ᠮᠠᠨ ᠤ᠋ ᠤᠯᠤᠰ ᠤ᠋ᠨ ᠸᠠᠺᠼᠢᠨ ᠤ᠋ ᠬᠠᠮᠢᠶᠠᠷᠤᠯᠲᠠ ᠶ᠋ᠢᠨ ᠠᠩᠬᠠᠳᠠᠭᠴᠢ ᠬᠠᠤᠯᠢ ᠪᠠᠲᠤᠯᠠᠭᠳᠠᠵᠤ  ᠬᠠᠮᠤᠭ ᠴᠢᠩᠭ᠎ᠠ ᠬᠠᠮᠢᠶᠠᠷᠤᠯᠲᠠ ᠢ᠋ᠢᠨ ᠳᠦᠷᠢᠮ  ᠢ᠋ ᠬᠡᠷᠡᠭᠵᠢᠭᠦᠯᠬᠦ ᠪᠡᠷ  ᠪᠠᠢᠨ᠎ᠠ
2020.01.07 ᠲᠣᠰ ᠥᠷᠲᠡᠭᠡᠨ᠎ᠦ ᠨᠠᠢᠷᠠᠭᠤᠯᠤᠭᠴᠢ

      6 ᠰᠠᠷ᠎ᠠ ᠶ᠋ᠢᠨ 29  ᠦ᠌ ᠡᠳᠦᠷ ᠦ᠋ᠨ ᠦᠳᠡ ᠶ᠋ᠢᠨ ᠬᠣᠢᠨ᠎ᠠ ᠂ ᠠᠷᠪᠠᠨ ᠭᠤᠷᠪᠠᠳᠤᠭᠠᠷ ᠬᠤᠭᠤᠴᠠᠭᠠᠨ ᠤ᠋ ᠪᠦᠬᠦ ᠤᠯᠤᠰ ᠤ᠋ᠨ ᠠᠷᠠᠳ ᠤ᠋ᠨ ᠲᠥᠯᠥᠭᠡᠯᠡᠭᠴᠢᠳ ᠦ᠋ᠨ ᠶᠡᠬᠡ ᠬᠤᠷᠠᠯ ᠤ᠋ᠨ ᠪᠠᠢᠩᠭᠤ ᠶ᠋ᠢᠨ ᠬᠣᠷᠢᠶᠠᠨ ᠤ᠋ ᠠᠷᠪᠠᠨ ᠨᠢᠭᠡᠳᠦᠭᠡᠷ ᠬᠤᠷᠠᠯᠳᠤᠭᠠᠨ ᠠ᠋ᠴᠠ ᠸᠠᠺᠼᠢᠨ ᠤ᠋ ᠬᠠᠮᠢᠶᠠᠷᠤᠯᠲᠠ ᠶ᠋ᠢᠨ ᠬᠠᠤᠯᠢ ᠶ᠋ᠢ ᠪᠠᠲᠤᠯᠠᠪᠠ ᠃ ᠸᠠᠺᠼᠢᠨ ᠤ᠋ ᠬᠠᠮᠢᠶᠠᠷᠤᠯᠲᠠ ᠶ᠋ᠢᠨ ᠬᠠᠤᠯᠢ ᠶ᠋ᠢ 2019 ᠣᠨ ᠤ᠋ 12 ᠰᠠᠷ᠎ᠠ ᠶ᠋ᠢᠨ 1 ᠦ᠌ ᠡᠳᠦᠷ ᠡᠴᠡ ᠡᠬᠢᠯᠡᠵᠦ ᠬᠡᠷᠡᠭᠵᠢᠭᠦᠯᠦᠨ᠎ᠡ ᠃ ᠡᠨᠡ ᠪᠣᠯ ᠮᠠᠨ ᠤ᠋ ᠤᠯᠤᠰ ᠤ᠋ᠨ ᠠᠩᠬᠠᠳᠠᠭᠴᠢ ᠸᠠᠺᠼᠢᠨ ᠬᠠᠮᠢᠶᠠᠷᠬᠤ ᠲᠤᠬᠠᠢ ᠲᠤᠰᠭᠠᠢ ᠬᠠᠤᠯᠢ ᠴᠠᠭᠠᠵᠠ ᠪᠣᠯᠤᠨ᠎ᠠ ᠃
     ᠡᠨᠡ ᠬᠦ᠌ ᠬᠠᠤᠯᠢ ᠨᠢ ᠨᠡᠢᠲᠡ 11 ᠪᠦᠯᠦᠭ ᠵᠠᠭᠤᠨ ᠵᠤᠷᠪᠤᠰ ᠪᠠᠢᠵᠤ ᠂ ᠸᠠᠺᠼᠢᠨ ᠰᠤᠳᠤᠯᠤᠨ ᠦᠢᠯᠡᠳᠬᠦ ᠪᠠ ᠳᠠᠩᠰᠠᠯᠠᠬᠤ ᠂ ᠸᠠᠺᠼᠢᠨ ᠤ᠋ ᠦᠢᠯᠡᠳᠪᠦᠷᠢᠯᠡᠯ ᠪᠠ ᠴᠣᠬᠤᠯᠪᠤᠷᠢ ᠢᠯᠠᠵᠤ ᠭᠠᠷ ᠤ᠋ᠨ ᠥᠰᠥᠭ ᠵᠢᠷᠤᠵᠤ ᠲᠠᠷᠬᠠᠭᠠᠬᠤ ᠂ ᠸᠠᠺᠼᠢᠨ ᠤ᠋ ᠭᠦᠢᠯᠭᠡᠭᠡᠨ ᠂ ᠤᠷᠢᠳᠴᠢᠯᠠᠨ ᠰᠡᠷᠭᠡᠢᠯᠡᠬᠦ ᠲᠠᠷᠢᠯᠭ᠎ᠠ ᠲᠠᠷᠢᠬᠤ ᠂ ᠬᠡᠪ ᠦ᠋ᠨ ᠪᠤᠰᠤ ᠲᠤᠰᠭᠠᠯ ᠢ᠋ ᠬᠢᠨᠠᠨ ᠬᠡᠮᠵᠢᠬᠦ ᠪᠠ ᠰᠢᠢᠳᠪᠦᠷᠢᠯᠡᠬᠦ ᠂ ᠸᠠᠺᠼᠢᠨ ᠤ᠋ ᠵᠠᠬ᠎ᠠ ᠳᠡᠯᠭᠡᠭᠦᠷ ᠲᠦ᠍ ᠭᠠᠷᠤᠭᠰᠠᠨ ᠤ᠋ ᠳᠠᠷᠠᠭᠠᠬᠢ ᠬᠠᠮᠢᠶᠠᠷᠤᠯᠲᠠ ᠂ ᠪᠠᠲᠤᠯᠠᠭ᠎ᠠ ᠶ᠋ᠢᠨ ᠠᠷᠭ᠎ᠠ ᠬᠡᠮᠵᠢᠶ᠎ᠡ ᠂ ᠬᠢᠨᠠᠯᠲᠠ ᠬᠠᠮᠢᠶᠠᠷᠤᠯᠲᠠ ᠪᠠ ᠬᠠᠤᠯᠢ ᠴᠠᠭᠠᠵᠠ ᠶ᠋ᠢᠨ ᠬᠠᠷᠢᠭᠤᠴᠠᠯᠭ᠎ᠠ ᠵᠡᠷᠭᠡ ᠲᠠᠯ᠎ᠠ ᠪᠠᠷ ᠲᠣᠳᠣᠷᠬᠠᠢ ᠲᠣᠭᠲᠠᠭᠠᠯ ᠭᠠᠷᠭᠠᠭᠰᠠᠨ ᠪᠠᠢᠨ᠎ᠠ ᠃
     ᠬᠠᠮᠤᠭ ᠤ᠋ᠨ ᠴᠢᠩᠭ᠎ᠠ ᠬᠠᠮᠢᠶᠠᠷᠤᠯᠲᠠ ᠶ᠋ᠢᠨ ᠳᠦᠷᠢᠮ
     ᠸᠠᠺᠼᠢᠨ ᠤ᠋ ᠬᠠᠮᠢᠶᠠᠷᠤᠯᠲᠠ ᠶ᠋ᠢᠨ ᠬᠠᠤᠯᠢ ᠳ᠋ᠤ᠌ ᠄ ᠤᠯᠤᠰ ᠠ᠋ᠴᠠ ᠸᠠᠺᠼᠢᠨ ᠲᠠᠷᠢᠯᠭ᠎ᠠ ᠶ᠋ᠢ ᠬᠠᠮᠤᠭ ᠤ᠋ᠨ ᠴᠢᠩᠭ᠎ᠠ ᠬᠠᠮᠢᠶᠠᠷᠬᠤ ᠳᠦᠷᠢᠮ ᠢ᠋ ᠬᠡᠷᠡᠭᠵᠢᠭᠦᠯᠵᠦ᠂ ᠠᠮᠤᠷ  ᠲᠦᠪᠰᠢᠨ ᠢ᠋ ᠲᠡᠷᠢᠭᠦᠨ ᠳ᠋ᠦ᠍ ᠲᠠᠯᠪᠢᠬᠤ᠂ ᠠᠶᠤᠯ  ᠲᠦᠭᠰᠢᠭᠦᠷᠢ ᠶ᠋ᠢ ᠬᠠᠮᠢᠶᠠᠷᠬᠤ᠂ ᠪᠦᠬᠦ ᠶᠠᠪᠤᠴᠠ ᠶ᠋ᠢ ᠬᠠᠮᠢᠶᠠᠷᠤᠨ  ᠡᠵᠡᠮᠳᠡᠬᠦ᠂  ᠰᠢᠨᠵᠢᠯᠡᠬᠦ ᠤᠬᠠᠭᠠᠨᠴᠢ ᠪᠠᠷ ᠬᠢᠨᠠᠯᠲᠠ ᠲᠠᠯᠪᠢᠬᠤ᠂ ᠨᠡᠢᠭᠡᠮ ᠨᠡᠢᠲᠡ ᠪᠡᠷ ᠢ᠋ᠶ᠋ᠡᠨ ᠬᠠᠮᠲᠤᠪᠠᠷ ᠵᠠᠰᠠᠬᠤ ᠶ᠋ᠢ ᠪᠠᠷᠢᠮᠲᠠᠯᠠᠨ᠎ᠠ᠃
      ᠸᠠᠺᠼᠢᠨ ᠤ᠋ ᠬᠠᠮᠢᠶᠠᠷᠤᠯᠲᠠ ᠳ᠋ᠤ᠌  ᠲᠤᠰᠠᠭᠠᠷ  ᠬᠠᠤᠯᠢ ᠲᠣᠭᠲᠠᠭᠠᠭᠰᠠᠨ ᠨᠢ  ᠰᠢᠰᠲ᠋ᠧᠮ ᠲᠡᠢ  ᠬᠡᠯᠬᠢᠮᠡᠯ ᠸᠢᠺᠼᠢᠨ ᠤ᠋  ᠬᠠᠮᠢᠶᠠᠷᠤᠯᠲᠠ ᠢ᠋ᠢᠨ ᠳᠦᠷᠢᠮ ᠪᠠᠢᠭᠤᠯᠬᠤ ᠳ᠋ᠤ᠌  ᠠᠰᠢᠭᠲᠠᠢ᠃
     ᠬᠠᠮᠤᠭ ᠴᠢᠩᠭ᠎ᠠ ᠬᠢᠨᠠᠨ ᠬᠠᠮᠢᠶᠠᠷᠤᠯᠲᠠ ᠶ᠋ᠢ ᠬᠠᠷᠠᠭᠤᠯᠬᠤ ᠶ᠋ᠢᠨ ᠲᠤᠰᠠᠳᠠ ᠂ ᠸᠠᠺᠼᠢᠨ ᠤ᠋ ᠬᠠᠮᠢᠶᠠᠷᠤᠯᠲᠠ ᠶ᠋ᠢᠨ ᠬᠠᠤᠯᠢ ᠳ᠋ᠤ᠌ ᠳᠤᠷᠠᠳᠤᠭᠰᠠᠨ ᠨᠢ ᠂ ᠤᠯᠤᠰ ᠠ᠋ᠴᠠ ᠸᠠᠺᠼᠢᠨ ᠤ᠋ ᠦᠢᠯᠡᠳᠪᠦᠷᠢᠯᠡᠯ ᠳ᠋ᠦ᠍ ᠴᠢᠩᠭ᠎ᠠ  ᠵᠥᠪᠰᠢᠶᠡᠷᠡᠨ ᠣᠷᠣᠭᠤᠯᠬᠤ ᠳᠦᠷᠢᠮ ᠢ᠋ ᠬᠡᠷᠡᠭᠵᠢᠭᠦᠯᠦᠨ᠎ᠡ ᠃ ᠸᠠᠺᠼᠢᠨ ᠢ᠋ ᠦᠢᠯᠡᠳᠪᠦᠷᠢᠯᠡᠬᠦ ᠠᠵᠢᠯᠯᠠᠭ᠎ᠠ ᠬᠢᠬᠦ ᠳ᠋ᠤ᠌ ᠂ ᠮᠣᠵᠢ ᠶ᠋ᠢᠨ ᠱᠠᠲᠤᠨ ᠠ᠋ᠴᠠ  ᠳᠡᠭᠡᠭᠰᠢᠬᠢ ᠠᠷᠠᠳ ᠤ᠋ᠨ ᠵᠠᠰᠠᠭ ᠤ᠋ᠨ ᠣᠷᠳᠣᠨ ᠤ᠋ ᠡᠮ ᠦ᠋ᠨ ᠵᠦᠢᠯ ᠢ᠋ ᠬᠢᠨᠠᠨ ᠬᠠᠮᠢᠶᠠᠷᠬᠤ ᠰᠠᠯᠠᠭ᠎ᠠ ᠮᠥᠴᠢᠷ ᠢ᠋ᠶ᠋ᠡᠷ  ᠵᠥᠪᠰᠢᠶᠡᠷᠡᠭᠦᠯᠵᠦ᠂ ᠡᠮ ᠦ᠋ᠨ ᠵᠦᠢᠯ ᠢ᠋ ᠦᠢᠯᠡᠳᠪᠦᠷᠢᠯᠡᠬᠦ ᠵᠥᠪᠰᠢᠶᠡᠷᠡᠯ  ᠦ᠋ᠨ ᠦᠨᠡᠮᠯᠡᠯ ᠣᠯᠤᠭᠰᠠᠨ ᠪᠠᠢᠬᠤ ᠬᠡᠷᠡᠭᠲᠡᠢ ᠃ ᠸᠠᠺᠼᠢᠨ ᠤ᠋ ᠵᠠᠬ᠎ᠠ ᠳᠡᠯᠭᠡᠭᠦᠷ ᠲᠦ᠍ ᠭᠠᠷᠭᠠᠬᠤ  ᠵᠥᠪᠰᠢᠶᠡᠷᠡᠯ ᠢ᠋  ᠡᠵᠡᠮᠰᠢᠭᠴᠢ ᠶ᠋ᠢᠨ ᠬᠠᠤᠯᠢ ᠪᠠᠷ ᠲᠣᠭᠲᠠᠭᠠᠭᠰᠠᠨ ᠲᠥᠯᠥᠭᠡᠯᠡᠭᠴᠢ ᠂ ᠭᠣᠣᠯ ᠬᠠᠷᠢᠭᠤᠴᠠᠯᠭᠠᠲᠠᠨ ᠨᠢ ᠰᠠᠢᠨ ᠰᠠᠢᠬᠠᠨ ᠢᠲᠡᠭᠡᠮᠵᠢ ᠶ᠋ᠢᠨ ᠲᠡᠮᠳᠡᠭᠯᠡᠯ ᠲᠡᠢ ᠂ ᠦᠢᠯᠡᠳᠪᠦᠷᠢᠯᠡᠯ ᠬᠠᠮᠢᠶᠠᠷᠤᠯᠲᠠ ᠶ᠋ᠢᠨ ᠬᠠᠷᠢᠭᠤᠴᠠᠯᠭᠠᠲᠠᠨ ᠵᠡᠷᠭᠡ ᠵᠠᠩᠭᠢᠯᠠᠭ᠎ᠠ ᠶ᠋ᠢᠨ ᠠᠵᠢᠯ ᠤ᠋ᠨ ᠪᠠᠢᠷᠢ ᠶ᠋ᠢᠨ ᠬᠥᠮᠦᠰ ᠦ᠋ᠨ ᠬᠠᠮᠢᠶ᠎ᠠ ᠪᠦᠬᠦᠢ ᠲᠤᠰᠭᠠᠢ ᠮᠡᠷᠭᠡᠵᠢᠯ ᠦ᠋ᠨ ᠠᠬᠤᠢ ᠪᠠᠢᠳᠠᠯ ᠪᠠ ᠠᠵᠢᠯ ᠡᠷᠬᠢᠯᠡᠭᠰᠡᠨ ᠥᠩᠭᠡᠷᠡᠯᠲᠡ ᠲᠡᠢ ᠪᠠᠢᠬᠤ ᠶ᠋ᠢ ᠱᠠᠭᠠᠷᠳᠠᠨ᠎ᠠ ᠃
     ᠡᠭᠦᠨ ᠡᠴᠡ ᠭᠠᠳᠠᠨ᠎ᠠ ᠪᠠᠰᠠ ᠸᠠᠺᠼᠢᠨ  ᠢ᠋ᠶ᠋ᠠᠷ ᠴᠣᠬᠤᠯᠪᠤᠷᠢ  ᠢᠯᠠᠨ ᠲᠠᠷᠬᠠᠭᠠᠬᠤ ᠳᠦᠷᠢᠮ ᠂ ᠸᠠᠺᠼᠢᠨ ᠤ᠋ ᠬᠠᠷᠢᠭᠤᠴᠠᠯᠭ᠎ᠠ ᠶ᠋ᠢᠨ ᠠᠯᠪᠠᠳᠠᠯᠭ᠎ᠠ ᠶ᠋ᠢᠨ ᠳᠠᠭᠠᠳᠭᠠᠯ ᠤ᠋ᠨ ᠲᠣᠢᠷᠢᠮ ᠢ᠋ ᠬᠡᠷᠡᠭᠵᠢᠭᠦᠯᠦᠨ᠎ᠡ︔ ᠸᠠᠺᠼᠢᠨ ᠤ᠋ ᠡᠮᠴᠢᠯᠡᠭᠡᠨ ᠦ᠌  ᠲᠤᠷᠰᠢᠯᠲᠠ  ᠶ᠋ᠢ ᠲᠣᠭᠲᠠᠭᠠᠭᠰᠠᠨ ᠨᠥᠬᠥᠴᠡᠯ ᠳ᠋ᠦ᠍ ᠨᠡᠢᠴᠡᠬᠦ ᠭᠤᠷᠪᠠᠳᠤᠭᠠᠷ ᠳᠡᠰ ᠦ᠋ᠨ ᠡᠮᠴᠢᠯᠡᠭᠡᠨ ᠦ᠌ ᠪᠠᠢᠭᠤᠯᠤᠮᠵᠢ ᠪᠤᠶᠤ ᠮᠣᠵᠢ ᠶ᠋ᠢᠨ ᠱᠠᠲᠤᠨ ᠠ᠋ᠴᠠ  ᠳᠡᠭᠡᠭᠰᠢᠬᠢ ᠡᠪᠡᠳᠴᠢᠨ ᠡᠮᠭᠡᠭ ᠢ᠋ ᠰᠡᠷᠭᠡᠢᠯᠡᠨ ᠬᠢᠵᠠᠭᠠᠷᠯᠠᠬᠤ ᠪᠠᠢᠭᠤᠯᠤᠮᠵᠢ ᠠ᠋ᠴᠠ ᠬᠢᠬᠦ ᠪᠤᠶᠤ ᠵᠣᠬᠢᠶᠠᠨ ᠪᠠᠢᠭᠤᠯᠵᠤ ᠬᠢᠬᠦ ᠬᠡᠷᠡᠭᠲᠡᠢ ᠃
     ᠡᠯ᠎ᠡ ᠲᠠᠯ᠎ᠠ ᠶ᠋ᠢᠨ ᠬᠠᠷᠢᠭᠤᠴᠠᠯᠭ᠎ᠠ ᠶ᠋ᠢ ᠲᠣᠳᠣᠷᠬᠠᠢ ᠨᠠᠢᠳᠠᠪᠤᠷᠢᠵᠢᠭᠤᠯᠬᠤ
     ᠸᠠᠺᠼᠢᠨ ᠢ᠋ ᠰᠤᠳᠤᠯᠤᠨ ᠦᠢᠯᠡᠳᠬᠦ ᠂ ᠦᠢᠯᠡᠳᠪᠦᠷᠢᠯᠡᠬᠦ ᠂ ᠭᠦᠢᠯᠭᠡᠭᠡᠬᠦ ᠂ ᠤᠷᠢᠳᠴᠢᠯᠠᠨ ᠰᠡᠷᠭᠡᠢᠯᠡᠬᠦ ᠲᠠᠷᠢᠯᠭ᠎ᠠ ᠬᠢᠬᠦ ᠪᠦᠬᠦ ᠶᠠᠪᠤᠴᠠ ᠳ᠋ᠤ᠌ ᠂ ᠸᠠᠺᠼᠢᠨ ᠤ᠋ ᠬᠠᠮᠢᠶᠠᠷᠤᠯᠲᠠ ᠶ᠋ᠢᠨ ᠬᠠᠤᠯᠢ ᠶ᠋ᠢᠨ ᠬᠣᠯᠪᠣᠭᠳᠠᠯ ᠪᠦᠬᠦᠢ ᠵᠦᠢᠯ ᠵᠤᠷᠪᠤᠰ ᠲᠤ᠌ ᠴᠥᠮ ᠡᠯ᠎ᠡ ᠲᠠᠯ᠎ᠠ ᠶ᠋ᠢᠨ ᠬᠢᠨ ᠦ᠌ ᠬᠠᠷᠢᠭᠤᠴᠠᠯᠭ᠎ᠠ ᠶ᠋ᠢ ᠲᠣᠳᠣᠷᠬᠠᠢ ᠨᠠᠢᠳᠠᠪᠤᠷᠢᠵᠢᠭᠤᠯᠪᠠ ᠃
     ᠸᠠᠺᠼᠢᠨ ᠤ᠋ ᠬᠠᠮᠢᠶᠠᠷᠤᠯᠲᠠ ᠶ᠋ᠢᠨ ᠬᠠᠤᠯᠢ ᠳ᠋ᠤ᠌ ᠲᠣᠭᠲᠠᠭᠠᠭᠰᠠᠨ  ᠢ᠋ᠶ᠋ᠠᠷ᠂ ᠤᠯᠤᠰ ᠠ᠋ᠴᠠ ᠸᠠᠺᠼᠢᠨ ᠤ᠋ ᠪᠥᠬᠥ ᠶᠠᠪᠤᠴᠠ ᠳ᠋ᠤ᠌ ᠡᠯᠧᠺᠲ᠋ᠷᠣᠨ ᠢ᠋ᠶ᠋ᠠᠷ ᠨᠡᠬᠡᠮᠵᠢᠯᠡᠬᠦ ᠳᠦᠷᠢᠮ ᠢ᠋ ᠬᠡᠷᠡᠭᠵᠢᠭᠦᠯᠦᠨ᠎ᠡ᠃
     ᠸᠠᠺᠼᠢᠨ ᠤ᠋ ᠵᠠᠬ᠎ᠠ ᠳᠡᠯᠭᠡᠭᠦᠷ ᠲᠦ᠍ ᠭᠠᠷᠭᠠᠬᠤ ᠶ᠋ᠢ  ᠵᠥᠪᠰᠢᠶᠡᠷᠡᠭᠦᠯᠵᠦ ᠬᠥᠮᠦᠨ ᠸᠠᠺᠼᠢᠨ ᠤ᠋ ᠡᠯᠧᠺᠲ᠋ᠷᠣᠨ ᠮᠥᠷᠳᠡᠬᠦ  ᠰᠢᠰᠲ᠋ᠧᠮ ᠪᠠᠢᠭᠤᠯᠵᠤ ᠂ ᠪᠥᠬᠥ ᠤᠯᠤᠰ ᠤ᠋ᠨ ᠸᠠᠺᠼᠢᠨ ᠤ᠋ ᠡᠯᠧᠺᠲ᠋ᠷᠣᠨ ᠢ᠋ᠶ᠋ᠠᠷ ᠮᠥᠷᠳᠡᠨ ᠤᠬᠤᠴᠢᠯᠠᠬᠤ ᠬᠠᠮᠵᠢᠯᠴᠠᠬᠤ ᠲᠠᠪᠴᠠᠩ  ᠯᠤᠭ᠎ᠠ  ᠵᠤᠯᠭᠠᠯᠳᠤᠭᠤᠯᠤᠨ᠂ ᠦᠢᠯᠡᠳᠪᠦᠷᠢᠯᠡᠯ ᠂ ᠭᠦᠢᠯᠭᠡᠭᠡᠨ ᠪᠠ ᠤᠷᠢᠳᠴᠢᠯᠠᠨ ᠰᠡᠷᠭᠡᠢᠯᠡᠵᠦ ᠲᠠᠷᠢᠬᠤ ᠪᠦᠬᠦ ᠶᠠᠪᠤᠴᠠ ᠶ᠋ᠢ ᠬᠠᠮᠤᠭ ᠤ᠋ᠨ ᠪᠠᠭ᠎ᠠ ᠪᠣᠭᠣᠳᠠᠯᠯᠠᠭᠰᠠᠨ ᠨᠢᠭᠡᠴᠡ ᠶ᠋ᠢᠨ ᠸᠠᠺᠼᠢᠨ ᠤ᠋ ᠮᠥᠷᠳᠡᠬᠦ ᠂ ᠪᠠᠢᠴᠠᠭᠠᠵᠤ ᠪᠣᠯᠤᠨ᠎ᠠ ᠃
     ᠭᠦᠢᠯᠭᠡᠭᠡᠨ ᠦ᠌ ᠲᠠᠯ᠎ᠠ ᠪᠠᠷ ᠂ ᠡᠪᠡᠳᠴᠢᠨ ᠡᠮᠭᠡᠭ ᠢ᠋ ᠰᠡᠷᠭᠡᠢᠯᠡᠨ ᠬᠢᠵᠠᠭᠠᠷᠯᠠᠬᠤ ᠪᠠᠢᠭᠤᠯᠤᠮᠵᠢ ᠶ᠋ᠢᠨ ᠵᠣᠬᠢᠶᠠᠨ ᠪᠠᠢᠭᠤᠯᠤᠯᠲᠠ ᠨᠢ ᠲᠣᠭᠲᠠᠭᠠᠯ ᠶᠣᠰᠣᠭᠠᠷ ᠲᠠᠷᠢᠯᠭ᠎ᠠ ᠲᠠᠷᠢᠬᠤ ᠨᠢᠭᠡᠴᠢ ᠳ᠋ᠦ᠍ ᠸᠠᠺᠼᠢᠨ ᠬᠠᠩᠭᠠᠬᠤ ᠬᠡᠷᠡᠭᠲᠡᠢ ᠂ ᠪᠤᠰᠤᠳ ᠨᠢᠭᠡᠴᠢ ᠪᠠ ᠬᠤᠪᠢ ᠬᠥᠮᠦᠨ ᠲᠠᠷᠢᠯᠭ᠎ᠠ ᠲᠠᠷᠢᠬᠤ ᠨᠢᠭᠡᠴᠢ ᠳ᠋ᠦ᠍ ᠸᠠᠺᠼᠢᠨ ᠬᠠᠩᠭᠠᠵᠤ ᠪᠣᠯᠬᠤ ᠦᠭᠡᠢ ᠃
     ᠡᠭᠦᠨ ᠦ᠌ ᠬᠠᠮᠲᠤ ᠸᠠᠺᠼᠢᠨ ᠤ᠋ ᠬᠠᠮᠢᠶᠠᠷᠤᠯᠲᠠ ᠶ᠋ᠢᠨ ᠬᠠᠤᠯᠢ ᠨᠢ ᠬᠢᠨᠠᠯᠲᠠ ᠬᠠᠮᠢᠶᠠᠷᠤᠯᠲᠠ ᠶ᠋ᠢᠨ ᠬᠠᠷᠢᠭᠤᠴᠠᠯᠭ᠎ᠠ ᠪᠠᠨ ᠲᠣᠳᠣᠷᠬᠠᠢᠯᠠᠵᠤ ᠂ ᠬᠢᠨᠠᠯᠲᠠ ᠬᠠᠮᠢᠶᠠᠷᠤᠯᠲᠠ ᠶ᠋ᠢᠨ ᠴᠢᠳᠠᠪᠤᠷᠢ ᠶ᠋ᠢᠨ ᠪᠠᠢᠭᠤᠯᠤᠯᠲᠠ ᠪᠠᠨ ᠴᠢᠩᠭᠠᠳᠭᠠᠪᠠ ᠃
     ᠡᠮ ᠦ᠋ᠨ ᠵᠦᠢᠯ ᠢ᠋ ᠬᠢᠨᠠᠨ ᠬᠠᠮᠢᠶᠠᠷᠬᠤ ᠰᠠᠯᠠᠭ᠎ᠠ ᠮᠥᠴᠢᠷ ᠢ᠋ ᠱᠠᠭᠠᠷᠳᠠᠨ ᠬᠢᠵᠢᠭ᠌  ᠦ᠋ᠨ ᠸᠠᠺᠼᠢᠨ  ᠢ᠋ᠶ᠋ᠠᠷ ᠵᠠᠬ᠎ᠠ ᠳᠡᠯᠭᠡᠭᠦᠷ ᠲᠦ᠍ ᠭᠠᠷᠭᠠᠬᠤ  ᠵᠥᠪᠰᠢᠶᠡᠷᠡᠯ ᠦ᠋ᠨ ᠥᠮᠴᠢᠯᠡᠭᠴᠢ ᠵᠢᠴᠢ ᠲᠡᠭᠦᠨ ᠦ᠌ ᠬᠠᠮᠢᠶ᠎ᠠ ᠪᠦᠬᠦᠢ ᠬᠥᠮᠦᠰ ᠦ᠋ᠨ ᠢᠲᠡᠭᠡᠮᠵᠢ ᠶ᠋ᠢᠨ ᠲᠡᠮᠳᠡᠭᠯᠡᠯ ᠦ᠋ᠨ ᠳᠦᠷᠢᠮ ᠢ᠋ ᠪᠠᠢᠭᠤᠯᠵᠤ᠂ ᠪᠦᠬᠦ ᠤᠯᠤᠰ ᠤ᠋ᠨ ᠢᠲᠡᠭᠡᠮᠵᠢ ᠶ᠋ᠢᠨ ᠮᠡᠳᠡᠭᠡ ᠵᠠᠩᠭᠢ ᠶ᠋ᠢ ᠬᠠᠮᠲᠤ ᠪᠠᠷ ᠡᠳ᠋ᠯᠡᠬᠦ ᠲᠠᠪᠴᠠᠩ ᠳ᠋ᠤ᠌ ᠣᠷᠣᠭᠤᠯᠵᠤ᠂ ᠬᠠᠮᠲᠤᠷᠠᠨ ᠵᠠᠯᠬᠠᠭᠠᠨ ᠴᠡᠭᠡᠷᠯᠡᠭᠦᠯᠬᠦ ᠶ᠋ᠢ ᠬᠡᠷᠡᠭᠵᠢᠭᠦᠯᠦᠨ᠎ᠡ᠃ ᠸᠠᠺᠼᠢᠨ ᠤ᠋ ᠵᠠᠬ᠎ᠠ ᠳᠡᠯᠭᠡᠭᠦᠷ ᠲᠦ᠍ ᠭᠠᠷᠭᠠᠬᠤ ᠶ᠋ᠢ  ᠵᠥᠪᠰᠢᠶᠡᠷᠡᠭᠦᠯᠵᠦ  ᠬᠥᠮᠦᠨ ᠮᠡᠳᠡᠭᠡ ᠵᠠᠩᠭᠢ ᠶ᠋ᠢ ᠢᠯᠡ ᠪᠣᠯᠭᠠᠬᠤ ᠳᠦᠷᠢᠮ ᠢ᠋ ᠪᠠᠢᠭᠤᠯᠬᠤ ᠬᠡᠷᠡᠭᠲᠡᠢ ︔ ᠲᠥᠷᠥ ᠶ᠋ᠢᠨ ᠶᠠᠪᠤᠳᠠᠯ ᠤ᠋ᠨ ᠬᠣᠷᠢᠶᠠᠨ ᠤ᠋ ᠡᠮ ᠦ᠋ᠨ ᠵᠦᠢᠯ ᠢ᠋ ᠬᠢᠨᠠᠨ ᠬᠠᠮᠢᠶᠠᠷᠬᠤ ᠰᠠᠯᠠᠭ᠎ᠠ ᠮᠥᠴᠢᠷ ᠡᠷᠡᠭᠦᠯ ᠬᠠᠮᠠᠭᠠᠯᠠᠯ ᠡᠷᠡᠭᠦᠯ ᠮᠡᠨᠳᠦ ᠶ᠋ᠢ ᠡᠷᠬᠢᠯᠡᠨ ᠬᠠᠮᠢᠶᠠᠷᠬᠤ ᠰᠠᠯᠠᠭ᠎ᠠ ᠮᠥᠴᠢᠷ ᠯᠤᠭᠡ ᠬᠠᠮᠲᠤᠷᠠᠵᠤ ᠪᠠᠢᠭᠠᠳ ᠸᠠᠺᠼᠢᠨ ᠤ᠋ ᠶᠠᠰᠤ ᠴᠢᠨᠠᠷ ᠂ ᠤᠷᠢᠳᠴᠢᠯᠠᠨ ᠰᠡᠷᠭᠡᠢᠯᠡᠵᠦ ᠲᠠᠷᠢᠯᠭ᠎ᠠ ᠬᠢᠬᠦ ᠵᠡᠷᠭᠡ ᠮᠡᠳᠡᠭᠡ ᠵᠠᠩᠭᠢ ᠶ᠋ᠢ ᠬᠠᠮᠲᠤ ᠪᠠᠷ ᠡᠳ᠋ᠯᠡᠬᠦ ᠲᠣᠭᠲᠠᠴᠠ ᠶ᠋ᠢ ᠪᠠᠢᠭᠤᠯᠤᠨ᠎ᠠ ; ᠤᠯᠤᠰ ᠠ᠋ᠴᠠ ᠸᠠᠺᠼᠢᠨ ᠤ᠋ ᠠᠶᠤᠯ ᠥᠬᠡᠢ ᠶ᠋ᠢᠨ ᠮᠡᠳᠡᠭᠡ ᠵᠠᠩᠭᠢ ᠶ᠋ᠢ ᠨᠢᠭᠡᠳᠦᠯᠲᠡᠢ ᠨᠡᠢᠲᠡᠯᠡᠬᠦ ᠳᠦᠷᠢᠮ ᠢ᠋ ᠬᠡᠷᠡᠭᠵᠢᠭᠦᠯᠦᠨ᠎ᠡ ᠃
     ᠬᠡᠪ ᠦ᠋ᠨ ᠪᠤᠰᠤ ᠲᠤᠰᠭᠠᠯ ᠭᠠᠷᠪᠠᠯ ᠨᠥᠬᠥᠪᠥᠷᠢ ᠲᠡᠢ ᠪᠣᠯᠤᠨ᠎ᠠ ᠃
     ᠸᠠᠺᠼᠢᠨ ᠤ᠋ ᠬᠠᠮᠢᠶᠠᠷᠤᠯᠲᠠ ᠶ᠋ᠢᠨ ᠬᠠᠤᠯᠢ ᠶ᠋ᠢᠨ ᠲᠠᠪᠢᠨ ᠵᠢᠷᠭᠤᠳᠤᠭᠠᠷ ᠵᠦᠢᠯ ᠳ᠋ᠦ᠍ 《 ᠰᠡᠷᠭᠡᠢᠯᠡᠬᠦ ᠲᠠᠷᠢᠯᠭ᠎ᠠ ᠶ᠋ᠢᠨ ᠬᠡᠪ ᠦ᠋ᠨ ᠪᠤᠰᠤ ᠤᠷᠪᠠᠯ ᠳ᠋ᠤ᠌ ᠨᠥᠬᠥᠪᠥᠷᠢ ᠥᠭᠬᠦ ᠳᠦᠷᠢᠮ 》 ᠭᠡᠵᠦ ᠲᠣᠭᠲᠠᠭᠠᠪᠠ ᠃
     ᠲᠠᠷᠢᠯᠭ᠎ᠠ  ᠶ᠋ᠢ ᠬᠡᠷᠡᠭᠵᠢᠭᠦᠯᠬᠦ ᠶᠠᠪᠤᠴᠠ ᠳᠤᠮᠳᠠ ᠪᠤᠶᠤ  ᠲᠠᠷᠢᠭᠰᠠᠨ ᠤ᠋ ᠳᠠᠷᠠᠭ᠎ᠠ ᠦᠬᠦᠭᠰᠡᠨ ᠂ ᠬᠦᠨᠳᠦ ᠨᠣᠴᠢᠲᠠᠢ ᠵᠡᠮᠳᠡᠭ ᠪᠣᠯᠤᠭᠰᠠᠨ ᠂ ᠡᠷᠬᠡᠲᠡᠨ ᠦ᠌ ᠵᠣᠬᠢᠶᠠᠨ ᠪᠠᠢᠭᠤᠯᠤᠯᠲᠠ ᠶ᠋ᠢᠨ ᠭᠡᠮᠲᠦᠯ ᠵᠡᠷᠭᠡ ᠭᠠᠷᠴᠤ ᠂ ᠰᠡᠷᠭᠡᠢᠯᠡᠬᠦ ᠲᠠᠷᠢᠯᠭ᠎ᠠ ᠶ᠋ᠢᠨ ᠬᠡᠪ ᠦ᠋ᠨ ᠪᠤᠰᠤ ᠤᠷᠪᠠᠯ ᠳ᠋ᠤ᠌ ᠲᠣᠭᠠᠴᠠᠭᠳᠠᠭᠰᠠᠨ ᠪᠤᠶᠤ ᠠᠷᠢᠯᠭᠠᠵᠤ ᠳᠡᠢᠯᠬᠦ ᠦᠭᠡᠢ ᠪᠣᠯ ᠨᠥᠬᠥᠪᠥᠷᠢ ᠥᠭᠬᠦ ᠬᠡᠷᠡᠭᠲᠡᠢ ᠃ ᠨᠥᠬᠥᠪᠥᠷᠢᠯᠡᠬᠦ ᠬᠡᠪᠴᠢᠶᠡᠨ ᠳ᠋ᠦ᠍ ᠭᠠᠷᠴᠠᠭ ᠤ᠋ᠨ ᠬᠠᠮᠢᠶᠠᠷᠤᠯᠲᠠ ᠶ᠋ᠢ ᠬᠡᠷᠡᠭᠵᠢᠭᠦᠯᠬᠦ ᠶ᠋ᠢᠨ ᠬᠠᠮᠲᠤ ᠪᠣᠳᠠᠲᠤ ᠪᠠᠢᠳᠠᠯ ᠢ᠋ᠶ᠋ᠠᠨ ᠦᠨᠳᠦᠰᠦᠯᠡᠨ ᠬᠥᠳᠡᠯᠦᠩᠭᠦᠢ ᠲᠣᠬᠢᠷᠠᠭᠤᠯᠤᠯᠲᠠ ᠬᠢᠬᠦ ᠬᠡᠷᠡᠭᠲᠡᠢ ᠃
     ᠡᠭᠦᠨ ᠦ᠌ ᠬᠠᠮᠲᠤ ᠪᠠᠰᠠ ᠲᠣᠭᠲᠠᠭᠠᠭᠰᠠᠨ ᠨᠢ ᠂ᠦᠯᠦ ᠬᠠᠯᠳᠠᠭᠠᠯᠲᠠ ᠶ᠋ᠢᠨ ᠲᠥᠯᠥᠪᠵᠢᠭᠦᠯᠭᠡ ᠶ᠋ᠢᠨ ᠸᠠᠺᠼᠢᠨ ᠲᠠᠷᠢᠬᠤ ᠳ᠋ᠤ᠌ ᠬᠡᠷᠡᠭᠰᠡᠬᠦ ᠨᠥᠬᠥᠪᠥᠷᠢ ᠰᠦᠢᠳᠭᠡᠯ ᠢ᠋ ᠮᠣᠵᠢ ᠂ ᠥᠪᠡᠷᠲᠡᠭᠡᠨ ᠵᠠᠰᠠᠬᠤ ᠣᠷᠣᠨ ᠂  ᠰᠢᠭᠤᠳ  ᠬᠠᠷᠢᠶ᠎ᠠ ᠬᠣᠲᠠ ᠶ᠋ᠢᠨ ᠠᠷᠠᠳ ᠤ᠋ᠨ ᠵᠠᠰᠠᠭ ᠤ᠋ᠨ ᠣᠷᠳᠣᠨ ᠤ᠋ ᠡᠳ᠋ ᠦ᠋ᠨ ᠵᠠᠰᠠᠭ ᠤ᠋ᠨ ᠰᠠᠯᠠᠭ᠎ᠠ ᠮᠥᠴᠢᠷ ᠡᠴᠡ ᠰᠡᠷᠭᠡᠢᠯᠡᠬᠦ ᠲᠠᠷᠢᠯᠭ᠎ᠠ ᠲᠠᠷᠢᠬᠤ ᠵᠠᠷᠤᠳᠠᠯ ᠠ᠋ᠴᠠ ᠲᠣᠬᠢᠷᠠᠭᠤᠯᠤᠨ᠎ᠠ ; ᠦᠯᠦ ᠬᠠᠯᠳᠠᠭᠠᠯᠲᠠ ᠶ᠋ᠢᠨ ᠲᠥᠯᠥᠪᠵᠢᠭᠦᠯᠭᠡ ᠶ᠋ᠢᠨ ᠸᠠᠺᠼᠢᠨ ᠢ᠋ ᠲᠠᠷᠢᠬᠤ ᠳ᠋ᠤ᠌ ᠬᠡᠷᠡᠭᠰᠡᠬᠦ ᠨᠥᠬᠥᠪᠥᠷᠢ ᠰᠦᠢᠳᠭᠡᠯ ᠢ᠋ ᠬᠣᠯᠪᠣᠭᠳᠠᠯ ᠪᠦᠬᠦᠢ ᠸᠠᠺᠼᠢᠨ ᠤ᠋ ᠵᠠᠬ᠎ᠠ ᠳᠡᠯᠭᠡᠭᠦᠷ ᠲᠦ᠍ ᠭᠠᠷᠭᠠᠬᠤ  ᠵᠥᠪᠰᠢᠶᠡᠷᠡᠯ  ᠦ᠋ᠨ  ᠡᠵᠡᠮᠰᠢᠭᠴᠢ ᠡᠭᠦᠷᠭᠡᠯᠡᠨ᠎ᠡ ᠃
      ᠬᠤᠳᠠᠯᠳᠤᠭᠠᠨ ᠤ᠋ ᠳᠠᠭᠠᠳᠭᠠᠯ ᠵᠡᠷᠭᠡ ᠣᠯᠠᠨ ᠵᠦᠢᠯ ᠦ᠋ᠨ ᠬᠡᠯᠪᠡᠷᠢ ᠪᠡᠷ ᠳᠠᠮᠵᠢᠭᠤᠯᠤᠨ ᠰᠡᠷᠭᠡᠢᠯᠡᠬᠦ ᠲᠠᠷᠢᠯᠭ᠎ᠠ ᠶ᠋ᠢᠨ ᠬᠡᠪ ᠦ᠋ᠨ ᠪᠤᠰᠤ ᠤᠷᠪᠠᠯ ᠳ᠋ᠤ᠌ ᠦᠢᠯᠡ ᠠᠮᠰᠠᠭᠰᠠᠳ ᠲᠤ᠌ ᠨᠥᠬᠥᠪᠥᠷᠢ ᠥᠭᠬᠦ ᠶ᠋ᠢ ᠤᠯᠤᠰ ᠠ᠋ᠴᠠ ᠵᠣᠷᠢᠭᠵᠢᠭᠤᠯᠤᠨ᠎ᠠ ᠃
     ᠬᠠᠤᠯᠢ ᠠ᠋ᠴᠠ ᠵᠥᠷᠢᠴᠡᠭᠰᠡᠨ ᠠᠵᠢᠯᠯᠠᠭ᠎ᠠ ᠶ᠋ᠢ ᠬᠦᠨᠳᠦ ᠪᠡᠷ  ᠰᠢᠢᠳᠭᠡᠬᠦ
     ᠬᠠᠤᠯᠢ ᠴᠠᠭᠠᠵᠠ ᠠ᠋ᠴᠠ ᠵᠥᠷᠢᠴᠡᠭᠰᠡᠨ ᠬᠠᠷᠢᠭᠤᠴᠠᠯᠭ᠎ᠠ ᠶ᠋ᠢᠨ ᠲᠤᠬᠠᠢ ᠸᠠᠺᠼᠢᠨ ᠤ᠋ ᠬᠠᠮᠢᠶᠠᠷᠤᠯᠲᠠ ᠶ᠋ᠢᠨ ᠬᠠᠤᠯᠢ ᠳ᠋ᠤ᠌ 《 ᠬᠠᠤᠯᠢ ᠶᠣᠰᠣᠭᠠᠷ ᠬᠦᠨᠳᠦ  ᠡᠷᠡᠭᠦᠦ  ᠢ᠋ᠢᠨ ᠬᠠᠷᠢᠭᠤᠴᠠᠯᠭ᠎ᠠ ᠨᠡᠬᠡᠮᠵᠢᠯᠡᠨ᠎ᠡ 》 ᠭᠡᠵᠦ ᠲᠣᠳᠣᠷᠬᠠᠢ ᠲᠣᠭᠲᠠᠭᠠᠵᠠᠢ᠃
     ᠵᠣᠭᠣᠰ ᠢ᠋ᠶ᠋ᠠᠷ ᠲᠣᠷᠭᠠᠬᠤ ᠲᠠᠯ᠎ᠠ ᠪᠠᠷ ᠦᠢᠯᠡᠳᠪᠦᠷᠢᠯᠡᠭᠰᠡᠨ ᠂ ᠪᠣᠷᠣᠯᠠᠭᠤᠯᠤᠭᠰᠠᠨ ᠸᠠᠺᠼᠢᠨ ᠨᠢ ᠬᠠᠭᠤᠷᠮᠠᠭ ᠡᠮ ᠳ᠋ᠦ᠍ ᠲᠣᠭᠠᠴᠠᠭᠳᠠᠭᠰᠠᠨ ᠪᠠᠢᠪᠠᠯ ᠂ ᠸᠠᠺᠼᠢᠨ ᠤ᠋ ᠪᠠᠷᠠᠭ᠎ᠠ ᠶ᠋ᠢᠨ ᠥᠷᠲᠡᠭ ᠦ᠋ᠨ ᠵᠣᠭᠣᠰᠤᠨ ᠤ᠋ ᠲᠣᠭ᠎ᠠ ᠶ᠋ᠢᠨ ᠠᠷᠪᠠᠨ ᠲᠠᠪᠤᠨ ᠳᠠᠬᠢᠨ ᠠ᠋ᠴᠠ  ᠳᠡᠭᠡᠭᠰᠢ ᠲᠠᠪᠢᠨ ᠳᠠᠬᠢᠨ ᠠ᠋ᠴᠠ  ᠳᠣᠭᠤᠭᠰᠢ ᠵᠣᠭᠣᠰ ᠢ᠋ᠶ᠋ᠠᠷ ᠲᠣᠷᠭᠠᠬᠤ ᠪᠠᠷ  ᠰᠢᠢᠳᠬᠡᠨ᠎ᠡ; ᠦᠢᠯᠡᠳᠪᠦᠷᠢᠯᠡᠵᠦ ᠂ ᠪᠣᠷᠣᠯᠠᠭᠤᠯᠵᠤ ᠪᠠᠢᠭ᠎ᠠ ᠸᠠᠺᠼᠢᠨ ᠨᠢ ᠮᠠᠭᠤ ᠡᠮ ᠳ᠋ᠦ᠍ ᠬᠠᠷᠢᠶᠠᠯᠠᠭᠳᠠᠪᠠᠯ ᠂ ᠸᠠᠺᠼᠢᠨ ᠤ᠋ ᠪᠠᠷᠠᠭ᠎ᠠ ᠶ᠋ᠢᠨ ᠥᠷᠲᠡᠭ ᠦ᠋ᠨ ᠵᠣᠭᠣᠰ ᠤ᠋ᠨ ᠲᠣᠭ᠎ᠠ ᠶ᠋ᠢᠨ ᠠᠷᠪᠠᠨ ᠳᠠᠬᠢᠨ ᠠ᠋ᠴᠠ  ᠳᠡᠭᠡᠭᠰᠢ ᠭᠤᠴᠢᠨ ᠳᠠᠬᠢᠨ ᠠ᠋ᠴᠠ  ᠳᠣᠷᠤᠭᠰᠢ ᠵᠣᠭᠣᠰ ᠢ᠋ᠶ᠋ᠠᠷ  ᠲᠣᠷᠭᠠᠨ᠎ᠠ ᠃ ᠪᠠᠷᠠᠭᠠᠨ ᠤ᠋ ᠥᠷᠲᠡᠭ ᠦ᠋ᠨ ᠵᠣᠭᠣᠰ ᠤ᠋ᠨ ᠲᠣᠭ᠎ᠠ ᠨᠢ 50ᠲᠦᠮᠡᠨ  ᠲᠥᠭᠦᠷᠢᠭ  ᠬᠦᠷᠬᠦ  ᠦᠭᠡᠢ ᠪᠣᠯ  ᠴᠥᠮ 50  ᠲᠦᠮᠡᠨ  ᠲᠥᠭᠦᠷᠢᠭ  ᠢ᠋ᠢᠠᠷ ᠪᠣᠳᠣᠨ᠎ᠠ ᠃
     ᠦᠢᠯᠡᠳᠪᠦᠷᠢᠯᠡᠭᠰᠡᠨ ᠂ ᠪᠣᠷᠣᠯᠠᠭᠤᠯᠤᠭᠰᠠᠨ ᠸᠠᠺᠼᠢᠨ ᠨᠢ ᠬᠠᠭᠤᠷᠮᠠᠭ ᠡᠮ ᠳ᠋ᠦ᠍  ᠲᠣᠭᠠᠴᠠᠭᠳᠠᠬᠤ᠂ ᠡᠰᠡᠬᠦᠯ᠎ᠡ ᠦᠢᠯᠡᠳᠪᠦᠷᠢᠯᠡᠭᠰᠡᠨ ᠂ ᠪᠣᠷᠣᠯᠠᠭᠤᠯᠤᠭᠰᠠᠨ ᠸᠠᠺᠼᠢᠨ ᠨᠢ ᠮᠠᠭᠤ ᠡᠮ ᠳ᠋ᠦ᠍ ᠲᠣᠭᠠᠴᠠᠭᠳᠠᠬᠤ ᠪᠥᠭᠡᠳ ᠦᠢᠯᠡ ᠪᠠᠢᠳᠠᠯ ᠨᠢ ᠬᠦᠨᠳᠦ ᠨᠣᠴᠢᠲᠠᠢ ᠪᠠᠢᠪᠠᠯ ᠂ ᠬᠠᠤᠯᠢ ᠪᠠᠷ ᠲᠣᠭᠲᠠᠭᠠᠭᠰᠠᠨ ᠲᠥᠯᠥᠭᠡᠯᠡᠭᠴᠢ ᠂ ᠭᠣᠣᠯ ᠬᠠᠷᠢᠭᠤᠴᠠᠯᠭᠠᠲᠠᠨ ᠵᠡᠷᠭᠡ ᠢ᠋ᠢᠨ ᠬᠣᠷᠢᠶᠠᠨ ᠣᠯᠤᠭᠰᠠᠨ ᠣᠷᠣᠯᠭ᠎ᠠ ᠶ᠋ᠢᠨ ᠬᠢᠨᠢ ᠨᠢᠭᠡ ᠳᠠᠬᠢᠨ ᠠ᠋ᠴᠠ  ᠳᠡᠭᠡᠭᠰᠢ ᠠᠷᠪᠠᠨ ᠳᠠᠬᠢᠨ ᠠ᠋ᠴᠠ  ᠳᠣᠭᠤᠭᠰᠢ ᠵᠣᠭᠣᠰ ᠢ᠋ᠶ᠋ᠠᠷ ᠲᠣᠷᠭᠠᠬᠤ ᠪᠠᠷ  ᠰᠢᠢᠳᠭᠡᠵᠦ ᠂ ᠨᠠᠰᠤᠨ  ᠲᠤᠷᠰᠢᠲᠠ ᠡᠮ ᠦ᠋ᠨ ᠵᠦᠢᠯ ᠢ᠋ ᠦᠢᠯᠡᠳᠪᠦᠷᠢᠯᠡᠵᠦ ᠡᠵᠡᠩᠨᠡᠬᠦ ᠠᠵᠢᠯᠯᠠᠭ᠎ᠠ ᠬᠢᠬᠦ ᠶ᠋ᠢ ᠨᠢ ᠴᠠᠭᠠᠵᠠᠯᠠᠵᠤ ᠂ ᠳᠣᠲᠣᠭᠠᠳᠤ ᠶ᠋ᠢ ᠬᠠᠮᠠᠭᠠᠯᠠᠬᠤ ᠪᠠᠢᠭᠤᠯᠭ᠎ᠠ ᠠ᠋ᠴᠠ ᠲᠠᠪᠤᠨ ᠡᠳᠦᠷ ᠡᠴᠡ  ᠳᠡᠭᠡᠭᠰᠢ ᠠᠷᠪᠠᠨ ᠲᠠᠪᠤᠨ ᠡᠳᠦᠷ ᠡᠴᠡ  ᠳᠣᠷᠤᠭᠰᠢ ᠲᠦᠷ ᠬᠣᠷᠢᠬᠤ ᠪᠠᠷ  ᠰᠢᠢᠳᠬᠡᠨ᠎ᠡ᠃

ᠦᠨᠡᠯᠡᠬᠦ 0ᠦᠨᠡᠯᠡᠯᠲᠡ᠎ᠲᠠᠢ


( ᠨᠧᠲ ᠨᠠᠢᠵᠠ ᠵᠢᠨ ᠦᠨᠡᠯᠡᠯᠲᠡ᠎ᠨᠢ ᠵᠦᠪᠭᠡᠨ ᠲᠡᠭᠦᠨ ᠊ᠤ᠌ ᠬᠤᠪᠢ ᠭᠦᠮᠦᠨ ᠊ᠤ᠌ ᠦᠵᠡᠯᠲᠡ ᠲᠡᠳᠦᠢ᠂ ᠲᠤᠰ ᠨᠧᠲ ᠦᠷᠳᠡᠭᠡ ᠲᠡᠭᠦᠨ ᠊ᠤ᠌ ᠦᠵᠡᠯᠲᠡ ᠵᠢ ᠵᠦᠪᠱᠢᠶᠡᠷᠡᠭᠰᠡᠨ ᠶᠠᠪᠤᠳᠠᠯ ᠤᠭᠳᠤ ᠪᠢᠱᠢ᠎ᠶᠤᠮ᠃ )