2017 ᠣᠨ ᠳᠤ ᠂ ᠪᠦᠬᠦ ᠤᠯᠤᠰ ᠠᠴᠠ ᠳᠠᠯᠠᠢ ᠶᠢᠨ ᠶᠠᠪᠤᠳᠠᠯ ᠤᠨ ᠰᠢᠭᠦᠨ ᠲᠠᠰᠤᠯᠤᠯᠲᠠ ᠶᠢᠨ ᠡᠩᠨᠡᠭᠡ ᠳᠠᠯᠠᠢ ᠲᠠᠩᠭᠢᠰ ᠤᠨ ᠬᠦᠴᠦᠷᠬᠡᠭ ᠤᠯᠤᠰ《 ᠨᠢᠭᠡ ᠪᠦᠰᠡ ᠨᠢᠭᠡ ᠵᠠᠮ 》 ᠤᠨ ᠪᠦᠲᠦᠭᠡᠨ ᠪᠠᠢᠭᠤᠯᠤᠯᠲᠠ ᠵᠡᠷᠭᠡ ᠨᠠᠮ ᠪᠣᠯᠤᠨ ᠤᠯᠤᠰ ᠠᠴᠠ ᠠᠵᠢᠯ ᠤᠨ ᠡᠯ᠎ᠡ ᠲᠠᠯ᠎ᠠ ᠲᠠᠶ ᠨᠢᠭᠲᠠ ᠤᠶᠠᠯᠳᠤᠭᠤᠯᠤᠨ ᠂ ᠳᠠᠯᠠᠢ ᠶᠢᠨ ᠶᠠᠪᠤᠳᠠᠯ ᠤᠨ ᠰᠢᠭᠦᠨ ᠲᠠᠰᠤᠯᠤᠯᠲᠠ ᠶᠢᠨ ᠡᠭᠦᠷᠭᠡ ᠴᠢᠳᠠᠪᠬᠢ ᠶᠢᠨ ᠦᠢᠯᠡᠳᠦᠯ ᠢ ᠭᠦᠢᠴᠡᠳ ᠪᠠᠳᠠᠷᠠᠭᠤᠯᠵᠤ ᠂ ᠳᠠᠯᠠᠢ ᠶᠢᠨ ᠶᠠᠪᠤᠳᠠᠯ ᠤᠨ ᠬᠠᠤᠯᠢ ᠴᠠᠭᠠᠵᠠ ᠶᠢᠨ ᠣᠢᠯᠠᠭᠠᠭᠳᠠᠬᠤᠨ ᠢ ᠳᠡᠭᠡᠭᠰᠢᠯᠡᠭᠦᠯᠬᠦ ᠂ ᠲᠠᠰᠤᠯᠤᠨ ᠲᠣᠭᠲᠠᠭᠠᠬᠤ ᠪᠠᠷᠢᠮᠵᠢᠶ᠎ᠠ ᠶᠢ ᠨᠢᠭᠡᠳᠬᠡᠬᠦ ᠂ ᠤᠯᠠᠨ ᠤᠯᠤᠰ ᠠᠴᠠ ᠣᠰᠣᠨ ᠵᠠᠮ ᠤᠨ ᠲᠡᠭᠡᠭᠡᠪᠦᠷᠢ ᠶᠢᠨ ᠬᠥᠭᠵᠢᠯᠲᠡ ᠶᠢ ᠠᠬᠢᠭᠤᠯᠬᠤ ᠂ ᠤᠯᠤᠰ ᠠᠴᠠ ᠳᠠᠯᠠᠢ ᠲᠠᠩᠭᠢᠰ ᠤᠨ ᠡᠷᠬᠡ ᠠᠰᠢᠭ ᠢ ᠬᠠᠮᠠᠭᠠᠯᠠᠬᠤ ᠵᠡᠷᠭᠡ ᠲᠠᠯ᠎ᠠ ᠪᠠᠷ ᠰᠢᠨ᠎ᠡ ᠠᠬᠢᠴᠠ ᠲᠠᠶ ᠪᠣᠯᠪᠠ ᠃ ᠰᠢᠭᠦᠬᠦ ᠬᠣᠷᠢᠶᠠᠨ ᠤ ᠳᠠᠯᠠᠢ ᠲᠠᠩᠭᠢᠰ ᠤᠨ ᠬᠦᠴᠦᠷᠬᠡᠭ ᠤᠯᠤᠰ ᠠᠴᠠ ᠪᠦᠲᠦᠭᠡᠨ ᠪᠠᠶᠢᠭᠤᠯᠤᠯᠲᠠ ᠳᠠᠬᠢ ᠬᠠᠤᠯᠢ ᠪᠠᠷᠢᠬᠤ ᠪᠠᠲᠤᠯᠠᠭ᠎ᠠ ᠪᠠ ᠦᠢᠯᠡᠴᠢᠯᠡᠭᠡᠨ ᠦ ᠡᠭᠦᠷᠭᠡ ᠴᠢᠳᠠᠪᠤᠷᠢ ᠶᠢ ᠭᠦᠢᠴᠡᠳ ᠪᠠᠳᠠᠷᠠᠭᠤᠯᠵᠤ ᠂ ᠳᠠᠯᠠᠢ ᠲᠠᠩᠭᠢᠰ ᠤᠨ ᠬᠠᠤᠯᠢ ᠪᠠᠷᠢᠬᠤ ᠰᠠᠢᠨ ᠰᠠᠢᠬᠠᠨ ᠣᠷᠴᠢᠨ ᠨᠥᠬᠥᠴᠡᠯ ᠢ ᠪᠣᠶ ᠪᠣᠯᠭᠠᠬᠤ ᠶᠢᠨ ᠲᠥᠯᠥᠭᠡ ᠂ ᠠᠷᠠᠳ ᠤᠨ ᠳᠡᠭᠡᠲᠥ ᠰᠢᠭᠦᠬᠦ ᠬᠣᠷᠢᠶ᠎ᠠ 2017 ᠣᠨ ᠳᠤ ᠳᠠᠯᠠᠢ ᠶᠢᠨ ᠶᠠᠪᠤᠳᠠᠯ ᠤᠨ ᠰᠢᠭᠦᠨ ᠲᠠᠰᠤᠯᠤᠯᠲᠠ ᠶᠢᠨ ᠠᠷᠪᠠᠨ ᠨᠡᠶᠢᠲᠡᠯᠢᠭ ᠬᠡᠷᠡᠭ ᠦᠨ ᠵᠢᠱᠢᠶ᠎ᠡ ᠶᠢ ᠨᠡᠢᠲᠡᠯᠡᠪᠡ ᠃
ᠢᠷᠡᠯᠲᠡ ᠄ ᠠᠷᠠᠳ ᠤᠨ ᠳᠡᠭᠡᠲᠥ ᠰᠢᠭᠦᠬᠦ ᠬᠣᠷᠢᠶ᠎ᠠ
ᠣᠷᠳᠣᠰ ᠬᠣᠲᠠ ᠶᠢᠨ ᠠᠷᠠᠳ ᠤᠨ ᠳᠤᠮᠳᠠ ᠵᠡᠷᠭᠡ ᠶᠢᠨ ᠰᠢᠭᠦᠬᠦ ᠬᠣᠷᠢᠶ᠎ᠠ ᠠᠴᠠ ᠣᠷᠴᠢᠭᠤᠯᠪᠠ
ᠬᠢᠲᠠᠳ ᠬᠡᠯᠡᠨ ᠦ ᠮᠠᠲ᠋ᠧᠷᠢᠶᠠᠯ ᠢᠶᠠᠷ ᠪᠠᠷᠢᠮᠵᠢᠶ᠎ᠠ ᠪᠤᠯᠭᠠᠵᠠᠢ︕
ᠦᠨᠡᠯᠡᠬᠦ 0ᠦᠨᠡᠯᠡᠯᠲᠡ᠎ᠲᠠᠢ