ᠲᠤᠰᠬᠠᠶ ᠠᠰᠢᠭ ᠤᠨ ᠬᠠᠤᠯᠢ ᠳᠤ ᠵᠠᠰᠠᠪᠤᠷᠢ ᠣᠷᠣᠭᠤᠯᠵᠤ ᠲᠤᠰᠬᠠᠶ ᠠᠰᠢᠭ ᠤᠨ ᠡᠷᠬᠡ ᠳ᠋ᠥ ᠬᠠᠯᠳᠠᠭᠰᠠᠨ ᠠᠵᠢᠯᠯᠠᠭ᠎ᠠ ᠶᠢ ᠵᠠᠯᠬᠠᠭᠠᠨ ᠰᠢᠳᠬᠡᠬᠦ ᠴᠢᠨᠠᠷᠲᠠᠶ ᠲᠥᠯᠥᠪᠦᠷᠢ ᠲᠣᠭᠲᠠᠭᠠᠯ ᠭᠠᠷᠭᠠᠬᠤ ᠪᠠᠷ ᠪᠤᠢ
2018.12.24 ᠲᠣᠰ ᠥᠷᠲᠡᠭᠡᠨ᠎ᠦ ᠨᠠᠢᠷᠠᠭᠤᠯᠤᠭᠴᠢ

     23 ᠤ ᠡᠳᠦᠷ ᠠᠷᠪᠠᠨ ᠭᠤᠷᠪᠠᠳᠤᠭᠠᠷ ᠬᠤᠭᠤᠴᠠᠭᠠᠨ ᠤ ᠪᠥᠬᠥ ᠤᠯᠤᠰ ᠤᠨ ᠠᠷᠠᠳ ᠤᠨ ᠲᠥᠯᠥᠭᠡᠯᠡᠭᠴᠢᠳ ᠦᠨ ᠶᠡᠬᠡ ᠬᠤᠷᠠᠯ ᠤᠨ ᠪᠠᠶᠢᠩᠭᠤ ᠶᠢᠨ ᠬᠣᠷᠢᠶᠠᠨ ᠤ ᠳᠣᠯᠣᠳᠤᠭᠠᠷ ᠬᠤᠷᠠᠯᠳᠤᠭᠠᠨ ᠳᠤ ᠬᠢᠨᠠᠨ ᠶᠠᠷᠢᠯᠴᠠᠭᠤᠯᠬᠤ ᠪᠠᠷ ᠳᠡᠪᠰᠢᠭᠦᠯᠦᠭᠰᠡᠨ ᠂ ᠲᠤᠰᠬᠠᠶ ᠠᠰᠢᠭ ᠤᠨ ᠬᠠᠤᠯᠢ ᠳ᠋ᠥ ᠵᠠᠰᠠᠪᠤᠷᠢ ᠣᠷᠣᠭᠤᠯᠬᠤ ᠲᠥᠰᠦᠯ ᠳᠦ ᠂  ᠲᠤᠰᠬᠠᠶ ᠠᠰᠢᠭ ᠤᠨ ᠡᠷᠬᠡ ᠳᠦ ᠬᠠᠯᠳᠠᠭᠰᠠᠨ ᠰᠢᠢᠳᠬᠡᠯ ᠲᠣᠷᠭᠠᠭᠤᠯᠢ ᠶᠢᠨ ᠴᠢᠨᠠᠷᠲᠠᠶ ᠲᠥᠯᠥᠪᠦᠷᠢ ᠵᠡᠷᠭᠡ ᠲᠣᠭᠲᠠᠭᠠᠯ  ᠢ ᠨᠡᠮᠡᠭᠳᠡᠭᠦᠯᠬᠦ ᠪᠡᠷ ᠳᠠᠮᠵᠢᠭᠤᠯᠤᠨ ᠂ ᠡᠭᠦᠨ ᠦ ᠬᠠᠮᠲᠤ ᠣᠳᠣ ᠶᠢᠨ ᠬᠡᠷᠡᠭᠵᠢᠭᠦᠯᠵᠦ ᠪᠠᠶᠢᠭ᠎ᠠ ᠲᠤᠰᠬᠠᠶ ᠠᠰᠢᠭ ᠤᠨ ᠬᠠᠤᠯᠢ ᠶᠢᠨ ᠠᠯᠢ ᠣᠯᠠᠨ ᠵᠦᠢᠯ ᠵᠤᠷᠪᠤᠰ ᠲᠤ ᠵᠠᠰᠠᠪᠤᠷᠢ ᠣᠷᠣᠭᠤᠯᠵᠤ ᠂ ᠲᠤᠰᠬᠠᠶ ᠠᠰᠢᠭ ᠤᠨ ᠡᠷᠬᠡᠲᠦ ᠬᠥᠮᠦᠨ ᠦ ᠬᠠᠤᠯᠢ ᠶᠣᠰᠣᠨ ᠤ ᠡᠷᠬᠡ ᠠᠰᠢᠭ ᠢ ᠬᠠᠮᠠᠭᠠᠯᠠᠬᠤ ᠶᠢ ᠴᠢᠩᠭᠠᠳᠬᠠᠪᠠ ᠃ 
     ᠤᠯᠠᠨ ᠵᠢᠯ ᠦᠨ ᠲᠤᠷᠰᠢ ᠂ ᠮᠠᠨ ᠤ ᠤᠯᠤᠰ ᠮᠡᠳᠡᠯᠭᠡ ᠶᠢᠨ ᠪᠦᠲᠦᠭᠡᠭᠳᠡᠬᠦᠨ ᠦ ᠥᠮᠴᠢᠯᠡᠬᠦ ᠡᠷᠬᠡ ᠶᠢ ᠬᠠᠮᠠᠭᠠᠯᠠᠬᠤ ᠡᠷᠴᠢᠮ ᠢᠶᠡᠨ ᠦᠷᠭᠦᠯᠵᠢᠯᠡᠨ ᠴᠢᠩᠭᠠᠳᠬᠠᠪᠠ ᠂ ᠭᠡᠪᠡᠴᠦ ᠲᠤᠰᠬᠠᠶ ᠠᠰᠢᠭ ᠤᠨ ᠡᠷᠬᠡ ᠶᠢ ᠬᠠᠮᠠᠭᠠᠯᠠᠬᠤ ᠦᠷ᠎ᠡ ᠪᠦᠲᠦᠮᠵᠢ ᠨᠢ ᠲᠤᠰᠬᠠᠶ ᠠᠰᠢᠭ ᠤᠨ ᠡᠷᠬᠡᠲᠦ ᠬᠥᠮᠦᠨ ᠦ ᠬᠦᠰᠡᠯ ᠡᠷᠡᠮᠡᠯᠵᠡᠯ ᠲᠡᠶ ᠮᠥᠨ ᠵᠥᠷᠢᠶ᠎ᠡ ᠲᠡᠶ ᠪᠠᠶᠢᠵᠤ ᠂ ᠲᠤᠰᠬᠠᠶ ᠠᠰᠢᠭ ᠤᠨ ᠡᠷᠬᠡ ᠶᠢ ᠬᠠᠮᠠᠭᠠᠯᠠᠬᠤ ᠳᠤ ᠭᠡᠷᠡᠴᠢ ᠳᠤᠷᠠᠳᠬᠤ ᠳ᠋ᠥ ᠬᠦᠴᠢᠷᠲᠡᠶ ᠂ ᠥᠪᠡᠷ ᠦᠨ ᠥᠷᠲᠡᠭ ᠨᠢ ᠥᠨᠳᠥᠷ ᠂ ᠲᠥᠯᠥᠪᠦᠷᠢ ᠨᠢ ᠳᠣᠣᠷ᠎ᠠ ᠵᠡᠷᠭᠡ ᠠᠰᠠᠭᠤᠳᠠᠯ ᠣᠷᠣᠰᠢᠵᠤ ᠂ ᠣᠷᠣᠨ ᠪᠦᠰᠡ ᠠᠯᠤᠰᠯᠠᠨ ᠡᠷᠬᠡ ᠳᠦ ᠬᠠᠯᠳᠠᠬᠤ ᠂ ᠰᠦᠯᠵᠢᠶ᠎ᠡ ᠪᠡᠷ ᠡᠷᠬᠡ ᠳᠦ ᠬᠠᠯᠳᠠᠬᠤ ᠦᠵᠡᠭᠳᠡᠯ ᠣᠯᠠᠰᠢᠷᠠᠵᠤ ᠂ ᠲᠤᠰᠬᠠᠶ ᠠᠰᠢᠭ ᠤᠨ ᠡᠷᠬᠡ ᠶᠢ ᠳᠤᠷ᠎ᠠ ᠪᠠᠷ ᠢᠶᠠᠨ ᠬᠡᠷᠡᠭᠯᠡᠬᠦ ᠦᠵᠡᠭᠳᠡᠯ ᠪᠠᠢᠨ ᠲᠠᠬᠢᠨ ᠭᠠᠷᠴᠤ ᠪᠠᠢᠨ᠎ᠠ ᠃
    ᠲᠥᠰᠦᠯ ᠳᠦ ᠳᠤᠷᠠᠳᠤᠭᠰᠠᠨ ᠨᠢ ᠂ ᠲᠤᠰᠬᠠᠶ ᠠᠰᠢᠭ ᠤᠨ ᠡᠷᠬᠡ ᠳᠦ ᠬᠠᠯᠳᠠᠭᠰᠠᠨ ᠶᠠᠪᠤᠳᠠᠯ ᠳᠤ ᠲᠥᠯᠥᠪᠦᠷᠢ ᠥᠭᠬᠦ ᠡᠷᠴᠢᠮ ᠢᠶᠡᠨ ᠴᠢᠩᠭᠠᠷᠠᠭᠤᠯᠤᠨ᠎ᠠ ᠃ ᠲᠤᠰᠬᠠᠶ ᠠᠰᠢᠭ ᠤᠨ ᠡᠷᠬᠡ ᠳᠦ ᠵᠣᠷᠢᠭᠤᠳᠠ ᠬᠠᠯᠳᠠᠵᠤ ᠂ ᠦᠢᠯᠡ ᠪᠠᠢᠳᠠᠯ ᠨᠢ ᠬᠦᠨᠳᠦ ᠨᠣᠴᠢᠲᠠᠶ ᠪᠠᠶᠢᠪᠠᠯ ᠂ ᠡᠷᠬᠡᠲᠦ ᠬᠥᠮᠦᠨ ᠦ ᠠᠮᠰᠠᠭᠰᠠᠨ ᠬᠣᠬᠢᠷᠠᠯ ᠂ ᠡᠷᠬᠡ ᠳᠦ ᠬᠠᠯᠳᠠᠭᠰᠠᠨ ᠬᠥᠮᠦᠨ ᠦ ᠣᠯᠤᠭᠰᠠᠨ ᠠᠰᠢᠭ ᠲᠤᠰᠠ ᠪᠤᠶᠤ ᠲᠤᠰᠬᠠᠶ ᠠᠰᠢᠭ ᠢ ᠵᠥᠪᠰᠢᠶᠡᠷᠡᠯ ᠢᠶᠡᠷ ᠬᠡᠷᠡᠭᠯᠡᠬᠦ ᠰᠦᠢᠳᠬᠡᠯ ᠦᠨ ᠳᠠᠬᠢᠨ ᠲᠣᠭ᠎ᠠ ᠪᠠᠷ ᠪᠣᠳᠣᠬᠤ ᠲᠣᠭ᠎ᠠ ᠬᠡᠮᠵᠢᠶ᠎ᠡ ᠨᠢ 1 — 5 ᠳᠠᠬᠢᠨ ᠳᠣᠲᠣᠷ᠎ᠠ ᠲᠥᠯᠥᠪᠦᠷᠢ ᠶᠢᠨ ᠲᠣᠭ᠎ᠠ ᠬᠡᠮᠵᠢᠶ᠎ᠡ ᠶᠢ ᠲᠣᠭᠲᠠᠭᠠᠵᠤ ᠪᠣᠯᠤᠨ᠎ᠠ ᠃ ᠲᠥᠯᠥᠪᠦᠷᠢ ᠶᠢᠨ ᠲᠣᠭ᠎ᠠ ᠬᠡᠮᠵᠢᠶ᠎ᠡ ᠶᠢ ᠪᠣᠳᠣᠬᠤ ᠳᠤ ᠪᠡᠷᠬᠡᠲᠡᠶ ᠪᠠᠢᠳᠠᠯ ᠳᠣᠣᠷ᠎ᠠ ᠂ ᠰᠢᠭᠦᠬᠦ ᠬᠣᠷᠢᠶᠠᠨ ᠤ ᠪᠠᠶᠢᠳᠠᠯ ᠢ ᠨᠢ ᠦᠵᠡᠵᠦ ᠲᠣᠭᠲᠠᠭᠠᠵᠤ ᠪᠣᠯᠬᠤ ᠲᠥᠯᠥᠪᠦᠷᠢ ᠶᠢᠨ ᠲᠣᠭ᠎ᠠ ᠶᠢ ᠣᠳᠣ ᠶᠢᠨ ᠬᠡᠷᠡᠭᠵᠢᠭᠦᠯᠵᠦ ᠪᠠᠶᠢᠭ᠎ᠠ ᠠᠰᠢᠭ ᠤᠨ ᠬᠠᠤᠯᠢ ᠳᠤ ᠲᠣᠭᠲᠠᠭᠠᠭᠰᠠᠨ 1 ᠲᠦᠮᠡᠨ ᠲᠥᠭᠥᠷᠢᠭ ᠡᠴᠡ 100 ᠲᠦᠮᠡᠨ ᠲᠥᠭᠥᠷᠢᠭ ᠬᠦᠷᠲᠡᠯ᠎ᠡ ᠳᠡᠭᠡᠭᠰᠢᠯᠡᠭᠦᠯᠵᠦ ᠂ 10 ᠲᠦᠮᠡᠨ ᠲᠥᠭᠥᠷᠢᠭ ᠡᠴᠡ 500 ᠲᠦᠮᠡᠨ ᠲᠥᠭᠥᠷᠢᠭ ᠪᠣᠯᠭᠠᠨ ᠳᠡᠭᠡᠭᠰᠢᠯᠡᠭᠦᠯᠦᠨ᠎ᠡ ᠃
    ᠲᠥᠰᠦᠯ ᠳᠦ ᠪᠠᠰᠠ ᠰᠦᠯᠵᠢᠶᠡᠨ ᠦᠢᠯᠡᠴᠢᠯᠡᠭᠡ ᠬᠠᠩᠭᠠᠭᠴᠢ ᠶᠢᠨ ᠰᠦᠯᠵᠢᠶᠡᠨ ᠳᠡᠭᠡᠷᠡᠬᠢ ᠡᠷᠬᠡ ᠳᠦ ᠬᠠᠯᠳᠠᠭᠰᠠᠨ ᠬᠣᠯᠪᠣᠭᠳᠠᠯ ᠪᠦᠬᠦᠢ ᠬᠠᠷᠢᠭᠤᠴᠠᠯᠭ᠎ᠠ ᠶᠢ ᠲᠣᠳᠣᠷᠬᠠᠶᠢᠯᠠᠵᠤ ᠂ ᠦᠨᠡᠨᠴᠢ ᠢᠲᠡᠭᠡᠮᠵᠢᠲᠡᠶ ᠪᠠᠶᠢᠬᠤ ᠪᠠ ᠡᠷᠬᠡ ᠶᠢ ᠳᠤᠷ᠎ᠠ ᠪᠠᠷ ᠢᠶᠠᠨ ᠬᠡᠷᠡᠭᠯᠡᠬᠦ ᠶᠢ ᠴᠠᠭᠠᠵᠠᠯᠠᠬᠤ ᠵᠠᠷᠴᠢᠮ  ᠢ ᠲᠣᠳᠣᠷᠬᠠᠶ ᠲᠣᠭᠲᠠᠭᠠᠪᠠ ᠃ 
    

    ᠢᠷᠡᠯᠲᠡ ᠄ ᠰᠢᠨᠬᠤᠸᠠ ᠬᠣᠷᠢᠶ᠎ᠠ 

    ᠣᠷᠳᠣᠰ ᠬᠣᠲᠠ ᠶᠢᠨ ᠠᠷᠠᠳ ᠤᠨ ᠳᠤᠮᠳᠠ ᠵᠡᠷᠭᠡ ᠶᠢᠨ ᠰᠢᠭᠦᠬᠦ ᠬᠣᠷᠢᠶ᠎ᠠ ᠠᠴᠠ ᠣᠷᠴᠢᠭᠤᠯᠪᠠ

    ᠬᠢᠲᠠᠳ ᠬᠡᠯᠡᠨ ᠦ ᠮᠠᠲ᠋ᠧᠷᠢᠶᠠᠯ ᠢᠶᠠᠷ ᠪᠠᠷᠢᠮᠵᠢᠶ᠎ᠠ ᠪᠤᠯᠭᠠᠵᠠᠢ︕

ᠦᠨᠡᠯᠡᠬᠦ 0ᠦᠨᠡᠯᠡᠯᠲᠡ᠎ᠲᠠᠢ


( ᠨᠧᠲ ᠨᠠᠢᠵᠠ ᠵᠢᠨ ᠦᠨᠡᠯᠡᠯᠲᠡ᠎ᠨᠢ ᠵᠦᠪᠭᠡᠨ ᠲᠡᠭᠦᠨ ᠊ᠤ᠌ ᠬᠤᠪᠢ ᠭᠦᠮᠦᠨ ᠊ᠤ᠌ ᠦᠵᠡᠯᠲᠡ ᠲᠡᠳᠦᠢ᠂ ᠲᠤᠰ ᠨᠧᠲ ᠦᠷᠳᠡᠭᠡ ᠲᠡᠭᠦᠨ ᠊ᠤ᠌ ᠦᠵᠡᠯᠲᠡ ᠵᠢ ᠵᠦᠪᠱᠢᠶᠡᠷᠡᠭᠰᠡᠨ ᠶᠠᠪᠤᠳᠠᠯ ᠤᠭᠳᠤ ᠪᠢᠱᠢ᠎ᠶᠤᠮ᠃ )