ᠮᠠᠨ ᠤ᠋ ᠤᠯᠤᠰ ᠤ᠋ᠨ ᠠᠩᠬᠠᠳᠠᠭᠴᠢ ᠲᠠᠷᠢᠯᠭ᠎ᠠ ᠵᠢᠨ ᠬᠠᠮᠢᠶᠠᠷᠤᠯᠲᠠ ᠵᠢᠨ ᠬᠠᠤᠯᠢ ᠪᠠᠲᠤᠯᠠᠭᠳᠠᠪᠠ
2020.06.11 ᠲᠣᠰ ᠥᠷᠲᠡᠭᠡᠨ᠎ᠦ ᠨᠠᠢᠷᠠᠭᠤᠯᠤᠭᠴᠢ

     6 ᠰᠠᠷ᠎ᠠ ᠶ᠋ᠢᠨ 29 ᠦ᠌ ᠡᠳᠦᠷ ᠦ᠋ᠨ ᠦᠳᠡ ᠶ᠋ᠢᠨ ᠬᠣᠢᠨ᠎ᠠ ᠂ ᠠᠷᠪᠠᠨ ᠭᠤᠷᠪᠠᠳᠤᠭᠠᠷ ᠬᠤᠭᠤᠴᠠᠭᠠᠨ ᠤ᠋ ᠪᠦᠬᠦ ᠤᠯᠤᠰ ᠤ᠋ᠨ ᠠᠷᠠᠳ ᠤ᠋ᠨ ᠲᠥᠯᠥᠭᠡᠯᠡᠭᠴᠢᠳ ᠦ᠋ᠨ ᠶᠡᠬᠡ ᠬᠤᠷᠠᠯ ᠤ᠋ᠨ ᠪᠠᠢᠩᠭᠤ ᠶ᠋ᠢᠨ ᠬᠣᠷᠢᠶᠠᠨ ᠤ᠋ ᠠᠷᠪᠠᠨ ᠨᠢᠭᠡᠳᠦᠭᠡᠷ ᠬᠤᠷᠠᠯᠳᠤᠭᠠᠨ ᠠ᠋ᠴᠠ  ᠲᠠᠷᠢᠯᠭ᠎ᠠ ᠵᠢᠨ ᠬᠠᠮᠢᠶᠠᠷᠤᠯᠲᠠ ᠶ᠋ᠢᠨ ᠬᠠᠤᠯᠢ ᠶ᠋ᠢ  ᠪᠠᠲᠤᠯᠠᠵᠤ᠂ 2019 ᠣᠨ ᠤ᠋ 12 ᠰᠠᠷ᠎ᠠ ᠶ᠋ᠢᠨ 1 ᠦ᠌ ᠡᠳᠦᠷ ᠡᠴᠡ ᠡᠬᠢᠯᠡᠨ ᠬᠡᠷᠡᠭᠵᠢᠭᠦᠯᠬᠦ ᠪᠡᠷ ᠲᠣᠭᠲᠠᠪᠠ ᠃ ᠡᠨᠡ ᠪᠣᠯ ᠮᠠᠨ ᠤ᠋ ᠤᠯᠤᠰ ᠤ᠋ᠨ ᠠᠩᠬᠠᠳᠠᠭᠴᠢ  ᠲᠠᠷᠢᠯᠭ᠎ᠠ ᠵᠢᠨ ᠬᠠᠮᠢᠶᠠᠷᠤᠯᠲᠠ ᠵᠢᠨ ᠲᠤᠰᠭᠠᠢ ᠬᠠᠤᠯᠢ ᠴᠠᠭᠠᠵᠠ ᠪᠣᠯᠤᠨ᠎ᠠ ᠃
       ᠡᠨᠡ ᠬᠦ᠌ ᠬᠠᠤᠯᠢ ᠨᠢ ᠨᠡᠢᠲᠡ 11 ᠪᠦᠯᠦᠭ ᠨᠢᠭᠡ ᠵᠠᠭᠤᠨ ᠵᠤᠷᠪᠤᠰ ᠪᠠᠢᠵᠤ ᠂ ᠲᠠᠷᠢᠯᠭ᠎ᠠ ᠵᠢᠨ ᠰᠤᠳᠤᠯᠤᠨ ᠦᠢᠯᠡᠳᠬᠦ ᠪᠠ ᠳᠠᠩᠰᠠᠯᠠᠬᠤ ᠂ ᠲᠠᠷᠢᠯᠭ᠎ᠠ ᠵᠢᠨ ᠦᠢᠯᠡᠳᠪᠦᠷᠢᠯᠡᠯ ᠪᠠ  ᠭᠠᠷ ᠤ᠋ᠨ ᠥᠰᠥᠭ ᠵᠢᠷᠤᠵᠤ ᠲᠠᠷᠬᠠᠭᠠᠬᠤ ᠂  ᠲᠠᠷᠢᠯᠭ᠎ᠠ ᠵᠢᠨ ᠭᠦᠢᠯᠭᠡᠭᠡᠨ ᠂ ᠤᠷᠢᠳᠴᠢᠯᠠᠨ ᠰᠡᠷᠭᠡᠢᠯᠡᠵᠦ ᠲᠠᠷᠢᠯᠭ᠎ᠠ ᠲᠠᠷᠢᠬᠤ ᠂ ᠬᠡᠪ ᠦ᠋ᠨ ᠪᠤᠰᠤ ᠲᠤᠰᠭᠠᠯ ᠢ᠋ ᠬᠢᠨᠠᠨ ᠬᠡᠮᠵᠢᠬᠦ ᠪᠠ ᠰᠢᠢᠳᠪᠦᠷᠢᠯᠡᠬᠦ ᠂ ᠲᠠᠷᠢᠯᠭ᠎ᠠ ᠵᠢᠨ ᠵᠠᠬ᠎ᠠ ᠳᠡᠯᠭᠡᠭᠦᠷ ᠲᠦ᠍ ᠭᠠᠷᠤᠭᠰᠠᠨ ᠤ᠋ ᠳᠠᠷᠠᠭᠠᠬᠢ ᠬᠠᠮᠢᠶᠠᠷᠤᠯᠲᠠ ᠂ ᠪᠠᠲᠤᠯᠠᠭ᠎ᠠ ᠶ᠋ᠢᠨ ᠠᠷᠭ᠎ᠠ ᠬᠡᠮᠵᠢᠶ᠎ᠡ ᠂ ᠬᠢᠨᠠᠯᠲᠠ ᠬᠠᠮᠢᠶᠠᠷᠤᠯᠲᠠ ᠪᠠ ᠬᠠᠤᠯᠢ ᠴᠠᠭᠠᠵᠠ ᠶ᠋ᠢᠨ ᠬᠠᠷᠢᠭᠤᠴᠠᠯᠭ᠎ᠠ ᠵᠡᠷᠭᠡ ᠲᠠᠯ᠎ᠠ ᠳ᠋ᠤ ᠲᠣᠳᠣᠷᠬᠠᠢ ᠲᠣᠭᠲᠠᠭᠠᠯ ᠭᠠᠷᠭᠠᠭᠰᠠᠨ ᠪᠠᠢᠨ᠎ᠠ ᠃
      ᠬᠠᠮᠤᠭ ᠤ᠋ᠨ ᠴᠢᠩᠭ᠎ᠠ ᠬᠠᠮᠢᠶᠠᠷᠤᠯᠲᠠ ᠶ᠋ᠢᠨ ᠳᠦᠷᠢᠮ
      ᠲᠠᠷᠢᠯᠭ᠎ᠠ ᠵᠢᠨ ᠬᠠᠮᠢᠶᠠᠷᠤᠯᠲᠠ ᠶ᠋ᠢᠨ ᠬᠠᠤᠯᠢ ᠳ᠋ᠤ᠌ ᠢᠯᠡᠷᠬᠡᠢ ᠲᠣᠭᠲᠠᠭᠠᠭᠰᠠᠨ ᠨᠢ ᠄ ᠤᠯᠤᠰ ᠠ᠋ᠴᠠ ᠲᠠᠷᠢᠯᠭ᠎ᠠ ᠳ᠋ᠤ ᠬᠠᠮᠤᠭ ᠤ᠋ᠨ ᠴᠢᠩᠭ᠎ᠠ ᠬᠠᠮᠢᠶᠠᠷᠬᠤ ᠳᠦᠷᠢᠮ ᠢ᠋ ᠬᠡᠷᠡᠭᠵᠢᠭᠦᠯᠵᠦ᠂ ᠠᠮᠤᠷ  ᠲᠦᠪᠰᠢᠨ ᠢ᠋ ᠲᠡᠷᠢᠭᠦᠨ ᠳ᠋ᠦ᠍ ᠲᠠᠯᠪᠢᠬᠤ᠂ ᠠᠶᠤᠯ ᠲᠦᠭᠰᠢᠭᠦᠷᠢ ᠶ᠋ᠢ ᠬᠠᠮᠢᠶᠠᠷᠬᠤ᠂ ᠪᠦᠬᠦ ᠶᠠᠪᠤᠴᠠ ᠶ᠋ᠢ ᠬᠠᠮᠢᠶᠠᠷᠤᠨ ᠡᠵᠡᠮᠳᠡᠬᠦ᠂  ᠰᠢᠨᠵᠢᠯᠡᠬᠦ ᠤᠬᠠᠭᠠᠨᠴᠢ ᠪᠠᠷ ᠬᠢᠨᠠᠯᠲᠠ ᠲᠠᠯᠪᠢᠬᠤ᠂ ᠨᠡᠢᠭᠡᠮ ᠨᠡᠢᠲᠡ ᠪᠡᠷ ᠢ᠋ᠶ᠋ᠡᠨ ᠬᠠᠮᠲᠤᠪᠠᠷ ᠵᠠᠰᠠᠬᠤ ᠶ᠋ᠢ ᠪᠠᠷᠢᠮᠲᠠᠯᠠᠨ᠎ᠠ᠃
      ᠲᠠᠷᠢᠯᠭ᠎ᠠ ᠵᠢᠨ ᠬᠠᠮᠢᠶᠠᠷᠤᠯᠲᠠ ᠳ᠋ᠤ ᠲᠤᠰᠭᠠᠢ ᠬᠠᠤᠯᠢ ᠲᠣᠭᠲᠠᠭᠠᠬᠤ ᠨᠢ᠂ ᠰᠢᠰᠲ᠋ᠧᠮᠵᠢᠭᠰᠡᠨ᠂ ᠬᠡᠯᠬᠢᠶᠡᠴᠢᠯᠡᠭᠰᠡᠨ ᠬᠠᠮᠢᠶᠠᠷᠤᠯᠲᠠ ᠵᠢᠨ ᠳᠦᠷᠢᠮ ᠢ᠋  ᠪᠠᠢᠭᠤᠯᠬᠤ ᠳ᠋ᠤ ᠠᠰᠢᠭᠲᠠᠢ ᠶᠤᠮ᠃
          ᠬᠠᠮᠤᠭ ᠤ᠋ᠨ ᠴᠢᠩᠭ᠎ᠠ ᠬᠢᠨᠠᠨ ᠬᠠᠮᠢᠶᠠᠷᠤᠯᠲᠠ ᠶᠠᠪᠤᠭᠳᠠᠭᠤᠯᠬᠤ ᠶ᠋ᠢᠨ ᠲᠤᠰᠠᠳᠠ ᠂ ᠤᠯᠤᠰ ᠠ᠋ᠴᠠ ᠲᠠᠷᠢᠯᠭ᠎ᠠ ᠵᠢᠨ ᠬᠠᠮᠢᠶᠠᠷᠤᠯᠲᠠ ᠶ᠋ᠢᠨ ᠬᠠᠤᠯᠢ ᠳ᠋ᠤ᠌ ᠳᠤᠷᠠᠳᠤᠭᠰᠠᠨ ᠨᠢ ᠂ ᠤᠯᠤᠰ ᠠ᠋ᠴᠠ ᠲᠠᠷᠢᠯᠭ᠎ᠠ ᠵᠢᠨ ᠦᠢᠯᠡᠳᠪᠦᠷᠢᠯᠡᠯ ᠳ᠋ᠦ᠍ ᠴᠢᠩᠭ᠎ᠠ ᠵᠥᠪᠰᠢᠶᠡᠷᠡᠨ ᠣᠷᠣᠭᠤᠯᠬᠤ ᠳᠦᠷᠢᠮ ᠢ᠋ ᠬᠡᠷᠡᠭᠵᠢᠭᠦᠯᠦᠨ᠎ᠡ ᠃ᠲᠠᠷᠢᠯᠭ᠎ᠠ  ᠵᠢᠨ ᠦᠢᠯᠡᠳᠪᠦᠷᠢᠯᠡᠯ ᠤ᠋ᠨ ᠠᠵᠢᠯ ᠢ᠋ ᠬᠢᠬᠦ ᠳ᠋ᠤ᠂ ᠮᠣᠵᠢ ᠶ᠋ᠢᠨ ᠱᠠᠲᠤᠨ ᠠ᠋ᠴᠠ ᠳᠡᠭᠡᠭᠰᠢᠬᠢ ᠠᠷᠠᠳ ᠤ᠋ᠨ ᠵᠠᠰᠠᠭ ᠤ᠋ᠨ ᠣᠷᠳᠣᠨ ᠤ᠋ ᠡᠮ ᠦ᠋ᠨ ᠵᠦᠢᠯ ᠢ᠋ ᠬᠢᠨᠠᠨ ᠬᠠᠮᠢᠶᠠᠷᠬᠤ ᠰᠠᠯᠠᠭ᠎ᠠ ᠮᠥᠴᠢᠷ ᠢ᠋ᠶ᠋ᠡᠷ  ᠵᠥᠪᠰᠢᠶᠡᠷᠡᠭᠦᠯᠵᠦ ᠂ ᠡᠮ ᠦ᠋ᠨ ᠵᠦᠢᠯ ᠢ᠋ ᠦᠢᠯᠡᠳᠪᠦᠷᠢᠯᠡᠬᠦ  ᠵᠥᠪᠰᠢᠶᠡᠷᠡᠯ ᠦ᠋ᠨ ᠦᠨᠡᠮᠯᠡᠯᠤᠯᠬᠤ ᠵᠢ ᠱᠠᠭᠠᠷᠳᠠᠬᠤ ᠬᠡᠷᠡᠭᠲᠡᠢ ᠃  ᠲᠠᠷᠢᠯᠭ᠎ᠠ ᠵᠢ ᠵᠠᠬ᠎ᠠ ᠳᠡᠯᠭᠡᠭᠦᠷ ᠲᠦ᠍ ᠭᠠᠷᠭᠠᠬᠤ  ᠵᠥᠪᠰᠢᠶᠡᠷᠡᠯ ᠤ᠋ᠨ ᠡᠵᠡᠮᠰᠢᠴᠢ ᠶ᠋ᠢᠨ ᠬᠠᠤᠯᠢ ᠪᠠᠷ ᠲᠣᠭᠲᠠᠭᠠᠭᠰᠠᠨ ᠲᠥᠯᠥᠭᠡᠯᠡᠭᠴᠢ ᠂ ᠭᠣᠣᠯ ᠬᠠᠷᠢᠭᠤᠴᠠᠯᠭᠠᠲᠠᠨ ᠨᠢ ᠰᠠᠢᠨ ᠢᠲᠡᠭᠡᠮᠵᠢ ᠶ᠋ᠢᠨ ᠲᠡᠮᠳᠡᠭᠯᠡᠯ ᠲᠡᠢ ᠂ ᠦᠢᠯᠡᠳᠪᠦᠷᠢᠯᠡᠯ ᠬᠠᠮᠢᠶᠠᠷᠤᠯᠲᠠ ᠶ᠋ᠢᠨ ᠬᠠᠷᠢᠭᠤᠴᠠᠯᠭᠠᠲᠠᠨ ᠵᠡᠷᠭᠡ ᠵᠠᠩᠭᠢᠯᠠᠭ᠎ᠠ ᠶ᠋ᠢᠨ ᠠᠵᠢᠯ ᠤ᠋ᠨ ᠪᠠᠢᠷᠢ ᠶ᠋ᠢᠨ ᠬᠥᠮᠦᠰ ᠦ᠋ᠨ ᠬᠠᠮᠢᠶ᠎ᠠ ᠪᠦᠬᠦᠢ ᠲᠤᠰᠭᠠᠢ ᠮᠡᠷᠭᠡᠵᠢᠯ ᠦ᠋ᠨ ᠠᠷᠤ ᠦᠵᠡᠭᠳᠡᠯ ᠪᠠ ᠠᠵᠢᠯ ᠡᠷᠬᠢᠯᠡᠭᠰᠡᠨ ᠥᠩᠭᠡᠷᠡᠯᠲᠡ ᠲᠡᠢ ᠪᠠᠢᠬᠤ ᠶ᠋ᠢ ᠱᠠᠭᠠᠷᠳᠠᠨ᠎ᠠ ᠃
      ᠡᠭᠦᠨ ᠡᠴᠡ ᠭᠠᠳᠠᠨ᠎ᠠ ᠪᠠᠰᠠ ᠲᠠᠷᠢᠯᠭ᠎ᠠ ᠵᠢᠨ ᠴᠤᠬᠤᠯᠠᠪᠤᠷᠢ ᠳ᠋ᠤ ᠭᠠᠷ ᠤ᠋ᠨ ᠦᠰᠦᠭ ᠵᠢᠷᠤᠵᠤ ᠶᠠᠪᠤᠭᠳᠠᠭᠤᠯᠬᠤ ᠳᠦᠷᠢᠮ ᠂ ᠲᠠᠷᠢᠯᠭ᠎ᠠ ᠵᠢᠨ ᠬᠠᠷᠢᠭᠤᠴᠠᠯᠭ᠎ᠠ ᠶ᠋ᠢᠨ ᠠᠯᠪᠠᠳᠠᠯᠭ᠎ᠠ ᠶ᠋ᠢᠨ ᠳᠠᠭᠠᠳᠭᠠᠯ ᠤ᠋ᠨ ᠲᠣᠢᠷᠢᠮ  ᠵᠢ ᠬᠡᠷᠡᠭᠵᠢᠭᠦᠯᠦᠨ᠎ᠡ︔  ᠲᠠᠷᠢᠯᠭ᠎ᠠ ᠵᠢᠨ ᠡᠮᠴᠢᠯᠡᠭᠡᠨ ᠦ᠌  ᠲᠤᠷᠰᠢᠯᠲᠠ ᠶ᠋ᠢ  ᠲᠣᠭᠲᠠᠭᠠᠯ ᠳ᠋ᠤ  ᠨᠡᠢᠣᠡᠭᠰᠡᠨ ᠭᠤᠷᠪᠠᠳᠤᠭᠠᠷ ᠳᠡᠰ ᠦ᠋ᠨ ᠡᠮᠴᠢᠯᠡᠭᠡᠨ ᠦ᠌ ᠪᠠᠢᠭᠤᠯᠤᠮᠵᠢ ᠪᠤᠶᠤ ᠮᠣᠵᠢ ᠶ᠋ᠢᠨ ᠱᠠᠲᠤᠨ ᠠ᠋ᠴᠠ  ᠳᠡᠭᠡᠭᠰᠢᠬᠢ ᠡᠪᠡᠳᠴᠢᠨ ᠡᠮᠭᠡᠭ ᠢ᠋ ᠰᠡᠷᠭᠡᠢᠯᠡᠨ ᠬᠢᠵᠠᠭᠠᠷᠯᠠᠬᠤ ᠪᠠᠢᠭᠤᠯᠤᠮᠵᠢ ᠠ᠋ᠴᠠ ᠬᠢᠬᠦ ᠪᠤᠶᠤ ᠵᠣᠬᠢᠶᠠᠨ ᠪᠠᠢᠭᠤᠯᠬᠤ ᠬᠡᠷᠡᠭᠲᠡᠢ ᠃
    ᠡᠯ᠎ᠡ ᠲᠠᠯ᠎ᠠ ᠶ᠋ᠢᠨ ᠬᠠᠷᠢᠭᠤᠴᠠᠯᠭ᠎ᠠ ᠶ᠋ᠢ ᠲᠣᠳᠣᠷᠬᠠᠢ ᠨᠠᠢᠳᠠᠪᠤᠷᠢᠵᠢᠭᠤᠯᠬᠤ
     ᠲᠠᠷᠢᠯᠭ᠎ᠠ ᠵᠢ ᠰᠤᠳᠤᠯᠤᠨ ᠦᠢᠯᠡᠳᠬᠦ ᠂ ᠦᠢᠯᠡᠳᠪᠦᠷᠢᠯᠡᠬᠦ ᠂ ᠭᠦᠢᠯᠭᠡᠭᠡᠬᠦ ᠂ ᠤᠷᠢᠳᠴᠢᠯᠠᠨ ᠰᠡᠷᠭᠡᠢᠯᠡᠬᠦ ᠲᠠᠷᠢᠯᠭ᠎ᠠ ᠵᠢ ᠬᠢᠬᠦ ᠪᠦᠬᠦᠢᠯᠡ ᠶᠠᠪᠤᠴᠠ ᠂  ᠲᠠᠷᠢᠯᠭ᠎ᠠ ᠵᠢᠨ ᠬᠠᠮᠢᠶᠠᠷᠤᠯᠲᠠ ᠶ᠋ᠢᠨ ᠬᠠᠤᠯᠢ ᠶ᠋ᠢᠨ ᠬᠣᠯᠪᠣᠭᠳᠠᠯ ᠪᠦᠬᠦᠢ ᠵᠦᠢᠯ ᠵᠤᠷᠪᠤᠰ ᠲᠤ᠌ ᠴᠥᠮ ᠡᠯ᠎ᠡ ᠲᠠᠯ᠎ᠠ ᠶ᠋ᠢᠨ ᠬᠠᠷᠢᠭᠤᠴᠠᠯᠭ᠎ᠠ ᠶ᠋ᠢ ᠲᠣᠳᠣᠷᠬᠠᠢ ᠨᠠᠢᠳᠠᠪᠤᠷᠢᠵᠢᠭᠤᠯᠪᠠ ᠃
       ᠲᠠᠷᠢᠯᠭ᠎ᠠ ᠵᠢᠨ ᠬᠠᠮᠢᠶᠠᠷᠤᠯᠲᠠ ᠶ᠋ᠢᠨ ᠬᠠᠤᠯᠢ ᠳ᠋ᠤ᠌ ᠲᠣᠭᠲᠠᠭᠠᠭᠰᠠᠨ ᠢ᠋ᠶ᠋ᠠᠷ᠂ ᠤᠯᠤᠰ ᠠ᠋ᠴᠠ ᠲᠠᠷᠢᠯᠭ᠎ᠠ ᠵᠢᠨ ᠪᠥᠬᠥ ᠶᠠᠪᠤᠴᠠ ᠳ᠋ᠤ᠌ ᠡᠯᠧᠺᠲ᠋ᠷᠣᠨ ᠢ᠋ᠶ᠋ᠠᠷ ᠨᠡᠬᠡᠮᠵᠢᠯᠡᠬᠦ ᠳᠦᠷᠢᠮ ᠢ᠋ ᠬᠡᠷᠡᠭᠵᠢᠭᠦᠯᠦᠨ᠎ᠡ᠃
     ᠲᠠᠷᠢᠯᠭ᠎ᠠ  ᠵᠢ ᠵᠠᠬ᠎ᠠ ᠳᠡᠯᠭᠡᠭᠦᠷ ᠲᠦ᠍ ᠭᠠᠷᠭᠠᠬᠤ ᠶ᠋ᠢ ᠵᠥᠪᠰᠢᠶᠡᠷᠡᠬᠦ ᠬᠥᠮᠦᠨ ᠨᠢ ᠲᠠᠷᠢᠯᠭ᠎ᠠ ᠵᠢ ᠡᠯᠧᠺᠲ᠋ᠷᠣᠨ ᠢ᠋ᠢᠠᠷ ᠮᠥᠷᠳᠡᠬᠦ  ᠰᠢᠰᠲ᠋ᠧᠮ ᠵᠢ ᠪᠠᠢᠭᠤᠯᠵᠤ ᠂ ᠪᠥᠬᠥ ᠤᠯᠤᠰ ᠤ᠋ᠨ ᠡᠯᠧᠺᠲ᠋ᠷᠣᠨ ᠢ᠋ᠶ᠋ᠠᠷ  ᠲᠠᠷᠢᠯᠭ᠎ᠠ ᠵᠢ ᠮᠥᠷᠳᠡᠬᠦ ᠲᠠᠪᠴᠠᠩ ᠯᠤᠭ᠎ᠠ  ᠵᠣᠯᠭᠠᠭᠤᠯᠵᠤ᠂ ᠦᠢᠯᠡᠳᠪᠦᠷᠢᠯᠡᠯ ᠂ ᠭᠦᠢᠯᠭᠡᠭᠡᠨ ᠪᠠ ᠤᠷᠢᠳᠴᠢᠯᠠᠨ ᠰᠡᠷᠭᠡᠢᠯᠡᠵᠦ ᠲᠠᠷᠢᠬᠤ ᠪᠦᠬᠦ ᠶᠠᠪᠤᠴᠠ ᠶ᠋ᠢ  ᠮᠥᠷᠳᠡᠨ ᠪᠠᠢᠴᠠᠭᠠᠬᠤ ᠵᠢ ᠵᠥᠪᠰᠢᠶᠡᠷᠡᠨ᠎ᠡ᠃
      ᠭᠦᠢᠯᠭᠡᠭᠡᠨ ᠦ᠌ ᠲᠠᠯ᠎ᠠ ᠪᠠᠷ ᠂ ᠡᠪᠡᠳᠴᠢᠨ ᠡᠮᠭᠡᠭ ᠢ᠋ ᠰᠡᠷᠭᠡᠢᠯᠡᠨ ᠬᠢᠵᠠᠭᠠᠷᠯᠠᠬᠤ ᠪᠠᠢᠭᠤᠯᠤᠮᠵᠢ ᠨᠢ ᠲᠣᠭᠲᠠᠭᠠᠯ ᠶᠣᠰᠣᠭᠠᠷ ᠲᠠᠷᠢᠯᠭ᠎ᠠ ᠲᠠᠷᠢᠬᠤ ᠨᠢᠭᠡᠴᠢ ᠳ᠋ᠦ᠍  ᠲᠠᠷᠢᠯᠭ᠎ᠠ ᠬᠠᠩᠭᠠᠬᠤ ᠬᠡᠷᠡᠭᠲᠡᠢ ᠂ ᠡᠭᠦᠨ ᠠ᠋ᠴᠠ ᠣᠨᠳᠣᠣ ᠪᠤᠰᠤᠳ ᠨᠢᠭᠡᠴᠢ ᠪᠠ ᠬᠤᠪᠢ ᠬᠥᠮᠦᠨ  ᠨᠢ ᠲᠠᠷᠢᠯᠭ᠎ᠠ ᠤ᠋ᠨ ᠡᠮ ᠵᠢ ᠬᠠᠩᠭᠠᠵᠤ ᠪᠣᠯᠬᠤ ᠦᠭᠡᠢ ᠃
     ᠡᠭᠦᠨ ᠦ᠌ ᠳᠠᠭᠠᠤ ᠳ᠋ᠤ ᠲᠠᠷᠢᠯᠭ᠎ᠠ ᠵᠢᠨ ᠬᠠᠮᠢᠶᠠᠷᠤᠯᠲᠠ ᠶ᠋ᠢᠨ ᠬᠠᠤᠯᠢ ᠨᠢ ᠬᠢᠨᠠᠯᠲᠠ ᠬᠠᠮᠢᠶᠠᠷᠤᠯᠲᠠ ᠶ᠋ᠢᠨ ᠬᠠᠷᠢᠭᠤᠴᠠᠯᠭ᠎ᠠ ᠪᠠᠨ ᠲᠣᠳᠣᠷᠬᠠᠢᠯᠠᠵᠤ ᠂ ᠬᠢᠨᠠᠯᠲᠠ ᠬᠠᠮᠢᠶᠠᠷᠤᠯᠲᠠ ᠶ᠋ᠢᠨ ᠴᠢᠳᠠᠪᠤᠷᠢ ᠶ᠋ᠢᠨ ᠪᠠᠢᠭᠤᠯᠤᠯᠲᠠ ᠪᠠᠨ ᠴᠢᠩᠭᠠᠳᠭᠠᠪᠠ ᠃

      ᠡᠮ ᠦ᠋ᠨ ᠵᠦᠢᠯ ᠢ᠋ ᠬᠢᠨᠠᠨ ᠬᠠᠮᠢᠶᠠᠷᠬᠤ ᠰᠠᠯᠠᠭ᠎ᠠ ᠮᠥᠴᠢᠷ ᠤ᠋ᠨ ᠬᠢᠵᠢᠭ ᠦ᠋ᠨ ᠲᠠᠷᠢᠯᠭ᠎ᠠ ᠵᠢ ᠵᠠᠬ᠎ᠠ ᠳᠡᠯᠭᠡᠭᠦᠷ ᠲᠦ᠍ ᠭᠠᠷᠭᠠᠬᠤ  ᠵᠥᠪᠰᠢᠶᠡᠷᠡᠯ ᠦ᠋ᠨ ᠥᠮᠴᠢᠯᠡᠭᠴᠢ ᠵᠢᠴᠢ ᠲᠡᠭᠦᠨ ᠦ᠌ ᠬᠠᠮᠢᠶ᠎ᠠ ᠪᠦᠬᠦᠢ ᠬᠥᠮᠦᠰ ᠦ᠋ᠨ ᠢᠲᠡᠭᠡᠮᠵᠢ ᠶ᠋ᠢᠨ ᠲᠡᠮᠳᠡᠭᠯᠡᠯ ᠦ᠋ᠨ ᠳᠦᠷᠢᠮ ᠢ᠋ ᠪᠠᠢᠭᠤᠯᠵᠤ᠂ ᠪᠦᠬᠦ ᠤᠯᠤᠰ ᠤ᠋ᠨ ᠢᠲᠡᠭᠡᠮᠵᠢ ᠶ᠋ᠢᠨ ᠮᠡᠳᠡᠭᠡ ᠵᠠᠩᠭᠢ ᠶ᠋ᠢ ᠬᠠᠮᠲᠤ ᠪᠠᠷ  ᠬᠦᠷᠲᠡᠬᠦ ᠲᠠᠪᠴᠠᠩ ᠳ᠋ᠤ᠌ ᠣᠷᠣᠭᠤᠯᠵᠤ᠂ ᠬᠠᠮᠲᠤᠷᠠᠨ ᠵᠠᠯᠬᠠᠭᠠᠨ ᠴᠡᠭᠡᠷᠯᠡᠭᠦᠯᠬᠦ ᠳᠦᠷᠢᠮ ᠵᠢ ᠬᠡᠷᠡᠭᠵᠢᠭᠦᠯᠬᠦ ᠵᠢ ᠱᠠᠭᠷᠳᠠᠨ᠎ᠠ᠃ ᠲᠠᠷᠢᠯᠭ᠎ᠠ  ᠵᠢᠨ ᠵᠠᠬ᠎ᠠ ᠳᠡᠯᠭᠡᠭᠦᠷ ᠲᠦ᠍ ᠭᠠᠷᠭᠠᠬᠤ ᠶ᠋ᠢ  ᠵᠥᠪᠰᠢᠶᠡᠷᠡᠬᠦ ᠬᠥᠮᠦᠨ ᠤ᠋ ᠮᠡᠳᠡᠭᠡ ᠵᠠᠩᠭᠢ ᠶ᠋ᠢ ᠢᠯᠡ ᠪᠣᠯᠭᠠᠬᠤ ᠳᠦᠷᠢᠮ ᠢ᠋ ᠪᠠᠢᠭᠤᠯᠬᠤ ᠬᠡᠷᠡᠭᠲᠡᠢ ︔ ᠲᠥᠷᠥ ᠶ᠋ᠢᠨ ᠶᠠᠪᠤᠳᠠᠯ ᠤ᠋ᠨ ᠬᠣᠷᠢᠶᠠᠨ ᠤ᠋ ᠡᠮ ᠦ᠋ᠨ ᠵᠦᠢᠯ ᠢ᠋ ᠬᠢᠨᠠᠨ ᠬᠠᠮᠢᠶᠠᠷᠬᠤ ᠰᠠᠯᠠᠭ᠎ᠠ ᠮᠥᠴᠢᠷ ᠡᠷᠡᠭᠦᠯ ᠬᠠᠮᠠᠭᠠᠯᠠᠯ ᠡᠷᠡᠭᠦᠯ ᠮᠡᠨᠳᠦ ᠶ᠋ᠢ ᠡᠷᠬᠢᠯᠡᠨ ᠬᠠᠮᠢᠶᠠᠷᠬᠤ ᠰᠠᠯᠠᠭ᠎ᠠ ᠮᠥᠴᠢᠷ ᠯᠤᠭᠡ ᠬᠠᠮᠲᠤᠷᠠᠵᠤ ᠲᠠᠷᠢᠯᠭ᠎ᠠ ᠵᠢᠨ ᠶᠠᠰᠤ ᠴᠢᠨᠠᠷ ᠂ ᠤᠷᠢᠳᠴᠢᠯᠠᠨ ᠰᠡᠷᠭᠡᠢᠯᠡᠵᠦ ᠲᠠᠷᠢᠯᠭ᠎ᠠ ᠬᠢᠬᠦ ᠵᠡᠷᠭᠡ ᠮᠡᠳᠡᠭᠡ ᠵᠠᠩᠭᠢ ᠶ᠋ᠢ ᠬᠠᠮᠲᠤᠪᠡᠷ ᠡᠳ᠋ᠯᠡᠬᠦ ᠲᠣᠭᠲᠠᠴᠠ ᠶ᠋ᠢ ᠪᠠᠢᠭᠤᠯᠤᠨ᠎ᠠ ; ᠤᠯᠤᠰ ᠠ᠋ᠴᠠ  ᠲᠠᠷᠢᠯᠭ᠎ᠠ ᠵᠢᠨ ᠠᠶᠤᠯ ᠥᠬᠡᠢ ᠶ᠋ᠢᠨ ᠮᠡᠳᠡᠭᠡ ᠵᠠᠩᠭᠢ ᠶ᠋ᠢ ᠨᠢᠭᠡᠳᠦᠯᠲᠡᠢ ᠨᠡᠢᠲᠡᠯᠡᠬᠦ ᠳᠦᠷᠢᠮ ᠢ᠋ ᠬᠡᠷᠡᠭᠵᠢᠭᠦᠯᠦᠨ᠎ᠡ ᠃
        ᠬᠡᠪ ᠦ᠋ᠨ ᠪᠤᠰᠤ ᠤᠷᠪᠠᠯ  ᠢᠯᠡᠷᠡᠪᠡᠯ ᠨᠥᠬᠥᠪᠥᠷ ᠥᠭᠭᠦᠨ᠎ᠡ
      ᠲᠠᠷᠢᠯᠭ᠎ᠠ ᠵᠢᠨ ᠬᠠᠮᠢᠶᠠᠷᠤᠯᠲᠠ ᠶ᠋ᠢᠨ ᠬᠠᠤᠯᠢ ᠶ᠋ᠢᠨ ᠲᠠᠪᠢᠨ ᠵᠢᠷᠭᠤᠳᠤᠭᠠᠷ ᠵᠤᠷᠪᠤᠰ ᠲᠤ《 ᠰᠡᠷᠭᠡᠢᠯᠡᠬᠦ ᠲᠠᠷᠢᠯᠭ᠎ᠠ ᠶ᠋ᠢᠨ ᠬᠡᠪ ᠦ᠋ᠨ ᠪᠤᠰᠤ ᠤᠷᠪᠠᠯ ᠳ᠋ᠤ  ᠨᠥᠬᠥᠪᠥᠷᠢ  ᠥᠭᠭᠦᠨ᠎ᠡ》 ᠭᠡᠵᠦ ᠲᠣᠭᠲᠠᠭᠠᠪᠠ ᠃
    
     ᠲᠠᠷᠢᠯᠭ᠎ᠠ ᠬᠢᠬᠦ ᠶᠠᠪᠤᠴᠠ ᠪᠤᠶᠤ ᠲᠠᠷᠢᠯᠭ᠎ᠠ ᠲᠠᠷᠢᠭᠰᠠᠨ ᠤ᠋ ᠳᠠᠷᠠᠭ᠎ᠠ ᠦᠷ᠎ᠡ ᠬᠦᠷᠲᠡᠭᠴᠢ ᠨᠢ ᠠᠮᠢ ᠨᠠᠰᠤᠨ ᠤ᠋ ᠠᠶᠤᠯ ᠭᠠᠷᠬᠤ ᠂ ᠵᠡᠮᠳᠡᠭ  ᠪᠣᠯᠬᠤ ᠂ ᠡᠷᠬᠡᠲᠡᠨ ᠦ᠌ ᠵᠣᠬᠢᠶᠠᠨ ᠪᠠᠢᠭᠤᠯᠤᠯᠲᠠ ᠶ᠋ᠢᠨ ᠭᠡᠮᠲᠦᠯ ᠡᠭᠦᠰᠪᠡᠯ᠂ ᠰᠡᠷᠭᠡᠢᠯᠡᠬᠦ ᠲᠠᠷᠢᠯᠭ᠎ᠠ ᠶ᠋ᠢᠨ ᠬᠡᠪ ᠦ᠋ᠨ ᠪᠤᠰᠤ ᠤᠷᠪᠠᠯ ᠳ᠋ᠤ᠌ ᠲᠣᠭᠠᠴᠠᠭᠳᠠᠨ᠂ ᠬᠠᠷᠠᠭᠠᠯᠵᠠᠭᠰᠠᠨ ᠨᠥᠬᠥᠪᠥᠷᠢ ᠥᠭᠬᠦ ᠬᠡᠷᠡᠭᠲᠡᠢ ᠃ ᠨᠥᠬᠥᠪᠥᠷᠢᠯᠡᠬᠦ  ᠬᠦᠷᠢᠶ᠎ᠡ ᠬᠡᠪᠴᠢᠶᠡᠨ ᠳ᠋ᠤ ᠭᠠᠷᠴᠠᠭ ᠤ᠋ᠨ ᠬᠠᠮᠢᠶᠠᠷᠤᠯᠲᠠ ᠶ᠋ᠢ ᠬᠡᠷᠡᠭᠵᠢᠭᠦᠯᠬᠦ ᠶ᠋ᠢᠨ ᠬᠠᠮᠲᠤ ᠪᠣᠳᠠᠲᠤ ᠪᠠᠢᠳᠠᠯ ᠢ᠋ᠶ᠋ᠠᠨ ᠦᠨᠳᠦᠰᠦᠯᠡᠨ ᠬᠥᠳᠡᠯᠦᠩᠭᠦᠢ ᠲᠣᠬᠢᠷᠠᠭᠤᠯᠤᠯᠲᠠ ᠬᠢᠬᠦ ᠬᠡᠷᠡᠭᠲᠡᠢ ᠃
        ᠡᠭᠦᠨ ᠦ᠌  ᠳᠠᠭᠠᠤ ᠂ ᠡᠭᠡᠯᠢᠯᠡᠭᠡ ᠶ᠋ᠢᠨ ᠲᠥᠯᠥᠪᠵᠢᠭᠦᠯᠭᠡ ᠶ᠋ᠢᠨ ᠲᠠᠷᠢᠯᠭ᠎ᠠ ᠲᠠᠷᠢᠬᠤ ᠳ᠋ᠤ᠌  ᠬᠡᠷᠡᠭᠰᠡᠭᠰᠡᠨ ᠨᠥᠬᠥᠪᠥᠷᠢ ᠰᠦᠢᠳᠭᠡᠯ ᠢ᠋ ᠮᠣᠵᠢ ᠂ ᠥᠪᠡᠷᠲᠡᠭᠡᠨ ᠵᠠᠰᠠᠬᠤ ᠣᠷᠣᠨ ᠂  ᠰᠢᠭᠤᠳ ᠬᠠᠷᠢᠶ᠎ᠠ ᠬᠣᠲᠠ ᠶ᠋ᠢᠨ ᠠᠷᠠᠳ ᠤ᠋ᠨ ᠵᠠᠰᠠᠭ ᠤ᠋ᠨ ᠣᠷᠳᠣᠨ ᠤ᠋ ᠡᠳ᠋ ᠦ᠋ᠨ ᠵᠠᠰᠠᠭ ᠤ᠋ᠨ ᠰᠠᠯᠠᠭ᠎ᠠ ᠮᠥᠴᠢᠷ ᠡᠴᠡ ᠤᠷᠢᠳᠴᠢᠯᠠᠨ ᠰᠡᠷᠭᠡᠢᠯᠡᠬᠦ ᠵᠠᠷᠤᠳᠠᠯ ᠤ᠋ᠨ ᠮᠥᠩᠭᠦ ᠲᠣᠬᠢᠷᠠᠭᠤᠯᠤᠨ᠎ᠠ ; ᠡᠭᠡᠯᠢᠯᠡᠭᠡ ᠵᠢᠨ ᠪᠤᠰᠤ ᠲᠥᠯᠥᠪᠵᠢᠭᠦᠯᠭᠡ ᠶ᠋ᠢᠨ ᠲᠠᠷᠢᠯᠭ᠎ᠠ ᠵᠢ ᠲᠠᠷᠢᠬᠤ ᠳ᠋ᠤ᠌  ᠬᠡᠷᠡᠭᠰᠡᠭᠰᠡᠨ ᠰᠦᠢᠳᠭᠡᠯ ᠢ᠋   ᠲᠠᠷᠢᠯᠭ᠎ᠠ ᠵᠢ ᠵᠠᠬ᠎ᠠ ᠳᠡᠯᠭᠡᠭᠦᠷ ᠲᠦ᠍ ᠭᠠᠷᠭᠠᠬᠤ ᠵᠥᠪᠰᠢᠶᠡᠷᠡᠯ ᠭᠠᠷᠳᠠᠭᠴᠢ ᠠ᠋ᠴᠠ ᠡᠭᠦᠷᠭᠡᠯᠡᠨ᠎ᠡ᠃ 
       ᠤᠯᠤᠰ ᠠ᠋ᠴᠠ ᠬᠤᠳᠠᠯᠳᠤᠭᠠᠨ ᠤ᠋ ᠳᠠᠭᠠᠳᠭᠠᠯ ᠵᠡᠷᠭᠡ ᠣᠯᠠᠨ ᠵᠦᠢᠯ ᠦ᠋ᠨ ᠬᠡᠯᠪᠡᠷᠢ ᠪᠡᠷ ᠳᠠᠮᠵᠢᠭᠤᠯᠤᠨ ᠰᠡᠷᠭᠡᠢᠯᠡᠬᠦ ᠲᠠᠷᠢᠯᠭ᠎ᠠ ᠶ᠋ᠢᠨ ᠬᠡᠪ ᠦ᠋ᠨ ᠪᠤᠰᠤ ᠤᠷᠪᠠᠯ ᠳ᠋ᠤ᠌ ᠦᠷ᠎ᠡ ᠬᠦᠷᠲᠡᠭᠰᠡᠳ ᠲᠤ  ᠨᠥᠬᠥᠪᠥᠷᠢ ᠮᠥᠩᠭᠦ ᠥᠭᠬᠦ ᠶ᠋ᠢ ᠵᠣᠷᠢᠭᠵᠢᠭᠤᠯᠤᠨ᠎ᠠ ᠃
       ᠬᠠᠤᠯᠢ ᠠ᠋ᠴᠠ ᠵᠥᠷᠢᠴᠡᠭᠰᠡᠨ ᠠᠵᠢᠯᠯᠠᠭ᠎ᠠ ᠶ᠋ᠢ ᠬᠦᠨᠳᠦ ᠪᠡᠷ  ᠰᠢᠢᠳᠭᠡᠬᠦ
       ᠬᠠᠤᠯᠢ ᠠ᠋ᠴᠠ ᠵᠥᠷᠢᠴᠡᠭᠰᠡᠨ ᠠᠵᠢᠯᠯᠠᠭ᠎ᠠ ᠳ᠋ᠤ᠂   ᠲᠠᠷᠢᠯᠭ᠎ᠠ ᠵᠢᠨ ᠬᠠᠮᠢᠶᠠᠷᠤᠯᠲᠠ ᠶ᠋ᠢᠨ ᠬᠠᠤᠯᠢ ᠳ᠋ᠤ᠌᠄ 《ᠬᠠᠤᠯᠢ ᠶᠣᠰᠣᠭᠠᠷ ᠡᠷᠡᠤ ᠵᠢᠨ ᠬᠠᠷᠢᠭᠤᠴᠠᠯᠭ᠎ᠠ ᠵᠢ  ᠨᠡᠬᠡᠮᠵᠢᠯᠡᠨ᠎ᠡ》 ᠭᠡᠵᠦ ᠲᠣᠭᠲᠠᠭᠰᠠᠨ ᠪᠠᠢᠨ᠎ᠠ᠃
      ᠵᠣᠭᠣᠰ ᠢ᠋ᠶ᠋ᠠᠷ ᠲᠣᠷᠭᠠᠬᠤ ᠲᠠᠯ᠎ᠠ ᠳ᠋ᠤ᠂ ᠦᠢᠯᠡᠳᠪᠦᠷᠢᠯᠡᠵᠦ᠂  ᠪᠣᠷᠤᠯᠠᠭᠤᠯᠤᠭᠰᠠᠨ ᠲᠠᠷᠢᠯᠭ᠎ᠠ ᠨᠢ  ᠬᠠᠭᠤᠷᠮᠠᠭ ᠡᠮ ᠳ᠋ᠦ᠍  ᠲᠣᠭᠠᠴᠠᠭᠳᠠᠪᠠᠯ ᠂  ᠲᠠᠷᠢᠯᠭ᠎ᠠ ᠵᠢᠨ  ᠵᠣᠭᠣᠰᠤᠨ ᠤ᠋ ᠲᠣᠭ᠎ᠠ ᠶ᠋ᠢᠨ ᠠᠷᠪᠠᠨ ᠲᠠᠪᠤᠨ ᠳᠠᠬᠢᠨ ᠠ᠋ᠴᠠ ᠳᠡᠭᠭᠡᠰᠢ ᠲᠠᠪᠢᠨ ᠳᠠᠬᠢᠨ ᠠ᠋ᠴᠠ  ᠳᠣᠭᠤᠭᠰᠢ ᠵᠣᠭᠣᠰ ᠢ᠋ᠶ᠋ᠠᠷ ᠲᠣᠷᠭᠠᠨ᠎ᠠ ; ᠦᠢᠯᠡᠳᠪᠦᠷᠢᠯᠡᠵᠦ ᠂ ᠪᠣᠷᠣᠯᠠᠭᠤᠯᠵᠤ ᠪᠠᠢᠭ᠎ᠠ  ᠲᠠᠷᠢᠯᠭ᠎ᠠ  ᠨᠢ ᠮᠠᠭᠤ ᠡᠮ ᠳ᠋ᠦ᠍ ᠬᠠᠷᠢᠶᠠᠯᠠᠭᠳᠠᠪᠠᠯ ᠂ᠲᠠᠷᠢᠯᠭ᠎ᠠ ᠵᠢᠨ ᠵᠣᠭᠣᠰ ᠤ᠋ᠨ ᠲᠣᠭᠠᠨ ᠤ᠋ ᠠᠷᠪᠠᠨ ᠳᠠᠬᠢᠨ ᠠ᠋ᠴᠠ  ᠳᠡᠭᠡᠭᠰᠢ ᠭᠤᠴᠢᠨ ᠳᠠᠬᠢᠨ ᠠ᠋ᠴᠠ  ᠳᠣᠷᠤᠭᠰᠢ ᠵᠣᠭᠣᠰ ᠢ᠋ᠶ᠋ᠠᠷ ᠲᠣᠷᠭᠠᠨ᠎ᠠ ᠃ ᠪᠠᠷᠠᠭᠠᠨ ᠤ᠋ ᠵᠣᠭᠤᠰᠤᠨ ᠲᠣᠭ᠎ᠠ ᠨᠢ 50 ᠲᠣᠢᠮᠠᠠ ᠲᠥᠭᠦᠷᠢᠭ ᠭᠦᠢᠷᠭᠦ ᠡᠣᠢᠬᠡᠢ ᠪᠣᠯ  50 ᠲᠣᠢᠮᠠᠠ  ᠲᠥᠭᠦᠷᠢᠭ ᠢ᠋ᠢᠠᠷ ᠪᠣᠳᠤᠨ᠎ᠠ᠃
     ᠦᠢᠯᠡᠳᠪᠦᠷᠢᠯᠡᠵᠦ ᠪᠣᠷᠣᠯᠠᠭᠤᠯᠤᠭᠰᠠᠨ ᠲᠠᠷᠢᠯᠭ᠎ᠠ ᠨᠢ ᠬᠠᠭᠤᠷᠮᠠᠭ ᠡᠮ ᠳ᠋ᠦ᠍  ᠲᠣᠭᠠᠴᠠᠭᠳᠠᠬᠤ ᠂ ᠡᠰᠡᠬᠦᠯ᠎ᠡ ᠦᠢᠯᠡᠳᠪᠦᠷᠢᠯᠡᠨ ᠪᠣᠷᠣᠯᠠᠭᠤᠯᠤᠭᠰᠠᠨ ᠲᠠᠷᠢᠯᠭ᠎ᠠ ᠨᠢ ᠮᠠᠭᠤ ᠡᠮ ᠳ᠋ᠦ᠍  ᠲᠣᠭᠠᠴᠠᠭᠳᠠᠪᠠᠯ ᠂ ᠬᠠᠤᠯᠢ ᠪᠠᠷ ᠲᠣᠭᠲᠠᠭᠠᠭᠰᠠᠨ ᠲᠥᠯᠥᠭᠡᠯᠡᠭᠴᠢ ᠂ ᠭᠣᠣᠯ ᠬᠠᠷᠢᠭᠤᠴᠠᠯᠭᠠᠲᠠᠨ ᠵᠡᠷᠭᠡ ᠶ᠋ᠢ ᠬᠣᠷᠢᠶᠠᠨ ᠣᠯᠤᠭᠰᠠᠨ ᠣᠷᠣᠯᠭ᠎ᠠ ᠶ᠋ᠢᠨ ᠬᠢᠨᠢ ᠨᠢᠭᠡ ᠳᠠᠬᠢᠨ ᠠ᠋ᠴᠠ  ᠳᠡᠭᠭᠡᠰᠢ ᠠᠷᠪᠠᠨ ᠳᠠᠬᠢᠨ ᠠ᠋ᠴᠠ  ᠳᠣᠷᠤᠭᠰᠢ ᠵᠣᠭᠣᠰ ᠢ᠋ᠶ᠋ᠠᠷ ᠲᠣᠷᠭᠠᠵᠤ᠂ ᠨᠠᠰᠤᠨ  ᠲᠤᠷᠰᠢᠳᠠ ᠡᠮ ᠦ᠋ᠨ ᠵᠦᠢᠯ ᠢ᠋ ᠦᠢᠯᠡᠳᠪᠦᠷᠢᠯᠡᠵᠦ ᠡᠵᠡᠩᠨᠡᠬᠦ ᠠᠵᠢᠯᠯᠠᠭ᠎ᠠ ᠬᠢᠬᠦ ᠶ᠋ᠢ  ᠴᠠᠭᠠᠵᠠᠯᠠᠵᠤ ᠂ ᠳᠣᠲᠣᠭᠠᠳᠤ ᠶ᠋ᠢ ᠬᠠᠮᠠᠭᠠᠯᠠᠬᠤ ᠪᠠᠢᠭᠤᠯᠭ᠎ᠠ ᠠ᠋ᠴᠠ ᠲᠠᠪᠤᠨ ᠡᠳᠦᠷ ᠡᠴᠡ   ᠳᠡᠭᠡᠭᠰᠢ ᠠᠷᠪᠠᠨ ᠲᠠᠪᠤᠨ ᠡᠳᠦᠷ ᠡᠴᠡ  ᠳᠣᠷᠤᠭᠰᠢ ᠲᠦᠷ ᠬᠣᠷᠢᠬᠤ ᠪᠠᠷ ᠰᠢᠢᠳᠬᠡᠨ᠎ᠡ ᠃
    ᠢᠷᠡᠯᠲᠡ ᠄ ᠳᠤᠮᠳᠠᠳᠤ ᠤᠯᠤᠰ ᠤ᠋ᠨ ᠰᠢᠭᠦᠬᠦ ᠬᠣᠷᠢᠶ᠎ᠠ ᠶ᠋ᠢᠨ ᠰᠦᠯᠵᠢᠶ᠎ᠡ

ᠦᠨᠡᠯᠡᠬᠦ 0ᠦᠨᠡᠯᠡᠯᠲᠡ᠎ᠲᠠᠢ


( ᠨᠧᠲ ᠨᠠᠢᠵᠠ ᠵᠢᠨ ᠦᠨᠡᠯᠡᠯᠲᠡ᠎ᠨᠢ ᠵᠦᠪᠭᠡᠨ ᠲᠡᠭᠦᠨ ᠊ᠤ᠌ ᠬᠤᠪᠢ ᠭᠦᠮᠦᠨ ᠊ᠤ᠌ ᠦᠵᠡᠯᠲᠡ ᠲᠡᠳᠦᠢ᠂ ᠲᠤᠰ ᠨᠧᠲ ᠦᠷᠳᠡᠭᠡ ᠲᠡᠭᠦᠨ ᠊ᠤ᠌ ᠦᠵᠡᠯᠲᠡ ᠵᠢ ᠵᠦᠪᠱᠢᠶᠡᠷᠡᠭᠰᠡᠨ ᠶᠠᠪᠤᠳᠠᠯ ᠤᠭᠳᠤ ᠪᠢᠱᠢ᠎ᠶᠤᠮ᠃ )