ᠣᠢᠷ᠎ᠠ ᠳ᠋ᠤ᠌᠂ᠤᠯᠤᠰ ᠤ᠋ᠨ ᠰᠦᠯᠵᠢᠶᠡᠨ ᠦ᠌ ᠮᠡᠳᠡᠭᠡ ᠵᠠᠩᠭᠢ ᠶ᠋ᠢᠨ ᠠᠯᠪᠠᠨ ᠭᠡᠷ ᠬᠣᠯᠪᠣᠭᠳᠠᠯ ᠪᠦᠬᠦᠢ ᠰᠠᠯᠠᠭ᠎ᠠ ᠮᠥᠴᠢᠷ ᠂ ᠰᠦᠯᠵᠢᠶᠡᠨ ᠦ᠌ ᠳᠠᠭᠤᠤ ᠪᠢᠴᠢᠯᠭᠡ ᠶ᠋ᠢᠨ ᠰᠠᠮᠠᠭᠤᠨ ᠪᠠᠢᠳᠠᠯ ᠳ᠋ᠤ᠌ ᠴᠢᠭᠯᠡᠭᠦᠯᠦᠨ ᠲᠤᠰᠭᠠᠢ ᠲᠥᠷᠥᠯ ᠦ᠋ᠨ ᠴᠡᠭᠴᠡᠯᠡᠨ ᠵᠠᠰᠠᠬᠤ ᠠᠵᠢᠯᠯᠠᠭ᠎ᠠ ᠡᠬᠢᠯᠡᠭᠦᠯᠪᠡ ᠃ ᠣᠯᠠᠨ ᠲᠦᠮᠡᠨ ᠦ᠌ ᠢᠯᠡᠴᠢᠯᠡᠨ ᠮᠡᠳᠡᠭᠦᠯᠦᠭᠰᠡᠨ ᠰᠦᠪᠡᠭᠴᠢ ᠶ᠋ᠢ ᠦᠨᠳᠦᠰᠦᠯᠡᠨ᠂ᠬᠢᠨᠠᠨ ᠪᠠᠢᠴᠠᠭᠠᠵᠤ ᠭᠡᠷᠡᠴᠢ ᠠᠪᠬᠤ ᠪᠠᠷ ᠳᠠᠮᠵᠢᠭᠤᠯᠤᠨ᠂ ᠲᠦᠷᠦᠭᠦᠦ ᠪᠦᠯᠦᠭ ᠬᠠᠤᠯᠢ ᠶᠣᠰᠣᠭᠠᠷ ᡁᠢ ᠶᠠ᠂ S o u l ᠂ ᠢᠦᠢ ᠸᠠᠨ ᠂ ᠢ ᠱᠦᠸᠧ F M ᠵᠡᠷᠭᠡ 26 ᠲᠥᠷᠥᠯ ᠦ᠋ᠨ ᠬᠡᠢᠰᠪᠦᠷᠢ ᠦᠵᠡᠯ ᠂ ᠱᠠᠯᠢᠭ ᠵᠠᠪᠬᠠᠢ ᠠᠭᠤᠯᠭ᠎ᠠ ᠲᠠᠢ ᠬᠠᠤᠯᠢ ᠲᠣᠭᠲᠠᠭᠠᠯ ᠠ᠋ᠴᠠ ᠵᠥᠷᠢᠴᠡᠭᠰᠡᠨ ᠳᠠᠭᠤ ᠪᠢᠴᠢᠯᠭᠡ ᠶ᠋ᠢᠨ ᠲᠠᠪᠴᠠᠩ ᠲᠠᠢ ᠲᠤᠰ ᠲᠤᠰ ᠪᠣᠯᠵᠣᠨ ᠶᠠᠷᠢᠯᠴᠠᠬᠤ ᠂ ᠪᠠᠭᠤᠯᠭᠠᠬᠤ ᠂ᠬᠠᠭᠠᠵᠤ ᠵᠣᠭᠰᠣᠭᠠᠬᠤ ᠵᠡᠷᠭᠡ ᠠᠷᠭ᠎ᠠ ᠠᠪᠴᠠᠯ ᠢ᠋ᠢᠠᠷ ᠰᠢᠢᠳᠭᠡᠯ ᠥᠭᠴᠦ᠂ ᠳᠠᠭᠤ ᠪᠢᠣᠢᠯᠭᠡ ᠵᠢᠨ ᠲᠠᠪᠴᠠᠩ ᠢ᠋ ᠪᠦᠬᠦ ᠲᠠᠯ᠎ᠠ ᠪᠠᠷ ᠲᠥᠪᠯᠡᠷᠡᠭᠦᠯᠦᠨ ᠴᠡᠭᠴᠡᠯᠡᠪᠡ ᠃ ᠬᠣᠯᠪᠣᠭᠳᠠᠯ ᠪᠦᠬᠦᠢ ᠬᠠᠷᠢᠭᠤᠴᠠᠯᠭᠠᠲᠠᠨ ᠤ᠋ ᠢᠯᠡᠷᠬᠡᠢᠯᠡᠭᠰᠡᠨ ᠢ᠋ᠢᠠᠷ ᠂ ᠲᠤᠰ ᠤᠳᠠᠭᠠᠨ ᠤ᠋ ᠴᠡᠭᠴᠡᠯᠡᠨ ᠵᠠᠰᠠᠬᠤ ᠠᠵᠢᠯ ᠲᠥᠷᠥᠯ ᠳ᠋ᠤ ᠡᠮᠬᠢ ᠵᠠᠮᠪᠠᠷᠠᠭ᠎ᠠ ᠦᠭᠡᠢ ᠪᠠᠢᠳᠠᠯ ᠢ᠋ ᠡᠷᠡᠰ ᠬᠣᠷᠢᠭᠯᠠᠬᠤ ᠬᠡᠷᠡᠭᠲᠡᠢ ᠪᠥᠭᠡᠳ ᠪᠠᠰᠠ ᠠᠵᠢᠯ ᠲᠥᠷᠥᠯ ᠦ᠋ᠨ ᠬᠥᠭᠵᠢᠯᠲᠡ ᠶ᠋ᠢ ᠢᠳᠡᠪᠬᠢᠲᠡᠢ ᠪᠡᠷ ᠵᠢᠷᠤᠮᠵᠢᠭᠤᠯᠵᠤ ᠂ ᠰᠦᠯᠵᠢᠶᠡᠨ ᠦ᠌ ᠣᠷᠴᠢᠨ ᠠᠬᠤᠢ ᠶ᠋ᠢᠨ ᠦᠷᠭᠦᠯᠵᠢᠯᠡᠨ ᠰᠠᠢᠵᠢᠷᠠᠬᠤ ᠶ᠋ᠢ ᠠᠬᠢᠭᠤᠯᠬᠤ ᠬᠡᠷᠡᠭᠲᠡᠢ ᠃
ᠨᠢᠭᠡ ᠬᠡᠰᠡᠭ ᠬᠤᠭᠤᠴᠠᠭᠠᠨ ᠳ᠋ᠤ ᠂ ᠰᠦᠯᠵᠢᠶᠡᠨ ᠤ᠋ ᠳᠠᠭᠤᠤ ᠪᠢᠴᠢᠯᠭᠡ ᠵᠢᠨ ᠠᠵᠢᠯ ᠲᠥᠷᠥᠯ ᠳ᠋ᠤ ᠰᠠᠮᠠᠭᠤᠷᠠᠯ ᠭᠠᠷᠴᠤ᠂ ᠬᠡᠰᠡᠭ ᠰᠦᠯᠵᠢᠶᠡᠨ ᠦ᠌ ᠳᠠᠭᠤᠤ ᠪᠢᠴᠢᠯᠭᠡ ᠵᠢᠨ ᠲᠠᠪᠴᠠᠩ ᠤ᠋ᠨ ᠬᠠᠮᠢᠶᠠᠷᠤᠯᠲᠠ ᠶ᠋ᠢᠨ ᠳᠦᠷᠢᠮ ᠨᠢ ᠨᠡᠷ᠎ᠡ ᠵᠢᠨ ᠲᠡᠳᠦᠢ ᠪᠡᠢᠵᠤ᠂ ᠨᠠᠰᠤᠨ ᠳ᠋ᠤ᠌ ᠦᠯᠦ ᠬᠦᠷᠦᠭᠰᠡᠳ ᠳᠤᠷ᠎ᠠ ᠪᠡᠷ ᠳᠠᠩᠰᠠᠯᠠᠵᠤ ᠂ ᠡᠯ᠎ᠡ ᠵᠦᠢᠯ ᠦ᠋ᠨ ᠰᠠᠢᠬᠠᠨ ᠮᠠᠭᠤᠬᠠᠢ ᠠᠭᠤᠯᠭ᠎ᠠ ᠵᠢ ᠨᠡᠭᠡᠭᠡᠨ ᠦᠵᠡᠳᠡᠭ ᠪᠠᠢᠯ᠎ᠠ᠃ ᠵᠠᠷᠢᠮ ᠰᠦᠯᠵᠢᠶᠡᠨ ᠦ᠌ ᠳᠠᠭᠤᠤ ᠪᠢᠴᠢᠯᠭᠡ ᠶ᠋ᠢᠨ ᠲᠠᠪᠴᠠᠩ ᠨᠢ ᠤᠷᠤᠰᠴᠠ ᠶ᠋ᠢ ᠬᠥᠭᠡᠭᠡᠴᠡᠯᠳᠦᠵᠦ᠂ ᠬᠥᠮᠦᠰ ᠤ᠋ᠨ ᠨᠢᠳᠦᠨ ᠴᠡᠴᠡᠭᠡᠢ ᠶ᠋ᠢ ᠲᠠᠲᠠᠬᠤ ᠵᠢᠨ ᠲᠥᠯᠦᠭᠡ᠂ ᠪᠣᠳᠣᠬᠤ ᠠᠷᠭ᠎ᠠ ᠶ᠋ᠢᠨ ᠮᠡᠷᠭᠡᠵᠢᠯ ᠢ᠋ ᠠᠰᠢᠭᠯᠠᠨ ᠬᠡᠷᠡᠭᠯᠡᠭᠴᠢᠳ ᠲᠦ᠍ ᠨᠡᠢᠭᠡᠮ ᠨᠡᠢᠲᠡ ᠶ᠋ᠢᠨ ᠡᠮᠬᠢ ᠵᠢᠷᠤᠮ ᠰᠠᠢᠨ ᠰᠤᠷᠲᠠᠯ ᠠ᠋ᠴᠠ ᠵᠥᠷᠢᠴᠡᠭᠰᠡᠨ ᠳᠠᠭᠤᠤ ᠪᠢᠴᠢᠯᠭᠡ ᠶ᠋ᠢᠨ ᠠᠭᠤᠯᠭ᠎ᠠ ᠶ᠋ᠢ ᠬᠦᠷᠭᠡᠵᠦ ᠥᠭᠳᠡᠭ᠃ ᠵᠠᠷᠢᠮ ᠳᠠᠭᠤᠤ ᠴᠢᠮᠡᠭᠡ ᠵᠢᠨ ᠰᠢᠭᠤᠳ ᠨᠡᠪᠲᠡᠷᠡᠭᠦᠯᠭᠡ ᠶ᠋ᠢᠨ ᠲᠠᠪᠴᠠᠩ ᠨᠢ ᠪᠤᠵᠠᠷ ᠪᠤᠷᠲᠠᠭ ᠱᠠᠯᠢᠭ ᠵᠠᠪᠠᠬᠠᠢ ᠵᠦᠢᠯᠡᠰ ᠢ᠋ ᠳᠡᠯᠭᠡᠨ ᠦᠵᠡᠭᠦᠯᠵᠦ ᠂ ᠨᠡᠩ ᠴᠢᠨᠠᠭᠰᠢᠯᠠᠪᠠᠯ ᠱᠠᠯᠢᠭ ᠵᠠᠪᠬᠠᠢ ᠪᠣᠯᠬᠢ ᠪᠦᠳᠦᠭᠦᠯᠢᠭ ᠮᠡᠳᠡᠭᠡ ᠵᠠᠩᠭᠢ ᠵᠢ ᠳᠡᠯᠭᠡᠬᠦ ᠠ᠋ᠴᠠ ᠪᠣᠯᠵᠤ ᠬᠡᠷᠡᠭᠯᠡᠭᠴᠢᠳ ᠢ᠋ ᠥᠳᠥᠭᠡᠵᠦ ᠲᠠᠪᠴᠠᠩ ᠠᠯᠤᠰᠯᠠᠨ ᠰᠣᠯᠢᠯᠴᠠᠭ᠎ᠠ ᠬᠢᠯᠭᠡᠳᠡᠭ᠃ ᠵᠠᠷᠢᠮ ᠳᠠᠭᠤᠤ ᠪᠢᠴᠢᠯᠭᠡ ᠨᠢ ᠨᠡᠢᠭᠡᠮ ᠦ᠋ᠨ ᠬᠠᠷᠢᠯᠴᠠᠭ᠎ᠠ ᠪᠠᠷ ᠬᠤᠳᠠᠯᠳᠤᠬᠤ ᠴᠡᠭ ᠪᠣᠯᠭᠠᠵᠤ᠂ ᠢᠯᠡ ᠪᠡᠷ ᠶᠠᠩᠬᠠᠯᠠᠬᠤ ᠵᠡᠷᠭᠡ ᠬᠠᠤᠯᠢ ᠠ᠋ᠴᠠ ᠵᠥᠷᠢᠴᠡᠭᠰᠡᠨ ᠶᠠᠯᠠᠲᠤ ᠠᠵᠢᠯᠯᠠᠭ᠎ᠠ ᠶ᠋ᠢᠨ ᠮᠡᠳᠡᠭᠡ ᠵᠠᠩᠭᠢ ᠶ᠋ᠢ ᠲᠠᠷᠬᠠᠭᠠᠳᠠᠭ᠃ ᠵᠠᠷᠢᠮ ᠰᠦᠯᠵᠢᠶᠡᠨ ᠦ᠌ ᠳᠠᠭᠤᠤ ᠪᠢᠴᠢᠯᠭᠡ ᠵᠢᠨ ᠲᠠᠪᠴᠠᠩ ᠨᠢ《ᠥᠩᠭᠡᠲᠦ ᠰᠢᠰᠲ᠋ᠧᠮ ᠤ᠋ᠨ ᠰᠠᠬᠢᠭᠤᠯᠰᠤᠨ ᠤ᠋ ᠳᠠᠭᠤᠤ》ᠵᠡᠷᠭᠡ ᠵᠢ ᠤᠯᠠᠮᠵᠢᠯᠠᠨ ᠲᠠᠷᠬᠠᠭᠠᠵᠤ᠂《ᠬᠣᠶᠠᠳᠤᠭᠠᠷ ᠵᠡᠷᠭᠡ ᠵᠢᠨ ᠰᠣᠶᠤᠯ》᠂《ᠳᠡᠳ᠋ ᠰᠣᠶᠤᠯ》 ᠢ᠋ ᠰᠤᠷᠲᠠᠯᠴᠢᠯᠠᠳᠠᠭ︔ ᠵᠠᠷᠢᠮ ᠨᠣᠮ ᠤᠩᠰᠢᠯᠭ᠎ᠠ ᠵᠢᠨ ᠲᠠᠪᠴᠠᠩ ᠨᠢ ᠲᠡᠦᠬᠡ ᠵᠢᠨ ᠦᠭᠡᠢᠰᠭᠡᠬᠦ ᠦᠵᠡᠯ ᠢ᠋ ᠰᠤᠷᠲᠤᠯᠴᠢᠯᠠᠵᠤ᠂ ᠠᠶᠤᠨ ᠭᠡᠯᠮᠡᠭᠳᠡᠬᠦ᠂ ᠪᠤᠷᠬᠠᠨ ᠰᠠᠬᠢᠭᠤᠯᠰᠤᠨ ᠴᠢᠳᠭᠦᠷ ᠰᠢᠮᠨᠤᠰ᠂ ᠦᠬᠦᠰᠢᠷᠡᠮᠡᠯ ᠬᠡᠭᠦᠷ᠂ ᠦᠬᠦᠳᠡᠯ ᠤᠷᠤᠭ ᠵᠡᠷᠭᠡ ᠰᠣᠨᠢᠨ ᠵᠢᠭᠲᠡᠢ ᠰᠣᠨᠢᠨ ᠰᠡᠪᠡᠭᠦᠨ ᠰᠦᠯᠵᠢᠶᠡᠨ ᠤ᠋ ᠥᠭᠦᠯᠡᠯᠭᠡ ᠂ ᠹᠧᠣᠳᠠᠯ ᠤ᠋ᠨ ᠮᠤᠬᠤᠷ ᠪᠢᠰᠢᠷᠡᠯ ᠦ᠋ᠨ ᠦᠵᠡᠯ ᠰᠠᠨᠠᠭ᠎ᠠ ᠶ᠋ᠢ ᠲᠠᠷᠬᠠᠭᠠᠳᠠᠭ᠃ᠡᠳᠡᠭᠡᠷ ᠳᠠᠭᠤᠤ ᠪᠢᠴᠢᠯᠭᠡ ᠵᠢᠨ ᠲᠠᠪᠴᠠᠩ ᠤ᠋ᠨ ᠦᠢᠯᠡ ᠠᠵᠢᠯᠯᠠᠭ᠎ᠠ ᠨᠢ ᠲᠣᠣᠷ ᠰᠦᠯᠵᠢᠶᠡᠨ ᠦ᠌ ᠠᠮᠢ ᠠᠬᠤᠢ ᠶ᠋ᠢ ᠬᠦᠨᠳᠦ ᠨᠣᠴᠢᠲᠠᠢ ᠡᠪᠳᠡᠵᠦ ᠂ ᠵᠠᠯᠠᠭᠤᠴᠤᠳ ᠪᠠᠭᠠᠴᠤᠳ ᠤ᠋ᠨ ᠡᠷᠡᠭᠦᠯ ᠢ᠋ᠶ᠋ᠡᠷ ᠦᠰᠦᠨ ᠪᠣᠢᠵᠢᠬᠤ ᠳ᠋ᠤ᠌ ᠬᠦᠨᠳᠦ ᠨᠣᠴᠢᠲᠠᠢ ᠨᠥᠯᠥᠭᠡ ᠦᠵᠡᠭᠦᠯᠦᠭᠰᠡᠨ ᠪᠣᠯᠬᠣᠷ ᠡᠷᠬᠡᠪᠰᠢ ᠡᠷᠡᠰ ᠬᠣᠷᠢᠭᠯᠠᠬᠤ ᠬᠡᠷᠡᠭᠲᠡᠢ ᠃
ᠤᠯᠤᠰ ᠤ᠋ᠨ ᠢᠨᠲ᠋ᠧᠷ ᠰᠦᠯᠵᠢᠶᠡᠨ ᠦ᠌ ᠮᠡᠳᠡᠭᠡ ᠵᠠᠩᠭᠢ ᠶ᠋ᠢᠨ ᠠᠯᠪᠠᠨ ᠭᠡᠷ ᠦ᠋ᠨ ᠬᠠᠷᠢᠭᠤᠴᠠᠯᠭᠠᠲᠠᠨ ᠢᠯᠡᠳᠭᠡᠭᠰᠡᠨ ᠨᠢ᠂ ᠬᠠᠤᠯᠢ ᠴᠠᠭᠠᠵᠠ ᠳᠦᠷᠢᠮ ᠲᠣᠭᠲᠠᠭᠠᠯ ᠠ᠋ᠴᠠ ᠵᠥᠷᠢᠴᠡᠭᠰᠡᠨ ᠳᠠᠭᠤᠤ ᠪᠢᠴᠢᠯᠭᠡ ᠶ᠋ᠢᠨ ᠲᠠᠪᠴᠠᠩ ᠢ᠋ ᠲᠥᠪᠯᠡᠷᠡᠭᠦᠯᠦᠨ ᠵᠠᠰᠠᠬᠤ ᠠᠵᠢᠯ ᠥᠷᠨᠢᠭᠦᠯᠬᠦ ᠳ᠋ᠦ᠍ ᠴᠢᠭᠯᠡᠭᠦᠯᠦᠨ ᠂ᠠᠵᠢᠯ ᠲᠥᠷᠥᠯ ᠦ᠋ᠨ ᠡᠮᠬᠢ ᠵᠠᠮᠪᠠᠷᠠᠭ᠎ᠠ ᠦᠭᠡᠢ ᠪᠠᠢᠳᠠᠯ ᠢ᠋ ᠬᠣᠷᠢᠭᠯᠠᠵᠤ᠂ᠠᠵᠤ ᠠᠬᠤᠢᠯᠠᠯ ᠢ᠋ ᠰᠢᠮᠳᠠᠭᠤᠯᠵᠤ ᠪᠠᠢᠭᠠᠳ ᠭᠣᠣᠯ ᠴᠣᠭᠴᠠ ᠶ᠋ᠢᠨ ᠬᠠᠷᠢᠭᠤᠴᠠᠯᠭ᠎ᠠ ᠶ᠋ᠢ ᠨᠠᠢᠳᠠᠪᠤᠷᠢᠵᠢᠭᠤᠯᠤᠨ᠎ᠠ ᠂ ᠡᠭᠦᠨ ᠤ᠋ ᠡᠴᠦᠰ ᠦ᠋ᠨ ᠵᠣᠷᠢᠯᠭ᠎ᠠ ᠨᠢ ᠠᠵᠢᠯ ᠲᠥᠷᠥᠯ ᠦ᠋ᠨ ᠡᠷᠡᠭᠦᠯ ᠪᠥᠭᠡᠳ ᠡᠮᠬᠢ ᠵᠢᠷᠤᠮ ᠲᠠᠢ ᠪᠠᠷ ᠬᠥᠭᠵᠢᠬᠦ ᠶ᠋ᠢ ᠠᠬᠢᠭᠤᠯᠬᠤ ᠶ᠋ᠢᠨ ᠲᠥᠯᠥᠭᠡ ᠶᠦ᠍ᠮ ᠃ ᠤᠯᠤᠰ ᠤ᠋ᠨ ᠢᠨᠲ᠋ᠧᠷ ᠰᠦᠯᠵᠢᠶᠡᠨ ᠦ᠌ ᠮᠡᠳᠡᠭᠡ ᠵᠠᠩᠭᠢ ᠶ᠋ᠢᠨ ᠠᠯᠪᠠᠨ ᠭᠡᠷ ᠨᠢ ᠬᠣᠯᠪᠣᠭᠳᠠᠯ ᠪᠦᠬᠦᠢ ᠰᠠᠯᠠᠭ᠎ᠠ ᠮᠥᠴᠢᠷ ᠲᠡᠢ ᠬᠠᠮᠲᠤᠷᠠᠨ ᠂ ᠥᠩᠭᠡᠨ ᠲᠠᠯ᠎ᠠ ᠪᠠ ᠦᠨᠳᠦᠰᠦ ᠰᠤᠷᠪᠤᠯᠵᠢ ᠶ᠋ᠢ ᠨᠢ ᠵᠡᠷᠭᠡᠪᠡᠷ ᠵᠠᠰᠠᠬᠤ ᠂ ᠬᠠᠮᠢᠶᠠᠷᠬᠤ ᠪᠠ ᠪᠠᠢᠭᠤᠯᠬᠤ ᠶ᠋ᠢ ᠵᠡᠷᠭᠡᠪᠡᠷ ᠠᠳᠭᠤᠬᠤ ᠶ᠋ᠢ ᠪᠠᠷᠢᠮᠲᠠᠯᠠᠵᠤ ᠂ ᠲᠥᠪᠯᠡᠷᠡᠭᠦᠯᠦᠨ ᠴᠡᠭᠴᠡᠯᠡᠨ ᠵᠠᠰᠠᠬᠤ ᠶ᠋ᠢᠨ ᠬᠠᠮᠲᠤ ᠂ ᠳᠠᠭᠤᠨ ᠳᠠᠪᠲᠠᠮᠵᠢ ᠶ᠋ᠢᠨ ᠲᠠᠪᠴᠠᠩ ᠤ᠋ᠨ ᠠᠵᠤ ᠠᠬᠤᠢᠯᠠᠯ ᠢ᠋ ᠵᠢᠷᠤᠮᠵᠢᠭᠤᠯᠤᠨ ᠬᠥᠭᠵᠢᠭᠦᠯᠬᠦ ᠂ ᠰᠢᠨ᠎ᠡ ᠶ᠋ᠢ ᠡᠭᠦᠳᠦᠨ ᠬᠥᠭᠵᠢᠭᠦᠯᠬᠦ ᠶ᠋ᠢ ᠠᠬᠢᠭᠤᠯᠵᠤ ᠂ ᠭᠣᠣᠯ ᠤᠷᠤᠰᠭᠠᠯ ᠵᠠᠭᠤᠴᠢᠯᠠᠭᠤᠷ ᠤ᠋ᠨ ᠬᠢᠨ ᠦ᠌ ᠨᠡᠩ ᠣᠯᠠᠨ ᠰᠦᠯᠵᠢᠶᠡᠨ ᠦ᠌ ᠠᠷᠠᠳ ᠤ᠋ᠨ ᠦᠵᠡᠵᠦ ᠰᠣᠨᠢᠷᠬᠠᠬᠤ ᠳᠤᠷᠠᠲᠠᠢ ᠠᠭᠤᠯᠭ᠎ᠠ ᠶ᠋ᠢ ᠳᠠᠮᠵᠢᠨ ᠵᠣᠷᠢᠭᠵᠢᠭᠤᠯᠵᠤ ᠂ ᠥᠷᠭᠡᠨ ᠣᠯᠠᠨ ᠰᠦᠯᠵᠢᠶᠡᠨ ᠦ᠌ ᠠᠷᠠᠳ ᠢ᠋ ᠬᠥᠲᠥᠯᠦᠨ ᠵᠢᠯᠣᠭᠣᠳᠴᠤ ᠪᠠᠢᠭᠠᠳ ᠴᠢᠨᠠᠷ ᠰᠠᠢᠲᠠᠢ ᠳᠠᠭᠤᠤ ᠪᠢᠴᠢᠯᠭᠡ ᠵᠣᠬᠢᠶᠠᠨ ᠪᠦᠲᠦᠭᠡᠬᠦ ᠠᠵᠢᠯᠯᠠᠭ᠎ᠠ ᠳ᠋ᠤ᠌ ᠢᠳᠡᠪᠬᠢᠲᠡᠢ ᠣᠷᠤᠯᠴᠠᠭᠤᠯᠬᠤ ᠪᠡᠷ ᠴᠢᠷᠮᠠᠢᠨ᠎ᠠ᠃
ᠢᠷᠡᠯᠲᠡ ᠄ ᠳᠤᠮᠳᠠᠳᠤ ᠤᠯᠤᠰ ᠤ᠋ᠨ ᠰᠦᠯᠵᠢᠶᠡᠨ ᠵᠠᠩᠭᠢ ᠶ᠋ᠢᠨ ᠰᠦᠯᠵᠢᠶ᠎ᠡ
ᠦᠨᠡᠯᠡᠬᠦ 0ᠦᠨᠡᠯᠡᠯᠲᠡ ᠲᠠᠢ