ᠨᠡᠢᠭᠡᠮ ᠵᠢᠷᠤᠮ ᠤᠨ ᠬᠠᠤᠯᠢ ᠪᠡᠷ ᠵᠠᠰᠠᠬᠤ ᠠᠵᠢᠯ ᠤᠨ ᠡᠩᠨᠡᠭᠡᠨ ᠤ ᠪᠦᠲᠦᠭᠡᠨ ᠪᠠᠢᠭᠤᠯᠤᠯᠲᠠ ᠵᠢ ᠴᠢᠩᠭᠠᠳᠭᠠᠵᠤ ᠰᠢᠭᠦᠭᠴᠢ ᠪᠠ ᠬᠠᠤᠯᠢᠴᠢ ᠵᠦᠢ ᠶᠣᠰᠤ ᠪᠡᠷ ᠬᠠᠷᠢᠯᠴᠠᠵᠤ ᠬᠠᠷᠢᠯᠴᠠᠨ ᠬᠠᠮᠲᠤᠷᠠᠯᠴᠠᠵᠤ
2017.05.24 ᠲᠣᠰ ᠥᠷᠲᠡᠭᠡᠨ᠎ᠦ ᠨᠠᠢᠷᠠᠭᠤᠯᠤᠭᠴᠢ

ᠨᠡᠢᠭᠡᠮ ᠵᠢᠷᠤᠮ ᠤᠨ ᠬᠠᠤᠯᠢ ᠪᠡᠷ ᠵᠠᠰᠠᠬᠤ ᠠᠵᠢᠯ ᠤᠨ ᠡᠩᠨᠡᠭᠡᠨ ᠤ ᠪᠦᠲᠦᠭᠡᠨ ᠪᠠᠢᠭᠤᠯᠤᠯᠲᠠ ᠵᠢ ᠴᠢᠩᠭᠠᠳᠭᠠᠵᠤ ᠰᠢᠭᠦᠭᠴᠢ ᠪᠠ  ᠬᠠᠤᠯᠢᠴᠢ ᠵᠦᠢ ᠶᠣᠰᠤ ᠪᠡᠷ ᠬᠠᠷᠢᠯᠴᠠᠵᠤ ᠬᠠᠷᠢᠯᠴᠠᠨ ᠬᠠᠮᠲᠤᠷᠠᠯᠴᠠᠵᠤ  ᠬᠠᠮᠲᠤᠪᠡᠷ ᠨᠡᠢᠭᠡᠮ ᠤᠨ ᠡᠷᠬᠡ ᠲᠡᠭᠰᠢ ᠵᠥᠪ ᠭᠣᠣᠯᠴᠢ ᠵᠢ ᠬᠠᠮᠠᠭᠠᠯᠠᠨ᠎ᠠ

 

    ᠨᠠᠮ ᠤᠨ  ᠠᠷᠪᠠᠨ ᠨᠠᠢ᠍ᠮᠠᠳᠤᠭᠠᠷ ᠶᠡᠬᠡ ᠬᠤᠷᠠᠯ ᠡᠴᠡ  ᠨᠠᠰᠢ᠂ ᠰᠢ ᠵᠢᠨ ᠫᠢᠩ ᠶᠡᠷᠦᠩᠬᠡᠢ ᠱᠦᠵᠢ ᠪᠡᠷ ᠲᠥᠪ ᠪᠣᠯᠭᠠᠭᠰᠠᠨ ᠨᠠᠮ ᠤᠨ ᠲᠥᠪ ᠬᠣᠷᠢᠶᠠᠨ ᠡᠴᠡ ᠨᠡᠢᠭᠡᠮ ᠵᠢᠷᠤᠮ ᠤᠨ ᠬᠠᠤᠯᠢ ᠪᠡᠷ ᠵᠠᠰᠠᠬᠤ ᠠᠵᠢᠯ ᠤᠨ ᠡᠩᠨᠡᠭᠡᠨ ᠤ ᠪᠦᠲᠦᠭᠡᠨ ᠪᠠᠢᠭᠤᠯᠤᠯᠲᠠ ᠵᠢ ᠳᠡᠭᠡᠳᠦ ᠬᠡᠮᠵᠢᠶ᠎ᠡ ᠪᠡᠷ ᠴᠢᠬᠤᠯᠠᠴᠢᠯᠠᠵᠤ᠂ ᠨᠠᠮ ᠤᠨ ᠠᠷᠪᠠᠨ ᠨᠠᠢ᠍ᠮᠠᠳᠤᠭᠠᠷ ᠬᠤᠭᠤᠴᠠᠭᠠᠨ ᠤ ᠳᠥᠷᠪᠡᠳᠦᠭᠡᠷ ᠪᠦᠭᠦᠳᠡ ᠬᠤᠷᠠᠯᠳᠤᠭᠠᠨ ᠳᠡᠭᠡᠷ᠎ᠡ ᠨᠡᠢᠭᠡᠮ ᠵᠢᠷᠤᠮ ᠤᠨ ᠬᠠᠤᠯᠢ ᠪᠡᠷ ᠵᠠᠰᠠᠬᠤ ᠠᠵᠢᠯ ᠤᠨ ᠡᠩᠨᠡᠭᠡᠨ ᠤ ᠪᠠᠢᠭᠤᠯᠤᠯᠲᠠ ᠵᠢ ᠴᠢᠩᠭᠠᠳᠬᠠᠬᠤ ᠲᠤᠬᠠᠢ ᠢᠯᠡ ᠲᠣᠳᠤᠷᠬᠠᠢ ᠴᠢᠭᠯᠡᠯ ᠪᠠ ᠱᠠᠭᠠᠷᠳᠠᠯᠭ᠎ᠠ ᠳᠤᠷᠠᠳᠪᠠ᠃ ᠨᠠᠮ ᠤᠨ ᠪᠠᠢᠯᠳᠤᠬᠤ ᠪᠣᠳᠤᠯᠭ᠎ᠠ ᠶᠢᠨ ᠪᠠᠢᠷᠢᠯᠠᠭᠤᠯᠤᠯᠲᠠ ᠵᠢ ᠭᠦᠨᠵᠡᠭᠡᠢ ᠨᠠᠢᠳᠠᠪᠤᠷᠢᠵᠢᠭᠤᠯᠵᠤ᠂ ᠬᠠᠤᠯᠢ ᠪᠡᠷ ᠤᠯᠤᠰ ᠢᠶᠡᠨ ᠵᠠᠰᠠᠬᠤ ᠵᠢ ᠪᠥᠬᠦ ᠲᠠᠯ᠎ᠠ ᠪᠡᠷ ᠠᠬᠢᠭᠤᠯᠵᠤ᠂ ᠨᠡᠢᠭᠡᠮ ᠵᠢᠷᠤᠮ ᠤᠨ ᠬᠠᠤᠯᠢ ᠪᠡᠷ ᠵᠠᠰᠠᠬᠤ ᠠᠵᠢᠯ ᠤᠨ ᠠᠩᠨᠡᠭᠡᠨ ᠤ ᠪᠠᠢᠭᠤᠯᠤᠯᠲᠠ ᠵᠢ ᠦᠨᠡᠨᠬᠦ ᠴᠢᠩᠭᠠᠳᠭᠠᠵᠤ᠂ ᠰᠢᠭᠦᠭᠴᠢ ᠪᠠ ᠬᠠᠤᠯᠢᠴᠢ ᠶᠢᠨ ᠵᠦᠢ ᠶᠣᠰᠤ ᠪᠡᠷ ᠬᠠᠷᠢᠯᠴᠠᠵᠤ᠂ ᠬᠠᠷᠢᠯᠴᠠᠨ ᠬᠠᠮᠲᠤᠷᠠᠯᠴᠠᠬᠤ ᠬᠠᠷᠢᠴᠠᠭ᠎ᠠ ᠵᠢ ᠴᠢᠷᠮᠠᠢᠨ ᠪᠠᠢᠭᠤᠯᠬᠤ ᠶᠢᠨ ᠲᠤᠯᠠᠳᠠ᠂5 ᠰᠠᠷ᠎ᠠ ᠶᠢᠨ19 ᠤ ᠦᠳᠠ ᠶᠢᠨ ᠬᠣᠢᠨ᠎ᠠ᠂ ᠳᠡᠭᠡᠳᠦ ᠵᠡᠷᠭᠡ ᠶᠢᠨ ᠰᠢᠭᠦᠬᠦ ᠬᠣᠷᠢᠶᠠᠨ ᠤ ᠭᠤᠷᠪᠠᠳᠤᠭᠠᠷ ᠲᠣᠭᠤᠷᠢᠨ ᠰᠢᠭᠦᠬᠦ ᠲᠢᠩᠬᠢᠮ  ᠵᠢᠶᠠᠩᠰᠤ ᠮᠤᠵᠢ ᠶᠢᠨ ᠨᠠᠨᠵᠢᠩ ᠬᠣᠲᠠᠨ ᠳᠤ ᠠᠩᠬ᠎ᠠ ᠤᠳᠠᠭᠠᠨ ᠤ ᠲᠣᠭᠤᠷᠢᠨ ᠪᠠᠢᠴᠠᠭᠠᠬᠤ ᠲᠣᠭᠤᠷᠢᠭ ᠤᠨ ᠬᠠᠤᠯᠢ ᠴᠠᠭᠠᠵᠠ ᠶᠢᠨ ᠲᠤᠪᠴᠢᠶ᠎ᠠ᠂ ᠬᠠᠤᠯᠢᠴᠢ  ᠶᠢᠨ ᠨᠡᠢᠭᠡᠮᠯᠢᠭ ᠲᠠᠢ ᠠᠵᠢᠯ ᠤᠨ ᠰᠠᠭᠤᠳᠠᠯ ᠤᠨ ᠬᠤᠷᠠᠯ ᠬᠢᠪᠡ᠃ ᠳᠡᠭᠡᠳᠦ ᠵᠡᠷᠭᠡ ᠶᠢᠨ ᠰᠢᠭᠦᠬᠦ ᠬᠣᠷᠢᠶᠠᠨ ᠤ ᠨᠠᠮ ᠤᠨ ᠤᠳᠤᠷᠢᠳᠬᠤ ᠳᠤᠭᠤᠢᠯᠠᠩ ᠤᠨ ᠳᠡᠳ᠋ ᠱᠦᠵᠢ᠂ ᠳᠡᠳ᠋ ᠬᠣᠷᠢᠶᠠᠨ ᠳᠠᠷᠤᠭ᠎ᠠ᠂ ᠭᠤᠷᠪᠠᠳᠤᠭᠠᠷ ᠲᠣᠭᠤᠷᠢᠨ ᠰᠢᠭᠦᠬᠦ ᠲᠢᠩᠬᠢᠮ ᠤᠨ ᠨᠠᠮ ᠤᠨ ᠤᠳᠤᠷᠢᠳᠬᠤ ᠳᠤᠭᠤᠢᠯᠠᠩ ᠤᠨ ᠱᠦᠵᠢ᠂ ᠲᠢᠩᠬᠢᠮ ᠤᠨ ᠳᠠᠷᠤᠭ᠎ᠠ ᠵᠢᠶᠠᠩ ᠪᠢ ᠰᠢᠨ ᠬᠤᠷᠠᠯ ᠳᠤ  ᠣᠷᠤᠯᠴᠠᠵᠤ ᠶᠠᠷᠢᠶ᠎ᠠ ᠲᠠᠯᠪᠢᠪᠠ᠃ ᠵᠢᠶᠠᠩ ᠪᠢ ᠰᠢᠨ ᠵᠢᠭᠠᠭᠰᠠᠨ ᠨᠢ᠂ ᠠᠷᠠᠳ ᠤᠨ ᠰᠢᠭᠦᠬᠦ ᠬᠣᠷᠢᠶᠠᠨ ᠡᠴᠡ ᠤᠯᠤᠰ ᠤᠨ ᠰᠢᠭᠦᠨ ᠳᠠᠰᠤᠯᠠᠬᠤ ᠡᠷᠬᠡ ᠵᠢ ᠶᠠᠪᠤᠭᠳᠠᠭᠤᠯᠬᠤ ᠨᠢ ᠨᠡᠢᠭᠡᠮ ᠤᠨ ᠲᠥᠪ ᠭᠣᠣᠯᠴᠢ ᠡᠷᠬᠡ ᠲᠡᠭᠰᠢ ᠵᠢ ᠬᠠᠮᠠᠭᠠᠯᠠᠬᠤ ᠶᠢᠨ ᠬᠠᠮᠤᠭ ᠡᠴᠦᠰ ᠤᠨ ᠬᠣᠷᠢᠭ᠎ᠠ ᠱᠤᠭᠤᠮ᠃ ᠬᠠᠤᠯᠢᠴᠢ ᠨᠢ ᠬᠠᠤᠯᠢ ᠪᠡᠷ ᠤᠯᠤᠰ ᠢᠶᠡᠨ ᠵᠠᠰᠠᠵᠤ᠂ ᠨᠡᠢᠭᠡᠮ ᠵᠢᠷᠤᠮ ᠤᠨ ᠬᠠᠤᠯᠢ ᠪᠡᠷ ᠵᠠᠰᠠᠬᠤ ᠤᠯᠤᠰ ᠢ ᠪᠦᠲᠦᠭᠡᠨ ᠪᠠᠢᠭᠤᠯᠬᠤ ᠵᠢ ᠪᠥᠬᠦ ᠲᠠᠯ᠎ᠠ ᠪᠠᠷ ᠠᠬᠢᠭᠤᠯᠬᠤ ᠶᠢᠨ ᠭᠣᠣᠯ ᠬᠦᠴᠦᠨ ᠪᠠᠢᠵᠤ᠂ ᠨᠡᠢᠭᠡᠮ ᠵᠢᠷᠤᠮ ᠤᠨ ᠬᠠᠤᠯᠢ ᠪᠡᠷ ᠵᠠᠰᠠᠬᠤ ᠡᠩᠨᠡᠭᠡᠨ ᠤ ᠴᠢᠬᠤᠯᠠ ᠪᠥᠷᠢᠯᠳᠡᠭᠦᠨ ᠬᠡᠰᠡᠭ ᠪᠣᠯᠤᠨ᠎ᠠ᠃ ᠬᠠᠤᠯᠢᠴᠢ ᠶᠢᠨ ᠵᠠᠭᠠᠯᠳᠤᠯᠭ᠎ᠠ  ᠳᠤ ᠤᠷᠤᠯᠴᠠᠬᠤ ᠨᠢ᠂ ᠠᠷᠠᠳ ᠤᠨ ᠰᠢᠭᠦᠬᠦ ᠬᠣᠷᠢᠶᠠᠨ ᠤ ᠰᠢᠭᠦᠨ ᠳᠠᠰᠤᠯᠠᠬᠤ ᠴᠢᠨᠠᠷ ᠪᠦᠲᠦᠮᠵᠢ᠂ ᠲᠥᠪ ᠭᠣᠣᠯᠴᠢ ᠪᠡᠷ ᠬᠠᠤᠯᠢ ᠬᠡᠷᠡᠭᠵᠢᠭᠦᠯᠬᠦ᠂ ᠬᠠᠤᠯᠢ ᠬᠡᠷᠡᠭᠵᠢᠭᠦᠯᠦᠯᠲᠡ ᠶᠢᠨ ᠲᠣᠭᠲᠠᠴᠠ ᠶᠢᠨ ᠥᠭᠡᠷᠡᠴᠢᠯᠡᠯᠲᠡ ᠵᠢ ᠭᠦᠨᠵᠡᠭᠡᠢᠷᠡᠭᠦᠯᠬᠦ᠂ ᠲᠥᠪ ᠭᠣᠣᠯᠴᠢ ᠥᠨᠳᠦᠷ ᠪᠦᠲᠦᠮᠵᠢ ᠲᠠᠢ ᠨᠡᠢᠭᠡᠮ ᠵᠢᠷᠤᠮ ᠤᠨ ᠬᠠᠤᠯᠢ ᠴᠠᠭᠠᠵᠠ ᠶᠢᠨ ᠲᠣᠭᠲᠠᠴᠠ ᠵᠢ ᠪᠦᠲᠦᠭᠡᠨ ᠪᠠᠢᠭᠤᠯᠬᠤ ᠵᠢ ᠲᠦᠷᠭᠡᠳᠭᠡᠬᠦ ᠳᠤ ᠴᠢᠬᠤᠯᠠ ᠤᠳᠬ᠎ᠠ ᠠᠭᠤᠯᠭ᠎ᠠ ᠲᠠᠢ᠃ ᠰᠢᠭᠦᠭᠴᠢ ᠪᠠ ᠬᠠᠤᠯᠢᠴᠢ ᠶᠢᠨ ᠰᠢᠨᠵᠢ ᠴᠢᠨᠠᠷ᠂ ᠬᠠᠷᠢᠭᠤᠴᠠᠯᠭ᠎ᠠ᠂ ᠠᠵᠢᠯ ᠤᠨ ᠬᠤᠪᠢᠶᠠᠷᠢ ᠨᠢ ᠠᠳᠠᠯᠢ ᠦᠭᠡᠢ ᠪᠣᠯᠪᠠᠴᠤ ᠴᠥᠮ ᠨᠡᠢᠭᠡᠮ ᠵᠢᠷᠤᠮ ᠤᠨ ᠬᠠᠤᠯᠢ ᠪᠡᠷ ᠵᠠᠰᠠᠬᠤ ᠡᠩᠨᠡᠭᠡᠨ ᠤ ᠴᠢᠬᠤᠯᠠ ᠪᠥᠷᠢᠯᠳᠡᠭᠦᠨ ᠬᠡᠰᠡᠭ ᠪᠠᠢᠵᠤ᠂ ᠴᠥᠮ ᠨᠡᠢᠭᠡᠮ ᠵᠢᠷᠤᠮᠲᠤ ᠬᠠᠤᠯᠢ ᠪᠡᠷ ᠵᠠᠰᠠᠬᠤ ᠤᠯᠤᠰ ᠤᠨ ᠪᠦᠲᠦᠭᠡᠨ ᠪᠠᠢᠭᠤᠯᠤᠭᠴᠢ ᠪᠠᠢᠵᠤ᠂  ᠮᠥᠷᠦᠨ ᠳᠤ ᠪᠡᠨ ᠬᠠᠮᠲᠤ ᠶᠢᠨ ᠬᠠᠷᠢᠭᠤᠴᠠᠯᠭ᠎ᠠ᠂ ᠬᠠᠮᠲᠤ ᠶᠢᠨ ᠡᠭᠦᠷᠭᠡ ᠵᠢ ᠬᠦᠯᠢᠶᠡᠵᠦ᠂ ᠬᠠᠷᠢᠯᠴᠠᠨ ᠬᠦᠨᠳᠦᠳᠭᠡᠵᠦ᠂ ᠬᠦᠴᠦᠨ ᠢᠶᠡᠨ ᠬᠠᠮᠳᠤᠳᠬᠠᠨ ᠲᠤᠬᠠᠢ ᠶᠢᠨ ᠬᠥᠮᠦᠨ ᠤ ᠬᠠᠤᠯᠢ ᠶᠣᠰᠤᠨ ᠤ ᠡᠷᠬᠡ ᠠᠰᠢᠭ ᠢ ᠬᠠᠮᠠᠭᠠᠯᠠᠵᠤ᠂ ᠬᠠᠤᠯᠢ ᠴᠠᠭᠠᠵᠠ ᠵᠢ ᠵᠥᠪ ᠬᠡᠷᠡᠭᠵᠢᠭᠦᠯᠬᠦ ᠵᠢ ᠪᠠᠲᠤᠯᠠᠨ᠂ ᠨᠡᠢᠭᠡᠮ ᠤᠨ ᠠᠮᠤᠷ ᠳᠤᠭᠳᠠᠭᠤᠨ ᠢ ᠬᠠᠮᠠᠭᠠᠯᠠᠪᠠᠯ ᠵᠣᠬᠢᠨ᠎ᠠ᠃ ᠥᠨᠳᠦᠷ ᠬᠡᠪ ᠰᠤᠷᠲᠠᠯ ᠲᠠᠢ ᠬᠠᠤᠯᠢ ᠪᠡᠷ ᠵᠠᠰᠠᠬᠤ ᠠᠵᠢᠯ ᠤᠨ ᠡᠩᠨᠡᠭᠡ ᠵᠢ ᠪᠦᠲᠦᠭᠡᠨ ᠪᠠᠢᠭᠤᠯᠬᠤ ᠳᠤ᠂ ᠦᠵᠡᠯ ᠰᠠᠨᠠᠭ᠎ᠠ ᠤᠯᠤᠰ ᠲᠥᠷᠦ ᠶᠢᠨ ᠪᠦᠲᠦᠭᠡᠨ  ᠪᠠᠢᠭᠤᠯᠤᠯᠲᠠ ᠵᠢ ᠲᠡᠷᠢᠭᠦᠨ ᠪᠠᠢᠷᠢᠨ ᠳᠤ ᠲᠠᠯᠪᠢᠵᠤ᠂  ᠬᠦᠰᠡᠯᠡᠩ ᠪᠠ ᠢᠲᠡᠭᠡᠯ ᠵᠣᠷᠢᠭ ᠤᠨ ᠬᠥᠮᠦᠵᠢᠯ ᠢ ᠴᠢᠩᠭᠠᠳᠭᠠᠨ᠎ᠠ᠃ ᠰᠢᠭᠦᠭᠴᠢ ᠪᠠ ᠬᠠᠤᠯᠢᠴᠢ ᠬᠤᠶᠠᠷ ᠠᠵᠢᠯ ᠲᠥᠷᠦᠯ ᠤᠨ ᠬᠥᠮᠦᠰ ᠤᠨ ᠬᠣᠭᠤᠷᠤᠨᠳᠤᠬᠢ ᠬᠡᠪ ᠤᠨ ᠬᠠᠷᠢᠯᠴᠠᠭ᠎ᠠ᠂ ᠵᠦᠢ ᠵᠣᠬᠢᠰᠲᠠᠢ ᠬᠠᠮᠲᠤᠷᠠᠯᠴᠠᠬᠤ ᠬᠠᠷᠢᠴᠠᠭ᠎ᠠ ᠵᠢ ᠢᠳᠡᠪᠬᠢᠲᠠᠢ ᠪᠡᠷ ᠵᠣᠬᠢᠶᠠᠨ ᠪᠠᠢᠭᠤᠯᠵᠤ᠂ ᠤᠷᠢᠳᠠᠪᠠᠷ ᠪᠠᠲᠤ ᠴᠢᠩᠭ᠎ᠠ ᠬᠠᠮᠲᠤ ᠶᠢᠨ ᠲᠤᠬᠠᠢᠯᠠᠭᠰᠠᠨ ᠠᠵᠢᠯ ᠤᠨ ᠡᠭᠦᠷᠭᠡ ᠵᠢ ᠪᠤᠢ ᠪᠣᠯᠭᠠᠨ᠎ᠠ᠄ ᠨᠢᠭᠡ ᠳᠤ ᠬᠠᠮᠲᠤᠪᠡᠷ ᠲᠤᠬᠠᠢ ᠶᠢᠨ ᠬᠥᠮᠦᠨ ᠤ ᠬᠠᠤᠯᠢ ᠶᠣᠰᠤᠨ ᠤ ᠡᠷᠬᠡ ᠠᠰᠢᠭ ᠢ ᠬᠠᠮᠠᠭᠠᠯᠠᠵᠤ᠂ ᠠᠷᠠᠳ ᠲᠦᠮᠡᠨ ᠢ ᠬᠠᠤᠯᠢ ᠬᠡᠷᠡᠭᠵᠢᠭᠦᠯᠦᠭᠰᠡᠨ ᠬᠡᠷᠡᠭ ᠨᠢᠭᠡᠪᠦᠷᠢ ᠡᠴᠡ ᠲᠥᠪ ᠭᠣᠣᠯᠴᠢ ᠡᠷᠬᠡ ᠳᠡᠭᠰᠢ ᠵᠢ ᠣᠯᠵᠤ ᠮᠡᠳᠡᠷᠡᠬᠦ ᠬᠠᠷᠠᠯᠲᠠ ᠵᠢ ᠴᠢᠷᠮᠠᠢᠨ ᠪᠡᠶᠡᠯᠡᠭᠦᠯᠦᠨ᠎ᠡ᠃ ᠬᠤᠶᠠᠷ ᠲᠤ ᠮᠠᠷᠭᠤᠯᠳᠤᠭᠠᠨ ᠢ ᠬᠠᠮᠲᠤᠪᠡᠷ ᠨᠠᠮᠵᠢᠭᠤᠯᠵᠤ᠂ ᠵᠥᠷᠢᠴᠡᠯ ᠢ ᠬᠠᠮᠲᠤᠪᠡᠷ ᠠᠷᠢᠯᠭᠠᠨ᠂ ᠤᠯᠤᠰ ᠭᠡᠷ ᠤᠨ ᠠᠮᠤᠷ  ᠳᠥᠪᠰᠢᠨ᠂ ᠨᠡᠢᠭᠡᠮ ᠤᠨ ᠡᠶ᠎ᠡ ᠨᠠᠢᠷᠠᠮᠳᠠᠭᠤ ᠠᠮᠤᠷ ᠳᠤᠭᠲᠠᠭᠤᠨ᠂ ᠠᠮᠤᠷ ᠳᠥᠪᠰᠢᠨ ᠳᠤᠮᠳᠠᠳᠤ ᠤᠯᠤᠰ ᠢ ᠪᠠᠢᠭᠤᠯᠬᠤ ᠵᠢ ᠠᠬᠢᠭᠤᠯᠤᠨ᠎ᠠ᠃ ᠭᠤᠷᠪᠠ ᠳᠤ ᠵᠠᠷᠢᠮ ᠬᠡᠷᠡᠭ ᠤᠨ ᠲᠥᠪ ᠭᠣᠣᠯᠴᠢ ᠵᠢ《 ᠢᠯᠡᠷᠡᠭᠦᠯᠬᠦ》 ᠪᠣᠯᠤᠨ ᠳᠦᠷᠢᠮ ᠳᠤᠭᠲᠠᠭᠠᠯ  ᠢ ᠲᠠᠭᠦᠯᠳᠡᠷᠵᠢᠭᠦᠯᠬᠦ ᠪᠡᠷ ᠳᠠᠮᠵᠢᠭᠤᠯᠤᠨ᠂ ᠳᠤᠭᠲᠠᠴᠠ ᠶᠢᠨ ᠲᠥᠪ ᠭᠣᠣᠯᠴᠢ ᠪᠠ ᠬᠠᠤᠯᠢ ᠴᠠᠭᠠᠵᠠ ᠶᠢᠨ ᠡᠷᠬᠡ ᠲᠡᠭᠰᠢ ᠵᠢ ᠪᠡᠶᠡᠯᠡᠭᠦᠯᠦᠨ᠎ᠡ᠃ ᠳᠥᠷᠪᠡ ᠳᠤ ᠬᠠᠤᠯᠢ ᠪᠡᠷ ᠵᠠᠰᠠᠬᠤ ᠳᠤᠮᠳᠠᠳᠤ ᠤᠯᠤᠰ ᠤᠨ ᠪᠦᠲᠦᠭᠡᠨ ᠪᠠᠢᠭᠤᠯᠤᠯᠲᠠ ᠵᠢ ᠬᠠᠮᠲᠤᠪᠡᠷ ᠠᠬᠢᠭᠤᠯᠵᠤ᠂ ᠳᠤᠮᠳᠠᠳᠤ ᠤᠯᠤᠰ ᠤᠨ ᠣᠨᠴᠠᠯᠢᠭ ᠲᠠᠢ ᠨᠡᠢᠭᠡᠮ ᠵᠢᠷᠤᠮ ᠢ ᠪᠡᠶᠡᠯᠡᠭᠦᠯᠬᠦ ᠳᠤ ᠨᠡᠩ ᠰᠠᠢᠨ ᠬᠠᠤᠯᠢ ᠴᠠᠭᠠᠵᠠ ᠶᠢᠨ ᠦᠢᠯᠡᠴᠢᠯᠡᠭᠡ ᠪᠣᠯᠤᠨ ᠬᠠᠤᠯᠢ ᠴᠠᠭᠠᠵᠠ ᠶᠢᠨ ᠪᠠᠲᠤᠯᠠᠭ᠎ᠠ ᠬᠠᠩᠭᠠᠨ᠎ᠠ᠃

     ᠵᠢᠶᠠᠩ ᠪᠢ ᠰᠢᠨ ᠴᠢᠩᠭᠠᠳᠬᠠᠬᠤ ᠳᠤ ᠪᠡᠨ᠂ ᠰᠢᠭᠦᠭᠴᠢ ᠪᠠ ᠬᠠᠤᠯᠢᠴᠢ  ᠬᠤᠶᠠᠷ ᠲᠤᠬᠠᠢᠯᠠᠭᠰᠠᠨ ᠠᠵᠢᠯ ᠤᠨ ᠬᠥᠮᠦᠰ ᠤᠨ ᠬᠣᠭᠤᠷᠤᠨᠳᠤᠬᠢ ᠬᠡᠪ ᠤᠨ ᠠᠵᠢᠯ ᠤᠨ ᠬᠠᠷᠢᠴᠠᠭ᠎ᠠ ᠵᠢ ᠴᠢᠷᠮᠠᠢᠨ ᠪᠠᠢᠭᠤᠯᠤᠨ᠎ᠠ᠄ ᠵᠥᠪ ᠤᠨᠤᠪᠴᠲᠠᠢ ᠪᠡᠷ ᠬᠠᠤᠯᠢ ᠬᠡᠷᠡᠭᠵᠢᠭᠦᠯᠬᠦ᠂ ᠵᠥᠪ ᠣᠨᠤᠪᠴᠢᠲᠠᠢ ᠪᠡᠷ ᠦᠨᠡᠨ ᠮᠥᠨ ᠢ ᠢᠯᠡᠷᠡᠭᠦᠯᠬᠦ ᠲᠤᠰᠭᠠᠢᠵᠢᠭᠰᠠᠨ《 ᠰᠢᠭᠦᠬᠦ》《 ᠥᠮᠦᠭᠯᠡᠬᠦ》 ᠬᠠᠷᠢᠴᠠᠭ᠎ᠠ ᠵᠢ ᠪᠤᠢ ᠪᠣᠯᠭᠠᠨ᠎ᠠ᠃ ᠢᠯᠡ ᠲᠣᠳᠤ ᠠᠷᠢᠭᠤᠨ ᠴᠡᠪᠡᠷ᠂ ᠡᠶ᠎ᠡ ᠨᠠᠢᠷᠠᠮᠳᠤᠭᠤ《 ᠬᠠᠷᠢᠯᠴᠠᠬᠤ》 ᠶᠢᠨ《 ᠠᠷᠢᠭᠤᠨ》《 ᠨᠠᠢᠷᠠᠮᠳᠤᠭᠤ》 ᠬᠠᠷᠢᠴᠠᠭ᠎ᠠ ᠵᠢ ᠪᠤᠢ ᠪᠣᠯᠭᠠᠨ᠎ᠠ᠃ ᠬᠠᠷᠢᠯᠴᠠᠨ ᠬᠦᠨᠳᠦᠳᠭᠡᠵᠦ᠂ ᠰᠠᠭᠠᠳ ᠦᠭᠡᠢ ᠬᠠᠷᠢᠯᠴᠠᠬᠤ ᠰᠠᠢᠨ ᠰᠠᠢᠬᠠᠨ ᠬᠠᠷᠢᠴᠠᠭ᠎ᠠ ᠵᠢ ᠪᠠᠢᠭᠤᠯᠤᠨ᠎ᠠ᠃ ᠰᠠᠢᠨ ᠰᠠᠢᠬᠠᠨ ᠠᠵᠢᠯ ᠤᠨ ᠳᠤᠭᠲᠠᠴᠠ ᠵᠢ ᠴᠢᠷᠮᠠᠢᠨ ᠪᠠᠢᠭᠤᠯᠤᠨ᠎ᠠ᠄《 ᠶᠡᠬᠡ ᠨᠢᠭᠡᠲᠦᠯ》 ᠢ ᠵᠣᠬᠢᠶᠠᠨ ᠪᠠᠢᠭᠤᠯᠬᠤ ᠲᠣᠬᠢᠷᠠᠭᠤᠯᠤᠯᠲᠠ ᠶᠢᠨ ᠣᠢᠯᠭᠠᠭᠳᠠᠬᠤᠨ ᠪᠡᠷ ᠵᠢᠯᠤᠭᠤᠳᠤᠯᠭ᠎ᠠ ᠪᠣᠯᠭᠠᠨ᠂ ᠰᠢᠨᠵᠢᠯᠡᠬᠦ ᠤᠬᠠᠭᠠᠨᠴᠢᠯᠠᠭᠰᠠᠨ ᠵᠠᠭᠠᠯᠳᠤᠯᠭ᠎ᠠ ᠶᠢᠨ ᠳᠤᠭᠲᠠᠴᠠ ᠵᠢ ᠪᠠᠢᠭᠤᠯᠤᠨ ᠪᠦᠷᠢᠳᠦᠭᠦᠯᠬᠦ ᠵᠢ ᠠᠬᠢᠭᠤᠯᠤᠨ᠎ᠠ᠃ ᠰᠢᠭᠦᠯᠲᠡ ᠶᠢᠨ ᠡᠮᠦᠨᠡᠬᠢ ᠬᠤᠷᠠᠯ ᠤᠨ ᠳᠤᠭᠲᠠᠴᠠ ᠪᠠ ᠬᠢᠵᠠᠭᠠᠷᠯᠠᠬᠤ ᠴᠢᠨᠠᠷᠲᠠᠢ ᠵᠠᠭᠠᠯᠳᠤᠵᠤ ᠬᠠᠷᠢᠭᠤᠯᠬᠤ ᠳᠤᠭᠲᠠᠴᠠ ᠵᠢ ᠪᠠᠢᠭᠤᠯᠵᠤ᠂ ᠲᠢᠩᠬᠢᠮ ᠤᠨ ᠡᠮᠦᠨᠡᠬᠢ ᠶᠠᠪᠤᠴᠠ ᠶᠢᠨ ᠦᠢᠯᠡᠳᠦᠯ ᠢ ᠳᠡᠭᠡᠭᠰᠢᠯᠡᠭᠦᠯᠦᠨ᠎ᠡ᠃ ᠵᠠᠭᠠᠯᠳᠤᠯᠭ᠎ᠠ ᠶᠢᠨ ᠠᠵᠢᠯᠠᠯᠭ᠎ᠠ ᠵᠢ ᠦᠨᠡᠯᠡᠬᠦ ᠳᠤᠭᠲᠠᠴᠠ ᠵᠢ ᠪᠠᠢᠭᠤᠯᠵᠤ᠂ ᠵᠠᠭᠠᠯᠳᠤᠯᠭ᠎ᠠ ᠶᠢᠨ ᠰᠦᠢᠳᠭᠡᠯ ᠢ ᠬᠤᠷᠢᠶᠠᠬᠤ ᠳᠤᠭᠲᠠᠴᠠ ᠵᠢ ᠰᠠᠢᠵᠢᠷᠠᠭᠤᠯᠤᠨ᠎ᠠ᠃ ᠬᠠᠤᠯᠢᠴᠢ ᠶᠢᠨ ᠰᠦᠢᠳᠭᠡᠯ ᠬᠤᠷᠢᠶᠠᠬᠤ ᠵᠢ ᠵᠣᠷᠢᠭᠵᠢᠭᠤᠯᠬᠤ ᠳᠤᠭᠲᠠᠴᠠ ᠵᠢ ᠪᠠᠢᠭᠤᠯᠵᠤ᠂ ᠬᠠᠤᠯᠢᠴᠢ ᠶᠢᠨ ᠬᠡᠷᠡᠭ ᠢ ᠡᠶᠡᠳᠡᠭᠦᠯᠬᠦ ᠶᠢᠨ ᠬᠥᠳᠡᠯᠭᠡᠬᠦ ᠬᠦᠴᠦᠨ ᠢ ᠨᠡᠮᠡᠭᠳᠡᠭᠦᠯᠦᠨ᠎ᠡ᠃ ᠡᠶ᠎ᠡ ᠨᠠᠢᠷᠠᠮᠳᠠᠭᠤ ᠲᠤᠬᠠᠢᠯᠠᠭᠰᠠᠨ ᠠᠵᠢᠯ ᠤᠨ ᠣᠷᠴᠢᠨ ᠴᠢᠷᠮᠠᠢᠨ ᠪᠤᠢ ᠪᠣᠯᠭᠠᠨ᠎ᠠ᠄ ᠬᠠᠷᠢᠯᠴᠠᠨ ᠣᠢᠯᠭᠠᠵᠤ᠂ ᠬᠠᠷᠢᠯᠴᠠᠨ ᠬᠦᠨᠳᠦᠳᠭᠡᠵᠦ᠂ ᠬᠠᠷᠢᠯᠴᠠᠨ ᠬᠠᠪᠰᠤᠷᠠᠯᠴᠠᠨ᠂ ᠬᠠᠷᠢᠯᠴᠠᠨ ᠶᠠᠷᠢᠯᠴᠠᠵᠤ᠂ ᠬᠠᠷᠢᠯᠴᠠᠨ ᠠᠭᠤᠴᠢᠯᠠᠵᠤ᠂ ᠬᠠᠷᠢᠯᠴᠠᠨ ᠬᠠᠨᠢᠯᠲᠠ ᠲᠠᠯᠪᠢᠬᠤ ᠣᠷᠴᠢᠨ ᠠᠬᠤᠢ ᠪᠤᠢ ᠪᠣᠯᠬᠤ ᠵᠢ ᠠᠬᠢᠭᠤᠯᠬᠤ ᠪᠠ ᠪᠠᠲᠤᠳᠭᠠᠨ᠎ᠠ᠃

     ᠵᠢᠶᠠᠩ ᠪᠢ ᠰᠢᠨ ᠢᠯᠡᠷᠬᠡᠢᠯᠡᠬᠦ ᠳᠤ ᠪᠡᠨ᠂ ᠬᠤᠷᠠᠯ ᠳᠤ ᠣᠷᠤᠯᠴᠠᠭᠰᠠᠨ ᠲᠥᠯᠦᠭᠡᠯᠡᠭᠴᠢᠳ ᠤᠨ  ᠭᠤᠷᠪᠠᠳᠤᠭᠠᠷ ᠤᠳᠠᠭᠠᠨ ᠤ ᠲᠣᠭᠤᠷᠢᠨ ᠰᠢᠭᠦᠬᠦ ᠲᠢᠩᠬᠢᠮ ᠤᠨ ᠠᠵᠢᠯ ᠳᠤ ᠠᠩᠬᠠᠷᠤᠯ  ᠲᠠᠯᠪᠢᠭᠰᠠᠨ ᠪᠣᠯᠤᠨ ᠳᠡᠮᠵᠢᠯᠭᠡ ᠦᠵᠡᠭᠦᠯᠦᠭᠰᠡᠨ ᠳᠤ ᠲᠠᠯᠠᠷᠬᠠᠵᠤ ᠪᠠᠢᠨ᠎ᠠ᠃ ᠪᠢᠲᠡ ᠬᠤᠷᠠᠯ ᠳᠤ ᠣᠷᠤᠯᠴᠠᠭᠰᠠᠨ ᠲᠥᠯᠦᠭᠡᠯᠡᠭᠴᠢ ᠶᠢᠨ ᠳᠤᠷᠠᠳᠤᠭᠰᠠᠨ ᠰᠠᠨᠠᠯ ᠰᠠᠨᠠᠭᠤᠯᠭ᠎ᠠ ᠵᠢ ᠬᠢᠨᠠᠮᠠᠭᠠᠢ  ᠬᠤᠷᠢᠶᠠᠩᠭᠤᠢᠯᠠᠨ ᠰᠤᠳᠤᠯᠠᠵᠤ᠂ ᠰᠢᠭᠦᠭᠴᠢ ᠪᠠ ᠬᠠᠤᠯᠢᠴᠢ ᠶᠢᠨ ᠬᠡᠪ ᠤᠨ ᠶᠠᠪᠤᠯᠴᠠᠭ᠎ᠠ᠂ ᠡᠩ ᠤᠨ ᠬᠠᠷᠢᠴᠠᠭ᠎ᠠ ᠵᠢ ᠪᠠᠢᠭᠤᠯᠬᠤ ᠵᠢ ᠤᠯᠠᠮ ᠨᠢᠭᠡ ᠠᠯᠬᠤᠮ ᠠᠬᠢᠭᠤᠯᠵᠤ᠂ ᠨᠠᠮ ᠤᠨ ᠲᠥᠪ ᠬᠣᠷᠢᠶᠠᠨ ᠤ ᠳᠡᠭᠡᠳᠦ ᠵᠡᠷᠭᠡ ᠶᠢᠨ ᠰᠢᠭᠦᠬᠦ ᠬᠣᠷᠢᠶᠠᠨ ᠤ ᠲᠣᠭᠤᠷᠢᠨ ᠰᠢᠭᠦᠬᠦ ᠲᠢᠩᠬᠢᠮ ᠤᠨ ᠥᠭᠡᠷᠡᠴᠢᠯᠡᠯᠲᠡ ᠶᠢᠨ ᠪᠠᠢᠷᠢᠯᠠᠭᠤᠯᠤᠯᠲᠠ ᠵᠢ ᠨᠠᠢᠳᠠᠪᠤᠷᠢᠵᠢᠭᠤᠯᠬᠤ ᠶᠢᠨ ᠲᠤᠯᠠᠲᠠ᠂ ᠬᠠᠤᠯᠢᠴᠢ ᠶᠢᠨ ᠲᠤᠬᠠᠢᠯᠠᠭᠰᠠᠨ ᠠᠵᠢᠯ ᠤᠨ ᠡᠷᠬᠡ ᠠᠰᠢᠭ ᠢ ᠬᠠᠤᠯᠢ ᠶᠣᠰᠣᠭᠠᠷ ᠪᠠᠲᠤᠯᠠᠵᠤ᠂ ᠲᠤᠬᠠᠢᠯᠠᠭᠰᠠᠨ ᠠᠵᠢᠯ ᠤᠨ ᠦᠢᠯᠡ ᠠᠵᠢᠯᠠᠯᠭ᠎ᠠ ᠵᠢ ᠳᠦᠷᠢᠮᠵᠢᠭᠦᠯᠦᠨ᠂ ᠬᠠᠤᠯᠢ ᠪᠡᠷ ᠤᠯᠤᠰ ᠢᠶᠡᠨ ᠵᠠᠰᠠᠬᠤ  ᠵᠢ ᠪᠥᠬᠦ ᠲᠠᠯ᠎ᠠ ᠪᠡᠷ ᠠᠬᠢᠭᠤᠯᠬᠤ ᠳᠤ ᠬᠦᠴᠦ ᠪᠡᠨ ᠡᠷᠭᠦᠨ᠎ᠡ᠃

     ᠰᠠᠭᠤᠳᠠᠯ ᠤᠨ ᠬᠤᠷᠠᠯ ᠢ ᠠᠷᠠᠳ ᠤᠨ ᠳᠡᠭᠡᠳᠦ ᠵᠡᠷᠭᠡ ᠶᠢᠨ ᠰᠢᠭᠦᠬᠦ ᠬᠣᠷᠢᠶᠠᠨ ᠤ ᠭᠤᠷᠪᠠᠳᠤᠭᠠᠷ ᠲᠣᠭᠤᠷᠢᠨ ᠰᠢᠭᠦᠬᠦ ᠲᠢᠩᠬᠢᠮ ᠤᠨ ᠰᠠᠯᠪᠤᠷᠢ ᠨᠠᠮ ᠤᠨ ᠤᠳᠤᠷᠢᠳᠬᠤ ᠪᠠᠭ ᠤᠨ ᠳᠡᠳ᠋ ᠱᠦᠵᠢ᠂ ᠳᠡᠳ᠋ ᠬᠣᠷᠢᠶᠠᠨ ᠳᠠᠷᠤᠭ᠎ᠠ ᠸᠠᠩ ᠰᠢᠦ ᠭᠤᠸᠠᠩ ᠡᠴᠡ ᠡᠷᠬᠢᠯᠡᠪᠡ᠃ ᠬᠠᠤᠯᠢ ᠴᠠᠭᠠᠵᠠ ᠶᠢᠨ ᠶᠠᠮᠤᠨ ᠤ ᠬᠠᠤᠯᠢᠴᠢ ᠶᠢᠨ ᠠᠯᠪᠠᠨ ᠬᠡᠷᠡᠴᠢᠯᠡᠭᠡ ᠶᠢᠨ ᠠᠵᠢᠯ ᠢ ᠵᠢᠯᠤᠭᠤᠳᠬᠤ ᠭᠠᠵᠠᠷ ᠤᠨ ᠳᠡᠳ᠋ ᠳᠠᠷᠤᠭ᠎ᠠ ᠵᠠᠩ ᠶᠤᠸᠠᠢ ᠵᠸᠩ᠂ ᠳᠤᠮᠳᠠᠳᠤ ᠶᠢᠨ ᠪᠥᠬᠦ ᠤᠯᠤᠰ ᠤᠨ ᠬᠠᠤᠯᠢᠴᠢ ᠶᠢᠨ ᠨᠡᠢᠭᠡᠮᠯᠢᠭ ᠤᠨ ᠨᠠᠮ ᠤᠨ ᠤᠳᠤᠤᠷᠢᠳᠬᠤ ᠳᠤᠭᠤᠢᠯᠠᠩ ᠤᠨ ᠬᠡᠰᠢᠭᠦᠨ᠂ ᠳᠡᠳ᠋ ᠨᠡᠢᠭᠡᠮᠯᠢᠭ ᠤᠨ ᠳᠠᠷᠤᠭ᠎ᠠ ᠯᠢᠦᠢ ᠬᠣᠩ ᠪᠢᠩ᠂ ᠵᠢᠶᠠᠩᠰᠦ᠂ ᠱᠠᠩᠬᠠᠢ᠂ ᠵᠸᠵᠢᠶᠠᠩ᠂ ᠹᠦᠵᠢᠶᠠᠨ᠂ ᠵᠢᠶᠠᠩᠱᠢ ᠲᠠᠪᠤᠨ ᠮᠤᠵᠢ ᠬᠣᠲᠠ ᠶᠢᠨ ᠬᠠᠤᠯᠢ ᠴᠠᠭᠠᠵᠠ ᠶᠢᠨ ᠲᠢᠩᠬᠢᠮ( ᠲᠣᠪᠴᠢᠶ᠎ᠠ) ᠤᠨ ᠵᠢᠴᠢ ᠬᠠᠤᠯᠢᠴᠢ ᠶᠢᠨ ᠨᠡᠢᠭᠡᠮᠯᠢᠭ ᠤᠨ ᠬᠠᠷᠢᠭᠤᠴᠠᠯᠭᠠᠲᠠᠨ᠂ ᠭᠤᠷᠪᠠᠳᠤᠭᠠᠷ ᠲᠣᠭᠤᠷᠢᠨ ᠰᠢᠭᠦᠬᠦ ᠲᠢᠩᠬᠢᠮ ᠤᠨ ᠰᠠᠯᠪᠤᠷᠢ ᠨᠠᠮ ᠤᠨ ᠤᠳᠤᠷᠢᠳᠬᠤ ᠪᠠᠭ ᠤᠨ ᠬᠡᠰᠢᠭᠦᠨ᠂ ᠳᠡᠳ᠋ ᠲᠢᠩᠬᠢᠮ ᠤᠨ ᠳᠠᠷᠤᠭ᠎ᠠ  ᠢᠦᠢ ᠵᠸᠩ ᠫᠢᠩ᠂ ᠪᠥᠬᠦ ᠭᠣᠣᠯᠯᠠᠭᠴᠢ ᠰᠢᠭᠦᠭᠴᠢ ᠵᠢᠴᠢ ᠶᠡᠷᠦᠩᠬᠡᠢᠯᠡᠭᠰᠡᠨ ᠠᠯᠪᠠᠨ ᠭᠡᠷ᠂ ᠵᠠᠭᠠᠯᠳᠤᠯᠭ᠎ᠠ ᠶᠢᠨ ᠦᠢᠯᠡᠴᠢᠯᠡᠭᠡᠨ ᠤ ᠲᠥᠪ ᠤᠨ ᠬᠠᠷᠢᠭᠤᠴᠠᠯᠭᠠᠲᠠᠨ ᠨᠠᠷ ᠰᠠᠭᠤᠳᠠᠯ ᠤᠨ ᠬᠤᠷᠠᠯ ᠳᠤ ᠣᠷᠤᠯᠴᠠᠪᠠ᠃

ᠦᠨᠡᠯᠡᠬᠦ 0ᠦᠨᠡᠯᠡᠯᠲᠡ᠎ᠲᠠᠢ


( ᠨᠧᠲ ᠨᠠᠢᠵᠠ ᠵᠢᠨ ᠦᠨᠡᠯᠡᠯᠲᠡ᠎ᠨᠢ ᠵᠦᠪᠭᠡᠨ ᠲᠡᠭᠦᠨ ᠊ᠤ᠌ ᠬᠤᠪᠢ ᠭᠦᠮᠦᠨ ᠊ᠤ᠌ ᠦᠵᠡᠯᠲᠡ ᠲᠡᠳᠦᠢ᠂ ᠲᠤᠰ ᠨᠧᠲ ᠦᠷᠳᠡᠭᠡ ᠲᠡᠭᠦᠨ ᠊ᠤ᠌ ᠦᠵᠡᠯᠲᠡ ᠵᠢ ᠵᠦᠪᠱᠢᠶᠡᠷᠡᠭᠰᠡᠨ ᠶᠠᠪᠤᠳᠠᠯ ᠤᠭᠳᠤ ᠪᠢᠱᠢ᠎ᠶᠤᠮ᠃ )