ᠨᠢᠯᠬ᠎ᠠ ᠬᠡᠦᠬᠡᠳ ᠤ᠋ᠨ ᠨᠠᠢᠷᠠᠯᠭ᠎ᠠ ᠲᠠᠢ ᠰᠦᠨ ᠲᠠᠯᠬ᠎ᠠ ᠨᠢ ᠡᠰᠡᠷᠭᠦᠴᠡᠬᠦ ᠴᠢᠳᠠᠪᠤᠷᠢ ᠵᠢ ᠨᠡᠮᠡᠭᠳᠡᠭᠦᠯᠬᠦ ᠵᠡᠷᠭᠡ ᠴᠢᠳᠠᠮᠵᠢ ᠵᠢᠨ ᠴᠢᠨᠠᠷᠲᠠᠢ ᠬᠦᠰᠦᠨᠦᠭᠲᠦ ᠵᠢ ᠲᠣᠳᠤᠷᠬᠠᠢ ᠪᠤᠶᠤ ᠳᠠᠯᠳᠠ ᠪᠡᠷ ᠢᠯᠡᠳᠭᠡᠵᠦ ᠪᠣᠯᠬᠤ ᠦᠭᠡᠢ
2020.06.10 ᠲᠣᠰ ᠥᠷᠲᠡᠭᠡᠨ᠎ᠦ ᠨᠠᠢᠷᠠᠭᠤᠯᠤᠭᠴᠢ

ᠨᠢᠯᠬ᠎ᠠ ᠬᠡᠦᠬᠡᠳ ᠦ᠋ᠨ ᠨᠠᠢᠷᠠᠯᠭ᠎ᠠ ᠲᠠᠢ ᠰᠦᠨ ᠲᠠᠯᠬ᠎ᠠ ᠶ᠋ᠢ ᠦᠢᠯᠡᠳᠬᠦᠨ ᠦ᠌ ᠱᠣᠱᠢᠭ᠎ᠠ ᠪᠣᠯᠤᠨ ᠲᠣᠳᠣᠷᠬᠠᠢᠯᠠᠯᠲᠠ ᠶ᠋ᠢᠨ ᠪᠢᠴᠢᠭ᠌ ᠲᠦ᠍ ᠬᠡᠦᠬᠡᠳ ᠤ᠋ᠨ ᠣᠶᠤᠨ ᠳ᠋ᠤ᠌ ᠲᠤᠰᠠᠲᠠᠢ ᠂ ᠡᠰᠡᠷᠭᠦᠴᠡᠬᠦ ᠬᠦᠴᠦᠨ ᠪᠤᠶᠤ ᠡᠭᠡᠯᠢᠯᠡᠬᠦ ᠴᠢᠳᠠᠪᠤᠷᠢ ᠵᠢ ᠨᠡᠮᠡᠭᠳᠡᠭᠦᠯᠬᠦ᠂ ᠭᠡᠳᠡᠰᠦ  ᠰᠢᠩᠭᠡᠭᠡᠯᠲᠡ ᠵᠢᠨ ᠰᠢᠰᠲ᠋ᠧᠮ ᠢ᠋  ᠬᠠᠮᠠᠭᠠᠯᠠᠬᠤ ᠵᠡᠷᠭᠡ ᠴᠢᠳᠠᠮᠵᠢ ᠶ᠋ᠢᠨ ᠴᠢᠨᠠᠷᠲᠠᠢ  ᠢᠯᠡᠳᠭᠡᠯᠲᠡ ᠬᠢᠵᠦ ᠪᠣᠯᠬᠤ ᠥᠬᠡᠢ ᠃ ᠣᠢᠷ᠎ᠠ ᠳ᠋ᠤ᠌  ᠤᠯᠤᠰ ᠤ᠋ᠨ ᠵᠠᠬ᠎ᠠ ᠳᠡᠯᠭᠡᠭᠦᠷ ᠦ᠋ᠨ ᠬᠢᠨᠠᠯᠲᠠ ᠬᠠᠮᠢᠶᠠᠷᠤᠯᠲᠠ ᠶ᠋ᠢᠨ ᠶᠡᠷᠦᠩᠬᠡᠢ ᠲᠣᠪᠴᠢᠶ᠎ᠠ ᠨᠢ 《 ᠨᠢᠯᠬ᠎ᠠ ᠬᠡᠦᠬᠡᠳ ᠦ᠋ᠨ ᠨᠠᠢᠷᠠᠯᠭ᠎ᠠ ᠲᠠᠢ ᠰᠦᠨ ᠲᠠᠯᠬ᠎ᠠ ᠶ᠋ᠢᠨ ᠦᠢᠯᠡᠳᠬᠦᠨ ᠦ᠌ ᠨᠠᠢᠷᠠᠯᠭ᠎ᠠ ᠵᠢ ᠳᠠᠩᠰᠠᠯᠠᠬᠤ ᠬᠠᠮᠢᠶᠠᠷᠤᠯᠲᠠ ᠶ᠋ᠢᠨ ᠠᠷᠭ᠎ᠠ (ᠰᠠᠨᠠᠯ ᠬᠤᠷᠢᠶᠠᠬᠤ ᠡᠬᠡ ᠨᠣᠣᠷᠠᠭ )》 ᠢ᠋ ᠨᠡᠢᠲᠡᠯᠡᠵᠦ ᠂ ᠨᠡᠢᠭᠡᠮ ᠡᠴᠡ ᠢᠯᠡ ᠪᠡᠷ ᠰᠠᠨᠠᠯ  ᠬᠤᠷᠢᠶᠠᠭᠰᠠᠨ ᠪᠠᠢᠨ᠎ᠠ᠃
   ᠰᠠᠨᠠᠯ ᠬᠤᠷᠢᠶᠠᠬᠤ ᠡᠬᠡ ᠨᠣᠣᠷᠠᠭ ᠲᠤ᠌ ᠨᠢᠯᠬ᠎ᠠ ᠬᠡᠦᠬᠡᠳ ᠦ᠋ᠨ ᠨᠠᠢᠷᠠᠯᠭ᠎ᠠ ᠲᠠᠢ ᠰᠦᠨ ᠲᠠᠯᠬ᠎ᠠ ᠶ᠋ᠢᠨ ᠶᠠᠰᠤ ᠴᠢᠨᠠᠷ ᠤ᠋ᠨ ᠠᠶᠤᠯ ᠥᠬᠡᠢ ᠶ᠋ᠢ ᠦᠨᠡᠨᠬᠦ ᠪᠠᠲᠤᠯᠠᠬᠤ ᠪᠠᠷ ᠤᠷᠢᠳᠠᠯ ᠪᠣᠯᠭᠠᠵᠤ ᠂ ᠦᠢᠯᠡᠳᠬᠦᠨ ᠦ᠌ ᠨᠠᠢᠷᠠᠯᠭ᠎ᠠ ᠶ᠋ᠢᠨ ᠰᠢᠨᠵᠢᠯᠡᠬᠦ ᠤᠬᠠᠭᠠᠨᠴᠢ ᠴᠢᠨᠠᠷ ᠂ ᠠᠶᠤᠯ ᠥᠬᠡᠢ ᠶ᠋ᠢᠨ ᠴᠢᠨᠠᠷ ᠤ᠋ᠨ ᠬᠢᠨᠠᠨ ᠪᠠᠢᠴᠠᠭᠠᠯᠲᠠ ᠶ᠋ᠢ ᠴᠢᠩᠭᠠᠷᠠᠭᠤᠯᠬᠤ ᠪᠡᠷ ᠲᠣᠭᠲᠠᠭᠰᠠᠨ ᠶᠤᠮ ᠃ ᠰᠠᠨᠠᠯ ᠬᠤᠷᠢᠶᠠᠬᠤ ᠨᠣᠣᠷᠠᠭ ᠲᠤ᠌ ᠢᠯᠡᠷᠬᠡᠢᠯᠡᠭᠰᠡᠨ ᠪᠡᠷ ᠂ ᠨᠢᠯᠬ᠎ᠠ ᠬᠡᠦᠬᠡᠳ ᠦ᠋ᠨ ᠨᠠᠢᠷᠠᠯᠭ᠎ᠠ ᠲᠠᠢ ᠰᠦᠨ ᠲᠠᠯᠬ᠎ᠠ ᠶ᠋ᠢᠨ ᠦᠢᠯᠡᠳᠬᠦᠨ ᠦ᠌ ᠳᠠᠩᠰᠠᠯᠠᠭᠤᠯᠬᠤ ᠬᠠᠮᠢᠶᠠᠷᠤᠯᠲᠠ ᠶ᠋ᠢᠨ ᠠᠷᠭ᠎ᠠ ᠶ᠋ᠢ 2016 ᠣᠨ ᠤ᠋ 10 ᠰᠠᠷ᠎ᠠ ᠳ᠋ᠤ᠌ ᠬᠡᠷᠡᠭᠵᠢᠭᠦᠯᠦᠭᠰᠡᠨ ᠡᠴᠡ ᠨᠠᠰᠢ ᠳᠡᠭᠡᠳᠦ ᠬᠡᠮᠵᠢᠶ᠎ᠡ ᠪᠡᠷ ᠠᠩᠬᠠᠷᠤᠯ ᠳ᠋ᠤ ᠪᠠᠨ  ᠠᠪᠴᠤ᠂ ᠨᠠᠢᠷᠠᠯᠭ᠎ᠠ ᠵᠢ ᠳᠠᠩᠰᠠᠯᠠᠵᠤ  ᠶᠠᠪᠤᠴᠠ ᠳ᠋ᠤ᠌᠂ ᠬᠡᠷᠬᠢᠨ ᠴᠢᠩᠭ᠎ᠠ ᠳᠠᠩᠰᠠᠯᠠᠵᠤ ᠂ ᠦᠯᠦ  ᠵᠥᠪᠰᠢᠶᠡᠷᠡᠬᠦ ᠪᠠᠢᠳᠠᠯ ᠵᠡᠷᠭᠡ ᠵᠢ ᠢᠯᠡᠷᠬᠡᠢ ᠲᠣᠳᠣᠷᠬᠠᠢᠯᠠᠭᠰᠠᠨ ᠪᠠᠢᠬᠤ ᠬᠡᠷᠡᠭᠲᠡᠢ ᠃
     ᠰᠠᠨᠠᠯ ᠬᠤᠷᠢᠶᠠᠬᠤ ᠡᠬᠡ ᠨᠣᠣᠷᠠᠭ ᠲᠤ ᠳᠠᠩᠰᠠᠯᠠᠬᠤ ᠶᠠᠪᠤᠴᠠ ᠶ᠋ᠢ ᠤᠯᠠᠮ ᠨᠢᠭᠡ ᠠᠯᠬᠤᠮ  ᠴᠢᠩᠭᠠᠳᠭᠠᠨ᠎ᠠ ᠃ 7 ᠵᠦᠢᠯ ᠦ᠋ᠨ ᠳᠠᠩᠰᠠᠯᠠᠭᠤᠯᠤᠭᠰᠠᠨ ᠦᠭᠡᠢ ᠪᠠᠢᠳᠠᠯ ᠢ᠋ ᠲᠣᠳᠣᠷᠬᠠᠢᠯᠠᠵᠤ ᠂ ᠲᠣᠭᠲᠠᠭᠠᠯ ᠠ᠋ᠴᠠ ᠵᠥᠷᠢᠴᠡᠭᠰᠡᠳ ᠢ᠋ ᠰᠢᠢᠳᠭᠡᠬᠦ ᠬᠦᠴᠦᠯᠡᠴᠡ ᠪᠠᠨ ᠤᠯᠠᠮ ᠨᠢᠭᠡ ᠠᠯᠬᠤᠮ ᠴᠢᠩᠭᠠᠷᠠᠭᠤᠯᠵᠤ ᠂ 《 ᠪᠠᠯᠠᠯᠤᠨ ᠵᠠᠰᠠᠬᠤ ᠂  ᠲᠦᠷᠢᠶᠡᠰᠦᠯᠡᠬᠦ ᠂ ᠵᠢᠭᠡᠯᠡᠭᠦᠯᠬᠦ ᠂ ᠰᠢᠯᠵᠢᠭᠦᠯᠦᠨ ᠥᠭᠬᠦ 》 ᠵᠡᠷᠭᠡ ᠬᠠᠤᠯᠢ ᠠ᠋ᠴᠠ ᠵᠥᠷᠢᠴᠡᠭᠰᠡᠨ ᠠᠵᠢᠯᠯᠠᠭ᠎ᠠ ᠳᠡᠬᠢ  ᠰᠢᠢᠳᠭᠡᠨ ᠲᠣᠷᠭᠤᠭᠠᠬᠤ ᠠᠷᠭ᠎ᠠ ᠬᠡᠮᠵᠢᠶ᠎ᠡ ᠵᠢ ᠴᠢᠩᠭᠠᠳᠭᠠᠨ᠎ᠠ᠃

 《 ᠨᠢᠯᠬ᠎ᠠ ᠬᠡᠦᠬᠡᠳ ᠦ᠋ᠨ ᠨᠠᠢᠷᠠᠯᠭ᠎ᠠ ᠲᠠᠢ ᠰᠦᠨ ᠲᠠᠯᠬ᠎ᠠ ᠶ᠋ᠢᠨ ᠦᠢᠯᠡᠳᠬᠦᠨ ᠦ᠌ ᠨᠠᠢᠷᠠᠯᠭ᠎ᠠ ᠵᠢ ᠳᠠᠩᠰᠠᠯᠠᠬᠤ ᠬᠠᠮᠢᠶᠠᠷᠤᠯᠲᠠ ᠶ᠋ᠢᠨ ᠠᠷᠭ᠎ᠠ (ᠰᠠᠨᠠᠯ ᠬᠤᠷᠢᠶᠠᠬᠤ ᠡᠬᠡ ᠨᠣᠣᠷᠠᠭ )》᠂ᠲᠣᠳᠤᠷᠬᠠᠢᠯᠠᠯᠲᠠ ᠵᠢᠨ ᠪᠢᠴᠢᠭ᠌ ᠤ᠋ᠨ ᠴᠠᠭᠠᠵᠠᠯᠠᠬᠤ ᠴᠢᠨᠠᠷᠲᠠᠶ ᠱᠠᠭᠠᠷᠳᠠᠯᠭ᠎ᠠ ᠃  ᠱᠣᠱᠢᠭ᠎ᠠ ᠪᠣᠯᠤᠨ ᠲᠣᠳᠣᠷᠬᠠᠢᠯᠠᠯᠲᠠ ᠶ᠋ᠢᠨ ᠪᠢᠴᠢᠭ᠌ ᠲᠦ᠍  ᠳᠣᠣᠷᠠᠬᠢ ᠵᠢᠭᠰᠠᠭᠠᠭᠰᠠᠨ ᠠᠭᠤᠯᠭ᠎ᠠ ᠪᠠᠢᠵᠤ ᠪᠣᠯᠬᠤ ᠦᠭᠡᠢ ᠄ ᠡᠪᠡᠳᠴᠢᠨ ᠡᠮᠭᠡᠭ ᠢ᠋ ᠤᠷᠢᠳᠴᠢᠯᠠᠨ ᠰᠡᠷᠭᠡᠢᠯᠡᠬᠦ ᠂ ᠡᠮᠨᠡᠨ ᠵᠠᠰᠠᠬᠤ ᠴᠢᠳᠠᠮᠵᠢ ᠲᠠᠢ  ᠬᠣᠯᠪᠤᠭᠳᠠᠬᠤ ᠠᠭᠤᠯᠭ᠎ᠠ᠂  ᠬᠡᠦᠬᠡᠳ ᠤ᠋ᠨ ᠣᠶᠤᠨ ᠳ᠋ᠤ ᠠᠰᠢᠭᠲᠠᠢ ᠂  ᠡᠪᠡᠳᠴᠢᠨ ᠢ᠋ ᠡᠰᠡᠷᠭᠦᠴᠡᠬᠦ ᠴᠢᠳᠠᠪᠤᠷᠢ ᠵᠢ ᠳᠡᠭᠭᠡᠰᠢᠯᠡᠭᠦᠯᠬᠦ᠂  ᠰᠢᠩᠭᠡᠭᠡᠯᠲᠡ ᠵᠢᠨ  ᠰᠢᠰᠲ᠋ᠧᠮ ᠢ᠋ ᠬᠠᠮᠠᠭᠠᠯᠠᠬᠤ ᠵᠡᠷᠭᠡ ᠴᠢᠳᠠᠪᠬᠢ ᠶ᠋ᠢᠨ ᠲᠣᠭᠠᠴᠢᠯᠲᠠ ᠃ ᠢᠳᠡᠭᠡᠨ ᠦ᠌ ᠠᠮᠤᠷ  ᠲᠦᠪᠰᠢᠨ ᠦ᠌ ᠪᠠᠷᠢᠮᠵᠢᠶ᠎ᠠ ᠶᠣᠰᠣᠭᠠᠷ ᠦᠢᠯᠡᠳᠬᠦᠨ ᠦ᠌ ᠨᠠᠢᠷᠠᠯᠭ᠎ᠠ ᠶ᠋ᠢᠨ ᠳᠤᠮᠳ ᠬᠡᠷᠡᠭᠯᠡᠬᠦ ᠦᠭᠡᠢ ᠪᠣᠳᠠᠰ ᠢ᠋ 《 ᠨᠡᠮᠡᠬᠦ ᠥᠬᠡᠢ 》 ᠂ 《  ᠠᠭᠤᠯᠠᠬᠤ ᠦᠭᠡᠢ 》 ᠂ 《 ᠲᠡᠭ ᠨᠡᠮᠡᠯᠲᠡ 》 ᠭᠡᠬᠦ ᠵᠡᠷᠭᠡ ᠦᠰᠦᠭ ᠢ᠋ᠶ᠋ᠡᠷ  ᠭᠣᠣᠯᠳᠠᠭᠤᠯᠤᠨ ᠢᠯᠡᠳᠭᠡᠵᠦ ᠪᠣᠯᠬᠤ ᠦᠭᠡᠢ᠃ ᠰᠢᠨᠵᠢᠯᠡᠬᠦ ᠤᠬᠠᠭᠠᠨ ᠤ᠋ ᠵᠠᠷᠴᠢᠮ ᠪᠤᠶᠤ ᠬᠠᠷᠢᠴᠠᠯᠠᠰᠢ ᠦᠭᠡᠢ ᠠᠭᠤᠯᠭ᠎ᠠ ᠶ᠋ᠢ ᠬᠠᠭᠤᠷᠮᠠᠭᠯᠠᠨ ᠂ ᠶᠡᠬᠡᠰᠭᠡᠵᠦ᠂ ᠲᠣᠢᠭᠦᠬᠡᠢ ᠮᠠᠲ᠋ᠸᠷᠢᠶᠠᠯ ᠤ᠋ᠨ ᠢᠷᠡᠯᠲᠡ ᠵᠢ 《 ᠭᠠᠳᠠᠭᠠᠳᠤ ᠠ᠋ᠴᠠ ᠣᠷᠤᠭᠤᠯᠤᠭᠰᠠᠨ ᠰᠦ᠋ 》 ᠂《 ᠭᠠᠳᠠᠭᠠᠳᠤ ᠶ᠋ᠢᠨ ᠮᠠᠯᠵᠢᠯ ᠤ᠋ᠨ ᠲᠠᠯᠠᠪᠠᠢ ᠠ᠋ᠴᠠ ᠡᠭᠦᠰᠦᠯ ᠲᠡᠢ 》 ᠂《  ᠡᠠᠮᠢ ᠡᠠᠬᠣᠢ ᠶ᠋ᠢᠨ ᠮᠠᠯᠵᠢᠯ ᠤ᠋ᠨ ᠲᠠᠯᠠᠪᠠᠢ 》᠂《 ᠭᠠᠳᠠᠭᠠᠳᠤ ᠠ᠋ᠴᠠ ᠡᠣᠷᠣᠭᠣᠯᠵᠣ ᠪᠠᠢᠭ᠎ᠠ ᠲᠣᠢᠭᠦᠬᠡᠢ ᠮᠠᠲ᠋ᠸᠷᠢᠶᠠᠯ 》 ᠂《  ᠪᠤᠬᠢᠷᠳᠤᠯ ᠦᠭᠡᠢ ᠰᠦ᠋ ᠵᠢᠨ ᠢᠷᠡᠯᠲᠡ 》 ᠵᠠᠷᠬᠡ᠎ ᠪᠠᠯᠠᠷᠬᠠᠢ ᠮᠠᠳᠠᠬᠡ᠎ ᠵᠠᠩᠭᠢ ᠪᠠᠢᠵᠤ ᠪᠣᠯᠬᠤ ᠦᠭᠡᠢ ᠃ ᠦᠢᠯᠡᠳᠬᠦᠨ ᠦ᠌ ᠨᠠᠢᠷᠠᠯᠭ᠎ᠠ ᠶ᠋ᠢᠨ ᠡᠲᠡᠭᠡᠳ ᠦ᠋ᠨ ᠳᠠᠩᠰᠠᠯᠠᠬᠤ ᠠᠭᠤᠯᠭ᠎ᠠ ᠲᠠᠢ  ᠨᠢᠭᠡᠲᠦᠯ ᠦᠭᠡᠢ ᠳᠠᠭᠤᠳᠠᠯᠭ᠎ᠠ᠂ ᠨᠢᠯᠬ᠎ᠠ ᠬᠡᠦᠬᠡᠳ ᠪᠣᠯᠤᠨ ᠡᠮᠡᠭᠲᠡᠢᠴᠦᠦᠳ ᠤ᠋ᠨ ᠬᠥᠷᠦᠭ 
ᠳᠦᠷᠰᠦ ᠢ᠋  ᠬᠡᠷᠡᠭᠯᠡᠨ᠂ 《ᠡᠬᠡ ᠶ᠋ᠢᠨ ᠰᠦ᠋ 》 ᠵᠡᠷᠭᠡ ᠡᠯᠳᠦᠪ  ᠵᠦᠢᠯ ᠤ᠋ᠨ  ᠨᠡᠷ᠎ᠡ ᠪᠡᠷ ᠢᠯᠡᠳᠭᠡᠵᠦ ᠪᠣᠯᠬᠤ ᠦᠭᠡᠢ᠃
ᠢᠷᠡᠯᠲᠡ ᠄  ᠰᠢᠨᠬᠤᠸᠠ ᠰᠦᠯᠵᠢᠶ᠎ᠡ

ᠦᠨᠡᠯᠡᠬᠦ 0ᠦᠨᠡᠯᠡᠯᠲᠡ᠎ᠲᠠᠢ


( ᠨᠧᠲ ᠨᠠᠢᠵᠠ ᠵᠢᠨ ᠦᠨᠡᠯᠡᠯᠲᠡ᠎ᠨᠢ ᠵᠦᠪᠭᠡᠨ ᠲᠡᠭᠦᠨ ᠊ᠤ᠌ ᠬᠤᠪᠢ ᠭᠦᠮᠦᠨ ᠊ᠤ᠌ ᠦᠵᠡᠯᠲᠡ ᠲᠡᠳᠦᠢ᠂ ᠲᠤᠰ ᠨᠧᠲ ᠦᠷᠳᠡᠭᠡ ᠲᠡᠭᠦᠨ ᠊ᠤ᠌ ᠦᠵᠡᠯᠲᠡ ᠵᠢ ᠵᠦᠪᠱᠢᠶᠡᠷᠡᠭᠰᠡᠨ ᠶᠠᠪᠤᠳᠠᠯ ᠤᠭᠳᠤ ᠪᠢᠱᠢ᠎ᠶᠤᠮ᠃ )