ᠠᠷᠠᠳ ᠤᠨ ᠳᠡᠭᠡᠳᠦ ᠵᠡᠷᠬᠡ ᠶᠢᠨ ᠰᠢᠬᠦᠬᠦ ᠬᠤᠷᠢᠶᠠᠨ ᠤ ᠠᠵᠢᠯ ᠤᠨ ᠮᠡᠳᠡᠭᠦᠯᠦᠯᠲᠡ  ᠶᠢᠨ ᠵᠥᠪᠰᠢᠶᠡᠷᠡᠭᠰᠡᠨ ᠨᠤᠷᠮ᠎ᠠ ᠳᠠᠬᠢᠨᠳᠠ ᠰᠢᠨ᠎ᠠ ᠲᠡᠮᠳᠡᠭᠯᠡᠯ ᠡᠭᠦᠳᠦᠪᠡ
2017.03.15 ᠲᠣᠰ ᠥᠷᠲᠡᠭᠡᠨ ᠦ ᠨᠠᠢᠷᠠᠭᠤᠯᠤᠭᠴᠢ

    3 ᠰᠠᠷᠠᠢᠨ 15  ᠤ ᠡᠳᠦᠷ ᠦᠨ ᠦᠳᠡ ᠶᠢᠨ ᠡᠮᠦᠨ᠎ᠠ ᠂ ᠠᠷᠪᠠᠨ ᠬᠣᠶᠠᠳᠤᠭᠠᠷ ᠬᠤᠭᠤᠴᠠᠭᠠᠨ ᠤ ᠪᠦᠬᠦ ᠤᠯᠤᠰ ᠤᠨ ᠠᠷᠠᠳ ᠤᠨ ᠲᠥᠯᠦᠭᠡᠯᠡᠭᠴᠢᠳ ᠦᠨ ᠶᠡᠬᠡ ᠬᠤᠷᠠᠯ  ᠤᠨ ᠲᠠᠪᠤᠳᠤᠭᠠᠷ ᠬᠤᠷᠠᠯᠳᠤᠭᠠᠨ ᠠᠷᠠᠳ ᠤᠨ ᠶᠡᠬᠡ ᠬᠤᠷᠠᠯ ᠤᠨ ᠲᠢᠩᠬᠢᠮ ᠳᠦ ᠳᠡᠬᠦᠰᠬᠦ ᠬᠤᠷᠠᠯ ᠶᠠᠪᠤᠭᠳᠠᠭᠤᠯᠵᠤ ᠂ ᠵᠠᠰᠠᠭ  ᠤᠨ ᠤᠷᠳᠤᠨ ᠤ ᠠᠵᠢᠯ ᠤᠨ ᠮᠡᠳᠡᠭᠦᠯᠦᠯᠲᠡ  ᠶᠢᠨ ᠳᠤᠬᠠᠢ ᠂ 2016 ᠤᠨ ᠤ ᠤᠯᠤᠰ ᠠᠷᠠᠳ ᠤᠨ ᠠᠵᠤ ᠠᠬᠤᠢ ᠪᠠ ᠨᠡᠢᠬᠡᠮ ᠦᠨ ᠬᠥᠭᠵᠢᠯᠲᠡ ᠶᠢᠨ ᠲᠥᠯᠦᠪᠯᠡᠭᠡ ᠶᠢ ᠬᠦᠢᠴᠡᠳᠭᠡᠭᠰᠡᠨ ᠪᠠᠢᠳᠠᠯ ᠪᠤᠯᠤᠨ 2017 ᠤᠨ ᠤ ᠤᠯᠤᠰ ᠠᠷᠠᠳ ᠤᠨ ᠠᠵᠤ ᠠᠬᠤᠢ ᠪᠠ ᠨᠡᠢᠬᠡᠮ ᠦᠨ ᠬᠥᠭᠵᠢᠯᠲᠡ ᠶᠢᠨ ᠲᠥᠯᠦᠪᠯᠡᠭᠡ ᠶᠢᠨ ᠳᠤᠬᠠᠢ ᠂ 2016 ᠤᠨ  ᠤ ᠲᠦᠪ ᠪᠠ ᠤᠷᠤᠨ ᠨᠤᠳᠤᠭ ᠤᠨ ᠲᠦᠰᠦᠪ ᠢ ᠬᠦᠢᠴᠡᠳᠬᠡᠭᠰᠡᠨ ᠪᠠᠢᠳᠠᠯ ᠪᠤᠯᠤᠨ 2017 ᠤᠨ ᠤ ᠲᠦᠪ ᠪᠠ ᠤᠷᠤᠨ ᠨᠤᠳᠤᠭ ᠤᠨ ᠲᠦᠰᠦᠪ ᠦᠨ ᠳᠤᠬᠠᠢ ᠂ ᠪᠦᠬᠦ ᠤᠯᠤᠰ ᠤᠨ ᠠᠷᠠᠳ ᠤᠨ ᠲᠥᠯᠦᠭᠡᠯᠡᠭᠴᠢᠳ ᠦᠨ ᠶᠡᠬᠡ ᠬᠤᠷᠠᠯ ᠤᠨ ᠪᠠᠢᠩᠭᠤ ᠶᠢᠨ ᠬᠤᠷᠢᠶᠠᠨ  ᠤ ᠠᠵᠢᠯ ᠤᠨ ᠮᠡᠳᠡᠭᠦᠯᠦᠯᠲᠡ ᠶᠢᠨ ᠳᠤᠬᠠᠢ ᠂ ᠠᠷᠠᠳ ᠤᠨ ᠳᠡᠭᠡᠳᠦ ᠵᠡᠷᠬᠡ ᠶᠢᠨ ᠰᠢᠬᠦᠬᠦ ᠬᠤᠷᠢᠶᠠᠨ ᠤ ᠠᠵᠢᠯ  ᠤᠨ ᠮᠡᠳᠡᠭᠦᠯᠦᠯᠲᠡ ᠶᠢᠨ ᠳᠤᠬᠠᠢ ᠂ ᠠᠷᠠᠳ ᠤᠨ ᠳᠡᠭᠡᠳᠦ ᠵᠡᠷᠬᠡ ᠶᠢᠨ ᠪᠠᠢᠴᠠᠭᠠᠬᠤ ᠬᠤᠷᠢᠶᠠᠨ ᠤ ᠠᠵᠢᠯ  ᠤᠨ ᠮᠡᠳᠡᠭᠦᠯᠦᠯᠲᠡ ᠶᠢᠨ ᠳᠤᠬᠠᠢ 6 ᠰᠢᠢᠳᠪᠦᠷᠢ ᠶᠢᠨ ᠲᠦᠰᠦᠯ ᠢ ᠢᠯᠡᠷᠬᠡᠢᠯᠡᠨ ᠪᠠᠳᠤᠯᠠᠪᠠ ᠃ ᠪᠦᠬᠦᠳᠡ ᠨᠠᠢᠷᠠᠮᠳᠠᠬᠤ ᠳᠤᠮᠳᠠᠳᠤ ᠠᠷᠠᠳ ᠤᠯᠤᠰ ᠢᠷᠭᠡᠨ ᠦ ᠬᠠᠤᠯᠢ ᠶᠢᠨ ᠶᠡᠷᠦᠩᠬᠡᠢ ᠲᠦᠷᠢᠮ  ᠦᠨ ᠲᠦᠰᠦᠯ ᠵᠡᠷᠬᠡ ᠶᠢ ᠢᠯᠡᠷᠬᠡᠢᠯᠡᠨ ᠪᠠᠳᠤᠯᠠᠪᠠ ᠃

    ᠠᠷᠪᠠᠨ ᠬᠣᠶᠠᠳᠤᠭᠠᠷ ᠬᠤᠭᠤᠴᠠᠭᠠᠨ ᠤ ᠪᠦᠬᠦ ᠤᠯᠤᠰ ᠤᠨ ᠠᠷᠠᠳ ᠤᠨ ᠲᠥᠯᠦᠭᠡᠯᠡᠭᠴᠢᠳ ᠦᠨ ᠶᠡᠬᠡ ᠬᠤᠷᠠᠯ ᠳᠠᠪᠤᠳᠤᠭᠠᠷ ᠬᠤᠷᠯᠠᠳᠤᠭᠠᠨ ᠠᠷᠠᠳ ᠤᠨ ᠳᠡᠭᠡᠳᠦ ᠵᠡᠷᠬᠡ ᠶᠢᠨ ᠰᠢᠬᠦᠬᠦ ᠬᠤᠷᠢᠶᠠᠨ ᠤ ᠬᠤᠷᠢᠶᠠᠨ ᠳᠠᠷᠤᠭ᠎ᠠ ᠵᠸᠤ ᠴᠢᠶᠠᠩ  ᠤᠨ ᠬᠢᠭᠰᠡᠨ ᠠᠵᠢᠯ ᠤᠨ ᠮᠡᠳᠡᠭᠦᠯᠦᠯᠲᠡ ᠶᠢ ᠰᠤᠨᠤᠰᠴᠤ ᠬᠢᠨᠠᠨ ᠵᠦᠪᠯᠡᠪᠡ ᠃ ᠥᠨᠦᠳᠦᠷ ᠂ ᠶᠡᠬᠡ ᠬᠤᠷᠠᠯ 2606 ᠵᠦᠪᠰᠢᠶᠡᠷᠡᠬᠦ ᠤᠤᠯᠭ᠎ᠠ ᠂ 180 ᠵᠥᠪᠰᠢᠶᠡᠷᠡᠬᠦ ᠦᠬᠡᠢ ᠤᠤᠯᠭ᠎ᠠ ᠂ ᠡᠷᠬᠡ ᠪᠡᠨ ᠬᠠᠶᠠᠭᠰᠠᠨ 49 ᠤᠤᠯᠭ᠎ᠠ  ᠪᠠᠷ ᠳᠤᠰ ᠮᠡᠳᠡᠭᠦᠯᠦᠯᠲᠡ ᠶᠢ ᠵᠥᠪᠰᠢᠶᠡᠷᠡᠪᠡ ᠃ ᠬᠤᠷᠠᠯᠳᠤᠭᠠᠨ ᠠᠷᠠᠳ ᠤᠨ ᠳᠡᠭᠡᠳᠦ ᠵᠡᠷᠬᠡ ᠶᠢᠨ ᠰᠢᠬᠦᠬᠦ ᠬᠤᠷᠢᠶᠠᠨ ᠤ ᠥᠩᠭᠡᠷᠡᠭᠰᠡᠨ ᠨᠢᠬᠡ ᠵᠢᠯ ᠦᠨ ᠠᠵᠢᠯ ᠢ ᠬᠦᠢᠴᠡᠳ ᠨᠤᠳᠠᠯᠠᠵᠤ ᠂ ᠮᠡᠳᠡᠭᠦᠯᠦᠯᠲᠡ ᠳᠦ ᠳᠤᠷᠠᠳᠤᠭᠰᠠᠨ 2017 ᠤᠨ ᠤ ᠠᠵᠢᠯ ᠤᠨ ᠲᠣᠬᠢᠷᠠᠭᠤᠯᠤᠯᠲᠠ ᠶᠢ ᠵᠦᠪᠰᠢᠶᠡᠷᠡᠵᠦ ᠂ ᠳᠤᠰ ᠮᠡᠳᠡᠭᠦᠯᠦᠯᠲᠡ ᠶᠢ ᠵᠥᠪᠰᠢᠶᠡᠷᠡᠬᠦ ᠪᠡᠷ ᠳᠤᠭᠳᠠᠪᠠ ᠃

     ᠬᠤᠷᠠᠯᠳᠤᠭᠠᠨ ᠳᠤ ᠱᠠᠭᠠᠷᠳᠠᠭᠰᠠᠨ ᠨᠢ ᠂ ᠠᠷᠠᠳ ᠤᠨ ᠳᠡᠭᠡᠳᠦ ᠵᠡᠷᠬᠡ ᠶᠢᠨ ᠰᠢᠬᠦᠬᠦ ᠬᠤᠷᠢᠶ᠎ᠠ ᠨᠠᠮ ᠤᠨ ᠠᠷᠪᠠᠨ ᠨᠠᠢ᠍ᠮᠠᠳᠤᠭᠠᠷ ᠶᠡᠬᠡ ᠬᠤᠷᠠᠯ ᠪᠠ ᠠᠷᠪᠠᠨ ᠨᠠᠢ᠍ᠮᠠᠳᠤᠭᠠᠷ ᠬᠤᠭᠤᠴᠠᠭᠠᠨ ᠤ ᠲᠦᠪ ᠬᠤᠷᠢᠶᠠᠨ ᠤ ᠭᠤᠷᠪᠠᠳᠤᠭᠠᠷ ᠂ ᠳᠥᠷᠪᠡᠳᠦᠭᠡᠷ᠂ ᠲᠠᠪᠤᠳᠤᠭᠠᠷ᠂ ᠵᠢᠷᠭᠤᠳᠤᠭᠠᠷ ᠪᠦᠬᠦᠳᠡ ᠬᠤᠷᠠᠯ  ᠤᠨ ᠵᠤᠷᠢᠭ ᠰᠠᠨᠠᠭ᠎ᠠ ᠶᠢ ᠪᠦᠬᠦ ᠳᠠᠯ᠎ᠠ ᠪᠠᠷ ᠨᠠᠢᠳᠠᠪᠤᠷᠢᠵᠢᠭᠤᠯᠵᠤ ᠂ ᠳ᠋ᠧᠩ ᠰᠢᠶᠤᠤ ᠫᠢᠩ ᠦᠨ ᠤᠨᠤᠯ᠂ 《ᠭᠤᠷᠪᠠ ᠶᠢ ᠲᠥᠯᠦᠭᠡᠯᠡᠬᠦ》ᠴᠢᠬᠤᠯᠠ ᠦᠵᠡᠯ ᠰᠠᠨᠠᠭ᠎ᠠ ᠂ ᠰᠢᠨᠵᠢᠯᠡᠬᠦ ᠤᠬᠠᠭᠠᠨᠴᠢ ᠬᠦᠭᠵᠢᠯᠲᠡ ᠶᠢᠨ ᠦᠵᠡᠯᠲᠡ ᠪᠡᠷ ᠵᠢᠯᠤᠭᠤᠳᠤᠯᠭ᠎ᠠ ᠪᠤᠯᠭᠠᠵᠤ ᠂ ᠰᠢ ᠵᠢᠨ ᠫᠢᠩ ᠶᠡᠷᠦᠩᠬᠡᠢ ᠱᠦᠵᠢ ᠶᠢᠨ ᠴᠢᠬᠤᠯᠠ ᠶᠠᠷᠢᠶᠠᠨ ᠤ ᠵᠤᠷᠢᠭ ᠰᠠᠨᠠᠭ᠎ᠠ ᠪᠠ ᠤᠯᠤᠰ ᠵᠠᠰᠠᠬᠤ ᠰᠢᠨ᠎ᠠ ᠣᠢᠯᠭᠠᠭᠳᠠᠬᠤᠨ ᠰᠢᠨ᠎ᠠ ᠦᠵᠡᠯ ᠰᠠᠨᠨᠠᠭ᠎ᠠ ᠰᠢᠨ᠎ᠠ ᠪᠠᠢᠯᠳᠤᠬᠤ ᠪᠤᠳᠤᠯᠭ᠎ᠠ ᠶᠢ ᠬᠦᠨᠵᠡᠭᠡᠢ ᠰᠤᠷᠤᠯᠴᠠᠨ ᠨᠠᠢᠳᠠᠪᠤᠷᠢᠵᠢᠭᠤᠯᠵᠤ ᠂ 《ᠳᠠᠪᠤᠨ ᠪᠠᠢᠷᠢ ᠨᠢᠬᠡ ᠴᠤᠭᠴᠠ》ᠶᠡᠷᠦᠩᠬᠡᠢ ᠪᠠᠢᠷᠢᠯᠠᠭᠤᠯᠤᠯᠲᠠ  ᠶᠢ ᠨᠢᠭᠡᠳᠦᠯᠲᠡᠢ ᠲᠦᠯᠬᠢᠨ ᠠᠬᠢᠭᠤᠯᠬᠤ ᠪᠠ《ᠲᠦᠷᠪᠡᠨ ᠪᠦᠬᠦ ᠳᠠᠯ᠎ᠠ》 ᠶᠢ ᠵᠤᠬᠢᠰᠠᠳᠠᠢ ᠲᠦᠯᠬᠢᠨ ᠠᠬᠢᠭᠤᠯᠬᠤ ᠪᠠᠢᠯᠳᠤᠬᠤ ᠪᠣᠳᠤᠯᠭ᠎ᠠ ᠶᠢᠨ ᠪᠠᠢᠷᠢᠯᠠᠭᠤᠯᠤᠯᠲᠠ ᠶᠢᠨ ᠳᠤᠭᠤᠷᠢᠨ ᠲᠦᠪᠯᠡᠷᠡᠵᠦ ᠂ ᠦᠨᠳᠦᠰᠦᠨ ᠬᠠᠤᠯᠢ ᠬᠠᠤᠯᠢ ᠴᠠᠭᠠᠵᠠ ᠶᠢᠨ ᠤᠯᠭᠤᠭᠰᠠᠨ ᠡᠬᠦᠷᠭᠡ ᠬᠠᠷᠢᠭᠤᠴᠠᠯᠭ᠎ᠠ ᠶᠢ ᠦᠨᠡᠨᠴᠢ ᠰᠢᠳᠤᠷᠭᠤ ᠪᠠᠷ ᠭᠦᠢᠴᠡᠳᠬᠡᠵᠦ ᠂ ᠨᠡᠢᠬᠡᠮ ᠵᠢᠷᠦᠮ ᠦᠨ ᠲᠦᠪ ᠭᠤᠤᠯᠴᠢ ᠡᠷᠬᠡ ᠳᠡᠭᠰᠢ ᠶᠢ ᠭᠤᠢᠪᠢᠰᠢ ᠦᠬᠡᠢ ᠬᠠᠮᠠᠭᠠᠯᠠᠵᠤ ᠂ ᠨᠤᠭᠤᠷᠠᠰᠢ ᠦᠬᠡᠢ ᠪᠡᠷ ᠬᠠᠤᠯᠢ ᠴᠠᠭᠠᠵᠠ ᠶᠢᠨ ᠪᠠᠢᠭᠤᠯᠤᠯ ᠤᠨ ᠥᠭᠡᠷᠡᠴᠢᠯᠡᠯᠲᠡ ᠶᠢ ᠲᠦᠯᠬᠢᠨ ᠠᠬᠢᠭᠤᠯᠵᠤ ᠂ ᠴᠦᠬᠦᠷᠡᠯ ᠦᠬᠡᠢ ᠠᠷᠠᠳ ᠤᠨ ᠰᠢᠬᠦᠬᠦ ᠬᠤᠷᠢᠶᠠᠨ ᠤ ᠡᠩᠨᠡᠭᠡᠨ ᠦ ᠪᠦᠲᠦᠭᠡᠨ ᠪᠠᠢᠭᠤᠯᠤᠯᠲᠠ ᠶᠢ ᠴᠢᠩᠭᠠᠳᠭᠠᠵᠤ ᠂ ᠰᠢᠭᠦᠨ ᠳᠠᠰᠤᠯᠤᠬᠤ ᠠᠵᠢᠯ ᠤᠨ ᠴᠢᠨᠠᠷ ᠂ ᠦᠷ᠎ᠠ ᠪᠦᠲᠦᠮᠵᠢ ᠪᠠ ᠤᠯᠠᠨ ᠨᠡᠢᠲᠡ  ᠶᠢᠨ ᠢᠲᠡᠭᠡᠭᠦᠯᠬᠦ ᠬᠦᠴᠦᠨ ᠢ ᠤᠯᠠᠮ ᠨᠢᠬᠡ ᠠᠯᠬᠤᠮ ᠳᠡᠭᠡᠭᠰᠢᠯᠡᠭᠦᠯᠵᠦ ᠂ ᠰᠢᠬᠦᠨ ᠳᠠᠰᠤᠯᠤᠯᠲᠠ ᠶᠢᠨ ᠪᠠᠢᠭᠤᠯᠭ᠎ᠠ ᠶᠢᠨ ᠡᠬᠦᠷᠭᠡ ᠴᠢᠳᠠᠪᠤᠷᠢ ᠶᠢ ᠬᠦᠢᠴᠡᠳ ᠪᠠᠳᠠᠷᠠᠭᠤᠯᠵᠤ ᠂ ᠤᠯᠤᠰ ᠤᠷᠤᠨ ᠤ ᠠᠮᠤᠷ ᠲᠦᠪᠰᠢᠨ ᠪᠠ ᠨᠡᠢᠬᠡᠮ ᠦᠨ ᠶᠡᠬᠡ ᠳᠠᠯ᠎ᠠ ᠶᠢᠨ ᠳᠤᠭᠳᠠᠭᠤᠨ ᠂ ᠠᠵᠤ ᠠᠬᠤᠢ ᠨᠡᠢᠬᠡᠮ ᠦᠨ ᠬᠥᠭᠵᠢᠯᠲᠡ ᠳᠦ ᠦᠢᠯᠡᠴᠢᠯᠡᠬᠦ ᠂ ᠠᠷᠠᠳ ᠤᠨ ᠠᠮᠤᠷ ᠳᠠᠢᠪᠤᠩ ᠠᠵᠤ ᠲᠦᠷᠦᠬᠦ ᠶᠢ ᠪᠠᠳᠤᠯᠠᠬᠤ  ᠳᠤ ᠨᠡᠩ ᠶᠡᠬᠡ ᠦᠢᠯᠡᠳᠦᠯ ᠡᠷᠬᠦᠵᠦ ᠂ ᠰᠢᠯᠢᠳᠡᠭ ᠦᠷ᠎ᠠ ᠪᠦᠲᠦᠮᠵᠢ ᠪᠡᠷ ᠨᠠᠮ ᠤᠨ ᠠᠷᠪᠠ ᠶᠢᠰᠦᠳᠦᠭᠡᠷ ᠶᠡᠬᠡ ᠬᠤᠷᠠᠯ ᠤᠨ ᠠᠮᠵᠢᠯᠳᠠᠢ ᠶᠠᠪᠤᠭᠳᠠᠬᠤ ᠶᠢ ᠤᠭᠳᠤᠶ᠎ᠠ᠃

 

 

ᠢᠷᠡᠯᠲᠡ ᠄ ᠠᠷᠠᠳ ᠤᠨ ᠳᠡᠭᠡᠳᠦ ᠵᠡᠷᠬᠡ ᠶᠢᠨ ᠰᠢᠬᠦᠬᠦ ᠬᠤᠷᠢᠶ᠎ᠠ

ᠦᠨᠡᠯᠡᠬᠦ 0ᠦᠨᠡᠯᠡᠯᠲᠡ ᠲᠠᠢ


( ᠨᠧᠲ ᠨᠠᠢᠵᠠ ᠵᠢᠨ ᠦᠨᠡᠯᠡᠯᠲᠡ ᠨᠢ ᠵᠦᠪᠭᠡᠨ ᠲᠡᠭᠦᠨ ᠊ᠤ᠌ ᠬᠤᠪᠢ ᠭᠦᠮᠦᠨ ᠊ᠤ᠌ ᠦᠵᠡᠯᠲᠡ ᠲᠡᠳᠦᠢ᠂ ᠲᠤᠰ ᠨᠧᠲ ᠦᠷᠳᠡᠭᠡ ᠲᠡᠭᠦᠨ ᠊ᠤ᠌ ᠦᠵᠡᠯᠲᠡ ᠵᠢ ᠵᠦᠪᠰᠢᠶᠡᠷᠡᠭᠰᠡᠨ ᠶᠠᠪᠤᠳᠠᠯ ᠤᠭᠳᠤ ᠪᠢᠰᠢ ᠶᠤᠮ᠃ )