠳᠤ ᠤᠯᠤᠰ ᠤᠨ ᠬᠠᠤᠯᠢ ᠪᠠᠷ ᠵᠠᠰᠠᠬᠤ ᠪᠦᠲᠦᠭᠡᠨ ᠪᠠᠢᠭᠤᠯᠤᠯᠲᠠ ᠶᠢᠨ ᠬᠥᠭᠵᠢᠯᠲᠡ ᠶᠢᠨ ᠳᠡᠤᠬᠡ ᠪᠠ ᠠᠷᠠᠳ ᠤᠨ ᠬᠠᠤᠯᠢ ᠴᠠᠭᠠᠵᠠ ᠶᠢᠨ ᠠᠵᠢᠯ ᠦᠢᠯᠡᠰ  ᠦᠨ ᠬᠥᠭᠵᠢᠯᠲᠡ ᠶᠢᠨ ᠳᠡᠤᠭᠡᠨ ᠳᠡᠭᠡᠷᠡᠬᠢ ᠴᠢᠬᠤᠯᠠ ᠤᠳᠬ᠎ᠠ ᠠᠭᠤᠯᠭ᠎ᠠ ᠳᠠᠢ ᠶᠠᠪᠤᠳᠠᠯᠮ ᠦᠨ ᠂ ᠠᠷᠠᠳ ᠤᠨ ᠳᠡᠭᠡᠳᠦ ᠵᠡᠷᠬᠡ ᠶᠢᠨ ᠰᠢᠬᠦᠬᠦ ᠬᠤᠷᠢᠶᠠᠨ ᠤ ᠳᠤᠭᠤᠷᠢᠨ ᠰᠢᠬᠦᠬᠦ ᠲᠢᠩᠬᠢᠮ ᠦᠨ ᠪᠦᠲᠦᠭᠡᠨ ᠪᠠᠢᠭᠤᠯᠤᠯᠲᠠ ᠰᠢᠨ᠎ᠠ ᠨᠢᠬᠡᠨ ᠬᠠᠭᠤᠳᠠᠰᠤ  ᠶᠢ ᠰᠡᠬᠦᠭᠡᠵᠦ ᠂ ᠠᠷᠠᠳ ᠤᠨ ᠰᠢᠬᠦᠬᠦ ᠬᠤᠷᠢᠶ᠎ᠠ ᠬᠠᠤᠯᠢ ᠴᠠᠭᠠᠵᠠ ᠶᠢᠨ ᠪᠠᠢᠭᠤᠯᠤᠯ ᠤᠨ ᠥᠭᠡᠷᠡᠴᠢᠯᠡᠯᠲᠡ ᠰᠢᠨ᠎ᠠ ᠱᠠᠳᠤᠨ ᠳᠤ ᠤᠷᠤᠭᠰᠠᠨ ᠢ ᠬᠠᠷᠠᠭᠤᠯᠵᠤ ᠪᠠᠢᠨ᠎ᠠ ᠃

     ᠬᠠᠤᠯᠢ ᠴᠠᠭᠠᠵᠠ ᠶᠢᠨ ᠲᠦᠪ ᠭᠤᠤᠯᠴᠢ ᠪᠤᠯ ᠠᠷᠠᠳ ᠲᠦᠮᠡᠨ ᠰᠢᠬᠦᠨ ᠳᠠᠰᠤᠯᠤᠯᠲᠠ ᠶᠢᠨ ᠪᠠᠢᠭᠤᠯᠭ᠎ᠠ ᠳᠤ ᠬᠦᠰᠡᠭᠰᠡᠨ ᠬᠠᠮᠤᠭ ᠶᠡᠬᠡ ᠡᠷᠡᠮᠡᠯᠵᠡᠯ ᠮᠦᠨ ᠃ ᠳᠤᠭᠤᠷᠢᠨ ᠰᠢᠬᠦᠬᠦ ᠲᠢᠩᠬᠢᠮ ᠦᠨ ᠰᠢᠬᠦᠯᠲᠡ ᠳᠦ ᠬᠡᠷᠡᠭ ᠪᠦᠷᠢ ᠳᠤᠮᠳᠠ ᠠᠷᠠᠳ ᠲᠦᠮᠡᠨ ᠳᠦ ᠲᠦᠪ ᠭᠤᠤᠯᠴᠢ ᠡᠷᠬᠡ ᠳᠡᠭᠰᠢ ᠶᠢ ᠤᠢᠯᠭᠠᠭᠤᠯᠬᠤ ᠶᠢ ᠪᠠᠳᠤᠯᠠᠬᠤ ᠶᠢᠨ ᠲᠦᠯᠦᠭᠡ ᠂ ᠠᠷᠠᠳ ᠤᠨ ᠳᠡᠭᠡᠳᠦ ᠵᠡᠷᠬᠡ ᠶᠢᠨ ᠰᠢᠬᠦᠬᠦ ᠬᠤᠷᠢᠶ᠎ᠠ《ᠰᠢᠯᠢᠳᠡᠭ ᠢ ᠳᠤᠮᠢᠯᠠᠵᠤ ᠂ ᠴᠢᠩᠭ᠎ᠠ ᠰᠣᠩᠭᠤᠬᠤ》ᠵᠠᠷᠴᠢᠮ ᠢ ᠪᠠᠷᠢᠮᠳᠠᠯᠵᠤ ᠂ ᠭᠣᠣᠯᠯᠠᠭᠴᠢ ᠬᠦᠴᠦᠨ ᠢ ᠰᠤᠩᠭᠤᠵᠤ ᠳᠤᠭᠤᠷᠢᠨ ᠰᠢᠬᠦᠬᠦ ᠲᠢᠩᠬᠢᠮ ᠦᠨ ᠠᠵᠢᠯ ᠳᠤ ᠶᠠᠪᠤᠭᠤᠯᠭᠰᠠᠨ ᠪᠠᠢᠨ᠎ᠠ ᠃ ᠲᠦᠷᠪᠡᠨ ᠰᠢᠨ᠎ᠠ ᠪᠠᠢᠭᠤᠯᠤᠭᠰᠠᠨ ᠳᠤᠭᠤᠷᠢᠨ ᠰᠢᠬᠦᠬᠦ ᠲᠢᠩᠬᠢᠮ  ᠦᠨ ᠳᠠᠷᠤᠭ᠎ᠠ ᠪᠦᠷ ᠠᠷᠠᠳ ᠤᠨ ᠳᠡᠭᠡᠳᠦ ᠵᠡᠷᠬᠡ ᠶᠢᠨ ᠰᠢᠬᠦᠬᠦ ᠬᠤᠷᠢᠶᠠᠨ ᠤ ᠳᠡᠳ᠋ ᠬᠤᠷᠢᠶᠠᠨ ᠳᠠᠷᠤᠭ᠎ᠠ ᠳᠤᠰᠢᠶᠠᠯ ᠡᠬᠦᠷᠭᠡᠯᠡᠵᠦ ᠂ 8 ᠳᠡᠳ᠋ ᠲᠢᠩᠬᠢᠮ ᠦᠨ ᠳᠠᠷᠤᠭ᠎ᠠ ᠵᠤᠬᠢᠶᠠᠨ ᠪᠠᠢᠭᠤᠯᠬᠤ ᠤᠳᠤᠷᠢᠳᠤᠯᠭ᠎ᠠ ᠶᠢᠨ ᠳᠤᠷᠰᠢᠯᠭ᠎ᠠ ᠡᠯᠪᠡᠭ ᠂ ᠲᠤᠬᠠᠢᠯᠠᠭᠰᠠᠨ ᠠᠵᠢᠯ ᠤᠨ ᠴᠢᠳᠠᠪᠤᠷᠢ ᠲᠣᠪᠤᠢᠮ᠎ᠠ ᠂ ᠡᠭᠦᠨ  ᠦ ᠳᠤᠮᠳᠠ 3 ᠨᠦᠬᠦᠷ《ᠪᠦᠬᠦ ᠤᠯᠤᠰ ᠤᠨ ᠠᠷᠪᠠᠨ ᠭᠠᠷᠮᠠᠭᠠᠢ ᠵᠠᠯᠠᠭᠤ ᠬᠠᠤᠯᠢ ᠶᠢᠨ ᠤᠬᠠᠭᠠᠨᠳᠠᠨ》ᠴᠤᠯᠠ ᠳᠠᠢ ᠂ 5 ᠨᠦᠬᠦᠷ《ᠪᠦᠬᠦ ᠤᠯᠤᠰ ᠤᠨ ᠰᠢᠬᠦᠨ ᠲᠠᠰᠤᠯᠬᠤ ᠲᠤᠬᠠᠢᠯᠠᠭᠰᠠᠨ ᠠᠵᠢᠯ ᠤᠨ ᠮᠡᠷᠭᠡᠵᠢᠯᠲᠡᠨ》ᠪᠠᠢᠵᠤ ᠂ 36 ᠨᠡᠷᠡᠰ ᠭᠤᠤᠯ ᠰᠢᠬᠦᠬᠦ ᠰᠢᠭᠦᠭᠴᠢ ᠨᠢ ᠪᠦᠷ ᠰᠢᠬᠦᠨ ᠳᠠᠰᠤᠯᠤᠯᠲᠠ ᠶᠢᠨ ᠦᠢᠯᠡᠳᠦᠯᠭᠡ ᠶᠢᠨ ᠲᠤᠷᠰᠢᠯᠭ᠎ᠠ ᠡᠯᠪᠡᠭ ᠲᠤᠬᠠᠢᠯᠠᠭᠰᠠᠨ ᠠᠵᠢᠯ ᠤᠨ ᠭᠣᠣᠯᠯᠠᠬᠤ ᠬᠦᠴᠦᠨ ᠪᠠᠢᠵᠤ ᠂ ᠡᠭᠦᠨ ᠦ ᠳᠤᠮᠳᠠ 11 ᠬᠦᠮᠦᠨ ᠨᠢ ᠳ᠋ᠣᠺᠲ᠋ᠤᠷ ᠴᠤᠯᠠ ᠳᠠᠢ ᠶᠤᠮ ᠃ ᠰᠢᠯᠢᠳᠡᠭ ᠠᠵᠢᠯᠳᠠᠨ ᠰᠤᠩᠭᠤᠨ ᠳᠤᠮᠢᠯᠠᠬᠤ ᠶᠢᠨ ᠬᠠᠮᠳᠤ᠂ ᠠᠷᠳ ᠤᠨ ᠳᠡᠭᠡᠳᠦ ᠵᠡᠷᠬᠡ ᠶᠢᠨ ᠰᠢᠬᠦᠬᠦ ᠬᠤᠷᠢᠶ᠎ᠠ ᠳᠤᠭᠤᠷᠢᠨ ᠰᠢᠬᠦᠬᠦ ᠲᠢᠩᠬᠢᠮ ᠦᠨ ᠰᠢᠬᠦᠨ ᠲᠠᠰᠤᠯᠤᠯᠲᠠ ᠶᠢᠨ ᠶᠠᠪᠤᠭᠳᠠᠬᠤ ᠨᠠ ᠬᠢᠨᠠᠨᠯᠲᠠ ᠬᠠᠮᠢᠶᠠᠷᠤᠯᠲᠠ ᠶᠢᠨ ᠪᠠᠢᠭᠤᠯᠤᠮᠵᠢ ᠶᠢ ᠴᠢᠩᠭᠠᠳᠭᠠᠵᠤ ᠂ ᠴᠢᠨᠠᠷ ᠰᠠᠢᠳᠠᠢ ᠬᠡᠷᠡᠭ ᠰᠢᠭᠦᠨ ᠲᠠᠰᠤᠯᠬᠤ ᠶᠢ ᠪᠠᠳᠤᠯᠠᠵᠤ ᠂ ᠬᠠᠤᠯᠢ ᠴᠠᠭᠠᠵᠠ ᠶᠢᠨ ᠢᠯᠵᠠᠷᠠᠮᠠᠯ ᠢ ᠪᠦᠲᠦᠮᠵᠢᠲᠠᠢ ᠰᠡᠷᠬᠡᠢᠯᠡᠪᠡ ᠃

     ᠤᠯᠠᠨ ᠠᠷᠭ᠎ᠠ ᠬᠡᠮᠵᠢᠶ᠎ᠠ ᠶᠢ ᠬᠠᠮᠳᠤ ᠬᠡᠷᠡᠭᠯᠡᠵᠦ ᠂ ᠠᠷᠠᠳᠴᠢᠯᠠᠯ ᠢᠶᠠᠷ ᠬᠠᠤᠯᠢ ᠪᠠᠷᠢᠵᠤ ᠂ ᠬᠠᠪᠰᠤᠷᠠᠨ ᠰᠢᠬᠦᠭᠴᠢ ᠶᠢᠨ ᠥᠭᠡᠷᠡᠴᠢᠯᠡᠯᠲᠡ ᠶᠢᠨ ᠳᠤᠷᠰᠢᠯᠳᠠ ᠶᠢᠨ ᠴᠡᠭ  ᠢ ᠲᠦᠯᠬᠢᠨ ᠠᠬᠢᠭᠤᠯᠤᠨ᠎ᠠ

     ᠠᠷᠠᠳ ᠤᠨ ᠬᠠᠪᠰᠤᠷᠠᠨ ᠰᠢᠬᠦᠭᠴᠢ  ᠶᠢᠨ ᠲᠦᠷᠢᠮ  ᠦᠨ ᠥᠭᠡᠷᠡᠴᠢᠯᠡᠯᠲᠡ ᠪᠤᠯ ᠲᠦᠪ ᠬᠤᠷᠢᠶᠠᠨ ᠤ ᠬᠠᠤᠯᠢ ᠴᠠᠭᠠᠵᠠ ᠶᠢᠨ ᠥᠭᠡᠷᠡᠴᠢᠯᠡᠯᠲᠡ ᠶᠢᠨ ᠴᠢᠬᠤᠯᠠ ᠠᠭᠤᠯᠭ᠎ᠠ ᠮᠦᠨ ᠃ ᠲᠦᠪ ᠬᠤᠷᠢᠶᠠᠨ ᠤ ᠨᠢᠭᠡᠳᠦᠯᠲᠡᠢ ᠲᠣᠬᠢᠷᠠᠭᠤᠯᠤᠯᠲᠠ ᠶᠤᠰᠤᠭᠠᠷ ᠂ ᠠᠷᠠᠳ ᠤᠨ ᠳᠡᠭᠡᠲᠦ ᠵᠡᠷᠬᠡ ᠶᠢᠨ ᠰᠢᠬᠦᠬᠦ ᠬᠤᠷᠢᠶ᠎ᠠ ᠡᠯ᠎ᠠ ᠳᠤᠷᠰᠢᠯᠲᠠ  ᠶᠢᠨ ᠴᠡᠭ ᠰᠢᠬᠦᠬᠦ ᠬᠤᠷᠢᠶ᠎ᠠ ᠶᠢ ᠵᠢᠭᠠᠨ ᠵᠢᠯᠤᠭᠤᠳᠴᠤ ᠠᠷᠠᠳ ᠤᠨ ᠬᠠᠪᠰᠤᠷᠠᠨ ᠰᠢᠬᠦᠭᠴᠢ ᠶᠢᠨ ᠲᠦᠷᠢᠮ ᠦᠨ ᠥᠭᠡᠷᠡᠴᠢᠯᠡᠯᠲᠡ ᠶᠢᠨ ᠳᠤᠷᠰᠢᠯᠳᠠ ᠶᠢᠨ ᠴᠡᠭ ᠦᠨ ᠠᠵᠢᠯ ᠢ ᠲᠦᠯᠬᠢᠨ ᠠᠬᠢᠭᠤᠯᠪᠠ ᠃ 《ᠠᠷᠠᠳ ᠤᠨ ᠬᠠᠪᠰᠤᠷᠠᠨ ᠰᠢᠬᠦᠭᠴᠢ  ᠶᠢᠨ ᠲᠦᠷᠢᠮ ᠦᠨ ᠥᠭᠡᠷᠡᠴᠢᠯᠡᠯᠲᠡ ᠶᠢᠨ ᠳᠤᠷᠰᠢᠯᠳᠠ ᠶᠢᠨ ᠴᠡᠭ ᠦᠨ ᠠᠵᠢᠯ ᠢ ᠤᠯᠠᠮ ᠨᠢᠬᠡ ᠠᠯᠬᠤᠮ ᠴᠢᠩᠭᠠᠳᠭᠠᠬᠤ ᠪᠠ ᠰᠠᠢᠵᠢᠷᠠᠭᠤᠯᠬᠤ ᠳᠤᠬᠠᠢ ᠮᠡᠳᠡᠭᠳᠡᠯ》 ᠢ ᠨᠡᠢᠳᠡᠯᠡᠵᠦ ᠂ ᠥᠭᠡᠷᠡᠴᠢᠯᠡᠯᠲᠡ ᠶᠢᠨ ᠳᠤᠷᠰᠢᠯᠳᠠ ᠶᠢᠨ ᠴᠡᠭ ᠦᠨ ᠳᠤᠰᠬᠠᠢ ᠬᠢᠨᠠᠨ ᠪᠠᠢᠴᠠᠭᠠᠯᠲᠠ ᠦᠷᠨᠢᠬᠦᠯᠵᠦ ᠂ ᠥᠭᠡᠷᠡᠴᠢᠯᠡᠯᠲᠡ ᠶᠢᠨ ᠲᠤᠷᠰᠢᠯᠲᠠ ᠶᠢᠨ ᠴᠡᠭ ᠦᠨ ᠠᠵᠢᠯ ᠳᠤᠮᠳᠠ ᠠᠰᠠᠭᠤᠳᠠᠯ ᠪᠠ ᠪᠤᠷᠤᠭᠤ ᠭᠠᠷᠪᠠᠯ ᠴᠠᠭ ᠳᠤᠬᠠᠢ ᠳᠤ ᠨᠢ ᠵᠠᠯᠷᠠᠭᠤᠯᠤᠨ᠎ᠠ ᠃ ᠡᠯ᠎ᠠ ᠳᠤᠷᠰᠢᠯᠳᠠ ᠶᠢᠨ ᠴᠡᠭ ᠰᠢᠬᠦᠬᠦ ᠬᠤᠷᠢᠶ᠎ᠠ ᠶᠢ ᠵᠢᠯᠤᠭᠤᠳᠴᠤ ᠥᠭᠡᠷᠡᠴᠢᠯᠡᠯᠲᠡ ᠶᠢᠨ ᠳᠤᠷᠰᠢᠯᠳᠠ ᠶᠢᠨ ᠴᠡᠭ ᠦᠨ ᠳᠤᠮᠳᠠ ᠬᠤᠭᠤᠴᠠᠭᠠᠨ ᠤ ᠦᠨᠡᠯᠡᠯᠲᠡ ᠶᠢᠨ ᠠᠵᠢᠯ ᠢ ᠪᠡᠶᠡᠯᠡᠬᠦᠯᠵᠦ ᠂ ᠵᠸᠤ ᠴᠢᠶᠠᠩ ᠬᠤᠷᠢᠶᠠᠨ ᠳᠠᠷᠤᠭ᠎ᠠ ᠪᠦᠬᠦ ᠤᠯᠤᠰ ᠤᠨ ᠠᠷᠠᠳ ᠤᠨ ᠲᠥᠯᠦᠭᠡᠯᠡᠭᠴᠢᠳ ᠦᠨ ᠶᠡᠬᠡ ᠬᠤᠷᠠᠯ ᠤᠨ ᠪᠠᠢᠩᠭᠤ ᠶᠢᠨ ᠬᠤᠷᠢᠶᠠᠨ ᠳᠤ《ᠠᠷᠠᠳ ᠤᠨ ᠬᠠᠪᠰᠤᠷᠤᠨ ᠰᠢᠭᠦᠭᠴᠢ ᠶᠢᠨ ᠲᠦᠷᠢᠮ ᠦᠨ ᠥᠭᠡᠷᠡᠴᠢᠯᠡᠯᠲᠡ ᠶᠢᠨ ᠳᠤᠷᠰᠢᠯᠳᠠ ᠶᠢᠨ ᠴᠡᠭ ᠦᠨ ᠪᠠᠢᠳᠠᠯ  ᠤᠨ ᠳᠤᠬᠠᠢ ᠳᠤᠮᠳᠠ ᠬᠤᠭᠤᠴᠠᠭᠠᠨ ᠤ ᠮᠡᠳᠡᠭᠦᠯᠦᠯᠲᠡ》 ᠬᠢᠵᠦ᠂ ᠲᠥᠯᠦᠭᠡᠯᠡᠭᠴᠢᠳ ᠦᠨ ᠨᠤᠲᠠᠯᠠᠯᠲᠠ ᠶᠢ ᠤᠯᠪᠠ ᠃ ᠪᠦᠬᠦ ᠤᠯᠤᠰ ᠤᠨ ᠨᠢᠭᠡᠳᠦᠯᠲᠡᠢ ᠠᠷᠠᠳ  ᠤᠨ ᠬᠠᠪᠰᠤᠷᠤᠨ ᠰᠢᠭᠦᠭᠴᠢ  ᠶᠢᠨ ᠮᠡᠳᠡᠬᠡ ᠵᠠᠩᠭᠢ ᠶᠢ ᠬᠠᠮᠢᠶᠠᠷᠬᠤ ᠰᠢᠰᠲ᠋ᠧᠮ ᠢ ᠰᠤᠳᠤᠯᠤᠨ ᠭᠠᠷᠭᠠᠵᠤ ᠂ ᠠᠷᠠᠳ ᠤᠨ ᠬᠠᠪᠰᠤᠷᠤᠨ ᠰᠢᠭᠦᠭᠴᠢ ᠶᠢᠨ ᠬᠠᠮᠢᠶᠠᠷᠤᠯᠲᠠ ᠶᠢ ᠰᠦᠯᠵᠢᠶᠡᠵᠢᠯᠲᠡ᠂ ᠳᠦᠷᠢᠮᠵᠢᠯᠲᠡ ᠂ ᠳᠥᠬᠦᠮᠴᠢᠯᠡᠯᠲᠡ  ᠶᠢ ᠲᠦᠯᠬᠢᠨ ᠠᠬᠢᠭᠤᠯᠤᠨ᠎ᠠ ᠃ ᠤᠯᠠᠨ ᠤᠳᠠᠭ᠎ᠠ ᠪᠤᠯᠪᠠᠰᠤᠷᠠᠯ ᠤᠨ ᠠᠵᠢᠯ ᠤᠨ ᠶᠠᠪᠤᠭᠳᠠᠬᠤ ᠶᠢ ᠰᠤᠳᠤᠯᠤᠨ ᠲᠣᠬᠢᠷᠠᠭᠤᠯᠬᠤ ᠶᠢ ᠴᠢᠩᠭᠠᠳᠭᠠᠵᠤ ᠂ ᠠᠷᠠᠳ ᠤᠨ ᠬᠠᠪᠰᠤᠷᠤᠨ ᠰᠢᠬᠦᠭᠴᠢ ᠶᠢᠨ ᠵᠢᠱᠢᠶ᠎ᠠ ᠦᠵᠡᠬᠦᠯᠬᠦ ᠪᠣᠯᠪᠠᠰᠤᠷᠠᠯ ᠤᠨ ᠠᠩᠭᠢ ᠦᠷᠨᠢᠬᠦᠯᠵᠦ ᠂ 《ᠠᠷᠠᠳ ᠤᠨ ᠬᠠᠪᠰᠤᠷᠤᠨ ᠰᠢᠬᠦᠭᠴᠢ ᠶᠢᠨ ᠡᠬᠦᠷᠭᠡ ᠳᠤᠰᠢᠶᠠᠯ ᠢᠶᠠᠨ ᠡᠬᠦᠷᠭᠡᠯᠡᠬᠦ ᠤᠩᠰᠢᠬᠤ ᠪᠢᠴᠢᠭ᠌》 ᠢ ᠨᠠᠢᠷᠠᠭᠤᠯᠤᠨ ᠪᠢᠴᠢᠬᠦ ᠶᠢ ᠵᠤᠬᠢᠶᠠᠨ ᠪᠠᠢᠭᠤᠯᠵᠤ ᠂ ᠠᠷᠠᠳ ᠤᠨ ᠬᠠᠪᠰᠤᠷᠤᠨ ᠰᠢᠭᠦᠭᠴᠢ ᠶᠢᠨ ᠰᠤᠷᠭᠠᠨ ᠬᠥᠮᠦᠵᠢᠭᠦᠯᠬᠦ ᠠᠵᠢᠯ ᠢ ᠬᠦᠨᠵᠡᠭᠡᠢ ᠦᠷᠨᠢᠬᠦᠯᠬᠦ ᠶᠢ ᠲᠦᠯᠬᠢᠨ ᠠᠬᠢᠭᠤᠯᠤᠨ᠎ᠠ ᠃ ᠠᠯᠪᠠᠨ ᠰᠦᠯᠵᠢᠶ᠎ᠠ ᠂ ᠪᠢᠴᠢᠯ ᠪᠦᠷᠭᠡ ᠂ ᠵᠢᠷᠬᠢᠬᠡ ᠵᠡᠷᠬᠡ ᠰᠢᠨ᠎ᠠ ᠵᠠᠭᠤᠴᠢ  ᠶᠢᠨ ᠳᠠᠪᠴᠠᠩ ᠢᠶᠠᠷ ᠳᠠᠮᠵᠢᠵᠤ᠂ ᠪᠠᠢᠳᠠᠯ ᠢ ᠲᠠᠨᠢᠯᠴᠠᠭᠤᠯᠵᠤ ᠂ ᠨᠡᠢᠲᠡᠯᠢᠭ ᠵᠢᠱᠢᠶ᠎ᠠ ᠶᠢ ᠤᠬᠠᠭᠤᠯᠤᠨ᠎ᠠ ᠃ ᠠᠷᠠᠳ ᠤᠨ ᠬᠠᠪᠰᠤᠷᠤᠨ ᠰᠢᠬᠦᠭᠴᠢ ᠶᠢᠨ ᠨᠡᠢᠲᠡ ᠶᠢᠨ ᠠᠰᠠᠷᠠᠮᠵᠢ ᠶᠢᠨ ᠵᠠᠷ ᠰᠡᠬᠦᠳᠡᠷᠯᠡᠬᠦ ᠶᠢ ᠵᠤᠬᠢᠶᠠᠨ ᠪᠠᠢᠭᠤᠯᠵᠤ ᠂ ᠲᠦᠪ ᠦᠨ ᠲᠸᠯᠸᠢᠰ ᠬᠤᠷᠢᠶᠠᠨ ᠳᠤ ᠳᠠᠯᠪᠢᠵᠤ ᠂ ᠰᠠᠢᠨ ᠨᠡᠢᠬᠡᠮ ᠦᠨ ᠦᠷ᠎ᠠ ᠪᠦᠲᠦᠮᠵᠢ ᠤᠯᠤᠨ᠎ᠠ ᠃

     ᠨᠢᠬᠡ ᠵᠢᠯ ᠦᠨ ᠴᠢᠷᠮᠠᠢᠯᠭ᠎ᠠ ᠪᠠᠷ ᠳᠠᠮᠵᠢᠵᠤ᠂ ᠲᠤᠷᠰᠢᠯᠲᠠ ᠶᠢᠨ ᠴᠡᠭ ᠦᠨ ᠠᠵᠢᠯ ᠱᠠᠳᠤ ᠦᠶ᠎ᠠ ᠶᠢᠨ ᠴᠢᠨᠠᠷᠲᠠᠢ ᠠᠮᠵᠢᠯᠲᠠ ᠤᠯᠪᠠ ᠃ ᠶᠡᠷᠦᠩᠬᠡᠢ ᠴᠤᠭᠴᠠ ᠠᠴᠠ ᠦᠵᠡᠪᠡᠯ ᠂ ᠳᠤᠷᠰᠢᠯᠳᠠ ᠶᠢᠨ ᠴᠡᠭ ᠦᠨ ᠠᠵᠢᠯ《ᠲᠦᠷᠪᠡᠨ ᠬᠤᠪᠢᠷᠠᠯᠲᠠ》ᠢᠯᠡᠷᠡᠵᠦ ᠂ ᠳᠠᠷᠤᠢ᠄ ᠠᠷᠠᠳ ᠤᠨ ᠬᠠᠪᠰᠤᠷᠤᠨ ᠰᠢᠭᠦᠭᠴᠢ ᠶᠢᠨ ᠰᠣᠩᠭᠤᠬᠤ ᠬᠡᠯᠪᠡᠷᠢ ᠨᠢ ᠭᠣᠣᠯᠳᠠᠭᠤ ᠲᠠᠨᠢᠯᠴᠠᠭᠤᠯᠭ᠎ᠠ ᠪᠠᠷ ᠳᠠᠮᠵᠢᠵᠤ ᠪᠤᠢ ᠪᠤᠯᠬᠤ ᠠᠴᠠ ᠳᠠᠰᠢᠷᠠᠮ ᠢᠶᠠᠷ ᠰᠣᠩᠭᠤᠬᠤ ᠳᠡᠰᠢ ᠬᠤᠪᠢᠷᠠᠵᠤ ᠂ ᠰᠢᠬᠦᠯᠳᠡ ᠳᠦ ᠤᠷᠤᠯᠴᠠᠬᠤ ᠳᠤᠰᠢᠶᠠᠯ ᠡᠬᠦᠷᠭᠡ ᠨᠢ ᠪᠦᠬᠦ ᠳᠠᠯ᠎ᠠ ᠪᠠᠷ ᠰᠢᠬᠦᠯᠲᠡ ᠳᠦ ᠤᠷᠤᠯᠴᠠᠬᠤ  ᠠᠴᠠ ᠵᠦᠪᠬᠡᠨ ᠪᠤᠳᠠᠳᠤ ᠬᠡᠷᠡᠭ ᠠᠰᠠᠭᠤᠳᠠᠯ ᠢ ᠰᠢᠬᠦᠬᠦ  ᠳᠦ ᠤᠷᠤᠯᠴᠠᠬᠤ ᠳᠡᠰᠢ ᠰᠢᠯᠵᠢᠵᠦ ᠂ ᠰᠢᠭᠦᠯᠲᠡ ᠳᠦ ᠤᠷᠤᠯᠴᠠᠬᠤ ᠬᠡᠯᠪᠡᠷᠢ ᠨᠢ ᠭᠤᠷᠪᠠᠨ ᠬᠦᠮᠦᠨ ᠦ ᠵᠥᠪᠯᠡᠯᠳᠦᠬᠦ ᠲᠢᠩᠬᠢᠮ  ᠦᠨ ᠬᠡᠯᠪᠡᠷᠢ ᠡᠴᠡ 5 ᠬᠦᠮᠦᠨ ᠡᠴᠡ ᠳᠡᠭᠡᠭᠰᠢ ᠶᠡᠬᠡ ᠵᠥᠪᠯᠡᠯᠳᠦᠬᠦ ᠲᠢᠩᠬᠢᠮ ᠦᠨ ᠬᠠᠪᠰᠤᠷᠤᠨ ᠰᠢᠬᠦᠬᠦ ᠪᠠᠢᠭᠤᠯᠤᠮᠵᠢ ᠳᠡᠰᠢ ᠬᠤᠪᠢᠷᠠᠵᠤ ᠂ ᠰᠢᠭᠦᠬᠦ ᠬᠡᠷᠡᠭ ᠨᠢ ᠬᠠᠪᠰᠤᠷᠤᠨ ᠰᠢᠬᠦᠬᠦ ᠬᠡᠷᠡᠭ ᠦᠨ《ᠳᠤᠭ᠎ᠠ》 ᠶᠢ ᠴᠢᠬᠤᠯᠴᠢᠯᠠᠬᠤ ᠠᠴᠠ ᠬᠠᠪᠰᠤᠷᠤᠨ ᠰᠢᠬᠦᠬᠦ ᠬᠡᠷᠡᠭ ᠦᠨ《ᠴᠢᠨᠠᠷ》 ᠢ ᠴᠢᠬᠤᠯᠴᠢᠯᠠᠬᠤ ᠳᠡᠰᠢ ᠬᠤᠪᠢᠷᠠᠪᠠ ᠃ 50 ᠳᠤᠷᠰᠢᠯᠳᠠ ᠶᠢᠨ ᠴᠡᠭ ᠰᠢᠬᠦᠬᠦ ᠬᠤᠷᠢᠶ᠎ᠠ ᠰᠢᠨ᠎ᠠ ᠪᠠᠷ ᠰᠤᠩᠭᠤᠭᠰᠠᠨ ᠠᠷᠠᠳ ᠤᠨ ᠬᠠᠪᠰᠤᠷᠤᠨ ᠰᠢᠬᠦᠭᠴᠢ 9673 ᠬᠦᠮᠦᠨ ᠂ ᠳᠤᠷᠰᠢᠯᠳᠠ ᠶᠢᠨ ᠴᠡᠭ ᠰᠢᠬᠦᠬᠦ ᠬᠤᠷᠢᠶᠠᠨ ᠤ ᠠᠷᠠᠳ ᠤᠨ ᠬᠠᠪᠰᠤᠷᠤᠨ ᠰᠢᠬᠦᠭᠴᠢ  ᠶᠢᠨ ᠨᠡᠢᠷᠡ ᠳᠤᠭ᠎ᠠ 13322 ᠬᠦᠮᠦᠨ ᠪᠤᠯᠵᠤ ᠂ ᠰᠢᠬᠦᠭᠴᠢ ᠶᠢᠨ ᠤᠷᠤᠨ ᠳᠤᠭᠠᠨ ᠤ 4.3ᠳᠠᠬᠢᠨ ᠂ ᠨᠢᠬᠡ ᠪᠦᠯᠦᠭ ᠠᠷᠠᠳ ᠤᠨ ᠰᠡᠳᠬᠢᠯ ᠢ ᠤᠢᠯᠭᠠᠬᠤ ᠂ ᠠᠷᠠᠳ ᠤᠨ ᠰᠠᠨᠠᠭ᠎ᠠ ᠶᠢ ᠤᠢᠯᠭᠠᠬᠤ᠂ ᠭᠠᠵᠠᠷ ᠤᠷᠤᠨ ᠤ ᠰᠤᠶᠤᠯ  ᠢ ᠮᠡᠳᠡᠬᠦ ᠡᠬᠡᠯ ᠠᠷᠠᠳ ᠲᠦᠮᠡᠨ ᠠᠷᠠᠳ ᠤᠨ ᠬᠠᠪᠰᠤᠷᠤᠨ ᠰᠢᠬᠦᠭᠴᠢ ᠪᠡᠷ ᠰᠣᠩᠭᠤᠭᠳᠠᠵᠤ ᠂ ᠢᠷᠡᠯᠲᠡ ᠨᠡᠩ ᠦᠷᠭᠡᠨ ᠳᠡᠯᠬᠡᠷ ᠂ ᠪᠦᠲᠦᠴᠡ ᠨᠡᠩ ᠵᠦᠢ ᠵᠤᠬᠢᠰᠳᠠᠢ᠃ 2016 ᠤᠨ ᠳᠤ ᠂ 50 ᠳᠤᠷᠰᠢᠯᠳᠠ ᠶᠢᠨ ᠴᠡᠭ ᠰᠢᠬᠦᠬᠦ ᠬᠤᠷᠢᠶ᠎ᠠ ᠠᠷᠠᠳ ᠤᠨ ᠬᠠᠪᠰᠤᠷᠤᠨ ᠰᠢᠬᠦᠭᠴᠢ ᠪᠡᠷ ᠡᠯ᠎ᠠ ᠲᠦᠷᠯ ᠦᠨ ᠬᠡᠷᠡᠭ 81772 ᠰᠢᠬᠦᠨ ᠬᠦᠢᠴᠡᠳᠬᠡᠵᠦ ᠂ ᠡᠭᠦᠨ ᠦ ᠳᠤᠮᠳᠠ᠂ ᠢᠷᠭᠡᠨ ᠦ ᠬᠡᠷᠡᠭ 64917᠂ ᠡᠷᠡᠬᠦᠦ  ᠶᠢᠨ ᠬᠡᠷᠡᠭ 11642᠂ ᠵᠠᠰᠠᠭ ᠵᠠᠬᠢᠷᠭᠠᠨ ᠤ ᠬᠡᠷᠡᠭ 5213᠃ ᠠᠷᠠᠳ ᠤᠨ ᠬᠠᠪᠰᠤᠷᠠᠨ ᠰᠢᠬᠦᠭᠴᠢ ᠤᠷᠤᠯᠴᠠᠵᠤ ᠪᠦᠷᠢᠯᠳᠦᠭᠰᠡᠨ ᠵᠥᠪᠯᠡᠯᠳᠦᠬᠦ ᠲᠢᠩᠬᠢᠮ ᠰᠢᠬᠦᠵᠦ ᠰᠢᠢᠳᠪᠦᠷᠢᠯᠡᠭᠰᠡᠨ ᠨᠢ ᠤᠯᠠᠨ ᠨᠡᠢᠲᠡ ᠶᠢᠨ ᠠᠰᠢᠭ ᠳᠤᠰᠠ ᠂ ᠨᠡᠢᠬᠡᠮ ᠦᠨ ᠬᠠᠮᠳᠤ ᠶᠢᠨ ᠠᠰᠢᠭ ᠳᠤᠰᠠ ᠳᠠᠢ ᠬᠤᠯᠪᠤᠭᠳᠠᠭᠰᠠᠨ ᠵᠡᠷᠬᠡ ᠨᠡᠢᠬᠡᠮ ᠦᠨ ᠨᠦᠯᠦᠬᠡ ᠨᠡᠯᠢᠶᠡᠳ ᠶᠡᠬᠡ ᠬᠡᠷᠡᠭ 1624 ᠪᠠᠢᠵᠤ᠂ ᠨᠡᠢᠬᠡᠮ ᠦᠨ ᠳᠤᠰᠬᠠᠯ ᠮᠠᠰᠢ ᠰᠠᠢᠨ ᠃

    ᠡᠪᠦᠯ ᠵᠤᠨ ᠤᠯᠠᠷᠢᠨ ᠂ ᠬᠠᠪᠤᠷ ᠨᠠᠮᠤᠷ ᠰᠤᠯᠢᠯᠴᠠᠨ ᠂ ᠪᠦᠬᠦ ᠤᠯᠤᠰ ᠤᠨ ᠬᠠᠤᠯᠢ ᠴᠠᠭᠠᠵᠠ ᠶᠢᠨ ᠪᠠᠢᠭᠤᠯᠤᠯ ᠤᠨ ᠥᠭᠡᠷᠡᠴᠢᠯᠡᠯᠲᠡ ᠯᠠᠪᠳᠠᠭᠤᠨ ᠪᠠᠳᠤᠳᠠᠢ ᠡᠮᠬᠢ ᠵᠢᠷᠦᠮ ᠳᠠᠢ ᠤᠷᠤᠭᠰᠢᠯᠠᠵᠤ ᠂ ᠥᠭᠡᠷᠡᠴᠢᠯᠡᠯᠲᠡ ᠶᠢᠨ ᠦᠷ᠎ᠠ ᠠᠰᠢᠭ ᠶᠠᠭ ᠠᠯᠬᠤᠮ ᠠᠯᠬᠤᠮ ᠪᠠᠳᠠᠷᠠᠵᠤ ᠪᠠᠢᠨ᠎ᠠ ᠃ ᠥᠭᠡᠷᠡᠴᠢᠯᠡᠯᠲᠡ ᠶᠢᠨ ᠬᠡᠷᠡᠯ ᠬᠡᠬᠡ ᠶᠢ ᠤᠭᠳᠤᠨ ᠂ ᠪᠦᠬᠦ ᠤᠯᠤᠰ ᠤᠨ ᠰᠢᠬᠦᠬᠦ ᠬᠤᠷᠢᠶ᠎ᠠ 《ᠠᠷᠠᠳ ᠲᠦᠮᠡᠨ  ᠳᠤ ᠬᠠᠤᠯᠢ ᠴᠠᠭᠠᠵᠠ ᠶᠢᠨ ᠬᠡᠷᠡᠭ ᠪᠦᠷᠢ ᠳᠤᠮᠳᠠ  ᠡᠴᠡ ᠲᠦᠪ ᠭᠤᠤᠯᠴᠢ ᠡᠷᠬᠡ ᠳᠡᠭᠰᠢ ᠶᠢ ᠮᠡᠳᠡᠷᠡᠬᠦᠯᠬᠦ  ᠪᠠᠷ ᠴᠢᠷᠮᠠᠢᠬᠤ》ᠬᠠᠷᠠᠯᠲᠠ ᠶᠢᠨ ᠤᠷᠴᠢᠨ  ᠳᠦ ᠴᠢᠩᠭ᠎ᠠ ᠲᠦᠪᠯᠡᠷᠡᠬᠦᠯᠵᠦ᠂ ᠬᠠᠤᠯᠢ ᠴᠠᠭᠠᠵᠠ ᠶᠢᠨ ᠪᠠᠢᠭᠤᠯᠤᠯ ᠤᠨ ᠥᠭᠡᠷᠡᠴᠢᠯᠡᠯᠲᠡ ᠶᠢᠨ ᠵᠠᠮ ᠳᠤ ᠳᠡᠭᠡᠭᠰᠢ ᠳᠤᠷᠤᠭᠰᠢ ᠰᠦᠪᠡᠭᠴᠢᠯᠡᠵᠦ ᠂ ᠲᠠᠰᠤᠷᠠᠯᠲᠠ ᠦᠬᠡᠢ ᠤᠷᠤᠭᠰᠢᠯᠠᠨ᠎ᠠ ᠃

ᠦᠨᠡᠯᠡᠬᠦ 0ᠦᠨᠡᠯᠡᠯᠲᠡ ᠲᠠᠢ


( ᠨᠧᠲ ᠨᠠᠢᠵᠠ ᠵᠢᠨ ᠦᠨᠡᠯᠡᠯᠲᠡ ᠨᠢ ᠵᠦᠪᠭᠡᠨ ᠲᠡᠭᠦᠨ ᠊ᠤ᠌ ᠬᠤᠪᠢ ᠭᠦᠮᠦᠨ ᠊ᠤ᠌ ᠦᠵᠡᠯᠲᠡ ᠲᠡᠳᠦᠢ᠂ ᠲᠤᠰ ᠨᠧᠲ ᠦᠷᠳᠡᠭᠡ ᠲᠡᠭᠦᠨ ᠊ᠤ᠌ ᠦᠵᠡᠯᠲᠡ ᠵᠢ ᠵᠦᠪᠰᠢᠶᠡᠷᠡᠭᠰᠡᠨ ᠶᠠᠪᠤᠳᠠᠯ ᠤᠭᠳᠤ ᠪᠢᠰᠢ ᠶᠤᠮ᠃ )