ᠰᠦᠯᠵᠢᠶᠡᠨ ᠦ ᠠᠮᠤᠷ ᠲᠦᠪᠰᠢᠨ ᠦ ᠠᠵᠤ ᠦᠢᠯᠡᠰ ᠭᠤᠷᠪᠠᠨ ᠠᠯᠬᠤᠮ ᠢᠶᠠᠷ《 ᠲᠣᠮᠣ ᠪᠥᠭᠡᠳ ᠬᠦᠴᠦᠷᠬᠡᠭ 》᠂ 《 ᠲᠤᠰᠬᠠᠶᠢᠵᠢᠭᠰᠠᠨ ᠪᠥᠭᠡᠳ ᠰᠣᠳᠣᠨ 》ᠵᠦᠭ ᠴᠢᠭᠯᠡᠬᠦ
2018.09.22 ᠲᠣᠰ ᠥᠷᠲᠡᠭᠡᠨ ᠦ ᠨᠠᠢᠷᠠᠭᠤᠯᠤᠭᠴᠢ

     ᠤᠯᠠᠭᠠᠨ ᠪᠠᠭᠯᠠᠭᠠᠰᠤᠳᠤ ᠤᠨᠠᠭᠤᠯᠢ ᠶᠢ ᠬᠡᠷᠬᠢᠨ ᠢᠯᠭᠠᠨ ᠲᠠᠨᠢᠬᠤ ᠂ W i F i ᠠᠶᠤᠯ ᠲᠦᠭᠰᠢᠭᠦᠷᠢ ᠶᠢ ᠬᠡᠷᠬᠢᠨ ᠰᠡᠷᠭᠡᠶᠢᠯᠡᠬᠦ ᠵᠡᠷᠭᠡ ᠪᠦᠬᠦ ᠤᠯᠤᠰ ᠲᠥᠷᠥ ᠠᠩᠬ᠎ᠠ ᠡᠭᠦᠳᠦᠭᠰᠡᠨ ᠰᠦᠯᠵᠢᠶᠡᠨ ᠦ ᠠᠮᠤᠷ ᠲᠦᠪᠰᠢᠨ ᠦ ᠭᠣᠣᠯ ᠰᠡᠳᠦᠪᠲᠦ ᠭᠠᠯᠲᠤ ᠲᠡᠷᠭᠡ《 ᠠᠨ ᠠᠨ ᠬᠤᠤ 》 ᠴᠧᠩᠳᠦ᠋ ᠶᠢᠨ ᠰᠦᠯᠵᠢᠶᠡᠨ ᠳᠡᠭᠡᠷ᠎ᠡ ᠂ ᠰᠦᠯᠵᠢᠶᠡᠨ ᠦ ᠠᠮᠤᠷ ᠲᠦᠪᠰᠢᠨ ᠨᠢ《 ᠤᠯᠠᠨ ᠲᠦᠮᠡᠨ ᠲᠡᠶ ᠣᠢᠷᠠᠲᠤᠭᠰᠠᠨ 》ᠬᠡᠯᠪᠡᠷᠢ ᠪᠡᠷ ᠬᠤᠳᠠ ᠶᠢᠨ ᠠᠷᠠᠳ ᠤᠨ ᠬᠠᠷᠠᠭᠠᠨ ᠳᠤ《 ᠣᠷᠣᠭᠰᠠᠨ 》ᠪᠠᠢᠨ᠎ᠠ ᠃
    2018 ᠣᠨ ᠤᠯᠤᠰ ᠠᠴᠠ ᠰᠦᠯᠵᠢᠶᠡᠨ ᠦ ᠠᠮᠤᠷ ᠲᠦᠪᠰᠢᠨ ᠦ ᠤᠬᠠᠭᠤᠯᠭ᠎ᠠ ᠶᠢᠨ ᠭᠠᠷᠠᠭ ᠤᠨ《 ᠣᠷᠭᠢᠯ ᠣᠷᠭᠢᠯ 》ᠰᠦᠯᠵᠢᠶᠡᠨ ᠦ ᠠᠮᠤᠷ ᠲᠦᠪᠰᠢᠨ ᠦ ᠤᠷ᠎ᠠ ᠴᠢᠳᠠᠪᠤᠷᠢ ᠶᠢᠨ ᠥᠷᠢᠰᠥᠯᠳᠦᠭᠡᠨ ᠦ ᠤᠷᠤᠯᠳᠤᠭᠠᠨ ᠢᠶᠠᠷ ᠵᠢᠱᠢᠶᠡᠯᠡᠪᠡᠯ ᠂ ᠲᠤᠰ ᠤᠷᠤᠯᠳᠤᠭᠠᠨ ᠨᠢ ᠪᠥᠬᠥ ᠤᠯᠤᠰ ᠠᠴᠠ 3263 ᠠᠩᠭᠢ ᠂ ᠲᠦᠮᠡᠨ ᠬᠥᠮᠦᠨ ᠢ ᠣᠷᠣᠯᠴᠠᠭᠤᠯᠵᠤ ᠂ ᠲᠣᠭ᠎ᠠ ᠬᠡᠮᠵᠢᠶ᠎ᠡ ᠨᠢ ᠣᠢᠷ᠎ᠠ ᠶᠢᠨ ᠵᠢᠯ ᠦᠨ ᠪᠥᠬᠥ ᠤᠯᠤᠰ ᠠᠴᠠ ᠠᠳᠠᠯᠢ ᠲᠥᠷᠥᠯ ᠦᠨ ᠤᠷᠤᠯᠳᠤᠭᠠᠨ ᠤ ᠰᠢᠨ᠎ᠡ ᠲᠡᠮᠳᠡᠭᠯᠡᠯ  ᠢ ᠡᠭᠦᠳᠴᠦ ᠂ ᠪᠡᠶ᠎ᠡ ᠪᠡᠨ ᠳᠠᠭᠠᠭᠠᠵᠤ ᠡᠵᠡᠮᠳᠡᠵᠦ ᠪᠣᠯᠬᠤ ᠦᠢᠯᠡᠳᠪᠦᠷᠢ ᠬᠤᠳᠠᠯᠳᠤᠭᠠᠴᠢᠨ ᠂ ᠢᠨᠲ᠋ᠧᠷ ᠰᠦᠯᠵᠢᠶᠡᠨ ᠦ ᠠᠵᠤ ᠠᠬᠤᠢᠯᠠᠯ ᠂ ᠨᠡᠪᠴᠢᠯᠲᠡ ᠶᠢᠨ ᠰᠢᠯᠭᠠᠯᠲᠠ ᠶᠢᠨ ᠪᠦᠯᠬᠦᠮ ᠂ ᠨᠠᠷᠠᠲᠤ ᠶᠡᠬᠡ ᠰᠤᠷᠭᠠᠭᠤᠯᠢ ᠳᠡᠭᠡᠲᠥ ᠰᠤᠷᠭᠠᠭᠤᠯᠢ ᠵᠢᠴᠢ ᠬᠤᠪᠢ ᠬᠥᠮᠦᠨ ᠢ ᠪᠠᠭᠲᠠᠭᠠᠭᠰᠠᠨ ᠪᠥᠭᠡᠳ ᠲᠤᠰ ᠤᠷᠤᠯᠳᠤᠭᠠᠨ ᠨᠢ ᠴᠧᠩᠳᠦ ᠳᠦ ᠥᠨᠢᠳᠡ ᠨᠠᠶᠢᠳᠠᠪᠤᠷᠢᠵᠢᠭᠤᠯᠤᠭᠳᠠᠵᠤ ᠂ ᠰᠦᠯᠵᠢᠶᠡᠨ ᠦ ᠠᠮᠤᠷ ᠲᠦᠪᠰᠢᠨ ᠦ ᠴᠢᠳᠠᠪᠤᠷᠢᠲᠠᠨ ᠢ ᠨᠠᠩ ᠣᠯᠠᠨ ᠲᠡᠳᠡᠨ ᠠᠪᠴᠢᠷᠠᠵᠤ ᠡᠷᠦᠬᠡ ᠠᠮᠠ ᠣᠷᠣᠭᠤᠯᠬᠤ ᠪᠣᠯᠤᠨ᠎ᠠ ᠃ 
    ᠡᠭᠦᠨ ᠡᠴᠡ ᠭᠠᠳᠠᠨ᠎ᠠ ᠂ ᠴᠧᠩᠳᠦ᠋ ᠳᠦ ᠪᠠᠰᠠ ᠴᠢᠳᠠᠪᠤᠷᠢᠲᠠᠨ ᠢ ᠬᠥᠮᠦᠵᠢᠭᠦᠯᠬᠦ ᠪᠠᠶᠠᠯᠢᠭ ᠰᠠᠭᠤᠷᠢ ᠲᠠᠶ ᠶᠤᠮ ᠃ ᠡᠯᠧᠺᠲᠷᠣᠨ ᠰᠢᠨᠵᠢᠯᠡᠬᠦ ᠤᠬᠠᠭᠠᠨ ᠮᠡᠷᠭᠡᠵᠢᠯ ᠦᠨ ᠶᠡᠬᠡ ᠰᠤᠷᠭᠠᠭᠤᠯᠢ ᠂ ᠰᠧᠴᠤᠸᠠᠨ ᠶᠡᠬᠡ ᠰᠤᠷᠭᠠᠭᠤᠯᠢ ᠂ ᠴᠧᠩᠳᠦ᠋ ᠶᠢᠨ ᠮᠡᠳᠡᠭᠡ ᠵᠠᠩᠭᠢ ᠶᠢᠨ ᠢᠨᠵᠧᠨᠧᠷᠢᠩ  ᠤᠨ ᠶᠡᠬᠡ ᠰᠤᠷᠭᠠᠭᠤᠯᠢ ᠵᠡᠷᠭᠡ ᠶᠡᠬᠡ ᠳᠡᠭᠡᠲᠥ ᠰᠤᠷᠭᠠᠭᠤᠯᠢ ᠴᠥᠮ ᠮᠡᠳᠡᠭᠡ ᠵᠠᠩᠭᠢ ᠶᠢᠨ ᠠᠮᠤᠷ ᠲᠦᠪᠰᠢᠨ ᠦ ᠲᠤᠰᠬᠠᠶ ᠮᠡᠷᠭᠡᠵᠢᠯ ᠭᠠᠷᠭᠠᠵᠤ ᠂ ᠬᠠᠮᠢᠶ᠎ᠠ ᠪᠦᠬᠦᠢ ᠴᠢᠳᠠᠪᠤᠷᠢᠲᠠᠨ ᠤ ᠥᠯᠥᠭᠡᠶ ᠶᠢ ᠪᠤᠢ ᠪᠣᠯᠭᠠᠭᠰᠠᠨ ᠪᠠᠢᠨ᠎ᠠ ᠃ 

 

    ᠣᠷᠳᠣᠰ ᠬᠣᠲᠠ ᠶᠢᠨ ᠠᠷᠠᠳ ᠤᠨ ᠳᠤᠮᠳᠠ ᠵᠡᠷᠭᠡ ᠶᠢᠨ ᠰᠢᠭᠦᠬᠦ ᠬᠣᠷᠢᠶ᠎ᠠ ᠠᠴᠠ ᠣᠷᠴᠢᠭᠤᠯᠪᠠ

    ᠬᠢᠲᠠᠳ ᠬᠡᠯᠡᠨ ᠦ ᠮᠠᠲ᠋ᠧᠷᠢᠶᠠᠯ ᠢᠶᠠᠷ ᠪᠠᠷᠢᠮᠵᠢᠶ᠎ᠠ ᠪᠤᠯᠭᠠᠵᠠᠢ︕

ᠦᠨᠡᠯᠡᠬᠦ 0ᠦᠨᠡᠯᠡᠯᠲᠡ ᠲᠠᠢ


( ᠨᠧᠲ ᠨᠠᠢᠵᠠ ᠵᠢᠨ ᠦᠨᠡᠯᠡᠯᠲᠡ ᠨᠢ ᠵᠦᠪᠭᠡᠨ ᠲᠡᠭᠦᠨ ᠊ᠤ᠌ ᠬᠤᠪᠢ ᠭᠦᠮᠦᠨ ᠊ᠤ᠌ ᠦᠵᠡᠯᠲᠡ ᠲᠡᠳᠦᠢ᠂ ᠲᠤᠰ ᠨᠧᠲ ᠦᠷᠳᠡᠭᠡ ᠲᠡᠭᠦᠨ ᠊ᠤ᠌ ᠦᠵᠡᠯᠲᠡ ᠵᠢ ᠵᠦᠪᠰᠢᠶᠡᠷᠡᠭᠰᠡᠨ ᠶᠠᠪᠤᠳᠠᠯ ᠤᠭᠳᠤ ᠪᠢᠰᠢ ᠶᠤᠮ᠃ )