23 ᠤ ᠣᠷᠤᠢ᠂ ᠲᠥᠪ ᠤᠨ ᠤᠯᠤᠰ ᠲᠥᠷᠦ ᠶᠢᠨ ᠪᠠᠢᠭᠤᠯᠭ᠎ᠠ ᠶᠢᠨ ᠣᠷᠤᠨ ᠰᠠᠭᠤᠴᠠ ᠶᠢᠨ ᠪᠡᠯᠡ ᠮᠥᠩᠭᠦᠨ ᠤ ᠬᠠᠮᠢᠶᠠᠷᠤᠯᠲᠠ ᠶᠢᠨ ᠲᠥᠪ ᠡᠴᠡ《< ᠡᠷᠬᠡ ᠵᠢ ᠲᠠᠯᠪᠢᠵᠤ ᠬᠠᠮᠢᠶᠠᠷᠬᠤ ᠦᠢᠯᠡᠴᠢᠯᠡᠭᠡᠨ> ᠤ ᠥᠭᠡᠷᠡᠴᠢᠯᠡᠯᠲᠡ ᠶᠢᠨ ᠵᠣᠷᠢᠭ ᠰᠠᠨᠠᠭ᠎ᠠ ᠵᠢ ᠨᠠᠢᠳᠠᠪᠤᠷᠢᠵᠢᠭᠤᠯᠤᠨ ᠲᠤᠤᠱᠯᠠᠭᠤᠯᠬᠤ ᠲᠤᠬᠠᠢ ᠣᠷᠤᠨ ᠰᠠᠭᠤᠴᠠ ᠶᠢᠨ ᠨᠡᠢᠲᠡ ᠶᠢᠨ ᠬᠤᠷᠠᠮᠳᠤᠯᠭ᠎ᠠ ᠶᠢᠨ ᠮᠥᠩᠭᠦᠨ ᠵᠢ ᠲᠤᠰᠢᠶᠠᠨ ᠬᠠᠳᠠᠭᠠᠯᠠᠬᠤ ᠠᠵᠢᠯ ᠤᠨ ᠮᠡᠳᠡᠭᠳᠡᠯ》 ᠢ ᠨᠡᠢᠲᠡᠯᠡᠵᠦ᠂ ᠮᠡᠳᠡᠭᠳᠡᠯ ᠳᠤ ᠣᠷᠤᠨ ᠰᠠᠭᠤᠴᠠ ᠶᠢᠨ ᠨᠡᠢᠲᠡ ᠶᠢᠨ ᠬᠤᠷᠠᠮᠳᠠᠯᠭᠠ ᠶᠢᠨ ᠦᠢᠯᠡᠴᠡᠯᠡᠭᠡᠨ ᠤ ᠨᠠᠢ᠍ᠮᠠᠨ ᠲᠥᠷᠦᠯ ᠤᠨ ᠰᠢᠨ᠎ᠡ ᠠᠪᠴᠢᠯ ᠢ ᠨᠡᠢᠲᠡᠯᠡᠵᠦ᠂ ᠲᠥᠪ ᠡᠴᠡ ᠵᠢᠩ ᠵᠢᠨ ᠵᠢ(京津冀) ᠶᠢᠨ ᠬᠠᠮᠵᠢᠯᠴᠠᠨ ᠬᠥᠭᠵᠢᠬᠦ᠂ ᠬᠣᠲᠠ ᠬᠥᠳᠡᠭᠡ ᠶᠢᠨ ᠬᠥᠭᠵᠢᠯᠲᠡ ᠵᠢ ᠨᠢᠭᠡ ᠴᠣᠭᠴᠠᠵᠢᠭᠤᠯᠬᠤ᠂ ᠠᠵᠢᠯ ᠣᠯᠵᠤ ᠦᠢᠯᠡᠰ ᠪᠣᠰᠭᠠᠬᠤ᠂ ᠰᠢᠨ᠎ᠡ ᠵᠢ ᠡᠭᠦᠳᠴᠦ ᠡᠭᠦᠳᠦᠨ ᠪᠦᠲᠦᠭᠡᠬᠦ᠂ ᠤᠯᠤᠰ ᠤᠨ ᠥᠮᠴᠢᠯᠡᠯᠲᠦ ᠬᠥᠷᠦᠩᠭᠡ ᠶᠢᠨ ᠬᠠᠮᠢᠶᠠᠷᠤᠯᠲᠠ ᠵᠡᠷᠭᠡ ᠬᠦᠷᠢᠶ᠎ᠠ ᠬᠡᠪᠴᠢᠶᠡᠨ ᠤ ᠲᠥᠯᠦᠭᠡ ᠠᠯᠢ ᠤᠯᠠᠨ ᠪᠥᠬᠦ ᠲᠠᠯ᠎ᠠ ᠪᠡᠷ ᠭᠦᠨᠵᠡᠭᠡᠢᠷᠡᠭᠰᠡᠨ ᠥᠭᠡᠷᠡᠴᠢᠯᠡᠯᠲᠡ ᠶᠢᠨ ᠲᠥᠷᠦ ᠶᠢᠨ ᠪᠣᠳᠤᠯᠭ᠎ᠠ ᠠᠷᠭ᠎ᠠ ᠠᠪᠴᠢᠯ ᠳᠤ ᠢᠵᠢ ᠪᠦᠷᠢᠳᠦᠭᠰᠡᠨ ᠦᠢᠯᠡᠴᠢᠯᠡᠭᠡ ᠬᠠᠩᠭᠠᠪᠠ᠃
ᠮᠡᠳᠡᠭᠲᠡᠯ ᠳᠤ ᠳᠤᠷᠠᠳᠤᠭᠰᠠᠨ ᠨᠢ᠂ ᠾᠸᠪᠸᠢ ᠶᠢᠨ ᠰᠢᠶᠦ᠋ᠩ ᠠᠨ ᠰᠢᠨ᠎ᠡ ᠲᠣᠭᠤᠷᠢᠭ ᠢ ᠪᠡᠭᠡᠵᠢᠩ ᠤᠨ ᠨᠡᠢᠰᠡᠯᠡᠯ ᠤᠨ ᠪᠤᠰᠤ ᠴᠢᠳᠠᠮᠵᠢ ᠵᠢ ᠲᠠᠷᠬᠠᠭᠠᠬᠤ ᠵᠢ ᠲᠥᠪᠯᠡᠷᠡᠭᠦᠯᠦᠨ ᠡᠭᠦᠷᠭᠡᠯᠡᠬᠦ ᠭᠠᠵᠠᠷ ᠪᠣᠯᠭᠠᠨ ᠪᠦᠲᠦᠭᠡᠨ ᠪᠠᠢᠭᠤᠯᠬᠤ ᠵᠢ ᠪᠥᠬᠦ ᠲᠠᠯ᠎ᠠ ᠪᠡᠷ ᠳᠡᠮᠵᠢᠨ᠎ᠡ᠃ ᠪᠡᠯᠡ ᠮᠥᠩᠭᠦᠨ ᠤ ᠲᠥᠪ ᠡᠴᠡ ᠰᠢᠶᠦ᠋ᠩ ᠠᠨ ᠰᠢᠨ᠎ᠡ ᠲᠣᠭᠤᠷᠢᠭ ᠲᠤ ᠨᠡᠭᠦᠨ ᠣᠴᠢᠬᠤ ᠪᠠᠢᠭᠤᠯᠭ᠎ᠠ ᠪᠠ ᠠᠵᠢᠯᠲᠠᠨ ᠤ ᠣᠷᠤᠨ ᠰᠠᠭᠤᠴᠠ ᠶᠢᠨ ᠨᠡᠢᠲᠡ ᠶᠢᠨ ᠬᠤᠷᠠᠮᠳᠤᠯᠭ᠎ᠠ ᠶᠢᠨ ᠮᠥᠩᠭᠦ ᠳᠠᠩᠰᠠᠯᠠᠭᠤᠯᠤᠨ ᠲᠤᠰᠢᠶᠠᠬᠤ ᠳᠤ ᠢᠳᠡᠪᠬᠢᠲᠠᠢ ᠪᠡᠷ ᠰᠢᠯᠢᠳᠡᠭ ᠦᠢᠯᠡᠴᠢᠯᠡᠭᠡ ᠬᠠᠩᠭᠠᠵᠤ᠂ ᠲᠡᠳᠡᠨᠦᠰ ᠤᠨ ᠣᠷᠤᠨ ᠰᠠᠭᠤᠴᠠ ᠶᠢᠨ ᠨᠡᠢᠲᠡ ᠶᠢᠨ ᠬᠤᠷᠠᠮᠳᠤᠯᠭ᠎ᠠ ᠶᠢᠨ ᠮᠥᠩᠭᠦᠨ ᠤ ᠳᠠᠩᠰᠠᠠ ᠡᠷᠦᠬᠡ ᠶᠢᠨ ᠨᠢᠭᠡᠲᠦᠯᠲᠡᠢ ᠴᠢᠨᠠᠷ ᠪᠠ ᠦᠷᠭᠦᠯᠵᠢᠯᠡᠭᠰᠡᠨ ᠴᠢᠨᠠᠷ ᠢ ᠪᠠᠲᠤᠯᠠᠵᠤ᠂ ᠲᠡᠳᠡᠨᠦᠰ ᠤᠨ ᠪᠠᠭᠡᠵᠢᠩ ᠳᠤ ᠪᠠᠢᠭ᠎ᠠ ᠪᠠᠢᠭᠤᠯᠭ᠎ᠠ ᠪᠣᠯᠤᠨ ᠠᠵᠢᠯᠲᠠᠨ ᠲᠠᠢ ᠠᠳᠠᠯᠢ ᠪᠡᠷ ᠣᠷᠤᠨ ᠰᠠᠭᠤᠴᠠ ᠶᠢᠨ ᠨᠡᠢᠲᠡ ᠶᠢᠨ ᠬᠤᠷᠠᠮᠳᠤᠯᠭ᠎ᠠ ᠶᠢᠨ ᠮᠥᠩᠭᠦ ᠵᠢ ᠭᠠᠷᠭᠠᠨ ᠠᠪᠬᠤ᠂ ᠬᠡᠷᠡᠭᠯᠡᠬᠦ ᠡᠷᠬᠡ ᠠᠰᠢᠭ ᠢ ᠨᠢ ᠪᠠᠲᠤᠯᠠᠬᠤ ᠬᠡᠷᠡᠭᠲᠠᠢ᠃ ᠮᠡᠳᠡᠭᠡ ᠵᠠᠩᠭᠢ ᠬᠠᠷᠢᠯᠴᠠᠨ ᠬᠣᠯᠪᠤᠯᠳᠤᠵᠤ ᠨᠡᠪᠲᠡᠷᠡᠯᠴᠡᠬᠦ ᠪᠣᠯᠤᠨ ᠣᠷᠤᠨ ᠰᠠᠭᠤᠴᠠ ᠶᠢᠨ ᠨᠡᠢᠲᠡ ᠶᠢᠨ ᠬᠤᠷᠠᠮᠳᠤᠯᠭ᠎ᠠ ᠶᠢᠨ ᠮᠥᠩᠭᠦᠨ ᠤ ᠰᠦᠯᠵᠢᠶᠡᠨ ᠳᠡᠭᠡᠷᠡᠬᠢ ᠦᠢᠯᠡᠴᠢᠯᠡᠭᠡᠨ ᠤ ᠲᠡᠪᠴᠠᠩ ᠵᠡᠷᠭᠡ ᠤᠶᠤᠨᠴᠢᠯᠠᠭᠰᠨ ᠣᠷᠤᠨ ᠰᠠᠭᠤᠴᠠ ᠶᠢᠨ ᠨᠡᠢᠲᠡ ᠶᠢᠨ ᠬᠤᠮᠳᠤᠯᠭᠠ ᠶᠢᠨ ᠮᠥᠩᠭᠦ ᠵᠢ ᠵᠣᠬᠢᠶᠠᠨ ᠪᠠᠢᠭᠤᠯᠵᠤ᠂ ᠪᠠᠢᠭᠤᠯᠭ᠎ᠠ ᠪᠣᠯᠤᠨ ᠠᠵᠢᠯᠲᠠᠨ ᠤ ᠤᠴᠢᠷ ᠶᠠᠪᠤᠳᠠᠯ ᠰᠢᠢᠳᠪᠦᠷᠢᠯᠡᠬᠦ ᠳᠤ ᠳᠥᠭᠦᠮ ᠦᠵᠡᠭᠦᠯᠦᠨ᠎ᠡ᠃
||《 ᠪᠡᠭᠡᠵᠢᠩ ᠬᠣᠲᠠ ᠶᠢᠨ ᠣᠷᠤᠨ ᠰᠠᠭᠤᠴᠠ ᠶᠢᠨ ᠦᠨᠡᠮᠯᠡᠯ》 ᠲᠠᠢ ᠠᠵᠢᠯ ᠤᠨ ᠪᠠᠢᠷᠢ ᠳᠤ ᠪᠠᠢᠭ᠎ᠠ ᠠᠵᠢᠯᠲᠠᠨ᠂ ᠬᠠᠤᠯᠢ ᠶᠣᠰᠣᠭᠠᠷ ᠣᠷᠤᠨ ᠰᠠᠭᠤᠴᠠ ᠶᠢᠨ ᠨᠡᠢᠲᠡ ᠶᠢᠨ ᠬᠤᠷᠠᠮᠳᠤᠯᠭ᠎ᠠ ᠶᠢᠨ ᠮᠥᠩᠭᠦᠨ ᠤ ᠬᠦᠷᠢᠶ᠎ᠡ ᠬᠡᠪᠴᠢᠶᠡᠨ ᠳᠤ ᠣᠷᠤᠭᠤᠯᠵᠤ᠂ ᠪᠡᠭᠡᠵᠢᠩ ᠤᠨ ᠡᠷᠦᠬᠡ ᠠᠮᠠ ᠲᠠᠢ ᠠᠵᠢᠯ ᠤᠨ ᠪᠠᠢᠷᠢ ᠳᠤ ᠪᠠᠢᠭ᠎ᠠ ᠠᠵᠢᠯᠲᠠᠠ ᠲᠠᠢ ᠠᠳᠠᠯᠢ ᠳᠡᠰ ᠤᠨ ᠣᠷᠤᠨ ᠰᠠᠭᠤᠴᠠ ᠶᠢᠨ ᠨᠡᠢᠲᠡ ᠶᠢᠨ ᠬᠤᠷᠠᠮᠳᠤᠯᠭ᠎ᠠ ᠶᠢᠨ ᠮᠥᠩᠭᠦᠨ ᠵᠢ ᠭᠠᠷᠭᠠᠨ ᠠᠪᠬᠤ᠂ ᠬᠡᠷᠡᠭᠯᠡᠬᠦ ᠡᠷᠬᠡ ᠠᠰᠢᠭ ᠢ ᠬᠦᠷᠲᠡᠨ᠎ᠡ᠃
|| ᠠᠵᠢᠯ ᠤᠨ ᠪᠠᠢᠷᠢ ᠡᠴᠡ ᠪᠡᠨ ᠰᠠᠯᠵᠤ ᠦᠢᠯᠡᠰ ᠪᠣᠰᠭᠠᠭᠰᠠᠨ ᠰᠤᠲᠤᠯᠭᠠᠨ ᠤ ᠬᠥᠮᠦᠰ᠂ ᠤᠤᠯ ᠤᠨ ᠪᠠᠢᠭᠤᠯᠭ᠎ᠠ ᠲᠠᠢ ᠪᠡᠨ ᠠᠵᠢᠯᠲᠠᠨ ᠤ ᠶᠠᠪᠤᠳᠠᠯ ᠤᠨ ᠬᠠᠷᠢᠴᠠᠭ᠎ᠠ ᠪᠠᠢᠭ᠎ᠠ ᠨᠢ᠂ ᠬᠡᠪ ᠤᠨ ᠲᠤᠰᠢᠶᠠᠨ ᠬᠠᠳᠠᠭᠠᠯᠠᠭᠰᠠᠨ ᠠᠵᠢᠯᠲᠠᠨ ᠲᠠᠢ ᠠᠳᠠᠯᠢ ᠳᠡᠰ ᠤᠨ ᠣᠷᠤᠨ ᠰᠠᠭᠤᠴᠠ ᠶᠢᠨ ᠨᠡᠢᠲᠡ ᠶᠢᠨ ᠬᠤᠷᠠᠮᠳᠤᠯᠭ᠎ᠠ ᠶᠢᠨ ᠮᠥᠩᠭᠦ ᠵᠢ ᠭᠠᠷᠭᠠᠨ ᠠᠪᠬᠤ᠂ ᠬᠡᠷᠡᠭᠯᠡᠬᠦ ᠡᠷᠬᠡ ᠠᠰᠢᠭ ᠢ ᠬᠦᠷᠲᠡᠨ᠎ᠡ᠃
|| ᠰᠤᠳᠤᠯᠭᠠᠨ ᠤ ᠬᠥᠮᠦᠰ ᠪᠣᠯᠤᠨ ᠳᠡᠭᠡᠲᠦ ᠵᠡᠷᠭᠡ ᠶᠢᠨ ᠰᠤᠷᠭᠠᠭᠤᠯᠢ ᠶᠢᠨ ᠪᠠᠭᠰᠢ ᠪᠠᠢᠭ᠎ᠠ ᠪᠠᠢᠭᠤᠯᠭ᠎ᠠ ᠶᠢᠨ ᠢᠶᠡᠨ ᠵᠥᠪᠰᠢᠶᠡᠷᠡᠯ ᠢ ᠣᠯᠵᠤ ᠪᠤᠰᠤᠳ ᠵᠣᠬᠢᠶᠠᠨ ᠪᠠᠢᠭᠤᠯᠤᠯᠲᠠ ᠳᠤ ᠬᠦᠷᠴᠦ ᠲᠤᠰᠢᠶᠠᠯ ᠬᠠᠪᠰᠤᠷᠭᠠᠵᠤ᠂ ᠬᠠᠤᠯᠢ ᠳᠤ ᠨᠡᠢᠴᠡᠭᠰᠡᠨ ᠬᠠᠷᠠᠮᠵᠢ ᠣᠯᠤᠭᠰᠠᠨ ᠪᠠᠢᠪᠠᠯ ᠣᠷᠤᠨ ᠰᠠᠭᠤᠴᠠ ᠶᠢᠨ ᠨᠡᠢᠲᠡ ᠶᠢᠨ ᠬᠤᠷᠠᠮᠳᠤᠯᠭ᠎ᠠ ᠲᠤᠰᠢᠶᠠᠨ ᠬᠠᠳᠠᠭᠠᠯᠠᠬᠤ ᠬᠦᠷᠢᠶ᠎ᠡ ᠬᠡᠪᠴᠢᠶᠡᠨ ᠳᠤ ᠣᠷᠤᠭᠤᠯᠵᠤ ᠪᠣᠯᠤᠨ᠎ᠠ᠃
|| ᠡᠮᠴᠢ ᠨᠢᠭᠡᠳᠦᠭᠡᠷ ᠠᠵᠢᠯ ᠡᠷᠬᠢᠯᠡᠬᠦ ᠡᠮ ᠡᠮᠨᠡᠯᠭᠡ ᠶᠢᠨ ᠪᠠᠢᠭᠤᠯᠭ᠎ᠠ ᠡᠴᠡ ᠭᠠᠳᠠᠨᠠᠬᠢ ᠡᠮ ᠡᠮᠨᠡᠯᠭᠡ ᠶᠢᠨ ᠪᠠᠢᠭᠤᠯᠭ᠎ᠠ ᠳᠤ ᠠᠵᠢᠯ ᠡᠷᠬᠢᠯᠡᠭᠡᠳ᠂ ᠬᠠᠤᠯᠢ ᠶᠣᠰᠤᠨ ᠳᠤ ᠨᠡᠢᠴᠡᠭᠰᠡᠨ ᠬᠠᠷᠠᠮᠵᠢ ᠣᠯᠤᠭᠰᠠᠨ ᠪᠠᠢᠪᠠᠯ ᠣᠷᠤᠨ ᠰᠠᠭᠤᠴᠠ ᠶᠢᠨ ᠨᠡᠢᠲᠡ ᠶᠢᠨ ᠬᠤᠷᠠᠮᠳᠤᠯᠭ᠎ᠠ ᠲᠤᠰᠢᠶᠠᠨ ᠬᠠᠳᠠᠭᠠᠯᠠᠬᠤ ᠬᠦᠷᠢᠶ᠎ᠡ ᠬᠡᠪᠴᠢᠶᠡᠨ ᠳᠤ ᠣᠷᠤᠭᠤᠯᠵᠤ ᠪᠣᠯᠤᠨ᠎ᠠ᠃
|| ᠬᠥᠮᠦᠨ ᠬᠡᠷᠡᠭᠯᠡᠵᠦ ᠪᠠᠢᠭ᠎ᠠ ᠪᠠᠢᠭᠤᠯᠭ᠎ᠠ ᠡᠴᠡ ᠭᠠᠩ ᠤᠤ ᠲᠠᠢ(港澳台)᠂ ᠭᠠᠳᠠᠷ ᠤᠯᠤᠰ ᠤᠨ ᠡᠷᠦᠬᠡ ᠠᠮᠠ ᠲᠠᠢ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠵᠢ ᠡᠭᠦᠳᠬᠦ ᠴᠢᠳᠠᠪᠤᠷᠢᠲᠠᠨ ᠳᠤ ᠣᠷᠤᠨ ᠰᠠᠭᠤᠴᠠ ᠶᠢᠨ ᠨᠡᠢᠲᠡ ᠶᠢᠨ ᠬᠤᠷᠠᠮᠳᠤᠯᠭ᠎ᠠ ᠶᠢᠨ ᠮᠥᠩᠭᠦ ᠲᠤᠰᠢᠶᠠᠨ ᠥᠭᠬᠦ ᠵᠢ ᠵᠣᠷᠢᠭᠵᠢᠭᠤᠯᠵᠤ᠂ ᠮᠥᠨ ᠪᠤᠰᠤᠳ ᠠᠵᠢᠯᠲᠠᠨ ᠲᠠᠢ ᠠᠳᠠᠯᠢ ᠳᠡᠰ ᠤᠨ ᠣᠷᠤᠨ ᠰᠠᠭᠤᠴᠠ ᠶᠢᠨ ᠨᠡᠢᠲᠡ ᠶᠢᠨ ᠬᠤᠷᠠᠮᠳᠤᠯᠭ᠎ᠠ ᠶᠢᠨ ᠮᠥᠩᠭᠦ ᠵᠢ ᠭᠠᠷᠭᠠᠨ ᠠᠪᠬᠤ᠂ ᠬᠡᠷᠡᠭᠯᠡᠬᠦ ᠡᠷᠬᠡ ᠠᠰᠢᠭ ᠢ ᠬᠦᠷᠲᠡᠭᠡᠨ᠎ᠡ᠃
|| ᠪᠠᠭ᠎ᠠ ᠪᠢᠴᠢᠯ ᠰᠢᠨ᠎ᠡ ᠨᠢ ᠡᠭᠦᠳᠬᠦ ᠬᠡᠯᠪᠡᠷᠢ ᠶᠢᠨ ᠠᠵᠤ ᠠᠬᠤᠢᠯᠠᠯ ᠤᠨ ᠬᠥᠭᠵᠢᠯᠲᠡ ᠵᠢ ᠳᠡᠮᠵᠢᠵᠦ᠂ ᠠᠵᠢᠯᠲᠠᠨ ᠤ ᠵᠥᠪᠰᠢᠶᠡᠷᠡᠯ ᠢ ᠣᠯᠤᠭᠰᠠᠨ ᠤ ᠳᠠᠷᠠᠭ᠎ᠠ᠂ ᠠᠵᠤ ᠠᠬᠤᠢᠯᠠᠯ ᠡᠴᠡ ᠣᠷᠤᠨ ᠰᠠᠭᠤᠴᠠ ᠶᠢᠨ ᠨᠡᠢᠲᠡ ᠶᠢᠨ ᠬᠤᠷᠠᠮᠳᠠᠯᠭᠠ ᠶᠢᠨ ᠮᠥᠩᠭᠦ ᠶᠢᠨ ᠬᠠᠳᠠᠭᠠᠯᠠᠬᠤ ᠬᠠᠷᠢᠴᠠᠯ ᠢ ᠵᠣᠬᠢᠬᠤ ᠬᠡᠮᠵᠢᠶ᠎ᠡ ᠪᠡᠷ ᠪᠠᠭᠠᠰᠭᠠᠬᠤ ᠪᠤᠶᠤ ᠠᠯᠭᠤᠷᠯᠠᠨ ᠲᠤᠰᠢᠶᠠᠵᠤ ᠪᠣᠯᠤᠨ᠎ᠠ᠃
|| ᠲᠥᠪ ᠤᠨ ᠠᠵᠤ ᠠᠬᠤᠢᠯᠠᠯ《 ᠪᠡᠶ᠎ᠡ ᠴᠣᠮᠬᠠᠳᠭᠠᠵᠤ》᠂ ᠨᠡᠢᠯᠡᠭᠦᠯᠦᠨ ᠨᠢᠭᠡᠳᠭᠡᠵᠦ ᠲᠠᠬᠢᠨ ᠪᠠᠢᠭᠤᠯᠬᠤ᠂《 ᠦᠬᠦᠮᠡᠯ ᠠᠵᠤ ᠠᠬᠤᠢᠯᠠᠯ 》 ᠢ ᠰᠢᠢᠳᠪᠦᠷᠢᠯᠡᠬᠦ ᠵᠢ ᠠᠬᠢᠭᠤᠯᠬᠤ ᠶᠠᠪᠤᠴᠠ ᠳᠤᠮᠳᠠ᠂ ᠠᠵᠢᠯᠲᠠᠨ ᠤ ᠣᠷᠤᠨ ᠰᠠᠭᠤᠴᠠ ᠶᠢᠨ ᠨᠡᠢᠲᠡ ᠶᠢᠨ ᠬᠤᠷᠠᠮᠳᠠᠯᠭᠠ ᠶᠢᠨ ᠮᠥᠩᠭᠦᠨ ᠤ ᠡᠮᠬᠢ ᠵᠢᠷᠤᠮ ᠲᠠᠢ ᠰᠢᠯᠵᠢᠨ ᠵᠠᠯᠭᠠᠮᠵᠢᠯᠠᠬᠤ ᠵᠢ ᠪᠠᠲᠤᠯᠠᠵᠤ᠂ ᠠᠵᠢᠯᠲᠠᠨ ᠤ ᠣᠷᠤᠨ ᠰᠠᠭᠤᠴᠠ ᠶᠢᠨ ᠨᠡᠢᠲᠡ ᠶᠢᠨ ᠬᠤᠷᠠᠮᠳᠤᠯᠭ᠎ᠠ ᠶᠢᠨ ᠮᠥᠩᠭᠦᠨ ᠤ ᠬᠠᠤᠯᠢ ᠶᠣᠰᠤᠨ ᠤ ᠡᠷᠬᠡ ᠠᠰᠢᠭ ᠢ ᠰᠠᠯᠭᠠᠨ ᠳᠤᠬᠢᠷᠠᠭᠤᠯᠬᠤ ᠵᠢ ᠬᠠᠮᠠᠭᠠᠯᠠᠨ᠎ᠠ᠃ ᠵᠥᠪᠰᠢᠶᠡᠷᠡᠯ ᠢᠶᠡᠷ ᠳᠠᠮᠵᠢᠨ ᠲᠠᠮᠫᠤᠷᠠᠭᠰᠠᠨ ᠠᠵᠤ ᠠᠬᠤᠢᠯᠠᠯ᠂ ᠠᠵᠢᠯᠲᠠᠨ ᠳᠤ ᠨᠥᠬᠦᠨ ᠲᠤᠰᠢᠶᠠᠬᠤ ᠣᠷᠤᠨ ᠰᠠᠭᠤᠴᠠ ᠶᠢᠨ ᠨᠡᠢᠲᠡ ᠶᠢᠨ ᠬᠤᠷᠠᠮᠳᠠᠯᠭᠠ ᠶᠢᠨ ᠮᠥᠩᠭᠦ ᠵᠢ ᠠᠵᠤ ᠠᠬᠤᠢᠯᠠᠯ ᠤᠨ ᠢᠯᠭᠠᠷᠠᠭᠤᠯᠤᠨ ᠪᠣᠳᠤᠭᠰᠠᠨ ᠲᠠᠮᠫᠤᠷᠠᠭᠰᠠᠨ ᠪᠡᠯᠡ ᠮᠥᠩᠭᠦ ᠡᠴᠡ ᠰᠢᠢᠳᠪᠦᠷᠢᠯᠡᠨ᠎ᠡ᠃
ᠲᠥᠪ ᠤᠨ ᠤᠯᠤᠰ ᠲᠥᠷᠦ ᠶᠢᠨ ᠪᠠᠢᠭᠤᠯᠭ᠎ᠠ ᠶᠢᠨ ᠣᠷᠤᠨ ᠰᠠᠭᠤᠴᠠ ᠶᠢᠨ ᠪᠡᠯᠡ ᠮᠥᠩᠭᠦᠨ ᠤ ᠬᠠᠮᠢᠶᠠᠷᠤᠯᠲᠠ ᠶᠢᠨ ᠲᠥᠪ ᠡᠴᠡ ᠵᠢᠭᠠᠬᠤ ᠳᠤ ᠪᠡᠨ᠂ ᠲᠤᠰᠢᠶᠠᠨ ᠬᠠᠳᠠᠭᠠᠯᠠᠬᠤ ᠶᠢᠨ ᠬᠠᠮᠢᠶᠠᠷᠤᠯᠲᠠ ᠪᠡᠨ ᠴᠢᠩᠭᠠᠳᠬᠠᠬᠤ ᠨᠢ᠂ ᠣᠷᠤᠨ ᠰᠠᠭᠤᠴᠠ ᠶᠢᠨ ᠨᠡᠢᠲᠡ ᠶᠢᠨ ᠬᠤᠷᠠᠮᠳᠤᠯᠭ᠎ᠠ ᠶᠢᠨ ᠮᠥᠩᠭᠦᠨ ᠤ《ᠡᠷᠬᠡ ᠵᠢ ᠲᠠᠯᠪᠢᠵᠤ ᠬᠠᠮᠢᠶᠠᠷᠬᠤ ᠦᠢᠯᠡᠴᠢᠯᠡᠭᠡᠨ》 ᠤ ᠥᠭᠡᠷᠡᠴᠢᠯᠡᠯᠲᠡ ᠵᠢ ᠭᠦᠨᠵᠡᠭᠡᠢ ᠠᠬᠢᠭᠤᠯᠵᠤ᠂ ᠪᠠᠢᠭᠤᠯᠭ᠎ᠠ ᠪᠣᠯᠤᠨ ᠠᠵᠢᠯᠲᠠᠨ ᠳᠤ ᠰᠢᠯᠢᠳᠡᠭ ᠦᠢᠯᠡᠴᠢᠯᠡᠭᠡ ᠬᠠᠩᠭᠠᠬᠤ ᠶᠢᠨ ᠰᠠᠭᠤᠷᠢ ᠮᠥᠨ᠃ ᠡᠯ᠎ᠡ ᠰᠠᠯᠠᠭ᠎ᠠ ᠮᠥᠴᠢᠷ᠂ ᠡᠯ᠎ᠡ ᠪᠠᠢᠭᠤᠯᠭ᠎ᠠ ᠡᠴᠡ ᠭᠣᠣᠯ ᠴᠣᠭᠴᠠ ᠶᠢᠨ ᠦᠢᠯᠡᠳᠦᠯ ᠢᠶᠡᠨ ᠭᠦᠢᠴᠡᠳ ᠪᠠᠳᠠᠷᠠᠭᠤᠯᠤᠨ᠂ ᠲᠥᠪ ᠤᠨ ᠤᠯᠤᠰ ᠲᠥᠷᠦ ᠶᠢᠨ ᠪᠠᠢᠭᠤᠯᠭ᠎ᠠ ᠶᠢᠨ ᠣᠷᠤᠨ ᠰᠠᠭᠤᠴᠠ ᠶᠢᠨ ᠪᠡᠯᠡ ᠮᠥᠩᠭᠦᠨ ᠤ ᠬᠠᠮᠢᠶᠠᠷᠤᠯᠲᠠ ᠶᠢᠨ ᠲᠥᠪ ᠤᠨ ᠣᠷᠤᠨ ᠰᠠᠭᠤᠴᠠ ᠶᠢᠨ ᠨᠡᠢᠲᠡ ᠶᠢᠨ ᠬᠤᠷᠠᠮᠳᠤᠯᠭ᠎ᠠ ᠶᠢᠨ ᠮᠥᠩᠭᠦᠨ ᠤ ᠬᠠᠮᠢᠶᠠᠷᠤᠯᠲᠠ ᠶᠢᠨ ᠠᠷᠭ᠎ᠠ ᠠᠪᠴᠢᠯ ᠢ ᠬᠢᠨᠠᠮᠠᠭᠠᠢ ᠨᠠᠢᠳᠠᠪᠤᠷᠢᠵᠢᠭᠤᠯᠬᠤ ᠳᠤ ᠬᠠᠮᠵᠢᠯᠴᠠᠨ᠂ ᠲᠤᠰᠢᠶᠠᠨ ᠬᠠᠳᠠᠭᠠᠯᠠᠬᠤ ᠬᠠᠮᠢᠶᠠᠷᠤᠯᠲᠠ ᠶᠢᠨ ᠰᠠᠭᠤᠷᠢ ᠵᠢ ᠪᠠᠲᠤᠳᠭᠠᠨᠠ᠃
ᠢᠷᠡᠯᠲᠠ᠄ ᠳᠤᠮᠳᠠᠳᠤ ᠤᠯᠤᠰ ᠤᠨ ᠰᠢᠭᠦᠬᠦ ᠬᠣᠷᠢᠶᠠᠨ ᠤ ᠰᠦᠯᠵᠢᠶ᠎ᠡ
ᠦᠨᠡᠯᠡᠬᠦ 0ᠦᠨᠡᠯᠡᠯᠲᠡ᠎ᠲᠠᠢ