ᠬᠠᠤᠯᠢ ᠪᠠᠷ ᠵᠠᠰᠠᠬᠤ ᠨᠢ ᠡᠯ᠎ᠡ ᠲᠥᠷᠥᠯ ᠦ᠋ᠨ ᠵᠠᠬ᠎ᠠ ᠳᠡᠯᠭᠡᠭᠦᠷ ᠦ᠋ᠨ ᠭᠣᠣᠯ ᠴᠣᠭᠴᠠ ᠶ᠋ᠢᠨ ᠥᠮᠴᠢᠯᠡᠬᠦ ᠡᠷᠬᠡ ᠪᠠ ᠬᠠᠤᠯᠢ ᠶᠣᠰᠣᠨ ᠤ᠋ ᠡᠷᠬᠡ ᠠᠰᠢᠭ ᠢ᠋ ᠬᠠᠤᠯᠢ ᠶᠣᠰᠣᠭᠠᠷ ᠬᠠᠮᠠᠭᠠᠯᠠᠵᠤ ᠴᠢᠳᠠᠳᠠᠭ ᠂ ᠥᠮᠴᠢᠯᠡᠬᠦ ᠡᠷᠬᠡ ᠶ᠋ᠢ ᠬᠠᠮᠠᠭᠠᠯᠠᠬᠤ ᠨᠢ ᠳᠠᠷᠤᠢ ᠦᠢᠯᠡᠳᠪᠦᠷᠢᠯᠡᠯ ᠦ᠋ᠨ ᠬᠦᠴᠦᠨ ᠢ᠋ ᠬᠠᠮᠠᠭᠠᠯᠠᠬᠤ ᠶᠠᠪᠤᠳᠠᠯ ᠪᠣᠯᠤᠨ᠎ᠠ ᠃
ᠬᠠᠤᠯᠢ ᠪᠠᠷ ᠵᠠᠰᠠᠬᠤ ᠨᠢ ᠵᠠᠰᠠᠭ ᠤ᠋ᠨ ᠣᠷᠳᠣᠨ ᠪᠣᠯᠤᠨ ᠵᠠᠬ᠎ᠠ ᠳᠡᠯᠭᠡᠭᠦᠷ ᠦ᠋ᠨ ᠵᠠᠭᠠᠭ ᠬᠢᠵᠠᠭᠠᠷ ᠢ᠋ ᠳᠦᠷᠢᠮᠵᠢᠭᠦᠯᠵᠦ ᠂ ᠵᠠᠬ᠎ᠠ ᠳᠡᠯᠭᠡᠭᠦᠷ ᠦ᠋ᠨ ᠠᠵᠤ ᠠᠬᠤᠢ ᠶ᠋ᠢᠨ ᠵᠢᠮ᠎ᠡ ᠶᠣᠰᠣ ᠶ᠋ᠢ ᠬᠥᠨᠳᠦᠳᠭᠡᠨ᠂ᠬᠠᠤᠯᠢ ᠪᠠᠷ ᠵᠠᠰᠠᠬᠤ ᠵᠠᠭᠪᠤᠷ ᠤ᠋ᠨ ᠲᠤᠲᠤᠷᠠᠬᠢ ᠡᠯ᠎ᠡ ᠲᠥᠷᠥᠯ ᠦ᠋ᠨ ᠵᠠᠬ᠎ᠠ ᠳᠡᠯᠭᠡᠭᠦᠷ ᠦ᠋ᠨ ᠭᠣᠣᠯ ᠴᠣᠭᠴᠠ ᠶ᠋ᠢᠨ ᠠᠰᠢᠭ ᠲᠤᠰᠠ ᠶ᠋ᠢᠨ ᠬᠠᠷᠢᠴᠠᠭ᠎ᠠ ᠶ᠋ᠢ ᠲᠣᠬᠢᠷᠠᠭᠤᠯᠵᠤ ᠴᠢᠳᠠᠳᠠᠭ᠃
ᠵᠥᠪᠬᠡᠨ ᠳᠦᠷᠢᠮ ᠢ᠋ᠶ᠋ᠡᠨ ᠲᠡᠭᠦᠯᠳᠡᠷᠵᠢᠭᠦᠯᠵᠦ ᠂ ᠬᠢᠨᠠᠯᠲᠠ ᠬᠠᠮᠢᠶᠠᠷᠤᠯᠲᠠ ᠪᠠᠨ ᠴᠢᠩᠭᠠᠳᠭᠠᠪᠠᠯ ᠰᠠᠶᠢ ᠨᠢᠭᠡᠳᠦᠯᠲᠡᠢ᠂ ᠨᠡᠭᠡᠭᠡᠯᠲᠡᠲᠡᠢ᠂ ᠡᠮᠬᠢ ᠵᠢᠷᠥᠮ ᠥᠷᠢᠰᠦᠯᠳᠦᠭᠡᠨ ᠲᠠᠢ ᠵᠠᠬ᠎ᠠ ᠳᠡᠯᠭᠡᠭᠦᠷ ᠦ᠋ᠨ ᠰᠢᠰᠲ᠋ᠧᠮ ᠢ᠋ ᠪᠠᠢᠭᠤᠯᠵᠤ ᠂ ᠲᠥᠪ ᠭᠣᠣᠯᠴᠢ ᠥᠷᠢᠰᠦᠯᠳᠦᠭᠡᠨ ᠦ᠌ ᠣᠷᠴᠢᠨ ᠢ᠋ ᠪᠣᠢ ᠪᠣᠯᠭᠠᠵᠤ ᠴᠢᠳᠠᠨ᠎ᠠ ᠃
2 ᠰᠠᠷ᠎ᠠ ᠶ᠋ᠢᠨ 25 ᠤ᠋ ᠡᠳᠦᠷ ᠂ ᠶᠡᠷᠦᠩᠬᠡᠢ ᠱᠦᠵᠢ ᠰᠢ ᠵᠢᠨ ᠫᠢᠩ ᠠ᠋ᠴᠠ ᠡᠷᠬᠢᠯᠡᠨ ᠬᠤᠷᠠᠯᠳᠤᠭᠤᠯᠤᠭᠰᠠᠨ ᠲᠥᠪ ᠦ᠋ᠨ ᠪᠦᠬᠦ ᠲᠠᠯ᠎ᠠ ᠪᠠᠷ ᠬᠠᠤᠯᠢ ᠪᠠᠷ ᠤᠯᠤᠰ ᠢ᠋ᠶ᠋ᠠᠨ ᠵᠠᠰᠠᠬᠤ ᠵᠥᠪᠯᠡᠯ ᠦ᠋ᠨ ᠬᠣᠶᠠᠳᠤᠭᠠᠷ ᠤᠳᠠᠭᠠᠨ ᠤ᠋ ᠬᠤᠷᠠᠯ ᠳ᠋ᠤ᠌ 《ᠬᠠᠤᠯᠢ ᠪᠠᠷ ᠵᠠᠰᠠᠬᠤ ᠪᠣᠯ ᠬᠠᠮᠤᠭ ᠤ᠋ᠨ ᠰᠠᠢᠨ ᠬᠤᠳᠠᠯᠳᠤᠭ᠎ᠠ ᠡᠷᠬᠢᠯᠡᠬᠦ ᠣᠷᠴᠢᠨ 》ᠭᠡᠬᠦ ᠴᠢᠬᠤᠯᠠ ᠨᠤᠲᠠᠯᠠᠯᠲᠠ ᠪᠠᠨ ᠥᠭᠦᠯᠡᠭᠰᠡᠨ ᠶᠤᠮ ᠃ ᠨᠠᠮ ᠤ᠋ᠨ ᠠᠷᠪᠠᠨ ᠨᠠᠢ᠍ᠮᠠᠳᠤᠭᠠᠷ ᠶᠡᠬᠡ ᠬᠤᠷᠠᠯ ᠠ᠋ᠴᠠ ᠨᠠᠰᠢ ᠂ ᠰᠢ ᠵᠢᠨ ᠫᠢᠩ ᠨᠥᠬᠥᠷ ᠢ᠋ᠶ᠋ᠡᠷ ᠭᠣᠣᠯ ᠪᠣᠯᠭᠠᠭᠰᠠᠨ ᠨᠠᠮ ᠤ᠋ᠨ ᠲᠥᠪ ᠬᠣᠷᠢᠶ᠎ᠠ ᠨᠢ ᠬᠠᠤᠯᠢ ᠪᠠᠷ ᠤᠯᠤᠰ ᠢ᠋ᠶ᠋ᠠᠨ ᠵᠠᠰᠠᠬᠤ ᠶ᠋ᠢ ᠪᠦᠬᠦ ᠲᠠᠯ᠎ᠠ ᠪᠠᠷ ᠠᠬᠢᠭᠤᠯᠵᠤ ᠂ᠬᠠᠤᠯᠢ ᠪᠠᠷ ᠵᠠᠰᠠᠬᠤ ᠠᠷᠭ᠎ᠠ ᠬᠡᠮᠵᠢᠶ᠎ᠡ ᠪᠡᠷ ᠳᠠᠮᠵᠢᠭᠤᠯᠤᠨ ᠬᠤᠳᠠᠯᠳᠤᠭ᠎ᠠ ᠡᠷᠬᠢᠯᠡᠬᠦ ᠣᠷᠴᠢᠨ ᠨᠥᠬᠥᠴᠡᠯ ᠢ᠋ ᠲᠠᠰᠤᠷᠠᠯᠲᠠ ᠦᠭᠡᠢ ᠰᠢᠯᠢᠳᠡᠭᠵᠢᠭᠦᠯᠦᠭᠰᠡᠨ ᠪᠠᠢᠨ᠎ᠠ᠂ ᠡᠢᠨ ᠬᠦ ᠳᠤᠮᠳᠠᠳᠤ ᠤᠯᠤᠰ ᠤ᠋ᠨ ᠠᠵᠤ ᠠᠬᠤᠢ ᠨᠢ ᠰᠢᠨ᠎ᠡ ᠳᠦᠷᠢᠮ ᠦ᠋ᠨ ᠠᠰᠢᠭ ᠲᠤᠰᠠ ᠢ᠋ ᠪᠠᠳᠠᠷᠠᠭᠤᠯᠵᠤ ᠪᠤᠢ᠃
3 ᠰᠠᠷ᠎ᠠ ᠶ᠋ᠢᠨ 15 ᠤ᠋ ᠡᠳᠦᠷ ᠂ ᠠᠷᠪᠠᠨ ᠭᠤᠷᠪᠠᠳᠤᠭᠠᠷ ᠬᠤᠭᠤᠴᠠᠭᠠᠨ ᠤ᠋ ᠪᠦᠬᠦ ᠤᠯᠤᠰ ᠤ᠋ᠨ ᠠᠷᠠᠳ ᠤ᠋ᠨ ᠲᠥᠯᠥᠭᠡᠯᠡᠭᠴᠢᠳ ᠦ᠋ᠨ ᠶᠡᠬᠡ ᠬᠤᠷᠠᠯ ᠤ᠋ᠨ ᠬᠣᠶᠠᠳᠤᠭᠠᠷ ᠬᠤᠷᠠᠯᠳᠤᠭᠠᠨ ᠳ᠋ᠤ᠌《 ᠭᠠᠳᠠᠭᠠᠳᠤ ᠶ᠋ᠢᠨ ᠬᠤᠳᠠᠯᠳᠤᠭᠠᠴᠢᠨ ᠤ᠋ ᠪᠡᠯᠡ ᠣᠷᠣᠭᠤᠯᠤᠯᠲᠠ ᠶ᠋ᠢᠨ ᠬᠠᠤᠯᠢ 》 ᠪᠠᠲᠤᠯᠠᠭᠳᠠᠪᠠ᠂ ᠰᠸᠢᠰ ᠦ᠋ᠨ ᠨᠦᠸᠧ ᠬᠤᠸᠠ ᠪᠦᠯᠦᠭᠯᠡᠯ (ᠳᠤᠮᠳᠠᠳᠤ ᠤᠯᠤᠰ) ᠦ᠋ᠨ ᠶᠡᠷᠦᠩᠬᠡᠢ ᠵᠠᠬᠢᠷᠤᠯ ᠶᠢᠨ ᠰᠢᠦᠢ ᠳ᠋ᠦᠩ ᠨᠢᠭᠡᠳᠦᠭᠡᠷ ᠮᠥᠴᠡ ᠳ᠋ᠦ᠍ ᠵᠠᠭᠤᠴᠢᠯᠠᠭᠤᠷ ᠪᠡᠷ ᠳᠠᠮᠵᠢᠨ ᠮᠡᠳᠡᠭᠰᠡᠨ ᠦ᠌ ᠳᠠᠷᠠᠭ᠎ᠠ ᠂ ᠶᠡᠬᠡᠳᠡ ᠳᠣᠭᠳᠤᠯᠵᠤ ᠄ 《ᠡᠨᠡ ᠬᠦ᠌ ᠬᠠᠤᠯᠢ ᠵᠢᠨ ᠪᠠᠲᠤᠯᠠᠭᠳᠠᠭᠰᠠᠨ ᠨᠢ ᠬᠠᠤᠯᠢᠵᠢᠭᠰᠠᠨ᠂ ᠳᠡᠯᠡᠬᠡᠢᠴᠢᠯᠡᠭᠰᠡᠨ᠂ ᠳᠥᠭᠥᠮᠴᠢᠯᠡᠭᠰᠡᠨ ᠬᠤᠳᠠᠯᠳᠤᠭ᠎ᠠ ᠡᠷᠬᠢᠯᠡᠬᠦ ᠣᠷᠴᠢᠨ ᠨᠥᠬᠥᠴᠡᠯ ᠢ᠋ ᠤᠯᠠᠮ ᠨᠢᠭᠡ ᠠᠯᠬᠤᠮ ᠪᠣᠢ ᠪᠣᠯᠭᠠᠬᠤ ᠵᠢᠨ ᠳᠠᠭᠠᠤ᠂ ᠪᠢᠳᠡᠨ ᠦ᠌ ᠺᠣᠮᠫᠠᠨᠢ ᠵᠢᠨ ᠳᠤᠮᠳᠠᠳᠤ ᠤᠯᠤᠰ ᠳ᠋ᠡᠬᠢ ᠡᠵᠡᠩᠨᠡᠯᠲᠡ ᠢ᠋ ᠨᠡᠩ ᠥᠨᠳᠥᠷ ᠪᠦᠲᠦᠮᠵᠢᠲᠡᠢ ᠲᠠᠢ ᠪᠣᠯᠭᠠᠵᠤ ᠂ ᠤᠯᠤᠰ ᠠᠯᠤᠰᠯᠠᠭᠰᠠᠨ ᠺᠣᠮᠫᠠᠨᠢ ᠵᠢᠨ ᠳᠤᠮᠳᠠᠳᠤ ᠤᠯᠤᠰ ᠲᠤ ᠬᠥᠭᠵᠢᠬᠦ ᠢᠲᠡᠭᠡᠯ ᠢ᠋ ᠨᠡᠩ ᠢᠯᠡᠭᠦᠦ ᠬᠥᠪᠴᠢᠯᠡᠵᠦ ᠴᠢᠳᠠᠭᠰᠠᠨ ᠶᠤᠮ!》 ᠭᠡᠪᠡ᠃
ᠬᠠᠤᠯᠢ ᠪᠠᠷ ᠵᠠᠰᠠᠬᠤ 《 ᠬᠠᠮᠠᠭᠠᠯᠠᠯᠲᠠ ᠶ᠋ᠢᠨ ᠲᠣᠣᠷ》 ᠶ᠋ᠢ ᠪᠠᠢᠭᠤᠯᠪᠠ
ᠡᠯ᠎ᠡ ᠲᠥᠷᠥᠯ ᠦ᠋ᠨ ᠵᠠᠬ᠎ᠠ ᠳᠡᠯᠭᠡᠭᠦᠷ ᠦ᠋ᠨ ᠪᠡᠶᠡᠴᠢ ᠴᠣᠭᠴᠠ ᠶ᠋ᠢᠨ ᠥᠮᠴᠢᠯᠡᠯ ᠦ᠋ᠨ ᠡᠷᠬᠡ ᠪᠠ ᠬᠠᠤᠯᠢ ᠶᠣᠰᠣᠨ ᠤ᠋ ᠡᠷᠬᠡ ᠠᠰᠢᠭ ᠢ᠋ ᠡᠷᠬᠡ ᠲᠡᠭᠰᠢ ᠪᠡᠷ ᠬᠠᠮᠠᠭᠠᠯᠠᠨ᠎ᠠ᠃
《ᠭᠠᠳᠠᠭᠠᠳᠤ ᠶ᠋ᠢᠨ ᠬᠥᠷᠥᠩᠭᠡ ᠣᠷᠣᠭᠤᠯᠤᠯᠲᠠ ᠶ᠋ᠢᠨ ᠲᠤᠬᠠᠢ ᠬᠠᠤᠯᠢ 》 ᠶ᠋ᠢᠨ ᠨᠢᠭᠡᠨ ᠭᠢᠯᠠᠰ ᠴᠡᠭ ᠪᠣᠯ ᠳᠣᠲᠣᠭᠠᠳᠤ ᠭᠠᠳᠠᠭᠠᠳᠤ ᠶ᠋ᠢᠨ ᠬᠥᠷᠥᠩᠭᠡ ᠣᠷᠣᠭᠤᠯᠤᠯᠲᠠ ᠲᠠᠢ ᠠᠵᠤ ᠠᠬᠤᠢᠯᠠᠯ ᠤ᠋ᠨ ᠨᠢᠭᠡᠴᠡ ᠶ᠋ᠢᠨ ᠡᠷᠬᠡ ᠲᠡᠭᠰᠢ ᠬᠠᠮᠠᠭᠠᠯᠠᠯᠲᠠ ᠶ᠋ᠢ ᠨᠡᠩ ᠴᠢᠩᠭᠠᠳᠭᠠᠭᠰᠠᠨ ᠪᠠᠢᠨ᠎ᠠ ᠃《ᠭᠠᠳᠠᠭᠠᠳᠤ ᠶ᠋ᠢᠨ ᠬᠤᠳᠠᠯᠳᠤᠭᠠᠴᠢᠨ ᠤ᠋ ᠪᠡᠯᠡ ᠣᠷᠣᠭᠤᠯᠬᠤ ᠶ᠋ᠢ ᠵᠥᠪᠰᠢᠶᠡᠷᠡᠬᠦ ᠰᠦᠬᠡᠷᠡᠬᠦ ᠬᠠᠭᠤᠳᠠᠰᠤᠨ ᠠ᠋ᠴᠠ ᠪᠤᠰᠤᠳ ᠬᠦᠷᠢᠶ᠎ᠡ ᠴᠠᠷ᠎ᠠ ᠳ᠋ᠤ᠌ ᠣᠷᠤᠮᠠᠭᠴᠠ ᠂ ᠳᠣᠲᠣᠭᠠᠳᠤ ᠭᠠᠳᠠᠭᠠᠳᠤ ᠶ᠋ᠢᠨ ᠪᠡᠯᠡ ᠮᠥᠩᠭᠥ ᠶ᠋ᠢ ᠨᠢᠭᠡᠳᠦᠯᠲᠡᠢ ᠪᠠᠢᠯᠭᠠᠬᠤ ᠵᠠᠷᠴᠢᠮ ᠶᠣᠰᠣᠭᠠᠷ ᠬᠠᠮᠢᠶᠠᠷᠤᠯᠲᠠ ᠪᠠᠨ ᠶᠠᠪᠤᠭᠳᠠᠭᠤᠯᠤᠨ᠎ᠠ 》᠂ 《ᠤᠯᠤᠰ ᠠ᠋ᠴᠠ ᠲᠣᠭᠲᠠᠭᠠᠭᠰᠠᠨ ᠠᠯᠪᠠᠳᠠᠯᠭ᠎ᠠ ᠶ᠋ᠢᠨ ᠴᠢᠨᠠᠷᠲᠠᠢ ᠪᠠᠷᠢᠮᠵᠢᠶ᠎ᠠ ᠨᠢ ᠭᠠᠳᠠᠭᠠᠳᠤ ᠶ᠋ᠢᠨ ᠬᠤᠳᠠᠯᠳᠤᠭᠠᠴᠢᠨ ᠤ᠋ ᠪᠡᠯᠡ ᠣᠷᠣᠭᠤᠯᠬᠤ ᠠᠵᠤ ᠠᠬᠤᠢᠯᠠᠯ ᠳ᠋ᠤ᠌ ᠠᠳᠠᠯᠢ ᠲᠡᠭᠰᠢ ᠪᠡᠷ ᠬᠡᠷᠡᠭᠯᠡᠭᠳᠡᠨ᠎ᠡ 》᠂《 ᠵᠠᠰᠠᠭ ᠤ᠋ᠨ ᠣᠷᠳᠣᠨ ᠠ᠋ᠴᠠ ᠭᠠᠳᠠᠭᠠᠳᠤ ᠶ᠋ᠢᠨ ᠬᠤᠳᠠᠯᠳᠤᠭᠠᠴᠢᠨ ᠤ᠋ ᠪᠡᠯᠡ ᠣᠷᠣᠭᠤᠯᠤᠭᠰᠠᠨ ᠠᠵᠤ ᠠᠬᠤᠢᠯᠠᠯ ᠤ᠋ᠨ ᠳᠤᠮᠳᠠᠳᠤ ᠤᠯᠤᠰ ᠤ᠋ᠨ ᠬᠢᠯᠢ ᠶ᠋ᠢᠨ ᠳᠣᠲᠣᠷ᠎ᠠ ᠦᠢᠯᠡᠳᠪᠦᠷᠢᠯᠡᠭᠰᠡᠨ ᠦᠢᠯᠡᠳᠬᠦᠨ ᠂ ᠬᠠᠩᠭᠠᠭᠰᠠᠨ ᠦᠢᠯᠡᠴᠢᠯᠡᠭᠡ ᠳ᠋ᠦ᠍ ᠠᠳᠠᠯᠢ ᠲᠡᠭᠡᠰᠢᠩ ᠪᠡᠷ ᠬᠠᠨᠳᠤᠨ᠎ᠠ 》 ᠁ ᠡᠳᠡᠭᠡᠷ ᠵᠤᠷᠪᠤᠰ ᠤ᠋ᠨ ᠳᠤᠮᠳᠠ ᠠ᠋ᠴᠠ ᠴᠥᠮ《 ᠡᠠᠳᠠᠯᠢ ᠲᠡᠭᠰᠢ ᠪᠡᠷ ᠬᠠᠨᠳᠤᠬᠤ》 ᠵᠠᠷᠴᠢᠮ ᠢ᠋ ᠣᠯᠵᠤ ᠬᠠᠷᠠᠨ᠎ᠠ᠃
ᠳᠣᠲᠣᠭᠠᠳᠤ ᠭᠠᠳᠠᠭᠠᠳᠤ ᠪᠡᠯᠡ ᠶ᠋ᠢᠨ ᠡᠠᠵᠣ ᠠᠬᠤᠢᠯᠠᠯ ᠳ᠋ᠦ᠍ ᠡᠷᠬᠡ ᠲᠡᠭᠰᠢ ᠬᠠᠮᠠᠭᠠᠯᠠᠯᠲᠠ ᠴᠢᠬᠤᠯᠠ ᠲᠠᠢ ᠪᠥᠭᠡᠳ ᠨᠡᠢᠲᠡ ᠶ᠋ᠢᠨ ᠥᠮᠴᠢᠯᠡᠯ ᠤ᠋ᠨ ᠲᠣᠢᠷᠢᠮ ᠪᠠ ᠨᠡᠢᠲᠡ ᠶ᠋ᠢᠨ ᠪᠤᠰᠤ ᠥᠮᠴᠢᠯᠡᠯ ᠤ᠋ᠨ ᠡᠠᠵᠣ ᠠᠬᠤᠢᠯᠠᠯ ᠳ᠋ᠦ᠍ ᠴᠦ᠍ ᠡᠷᠬᠡ ᠲᠡᠭᠰᠢ ᠬᠠᠮᠠᠭᠠᠯᠠᠯᠲᠠ ᠴᠢᠬᠤᠯᠠ ᠲᠠᠢ ᠪᠠᠢᠳᠠᠭ᠃
2018 ᠣᠨ ᠤ᠋ 5 ᠰᠠᠷ᠎ᠠ ᠶ᠋ᠢᠨ 31 ᠦ᠌ ᠡᠳᠦᠷ ᠂ ᠰᠢᠭᠦᠨ ᠲᠠᠰᠤᠯᠬᠤ ᠳᠠᠷᠤᠭ᠎ᠠ ᠰᠦᠨ ᠬᠤᠸᠠ ᠫᠠᠩ ᠤ᠋ᠨ ᠭᠠᠷ ᠳ᠋ᠡᠬᠢ ᠬᠠᠤᠯᠢ ᠵᠢᠨ ᠮᠤᠨᠠ ᠳᠤᠤᠭᠠᠷᠬᠤ ᠶ᠋ᠢ ᠳᠠᠭᠠᠯᠳᠤᠨ ᠂ ᠡᠦ ᠮᠧᠢ ᠪᠦᠯᠦᠭᠯᠡᠯ ᠦ᠋ᠨ ᠡᠭᠦᠰᠭᠡᠨ ᠪᠠᠢᠭᠤᠯᠤᠭᠴᠢ ᠵᠠᠩ ᠸᠸᠨ ᠵᠦᠩ ᠲᠥᠪ ᠭᠣᠣᠯᠴᠢ ᠦᠷ᠎ᠡ ᠳ᠋ᠦᠩ ᠢ᠋ᠢᠡᠨ ᠬᠦᠯᠢᠶᠡᠨ ᠠᠪᠠᠴᠢᠷᠠᠭᠰᠠᠨ ᠪᠠᠢᠨ᠎ᠠ᠃
ᠵᠠᠩ ᠸᠸᠢ ᠵᠦᠩ ᠬᠡᠯᠡᠭᠰᠡᠨ ᠨᠢ᠄《 ᠮᠢᠨᠤ ᠰᠡᠳᠭᠢᠯ ᠮᠠᠰᠢ ᠶᠡᠬᠡ ᠳᠣᠭᠳᠣᠯᠵᠤ ᠪᠠᠢᠨ᠎ᠠ ᠂ ᠪᠢ ᠲᠠᠯᠠᠷᠬᠠᠵᠤ ᠪᠠᠢᠨ᠎ᠠ ᠂ ᠲᠠᠯᠠᠷᠬᠠᠵᠤ ᠪᠠᠢᠨ᠎ᠠ ᠂ ᠬᠠᠮᠤᠭ ᠤ᠋ᠨ ᠳᠡᠭᠡᠳᠦ ᠰᠢᠭᠦᠬᠦ ᠬᠣᠷᠢᠶᠠᠨ ᠠ᠋ᠴᠠ ᠲᠤᠰ ᠬᠡᠷᠡᠭ ᠢ᠋ ᠳᠠᠬᠢᠨ ᠰᠢᠭᠦᠭᠰᠡᠨ ᠨᠢ ᠭᠠᠭᠴᠠ ᠬᠦ ᠮᠢᠨᠦ ᠬᠢᠯᠢᠰ ᠢ᠋ ᠯᠠ ᠴᠠᠭᠠᠳᠭᠠᠭᠰᠠᠨ ᠪᠢᠰᠢ᠂ ᠬᠠᠷᠢᠨ ᠨᠠᠮ ᠪᠠ ᠤᠯᠤᠰ ᠠ᠋ᠴᠠ ᠠᠵᠤ ᠠᠬᠤᠢᠯᠠᠯᠲᠠᠨ ᠤ᠋ ᠴᠣᠭᠴᠠ ᠳ᠋ᠤ᠌ ᠠᠩᠬᠠᠷᠤᠯ ᠪᠠᠨ ᠲᠠᠯᠪᠢᠵᠤ ᠪᠠᠢᠭ᠎ᠠ ᠵᠢ ᠢᠯᠡᠷᠬᠡᠢᠯᠡᠵᠦ ᠪᠠᠢᠨ᠎ᠠ ᠂ ᠡᠨᠡ ᠨᠢ ᠥᠭᠡᠷᠡᠴᠢᠯᠡᠯᠲᠡ ᠨᠡᠭᠡᠭᠡᠯᠲᠡ ᠬᠢᠭᠰᠡᠨ 40 ᠵᠢᠯ ᠦ᠋ᠨ ᠲᠤᠷᠰᠢᠬᠢ ᠬᠠᠤᠯᠢ ᠶᠣᠰᠣᠭᠠᠷ ᠤᠯᠤᠰ ᠢ᠋ᠶ᠋ᠠᠨ ᠵᠠᠰᠠᠬᠤ ᠶ᠋ᠢ ᠠᠬᠢᠭᠤᠯᠬᠤ ᠪᠠᠰᠠ ᠨᠢᠭᠡ ᠡᠬᠢᠯᠡᠯᠲᠡ ᠪᠣᠯᠤᠨ᠎ᠠ᠃ 》
ᠡᠠᠳᠠᠯᠢ ᠪᠤᠰᠤ ᠵᠢᠨ ᠥᠮᠴᠢᠯᠡᠯᠲᠦ ᠠᠵᠤ ᠠᠬᠤᠢᠯᠠᠯ ᠳ᠋ᠤ᠌ ᠠᠳᠠᠯᠢ ᠪᠤᠰᠤ ᠣᠪᠤᠷ ᠭᠠᠷᠭᠠᠬᠤ ᠦᠭᠡᠢ᠂ ᠡᠯ᠎ᠡ ᠲᠥᠷᠦᠯ ᠤ᠋ᠨ ᠥᠮᠴᠢᠯᠡᠭᠰᠡᠳ ᠲᠤ ᠡᠷᠬᠡ ᠲᠡᠭᠰᠢ ᠪᠡᠷ ᠬᠠᠨᠳᠤᠬᠤ ᠪᠡᠷ ᠴᠢᠷᠮᠠᠢᠨ᠎ᠠ ᠃ ᠵᠠᠩ ᠸᠸᠨ ᠵᠦᠩ ᠢ᠋ ᠶᠠᠯ᠎ᠠ ᠠ᠋ᠴᠠ ᠬᠥᠩᠭᠡᠷᠡᠭᠦᠯᠦᠭᠰᠡᠨ ᠨᠢ ᠮᠠᠨ ᠤ᠋ ᠤᠯᠤᠰ ᠤ᠋ᠨ ᠪᠦᠬᠦ ᠲᠠᠯ᠎ᠠ ᠪᠠᠷ ᠬᠠᠤᠯᠢ ᠪᠡᠷ ᠤᠯᠤᠰ ᠢ᠋ᠶ᠋ᠠᠨ ᠵᠠᠰᠠᠬᠤ ᠂ ᠥᠮᠴᠢᠯᠡᠬᠦ ᠡᠷᠬᠡ ᠪᠠ ᠠᠵᠤ ᠠᠬᠤᠢᠯᠠᠯᠲᠠᠨ ᠤ᠋ ᠬᠠᠤᠯᠢ ᠶᠣᠰᠣᠨ ᠤ᠋ ᠡᠷᠬᠡ ᠠᠰᠢᠭ ᠢ᠋ ᠬᠠᠤᠯᠢ ᠶᠣᠰᠣᠭᠠᠷ ᠬᠠᠮᠠᠭᠠᠯᠠᠬᠤ ᠡᠷᠡᠰ ᠵᠣᠷᠢᠭ ᠢ᠋ ᠢᠯᠡᠷᠡᠭᠦᠯᠦᠭᠰᠡᠨ ᠶᠤᠮ ᠃ ᠲᠤᠰ ᠤᠳᠠᠭᠠᠨ ᠤ᠋《 ᠵᠠᠯᠠᠷᠠᠭᠤᠯᠤᠯ》 ᠳ᠋ᠤ᠌ ᠰᠠᠭᠤᠷᠢ ᠴᠢᠯᠠᠭᠤ ᠲᠠᠯᠪᠢᠭᠰᠠᠨ ᠨᠢ ᠨᠢᠭᠡ ᠬᠤᠪᠢ ᠥᠮᠴᠢᠯᠡᠬᠦ ᠡᠷᠬᠡ ᠶ᠋ᠢ ᠬᠠᠮᠠᠭᠠᠯᠠᠵᠤ ᠳᠦᠷᠢᠮ ᠢ᠋ ᠲᠡᠭᠦᠯᠳᠡᠷᠵᠢᠭᠦᠯᠬᠦ ᠬᠥᠲᠥᠯᠪᠦᠷᠢ ᠶ᠋ᠢᠨ ᠴᠢᠨᠠᠷᠲᠠᠢ ᠪᠢᠴᠢᠭ᠌ -《 ᠥᠮᠴᠢᠯᠡᠬᠦ ᠡᠷᠬᠡ ᠶ᠋ᠢ ᠬᠠᠮᠠᠭᠠᠯᠠᠬᠤ ᠳᠦᠷᠢᠮ ᠢ᠋ ᠲᠡᠭᠦᠯᠳᠡᠷᠵᠢᠭᠦᠯᠵᠦ ᠥᠮᠴᠢᠯᠡᠭᠦ ᠡᠷᠬᠡ ᠵᠢ ᠬᠠᠤᠯᠢ ᠶᠣᠰᠣᠭᠠᠷ ᠬᠠᠮᠠᠭᠠᠯᠠᠬᠤ ᠲᠤᠬᠠᠢ ᠰᠠᠨᠠᠯ 》 ᠪᠣᠯᠤᠨ᠎ᠠ᠃《< ᠰᠠᠨᠠᠯ > ᠳ᠋ᠤ᠌᠂ ᠡᠯ᠎ᠡ ᠲᠥᠷᠥᠯ ᠦ᠋ᠨ ᠥᠮᠴᠢᠯᠡᠯ ᠦ᠋ᠨ ᠠᠵᠤ ᠠᠬᠤᠢ ᠶ᠋ᠢᠨ ᠵᠣᠬᠢᠶᠠᠨ ᠪᠠᠢᠭᠤᠯᠤᠯᠲᠠ ᠪᠣᠯᠤᠨ ᠠᠷᠠᠳ ᠢᠷᠭᠡᠳ ᠦ᠋ᠨ ᠡᠳ᠋ ᠬᠥᠷᠥᠩᠭᠡ ᠶ᠋ᠢᠨ ᠡᠷᠬᠡ ᠶ᠋ᠢ ᠬᠠᠤᠯᠢ ᠶᠣᠰᠣᠭᠠᠷ ᠪᠦᠲᠦᠮᠵᠢᠲᠡᠢ ᠪᠡᠷ ᠬᠠᠮᠠᠭᠠᠯᠠᠬᠤ ᠨᠢ ᠠᠷᠠᠳ ᠣᠯᠠᠨ ᠤ᠋ ᠡᠳ᠋ ᠬᠥᠷᠥᠩᠭᠡ ᠶ᠋ᠢᠨ ᠠᠮᠤᠷ ᠲᠦᠪᠰᠢᠨ ᠦ᠌ ᠰᠡᠳᠭᠢᠯᠭᠡ ᠶ᠋ᠢ ᠴᠢᠩᠭᠠᠷᠠᠭᠤᠯᠬᠤ᠂ ᠡᠯ᠎ᠡ ᠲᠥᠷᠦᠯ ᠤ᠋ᠨ ᠭᠣᠣᠯ ᠴᠣᠭᠴᠠᠲᠤ ᠠᠵᠤ ᠠᠬᠤᠢᠯᠠᠯ ᠤ᠋ᠨ ᠰᠢᠨ᠎ᠡ ᠶ᠋ᠢ ᠡᠭᠦᠳᠦᠨ ᠪᠦᠲᠦᠭᠡᠬᠦ ᠬᠥᠳᠡᠯᠭᠡᠬᠦ ᠬᠦᠴᠦᠨ ᠢ᠋ ᠨᠡᠮᠡᠭᠳᠡᠭᠦᠯᠬᠦ ᠳ᠋ᠤ᠌ ᠠᠰᠢᠭ ᠲᠠᠢ᠃》 ᠬᠡᠮᠡᠨ ᠤᠯᠤᠰ ᠤ᠋ᠨ ᠬᠥᠭᠵᠢᠭᠦᠯᠦᠯᠲᠡ ᠥᠭᠡᠷᠡᠴᠢᠯᠡᠯᠲᠡ ᠶ᠋ᠢᠨ ᠵᠥᠪᠯᠡᠯ ᠦ᠋ᠨ ᠬᠣᠷᠸ᠎ᠠ ᠠᠵᠤ ᠠᠬᠤᠢ ᠶ᠋ᠢᠨ ᠰᠤᠳᠤᠯᠭᠠᠨ ᠤ᠋ ᠬᠦᠷᠢᠶᠡᠯᠡᠩ ᠦ᠋ᠨ ᠫᠷᠣᠹᠧᠰᠰᠣᠷ ᠴᠢᠨ ᠰᠢᠦ ᠽᠢ ᠬᠡᠯᠡᠪᠡ ᠃
ᠬᠠᠤᠯᠢ ᠪᠠᠷ ᠵᠠᠰᠠᠬᠤ ᠪᠣᠯ ᠬᠠᠮᠤᠭ ᠰᠠᠢᠨ ᠬᠤᠳᠠᠯᠳᠤᠭ᠎ᠠ ᠡᠷᠬᠢᠯᠡᠬᠦ ᠣᠷᠴᠢᠨ - ᠤᠴᠢᠷ ᠨᠢ ᠬᠠᠤᠯᠢ ᠪᠠᠷ ᠵᠠᠰᠠᠬᠤ ᠨᠢ ᠡᠯ᠎ᠡ ᠲᠥᠷᠥᠯ ᠦ᠋ᠨ ᠵᠠᠬ᠎ᠠ ᠳᠡᠯᠭᠡᠭᠦᠷ ᠦ᠋ᠨ ᠭᠣᠣᠯ ᠴᠣᠭᠴᠠ ᠶ᠋ᠢᠨ ᠥᠮᠴᠢᠯᠡᠬᠦ ᠡᠷᠬᠡ ᠪᠠ ᠬᠠᠤᠯᠢ ᠶᠣᠰᠣᠨ ᠤ᠋ ᠡᠷᠬᠡ ᠠᠰᠢᠭ ᠢ᠋ ᠬᠠᠤᠯᠢ ᠶᠣᠰᠣᠭᠠᠷ ᠡᠷᠬᠡ ᠲᠡᠭᠰᠢ ᠪᠡᠷ ᠬᠠᠮᠠᠭᠠᠯᠠᠵᠤ ᠴᠢᠳᠠᠨ᠎ᠠ ᠂ ᠬᠠᠷᠢᠨ ᠥᠮᠴᠢᠯᠡᠬᠦ ᠡᠷᠬᠡ ᠶ᠋ᠢᠨ ᠳᠦᠷᠢᠮ ᠪᠣᠯ ᠨᠡᠢᠭᠡᠮ ᠵᠢᠷᠤᠮ ᠤ᠋ᠨ ᠵᠠᠬ᠎ᠠ ᠳᠡᠯᠭᠡᠭᠦᠷ ᠦ᠋ᠨ ᠠᠵᠤ ᠠᠬᠤᠢ ᠶ᠋ᠢᠨ ᠰᠠᠭᠤᠷᠢ ᠴᠢᠯᠠᠭᠤ ᠂ ᠥᠮᠴᠢᠯᠡᠬᠦ ᠡᠷᠬᠡ ᠶ᠋ᠢ ᠬᠠᠮᠠᠭᠠᠯᠠᠬᠤ ᠨᠢ ᠳᠠᠷᠤᠢ ᠦᠢᠯᠡᠳᠪᠦᠷᠢᠯᠡᠯ ᠦ᠋ᠨ ᠬᠦᠴᠦᠨ ᠢ᠋ ᠬᠠᠮᠠᠭᠠᠯᠠᠬᠤ ᠶᠠᠪᠤᠳᠠᠯ ᠪᠣᠯᠤᠨ᠎ᠠ ᠃
ᠡᠷᠬᠡ ᠲᠡᠭᠰᠢ ᠡᠷᠬᠡ᠂ ᠡᠷᠬᠡ ᠲᠡᠭᠰᠢ ᠵᠠᠪᠰᠢᠶᠠᠨ᠂ ᠡᠷᠬᠡ ᠲᠡᠭᠱᠢ ᠵᠠᠷᠴᠢᠮ ᠁ ᠨᠠᠮ ᠤ᠋ᠨ ᠠᠷᠪᠠᠨ ᠨᠠᠢ᠍ᠮᠠᠳᠤᠭᠠᠷ ᠶᠡᠬᠡ ᠬᠤᠷᠠᠯ ᠠ᠋ᠴᠠ ᠨᠠᠰᠢ ᠂ ᠮᠠᠨ ᠤ᠋ ᠤᠯᠤᠰ ᠡᠷᠬᠡ ᠲᠡᠭᠰᠢ ᠪᠡᠷ ᠬᠠᠮᠠᠭᠠᠯᠠᠬᠤ ᠶ᠋ᠢ ᠬᠠᠤᠯᠢ ᠲᠣᠭᠲᠠᠭᠠᠬᠤ ᠂ ᠬᠠᠤᠯᠢ ᠬᠡᠷᠡᠭᠵᠢᠭᠦᠯᠬᠦ ᠂ ᠬᠠᠤᠯᠢ ᠪᠠᠷᠢᠬᠤ ᠂ ᠬᠠᠤᠯᠢ ᠶ᠋ᠢ ᠰᠠᠬᠢᠬᠤ ᠵᠡᠷᠭᠡ ᠲᠠᠯ᠎ᠠ ᠳ᠋ᠤ᠌ ᠲᠤᠤᠱᠯᠠᠭᠤᠯᠵᠤ ᠂ ᠬᠠᠤᠯᠢ ᠪᠠᠷ ᠵᠠᠰᠠᠬᠤ ᠠᠷᠭ᠎ᠠ ᠪᠠᠷ ᠵᠠᠬ᠎ᠠ ᠳᠡᠯᠭᠡᠭᠦᠷ ᠦ᠋ᠨ ᠭᠣᠣᠯ ᠴᠣᠭᠴᠠ ᠳ᠋ᠤ᠌ 《 ᠬᠠᠮᠠᠭᠠᠯᠠᠯᠲᠠ ᠶ᠋ᠢᠨ ᠲᠣᠣᠷ 》 ᠲᠠᠲᠠᠵᠤ ᠂ ᠬᠤᠳᠠᠯᠳᠤᠭ᠎ᠠ ᠡᠷᠬᠢᠯᠡᠬᠦ ᠣᠷᠴᠢᠨ ᠲᠣᠭᠣᠷᠢᠨ ᠢ᠋ ᠨᠡᠩ ᠬᠠᠯᠠᠭᠤᠨ ᠳᠤᠯᠠᠭᠠᠨ ᠪᠣᠯᠭᠠᠨ ᠂ ᠠᠵᠤ ᠠᠬᠤᠢᠯᠠᠯ ᠤ᠋ᠨ ᠡᠵᠡᠩᠨᠡᠯᠲᠡ ᠵᠢ ᠨᠡᠩ ᠠᠮᠤᠷ ᠲᠦᠪᠰᠢᠨ ᠪᠣᠯᠭᠠᠭᠰᠠᠨ ᠶᠤᠮ ᠄ 2014 ᠣᠨ ᠤ᠋ 10 ᠰᠠᠷ᠎ᠠ ᠳ᠋ᠤ᠌ ᠂ ᠨᠠᠮ ᠤ᠋ᠨ ᠠᠷᠪᠠᠨ ᠨᠠᠢ᠍ᠮᠠᠳᠤᠭᠠᠷ ᠬᠤᠭᠤᠴᠠᠭᠠᠨ ᠤ᠋ ᠳᠥᠷᠪᠡᠳᠦᠭᠡᠷ ᠪᠦᠭᠦᠳᠡ ᠬᠤᠷᠠᠯ ᠳ᠋ᠤ᠌ 《 ᠡᠷᠬᠡ ᠲᠡᠭᠰᠢ ᠪᠡᠷ ᠴᠥᠮ᠎ᠡ ᠪᠣᠯᠭᠠᠭᠰᠠᠨ ᠥᠮᠴᠢᠯᠡᠯ ᠤ᠋ᠨ ᠡᠷᠬᠡ ᠵᠢᠨ ᠬᠠᠮᠠᠭᠠᠯᠠᠯᠲᠠ ᠵᠢᠨ ᠳᠦᠷᠢᠮ ᠢ᠋ ᠪᠠᠢᠭᠤᠯᠵᠤ᠂ᠡᠯ᠎ᠡ ᠲᠥᠷᠦᠯ ᠤ᠋ᠨ ᠥᠮᠴᠢᠯᠡᠯ ᠤ᠋ᠨ ᠠᠵᠤ ᠠᠬᠤᠢᠯᠠᠯ ᠤ᠋ᠨ ᠵᠣᠬᠢᠶᠠᠨ ᠪᠠᠢᠭᠤᠯᠤᠯᠲᠠ᠂ ᠪᠠᠢᠭᠠᠯᠢ ᠬᠥᠮᠦᠨ ᠤ᠋ ᠡᠳ᠋ ᠬᠥᠷᠦᠩᠭᠡ ᠵᠢᠨ ᠡᠷᠬᠡ ᠳ᠋ᠡᠬᠢ ᠬᠠᠮᠠᠭᠠᠯᠠᠯᠲᠠ ᠵᠢ ᠴᠢᠩᠭᠠᠳᠭᠠᠵᠤ᠂ ᠡᠷᠬᠡ ᠲᠡᠭᠰᠢ ᠠ᠋ᠴᠠ ᠵᠥᠷᠢᠴᠡᠭᠰᠡᠨ ᠬᠠᠤᠯᠢ ᠳᠦᠷᠢᠮ᠂ ᠬᠠᠤᠯᠢ ᠲᠣᠭᠲᠠᠭᠠᠯ ᠢ᠋ ᠦᠭᠡᠢᠰᠭᠡᠨᠡ 》 ᠭᠡᠵᠦ ᠳᠤᠷᠠᠳᠴᠠᠢ ᠃ 2017 ᠣᠨ ᠤ᠋ 3 ᠰᠠᠷ᠎ᠠ ᠳ᠋ᠤ᠌ ᠂ 《 ᠢᠷᠭᠡᠨ ᠦ᠌ ᠬᠠᠤᠯᠢ ᠶ᠋ᠢᠨ ᠶᠡᠷᠦᠩᠬᠡᠢ ᠳᠦᠷᠢᠮ》 ᠢ᠋ ᠬᠢᠨᠠᠨ ᠵᠥᠪᠯᠡᠵᠦ ᠪᠠᠲᠤᠯᠠᠭᠠᠳ ᠂ 《 ᠢᠷᠭᠡᠨ ᠦ᠌ ᠬᠡᠷᠡᠭ ᠦ᠋ᠨ ᠭᠣᠣᠯ ᠴᠣᠭᠴᠠ ᠶ᠋ᠢᠨ ᠠᠵᠢᠯᠯᠠᠭ᠎ᠠ ᠶ᠋ᠢᠨ ᠳᠤᠮᠳᠠᠬᠢ ᠬᠠᠤᠯᠢ ᠴᠠᠭᠠᠵᠠ ᠶ᠋ᠢᠨ ᠪᠠᠢᠷᠢ ᠰᠠᠭᠤᠷᠢ ᠴᠥᠮ ᠡᠷᠬᠡ ᠲᠡᠭᠰᠢ 》 《 ᠢᠷᠭᠡᠨ ᠦ᠌ ᠬᠡᠷᠡᠭ ᠦ᠋ᠨ ᠭᠣᠣᠯ ᠴᠣᠭᠴᠠ ᠶ᠋ᠢᠨ ᠡᠳ᠋ ᠬᠥᠷᠥᠩᠭᠡ ᠶ᠋ᠢᠨ ᠡᠷᠬᠡ ᠨᠢ ᠬᠠᠤᠯᠢ ᠴᠠᠭᠠᠵᠠ ᠵᠢᠨ ᠡᠷᠬᠡ ᠲᠡᠭᠰᠢ ᠵᠢᠨ ᠬᠠᠮᠠᠭᠠᠯᠠᠯᠲᠠ ᠵᠢ ᠬᠦᠷᠲᠡᠨ᠎ᠡ᠃ 》 ᠭᠡᠵᠦ ᠲᠣᠭᠲᠠᠭᠠᠪᠠ ᠁
ᠥᠮᠴᠢᠯᠡᠯ ᠦ᠋ᠨ ᠡᠷᠬᠡ ᠶ᠋ᠢᠨ ᠬᠠᠮᠠᠭᠠᠯᠠᠯᠲᠠ ᠶ᠋ᠢ ᠬᠠᠤᠯᠢᠵᠢᠭᠤᠯᠵᠤ ᠂ ᠵᠠᠬ᠎ᠠ ᠳᠡᠯᠭᠡᠭᠦᠷ ᠦ᠋ᠨ ᠥᠷᠢᠰᠦᠯᠳᠦᠭᠡᠨ ᠢ᠋ ᠨᠡᠩ ᠡᠷᠬᠡ ᠲᠡᠭᠰᠢ ᠪᠣᠯᠭᠠᠬᠤ ᠂ ᠵᠠᠬ᠎ᠠ ᠳᠡᠯᠭᠡᠭᠦᠷ ᠦ᠋ᠨ ᠠᠮᠢᠵᠢᠷᠠᠯ ᠤ᠋ᠨ ᠬᠦᠴᠦᠨ ᠢ᠋ ᠨᠡᠩ ᠲᠡᠭᠦᠯᠳᠡᠷ ᠪᠣᠯᠭᠠᠬᠤ ᠄ ᠮᠠᠨ ᠤ᠋ ᠤᠯᠤᠰ ᠨᠢ ᠠᠩᠬᠠᠳᠠᠭᠴᠢ ᠠᠷᠠᠳ ᠤ᠋ᠨ ᠬᠥᠷᠥᠩᠭᠡ ᠶ᠋ᠢᠨ ᠬᠤᠪᠢ ᠡᠵᠡᠮᠳᠡᠭᠰᠡᠨ ᠥᠨᠳᠥᠷ ᠬᠤᠷᠳᠤᠴᠠᠲᠤ ᠲᠡᠮᠦᠷ ᠵᠠᠮ ᠢ᠋ ᠡᠬᠢᠯᠡᠨ ᠪᠠᠢᠭᠤᠯᠵᠤ ᠂ ᠳᠤᠮᠳᠠᠳᠤ ᠤᠯᠤᠰ ᠤ᠋ᠨ ᠨᠢᠭᠡᠳᠦᠮᠡᠯ ᠬᠣᠯᠪᠣᠭ᠎ᠠ ᠵᠢᠨ ᠬᠢᠨ ᠲᠥᠪ ᠦ᠋ᠨ ᠠᠵᠤ ᠠᠬᠤᠢᠯᠠᠯ ᠤ᠋ᠨ ᠬᠣᠯᠢᠮᠠᠭ ᠥᠭᠡᠷᠡᠴᠢᠯᠡᠯᠲᠡ ᠵᠢᠨ 《 ᠠᠩᠬᠠᠨ ᠤ᠋ ᠫᠤᠤ》ᠵᠢ ᠳᠤᠤᠭᠠᠷᠭᠠᠵᠤ ᠂ ᠲᠤᠰᠤᠨ ᠬᠡᠢ ᠪᠣᠷᠣᠯᠠᠭᠤᠯᠬᠤ ᠬᠦᠷᠢᠶ᠎ᠡ ᠴᠠᠷᠠᠭ᠎ᠠ ᠴᠤ ᠬᠣᠯᠢᠮᠠᠭ ᠥᠭᠡᠷᠡᠴᠢᠯᠯᠡᠲᠡ ᠶᠠᠪᠤᠭᠤᠯᠵᠤ ᠪᠤᠢ ᠁ ᠪᠦᠷᠢᠳᠭᠡᠯ ᠤ᠋ᠨ ᠢᠯᠡᠷᠬᠡᠢᠯᠡᠭᠰᠡᠨ ᠢ᠋ᠢᠠᠷ᠂ 2013 ᠣᠨ ᠠ᠋ᠴᠠ 2017 ᠣᠨ ᠪᠣᠯᠲᠠᠯ᠎ᠠ᠂ ᠠᠷᠠᠳ ᠤ᠋ᠨ ᠡᠵᠡᠩᠨᠡᠯᠲᠡ ᠶ᠋ᠢᠨ ᠬᠥᠷᠥᠩᠭᠡ ᠶ᠋ᠢᠨ ᠠᠵᠤ ᠠᠬᠤᠢᠯᠠᠯ ᠤ᠋ᠨ ᠲᠥᠪ ᠤ᠋ᠨ ᠠᠵᠤ ᠠᠬᠤᠢᠯᠠᠯ ᠤ᠋ᠨ ᠬᠣᠯᠢᠮᠠᠭ ᠥᠭᠡᠷᠡᠴᠢᠯᠡᠯᠲᠡ ᠳ᠋ᠦ᠍ ᠣᠷᠣᠯᠴᠠᠭᠰᠠᠨ ᠪᠡᠯᠡ ᠣᠷᠣᠭᠤᠯᠤᠯᠲᠠ ᠶ᠋ᠢᠨ ᠮᠥᠩᠭᠦ ᠨᠢ 1.1 ᠲᠦᠮᠡᠨ ᠳ᠋ᠦᠩᠱᠢᠭᠤᠷ ᠲᠥᠭᠥᠷᠢᠭ ᠢ᠋ ᠳᠠᠪᠠᠵᠤ᠂ ᠮᠣᠵᠢ ᠶ᠋ᠢᠨ ᠳᠡᠰ ᠤ᠋ᠨ ᠤᠯᠤᠰ ᠤ᠋ᠨ ᠥᠮᠴᠢᠯᠡᠯ ᠦ᠋ᠨ ᠪᠤᠰᠤ ᠪᠡᠯᠡ ᠬᠥᠷᠥᠩᠭᠡ 5000 ᠳ᠋ᠦᠩᠰᠢᠭᠤᠷ ᠲᠥᠭᠥᠷᠢᠭ ᠢ᠋ ᠳᠠᠪᠠᠵᠤ᠂ ᠮᠣᠵᠢ ᠶ᠋ᠢᠨ ᠳᠡᠰ ᠤ᠋ᠨ ᠤᠯᠤᠰ ᠤ᠋ᠨ ᠥᠮᠴᠢᠯᠡᠯ ᠤ᠋ᠨ ᠠᠵᠤ ᠠᠬᠤᠢᠯᠠᠯ ᠤ᠋ᠨ ᠪᠡᠯᠡ ᠣᠷᠣᠭᠤᠯᠤᠭᠰᠠᠨ᠂ ᠨᠡᠢᠲᠡ ᠶ᠋ᠢᠨ ᠥᠮᠴᠢᠯᠡᠯ ᠦ᠋ᠨ ᠪᠤᠰᠤ ᠠᠵᠤ ᠠᠬᠤᠢᠯᠠᠯ ᠤ᠋ᠨ ᠪᠡᠯᠡ ᠣᠷᠤᠭᠤᠯᠤᠭᠰᠠᠨ ᠮᠥᠩᠭᠦ ᠵᠢᠨ ᠲᠣᠭ᠎ᠠ 6000 ᠳ᠋ᠦᠩᠰᠢᠭᠤᠷ ᠲᠥᠭᠥᠷᠢᠭ ᠢ᠋ ᠳᠠᠪᠠᠭᠰᠠᠨ ᠪᠠᠢᠨ᠎ᠠ᠃
ᠬᠠᠤᠯᠢ ᠪᠠᠷ ᠵᠠᠰᠠᠬᠤ 《 ᠵᠠᠭᠠᠭ ᠱᠤᠭᠤᠮ 》 ᠢ᠋ ᠪᠣᠰᠭᠠᠬᠤ
ᠵᠠᠰᠠᠭ ᠤ᠋ᠨ ᠣᠷᠳᠣᠨ ᠪᠣᠯᠤᠨ ᠵᠠᠬ᠎ᠠ ᠳᠡᠯᠭᠡᠭᠦᠷ ᠦ᠋ᠨ ᠵᠠᠭᠠᠭ ᠨᠡᠩ ᠢᠯᠡ ᠲᠣᠳᠣ ᠪᠣᠯᠤᠨ᠎ᠠ
《ᠳᠡᠯᠡᠬᠡᠢ ᠳ᠋ᠦ᠍ ᠬᠠᠢᠷᠠᠯᠠᠭᠰᠠᠨ ᠭᠡᠨᠡᠳᠲᠡ ᠵᠢᠨ ᠪᠠᠶᠠᠷ》- 2018 ᠡᠣᠠ ᠶ᠋ᠢᠨ 6 ᠰᠠᠷ᠎ᠠ ᠳ᠋ᠤ᠌ ᠂《 ᠴᠢᠯᠥᠭᠡᠲᠦ ᠡᠠᠷᠠᠯᠵᠢᠶᠠᠠ ᠤ᠋ ᠲᠤᠷᠰᠢᠯᠲᠠ ᠶ᠋ᠢᠨ ᠡᠣᠷᠣᠠ ᠤ᠋ ᠭᠠᠳᠠᠭᠠᠳᠤ ᠶ᠋ᠢᠨ ᠬᠤᠳᠠᠯᠳᠤᠭᠠᠴᠢᠨ ᠤ᠋ ᠪᠡᠯᠡ ᠣᠷᠣᠭᠤᠯᠬᠤ ᠶ᠋ᠢ ᠵᠥᠪᠰᠢᠶᠡᠷᠡᠬᠦ ᠣᠨᠴᠠᠭᠠᠢ ᠬᠠᠮᠢᠶᠠᠷᠤᠯᠲᠠ ᠶ᠋ᠢᠨ ᠡᠠᠷᠭ᠎ᠠ ᠬᠡᠮᠵᠢᠢ᠎ᠠ (ᠰᠦᠬᠡᠷᠡᠬᠦ ᠨᠠᠷᠢᠨ ᠬᠠᠭᠤᠳᠠᠰᠤ ) ( 2018 ᠡᠣᠠ ᠶ᠋ᠢᠨ ᠬᠡᠪᠯᠡᠯ) 》 ᠢ᠋ ᠨᠡᠢᠲᠡᠯᠡᠵᠦ ᠂ 14 ᠳ᠋ᠦᠩᠰᠢᠭᠤᠷ ᠬᠥᠮᠦᠨ ᠠᠮᠠ ᠲᠠᠢ ᠪᠦᠬᠦ ᠪᠥᠮᠪᠥᠷᠴᠡᠭ ᠦ᠋ᠨ ᠬᠠᠮᠤᠭ ᠤ᠋ᠨ ᠲᠣᠮᠤ ᠵᠠᠬ᠎ᠠ ᠳᠡᠯᠭᠡᠭᠦᠷ ᠨᠢ ᠳᠠᠬᠢᠨᠲᠠ ᠳᠡᠯᠡᠬᠡᠢ ᠳ᠋ᠠᠬᠢᠨ ᠵᠦᠭ ᠭᠤᠢᠪᠠᠰᠢ ᠦᠭᠡᠢ ᠥᠷᠭᠡᠳᠭᠡᠬᠦ ᠵᠣᠷᠢᠭ ᠢ᠋ᠢᠡᠨ ᠢᠯᠡᠳᠭᠡᠪᠡ ᠃
ᠬᠠᠭᠠᠰ ᠵᠢᠯ ᠦ᠋ᠨ ᠳᠠᠷᠠᠭ᠎ᠠ ᠂《 ᠪᠠᠶᠠᠷ ᠤ᠋ᠨ ᠴᠢᠮᠡᠭᠡ》 ᠳᠠᠬᠢᠨ ᠢᠯᠡᠷᠡᠵᠦ᠂《 ᠵᠠᠬ᠎ᠠ ᠳᠡᠯᠭᠡᠭᠦᠷ ᠲᠦ᠍ ᠣᠷᠣᠬᠤ ᠶ᠋ᠢ ᠵᠥᠪᠰᠢᠶᠡᠷᠡᠭᠰᠡᠨ ᠰᠦᠬᠡᠷᠡᠬᠦ ᠨᠠᠷᠢᠨ ᠬᠠᠭᠤᠳᠠᠰᠤ ( 2018 ᠡᠣᠠ ᠤ᠋ ᠬᠡᠪᠯᠡᠯ)》 ᠨᠡᠢᠲᠡᠯᠡᠭᠳᠡᠪᠡ ᠂ ᠮᠠᠨ ᠤ᠋ ᠤᠯᠤᠰ ᠵᠠᠬ᠎ᠠ ᠳᠡᠯᠭᠡᠭᠦᠷ ᠲᠦ᠍ ᠣᠷᠣᠬᠤ ᠶ᠋ᠢ ᠵᠥᠪᠰᠢᠶᠡᠷᠡᠬᠦ ᠰᠦᠬᠡᠷᠡᠬᠦ ᠨᠠᠷᠢᠨ ᠬᠠᠭᠤᠳᠠᠰᠤ ᠵᠢᠨ ᠳᠦᠷᠢᠮ ᠢ᠋ ᠪᠦᠬᠦ ᠲᠠᠯ᠎ᠠ ᠪᠠᠷ ᠬᠡᠷᠡᠭᠵᠢᠭᠦᠯᠵᠦ ᠂ ᠨᠠᠷᠢᠨ ᠬᠠᠭᠤᠳᠠᠰᠤ ᠳ᠋ᠡᠬᠢ ᠴᠠᠭᠠᠵᠠᠯᠠᠬᠤ ᠵᠦᠢᠯᠡᠰ ᠪᠠ ᠵᠥᠪᠰᠢᠶᠡᠷᠡᠬᠦ ᠵᠦᠢᠯᠡᠰ ᠨᠢ ᠲᠤᠷᠰᠢᠯᠲᠠ ᠶ᠋ᠢᠨ ᠬᠡᠪᠯᠡᠯ ᠲᠠᠢ ᠬᠠᠷᠢᠴᠠᠭᠤᠯᠪᠠᠯ ᠶᠡᠬᠡ ᠲᠥᠯᠦᠪ 54% ᠪᠡᠷ ᠬᠠᠰᠤᠭᠳᠠᠭᠰᠠᠨ ᠶᠤᠮ᠃
ᠤᠯᠠᠮᠵᠢᠯᠠᠯᠲᠤ ᠲᠥᠯᠥᠪᠯᠡᠭᠡᠲᠦ ᠠᠵᠤ ᠠᠬᠤᠢ ᠶ᠋ᠢᠨ ᠨᠥᠯᠥᠭᠡᠯᠡᠯ ᠢ᠋ ᠬᠦᠷᠲᠡᠵᠦ᠂ ᠮᠠᠨ ᠤ᠋ ᠤᠯᠤᠰ ᠥᠩᠭᠡᠷᠡᠭᠰᠡᠨ ᠳ᠋ᠦ᠍ ᠶᠡᠷᠦᠨᠢ《 ᠵᠥᠪ ᠲᠠᠯ᠎ᠠ ᠶ᠋ᠢᠨ ᠨᠠᠷᠢᠨ ᠬᠠᠭᠤᠳᠠᠰᠤ》 ᠶ᠋ᠢᠨ ᠣᠢᠯᠠᠭᠠᠭᠳᠠᠬᠤᠨ ᠢ᠋ᠶ᠋ᠠᠷ ᠵᠠᠬ᠎ᠠ ᠳᠡᠯᠭᠡᠭᠦᠷ ᠢ᠋ ᠬᠠᠮᠢᠶᠠᠷᠴᠤ ᠂ ᠵᠥᠪᠰᠢᠶᠡᠷᠡᠯ ᠦ᠋ᠨ ᠪᠢᠴᠢᠭ᠌ ᠮᠠᠲ᠋ᠧᠷᠢᠶᠠᠯ ᠣᠯᠠᠨ ᠂ ᠬᠢᠨᠠᠨ ᠵᠥᠪᠰᠢᠶᠡᠷᠡᠬᠦ ᠶᠠᠪᠤᠴᠠ ᠶᠠᠷᠰᠢᠭ ᠲᠦᠪᠡᠭ ᠲᠡᠢ ᠪᠠᠢᠵᠤ ᠂ ᠠᠵᠤ ᠠᠬᠤᠢᠯᠠᠯ ᠠ᠋ᠴᠠ ᠰᠢᠨ᠎ᠡ ᠪᠦᠲᠦᠭᠳᠡᠬᠦᠨ ᠢ᠋ ᠭᠠᠷᠭᠠᠬᠤ ᠳ᠋ᠦ᠍ ᠪᠠᠨ ᠤᠯᠠᠨ ᠬᠠᠳᠠᠭᠠᠰᠤ ᠮᠥᠷᠭᠦᠳᠡᠭ᠃ ᠢᠯᠠᠩᠭᠤᠶ᠎ᠠ ᠰᠢᠨ᠎ᠡ ᠶ᠋ᠢ ᠡᠭᠦᠳᠬᠦ ᠥᠷᠨᠢᠨ ᠬᠥᠭᠵᠢᠵᠦ ᠪᠠᠢᠭ᠎ᠠ ᠥᠨᠥᠳᠥᠷ ᠲᠤ 《ᠡᠶᠡᠷᠡᠬᠦ ᠬᠠᠭᠤᠳᠠᠰᠤ》 ᠨᠢ ᠨᠡᠩ ᠪᠡᠷᠬᠡ ᠪᠣᠯᠤᠭᠰᠠᠨ ᠪᠠᠢᠨ᠎ᠠ᠂ ᠰᠢᠨ᠎ᠡ ᠬᠥᠳᠡᠯᠭᠡᠭᠡᠨ ᠦ᠌ ᠡᠨᠧᠷᠭᠢ ᠨᠢ ᠳᠠᠩᠳᠠ《 ᠵᠣᠷᠢᠭᠵᠢᠭᠤᠯᠬᠤ ᠦᠭᠡᠢ ᠂ ᠴᠠᠭᠠᠵᠠᠯᠠᠬᠤ ᠦᠭᠡᠢ 》 ᠵᠡᠷᠭᠡ ᠪᠠᠯᠠᠷᠬᠠᠢ ᠬᠢᠨᠠᠨ ᠬᠠᠮᠢᠶᠠᠷᠤᠯᠲᠠ ᠠ᠋ᠴᠠ ᠪᠣᠯᠵᠤ ᠤᠯᠠᠨ ᠠᠰᠠᠭᠤᠳᠠᠯ ᠲᠤᠯᠭᠠᠷᠠᠳᠠᠭ ᠃ ᠠᠰᠠᠭᠤᠳᠠᠯ ᠢ᠋ ᠰᠢᠢᠳᠪᠦᠷᠢᠯᠡᠬᠦ ᠶ᠋ᠢᠨ ᠵᠠᠩᠭᠢᠯᠠᠭ᠎ᠠ ᠪᠣᠯ ᠳᠠᠷᠤᠢ ᠵᠠᠰᠠᠭ ᠤ᠋ᠨ ᠣᠷᠳᠣᠨ ᠪᠠ ᠵᠠᠬ᠎ᠠ ᠳᠡᠯᠭᠡᠭᠦᠷ ᠦ᠋ᠨ ᠬᠠᠷᠢᠴᠠᠭ᠎ᠠ ᠶ᠋ᠢ ᠰᠠᠢᠲᠤᠷ ᠰᠢᠢᠳᠪᠦᠷᠢᠯᠡᠵᠦ᠂ 《 ᠢᠯᠡ ᠭᠠᠷ 》 ᠪᠠ 《 ᠳᠠᠯᠳᠠ ᠭᠠᠷ 》 ᠤ᠋ᠨ ᠵᠠᠭᠠᠭ ᠢ᠋ ᠲᠣᠳᠣᠷᠬᠠᠢ ᠢᠯᠭᠠᠬᠤ ᠶᠠᠪᠤᠳᠠᠯ ᠪᠣᠯᠤᠨ᠎ᠠ᠃ 《 ᠰᠥᠬᠡᠷᠡᠬᠦ ᠨᠠᠷᠢᠨ ᠬᠠᠭᠤᠳᠠᠰᠤ 》ᠨᠢ ᠵᠠᠬ᠎ᠠ ᠳᠡᠯᠭᠡᠭᠦᠷ ᠲᠦ᠍ ᠣᠷᠣᠬᠤ ᠵᠥᠪᠰᠢᠶᠡᠷᠡᠯ ᠦ᠋ᠨ ᠳᠤᠮᠳᠠᠬᠢ ᠵᠠᠰᠠᠭ ᠤ᠋ᠨ ᠣᠷᠳᠣᠨ ᠤ᠋ ᠲᠣᠭᠲᠠᠭᠠᠬᠤ ᠡᠷᠬᠡ ᠶ᠋ᠢ ᠪᠦᠲᠦᠮᠵᠢᠲᠡᠢ ᠪᠠᠭᠠᠰᠭᠠᠵᠤ᠂ ᠣᠷᠣᠨ ᠨᠤᠲᠤᠭ ᠤ᠋ᠨ ᠵᠠᠰᠠᠭ ᠤ᠋ᠨ ᠣᠷᠳᠣᠨ ᠪᠠ ᠬᠠᠮᠢᠶ᠎ᠠ ᠪᠦᠬᠦᠢ ᠰᠠᠯᠠᠭ᠎ᠠ ᠮᠥᠴᠢᠷ ᠠ᠋ᠴᠠ ᠵᠥᠪᠰᠢᠶᠡᠷᠡᠨ ᠣᠷᠣᠭᠤᠯᠬᠤ ᠶ᠋ᠢ ᠬᠢᠵᠠᠭᠠᠷᠯᠠᠵᠤ ᠳᠡᠢᠯᠬᠦ ᠪᠠᠨ ᠪᠣᠯᠢᠭᠰᠠᠨ ᠪᠠᠢᠨ᠎ᠠ᠃》ᠱᠠᠩᠬᠠᠢ ᠶ᠋ᠢᠨ ᠭᠠᠳᠠᠭᠠᠳᠤ ᠠᠷᠠᠯᠵᠢᠶᠠᠨ ᠤ᠋ ᠶᠡᠬᠡ ᠰᠤᠷᠭᠠᠭᠤᠯᠢ ᠶ᠋ᠢᠨ ᠬᠠᠤᠯᠢ ᠴᠠᠭᠠᠵᠠ ᠵᠢᠨ ᠳᠡᠭᠡᠳᠦ ᠰᠤᠷᠭᠠᠭᠤᠯᠢ ᠶ᠋ᠢᠨ ᠱᠸᠩ ᠬᠠᠢ ᠫᠢᠩ ᠬᠡᠯᠡᠭᠰᠡᠨ ᠨᠢ ᠂ ᠰᠦᠬᠡᠷᠡᠬᠦ ᠲᠠᠯ᠎ᠠ ᠵᠢᠨ ᠨᠠᠷᠢᠨ ᠬᠠᠭᠤᠳᠠᠰᠤ ᠪᠠᠷ ᠯᠠᠪᠯᠠᠯᠲᠠ ᠪᠣᠯᠭᠠᠮᠠᠭᠴᠠ᠂ ᠵᠠᠬ᠎ᠠ ᠳᠡᠯᠭᠡᠭᠦᠷ ᠦ᠋ᠨ ᠭᠣᠣᠯ ᠴᠣᠭᠴᠠ ᠨᠢ ᠶᠠᠭᠤ ᠶ᠋ᠢ ᠬᠢᠵᠦ ᠪᠣᠯᠬᠤ ᠦᠭᠡᠢ ᠂ ᠶᠠᠭᠤ ᠶ᠋ᠢ ᠬᠢᠨᠠᠨ ᠵᠥᠪᠱᠢᠶᠡᠷᠡᠬᠦ ᠴᠢᠬᠤᠯᠠᠲᠠᠢ ᠂ ᠠᠯᠢ ᠵᠢ ᠨᠢ ᠪᠡᠶ᠎ᠡ ᠪᠡᠨ ᠳᠠᠭᠠᠭᠠᠨ ᠲᠣᠭᠲᠠᠭᠠᠵᠤ ᠪᠣᠯᠤᠨ᠎ᠠ ᠭᠡᠳᠡᠭ ᠢ᠋ ᠠᠮᠠᠷᠬᠠᠨ ᠮᠡᠳᠡᠵᠦ᠂ ᠡᠭᠦᠨ ᠢ᠋ᠢᠡᠨ ᠳᠠᠮᠵᠢᠨ ᠵᠢᠱ᠌ᠢᠯᠲᠡ ᠨᠢ ᠨᠡᠩ ᠲᠣᠳᠣᠷᠬᠠᠢ ᠲᠣᠭᠲᠠᠭᠤᠨ ᠪᠣᠯᠵᠤ ᠂ ᠰᠢᠨ᠎ᠡ ᠶ᠋ᠢ ᠡᠭᠦᠳᠦᠨ ᠪᠦᠲᠦᠭᠡᠬᠦ ᠣᠷᠣᠨ ᠵᠠᠢ ᠨᠢ ᠴᠤ ᠳᠠᠭᠠᠯᠳᠤᠨ ᠥᠷᠭᠡᠵᠢᠨ᠎ᠡ᠃
ᠨᠢᠭᠡ ᠨᠠᠷᠢᠨ ᠬᠠᠭᠤᠳᠠᠰᠤ ᠨᠢᠭᠡ ᠶᠡᠬᠡ ᠠᠯᠬᠤᠮ ᠃ 《ᠡᠶᠡᠷᠡᠬᠦ ᠬᠠᠭᠤᠳᠠᠰᠤ》 ᠶ᠋ᠢᠨ ᠰᠡᠳᠭᠢᠬᠦᠢ ᠳᠣᠣᠷᠠᠬᠢ 《 ᠶᠠᠭᠤ ᠬᠢᠵᠦ ᠳᠡᠢᠯᠬᠦ ᠪᠣᠢ》 ᠠ᠋ᠴᠠ 《ᠰᠦᠬᠡᠷᠡᠬᠦ ᠬᠠᠭᠤᠳᠠᠰᠤ》 ᠶ᠋ᠢᠨ ᠬᠡᠪ ᠵᠠᠭᠪᠤᠷ ᠳ᠋ᠡᠬᠢ《 ᠶᠠᠭᠤ ᠬᠢᠵᠦ ᠪᠣᠯᠬᠤ ᠦᠭᠡᠢ》 ᠬᠦᠷᠲᠡᠯ᠎ᠡ ᠂ ᠵᠠᠰᠠᠭ ᠤ᠋ᠨ ᠣᠷᠳᠣᠨ ᠬᠢᠭᠡᠳ ᠵᠠᠬ᠎ᠠ ᠳᠡᠯᠭᠡᠭᠦᠷ ᠦ᠋ᠨ ᠵᠠᠭᠠᠭ ᠤ᠋ᠨ ᠬᠠᠤᠯᠢ ᠵᠢᠨ ᠲᠣᠭᠲᠠᠭᠠᠭᠰᠠᠨ ᠨᠢ ᠵᠠᠰᠠᠭ ᠤ᠋ᠨ ᠣᠷᠳᠣᠨ ᠤ᠋ ᠬᠠᠮᠢᠶᠠᠷᠤᠯᠲᠠ ᠶ᠋ᠢᠨ ᠠᠷᠭ᠎ᠠ ᠬᠡᠯᠪᠡᠷᠢ ᠵᠢᠨ ᠦᠨᠳᠦᠰᠦᠨ ᠴᠢᠨᠠᠷᠲᠠᠢ ᠬᠤᠪᠢᠰᠤᠯᠲᠠ ᠶ᠋ᠢ ᠪᠡᠶᠡᠯᠡᠭᠦᠯᠵᠦ᠂ ᠡᠣᠯᠣᠰ ᠤ᠋ᠨ ᠵᠠᠰᠠᠯᠲᠠ ᠵᠢᠨ ᠰᠢᠰᠲ᠋ᠧᠮ ᠪᠠ ᠵᠠᠰᠠᠯᠲᠠ ᠵᠢᠨ ᠴᠢᠳᠠᠪᠤᠷᠢ ᠵᠢᠨ ᠣᠳᠣᠬᠢᠴᠢᠯᠠᠯᠲᠠ ᠵᠢᠨ ᠪᠦᠲᠦᠭᠡᠨ ᠪᠠᠢᠭᠤᠯᠤᠯᠲᠠ ᠨᠢ ᠤᠷᠤᠭᠰᠢ ᠪᠠᠨ ᠴᠢᠬᠤᠯᠠ ᠨᠢᠭᠡ ᠠᠯᠬᠤᠮ ᠠᠯᠬᠤᠭᠰᠠᠨ ᠪᠠᠢᠨ᠎ᠠ᠃
ᠬᠠᠤᠯᠢ ᠪᠠᠷ ᠵᠠᠰᠠᠬᠤ ᠪᠣᠯ ᠬᠠᠮᠤᠭ ᠤ᠋ᠨ ᠰᠠᠢᠨ ᠡᠵᠡᠩᠨᠡᠯᠲᠡ ᠶ᠋ᠢᠨ ᠣᠷᠴᠢᠨ ᠲᠣᠭᠣᠷᠢᠨ ᠪᠣᠯᠤᠨ᠎ᠠ — ᠤᠴᠢᠷ ᠨᠢ ᠬᠠᠤᠯᠢ ᠪᠠᠷ ᠵᠠᠰᠠᠬᠤ ᠨᠢ ᠵᠠᠰᠠᠭ ᠤ᠋ᠨ ᠣᠷᠳᠣᠨ ᠪᠠ ᠵᠠᠬ᠎ᠠ ᠳᠡᠯᠭᠡᠭᠦᠷ ᠦ᠋ᠨ ᠵᠠᠭᠠᠭ ᠢ᠋ ᠵᠢᠷᠥᠮᠯᠡᠭᠦᠯᠵᠦ᠂ ᠵᠠᠬ᠎ᠠ ᠳᠡᠯᠭᠡᠭᠦᠷ ᠦ᠋ᠨ ᠠᠵᠤ ᠠᠬᠤᠢ ᠶ᠋ᠢᠨ ᠵᠢᠮ᠎ᠡ ᠶᠣᠰᠣ ᠶ᠋ᠢ ᠬᠥᠨᠳᠦᠳᠭᠡᠨ᠂ ᠵᠠᠬ᠎ᠠ ᠳᠡᠯᠭᠡᠭᠦᠷᠴᠢᠯᠡᠭᠰᠡᠨ ᠠᠷᠭ᠎ᠠ ᠪᠠᠷᠢᠯ ᠢ᠋ᠶ᠋ᠠᠷ ᠳᠠᠮᠵᠢᠭᠤᠯᠤᠨ ᠂ ᠬᠠᠤᠯᠢ ᠴᠠᠭᠠᠵᠠ ᠵᠢᠨ ᠬᠦᠷᠢᠶᠡᠨ ᠳ᠋ᠡᠬᠢ ᠡᠯ᠎ᠡ ᠲᠥᠷᠥᠯ ᠦ᠋ᠨ ᠵᠠᠬ᠎ᠠ ᠳᠡᠯᠭᠡᠭᠦᠷ ᠦ᠋ᠨ ᠭᠣᠣᠯ ᠴᠣᠭᠴᠠ ᠶ᠋ᠢᠨ ᠠᠰᠢᠭ ᠲᠤᠰᠠ ᠶ᠋ᠢᠨ ᠬᠠᠷᠢᠴᠠᠭ᠎ᠠ ᠶ᠋ᠢ ᠵᠢᠷᠥᠮᠯᠡᠭᠦᠯᠵᠦ᠂ ᠲᠣᠬᠢᠷᠠᠭᠤᠯᠬᠤ ᠪᠣᠯᠤᠨ᠎ᠠ᠃
ᠨᠠᠮ ᠤ᠋ᠨ ᠠᠷᠪᠠᠨ ᠨᠠᠢ᠍ᠮᠠᠳᠤᠭᠠᠷ ᠶᠡᠬᠡ ᠬᠤᠷᠠᠯ ᠠ᠋ᠴᠠ ᠨᠠᠰᠢ ᠂ ᠪᠢᠳᠡ ᠨᠡᠢᠭᠡᠮ ᠦ᠋ᠨ ᠭᠣᠣᠯ ᠵᠥᠷᠢᠴᠡᠯ ᠦ᠋ᠨ ᠬᠤᠪᠢᠷᠠᠯᠲᠠ ᠪᠠ ᠥᠭᠡᠷᠡᠴᠢᠯᠡᠯᠲᠡ ᠨᠡᠭᠡᠭᠡᠯᠲᠡ ᠶ᠋ᠢ ᠪᠦᠬᠦ ᠲᠠᠯ᠎ᠠ ᠪᠠᠷ ᠭᠦᠨᠵᠡᠭᠡᠢᠷᠡᠭᠦᠯᠬᠦ ᠱᠠᠭᠠᠷᠳᠠᠯᠭ᠎ᠠ ᠳ᠋ᠤ᠌ ᠵᠣᠬᠢᠴᠠᠭᠤᠯᠤᠨ ᠂ ᠵᠠᠬ᠎ᠠ ᠳᠡᠯᠭᠡᠭᠦᠷ ᠦ᠋ᠨ ᠠᠵᠤ ᠠᠬᠤᠢ ᠶ᠋ᠢᠨ ᠬᠦᠷᠢᠶᠡᠨ ᠳ᠋ᠡᠬᠢ ᠬᠣᠯᠪᠣᠭᠳᠠᠯ ᠪᠦᠬᠦᠢ ᠬᠠᠤᠯᠢ ᠴᠠᠭᠠᠵᠠ ᠬᠠᠤᠯᠢ ᠲᠣᠭᠲᠠᠭᠠᠯ ᠢ᠋ 《 ᠬᠦᠴᠦᠨ ᠦᠭᠡᠢ ᠪᠣᠯᠭᠠᠬᠤ 》 ᠶ᠋ᠢ ᠲᠦᠷᠭᠡᠳᠭᠡᠵᠦ ᠂ ᠵᠠᠰᠠᠭ ᠤ᠋ᠨ ᠣᠷᠳᠣᠨ ᠪᠠ ᠵᠠᠬ᠎ᠠ ᠳᠡᠯᠭᠡᠭᠦᠷ ᠦ᠋ᠨ ᠵᠠᠭᠠᠭ ᠢ᠋ ᠨᠡᠩ《 ᠲᠣᠳᠣᠷᠬᠠᠢ ᠢᠯᠭᠠᠬᠤ 》 ᠪᠣᠯᠭᠠᠵᠤ ᠂ ᠨᠡᠢᠭᠡᠮ ᠦ᠋ᠨ ᠠᠵᠤ ᠠᠬᠤᠢ ᠶ᠋ᠢᠨ ᠬᠠᠷᠢᠴᠠᠭ᠎ᠠ ᠵᠢ ᠲᠣᠬᠢᠷᠠᠭᠤᠯᠬᠤ ᠳ᠋ᠦ᠍ ᠨᠡᠩ ᠢᠯᠡᠭᠦᠦ ᠵᠢᠷᠥᠮᠯᠡᠬᠦ ᠬᠠᠤᠯᠢ ᠲᠠᠢ ᠪᠣᠯᠭᠠᠭᠰᠠᠨ ᠪᠠᠢᠨ᠎ᠠ᠃ 2013 ᠣᠨ ᠳ᠋ᠤ᠌ 《 ᠺᠣᠮᠫᠠᠨᠢ ᠶ᠋ᠢᠨ ᠬᠠᠤᠯᠢ 》ᠳ᠋ᠤ᠌ ᠵᠠᠰᠠᠪᠤᠷᠢ ᠣᠷᠤᠭᠤᠯᠵᠤ᠂ᠺᠣᠮᠫᠠᠨᠢ ᠳᠠᠩᠰᠠᠯᠠᠭᠤᠯᠬᠤ ᠦᠶᠡᠰ ᠤ᠋ᠨ ᠪᠤᠲᠠᠲᠠᠢ ᠬᠥᠷᠦᠩᠭᠡ ᠪᠡᠷ ᠳᠠᠩᠰᠠᠯᠠᠬᠤ ᠳᠦᠷᠢᠮ ᠢ᠋ ᠳᠠᠭᠠᠭᠠᠨ ᠲᠤᠰᠢᠶᠠᠬᠤ ᠳᠠᠩᠰᠠᠯᠲᠠ ᠵᠢᠨ ᠳᠦᠷᠢᠮ ᠪᠣᠯᠭᠠᠨ ᠥᠭᠡᠷᠡᠴᠢᠯᠡᠵᠦ᠂ᠺᠣᠮᠫᠠᠨᠢ ᠳᠠᠩᠰᠠᠯᠠᠬᠤ ᠬᠠᠮᠤᠭ ᠳᠣᠣᠷ᠎ᠠ ᠬᠥᠷᠦᠩᠭᠡ ᠵᠢᠨ ᠬᠢᠵᠠᠭᠠᠷ ᠢ᠋ ᠦᠭᠡᠢᠰᠭᠡᠵᠦ᠂ᠠᠵᠤ ᠠᠬᠤᠢᠯᠠᠯ ᠡᠭᠦᠳᠦᠨ ᠪᠠᠢᠭᠤᠯᠬᠤ ᠪᠠᠷᠢᠮᠵᠢᠶ᠎ᠠ ᠵᠢ ᠶᠡᠬᠡᠪᠡᠷ ᠪᠠᠭᠤᠷᠠᠭᠤᠯᠤᠭᠰᠠᠨ ᠶᠤᠮ᠃2017 ᠣᠨ ᠳ᠋ᠤ᠌ ᠂《 ᠲᠥᠪ ᠦ᠋ᠨ ᠠᠵᠤ ᠠᠬᠤᠢᠯᠠᠯ ᠤ᠋ᠨ ᠪᠡᠯᠡ ᠣᠷᠣᠭᠤᠯᠤᠯᠲᠠ ᠶ᠋ᠢᠨ ᠬᠢᠨᠠᠯᠲᠠ ᠬᠠᠮᠢᠶᠠᠷᠤᠯᠲᠠ ᠶ᠋ᠢᠨ ᠠᠷᠭ᠎ᠠ》 ᠪᠣᠯᠤᠨ《 ᠲᠥᠪ ᠦ᠋ᠨ ᠠᠵᠤ ᠠᠬᠤᠢᠯᠠᠯ ᠤ᠋ᠨ ᠬᠢᠯᠢ ᠶ᠋ᠢᠨ ᠭᠠᠳᠠᠨᠠᠬᠢ ᠪᠡᠯᠡ ᠣᠷᠣᠭᠤᠯᠤᠯᠲᠠ ᠶ᠋ᠢᠨ ᠬᠢᠨᠠᠯᠲᠠ ᠬᠠᠮᠢᠶᠠᠷᠤᠯᠲᠠ ᠶ᠋ᠢᠨ ᠠᠷᠭ᠎ᠠ》ᠨᠡᠢᠲᠡᠯᠡᠭᠳᠡᠵᠦ᠂ ᠪᠡᠯᠡ ᠭᠠᠷᠭᠠᠭᠴᠢ ᠶ᠋ᠢᠨ ᠪᠡᠯᠡ ᠣᠷᠣᠭᠤᠯᠤᠯᠲᠠ ᠶ᠋ᠢᠨ ᠬᠢᠨᠠᠯᠲᠠ ᠬᠠᠮᠢᠶᠠᠷᠤᠯᠲᠠ ᠶ᠋ᠢᠨ ᠬᠢᠵᠠᠭᠠᠷ ᠱᠤᠭᠤᠮ ᠢ᠋ ᠢᠯᠡᠷᠬᠡᠢ ᠲᠣᠳᠣᠷᠬᠠᠢᠯᠠᠵᠤ ᠂ ᠲᠥᠪ ᠦ᠋ᠨ ᠠᠵᠤ ᠠᠬᠤᠢᠯᠠᠯ ᠤ᠋ᠨ ᠪᠡᠯᠡ ᠣᠷᠣᠭᠤᠯᠤᠯᠲᠠ ᠶ᠋ᠢᠨ ᠦᠢᠯᠡ ᠠᠵᠢᠯᠯᠠᠭ᠎ᠠ ᠶ᠋ᠢᠨ ᠤᠯᠠᠭᠠᠨ ᠱᠤᠭᠤᠮ ᠢ᠋ ᠬᠤᠪᠢᠶᠠᠷᠢᠯᠠᠨ ᠲᠣᠭᠲᠠᠭᠠᠭᠰᠠᠨ ᠪᠠᠢᠨ᠎ᠠ︔ 2017 ᠣᠨ ᠤ᠋ 6 ᠰᠠᠷ᠎ᠠ ᠪᠣᠯᠲᠠᠯ᠎ᠠ ᠂ ᠮᠠᠨ ᠤ᠋ ᠤᠯᠤᠰ ᠤ᠋ᠨ ᠮᠣᠵᠢ ᠬᠣᠲᠠ ᠰᠢᠶᠠᠨ ᠭᠤᠷᠪᠠᠨ ᠱᠠᠲᠤᠨ ᠤ᠋ ᠵᠠᠰᠠᠭ ᠤ᠋ᠨ ᠣᠷᠳᠣᠨ ᠤ᠋ ᠰᠠᠯᠠᠭ᠎ᠠ ᠮᠥᠴᠢᠷ ᠦ᠋ᠨ ᠡᠷᠬᠡ ᠪᠠ ᠬᠠᠷᠢᠭᠤᠴᠠᠯᠭ᠎ᠠ ᠶ᠋ᠢᠨ ᠨᠠᠷᠢᠨ ᠬᠠᠭᠤᠳᠠᠰᠤ ᠶ᠋ᠢ ᠪᠦᠬᠦᠨ ᠢ᠋ ᠨᠡᠢᠭᠡᠮ ᠳ᠋ᠦ᠍ ᠨᠡᠢᠲᠡᠯᠡᠪᠡ᠃
ᠬᠠᠤᠯᠢ ᠪᠠᠷ ᠵᠠᠰᠠᠬᠤ ᠨᠢ《 ᠭᠣᠣᠯᠴᠢ ᠵᠢᠩᠯᠡᠭᠦᠷ 》 ᠢ᠋ ᠪᠣᠢ ᠪᠣᠯᠭᠠᠪᠠ
ᠳᠦᠷᠢᠮ ᠢ᠋ᠶ᠋ᠡᠨ ᠲᠡᠭᠦᠯᠳᠡᠷᠵᠢᠭᠦᠯᠵᠦ ᠂ ᠬᠠᠮᠢᠶᠠᠷᠤᠯᠲᠠ ᠪᠠᠨ ᠴᠢᠩᠭᠠᠳᠭᠠᠵᠤ ᠂ ᠲᠥᠪ ᠭᠣᠣᠯᠴᠢ ᠥᠷᠢᠰᠦᠯᠳᠦᠭᠡᠨ ᠦ᠌ ᠣᠷᠴᠢᠨ ᠨᠥᠬᠥᠴᠡᠯ ᠢ᠋ ᠪᠣᠢ ᠪᠣᠯᠭᠠᠨ᠎ᠠ
2018 ᠡᠣᠠ ᠶ᠋ᠢᠨ 12 ᠰᠠᠷ᠎ᠠ ᠳ᠋ᠤ᠌ ᠂ ᠨᠢᠭᠡᠨ ᠬᠤᠪᠢ 12 83 ᠲᠦᠮᠡᠨ ᠲᠥᠭᠦᠷᠢᠭ ᠤ᠋ᠨ ᠲᠣᠷᠭᠠᠭᠤᠯᠢ ᠵᠢᠨ ᠬᠠᠭᠤᠳᠠᠰᠤ ᠨᠢ ᠨᠢᠭᠡ ᠤᠳᠠᠭᠠᠨ ᠤ᠋ ᠨᠡᠢᠭᠡᠮ ᠤ᠋ᠨ ᠳᠡᠪᠵᠢᠶᠡᠨ ᠢ᠋ ᠡᠭᠦᠰᠭᠡᠪᠡ᠃
ᠨᠢᠳᠤᠨᠤᠨ ᠵᠢᠯ ᠂ ᠫᠦ᠍ ᠡᠯ ᠮᠢᠨ ᠂ ᠰᠢᠬᠢᠷ ᠡᠪᠡᠰᠦᠨ ᠢᠯᠲᠠᠰᠤ ᠂ ᠯᠦᠸᠧ ᠬᠣᠩ ᠮᠧᠢ ᠰᠦ᠍ ᠵᠡᠷᠭᠡ ᠠᠷᠠᠳ ᠤ᠋ᠨ ᠪᠠᠢᠩᠭᠤ ᠬᠡᠷᠡᠭᠯᠡᠳᠡᠭ ᠡᠮ ᠦ᠋ᠨ ᠦᠨ᠎ᠡ ᠭᠡᠨᠡᠳᠲᠡ ᠪᠡᠷ ᠥᠰᠴᠦ ᠂ ᠲᠡᠭᠦᠨ ᠦ᠌ ᠠᠷᠤ ᠳ᠋ᠦ᠍ ᠪᠠᠢᠭ᠎ᠠ ᠳᠡᠭᠡᠳᠦ ᠤᠷᠤᠰᠭᠠᠯ ᠤ᠋ᠨ ᠲᠦᠭᠦᠬᠡᠢ ᠮᠠᠲ᠋ᠧᠷᠢᠶᠠᠯ ᠤ᠋ᠨ ᠡᠮ ᠦ᠋ᠨ ᠬᠠᠩᠭᠠᠯᠭ᠎ᠠ ᠬᠦᠷᠦᠯᠴᠡᠬᠦ ᠦᠭᠡᠢ ᠂ ᠦᠨ᠎ᠡ ᠬᠠᠩᠰᠢ ᠨᠢ ᠥᠳᠲᠦᠷ ᠲᠦᠷᠭᠡᠨ ᠥᠰᠦᠭᠰᠡᠨ ᠮᠥᠷᠲᠡᠭᠡᠨ ᠬᠠᠩᠭᠠᠯᠭ᠎ᠠ ᠲᠠᠰᠤᠯᠳᠠᠭᠰᠠᠨ ᠵᠡᠷᠭᠡ ᠭᠦᠨ ᠳᠠᠪᠬᠤᠷᠭ᠎ᠠ ᠶ᠋ᠢᠨ ᠰᠢᠯᠲᠠᠭᠠᠨ ᠨᠢ ᠴᠦ᠍ ᠤᠯᠠᠨ ᠤ᠋ ᠡᠮᠦᠨ᠎ᠡ ᠲᠣᠳᠤᠷᠠᠭᠰᠠᠨ ᠶᠤᠮ ᠃ ᠪᠠᠢᠴᠠᠭᠠᠯᠲᠠ ᠪᠡᠷ ᠳᠠᠮᠵᠢᠨ ᠢᠯᠡᠷᠡᠭᠦᠯᠦᠭᠰᠡᠨ ᠨᠢ᠂ ᠭᠤᠷᠪᠠᠨ ᠨᠡᠷ᠎ᠡ ᠮᠥᠰᠥᠲᠦ ᠼᠤᠤ ᠬᠦᠴᠢᠯ ᠦ᠋ᠨ ᠲᠦᠭᠦᠬᠡᠢ ᠮᠠᠲ᠋ᠧᠷᠢᠶᠠᠯ ᠤ᠋ᠨ ᠡᠮ ᠦ᠋ᠨ ᠠᠵᠤ ᠠᠬᠤᠢᠯᠠᠯ ᠨᠢ ᠦᠢᠯᠡᠳᠪᠦᠷᠢᠯᠡᠵᠦ ᠪᠣᠷᠣᠯᠠᠭᠤᠯᠬᠤ ᠬᠡᠮᠵᠢᠶ᠎ᠡ ᠶ᠋ᠢᠨ ᠮᠡᠳᠡᠭᠡ ᠵᠠᠩᠭᠢ ᠪᠠᠨ ᠬᠠᠷᠢᠯᠣᠠᠨ ᠰᠤᠯᠢᠴᠠᠵᠤ᠂ᠦᠨ᠎ᠡ ᠬᠠᠩᠰᠢ ᠪᠠᠨ ᠬᠠᠮᠲᠤᠪᠡᠷ ᠥᠰᠭᠡᠵᠦ ᠭᠠᠭᠴᠠᠭᠠᠷ ᠡᠵᠡᠮᠰᠢᠬᠦ ᠬᠡᠯᠡᠯᠴᠡᠭᠡᠷ ᠢ᠋ ᠲᠣᠭᠲᠠᠭᠰᠠᠨ ᠠ᠋ᠴᠠ ᠪᠣᠯᠤᠭᠰᠠᠨ ᠶᠤᠮ᠃
ᠡᠭᠦᠨ ᠳ᠋ᠦ᠍᠂ ᠡᠣᠯᠣᠰ ᠤ᠋ᠨ ᠵᠠᠬ᠎ᠠ ᠳᠡᠯᠭᠡᠭᠦᠷ ᠦ᠋ᠨ ᠬᠢᠨᠠᠯᠲᠠ ᠬᠠᠮᠢᠶᠠᠷᠤᠯᠲᠠ ᠶ᠋ᠢᠨ ᠶᠡᠷᠦᠩᠬᠡᠢ ᠲᠣᠪᠴᠢᠢ᠎ᠠ ᠭᠤᠷᠪᠠᠨ ᠲᠦᠭᠦᠬᠡᠢ ᠡᠳ᠋ ᠤ᠋ᠨ ᠪᠣᠷᠤᠯᠠᠭᠤᠯᠭ᠎ᠠ ᠵᠢᠨ ᠬᠤᠳᠠᠯᠳᠤᠭᠠᠴᠢᠨ ᠳ᠋ᠦ᠍ ᠡᠷᠡᠰ ᠰᠢᠭᠤᠷᠬᠠᠢ ᠴᠣᠬᠢᠯᠲᠠ ᠥᠭᠴᠦ ᠂ᠬᠠᠤᠯᠢ ᠶᠣᠰᠣᠭᠠᠷ 12 83 ᠲᠣᠢᠮᠠᠠ ᠲᠥᠭᠦᠷᠢᠭ ᠲᠤᠷᠭᠤᠭᠠᠪᠠ᠃ 《 ᠡᠮ ᠤ᠋ᠨ ᠲᠦᠭᠦᠬᠡᠢ ᠮᠠᠲ᠋ᠧᠷᠢᠶᠠᠯ ᠤ᠋ᠨ ᠦᠨ᠎ᠡ ᠵᠢ ᠥᠰᠭᠡᠵᠦ ᠵᠠᠬ᠎ᠠ ᠳᠡᠯᠭᠡᠭᠦᠷ ᠢ᠋ ᠭᠠᠭᠴᠠᠭᠠᠷ ᠡᠵᠡᠮᠰᠢᠬᠦ ᠨᠢ ᠠᠷᠠᠳ ᠲᠦᠮᠡᠨ ᠤ᠋ ᠡᠮ ᠬᠡᠷᠡᠭᠯᠡᠬᠦ ᠶ᠋ᠢ ᠨᠥᠯᠦᠭᠡᠯᠡᠵᠦ ᠪᠠᠢᠭ᠎ᠠ ᠪᠣᠯᠬᠣᠷ ᠡᠷᠬᠡᠪᠰᠢ ᠬᠦᠴᠦᠲᠡᠢ ᠴᠣᠬᠢᠯᠲᠠ ᠥᠭᠬᠦ ᠬᠡᠷᠡᠭᠲᠡᠢ᠃》 ᠭᠡᠮᠡᠨ ᠤᠯᠤᠰ ᠤ᠋ᠨ ᠵᠠᠬ᠎ᠠ ᠵᠡᠭᠡᠯᠢ ᠶ᠋ᠢᠨ ᠬᠢᠨᠠᠯᠲᠠ ᠬᠠᠮᠢᠶᠠᠷᠤᠯᠲᠠ ᠶ᠋ᠢᠨ ᠶᠡᠷᠦᠩᠬᠡᠢ ᠲᠣᠪᠴᠢᠶᠠᠨ ᠤ᠋ ᠭᠠᠭᠠᠴᠠᠭᠠᠷ ᠡᠵᠡᠮᠰᠢᠯ ᠢ᠋ ᠡᠰᠡᠷᠭᠦᠴᠡᠬᠦ ᠲᠣᠪᠴᠢᠶᠠᠨ ᠤ᠋ ᠳᠤᠷ᠎ᠠ ᠪᠠᠷ ᠬᠡᠷᠡᠭᠯᠡᠬᠦ ᠠᠵᠢᠯᠯᠠᠭ᠎ᠠ ᠶ᠋ᠢ ᠪᠠᠢᠴᠠᠭᠠᠬᠤ ᠭᠠᠵᠠᠷ ᠤ᠋ᠨ ᠳᠠᠷᠤᠭ᠎ᠠ ᠯᠢᠦ ᠵᠢᠶᠠᠩ ᠬᠡᠯᠡᠪᠡ ᠃
ᠡᠨᠡ ᠪᠣᠯ ᠮᠠᠨ ᠤ᠋ ᠤᠯᠤᠰ《 ᠭᠠᠭᠴᠠᠭᠠᠷ ᠡᠵᠡᠮᠰᠢᠬᠦ ᠶ᠋ᠢ ᠡᠰᠡᠷᠭᠦᠴᠡᠬᠦ ᠬᠠᠤᠯᠢ》 ᠶ᠋ᠢ ᠬᠡᠷᠡᠭᠵᠢᠭᠦᠯᠦᠭᠰᠡᠨ ᠡᠴᠡ ᠨᠠᠰᠢ᠂ ᠡᠮ ᠤ᠋ᠨ ᠲᠦᠭᠦᠬᠡᠢ ᠮᠠᠲ᠋ᠧᠷᠢᠶᠠᠯ ᠤ᠋ᠨ ᠬᠦᠷᠢᠶᠡᠨ ᠳ᠋ᠦ᠍ ᠭᠠᠷᠤᠭᠰᠠᠨ ᠬᠠᠮᠤᠭ ᠤ᠋ᠨ ᠶᠡᠬᠡ ᠲᠣᠷᠭᠤᠭᠠᠯ ᠤ᠋ᠨ ᠬᠠᠭᠤᠳᠠᠰᠤ ᠪᠣᠯᠤᠨ᠎ᠠ ᠃ᠪᠡᠭᠡᠵᠢᠩ ᠦ᠋ᠨ ᠴᠸᠩ ᠵᠢᠢ ᠡᠮ ᠰᠤᠳᠤᠯᠤᠯ ᠤ᠋ᠨ ᠬᠡᠯᠲᠡᠰ ᠦ᠋ᠨ ᠶᠡᠷᠦᠩᠬᠡᠢ ᠵᠠᠬᠢᠷᠤᠯ ᠲᠦᠩ ᠹᠸᠩ ᠬᠡᠯᠡᠭᠰᠡᠨ ᠨᠢ《 ᠬᠠᠤᠯᠢ ᠪᠠᠷ ᠵᠠᠰᠠᠬᠤ ᠨᠢ ᠪᠠᠢᠭᠤᠯᠤᠯ ᠤ᠋ᠨ ᠡᠣᠷᠴᠢᠠ ᠢ᠋ ᠰᠢᠯᠢᠳᠡᠭᠵᠢᠭᠦᠯᠵᠦ ᠂ ᠰᠠᠬᠢᠯᠭ᠎ᠠ ᠪᠠᠲᠤ ᠂ ᠬᠠᠤᠯᠢ ᠴᠠᠭᠠᠵᠠ ᠶ᠋ᠢ ᠰᠠᠬᠢᠵᠤ ᠪᠠᠢᠭ᠎ᠠ ᠡᠠᠵᠣ ᠡᠠᠬᠣᠢᠯ ᠢ᠋ ᠬᠠᠮᠠᠭᠠᠯᠠᠵᠤ ᠂ ᠵᠠᠬ᠎ᠠ ᠳᠡᠯᠭᠡᠭᠦᠷ ᠦ᠋ᠨ ᠰᠢᠯᠢᠳᠡᠭ ᠢ᠋ ᠨᠢ ᠰᠢᠯᠢᠵᠦ ᠱᠠᠭᠠᠷᠠᠤ ᠵᠢ ᠲᠠᠶᠠᠭᠳᠠᠬᠤ ᠳ᠋ᠤ᠌ ᠨᠥᠬᠦᠴᠡᠯ ᠬᠠᠩᠭᠠᠬᠤ ᠪᠣᠯᠤᠨ᠎ᠠ᠃》
ᠬᠠᠤᠯᠢ ᠪᠠᠷ ᠵᠠᠰᠠᠬᠤ ᠪᠣᠯ ᠬᠠᠮᠤᠭ ᠰᠠᠢᠨ ᠡᠵᠡᠩᠨᠡᠯᠲᠡ ᠶ᠋ᠢᠨ ᠣᠷᠴᠢᠨ ᠲᠣᠭᠣᠷᠢᠨ ᠪᠣᠯᠤᠨ᠎ᠠ — ᠤᠴᠢᠷ ᠨᠢ ᠭᠠᠭᠴᠠ ᠬᠦ᠌ ᠳᠦᠷᠢᠮ ᠢ᠋ ᠲᠡᠭᠦᠯᠳᠡᠷᠵᠢᠭᠦᠯᠵᠦ ᠂ ᠬᠢᠨᠠᠯᠲᠠ ᠬᠠᠮᠢᠶᠠᠷᠤᠯᠲᠠ ᠪᠠᠨ ᠴᠢᠩᠭᠠᠳᠭᠠᠪᠠᠯ ᠰᠠᠶᠢ ᠨᠢᠭᠡᠳᠦᠯᠲᠡᠢ᠂ ᠨᠡᠭᠡᠭᠡᠯᠲᠡ ᠲᠡᠢ ᠂ ᠡᠮᠬᠢ ᠵᠢᠷᠤᠮ ᠲᠠᠢ ᠥᠷᠢᠰᠦᠯᠳᠦᠬᠦ ᠵᠠᠬ᠎ᠠ ᠳᠡᠯᠭᠡᠭᠦᠷ ᠦ᠋ᠨ ᠰᠢᠰᠲ᠋ᠧᠮ ᠢ᠋ ᠪᠠᠢᠭᠤᠯᠵᠤ ᠂ ᠲᠥᠪ ᠭᠣᠣᠯᠴᠢ ᠥᠷᠢᠰᠦᠯᠳᠦᠭᠡᠨ ᠦ᠌ ᠣᠷᠴᠢᠨ ᠲᠣᠭᠣᠷᠢᠨ ᠢ᠋ ᠪᠣᠢ ᠪᠣᠯᠭᠠᠵᠤ ᠂ ᠮᠡᠬᠡᠯᠡᠨ ᠬᠢᠬᠠᠬᠤ ᠶᠠᠪᠤᠳᠠᠯ ᠢ᠋ ᠬᠠᠮᠤᠭ ᠤ᠋ᠨ ᠶᠡᠬᠡ ᠬᠡᠮᠵᠢᠶ᠎ᠡ ᠪᠡᠷ ᠪᠠᠭᠠᠰᠬᠠᠵᠤ ᠂ ᠭᠡᠷ᠎ᠡ ᠠ᠋ᠴᠠ ᠵᠥᠷᠢᠴᠡᠬᠦ ᠂ ᠬᠤᠳᠠᠯ ᠬᠠᠭᠤᠷᠮᠠᠭ ᠵᠦᠢᠯ ᠢ᠋ ᠦᠢᠯᠡᠳᠴᠦ ᠪᠣᠷᠣᠯᠠᠭᠤᠯᠬᠤ ᠂ ᠵᠠᠪᠰᠢᠨ ᠳᠠᠯᠢᠮᠳᠠᠭᠤᠯᠬᠤ ᠠᠵᠢᠯᠯᠠᠭ᠎ᠠ ᠶ᠋ᠢ ᠨᠡᠩ ᠶᠡᠬᠡ ᠬᠡᠮᠵᠢᠶ᠎ᠡ ᠪᠡᠷ ᠪᠠᠭᠠᠰᠬᠠᠵᠤ ᠂ ᠨᠡᠢᠭᠡᠮ ᠵᠢᠷᠤᠮ ᠤ᠋ᠨ ᠵᠠᠬ᠎ᠠ ᠳᠡᠯᠭᠡᠭᠦᠷ ᠦ᠋ᠨ ᠠᠵᠤ ᠠᠬᠤᠢ ᠵᠢᠨ ᠵᠥᠪ ᠵᠠᠮ ᠢ᠋ᠢᠠᠷ ᠵᠠᠮᠨᠠᠬᠤ ᠵᠢ ᠲᠦᠯᠬᠢᠨ ᠠᠬᠢᠭᠤᠯᠤᠨ᠎ᠠ᠃
ᠨᠠᠮ ᠤ᠋ᠨ ᠠᠷᠪᠠᠨ ᠨᠠᠢ᠍ᠮᠠᠳᠤᠭᠠᠷ ᠶᠡᠬᠡ ᠬᠤᠷᠠᠯ ᠠ᠋ᠴᠠ ᠨᠠᠰᠢ ᠂ ᠮᠠᠨ ᠤ᠋ ᠤᠯᠤᠰ ᠨᠢᠭᠡᠳᠦᠯᠲᠡᠢ ᠬᠢᠨᠠᠨ ᠬᠠᠮᠢᠶᠠᠷᠬᠤ ᠳᠦᠷᠢᠮ ᠪᠠ ᠪᠠᠷᠢᠮᠵᠢᠶ᠎ᠠ ᠶ᠋ᠢ ᠲᠦᠷᠭᠡᠳᠭᠡᠨ ᠲᠣᠭᠲᠠᠭᠠᠬᠤ ᠶ᠋ᠢᠨ ᠬᠠᠮᠲᠤ ᠂ ᠡᠯ᠎ᠡ ᠭᠠᠵᠠᠷ ᠤ᠋ᠨ ᠵᠠᠰᠠᠭ ᠤ᠋ᠨ ᠣᠷᠳᠣᠨ ᠤ᠋ ᠰᠠᠯᠠᠭ᠎ᠠ ᠮᠥᠴᠢᠷ ᠭᠣᠣᠯ ᠬᠦᠴᠦᠨ ᠢ᠋ᠶ᠋ᠡᠨ ᠤᠴᠢᠷ ᠶᠠᠪᠤᠳᠠᠯ ᠤ᠋ᠨ ᠳᠤᠮᠳᠠ ᠪᠠ ᠤᠴᠢᠷ ᠶᠠᠪᠤᠳᠠᠯ ᠤ᠋ᠨ ᠳᠠᠷᠠᠭᠠᠬᠢ ᠬᠢᠨᠠᠯᠲᠠ ᠬᠠᠮᠢᠶᠠᠷᠤᠯᠲᠠ ᠪᠠᠨ ᠴᠢᠩᠭᠠᠳᠭᠠᠬᠤ ᠳᠡᠭᠡᠷ᠎ᠡ ᠲᠠᠯᠪᠢᠵᠤ ᠂ᠬᠤᠳᠠᠯᠳᠤᠭ᠎ᠠ ᠡᠷᠬᠢᠯᠡᠬᠦ ᠣᠷᠴᠢᠨ ᠲᠣᠭᠣᠷᠢᠨ ᠢ᠋ ᠨᠡᠩ ᠡᠮᠬᠢ ᠵᠢᠷᠤᠮ ᠲᠠᠢ ᠪᠣᠯᠭᠠᠵᠤ ᠂ ᠠᠵᠤ ᠠᠬᠤᠢᠯᠠᠯ ᠤ᠋ᠨ ᠡᠵᠡᠩᠨᠡᠯᠲᠡ ᠶ᠋ᠢ ᠨᠡᠩ ᠡᠷᠬᠡ ᠲᠡᠭᠰᠢ ᠰᠡᠳᠭᠢᠯᠭᠡ ᠲᠡᠢ ᠪᠣᠯᠭᠠᠪᠠ ᠃
ᠬᠢᠨᠠᠯᠲᠠ ᠬᠠᠮᠢᠶᠠᠷᠤᠭᠴᠢ ᠳ᠋ᠤ᠌ ᠳᠦᠷᠢᠮ ᠲᠣᠭᠲᠠᠭᠠᠵᠤ ᠂ ᠰᠣᠩᠭᠣᠯᠲᠠ ᠶ᠋ᠢᠨ ᠴᠢᠨᠠᠷᠲᠠᠢ ᠬᠡᠷᠡᠭᠵᠢᠭᠦᠯᠬᠦ ᠬᠠᠤᠯᠢ ᠨᠢ ᠤᠯᠠᠮ ᠠ᠋ᠴᠠ ᠤᠯᠠᠮ ᠴᠥᠭᠡᠨ ᠪᠣᠯᠵᠤ ᠡᠠᠵᠣ ᠡᠠᠬᠣᠢᠯᠠᠯ ᠤ᠋ᠨ ᠵᠢᠯ ᠦ᠋ᠨ ᠪᠠᠢᠴᠠᠭᠠᠯᠲᠠ ᠶ᠋ᠢ ᠴᠤ ᠭᠦᠢᠴᠣᠠ ᠦᠭᠡᠢ ᠪᠣᠯᠭᠠᠭᠰᠠᠨ ᠪᠠᠢᠨ᠎ᠠ᠂《ᠡᠠᠵᠣ ᠡᠠᠬᠣᠢᠯᠠᠯ ᠤ᠋ᠨ ᠮᠠᠳᠠᠬᠡ ᠵᠠᠩᠭᠢ ᠵᠢ ᠵᠠᠷᠯᠠᠨ ᠨᠡᠢᠲᠡᠯᠡᠬᠦ ᠲᠣᠢᠷᠢᠮ》 ᠨᠡᠢᠲᠡᠯᠡᠭᠳᠡᠵᠦ ᠂ ᠡᠠᠵᠣ ᠡᠠᠬᠣᠢᠯᠠᠯ ᠤ᠋ᠨ ᠵᠢᠯ ᠦ᠋ᠨ ᠵᠠᠷᠯᠠᠨ ᠨᠡᠢᠲᠡᠯᠡᠬᠦ ᠨᠣᠷᠮ᠎ᠠ ᠨᠢ 2014 ᠡᠣᠠ ᠤ᠋ 85 ᠂ 12% ᠪᠠᠢᠭᠰᠠᠨ ᠠ᠋ᠴᠠ 2017 ᠡᠣᠠ ᠪᠣᠯᠬᠤ ᠳ᠋ᠦ᠍ 91 ᠂ 8 1% ᠪᠣᠯᠵᠤ ᠥᠰᠴᠡᠢ ᠃《 ᠵᠢᠯ ᠦ᠋ᠨ ᠪᠠᠢᠴᠠᠭᠠᠯᠲᠠ ᠨᠢ ᠶᠡᠷᠦᠨᠢ ᠨᠡᠷ᠎ᠡ ᠨᠢᠳᠡᠷ ᠲᠡᠭᠡᠨ ᠨᠡᠢᠴᠡᠬᠦ ᠥᠬᠡᠢ ᠪᠠᠢᠵᠤ ᠂ ᠬᠢᠨᠠᠨ ᠬᠠᠮᠢᠶᠠᠷᠬᠤ ᠰᠠᠯᠠᠭ᠎ᠠ ᠮᠥᠴᠢᠷ ᠨᠢ ᠦᠨᠡᠨ ᠪᠤᠲᠠᠲᠠᠢ ᠪᠡᠷ ᠪᠠᠢᠴᠠᠭᠠᠯᠲᠠ ᠬᠢᠬᠦ ᠳ᠋ᠦ᠍ ᠲᠤᠩ ᠬᠦᠴᠢᠷᠲᠡᠢ ᠃ ᠨᠠᠷᠠᠨ ᠤ᠋ ᠭᠡᠷᠡᠯ ᠪᠣᠯ ᠢᠯᠵᠠᠷᠠᠨ ᠳᠣᠷᠤᠢᠳᠠᠬᠤ ᠶ᠋ᠢ ᠰᠡᠷᠭᠡᠢᠯᠡᠬᠦ ᠬᠠᠮᠤᠭ ᠤ᠋ᠨ ᠰᠠᠢᠨ ᠠᠷᠭ᠎ᠠ᠃ᠣᠳᠣ ᠪᠠᠢᠭ᠎ᠠ ᠠᠵᠤ ᠠᠬᠤᠢᠯᠠᠯ ᠤ᠋ᠨ ᠮᠡᠳᠡᠭᠡ ᠵᠠᠩᠭᠢ ᠶ᠋ᠢ ᠨᠡᠢᠭᠡᠮ ᠳ᠋ᠦ᠍ ᠢᠯᠡ ᠪᠡᠷ ᠨᠡᠢᠲᠡᠯᠡᠵᠦ ᠂ ᠬᠢᠨᠠᠯᠲᠠ ᠬᠠᠮᠢᠶᠠᠷᠤᠯᠲᠠ ᠶ᠋ᠢᠨ ᠰᠠᠯᠠᠭ᠎ᠠ ᠮᠥᠴᠢᠷ ᠠ᠋ᠴᠠ ᠰᠤᠭᠤᠴᠢᠨ ᠪᠠᠢᠴᠠᠭᠠᠬᠤ ᠵᠡᠷᠭᠡ ᠬᠢᠨᠠᠨ ᠬᠠᠮᠢᠶᠠᠷᠤᠯᠲᠠ ᠵᠢᠨ ᠠᠵᠢᠯᠯᠠᠭ᠎ᠠ ᠳ᠋ᠤ᠌ ᠬᠦᠴᠦ ᠪᠠᠨ ᠲᠠᠯᠪᠢᠬᠤ ᠨᠢ ᠠᠵᠤ ᠠᠬᠤᠢᠯᠠᠯ ᠤ᠋ᠨ ᠥᠪᠡᠷ ᠢ᠋ ᠪᠡᠨ ᠱᠠᠭᠠᠷᠳᠠᠬᠤ ᠪᠠ ᠨᠡᠢᠭᠡᠮ ᠦ᠋ᠨ ᠬᠠᠮᠲᠤ ᠪᠠᠷ ᠵᠠᠰᠠᠬᠤ ᠶ᠋ᠢ ᠲᠦᠯᠬᠢᠨ ᠠᠬᠢᠭᠤᠯᠵᠤ ᠴᠢᠳᠠᠨ᠎ᠠ》 ᠭᠡᠵᠦ ᠳᠤᠮᠳᠠᠳᠤ ᠤᠯᠤᠰ ᠤ᠋ᠨ ᠠᠷᠠᠳ ᠤ᠋ᠨ ᠶᠡᠬᠡ ᠰᠤᠷᠭᠠᠭᠤᠯᠢ ᠶ᠋ᠢᠨ ᠬᠤᠳᠠᠯᠳᠤᠭᠠᠨ ᠤ᠋ ᠬᠠᠤᠯᠢ ᠰᠤᠳᠤᠯᠬᠤ ᠭᠠᠵᠠᠷ ᠤ᠋ᠨ ᠳᠠᠷᠤᠭ᠎ᠠ ᠯᠢᠦ ᠵᠦᠩ ᠬᠠᠢ ᠬᠡᠯᠡᠪᠡ ᠃
ᠨᠡᠢᠭᠡᠮ ᠦ᠋ᠨ ᠢᠲᠡᠭᠡᠮᠵᠢ ᠳ᠋ᠦ᠍ ᠲᠠᠪᠴᠠᠩ ᠪᠠᠢᠭᠤᠯᠵᠤ ᠂ ᠬᠢᠨᠠᠯᠲᠠ ᠬᠠᠮᠢᠶᠠᠷᠤᠯᠲᠠ ᠶ᠋ᠢᠨ ᠦᠷ᠎ᠡ ᠪᠦᠲᠦᠮᠵᠢ ᠨᠢ ᠶᠠᠪᠤᠬᠤ ᠳᠣᠳᠣᠮ ᠳᠡᠭᠡᠭᠰᠢᠯᠡᠵᠦ ᠪᠤᠢ᠃
《ᠨᠡᠢᠭᠡᠮ ᠦ᠋ᠨ ᠢᠲᠡᠭᠡᠮᠵᠢ ᠶ᠋ᠢᠨ ᠰᠢᠰᠲ᠋ᠸᠮ ᠦ᠋ᠨ ᠪᠠᠢᠭᠤᠯᠤᠯᠲᠠ ᠶ᠋ᠢᠨ ᠲᠥᠯᠥᠪᠵᠢᠭᠦᠯᠭᠡ ᠶ᠋ᠢᠨ ᠲᠣᠪᠴᠢ (2014 - 2020 ᠣᠨ) 》 ᠨᠡᠢᠲᠡᠯᠡᠭᠳᠡᠵᠦ᠂ ᠡᠯ᠎ᠡ ᠭᠠᠵᠠᠷ ᠤ᠋ᠨ ᠨᠡᠢᠭᠡᠮ ᠦ᠋ᠨ ᠢᠲᠡᠭᠡᠮᠵᠢ ᠶ᠋ᠢᠨ ᠳᠦᠷᠢᠮ ᠨᠢ ᠲᠤᠰ ᠲᠤᠰ ᠨᠡᠢᠲᠡᠯᠡᠨ ᠬᠡᠷᠡᠭᠵᠢᠭᠦᠯᠦᠭᠳᠡᠭᠰᠡᠨ ᠪᠠᠢᠨ᠎ᠠ᠂ ᠪᠦᠬᠦ ᠤᠯᠤᠰ ᠤ᠋ᠨ ᠢᠲᠡᠭᠡᠮᠵᠢ ᠶ᠋ᠢᠨ ᠮᠡᠳᠡᠭᠡ ᠵᠠᠩᠭᠢ ᠶ᠋ᠢ ᠬᠠᠮᠲᠤᠪᠠᠷ ᠡᠳ᠋ᠯᠡᠬᠦ ᠲᠠᠪᠴᠠᠩ ᠢ᠋ ᠪᠠᠢᠭᠤᠯᠤᠭᠰᠠᠨ 3 ᠵᠢᠯ ᠤ᠋ᠨ ᠲᠤᠷᠰᠢ᠂ ᠨᠢᠭᠡᠨᠲᠡ 44 ᠵᠥᠪᠯᠡᠯ᠂ ᠡᠯ᠎ᠡ ᠮᠣᠵᠢ ᠬᠣᠲᠠ ᠵᠢᠨ 70 ᠭᠠᠷᠤᠢ ᠵᠠᠬ᠎ᠠ ᠳᠡᠯᠭᠡᠭᠦᠷ ᠦ᠋ᠨ ᠪᠠᠢᠭᠤᠯᠤᠮᠵᠢ ᠲᠠᠢ ᠬᠠᠷᠢᠯᠴᠠᠨ ᠬᠣᠯᠪᠣᠭᠠᠯᠠᠵᠤ ᠨᠡᠪᠲᠡᠷᠡᠯᠴᠡ᠂ ᠴᠤᠭᠯᠠᠭᠤᠯᠤᠭᠰᠠᠨ ᠢᠲᠡᠭᠡᠮᠵᠢ ᠶ᠋ᠢᠨ ᠮᠡᠳᠡᠭᠡ ᠵᠠᠩᠭᠢ ᠨᠢ316 ᠳ᠋ᠦᠩᠰᠢᠭᠤᠷ ᠢ᠋ ᠳᠠᠪᠠᠭᠰᠠᠨ ᠶᠤᠮ᠃
ᠬᠠᠤᠯᠢ ᠠ᠋ᠴᠠ ᠵᠥᠷᠢᠴᠡᠭᠰᠡᠳ ᠲᠦ᠍ ᠬᠦᠨᠳᠦ ᠰᠢᠢᠳᠭᠡᠯ ᠥᠭᠴᠦ ᠂ ᠬᠠᠤᠯᠢ ᠪᠠᠷ ᠵᠠᠰᠠᠬᠤ ᠠᠷᠭ᠎ᠠ ᠪᠠᠷ ᠳᠠᠮᠵᠢᠭᠤᠯᠤᠨ ᠠᠷᠠᠳ ᠲᠦᠮᠡᠨ ᠤ᠋ ᠠᠮᠢ ᠨᠠᠰᠤᠨ ᠤ᠋ ᠠᠮᠤᠷ ᠲᠦᠪᠰᠢᠨ ᠪᠣᠯᠤᠨ ᠪᠡᠶ᠎ᠡ ᠮᠠᠬᠠᠪᠣᠳ ᠤ᠋ᠨ ᠡᠷᠡᠭᠦᠯ ᠴᠢᠭᠢᠷᠠᠭ ᠢ᠋ ᠪᠠᠲᠤᠯᠠᠨ᠎ᠠ ᠃ 2014 ᠣᠨ ᠳ᠋ᠦ᠍《 ᠡᠮ ᠦ᠋ᠨ ᠵᠦᠢᠯ ᠦ᠋ᠨ ᠠᠮᠤᠷ ᠲᠦᠪᠱᠢᠨ ᠳ᠋ᠦ᠍ ᠬᠣᠣᠷ ᠬᠥᠨᠥᠭᠡᠯ ᠤᠴᠠᠷᠠᠭᠤᠯᠤᠭᠰᠠᠨ ᠡᠷᠡᠭᠦᠦ ᠶ᠋ᠢᠨ ᠬᠡᠷᠡᠭ ᠢ᠋ ᠰᠢᠢᠳᠪᠦᠷᠢᠯᠡᠬᠦ ᠳ᠋ᠦ᠍ ᠬᠠᠤᠯᠢ ᠴᠠᠭᠠᠵᠠ ᠶ᠋ᠢ ᠬᠡᠷᠡᠭᠯᠡᠬᠦ ᠬᠡᠳᠦᠨ ᠠᠰᠠᠭᠤᠳᠠᠯ ᠤ᠋ᠨ ᠲᠠᠢᠯᠪᠤᠷᠢᠯᠠᠯᠲᠠ 》 ᠨᠡᠢᠲᠡᠯᠡᠭᠳᠡᠵᠦ᠂ ᠦᠢᠯᠡᠳᠪᠦᠷᠢᠯᠡᠯ ᠦ᠋ᠨ ᠠᠵᠢᠯᠯᠠᠭ᠎ᠠ ᠵᠢᠨ ᠮᠠᠭᠠᠳᠯᠠᠯᠲᠠ ᠨᠢ ᠳᠠᠩ ᠭᠠᠭᠴᠠ ᠡᠮ ᠦ᠋ᠨ ᠲᠤᠰ ᠪᠡᠶ᠎ᠡ ᠳ᠋ᠦ᠍ ᠬᠢᠵᠠᠭᠠᠷᠯᠠᠭᠳᠠᠬᠤ ᠪᠠᠨ ᠪᠣᠯᠢᠵᠤ᠂ ᠬᠠᠭᠤᠷᠮᠠᠭ ᠡᠮ ᠂ ᠮᠠᠭᠤ ᠡᠮ ᠢ᠋ ᠦᠢᠯᠡᠳᠪᠦᠷᠢᠯᠡᠵᠦ ᠪᠣᠷᠣᠯᠠᠭᠤᠯᠬᠤ ᠠᠵᠢᠯᠯᠠᠭ᠎ᠠ ᠶ᠋ᠢᠨ ᠶᠠᠯ᠎ᠠ ᠬᠢᠬᠦ ᠬᠦᠷᠢᠶ᠎ᠡ ᠬᠡᠪᠴᠢᠶ᠎ᠡ ᠶ᠋ᠢ ᠲᠣᠳᠤᠷᠬᠠᠢᠯᠠᠨ᠂ ᠡᠷᠡᠭᠦᠦ ᠶ᠋ᠢᠨ ᠬᠡᠷᠡᠭ ᠦ᠋ᠨ ᠬᠠᠤᠯᠢ ᠶ᠋ᠢᠨ ᠲᠣᠣᠷ ᠢ᠋ ᠨᠡᠩ ᠴᠢᠩᠭ᠎ᠠ ᠨᠢᠭᠲᠠ ᠪᠣᠯᠭᠠᠵᠤ᠂ ᠡᠮ ᠦ᠋ᠨ ᠠᠮᠤᠷ ᠲᠦᠪᠰᠢᠨ ᠳ᠋ᠦ᠍ ᠬᠣᠣᠷ ᠬᠥᠨᠥᠭᠡᠯ ᠤᠴᠠᠷᠠᠭᠤᠯᠤᠭᠰᠠᠨ ᠶᠠᠯᠠᠲᠤ ᠠᠵᠢᠯᠯᠠᠭ᠎ᠠ ᠶ᠋ᠢ ᠰᠢᠢᠳᠭᠡᠬᠦ ᠳ᠋ᠦ᠍ ᠲᠣᠳᠤᠷᠬᠠᠢ ᠬᠠᠤᠯᠢ ᠵᠢᠨ ᠦᠨᠳᠦᠰᠦᠯᠡᠯ ᠢ᠋ ᠬᠠᠩᠭᠠᠭᠰᠠᠨ ᠶᠤᠮ᠃
ᠬᠠᠤᠯᠢ ᠪᠠᠷ ᠵᠠᠰᠠᠬᠤ ᠨᠢ ᠵᠠᠬ᠎ᠠ ᠳᠡᠯᠭᠡᠭᠦᠷ ᠦ᠋ᠨ ᠠᠵᠤ ᠠᠬᠤᠢ ᠶ᠋ᠢᠨ ᠳᠣᠲᠣᠭᠠᠳᠤ ᠱᠠᠭᠠᠷᠳᠠᠯᠭ᠎ᠠ ᠪᠣᠯᠬᠤ ᠪᠥᠭᠡᠳ ᠠᠵᠤ ᠠᠬᠤᠢ ᠵᠢᠨ ᠵᠥᠪ ᠡᠷᠭᠢᠯᠲᠡ ᠵᠢᠨ ᠦᠨᠳᠦᠰᠦᠨ ᠪᠠᠲᠤᠯᠠᠭ᠎ᠠ ᠮᠥᠨ᠃ ᠪᠢᠳᠡ ᠬᠠᠤᠯᠢ ᠪᠠᠷ ᠵᠠᠰᠠᠬᠤ ᠪᠠᠢᠭᠤᠯᠤᠯᠲᠠ ᠪᠠᠨ ᠦᠷᠭᠦᠯᠵᠢᠯᠡᠨ ᠴᠢᠩᠭᠠᠳᠭᠠᠵᠤ ᠂ ᠨᠡᠢᠭᠡᠮ ᠦ᠋ᠨ ᠲᠥᠪ ᠭᠣᠣᠯᠴᠢ ᠰᠢᠳᠤᠷᠭᠤ ᠶᠣᠰᠣ ᠶ᠋ᠢ ᠲᠠᠰᠤᠷᠠᠯᠲᠠ ᠦᠭᠡᠢ ᠠᠬᠢᠭᠤᠯᠳᠠᠭ ᠯᠠ ᠶᠤᠮ ᠪᠣᠯ ᠵᠠᠬ᠎ᠠ ᠳᠡᠯᠭᠡᠭᠦᠷ ᠤ᠋ᠨ ᠭᠣᠣᠯ ᠴᠣᠭᠴᠠ ᠨᠢ ᠡᠷᠬᠡ ᠲᠡᠭᠰᠢ ᠪᠡᠷ ᠥᠷᠢᠰᠦᠯᠳᠦᠵᠦ᠂《 ᠬᠤᠳᠠᠯᠳᠤᠭ᠎ᠠ ᠡᠷᠬᠢᠯᠡᠬᠦ ᠬᠠᠮᠤᠭ ᠤ᠋ᠨ ᠰᠠᠢᠨ ᠣᠷᠴᠢᠨ ᠲᠣᠭᠣᠷᠢᠨ》 ᠢ᠋ ᠪᠠᠢᠭᠤᠯᠵᠤ ᠴᠢᠳᠠᠬᠤ ᠪᠣᠯᠤᠨ᠎ᠠ᠃
ᠢᠷᠡᠯᠲᠡ ᠄ ᠠᠷᠠᠳ ᠤ᠋ᠨ ᠡᠳᠦᠷ ᠦ᠋ᠨ ᠰᠣᠨᠢᠨ
ᠦᠨᠡᠯᠡᠬᠦ 0ᠦᠨᠡᠯᠡᠯᠲᠡ᠎ᠲᠠᠢ