ᠰᠦᠯᠵᠢᠶᠡᠨ ᠦ ᠠᠮᠤᠷ ᠲᠦᠪᠰᠢᠨ ᠪᠠ ᠮᠡᠳᠡᠭᠡ ᠵᠠᠩᠭᠢᠴᠢᠯᠠᠯᠲᠠ ᠪᠤᠯ ᠤᠯᠤᠰ ᠤᠨ ᠠᠮᠤᠷ ᠲᠦᠪᠰᠢᠨ ᠪᠠ ᠤᠯᠤᠰ ᠤᠨ ᠬᠦᠭᠵᠢᠯᠲᠡ ᠂ ᠦᠷᠭᠡᠨ ᠤᠯᠠᠨ ᠠᠷᠠᠳ ᠲᠦᠮᠡᠨ ᠦ ᠠᠵᠢᠯ ᠠᠮᠢᠳᠤᠷᠠᠯ ᠳᠠᠢ ᠬᠤᠯᠪᠤᠭᠳᠠᠬᠤ ᠴᠢᠬᠤᠯᠠ ᠪᠠᠢᠯᠳᠤᠬᠤ ᠪᠣᠳᠤᠯᠭ᠎ᠠ ᠶᠢᠨ ᠠᠰᠠᠭᠤᠳᠠᠯ ᠮᠦᠨ ᠂ ᠳᠡᠯᠡᠬᠡᠢ ᠶᠢᠨ ᠪᠠ ᠤᠯᠤᠰ ᠤᠨ ᠳᠤᠳᠤᠭᠠᠳᠤ ᠶᠢᠨ ᠲᠣᠢᠮᠤ ᠪᠠᠢᠳᠠᠯ ᠢ ᠦᠨᠳᠦᠰᠦᠯᠡᠵᠦ ᠂ ᠶᠡᠷᠦᠩᠬᠡᠢᠯᠡᠨ ᠪᠠᠢᠷᠢᠯᠠᠭᠤᠯᠤᠯᠲᠠ ᠬᠢᠵᠦ ᠂ ᠡᠯ᠎ᠠ ᠳᠠᠯ᠎ᠠ ᠶᠢ ᠨᠢᠭᠡᠳᠦᠯᠲᠡᠢ ᠪᠤᠯᠭᠠᠵᠤ ᠂ ᠰᠢᠨ᠎ᠠ ᠶᠢ ᠡᠭᠦᠳᠦᠨ ᠬᠦᠭᠵᠢᠵᠦ ᠂ ᠮᠠᠨ ᠤ ᠤᠯᠤᠰ ᠢ ᠰᠦᠯᠵᠢᠶᠡᠨ ᠦ ᠬᠦᠴᠦᠷᠭᠡᠭ ᠤᠯᠤᠰ ᠪᠤᠯᠭᠠᠨ ᠪᠦᠲᠦᠭᠡᠨ ᠪᠠᠢᠭᠤᠯᠬᠤ ᠪᠠᠷ ᠴᠢᠷᠮᠠᠢᠨ᠎ᠠ ᠃
——ᠰᠢ ᠵᠢᠨ ᠫᠢᠩ
ᠮᠡᠳᠡᠬᠡ ᠵᠠᠩᠭᠢᠴᠢᠯᠠᠯᠲᠠ ᠶᠢᠨ ᠠᠷᠭ᠎ᠠ ᠭᠡᠮᠵᠢᠶ᠎ᠠ ᠶᠢ ᠬᠡᠷᠡᠭᠯᠡᠵᠦ ᠠᠷᠠᠳ ᠤᠨ ᠲᠦᠯᠦᠭᠡ ᠬᠠᠤᠯᠢ ᠪᠠᠷᠢᠬᠤ ᠰᠢᠨ᠎ᠠ ᠬᠦᠷᠢᠶ᠎ᠠ ᠬᠡᠪᠴᠢᠶ᠎ᠠ ᠂ ᠰᠢᠨ᠎ᠠ ᠵᠠᠮ ᠱᠤᠭᠤᠮ ᠢ ᠤᠯᠠᠮᠨ ᠢᠬᠡ ᠠᠯᠬᠤᠮ ᠦᠷᠭᠡᠳᠬᠡᠵᠦ ᠂ ᠠᠷᠠᠳ ᠲᠦᠮᠡᠨ ᠳᠦ ᠨᠡᠩ ᠲᠦᠬᠦᠮ ᠂ ᠨᠡᠩ ᠬᠢᠮᠳᠠ ᠂ ᠨᠡᠩ ᠤᠨᠴᠠᠯᠢᠭ ᠳᠠᠢ ᠵᠠᠷᠭᠤ ᠶᠢᠨ ᠦᠢᠯᠡᠴᠢᠯᠡᠬᠡ ᠶᠢ ᠬᠠᠩᠭᠠᠵᠤ ᠂ ᠨᠡᠢᠬᠡᠮ ᠵᠢᠷᠦᠮ ᠦᠨ ᠬᠠᠤᠯᠢ ᠴᠠᠭᠠᠵᠠ ᠶᠢᠨ ᠲᠦᠬᠦᠮ ᠪᠠ ᠬᠠᠯᠠᠭᠤᠨ ᠳᠤᠯᠠᠭᠠᠨ ᠢ ᠪᠤᠳᠠᠳᠠᠢ ᠮᠡᠳᠡᠷᠡᠬᠦᠯᠦᠨᠠ ᠃
——ᠮᠸᠩ ᠵᠢᠶᠠᠨ ᠵᠦ
ᠮᠡᠳᠡᠭᠡ ᠵᠠᠩᠭᠢᠴᠢᠯᠠᠯᠲᠠ ᠨᠢ ᠰᠢᠬᠦᠨ ᠳᠠᠰᠤᠯᠤᠯᠲᠠ ᠶᠢᠨ ᠰᠢᠰᠲ᠋ᠧᠮ ᠪᠠ ᠰᠢᠬᠦᠨ ᠳᠠᠰᠤᠯᠤᠬᠤ ᠴᠢᠳᠠᠪᠤᠷᠢ ᠶᠢᠨ ᠣᠳᠣᠬᠢᠴᠢᠯᠠᠯᠲᠠ ᠶᠢ ᠲᠦᠯᠬᠢᠨ ᠠᠬᠢᠭᠤᠯᠬᠤ ᠶᠢ ᠬᠦᠢᠴᠡᠳ ᠤᠢᠯᠭᠠᠵᠤ ᠂ ᠰᠢᠬᠦᠬᠦ ᠬᠤᠷᠢᠶᠠᠨ ᠤ ᠠᠵᠢᠯ ᠤᠨ ᠣᠳᠣᠬᠢᠴᠢᠯᠠᠯᠲᠠ ᠶᠢᠨ ᠴᠢᠬᠤᠯᠠ ᠠᠴᠢᠶᠠᠯᠠᠭᠴᠢ ᠶᠢ ᠪᠡᠶᠡᠯᠡᠭᠦᠯᠦᠨ᠎ᠡ ᠃ ᠬᠡᠯᠪᠡᠷᠢ ᠬᠤᠪᠢᠷᠠᠭᠤᠯᠵᠤ ᠳᠡᠰ ᠳᠠᠪᠰᠢᠬᠤ ᠶᠢ ᠲᠦᠷᠭᠡᠳᠬᠡᠵᠦ ᠂ ᠤᠶᠤᠨᠳᠤ ᠂ ᠳᠤᠮᠤ ᠳᠤᠭ᠎ᠠ ᠪᠦᠷᠢᠳᠬᠡᠯ ᠦᠨ ᠵᠠᠳᠠᠯᠤᠯᠲᠠ ᠶᠢᠨ ᠴᠢᠭᠯᠡᠯ ᠳᠡᠰᠢ ᠬᠦᠭᠵᠢᠵᠦ ᠂ ᠠᠷᠠᠳ ᠤᠨ ᠰᠢᠬᠦᠬᠦ ᠬᠤᠷᠢᠶᠠᠨ ᠤ ᠮᠡᠳᠡᠭᠡ ᠵᠠᠩᠭᠢᠴᠢᠯᠠᠯᠲᠠ ᠶᠢᠨ 3.0 ᠬᠡᠪ ᠢ ᠪᠦᠲᠦᠭᠡᠨ ᠪᠠᠢᠭᠤᠯᠤᠨ᠎ᠠ ᠃
——ᠵᠸᠤ ᠴᠢᠶᠠᠩ
2016 ᠤᠨ ᠤ 2 ᠰᠠᠷᠠᠢᠨ 22 ᠤ ᠡᠳᠦᠷ ᠦᠨ ᠦᠳᠡ ᠶᠢᠨ ᠡᠮᠦᠨ᠎ᠠ ᠂ ᠠᠷᠠᠳ ᠤᠨ ᠳᠡᠭᠡᠳᠦ ᠵᠡᠷᠬᠡ ᠶᠢᠨ ᠰᠢᠬᠦᠬᠦ ᠬᠤᠷᠢᠶ᠎ᠠ ᠳᠤᠰᠬᠠᠢ ᠰᠡᠳᠦᠪᠲᠦ ᠬᠤᠷᠠᠯᠳᠤᠭᠠᠨ ᠬᠤᠷᠠᠯᠳᠤᠵᠤ ᠂《ᠠᠷᠠᠳ ᠤᠨ ᠰᠢᠬᠦᠬᠦ ᠬᠤᠷᠢᠶᠠᠨ ᠤ ᠮᠡᠳᠡᠬᠡ ᠵᠠᠩᠭᠢᠴᠢᠯᠠᠯᠲᠠ ᠶᠢᠨ ᠪᠦᠲᠦᠭᠡᠨ ᠪᠠᠢᠭᠤᠯᠤᠯᠲᠠ ᠶᠢᠨ ᠳᠠᠪᠤᠨ ᠵᠢᠯ ᠦᠨ ᠬᠦᠭᠵᠢᠯᠲᠡ ᠶᠢᠨ ᠲᠥᠯᠦᠪᠯᠡᠭᠡ(2016——2020)》 (ᠳᠤᠤᠷ᠎ᠠ ᠬᠦᠭᠵᠢᠯᠲᠡ ᠶᠢᠨ ᠲᠥᠯᠦᠪᠯᠡᠭᠡ ᠭᠡᠵᠦ ᠲᠦᠬᠦᠮᠴᠢᠯᠡᠨ ᠬᠡᠯᠡᠨ᠎ᠠ)ᠪᠠ《ᠠᠷᠠᠳ ᠤᠨ ᠳᠡᠭᠡᠳᠦ ᠵᠡᠷᠬᠡ ᠶᠢᠨ ᠰᠢᠬᠦᠬᠦ ᠬᠤᠷᠢᠶᠠᠨ ᠤ ᠮᠡᠳᠡᠬᠡ ᠵᠠᠩᠭᠢᠴᠢᠯᠠᠯᠲᠠ ᠶᠢᠨ ᠪᠦᠲᠦᠭᠡᠨ ᠪᠠᠢᠭᠤᠯᠤᠯᠲᠠ ᠶᠢᠨ ᠳᠠᠪᠤᠨ ᠵᠢᠯ ᠦᠨ ᠬᠦᠭᠵᠢᠯᠲᠡ ᠶᠢᠨ ᠲᠥᠯᠦᠪᠯᠡᠭᠡ(2016——2020)》ᠶᠢ ᠰᠤᠳᠤᠯᠤᠨ ᠶᠠᠷᠢᠯᠴᠠᠨ ᠪᠠᠳᠤᠯᠠᠪᠠ ᠃ ᠡᠨᠡ ᠪᠤᠯ ᠠᠷᠠᠳ ᠤᠨ ᠳᠡᠭᠡᠳᠦ ᠵᠡᠷᠬᠡ ᠶᠢᠨ ᠰᠢᠬᠦᠬᠦ ᠬᠤᠷᠢᠶ᠎ᠠ ᠠᠩᠬ᠎ᠠ ᠤᠳᠠᠭ᠎ᠠ ᠠᠷᠠᠳ ᠤᠨ ᠰᠢᠬᠦᠬᠦ ᠬᠤᠷᠢᠶᠠᠨ ᠤ ᠮᠡᠳᠡᠬᠡ ᠵᠠᠩᠭᠢᠴᠢᠯᠠᠯᠲᠠ ᠶᠢᠨ ᠪᠦᠲᠦᠭᠡᠨ ᠪᠠᠢᠭᠤᠯᠤᠯᠲᠠ ᠶᠢᠨ ᠳᠠᠪᠤᠨ ᠵᠢᠯ ᠦᠨ ᠬᠦᠭᠵᠢᠯᠲᠡ ᠶᠢᠨ ᠲᠥᠯᠦᠪᠯᠡᠭᠡ ᠳᠤᠭᠳᠠᠭᠠᠵᠤ ᠂ ᠪᠦᠬᠦ ᠤᠯᠤᠰ ᠤᠨ ᠡᠯ᠎ᠠ ᠱᠠᠳᠤᠨ ᠤ ᠰᠢᠬᠦᠬᠦ ᠬᠤᠷᠢᠶᠠᠨ ᠤ ᠮᠡᠳᠡᠬᠡ ᠵᠠᠩᠭᠢᠴᠢᠯᠠᠯᠲᠠ ᠶᠢᠨ ᠪᠦᠲᠦᠭᠡᠨ ᠪᠠᠢᠭᠤᠯᠤᠯᠲᠠ ᠳᠤ ᠴᠢᠭᠯᠡᠯ ᠵᠢᠭᠠᠵᠤ ᠦᠭᠭᠦᠪᠡ ᠃
ᠨᠠᠮ ᠤᠨ ᠠᠷᠪᠠᠨ ᠨᠠᠢ᠍ᠮᠠᠳᠤᠭᠠᠷ ᠶᠡᠬᠡ ᠬᠤᠷᠠᠯ ᠠᠴᠠ ᠨᠠᠰᠢ ᠂ ᠪᠦᠬᠦ ᠤᠯᠤᠰ ᠤᠨ ᠡᠯ᠎ᠠ ᠱᠠᠳᠤᠨ ᠤ ᠠᠷᠠᠳ ᠤᠨ ᠰᠢᠬᠦᠬᠦ ᠬᠤᠷᠢᠶ᠎ᠠ ᠮᠡᠳᠡᠬᠡ ᠵᠠᠩᠭᠢᠴᠢᠯᠠᠯᠲᠠ ᠶᠢᠨ ᠪᠦᠲᠦᠭᠡᠨ ᠪᠠᠢᠭᠤᠯᠤᠯᠲᠠ ᠶᠢ ᠢᠳᠡᠪᠬᠢᠳᠠᠢ ᠲᠦᠯᠬᠢᠨ ᠠᠬᠢᠭᠤᠯᠵᠤ ᠂ ᠰᠠᠭᠤᠷᠢ ᠲᠦᠬᠦᠭᠡᠷᠦᠮᠵᠢ ᠂ ᠬᠡᠷᠡᠭᠯᠡᠯᠲᠡ ᠶᠢᠨ ᠰᠢᠰᠲ᠋ᠧᠮ ᠂ ᠳᠤᠭ᠎ᠠ ᠪᠦᠷᠢᠳᠭᠡᠯ ᠦᠨ ᠬᠡᠷᠡᠭᠯᠡᠯᠲᠡ ᠪᠤᠯᠤᠨ ᠠᠮᠤᠷ ᠲᠦᠪᠰᠢᠨ ᠦ ᠪᠠᠳᠤᠯᠭ᠎ᠠ ᠶᠢᠨ ᠪᠦᠲᠦᠭᠡᠨ ᠪᠠᠢᠭᠤᠯᠤᠯᠲᠠ ᠵᠡᠷᠬᠡ ᠴᠢᠬᠤᠯᠠ ᠶᠡᠬᠡ ᠠᠬᠢᠯᠲᠠ ᠤᠯᠵᠤ ᠂ ᠠᠷᠠᠳ ᠤᠨ ᠰᠢᠬᠦᠬᠦ ᠬᠤᠷᠢᠶᠠᠨ ᠤ ᠠᠵᠢᠯ ᠤᠨ ᠬᠥᠭᠵᠢᠯᠲᠡ ᠶᠢ ᠬᠦᠴᠦᠲᠠᠢ ᠲᠦᠯᠬᠢᠨ ᠠᠬᠢᠭᠤᠯᠪᠠ ᠃
ᠳᠤᠮᠳᠠᠳᠤ ᠤᠯᠤᠰ ᠤᠨ ᠨᠡᠢᠬᠡᠮ ᠦᠨ ᠰᠢᠨᠵᠢᠯᠡᠬᠦ ᠤᠬᠠᠭᠠᠨ ᠤ ᠬᠦᠷᠢᠶᠡᠯᠡᠩ ᠬᠠᠤᠯᠢ ᠶᠢᠨ ᠤᠬᠠᠭᠠᠨ ᠤ ᠰᠤᠳᠤᠯᠬᠤ ᠭᠠᠵᠠᠷ ᠪᠤᠯᠤᠨ ᠳᠤᠮᠳᠠᠳᠤ ᠤᠯᠤᠰ ᠤᠨ ᠨᠡᠢᠬᠡᠮ ᠦᠨ ᠰᠢᠨᠵᠢᠯᠡᠬᠦ ᠤᠬᠠᠭᠠᠨ ᠤ ᠬᠡᠪᠯᠡᠯ ᠦᠨ ᠬᠤᠷᠢᠶ᠎ᠠ ᠬᠠᠮᠲᠤᠷᠠᠨ《ᠳᠤᠮᠳᠠᠳᠤ ᠤᠯᠤᠰ ᠤᠨ ᠰᠢᠬᠦᠬᠦ ᠬᠤᠷᠢᠶᠠᠨ ᠤ ᠮᠡᠳᠡᠬᠡ ᠵᠠᠩᠭᠢᠴᠢᠯᠠᠯᠲᠠ ᠶᠢᠨ ᠭᠤᠷᠪᠠᠳᠤᠭᠠᠷ ᠡᠳᠡᠭᠡᠳ ᠦᠨ ᠦᠨᠡᠯᠡᠯᠲᠡ ᠶᠢᠨ ᠮᠡᠳᠡᠭᠦᠯᠦᠯᠲᠡ》 ᠶᠢ ᠨᠡᠢᠳᠡᠯᠡᠵᠦ ᠂ ᠠᠩᠬᠠᠳᠤᠭᠠᠷ ᠤᠳᠠᠭ᠎ᠠ ᠪᠦᠬᠦ ᠤᠯᠤᠰ ᠤᠨ 3512 ᠰᠢᠬᠦᠬᠦ ᠬᠤᠷᠢᠶᠠᠨ ᠤ ᠮᠡᠳᠡᠬᠡ ᠵᠠᠩᠭᠢᠴᠢᠯᠠᠯᠲᠠ ᠶᠢᠨ ᠪᠠᠢᠳᠠᠯ ᠳᠤ ᠶᠡᠷᠦᠩᠬᠡᠢ ᠦᠨᠡᠯᠡᠯᠲᠡ ᠬᠢᠪᠡ ᠃ ᠦᠨᠡᠯᠡᠯᠲᠡ ᠡᠴᠡ ᠦᠵᠡᠪᠡᠯ ᠂ ᠪᠦᠬᠦ ᠤᠯᠤᠰ ᠤᠨ ᠰᠢᠬᠦᠬᠦ ᠬᠤᠷᠢᠶᠠᠨ ᠤ ᠮᠡᠳᠡᠬᠡ ᠵᠠᠩᠭᠢᠴᠢᠯᠠᠯᠲᠠ ᠶᠢᠨ ᠪᠦᠲᠦᠭᠡᠨ ᠪᠠᠢᠭᠤᠯᠤᠯᠲᠠ 2.0 ᠬᠡᠪ ᠦᠨ ᠱᠠᠭᠠᠷᠳᠠᠯᠭ᠎ᠠ ᠶᠢ ᠦᠨᠳᠦᠰᠦᠨ ᠳᠦ ᠪᠡᠨ ᠪᠡᠶᠡᠯᠡᠬᠦᠯᠵᠦ ᠂ ᠦᠳᠳᠦᠷ ᠲᠷᠭᠡᠨ ᠤᠶᠤᠨ ᠤᠬᠠᠭᠠᠨᠳᠤ ᠰᠢᠬᠦᠬᠦ ᠬᠤᠷᠢᠶ᠎ᠠ ᠳᠡᠰᠢ ᠳᠡᠰ ᠳᠠᠪᠰᠢᠪᠠ ᠃
ᠮᠡᠳᠡᠬᠡ ᠵᠠᠩᠭᠢᠴᠢᠯᠠᠯᠲᠠ ᠨᠢ ᠬᠠᠤᠯᠢ ᠴᠠᠭᠠᠵᠠ ᠶᠢᠨ ᠣᠳᠣᠬᠢᠴᠢᠯᠠᠯᠲᠠ ᠶᠢ ᠬᠥᠲᠦᠯᠦᠨ ᠳᠠᠭᠠᠭᠤᠯᠪᠠ
ᠰᠢ ᠵᠢᠨ ᠫᠢᠩ ᠶᠡᠷᠦᠩᠬᠡᠢ ᠱᠦᠵᠢ ᠵᠢᠭᠠᠵᠤ ᠭᠠᠷᠭᠠᠭᠰᠠᠨ ᠨᠢ ᠂ 《ᠮᠡᠳᠡᠬᠡ ᠵᠠᠩᠭᠢᠴᠢᠯᠠᠯᠲᠠ ᠦᠬᠡᠢ ᠪᠤᠯ ᠣᠳᠣᠬᠢᠴᠢᠯᠠᠯᠲᠠ ᠦᠬᠡᠢ》᠃ ᠡᠨᠡᠬᠦ ᠮᠡᠳᠡᠭᠡ ᠵᠠᠩᠭᠢᠴᠢᠯᠠᠯᠲᠠ ᠶᠢᠨ ᠴᠠᠭ ᠦᠶ᠎ᠠ ᠳᠤ ᠂ ᠡᠷᠬᠡᠪᠰᠢ ᠬᠠᠤᠯᠢ ᠪᠠᠷ ᠤᠯᠤᠰ ᠵᠠᠰᠠᠬᠤ ᠶᠡᠬᠡ ᠬᠠᠷᠠᠴᠠ ᠠᠴᠠ ᠰᠢᠬᠦᠬᠦ ᠬᠤᠷᠢᠶᠠᠨ ᠤ ᠮᠡᠳᠡᠬᠡ ᠵᠠᠩᠭᠢᠴᠢᠯᠠᠯᠲᠠ ᠶᠢᠨ ᠪᠦᠲᠦᠭᠡᠨ ᠪᠠᠢᠭᠤᠯᠤᠯᠲᠠ ᠶᠢ ᠬᠢᠨᠠᠬᠤ ᠶᠢ ᠪᠦᠬᠦ ᠳᠠᠯ᠎ᠠ ᠪᠠᠷ ᠲᠦᠯᠬᠢᠨ ᠠᠬᠢᠭᠤᠯᠬᠤ ᠬᠡᠷᠡᠭᠲᠡᠢ ᠂ ᠮᠡᠳᠡᠭᠡ ᠵᠠᠩᠭᠢᠴᠢᠯᠠᠯᠲᠠ ᠪᠠᠷ ᠰᠢᠬᠦᠨ ᠳᠠᠰᠤᠯᠤᠯᠲᠠ ᠶᠢᠨ ᠰᠢᠰᠲ᠋ᠧᠮ ᠪᠠ ᠰᠢᠬᠦᠨ ᠳᠠᠰᠤᠯᠤᠯᠲᠠ ᠶᠢᠨ ᠴᠢᠳᠠᠪᠤᠷᠢ ᠶᠢᠨ ᠣᠳᠣᠬᠢᠴᠢᠯᠠᠯᠲᠠ ᠶᠢ ᠬᠦᠳᠦᠯᠦᠨ ᠳᠠᠭᠠᠭᠤᠯᠤᠨ᠎ᠠ ᠃
ᠬᠥᠭᠵᠢᠯᠲᠡ ᠶᠢᠨ ᠲᠥᠯᠦᠪᠯᠡᠭᠡ ᠶᠢ ᠬᠡᠷᠡᠭᠵᠢᠬᠦᠯᠦᠭᠰᠡᠨ ᠡᠴᠡ ᠨᠠᠰᠢ ᠂ ᠪᠦᠬᠦ ᠤᠯᠤᠰ ᠤᠨ ᠡᠯ᠎ᠠ ᠱᠠᠳᠤᠨ ᠤ ᠰᠢᠬᠦᠬᠦ ᠬᠤᠷᠢᠶᠠᠨ ᠤ ᠮᠡᠳᠡᠭᠡ ᠵᠠᠩᠭᠢᠴᠢᠯᠠᠯᠲᠠ ᠶᠢᠨ ᠪᠦᠲᠦᠭᠡᠨ ᠪᠠᠢᠭᠤᠯᠤᠯᠲᠠ ᠶᠡᠬᠡ ᠠᠮᠵᠢᠯᠲᠠ ᠤᠯᠪᠠ ᠃
ᠬᠡᠪᠴᠢᠶ᠎ᠠ ᠠᠴᠠ ᠨᠢ ᠦᠵᠡᠪᠡᠯ ᠂ ᠮᠡᠳᠡᠬᠡ ᠵᠠᠩᠭᠢᠴᠢᠯᠠᠯᠲᠠ ᠨᠢ ᠪᠦᠬᠦ ᠤᠯᠤᠰ ᠤᠨ ᠰᠢᠬᠦᠬᠦ ᠬᠤᠷᠢᠶᠠᠨ ᠳᠤ ᠡᠬᠢᠯᠡᠪᠡ ᠃ 2016 ᠤᠨ ᠤ ᠰᠡᠬᠦᠯᠴᠢ ᠪᠤᠯᠳᠠᠯ᠎ᠠ ᠂ ᠪᠦᠬᠦ ᠤᠯᠤᠰ ᠤᠨ 3520 ᠰᠢᠬᠦᠬᠦ ᠬᠤᠷᠢᠶ᠎ᠠ ᠂ 9277 ᠰᠢᠬᠦᠬᠦ ᠲᠢᠩᠬᠢᠮ ᠪᠠ ᠳᠠᠯᠠᠢ ᠶᠢᠨ ᠬᠡᠷᠡᠭ ᠳᠤᠮᠢᠯᠠᠨ ᠰᠢᠬᠦᠬᠦ ᠲᠢᠩᠬᠢᠮ ᠪᠦᠬᠦᠳᠡ ᠰᠢᠬᠦᠬᠦ ᠬᠤᠷᠢᠶᠠᠨ ᠤ ᠳᠤᠰᠬᠠᠢ ᠰᠦᠯᠵᠢᠶ᠎ᠠ ᠶᠢ ᠵᠠᠯᠭᠠᠬᠤ ᠶᠢ ᠪᠡᠶᠡᠯᠡᠬᠦᠯᠵᠦ ᠂ ᠠᠷᠠᠳ ᠤᠨ ᠰᠢᠬᠦᠬᠦ ᠬᠤᠷᠢᠶᠠᠨ ᠤ ᠰᠦᠯᠵᠢᠶ᠎ᠠ ᠪᠦᠷᠢᠨ ᠬᠤᠯᠪᠤᠯᠳᠤᠬᠤ ᠂ ᠳᠤᠭ᠎ᠠ ᠪᠦᠷᠢᠳᠬᠡᠯ ᠪᠦᠷᠢᠨ ᠪᠦᠷᠬᠦᠬᠦᠯᠬᠦ᠂ ᠳᠤᠢᠯᠠᠭᠰᠠᠨ ᠠᠵᠢᠯ ᠪᠦᠷᠢᠨ ᠨᠡᠭᠡᠭᠡᠬᠦ ᠶᠢ ᠪᠡᠶᠡᠯᠡᠭᠦᠯᠬᠦ ᠳᠦ ᠪᠠᠳᠤ ᠪᠡᠬᠢ ᠰᠠᠭᠤᠷᠢ ᠳᠠᠯᠪᠢᠵᠤ ᠦᠭᠪᠡ ᠃ ᠤᠳᠤᠬᠠᠨ ᠳᠤ ᠪᠦᠬᠦ ᠤᠯᠤᠰ 20000 ᠭᠠᠷᠤᠢ ᠰᠢᠨᠵᠢᠯᠡᠬᠦ ᠮᠡᠷᠬᠡᠵᠢᠯ ᠦᠨ ᠰᠢᠬᠦᠬᠦ ᠲᠢᠩᠬᠢᠮ ᠂ 2160 ᠭᠠᠷᠤᠢ ᠠᠯᠤᠰ ᠰᠢᠭᠦᠨ ᠠᠰᠠᠭᠤᠬᠤ ᠰᠢᠰᠲ᠋ᠧᠮ ᠪᠠᠢᠭᠤᠯᠵᠤ ᠂ ᠪᠦᠬᠦ ᠤᠯᠤᠰ ᠤᠨ 98% ᠰᠢᠬᠦᠬᠦ ᠬᠤᠷᠢᠶ᠎ᠠ ᠮᠡᠳᠡᠬᠡ ᠵᠠᠩᠭᠢᠴᠢᠯᠠᠯᠲᠠ ᠶᠢᠨ ᠵᠠᠷᠭᠤ ᠶᠢᠨ ᠦᠢᠯᠡᠴᠢᠯᠡᠭᠡᠨ ᠦ ᠲᠢᠩᠬᠢᠮ ᠪᠠᠢᠭᠤᠯᠪᠠ ᠃
ᠬᠡᠮᠵᠢᠶᠡᠨ ᠦ ᠳᠠᠯ᠎ᠠ ᠠᠴᠠ ᠦᠵᠡᠪᠡᠯ ᠂ ᠮᠡᠳᠡᠭᠡ ᠵᠠᠩᠭᠢᠴᠢᠯᠠᠯᠲᠠ ᠲᠠᠰᠤᠷᠠᠯᠲᠠ ᠦᠬᠡᠢ ᠬᠦᠨᠵᠡᠭᠡᠢᠷᠡᠨ ᠤᠷᠤᠭᠰᠢᠯᠠᠵᠤ ᠪᠠᠢᠨ᠎ᠠ ᠃ ᠪᠦᠬᠦ ᠤᠯᠤᠰ ᠤᠨ ᠰᠢᠬᠦᠬᠦ ᠬᠤᠷᠢᠶ᠎ᠠ ᠰᠢᠬᠦᠬᠦ ᠬᠤᠷᠢᠶᠠᠨ ᠤ ᠳᠤᠰᠬᠠᠢ ᠰᠦᠯᠵᠢᠶ᠎ᠡ ᠪᠠᠢᠭᠤᠯᠵᠤ ᠂ ᠰᠢᠬᠦᠨ ᠳᠠᠰᠤᠯᠤᠯᠲᠠ ᠶᠢᠨ ᠠᠯᠬᠤᠮ ᠳᠠᠷᠠᠭ᠎ᠠ ᠶᠢ ᠢᠯᠡ ᠪᠤᠯᠭᠠᠬᠤ ᠂ ᠰᠢᠬᠦᠨ ᠳᠠᠰᠤᠯᠤᠯᠲᠠ ᠶᠢᠨ ᠪᠢᠴᠢᠭ᠌ ᠬᠠᠷ᠎ᠠ ᠶᠢ ᠢᠯᠡ ᠪᠤᠯᠭᠠᠬᠤ ᠂ ᠭᠦᠢᠴᠡᠳᠬᠡᠬᠦ ᠰᠤᠷᠠᠭ ᠴᠢᠮᠡᠬᠡ ᠶᠢ ᠢᠯᠡ ᠪᠤᠯᠭᠠᠬᠤ ᠭᠤᠷᠪᠠᠨ ᠶᠡᠬᠡ ᠳᠠᠪᠴᠠᠩ ᠢ ᠪᠠᠢᠭᠤᠯᠤᠭᠰᠠᠨ ᠰᠠᠭᠤᠷᠢᠨ ᠳᠡᠭᠡᠷ᠎ᠠ᠂ ᠪᠠᠰᠠ ᠳᠤᠮᠳᠠᠳᠤ ᠤᠯᠤᠰ ᠤᠨ ᠰᠢᠬᠦᠬᠦ ᠬᠤᠷᠢᠶᠠᠨ ᠤ ᠰᠦᠯᠵᠢᠶᠡᠨ ᠦ ᠰᠢᠭᠤᠳ ᠨᠡᠪᠲᠡᠷᠡᠭᠦᠯᠭᠡ ᠶᠢᠨ ᠳᠠᠪᠴᠠᠩ ᠂ ᠠᠷᠠᠳ ᠤᠨ ᠰᠢᠬᠦᠬᠦ ᠬᠤᠷᠢᠶᠠᠨ ᠤ ᠭᠠᠷ ᠤᠳᠠᠰᠤᠨ ᠤ APP᠂ ᠠᠯᠤᠰ ᠸᠢᠳᠢᠣ᠋ ᠰᠤᠷᠪᠤᠯᠵᠢᠯᠠᠭ᠎ᠠ ᠳᠤᠰᠬᠤ ᠰᠢᠰᠲ᠋ᠧᠮ ᠂ 12368 ᠵᠠᠷᠭᠤ ᠶᠢᠨ ᠦᠢᠯᠡᠴᠢᠯᠡᠭᠡᠨ ᠦ ᠬᠠᠯᠠᠮ ᠤᠳᠠᠰᠤ ᠂ ᠰᠦᠯᠵᠢᠶᠡᠨ ᠳᠡᠭᠡᠷ᠎ᠠ ᠭᠤᠮᠤᠳᠠᠯ ᠲᠤᠭᠠᠴᠢᠬᠤ ᠵᠠᠬᠢᠳᠠᠯ ᠰᠤᠷᠪᠤᠯᠵᠢᠯᠠᠭ᠎ᠠ ᠶᠢᠨ ᠳᠠᠪᠴᠠᠩ ᠂ ᠬᠠᠤᠯᠢᠴᠢ ᠶᠢᠨ ᠦᠢᠯᠡᠴᠢᠯᠡᠭᠡᠨ ᠦ ᠳᠠᠪᠴᠠᠩ ᠂ ᠠᠯᠪᠠᠨ ᠪᠢᠴᠢᠯ ᠪᠦᠷᠭᠡ ᠵᠢᠷᠬᠢᠬᠡ ᠵᠡᠷᠬᠡ 《 ᠰᠦᠯᠵᠢᠶ᠎ᠠ +》ᠮᠡᠳᠡᠭᠡ ᠵᠠᠩᠭᠢᠴᠢᠯᠠᠯᠲᠠ ᠶᠢᠨ ᠳᠠᠪᠴᠠᠩ ᠪᠠᠢᠭᠤᠯᠪᠠ ᠃
ᠶᠡᠷᠦᠩᠬᠡᠢ ᠡᠴᠡ ᠨᠢ ᠦᠵᠡᠪᠡᠯ ᠂ ᠤᠳᠤᠬᠠᠨ ᠪᠤᠯᠳᠠᠯ᠎ᠠ ᠂ ᠠᠷᠠᠳ ᠤᠨ ᠰᠢᠬᠦᠬᠦ ᠬᠤᠷᠢᠶᠠᠨ ᠤ ᠮᠡᠳᠡᠬᠡ ᠵᠠᠩᠭᠢᠴᠢᠯᠠᠯᠲᠠ ᠶᠢᠨ ᠥᠭᠡᠷᠡᠴᠢᠯᠡᠯᠲᠡ ᠶᠢᠨ ᠭᠤᠤᠯ ᠴᠤᠭᠴᠠ ᠨᠢᠬᠡᠨᠲᠡ ᠦᠨᠳᠦᠰᠦᠨ ᠳᠦ ᠪᠡᠨ ᠪᠡᠶᠡᠯᠡᠬᠦᠯᠵᠦ ᠂ ᠰᠢᠭᠦᠨ ᠳᠠᠰᠤᠯᠤᠯᠲᠠ ᠶᠢᠨ ᠣᠳᠣᠬᠢᠴᠢᠯᠠᠯᠲᠠ ᠪᠠ ᠳᠤᠮᠤ ᠳᠤᠭ᠎ᠠ ᠪᠦᠷᠢᠳᠬᠡᠯ ᠦᠨ ᠵᠠᠳᠠᠯᠤᠯᠲᠠ ᠪᠠᠷ ᠭᠤᠤᠯ ᠪᠤᠯᠭᠠᠭᠰᠠᠨ ᠠᠷᠠᠳ ᠤᠨ ᠰᠢᠬᠦᠬᠦ ᠬᠤᠷᠢᠶᠠᠨ ᠤ ᠮᠡᠳᠡᠭᠡ ᠵᠠᠩᠭᠢᠴᠢᠯᠠᠯᠲᠠ ᠶᠢᠨ 3.0 ᠬᠡᠪ ᠦᠨ ᠪᠦᠲᠦᠭᠡᠨ ᠪᠠᠢᠭᠤᠯᠤᠯᠲᠠ ᠳᠤ ᠪᠠᠳᠤ ᠪᠠᠬᠢ ᠰᠠᠭᠤᠷᠢ ᠳᠠᠯᠪᠢᠪᠠ ᠃
ᠠᠷᠠᠳ ᠲᠦᠮᠡᠨ ᠳᠦᠭᠦᠷᠡᠩ ᠤᠯᠤᠯᠲᠠ ᠶᠢᠨ ᠰᠡᠳᠬᠢᠯᠬᠡ ᠤᠯᠪᠠ
《ᠡᠨᠡ ᠨᠢ ᠮᠠᠰᠢ ᠲᠦᠬᠦᠮ ᠪᠠᠢᠨ᠎ᠠ ᠂ ᠵᠦᠪᠬᠡᠨ ᠪᠡᠶ᠎ᠠ ᠶᠢᠨ ᠦᠨᠡᠮᠯᠡᠯ ᠢ ᠨᠢᠬᠡ ᠰᠢᠷᠪᠢᠭᠰᠡᠭᠡᠷ ᠬᠡᠷᠡᠭ ᠡᠷᠢᠬᠦ ᠂ ᠢᠯᠡᠴᠢᠯᠡᠵᠦ ᠵᠠᠭᠠᠯᠳᠤᠵᠤ ᠳᠡᠢᠯᠦᠨ᠎ᠠ ᠂ ᠪᠠᠰᠠ ᠰᠢᠭᠦᠭᠴᠢ ᠶᠢᠨ ᠬᠠᠷᠢᠯᠴᠠᠬᠤ ᠤᠳᠠᠰᠤ ᠶᠢ ᠤᠯᠵᠤ ᠳᠡᠢᠯᠦᠨ᠎ᠠ᠃》ᠴᠦᠩᠴᠢᠩ ᠬᠤᠳᠠ ᠶᠢᠨ ᠷᠦᠩ ᠴᠠᠩ ᠲᠤᠭᠤᠷᠢᠭ ᠤᠨ ᠠᠷᠠᠳ ᠤᠨ ᠰᠢᠬᠦᠬᠦ ᠬᠤᠷᠢᠶᠠᠨ ᠤ ᠵᠠᠷᠭᠤ ᠶᠢᠨ ᠦᠢᠯᠡᠴᠢᠯᠡᠭᠡᠨ ᠦ ᠲᠦᠪ ᠦᠨ ᠲᠢᠩᠬᠢᠮ ᠳᠦ ᠨᠢᠬᠡᠨ ᠬᠡᠷᠡᠭ ᠳᠠᠩᠰᠠᠯᠠᠬᠤ ᠪᠠᠷ ᠢᠷᠡᠭᠰᠡᠨ ᠳᠤᠬᠠᠢ ᠬᠦᠮᠦᠨ ᠠᠦ᠋ᠲ᠋ᠣ᠋ ᠦᠢᠯᠡᠴᠢᠯᠡᠭᠡᠨ ᠦ ᠳᠡᠯᠭᠡᠴᠡ ᠶᠢᠨ ᠬᠠᠵᠠᠭᠤ ᠳᠤ ᠬᠡᠯᠡᠵᠦ ᠪᠠᠢᠪᠠ ᠃
ᠣᠢᠯᠭᠠᠯᠲᠠ ᠶᠢ ᠦᠨᠳᠦᠰᠦᠯᠡᠪᠡᠯ ᠂ ᠷᠦᠩ ᠴᠠᠩ ᠰᠢᠬᠦᠬᠦ ᠬᠤᠷᠢᠶ᠎ᠠ ᠥᠪᠡᠷᠲᠡᠭᠡᠨ 21 ᠰᠣᠹᠲ ᠵᠤᠬᠢᠶᠠᠵᠤ ᠂ ᠮᠡᠳᠡᠭᠡ ᠵᠠᠩᠭᠢᠴᠢᠯᠠᠯᠲᠠ ᠶᠢᠨ ᠪᠦᠲᠦᠭᠡᠨ ᠪᠠᠢᠭᠤᠯᠤᠯᠲᠠ ᠶᠢᠨ ᠳᠠᠯ᠎ᠠ ᠪᠠᠷ ᠨᠢᠬᠡ ᠠᠯᠬᠤᠮ ᠤᠷᠤᠭᠰᠢᠯᠠᠭᠰᠠᠨ ᠪᠠᠢᠨ᠎ᠠ ᠃
ᠠᠷᠠᠳ ᠲᠦᠮᠡᠨ ᠳᠦ ᠠᠪᠴᠤ ᠬᠡᠯᠡᠪᠡᠯ ᠂ ᠰᠢᠬᠦᠬᠦ ᠬᠤᠷᠢᠶᠠᠨ ᠤ ᠮᠡᠳᠡᠭᠡ ᠵᠠᠩᠭᠢᠴᠢᠯᠠᠯᠲᠠ ᠶᠢᠨ ᠪᠦᠲᠦᠭᠡᠨ ᠪᠠᠢᠭᠤᠯᠤᠯᠲᠠ ᠠᠪᠴᠢᠷᠠᠭᠰᠠᠨ ᠤᠯᠤᠯᠲᠠ ᠶᠢᠨ ᠰᠡᠳᠬᠢᠯᠭᠡ ᠶᠢ ᠳᠦᠭᠦᠷᠡᠩ᠂ ᠪᠤᠳᠠᠳᠠᠢ ᠪᠠᠢᠬᠤ ᠨᠢ ᠢᠯᠡᠷᠬᠡᠢ ᠃
ᠬᠠᠷᠢᠯᠴᠠᠬᠤ ᠨᠡᠩ ᠬᠠᠷᠰᠢ ᠰᠠᠭᠠᠳ ᠦᠬᠡᠢ ᠪᠤᠯᠪᠠ ᠃ ᠠᠷᠠᠳ ᠤᠨ ᠰᠢᠬᠦᠬᠦ ᠬᠤᠷᠢᠶ᠎ᠠ ᠵᠠᠭᠤᠴᠢ ᠬᠦᠯᠢᠶᠡᠨ ᠠᠪᠤᠭᠴᠢᠳ ᠳᠠᠢ ᠰᠢᠭᠤᠳ ᠪᠠ ᠦᠷᠭᠡᠨ ᠢᠶᠡᠷ ᠬᠠᠷᠢᠯᠴᠠᠵᠤ ᠂ ᠠᠯᠪᠠᠨ ᠪᠦᠷᠭᠡ ᠂ ᠵᠢᠷᠬᠢᠬᠡ ᠂ ᠭᠠᠷ ᠤᠳᠠᠰᠤᠨAPP᠂ 12368 ᠵᠠᠷᠭᠤ ᠶᠢᠨ ᠦᠢᠯᠡᠴᠢᠯᠡᠭᠡᠨ ᠦ ᠬᠠᠯᠠᠮ ᠤᠳᠠᠰᠤ ᠂ ᠬᠠᠤᠯᠢᠴᠢ ᠶᠢᠨ ᠦᠢᠯᠡᠴᠢᠯᠡᠭᠡᠨ ᠦ ᠳᠠᠪᠴᠠᠩ ᠂ ᠬᠠᠤᠯᠢ ᠴᠠᠭᠠᠵᠠ ᠶᠢᠨ ᠪᠢᠴᠢᠯ ᠺᠢᠨᠣ᠋ ᠵᠡᠷᠬᠡ ᠤᠯᠠᠨ ᠰᠤᠪᠠᠭ ᠢᠶᠠᠷ ᠳᠠᠮᠵᠢᠵᠤ ᠂ ᠬᠠᠤᠯᠢ ᠴᠠᠭᠠᠵᠠ ᠶᠢᠨ ᠰᠤᠷᠠᠭ ᠴᠢᠮᠡᠬᠡ ᠶᠢ ᠦᠳᠲᠡᠷ ᠲᠦᠷᠭᠡᠨ ᠤᠨᠤᠪᠴᠢᠳᠠᠢ ᠳᠠᠮᠵᠢᠭᠤᠯᠵᠤ ᠂ ᠬᠠᠷᠢᠯᠴᠠᠭ᠎ᠠ ᠶᠢ ᠨᠡᠩ ᠢᠯᠡᠬᠦᠦ ᠰᠠᠭᠠᠳ ᠦᠬᠡᠢ ᠪᠤᠯᠭᠠᠪᠠ ᠃
ᠬᠠᠤᠯᠢ ᠴᠠᠭᠠᠵᠠ ᠶᠢᠨ ᠠᠵᠢᠯᠯᠠᠭ᠎ᠠ ᠨᠡᠩ ᠢᠯᠡ ᠳᠤᠳᠤ ᠪᠤᠯᠪᠠ ᠃ ᠠᠷᠠᠳ ᠤᠨ ᠳᠡᠭᠡᠳᠦ ᠵᠡᠷᠬᠡ ᠶᠢᠨ ᠰᠢᠬᠦᠬᠦ ᠬᠤᠷᠢᠶ᠎ᠠ ᠰᠢᠭᠦᠨ ᠳᠠᠰᠤᠯᠤᠯᠲᠠ ᠶᠢᠨ ᠶᠠᠪᠤᠴᠠ ᠢᠯᠡ ᠂ ᠰᠢᠬᠦᠨ ᠳᠠᠰᠤᠯᠤᠯᠲᠠ ᠶᠢᠨ ᠪᠢᠴᠢᠭ᠌ ᠬᠠᠷ᠎ᠠ ᠢᠯᠡ ᠂ ᠬᠦᠢᠴᠡᠳᠬᠡᠬᠦ ᠮᠡᠳᠡᠬᠡ ᠵᠠᠩᠬᠢ ᠢᠯᠡ ᠪᠠ ᠲᠢᠩᠬᠢᠮ ᠦᠨ ᠰᠢᠬᠦᠯᠲᠡ ᠢᠯᠡ ᠲᠦᠷᠪᠡᠨ ᠶᠡᠬᠡ ᠬᠠᠤᠯᠢ ᠴᠠᠭᠠᠵᠠ ᠶᠢᠨ ᠨᠡᠢᠳᠡᠯᠡᠬᠦ ᠳᠠᠪᠴᠠᠩ ᠵᠤᠬᠢᠶᠠᠵᠤ ᠂ ᠠᠷᠠᠳ ᠲᠦᠮᠡᠨ ᠳᠦ ᠬᠠᠤᠯᠢ ᠴᠠᠭᠠᠵᠠ ᠶᠢᠨ ᠢᠯᠡ ᠂ ᠳᠤᠳᠤᠷᠬᠠᠢ ᠳᠤᠮᠳᠠ ᠡᠴᠡ ᠲᠦᠪ ᠭᠤᠤᠯᠴᠢ ᠡᠷᠬᠡ ᠳᠡᠭᠰᠢ ᠶᠢ ᠮᠡᠳᠡᠷᠡᠬᠦᠯᠪᠡ᠃
ᠠᠷᠠᠳ ᠲᠦᠮᠡᠨ ᠳᠦ ᠪᠣᠳᠠᠲᠠᠢ ᠤᠯᠤᠯᠲᠠ ᠶᠢᠨ ᠰᠡᠳᠬᠢᠯᠬᠡ ᠤᠯᠭᠤᠪᠠ ᠃ ᠠᠷᠠᠳ ᠤᠨ ᠰᠢᠬᠦᠬᠦ ᠬᠤᠷᠢᠶ᠎ᠠ ᠪᠦᠬᠦ ᠳᠠᠯ᠎ᠠ ᠶᠢᠨ᠂ ᠪᠤᠳᠠᠳᠠᠢ《ᠰᠦᠯᠵᠢᠶ᠎ᠠ +》ᠵᠠᠷᠭᠤ ᠶᠢᠨ ᠦᠢᠯᠡᠴᠢᠯᠡᠭᠡ ᠶᠢᠨ ᠰᠢᠰᠲ᠋ᠧᠮ ᠵᠤᠬᠢᠶᠠᠵᠤ ᠂ ᠮᠡᠳᠡᠬᠡ ᠵᠠᠩᠬᠢ ᠬᠤᠷᠳᠤᠨ ᠪᠤᠯᠵᠤ ᠂ ᠠᠷᠠᠳ ᠲᠦᠮᠡᠨ ᠳᠦ ᠲᠦᠬᠦᠮ ᠪᠤᠯᠵᠤ ᠂ ᠬᠠᠤᠯᠢ ᠴᠠᠭᠠᠵᠠ ᠶᠢᠨ ᠦᠷᠲᠡᠭ ᠢ ᠶᠡᠬᠡᠪᠡᠷ ᠠᠷᠪᠢᠯᠠᠵᠤ ᠂ ᠠᠷᠠᠳ ᠲᠦᠮᠡᠨ ᠪᠠ ᠬᠠᠤᠯᠢ ᠴᠠᠭᠠᠵᠠ ᠶᠢᠨ ᠵᠠᠢ ᠪᠠᠭᠠᠰᠤᠪᠠ ᠃
ᠠᠷᠠᠳ ᠤᠨ ᠰᠢᠬᠦᠬᠦ ᠬᠤᠷᠢᠶᠠᠨ ᠳᠤ ᠠᠪᠴᠤ ᠬᠡᠯᠡᠪᠡᠯ ᠮᠦᠨᠴᠦ ᠲᠦᠬᠦᠷᠡᠭ ᠤᠯᠤᠯᠲᠠ ᠶᠢᠨ ᠰᠡᠳᠬᠢᠯᠬᠡ ᠳᠠᠢ ᠃
ᠤᠷᠢᠳᠠᠪᠠᠷ ᠂ ᠰᠢᠬᠦᠭᠴᠢ ᠬᠡᠷᠡᠭ ᠰᠢᠢᠳᠪᠦᠷᠢᠯᠡᠬᠦ ᠳᠦ ᠨᠡᠩ ᠲᠦᠬᠦᠮ ᠂ ᠦᠨᠳᠦᠷ ᠪᠦᠲᠦᠮᠵᠢᠲᠠᠢ ᠪᠤᠯᠪᠠ ᠃ ᠤᠳᠤᠬᠠᠨ ᠳᠤ᠂ ᠪᠦᠬᠦ ᠤᠯᠤᠰ ᠤᠨ ᠡᠯ᠎ᠠ ᠱᠠᠳᠤᠨ ᠤ ᠰᠢᠬᠦᠬᠦ ᠬᠤᠷᠢᠶ᠎ᠠ ᠨᠢᠬᠡᠨᠲᠡ ᠬᠡᠷᠡᠭ ᠳᠠᠩᠰᠠᠯᠠᠬᠤ ᠠᠴᠠ ᠡᠪᠬᠡᠮᠡᠯ ᠳᠦ ᠤᠷᠤᠭᠤᠯᠬᠤ ᠬᠦᠷᠲᠡᠯᠡᠬᠢ ᠡᠯ᠎ᠠ ᠠᠯᠬᠤᠮ ᠤᠨ ᠮᠡᠳᠡᠬᠡ ᠵᠠᠩᠭᠢᠴᠢᠯᠠᠯᠲᠠ ᠶᠢᠨ ᠬᠠᠮᠢᠶᠠᠷᠤᠯᠲᠠ ᠶᠢ ᠦᠨᠳᠦᠰᠦᠨ ᠳᠦ ᠪᠡᠨ ᠪᠡᠶᠡᠯᠡᠬᠦᠯᠵᠦ ᠂ ᠰᠢᠬᠦᠭᠴᠢ ᠶᠢᠨ ᠬᠡᠷᠡᠭ ᠰᠢᠢᠳᠪᠦᠷᠢᠯᠡᠬᠦ ᠪᠦᠲᠦᠮᠵᠢ ᠶᠡᠬᠡᠪᠡᠷ ᠳᠡᠭᠡᠭᠰᠢᠯᠡᠭᠦᠯᠪᠡ ᠃
ᠳᠠᠷᠠᠭ᠎ᠠ ᠨᠢ ᠂ ᠮᠡᠳᠡᠬᠡ ᠵᠠᠩᠭᠢᠴᠢᠯᠠᠯᠲᠠ ᠨᠢ ᠭᠦᠢᠴᠡᠳᠬᠡᠬᠦ ᠳᠦ ᠬᠦᠴᠢᠷ ᠢ ᠰᠢᠢᠳᠪᠦᠷᠢᠯᠡᠪᠡ ᠃ ᠵᠢᠱᠢᠶᠡᠯᠡᠪᠡᠯ ᠂ ᠠᠷᠠᠳ ᠤᠨ ᠳᠡᠭᠡᠳᠦ ᠵᠡᠷᠬᠡ ᠶᠢᠨ ᠰᠢᠬᠦᠬᠦ ᠬᠤᠷᠢᠶ᠎ᠠ ᠪᠠᠢᠭᠤᠯᠤᠭᠰᠠᠨ ᠭᠦᠢᠴᠡᠳᠬᠡᠬᠦ ᠶᠢ ᠵᠢᠯᠤᠭᠤᠳᠬᠤ ᠰᠢᠰᠲ᠋ᠧᠮ ᠨᠢ ᠪᠦᠬᠦ ᠤᠯᠤᠰ ᠤᠨ ᠰᠢᠬᠦᠬᠦ ᠬᠤᠷᠢᠶᠠᠨ ᠤ ᠭᠦᠢᠴᠡᠳᠬᠡᠬᠦ ᠬᠡᠷᠡᠭ ᠢ ᠨᠢᠭᠡᠳᠦᠯᠲᠡᠢ ᠬᠠᠮᠢᠶᠠᠷᠴᠤ ᠂ ᠰᠦᠯᠵᠢᠶᠡᠨ ᠳᠡᠭᠡᠷ᠎ᠠ ᠡᠷᠢᠬᠦ ᠪᠠ ᠡᠵᠡᠮᠳᠡᠵᠦ ᠂ ᠴᠢᠬᠤᠯᠠ ᠶᠡᠬᠡ ᠭᠦᠢᠴᠡᠳᠬᠡᠬᠦ ᠬᠡᠷᠡᠭ ᠢ ᠰᠦᠯᠵᠢᠶᠡᠨ ᠳᠡᠭᠡᠷ᠎ᠠ ᠵᠢᠯᠤᠭᠤᠳᠴᠤ ᠂ ᠦᠢᠯᠡᠰ ᠠᠯᠤᠰᠯᠠᠭᠰᠠᠨ ᠮᠡᠳᠡᠬᠡ ᠵᠠᠩᠬᠢ ᠶᠢ ᠬᠠᠮᠳᠤᠪᠡᠷ ᠡᠳᠡᠯᠡᠬᠦ ᠪᠠ ᠳᠤᠢᠯᠠᠭᠰᠠᠨ ᠠᠵᠢᠯ ᠬᠠᠮᠳᠤᠷᠠᠨ ᠠᠵᠢᠯᠯᠠᠬᠤ ᠶᠢ ᠪᠦᠬᠦ ᠳᠠᠯ᠎ᠠ ᠪᠠᠷ ᠲᠦᠯᠬᠢᠨ ᠠᠬᠢᠭᠤᠯᠵᠤ ᠂ ᠭᠦᠢᠴᠡᠳᠬᠡᠬᠦ ᠳᠦ ᠬᠦᠴᠢᠷ ᠢ ᠰᠢᠢᠳᠪᠦᠷᠢᠯᠡᠬᠦ ᠳᠦ ᠰᠢᠨ᠎ᠠ ᠵᠠᠮ ᠤᠯᠪᠠ ᠃
ᠭᠤᠷᠪᠠ ᠳᠤ᠂ ᠳᠤᠮᠤ ᠳᠤᠭ᠎ᠠ ᠪᠦᠷᠢᠳᠬᠡᠯ ᠦᠨ ᠬᠡᠷᠡᠭᠯᠡᠯᠲᠡ ᠨᠢ ᠰᠢᠬᠦᠬᠦ ᠬᠤᠷᠢᠶᠠᠨ ᠤ ᠬᠠᠮᠢᠶᠠᠷᠤᠯᠲᠠ ᠶᠢ ᠨᠡᠩ ᠰᠢᠨᠵᠢᠯᠡᠬᠦ ᠤᠬᠠᠭᠠᠨᠴᠢ ᠪᠤᠯᠭᠠᠪᠠ ᠃ 2015 ᠤᠨ ᠤ 6 ᠰᠠᠷ᠎ᠠ ᠪᠤᠯᠳᠠᠯ᠎ᠠ ᠂ ᠪᠦᠬᠦ ᠤᠯᠤᠰ ᠤᠨ 3512 ᠰᠢᠬᠦᠬᠦ ᠬᠤᠷᠢᠶ᠎ᠠ ᠶᠢᠨ ᠬᠡᠷᠡᠭ ᠦᠨ ᠳᠤᠭ᠎ᠠ ᠪᠦᠷᠢᠳᠬᠡᠯ ᠬᠦᠢᠴᠡᠳ ᠂ ᠣᠨᠤᠪᠴᠢᠲᠠᠢ ᠂ ᠴᠠᠭ ᠳᠤᠬᠠᠢ ᠳᠤ ᠨᠢ ᠠᠦ᠋ᠲ᠋ᠣ᠋ ᠬᠤᠷᠠᠮᠳᠠᠬᠤ ᠶᠢ ᠪᠡᠶᠡᠯᠡᠬᠦᠯᠵᠦ ᠂ ᠪᠦᠬᠦ ᠤᠯᠤᠰ ᠤᠨ ᠰᠢᠬᠦᠬᠦ ᠬᠤᠷᠢᠶ᠎ᠠ 5 ᠵᠢᠯ ᠳᠦ 7000 ᠲᠦᠮᠡ ᠢᠯᠡᠬᠦᠦ ᠬᠡᠷᠡᠭ ᠦᠨ ᠳᠤᠭ᠎ᠠ ᠪᠦᠷᠢᠳᠬᠡᠯ ᠬᠤᠷᠠᠮᠳᠠᠭᠤᠯᠵᠤ ᠂ ᠡᠳᠦᠷ ᠪᠦᠷᠢ 4 ᠲᠦᠮᠡ ᠡᠴᠡ 5 ᠲᠦᠮᠡᠨ ᠬᠡᠷᠡᠭ ᠦᠨ ᠳᠤᠭ᠎ᠠ ᠪᠦᠷᠢᠳᠬᠡᠯ ᠢᠶᠡᠷ ᠨᠡᠮᠡᠭᠳᠡᠵᠦ ᠪᠠᠢᠨ᠎ᠠ ᠃ ᠡᠨᠡᠬᠦ ᠳᠤᠮᠤ ᠳᠤᠭ᠎ᠠ ᠪᠦᠷᠢᠳᠬᠡᠯ ᠦᠨ ᠬᠡᠷᠡᠭᠯᠡᠯᠲᠡ ᠪᠠ ᠵᠠᠳᠠᠯᠤᠯᠲᠠ ᠨᠢ ᠨᠠᠮ ᠤᠨ ᠲᠦᠪ ᠬᠤᠷᠢᠶ᠎ᠠ ᠂ ᠤᠯᠤᠰ ᠲᠦᠷᠦ ᠶᠢᠨ ᠶᠠᠪᠤᠳᠠᠯ ᠤᠨ ᠬᠤᠷᠢᠶ᠎ᠠ᠂ ᠪᠤᠰᠤᠳ ᠵᠠᠰᠠᠭ ᠤᠨ ᠶᠠᠪᠤᠳᠠᠯ ᠤᠨ ᠬᠡᠯᠳᠡᠰ ᠪᠠ ᠨᠡᠢᠬᠡᠮ ᠨᠡᠢᠲᠡ ᠳᠦ ᠨᠡᠩ ᠤᠯᠠᠨ ᠨᠡᠩ ᠦᠷᠳᠡᠭ ᠳᠠᠢ ᠬᠠᠤᠯᠢ ᠴᠠᠭᠠᠵᠠ ᠶᠢᠨ ᠦᠢᠯᠡᠴᠢᠯᠡᠭᠡ ᠬᠠᠩᠭᠠᠵᠤ ᠂ ᠨᠡᠢᠬᠡᠮ ᠦᠨ ᠵᠠᠰᠠᠯᠲᠠ ᠳᠤ ᠤᠷᠤᠯᠴᠠᠬᠤ ᠂ ᠠᠵᠤ ᠠᠬᠤᠢ ᠨᠡᠢᠬᠡᠮ ᠦᠨ ᠬᠦᠭᠵᠢᠯᠲᠡ ᠶᠢ ᠲᠦᠯᠬᠢᠨ ᠠᠬᠢᠭᠤᠯᠬᠤ ᠳᠤ ᠰᠢᠢᠳᠪᠦᠷᠢ ᠶᠢᠨ ᠦᠢᠯᠡᠴᠢᠯᠡᠭᠡ ᠬᠠᠩᠭᠠᠨ᠎ᠠ ᠃
ᠪᠦᠬᠦ ᠬᠦᠴᠦᠨ ᠢᠶᠡᠷ ᠤᠶᠤᠨ ᠤᠬᠠᠭᠠᠨᠳᠤ ᠰᠢᠬᠦᠬᠦ ᠬᠤᠷᠢᠶ᠎ᠠ ᠪᠠᠢᠭᠤᠯᠤᠨ᠎ᠠ ᠃
ᠳᠠᠷᠠᠭᠠᠴᠢ ᠶᠢᠨ ᠠᠯᠬᠤᠮ ᠳᠤ ᠂ ᠠᠷᠠᠳ ᠤᠨ ᠰᠢᠬᠦᠬᠦ ᠬᠤᠷᠢᠶᠠᠨ ᠤ ᠮᠡᠳᠡᠬᠡ ᠵᠠᠩᠭᠢᠴᠢᠯᠠᠯᠲᠠ ᠶᠢᠨ ᠪᠦᠲᠦᠭᠡᠨ ᠪᠠᠢᠭᠤᠯᠤᠯᠲᠠ ᠶᠢᠨ ᠬᠠᠷᠠᠯᠳᠠ ᠪᠤᠯ ᠄ ᠬᠠᠤᠯᠢ ᠶᠤᠰᠤᠭᠠᠷ ᠤᠯᠤᠰ ᠵᠠᠰᠠᠬᠤ ᠪᠠᠢᠯᠳᠤᠬᠤ ᠪᠤᠳᠤᠯᠭ᠎ᠠ ᠶᠢᠨ ᠲᠣᠬᠢᠷᠠᠭᠤᠯᠤᠯᠲᠠ ᠶᠢ ᠪᠦᠬᠦ ᠳᠠᠯ᠎ᠠ ᠪᠠᠷ ᠲᠦᠯᠬᠢᠨ ᠠᠬᠢᠭᠤᠯᠬᠤ ᠶᠢᠨ ᠳᠤᠭᠤᠷᠢᠨ ᠳᠤ ᠲᠦᠪᠯᠡᠷᠡᠵᠦ ᠂ ᠠᠷᠠᠳ ᠲᠦᠮᠡᠨ ᠳᠦ ᠦᠢᠯᠡᠴᠢᠯᠡᠬᠦ ᠂ ᠰᠢᠬᠦᠨ ᠳᠠᠰᠤᠯᠤᠯᠲᠠ ᠭᠦᠢᠴᠡᠳᠬᠡᠬᠦ ᠳᠦ ᠦᠢᠯᠡᠴᠢᠯᠡᠬᠦ ᠂ ᠬᠠᠤᠯᠢ ᠴᠠᠭᠠᠵᠠ ᠶᠢᠨ ᠬᠠᠮᠢᠶᠠᠷᠤᠯᠲᠠ ᠳᠤ ᠦᠢᠯᠡᠴᠢᠯᠡᠬᠦ ᠳᠦ ᠲᠦᠪᠯᠡᠷᠡᠵᠦ ᠂ ᠰᠢᠭᠦᠨ ᠳᠠᠰᠤᠯᠤᠯᠲᠠ ᠶᠢᠨ ᠰᠢᠰᠲ᠋ᠧᠮ ᠪᠠ ᠰᠢᠬᠦᠨ ᠲᠠᠰᠤᠯᠤᠯᠲᠠ ᠶᠢᠨ ᠴᠢᠳᠠᠪᠤᠷᠢ ᠶᠢᠨ ᠣᠳᠣᠬᠢᠴᠢᠯᠠᠯᠲᠠ ᠶᠢ ᠲᠦᠯᠬᠢᠨ ᠠᠬᠢᠭᠤᠯᠵᠤ ᠂ ᠴᠠᠭ ᠦᠶ᠎ᠠ ᠶᠢᠨ ᠬᠦᠭᠵᠢᠯᠲᠡ ᠶᠢᠨ ᠱᠠᠭᠠᠷᠳᠠᠯᠭ᠎ᠠ ᠳᠠᠢ ᠨᠡᠢᠴᠡᠬᠦ ᠤᠶᠤᠨ ᠤᠬᠠᠭᠠᠨᠳᠤ ᠰᠢᠬᠦᠬᠦ ᠬᠤᠷᠢᠶ᠎ᠠ ᠶᠢ ᠪᠦᠲᠦᠭᠡᠨ ᠪᠠᠢᠭᠤᠯᠵᠤ ᠂ 《ᠠᠷᠪᠠᠨ ᠭᠤᠷᠪᠠᠳᠤᠭᠠᠷ ᠳᠠᠪᠤ》ᠦᠶ᠎ᠠ ᠶᠢᠨ ᠠᠵᠤ ᠠᠬᠤᠢ ᠨᠡᠢᠬᠡᠮ ᠦᠨ ᠬᠦᠭᠵᠢᠯᠲᠡ ᠳᠦ ᠠᠮᠤᠷ ᠲᠦᠪᠰᠢᠨ ᠯᠠᠪᠳᠠᠭᠤᠨ ᠨᠡᠢᠬᠡᠮ ᠦᠨ ᠤᠷᠴᠢᠨ ᠳᠤᠭᠤᠷᠢᠨ᠂ ᠲᠦᠪ ᠭᠤᠤᠯᠴᠢ ᠡᠷᠬᠡ ᠲᠡᠭᠰᠢ ᠬᠠᠤᠯᠢ ᠪᠠᠷ ᠵᠠᠰᠠᠬᠤ ᠤᠷᠴᠢᠨ ᠳᠤᠭᠤᠷᠢᠨ᠂ ᠴᠢᠨᠠᠷᠲᠠᠢ ᠦᠨᠳᠦᠷ ᠪᠦᠲᠦᠮᠵᠢᠲᠠᠢ ᠦᠢᠯᠡᠴᠢᠯᠡᠭᠡᠨ ᠦ ᠤᠷᠴᠢᠨ ᠳᠤᠭᠤᠷᠢᠨ ᠬᠠᠩᠭᠠᠨ᠎ᠠ ᠃
ᠠᠷᠠᠳ ᠤᠨ ᠳᠡᠬᠡᠳᠦ ᠵᠡᠷᠬᠡ ᠶᠢᠨ ᠰᠢᠬᠦᠬᠦ ᠬᠤᠷᠢᠶᠠᠨ ᠤ ᠳᠡᠳ᠋ ᠬᠤᠷᠢᠶᠠᠨ ᠳᠠᠷᠤᠭ᠎ᠠ ᠾᠸ ᠷᠦᠩ ᠠᠷᠠᠳ ᠤᠨ ᠰᠢᠬᠦᠬᠦ ᠬᠤᠷᠢᠶᠠᠨ ᠤ ᠮᠡᠳᠡᠬᠡ ᠵᠠᠩᠭᠢᠴᠢᠯᠠᠯᠲᠠ ᠶᠢᠨ ᠪᠦᠲᠦᠭᠡᠨ ᠪᠠᠢᠭᠤᠯᠤᠯᠲᠠ ᠶᠢᠨ ᠠᠵᠢᠯ ᠢ ᠲᠠᠨᠢᠯᠴᠠᠭᠤᠯᠬᠤ ᠦᠶᠡᠰ ᠬᠡᠯᠡᠭᠰᠡᠨ ᠨᠢ ᠂ ᠰᠢᠬᠦᠬᠦ ᠬᠤᠷᠢᠶᠠᠨ ᠤ ᠮᠡᠳᠡᠬᠡ ᠵᠠᠩᠭᠢᠴᠢᠯᠠᠯᠲᠠ ᠶᠢᠨ ᠪᠦᠲᠦᠭᠡᠨ ᠪᠠᠢᠭᠤᠯᠤᠯᠲᠠ ᠶᠢᠨ ᠠᠰᠢᠭᠳᠠᠢ ᠲᠤᠷᠰᠢᠯᠭ᠎ᠠ ᠶᠢ ᠬᠦᠨᠵᠡᠭᠡᠢ ᠳ᠋ᠦᠩᠨᠡᠵᠦ ᠂ ᠠᠰᠠᠭᠤᠯᠳᠠ ᠪᠠᠷ ᠤᠳᠤᠷᠢᠳᠤᠮᠵᠢ ᠪᠤᠯᠭᠠᠵᠤ ᠂ ᠮᠡᠳᠡᠬᠡ ᠵᠠᠩᠭᠢ ᠶᠢᠨ ᠮᠡᠷᠬᠡᠵᠢᠯ ᠦᠨ ᠬᠡᠷᠡᠭᠯᠡᠯᠲᠡ ᠶᠢ ᠴᠢᠩᠭᠠᠳᠭᠠᠵᠤ ᠂ ᠬᠡᠷᠡᠭᠯᠡᠯᠲᠡ ᠶᠢᠨ ᠪᠦᠲᠦᠮᠵᠢ ᠶᠢ ᠳᠡᠭᠡᠭᠰᠢᠯᠡᠭᠦᠯᠦᠨ᠎ᠡ ᠃ 2017 ᠤᠨ ᠤ ᠰᠡᠬᠦᠯᠴᠢ ᠡᠴᠡ ᠡᠮᠦᠨ᠎ᠠ ᠠᠷᠠᠳ ᠤᠨ ᠰᠢᠬᠦᠬᠦ ᠬᠤᠷᠢᠶᠠᠨ ᠤ ᠮᠡᠳᠡᠭᠡ ᠵᠠᠩᠭᠢᠴᠢᠯᠠᠯᠲᠠ ᠶᠢᠨ 3.0 ᠬᠡᠪ ᠢ ᠶᠡᠷᠦᠩᠬᠡᠢ ᠳᠤ ᠨᠢ ᠪᠠᠢᠭᠤᠯᠵᠤ ᠳᠠᠭᠤᠰᠬᠠᠨ᠎ᠠ ᠃
《ᠰᠦᠯᠵᠢᠶ᠎ᠡ+》ᠴᠠᠭ ᠦᠶ᠎ᠠ ᠶᠢᠨ ᠤᠷᠤᠰᠬᠠᠯ ᠳᠤ ᠬᠠᠨᠳᠤᠨ ᠂ ᠪᠦᠬᠦ ᠤᠯᠤᠰ ᠤᠨ ᠡᠯ᠎ᠠ ᠱᠠᠳᠤᠨ ᠤ ᠰᠢᠬᠦᠬᠦ ᠬᠤᠷᠢᠶ᠎ᠠ ᠪᠦᠬᠦᠳᠡ ᠮᠡᠳᠡᠬᠡ ᠵᠠᠩᠭᠢᠴᠢᠯᠠᠯᠲᠠ ᠶᠢᠨ ᠪᠦᠲᠦᠭᠡᠨ ᠪᠠᠢᠭᠤᠯᠤᠯᠲᠠ ᠶᠢᠨ ᠳᠡᠰ ᠳᠠᠪᠰᠢᠬᠤ ᠶᠢ ᠪᠦᠬᠦ ᠬᠦᠴᠦᠨ ᠢᠶᠡᠷ ᠳᠦᠯᠬᠢᠨ ᠠᠬᠢᠭᠤᠯᠵᠤ ᠂ 2017 ᠤᠨ ᠤ ᠵᠢᠯ ᠦᠨ ᠡᠴᠦᠰ ᠲᠦ ᠪᠦᠬᠦ ᠳᠠᠯ᠎ᠠ ᠪᠠᠷ ᠪᠦᠷᠬᠦᠭᠰᠡᠨ ᠂ ᠰᠢᠯᠵᠢᠮᠡᠯ ᠰᠦᠯᠵᠢᠶ᠎ᠠ ᠂ ᠲᠦᠷᠦᠯ ᠠᠯᠤᠰᠯᠠᠨ ᠬᠠᠮᠲᠤᠷᠠᠭᠰᠠᠨ ᠂ ᠬᠦᠨᠵᠡᠬᠡᠢ ᠬᠡᠷᠡᠭᠯᠡᠵᠦ ᠂ ᠲᠣᠳᠤᠷᠬᠠᠢ ᠠᠷᠠᠳ ᠲᠤ ᠲᠦᠬᠦᠮ ᠂ ᠠᠮᠤᠷ ᠲᠦᠪᠰᠢᠨ ᠡᠵᠡᠮᠳᠡᠵᠦ ᠳᠡᠢᠯᠬᠦ ᠠᠷᠠᠳ ᠤᠨ ᠰᠢᠬᠦᠬᠦ ᠬᠤᠷᠢᠶᠠᠨ ᠤ ᠮᠡᠳᠡᠬᠡ ᠵᠠᠩᠭᠢᠴᠢᠯᠠᠯᠲᠠ ᠶᠢᠨ 3.0 ᠬᠡᠪ ᠢ ᠴᠢᠷᠮᠠᠢᠨ ᠪᠠᠢᠭᠤᠯᠵᠤ ᠂ ᠳᠤᠮᠳᠠᠳᠤ ᠤᠯᠤᠰ ᠤᠨ ᠰᠢᠬᠦᠬᠦ ᠬᠤᠷᠢᠶ᠎ᠠ ᠶᠢ ᠤᠶᠤᠨ ᠤᠬᠠᠭᠠᠨᠳᠤ ᠰᠢᠬᠦᠬᠦ ᠬᠤᠷᠢᠶ᠎ᠠ ᠪᠤᠯᠭᠠᠨ ᠪᠠᠢᠭᠤᠯᠤᠨ᠎ᠠ ᠃
ᠢᠷᠡᠯᠲᠡ᠄ ᠠᠷᠠᠳ ᠤᠨ ᠰᠢᠬᠦᠬᠦ ᠬᠤᠷᠢᠶᠠᠨ ᠤ ᠰᠤᠨᠢᠨ
ᠦᠨᠡᠯᠡᠬᠦ 0ᠦᠨᠡᠯᠡᠯᠲᠡ ᠲᠠᠢ