ᠠᠯᠤᠰ ᠡᠴᠡ ᠳᠦᠷᠰᠦ ᠪᠢᠴᠢᠯᠭᠡ ᠪᠡᠷ ᠰᠤᠷᠪᠤᠯᠵᠢᠯᠠᠭ᠎ᠠ ᠬᠦᠯᠢᠶᠡᠬᠦ ᠰᠢᠰᠲ᠋ᠧᠮ ᠢ ᠨᠡᠭᠡᠭᠡᠵᠦ ᠤᠯᠠᠨ ᠲᠦᠮᠡᠨ ᠤ ᠭᠣᠮᠤᠳᠠᠯ ᠲᠣᠭᠠᠴᠠᠵᠤ ᠵᠠᠬᠢᠳᠠᠯ ᠰᠤᠷᠪᠤᠯᠵᠢᠭᠠ ᠬᠢᠬᠦ ᠵᠠᠮ ᠵᠢ ᠰᠠᠭᠠᠳ ᠦᠭᠡᠢ ᠪᠣᠯᠭᠠᠪᠠ
ᠣᠢᠷ᠎ᠠ ᠶᠢᠨ ᠡᠳᠦᠷ᠂ ᠳᠡᠭᠡᠳᠦ ᠵᠡᠷᠭᠡ ᠶᠢᠨ ᠰᠢᠭᠦᠬᠦ ᠬᠣᠷᠢᠶᠠᠨ ᠤ ᠬᠡᠷᠡᠭ ᠳᠠᠩᠰᠤᠯᠠᠬᠤ ᠲᠢᠩᠬᠢᠮ ᠪᠣᠯᠤᠨ ᠮᠡᠳᠡᠭᠡ ᠵᠠᠩᠭᠢ ᠶᠢᠨ ᠲᠥᠪ ᠤᠨ ᠳᠡᠮᠵᠢᠯᠭᠡ ᠪᠠ ᠬᠠᠪᠰᠤᠷᠤᠯᠭ᠎ᠠ ᠳᠣᠣᠷ᠎ᠠ᠂ ᠳᠡᠭᠡᠳᠦ ᠵᠡᠷᠭᠡ ᠶᠢᠨ ᠰᠢᠭᠦᠬᠦ ᠬᠣᠷᠢᠶᠠᠨ ᠤ ᠭᠤᠷᠪᠠᠳᠤᠭᠠᠷ ᠲᠣᠭᠤᠷᠢᠨ ᠰᠢᠭᠦᠬᠦ ᠲᠢᠩᠬᠢᠮ ᠨᠢ ᠨᠢᠭᠡᠳᠦᠭᠡᠷ ᠤᠳᠠᠭᠠᠨ ᠤ ᠠᠯᠤᠰ ᠡᠴᠡ ᠳᠦᠷᠰᠦ ᠪᠢᠴᠢᠯᠭᠡ ᠶᠢᠨ ᠰᠤᠷᠪᠤᠯᠵᠢᠯᠠᠭ᠎ᠠ ᠬᠦᠯᠢᠶᠡᠬᠦ ᠪᠡᠨ ᠡᠬᠢᠯᠡᠭᠦᠯᠵᠦ᠂ ᠵᠠᠭᠠᠯᠳᠤᠭᠴᠢ ᠷᠤᠤ ᠣᠪᠤᠭᠲᠤ ᠵᠢᠶᠠᠩᠰᠢ ᠮᠤᠵᠢ ᠶᠢᠨ ᠹᠦ᠋ ᠵᠧᠦ ᠬᠣᠲᠠ ᠶᠢᠨ ᠯᠢᠨ ᠴᠤᠸᠠᠨ ᠲᠣᠭᠤᠷᠢᠭ ᠤᠨ ᠠᠷᠠᠳ ᠤᠨ ᠰᠢᠭᠦᠭᠴᠢ ᠬᠣᠷᠢᠶᠠᠨ ᠡᠴᠡ ᠭᠤᠷᠪᠠᠳᠤᠭᠠᠷ ᠲᠣᠭᠤᠷᠢᠨ ᠰᠢᠭᠦᠬᠦ ᠲᠢᠩᠬᠢᠮ ᠤᠨ ᠢᠦᠢ ᠵᠸᠩ ᠫᠢᠩ ᠳᠡᠳ᠋ ᠲᠢᠩᠬᠢᠮ ᠤᠨ ᠳᠠᠷᠤᠭ᠎ᠠ ᠵᠡᠷᠭᠡ ᠭᠤᠷᠪᠠᠨ ᠰᠢᠭᠦᠭᠴᠢ ᠪᠡᠷ ᠪᠥᠷᠢᠯᠳᠤᠭᠰᠡᠨ ᠰᠤᠷᠪᠤᠯᠵᠢᠯᠠᠭ᠎ᠠ ᠬᠦᠯᠢᠶᠡᠬᠦ ᠪᠦᠯᠭᠦᠮ ᠲᠠᠢ ᠳᠦᠷᠰᠦ ᠪᠢᠴᠢᠯᠭᠡ ᠪᠡᠷ ᠳᠠᠮᠵᠢᠨ《 ᠨᠢᠭᠤᠷᠳᠠᠨ》 ᠶᠠᠷᠢᠯᠴᠠᠵᠤ᠂ ᠳᠥᠷᠪᠡᠨ ᠳᠡᠰ ᠤᠨ ᠰᠢᠭᠦᠬᠦ ᠬᠣᠷᠢᠶᠠᠨ ᠡᠴᠡ ᠬᠠᠮᠲᠤᠪᠡᠷ ᠣᠷᠤᠯᠴᠠᠨ᠂ ᠬᠠᠷᠢᠯᠴᠠᠨ ᠬᠠᠮᠵᠢᠯᠴᠠᠵᠤ᠂ ᠰᠤᠷᠪᠤᠯᠵᠢᠯᠠᠬᠤ ᠪᠦᠲᠦᠮᠵᠢ ᠵᠢ ᠡᠷᠴᠢᠮᠲᠠᠢ ᠳᠡᠭᠡᠭᠰᠢᠯᠡᠭᠦᠯᠪᠡ᠃
ᠷᠤᠤ ᠣᠪᠤᠭᠲᠤ ᠵᠣᠷᠢᠭᠤᠳᠠ ᠬᠥᠮᠦᠨ ᠠᠯᠠᠭᠰᠠᠨ ᠶᠠᠯ᠎ᠠ ᠬᠢᠵᠦ᠂1985 ᠣᠨ ᠳᠤ ᠠᠷᠠᠳ ᠤᠨ ᠰᠢᠭᠦᠬᠦ ᠬᠣᠷᠢᠶᠠᠨ ᠳᠤ ᠬᠤᠭᠤᠴᠠᠭ᠎ᠠ ᠦᠭᠡᠢ ᠬᠣᠷᠢᠬᠤ ᠶᠠᠯ᠎ᠠ ᠪᠡᠷ ᠰᠢᠢᠳᠭᠡᠭᠳᠡᠵᠦ᠂ ᠰᠡᠭᠦᠯᠡᠷ ᠨᠢ ᠠᠷᠪᠠᠨ ᠲᠠᠪᠤᠨ ᠵᠢᠯ ᠬᠤᠭᠤᠴᠠᠭ᠎ᠠ ᠲᠠᠢ ᠬᠣᠷᠢᠬᠤ ᠪᠡᠷ ᠥᠭᠡᠷᠡᠴᠢᠯᠡᠨ ᠰᠢᠢᠳᠭᠡᠪᠡ᠃ ᠷᠤᠤ ᠣᠪᠤᠭᠲᠤ ᠠᠷᠠᠳ ᠤᠨ ᠰᠢᠭᠦᠬᠦ ᠬᠣᠷᠢᠶᠠᠨ ᠤ ᠶᠠᠯ᠎ᠠ ᠳᠤᠭᠲᠠᠭᠠᠭᠰᠠᠨ ᠢ ᠬᠦᠯᠢᠶᠡᠬᠦ ᠦᠭᠡᠢ ᠪᠠᠢᠵᠤ᠂ ᠤᠯᠠᠨ ᠤᠳᠠᠭ᠎ᠠ ᠰᠢᠭᠦᠬᠦ ᠬᠣᠷᠢᠶᠠᠨ ᠳᠤ ᠬᠦᠷᠴᠦ ᠳᠡᠭᠡᠭᠰᠢ ᠰᠤᠷᠪᠤᠯᠵᠢᠯᠠᠨ᠂ ᠶᠠᠯ᠎ᠠ ᠦᠭᠡᠢ ᠪᠡᠷ ᠥᠭᠡᠷᠡᠴᠢᠯᠡᠨ ᠰᠢᠢᠳᠭᠡᠬᠦ ᠵᠢ ᠱᠠᠭᠠᠷᠳᠠᠪᠠ᠃ ᠷᠤᠤ ᠣᠪᠤᠭᠲᠤ ᠶᠢᠨ ᠰᠠᠭᠤᠭ᠎ᠠ ᠭᠠᠵᠠᠷ ᠨᠢ ᠭᠤᠷᠪᠠᠳᠤᠭᠠᠷ ᠲᠣᠭᠤᠷᠢᠨ ᠰᠢᠭᠦᠬᠦ ᠲᠢᠩᠬᠢᠮ ᠡᠴᠡ ᠬᠤᠯᠠ ᠪᠠᠢᠳᠠᠭ ᠡᠴᠡ ᠪᠣᠯᠵᠤ ᠠᠯᠠᠤᠰ ᠡᠴᠡ ᠲᠥᠷᠰᠦ ᠪᠢᠴᠢᠯᠭᠡ ᠪᠡᠷ ᠰᠤᠷᠪᠤᠯᠵᠢᠯᠠᠭ᠎ᠠ ᠬᠦᠯᠢᠶᠡᠬᠦ ᠭᠤᠶᠤᠴᠢᠯᠠᠯ ᠭᠠᠷᠭᠠᠪᠠ᠃ ᠪᠠᠢᠴᠠᠭᠠᠬᠤ ᠪᠡᠷ ᠳᠠᠮᠵᠢᠨ ᠭᠤᠷᠪᠠᠳᠤᠭᠠᠷ ᠲᠣᠭᠤᠷᠢᠨ ᠰᠢᠭᠦᠬᠦ ᠲᠢᠩᠬᠢᠮ ᠤᠨ ᠦᠵᠡᠬᠦ ᠪᠡᠷ ᠲᠤᠰ ᠬᠡᠷᠡᠭ ᠤᠯᠠᠨ ᠤᠳᠠᠭ᠎ᠠ ᠰᠢᠭᠦᠨ ᠳᠠᠰᠤᠯᠠᠯᠲᠠ ᠵᠢ ᠥᠭᠡᠷᠡᠴᠢᠯᠡᠵᠦ᠂ ᠬᠡᠷᠡᠭ ᠤᠨ ᠪᠠᠢᠳᠠᠯ ᠪᠤᠳᠤᠯᠢᠶᠠᠨᠲᠠᠢ ᠪᠠᠢᠵᠤ᠂ ᠢᠦᠶ ᠵᠸᠩ ᠫᠢᠩ ᠳᠡᠳ᠋ ᠲᠢᠩᠬᠢᠮ ᠤᠨ ᠳᠠᠷᠤᠭ᠎ᠠ ᠵᠢᠴᠢ ᠪᠤᠰᠤᠳ ᠬᠤᠶᠠᠷ ᠭᠣᠣᠯᠯᠠᠭᠴᠢ ᠰᠢᠭᠦᠭᠴᠢ ᠪᠡᠷ ᠪᠦᠷᠢᠯᠳᠦᠭᠰᠡᠨ ᠰᠤᠷᠪᠤᠯᠵᠢᠯᠠᠭ᠎ᠠ ᠬᠦᠯᠢᠶᠡᠬᠦ ᠪᠦᠯᠭᠦᠮ ᠢ ᠪᠠᠢᠭᠤᠯᠵᠤ᠂ ᠬᠠᠮᠲᠤᠪᠡᠷ ᠲᠤᠰ ᠤᠳᠠᠭᠠᠨ ᠤ ᠳᠦᠷᠰᠦ ᠪᠢᠴᠢᠯᠭᠡ ᠪᠡᠷ ᠰᠤᠷᠪᠤᠯᠵᠢᠯᠠᠭ᠎ᠠ ᠬᠦᠯᠢᠶᠡᠬᠦ ᠬᠥᠳᠡᠯᠭᠡᠭᠡᠨ ᠳᠤ ᠣᠷᠤᠯᠴᠠᠪᠠ᠃ ᠰᠤᠷᠪᠤᠯᠵᠢᠯᠠᠭ᠎ᠠ ᠬᠦᠯᠢᠶᠡᠬᠦ ᠡᠴᠡ ᠡᠮᠦᠨ᠎ᠡ᠂ ᠰᠢᠭᠦᠨ ᠳᠠᠰᠤᠯᠠᠬᠤ ᠪᠦᠯᠭᠦᠮ ᠤᠨ ᠬᠢᠨᠢ ᠵᠠᠭᠠᠯᠳᠤᠯᠭ᠎ᠠ ᠶᠢᠨ ᠮᠠᠲ᠋ᠧᠷᠢᠶᠠᠯ ᠢ ᠨᠠᠷᠢᠨ ᠬᠢᠨᠠᠮᠠᠭᠠᠢ ᠬᠢᠨᠠᠨ ᠪᠠᠢᠴᠠᠭᠠᠵᠤ᠂ ᠬᠡᠷᠡᠭ ᠤᠨ ᠪᠠᠢᠳᠠᠯ ᠢ ᠨᠠᠷᠢᠯᠢᠭ ᠰᠤᠳᠤᠯᠠᠪᠠ᠃ ᠰᠤᠷᠪᠤᠯᠵᠢᠯᠠᠭ᠎ᠠ ᠬᠦᠯᠢᠶᠡᠬᠦ ᠶᠠᠪᠤᠴᠠ ᠳᠤᠮᠳᠠ᠂ ᠰᠢᠭᠦᠨ ᠳᠠᠰᠤᠯᠠᠬᠤ ᠪᠦᠯᠭᠦᠮ ᠨᠢ ᠵᠠᠭᠠᠯᠳᠤᠭᠴᠢ ᠷᠤᠤ ᠣᠪᠤᠭᠲᠤ ᠶᠢᠨ ᠵᠠᠭᠠᠯᠳᠤᠭᠰᠠᠨ ᠰᠢᠯᠲᠠᠭᠠᠨ ᠢ ᠬᠢᠨᠠᠮᠠᠭᠠᠢ ᠰᠣᠨᠤᠰᠴᠤ᠂ ᠬᠡᠷᠡᠭ ᠤᠨ ᠪᠤᠲᠠᠲᠠᠢ ᠪᠠᠢᠳᠠᠯ ᠢ ᠨᠠᠷᠢᠯᠢᠭ ᠠᠰᠠᠭᠤᠪᠠ᠃ ᠪᠥᠬᠦ ᠲᠥᠷᠰᠦ ᠪᠢᠴᠢᠯᠭᠡ ᠪᠡᠷ ᠰᠤᠷᠪᠤᠯᠵᠢᠯᠠᠭ᠎ᠠ ᠬᠦᠯᠢᠶᠡᠬᠦ ᠶᠠᠪᠤᠴᠠ ᠡᠮᠬᠢ ᠵᠢᠷᠤᠮ ᠲᠠᠢ ᠪᠠᠢᠵᠤ᠂ ᠰᠢᠭᠦᠨ ᠳᠠᠰᠤᠯᠠᠬᠤ ᠪᠦᠯᠭᠦᠮ ᠪᠠ ᠰᠤᠷᠪᠤᠯᠵᠢᠯᠠᠭᠰᠠᠨ ᠲᠤᠬᠠᠢ ᠶᠢᠨ ᠬᠥᠮᠦᠨ ᠭᠦᠢᠴᠡᠳ ᠶᠠᠷᠢᠯᠴᠠᠪᠠ᠃ ᠭᠤᠷᠪᠠᠳᠤᠭᠠᠷ ᠲᠣᠭᠤᠷᠢᠨ ᠰᠢᠭᠦᠬᠦ ᠲᠢᠩᠬᠢᠮ ᠨᠢ ᠬᠡᠷᠡᠭ ᠤᠨ ᠪᠠᠢᠳᠠᠯ ᠢ ᠤᠯᠠᠮ ᠨᠢᠭᠡ ᠠᠯᠬᠤᠮ ᠪᠠᠢᠴᠠᠭᠠᠭᠰᠠᠨ ᠤ ᠳᠠᠷᠠᠭ᠎ᠠ᠂ ᠵᠠᠭᠠᠯᠳᠤᠭᠴᠢ ᠳᠤ ᠬᠠᠤᠯᠢ ᠶᠣᠰᠣᠭᠠᠷ ᠬᠠᠷᠢᠭᠤᠯᠲᠠ ᠥᠭᠪᠡ᠃
ᠭᠤᠷᠪᠠᠳᠤᠭᠠᠷ ᠲᠣᠭᠤᠷᠢᠨ ᠰᠢᠭᠦᠬᠦ ᠲᠢᠩᠬᠢᠮ ᠪᠠᠢᠭᠤᠯᠤᠭᠳᠠᠭᠰᠠᠨ ᠡᠴᠡ ᠨᠠᠰᠢ᠂ ᠮᠡᠳᠡᠭᠡ ᠵᠠᠩᠭᠢᠵᠢᠯᠲᠠ ᠶᠢᠨ ᠪᠦᠲᠦᠭᠡᠨ ᠪᠠᠢᠭᠤᠯᠤᠯᠲᠠ ᠵᠢ ᠬᠥᠨᠳᠦᠳᠦᠬᠡᠨ ᠦᠵᠡᠵᠦ᠂ ᠮᠡᠳᠡᠭᠡ ᠵᠠᠩᠭᠢᠵᠢᠯᠲᠠ ᠪᠡᠷ ᠳᠠᠮᠵᠢᠨ ᠤᠯᠠᠨ ᠲᠦᠮᠡᠨ ᠤ ᠵᠠᠭᠠᠯᠳᠤᠯᠭ᠎ᠠ ᠳᠤ ᠳᠥᠭᠦᠮ ᠪᠣᠯᠭᠠᠵᠤ᠂ ᠠᠵᠢᠯ ᠤᠨ ᠪᠦᠲᠦᠮᠵᠢ ᠵᠢ ᠳᠡᠭᠡᠭᠰᠢᠯᠡᠭᠦᠯᠬᠦ ᠵᠢ ᠴᠢᠬᠤᠯᠠᠴᠢᠯᠠᠪᠠ᠃ ᠠᠷᠠᠳ ᠤᠨ ᠳᠡᠭᠡᠳᠦ ᠵᠡᠷᠭᠡ ᠶᠢᠨ ᠰᠢᠭᠦᠬᠦ ᠬᠣᠷᠢᠶᠠᠨ ᠤ ᠨᠠᠮ ᠤᠨ ᠤᠳᠤᠷᠢᠳᠬᠤ ᠪᠠᠭ ᠤᠨ ᠳᠡᠳ᠋ ᠱᠦᠵᠢ᠂ ᠳᠡᠳ᠋ ᠬᠣᠷᠢᠶᠠᠨ ᠳᠠᠷᠤᠭ᠎ᠠ᠂ ᠭᠤᠷᠪᠠᠳᠤᠭᠠᠭᠷ ᠲᠣᠭᠤᠷᠢᠨ ᠰᠢᠭᠦᠬᠦ ᠲᠢᠩᠬᠢᠮ ᠤᠨ ᠲᠢᠩᠬᠢᠮ ᠤᠨ ᠳᠠᠷᠤᠭ᠎ᠠ ᠵᠢᠶᠠᠩ ᠪᠢ ᠰᠢᠨ ᠡᠨᠡ ᠵᠢᠯ ᠤᠨ ᠭᠤᠷᠪᠠᠳᠤᠭᠠᠷ ᠲᠣᠭᠤᠷᠢᠨ ᠰᠢᠭᠦᠬᠦ ᠲᠢᠩᠬᠢᠮ ᠤᠨ ᠠᠩᠬᠠᠳᠤᠭᠠᠷ ᠤᠳᠠᠭᠠᠨ ᠤ ᠲᠣᠭᠤᠷᠢᠨ ᠰᠢᠭᠦᠬᠦ ᠲᠣᠭᠤᠷᠢᠭ ᠤᠨ ᠰᠢᠭᠦᠬᠦ ᠬᠣᠷᠢᠶᠠᠨ ᠤ ᠰᠢᠭᠦᠨ ᠳᠠᠰᠤᠯᠠᠬᠤ ᠠᠵᠢᠯ ᠤᠨ ᠬᠤᠷᠠᠯ ᠳᠡᠭᠡᠷ᠎ᠡ᠂《ᠲᠣᠭᠤᠷᠢᠨ ᠰᠢᠭᠦᠬᠦ ᠲᠣᠭᠤᠷᠢᠭ ᠤᠨ ᠡᠯ᠎ᠡ ᠥᠨᠳᠦᠷ ᠵᠡᠷᠭᠡ ᠶᠢᠨ ᠰᠢᠭᠦᠬᠦ ᠬᠣᠷᠢᠶᠠᠨ ᠤ ᠮᠡᠷᠭᠡᠵᠢᠯ ᠤᠨ ᠬᠦᠴᠦᠨ ᠢ ᠠᠰᠢᠭᠯᠠᠨ᠂ ᠠᠯᠤᠰ ᠡᠴᠡ ᠬᠡᠷᠡᠭ ᠳᠠᠩᠰᠤᠯᠠᠬᠤ᠂ ᠠᠯᠤᠰ ᠡᠴᠡ ᠳᠦᠷᠰᠦ ᠪᠢᠴᠢᠯᠭᠡ ᠪᠡᠷ ᠰᠤᠷᠪᠤᠯᠵᠢᠯᠠᠭ᠎ᠠ ᠬᠦᠯᠢᠶᠡᠬᠦ ᠰᠢᠰᠲ᠋ᠧᠮ ᠠᠯᠬᠤᠮ ᠠᠯᠬᠤᠮ ᠪᠠᠢᠭᠤᠯᠤᠨ᠎ᠠ》 ᠭᠡᠵᠦ ᠳᠤᠷᠠᠳᠪᠠ᠃ ᠰᠤᠷᠪᠤᠯᠵᠢᠯᠠᠭ᠎ᠠ ᠬᠦᠯᠢᠶᠡᠬᠦ ᠱᠠᠭᠠᠷᠳᠠᠯᠭ᠎ᠠ ᠵᠢ ᠦᠨᠳᠦᠰᠦᠯᠡᠨ᠂ ᠭᠤᠷᠪᠠᠳᠤᠭᠠᠷ ᠲᠣᠭᠤᠷᠢᠨ ᠰᠢᠭᠦᠬᠦ ᠲᠢᠩᠬᠢᠮ ᠬᠢᠨᠠᠮᠠᠭᠠᠢ ᠪᠡᠷ ᠰᠤᠳᠤᠯᠭᠠᠨ ᠥᠷᠨᠢᠭᠦᠯᠦᠨ᠂ ᠠᠯᠤᠰ ᠡᠴᠡ ᠳᠦᠷᠰᠦ ᠪᠢᠴᠢᠯᠭᠡ ᠶᠢᠨ ᠰᠤᠷᠪᠤᠯᠵᠢᠯᠠᠭ᠎ᠠ ᠬᠦᠯᠢᠶᠡᠬᠦ ᠲᠥᠰᠦᠪ ᠢ ᠳᠤᠭᠲᠠᠭᠠᠵᠤ᠂ ᠲᠥᠷᠰᠦ ᠪᠢᠴᠢᠯᠭᠡ ᠪᠡᠷ ᠰᠤᠷᠪᠤᠯᠵᠢᠯᠠᠭ᠎ᠠ ᠬᠦᠯᠢᠶᠡᠬᠦ ᠥᠷᠦᠭᠡ ᠵᠢ ᠪᠠᠢᠭᠤᠯᠤᠨ᠂ ᠬᠠᠮᠢᠶ᠎ᠠ ᠪᠥᠬᠦᠢ ᠳᠥᠬᠦᠭᠡᠷᠡᠮᠵᠢ ᠵᠢ ᠤᠯᠠᠨ ᠤᠳᠠᠭ᠎ᠠ ᠲᠣᠬᠢᠷᠠᠭᠤᠯᠤᠯᠲᠠ ᠬᠢᠵᠦ᠂ ᠵᠡᠷᠭᠡᠪᠡᠷ ᠲᠣᠭᠤᠷᠢᠨ ᠰᠢᠭᠦᠬᠦ ᠲᠣᠭᠤᠷᠢᠭ ᠤᠨ ᠳᠥᠷᠪᠡᠨ ᠮᠤᠵᠢ ᠨᠢᠭᠡ ᠬᠣᠲᠠᠨ ᠤ ᠥᠨᠳᠦᠷ ᠵᠡᠷᠭᠡ ᠶᠢᠨ ᠰᠢᠭᠦᠬᠦ ᠬᠤᠷᠢᠶ᠎ᠠ ᠲᠠᠢ ᠳᠦᠷᠰᠦ ᠪᠢᠴᠢᠯᠭᠡ ᠶᠢᠨ ᠬᠠᠮᠲᠤᠷᠠᠭᠰᠠᠨ ᠲᠣᠬᠢᠷᠠᠭᠤᠯᠤᠯᠲᠠ ᠬᠢᠵᠦ᠂ ᠠᠯᠤᠰ ᠡᠴᠡ ᠳᠦᠷᠰᠦ ᠪᠢᠴᠢᠯᠭᠡ ᠪᠡᠷ ᠰᠤᠷᠪᠤᠯᠵᠢᠯᠠᠭ᠎ᠠ ᠬᠦᠯᠢᠶᠡᠬᠦ ᠠᠵᠢᠯ ᠢ ᠲᠣᠬᠢᠷᠠᠭᠤᠯᠪᠠ᠃
ᠠᠭᠤᠯᠵᠠᠨ ᠶᠠᠷᠢᠯᠴᠠᠬᠤ ᠶᠢᠨ ᠶᠠᠰᠤ ᠴᠢᠨᠠᠷ ᠢ ᠦᠨᠡᠨᠬᠦ ᠪᠠᠲᠤᠯᠠᠵᠤ᠂ ᠲᠥᠷᠰᠦ ᠪᠢᠴᠢᠯᠭᠡ ᠪᠠᠷ ᠰᠤᠷᠪᠤᠯᠵᠢᠯᠠᠭ᠎ᠠ ᠬᠦᠯᠢᠶᠡᠬᠦ ᠶᠢᠨ ᠦᠢᠯᠡᠳᠦᠯ ᠢ ᠦᠨᠡᠨᠬᠦ ᠪᠠᠳᠠᠷᠠᠭᠤᠯᠬᠤ ᠶᠢᠨ ᠲᠤᠯᠠᠳᠠ᠂ ᠭᠤᠷᠪᠠᠳᠤᠭᠠᠷ ᠲᠣᠭᠤᠷᠢᠨ ᠰᠢᠭᠦᠬᠦ ᠲᠢᠩᠬᠢᠮ ᠡᠴᠡ ᠰᠤᠷᠪᠤᠯᠵᠢᠯᠠᠭ᠎ᠠ ᠬᠦᠯᠢᠶᠡᠬᠦ ᠬᠥᠮᠦᠨ ᠢ ᠬᠢᠨᠠᠮᠠᠭᠠᠢ ᠢ ᠪᠡᠷ ᠰᠣᠩᠭᠤᠵᠤ᠂ ᠲᠢᠩᠬᠢᠮ ᠤᠨ ᠤᠳᠤᠷᠢᠳᠤᠯᠭ᠎ᠠ᠂ ᠭᠣᠣᠯ ᠰᠢᠭᠦᠭᠴᠢ ᠵᠢᠴᠢ ᠪᠤᠰᠤᠳ ᠲᠤᠷᠰᠢᠯᠭ᠎ᠠ ᠦᠯᠡᠮᠵᠢ ᠰᠢᠭᠦᠭᠴᠢ ᠡᠴᠡ ᠡᠭᠡᠯᠵᠢᠯᠡᠨ ᠰᠤᠷᠪᠤᠯᠵᠢᠯᠠᠭ᠎ᠠ ᠬᠦᠯᠢᠶᠡᠪᠡ᠃ ᠠᠭᠤᠯᠵᠠᠬᠤ ᠡᠴᠡ ᠡᠮᠦᠨ᠎ᠡ᠂ ᠰᠢᠭᠦᠭᠴᠢ ᠡᠴᠡ ᠤᠷᠢᠳᠴᠢᠯᠠᠨ ᠪᠡᠯᠡᠳᠭᠡᠯ ᠠᠵᠢᠯ ᠢᠶᠡᠨ ᠰᠠᠢᠲᠤᠷ ᠬᠢᠵᠦ᠂ ᠬᠠᠨᠳᠤᠯᠭᠠᠲᠤ ᠴᠢᠨᠠᠷᠲᠠᠢ ᠠᠵᠢᠯᠯᠠᠭ᠎ᠠ ᠠᠪᠤᠪᠠ᠃ ᠴᠢᠬᠤᠯᠠᠲᠠᠢ ᠦᠶ᠎ᠡ ᠳᠤ ᠭᠤᠶᠤᠴᠢᠯᠠᠯ ᠭᠠᠷᠭᠠᠭᠰᠠᠨ ᠲᠠᠯ᠎ᠠ ᠶᠢᠨ ᠰᠢᠭᠦᠬᠦ ᠬᠤᠷᠢᠶ᠎ᠠ ᠪᠠ ᠬᠡᠷᠡᠭ ᠢ ᠰᠢᠢᠳᠭᠡᠭᠰᠡᠨ ᠰᠢᠭᠦᠬᠦ ᠬᠤᠷᠢᠶ᠎ᠠ ᠵᠢ ᠤᠷᠢᠳᠴᠢᠯᠠᠨ ᠪᠣᠯᠵᠤᠨ ᠶᠠᠷᠢᠯᠴᠠᠵᠤ ᠪᠣᠯᠤᠨ᠎ᠠ᠃ ᠡᠭᠦᠨ ᠡᠴᠡ ᠭᠠᠳᠠᠨ᠎ᠠ᠂ ᠰᠤᠷᠪᠤᠯᠵᠢᠯᠠᠭ᠎ᠠ ᠬᠦᠯᠢᠶᠡᠬᠦ ᠶᠠᠪᠤᠴᠠ ᠳᠤᠮᠳᠠ᠂ ᠨᠢᠭᠡ ᠨᠡᠷ᠎ᠡ ᠳᠡᠮᠳᠡᠭᠯᠡᠭᠴᠢ ᠳᠤᠬᠢᠷᠠᠭᠤᠯᠵᠤ ᠰᠤᠷᠪᠤᠯᠵᠢᠯᠠᠭ᠎ᠠ ᠬᠦᠯᠢᠶᠡᠬᠦ ᠠᠵᠢᠯ ᠳᠤ ᠬᠠᠪᠰᠤᠷᠠᠯᠭ᠎ᠠ ᠪᠣᠯᠭᠠᠵᠤ᠂ ᠵᠡᠷᠭᠡᠪᠡᠷ ᠮᠡᠷᠭᠡᠵᠢᠯᠲᠡᠨ ᠳᠤᠬᠢᠷᠠᠭᠤᠯᠵᠤ ᠮᠡᠷᠭᠡᠵᠢᠯ ᠤᠨ ᠳᠡᠮᠵᠢᠯᠭᠡ ᠬᠠᠩᠭᠠᠨ᠎ᠠ᠃
ᠣᠳᠣᠬᠠᠨ ᠳᠤ᠂ ᠭᠤᠷᠪᠠᠳᠤᠭᠠᠷ ᠲᠣᠭᠤᠷᠢᠨ ᠰᠢᠭᠦᠬᠦ ᠲᠢᠩᠬᠢᠮ ᠤᠨ ᠬᠦᠯᠢᠶᠡᠨ ᠠᠪᠤᠭᠰᠠᠨ ᠠᠯᠤᠰ ᠡᠴᠡ ᠳᠦᠷᠰᠦ ᠪᠢᠴᠢᠯᠭᠡ ᠪᠡᠷ ᠰᠤᠷᠪᠤᠯᠵᠢᠯᠠᠭ᠎ᠠ ᠬᠦᠯᠢᠶᠡᠬᠦ ᠬᠡᠷᠡᠭ ᠤᠨ ᠬᠦᠷᠢᠶ᠎ᠡ ᠬᠡᠪᠴᠢᠶ᠎ᠡ ᠨᠢ ᠵᠢᠶᠠᠩᠰᠦ᠂ ᠱᠠᠩᠬᠠᠢ᠂ ᠵᠸᠵᠢᠶᠠᠩ᠂ ᠹᠦᠵᠢᠶᠠᠨ᠂ ᠵᠢᠶᠠᠩᠰᠢ ᠵᠡᠷᠭᠡ ᠲᠡᠪᠤᠨ ᠠᠷᠠᠳ ᠤᠨ ᠥᠨᠳᠦᠷ ᠵᠡᠷᠭᠡ ᠶᠢᠨ ᠰᠢᠭᠦᠬᠦ ᠬᠣᠷᠢᠶᠠᠨ ᠤ ᠲᠠᠬᠢᠨ ᠪᠠᠢᠴᠠᠭᠠᠭᠰᠠᠨ ᠡᠰᠡᠭᠦᠯ᠎ᠡ ᠳᠠᠬᠢᠨ ᠰᠢᠭᠦᠭᠰᠡᠨ ᠬᠡᠰᠡᠭ ᠪᠥᠯᠦᠭ ᠡᠷᠡᠭᠦᠦ ᠶᠢᠨ ᠬᠡᠷᠡᠭ ᠪᠠᠢᠵᠤ᠂ ᠭᠣᠮᠤᠳᠠᠯ ᠲᠣᠭᠠᠴᠠᠵᠤ ᠵᠠᠬᠢᠳᠠᠯ ᠰᠤᠷᠪᠤᠯᠵᠢᠯᠠᠭ᠎ᠠ ᠬᠢᠬᠦ ᠬᠥᠮᠦᠰ ᠭᠣᠮᠤᠳᠠᠯ ᠲᠣᠭᠠᠴᠠᠵᠤ ᠵᠠᠬᠢᠳᠠᠯ ᠰᠤᠷᠪᠤᠯᠵᠢᠯᠠᠭ᠎ᠠ ᠬᠢᠬᠦ ᠬᠡᠷᠡᠭ ᠤᠨ ᠨᠢᠭᠡᠳᠦᠭᠡᠷ ᠰᠢᠭᠦᠯᠲᠡ ᠶᠢᠨ ᠠᠷᠠᠳ ᠤᠨ ᠰᠢᠭᠦᠬᠦ ᠬᠤᠷᠢᠶ᠎ᠠ ᠡᠰᠡᠭᠦᠯ᠎ᠡ ᠭᠣᠮᠤᠳᠠᠯ ᠲᠣᠭᠠᠴᠠᠵᠤ ᠵᠠᠬᠢᠳᠠᠯ ᠰᠤᠷᠪᠤᠯᠵᠢᠯᠠᠭ᠎ᠠ ᠬᠢᠬᠦ ᠬᠥᠮᠦᠨ ᠤ ᠰᠠᠭᠤᠵᠤ ᠪᠠᠢᠭ᠎ᠠ ᠭᠠᠵᠠᠷ ᠤᠨ ᠦᠨᠳᠦᠰᠦᠨ ᠱᠠᠲᠤᠨ ᠤ ᠠᠷᠠᠳ ᠤᠨ ᠰᠢᠭᠦᠬᠦ ᠬᠣᠷᠢᠶᠠᠨ ᠳᠤ ᠭᠤᠶᠤᠴᠢᠯᠠᠯ ᠭᠠᠷᠭᠠᠵᠤ ᠪᠣᠯᠤᠨ᠎ᠠ᠃ ᠭᠤᠷᠪᠠᠳᠤᠭᠠᠷ ᠲᠣᠭᠤᠷᠢᠨ ᠰᠢᠭᠦᠬᠦ ᠲᠢᠩᠬᠢᠮ ᠤᠨ ᠲᠣᠭᠤᠷᠢᠨ ᠰᠢᠭᠦᠬᠦ ᠲᠣᠭᠤᠷᠢᠭ ᠳᠣᠲᠤᠷᠠᠬᠢ ᠣᠯᠠᠩᠬᠢ ᠰᠢᠭᠦᠬᠦ ᠬᠤᠷᠢᠶ᠎ᠠ ᠴᠥᠮ ᠲᠤᠰᠭᠠᠢ ᠠᠯᠤᠰ ᠡᠴᠡ ᠳᠦᠷᠰᠦ ᠪᠢᠴᠢᠯᠭᠡ ᠪᠡᠷ ᠰᠤᠷᠪᠤᠯᠵᠢᠯᠠᠭ᠎ᠠ ᠬᠦᠯᠢᠶᠡᠬᠦ ᠥᠷᠦᠭᠡ ᠪᠠᠢᠭᠤᠯᠵᠤ᠂ ᠠᠯᠤᠰ ᠡᠴᠡ ᠳᠦᠷᠰᠦ ᠪᠢᠴᠢᠯᠭᠡ ᠪᠡᠷ ᠰᠤᠷᠪᠤᠯᠵᠢᠯᠠᠭ᠎ᠠ ᠬᠦᠯᠢᠶᠡᠬᠦ ᠲᠤᠰᠭᠠᠢ ᠳᠥᠬᠦᠭᠡᠷᠡᠮᠵᠢ ᠳᠤᠬᠢᠷᠠᠭᠤᠯᠤᠭᠰᠠᠨ ᠪᠠᠢᠳᠠᠭ᠃ ᠳᠠᠷᠠᠭᠠᠴᠢ ᠶᠢᠨ ᠠᠯᠬᠤᠮ ᠳᠤ᠂ ᠭᠤᠷᠪᠠᠳᠤᠭᠠᠷ ᠲᠣᠭᠤᠷᠢᠨ ᠰᠢᠭᠦᠬᠦ ᠲᠢᠩᠬᠢᠮ ᠡᠴᠡ ᠡᠯ᠎ᠡ ᠥᠨᠳᠦᠷ ᠵᠡᠷᠭᠡ ᠶᠢᠨ ᠰᠢᠭᠦᠬᠦ ᠬᠤᠷᠢᠶ᠎ᠠ ᠵᠢ ᠱᠠᠭᠠᠷᠳᠠᠵᠤ ᠠᠯᠢ ᠲᠦᠷᠭᠡᠨ ᠢᠶᠡᠷ ᠠᠯᠤᠰ ᠡᠴᠡ ᠳᠦᠷᠰᠦ ᠪᠢᠴᠢᠯᠭᠡ ᠪᠡᠷ ᠰᠤᠷᠪᠤᠯᠵᠢᠯᠠᠭ᠎ᠠ ᠬᠦᠯᠢᠶᠡᠬᠦ ᠦᠷᠭᠦᠯᠵᠢ ᠬᠠᠷᠢᠯᠴᠠᠬᠤ ᠳᠤᠭᠲᠴᠠ ᠵᠢ ᠪᠠᠢᠭᠤᠯᠵᠤ᠂ ᠳᠤᠭᠲᠠᠭᠰᠠᠨ ᠬᠤᠭᠤᠴᠠᠭ᠎ᠠ ᠲᠠᠢ ᠰᠠᠷ᠎ᠠ ᠪᠡᠷ ᠮᠡᠳᠡᠭᠦᠯᠬᠦ ᠳᠤᠭᠲᠠᠴᠠ ᠵᠢ ᠬᠡᠷᠡᠭᠵᠢᠭᠦᠯᠵᠦ᠂ ᠲᠣᠭᠤᠷᠢᠨ ᠰᠢᠭᠦᠬᠦ ᠲᠣᠭᠤᠷᠢᠭ ᠳᠣᠲᠤᠷᠠᠬᠢ ᠠᠯᠤᠰ ᠡᠴᠡ ᠳᠦᠷᠰᠦ ᠪᠢᠴᠢᠯᠭᠡ ᠪᠡᠷ ᠰᠤᠷᠪᠤᠯᠵᠢᠯᠠᠭ᠎ᠠ ᠬᠦᠯᠢᠶᠡᠭᠰᠡᠨ ᠠᠵᠢᠯ ᠤᠨ ᠲᠤᠷᠰᠢᠯᠭ᠎ᠠ ᠵᠢ ᠴᠠᠭ ᠲᠤᠬᠠᠢ ᠳᠤ ᠨᠢ ᠬᠤᠷᠢᠶᠠᠩᠭᠤᠢᠯᠠᠨ ᠬᠠᠷᠢᠭᠤ ᠮᠡᠳᠡᠭᠦᠯᠵᠦ᠂ ᠠᠯᠤᠰ ᠡᠴᠡ ᠳᠦᠷᠰᠦ ᠪᠢᠴᠢᠯᠭᠡ ᠪᠡᠷ ᠰᠤᠷᠪᠤᠯᠵᠢᠯᠠᠭ᠎ᠠ ᠬᠦᠯᠢᠶᠡᠬᠦ ᠶᠢᠨ ᠴᠢᠬᠤᠯᠠ ᠦᠢᠯᠡᠳᠦᠯ ᠢ ᠨᠡᠩ ᠰᠠᠢᠨ ᠪᠠᠳᠠᠷᠠᠭᠤᠯᠤᠨ᠎ᠠ᠃
ᠭᠤᠷᠪᠠᠳᠤᠭᠠᠷ ᠲᠣᠭᠤᠷᠢᠨ ᠰᠢᠭᠦᠬᠦ ᠲᠢᠩᠬᠢᠮ ᠠᠯᠤᠰ ᠡᠴᠡ ᠳᠦᠷᠰᠦ ᠪᠢᠴᠢᠯᠭᠡ ᠪᠡᠷ ᠰᠤᠷᠪᠤᠯᠵᠢᠯᠠᠭ᠎ᠠ ᠬᠦᠯᠢᠶᠡᠬᠦ ᠠᠵᠢᠯ ᠤᠨ ᠤᠷᠤᠭᠰᠢᠲᠠᠢ ᠶᠠᠪᠤᠭᠳᠠᠭᠰᠠᠨ ᠨᠢ᠂ ᠵᠠᠬᠢᠳᠠᠯ ᠰᠤᠷᠪᠤᠯᠵᠢᠯᠠᠭ᠎ᠠ ᠬᠢᠵᠦ ᠪᠠᠢᠭ᠎ᠠ ᠲᠤᠬᠠᠢ ᠶᠢᠨ ᠬᠥᠮᠦᠨ ᠭᠡᠷ ᠤᠨ ᠢᠶᠡᠨ ᠡᠭᠦᠳᠡᠨ ᠡᠴᠡ ᠳᠡᠭᠡᠳᠦ ᠵᠡᠷᠭᠡ ᠶᠢᠨ ᠰᠢᠭᠦᠬᠦ ᠬᠣᠷᠢᠶᠠᠨ ᠤ ᠰᠢᠭᠦᠭᠴᠢ ᠳᠤ ᠭᠤᠶᠤᠴᠢᠯᠠᠯ ᠢᠶᠡᠨ ᠢᠯᠡᠳᠭᠡᠵᠦ᠂ ᠲᠤᠬᠠᠢ ᠶᠢᠨ ᠬᠥᠮᠦᠨ ᠤ ᠵᠠᠮ ᠬᠠᠷᠢᠯᠴᠠᠭᠠᠨ ᠤ ᠵᠠᠷᠤᠳᠠᠯ ᠰᠦᠢᠳᠭᠡᠯ ᠡᠴᠡ ᠵᠠᠢᠯᠠᠰᠬᠢᠵᠦ᠂ ᠵᠠᠭᠠᠯᠳᠤᠯᠭ᠎ᠠ ᠳᠤ ᠬᠣᠯᠪᠤᠭᠳᠠᠭᠰᠠᠨ ᠬᠥᠮᠦᠨ ᠤ ᠳᠡᠭᠡᠭᠰᠢ ᠰᠤᠷᠪᠤᠯᠵᠢᠯᠠᠬᠤ ᠳᠠᠷᠤᠭᠠᠰᠤ ᠦᠨᠡᠨᠬᠦ ᠬᠥᠩᠭᠡᠯᠡᠵᠦ᠂ ᠴᠢᠬᠤᠯᠠ ᠴᠢᠭ ᠢ ᠳᠣᠷᠤᠭᠰᠢᠯᠠᠭᠤᠯᠤᠨ᠂ ᠵᠥᠷᠢᠴᠡᠯ ᠢ ᠲᠤᠬᠠᠢ ᠶᠢᠨ ᠭᠠᠵᠠᠷ ᠲᠤ ᠨᠢ ᠨᠠᠮᠵᠢᠭᠤᠯᠬᠤ ᠵᠢ ᠦᠨᠡᠨᠬᠦ ᠪᠡᠶᠡᠯᠡᠭᠦᠯᠵᠦ᠂ ᠠᠷᠠᠳ ᠤᠯᠠᠨ ᠳᠤ《 ᠭᠡᠷ ᠤᠨ ᠢᠶᠡᠨ ᠡᠭᠦᠳᠡᠨ ᠡᠴᠡ ᠳᠡᠭᠡᠳᠦ ᠵᠡᠷᠭᠡ ᠶᠢᠨ ᠰᠢᠭᠦᠭᠰᠡᠨ ᠬᠣᠷᠢᠶᠠᠨ》ᠡᠴᠡ ᠠᠪᠴᠢᠷᠠᠵᠤ ᠥᠭᠭᠦᠭᠰᠡᠨ ᠡᠷᠬᠡ ᠲᠡᠭᠰᠢ ᠲᠥᠪ ᠭᠣᠣᠯᠴᠢ ᠵᠢ ᠮᠡᠳᠡᠷᠡᠭᠦᠯᠪᠡ᠃
ᠦᠨᠡᠯᠡᠬᠦ 0ᠦᠨᠡᠯᠡᠯᠲᠡ᠎ᠲᠠᠢ