3 ᠰᠠᠷ᠎ᠠ ᠶᠢᠨ 11 ᠤ ᠦᠳᠡ ᠶᠢᠨ ᠬᠣᠶᠢᠨᠠ ᠂ ᠠᠷᠪᠠᠨ ᠭᠤᠷᠪᠠᠳᠤᠭᠠᠷ ᠬᠤᠭᠤᠴᠠᠭᠠᠨ ᠤ ᠪᠦᠬᠦ ᠤᠯᠤᠰ ᠠᠴᠠ ᠠᠷᠠᠳ ᠤᠨ ᠲᠥᠯᠥᠭᠡᠯᠡᠭᠴᠢᠳ ᠦᠨ ᠶᠡᠬᠡ ᠬᠤᠷᠠᠯ ᠤᠨ ᠠᠩᠬᠠᠳᠤᠭᠠᠷ ᠬᠤᠷᠠᠯ ᠤᠨ ᠭᠤᠷᠪᠠᠳᠤᠭᠠᠷ ᠪᠦᠭᠦᠳᠡ ᠬᠤᠷᠠᠯ ᠠᠴᠠ ᠪᠢᠯᠧᠲ᠋ ᠥᠭᠴᠦ ᠪᠠᠲᠤᠯᠠᠯᠲᠠ ᠬᠢᠬᠦ ᠪᠡᠷ ᠳᠠᠮᠵᠢᠨ ᠂ ᠥᠨᠳᠥᠷ ᠪᠢᠯᠧᠲ᠋ ᠢᠶᠡᠷ《 ᠪᠥᠬᠥᠳᠡ ᠨᠠᠢᠷᠠᠮᠳᠠᠬᠤ ᠳᠤᠮᠳᠠᠳᠤ ᠠᠷᠠᠳ ᠤᠯᠤᠰ ᠠᠴᠠ ᠦᠨᠳᠦᠰᠦᠨ ᠬᠠᠤᠯᠢ ᠳᠤ ᠵᠠᠰᠠᠪᠤᠷᠢ ᠣᠷᠣᠭᠤᠯᠬᠤ ᠲᠥᠰᠦᠯ 》 ᠢ ᠪᠠᠲᠤᠯᠠᠪᠠ ᠃ ᠡᠨᠡ ᠪᠣᠯ ᠮᠠᠨ ᠤ ᠤᠯᠤᠰ ᠠᠴᠠ ᠦᠨᠳᠦᠰᠦᠨ ᠬᠠᠤᠯᠢ ᠂ ᠬᠥᠭᠵᠢᠯᠲᠡ ᠶᠢᠨ ᠲᠡᠤᠬᠡᠨ ᠳᠡᠭᠡᠷᠡᠬᠢ ᠨᠢᠭᠡᠨ ᠴᠢᠬᠤᠯᠠ ᠪᠡᠯᠭᠡ ᠲᠡᠮᠳᠡᠭ ᠂ ᠳᠤᠮᠳᠠᠳᠤ ᠶᠢᠨ ᠦᠨᠳᠦᠰᠦᠲᠡᠨ ᠦ ᠠᠭᠤᠤ ᠶᠡᠬᠡ ᠰᠡᠷᠭᠦᠨ ᠮᠠᠨᠳᠤᠯᠲᠠ ᠶᠢᠨ ᠠᠬᠢᠴᠠ ᠳᠤᠮᠳᠠᠬᠢ ᠲᠡᠦᠭᠡᠲᠦ ᠴᠢᠨᠠᠷᠲᠠᠢ ᠴᠠᠭ ᠮᠥᠴᠡ ᠮᠥᠨ ᠃
ᠡᠭᠦᠨ ᠦ ᠬᠠᠮᠲᠤ ᠂ ᠮᠦᠸᠸ ᠵᠢᠶ ᠬᠣᠩ ᠦᠨᠳᠦᠰᠦᠨ ᠬᠠᠤᠯᠢ ᠳᠤ ᠨᠡᠢᠴᠡᠬᠦ ᠴᠢᠨᠠᠷᠲᠠᠶ ᠬᠢᠨᠠᠨ ᠪᠠᠶᠢᠴᠠᠭᠠᠯᠲᠠ ᠶᠢ ᠤᠯᠠᠮ ᠨᠢᠭᠡ ᠠᠯᠬᠤᠮ ᠲᠦᠯᠬᠢᠨ ᠠᠬᠢᠭᠤᠯᠬᠤ ᠬᠡᠷᠡᠭᠲᠡᠶ ᠭᠡᠵᠦ ᠣᠨᠴᠠᠭᠠᠢᠯᠠᠨ ᠳᠤᠷᠠᠳᠤᠭᠰᠠᠨ ᠪᠠᠢᠨ᠎ᠠ ᠃ ᠲᠡᠷᠡ ᠂ ᠬᠠᠤᠯᠢ ᠴᠠᠭᠠᠵᠠ ᠶᠢᠨ ᠵᠥᠪᠯᠡᠯ ᠦᠨ ᠨᠡᠷ᠎ᠡ ᠶᠢ《 ᠦᠨᠳᠦᠰᠦᠨ ᠬᠠᠤᠯᠢ ᠪᠠ ᠬᠠᠤᠯᠢ ᠴᠠᠭᠠᠵᠠ ᠶᠢᠨ ᠵᠥᠪᠯᠡᠯ 》 ᠭᠡᠵᠦ ᠥᠭᠡᠷᠡᠴᠢᠯᠡᠭᠰᠡᠨ ᠦ ᠳᠠᠷᠠᠭ᠎ᠠ ᠂ ᠪᠦᠬᠦ ᠤᠯᠤᠰ ᠠᠴᠠ ᠠᠷᠠᠳ ᠤᠨ ᠲᠥᠯᠥᠭᠡᠯᠡᠭᠴᠢᠳ ᠦᠨ ᠶᠡᠬᠡ ᠬᠤᠷᠠᠯ ᠤᠨ ᠪᠠᠶᠢᠩᠭᠤ ᠶᠢᠨ ᠬᠣᠷᠢᠶ᠎ᠠ ᠬᠠᠤᠯᠢ ᠲᠣᠭᠲᠠᠭᠠᠬᠤ ᠬᠠᠤᠯᠢ ᠶᠢ ᠦᠨᠳᠦᠰᠦᠯᠡᠨ ᠵᠠᠰᠠᠭ ᠵᠠᠬᠢᠷᠭᠠᠨ ᠤ ᠬᠠᠤᠯᠢ ᠲᠣᠭᠲᠠᠭᠠᠯ ᠂ ᠣᠷᠣᠨ ᠨᠤᠲᠤᠭ ᠤᠨ ᠴᠢᠨᠠᠷᠲᠠᠢ ᠬᠠᠤᠯᠢ ᠲᠣᠭᠲᠠᠭᠠᠯ ᠂ ᠥᠪᠡᠷᠲᠡᠭᠡᠨ ᠵᠠᠰᠠᠬᠤ ᠳᠦᠷᠢᠮ ᠪᠠ ᠲᠤᠰᠬᠠᠢ ᠳᠦᠷᠢᠮ ᠨᠢ ᠦᠨᠳᠦᠰᠦᠨ ᠬᠠᠤᠯᠢ ᠶᠢ ᠵᠥᠷᠢᠴᠡᠭᠰᠡᠨ ᠡᠰᠡᠬᠦ ᠠᠵᠢᠯ ᠢ ᠵᠢᠩᠬᠢᠨᠢ ᠶᠣᠰᠣᠭᠠᠷ ᠬᠢᠵᠦ ᠂ ᠦᠨᠳᠦᠰᠦᠨ ᠬᠠᠤᠯᠢ ᠶᠢ ᠬᠡᠷᠡᠭᠵᠢᠭᠦᠯᠦᠭᠰᠡᠨ ᠦᠷ᠎ᠡ ᠪᠦᠲᠦᠮᠵᠢ ᠶᠢᠨ ᠲᠤᠬᠠᠢ ᠨᠡᠢᠭᠡᠮ ᠨᠡᠢᠢᠲᠡ ᠶᠢᠨ ᠬᠦᠰᠡᠯ ᠡᠷᠡᠮᠡᠯᠵᠡᠯ ᠨᠠᠩ ᠥᠨᠳᠥᠷ ᠪᠣᠯᠵᠤ ᠂ ᠦᠨᠳᠦᠰᠦᠨ ᠬᠠᠤᠯᠢ ᠶᠢ ᠬᠡᠷᠡᠭᠵᠢᠭᠦᠯᠦᠭᠰᠡᠨ ᠬᠢᠨᠠᠯᠲᠠ ᠲᠠᠯᠪᠢᠬᠤ ᠲᠣᠭᠲᠠᠴᠠ ᠦᠨᠡᠨ ᠬᠦ ᠨᠠᠶᠢᠳᠠᠪᠤᠷᠢᠵᠢᠭᠳᠠᠵᠤ ᠂ ᠦᠨᠳᠦᠰᠦᠨ ᠬᠠᠤᠯᠢ ᠡᠷᠬᠡ ᠰᠦᠷ ᠢ ᠬᠠᠮᠠᠭᠠᠯᠠᠬᠤ ᠂ ᠦᠨᠳᠦᠰᠦᠨ ᠬᠠᠤᠯᠢ ᠶᠢ ᠬᠡᠷᠡᠭᠵᠢᠭᠦᠯᠬᠦ ᠶᠢ ᠪᠠᠲᠤᠯᠠᠬᠤ ᠲᠠᠯ᠎ᠠ ᠪᠠᠷ ᠴᠢᠬᠤᠯᠠ ᠦᠢᠯᠡᠳᠦᠯ ᠦᠵᠡᠭᠦᠯᠬᠦ ᠪᠣᠯᠤᠨ᠎ᠠ ᠭᠡᠵᠦ ᠬᠡᠯᠡᠪᠡ ᠃
ᠢᠷᠡᠯᠲᠡ ᠄ ᠬᠠᠤᠯᠢ ᠳᠦᠷᠢᠮ ᠤᠨ ᠰᠦᠯᠵᠢᠶ᠎ᠡ
ᠣᠷᠳᠣᠰ ᠬᠣᠲᠠ ᠶᠢᠨ ᠠᠷᠠᠳ ᠤᠨ ᠳᠤᠮᠳᠠ ᠵᠡᠷᠭᠡ ᠶᠢᠨ ᠰᠢᠭᠦᠬᠦ ᠬᠣᠷᠢᠶ᠎ᠠ ᠠᠴᠠ ᠣᠷᠴᠢᠭᠤᠯᠪᠠ
ᠬᠢᠲᠠᠳ ᠬᠡᠯᠡᠨ ᠦ ᠮᠠᠲ᠋ᠧᠷᠢᠶᠠᠯ ᠢᠶᠠᠷ ᠪᠠᠷᠢᠮᠵᠢᠶ᠎ᠠ ᠪᠤᠯᠭᠠᠵᠠᠢ︕
ᠦᠨᠡᠯᠡᠬᠦ 0ᠦᠨᠡᠯᠡᠯᠲᠡ ᠲᠠᠢ