ᠬᠠᠤᠯᠢ ᠪᠠᠷ ᠣᠨᠴᠠ ᠠᠭᠤᠴᠢᠯᠠᠯ ᠦᠵᠡᠭᠦᠯᠵᠦ ᠬᠠᠤᠯᠢ ᠪᠠᠷ ᠵᠠᠰᠠᠬᠤ ᠵᠣᠷᠢᠭ ᠰᠠᠨᠠᠭ᠎ᠠ ᠶ᠋ᠢ ᠪᠠᠳᠠᠷᠠᠭᠤᠯᠤᠶ᠎ᠠ
2020.01.08 ᠲᠣᠰ ᠥᠷᠲᠡᠭᠡᠨ᠎ᠦ ᠨᠠᠢᠷᠠᠭᠤᠯᠤᠭᠴᠢ

      ᠬᠠᠤᠯᠢ ᠪᠠᠷ ᠳᠡᠯᠡᠬᠡᠢ ᠶ᠋ᠢ ᠲᠣᠭᠲᠠᠭᠠᠨ᠂ ᠮᠤᠷᠠᠯ ᠢ᠋ᠢᠠᠷ ᠬᠥᠮᠦᠨ ᠤ᠋  ᠰᠡᠳᠭᠢᠯ ᠢ᠋ ᠴᠢᠮᠡᠬᠦ ᠃

      6 ᠰᠠᠷ᠎ᠠ ᠶ᠋ᠢᠨ 29  ᠦ᠌ ᠡᠳᠦᠷ ᠂ ᠤᠯᠤᠰ ᠤ᠋ᠨ ᠲᠡᠷᠢᠭᠦᠯᠡᠭᠴᠢ ᠰᠢ ᠵᠢᠨ ᠫᠢᠩ ᠲᠡᠷᠢᠭᠦᠯᠡᠭᠴᠢ ᠣᠨᠴᠠ ᠠᠭᠤᠴᠢᠯᠠᠯ ᠤ᠋ᠨ ᠵᠠᠷᠯᠢᠭ ᠲᠤ᠌ ᠭᠠᠷ ᠤ᠋ᠨ ᠥᠰᠥᠭ ᠵᠢᠷᠤᠵᠤ ᠂ ᠠᠷᠪᠠᠨ ᠭᠤᠷᠪᠠᠳᠤᠭᠠᠷ ᠬᠤᠭᠤᠴᠠᠭᠠᠨ ᠤ᠋ ᠪᠦᠬᠦ ᠤᠯᠤᠰ ᠤ᠋ᠨ ᠠᠷᠠᠳ ᠤ᠋ᠨ ᠲᠥᠯᠥᠭᠡᠯᠡᠭᠴᠢᠳ ᠦ᠋ᠨ ᠶᠡᠬᠡ ᠬᠤᠷᠠᠯ ᠤ᠋ᠨ ᠪᠠᠢᠩᠭᠤ ᠶ᠋ᠢᠨ ᠬᠣᠷᠢᠶᠠᠨ ᠤ᠋ ᠠᠷᠪᠠᠨ ᠨᠢᠭᠡᠳᠦᠭᠡᠷ ᠤᠳᠠᠭᠠᠨ ᠤ᠋ ᠬᠤᠷᠠᠯ ᠠ᠋ᠴᠠ ᠪᠠᠲᠤᠯᠠᠭᠰᠠᠨ ᠡᠷᠡᠭᠦᠦ  ᠰᠢᠢᠳᠭᠡᠯ ᠭᠦᠢᠴᠡᠳᠭᠡᠵᠦ ᠪᠠᠢᠭ᠎ᠠ ᠬᠡᠰᠡᠭ ᠶᠠᠯᠠᠲᠠᠨ ᠳ᠋ᠤ᠌ ᠣᠨᠴᠠ ᠠᠭᠤᠴᠢᠯᠠᠯ ᠦᠵᠡᠭᠦᠯᠬᠦ ᠲᠤᠬᠠᠢ ᠲᠣᠭᠲᠠᠭᠠᠯ ᠢ᠋ ᠦᠨᠳᠦᠰᠦᠯᠡᠨ ᠂ 2019 ᠣᠨ ᠤ᠋ 1 ᠰᠠᠷ᠎ᠠ ᠶ᠋ᠢᠨ 1  ᠦ᠌ ᠡᠳᠦᠷ ᠡᠴᠡ ᠡᠮᠦᠨ᠎ᠡ ᠠᠷᠠᠳ ᠤ᠋ᠨ  ᠰᠢᠭᠦᠬᠦ ᠬᠣᠷᠢᠶᠠᠨ ᠤ᠋ ᠭᠠᠷᠭᠠᠭᠰᠠᠨ ᠬᠦᠴᠦᠨ ᠪᠦᠬᠦᠢ  ᠰᠢᠭᠦᠨ ᠲᠠᠰᠤᠯᠤᠯᠲᠠ ᠨᠢ ᠡᠷᠡᠭᠦᠦ  ᠰᠢᠢᠳᠭᠡᠯ ᠭᠦᠢᠴᠡᠳᠭᠡᠵᠦ ᠪᠠᠢᠭ᠎ᠠ ᠶᠢᠰᠦᠨ ᠲᠥᠷᠥᠯ ᠦ᠋ᠨ ᠶᠠᠯᠠᠲᠠᠨ ᠳ᠋ᠤ᠌ ᠣᠨᠴᠠ ᠠᠭᠤᠴᠢᠯᠠᠯ ᠦᠵᠡᠭᠦᠯᠦᠨ᠎ᠡ ᠃ ᠪᠦᠭᠦᠳᠡ ᠨᠠᠢᠷᠠᠮᠳᠠᠬᠤ ᠳᠤᠮᠳᠠᠳᠤ ᠠᠷᠠᠳ ᠤᠯᠤᠰ ᠪᠠᠢᠭᠤᠯᠤᠭᠳᠠᠭᠰᠠᠨ 70 ᠵᠢᠯ ᠦ᠋ᠨ ᠣᠢ ᠶ᠋ᠢ ᠪᠡᠯᠭᠡᠯᠡᠬᠦ  ᠲᠠᠰᠢᠷᠠᠮ  ᠳ᠋ᠤ᠌᠂ ᠡᠷᠡᠭᠦᠦ  ᠰᠢᠢᠳᠭᠡᠯ ᠭᠦᠢᠴᠡᠳᠭᠡᠵᠦ ᠪᠠᠢᠭ᠎ᠠ ᠬᠡᠰᠡᠭ ᠶᠠᠯᠠᠲᠠᠨ ᠳ᠋ᠤ᠌ ᠣᠨᠴᠠ ᠠᠭᠤᠴᠢᠯᠠᠯ ᠬᠦᠷᠲᠡᠭᠡᠵᠦ᠂ ᠮᠠᠨ ᠤ᠋ ᠤᠯᠤᠰ ᠤ᠋ᠨ ᠦᠨᠳᠦᠰᠦᠨ ᠬᠠᠤᠯᠢ ᠳ᠋ᠤ᠌ ᠲᠣᠭᠲᠠᠭᠠᠭᠰᠠᠨ ᠣᠨᠴᠠ ᠠᠭᠤᠴᠢᠯᠠᠯ ᠤ᠋ᠨ ᠳᠦᠷᠢᠮ ᠢ᠋ ᠬᠡᠷᠡᠭᠵᠢᠭᠦᠯᠬᠦ ᠪᠠᠰᠠ ᠨᠢᠭᠡ ᠤᠳᠠᠭᠠᠨ ᠤ᠋ ᠴᠢᠬᠤᠯᠠ ᠦᠢᠯᠡᠳᠦᠯᠭᠡ ᠮᠥᠨ᠂ ᠬᠠᠤᠯᠢ ᠶᠣᠰᠣᠭᠠᠷ ᠤᠯᠤᠰ ᠢ᠋ᠶ᠋ᠠᠨ ᠵᠠᠰᠠᠬᠤ ᠪᠠ ᠶᠣᠰᠣ ᠮᠣᠷᠠᠯ ᠢ᠋ᠶ᠋ᠠᠷ ᠤᠯᠤᠰ ᠢ᠋ᠶ᠋ᠠᠨ ᠵᠠᠰᠠᠬᠤ ᠶ᠋ᠢ ᠤᠶᠠᠯᠳᠤᠭᠤᠯᠬᠤ ᠶᠠᠪᠤᠳᠠᠯ ᠢ᠋ ᠪᠠᠷᠢᠮᠲᠠᠯᠠᠬᠤ ᠶ᠋ᠢᠨ ᠪᠣᠳᠠᠲᠠᠢ ᠢᠯᠡᠷᠡᠯ ᠮᠥᠨ᠂ ᠲᠡᠭᠦᠨ ᠳ᠋ᠦ᠍ ᠴᠢᠬᠤᠯᠠ ᠶᠡᠬᠡ ᠤᠯᠤᠰ ᠲᠥᠷᠥ ᠶ᠋ᠢᠨ ᠠᠴᠢ ᠬᠣᠯᠪᠣᠭᠳᠠᠯ ᠪᠠ ᠬᠠᠤᠯᠢ ᠪᠠᠷ ᠵᠠᠰᠠᠬᠤ ᠠᠴᠢ ᠬᠣᠯᠪᠣᠭᠳᠠᠯ ᠲᠠᠢ ᠶᠤᠮ᠃

      ᠣᠨᠴᠠ ᠠᠭᠤᠴᠢᠯᠠᠯ ᠪᠣᠯ ᠳᠡᠯᠡᠬᠡᠢ ᠳ᠋ᠦ᠍ ᠨᠡᠢᠳᠡᠮ ᠬᠡᠷᠡᠭᠯᠡᠭᠳᠡᠵᠦ ᠪᠠᠢᠭ᠎ᠠ ᠴᠢᠬᠤᠯᠠ ᠲᠡᠦᠬᠡ ᠶ᠋ᠢᠨ  ᠰᠣᠯᠪᠢᠴᠠᠯ ᠵᠠᠩᠭᠢᠶᠠᠰᠤ ᠪᠠᠢᠬᠤ ᠦᠶ᠎ᠡ ᠳ᠋ᠦ᠍ ᠤᠯᠤᠰ ᠠ᠋ᠴᠠ ᠣᠨᠴᠠ ᠲᠣᠭᠲᠠᠭᠰᠠᠨ ᠶᠠᠯᠠᠲᠠᠨ ᠳ᠋ᠤ᠌ ᠦᠯᠡᠳᠡᠭᠳᠡᠯ ᠡᠷᠡᠭᠦᠦ ᠶ᠋ᠢ ᠬᠡᠯᠲᠦᠷᠢᠭᠦᠯᠬᠦ ᠬᠥᠮᠦᠯᠢᠭ ᠦᠵᠡᠯ ᠦ᠋ᠨ ᠳᠦᠷᠢᠮ ᠪᠣᠯᠤᠨ᠎ᠠ᠃ ᠮᠠᠨ ᠤ᠋ ᠤᠯᠤᠰ ᠳᠠᠩ ᠤᠯᠤᠰ ᠤ᠋ᠨ ᠦᠶ᠎ᠡ ᠡᠴᠡ ᠡᠬᠢᠯᠡᠨ 《  ᠦᠪᠡᠳᠡᠭᠰᠢ ᠦᠶ᠎ᠡ ᠶ᠋ᠢᠨ ᠠᠭᠤᠴᠢᠯᠠᠯ 》 ᠤ᠋ᠨ ᠲᠡᠦᠬᠡᠨ ᠤᠯᠠᠮᠵᠢᠯᠠᠯ ᠢ᠋ ᠪᠣᠢ ᠪᠣᠯᠭᠠᠵᠠᠢ᠃  ᠰᠢᠨ᠎ᠡ ᠳᠤᠮᠳᠠᠳᠤ ᠤᠯᠤᠰ ᠪᠠᠢᠭᠤᠯᠤᠭᠳᠠᠭᠰᠠᠨ ᠤ᠋ ᠳᠠᠷᠠᠭ᠎ᠠ 1975 ᠣᠨ ᠪᠣᠯᠲᠠᠯ᠎ᠠ ᠮᠠᠨ ᠤ᠋ ᠤᠯᠤᠰ ᠤᠷᠢᠳ ᠬᠣᠵᠢᠳ 7 ᠤᠳᠠᠭ᠎ᠠ ᠣᠨᠴᠠ ᠠᠭᠤᠴᠢᠯᠠᠯ ᠦᠵᠡᠭᠦᠯᠵᠡᠢ᠃ ᠣᠳᠣ ᠶ᠋ᠢᠨ ᠬᠡᠷᠡᠭᠵᠢᠭᠦᠯᠵᠦ ᠪᠠᠢᠭ᠎ᠠ ᠦᠨᠳᠦᠰᠦᠨ ᠬᠠᠤᠯᠢ ᠶ᠋ᠢ ᠦᠨᠳᠦᠰᠦᠯᠡᠪᠡᠯ ᠂ 2015 ᠣᠨ ᠳ᠋ᠤ᠌ ᠂ ᠳᠤᠮᠳᠠᠳᠤ ᠤᠯᠤᠰ ᠤ᠋ᠨ ᠠᠷᠠᠳ ᠲᠦᠮᠡᠨ ᠦ᠌ ᠶᠠᠫᠣᠨ ᠢ᠋ ᠡᠰᠡᠷᠭᠦᠴᠡᠬᠦ ᠲᠡᠢᠨ ᠵᠢᠴᠢ ᠳᠡᠯᠡᠬᠡᠢ ᠶ᠋ᠢᠨ ᠹᠠᠱᠢᠰ ᠢ᠋ ᠡᠰᠡᠷᠭᠦᠴᠡᠬᠦ ᠲᠡᠢᠨ ᠢᠯᠠᠯᠲᠠ ᠣᠯᠤᠭᠰᠠᠨ 70 ᠵᠢᠯ ᠦ᠋ᠨ ᠣᠢ ᠶ᠋ᠢᠨ  ᠲᠠᠰᠢᠷᠠᠮ ᠢ᠋ᠶ᠋ᠠᠷ ᠂ ᠮᠠᠨ ᠤ᠋ ᠤᠯᠤᠰ ᠪᠠᠰᠠ 3 15 27 ᠶᠠᠯᠠᠲᠠᠨ ᠢ᠋ ᠣᠨᠴᠠᠭᠠᠢ ᠠᠭᠤᠴᠢᠯᠠᠭᠠᠳ  ᠮᠠᠰᠢ ᠰᠠᠢᠨ ᠦᠷ᠎ᠡ ᠪᠦᠲᠦᠮᠵᠢ ᠣᠯᠪᠠ ᠃

       2019 ᠣᠨ ᠪᠣᠯ  ᠰᠢᠨ᠎ᠡ ᠳᠤᠮᠳᠠᠳᠤ ᠤᠯᠤᠰ ᠪᠠᠢᠭᠤᠯᠤᠭᠳᠠᠭᠰᠠᠨ 70 ᠵᠢᠯ ᠦ᠋ᠨ ᠣᠢ ᠮᠥᠨ ᠂ ᠮᠥᠨ ᠴᠦ᠍ 《 ᠬᠣᠶᠠᠷ ᠵᠠᠭᠤᠨ ᠵᠢᠯ 》  ᠦ᠋ᠨ ᠲᠡᠮᠡᠴᠡᠬᠦ ᠬᠠᠷᠠᠯᠲᠠ ᠲᠡᠦᠬᠡ ᠶ᠋ᠢᠨ ᠣᠭᠲᠤᠯᠤᠯᠴᠠᠯ ᠬᠤᠭᠤᠴᠠᠭᠠᠨ ᠳ᠋ᠤ᠌ ᠣᠷᠣᠬᠤ ᠵᠠᠩᠭᠢᠯᠠᠭ᠎ᠠ ᠶ᠋ᠢᠨ ᠵᠢᠯ ᠮᠥᠨ ᠃ ᠡᠨᠡ ᠬᠦ᠌ ᠴᠢᠬᠤᠯᠠ ᠲᠡᠦᠬᠡᠲᠦ ᠴᠠᠭ ᠮᠥᠴᠡ ᠳ᠋ᠦ᠍ ᠂ ᠵᠠᠷᠢᠮ ᠶᠠᠯᠠᠲᠠᠨ ᠳ᠋ᠤ᠌ ᠣᠨᠴᠠ ᠠᠭᠤᠴᠢᠯᠠᠯ ᠬᠦᠷᠲᠡᠭᠡᠬᠦ ᠨᠢ  ᠰᠢ ᠵᠢᠨ ᠫᠢᠩ ᠨᠥᠬᠥᠷ ᠢ᠋ᠶ᠋ᠡᠷ ᠭᠣᠣᠯ ᠪᠣᠯᠭᠠᠭᠰᠠᠨ ᠨᠠᠮ ᠤ᠋ᠨ ᠲᠥᠪ ᠬᠣᠷᠢᠶ᠎ᠠ ᠳᠤᠮᠳᠠᠳᠤ ᠶ᠋ᠢᠨ ᠪᠣᠯᠪᠠᠰᠤᠨ ᠢ᠋ᠶ᠋ᠠᠷ ᠡᠷᠡᠭᠦᠦ  ᠰᠢᠢᠳᠭᠡᠯ ᠣᠨᠣᠭᠳᠠᠭᠤᠯᠬᠤ ᠂ ᠢᠯᠡ ᠡᠷᠡᠭᠦᠦ  ᠰᠢᠢᠳᠭᠡᠯ  ᠢ᠋ ᠭᠦᠢᠴᠡᠳᠭᠡᠬᠦ  ᠰᠢᠯᠢᠳᠡᠭ  ᠤᠯᠠᠮᠵᠢᠯᠠᠯ ᠢ᠋ ᠵᠠᠯᠭᠠᠮᠵᠢᠯᠠᠨ ᠂ ᠲᠥᠷᠥ ᠪᠠᠷᠢᠬᠤ ᠢᠲᠡᠭᠡᠯ ᠪᠠ ᠳᠦᠷᠢᠮ ᠦ᠋ᠨ ᠢᠲᠡᠭᠡᠯ ᠢ᠋ ᠢᠯᠡᠷᠡᠭᠦᠯᠬᠦ ᠳ᠋ᠦ᠍ ᠠᠰᠢᠭᠲᠠᠢ ᠶᠤᠮ ; ᠡᠨᠡ ᠨᠢ  ᠪᠦᠬᠦ ᠲᠠᠯ᠎ᠠ ᠪᠠᠷ ᠬᠠᠤᠯᠢ ᠪᠠᠷ ᠤᠯᠤᠰ ᠢ᠋ᠶ᠋ᠠᠨ ᠵᠠᠰᠠᠬᠤ  ᠦᠵᠡᠯᠲᠡ  ᠶ᠋ᠢ ᠪᠠᠳᠠᠷᠠᠭᠤᠯᠵᠤ ᠂  ᠦᠨᠳᠦᠰᠦᠨ ᠶᠣᠰᠣᠭᠠᠷ ᠵᠠᠰᠠᠭ ᠪᠠᠷᠢᠬᠤ ᠂  ᠦᠨᠳᠦᠰᠦᠨ ᠶᠣᠰᠣᠭᠠᠷ ᠡᠣᠯᠣᠰ ᠢ᠋ ᠵᠠᠰᠠᠬᠤ ᠰᠠᠢᠨ ᠰᠠᠢᠬᠠᠨ ᠨᠡᠢᠭᠡᠮ ᠦ᠋ᠨ ᠠᠭᠤᠷ ᠠᠮᠢᠰᠭᠤᠯ ᠢ᠋ ᠪᠣᠢ ᠪᠣᠯᠭᠠᠵᠤ ᠂ ᠬᠠᠤᠯᠢ ᠪᠠᠷ ᠵᠠᠰᠠᠬᠤ ᠳᠤᠮᠳᠠᠳᠤ ᠡᠣᠯᠣᠰ ᠤ᠋ᠨ  ᠪᠦᠲᠦᠭᠡᠨ ᠪᠠᠢᠭᠤᠯᠤᠯᠲᠠ ᠶ᠋ᠢ  ᠭᠦᠨᠵᠡᠭᠡᠢ ᠠᠬᠢᠭᠤᠯᠤᠨ᠎ᠠ ︔ ᠠᠭᠤᠴᠢᠯᠠᠨ ᠰᠢᠢᠳᠭᠡᠬᠦ ᠪᠠ ᠴᠢᠩᠭ᠎ᠠ  ᠰᠢᠢᠳᠭᠡᠬᠦ  ᠶ᠋ᠢ ᠬᠣᠣᠰᠯᠠᠭᠤᠯᠬᠤ ᠡᠷᠡᠭᠦᠦ ᠶ᠋ᠢᠨ ᠬᠡᠷᠡᠭ ᠦ᠋ᠨ ᠲᠥᠷᠥ ᠶ᠋ᠢᠨ ᠪᠣᠳᠣᠯᠭ᠎ᠠ ᠶ᠋ᠢ ᠲᠤᠤᠱᠯᠠᠭᠤᠯᠤᠨ ᠨᠠᠢᠳᠠᠪᠤᠷᠢᠵᠢᠭᠤᠯᠵᠤ ᠂ ᠣᠨᠴᠠ ᠠᠭᠤᠴᠢᠯᠠᠯ ᠤ᠋ᠨ ᠤᠷᠢᠶᠠᠯᠠᠨ ᠳᠠᠢᠴᠢᠯᠠᠬᠤ ᠦᠢᠯᠡᠳᠦᠯ ᠢ᠋ ᠭᠦᠢᠴᠡᠳ ᠪᠠᠳᠠᠷᠠᠭᠤᠯᠵᠤ ᠂ ᠨᠠᠵᠠᠭᠠᠢ ᠬᠦᠴᠦᠨ ᠵᠦᠢᠯ ᠢ᠋ ᠬᠠᠮᠤᠭ ᠤ᠋ᠨ ᠶᠡᠬᠡ ᠬᠡᠮᠵᠢᠶ᠎ᠡ ᠪᠡᠷ ᠢᠳᠡᠪᠬᠢ ᠬᠦᠴᠦᠨ ᠵᠦᠢᠯ ᠪᠣᠯᠭᠠᠵᠤ ᠂ ᠨᠡᠢᠭᠡᠮ ᠦ᠋ᠨ ᠡᠶ᠎ᠡ ᠵᠣᠬᠢᠴᠠᠯ ᠪᠠ ᠲᠣᠭᠲᠠᠭᠤᠨ ᠪᠠᠢᠳᠠᠯ ᠢ᠋ ᠠᠬᠢᠭᠤᠯᠬᠤ ᠳ᠋ᠤ᠌  ᠠᠰᠢᠭᠲᠠᠢ ᠶᠤᠮ ︔ ᠮᠠᠨ ᠤ᠋ ᠤᠯᠤᠰ ᠤ᠋ᠨ ᠬᠥᠮᠦᠨ ᠦ᠌ ᠡᠷᠬᠡ ᠶ᠋ᠢᠨ ᠬᠠᠤᠯᠢ ᠴᠠᠭᠠᠵᠠ ᠶ᠋ᠢᠨ ᠪᠠᠲᠤᠯᠠᠭ᠎ᠠ ᠶ᠋ᠢᠨ ᠬᠢᠷᠢ ᠲᠦᠪᠰᠢᠨ  ᠢ᠋ ᠳᠡᠯᠭᠡᠨ ᠦᠵᠡᠭᠦᠯᠵᠦ ᠂ ᠮᠠᠨ ᠤ᠋ ᠤᠯᠤᠰ ᠤ᠋ᠨ ᠨᠡᠭᠡᠭᠡᠯᠲᠡ ᠲᠡᠢ ᠂ ᠠᠷᠠᠳᠴᠢᠯᠠᠯ ᠲᠠᠢ ᠂ ᠬᠠᠤᠯᠢ ᠪᠠᠷ ᠵᠠᠰᠠᠬᠤ ᠂ ᠪᠣᠯᠪᠠᠰᠤᠨ ᠳᠡᠯᠡᠬᠡᠢ ᠨᠡᠢᠲᠡ ᠶ᠋ᠢᠨ ᠳᠦᠷᠢ ᠲᠥᠷᠬᠦ ᠶ᠋ᠢ ᠤᠯᠠᠮ ᠨᠢᠭᠡ ᠠᠯᠬᠤᠮ ᠪᠣᠢ ᠪᠣᠯᠭᠠᠬᠤ ᠳ᠋ᠤ᠌ ᠠᠰᠢᠭᠲᠠᠢ  ᠶᠤᠮ ᠃

       ᠪᠥᠬᠥ ᠲᠠᠯ᠎ᠠ ᠪᠠᠷ ᠬᠠᠤᠯᠢ ᠶᠣᠰᠣᠭᠠᠷ ᠤᠯᠤᠰ ᠢ᠋ᠶ᠋ᠠᠨ ᠵᠠᠰᠠᠬᠤ ᠪᠣᠯ ᠰᠠᠭᠤᠷᠢ ᠴᠢᠨᠠᠷᠲᠠᠢ ᠂ ᠪᠠᠲᠤᠯᠠᠭ᠎ᠠ ᠶ᠋ᠢᠨ ᠴᠢᠨᠠᠷᠲᠠᠢ ᠦᠢᠯᠡᠳᠦᠯ ᠲᠡᠢ ᠪᠠᠢᠳᠠᠭ ᠃ ᠡᠨᠡ ᠡᠣᠳᠠᠭᠠᠠ  ᠤ᠋ ᠡᠣᠠᠴᠠ ᠠᠭᠤᠴᠢᠯᠠᠯ ᠨᠢ  ᠪᠦᠬᠦ ᠲᠠᠯ᠎ᠠ ᠪᠠᠷ ᠬᠠᠤᠯᠢ ᠶᠣᠰᠣᠭᠠᠷ ᠡᠣᠯᠣᠰ ᠢ᠋ ᠵᠠᠰᠠᠬᠤ ᠱᠠᠭᠠᠷᠳᠠᠯᠭ᠎ᠠ ᠶ᠋ᠢ ᠲᠤᠤᠱᠯᠠᠭᠤᠯᠵᠠᠢ ᠃ ᠶᠢᠰᠦᠳᠦᠭᠡᠷ  ᠲᠥᠷᠦᠯ  ᠤ᠋ᠨ ᠡᠣᠠᠴᠠ ᠠᠭᠤᠴᠢᠯᠠᠯ  ᠦᠵᠡᠭᠰᠡᠨ ᠶᠠᠯ᠎ᠠ ᠶ᠋ᠢᠨ ᠳᠣᠲᠣᠷ᠎ᠠ ᠂ ᠵᠠᠷᠢᠮ ᠨᠢ  ᠦᠨᠳᠦᠰᠦᠲᠡᠨ  ᠤ᠋ ᠲᠤᠰᠠᠭᠠᠷ ᠲᠣᠭᠲᠠᠨᠢᠯ ᠪᠣᠯᠤᠨ  ᠰᠢᠨ᠎ᠡ ᠳᠤᠮᠳᠠᠳᠤ ᠡᠣᠯᠣᠰ ᠢ᠋ ᠪᠠᠢᠭᠤᠯᠬᠤ ᠳ᠋ᠤ᠌ ᠬᠤᠪᠢ ᠨᠡᠮᠡᠷᠢ  ᠦᠵᠡᠭᠦᠯᠵᠦ ᠂ ᠲᠡᠳᠡᠨ ᠳ᠋ᠦ᠍ ᠡᠣᠠᠴᠠ ᠠᠭᠤᠴᠢᠯᠠᠯ  ᠦᠵᠡᠭᠦᠯᠵᠦ᠂  ᠪᠦᠭᠦᠳᠡ ᠨᠠᠢᠷᠠᠮᠳᠠᠬᠤ ᠳᠤᠮᠳᠠᠳᠤ ᠡᠠᠷᠠᠣᠠ ᠡᠣᠯᠣᠰ ᠪᠠᠢᠭᠤᠯᠤᠭᠳᠠᠭᠰᠠᠨ 70 ᠵᠢᠯ ᠦ᠋ᠨ ᠣᠢ ᠶ᠋ᠢ ᠪᠡᠯᠭᠡᠯᠡᠬᠦ ᠭᠣᠣᠯ ᠰᠡᠳᠦᠪ ᠢ᠋ ᠳᠣᠪᠣᠢᠯᠭᠠᠵᠤ ᠴᠢᠳᠠᠨ᠎ᠠ ᠃ ᠵᠠᠷᠢᠮ ᠨᠢ ᠡᠣᠯᠣᠰ ᠤ᠋ᠨ ᠵᠠᠰᠠᠭ ᠤ᠋ᠨ ᠡᠷᠬᠡ᠎ ᠶ᠋ᠢ ᠪᠡᠬᠢᠵᠢᠭᠦᠯᠬᠦ ᠂ ᠡᠣᠯᠣᠰ ᠤ᠋ᠨ ᠡᠷᠬᠡ᠎ ᠮᠠᠲᠠᠯ ᠂ ᠡᠠᠮᠣᠷ ᠲᠦᠪᠰᠢᠨ ᠪᠠ᠎ ᠨᠤᠲᠤᠭ ᠳᠡᠪᠢᠰᠬᠡᠷ ᠦ᠋ᠨ  ᠪᠦᠷᠢᠨ  ᠪᠦᠲᠦᠨ ᠪᠠᠢᠬᠤ ᠶ᠋ᠢ ᠬᠠᠮᠠᠭᠠᠯᠠᠬᠤ ᠳ᠋ᠤ᠌ ᠬᠤᠪᠢ ᠨᠡᠮᠡᠷᠢ ᠦᠵᠡᠭᠦᠯᠵᠦ  ᠂ ᠡᠣᠯᠣᠰ ᠡᠣᠷᠣᠠ ᠤ᠋ ᠬᠦᠴᠦᠷᠬᠡᠭ  ᠶᠠᠬᠡ᠎ ᠪᠠ᠎ ᠡᠣᠯᠣᠰ ᠤ᠋ᠨ ᠶᠡᠷᠦᠩᠬᠡᠢ  ᠬᠦᠴᠦᠨ  ᠤ᠋  ᠳᠡᠭᠡᠭᠰᠢᠯᠡᠭᠦᠯᠬᠦ  ᠳ᠋ᠦ᠍ ᠬᠤᠪᠢ ᠨᠡᠮᠡᠷᠢ ᠪᠡᠨ ᠦᠵᠡᠭᠦᠯᠵᠦ ᠂ ᠡᠣᠯᠣᠰ ᠤ᠋ᠨ ᠪᠠᠲᠤᠯᠠᠨ ᠬᠠᠮᠠᠭᠠᠯᠠᠯᠲᠠ ᠶ᠋ᠢ ᠪᠡᠬᠢᠵᠢᠭᠦᠯᠬᠦ ᠂ ᠡᠬᠡ᠎ ᠡᠣᠯᠣᠰ ᠪᠠ᠎ ᠨᠡᠢᠭᠡᠮ ᠵᠢᠷᠤᠮ ᠤ᠋ᠨ ᠡᠣᠳᠣᠬᠢᠴᠢᠯᠠᠬᠣ  ᠪᠦᠲᠦᠭᠡᠨ ᠪᠠᠢᠭᠤᠯᠤᠯᠲᠠ ᠳ᠋ᠤ᠌ ᠬᠤᠪᠢ ᠨᠡᠮᠡᠷᠢ ᠦᠵᠡᠭᠦᠯᠵᠦ  ᠥᠩᠭᠡᠷᠡᠭᠰᠡᠨ ᠵᠠᠷᠬᠡ᠎ ᠡᠠᠭᠣᠯᠭ᠎ᠠ  ᠪᠦᠬᠦᠢ᠂ ᠲᠡᠳᠡᠨ ᠳ᠋ᠦ᠍ ᠡᠣᠠᠴᠠ ᠠᠭᠤᠴᠢᠯᠠᠯ ᠦᠵᠡᠭᠦᠯᠵᠦ ᠪᠠᠢᠪᠠ᠎᠃ ᠡᠭᠦᠨ ᠦ᠌ ᠬᠠᠮᠲᠤ ᠂  ᠱᠠᠮᠰᠢᠵᠤ ᠬᠡᠭᠡᠯᠢ ᠢᠳᠡᠭᠰᠡᠨ ᠶᠠᠯᠠᠲᠤ ᠠᠵᠢᠯᠯᠠᠭ᠎ᠠ ᠂ ᠬᠦᠨᠳᠦ ᠨᠣᠴᠢᠲᠠᠢ ᠡᠷᠡᠭᠦᠦ ᠶ᠋ᠢᠨ ᠶᠠᠯᠠᠲᠤ ᠠᠵᠢᠯᠯᠠᠭ᠎ᠠ ᠂ ᠰᠦᠷᠳᠡᠭᠦᠯᠦᠯ ᠦ᠋ᠨ ᠠᠵᠢᠯᠯᠠᠭ᠎ᠠ ᠶ᠋ᠢᠨ ᠶᠠᠯᠠᠲᠤ ᠠᠵᠢᠯᠯᠠᠭ᠎ᠠ ᠂ ᠤᠯᠤᠰ ᠣᠷᠣᠨ ᠤ᠋ ᠠᠮᠤᠷ ᠲᠦᠪᠰᠢᠨ  ᠳ᠋ᠦ᠍ ᠬᠣᠣᠷ ᠬᠥᠨᠥᠭᠡᠯ ᠤᠴᠠᠷᠠᠭᠤᠯᠤᠭᠰᠠᠨ ᠶᠠᠯᠠᠲᠤ ᠠᠵᠢᠯᠯᠠᠭ᠎ᠠ ᠵᠡᠷᠭᠡ ᠣᠨᠴᠠ ᠲᠣᠭᠲᠠᠭᠠᠭᠳᠠᠭᠰᠠᠨ ᠪᠠᠢᠳᠠᠯ ᠤ᠋ᠨ ᠶᠠᠯᠠᠲᠠᠨ ᠳ᠋ᠤ᠌ ᠣᠨᠴᠠ ᠠᠭᠤᠴᠢᠯᠠᠯ ᠦᠵᠡᠭᠦᠯᠵᠦ ᠪᠣᠯᠬᠤ ᠦᠭᠡᠢ ᠂ ᠣᠳᠣᠬᠠᠨ ᠤ᠋ ᠢᠯᠵᠠᠷᠠᠯ ᠢ᠋ ᠡᠰᠡᠷᠭᠦᠴᠡᠬᠦ ᠲᠡᠮᠡᠴᠡᠯ ᠮᠥᠨ ᠯᠡ ᠬᠦᠨᠳᠦ ᠨᠣᠴᠢᠲᠠᠢ ᠪᠠᠢᠳᠠᠯ ᠢ᠋ ᠭᠦᠢᠴᠡᠳ ᠪᠣᠳᠣᠯᠬᠢᠯᠠᠭᠠᠳ ᠂ ᠠᠷᠠᠳ ᠣᠯᠠᠨ ᠤ᠋ ᠠᠮᠤᠷ ᠲᠦᠪᠰᠢᠨ ᠰᠡᠳᠭᠢᠯᠭᠡ ᠶ᠋ᠢ ᠬᠠᠮᠠᠭᠠᠯᠠᠬᠤ ᠂ ᠤᠯᠤᠰ ᠣᠷᠣᠨ ᠤ᠋ ᠠᠮᠤᠷ ᠲᠦᠪᠰᠢᠨ ᠢ᠋ ᠬᠠᠮᠠᠭᠠᠯᠠᠬᠤ ᠱᠠᠭᠠᠷᠳᠠᠯᠭ᠎ᠠ ᠶ᠋ᠢ ᠭᠦᠢᠴᠡᠳ ᠪᠣᠳᠣᠯᠬᠢᠯᠠᠭᠰᠠᠨ ᠪᠠᠢᠨ᠎ᠠ ᠃

      ᠡᠨᠡ ᠤᠳᠠᠭᠠᠨ ᠤ᠋ ᠣᠨᠴᠠ ᠠᠭᠤᠴᠢᠯᠠᠯ ᠨᠢ ᠰᠠᠢᠨ ᠤᠯᠤᠰ ᠲᠥᠷᠥ ᠶ᠋ᠢᠨ ᠦᠷ᠎ᠡ ᠪᠦᠲᠦᠮᠵᠢ ᠂ ᠬᠠᠤᠯᠢ ᠴᠠᠭᠠᠵᠠ ᠶ᠋ᠢᠨ ᠦᠷ᠎ᠡ ᠪᠦᠲᠦᠮᠵᠢ ᠂ ᠨᠡᠢᠭᠡᠮ ᠦ᠋ᠨ ᠦᠷ᠎ᠡ ᠪᠦᠲᠦᠮᠵᠢ ᠶ᠋ᠢ ᠪᠠᠲᠤᠯᠠᠬᠤ ᠳ᠋ᠤ᠌  ᠡᠷᠬᠡᠪᠰᠢ ᠢᠳᠡᠪᠬᠢᠲᠡᠢ ᠪᠣᠯᠭᠣᠮᠵᠢᠲᠠᠢ ᠪᠠᠢᠬᠤ ᠵᠠᠷᠴᠢᠮ ᠢ᠋ ᠪᠠᠷᠢᠮᠲᠠᠯᠠᠵᠤ ᠂ ᠪᠦᠭᠦᠳᠡ ᠨᠠᠢᠷᠠᠮᠳᠠᠬᠤ ᠳᠤᠮᠳᠠᠳᠤ ᠠᠷᠠᠳ ᠤᠯᠤᠰ ᠪᠠᠢᠭᠤᠯᠤᠭᠳᠠᠭᠰᠠᠨ 70 ᠵᠢᠯ ᠦ᠋ᠨ ᠣᠢ ᠶ᠋ᠢ ᠪᠠᠶᠠᠷᠯᠠᠨ ᠪᠡᠯᠭᠡᠯᠡᠬᠦ  ᠡᠴᠡ ᠭᠠᠳᠠᠨ᠎ᠠ ᠪᠠᠰᠠ ᠣᠳᠣᠬᠠᠨ ᠤ᠋ ᠮᠠᠨ ᠤ᠋ ᠤᠯᠤᠰ ᠤ᠋ᠨ ᠡᠷᠡᠭᠦᠦ ᠶ᠋ᠢᠨ ᠬᠡᠷᠡᠭ ᠦ᠋ᠨ ᠶᠠᠯᠠᠲᠤ ᠠᠵᠢᠯᠯᠠᠭ᠎ᠠ ᠵᠡᠷᠭᠡ ᠪᠣᠳᠠᠲᠤ ᠪᠠᠢᠳᠠᠯ ᠢ᠋ ᠪᠣᠳᠣᠯᠬᠢᠯᠠᠵᠤ ᠂ ᠠᠯᠬᠤᠮ ᠳᠠᠷᠠᠭ᠎ᠠ ᠲᠠᠢ ᠪᠠᠷ ᠠᠬᠢᠭᠤᠯᠬᠤ ᠱᠠᠭᠠᠷᠳᠠᠯᠭ᠎ᠠ ᠶᠣᠰᠣᠭᠠᠷ ᠣᠨᠴᠠ ᠠᠭᠤᠴᠢᠯᠠᠯ ᠦᠵᠡᠭᠦᠯᠬᠦ ᠠᠵᠢᠯ ᠢ᠋ ᠰᠠᠢᠲᠤᠷ ᠬᠢᠬᠦ ᠬᠡᠷᠡᠭᠲᠡᠢ ︔  ᠡᠷᠬᠡᠪᠰᠢ ᠡᠷᠬᠡ  ᠲᠡᠭᠰᠢ ᠲᠥᠪ ᠭᠣᠣᠯᠴᠢ ᠪᠠᠢᠬᠤ ᠵᠠᠷᠴᠢᠮ ᠢ᠋ ᠪᠠᠷᠢᠮᠲᠠᠯᠠᠨ ᠂ ᠣᠨᠴᠠ ᠠᠭᠤᠴᠢᠯᠠᠯ ᠬᠦᠷᠲᠡᠭᠡᠬᠦ ᠡᠲᠡᠭᠡᠳ ᠦ᠋ᠨ ᠪᠡᠶ᠎ᠡ ᠶ᠋ᠢᠨ ᠭᠠᠷᠤᠯ ᠤ᠋ᠨ  ᠠᠳᠠᠯᠢᠳᠭᠠᠰᠢ ᠦᠭᠡᠢ ᠴᠢᠨᠠᠷ ᠢ᠋ ᠳᠣᠪᠣᠢᠯᠭᠠᠵᠤ ᠂ ᠣᠨᠴᠠ ᠠᠭᠤᠴᠢᠯᠠᠯ ᠦᠵᠡᠭᠦᠯᠬᠦ ᠨᠥᠬᠥᠴᠡᠯ ᠢ᠋ ᠴᠢᠩᠭ᠎ᠠ  ᠡᠵᠡᠮᠰᠢᠬᠦ ᠬᠡᠷᠡᠭᠲᠡᠢ ︔  ᠡᠷᠬᠡᠪᠰᠢ ᠬᠠᠤᠯᠢ ᠶᠣᠰᠣᠭᠠᠷ  ᠰᠢᠢᠳᠪᠦᠷᠢᠯᠡᠬᠦ ᠵᠠᠷᠴᠢᠮ ᠢ᠋ ᠪᠠᠷᠢᠮᠲᠠᠯᠠᠵᠤ ᠂ ᠬᠠᠤᠯᠢ ᠴᠠᠭᠠᠵᠠ ᠶ᠋ᠢᠨ ᠵᠠᠰᠠᠭ ᠵᠠᠬᠢᠷᠭᠠᠨ ᠤ᠋ ᠪᠠᠢᠭᠤᠯᠭ᠎ᠠ ᠵᠡᠷᠭᠡ ᠪᠡᠷ ᠣᠨᠴᠠ ᠠᠭᠤᠴᠢᠯᠠᠯ ᠬᠦᠷᠲᠡᠭᠡᠬᠦ ᠂ ᠠᠷᠠᠳ ᠤ᠋ᠨ  ᠰᠢᠭᠦᠬᠦ ᠬᠣᠷᠢᠶ᠎ᠠ ᠣᠨᠴᠠ ᠠᠭᠤᠴᠢᠯᠠᠯ ᠬᠦᠷᠲᠡᠭᠡᠬᠦ ᠬᠡᠷᠡᠭ ᠢ᠋  ᠰᠢᠭᠦᠨ  ᠰᠢᠢᠳᠪᠦᠷᠢᠯᠡᠵᠦ ᠂ ᠠᠷᠠᠳ ᠤ᠋ᠨ ᠪᠠᠢᠴᠠᠭᠠᠬᠤ ᠬᠣᠷᠢᠶ᠎ᠠ ᠣᠨᠴᠠ ᠠᠭᠤᠴᠢᠯᠠᠯ ᠤ᠋ᠨ ᠬᠡᠷᠡᠭᠵᠢᠭᠦᠯᠦᠯᠲᠡ ᠳ᠋ᠦ᠍ ᠬᠢᠨᠠᠯᠲᠠ ᠲᠠᠯᠪᠢᠵᠤ ᠂ ᠭᠣᠭᠴᠣᠭ᠎ᠠ ᠨᠢᠭᠡᠪᠦᠷᠢ ᠶ᠋ᠢ ᠴᠥᠮ ᠦᠨᠳᠦᠰᠦᠨ ᠬᠠᠤᠯᠢ ᠪᠠ ᠬᠠᠤᠯᠢ ᠴᠠᠭᠠᠵᠠ ᠶ᠋ᠢᠨ ᠲᠣᠭᠲᠠᠭᠠᠯ ᠢ᠋ ᠴᠢᠩᠭ᠎ᠠ ᠵᠢᠷᠤᠮᠯᠠᠨ ᠬᠢᠵᠡᠢ ;  ᠡᠷᠬᠡᠪᠰᠢ ᠲᠣᠭᠲᠠᠭᠤᠨ ᠡᠮᠬᠢ ᠵᠢᠷᠤᠮ ᠲᠠᠢ ᠪᠠᠢᠬᠤ ᠵᠠᠷᠴᠢᠮ ᠢ᠋ ᠪᠠᠷᠢᠮᠲᠠᠯᠠᠵᠤ ᠂ ᠡᠷᠡᠭᠦᠦ  ᠰᠢᠢᠳᠭᠡᠯ ᠭᠦᠢᠴᠡᠳᠭᠡᠵᠦ ᠪᠠᠢᠭ᠎ᠠ ᠪᠦᠬᠦ ᠶᠠᠯᠠᠲᠠᠨ ᠳ᠋ᠤ᠌ ᠦᠵᠡᠯ ᠰᠠᠨᠠᠭ᠎ᠠ ᠂ ᠶᠣᠰᠣ ᠮᠣᠷᠠᠯ ᠂ ᠬᠠᠤᠯᠢ ᠪᠠᠷ ᠵᠠᠰᠠᠬᠤ ᠬᠥᠮᠦᠵᠢᠯ ᠬᠢᠬᠦ ᠪᠡᠨ ᠴᠢᠩᠭᠠᠳᠭᠠᠵᠤ ᠂ ᠣᠨᠴᠠ ᠠᠭᠤᠴᠢᠯᠠᠯ ᠦᠵᠡᠭᠦᠯᠬᠦ ᠪᠡᠷ ᠲᠥᠯᠥᠪᠯᠡᠭᠰᠡᠨ ᠶᠠᠯᠠᠲᠠᠨ ᠳ᠋ᠤ᠌ ᠨᠡᠢᠭᠡᠮ ᠨᠡᠢᠲᠡ ᠳ᠋ᠦ᠍ ᠠᠶᠤᠯ ᠤᠴᠠᠷᠠᠭᠤᠯᠬᠤ ᠪᠣᠯᠤᠯᠴᠠᠭ᠎ᠠ ᠪᠠᠢᠬᠤ ᠡᠰᠡᠬᠦ ᠶ᠋ᠢ ᠦᠨᠡᠯᠡᠨ ᠵᠢᠰᠢᠬᠦ ᠶ᠋ᠢᠨ ᠬᠠᠮᠲᠤ ᠂ ᠣᠨᠴᠠ ᠠᠭᠤᠴᠢᠯᠠᠯ ᠬᠦᠷᠲᠡᠭᠡᠬᠦ ᠶᠠᠯᠠᠲᠠᠨ ᠢ᠋ ᠰᠤᠯᠠᠯᠠᠭᠰᠠᠨ ᠤ᠋ ᠳᠠᠷᠠᠭᠠᠬᠢ ᠰᠤᠷᠭᠠᠨ ᠬᠥᠮᠦᠵᠢᠯ ᠦ᠋ᠨ ᠬᠠᠮᠢᠶᠠᠷᠤᠯᠲᠠ ᠶ᠋ᠢᠨ ᠠᠵᠢᠯ ᠢ᠋ ᠴᠢᠩᠭᠠᠳᠭᠠᠵᠤ ᠂ ᠣᠨᠴᠠ ᠠᠭᠤᠴᠢᠯᠠᠯ ᠬᠦᠷᠲᠡᠭᠰᠡᠨ ᠦᠭᠡᠢ ᠶᠠᠯᠠᠲᠠᠨ ᠤ᠋ ᠰᠠᠨᠠᠭ᠎ᠠ ᠠᠮᠤᠷ ᠥᠭᠡᠷᠡᠴᠢᠯᠡᠯᠲᠡ ᠂ ᠣᠨᠴᠠ ᠠᠭᠤᠴᠢᠯᠠᠯ ᠬᠦᠷᠲᠡᠭᠰᠡᠨ ᠦᠭᠡᠢ ᠬᠥᠮᠦᠰ ᠦ᠋ᠨ ᠨᠡᠢᠭᠡᠮ ᠳ᠋ᠦ᠍ ᠪᠤᠴᠠᠵᠤ ᠢᠷᠡᠭᠰᠡᠨ ᠦ᠌ ᠳᠠᠷᠠᠭᠠᠬᠢ ᠰᠠᠬᠢᠯᠭ᠎ᠠ ᠪᠠᠲᠤ ᠶ᠋ᠢ ᠵᠢᠷᠤᠮᠯᠠᠨ ᠬᠠᠤᠯᠢ ᠴᠠᠭᠠᠵᠠ ᠶ᠋ᠢ ᠵᠢᠷᠤᠮᠯᠠᠬᠤ ᠶ᠋ᠢ ᠦᠨᠡᠨᠬᠦ ᠪᠠᠲᠤᠯᠠᠬᠤ ᠬᠡᠷᠡᠭᠲᠡᠢ ᠃

       ᠡᠣᠠᠴᠠ ᠠᠭᠤᠴᠢᠯᠠᠬᠤ  ᠳᠦᠷᠢᠮ  ᠢ᠋ ᠳᠠᠬᠢᠨᠲᠠ  ᠬᠡᠷᠡᠭᠵᠢᠭᠦᠯᠦᠭᠰᠡᠨ  ᠠ᠋ᠴᠠ ᠬᠠᠤᠯᠢ ᠪᠠᠷ ᠵᠠᠰᠠᠬᠤ ᠪᠠ᠎ ᠥᠷᠦᠰᠢᠶᠡᠯ ᠵᠠᠰᠠᠭ ᠤ᠋ᠨ ᠪᠠᠢᠭᠤᠯᠤᠯ ᠢ᠋  ᠢᠯᠡᠷᠡᠭᠦᠯᠵᠦ ᠂  ᠰᠢᠨ᠎ᠡ ᠴᠠᠭ ᠡᠣᠢ᠎ᠠ ᠶ᠋ᠢᠨ  ᠬᠦᠴᠦᠷᠬᠡᠭ ᠳᠦᠷᠢ ᠲᠥᠷᠬᠦ  ᠲᠠᠢ ᠪᠣᠯᠤᠭᠰᠠᠨ ᠪᠠᠢᠨ᠎ᠠ ᠃ ᠡᠨᠡ ᠤᠳᠠᠭᠠᠨ ᠤ᠋ ᠣᠨᠴᠠ ᠠᠭᠤᠴᠢᠯᠠᠯ ᠨᠢ ᠬᠠᠤᠯᠢ ᠪᠠᠷ ᠵᠠᠰᠠᠬᠤ ᠶ᠋ᠢᠨ ᠦᠨᠳᠦᠰᠦ ᠂  ᠵᠢᠰᠢᠯᠲᠡ  ᠶ᠋ᠢ ᠲᠣᠭᠲᠠᠪᠤᠷᠢᠵᠢᠭᠤᠯᠬᠤ ᠂ ᠠᠯᠤᠰ ᠬᠡᠳᠦ  ᠳ᠋ᠦ᠍  ᠠᠰᠢᠭᠲᠠᠢ ᠪᠠᠲᠤᠯᠠᠭ᠎ᠠ ᠶ᠋ᠢᠨ ᠦᠢᠯᠡᠳᠦᠯ ᠢ᠋ ᠨᠡᠩ ᠰᠠᠢᠲᠤᠷ ᠪᠠᠳᠠᠷᠠᠭᠤᠯᠵᠤ ᠂ 《 ᠬᠤᠶᠠᠷ ᠵᠠᠭᠤᠨ ᠵᠢᠯ》 ᠦ᠋ᠨ ᠲᠡᠮᠡᠴᠡᠬᠦ ᠬᠠᠷᠠᠯᠲᠠ ᠶ᠋ᠢ ᠪᠡᠶᠡᠯᠡᠭᠦᠯᠬᠦ ᠂ ᠳᠤᠮᠳᠠᠳᠤ ᠶ᠋ᠢᠨ ᠦᠨᠳᠦᠰᠦᠲᠡᠨ ᠦ᠌ ᠠᠭᠤᠤ ᠶᠡᠬᠡ ᠰᠡᠷᠭᠦᠨ ᠮᠠᠨᠳᠤᠯᠲᠠ ᠶ᠋ᠢᠨ ᠳᠤᠮᠳᠠᠳᠤ ᠶ᠋ᠢᠨ ᠵᠡᠭᠦᠳᠦ ᠶ᠋ᠢ ᠲᠡᠷᠭᠡᠯᠰᠢᠭᠦᠯᠬᠦ ᠳ᠋ᠦ᠍ ᠬᠠᠤᠯᠢ ᠪᠠᠷ ᠵᠠᠰᠠᠬᠤ ᠰᠠᠭᠤᠷᠢ ᠶ᠋ᠢ ᠪᠠᠲᠤ ᠪᠡᠬᠢ ᠪᠣᠯᠭᠠᠬᠤ ᠳ᠋ᠤ᠌  ᠠᠰᠢᠭᠲᠠᠢ ᠶᠤᠮ ᠃

 

ᠦᠨᠡᠯᠡᠬᠦ 0ᠦᠨᠡᠯᠡᠯᠲᠡ᠎ᠲᠠᠢ


( ᠨᠧᠲ ᠨᠠᠢᠵᠠ ᠵᠢᠨ ᠦᠨᠡᠯᠡᠯᠲᠡ᠎ᠨᠢ ᠵᠦᠪᠭᠡᠨ ᠲᠡᠭᠦᠨ ᠊ᠤ᠌ ᠬᠤᠪᠢ ᠭᠦᠮᠦᠨ ᠊ᠤ᠌ ᠦᠵᠡᠯᠲᠡ ᠲᠡᠳᠦᠢ᠂ ᠲᠤᠰ ᠨᠧᠲ ᠦᠷᠳᠡᠭᠡ ᠲᠡᠭᠦᠨ ᠊ᠤ᠌ ᠦᠵᠡᠯᠲᠡ ᠵᠢ ᠵᠦᠪᠱᠢᠶᠡᠷᠡᠭᠰᠡᠨ ᠶᠠᠪᠤᠳᠠᠯ ᠤᠭᠳᠤ ᠪᠢᠱᠢ᠎ᠶᠤᠮ᠃ )