ᠬᠠᠤᠯᠢ ᠶᠣᠰᠣᠭᠠᠷ ᠣᠨᠴᠠ ᠠᠭᠤᠴᠢᠯᠠᠯ ᠦᠵᠡᠭᠦᠯᠵᠦ ᠬᠠᠤᠯᠢ ᠪᠡᠷ ᠤᠯᠤᠰ ᠢ᠋ᠢᠡᠨ ᠵᠠᠰᠠᠬᠤ ᠵᠢ ᠢᠯᠡᠷᠡᠭᠦᠯᠪᠡ
2020.07.14 ᠲᠣᠰ ᠥᠷᠲᠡᠭᠡᠨ᠎ᠦ ᠨᠠᠢᠷᠠᠭᠤᠯᠤᠭᠴᠢ

      ᠬᠠᠤᠯᠢ ᠴᠠᠭᠠᠵᠠ ᠳᠡᠯᠡᠬᠡᠢ ᠳ᠋ᠠᠬᠢᠨ ᠢ᠋ ᠲᠦᠪᠰᠢᠳᠭᠡᠵᠦ᠂ᠶᠣᠰᠤ ᠰᠤᠷᠲᠠᠬᠤᠨ ᠬᠥᠮᠦᠨ ᠤ᠋ ᠰᠡᠳᠭᠢᠯ ᠢ᠋ ᠤᠮᠳᠠᠯᠠᠨ᠎ᠠ᠃
      6 ᠰᠠᠷ᠎ᠠ ᠶ᠋ᠢᠨ 29  ᠦ᠌ ᠡᠳᠦᠷ ᠂ ᠤᠯᠤᠰ ᠤ᠋ᠨ ᠲᠡᠷᠢᠭᠦᠯᠡᠭᠴᠢ ᠰᠢ ᠵᠢᠨ ᠫᠢᠩ ᠣᠨᠴᠠ ᠠᠭᠤᠴᠢᠯᠠᠯ ᠤ᠋ᠨ ᠵᠠᠷᠯᠢᠭ ᠲᠤ᠌ ᠭᠠᠷ ᠤ᠋ᠨ ᠥᠰᠥᠭ ᠵᠢᠷᠤᠵᠤ ᠂ ᠠᠷᠪᠠᠨ ᠭᠤᠷᠪᠠᠳᠤᠭᠠᠷ ᠬᠤᠭᠤᠴᠠᠭᠠᠨ ᠤ᠋ ᠪᠦᠬᠦ ᠤᠯᠤᠰ ᠤ᠋ᠨ ᠠᠷᠠᠳ ᠤ᠋ᠨ ᠲᠥᠯᠥᠭᠡᠯᠡᠭᠴᠢᠳ ᠦ᠋ᠨ ᠶᠡᠬᠡ ᠬᠤᠷᠠᠯ ᠤ᠋ᠨ ᠪᠠᠢᠩᠭᠤ ᠶ᠋ᠢᠨ ᠬᠣᠷᠢᠶᠠᠨ ᠤ᠋ ᠠᠷᠪᠠᠨ ᠨᠢᠭᠡᠳᠦᠭᠡᠷ ᠤᠳᠠᠭᠠᠨ ᠤ᠋ ᠬᠤᠷᠠᠯ ᠠ᠋ᠴᠠ ᠪᠠᠲᠤᠯᠠᠭᠰᠠᠨ ᠡᠷᠡᠭᠦᠦ  ᠰᠢᠢᠳᠭᠡᠯ ᠭᠦᠢᠴᠡᠳᠭᠡᠵᠦ ᠪᠠᠢᠭ᠎ᠠ ᠬᠡᠰᠡᠭ ᠶᠠᠯᠠᠲᠠᠨ ᠳ᠋ᠤ᠌ ᠣᠨᠴᠠ ᠠᠭᠤᠴᠢᠯᠠᠯ ᠦᠵᠡᠭᠦᠯᠬᠦ ᠲᠤᠬᠠᠢ ᠲᠣᠭᠲᠠᠭᠠᠯ ᠢ᠋ ᠦᠨᠳᠦᠰᠦᠯᠡᠨ ᠂ 2019 ᠣᠨ ᠤ᠋ 1 ᠰᠠᠷ᠎ᠠ ᠶ᠋ᠢᠨ 1  ᠦ᠌ ᠡᠳᠦᠷ ᠡᠴᠡ ᠡᠮᠦᠨ᠎ᠡ ᠠᠷᠠᠳ ᠤ᠋ᠨ ᠰᠢᠭᠦᠬᠦ ᠬᠣᠷᠢᠶᠠᠨ ᠤ᠋ ᠭᠠᠷᠭᠠᠭᠰᠠᠨ ᠬᠦᠴᠦᠨ ᠪᠦᠬᠦᠢ  ᠰᠢᠭᠦᠨ ᠲᠠᠰᠤᠯᠤᠯᠲᠠ ᠨᠢ ᠡᠷᠡᠭᠦᠦ  ᠰᠢᠢᠳᠭᠡᠯ ᠭᠦᠢᠴᠡᠳᠭᠡᠵᠦ ᠪᠠᠢᠭ᠎ᠠ ᠶᠢᠰᠦᠨ ᠲᠥᠷᠥᠯ ᠦ᠋ᠨ ᠶᠠᠯᠠᠲᠠᠨ ᠳ᠋ᠤ᠌ ᠣᠨᠴᠠ ᠠᠭᠤᠴᠢᠯᠠᠯ ᠦᠵᠡᠭᠦᠯᠬᠦ ᠪᠡᠷ ᠲᠣᠭᠲᠠᠪᠠ᠃ ᠪᠦᠭᠦᠳᠡ ᠨᠠᠢᠷᠠᠮᠳᠠᠬᠤ ᠳᠤᠮᠳᠠᠳᠤ ᠠᠷᠠᠳ ᠤᠯᠤᠰ ᠪᠠᠢᠭᠤᠯᠤᠭᠳᠠᠭᠰᠠᠨ 70 ᠵᠢᠯ ᠦ᠋ᠨ ᠣᠢ ᠶ᠋ᠢ ᠪᠡᠯᠭᠡᠯᠡᠬᠦ  ᠲᠠᠰᠢᠷᠠᠮ ᠢ᠋ᠢᠠᠷ᠂ ᠡᠷᠡᠭᠦᠦ  ᠰᠢᠢᠳᠭᠡᠯ ᠭᠦᠢᠴᠡᠳᠭᠡᠵᠦ ᠪᠠᠢᠭ᠎ᠠ ᠬᠡᠰᠡᠭ ᠶᠠᠯᠠᠲᠠᠨ ᠳ᠋ᠤ᠌ ᠣᠨᠴᠠ ᠠᠭᠤᠴᠢᠯᠠᠯ  ᠬᠦᠷᠲᠡᠭᠡᠬᠦ ᠨᠢ ᠮᠠᠨ ᠤ᠋ ᠤᠯᠤᠰ ᠤ᠋ᠨ ᠦᠨᠳᠦᠰᠦᠨ ᠬᠠᠤᠯᠢ ᠳ᠋ᠤ᠌ ᠲᠣᠭᠲᠠᠭᠠᠭᠰᠠᠨ ᠣᠨᠴᠠ ᠠᠭᠤᠴᠢᠯᠠᠯ ᠤ᠋ᠨ ᠳᠦᠷᠢᠮ ᠢ᠋ ᠬᠡᠷᠡᠭᠵᠢᠭᠦᠯᠬᠦ ᠪᠠᠰᠠ ᠨᠢᠭᠡ ᠤᠳᠠᠭᠠᠨ ᠤ᠋ ᠴᠢᠬᠤᠯᠠ ᠦᠢᠯᠡᠳᠦᠯᠭᠡ ᠪᠣᠯᠤᠨ᠎ᠠ᠂ ᠬᠠᠤᠯᠢ ᠪᠡᠷ ᠤᠯᠤᠰ ᠢ᠋ᠶ᠋ᠠᠨ ᠵᠠᠰᠠᠬᠤ ᠪᠠ ᠶᠣᠰᠣ ᠰᠤᠷᠲᠠᠬᠤᠨ ᠢ᠋ᠶ᠋ᠠᠷ ᠤᠯᠤᠰ ᠢ᠋ᠶ᠋ᠠᠨ ᠵᠠᠰᠠᠬᠤ ᠶ᠋ᠢ ᠤᠶᠠᠯᠳᠤᠭᠤᠯᠬᠤ ᠶᠠᠪᠤᠳᠠᠯ ᠢ᠋ ᠪᠠᠷᠢᠮᠲᠠᠯᠠᠬᠤ ᠶ᠋ᠢᠨ ᠪᠣᠳᠠᠲᠠᠢ ᠢᠯᠡᠷᠡᠯ ᠮᠥᠨ᠂ ᠲᠡᠷᠡ ᠨᠢ ᠴᠢᠬᠤᠯᠠ ᠶᠡᠬᠡ ᠤᠯᠤᠰ ᠲᠥᠷᠥ ᠶ᠋ᠢᠨ ᠠᠴᠢ ᠬᠣᠯᠪᠣᠭᠳᠠᠯ ᠪᠠ ᠬᠠᠤᠯᠢ ᠪᠠᠷ ᠵᠠᠰᠠᠬᠤ ᠠᠴᠢ ᠬᠣᠯᠪᠣᠭᠳᠠᠯ ᠲᠠᠢ ᠪᠠᠢᠳᠠᠭ᠃
    ᠣᠨᠴᠠ ᠠᠭᠤᠴᠢᠯᠠᠯ ᠪᠣᠯ ᠳᠡᠯᠡᠬᠡᠢ ᠳ᠋ᠦ᠍ ᠨᠡᠢᠳᠡᠮ ᠬᠡᠷᠡᠭᠯᠡᠭᠳᠡᠵᠦ ᠪᠠᠢᠭ᠎ᠠ ᠲᠡᠦᠬᠡ ᠶ᠋ᠢᠨ ᠴᠢᠬᠤᠯᠠ ᠡᠳᠦᠷ  ᠤ᠋ᠳ ᠲᠤ ᠤᠯᠤᠰ ᠠ᠋ᠴᠠ ᠣᠨᠴᠠ ᠲᠣᠭᠲᠠᠭᠰᠠᠨ ᠶᠠᠯᠠᠲᠠᠨ ᠤ᠋ ᠡᠷᠡᠭᠦᠦ ᠶ᠋ᠢ ᠬᠡᠯᠲᠦᠷᠢᠭᠦᠯᠬᠦ ᠬᠥᠮᠦᠯᠢᠭ ᠦᠵᠡᠯ ᠦ᠋ᠨ ᠳᠦᠷᠢᠮ ᠪᠣᠯᠤᠨ᠎ᠠ᠃ ᠮᠠᠨ ᠤ᠋ ᠤᠯᠤᠰ ᠳᠠᠩ ᠤᠯᠤᠰ ᠤ᠋ᠨ ᠦᠶ᠎ᠡ ᠡᠴᠡ ᠡᠬᠢᠯᠡᠨ 《  ᠦᠪᠡᠳᠡᠭᠰᠢ ᠦᠶ᠎ᠡ ᠶ᠋ᠢᠨ ᠠᠭᠤᠴᠢᠯᠠᠯ 》 ᠤ᠋ᠨ ᠲᠡᠦᠬᠡᠨ ᠤᠯᠠᠮᠵᠢᠯᠠᠯ ᠪᠤᠢ ᠪᠣᠯᠵᠠᠢ᠃ ᠰᠢᠨ᠎ᠡ ᠳᠤᠮᠳᠠᠳᠤ ᠤᠯᠤᠰ ᠪᠠᠢᠭᠤᠯᠤᠭᠳᠠᠭᠰᠠᠨ ᠠ᠋ᠴᠠ 1975 ᠣᠨ ᠪᠣᠯᠲᠠᠯ᠎ᠠ ᠮᠠᠨ ᠤ᠋ ᠤᠯᠤᠰ ᠤᠷᠢᠳ ᠬᠣᠵᠢᠳ 7 ᠤᠳᠠᠭ᠎ᠠ ᠣᠨᠴᠠ ᠠᠭᠤᠴᠢᠯᠠᠯ ᠶᠠᠪᠤᠭᠳᠠᠭᠤᠯᠤᠭᠰᠠᠨ ᠶᠤᠮ᠃ ᠣᠳᠣ ᠶ᠋ᠢᠨ ᠬᠡᠷᠡᠭᠵᠢᠭᠦᠯᠵᠦ ᠪᠠᠢᠭ᠎ᠠ ᠦᠨᠳᠦᠰᠦᠨ ᠬᠠᠤᠯᠢ ᠶ᠋ᠢ ᠦᠨᠳᠦᠰᠦᠯᠡᠨ᠂ 2015 ᠣᠨ ᠳ᠋ᠤ᠌ ᠂ ᠳᠤᠮᠳᠠᠳᠤ ᠤᠯᠤᠰ ᠤ᠋ᠨ ᠠᠷᠠᠳ ᠲᠦᠮᠡᠨ ᠦ᠌ ᠶᠠᠫᠣᠨ ᠢ᠋ ᠡᠰᠡᠷᠭᠦᠴᠡᠬᠦ ᠲᠡᠢᠨ ᠵᠢᠴᠢ ᠳᠡᠯᠡᠬᠡᠢ ᠶ᠋ᠢᠨ ᠹᠠᠱᠢᠰ ᠢ᠋ ᠡᠰᠡᠷᠭᠦᠴᠡᠬᠦ ᠲᠡᠢᠨ ᠢᠯᠠᠯᠲᠠ ᠣᠯᠤᠭᠰᠠᠨ 70 ᠵᠢᠯ ᠦ᠋ᠨ ᠣᠢ ᠶ᠋ᠢᠨ  ᠲᠠᠰᠢᠷᠠᠮ ᠢ᠋ᠶ᠋ᠠᠷ ᠂ ᠮᠠᠨ ᠤ᠋ ᠤᠯᠤᠰ 31527 ᠶᠠᠯᠠᠲᠠᠨ ᠢ᠋ ᠣᠨᠴᠠᠭᠠᠢ  ᠠᠭᠤᠴᠢᠯᠠᠨ ᠰᠠᠢᠨ ᠦᠷ᠎ᠡ ᠪᠦᠲᠦᠮᠵᠢ ᠣᠯᠤᠭᠰᠠᠨ ᠶᠤᠮ᠃
      2019 ᠣᠨ ᠪᠣᠯ ᠰᠢᠨ᠎ᠡ ᠳᠤᠮᠳᠠᠳᠤ ᠤᠯᠤᠰ ᠪᠠᠢᠭᠤᠯᠤᠭᠳᠠᠭᠰᠠᠨ 70 ᠵᠢᠯ ᠦ᠋ᠨ ᠣᠢ ᠂ ᠮᠥᠨ ᠴᠦ᠍ 《 ᠬᠣᠶᠠᠷ ᠨᠢᠭᠡ ᠵᠠᠭᠤᠨ ᠵᠢᠯ 》  ᠦ᠋ᠨ ᠲᠡᠮᠡᠴᠡᠬᠦ ᠬᠠᠷᠠᠯᠲᠠ ᠲᠡᠦᠬᠡ ᠶ᠋ᠢᠨ ᠶᠠᠷᠢᠯᠴᠠᠬᠤ ᠬᠤᠭᠤᠴᠠᠭᠠᠨ ᠳ᠋ᠤ᠌ ᠣᠷᠣᠬᠤ ᠵᠠᠩᠭᠢᠯᠠᠭ᠎ᠠ ᠶ᠋ᠢᠨ ᠵᠢᠯ ᠮᠥᠨ ᠃ ᠡᠨᠡ ᠬᠦ᠌ ᠴᠢᠬᠤᠯᠠ ᠲᠡᠦᠬᠡᠲᠦ ᠴᠠᠭ ᠮᠥᠴᠡ ᠳ᠋ᠦ᠍ ᠂ ᠵᠠᠷᠢᠮ ᠶᠠᠯᠠᠲᠠᠨ ᠳ᠋ᠤ᠌ ᠣᠨᠴᠠ ᠠᠭᠤᠴᠢᠯᠠᠯ ᠬᠦᠷᠲᠡᠭᠡᠬᠦ ᠨᠢ ᠰᠢ ᠵᠢᠨ ᠫᠢᠩ ᠨᠥᠬᠥᠷ ᠢ᠋ᠶ᠋ᠡᠷ ᠭᠣᠣᠯ ᠪᠣᠯᠭᠠᠭᠰᠠᠨ ᠨᠠᠮ ᠤ᠋ᠨ ᠲᠥᠪ ᠬᠣᠷᠢᠶ᠎ᠠ ᠳᠤᠮᠳᠠᠳᠤ ᠶ᠋ᠢᠨ ᠪᠣᠯᠪᠠᠰᠤᠨ ᠢ᠋ᠶ᠋ᠠᠷ ᠡᠷᠡᠭᠦᠦ  ᠰᠢᠢᠳᠭᠡᠯ ᠣᠨᠣᠭᠳᠠᠭᠤᠯᠬᠤ ᠂ ᠢᠯᠡ ᠡᠷᠡᠭᠦᠦ  ᠰᠢᠢᠳᠭᠡᠯ ᠢ᠋ ᠭᠦᠢᠴᠡᠳᠭᠡᠬᠦ  ᠰᠢᠯᠢᠳᠡᠭ ᠤᠯᠠᠮᠵᠢᠯᠠᠯ ᠢ᠋ ᠵᠠᠯᠭᠠᠮᠵᠢᠯᠠᠨ ᠂ ᠲᠥᠷᠥ ᠪᠠᠷᠢᠬᠤ ᠢᠲᠡᠭᠡᠯ ᠪᠠ ᠳᠦᠷᠢᠮ ᠦ᠋ᠨ ᠢᠲᠡᠭᠡᠯ ᠢ᠋ ᠢᠯᠡᠷᠡᠭᠦᠯᠬᠦ ᠳ᠋ᠦ᠍  ᠠᠰᠢᠭᠲᠠᠢ  ᠪᠠᠢᠳᠠᠭ᠃ᠡᠨᠡ ᠨᠢ ᠪᠦᠬᠦ ᠲᠠᠯ᠎ᠠ ᠪᠠᠷ ᠬᠠᠤᠯᠢ ᠪᠠᠷ ᠤᠯᠤᠰ ᠢ᠋ᠶ᠋ᠠᠨ ᠵᠠᠰᠠᠬᠤ ᠦᠵᠡᠯᠲᠡ ᠶ᠋ᠢ ᠪᠠᠳᠠᠷᠠᠭᠤᠯᠵᠤ ᠂ ᠦᠨᠳᠦᠰᠦᠨ ᠬᠠᠤᠯᠢ ᠪᠡᠷ ᠵᠠᠰᠠᠭ ᠪᠠᠷᠢᠬᠤ ᠂ ᠦᠨᠳᠦᠰᠦᠨ ᠬᠠᠤᠯᠢ ᠪᠡᠷ ᠡᠣᠯᠣᠰ ᠵᠠᠰᠠᠬᠤ ᠰᠠᠢᠨ ᠰᠠᠢᠬᠠᠨ ᠨᠡᠢᠭᠡᠮ ᠦ᠋ᠨ ᠠᠭᠤᠷ ᠠᠮᠢᠰᠭᠤᠯ ᠢ᠋ ᠪᠣᠢ ᠪᠣᠯᠭᠠᠵᠤ ᠂ ᠬᠠᠤᠯᠢ ᠪᠠᠷ ᠵᠠᠰᠠᠭᠰᠠᠨ ᠳᠤᠮᠳᠠᠳᠤ ᠡᠣᠯᠣᠰ ᠢ᠋ ᠪᠦᠲᠦᠭᠡᠨ ᠪᠠᠢᠭᠤᠯᠬᠤ ᠵᠢ ᠠᠬᠢᠭᠤᠯᠳᠠᠭ︔ᠠᠭᠤᠴᠢᠯᠠᠨ  ᠰᠢᠢᠳᠭᠡᠬᠦ ᠪᠠ ᠴᠢᠩᠭ᠎ᠠ  ᠰᠢᠢᠳᠭᠡᠬᠦ ᠶ᠋ᠢ ᠬᠣᠣᠰᠯᠠᠭᠤᠯᠬᠤ ᠡᠷᠡᠭᠦᠦ ᠶ᠋ᠢᠨ ᠬᠡᠷᠡᠭ ᠦ᠋ᠨ ᠲᠥᠷᠥ ᠶ᠋ᠢᠨ ᠪᠣᠳᠣᠯᠭ᠎ᠠ ᠶ᠋ᠢ ᠲᠤᠤᠱᠯᠠᠭᠤᠯᠤᠨ ᠨᠠᠢᠳᠠᠪᠤᠷᠢᠵᠢᠭᠤᠯᠵᠤ ᠂ ᠣᠨᠴᠠ ᠠᠭᠤᠴᠢᠯᠠᠯ ᠤ᠋ᠨ ᠤᠷᠢᠶᠠᠯᠠᠨ ᠳᠠᠢᠴᠢᠯᠠᠬᠤ ᠦᠢᠯᠡᠳᠦᠯ ᠢ᠋ ᠭᠦᠢᠴᠡᠳ ᠪᠠᠳᠠᠷᠠᠭᠤᠯᠵᠤ ᠂ ᠨᠠᠵᠠᠭᠠᠢ ᠬᠦᠴᠦᠨ ᠵᠦᠢᠯ ᠢ᠋ ᠬᠠᠮᠤᠭ ᠤ᠋ᠨ ᠶᠡᠬᠡ ᠬᠡᠮᠵᠢᠶ᠎ᠡ ᠪᠡᠷ ᠢᠳᠡᠪᠬᠢ ᠬᠦᠴᠦᠨ ᠵᠦᠢᠯ ᠪᠣᠯᠭᠠᠵᠤ ᠂ ᠨᠡᠢᠭᠡᠮ ᠦ᠋ᠨ ᠡᠶ᠎ᠡ ᠵᠣᠬᠢᠴᠠᠯ ᠪᠠ ᠲᠣᠭᠲᠠᠭᠤᠨ ᠪᠠᠢᠳᠠᠯ ᠢ᠋ ᠠᠬᠢᠭᠤᠯᠬᠤ ᠳ᠋ᠤ᠌  ᠠᠰᠢᠭᠲᠠᠢ ᠪᠠᠢᠳᠠᠭ︔ᠮᠠᠨ ᠤ᠋ ᠤᠯᠤᠰ ᠤ᠋ᠨ ᠬᠥᠮᠦᠨ ᠦ᠌ ᠡᠷᠬᠡ ᠶ᠋ᠢᠨ ᠬᠠᠤᠯᠢ ᠴᠠᠭᠠᠵᠠ ᠶ᠋ᠢᠨ ᠪᠠᠲᠤᠯᠠᠭ᠎ᠠ ᠶ᠋ᠢᠨ ᠬᠢᠷᠢ  ᠲᠦᠪᠰᠢᠨ ᠢ᠋ ᠳᠡᠯᠭᠡᠨ ᠦᠵᠡᠭᠦᠯᠵᠦ ᠂ ᠮᠠᠨ ᠤ᠋ ᠤᠯᠤᠰ ᠤ᠋ᠨ ᠨᠡᠭᠡᠭᠡᠯᠲᠡ ᠲᠡᠢ ᠂ ᠠᠷᠠᠳᠴᠢᠯᠠᠯ ᠲᠠᠢ ᠂ ᠬᠠᠤᠯᠢ ᠪᠠᠷ ᠵᠠᠰᠠᠭᠰᠠᠨ ᠂ ᠪᠣᠯᠪᠠᠰᠤᠨ ᠳᠦᠷᠢ ᠲᠥᠷᠬᠦ ᠶ᠋ᠢ ᠳᠠᠯᠠᠬᠡᠢ ᠳ᠋ᠠᠬᠢᠨ ᠳ᠋ᠤ ᠤᠯᠠᠮ ᠨᠢᠭᠡ ᠠᠯᠬᠤᠮ ᠳᠡᠯᠭᠡᠨ ᠦᠵᠡᠭᠦᠯᠬᠦ ᠳ᠋ᠤ  ᠠᠰᠢᠭᠲᠠᠢ ᠪᠠᠢᠳᠠᠭ᠃
       ᠪᠥᠬᠥ ᠲᠠᠯ᠎ᠠ ᠪᠠᠷ ᠬᠠᠤᠯᠢ ᠪᠡᠷ ᠤᠯᠤᠰ ᠢ᠋ᠶ᠋ᠠᠨ ᠵᠠᠰᠠᠬᠤ ᠪᠣᠯ ᠰᠠᠭᠤᠷᠢ ᠴᠢᠨᠠᠷᠲᠠᠢ ᠂ ᠪᠠᠲᠤᠯᠠᠭ᠎ᠠ ᠶ᠋ᠢᠨ ᠴᠢᠨᠠᠷᠲᠠᠢ ᠦᠢᠯᠡᠳᠦᠯ ᠲᠡᠢ ᠪᠠᠢᠳᠠᠭ ᠃ ᠡᠨᠡ ᠡᠣᠳᠠᠭᠠᠠ ᠤ᠋ ᠡᠣᠠᠴᠠ ᠠᠭᠤᠴᠢᠯᠠᠯ ᠨᠢ ᠬᠠᠤᠯᠢ ᠪᠡᠷ ᠡᠣᠯᠣᠰ ᠢ᠋ᠢᠡᠨ ᠵᠠᠰᠠᠬᠤ ᠱᠠᠭᠠᠷᠳᠠᠯᠭ᠎ᠠ ᠶ᠋ᠢ ᠲᠤᠤᠱᠯᠠᠭᠤᠯᠤᠭᠰᠠᠨ  ᠶᠤᠮ ᠃ᠶᠢᠰᠦᠨ ᠲᠥᠷᠦᠯ ᠤ᠋ᠨ ᠡᠣᠠᠴᠠ ᠠᠭᠤᠴᠢᠯᠠᠯ ᠤ᠋ᠨ ᠶᠠᠯ᠎ᠠ ᠶ᠋ᠢᠨ ᠳᠣᠲᠣᠷ᠎ᠠ ᠂ ᠵᠠᠷᠢᠮ ᠨᠢ  ᠦᠨᠳᠦᠰᠦᠲᠡᠨ ᠤ᠋ ᠲᠤᠰᠠᠭᠠᠷ ᠲᠣᠭᠲᠠᠨᠢᠯ ᠪᠣᠯᠤᠨ  ᠰᠢᠨ᠎ᠡ ᠳᠤᠮᠳᠠᠳᠤ ᠡᠣᠯᠣᠰ ᠢ᠋ ᠪᠠᠢᠭᠤᠯᠬᠤ ᠳ᠋ᠤ᠌ ᠬᠤᠪᠢ ᠨᠡᠮᠡᠷᠢ ᠦᠵᠡᠭᠦᠯᠦᠭᠰᠡᠨ ᠪᠣᠯᠬᠣᠷ ᠲᠡᠳᠡᠨ ᠳ᠋ᠦ᠍ ᠡᠣᠠᠴᠠ ᠠᠭᠤᠴᠢᠯᠠᠯ ᠦᠵᠡᠭᠦᠯᠦᠭᠰᠡᠨ  ᠶᠤᠮ᠃ ᠡᠳᠡᠭᠡᠷ ᠶᠠᠯᠠᠲᠠᠨ ᠳ᠋ᠡᠬᠢ ᠠᠭᠤᠴᠢᠯᠠᠯ ᠨᠢ  ᠪᠦᠭᠦᠳᠡ ᠨᠠᠢᠷᠠᠮᠳᠠᠬᠤ ᠳᠤᠮᠳᠠᠳᠤ ᠡᠠᠷᠠᠣᠠ ᠡᠣᠯᠣᠰ ᠪᠠᠢᠭᠤᠯᠤᠭᠳᠠᠭᠰᠠᠨ 70 ᠵᠢᠯ ᠦ᠋ᠨ ᠣᠢ ᠶ᠋ᠢ ᠪᠡᠯᠭᠡᠯᠡᠬᠦ ᠭᠣᠣᠯ ᠰᠡᠳᠦᠪ ᠢ᠋ ᠳᠣᠪᠣᠢᠯᠭᠠᠵᠤ ᠴᠢᠳᠠᠨ᠎ᠠ ᠃ ᠵᠠᠷᠢᠮ ᠶᠠᠯᠠᠲᠠᠨ ᠨᠢ ᠡᠣᠯᠣᠰ ᠤ᠋ᠨ ᠵᠠᠰᠠᠭ ᠤ᠋ᠨ ᠡᠷᠬᠡ᠎ ᠶ᠋ᠢ ᠪᠡᠬᠢᠵᠢᠭᠦᠯᠬᠦ᠂ᠡᠣᠯᠣᠰ ᠤ᠋ᠨ ᠡᠷᠬᠡ᠎ᠮᠠᠲᠠᠯ᠂ᠡᠠᠮᠣᠷ ᠲᠣᠢᠪᠰᠢᠠ ᠪᠠ᠎ ᠨᠤᠲᠤᠭ ᠳᠡᠪᠢᠰᠬᠡᠷ ᠦ᠋ᠨ ᠪᠤᠢᠷᠢᠠ ᠪᠦᠲᠦᠨ ᠪᠠᠢᠬᠤ ᠶ᠋ᠢ ᠬᠠᠮᠠᠭᠠᠯᠠᠬᠤ ᠳ᠋ᠤ᠌ ᠬᠤᠪᠢ ᠨᠡᠮᠡᠷᠢ ᠦᠵᠡᠭᠦᠯᠦᠨ᠂ ᠡᠣᠯᠣᠰ ᠡᠣᠷᠣᠠ ᠤ᠋ ᠬᠦᠴᠦᠷᠬᠡᠭ ᠪᠠ᠎ ᠡᠣᠯᠣᠰ ᠤ᠋ᠨ ᠶᠡᠷᠦᠩᠬᠡᠢ ᠬᠦᠴᠦᠨ ᠢ᠋ ᠳᠡᠭᠡᠭᠱᠢᠯᠡᠭᠦᠯᠬᠦ ᠳ᠋ᠦ᠍ ᠬᠤᠪᠢ ᠨᠡᠮᠡᠷᠢ ᠦᠵᠡᠭᠦᠯᠵᠦ ᠂ ᠡᠣᠯᠣᠰ ᠤ᠋ᠨ ᠪᠠᠲᠤᠯᠠᠨ ᠬᠠᠮᠠᠭᠠᠯᠠᠯᠲᠠ ᠶ᠋ᠢ ᠪᠡᠬᠢᠵᠢᠭᠦᠯᠬᠦ ᠂ᠡᠬᠡ ᠤᠯᠤᠰ ᠪᠠ ᠨᠡᠢᠭᠡᠮ ᠵᠢᠷᠤᠮ ᠤ᠋ᠨ ᠣᠳᠣᠬᠢᠴᠢᠯᠠᠯᠲᠠ ᠵᠢᠨ ᠪᠦᠲᠦᠭᠡᠨ ᠪᠠᠢᠭᠤᠯᠤᠯᠲᠠ ᠳ᠋ᠤ᠌ ᠬᠤᠪᠢ ᠨᠡᠮᠡᠷᠢ ᠦᠵᠡᠭᠦᠯᠵᠦ  ᠥᠩᠭᠡᠷᠡᠭᠰᠡᠨ ᠵᠡᠷᠭᠡ ᠡᠠᠭᠣᠯᠭ᠎ᠠ ᠪᠦᠬᠦᠢ ᠶᠠᠯᠠᠲᠠᠨ ᠳ᠋ᠦ᠍ ᠡᠣᠠᠴᠠ ᠠᠭᠤᠴᠢᠯᠠᠯ ᠦᠵᠡᠭᠦᠯᠪᠡ᠃ ᠡᠭᠦᠨ ᠦ᠌ ᠳᠠᠭᠠᠤ ᠳ᠋ᠤ᠂ ᠱᠠᠮᠰᠢᠵᠦ ᠬᠡᠭᠡᠯᠢ ᠢᠳᠡᠭᠰᠡᠨ ᠶᠠᠯᠠᠲᠤ ᠠᠵᠢᠯᠯᠠᠭ᠎ᠠ᠂ᠬᠦᠨᠳᠦ ᠨᠣᠴᠢᠲᠠᠢ ᠡᠷᠡᠭᠦᠦ ᠶ᠋ᠢᠨ ᠶᠠᠯᠠᠲᠤ ᠠᠵᠢᠯᠯᠠᠭ᠎ᠠ᠂ᠰᠦᠷᠳᠡᠭᠦᠯᠦᠯ ᠦ᠋ᠨ ᠶᠠᠯᠠᠲᠤ ᠠᠵᠢᠯᠯᠠᠭ᠎ᠠ᠂ᠤᠯᠤᠰ ᠣᠷᠣᠨ ᠤ᠋ ᠠᠮᠤᠷ ᠲᠦᠪᠱᠢᠨ ᠳ᠋ᠦ᠍ ᠬᠣᠣᠷ ᠬᠥᠨᠥᠭᠡᠯ ᠤᠴᠠᠷᠠᠭᠤᠯᠤᠭᠰᠠᠨ ᠶᠠᠯᠠᠲᠤ ᠠᠵᠢᠯᠯᠠᠭ᠎ᠠ ᠵᠡᠷᠭᠡ ᠣᠨᠴᠠ ᠲᠣᠭᠲᠠᠭᠠᠭᠳᠠᠭᠰᠠᠨ ᠪᠠᠢᠳᠠᠯ ᠤ᠋ᠨ ᠶᠠᠯᠠᠲᠠᠨ ᠳ᠋ᠤ᠌ ᠣᠨᠴᠠ ᠠᠭᠤᠴᠢᠯᠠᠯ  ᠦᠵᠡᠭᠦᠯᠬᠦ ᠦᠭᠡᠢ ᠂ ᠡᠨᠡ ᠨᠢ ᠮᠥᠨ ᠣᠳᠣᠬᠠᠨ ᠤ᠋ ᠢᠯᠵᠠᠷᠠᠯ ᠢ᠋ ᠡᠰᠡᠷᠭᠦᠴᠡᠬᠦ ᠲᠡᠮᠡᠴᠡᠯ ᠢ᠋ ᠭᠦᠢᠴᠡᠳ ᠪᠣᠳᠤᠯᠬᠢᠯᠠᠨ᠂ ᠠᠷᠠᠳ ᠣᠯᠠᠨ ᠤ᠋ ᠠᠮᠤᠷ  ᠲᠦᠪᠰᠢᠨ ᠰᠡᠳᠭᠢᠯᠭᠡ ᠶ᠋ᠢ ᠬᠠᠮᠠᠭᠠᠯᠠᠬᠤ ᠂ ᠤᠯᠤᠰ ᠣᠷᠣᠨ ᠤ᠋ ᠠᠮᠤᠷ  ᠲᠦᠪᠰᠢᠨ ᠢ᠋ ᠬᠠᠮᠠᠭᠠᠯᠠᠬᠤ ᠱᠠᠭᠠᠷᠳᠠᠯᠭ᠎ᠠ ᠶ᠋ᠢ ᠭᠦᠢᠴᠡᠳ ᠪᠣᠳᠣᠯᠬᠢᠯᠠᠭᠰᠠᠨ ᠪᠠᠢᠨ᠎ᠠ ᠃
        ᠲᠤᠰ  ᠤᠳᠠᠭᠠᠨ ᠤ᠋ ᠣᠨᠴᠠ ᠠᠭᠤᠴᠢᠯᠠᠯ ᠨᠢ ᠤᠯᠤᠰ ᠲᠥᠷᠥ᠂ ᠬᠠᠤᠯᠢ ᠴᠠᠭᠠᠵᠠ᠂ ᠨᠡᠢᠭᠡᠮ ᠦ᠋ᠨ ᠰᠠᠢᠨ ᠲᠤᠰᠭᠠᠯ ᠢ᠋ ᠪᠠᠲᠤᠯᠠᠬᠤ ᠳ᠋ᠤ᠌  ᠡᠷᠬᠡᠪᠰᠢ ᠵᠠᠷᠴᠢᠮ ᠢ᠋ ᠢᠳᠡᠪᠬᠢᠲᠡᠢ ᠪᠣᠯᠭᠣᠮᠵᠢᠲᠠᠢ ᠪᠠᠷᠢᠮᠲᠠᠯᠠᠵᠤ ᠂ ᠪᠦᠭᠦᠳᠡ ᠨᠠᠢᠷᠠᠮᠳᠠᠬᠤ ᠳᠤᠮᠳᠠᠳᠤ ᠠᠷᠠᠳ ᠤᠯᠤᠰ ᠪᠠᠢᠭᠤᠯᠤᠭᠳᠠᠭᠰᠠᠨ 70 ᠵᠢᠯ ᠦ᠋ᠨ ᠣᠢ ᠶ᠋ᠢ ᠪᠠᠶᠠᠷᠯᠠᠨ ᠪᠡᠯᠭᠡᠯᠡᠬᠦ ᠡᠴᠡ ᠭᠠᠳᠠᠨ᠎ᠠ ᠪᠠᠰᠠ ᠣᠳᠣᠬᠠᠨ ᠤ᠋ ᠮᠠᠨ ᠤ᠋ ᠤᠯᠤᠰ ᠤ᠋ᠨ ᠡᠷᠡᠭᠦᠦ ᠶ᠋ᠢᠨ ᠬᠡᠷᠡᠭ ᠦ᠋ᠨ ᠶᠠᠯᠠᠲᠤ ᠠᠵᠢᠯᠯᠠᠭ᠎ᠠ ᠵᠡᠷᠭᠡ ᠪᠣᠳᠠᠲᠤ ᠪᠠᠢᠳᠠᠯ ᠢ᠋ ᠪᠣᠳᠣᠯᠬᠢᠯᠠᠵᠤ ᠂ ᠠᠯᠬᠤᠮ ᠳᠠᠷᠠᠭ᠎ᠠ ᠲᠠᠢ ᠪᠠᠷ ᠱᠠᠭᠠᠷᠳᠠᠯᠭ᠎ᠠ ᠶᠣᠰᠣᠭᠠᠷ ᠣᠨᠴᠠ ᠠᠭᠤᠴᠢᠯᠠᠯ ᠦᠵᠡᠭᠦᠯᠬᠦ ᠠᠵᠢᠯ ᠢ᠋ ᠰᠠᠢᠲᠤᠷ ᠬᠢᠬᠦ ᠬᠡᠷᠡᠭᠲᠡᠢ ︔  ᠡᠷᠬᠡᠪᠰᠢ ᠡᠷᠬᠡ  ᠲᠡᠭᠰᠢ ᠲᠥᠪ ᠭᠣᠣᠯᠴᠢ ᠵᠠᠷᠴᠢᠮ ᠢ᠋ ᠪᠠᠷᠢᠮᠲᠠᠯᠠᠨ ᠂ ᠣᠨᠴᠠ ᠠᠭᠤᠴᠢᠯᠠᠯ ᠬᠦᠷᠲᠡᠭᠡᠬᠦ ᠡᠲᠡᠭᠡᠳ ᠦ᠋ᠨ ᠪᠡᠶ᠎ᠡ ᠶ᠋ᠢᠨ ᠭᠠᠷᠤᠯ ᠤ᠋ᠨ  ᠠᠳᠠᠯᠢᠳᠭᠠᠰᠢ ᠦᠭᠡᠢ ᠴᠢᠨᠠᠷ ᠢ᠋ ᠳᠣᠪᠣᠢᠯᠭᠠᠵᠤ ᠂ ᠣᠨᠴᠠ ᠠᠭᠤᠴᠢᠯᠠᠯ ᠦᠵᠡᠭᠦᠯᠬᠦ ᠨᠥᠬᠥᠴᠡᠯ ᠢ᠋ ᠴᠢᠩᠭ᠎ᠠ  ᠡᠵᠡᠮᠰᠢᠬᠦ ᠬᠡᠷᠡᠭᠲᠡᠢ ︔ ᠡᠷᠬᠡᠪᠰᠢ ᠬᠠᠤᠯᠢ ᠪᠡᠷ  ᠰᠢᠢᠳᠪᠦᠷᠢᠯᠡᠬᠦ ᠵᠠᠷᠴᠢᠮ ᠢ᠋ ᠪᠠᠷᠢᠮᠲᠠᠯᠠᠵᠤ ᠂ ᠬᠠᠤᠯᠢ ᠴᠠᠭᠠᠵᠠ ᠶ᠋ᠢᠨ ᠵᠠᠰᠠᠭ ᠵᠠᠬᠢᠷᠭᠠᠨ ᠤ᠋ ᠪᠠᠢᠭᠤᠯᠭ᠎ᠠ ᠵᠡᠷᠭᠡ ᠪᠡᠷ ᠣᠨᠴᠠ ᠠᠭᠤᠴᠢᠯᠠᠯ ᠬᠦᠷᠲᠡᠭᠡᠬᠦ ᠂ ᠠᠷᠠᠳ ᠤ᠋ᠨ ᠰᠢᠭᠦᠬᠦ ᠬᠣᠷᠢᠶ᠎ᠠ ᠣᠨᠴᠠ ᠠᠭᠤᠴᠢᠯᠠᠯ ᠬᠦᠷᠲᠡᠭᠡᠬᠦ ᠬᠡᠷᠡᠭ ᠢ᠋  ᠰᠢᠭᠦᠨ ᠰᠢᠢᠳᠪᠦᠷᠢᠯᠡᠵᠦ ᠂ ᠠᠷᠠᠳ ᠤ᠋ᠨ ᠪᠠᠢᠴᠠᠭᠠᠬᠤ ᠬᠣᠷᠢᠶ᠎ᠠ ᠠ᠋ᠴᠠ ᠣᠨᠴᠠ ᠠᠭᠤᠴᠢᠯᠠᠯ ᠤ᠋ᠨ ᠬᠡᠷᠡᠭᠵᠢᠭᠦᠯᠦᠯᠲᠡ ᠳ᠋ᠦ᠍ ᠬᠢᠨᠠᠯᠲᠠ ᠲᠠᠯᠪᠢᠵᠤ ᠂ ᠭᠣᠭᠴᠣᠭ᠎ᠠ ᠨᠢᠭᠡᠪᠦᠷᠢ ᠶ᠋ᠢ ᠴᠥᠮ ᠦᠨᠳᠦᠰᠦᠨ ᠬᠠᠤᠯᠢ ᠪᠠ ᠬᠠᠤᠯᠢ ᠴᠠᠭᠠᠵᠠ ᠶ᠋ᠢᠨ ᠲᠣᠭᠲᠠᠭᠠᠯ ᠢ᠋ᠢᠠᠷ ᠶᠠᠪᠤᠭᠳᠠᠭᠤᠯᠬᠤ ᠬᠡᠷᠡᠭᠲᠡᠢ ᠡᠷᠬᠡᠪᠰᠢ  ᠡᠮᠬᠢ ᠵᠢᠷᠤᠮ ᠲᠠᠢ ᠪᠠᠢᠬᠤ ᠵᠠᠷᠴᠢᠮ ᠢ᠋ ᠪᠠᠷᠢᠮᠲᠠᠯᠠᠵᠤ ᠂ ᠡᠷᠡᠭᠦᠦ  ᠰᠢᠢᠳᠭᠡᠯ ᠭᠦᠢᠴᠡᠳᠭᠡᠵᠦ ᠪᠠᠢᠭ᠎ᠠ ᠪᠦᠬᠦ ᠶᠠᠯᠠᠲᠠᠨ ᠳ᠋ᠤ᠌ ᠦᠵᠡᠯ ᠰᠠᠨᠠᠭ᠎ᠠ ᠂ ᠶᠣᠰᠣ ᠮᠣᠷᠠᠯ ᠂ ᠬᠠᠤᠯᠢ ᠪᠠᠷ ᠵᠠᠰᠠᠬᠤ ᠬᠥᠮᠦᠵᠢᠯ ᠬᠢᠬᠦ  ᠵᠢ ᠴᠢᠩᠭᠠᠳᠭᠠᠵᠤ ᠂ ᠣᠨᠴᠠ ᠠᠭᠤᠴᠢᠯᠠᠯ ᠦᠵᠡᠭᠦᠯᠬᠦ ᠪᠡᠷ ᠲᠥᠯᠥᠪᠯᠡᠭᠰᠡᠨ ᠶᠠᠯᠠᠲᠠᠨ ᠳ᠋ᠤ᠌ ᠨᠡᠢᠭᠡᠮ ᠨᠡᠢᠲᠡ ᠳ᠋ᠦ᠍ ᠠᠶᠤᠯ ᠤᠴᠠᠷᠠᠭᠤᠯᠬᠤ ᠪᠣᠯᠤᠯᠴᠠᠭ᠎ᠠ ᠪᠠᠢᠬᠤ ᠡᠰᠡᠬᠦ ᠶ᠋ᠢ ᠦᠨᠡᠯᠡᠨ ᠵᠢᠱ᠌ᠢᠬᠦ ᠶ᠋ᠢᠨ ᠬᠠᠮᠲᠤ ᠂ ᠣᠨᠴᠠ ᠠᠭᠤᠴᠢᠯᠠᠯ ᠬᠦᠷᠲᠡᠭᠡᠬᠦ ᠶᠠᠯᠠᠲᠠᠨ ᠢ᠋ ᠰᠤᠯᠠᠯᠠᠭᠰᠠᠨ ᠤ᠋ ᠳᠠᠷᠠᠭᠠᠬᠢ ᠰᠤᠷᠭᠠᠨ ᠬᠥᠮᠦᠵᠢᠯ ᠦ᠋ᠨ ᠬᠠᠮᠢᠶᠠᠷᠤᠯᠲᠠ ᠶ᠋ᠢᠨ ᠠᠵᠢᠯ ᠢ᠋ ᠴᠢᠩᠭᠠᠳᠭᠠᠵᠤ ᠂ ᠣᠨᠴᠠ ᠠᠭᠤᠴᠢᠯᠠᠯ ᠬᠦᠷᠲᠡᠭᠰᠡᠨ ᠦᠭᠡᠢ ᠶᠠᠯᠠᠲᠠᠳ ᠦ᠋ᠨ ᠨᠡᠢᠭᠡᠮ ᠳ᠋ᠦ᠍ ᠪᠤᠴᠠᠭᠰᠠᠨ ᠦ᠌ ᠳᠠᠷᠠᠭᠠᠬᠢ ᠰᠠᠬᠢᠯᠭ᠎ᠠ ᠪᠠᠲᠤ ᠶ᠋ᠢ ᠵᠢᠷᠤᠮᠯᠠᠨ ᠬᠠᠤᠯᠢ ᠴᠠᠭᠠᠵᠠ ᠶ᠋ᠢ ᠵᠢᠷᠤᠮᠯᠠᠬᠤ ᠶ᠋ᠢ ᠦᠨᠡᠨᠬᠦ ᠪᠠᠲᠤᠯᠠᠬᠤ ᠬᠡᠷᠡᠭᠲᠡᠢ ᠃
         ᠡᠣᠠᠴᠠ ᠠᠭᠤᠴᠢᠯᠠᠬᠤ  ᠳᠦᠷᠢᠮ ᠢ᠋ ᠳᠠᠬᠢᠨᠲᠠ ᠬᠡᠷᠡᠭᠵᠢᠭᠦᠯᠦᠭᠰᠡᠨ ᠨᠢ ᠬᠠᠤᠯᠢ ᠪᠠᠷ ᠵᠠᠰᠠᠬᠤ ᠪᠠ᠎  ᠥᠷᠦᠰᠢᠶᠡᠯ ᠵᠠᠰᠠᠭ ᠤ᠋ᠨ ᠪᠠᠢᠭᠤᠯᠤᠯ ᠢ᠋ ᠢᠯᠡᠷᠡᠭᠦᠯᠵᠦ᠂  ᠰᠢᠨ᠎ᠡ ᠴᠠᠭ ᠦᠶ᠎ᠡ ᠵᠢᠨ ᠬᠦᠴᠦᠷᠬᠡᠭ  ᠳᠦᠷᠢ ᠵᠢ  ᠪᠤᠢ ᠪᠣᠯᠭᠠᠭᠰᠠᠨ ᠶᠤᠮ᠃ ᠲᠤᠰ ᠤᠳᠠᠭᠠᠨ ᠤ᠋ ᠣᠨᠴᠠ ᠠᠭᠤᠴᠢᠯᠠᠯ ᠨᠢ ᠬᠠᠤᠯᠢ ᠪᠠᠷ ᠤᠯᠤᠰ ᠢ᠋ᠢᠡᠨ ᠵᠠᠰᠠᠬᠤ ᠳ᠋ᠤ ᠦᠨᠳᠦᠰᠦ ᠬᠠᠳᠭᠤᠵᠤ ᠂ ᠵᠢᠱ᠌ᠢᠯᠲᠡ ᠶ᠋ᠢ ᠲᠣᠭᠲᠠᠪᠤᠷᠢᠵᠢᠭᠤᠯᠬᠤ ᠂ ᠠᠯᠤᠰ ᠬᠡᠳᠦ  ᠳ᠋ᠦ᠍  ᠠᠰᠢᠭᠲᠠᠢ ᠪᠠᠲᠤᠯᠠᠭ᠎ᠠ ᠶ᠋ᠢᠨ ᠦᠢᠯᠡᠳᠦᠯ ᠢ᠋ ᠨᠡᠩ ᠰᠠᠢᠲᠤᠷ ᠪᠠᠳᠠᠷᠠᠭᠤᠯᠬᠤ ᠳ᠋ᠤ ᠲᠦᠯᠬᠢᠬᠦ ᠬᠦᠴᠦᠨ ᠦᠵᠡᠭᠦᠯᠦᠭᠰᠡᠨ ᠪᠠᠢᠨ᠎ᠠ ᠂ 《 ᠬᠤᠶᠠᠷ ᠨᠢᠭᠡ ᠵᠠᠭᠤᠨ ᠵᠢᠯ》 ᠦ᠋ᠨ ᠲᠡᠮᠡᠴᠡᠬᠦ ᠬᠠᠷᠠᠯᠲᠠ ᠶ᠋ᠢ ᠪᠡᠶᠡᠯᠡᠭᠦᠯᠬᠦ ᠂ ᠳᠤᠮᠳᠠᠳᠤ ᠶ᠋ᠢᠨ ᠦᠨᠳᠦᠰᠦᠲᠡᠨ ᠦ᠌ ᠠᠭᠤᠤ ᠶᠡᠬᠡ ᠰᠡᠷᠭᠦᠨ ᠮᠠᠨᠳᠤᠯᠲᠠ ᠂ ᠳᠤᠮᠳᠠᠳᠤ ᠶ᠋ᠢᠨ ᠬᠦᠰᠡᠯᠡᠩ ᠢ᠋  ᠪᠡᠶᠡᠯᠡᠭᠦᠯᠬᠦ ᠰᠠᠭᠤᠷᠢ ᠴᠢᠯᠠᠭᠤ ᠵᠢ ᠲᠠᠯᠪᠢᠭᠰᠠᠨ ᠥᠭᠭᠦᠭᠰᠡᠨ ᠶᠤᠮ᠃
 ᠢᠷᠡᠯᠲᠡ ᠄ ᠱᠢᠨᠬᠤᠸᠠ ᠰᠦᠯᠵᠢᠶ᠎ᠡ
 

ᠦᠨᠡᠯᠡᠬᠦ 0ᠦᠨᠡᠯᠡᠯᠲᠡ᠎ᠲᠠᠢ


( ᠨᠧᠲ ᠨᠠᠢᠵᠠ ᠵᠢᠨ ᠦᠨᠡᠯᠡᠯᠲᠡ᠎ᠨᠢ ᠵᠦᠪᠭᠡᠨ ᠲᠡᠭᠦᠨ ᠊ᠤ᠌ ᠬᠤᠪᠢ ᠭᠦᠮᠦᠨ ᠊ᠤ᠌ ᠦᠵᠡᠯᠲᠡ ᠲᠡᠳᠦᠢ᠂ ᠲᠤᠰ ᠨᠧᠲ ᠦᠷᠳᠡᠭᠡ ᠲᠡᠭᠦᠨ ᠊ᠤ᠌ ᠦᠵᠡᠯᠲᠡ ᠵᠢ ᠵᠦᠪᠱᠢᠶᠡᠷᠡᠭᠰᠡᠨ ᠶᠠᠪᠤᠳᠠᠯ ᠤᠭᠳᠤ ᠪᠢᠱᠢ᠎ᠶᠤᠮ᠃ )