11 ᠰᠠᠷ᠎ᠠ ᠶᠢᠨ 2 ᠤ ᠡᠳᠦᠷ ᠂ ᠠᠷᠠᠳ ᠤᠨ ᠳᠡᠭᠡᠲᠥ ᠰᠢᠭᠦᠬᠦ ᠬᠣᠷᠢᠶ᠎ᠠ ᠪᠡᠭᠡᠵᠢᠩ ᠳᠦ ᠂ ᠲᠣᠮᠢᠯᠠᠵᠤ ᠡᠶᠡᠳᠡᠭᠦᠯᠬᠦ ᠲᠣᠭᠲᠠᠴᠠ ᠶᠢᠨ ᠥᠭᠡᠷᠡᠴᠢᠯᠡᠯᠲᠡ ᠶᠢ ᠲᠡᠭᠦᠯᠳᠡᠷᠵᠢᠭᠦᠯᠬᠦ ᠶᠠᠷᠢᠯᠴᠠᠬᠤ ᠬᠤᠷᠠᠯ ᠬᠤᠷᠠᠯᠳᠤᠭᠤᠯᠵᠤ ᠂ ᠲᠣᠮᠢᠯᠠᠵᠤ ᠡᠶᠡᠳᠡᠭᠦᠯᠬᠦ ᠲᠣᠭᠲᠠᠴᠠ ᠶᠢ ᠬᠡᠷᠬᠢᠨ ᠤᠯᠠᠮ ᠨᠢᠭᠡ ᠠᠯᠬᠤᠮ ᠲᠡᠭᠦᠯᠳᠡᠷᠵᠢᠭᠦᠯᠬᠦ ᠲᠤᠬᠠᠢ ᠰᠤᠳᠤᠯᠤᠨ ᠶᠠᠷᠢᠯᠴᠠᠵᠤ ᠂ ᠵᠢᠭᠤᠷᠠᠯᠳᠤᠭᠠᠨ ᠢ ᠰᠢᠢᠳᠪᠦᠷᠢᠯᠡᠬᠦ ᠤᠯᠠᠨ ᠡᠰᠢᠴᠢᠯᠡᠭᠰᠡᠨ ᠰᠢᠰᠲ᠋ᠧᠮ ᠢ ᠲᠠᠰᠤᠷᠠᠯᠲᠠ ᠦᠭᠡᠢ ᠲᠡᠭᠦᠯᠳᠡᠷᠵᠢᠭᠦᠯᠪᠡ ᠃ ᠠᠷᠠᠳ ᠤᠨ ᠳᠡᠭᠡᠲᠥ ᠰᠢᠭᠦᠬᠦ ᠬᠣᠷᠢᠶᠠᠨ ᠤ ᠨᠠᠮ ᠤᠨ ᠤᠳᠤᠷᠢᠳᠬᠤ ᠳᠤᠭᠤᠢᠯᠠᠩ ᠤᠨ ᠪᠦᠷᠢᠯᠳᠦᠬᠦᠨ ᠂ ᠳᠡᠳ᠋ ᠳᠠᠷᠤᠭ᠎ᠠ ᠯᠢ ᠱᠣᠣ ᠫᠢᠩ ᠬᠤᠷᠠᠯ ᠳᠤ ᠣᠷᠣᠯᠴᠠᠵᠤ ᠶᠠᠷᠢᠶ᠎ᠠ ᠲᠠᠯᠪᠢᠪᠠ ᠃
ᠳᠡᠳ᠋ ᠬᠣᠷᠢᠶᠠᠨ ᠳᠠᠷᠤᠭ᠎ᠠ ᠯᠢ ᠱᠣᠣ ᠫᠢᠩ ᠂ ᠲᠣᠮᠢᠯᠠᠵᠤ ᠡᠶᠡᠳᠡᠭᠦᠯᠬᠦ ᠲᠣᠭᠲᠠᠴᠠ ᠶᠢ ᠲᠡᠭᠦᠯᠳᠡᠷᠵᠢᠭᠦᠯᠬᠦ ᠪᠣᠯ ᠶᠡᠷᠦᠩᠬᠡᠢ ᠱᠦᠵᠢ ᠰᠢ ᠶᠢᠨ ᠫᠢᠩ ᠦᠨ ᠪᠦᠬᠦ ᠲᠠᠯ᠎ᠠ ᠪᠠᠷ ᠬᠠᠤᠯᠢ ᠪᠠᠷ ᠤᠯᠤᠰ ᠢᠶᠠᠨ ᠵᠠᠰᠠᠬᠤ ᠵᠥᠪᠯᠡᠯ ᠦᠨ ᠤᠳᠠᠭ᠎ᠠ ᠪᠦᠷᠢ ᠶᠢᠨ ᠬᠤᠷᠠᠯ ᠳᠡᠭᠡᠷᠡᠬᠢ ᠶᠠᠷᠢᠶᠠᠨ ᠤ ᠵᠣᠷᠢᠭ ᠰᠠᠨᠠᠭ᠎ᠠ ᠶᠢ ᠲᠤᠭᠤᠰᠢᠯᠠᠭᠤᠯᠵᠠᠢ ᠂《ᠹᠸ᠋ᠩ ᠴᠢᠶᠣᠤ ᠶᠢᠨ ᠲᠤᠷᠰᠢᠯᠭ᠎ᠠ 》 ᠶᠢ ᠤᠯᠠᠮᠵᠢᠯᠠᠨ ᠵᠠᠯᠭᠠᠮᠵᠢᠯᠠᠵᠤ ᠰᠢᠨ᠎ᠡ ᠶᠢ ᠡᠭᠦᠳᠴᠦ ᠂ ᠬᠠᠤᠯᠢ ᠴᠠᠭᠠᠵᠠ ᠶᠢᠨ ᠪᠠᠶᠢᠭᠤᠯᠤᠮᠵᠢ ᠶᠢᠨ ᠶᠡᠷᠦᠩᠬᠡᠶᠢᠯᠡᠭᠰᠡᠨ ᠢᠵᠢ ᠪᠦᠷᠢᠳᠦᠭᠦᠯᠬᠦ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠴᠢᠬᠤᠯᠠ ᠠᠷᠭ᠎ᠠ ᠬᠡᠮᠵᠢᠶ᠎ᠡ ᠠᠪᠤᠪᠠ ᠃
ᠪᠡᠭᠡᠵᠢᠩ ᠬᠤᠳᠠ ᠶᠢᠨ ᠠᠷᠠᠳ ᠤᠨ ᠥᠨᠳᠥᠷ ᠵᠡᠷᠭᠡ ᠶᠢᠨ ᠰᠢᠭᠦᠬᠦ ᠬᠣᠷᠢᠶᠠᠨ ᠤ ᠨᠠᠮ ᠤᠨ ᠤᠳᠤᠷᠢᠳᠬᠤ ᠳᠤᠭᠤᠢᠯᠠᠩ ᠤᠨ ᠱᠦᠵᠢ ᠂ ᠣᠷᠣᠯᠠᠭᠴᠢ ᠬᠣᠷᠢᠶᠠᠨ ᠳᠠᠷᠤᠭ᠎ᠠ ᠺᠧᠤ ᠹᠠᠩ ᠂ ᠳᠤᠮᠳᠠᠳᠤ ᠤᠯᠤᠰ ᠠᠴᠠ ᠡᠪ ᠬᠠᠮᠲᠤ ᠨᠠᠮ ᠤᠨ ᠪᠡᠭᠡᠵᠢᠩ ᠬᠤᠳᠠ ᠶᠢᠨ ᠬᠣᠷᠢᠶᠠᠨ ᠤ ᠤᠯᠤᠰ ᠲᠥᠷᠥ ᠬᠠᠤᠯᠢ ᠴᠠᠭᠠᠵᠠ ᠶᠢᠨ ᠬᠣᠷᠢᠶᠠᠨ ᠤ ᠳᠡᠳ᠋ ᠱᠦᠵᠢ ᠵᠠᠩ ᠢᠦᠢ ᠺᠦᠨ ᠬᠤᠷᠠᠯ ᠳᠡᠭᠡᠷ᠎ᠡ ᠪᠠᠶᠠᠷ ᠤᠨ ᠦᠭᠡ ᠬᠡᠯᠡᠪᠡ ᠃ ᠪᠦᠬᠦ ᠤᠯᠤᠰ ᠠᠴᠠ ᠠᠷᠠᠳ ᠤᠨ ᠲᠥᠯᠥᠭᠡᠯᠡᠭᠴᠢᠳ ᠦᠨ ᠶᠡᠬᠡ ᠬᠤᠷᠠᠯ ᠤᠨ ᠲᠥᠯᠥᠭᠡᠯᠡᠭᠴᠢ ᠂ ᠤᠯᠤᠰ ᠲᠥᠷᠥ ᠶᠢᠨ ᠵᠥᠪᠯᠡᠯᠭᠡᠨ ᠦ ᠭᠡᠰᠢᠭᠦᠨ ᠂ ᠲᠤᠰᠬᠠᠢ ᠮᠡᠷᠭᠡᠵᠢᠯᠲᠡᠨ ᠡᠷᠳᠡᠮᠲᠡᠨ ᠂ ᠡᠶᠡᠳᠡᠭᠦᠯᠬᠦ ᠵᠣᠬᠢᠶᠠᠨ ᠪᠠᠶᠢᠭᠤᠯᠤᠯᠲᠠ ᠶᠢᠨ ᠲᠥᠯᠥᠭᠡᠯᠡᠭᠴᠢ ᠵᠢᠴᠢ ᠪᠦᠬᠦ ᠤᠯᠤᠰ ᠠᠴᠠ ᠠᠷᠠᠳ ᠤᠨ ᠲᠥᠯᠥᠭᠡᠯᠡᠭᠴᠢᠳ ᠦᠨ ᠶᠡᠬᠡ ᠬᠤᠷᠠᠯ ᠤᠨ ᠬᠠᠤᠯᠢ ᠴᠠᠭᠠᠵᠠ ᠶᠢᠨ ᠠᠵᠢᠯ ᠤᠨ ᠵᠥᠪᠯᠡᠯ ᠂ ᠲᠥᠪ ᠦᠨ ᠤᠯᠤᠰ ᠲᠥᠷᠥ ᠬᠠᠤᠯᠢ ᠴᠠᠭᠠᠵᠠ ᠶᠢᠨ ᠵᠥᠪᠯᠡᠯ ᠂ ᠬᠠᠤᠯᠢ ᠴᠠᠭᠠᠵᠠ ᠶᠢᠨ ᠶᠠᠮᠤᠨ ᠵᠢᠴᠢ ᠬᠡᠰᠡᠭ ᠮᠣᠵᠢ ᠬᠤᠳᠠ ᠶᠢᠨ ᠰᠢᠭᠦᠬᠦ ᠬᠣᠷᠢᠶ᠎ᠠ ᠶᠢᠨ ᠬᠠᠷᠢᠭᠤᠴᠠᠯᠭᠠᠲᠠᠨ ᠨᠥᠬᠥᠳ ᠬᠤᠷᠠᠯ ᠳᠤ ᠣᠷᠣᠯᠴᠠᠪᠠ ᠃
ᠢᠷᠡᠯᠲᠡ ᠄ ᠠᠷᠠᠳ ᠤᠨ ᠰᠢᠭᠦᠬᠦ ᠬᠣᠷᠢᠶᠠᠨ ᠤ ᠰᠣᠨᠢᠨ ᠮᠡᠳᠡᠭᠡᠨ ᠦ ᠵᠠᠭᠤᠴᠢᠯᠠᠭᠤᠷ ᠤᠨ ᠶᠡᠷᠦᠩᠬᠡᠶ ᠬᠣᠷᠢᠶ᠎ᠠ
ᠣᠷᠳᠣᠰ ᠬᠣᠲᠠ ᠶᠢᠨ ᠠᠷᠠᠳ ᠤᠨ ᠳᠤᠮᠳᠠ ᠵᠡᠷᠭᠡ ᠶᠢᠨ ᠰᠢᠭᠦᠬᠦ ᠬᠣᠷᠢᠶ᠎ᠠ ᠠᠴᠠ ᠣᠷᠴᠢᠭᠤᠯᠪᠠ
ᠬᠢᠲᠠᠳ ᠬᠡᠯᠡᠨ ᠦ ᠮᠠᠲ᠋ᠧᠷᠢᠶᠠᠯ ᠢᠶᠠᠷ ᠪᠠᠷᠢᠮᠵᠢᠶ᠎ᠠ ᠪᠤᠯᠭᠠᠵᠠᠢ︕
ᠦᠨᠡᠯᠡᠬᠦ 0ᠦᠨᠡᠯᠡᠯᠲᠡ ᠲᠠᠢ