ᠡᠮᠡᠭᠲᠡᠢᠴᠦᠳ ᠢ ᠵᠢᠯᠤᠭᠤᠳᠤᠨ ᠣᠶᠤᠨᠯᠢᠭ ᠢᠶᠡᠷ ᠬᠦᠰᠡᠯ ᠱᠠᠭᠠᠷᠳᠠᠯᠭ᠎ᠠ ᠪᠡᠨ ᠲᠤᠰᠭᠠᠨ ᠬᠠᠤᠯᠢ ᠶᠣᠰᠣᠭᠠᠷ ᠡᠷᠬᠡ ᠠᠰᠢᠭ ᠢᠶᠡᠨ ᠬᠠᠮᠠᠭᠠᠯᠠᠨ᠎ᠠ
2017.05.24 ᠲᠣᠰ ᠥᠷᠲᠡᠭᠡᠨ ᠦ ᠨᠠᠢᠷᠠᠭᠤᠯᠤᠭᠴᠢ

    5 ᠰᠠᠷ᠎ᠠ ᠶᠢᠨ12 ᠤ ᠡᠳᠦᠷ᠂ ᠪᠥᠬᠦ ᠤᠯᠤᠰ ᠤᠨ ᠡᠮᠡᠭᠲᠠᠢᠴᠤᠳ ᠤᠨ ᠬᠣᠯᠪᠤᠭᠠᠨ ᠤ ᠳᠡᠳ᠋ ᠲᠡᠷᠢᠭᠦᠯᠦᠭᠴᠢ᠂ ᠱᠦᠵᠢ ᠨᠠᠷ ᠤᠨ ᠭᠠᠵᠠᠷ ᠤᠨ  ᠱᠦᠵᠢ ᠲᠠᠨ ᠯᠢᠨ ᠠᠷᠠᠳ ᠤᠨ ᠳᠡᠭᠡᠳᠦ ᠵᠡᠷᠭᠡ ᠶᠢᠨ ᠰᠢᠭᠦᠬᠦ ᠬᠤᠷᠢᠶ᠎ᠠ ᠪᠣᠯᠤᠨ ᠪᠥᠬᠦ ᠤᠯᠤᠰ ᠤᠨ ᠡᠮᠡᠭᠲᠠᠢᠴᠤᠳ ᠤᠨ ᠬᠣᠯᠪᠤᠭᠠᠨ ᠤ ᠬᠠᠮᠲᠤᠷᠠᠨ ᠰᠤᠲᠤᠯᠠᠬᠤ ᠳᠤᠭᠤᠢᠯᠠᠩ ᠢ ᠳᠠᠭᠠᠭᠤᠯᠤᠨ ᠪᠡᠭᠡᠵᠢᠩ ᠳᠤ ᠰᠤᠳᠤᠯᠭᠠᠨ ᠥᠷᠨᠢᠭᠦᠯᠵᠦ᠂ ᠪᠡᠭᠡᠵᠢᠩ ᠬᠣᠲᠠ ᠶᠢᠨ ᠭᠤᠷᠪᠠᠨ ᠳᠡᠰ ᠤᠨ ᠰᠢᠭᠦᠬᠦ ᠬᠤᠷᠢᠶ᠎ᠠ᠂ ᠡᠮᠡᠭᠲᠠᠢᠴᠤᠳ ᠤᠨ ᠬᠣᠯᠪᠤᠭ᠎ᠠ᠂ ᠠᠷᠠᠳ ᠤᠨ ᠶᠠᠪᠤᠳᠠᠯ ᠵᠡᠷᠭᠡ ᠬᠠᠮᠢᠶ᠎᠎ᠠ ᠪᠥᠬᠦᠢ ᠬᠥᠮᠦᠰ ᠲᠠᠢ ᠬᠦᠨᠵᠡᠭᠡᠢ ᠶᠠᠷᠢᠯᠴᠠᠨ᠂ ᠲᠤᠰᠭᠠᠢ ᠮᠡᠷᠭᠡᠵᠢᠯᠲᠡᠨ᠂ ᠬᠠᠤᠯᠢᠴᠢ᠂ ᠲᠤᠬᠠᠢ ᠶᠢᠨ ᠬᠥᠮᠦᠨ ᠵᠡᠷᠭᠡ ᠡᠯ᠎ᠡ ᠡᠲᠡᠭᠡᠳ ᠤᠨ ᠰᠠᠨᠠᠯ ᠢ ᠰᠣᠨᠤᠰᠴᠤ᠂ ᠡᠮᠡᠭᠲᠠᠢᠴᠤᠳ ᠬᠡᠤᠬᠡᠳ ᠨᠠᠰᠤᠲᠠᠢᠴᠤᠳ ᠤᠨ ᠤᠷᠤᠭ ᠭᠡᠷ ᠪᠦᠯᠢ ᠶᠢᠨ ᠡᠷᠬᠡ ᠠᠰᠢᠭ ᠢ ᠬᠠᠮᠠᠭᠠᠯᠠᠬᠤ ᠳᠤ ᠲᠤᠯᠭᠠᠷᠠᠵᠤ ᠪᠠᠢᠭ᠎ᠠ ᠠᠰᠠᠭᠤᠳᠠᠯ᠂ ᠭᠡᠷ ᠤᠨ ᠬᠡᠷᠡᠭ ᠢ ᠰᠢᠭᠦᠨ ᠳᠠᠰᠤᠯᠠᠬᠤ ᠬᠡᠯᠪᠡᠷᠢ ᠪᠣᠯᠤᠨ ᠠᠵᠢᠯ ᠤᠨ ᠳᠤᠭᠲᠠᠴᠠ ᠶᠢᠨ ᠥᠭᠡᠷᠡᠴᠢᠯᠡᠯᠲᠡ ᠶᠢᠨ ᠲᠤᠷᠰᠢᠯᠲᠠ ᠶᠢᠨ ᠴᠢᠭ  ᠤᠨ ᠪᠠᠢᠳᠠᠯ ᠵᠡᠷᠭᠡ ᠢ ᠣᠢᠯᠭᠠᠪᠠ᠃ ᠪᠠᠢᠴᠠᠭᠠᠨ ᠰᠣᠳᠤᠯᠠᠬᠤ ᠳᠤᠭᠤᠢᠯᠠᠩ ᠨᠢ ᠠᠷᠠᠳ ᠤᠨ ᠳᠡᠭᠡᠳᠦ ᠵᠡᠷᠭᠡ ᠶᠢᠨ ᠰᠢᠭᠦᠬᠦ ᠬᠣᠷᠢᠶᠠᠨ ᠤ ᠢᠷᠭᠡᠨ ᠤ ᠨᠢᠭᠡᠳᠦᠭᠡᠷ ᠲᠢᠩᠬᠢᠮ᠂ ᠪᠥᠬᠦ ᠤᠯᠤᠰ ᠤᠨ ᠡᠮᠡᠭᠲᠠᠢᠴᠤᠳ ᠤᠨ ᠬᠣᠯᠪᠤᠭᠠᠨ ᠤ ᠡᠷᠬᠡᠲᠦ ᠪᠠᠢᠭᠤᠯᠭ᠎ᠠ ᠶᠢᠨ ᠬᠠᠮᠢᠶᠠᠲᠠᠢ ᠬᠠᠷᠢᠭᠤᠴᠠᠯᠭᠠᠲᠠᠨ ᠨᠦᠭᠦᠳ ᠪᠣᠯᠤᠨ ᠪᠥᠬᠦ ᠤᠯᠤᠰ ᠤᠨ ᠠᠷᠠᠳ ᠤᠨ ᠲᠥᠯᠦᠭᠡᠯᠡᠭᠴᠢ᠂ ᠬᠠᠮᠢᠶ᠎᠎ᠠ ᠪᠥᠬᠦᠢ ᠲᠤᠰᠭᠠᠢ ᠮᠡᠷᠭᠡᠵᠢᠯᠲᠡᠨ ᠡᠷᠳᠡᠮᠳᠡᠨ ᠢᠶᠡᠷ ᠪᠦᠷᠢᠯᠳᠦᠪᠡ᠃ ᠪᠡᠭᠡᠵᠢᠩ ᠬᠣᠲᠠ ᠶᠢᠨ ᠠᠷᠠᠳ ᠤᠨ ᠥᠨᠳᠦᠷ ᠵᠡᠷᠭᠡ ᠶᠢᠨ ᠰᠢᠭᠦᠬᠦ ᠬᠣᠷᠢᠶᠠᠨ ᠤ ᠬᠣᠷᠢᠶᠠᠨ ᠳᠠᠷᠤᠭ᠎ᠠ ᠶᠠᠩ ᠸᠠᠨ ᠮᠢᠩ ᠡᠴᠡ ᠲᠠᠨ ᠯᠢᠨ ᠤ ᠪᠠᠢᠴᠠᠭᠠᠬᠤ ᠪᠦᠯᠭᠦᠮ ᠲᠠᠢ ᠠᠭᠤᠯᠵᠠᠨ ᠠᠵᠢᠯ ᠤᠨ ᠲᠤᠬᠠᠢ ᠶᠠᠷᠢᠯᠴᠠᠪᠠ᠃

    ᠪᠠᠢᠴᠠᠭᠠᠬᠤ ᠪᠦᠯᠭᠦᠮ ᠡᠴᠡ ᠪᠡᠭᠡᠵᠢᠩ ᠬᠣᠲᠠ ᠶᠢᠨ ᠭᠡᠷ ᠤᠨ ᠬᠡᠷᠡᠭ ᠤᠨ ᠰᠢᠭᠦᠨ ᠳᠠᠰᠤᠯᠠᠯᠲᠠ ᠶᠢᠨ ᠥᠭᠡᠷᠡᠴᠢᠯᠡᠯᠲᠡ᠂ ᠡᠮᠡᠭᠲᠠᠢᠴᠤᠳ ᠪᠠᠭᠠᠴᠤᠳ ᠤᠨ ᠡᠷᠬᠡ ᠠᠰᠢᠭ ᠤᠨ ᠬᠠᠮᠠᠭᠠᠯᠠᠯᠲᠠ ᠶᠢᠨ ᠠᠵᠢᠯ ᠤᠨ ᠳᠤᠮᠳᠠᠬᠢ ᠢᠳᠡᠪᠬᠢᠲᠠᠢ ᠰᠦᠪᠡᠭᠴᠢᠯᠡᠯᠲᠡ ᠵᠢ ᠭᠦᠢᠴᠡᠳ ᠨᠤᠲᠠᠯᠠᠪᠠ᠃ ᠲᠠᠨ ᠯᠢᠨ ᠢᠯᠡᠷᠬᠡᠢᠯᠡᠬᠦ ᠳᠤ ᠪᠡᠨ᠂ ᠪᠡᠭᠡᠵᠢᠩ ᠤᠨ ᠡᠯ᠎ᠡ ᠱᠠᠲᠤᠨ ᠤ ᠰᠢᠭᠦᠬᠦ ᠬᠤᠷᠢᠶ᠎ᠠ ᠨᠢ ᠪᠠᠢᠴᠠᠭᠠᠨ ᠰᠤᠳᠤᠯᠠᠯᠲᠠ ᠵᠢ ᠬᠦᠨᠳᠦᠳᠭᠡᠵᠦ᠂ ᠪᠤᠲᠠᠲᠠᠢ ᠰᠢᠭᠦᠨ ᠳᠠᠰᠤᠯᠠᠬᠤ ᠠᠵᠢᠯ ᠤᠨ ᠳᠤᠮᠳᠠᠬᠢ ᠠᠰᠠᠭᠤᠳᠠᠯ ᠢ ᠭᠦᠨᠵᠡᠭᠡᠢ ᠪᠣᠳᠤᠯᠬᠢᠯᠠᠵᠤ᠂  ᠰᠢᠢᠳᠪᠦᠷᠢᠯᠡᠬᠦ  ᠰᠡᠳᠭᠢᠴᠡ ᠪᠠ ᠰᠠᠨᠠᠭᠤᠯᠭ᠎ᠠ ᠳᠤᠷᠠᠳᠬᠤ ᠳᠤ ᠭᠠᠷᠮᠠᠭᠠᠢ ᠪᠠᠢᠳᠠᠭ᠃ ᠬᠣᠲᠠ ᠶᠢᠨ ᠤᠷᠤᠭ ᠤᠨ ᠳᠠᠩᠰᠤᠯᠠᠯᠲᠠ ᠶᠢᠨ ᠰᠠᠯᠠᠭ᠎ᠠ ᠮᠥᠴᠢᠷ ᠤᠨ ᠪᠤᠲᠠᠲᠠᠢ ᠳᠤᠮᠳᠠ ᠤᠴᠠᠷᠠᠭᠰᠠᠨ ᠠᠰᠠᠭᠤᠳᠠᠯ ᠨᠢ ᠭᠡᠷ ᠤᠨ ᠬᠡᠷᠡᠭ ᠲᠤ ᠪᠠᠭ᠎ᠠ ᠬᠡᠷᠡᠭ ᠦᠭᠡᠢ ᠭᠡᠳᠡᠭ ᠢ ᠢᠯᠡᠷᠬᠡᠢᠯᠡᠵᠦ᠂ ᠵᠠᠷᠢᠮ ᠠᠰᠠᠭᠤᠳᠠᠯ ᠢ ᠬᠠᠤᠯᠢ ᠳᠤᠭᠲᠠᠭᠠᠬᠤ ᠪᠡᠷ ᠳᠠᠮᠵᠢᠨ ᠤᠯᠠᠮ ᠨᠢᠭᠡ ᠠᠯᠬᠤᠮ ᠲᠤᠳᠤᠷᠬᠠᠢᠯᠠᠬᠤ ᠴᠢᠬᠤᠯᠠᠲᠠᠢ ᠪᠠᠢᠳᠠᠭ᠃ ᠬᠣᠲᠠ ᠶᠢᠨ ᠡᠮᠡᠭᠲᠠᠢᠴᠤᠳ ᠤᠨ ᠬᠣᠯᠪᠤᠭᠠᠨ ᠡᠴᠡ ᠬᠠᠮᠵᠢᠯᠴᠠᠨ ᠤᠷᠤᠭ ᠭᠡᠷ ᠪᠦᠯᠢ ᠶᠢᠨ ᠵᠥᠷᠢᠴᠡᠯ  ᠮᠠᠷᠭᠤᠯᠳᠤᠭᠠᠨ ᠢ ᠨᠠᠮᠵᠢᠭᠤᠯᠬᠤ ᠪᠣᠯᠤᠨ ᠭᠡᠷ ᠪᠦᠯᠢ ᠶᠢᠨ ᠬᠦᠴᠦᠷᠬᠡᠭᠯᠡᠯ ᠢ ᠡᠰᠡᠷᠭᠦᠴᠡᠬᠦ ᠬᠠᠤᠯᠢ ᠶᠢᠨ ᠬᠠᠮᠢᠶ᠎ᠠ ᠪᠥᠬᠦᠢ ᠳᠤᠭᠲᠠᠴᠠ ᠶᠢᠨ ᠪᠠᠢᠭᠤᠯᠤᠯ ᠢ ᠨᠠᠢᠳᠠᠪᠤᠷᠢᠵᠢᠭᠤᠯᠤᠨ᠂ ᠡᠷᠬᠡ ᠪᠡᠨ ᠬᠠᠮᠠᠭᠠᠯᠠᠬᠤ ᠠᠵᠢᠯ ᠢ ᠰᠠᠢᠲᠤᠷ ᠬᠢᠬᠦ ᠳᠤ ᠮᠠᠰᠢ ᠰᠠᠢᠨ ᠰᠠᠭᠤᠷᠢ ᠲᠠᠯᠪᠢᠵᠤ᠂ ᠣᠨᠴᠠᠭᠠᠢ ᠬᠡᠷᠡᠭ ᠤᠨ ᠡᠷᠬᠡ ᠪᠡᠨ ᠬᠠᠮᠠᠭᠠᠯᠠᠬᠤ ᠲᠠᠯ᠎ᠠ ᠳᠤ ᠨᠡᠩ ᠶᠡᠬᠡ ᠦᠢᠯᠡᠳᠦᠯ ᠢᠶᠡᠨ ᠪᠠᠳᠠᠷᠠᠭᠤᠯᠬᠤ ᠵᠢ ᠬᠦᠰᠡᠪᠡ᠃

     ᠲᠠᠨ ᠯᠢᠨ ᠴᠢᠩᠭᠠᠳᠭᠠᠭᠰᠠᠨ ᠨᠢ᠂ ᠡᠯ᠎ᠡ ᠱᠠᠲᠤᠨ ᠤ ᠡᠮᠡᠭᠲᠠᠢᠴᠤᠳ ᠤᠨ ᠬᠣᠯᠪᠤᠭᠠᠨ ᠤ ᠪᠠᠢᠭᠤᠯᠤᠯ ᠡᠴᠡ ᠡᠮᠡᠭᠲᠠᠢᠴᠤᠳ ᠢ ᠵᠢᠯᠤᠭᠤᠳᠤᠨ ᠣᠶᠤᠨᠴᠢ ᠪᠡᠷ ᠬᠦᠰᠡᠯ ᠱᠠᠭᠠᠷᠳᠠᠯᠭ᠎ᠠ ᠪᠡᠨ ᠲᠤᠰᠭᠠᠵᠤ᠂ ᠬᠠᠤᠯᠢ ᠶᠣᠰᠣᠭᠠᠷ ᠥᠪᠡᠷ ᠤᠨ ᠪᠡᠶ᠎ᠡ ᠶᠢᠨ ᠬᠠᠤᠯᠢ ᠶᠣᠰᠤᠨ ᠤ ᠡᠷᠬᠡ ᠠᠰᠢᠭ ᠢᠶᠡᠨ ᠬᠠᠮᠠᠭᠠᠯᠠᠵᠤ᠂ ᠡᠯ᠎ᠡ ᠭᠠᠵᠠᠷ ᠤᠨ ᠡᠮᠡᠭᠲᠠᠢᠴᠤᠳ ᠤᠨ ᠬᠣᠯᠪᠤᠭ᠎ᠠ ᠡᠷᠬᠡ ᠠᠰᠢᠭ ᠢᠶᠡᠨ ᠬᠠᠮᠠᠭᠠᠯᠠᠬᠤ ᠱᠠᠭᠠᠷᠳᠠᠯᠭ᠎ᠠ ᠲᠠᠢ ᠡᠮᠡᠭᠲᠠᠢᠴᠤᠳ ᠢ ᠬᠠᠯᠠᠮᠵᠢᠯᠠᠨ᠂ ᠨᠡᠢᠭᠡᠮ ᠤᠨ ᠡᠯ᠎ᠡ ᠡᠲᠡᠭᠡᠳ ᠤᠨ ᠡᠬᠢ  ᠪᠠᠶᠠᠯᠢᠭ ᠢ ᠳᠤᠬᠢᠷᠠᠭᠤᠯᠤᠨ᠂ ᠪᠤᠲᠠᠲᠠᠢ ᠬᠦᠴᠢᠷᠳᠡᠯ ᠲᠠᠢ ᠪᠠᠢᠭ᠎ᠠ ᠡᠮᠡᠭᠲᠠᠢᠴᠤᠳ ᠲᠤ  ᠴᠢᠳᠠᠬᠤ ᠶᠢᠨ ᠳᠣᠲᠤᠷ᠎ᠠ ᠬᠠᠪᠰᠤᠷᠤᠯᠭ᠎ᠠ ᠪᠠ ᠦᠢᠯᠡᠴᠢᠯᠡᠭᠡ ᠬᠠᠩᠭᠠᠨ᠎ᠠ᠃

ᠦᠨᠡᠯᠡᠬᠦ 0ᠦᠨᠡᠯᠡᠯᠲᠡ ᠲᠠᠢ


( ᠨᠧᠲ ᠨᠠᠢᠵᠠ ᠵᠢᠨ ᠦᠨᠡᠯᠡᠯᠲᠡ ᠨᠢ ᠵᠦᠪᠭᠡᠨ ᠲᠡᠭᠦᠨ ᠊ᠤ᠌ ᠬᠤᠪᠢ ᠭᠦᠮᠦᠨ ᠊ᠤ᠌ ᠦᠵᠡᠯᠲᠡ ᠲᠡᠳᠦᠢ᠂ ᠲᠤᠰ ᠨᠧᠲ ᠦᠷᠳᠡᠭᠡ ᠲᠡᠭᠦᠨ ᠊ᠤ᠌ ᠦᠵᠡᠯᠲᠡ ᠵᠢ ᠵᠦᠪᠰᠢᠶᠡᠷᠡᠭᠰᠡᠨ ᠶᠠᠪᠤᠳᠠᠯ ᠤᠭᠳᠤ ᠪᠢᠰᠢ ᠶᠤᠮ᠃ )