ᠠᠷᠠᠳ ᠤ᠋ᠨ ᠳᠡᠭᠡᠳᠦ ᠰᠢᠭᠦᠬᠦ ᠬᠣᠷᠢᠶ᠎ᠠ ᠤᠯᠤᠰ ᠤ᠋ᠨ ᠲᠥᠯᠦᠪᠦᠷᠢ ᠵᠢᠨ ᠰᠢᠨ᠎ᠡ ᠪᠠᠷᠢᠮᠵᠢᠶ᠎ᠠ ᠵᠢ ᠨᠡᠢᠲᠡᠯᠡᠵᠦ ᠠᠷᠠᠳ ᠢᠷᠭᠡᠨ ᠤ᠋ ᠪᠡᠶ᠎ᠡ ᠵᠢᠨ ᠡᠷᠬᠡ ᠴᠢᠯᠦᠭᠡᠨ ᠤ᠋ ᠡᠷᠬᠡ ᠳ᠋ᠤ ᠬᠠᠯᠳᠠᠭᠰᠠᠨ ᠲᠥᠯᠦᠪᠦᠷᠢ ᠵᠢᠨ ᠮᠥᠩᠭᠦ ᠵᠢᠨ ᠪᠠᠷᠢᠮᠵᠢᠶ᠎ᠠ ᠨᠢ ᠡᠳᠦᠷ ᠪᠦᠷᠢ315.94ᠲᠥᠭᠦᠷᠢᠭ ᠪᠣᠯᠤᠨ᠎ᠠ
2020.06.11 ᠲᠣᠰ ᠥᠷᠲᠡᠭᠡᠨ ᠦ ᠨᠠᠢᠷᠠᠭᠤᠯᠤᠭᠴᠢ

ᠠᠷᠠᠳ ᠤ᠋ᠨ ᠳᠡᠭᠡᠳᠦ ᠰᠢᠭᠦᠬᠦ ᠬᠣᠷᠢᠶ᠎ᠠ 5 ᠰᠠᠷ᠎ᠠ ᠶ᠋ᠢᠨ 15 ᠤ᠋ ᠡᠳᠦᠷ ᠮᠡᠳᠡᠭᠳᠡᠯ ᠪᠠᠭᠤᠯᠭᠠᠵᠤ ᠂ 2019 ᠣᠨ ᠤ᠋ 5 ᠰᠠᠷ᠎ᠠ ᠶ᠋ᠢᠨ 15 ᠤ᠋ ᠡᠳᠦᠷ ᠡᠴᠡ ᠡᠬᠢᠯᠡᠨ ᠭᠠᠷᠭᠠᠭᠰᠠᠨ ᠤᠯᠤᠰ ᠤ᠋ᠨ ᠲᠥᠯᠥᠪᠦᠷᠢ ᠶ᠋ᠢᠨ ᠲᠣᠭᠲᠠᠭᠠᠯ ᠵᠢᠴᠢ ᠠᠷᠠᠳ ᠢᠷᠭᠡᠳ ᠦ᠋ᠨ ᠪᠡᠶ᠎ᠡ ᠶ᠋ᠢᠨ ᠡᠷᠬᠡ ᠴᠢᠯᠥᠭᠡ ᠳ᠋ᠦ᠍ ᠬᠠᠯᠳᠠᠭᠰᠠᠨ ᠲᠥᠯᠥᠪᠦᠷᠢ ᠮᠥᠩᠭᠥ ᠶ᠋ᠢᠨ ᠪᠠᠷᠢᠮᠵᠢᠶ᠎ᠠ ᠨᠢ ᠡᠳᠦᠷ ᠪᠦᠷᠢ 3 15 . 94 ᠲᠥᠭᠥᠷᠢᠭ ᠪᠣᠯᠤᠨ᠎ᠠ ᠭᠡᠵᠦ ᠨᠡᠢᠲᠡᠯᠡᠪᠡ ᠃
     ᠤᠯᠤᠰ ᠤ᠋ᠨ ᠲᠣᠭ᠎ᠠ ᠪᠦᠷᠢᠳᠬᠡᠯ ᠤ᠋ᠨ ᠲᠣᠪᠴᠢᠶ᠎ᠠ 2019 ᠣᠨ ᠤ᠋ 5 ᠰᠠᠷ᠎ᠠ  ᠵᠢᠨ 14 ᠤ᠋ ᠡᠳᠦᠷ ᠨᠡᠢᠲᠡᠯᠡᠭᠰᠡᠨ ᠨᠢ ᠂ 2018 ᠣᠨ  ᠤ᠋ ᠪᠥᠬᠥ ᠤᠯᠤᠰ  ᠤ᠋ᠨ ᠬᠣᠲᠠ ᠪᠠᠯᠭᠠᠰᠤᠨ ᠤ᠋ ᠬᠤᠪᠢ  ᠵᠢᠨ ᠡᠵᠡᠩᠨᠡᠯᠲᠡ ᠵᠢᠨ ᠪᠤᠰᠤ ᠨᠢᠭᠡᠴᠡ ᠵᠢᠨ ᠠᠵᠢᠯ ᠣᠯᠤᠭᠰᠠᠳ  ᠤ᠋ᠨ ᠵᠢᠯ ᠤ᠋ᠨ ᠳᠤᠮᠳᠠᠴᠢ ᠴᠠᠯᠢᠩ ᠤ᠋ᠨ ᠲᠣᠭ᠎ᠠ 82461 ᠲᠥᠭᠥᠷᠢᠭ ᠪᠣᠯᠤᠨ᠎ᠠ ︔ᠳᠤᠮᠳᠠᠴᠢ ᠡᠳᠦᠷ  ᠤ᠋ᠨ  ᠴᠠᠯᠢᠩ ᠨᠢ 315.94 ᠲᠥᠭᠥᠷᠢᠭ ᠪᠣᠯᠤᠨ᠎ᠠ ᠃
    ᠤᠯᠤᠰ ᠤ᠋ᠨ ᠲᠥᠯᠥᠪᠦᠷᠢ ᠶ᠋ᠢᠨ ᠬᠠᠤᠯᠢ ᠳ᠋ᠤ᠌ ᠲᠣᠭᠲᠠᠭᠠᠭᠰᠠᠨ ᠢ᠋ᠢᠠᠷ ᠄《ᠠᠷᠠᠳ ᠢᠷᠭᠡᠳ ᠦ᠋ᠨ ᠪᠡᠶ᠎ᠡ ᠶ᠋ᠢᠨ ᠡᠷᠬᠡ ᠴᠢᠯᠥᠭᠡᠨ ᠳ᠋ᠦ᠍ ᠬᠠᠯᠳᠠᠭᠰᠠᠨ ᠪᠠᠢᠪᠠᠯ ᠡᠳᠦᠷ ᠪᠦᠷᠢ ᠶ᠋ᠢᠨ ᠲᠥᠯᠥᠪᠦᠷᠢ ᠶ᠋ᠢᠨ ᠮᠥᠩᠭᠥ ᠶ᠋ᠢ ᠤᠯᠤᠰ ᠤ᠋ᠨ ᠲᠦᠷᠦᠭᠦᠦ ᠵᠢᠯ ᠦ᠋ᠨ ᠠᠵᠢᠯᠴᠢᠨ ᠤ᠋ ᠡᠳᠦᠷ ᠦ᠋ᠨ ᠳᠤᠮᠳᠠᠴᠢ ᠴᠠᠯᠢᠩ ᠢ᠋ᠶ᠋ᠠᠷ ᠪᠣᠳᠣᠨ᠎ᠠ 》᠃ ᠠᠷᠠᠳ ᠤ᠋ᠨ ᠳᠡᠭᠡᠳᠦ ᠰᠢᠭᠦᠬᠦ ᠬᠣᠷᠢᠶ᠎ᠠ ᠠ᠋ᠴᠠ ᠡᠯ᠎ᠡ ᠱᠠᠲᠤᠨ ᠤ᠋ ᠠᠷᠠᠳ ᠤ᠋ᠨ  ᠰᠢᠭᠦᠬᠦ ᠬᠣᠷᠢᠶ᠎ᠠ ᠶ᠋ᠢ 《 ᠠᠷᠠᠳ ᠤ᠋ᠨ ᠳᠡᠭᠡᠳᠦ  ᠰᠢᠭᠦᠬᠦ ᠬᠣᠷᠢᠶ᠎ᠠ ᠂ ᠠᠷᠠᠳ ᠤ᠋ᠨ ᠳᠡᠭᠡᠳᠦ ᠪᠠᠢᠴᠠᠭᠠᠬᠤ ᠬᠣᠷᠢᠶᠠᠨ ᠤ᠋ ᠡᠷᠡᠭᠦᠦ ᠶ᠋ᠢᠨ ᠬᠡᠷᠡᠭ ᠦ᠋ᠨ ᠲᠥᠯᠥᠪᠦᠷᠢ ᠶ᠋ᠢᠨ ᠬᠡᠷᠡᠭ ᠢ᠋  ᠰᠢᠢᠳᠪᠦᠷᠢᠯᠡᠬᠦ ᠳ᠋ᠦ᠍ ᠬᠠᠤᠯᠢ ᠴᠠᠭᠠᠵᠠ ᠶ᠋ᠢ ᠬᠡᠷᠡᠭᠯᠡᠬᠦ ᠠᠰᠠᠭᠤᠳᠠᠯ ᠤ᠋ᠳ ᠤ᠋ᠨ ᠲᠤᠬᠠᠢ ᠲᠠᠢᠯᠪᠤᠷᠢᠯᠠᠯᠲᠠ 》ᠶ᠋ᠢᠨ ᠬᠣᠷᠢᠨ ᠨᠢᠭᠡᠳᠦᠭᠡᠷ  ᠵᠤᠷᠪᠤᠰ ᠦ᠋ᠨ ᠬᠣᠶᠠᠳᠤᠭᠠᠷ ᠪᠠᠳᠠᠭ ᠤ᠋ᠨ ᠲᠣᠭᠲᠠᠭᠠᠯ ᠶᠣᠰᠣᠭᠠᠷ ᠂ 2019 ᠣᠨ ᠤ᠋ 5 ᠰᠠᠷ᠎ᠠ ᠶ᠋ᠢᠨ 15 ᠤ᠋ ᠡᠳᠦᠷ ᠡᠴᠡ ᠡᠬᠢᠯᠡᠨ ᠤᠯᠤᠰ ᠤ᠋ᠨ ᠲᠥᠯᠥᠪᠦᠷᠢ ᠶ᠋ᠢᠨ ᠬᠡᠷᠡᠭ ᠢ᠋  ᠰᠢᠭᠦᠬᠦ ᠳ᠋ᠦ᠍ ᠳᠡᠭᠡᠷ᠎ᠡ ᠳᠤᠷᠠᠳᠤᠭᠰᠠᠨ ᠪᠠᠷᠢᠮᠵᠢᠶ᠎ᠠ ᠪᠠᠷ ᠭᠦᠢᠴᠡᠳᠭᠡᠬᠦ ᠬᠡᠷᠡᠭᠲᠡᠢ ᠃ (ᠰᠤᠷᠪᠤᠯᠵᠢᠯᠠᠭᠴᠢ ᠰᠦᠨ ᠬᠠᠩ)
 ᠢᠷᠡᠯᠲᠡ ᠄ ᠠᠷᠠᠳ ᠤ᠋ᠨ  ᠰᠢᠭᠦᠬᠦ ᠬᠣᠷᠢᠶᠠᠨ ᠤ᠋ ᠰᠣᠨᠢᠨ ᠮᠡᠳᠡᠭᠡ ᠵᠠᠭᠤᠴᠢᠯᠠᠭᠤᠷ ᠤ᠋ᠨ ᠶᠡᠷᠦᠩᠬᠡᠢ ᠬᠣᠷᠢᠶ᠎ᠠ

 

ᠦᠨᠡᠯᠡᠬᠦ 0ᠦᠨᠡᠯᠡᠯᠲᠡ ᠲᠠᠢ


( ᠨᠧᠲ ᠨᠠᠢᠵᠠ ᠵᠢᠨ ᠦᠨᠡᠯᠡᠯᠲᠡ ᠨᠢ ᠵᠦᠪᠭᠡᠨ ᠲᠡᠭᠦᠨ ᠊ᠤ᠌ ᠬᠤᠪᠢ ᠭᠦᠮᠦᠨ ᠊ᠤ᠌ ᠦᠵᠡᠯᠲᠡ ᠲᠡᠳᠦᠢ᠂ ᠲᠤᠰ ᠨᠧᠲ ᠦᠷᠳᠡᠭᠡ ᠲᠡᠭᠦᠨ ᠊ᠤ᠌ ᠦᠵᠡᠯᠲᠡ ᠵᠢ ᠵᠦᠪᠰᠢᠶᠡᠷᠡᠭᠰᠡᠨ ᠶᠠᠪᠤᠳᠠᠯ ᠤᠭᠳᠤ ᠪᠢᠰᠢ ᠶᠤᠮ᠃ )