ᠤᠶᠤᠨᠲᠤ ᠰᠢᠭᠦᠬᠦ ᠬᠣᠷᠢᠶᠠᠨ ᠤ ᠪᠠᠢᠭᠤᠯᠤᠯᠲᠠ ᠶᠢ ᠭᠦᠨᠵᠡᠭᠡᠢ ᠠᠬᠢᠭᠤᠯᠤᠨ ᠰᠢᠭᠦᠨ ᠲᠠᠰᠤᠯᠬᠤ ᠰᠢᠰᠲ᠋ᠧᠮ ᠪᠠ ᠰᠢᠭᠦᠨ ᠲᠠᠰᠤᠯᠬᠤ ᠴᠢᠳᠠᠪᠤᠷᠢ ᠶᠢᠨ ᠤᠳᠤᠬᠢᠴᠢᠯᠠᠯ ᠳ᠋ᠦᠩ ᠳᠤ ᠪᠠᠶᠠᠷ ᠤᠨ ᠦᠭᠡ ᠬᠡᠯᠡᠪᠡ
2018.04.28 ᠲᠣᠰ ᠥᠷᠲᠡᠭᠡᠨ ᠦ ᠨᠠᠢᠷᠠᠭᠤᠯᠤᠭᠴᠢ

    4 ᠰᠠᠷ᠎ᠠ ᠶᠢᠨ 27 ᠤᠡᠳᠦᠷ ᠂ ᠠᠷᠠᠳ ᠤᠨ ᠳᠡᠭᠡᠲᠥ ᠰᠢᠭᠦᠬᠦ ᠬᠣᠷᠢᠶᠠᠨ ᠤ ᠳᠠᠷᠤᠭ᠎ᠠ ᠵᠧᠦ ᠴᠢᠶᠠᠩ ᠪᠦᠬᠦ ᠤᠯᠤᠰ ᠠᠴᠠ ᠰᠢᠭᠦᠬᠦ ᠬᠣᠷᠢᠶᠠᠨ ᠤ ᠲᠠᠪᠤᠳᠤᠭᠠᠷ ᠤᠳᠠᠭᠠᠨ ᠤ ᠰᠦᠯᠵᠢᠶᠡᠨ ᠦ ᠠᠮᠤᠷ ᠲᠦᠪᠰᠢᠨ ᠪᠠ ᠮᠡᠳᠡᠭᠡ ᠵᠠᠩᠭᠢᠵᠢᠯᠲᠠ ᠶᠢᠨ ᠠᠵᠢᠯ ᠤᠨ ᠬᠤᠷᠠᠯ ᠳᠡᠭᠡᠷ᠎ᠡ ᠂ ᠰᠢ ᠶᠢᠨ ᠫᠢᠩ ᠦᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠠᠴᠠ ᠣᠨᠴᠠᠯᠢᠭ ᠲᠠᠶ ᠨᠡᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠣᠳᠤᠯᠭ᠎ᠠ ᠪᠣᠯᠭᠠᠬᠤ ᠶᠢ ᠪᠠᠷᠢᠮᠲᠠᠯᠠᠵᠤ ᠂ ᠰᠢ ᠶᠢᠨ ᠫᠢᠩ ᠦᠨ ᠰᠦᠯᠵᠢᠶᠡᠨ ᠦ ᠬᠦᠴᠦᠷᠬᠡᠭ ᠤᠯᠤᠰ ᠠᠴᠠ ᠪᠠᠶᠢᠯᠳᠤᠬᠤ ᠪᠣᠳᠣᠯᠭ᠎ᠠ ᠶᠢᠨ ᠦᠵᠡᠯ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠠᠢ ᠂ ᠪᠦᠬᠦ ᠤᠯᠤᠰ ᠠᠴᠠ ᠰᠦᠯᠵᠢᠶᠡᠨ ᠦ ᠠᠮᠤᠷ ᠲᠦᠪᠰᠢᠨ ᠪᠠ ᠮᠡᠳᠡᠭᠡ ᠵᠠᠩᠭᠢᠵᠢᠯᠲᠠ ᠶᠢᠨ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠢ ᠲᠤᠤᠱᠯᠠᠭᠤᠯᠤᠨ ᠨᠠᠢᠳᠠᠪᠤᠷᠢᠵᠢᠭᠤᠯᠬᠤ ᠂ ᠵᠣᠷᠢᠭᠲᠠᠢ ᠪᠠᠷ ᠤᠷᠤᠭᠰᠢᠯᠠᠨ ᠳᠠᠪᠰᠢᠵᠤ ᠂ ᠰᠢᠷᠭᠠᠭᠤ ᠬᠠᠲᠠᠭᠤᠵᠢᠯᠲᠠᠢ ᠠᠵᠢᠯᠯᠠᠵᠤ ᠂ ᠤᠶᠤᠨᠲᠤ ᠰᠢᠭᠦᠬᠦ ᠬᠣᠷᠢᠶᠠᠨ ᠤ ᠪᠠᠢᠭᠤᠯᠤᠯᠲᠠ ᠶᠢ ᠭᠦᠨᠵᠡᠭᠡᠢ ᠠᠬᠢᠭᠤᠯᠵᠤ ᠂ ᠰᠢᠭᠦᠨ ᠲᠠᠰᠤᠯᠬᠤ ᠰᠢᠰᠲ᠋ᠧᠮ ᠪᠠ ᠰᠢᠭᠦᠨ ᠲᠠᠰᠤᠯᠬᠤ ᠴᠢᠳᠠᠪᠤᠷᠢ ᠶᠢᠨ ᠣᠳᠣᠬᠢᠴᠢᠯᠠᠯᠲᠠ ᠶᠢ ᠠᠬᠢᠭᠤᠯᠵᠤ ᠂ ᠤᠯᠤᠰ ᠠᠴᠠ ᠰᠦᠯᠵᠢᠶᠡᠨ ᠦ ᠠᠮᠤᠷ ᠲᠦᠪᠰᠢᠨ ᠪᠠ ᠮᠡᠳᠡᠭᠡ ᠵᠠᠩᠭᠢᠵᠢᠯᠲᠠ ᠶᠢᠨ ᠠᠵᠢᠯ ᠳᠤ ᠨᠠᠩ ᠬᠦᠴᠦᠲᠡᠢ ᠬᠠᠤᠯᠢ ᠪᠠᠷᠢᠬᠤ ᠦᠢᠯᠡᠴᠢᠯᠡᠭᠡ ᠪᠠ ᠪᠠᠲᠤᠯᠠᠭ᠎ᠠ ᠬᠠᠩᠭᠠᠵᠤ ᠂ ᠠᠷᠠᠳ ᠤᠨ ᠰᠢᠭᠦᠬᠦ ᠬᠣᠷᠢᠶᠠᠨ ᠤ ᠰᠦᠯᠵᠢᠶᠡᠨ ᠦ ᠠᠮᠤᠷ ᠲᠦᠪᠰᠢᠨ ᠪᠠ ᠮᠡᠳᠡᠭᠡ ᠵᠠᠩᠭᠢᠵᠢᠯᠲᠠ ᠶᠢᠨ ᠠᠵᠢᠯ ᠤᠨ ᠰᠢᠨ᠎ᠡ ᠬᠥᠭᠵᠢᠯᠲᠡ ᠶᠢ ᠠᠬᠢᠭᠤᠯᠬᠤ ᠬᠡᠷᠡᠭᠲᠡᠢ ᠭᠡᠵᠡᠢ᠃ ᠾᠧᠪᠧᠢ ᠮᠤᠵᠢ ᠶᠢᠨ ᠨᠠᠮ ᠤᠨ ᠬᠣᠷᠢᠶᠠᠨ ᠤ ᠱᠦᠵᠢ ᠂ ᠮᠤᠵᠢ ᠶᠢᠨ ᠠᠷᠠᠳ ᠤᠨ ᠲᠥᠯᠥᠭᠡᠯᠡᠭᠴᠢᠳ ᠦᠨ ᠶᠡᠬᠡ ᠬᠤᠷᠠᠯ ᠤᠨ ᠪᠠᠶᠢᠩᠭᠤ ᠶᠢᠨ ᠬᠣᠷᠢᠶᠠᠨ ᠤ ᠡᠷᠬᠢᠯᠡᠭᠴᠢ ᠸᠠᠩ ᠳ᠋ᠦᠩ ᠱᠧᠩ ᠬᠤᠷᠠᠯ ᠳᠤ ᠣᠷᠣᠯᠴᠠᠵᠤ ᠪᠠᠶᠠᠷ ᠤᠨ ᠦᠭᠡ ᠬᠡᠯᠡᠪᠡ ᠃ 
    ᠬᠤᠷᠠᠯ ᠠᠴᠠ ᠡᠮᠦᠨ᠎ᠡ ᠂ ᠬᠤᠷᠠᠯ ᠳᠤ ᠣᠷᠣᠯᠴᠠᠭᠰᠠᠨ ᠲᠥᠯᠥᠭᠡᠯᠡᠭᠴᠢᠳ ᠾᠧᠪᠧᠢ ᠵᠢᠨ ᠠᠷᠠᠳ ᠤᠨ ᠥᠨᠳᠥᠷ ᠵᠡᠷᠭᠡ ᠶᠢᠨ ᠰᠢᠭᠦᠬᠦ ᠬᠣᠷᠢᠶᠠᠨ ᠤ ᠮᠡᠳᠡᠭᠡ ᠵᠠᠩᠭᠢ ᠶᠢᠨ ᠬᠠᠮᠢᠶᠠᠷᠤᠯᠲᠠ ᠶᠢᠨ ᠲᠥᠪ ᠂ ᠭᠦᠢᠴᠡᠳᠬᠡᠬᠦ ᠵᠢᠯᠣᠭᠣᠳᠬᠤ ᠲᠥᠪ ᠢ ᠰᠢᠨᠵᠢᠯᠡᠨ ᠪᠠᠶᠢᠴᠠᠭᠠᠵᠤ ᠂ ᠮᠡᠳᠡᠭᠡ ᠵᠠᠩᠭᠢᠵᠢᠯᠲᠠ ᠶᠢᠨ ᠦᠷ᠎ᠡ ᠪᠦᠲᠦᠭᠡᠯ ᠦᠨ ᠦᠵᠡᠭᠦᠯᠦᠯᠭᠡ ᠶᠢ ᠲᠣᠭᠣᠷᠢᠨ ᠦᠵᠡᠪᠡ ᠃

 

  ᠣᠷᠳᠣᠰ ᠬᠣᠲᠠ ᠶᠢᠨ ᠠᠷᠠᠳ ᠤᠨ ᠳᠤᠮᠳᠠ ᠵᠡᠷᠭᠡ ᠶᠢᠨ ᠰᠢᠭᠦᠬᠦ ᠬᠣᠷᠢᠶ᠎ᠠ ᠠᠴᠠ ᠣᠷᠴᠢᠭᠤᠯᠪᠠ

  ᠬᠢᠲᠠᠳ ᠬᠡᠯᠡᠨ ᠦ ᠮᠠᠲ᠋ᠧᠷᠢᠶᠠᠯ ᠢᠶᠠᠷ ᠪᠠᠷᠢᠮᠵᠢᠶ᠎ᠠ  ᠪᠤᠯᠭᠠᠵᠠᠢ︕

 

ᠦᠨᠡᠯᠡᠬᠦ 0ᠦᠨᠡᠯᠡᠯᠲᠡ ᠲᠠᠢ


( ᠨᠧᠲ ᠨᠠᠢᠵᠠ ᠵᠢᠨ ᠦᠨᠡᠯᠡᠯᠲᠡ ᠨᠢ ᠵᠦᠪᠭᠡᠨ ᠲᠡᠭᠦᠨ ᠊ᠤ᠌ ᠬᠤᠪᠢ ᠭᠦᠮᠦᠨ ᠊ᠤ᠌ ᠦᠵᠡᠯᠲᠡ ᠲᠡᠳᠦᠢ᠂ ᠲᠤᠰ ᠨᠧᠲ ᠦᠷᠳᠡᠭᠡ ᠲᠡᠭᠦᠨ ᠊ᠤ᠌ ᠦᠵᠡᠯᠲᠡ ᠵᠢ ᠵᠦᠪᠰᠢᠶᠡᠷᠡᠭᠰᠡᠨ ᠶᠠᠪᠤᠳᠠᠯ ᠤᠭᠳᠤ ᠪᠢᠰᠢ ᠶᠤᠮ᠃ )