ᠲᠠᠷᠢᠶᠠᠯᠠᠩ ᠬᠥᠳᠡᠭᠡ ᠲᠣᠰᠬᠣᠨ ᠤ ᠶᠠᠮᠤᠨ ᠤ ᠱᠠᠭᠠᠷᠳᠠᠭᠰᠠᠨ ᠨᠢ᠄ 《 ᠬᠣᠯᠪᠣᠭᠳᠠᠯ ᠪᠦᠬᠦᠢ ᠮᠠᠲ᠋ᠧᠷᠢᠶᠠᠯ 》 ᠵᠡᠷᠭᠡ ᠪᠠᠯᠠᠷᠬᠠᠶ ᠵᠦᠢᠯ ᠵᠤᠷᠪᠤᠰ ᠢ ᠴᠥᠮ ᠲᠣᠳᠣᠷᠬᠠᠶ ᠪᠣᠯᠭᠠᠬᠤ ᠶᠣᠰᠣᠲᠠᠢ
2019.03.27 ᠲᠣᠰ ᠥᠷᠲᠡᠭᠡᠨ ᠦ ᠨᠠᠢᠷᠠᠭᠤᠯᠤᠭᠴᠢ

  ᠲᠠᠷᠢᠶᠠᠯᠠᠩ ᠬᠥᠳᠡᠭᠡ ᠲᠣᠰᠬᠣᠨ ᠤ ᠶᠠᠮᠤᠨ ᠤ ᠰᠦᠯᠵᠢᠶ᠎ᠡ ᠶᠢᠨ ᠮᠡᠳᠡᠭᠡ ᠶᠢ ᠦᠨᠳᠦᠰᠦᠯᠡᠭᠡᠳ ᠂ ᠲᠠᠷᠢᠶᠠᠯᠠᠩ ᠬᠥᠳᠡᠭᠡ ᠲᠣᠰᠬᠣᠨ ᠤ ᠶᠠᠮᠤᠨ ᠣᠢᠷ᠎ᠠ ᠳᠤ 《ᠭᠤᠷᠪᠠ ᠶᠢ ᠬᠠᠰᠤᠵᠤ ᠨᠢᠭᠡ ᠶᠢ ᠰᠢᠯᠢᠳᠡᠭᠵᠢᠭᠦᠯᠬᠦ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠦᠶᠯᠡᠴᠢᠯᠡᠭᠡᠨ ᠦ ᠠᠷᠠᠳ ᠲᠤ ᠳᠥᠭᠥᠮ ᠦᠵᠡᠭᠦᠯᠬᠦ ᠠᠵᠢᠯᠯᠠᠭ᠎ᠠ ᠶᠢ ᠥᠷᠨᠢᠭᠦᠯᠬᠦ ᠲᠥᠰᠦᠯ 》  ᠢ ᠳᠠᠷᠤᠮᠠᠯᠯᠠᠨ ᠲᠠᠷᠬᠠᠭᠠᠪᠠ ᠃ 《 ᠲᠥᠰᠦᠯ 》 ᠳ᠋ᠦ ᠂ ᠬᠥᠳᠡᠭᠡ ᠠᠵᠤ ᠠᠬᠤᠢ ᠬᠥᠳᠡᠭᠡ ᠲᠣᠰᠬᠣᠨ ᠤ ᠶᠠᠮᠤᠨ ᠤ ᠦᠯᠡᠳᠡᠭᠡᠭᠰᠡᠨ ᠵᠠᠰᠠᠭ ᠵᠠᠬᠢᠷᠭᠠᠨ ᠤ ᠵᠥᠪᠰᠢᠶᠡᠷᠡᠯ ᠦᠨ ᠵᠦᠢᠯᠡᠰ ᠲᠦ ᠂ ᠠᠵᠤ ᠠᠬᠤᠢᠯᠠᠯ ᠪᠣᠯᠤᠨ ᠤᠯᠠᠨ ᠲᠦᠮᠡᠨ ᠦ ᠰᠢᠢᠳᠪᠦᠷᠢᠯᠡᠬᠦ ᠶᠠᠪᠤᠴᠠ ᠳᠤ ᠲᠤᠰᠢᠶᠠᠬᠤ ᠴᠢᠬᠤᠯᠠᠲᠠᠢ ᠡᠯ᠎ᠡ ᠲᠥᠷᠥᠯ ᠤᠨ ᠭᠤᠶᠤᠴᠢᠯᠠᠯ ᠤᠨ ᠮᠠᠲ᠋ᠧᠷᠢᠶᠠᠯ ᠢ ᠪᠦᠬᠦ ᠲᠠᠯ᠎ᠠ ᠪᠠᠷ ᠡᠮᠬᠢᠯᠡᠵᠦ ᠂ ᠮᠠᠲ᠋ᠧᠷᠢᠶᠠᠯ ᠤᠨ ᠴᠢᠬᠤᠯᠠ ᠴᠢᠨᠠᠷ ᠢ ᠨᠤᠲᠠᠯᠠᠵᠤ ᠂ ᠲᠣᠳᠣᠷᠬᠠᠢ ᠬᠦᠴᠦᠨ ᠦᠭᠡᠢ᠂ ᠦᠯᠡᠳᠡᠭᠳᠡᠵᠦ ᠪᠠᠶᠢᠭ᠎ᠠ ᠪᠤᠶᠤ ᠲᠦᠷ ᠦᠯᠡᠳᠡᠭᠳᠡᠵᠦ ᠪᠠᠶᠢᠭ᠎ᠠ ᠮᠠᠲ᠋ᠧᠷᠢᠶᠠᠯ ᠢ  ᠨᠢᠭᠡᠮᠦᠰᠦᠨ ᠠᠷᠢᠯᠭᠠᠬᠤ  ᠪᠦᠭᠡᠳ  ᠠᠷᠭ᠎ᠠ  ᠬᠡᠮᠵᠢᠶ᠎ᠡ  ᠠᠪᠴᠤ ᠰᠢᠢᠳᠪᠦᠷᠢᠯᠡᠨ᠎ᠡ᠃

ᠦᠨᠡᠯᠡᠬᠦ 0ᠦᠨᠡᠯᠡᠯᠲᠡ ᠲᠠᠢ


( ᠨᠧᠲ ᠨᠠᠢᠵᠠ ᠵᠢᠨ ᠦᠨᠡᠯᠡᠯᠲᠡ ᠨᠢ ᠵᠦᠪᠭᠡᠨ ᠲᠡᠭᠦᠨ ᠊ᠤ᠌ ᠬᠤᠪᠢ ᠭᠦᠮᠦᠨ ᠊ᠤ᠌ ᠦᠵᠡᠯᠲᠡ ᠲᠡᠳᠦᠢ᠂ ᠲᠤᠰ ᠨᠧᠲ ᠦᠷᠳᠡᠭᠡ ᠲᠡᠭᠦᠨ ᠊ᠤ᠌ ᠦᠵᠡᠯᠲᠡ ᠵᠢ ᠵᠦᠪᠰᠢᠶᠡᠷᠡᠭᠰᠡᠨ ᠶᠠᠪᠤᠳᠠᠯ ᠤᠭᠳᠤ ᠪᠢᠰᠢ ᠶᠤᠮ᠃ )